ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠲᠤᠭ᠎ᠠ ᠪᠦᠷᠢᠳᠭᠡᠯ᠎ᠤᠨ ᠦᠢᠯᠡᠴᠢᠯᠡᠭᠡ  -   ᠲᠤᠭ᠎ᠠ ᠪᠠᠷᠢᠮᠳᠠ᠎ᠶᠢᠨ ᠲᠠᠶ᠋ᠢᠯᠤᠮᠵᠢ
ᠰᠠᠷᠠᠩᠭᠤᠸ᠎ᠠ᠄ 1 - 2 ᠰᠠᠷ᠎ᠠ᠎ᠳᠤ ᠥᠪᠥᠷ ᠮᠣᠩᠭᠣᠯ᠎ᠤᠨ ᠬᠡᠷᠡᠭᠯᠡᠭᠡᠨ᠎ᠤ ᠵᠠᠬ᠎ᠠ ᠳᠡᠯᠭᠡᠭᠦᠷ ᠰᠠᠶ᠋ᠢᠨ ᠡᠬᠢᠯᠡᠯᠲᠡ᠎ᠲᠠᠢ
ᠨᠡᠶ᠋ᠢᠲᠡᠯᠡᠭᠰᠡᠨ ᠴᠠᠭ᠄ 2025-03-20

   1-2 ᠳ᠋ᠤᠭ᠋ᠠᠷ ᠰᠠᠷ᠎ᠠ᠎ᠳᠤ᠂ ᠥᠪᠥᠷ ᠮᠣᠩᠭᠣᠯ᠎ᠤᠨ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ 895.4 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.2% ᠵᠶ᠋ᠠᠷ ᠨᠡᠮᠡᠭᠳᠡᠵᠦ᠂ ᠰᠠᠶ᠋ᠢᠨ ᠰᠠᠶ᠋ᠢᠬᠠᠨ ᠡᠬᠢᠯᠡᠯᠲᠡ ᠵᠢ ᠪᠡᠶᠡᠯᠡᠭᠦᠯᠪᠡ᠃
    ᠨᠢᠭᠡ᠂ ᠬᠣᠲᠠ ᠬᠥᠳᠡᠭᠡ ᠵᠢᠨ ᠵᠠᠬ᠎ᠠ ᠳᠡᠯᠭᠡᠭᠦᠷ ᠵᠡᠷᠭᠡ᠎ᠪᠠᠷ ᠨᠡᠮᠡᠭᠳᠡᠪᠡ
   ᠬᠣᠲᠠ ᠬᠥᠳᠡᠭᠡ ᠵᠢᠨ ᠵᠠᠬ᠎ᠠ ᠳᠡᠯᠭᠡᠭᠦᠷ ᠬᠠᠮᠲᠤ᠎ᠪᠠᠷ ᠪᠤᠵᠠᠭ᠋ᠠᠶ᠋ᠢᠷᠠᠵᠤ᠂ ᠬᠥᠳᠡᠭᠡ ᠲᠣᠰᠬᠣᠨ ᠬᠣᠲᠠ ᠪᠠᠯᠭ᠋ᠠᠰᠤ᠎ᠠᠴᠠ ᠵᠢᠭ᠋ᠠᠬᠠᠨ ᠲᠦᠷᠭᠡᠨ ᠪᠣᠯᠪᠠ᠃ 1-2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠣᠲᠠ ᠪᠠᠯᠭ᠋ᠠᠰᠤᠨ᠎ᠤ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ 804.1 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.2% ᠵᠶ᠋ᠠᠷ ᠨᠡᠮᠡᠭᠳᠡᠪᠡ; ᠬᠥᠳᠡᠭᠡ ᠲᠣᠰᠬᠣᠨ᠎ᠤ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ 91.3 ᠳ᠋ᠦᠩᠰᠢᠭᠤᠷ ᠲᠥᠭᠥᠷᠢᠭ᠎ᠲᠤ ᠬᠦᠷᠴᠦ᠂ 5.4%᠎ᠪᠠᠷ ᠨᠡᠮᠡᠭᠳᠡᠪᠡ᠃
    ᠬᠣᠶᠠᠷ᠂ ᠢᠳᠡᠭᠡᠨ ᠤᠮᠳᠠᠭ᠋ᠠᠨ᠎ᠤ ᠬᠡᠷᠡᠭᠯᠡᠭᠡ ᠲᠣᠭᠲᠠᠭᠤᠨ ᠵᠶ᠋ᠠᠷ ᠨᠡᠮᠡᠭᠳᠡᠪᠡ
    ᠴᠠᠭ᠋ᠠᠨ ᠰᠠᠷ᠎ᠠ ᠵᠢᠨ ᠠᠮᠠᠷᠠᠯᠲᠠ ᠵᠢᠨ ᠬᠤᠭᠤᠴᠠᠭ᠋ᠠᠨ᠎ᠳᠤ᠂ 《ᠪᠢᠲᠡᠭᠦᠨ᠎ᠤ ᠬᠣᠭᠣᠯᠠ》 ᠤᠷᠢᠳᠴᠢᠯᠠᠨ ᠵᠠᠬᠢᠶᠠᠯᠠᠬᠤ ᠪᠠ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ ᠦᠷᠭᠦᠯᠵᠢᠯᠡᠨ ᠬᠥᠭᠵᠢᠶᠡᠨᠲᠡᠶ ᠪᠠᠶ᠋ᠢᠵᠤ᠂ ᠢᠳᠡᠭᠡᠨ ᠤᠮᠳᠠᠭ᠋ᠠᠨ᠎ᠤ ᠬᠡᠷᠡᠭᠯᠡᠭᠡ ᠵᠢᠨ ᠲᠣᠭᠲᠠᠭᠤᠨ ᠵᠶ᠋ᠠᠷ ᠨᠡᠮᠡᠭᠳᠡᠬᠦ ᠵᠢ ᠳᠠᠶ᠋ᠢᠴᠢᠯᠠᠪᠠ᠃ 1-2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠢᠳᠡᠭᠡᠨ ᠤᠮᠳᠠᠭ᠋ᠠᠨ᠎ᠤ ᠣᠷᠣᠯᠭ᠎ᠠ 111.1 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 2.1%᠎ᠪᠠᠷ ᠨᠡᠮᠡᠭᠳᠡᠪᠡ᠃
    ᠭᠤᠷᠪᠠ᠂ ᠨᠠᠢ᠍ᠮᠠᠨ ᠬᠤᠪᠢ᠎ᠠᠴᠠ ᠳᠡᠭᠡᠭᠰᠢᠬᠢ ᠲᠠᠸᠠᠷ᠎ᠤᠨ ᠵᠢᠵᠢᠭᠯᠡᠨ ᠪᠤᠷᠤᠯᠠᠭᠤᠯᠭ᠎ᠠ ᠶᠠᠪᠤᠳᠠᠯ ᠨᠡᠮᠡᠭᠳᠡᠯ ᠵᠶ᠋ᠠᠨ ᠪᠠᠲᠤᠯᠠᠪᠠ
    1 - 2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠲᠠᠸᠠᠷ᠎ᠤᠨ ᠵᠢᠵᠢᠭᠯᠡᠨ ᠪᠣᠷᠣᠯᠠᠭᠤᠯᠤᠯᠲᠠ 784.3 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.7%᠎ᠪᠠᠷ ᠨᠡᠮᠡᠭᠳᠡᠵᠦ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠡ ᠵᠢᠨ ᠲᠠᠸᠠᠷ᠎ᠤᠨ ᠵᠢᠵᠢᠭᠯᠡᠨ ᠪᠣᠷᠣᠯᠠᠭᠤᠯᠤᠯᠲᠠ ᠵᠢᠨ ᠨᠠᠢ᠍ᠮᠠᠨ ᠬᠤᠪᠢ ᠵᠢ ᠳᠠᠪᠠᠬᠤ ᠬᠠᠨᠳᠤᠰᠢ ᠢᠯᠡᠷᠡᠪᠡ᠃ ᠦᠨᠳᠦᠰᠦᠨ ᠠᠮᠢᠳᠤᠷᠠᠯ᠎ᠤᠨ ᠲᠥᠷᠥᠯ᠎ᠤᠨ ᠲᠠᠸᠠᠷ᠎ᠲᠤ᠂ ᠠᠮᠤ ᠲᠣᠰᠣ ᠢᠳᠡᠭᠡᠨ᠎ᠤ ᠲᠥᠷᠥᠯ᠂ ᠤᠮᠳᠠᠭ᠋ᠠᠨ᠎ᠤ ᠲᠥᠷᠥᠯ᠂ ᠠᠷᠢᠬᠢ ᠲᠠᠮᠠᠬᠢᠨ᠎ᠤ ᠲᠥᠷᠥᠯ᠂ ᠬᠤᠪᠴᠠᠰᠤ ᠬᠤᠨᠠᠷ ᠱᠠᠬᠠᠶ ᠮᠠᠯᠠᠭ᠋ᠠᠶ ᠵᠡᠭᠦᠦ ᠨᠡᠬᠡᠮᠡᠯ᠎ᠤᠨ ᠲᠥᠷᠥᠯ ᠪᠠ ᠡᠳᠦᠷ ᠲᠤᠲᠤᠮ᠎ᠤᠨ ᠬᠡᠷᠡᠭᠯᠡᠭᠡᠨ᠎ᠤ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠲᠣᠰ ᠲᠣᠰ 5.4%᠂ 6.3%᠂ 14.4%᠂ 3.9% ᠪᠠ 1.4%᠎ᠪᠠᠷ

ᠨᠡᠮᠡᠭᠳᠡᠪᠡ; ᠲᠠᠰ ᠳᠡᠪᠰᠢᠭᠦᠯᠬᠦ ᠲᠥᠷᠥᠯ᠎ᠤᠨ ᠲᠠᠸᠠᠷ᠎ᠤᠨ ᠳᠣᠲᠣᠷ᠎ᠠ᠂ ᠨᠣᠮ ᠰᠣᠨᠢᠨ ᠰᠡᠳᠬᠦᠯ᠎ᠤᠨ ᠲᠥᠷᠥᠯ᠂ ᠰᠣᠶᠣᠯ ᠠᠯᠪᠠᠨ ᠬᠡᠷᠡᠭᠰᠡᠯ᠎ᠤᠨ ᠲᠥᠷᠥᠯ ᠪᠠ ᠡᠯᠧᠺᠲᠷᠣᠨ ᠬᠡᠪᠯᠡᠭᠳᠡᠬᠦᠨ ᠵᠢᠴᠢ ᠲᠠᠭᠤ ᠳᠦᠷᠰᠦ ᠰᠢᠩᠭᠡᠭᠡᠯᠲᠡ ᠵᠢᠨ ᠦᠢ᠍ᠯᠡᠳᠬᠦᠨ᠎ᠤ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠲᠣᠰ ᠲᠣᠰ 34.7%᠂ 37.1% ᠪᠠ 57.9%᠎ᠪᠠᠷ ᠨᠡᠮᠡᠭᠳᠡᠪᠡ᠃
    ᠳᠥᠷᠪᠡ᠂ 《ᠬᠠᠭᠤᠴᠢᠨ ᠵᠶ᠋ᠠᠷ ᠰᠢᠨ᠎ᠡ ᠵᠢ ᠰᠣᠯᠢᠬᠤ》᠎ᠨᠢ ᠬᠡᠷᠡᠭᠯᠡᠭᠡᠨ᠎ᠤ ᠳᠠᠯᠳᠠ ᠴᠢᠳᠠᠪᠤᠷᠢ ᠵᠢ ᠪᠠᠳᠠᠷᠠᠭᠤᠯᠪᠠ
   ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠬᠦᠴᠦᠯᠡᠴᠡ᠎ᠪᠠᠨ ᠨᠡᠮᠡᠭᠳᠡᠭᠦᠯᠦᠨ ᠬᠦᠷᠢᠶ᠎ᠡ ᠬᠡᠪᠴᠢᠶ᠎ᠡ᠎ᠪᠠᠨ ᠥᠷᠭᠡᠳᠬᠡᠬᠦ ᠠᠷᠭ᠎ᠠ ᠬᠡᠮᠵᠢᠶ᠎ᠡ ᠵᠢᠨ ᠨᠠᠶ᠋ᠢᠳᠠᠪᠤᠷᠢᠵᠢᠭᠤᠯᠤᠭᠳᠠᠬᠤ ᠵᠢ ᠳᠠᠭ᠋ᠠᠯᠳᠤᠨ᠂ ᠣᠯᠠᠩᠬᠢ ᠬᠠᠮᠢᠶ᠎ᠠ ᠪᠦᠬᠦᠢ ᠲᠠᠸᠠᠷ᠎ᠤᠨ ᠪᠣᠷᠣᠯᠠᠭᠤᠯᠭ᠎ᠠ ᠰᠠᠶ᠋ᠢᠵᠢᠷᠠᠵᠠᠢ᠃ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠡ ᠵᠢᠨ ᠬᠡᠷ᠎ᠤᠨ ᠴᠠᠬᠢᠯᠭ᠋ᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠵᠢᠨ ᠪᠠᠭ᠋ᠠᠵᠢ ᠬᠡᠷᠡᠭᠰᠡᠯ᠎ᠤᠨ ᠲᠥᠷᠥᠯ᠂ ᠮᠡᠳᠡᠭᠡ ᠬᠣᠯᠪᠣᠭ᠋ᠠᠨ᠎ᠤ ᠪᠠᠭ᠋ᠠᠵᠢ ᠬᠡᠷᠡᠭᠰᠡᠯ᠎ᠤᠨ ᠲᠥᠷᠥᠯ᠂ ᠪᠠᠷᠢᠯᠭ᠎ᠠ ᠵᠢᠴᠢ ᠴᠢᠮᠡᠭᠯᠡᠯ᠎ᠤᠨ ᠮᠠᠲ᠋ᠧᠷᠢᠶᠠᠯ᠎ᠤᠨ ᠲᠥᠷᠥᠯ ᠪᠠ ᠮᠠᠰᠢᠨ ᠲᠡᠷᠭᠡᠨ᠎ᠤ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 22.5%᠂ 64.5%᠂ 75% ᠪᠠ 9.5%᠎ᠪᠠᠷ ᠨᠡᠮᠡᠭᠳᠡᠪᠡ᠃ ᠮᠠᠰᠢᠨ ᠲᠡᠷᠭᠡᠨ᠎ᠤ ᠲᠥᠷᠥᠯ᠎ᠤᠨ ᠲᠠᠸᠠᠷ᠎ᠲᠠᠬᠢ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 65.9%᠎ᠪᠠᠷ ᠨᠡᠮᠡᠭᠳᠡᠵᠦ᠂ ᠮᠠᠰᠢᠨ ᠲᠡᠷᠭᠡᠨ᠎ᠤ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ᠎ᠳᠤ ᠡᠵᠡᠯᠡᠬᠦ ᠬᠤᠪᠢ ᠵᠢᠨ ᠵᠢᠩ᠎ᠨᠢ 34.7% ᠪᠣᠯᠵᠣ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 11.8 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃

 


ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠤᠨ᠎ᠤ ᠲᠣᠭ᠎ᠠ ᠪᠦᠷᠢᠳᠭᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠰᠢᠨ᠎ᠡ᠎ᠪᠠᠷ ᠪᠠᠶ᠋ᠢᠭᠤᠯᠤᠭᠳᠠᠭᠰᠠᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠶᠡᠷᠦᠩᠬᠡᠶ ᠬᠡᠮᠵᠢᠶ᠎ᠡ ᠳᠠᠬᠢᠨ ᠰᠢᠨ᠎ᠡ ᠳᠡᠭᠲᠡᠷ᠎ᠲᠤ ᠭᠠᠷᠪᠠ
ᠥᠪᠥᠷ ᠮᠣᠩᠭᠣᠯ᠎ᠤᠨ ᠬᠣᠶᠠᠳᠤᠭ᠋ᠠᠷ᠂ ᠭᠤᠷᠪᠠᠳᠤᠭ᠋ᠠᠷ ᠠᠵᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠢᠯ ᠣᠯᠭᠣᠬᠤ ᠬᠡᠪᠴᠢᠶ᠎ᠡ ᠦᠷᠭᠦᠯᠵᠢᠯᠡᠨ ᠥᠷᠭᠡᠵᠢᠪᠡ
1-2 ᠳ᠋ᠤᠭ᠋ᠠᠷ ᠰᠠᠷ᠎ᠠ᠎ᠳᠤ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠶᠡᠷᠦᠩᠬᠡᠶ᠎ᠳᠡᠭᠡᠨ ᠲᠣᠭᠲᠠᠭᠤᠨ ᠪᠣᠯᠪᠠ
ᠥᠪᠥᠷ ᠮᠣᠩᠭᠣᠯ᠎ᠤᠨ ᠬᠣᠶᠠᠳᠤᠭ᠋ᠠᠷ᠂ ᠭᠤᠷᠪᠠᠳᠤᠭ᠋ᠠᠷ ᠠᠵᠤ ᠦᠢ᠍ᠯᠡᠰ᠎ᠤᠨ ᠨᠢᠭᠡᠴᠡ ᠵᠢᠨ ᠠᠵᠢᠯ ᠣᠯᠤᠭᠰᠠᠳ᠎ᠤᠨ ᠡᠵᠡᠯᠡᠬᠦ ᠬᠠᠷᠢᠴᠠᠯ ᠳᠡᠭᠡᠭᠰᠢᠯᠡᠪᠡ
ᠨᠢᠭᠡᠳᠦᠭᠡᠷ ᠤᠯᠠᠷᠢᠯ᠎ᠳᠤ ᠪᠥᠬᠦ ᠣᠷᠣᠨ᠎ᠤ ᠠᠵᠤ ᠠᠬᠤᠶ ᠲᠣᠭᠲᠠᠭᠤᠨ ᠵᠶ᠋ᠠᠷ ᠬᠥᠭᠵᠢᠪᠡ
 
            