ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠲᠤᠭ᠎ᠠ ᠪᠦᠷᠢᠳᠭᠡᠯ᠎ᠤᠨ ᠦᠢᠯᠡᠴᠢᠯᠡᠭᠡ  -   ᠲᠤᠭ᠎ᠠ ᠪᠠᠷᠢᠮᠳᠠ᠎ᠶᠢᠨ ᠲᠠᠶ᠋ᠢᠯᠤᠮᠵᠢ
1-2 ᠳ᠋ᠤᠭ᠋ᠠᠷ ᠰᠠᠷ᠎ᠠ᠎ᠳᠤ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠶᠡᠷᠦᠩᠬᠡᠶ᠎ᠳᠡᠭᠡᠨ ᠲᠣᠭᠲᠠᠭᠤᠨ ᠪᠣᠯᠪᠠ
ᠨᠡᠶ᠋ᠢᠲᠡᠯᠡᠭᠰᠡᠨ ᠴᠠᠭ᠄ 2025-04-01

   1-2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠡᠯ᠎ᠡ ᠰᠠᠯᠠᠭ᠎ᠠ ᠮᠥᠴᠢᠷ᠎ᠤᠳ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠣᠷᠸ᠎ᠠ ᠲᠥᠷᠥ ᠵᠢᠨ ᠪᠣᠳᠣᠯᠭ᠎ᠠ ᠵᠢ ᠪᠣᠳᠠᠲᠠᠶ ᠪᠥᠭᠡᠳ ᠨᠠᠷᠢᠯᠢᠭ ᠨᠠᠶ᠋ᠢᠳᠠᠪᠤᠷᠢᠵᠢᠭᠤᠯᠬᠤ ᠵᠢ ᠲᠦᠷᠭᠡᠳᠬᠡᠨ ᠠᠬᠢᠭᠤᠯᠵᠤ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠬᠥᠭᠵᠢᠯᠲᠡ ᠵᠢᠨ ᠠᠮᠢᠵᠢᠷᠠᠯ᠎ᠤᠨ ᠬᠦᠴᠦᠨ᠎ᠢ ᠲᠠᠰᠤᠷᠠᠯᠲᠠ ᠥᠬᠡᠶ ᠬᠥᠭᠵᠢᠭᠡᠨ᠂ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ᠎ᠢ ᠶᠡᠬᠡᠪᠡᠷ ᠪᠣᠶ᠋ᠢᠵᠢᠭᠤᠯᠵᠤ᠂ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠲᠣᠭᠲᠠᠭᠤᠨ ᠵᠶ᠋ᠠᠷ ᠨᠡᠮᠡᠭᠳᠡᠬᠦ ᠪᠠᠶ᠋ᠢᠳᠠᠯ᠎ᠲᠠᠢ ᠪᠣᠯᠪᠠ᠃
    ᠨᠢᠭᠡ᠂ ᠦᠨᠳᠦᠰᠦᠨ ᠪᠠᠶ᠋ᠢᠳ᠋᠊ ᠊ᠠᠯ
    (ᠨᠢᠭᠡ) ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠶᠡᠷᠦᠩᠬᠡᠢ᠎ᠳᠡᠭᠡᠨ ᠲᠣᠭᠲᠠᠭᠤᠨ ᠪᠠᠢ᠌ᠨ᠎ᠠ
    1-2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 5.8% ᠨᠡᠮᠡᠭᠳᠡᠪᠡ᠃ ᠭᠤᠷᠪᠠᠨ ᠶᠡᠬᠡ ᠲᠥᠷᠥᠯ᠎ᠠᠴᠠ ᠦᠵᠡᠪᠡᠯ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠭᠤᠷᠬᠠᠶ ᠮᠠᠯᠲᠠᠬᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 2.5% ᠨᠡᠮᠡᠭᠳᠡᠵᠦ᠂ ᠦᠢ᠍ᠯᠡᠳᠬᠦ ᠦᠢ᠍ᠯᠡᠰ 10.3% ᠨᠡᠮᠡᠭᠳᠡᠪᠡ᠂ ᠴᠠᠬᠢᠯᠭ᠋ᠠᠨ ᠬᠦᠴᠦᠨ᠂ ᠢᠯᠴᠢ ᠵᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ 7.1% ᠨᠡᠮᠡᠭᠳᠡᠵᠦ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠲᠣᠰ ᠲᠣᠰ 1.3᠂ 3.2 ᠪᠠ 1.3 ᠵᠠᠭᠤᠨ᠎ᠤ ᠬᠤᠪᠢ ᠵᠢᠨ ᠴᠡᠭ ᠨᠡᠮᠡᠭᠳᠡᠪᠡ᠃
    (ᠬᠣᠶᠠᠷ) ᠵᠢᠷᠭᠤᠭ᠋ᠠᠨ ᠬᠤᠪᠢ ᠵᠢᠨ ᠠᠵᠢᠯ ᠲᠥᠷᠥᠯ ᠪᠠ ᠪᠦᠲᠦᠭᠡᠭᠳᠡᠬᠦᠨ ᠨᠡᠮᠡᠭᠳᠡᠯ᠎ᠢ ᠪᠡᠶᠡᠯᠡᠬᠦᠯᠪᠡ
    1-2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ 38 ᠲᠣᠮᠣ ᠲᠥᠷᠥᠯ᠎ᠤᠨ ᠠᠵᠢᠯ ᠲᠥᠷᠥᠯ᠎ᠤᠨ ᠳᠣᠲᠣᠷ᠎ᠠ᠂ 26 ᠠᠵᠢᠯ ᠲᠥᠷᠥᠯ᠎ᠤᠨ ᠨᠡᠮᠡᠭᠳᠡᠯ ᠥᠷᠲᠡᠭ ᠨᠡᠮᠡᠭᠳᠡᠵᠦ᠂ 68.4%᠎ᠪᠠᠷ ᠨᠡᠮᠡᠭᠳᠡᠪᠡ᠃ ᠡᠭᠦᠨ᠎ᠳᠤ ᠬᠢᠮᠢ᠂ ᠺᠣᠮᠫᠢᠦ᠋ᠲ᠋ᠧᠷ ᠵᠡᠷᠭᠡ 16 ᠠᠵᠢᠯ ᠲᠥᠷᠥᠯ ᠬᠣᠶᠠᠷ ᠣᠷᠣᠨᠲᠤ ᠲᠣᠭ᠎ᠠ᠎ᠪᠠᠷ ᠨᠡᠮᠡᠭᠳᠡᠪᠡ᠃ ᠪᠦᠷᠢᠳᠬᠡᠭᠰᠡᠨ 234 ᠵᠦᠢ᠍ᠯ᠎ᠤᠨ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠳᠣᠲᠣᠷ᠎ᠠ᠂ 139 ᠵᠦᠢ᠍ᠯ᠎ᠤᠨ ᠦᠢ᠍ᠯᠡᠳᠬᠦᠨ᠎ᠤ ᠭᠠᠷᠤᠯᠲᠠ᠎ᠨᠢ ᠨᠡᠮᠡᠭᠳᠡᠵᠦ᠂ ᠨᠡᠮᠡᠭᠳᠡᠯ᠎ᠤᠨ ᠬᠡᠪᠴᠢᠶ᠎ᠡ᠎ᠨᠢ 59.4% ᠪᠠᠶ᠋ᠢᠪᠠ᠃
    (ᠭᠤᠷᠪᠠ) ᠦᠢ᠍ᠯᠡᠳᠬᠦ ᠦᠢ᠍ᠯᠡᠰ᠎ᠤᠨ ᠬᠤᠪᠢ ᠨᠡᠮᠡᠷᠢ ᠢᠯᠡᠳᠲᠡ ᠪᠠᠢ᠌ᠨ᠎ᠠ
    1-2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 10.3%᠎ᠪᠠᠷ ᠨᠡᠮᠡᠭᠳᠡᠵᠦ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠲᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 55.5% ᠪᠠᠶ᠋ᠢᠵᠤ᠂ ᠠᠵᠤ ᠦᠢ᠍ᠯᠡᠳᠪᠦᠷᠢ ᠵᠢᠨ ᠨᠡᠮᠡᠭᠳᠡᠯ᠎ᠢ ᠲᠤᠯᠭ᠋ᠠᠭᠤᠷᠢᠯᠠᠬᠤ ᠴᠢᠬᠤᠯᠠ ᠬᠦᠴᠦᠨ ᠪᠣᠯᠵᠠᠶ᠃ ᠡᠭᠦᠨ᠎ᠳᠤ᠂ ᠲᠠᠷᠢᠶᠠᠯᠠᠩ ᠲᠤᠰᠠᠯᠠᠬᠤ ᠠᠵᠤ ᠠᠬᠤᠶ ᠵᠢᠨ ᠢᠳᠡᠭᠡᠨ ᠡᠳ᠋ᠰᠢᠭᠦᠯᠬᠦ  ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 24.0%᠎ᠪᠠᠷ ᠨᠡᠮᠡᠭᠳᠡᠵᠦ᠂ ᠬᠢᠮᠢ ᠵᠢᠨ ᠲᠦᠭᠦᠬᠡᠶ ᠮᠠᠲ᠋ᠧᠷᠢᠶᠠᠯ ᠪᠠ ᠬᠢᠮᠢ ᠵᠢᠨ ᠦᠢ᠍ᠯᠡᠳᠬᠦᠨ ᠦᠢ᠍ᠯᠡᠳᠬᠦ ᠦᠢ᠍ᠯᠡᠰ 10.9%᠎ᠪᠠᠷ ᠨᠡᠮᠡᠭᠳᠡᠵᠦ᠂ ᠡᠮ ᠡᠮᠨᠡᠯᠭᠡ ᠵᠢᠨ ᠦᠢ᠍ᠯᠡᠳᠬᠦ ᠦᠢ᠍ᠯᠡᠰ 18.4%᠎ᠪᠠᠷ ᠨᠡᠮᠡᠭᠳᠡᠵᠦ᠂ ᠥᠩᠭᠡᠲᠦ ᠲᠡᠮᠦᠷᠯᠢᠭ ᠬᠠᠶ᠋ᠢᠯᠤᠭᠤᠯᠬᠤ ᠪᠠ ᠳᠠᠷᠤᠵᠤ ᠰᠤᠩᠭ᠋ᠠᠬᠤ ᠡᠳ᠋ᠰᠢᠭᠦᠯᠬᠦ ᠦᠢ᠍ᠯᠡᠰ 16 . 1 %᠎ᠪᠠᠷ ᠨᠡᠮᠡᠭᠳᠡᠵᠦ᠂ ᠴᠥᠮ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠳᠬᠦ ᠦᠢ᠍ᠯᠡᠰ᠎ᠤᠨ ᠳᠤᠮᠳᠠᠴᠢ ᠬᠢᠷᠢ ᠬᠡᠮᠵᠢᠶ᠎ᠡ᠎ᠠᠴᠠ ᠥᠨᠳᠥᠷ ᠪᠣᠯᠪᠠ᠃
    (ᠳᠥᠷᠪᠡ) ᠴᠢᠨᠠᠷ ᠰᠠᠶ᠋ᠢᠲᠠᠶ ᠬᠥᠭᠵᠢᠯᠲᠡ ᠵᠢ ᠭᠦᠨᠵᠡᠭᠡᠶ ᠠᠬᠢᠭᠤᠯᠪᠠ
    ᠨᠢᠭᠡ᠎ᠳᠤ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ ᠥᠨᠳᠥᠷ ᠨᠡᠮᠡᠭᠳᠡᠯ᠎ᠤᠨ ᠪᠠᠶ᠋ᠢᠳᠠᠯ ᠵᠶ᠋ᠠᠨ ᠪᠠᠲᠤᠯᠠᠪᠠ᠃ 1-2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 24.6%᠎ᠪᠠᠷ ᠨᠡᠮᠡᠭᠳᠡᠵᠦ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ 18.8 ᠵᠠᠭᠤᠨ᠎ᠤ ᠬᠤᠪᠢ ᠵᠢᠨ ᠴᠡᠭ᠎ᠠᠴᠠ ᠥᠨᠳᠥᠷ ᠪᠣᠯᠵᠣ᠂ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠶ ᠵᠢ ᠲᠠᠰᠤᠷᠠᠯᠲᠠ ᠥᠬᠡᠶ ᠬᠥᠲᠥᠯᠦᠨ ᠵᠢᠯᠣᠭᠣᠳᠴᠤ ᠰᠢᠨ᠎ᠡ᠎ᠪᠠᠷ ᠬᠥᠭᠵᠢᠪᠡ᠃ ᠬᠣᠶᠠᠷ᠎ᠲᠤ᠂ ᠠᠵᠤ ᠦᠢ᠍ᠯᠡᠳᠪᠦᠷᠢ ᠵᠢᠨ ᠰᠢᠨ᠎ᠡ ᠬᠥᠳᠡᠯᠭᠡᠭᠴᠢ ᠡᠨᠧᠷᠭᠢ ᠲᠦᠷᠭᠡᠪᠴᠢᠯᠡᠨ ᠪᠣᠶ᠋ᠢᠵᠢᠪᠠ᠃ 1-2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠲᠣᠨᠣᠭ ᠲᠥᠬᠥᠭᠡᠷᠦᠮᠵᠢ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 40.5% ᠨᠡᠮᠡᠭᠳᠡᠵᠦ᠂ ᠠᠵᠤ ᠦᠢ᠍ᠯᠡᠳᠪᠦᠷᠢ ᠵᠢᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ 19.5% ᠨᠡᠮᠡᠭᠳᠡᠵᠦ᠂ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ 33.5% ᠨᠡᠮᠡᠭᠳᠡᠵᠦ᠂ ᠰᠢᠨ᠎ᠡ ᠡᠨᠧᠷᠭᠢ ᠵᠢᠨ ᠲᠣᠨᠣᠭ ᠲᠥᠬᠥᠭᠡᠷᠦᠮᠵᠢ ᠦᠢ᠍ᠯᠡᠳᠬᠦ ᠦᠢ᠍ᠯᠡᠰ 51.9%

ᠨᠡᠮᠡᠭᠳᠡᠵᠦ᠂ ᠴᠥᠮ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠳᠤᠮᠳᠠᠴᠢ ᠬᠢᠷᠢ ᠲᠦᠪᠰᠢᠨ᠎ᠠᠴᠠ ᠥᠨᠳᠥᠷ ᠪᠣᠯᠪᠠ᠃ ᠭᠤᠷᠪᠠ᠎ᠳᠤ᠂ ᠪᠣᠬᠢᠷᠲᠤᠯ ᠦᠭᠡᠢ᠎ᠪᠠᠷ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠨ ᠠᠬᠢᠭᠤᠯᠪᠠ᠃ 1-2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠨᠡᠷᠡᠨ᠎ᠤ ᠡᠨᠧᠷᠭᠢ ᠵᠢᠨ ᠴᠠᠬᠢᠯᠭ᠋ᠠᠨ ᠴᠡᠨᠡᠭ᠎ᠤᠨ ᠭᠠᠷᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 3.8 ᠳᠠᠬᠢᠨ ᠨᠡᠮᠡᠭᠳᠡᠵᠦ᠂ ᠰᠠᠯᠬᠢᠨ ᠬᠦᠴᠦᠨ ᠵᠶ᠋ᠠᠷ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ 2.4 ᠳᠠᠬᠢᠨ ᠨᠡᠮᠡᠭᠳᠡᠵᠦ᠂ ᠲᠠᠩ ᠲᠠᠯᠠᠰᠲᠤ ᠴᠠᠬᠢᠭᠤᠷ᠂ ᠣᠯᠠᠨ ᠲᠠᠯᠠᠰᠲᠤ ᠴᠠᠬᠢᠭᠤᠷ ᠪᠣᠯᠤᠨ ᠬᠣᠪᠣᠷ ᠰᠢᠷᠣᠶ ᠵᠢᠨ ᠰᠣᠷᠢᠨᠵᠢᠨ ᠴᠢᠨᠠᠷᠲᠠᠶ ᠮᠠᠲ᠋ᠧᠷᠢᠶᠠᠯ ᠵᠡᠷᠭᠡ ᠰᠢᠨ᠎ᠡ ᠮᠠᠲ᠋ᠧᠷᠢᠶᠠᠯ᠎ᠤᠨ ᠭᠠᠷᠤᠯᠲᠠ ᠲᠣᠰ ᠲᠣᠰ ᠠᠳᠠᠯᠢ ᠬᠤᠭᠤᠴᠠᠭ᠋ᠠᠨ᠎ᠤ᠎ᠬᠢ᠎ᠠᠴᠠ 43.5%᠂ 47.8% ᠪᠠ 66.2% ᠨᠡᠮᠡᠭᠳᠡᠪᠡ᠃
    (ᠲᠠᠪᠤ) ᠠᠶ᠋ᠢᠮᠠᠭ ᠬᠣᠲᠠ ᠵᠢᠨ ᠠᠵᠤ ᠦᠢ᠍ᠯᠡᠳᠪᠦᠷᠢ ᠵᠢᠨ 《11᠎ᠨᠢ ᠨᠡᠮᠡᠭᠳᠡᠵᠦ 1᠎ᠨᠢ ᠪᠠᠭᠤᠷᠠᠪᠠ》
    1-2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ 12 ᠠᠶ᠋ᠢᠮᠠᠭ ᠬᠣᠲᠠ ᠵᠢᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠨᠡᠮᠡᠭᠳᠡᠯ᠎ᠤᠨ ᠬᠤᠷᠳᠤᠴᠠ 11᠎ᠨᠢ ᠨᠡᠮᠡᠭᠳᠡᠵᠦ 1᠎ᠨᠢ ᠪᠠᠭᠤᠷᠠᠪᠠ᠃ ᠡᠭᠦᠨ᠎ᠳᠤ᠂ ᠨᠡᠮᠡᠭᠳᠡᠯ᠎ᠤᠨ ᠬᠤᠷᠳᠤᠴᠠ ᠵᠢᠨ ᠡᠮᠦᠨ᠎ᠡ ᠭᠤᠷᠪᠠ᠎ᠳᠤ ᠵᠢᠭᠰᠠᠭ᠋ᠠᠭᠳᠠᠭᠰᠠᠨ᠎ᠨᠢ ᠪᠤᠭᠤᠲᠤ ᠬᠣᠲᠠ᠂ ᠤᠯᠠᠭ᠋ᠠᠨᠬᠠᠳᠠ ᠬᠣᠲᠠ ᠪᠠ ᠬᠥᠯᠥᠨ ᠪᠣᠶ᠋ᠢᠷ ᠬᠣᠲᠠ ᠪᠣᠯᠤᠨ᠎ᠠ᠂ ᠲᠣᠰ ᠲᠣᠰ ᠠᠳᠠᠯᠢ ᠬᠤᠭᠤᠴᠠᠭ᠋ᠠᠨ᠎ᠤ᠎ᠬᠢ᠎ᠠᠴᠠ᠎ᠪᠠᠨ 16.0%᠂ 11.8% ᠪᠠ 9.8%᠎ᠪᠠᠷ ᠨᠡᠮᠡᠭᠳᠡᠪᠡ; ᠦᠬᠠᠶ ᠬᠣᠲᠠ ᠵᠢᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 19.4%᠎ᠪᠠᠷ ᠪᠠᠭᠤᠷᠠᠪᠠ᠃
    ᠬᠣᠶᠠᠷ᠂ ᠣᠷᠣᠰᠢᠵᠤ ᠪᠠᠶ᠋ᠢᠭ᠎ᠠ ᠠᠰᠠᠭᠤᠳᠠᠯ
    (ᠨᠢᠭᠡ) ᠠᠭᠤᠷᠬᠠᠢ ᠮᠠᠯᠲᠠᠬᠤ ᠦᠢ᠍ᠯᠡᠰ᠎ᠤᠨ ᠳᠠᠶ᠋ᠢᠴᠢᠯᠠᠭ᠎ᠠ ᠬᠦᠷᠦᠯᠴᠡᠬᠦ ᠦᠭᠡᠢ
1-2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠭᠤᠷᠬᠠᠶ ᠮᠠᠯᠲᠠᠬᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 2.5%᠎ᠪᠠᠷ ᠨᠡᠮᠡᠭᠳᠡᠵᠦ᠂ 2024 ᠣᠨ᠎ᠤ᠎ᠬᠢ᠎ᠠᠴᠠ 2.2 ᠵᠠᠭᠤᠨ᠎ᠤ ᠬᠤᠪᠢ ᠵᠢᠨ ᠴᠡᠭ ᠪᠠᠭᠤᠷᠠᠵᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠨᠡᠮᠡᠭᠳᠡᠯ᠎ᠤᠨ ᠬᠤᠷᠳᠤᠴᠠ ᠵᠢ 1.3 ᠵᠠᠭᠤᠨ᠎ᠤ ᠬᠤᠪᠢ ᠵᠢᠨ ᠴᠡᠭ ᠳᠠᠶ᠋ᠢᠴᠢᠯᠠᠵᠤ᠂ 2024 ᠣᠨ᠎ᠤ᠎ᠬᠢ᠎ᠠᠴᠠ 1.1 ᠵᠠᠭᠤᠨ᠎ᠤ ᠬᠤᠪᠢ ᠵᠢᠨ ᠴᠡᠭ ᠪᠠᠭ᠋ᠠᠰᠪᠠ᠃ ᠡᠭᠦᠨ᠎ᠳᠤ᠂ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 2.8%᠎ᠪᠠᠷ ᠨᠡᠮᠡᠭᠳᠡᠵᠦ᠂ 2024 ᠣᠨ᠎ᠤ᠎ᠬᠢ᠎ᠠᠴᠠ 2.3 ᠵᠠᠭᠤᠨ᠎ᠤ ᠬᠤᠪᠢ ᠵᠢᠨ ᠴᠡᠭ ᠪᠠᠭᠤᠷᠠᠵᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠳᠠᠶ᠋ᠢᠴᠢᠯᠠᠯᠲᠠ 2024 ᠣᠨ᠎ᠤ 2.2 ᠵᠠᠭᠤᠨ᠎ᠤ ᠬᠤᠪᠢ ᠵᠢᠨ ᠴᠡᠭ ᠪᠠᠶ᠋ᠢᠭᠰᠠᠨ᠎ᠠᠴᠠ᠎ᠪᠠᠨ ᠪᠠᠭᠤᠷᠠᠭ᠋ᠠᠳ 1 —2 ᠳ᠋ᠤᠭ᠋ᠠᠷ ᠰᠠᠷ᠎ᠠ ᠵᠢᠨ 1.2 ᠵᠠᠭᠤᠨ᠎ᠤ ᠴᠡᠭ ᠪᠣᠯᠵᠠᠶ᠃
    (ᠬᠣᠶᠠᠷ) ᠲᠣᠮᠣ ᠬᠡᠯᠪᠡᠷᠢ ᠵᠢᠨ ᠠᠵᠤ ᠠᠬᠤᠶ᠋ᠢᠯᠠᠯ᠎ᠤᠨ ᠨᠡᠮᠡᠭᠳᠡᠯ᠎ᠤᠨ ᠬᠤᠷᠳᠤᠴᠠ ᠤᠳᠠᠭ᠋ᠠᠰᠢᠷᠠᠪᠠ
    1-2 ᠳ᠋ᠤᠭ᠋ᠠᠷ ᠰᠠᠷ᠎ᠠ᠎ᠳᠤ᠂ ᠨᠡᠭᠦᠷᠡᠰᠦ᠂ ᠪᠣᠯᠣᠳ ᠮᠠᠲ᠋ᠧᠷᠢᠶᠠᠯ ᠵᠡᠷᠭᠡ ᠪᠥᠭᠡᠮ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠬᠥᠮᠥᠷᠭᠡ ᠵᠢᠨ ᠬᠠᠳᠠᠭ᠋ᠠᠯᠠᠯᠲᠠ ᠵᠢᠨ ᠥᠨᠳᠥᠷ ᠲᠦᠪᠰᠢᠨ᠂ ᠲᠦᠭᠦᠬᠡᠶ ᠮᠠᠲ᠋ᠧᠷᠢᠶᠠᠯ᠎ᠤᠨ ᠦᠨ᠎ᠡ ᠬᠠᠩᠰᠢ ᠵᠢᠨ ᠬᠡᠯᠪᠡᠯᠵᠡᠯ ᠵᠢᠴᠢ ᠳᠤᠤᠷᠠᠳᠤ ᠤᠷᠤᠰᠬᠠᠯ᠎ᠤᠨ ᠨᠥᠭᠡᠴᠡ ᠪᠠᠷᠠᠭ᠋ᠠᠨ᠎ᠤ ᠬᠦᠰᠡᠯ ᠰᠠᠨᠠᠭ᠎ᠠ ᠴᠢᠩᠭ᠎ᠠ ᠪᠤᠰᠤ ᠵᠡᠷᠭᠡ ᠬᠦᠴᠦᠨ ᠵᠦᠢ᠍ᠯ᠎ᠤᠨ ᠨᠥᠯᠥᠭᠡ᠎ᠠᠴᠠ ᠪᠣᠯᠵᠣ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠲᠣᠮᠣ ᠬᠡᠯᠪᠡᠷᠢ ᠵᠢᠨ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 4.8%᠎ᠪᠠᠷ ᠨᠡᠮᠡᠭᠳᠡᠵᠦ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠳᠤᠮᠳᠠᠴᠢ ᠬᠢᠷᠢ ᠲᠦᠪᠰᠢᠨ᠎ᠠᠴᠠ 1.0 ᠵᠠᠭᠤᠨ᠎ᠤ ᠬᠤᠪᠢ ᠵᠢᠨ ᠴᠡᠭ ᠳᠤᠤᠷ᠎ᠠ ᠪᠣᠯᠪᠠ᠃
    (ᠭᠤᠷᠪᠠ) ᠦᠢ᠍ᠯᠡᠳᠪᠦᠷᠢᠯᠡᠯ ᠪᠣᠷᠣᠯᠠᠭᠤᠯᠭ᠎ᠠ ᠵᠢᠨ ᠬᠡᠮᠵᠢᠶ᠎ᠡ᠎ᠨᠢ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠳᠤ ᠬᠦᠷᠬᠦ ᠦᠭᠡᠶ ᠪᠠᠢ᠌ᠨ᠎ᠠ
     1-2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ  ᠦᠢ᠍ᠯᠡᠳᠪᠦᠷᠢᠯᠡᠯ ᠪᠣᠷᠣᠯᠠᠭᠤᠯᠭ᠎ᠠ ᠵᠢᠨ ᠨᠣᠷᠮ᠎ᠠ 94.0% ᠪᠠᠶ᠋ᠢᠵᠤ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 1.6 ᠵᠠᠭᠤᠨ᠎ᠤ ᠬᠤᠪᠢ ᠵᠢᠨ ᠴᠡᠭ ᠪᠠᠭᠤᠷᠠᠪᠠ᠃ ᠪᠥᠬᠥ ᠣᠷᠣᠨ᠎ᠤ 38 ᠠᠵᠢᠯ ᠲᠥᠷᠥᠯ᠎ᠤᠨ ᠲᠣᠮᠣ ᠲᠥᠷᠥᠯ᠎ᠤᠨ ᠳᠣᠲᠣᠷ᠎ᠠ᠂ ᠲᠠᠪᠤᠨ ᠬᠤᠪᠢ᠎ᠠᠴᠠ ᠳᠡᠭᠡᠭᠰᠢᠬᠢ ᠠᠵᠢᠯ ᠲᠥᠷᠥᠯ᠎ᠤᠨ  ᠦᠢ᠍ᠯᠡᠳᠪᠦᠷᠢᠯᠡᠯ ᠪᠣᠷᠣᠯᠠᠭᠤᠯᠭ᠎ᠠ ᠵᠢᠨ ᠨᠣᠷᠮ᠎ᠠ᠎ᠨᠢ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ ᠳᠤᠤᠷ᠎ᠠ ᠪᠠᠶ᠋ᠢᠨ᠎ᠠ᠃ ᠡᠭᠦᠨ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠳᠬᠦ ᠦᠢ᠍ᠯᠡᠰ᠎ᠤᠨ ᠦᠢ᠍ᠯᠡᠳᠪᠦᠷᠢᠯᠡᠯ ᠪᠣᠷᠣᠯᠠᠭᠤᠯᠭ᠎ᠠ ᠵᠢᠨ ᠨᠣᠷᠮ᠎ᠠ 91.2% ᠪᠠᠶ᠋ᠢᠵᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ᠎ᠬᠢ᠎ᠠᠴᠠ 2.8 ᠵᠠᠭᠤᠨ᠎ᠤ ᠬᠤᠪᠢ ᠵᠢᠨ ᠴᠡᠭ ᠳᠤᠤᠷ᠎ᠠ ᠪᠠᠶ᠋ᠢᠵᠤ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 2.0 ᠵᠠᠭᠤᠨ᠎ᠤ ᠬᠤᠪᠢ ᠵᠢᠨ ᠴᠡᠭ ᠪᠠᠭᠤᠷᠠᠪᠠ᠃
    ᠲᠠᠷᠠᠭ᠋ᠠᠴᠢ ᠵᠢᠨ ᠱᠠᠲᠤᠨ᠎ᠳᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠂ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠭᠰᠠᠨ ᠬᠥᠭᠵᠢᠯᠲᠡ ᠵᠢ ᠦᠷᠭᠦᠯᠵᠢᠯᠡᠨ ᠠᠬᠢᠭᠤᠯᠵᠤ᠂ ᠬᠡᠷᠡᠭᠯᠡᠭᠡ ᠵᠢ ᠶᠡᠬᠡ᠎ᠪᠠᠷ ᠬᠥᠭᠵᠢᠭᠡᠨ᠂ ᠬᠡᠷᠡᠭᠴᠡᠭᠡ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠥᠷᠭᠡᠳᠬᠡᠵᠦ᠂ ᠡᠯ᠎ᠡ ᠲᠥᠷᠥᠯ᠎ᠤᠨ ᠡᠵᠡᠩᠨᠡᠯᠲᠡ ᠵᠢᠨ ᠭᠤᠤᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠪᠦᠲᠦᠮᠵᠢᠲᠡᠶ ᠬᠥᠭᠵᠢᠭᠡᠵᠦ᠂ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠶ ᠵᠢᠨ ᠦᠷᠭᠦᠯᠵᠢᠯᠡᠨ ᠰᠢᠨ᠎ᠡ ᠲᠡᠰᠢ ᠬᠥᠭᠵᠢᠬᠦ ᠵᠢ ᠠᠬᠢᠭᠤᠯᠬᠤ ᠬᠡᠷᠡᠭᠲᠡᠶ᠃

 

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠤᠨ᠎ᠤ ᠲᠣᠭ᠎ᠠ ᠪᠦᠷᠢᠳᠭᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠬᠣᠶᠠᠳᠤᠭ᠋ᠠᠷ᠂ ᠭᠤᠷᠪᠠᠳᠤᠭ᠋ᠠᠷ ᠠᠵᠤ ᠦᠢ᠍ᠯᠡᠰ᠎ᠤᠨ ᠨᠢᠭᠡᠴᠡ ᠵᠢᠨ ᠠᠵᠢᠯ ᠣᠯᠤᠭᠰᠠᠳ᠎ᠤᠨ ᠡᠵᠡᠯᠡᠬᠦ ᠬᠠᠷᠢᠴᠠᠯ ᠳᠡᠭᠡᠭᠰᠢᠯᠡᠪᠡ
ᠨᠢᠭᠡᠳᠦᠭᠡᠷ ᠤᠯᠠᠷᠢᠯ᠎ᠳᠤ ᠪᠥᠬᠦ ᠣᠷᠣᠨ᠎ᠤ ᠠᠵᠤ ᠠᠬᠤᠶ ᠲᠣᠭᠲᠠᠭᠤᠨ ᠵᠶ᠋ᠠᠷ ᠬᠥᠭᠵᠢᠪᠡ
ᠪᠥᠬᠥ ᠣᠷᠣᠨ᠎ᠤ 《ᠳᠥᠷᠪᠡᠨ ᠬᠡᠪᠴᠢᠶᠡᠵᠢᠯ᠎ᠠᠴᠠ ᠳᠡᠭᠡᠭᠰᠢᠬᠢ》 ᠨᠢᠭᠡᠴᠡ ᠵᠢᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 9.6% ᠎ᠪᠠᠷ ᠨᠡᠮᠡᠭᠳᠡᠪᠡ
1—4 ᠳ᠋ᠤᠭᠡᠷ ᠰᠠᠷ᠎ᠠ᠎ᠳᠤ ᠪᠥᠬᠥ ᠣᠷᠣᠨ᠎ᠤ ᠠᠵᠤ ᠠᠬᠤᠶ ᠲᠣᠭᠲᠠᠭᠤᠨ ᠵᠶ᠋ᠠᠷ ᠬᠥᠭᠵᠢᠪᠡ
1 —5 ᠳ᠋ᠤᠭ᠋ᠠᠷ ᠰᠠᠷ᠎ᠠ᠎ᠳᠤ ᠪᠥᠬᠥ ᠣᠷᠣᠨ᠎ᠤ ᠠᠵᠤ ᠠᠬᠤᠶ ᠲᠣᠭᠲᠠᠭᠤᠨ ᠵᠶ᠋ᠠᠷ ᠨᠡᠮᠡᠭᠳᠡᠪᠡ
 
            