ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠲᠤᠭ᠎ᠠ ᠪᠦᠷᠢᠳᠭᠡᠯ᠎ᠤᠨ ᠦᠢᠯᠡᠴᠢᠯᠡᠭᠡ  -   ᠲᠤᠭ᠎ᠠ ᠪᠠᠷᠢᠮᠳᠠ᠎ᠶᠢᠨ ᠲᠠᠶ᠋ᠢᠯᠤᠮᠵᠢ
ᠯᠢ ᡁᠢ ᠫᠸᠩ᠄ 1 - 2 ᠳ᠋ᠤᠭ᠋ᠠᠷ ᠰᠠᠷ᠎ᠠ᠎ᠳᠤ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠶᠡᠷᠦᠩᠬᠡᠶ᠎ᠳᠡᠭᠡᠨ ᠲᠣᠭᠲᠠᠭᠤᠨ ᠪᠣᠯᠪᠠ
ᠨᠡᠶ᠋ᠢᠲᠡᠯᠡᠭᠰᠡᠨ ᠴᠠᠭ᠄ 2025-03-20

    1-2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠡᠯ᠎ᠡ ᠰᠠᠯᠠᠭ᠎ᠠ ᠮᠥᠴᠢᠷ᠎ᠤᠳ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠣᠷᠸ᠎ᠠ ᠲᠥᠷᠥ ᠵᠢᠨ ᠪᠣᠳᠣᠯᠭ᠎ᠠ ᠵᠢ ᠪᠣᠳᠠᠲᠠᠶ ᠪᠥᠭᠡᠳ ᠨᠠᠷᠢᠯᠢᠭ ᠨᠠᠶ᠋ᠢᠳᠠᠪᠤᠷᠢᠵᠢᠭᠤᠯᠬᠤ ᠵᠢ ᠲᠦᠷᠭᠡᠳᠬᠡᠨ ᠠᠬᠢᠭᠤᠯᠵᠤ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠲᠠᠰᠤᠷᠠᠯᠲᠠ ᠥᠬᠡᠶ ᠬᠥᠭᠵᠢᠭᠡᠨ᠂ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ᠎ᠢ ᠶᠡᠬᠡᠪᠡᠷ ᠪᠣᠶ᠋ᠢᠵᠢᠭᠤᠯᠵᠤ᠂ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠲᠣᠭᠲᠠᠭᠤᠨ ᠵᠶ᠋ᠠᠷ ᠨᠡᠮᠡᠭᠳᠡᠬᠦ ᠪᠠᠶ᠋ᠢᠳᠠᠯ᠎ᠲᠠᠢ ᠪᠣᠯᠪᠠ᠃
    ᠨᠢᠭᠡ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠶᠡᠷᠦᠩᠬᠡᠢ᠎ᠳᠡᠭᠡᠨ ᠲᠣᠭᠲᠠᠭᠤᠨ ᠪᠠᠶ᠋ᠢᠨ᠎ᠠ
    1-2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 5.8% ᠨᠡᠮᠡᠭᠳᠡᠪᠡ᠃ ᠭᠤᠷᠪᠠᠨ ᠶᠡᠬᠡ ᠲᠥᠷᠥᠯ᠎ᠠᠴᠠ ᠦᠵᠡᠪᠡᠯ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠭᠤᠷᠬᠠᠶ ᠮᠠᠯᠲᠠᠬᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 2.5% ᠨᠡᠮᠡᠭᠳᠡᠵᠦ᠂  ᠦᠢ᠍ᠯᠡᠳᠬᠦ ᠦᠢ᠍ᠯᠡᠰ 10.3% ᠨᠡᠮᠡᠭᠳᠡᠪᠡ᠂ ᠴᠠᠬᠢᠯᠭ᠋ᠠᠨ ᠬᠦᠴᠦᠨ᠂ ᠢᠯᠴᠢ ᠵᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ 7.1% ᠨᠡᠮᠡᠭᠳᠡᠵᠦ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠲᠣᠰ ᠲᠣᠰ 1.3᠂ 3.2 ᠪᠠ 1.3 ᠵᠠᠭᠤᠨ᠎ᠤ ᠬᠤᠪᠢ ᠵᠢᠨ ᠴᠡᠭ ᠨᠡᠮᠡᠭᠳᠡᠪᠡ᠃
     ᠬᠣᠶᠠᠷ᠂ ᠵᠢᠷᠭᠤᠭ᠋ᠠᠨ ᠬᠤᠪᠢ ᠵᠢᠨ ᠠᠵᠢᠯ ᠲᠦᠷᠦᠯ ᠪᠠ ᠦᠢ᠍ᠯᠡᠳᠬᠦᠨ ᠨᠡᠮᠡᠭᠳᠡᠯ᠎ᠢ ᠪᠡᠶᠡᠯᠡᠬᠦᠯᠪᠡ

    1-2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ 38 ᠲᠣᠮᠣ ᠲᠥᠷᠥᠯ᠎ᠤᠨ ᠠᠵᠢᠯ ᠲᠥᠷᠥᠯ᠎ᠤᠨ ᠳᠣᠲᠣᠷ᠎ᠠ᠂ 26 ᠠᠵᠢᠯ ᠲᠥᠷᠥᠯ᠎ᠤᠨ ᠨᠡᠮᠡᠭᠳᠡᠯ ᠥᠷᠲᠡᠭ ᠨᠡᠮᠡᠭᠳᠡᠵᠦ᠂ 68.4%᠎ᠪᠠᠷ ᠨᠡᠮᠡᠭᠳᠡᠪᠡ᠃ ᠡᠭᠦᠨ᠎ᠳᠤ ᠬᠢᠮᠢ᠂ ᠺᠣᠮᠫᠢᠦ᠋ᠲ᠋ᠧᠷ ᠵᠡᠷᠭᠡ 16 ᠠᠵᠢᠯ ᠲᠥᠷᠥᠯ ᠬᠣᠶᠠᠷ ᠣᠷᠣᠨᠲᠤ ᠲᠣᠭ᠎ᠠ᠎ᠪᠠᠷ ᠨᠡᠮᠡᠭᠳᠡᠪᠡ᠃ ᠪᠦᠷᠢᠳᠬᠡᠭᠰᠡᠨ 234 ᠵᠦᠢ᠍ᠯ᠎ᠤᠨ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠳᠣᠲᠣᠷ᠎ᠠ᠂ 139 ᠵᠦᠢ᠍ᠯ᠎ᠤᠨ ᠦᠢ᠍ᠯᠡᠳᠬᠦᠨ᠎ᠤ ᠭᠠᠷᠤᠯᠲᠠ᠎ᠨᠢ ᠨᠡᠮᠡᠭᠳᠡᠵᠦ᠂ ᠨᠡᠮᠡᠭᠳᠡᠯ᠎ᠤᠨ ᠬᠡᠪᠴᠢᠶ᠎ᠡ᠎ᠨᠢ 59.4% ᠪᠠᠶ᠋ᠢᠪᠠ᠃
    ᠭᠤᠷᠪᠠ᠂ ᠦᠢ᠍ᠯᠡᠳᠬᠦ ᠦᠢ᠍ᠯᠡᠰ᠎ᠤᠨ ᠬᠤᠪᠢ ᠨᠡᠮᠡᠷᠢ ᠢᠯᠡᠳᠲᠡ
    1-2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 10.3%᠎ᠪᠠᠷ ᠨᠡᠮᠡᠭᠳᠡᠵᠦ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠲᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 55.5% ᠪᠠᠶ᠋ᠢᠵᠤ᠂ ᠠᠵᠤ ᠦᠢ᠍ᠯᠡᠳᠪᠦᠷᠢ ᠵᠢᠨ ᠨᠡᠮᠡᠭᠳᠡᠯ᠎ᠢ ᠲᠤᠯᠭ᠋ᠠᠭᠤᠷᠢᠯᠠᠬᠤ ᠴᠢᠬᠤᠯᠠ ᠬᠦᠴᠦᠨ ᠪᠣᠯᠵᠠᠶ᠃ ᠡᠭᠦᠨ᠎ᠳᠤ᠂ ᠲᠠᠷᠢᠶᠠᠯᠠᠩ ᠲᠤᠰᠠᠯᠠᠬᠤ ᠠᠵᠤ ᠠᠬᠤᠶ ᠵᠢᠨ ᠢᠳᠡᠭᠡᠨ ᠡᠳ᠋ᠰᠢᠭᠦᠯᠬᠦ  ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 24.0%᠎ᠪᠠᠷ ᠨᠡᠮᠡᠭᠳᠡᠵᠦ᠂ ᠬᠢᠮᠢ ᠵᠢᠨ ᠲᠦᠭᠦᠬᠡᠶ ᠮᠠᠲ᠋ᠧᠷᠢᠶᠠᠯ ᠪᠠ ᠬᠢᠮᠢ ᠵᠢᠨ ᠦᠢ᠍ᠯᠡᠳᠬᠦᠨ ᠦᠢ᠍ᠯᠡᠳᠬᠦ ᠦᠢ᠍ᠯᠡᠰ 10.9%᠎ᠪᠠᠷ ᠨᠡᠮᠡᠭᠳᠡᠵᠦ᠂ ᠡᠮ ᠡᠮᠨᠡᠯᠭᠡ ᠵᠢᠨ ᠦᠢ᠍ᠯᠡᠳᠬᠦ ᠦᠢ᠍ᠯᠡᠰ 18.4%᠎ᠪᠠᠷ ᠨᠡᠮᠡᠭᠳᠡᠵᠦ᠂ ᠥᠩᠭᠡᠲᠦ ᠲᠡᠮᠦᠷᠯᠢᠭ ᠬᠠᠶ᠋ᠢᠯᠤᠭᠤᠯᠬᠤ ᠪᠠ ᠳᠠᠷᠤᠵᠤ ᠰᠤᠩᠭ᠋ᠠᠬᠤ ᠡᠳ᠋ᠰᠢᠭᠦᠯᠬᠦ ᠦᠢ᠍ᠯᠡᠰ 16.1%᠎ᠪᠠᠷ ᠨᠡᠮᠡᠭᠳᠡᠵᠦ᠂ ᠴᠥᠮ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠳᠬᠦ ᠦᠢ᠍ᠯᠡᠰ᠎ᠤᠨ ᠳᠤᠮᠳᠠᠴᠢ ᠬᠢᠷᠢ ᠬᠡᠮᠵᠢᠶ᠎ᠡ᠎ᠠᠴᠠ ᠥᠨᠳᠥᠷ ᠪᠣᠯᠪᠠ᠃
    ᠳᠥᠷᠪᠡ᠂ ᠴᠢᠨᠠᠷ ᠰᠠᠶ᠋ᠢᠲᠠᠶ ᠬᠥᠭᠵᠢᠯᠲᠡ ᠵᠢ ᠭᠦᠨᠵᠡᠭᠡᠶ ᠠᠬᠢᠭᠤᠯᠪᠠ
   ᠨᠢᠭᠡ᠎ᠳᠤ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ ᠥᠨᠳᠥᠷ ᠨᠡᠮᠡᠭᠳᠡᠯ᠎ᠤᠨ ᠪᠠᠶ᠋ᠢᠳᠠᠯ ᠵᠶ᠋ᠠᠨ ᠪᠠᠲᠤᠯᠠᠪᠠ᠃ 1-2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 24.6%᠎ᠪᠠᠷ ᠨᠡᠮᠡᠭᠳᠡᠵᠦ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ 18.8 ᠵᠠᠭᠤᠨ᠎ᠤ ᠬᠤᠪᠢ ᠵᠢᠨ ᠴᠡᠭ᠎ᠠᠴᠠ ᠥᠨᠳᠥᠷ ᠪᠣᠯᠵᠣ᠂ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠶ ᠵᠢ ᠲᠠᠰᠤᠷᠠᠯᠲᠠ ᠥᠬᠡᠶ ᠬᠥᠲᠥᠯᠦᠨ ᠵᠢᠯᠣᠭᠣᠳᠴᠤ ᠰᠢᠨ᠎ᠡ᠎ᠪᠠᠷ ᠬᠥᠭᠵᠢᠪᠡ᠃ ᠬᠣᠶᠠᠷ᠎ᠲᠤ᠂ ᠠᠵᠤ ᠦᠢ᠍ᠯᠡᠳᠪᠦᠷᠢ ᠵᠢᠨ ᠰᠢᠨ᠎ᠡ ᠬᠥᠳᠡᠯᠭᠡᠭᠴᠢ ᠡᠨᠧᠷᠭᠢ ᠲᠦᠷᠭᠡᠪᠴᠢᠯᠡᠨ ᠪᠣᠶ᠋ᠢᠵᠢᠪᠠ᠃ 1-2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠲᠣᠨᠣᠭ ᠲᠥᠬᠥᠭᠡᠷᠦᠮᠵᠢ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 40.5% ᠨᠡᠮᠡᠭᠳᠡᠵᠦ᠂ ᠠᠵᠤ ᠦᠢ᠍ᠯᠡᠳᠪᠦᠷᠢ ᠵᠢᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ 19.5% ᠨᠡᠮᠡᠭᠳᠡᠵᠦ᠂ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ 33.5% ᠨᠡᠮᠡᠭᠳᠡᠵᠦ᠂ ᠰᠢᠨ᠎ᠡ ᠡᠨᠧᠷᠭᠢ ᠵᠢᠨ ᠲᠣᠨᠣᠭ ᠲᠥᠬᠥᠭᠡᠷᠦᠮᠵᠢ ᠦᠢ᠍ᠯᠡᠳᠬᠦ ᠦᠢ᠍ᠯᠡᠰ 51.9%

ᠨᠡᠮᠡᠭᠳᠡᠵᠦ᠂ ᠴᠥᠮ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠳᠤᠮᠳᠠᠴᠢ ᠬᠢᠷᠢ ᠲᠦᠪᠰᠢᠨ᠎ᠠᠴᠠ ᠥᠨᠳᠥᠷ ᠪᠣᠯᠪᠠ᠃ ᠭᠤᠷᠪᠠ᠎ᠳᠤ᠂ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠨ ᠠᠬᠢᠭᠤᠯᠪᠠ᠃ 1-2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠨᠡᠷᠡᠨ᠎ᠤ ᠡᠨᠧᠷᠭᠢ ᠵᠢᠨ ᠳ᠋ᠢᠶᠠᠨ ᡂᠢ ᠵᠢᠨ ᠭᠠᠷᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 3.8 ᠳᠠᠬᠢᠨ ᠨᠡᠮᠡᠭᠳᠡᠵᠦ᠂ ᠰᠠᠯᠬᠢᠨ ᠬᠦᠴᠦᠨ ᠵᠶ᠋ᠠᠷ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ 2.4 ᠳᠠᠬᠢᠨ ᠨᠡᠮᠡᠭᠳᠡᠵᠦ᠂ ᠲᠠᠩ ᠲᠠᠯᠠᠰᠲᠤ ᠴᠠᠬᠢᠭᠤᠷ᠂ ᠣᠯᠠᠨ ᠲᠠᠯᠠᠰᠲᠤ ᠴᠠᠬᠢᠭᠤᠷ ᠪᠣᠯᠤᠨ ᠬᠣᠪᠣᠷ ᠰᠢᠷᠣᠶ ᠵᠢᠨ ᠰᠣᠷᠢᠨᠵᠢᠨ ᠴᠢᠨᠠᠷᠲᠠᠶ ᠮᠠᠲ᠋ᠧᠷᠢᠶᠠᠯ ᠵᠡᠷᠭᠡ ᠰᠢᠨ᠎ᠡ ᠮᠠᠲ᠋ᠧᠷᠢᠶᠠᠯ᠎ᠤᠨ ᠭᠠᠷᠤᠯᠲᠠ ᠲᠣᠰ ᠲᠣᠰ ᠠᠳᠠᠯᠢ ᠬᠤᠭᠤᠴᠠᠭ᠋ᠠᠨ᠎ᠤ᠎ᠬᠢ᠎ᠠᠴᠠ 43.5%᠂ 47.8% ᠪᠠ 66.2% ᠨᠡᠮᠡᠭᠳᠡᠪᠡ᠃

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠤᠨ᠎ᠤ ᠲᠣᠭ᠎ᠠ ᠪᠦᠷᠢᠳᠭᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠳ᠋ᠢᠩ ᠡᠾᠦ᠋ᠢ᠄ 1-2 ᠰᠠᠷ᠎ᠠ᠎ᠳᠤ ᠡᠨᠧᠷᠭᠢ ᠵᠢᠨ ᠬᠠᠩᠭ᠋ᠠᠯᠭ᠎ᠠ ᠵᠢᠨ ᠪᠠᠶ᠋ᠢᠳᠠᠯ ᠲᠣᠭᠲᠠᠭᠤᠨ ᠪᠣᠯᠪᠠ
ᠪᠥᠬᠦ ᠣᠷᠣᠨ᠎ᠤ 《ᠳᠦᠷᠪᠡᠨ ᠬᠡᠪᠴᠢᠶᠡᠵᠢᠯ᠎ᠠᠴᠠ ᠳᠡᠭᠡᠭᠰᠢᠬᠢ》 ᠨᠢᠭᠡᠴᠡ ᠵᠢᠨ ᠲᠤᠭ᠎ᠠ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 9.8%᠎ᠪᠠᠷ ᠨᠡᠮᠡᠭᠳᠡᠪᠡ
ᠪᠦᠬᠦ ᠣᠷᠣᠨ᠎ᠤ ᠵᠢᠵᠢᠭᠯᠡᠨ ᠬᠤᠳᠠᠯᠳᠤᠬᠤ ᠦᠢ᠍ᠯᠡᠰ᠎ᠤᠨ ᠣᠯᠠᠨ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠤᠨ ᠬᠥᠭᠵᠢᠯᠲᠡ ᠵᠢᠨ ᠪᠠᠶ᠋ᠢᠷᠢᠰᠢᠯ ᠤᠯᠠᠮ ᠰᠢᠯᠢᠳᠡᠭᠵᠢᠪᠡ
ᠰᠠᠷᠠᠩᠭᠤᠸ᠎ᠠ᠄ 1 - 2 ᠰᠠᠷ᠎ᠠ᠎ᠳᠤ ᠥᠪᠥᠷ ᠮᠣᠩᠭᠣᠯ᠎ᠤᠨ ᠬᠡᠷᠡᠭᠯᠡᠭᠡᠨ᠎ᠤ ᠵᠠᠬ᠎ᠠ ᠳᠡᠯᠭᠡᠭᠦᠷ ᠰᠠᠶ᠋ᠢᠨ ᠡᠬᠢᠯᠡᠯᠲᠡ᠎ᠲᠠᠢ
ᠥᠪᠥᠷ ᠮᠣᠩᠭᠣᠯ᠎ᠤᠨ ᠰᠢᠨ᠎ᠡ᠎ᠪᠠᠷ ᠪᠠᠶ᠋ᠢᠭᠤᠯᠤᠭᠳᠠᠭᠰᠠᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠶᠡᠷᠦᠩᠬᠡᠶ ᠬᠡᠮᠵᠢᠶ᠎ᠡ ᠳᠠᠬᠢᠨ ᠰᠢᠨ᠎ᠡ ᠳᠡᠭᠲᠡᠷ᠎ᠲᠤ ᠭᠠᠷᠪᠠ
 
            