ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠲᠤᠭ᠎ᠠ ᠪᠦᠷᠢᠳᠭᠡᠯ᠎ᠤᠨ ᠦᠢᠯᠡᠴᠢᠯᠡᠭᠡ  -   ᠲᠤᠭ᠎ᠠ ᠪᠠᠷᠢᠮᠳᠠ᠎ᠶᠢᠨ ᠲᠠᠶ᠋ᠢᠯᠤᠮᠵᠢ
ᠵᠠᠩ ᠸᠸᠨ ᠵᠢᠶᠦ᠋ᠨ᠄ 2024 ᠣᠨ᠎ᠤ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ ᠲᠣᠭᠲᠠᠭᠤᠨ᠎ᠤ ᠳᠤᠮᠳᠠ ᠠᠬᠢᠯᠲᠠ᠎ᠲᠠᠢ ᠪᠣᠯᠪᠠ
ᠨᠡᠶ᠋ᠢᠲᠡᠯᠡᠭᠰᠡᠨ ᠴᠠᠭ᠄ 2025-01-23

   2024 ᠣᠨ᠎ᠳᠤ᠂ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ ᠲᠣᠭᠲᠠᠭᠤᠨ᠎ᠤ ᠳᠤᠮᠳᠠ ᠠᠬᠢᠯᠲᠠ᠎ᠲᠠᠢ ᠪᠣᠯᠵᠣ᠂ ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠢ ᠨᠢᠭᠡᠳᠦᠯᠲᠡᠶ ᠬᠠᠷᠭᠤᠭᠤᠯᠤᠨ ᠪᠤᠳᠤᠭᠰᠠᠨ ᠦᠷ᠎ᠡ ᠳ᠋ᠦᠩ᠎ᠢ ᠦᠨᠳᠦᠰᠦᠯᠡᠨ᠂ ᠪᠥᠬᠥ ᠣᠷᠣᠨ᠎ᠤ ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ 26314.6 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ ᠥᠯᠥ ᠬᠤᠪᠢᠰᠬᠤ ᠦᠨ᠎ᠡ᠎ᠪᠠᠷ ᠪᠤᠳᠤᠪᠠᠯ᠂ ᠠᠳᠠᠯᠢ ᠬᠤᠭᠤᠴᠠᠭ᠋ᠠᠨ᠎ᠤ᠎ᠬᠢ᠎ᠠᠴᠠ 5.8%᠎ᠪᠠᠷ ᠨᠡᠮᠡᠭᠳᠡᠪᠡ᠃
    ᠨᠢᠭᠡ᠂ ᠨᠢᠭᠡᠳᠦᠭᠡᠷ ᠠᠵᠤ ᠦᠢ᠍ᠯᠡᠰ᠎ᠤᠨ ᠪᠠᠶ᠋ᠢᠳᠠᠯ ᠰᠠᠶ᠋ᠢᠨ ᠪᠠᠶ᠋ᠢᠨ᠎ᠠ᠃ 2024 ᠣᠨ᠎ᠳᠤ᠂ ᠪᠥᠬᠥ ᠣᠷᠣᠨ᠎ᠤ ᠨᠢᠭᠡᠳᠦᠭᠡᠷ ᠠᠵᠤ ᠦᠢ᠍ᠯᠡᠰ 2872.6 ᠳ᠋ᠦᠩᠰᠢᠭᠤᠷ ᠲᠥᠭᠥᠷᠢᠭ᠎ᠤᠨ ᠨᠡᠮᠡᠭᠳᠡᠯ ᠥᠷᠲᠡᠭ᠎ᠢ ᠪᠡᠶᠡᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 5.6%᠎ᠪᠠᠷ ᠨᠡᠮᠡᠭᠳᠡᠵᠦ᠂ ᠲᠦᠷᠦᠭᠦᠦ ᠭᠤᠷᠪᠠᠨ ᠤᠯᠠᠷᠢᠯ᠎ᠤᠨ᠎ᠬᠢ᠎ᠠᠴᠠ 0.3 ᠵᠠᠭᠤᠨ᠎ᠤ ᠬᠤᠪᠢ ᠵᠢᠨ ᠴᠡᠭ ᠲᠦᠷᠭᠡᠳᠴᠦ᠂ ᠪᠥᠬᠥ ᠤᠯᠤᠰ᠎ᠤᠨ ᠳᠤᠮᠳᠠᠴᠢ ᠨᠡᠮᠡᠭᠳᠡᠯ᠎ᠤᠨ ᠬᠤᠷᠳᠤᠴᠠ᠎ᠠᠴᠠ 2.1 ᠵᠠᠭᠤᠨ᠎ᠤ ᠬᠤᠪᠢ ᠵᠢᠨ ᠴᠡᠭ ᠥᠨᠳᠥᠷ ᠪᠣᠯᠵᠣ᠂ GDP᠎ᠳᠤ ᠡᠵᠡᠯᠡᠬᠦ ᠬᠤᠪᠢ ᠵᠢᠨ ᠵᠢᠩ᠎ᠨᠢ 10.9% ᠪᠠᠶ᠋ᠢᠵᠤ᠂ ᠠᠵᠤ ᠠᠬᠤᠶ ᠵᠢᠨ ᠨᠡᠮᠡᠭᠳᠡᠯ᠎ᠳᠤ ᠦᠵᠡᠭᠦᠯᠬᠦ ᠬᠤᠪᠢ ᠨᠡᠮᠡᠷᠢ ᠵᠢᠨ ᠨᠣᠷᠮ᠎ᠠ᠎ᠨᠢ 10.7% ᠪᠠᠶ᠋ᠢᠵᠤ᠂ ᠠᠵᠤ ᠠᠬᠤᠶ ᠵᠢᠨ ᠨᠡᠮᠡᠭᠳᠡᠯ᠎ᠢ 0.6 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ᠃
    ᠬᠣᠶᠠᠷ᠂ ᠬᠣᠶᠠᠳᠤᠭ᠋ᠠᠷ ᠠᠵᠤ ᠦᠢ᠍ᠯᠡᠰ᠎ᠤᠨ ᠬᠥᠭᠵᠢᠯᠲᠡ ᠲᠣᠭᠲᠠᠭᠤᠨ᠃ 2024 ᠣᠨ᠎ᠳᠤ᠂ ᠪᠥᠬᠥ ᠣᠷᠣᠨ᠎ᠤ ᠬᠣᠶᠠᠳᠤᠭ᠋ᠠᠷ ᠠᠵᠤ ᠦᠢ᠍ᠯᠡᠰ 11604.4 ᠳ᠋ᠦᠩᠰᠢᠭᠤᠷ ᠲᠥᠭᠥᠷᠢᠭ᠎ᠤᠨ ᠨᠡᠮᠡᠭᠳᠡᠯ ᠥᠷᠲᠡᠭ᠎ᠢ ᠪᠡᠶᠡᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 7.0%᠎ᠪᠠᠷ ᠨᠡᠮᠡᠭᠳᠡᠵᠦ᠂ ᠪᠥᠬᠥ ᠤᠯᠤᠰ᠎ᠤᠨ ᠳᠤᠮᠳᠠᠴᠢ ᠨᠡᠮᠡᠭᠳᠡᠯ᠎ᠤᠨ ᠬᠤᠷᠳᠤᠴᠠ᠎ᠠᠴᠠ 1.7 ᠵᠠᠭᠤᠨ᠎ᠤ ᠬᠤᠪᠢ ᠵᠢᠨ ᠴᠡᠭ ᠥᠨᠳᠥᠷ ᠪᠣᠯᠵᠣ᠂ GDP ᠵᠢᠨ 44.1% ᠵᠢ ᠡᠵᠡᠯᠡᠵᠦ᠂ ᠠᠵᠤ ᠠᠬᠤᠶ ᠵᠢᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 47.4% ᠪᠠᠶ᠋ᠢᠵᠤ᠂ ᠠᠵᠤ ᠠᠬᠤᠶ ᠵᠢᠨ ᠨᠡᠮᠡᠭᠳᠡᠯ᠎ᠢ 2.7 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ᠃ ᠠᠵᠤ ᠦᠢ᠍ᠯᠡᠳᠪᠦᠷᠢ ᠵᠢᠨ ᠠᠵᠤ ᠠᠬᠤᠶ ᠲᠣᠭᠲᠠᠭᠤᠨ ᠵᠶ᠋ᠠᠷ ᠨᠡᠮᠡᠭᠳᠡᠵᠦ᠂ ᠨᠡᠮᠡᠭᠳᠡᠯ ᠥᠷᠲᠡᠭ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 6.7% ᠨᠡᠮᠡᠭᠳᠡᠵᠦ᠂ ᠠᠵᠤ ᠠᠬᠤᠶ ᠵᠢᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 37.4% ᠪᠣᠯᠵᠠᠶ; ᠪᠠᠷᠢᠯᠭ᠎ᠠ ᠵᠢᠨ ᠦᠢ᠍ᠯᠡᠰ ᠨᠡᠯᠢᠶᠡᠳ ᠲᠦᠷᠭᠡᠨ ᠨᠡᠮᠡᠭᠳᠡᠯ ᠵᠶ᠋ᠠᠨ ᠪᠠᠲᠤᠯᠠᠵᠤ᠂ ᠨᠡᠮᠡᠭᠳᠡᠯ ᠥᠷᠲᠡᠭ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 8.3%᠎ᠪᠠᠷ ᠨᠡᠮᠡᠭᠳᠡᠵᠦ᠂ ᠠᠵᠤ ᠠᠬᠤᠶ ᠵᠢᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 10.4% ᠪᠣᠯᠵᠠᠶ᠃
    ᠭᠤᠷᠪᠠ᠂ ᠭᠤᠷᠪᠠᠳᠤᠭ᠋ᠠᠷ ᠠᠵᠤ ᠦᠢ᠍ᠯᠡᠰ ᠲᠣᠭᠲᠠᠭᠤᠨ ᠵᠶ᠋ᠠᠷ ᠨᠡᠮᠡᠭᠳᠡᠪᠡ᠃ 2024 ᠣᠨ᠎ᠳᠤ᠂ ᠪᠥᠬᠥ ᠣᠷᠣᠨ᠎ᠤ ᠭᠤᠷᠪᠠᠳᠤᠭ᠋ᠠᠷ ᠠᠵᠤ ᠦᠢ᠍ᠯᠡᠰ11837.6 ᠳ᠋ᠦᠩᠰᠢᠭᠤᠷ ᠲᠥᠭᠥᠷᠢᠭ᠎ᠤᠨ ᠨᠡᠮᠡᠭᠳᠡᠯ ᠥᠷᠲᠡᠭ᠎ᠢ ᠪᠡᠶᠡᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 4.9%᠎ᠪᠠᠷ ᠨᠡᠮᠡᠭᠳᠡᠨ᠂ ᠲᠦᠷᠦᠭᠦᠦ ᠭᠤᠷᠪᠠᠨ ᠤᠯᠠᠷᠢᠯ᠎ᠤᠨ᠎ᠬᠢ᠎ᠠᠴᠠ 0.5 ᠵᠠᠭᠤᠨ᠎ᠤ ᠬᠤᠪᠢ ᠵᠢᠨ ᠴᠡᠭ ᠲᠦᠷᠭᠡᠳᠴᠦ᠂ GDP᠎ᠳᠤ ᠡᠵᠡᠯᠡᠬᠦ ᠬᠤᠪᠢ ᠵᠢᠨ ᠵᠢᠩ᠎ᠨᠢ 45.0% ᠪᠣᠯᠵᠣ᠂ ᠠᠵᠤ ᠠᠬᠤᠶ ᠵᠢᠨ ᠨᠡᠮᠡᠭᠳᠡᠯ᠎ᠢ 2.4 ᠵᠠᠭᠤᠨ᠎ᠤ ᠬᠤᠪᠢ ᠵᠢᠨ ᠴᠡᠭ ᠳᠠᠶ᠋ᠢᠴᠢᠯᠠᠨ᠂ ᠠᠵᠤ ᠠᠬᠤᠶ ᠵᠢᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 41.9% ᠪᠣᠯᠵᠠᠶ᠃ ᠤᠯᠠᠮᠵᠢᠯᠠᠯᠲᠤ ᠦᠢ᠍ᠯᠡᠴᠢᠯᠡᠭᠡᠨ᠎ᠤ ᠦᠢ᠍ᠯᠡᠰ᠎ᠤᠨ ᠨᠡᠮᠡᠭᠳᠡᠯ ᠲᠦᠷᠭᠡᠳᠴᠦ᠂ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ᠂ ᠬᠣᠨᠣᠭ ᠪᠠᠭᠤᠳᠠᠯ ᠪᠠ ᠢᠳᠡᠭᠡᠨ ᠤᠮᠳᠠᠭ᠋ᠠᠨ᠎ᠤ ᠦᠢ᠍ᠯᠡᠰ ᠵᠢᠴᠢ ᠵᠠᠮ ᠬᠠᠷᠢᠯᠴᠠᠭ᠎ᠠ ᠲᠡᠭᠡᠭᠡᠪᠦᠷᠢ ᠵᠢᠨ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 7.1%᠂ 4.0% ᠪᠠ 5.5%᠎ᠪᠠᠷ ᠨᠡᠮᠡᠭᠳᠡᠵᠦ᠂ ᠲᠦᠷᠦᠭᠦᠦ ᠭᠤᠷᠪᠠᠨ ᠤᠯᠠᠷᠢᠯ᠎ᠤᠨ 1.5᠂ 0.8 ᠪᠠ 2.9 ᠵᠠᠭᠤᠨ᠎ᠤ ᠬᠤᠪᠢ ᠵᠢᠨ ᠴᠡᠭ ᠥᠨᠳᠥᠷ ᠪᠣᠯᠪᠠ᠃ ᠳᠡᠭᠡᠳᠦ ᠮᠡᠷᠭᠡᠵᠢᠯ᠎ᠤᠨ ᠠᠵᠢᠯ ᠲᠥᠷᠥᠯ ᠲᠦᠷᠭᠡᠨ ᠨᠡᠮᠡᠭᠳᠡᠵᠦ᠂ ᠮᠡᠳᠡᠭᠡ ᠵᠠᠩᠭᠢ ᠵᠢᠨ ᠳᠠᠮᠵᠢᠭᠤᠯᠭ᠎ᠠ᠂ ᠵᠥᠭᠡᠯᠡᠨ ᠲᠣᠨᠣᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 12.8% ᠨᠡᠮᠡᠭᠳᠡᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ  ᠦᠢ᠍ᠯᠡᠴᠢᠯᠡᠭᠡᠨ᠎ᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 27.8% ᠨᠡᠮᠡᠭᠳᠡᠪᠡ᠃
    ᠲᠠᠶ᠋ᠢᠯᠪᠤᠷᠢ᠄ ᠭᠤᠷᠪᠠᠨ ᠠᠵᠤ ᠦᠢ᠍ᠯᠡᠰ᠎ᠤᠨ ᠲᠥᠷᠥᠯ ᠠᠩᠭᠢᠯᠠᠯ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ 2018 ᠣᠨ᠎ᠳᠤ ᠵᠠᠰᠠᠪᠤᠷᠢ ᠣᠷᠣᠭᠤᠯᠤᠭᠰᠠᠨ 《ᠭᠤᠷᠪᠠᠨ ᠠᠵᠤ ᠦᠢ᠍ᠯᠡᠰ᠎ᠤᠨ ᠬᠤᠪᠢᠶᠠᠷᠢᠯᠠᠯ᠎ᠤᠨ ᠲᠣᠭᠲᠠᠭ᠋ᠠᠯ》᠎ᠢ ᠦᠨᠳᠦᠰᠦᠯᠡᠪᠡ᠃

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠤᠨ᠎ᠤ ᠲᠣᠭ᠎ᠠ ᠪᠦᠷᠢᠳᠭᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠰᠠᠷᠠᠩᠭᠤᠸ᠎ᠠ᠄ 2024 ᠣᠨ᠎ᠤ ᠥᠪᠥᠷ ᠮᠣᠩᠭᠣᠯ᠎ᠤᠨ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠲᠥᠷᠥ ᠵᠢᠨ ᠪᠣᠳᠣᠯᠭ᠎ᠠ ᠵᠢᠨ ᠦᠷ᠎ᠡ ᠪᠦᠲᠦᠮᠵᠢ ᠢᠯᠡᠳᠲᠡ ᠳᠡᠭᠡᠭᠰᠢᠯᠡᠪᠡ
ᠯᠢ ᡁᠢ ᠫᠧᠩ᠄ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠶ ᠲᠣᠭᠲᠠᠭᠤᠨ ᠵᠶ᠋ᠠᠷ ᠨᠡᠮᠡᠭᠳᠡᠪᠡ
ᠯᠢ ᠨᠠᠨ᠄ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ 13.6% ᠬᠦᠷᠴᠦ ᠪᠥᠬᠥ ᠤᠯᠤᠰ᠎ᠤᠨ ᠬᠣᠶᠠᠳᠤᠭ᠋ᠠᠷ᠎ᠲᠤ ᠣᠷᠣᠪᠠ
ᠳ᠋ᠢᠩ ᠾᠦᠢ᠄ 2024 ᠣᠨ᠎ᠤ ᠪᠥᠬᠥ ᠣᠷᠣᠨ᠎ᠤ ᠡᠨᠧᠷᠭᠢ ᠵᠢᠨ ᠬᠠᠩᠭ᠋ᠠᠯᠭ᠎ᠠ ᠵᠢᠨ ᠪᠠᠲᠤᠯᠠᠭ᠎ᠠ ᠲᠣᠭᠲᠠᠭᠤᠨ ᠪᠥᠭᠡᠳ ᠡᠷᠴᠢᠮᠲᠡᠢ
ᠪᠦᠬᠦ ᠣᠷᠣᠨ᠎ᠤ 《ᠳᠦᠷᠪᠡᠨ ᠬᠡᠪᠴᠢᠶᠡᠵᠢᠯ᠎ᠠᠴᠠ ᠳᠡᠭᠡᠭᠰᠢᠬᠢ》 ᠨᠢᠭᠡᠴᠡ ᠵᠢᠨ ᠲᠣᠭ᠎ᠠ 1.4 ᠲᠦᠮᠡ ᠵᠢ ᠳᠠᠪᠠᠪᠠ
 
            