2024 ᠣᠨ᠎ᠳᠤ᠂ ᠪᠥᠬᠥ ᠣᠷᠣᠨ᠎ᠤ ᠡᠨᠧᠷᠭᠢ ᠵᠢᠨ ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ ᠦᠷᠭᠦᠯᠵᠢᠯᠡᠨ ᠴᠢᠩᠭ᠋ᠠᠷᠠᠵᠤ᠂ ᠲᠦᠭᠦᠬᠡᠶ ᠨᠡᠭᠦᠷᠡᠰᠦᠨ᠎ᠤ ᠭᠠᠷᠤᠯᠲᠠ᠂ ᠴᠠᠬᠢᠯᠭ᠋ᠠᠨ ᠭᠠᠷᠭ᠋ᠠᠬᠤ ᠬᠡᠮᠵᠢᠶ᠎ᠡ ᠴᠥᠮ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠴᠦ᠂ ᠪᠥᠬᠥ ᠤᠯᠤᠰ᠎ᠤᠨ ᠲᠡᠷᠢᠭᠦᠨ᠎ᠳᠤ ᠣᠷᠣᠪᠠ᠃
ᠨᠢᠭᠡ᠂ ᠲᠦᠭᠦᠬᠡᠶ ᠨᠡᠭᠦᠷᠡᠰᠦᠨ᠎ᠤ ᠭᠠᠷᠤᠯᠲᠠ ᠳᠠᠬᠢᠨᠲᠠ ᠰᠢᠨ᠎ᠡ ᠲᠡᠮᠳᠡᠭᠯᠡᠯ᠎ᠢ ᠡᠭᠦᠳᠪᠡ᠃
2024 ᠣᠨ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠲᠦᠭᠦᠬᠡᠶ ᠨᠡᠭᠦᠷᠡᠰᠦᠨ᠎ᠤ ᠭᠠᠷᠤᠯᠲᠠ 12.97 ᠳ᠋ᠦᠩᠰᠢᠭᠤᠷ ᠲᠣᠨ᠎ᠳᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 5.4%᠎ᠪᠠᠷ ᠨᠡᠮᠡᠭᠳᠡᠵᠦ᠂ ᠪᠥᠬᠥ ᠤᠯᠤᠰ᠎ᠤᠨ ᠲᠦᠭᠦᠬᠡᠶ ᠨᠡᠭᠦᠷᠡᠰᠦᠨ᠎ᠤ ᠭᠠᠷᠤᠯᠲᠠ ᠵᠢᠨ 27.3% ᠵᠢ ᠡᠵᠡᠯᠡᠵᠦ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 1.1 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃ ᠡᠭᠦᠨ᠎ᠳᠤ᠂ 12 ᠳ᠋ᠤᠭ᠋ᠠᠷ ᠰᠠᠷ᠎ᠠ᠎ᠳᠤ ᠪᠥᠬᠥ ᠣᠷᠣᠨ᠎ᠤ ᠲᠦᠭᠦᠬᠡᠶ ᠨᠡᠭᠦᠷᠡᠰᠦᠨ᠎ᠤ ᠭᠠᠷᠤᠯᠲᠠ 1.21 ᠳ᠋ᠦᠩᠰᠢᠭᠤᠷ ᠲᠣᠨ᠎ᠳᠤ
ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 11.6%᠎ᠪᠠᠷ ᠨᠡᠮᠡᠭᠳᠡᠪᠡ᠃
ᠲᠦᠭᠦᠬᠡᠶ ᠨᠡᠭᠦᠷᠡᠰᠦᠨ᠎ᠤ ᠭᠤᠤᠯ ᠭᠠᠷᠤᠯᠲᠠ ᠵᠢᠨ ᠣᠷᠣᠨ᠎ᠤ ᠭᠠᠷᠤᠯᠲᠠ ᠴᠥᠮ ᠰᠢᠨ᠎ᠡ ᠲᠡᠮᠳᠡᠭᠯᠡᠯ᠎ᠢ
ᠡᠭᠦᠳᠪᠡ᠃ 2024 ᠣᠨ᠎ᠳᠤ᠂ ᠣᠷᠳᠣᠰ ᠬᠣᠲᠠ ᠵᠢᠨ ᠲᠦᠭᠦᠬᠡᠶ ᠨᠡᠭᠦᠷᠡᠰᠦᠨ᠎ᠤ ᠭᠠᠷᠤᠯᠲᠠ 8.94 ᠳ᠋ᠦᠩᠰᠢᠭᠤᠷ ᠲᠣᠨ᠎ᠳᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 6.7%᠎ᠪᠠᠷ ᠨᠡᠮᠡᠭᠳᠡᠪᠡ; ᠰᠢᠯᠢ ᠵᠢᠨ ᠭᠤᠤᠯ ᠠᠶ᠋ᠢᠮᠠᠭ᠎ᠤᠨ ᠲᠦᠭᠦᠬᠡᠶ ᠨᠡᠭᠦᠷᠡᠰᠦᠨ᠎ᠤ ᠭᠠᠷᠤᠯᠲᠠ 1.44 ᠳ᠋ᠦᠩᠰᠢᠭᠤᠷ ᠲᠣᠨ᠎ᠳᠤ ᠬᠦᠷᠴᠦ᠂ 4.8%᠎ᠪᠠᠷ ᠨᠡᠮᠡᠭᠳᠡᠵᠦ᠂ ᠬᠣᠶᠠᠷ ᠠᠶ᠋ᠢᠮᠠᠭ ᠬᠣᠲᠠ ᠵᠢᠨ ᠭᠠᠷᠤᠯᠲᠠ ᠴᠥᠮ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠴᠦ᠂ ᠪᠥᠬᠥ ᠣᠷᠣᠨ᠎ᠤ ᠲᠦᠭᠦᠬᠡᠶ ᠨᠡᠭᠦᠷᠡᠰᠦᠨ᠎ᠤ ᠭᠠᠷᠤᠯᠲᠠ ᠵᠢᠨ ᠨᠡᠮᠡᠭᠳᠡᠯ᠎ᠢ ᠨᠡᠶ᠋ᠢᠲᠡ 5.0 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ᠃
ᠬᠣᠶᠠᠷ᠂ ᠴᠠᠬᠢᠯᠭ᠋ᠠᠨ ᠭᠠᠷᠭ᠋ᠠᠬᠤ ᠬᠡᠮᠵᠢᠶ᠎ᠡ᠎ᠨᠢ ᠪᠦᠬᠦ ᠤᠯᠤᠰ᠎ᠲᠤ ᠲᠡᠷᠢᠭᠦᠯᠡᠬᠦ ᠵᠢ ᠪᠠᠲᠤᠯᠠᠪᠠ᠃
2024 ᠣᠨ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠴᠠᠬᠢᠯᠭ᠋ᠠᠨ ᠭᠠᠷᠭ᠋ᠠᠭᠰᠠᠨ ᠬᠡᠮᠵᠢᠶ᠎ᠡ 8179.7 ᠳ᠋ᠦᠩᠰᠢᠭᠤᠷ ᠺᠢᠯᠤᠸᠠᠲ ᠴᠠᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 9.1%᠎ᠪᠠᠷ ᠨᠡᠮᠡᠭᠳᠡᠪᠡ᠃ ᠡᠭᠦᠨ᠎ᠳᠤ᠂ 12 ᠰᠠᠷ᠎ᠠ᠎ᠳᠤ ᠴᠠᠬᠢᠯᠭ᠋ᠠᠨ ᠭᠠᠷᠭ᠋ᠠᠭᠰᠠᠨ ᠬᠡᠮᠵᠢᠶ᠎ᠡ 780.9 ᠳ᠋ᠦᠩᠰᠢᠭᠤᠷ ᠺᠢᠯᠤᠸᠠᠲ ᠴᠠᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 7.0% ᠨᠡᠮᠡᠭᠳᠡᠪᠡ᠃
ᠰᠢᠨ᠎ᠡ ᠡᠨᠧᠷᠭᠢ ᠵᠢᠨ ᠴᠠᠬᠢᠯᠭ᠋ᠠᠨ ᠭᠠᠷᠭ᠋ᠠᠬᠤ ᠬᠡᠮᠵᠢᠶ᠎ᠡ ᠨᠡᠮᠡᠭᠳᠡᠬᠦ ᠬᠠᠨᠳᠤᠰᠢ᠎ᠲᠠᠢ᠃ 2024 ᠣᠨ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠰᠢᠨ᠎ᠡ ᠡᠨᠧᠷᠭᠢ ᠵᠢᠨ ᠴᠠᠬᠢᠯᠭ᠋ᠠᠨ ᠭᠠᠷᠭ᠋ᠠᠯᠲᠠ ᠵᠢᠨ ᠬᠡᠮᠵᠢᠶ᠎ᠡ 1969.0 ᠳ᠋ᠦᠩᠰᠢᠭᠤᠷ ᠺᠢᠯᠤᠸᠠᠲ ᠴᠠᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 27.9%᠎ᠪᠠᠷ ᠨᠡᠮᠡᠭᠳᠡᠵᠦ᠂ ᠪᠥᠬᠥ ᠴᠠᠬᠢᠯᠭ᠋ᠠᠨ ᠭᠠᠷᠭ᠋ᠠᠯᠲᠠ ᠵᠢᠨ ᠨᠡᠮᠡᠭᠳᠡᠯ᠎ᠤᠨ ᠬᠤᠷᠳᠤᠴᠠ᠎ᠠᠴᠠ 18.8 ᠵᠠᠭᠤᠨ᠎ᠤ ᠬᠤᠪᠢ ᠵᠢᠨ ᠴᠡᠭ ᠥᠨᠳᠥᠷ ᠪᠣᠯᠵᠠᠶ᠃ ᠡᠭᠦᠨ᠎ᠳᠤ᠂ ᠰᠠᠯᠬᠢᠨ ᠬᠦᠴᠦᠨ ᠵᠶ᠋ᠠᠷ ᠴᠠᠬᠢᠯᠭ᠋ᠠᠨ ᠭᠠᠷᠭ᠋ᠠᠭᠰᠠᠨ ᠬᠡᠮᠵᠢᠶ᠎ᠡ 1643.0 ᠳ᠋ᠦᠩᠰᠢᠭᠤᠷ ᠺᠢᠯᠤᠸᠠᠲ ᠴᠠᠭ᠎ᠲᠤ ᠬᠦᠷᠴᠦ᠂ 26.0% ᠵᠶ᠋ᠠᠷ ᠨᠡᠮᠡᠭᠳᠡᠪᠡ; ᠨᠡᠷᠡᠨ ᠡᠨᠧᠷᠭᠢ ᠵᠢᠨ ᠴᠠᠬᠢᠯᠭ᠋ᠠᠨ ᠭᠠᠷᠭ᠋ᠠᠯᠲᠠ 310.4 ᠳ᠋ᠦᠩᠰᠢᠭᠤᠷ ᠺᠢᠯᠤᠸᠠᠲ ᠴᠠᠭ᠎ᠲᠤ ᠬᠦᠷᠴᠦ᠂ 43.2% ᠵᠶ᠋ᠠᠷ ᠨᠡᠮᠡᠭᠳᠡᠪᠡ᠃