ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠲᠤᠭ᠎ᠠ ᠪᠦᠷᠢᠳᠭᠡᠯ᠎ᠤᠨ ᠦᠢᠯᠡᠴᠢᠯᠡᠭᠡ  -   ᠲᠤᠭ᠎ᠠ ᠪᠠᠷᠢᠮᠳᠠ᠎ᠶᠢᠨ ᠲᠠᠶ᠋ᠢᠯᠤᠮᠵᠢ
ᠯᠢ ᠯᠢᠶᠠᠩ᠄ 1-2 ᠳ᠋ᠤᠭ᠋ᠠᠷ ᠰᠠᠷ᠎ᠠ᠎ᠳᠤ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠲᠦᠷᠭᠡᠨ ᠨᠡᠮᠡᠭᠳᠡᠪᠡ
ᠨᠡᠶ᠋ᠢᠲᠡᠯᠡᠭᠰᠡᠨ ᠴᠠᠭ᠄ 2025-03-20

    1-2 ᠳ᠋ᠤᠭ᠋ᠠᠷ ᠰᠠᠷ᠎ᠠ᠎ᠳᠤ᠂ ᠪᠥᠬᠥ ᠣᠷᠣᠨ 《ᠵᠢᠷᠭᠤᠭ᠋ᠠᠨ ᠶᠡᠬᠡ ᠢᠨᠵᠧᠨᠧᠷᠢᠩ》᠎ᠢ ᠦᠷᠭᠦᠯᠵᠢᠯᠡᠨ

ᠠᠬᠢᠭᠤᠯᠵᠤ᠂ ᠪᠦᠲᠦᠮᠵᠢᠲᠡᠶ ᠪᠠᠯᠠ ᠣᠷᠣᠭᠤᠯᠤᠯᠲᠠ ᠵᠢ ᠢᠳᠡᠪᠬᠢᠲᠡᠶ ᠥᠷᠭᠡᠳᠬᠡᠨ᠂ ᠶᠡᠬᠡ ᠬᠡᠪᠴᠢᠶᠡᠨ᠎ᠤ ᠲᠣᠨᠣᠭ ᠲᠥᠬᠥᠭᠡᠷᠦᠮᠵᠢ ᠵᠢᠨ ᠰᠢᠨᠡᠴᠢᠯᠡᠯᠲᠡ ᠵᠢ ᠦᠷᠭᠦᠯᠵᠢᠯᠡᠨ ᠠᠬᠢᠭᠤᠯᠵᠤ᠂ ᠡᠪᠦᠯ᠎ᠤᠨ ᠤᠯᠠᠷᠢᠯ᠎ᠤᠨ ᠪᠠᠷᠢᠯᠭ᠎ᠠ ᠵᠢᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ ᠡᠷᠴᠢᠮ᠎ᠢ ᠴᠢᠩᠭ᠋ᠠᠷᠠᠭᠤᠯᠤᠨ᠂ ᠪᠠᠯᠠ ᠣᠷᠣᠭᠤᠯᠤᠯᠲᠠ ᠵᠢᠨ ᠠᠮᠢᠵᠢᠷᠠᠯ᠎ᠤᠨ ᠬᠦᠴᠦᠨ᠎ᠢ ᠪᠦᠲᠦᠮᠵᠢᠲᠡᠶ ᠬᠥᠭᠵᠢᠭᠡᠪᠡ᠂ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 20.2% ᠨᠡᠮᠡᠭᠳᠡᠪᠡ᠂ ᠡᠭᠦᠨ᠎ᠳᠤ᠂ ᠬᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠨ ᠬᠥᠭᠵᠢᠭᠦᠯᠦᠯᠲᠡ ᠵᠢᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 2.4% ᠨᠡᠮᠡᠭᠳᠡᠪᠡ᠃
    ᠨᠢᠭᠡ᠂ ᠭᠤᠷᠪᠠᠨ ᠠᠵᠤ ᠦᠢ᠍ᠯᠡᠳᠪᠦᠷᠢ ᠵᠢᠨ ᠪᠡᠯᠡ ᠣᠷᠣᠭᠤᠯᠤᠯᠲᠠ ᠵᠡᠷᠭᠡᠪᠡᠷ ᠠᠬᠢᠪᠠ
    1-2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠨᠢᠭᠡᠳᠦᠭᠡᠷ ᠠᠵᠤ ᠦᠢ᠍ᠯᠡᠰ᠎ᠤᠨ ᠪᠠᠯᠠ ᠣᠷᠣᠭᠤᠯᠤᠯᠲᠠ 1.4 ᠳᠠᠬᠢᠨ ᠵᠶ᠋ᠠᠷ ᠨᠡᠮᠡᠭᠳᠡᠵᠦ᠂ ᠪᠥᠬᠥ ᠣᠷᠣᠨ᠎ᠤ ᠪᠠᠯᠠ ᠣᠷᠣᠭᠤᠯᠤᠯᠲᠠ᠎ᠳᠠᠬᠢ ᠡᠵᠡᠯᠡᠬᠦ ᠬᠤᠪᠢ ᠵᠢᠨ ᠵᠢᠩ 7.0%᠎ᠳᠤ ᠬᠦᠷᠴᠦ᠂ ᠪᠥᠬᠥ ᠣᠷᠣᠨ᠎ᠤ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ ᠵᠢ 4.9 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ; ᠬᠣᠶᠠᠳᠤᠭ᠋ᠠᠷ ᠠᠵᠤ ᠦᠢ᠍ᠯᠡᠰ᠎ᠤᠨ ᠪᠠᠯᠠ ᠣᠷᠣᠭᠤᠯᠤᠯᠲᠠ 13.0% ᠵᠶ᠋ᠠᠷ ᠨᠡᠮᠡᠭᠳᠡᠵᠦ᠂ ᠪᠥᠬᠥ ᠣᠷᠣᠨ᠎ᠤ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ ᠵᠢ 8.8 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ; ᠭᠤᠷᠪᠠᠳᠤᠭ᠋ᠠᠷ ᠠᠵᠤ ᠦᠢ᠍ᠯᠡᠰ᠎ᠤᠨ ᠪᠠᠯᠠ ᠣᠷᠣᠭᠤᠯᠤᠯᠲᠠ 22.4%᠎ᠪᠠᠷ ᠨᠡᠮᠡᠭᠳᠡᠵᠦ᠂ ᠪᠥᠬᠥ ᠣᠷᠣᠨ᠎ᠤ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ ᠵᠢ 6.5 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ᠃
    ᠬᠣᠶᠠᠷ᠂ ᠰᠢᠨ᠎ᠡ ᠡᠨᠧᠷᠭᠢ ᠵᠢᠨ ᠪᠡᠯᠡ ᠣᠷᠣᠭᠤᠯᠤᠯᠲᠠ ᠲᠦᠷᠭᠡᠨ ᠵᠶ᠋ᠠᠷ ᠨᠡᠮᠡᠭᠳᠡᠵᠦ᠂ ᠡᠨᠧᠷᠭᠢ ᠠᠷᠪᠢᠯᠠᠵᠤ ᠨᠡᠭᠦᠷᠡᠰᠦᠲᠥ᠋ᠷᠥᠭᠴᠢ ᠵᠢ ᠪᠠᠭ᠋ᠠᠰᠬᠠᠬᠤ ᠠᠵᠢᠯ᠎ᠢ ᠶᠡᠬᠡ᠎ᠪᠠᠷ ᠠᠬᠢᠭᠤᠯᠪᠠ
     ᠰᠢᠨ᠎ᠡ ᠡᠨᠧᠷᠭᠢ ᠵᠢᠨ ᠰᠢᠰᠲ᠋ᠧᠮ᠎ᠢ ᠦᠷᠭᠦᠯᠵᠢᠯᠡᠨ ᠲᠦᠷᠭᠡᠳᠬᠡᠨ ᠲᠥᠯᠥᠪᠵᠢᠭᠦᠯᠦᠨ ᠪᠠᠶ᠋ᠢᠭᠤᠯᠵᠤ᠂ ᠬᠡᠷᠡᠯ ᠴᠡᠨᠡᠭ᠂ ᠰᠠᠯᠬᠢᠨ ᠬᠦᠴᠦᠨ᠎ᠤ ᠴᠠᠬᠢᠯᠭ᠋ᠠᠨ᠎ᠤ ᠪᠠᠯᠠ ᠣᠷᠣᠭᠤᠯᠤᠯᠲᠠ ᠵᠢᠨ ᠬᠡᠪᠴᠢᠶ᠎ᠡ ᠵᠢ ᠲᠠᠰᠤᠷᠠᠯᠲᠠ ᠥᠬᠡᠶ ᠥᠷᠭᠡᠳᠬᠡᠪᠡ᠃ 1-2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠰᠢᠨ᠎ᠡ ᠡᠨᠧᠷᠭᠢ ᠵᠢᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 16.6%᠎ᠪᠠᠷ ᠨᠡᠮᠡᠭᠳᠡᠵᠦ᠂ ᠪᠥᠬᠥ ᠣᠷᠣᠨ᠎ᠤ ᠪᠠᠯᠠ ᠣᠷᠣᠭᠤᠯᠤᠯᠲᠠ ᠵᠢᠨ 26.4% ᠵᠢ ᠡᠵᠡᠯᠡᠵᠦ᠂ ᠪᠥᠬᠥ ᠣᠷᠣᠨ᠎ᠤ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ ᠵᠢ 4.5 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ᠃ ᠡᠭᠦᠨ᠎ᠳᠤ ᠰᠠᠯᠬᠢᠨ ᠡᠨᠧᠷᠭᠢ᠎ᠪᠠᠷ ᠴᠠᠬᠢᠯᠭ᠋ᠠᠨ ᠭᠠᠷᠭ᠋ᠠᠬᠤ ᠪᠠᠯᠠ ᠣᠷᠣᠭᠤᠯᠤᠯᠲᠠ 7.5% ᠨᠡᠮᠡᠭᠳᠡᠵᠦ᠂ ᠬᠡᠷᠡᠯ ᠴᠡᠨᠡᠭ ᠵᠶ᠋ᠠᠷ ᠴᠠᠬᠢᠯᠭ᠋ᠠᠨ ᠭᠠᠷᠭ᠋ᠠᠬᠤ ᠪᠠᠯᠠ ᠣᠷᠣᠭᠤᠯᠤᠯᠲᠠ 1.2 ᠳᠠᠬᠢᠨ ᠨᠡᠮᠡᠭᠳᠡᠪᠡ᠃
    ᠭᠤᠷᠪᠠ᠂ ᠲᠥᠬᠥᠭᠡᠷᠦᠮᠵᠢ ᠬᠤᠳᠠᠯᠳᠤᠨ ᠠᠪᠬᠤ ᠪᠠᠯᠠ ᠣᠷᠣᠭᠤᠯᠤᠯᠲᠠ ᠵᠢᠨ ᠳᠠᠶ᠋ᠢᠴᠢᠯᠠᠬᠤ ᠦᠢ᠍ᠯᠡᠳᠦᠯ ᠴᠢᠩᠭ᠋ᠠᠷᠠᠵᠤ᠂ ᠲᠣᠮᠣ ᠲᠥᠷᠥᠯ ᠵᠦᠢ᠍ᠯ᠎ᠤᠨ ᠲᠤᠯᠭ᠋ᠠᠭᠤᠷᠢᠯᠠᠬᠤ ᠦᠢ᠍ᠯᠡᠳᠦᠯ ᠢᠯᠡᠷᠬᠡᠶ ᠪᠣᠯᠪᠠ
    ᠶᠡᠬᠡ ᠬᠡᠪᠴᠢᠶᠡᠨ᠎ᠤ ᠲᠥᠬᠥᠭᠡᠷᠦᠮᠵᠢ ᠵᠢ ᠰᠢᠨᠡᠳᠬᠡᠬᠦ ᠲᠥᠷᠥ ᠵᠢᠨ ᠪᠣᠳᠣᠯᠭ᠎ᠠ ᠵᠢᠨ ᠦᠢ᠍ᠯᠡᠳᠦᠯ ᠠᠯᠬᠤᠮ ᠠᠯᠬᠤᠮ ᠵᠶ᠋ᠠᠷ ᠢᠯᠡᠷᠡᠵᠦ᠂ ᠲᠥᠬᠥᠭᠡᠷᠦᠮᠵᠢ ᠪᠠᠭ᠋ᠠᠵᠢ ᠬᠡᠷᠡᠭᠰᠡᠯ ᠬᠤᠳᠠᠯᠳᠤᠨ ᠠᠪᠬᠤ ᠪᠠᠯᠠ ᠣᠷᠣᠭᠤᠯᠤᠯᠲᠠ ᠰᠥᠭᠡᠷᠭᠦ ᠪᠠᠶ᠋ᠢᠭᠰᠠᠨ᠎ᠠᠴᠠ᠎ᠪᠠᠨ ᠡᠶᠡᠷᠭᠦ ᠪᠣᠯᠵᠣ ᠬᠤᠪᠢᠷᠠᠪᠠ᠃ 1-2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠲᠣᠨᠣᠭ ᠲᠥᠬᠥᠭᠡᠷᠦᠮᠵᠢ ᠪᠠᠭ᠋ᠠᠵᠢ ᠬᠡᠷᠡᠭᠰᠡᠯ ᠬᠤᠳᠠᠯᠳᠤᠨ ᠠᠪᠬᠤ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 2.0%᠎ᠪᠠᠷ ᠨᠡᠮᠡᠭᠳᠡᠵᠦ᠂ ᠳᠡᠭᠡᠷ᠎ᠡ ᠵᠢᠯ᠎ᠤᠨ ᠪᠥᠬᠥ ᠵᠢᠯ᠎ᠤᠨ᠎ᠬᠢ᠎ᠠᠴᠠ 5.9 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃ ᠲᠣᠮᠣ ᠲᠥᠷᠥᠯ ᠵᠦᠢ᠍ᠯ᠎ᠤᠨ ᠲᠤᠯᠭ᠋ᠠᠭᠤᠷᠢᠯᠠᠯ ᠬᠦᠴᠦᠲᠡᠶ ᠪᠠᠶ᠋ᠢᠵᠤ᠂ ᠪᠥᠬᠥ ᠣᠷᠣᠨ᠎ᠤ ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠪᠠᠷᠢᠯᠭ᠎ᠠ ᠵᠢᠨ ᠲᠥᠷᠥᠯ ᠵᠦᠢ᠍ᠯ 844 ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 148 ᠨᠡᠮᠡᠭᠳᠡᠵᠦ᠂ ᠪᠠᠯᠠ ᠣᠷᠣᠭᠤᠯᠤᠯᠲᠠ ᠵᠢ ᠠᠳᠠᠯᠢ ᠬᠤᠭᠤᠴᠠᠭ᠋ᠠᠨ᠎ᠤ᠎ᠬᠢ᠎ᠠᠴᠠ 18.9%᠎ᠪᠠᠷ ᠪᠡᠶᠡᠯᠡᠭᠦᠯᠵᠦ᠂ ᠪᠥᠬᠥ ᠪᠠᠯᠠ ᠣᠷᠣᠭᠤᠯᠤᠯᠲᠠ᠎ᠳᠤ ᠡᠵᠡᠯᠡᠬᠦ ᠬᠤᠪᠢ ᠵᠢᠨ ᠵᠢᠩ᠎ᠨᠢ 80.6% ᠪᠣᠯᠵᠣ᠂ ᠪᠥᠬᠥ ᠣᠷᠣᠨ᠎ᠤ ᠪᠠᠯᠠ ᠣᠷᠣᠭᠤᠯᠤᠯᠲᠠ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 76.1% ᠪᠣᠯᠵᠠᠶ᠃
    ᠳᠥᠷᠪᠡ᠂ ᠰᠠᠭᠤᠷᠢ ᠪᠡᠯᠡᠳᠬᠡᠮᠵᠢ ᠵᠢᠨ ᠪᠠᠯᠠ ᠣᠷᠣᠭᠤᠯᠤᠯᠲᠠ ᠥᠨᠳᠥᠷ ᠪᠠᠶ᠋ᠢᠷᠢᠨ᠎ᠳᠤ ᠤᠷᠤᠰᠢᠪᠠ
    1-2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠰᠠᠭᠤᠷᠢ ᠪᠡᠯᠡᠳᠬᠡᠮᠵᠢ ᠵᠢᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 33.5%᠎ᠪᠠᠷ ᠨᠡᠮᠡᠭᠳᠡᠵᠦ᠂ ᠪᠥᠬᠥ ᠪᠠᠯᠠ ᠣᠷᠣᠭᠤᠯᠤᠯᠲᠠ᠎ᠳᠠᠬᠢ ᠡᠵᠡᠯᠡᠬᠦ ᠬᠤᠪᠢ ᠵᠢᠨ ᠵᠢᠩ᠎ᠨᠢ 37.8% ᠪᠣᠯᠵᠣ᠂ ᠪᠥᠬᠥ ᠣᠷᠣᠨ᠎ᠤ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ ᠵᠢ 11.4 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ᠃ ᠡᠭᠦᠨ᠎ᠳᠤ᠂ ᠴᠠᠬᠢᠯᠭ᠋ᠠᠨ ᠬᠦᠴᠦᠨ᠂ ᠢᠯᠴᠢ ᠵᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠎ᠤᠨ ᠪᠠᠯᠠ ᠣᠷᠣᠭᠤᠯᠤᠯᠲᠠ ᠵᠢᠨ ᠬᠤᠪᠢ ᠨᠡᠮᠡᠷᠢ ᠬᠠᠮᠤᠭ᠎ᠤᠨ ᠶᠡᠬᠡ ᠪᠠᠶ᠋ᠢᠵᠤ᠂ 49.2% ᠵᠶ᠋ᠠᠷ ᠨᠡᠮᠡᠭᠳᠡᠨ᠂ ᠠᠮᠢ ᠠᠬᠤᠶ ᠵᠢᠨ ᠬᠠᠮᠠᠭ᠋ᠠᠯᠠᠯᠲᠠ ᠪᠠ ᠣᠷᠴᠢᠨ ᠲᠣᠭᠣᠷᠢᠨ᠎ᠤ ᠵᠠᠰᠠᠯᠲᠠ ᠵᠢᠨ ᠦᠢ᠍ᠯᠡᠰ᠎ᠤᠨ ᠪᠠᠯᠠ ᠣᠷᠣᠭᠤᠯᠤᠯᠲᠠ 44.1%᠎ᠪᠠᠷ ᠨᠡᠮᠡᠭᠳᠡᠭᠰᠡᠨ ᠪᠣᠯᠪᠠᠴᠤ ᠵᠠᠮ ᠬᠠᠷᠢᠯᠴᠠᠭ᠎ᠠ ᠲᠡᠭᠡᠭᠡᠪᠦᠷᠢ ᠵᠢᠨ ᠦᠢ᠍ᠯᠡᠰ ᠪᠠ ᠤᠰᠤᠨ ᠠᠰᠢᠭᠯᠠᠯᠲᠠ ᠵᠢᠨ ᠬᠠᠮᠢᠶᠠᠷᠤᠯᠲᠠ ᠵᠢᠨ ᠦᠢ᠍ᠯᠡᠰ᠎ᠤᠨ ᠪᠠᠯᠠ ᠣᠷᠣᠭᠤᠯᠤᠯᠲᠠ ᠰᠥᠭᠡᠷᠭᠦ᠎ᠪᠠᠷ ᠨᠡᠮᠡᠭᠳᠡᠵᠦ᠂ ᠲᠣᠰ ᠲᠣᠰ 46.5% ᠪᠠ 48.0% ᠵᠶ᠋ᠠᠷ ᠪᠠᠭᠤᠷᠠᠪᠠ᠃
    ᠲᠠᠪᠤ᠂ ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠪᠠᠯᠠ ᠣᠷᠣᠭᠤᠯᠤᠯᠲᠠ ᠲᠣᠭᠲᠠᠭᠤᠨ ᠵᠶ᠋ᠠᠷ ᠨᠡᠮᠡᠭᠳᠡᠵᠦ᠂ ᠰᠢᠨ᠎ᠡ ᠬᠥᠳᠡᠯᠭᠡᠭᠴᠢ ᠡᠨᠧᠷᠭᠢ ᠵᠢ ᠲᠦᠷᠭᠡᠪᠴᠢᠯᠡᠨ ᠪᠣᠶ᠋ᠢᠵᠢᠭᠤᠯᠪᠠ 
     ᠰᠢᠨ᠎ᠡ ᠵᠢ ᠡᠭᠦᠳᠬᠦ᠎ᠪᠠᠷ ᠬᠥᠭᠵᠢᠯᠲᠡ ᠵᠢᠨ ᠬᠥᠳᠡᠯᠭᠡᠭᠦᠷ ᠪᠣᠯᠭ᠋ᠠᠬᠤ ᠦᠷ᠎ᠡ ᠪᠦᠲᠦᠮᠵᠢ ᠢᠯᠡᠷᠬᠡᠢ ᠪᠤᠯᠵᠤ᠂ ᠰᠢᠨ᠎ᠡ ᠬᠥᠳᠡᠯᠭᠡᠭᠴᠢ ᠡᠨᠧᠷᠭᠢ ᠵᠢ ᠲᠦᠷᠭᠡᠯᠡᠨ ᠪᠤᠢ ᠪᠣᠯᠭ᠋ᠠᠵᠤ᠂ ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠪᠡᠯᠡ ᠣᠷᠣᠭᠤᠯᠤᠯᠲᠠ ᠰᠠᠢ᠍ᠢ᠍ᠨ ᠰᠠᠶ᠋ᠢᠬᠠᠨ ᠨᠡᠮᠡᠭᠳᠡᠯ᠎ᠤᠨ ᠬᠠᠨᠳᠤᠰᠢ᠎ᠪᠠᠨ ᠪᠠᠲᠤᠯᠠᠪᠠ᠃ 1-2 ᠰᠠᠷ᠎ᠠ᠎ᠳᠤ᠂ ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 81.1%᠎ᠪᠠᠷ ᠨᠡᠮᠡᠭᠳᠡᠪᠡ᠃ ᠡᠭᠦᠨ᠎ᠳᠤ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ ᠲᠦᠷᠦᠭᠦᠦ ᠵᠢᠯ᠎ᠤᠨ᠎ᠬᠢ᠎ᠠᠴᠠ 46.8%᠎ᠪᠠᠷ ᠨᠡᠮᠡᠭᠳᠡᠵᠦ᠂ ᠪᠥᠬᠥ ᠪᠠᠯᠠ ᠣᠷᠣᠭᠤᠯᠤᠯᠲᠠ᠎ᠳᠤ ᠡᠵᠡᠯᠡᠬᠦ ᠬᠤᠪᠢ ᠵᠢᠨ ᠵᠢᠩ᠎ᠨᠢ ᠲᠦᠷᠦᠭᠦᠦ ᠵᠢᠯ᠎ᠤᠨ ᠠᠳᠠᠯᠢ ᠬᠤᠭᠤᠴᠠᠭ᠋ᠠᠨ᠎ᠤ 7.4% ᠪᠠᠶ᠋ᠢᠭᠰᠠᠨ᠎ᠠᠴᠠ᠎ᠪᠠᠨ 9.1% ᠪᠣᠯᠵᠣ ᠳᠡᠭᠡᠭᠰᠢᠯᠡᠪᠡ; ᠳᠡᠭᠡᠳᠦ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠪᠡᠯᠡ ᠣᠷᠣᠭᠤᠯᠤᠯᠲᠠ ᠳᠡᠭᠡᠷ᠎ᠡ ᠵᠢᠯ᠎ᠤᠨ᠎ᠬᠢ᠎ᠠᠴᠠ 1.5 ᠲᠠᠬᠢᠨ ᠨᠡᠮᠡᠭᠳᠡᠵᠦ᠂ ᠬᠤᠪᠢ ᠵᠢᠨ ᠵᠢᠩ᠎ᠨᠢ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 4.0 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠯᠢ ᡁᠢ ᠫᠸᠩ᠄ 1 - 2 ᠳ᠋ᠤᠭ᠋ᠠᠷ ᠰᠠᠷ᠎ᠠ᠎ᠳᠤ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠶᠡᠷᠦᠩᠬᠡᠶ᠎ᠳᠡᠭᠡᠨ ᠲᠣᠭᠲᠠᠭᠤᠨ ᠪᠣᠯᠪᠠ
ᠳ᠋ᠢᠩ ᠡᠾᠦ᠋ᠢ᠄ 1-2 ᠰᠠᠷ᠎ᠠ᠎ᠳᠤ ᠡᠨᠧᠷᠭᠢ ᠵᠢᠨ ᠬᠠᠩᠭ᠋ᠠᠯᠭ᠎ᠠ ᠵᠢᠨ ᠪᠠᠶ᠋ᠢᠳᠠᠯ ᠲᠣᠭᠲᠠᠭᠤᠨ ᠪᠣᠯᠪᠠ
ᠪᠥᠬᠦ ᠣᠷᠣᠨ᠎ᠤ 《ᠳᠦᠷᠪᠡᠨ ᠬᠡᠪᠴᠢᠶᠡᠵᠢᠯ᠎ᠠᠴᠠ ᠳᠡᠭᠡᠭᠰᠢᠬᠢ》 ᠨᠢᠭᠡᠴᠡ ᠵᠢᠨ ᠲᠤᠭ᠎ᠠ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 9.8%᠎ᠪᠠᠷ ᠨᠡᠮᠡᠭᠳᠡᠪᠡ
ᠪᠦᠬᠦ ᠣᠷᠣᠨ᠎ᠤ ᠵᠢᠵᠢᠭᠯᠡᠨ ᠬᠤᠳᠠᠯᠳᠤᠬᠤ ᠦᠢ᠍ᠯᠡᠰ᠎ᠤᠨ ᠣᠯᠠᠨ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠤᠨ ᠬᠥᠭᠵᠢᠯᠲᠡ ᠵᠢᠨ ᠪᠠᠶ᠋ᠢᠷᠢᠰᠢᠯ ᠤᠯᠠᠮ ᠰᠢᠯᠢᠳᠡᠭᠵᠢᠪᠡ
ᠰᠠᠷᠠᠩᠭᠤᠸ᠎ᠠ᠄ 1 - 2 ᠰᠠᠷ᠎ᠠ᠎ᠳᠤ ᠥᠪᠥᠷ ᠮᠣᠩᠭᠣᠯ᠎ᠤᠨ ᠬᠡᠷᠡᠭᠯᠡᠭᠡᠨ᠎ᠤ ᠵᠠᠬ᠎ᠠ ᠳᠡᠯᠭᠡᠭᠦᠷ ᠰᠠᠶ᠋ᠢᠨ ᠡᠬᠢᠯᠡᠯᠲᠡ᠎ᠲᠠᠢ
 
            