ᠦᠪᠦᠷ ᠮᠣᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠲᠤᠭ᠎ᠠ ᠪᠦᠷᠢᠳᠭᠡᠯ᠎ᠤᠨ ᠲᠤᠪᠴᠢᠶ᠎ᠠ
ᠤᠯᠤᠰ᠎ᠤᠨ ᠲᠤᠭ᠎ᠠ ᠪᠦᠷᠢᠳᠭᠡᠯ᠎ᠤᠨ ᠲᠤᠪᠴᠢᠶᠠᠨ᠎ᠤ ᠦᠪᠦᠷ ᠮᠤᠩᠭᠤᠯ᠎ᠳᠠᠬᠢ ᠪᠠᠢ᠌ᠴᠠᠭ᠋ᠠᠯᠲᠠ ᠵᠢᠨ
ᠶᠡᠷᠦᠩᠬᠡᠢ ᠠᠩᠬᠢ
ᠨᠢᠭᠡᠳᠦᠭᠡᠷ ᠤᠯᠠᠷᠢᠯ᠎ᠳᠤ᠂ ᠰᠢ ᠵᠢᠨ ᠫᠢᠩ ᠨᠥᠬᠦᠷ ᠵᠶ᠋ᠠᠷ ᠭᠤᠣᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠪᠦᠬᠦ ᠣᠷᠣᠨ ᠳᠠᠶᠠᠭ᠋ᠠᠷ ᠵᠶ᠋ᠠᠨ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠦᠬᠦᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠬᠤᠶᠠᠷ ᠬᠤᠷᠠᠯ᠎ᠤᠨ ᠵᠣᠷᠢᠭ ᠰᠠᠨᠠᠭ᠎ᠠ ᠵᠢ ᠨᠠᠷᠢᠨ ᠬᠢᠨᠠᠮᠠᠭ᠋ᠠᠢ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠤᠣᠯ ᠰᠢᠵᠢᠮ ᠪᠣᠯᠭ᠋ᠠᠵᠤ᠂ ᠬᠤᠶᠠᠷ ᠶᠡᠭᠡ ᠶᠠᠪᠤᠳᠠᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ 《ᠵᠢᠷᠭᠤᠭ᠋ᠠᠨ ᠢᠨᠵᠧᠨᠧᠷᠢᠩ》᠎ᠢ ᠦᠷᠭᠦᠯᠵᠢᠯᠡᠨ ᠬᠡᠷᠡᠭᠵᠢᠭᠦᠯᠵᠦ᠂ 《ᠵᠢᠷᠭᠤᠭ᠋ᠠᠨ ᠠᠵᠢᠯᠯᠠᠭ᠎ᠠ》 ᠵᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠦᠯᠡᠳᠡᠭᠡᠯ ᠲᠦᠷᠦ ᠵᠢᠨ ᠪᠤᠳᠤᠯᠭ᠎ᠠ ᠪᠣᠯᠤᠨ ᠨᠡᠮᠡᠭᠳᠡᠯ᠎ᠤᠨ ᠲᠦᠷᠦ ᠵᠢᠨ ᠪᠤᠳᠤᠯᠭ᠎ᠠ ᠵᠢ ᠦᠷᠭᠦᠯᠵᠢᠯᠡᠨ ᠬᠦᠴᠦᠯᠡᠵᠦ ᠦᠷ᠎ᠡ ᠪᠦᠲᠦᠮᠵᠢ ᠵᠢ ᠢᠯᠡᠷᠡᠭᠦᠯᠵᠦ᠂ ᠦᠢ᠍ᠯᠡᠳᠪᠦᠷᠢᠯᠡᠯ ᠬᠠᠩᠭ᠋ᠠᠯᠭ᠎ᠠ ᠵᠢ ᠲᠣᠭᠲᠠᠭᠤᠨ ᠵᠶ᠋ᠠᠷ ᠨᠡᠮᠡᠭᠳᠡᠭᠦᠯᠵᠦ᠂ ᠬᠡᠷᠡᠭᠯᠡᠭᠡᠨ᠎ᠤ ᠠᠮᠢᠵᠢᠷᠠᠯ᠎ᠤᠨ ᠬᠦᠴᠦᠨ᠎ᠢ ᠦᠷᠭᠦᠯᠵᠢᠯᠡᠨ ᠴᠢᠩᠭ᠋ᠠᠷᠠᠭᠤᠯᠵᠤ᠂ ᠴᠢᠨᠠᠷ ᠰᠠᠶ᠋ᠢᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠵᠤ᠂ ᠠᠵᠤ ᠠᠬᠤᠢ ᠵᠢᠨ ᠠᠵᠢᠯᠯᠠᠭ᠋ᠠᠨ᠎ᠢ ᠲᠣᠭᠲᠠᠭᠤᠨ ᠡᠮᠬᠢ ᠵᠢᠷᠤᠮ᠎ᠲᠠᠢ ᠶᠠᠪᠤᠭᠳᠠᠭᠤᠯᠪᠠ᠃
ᠣᠷᠣᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠨᠢᠭᠡᠳᠦᠯᠲᠡᠶ ᠬᠠᠷᠭᠤᠭᠤᠯᠤᠨ ᠪᠣᠳᠣᠭᠰᠠᠨ ᠦᠷ᠎ᠡ ᠳ᠋ᠦᠩ᠎ᠢ ᠦᠨᠳᠦᠰᠦᠯᠡᠪᠡᠯ᠂ ᠨᠢᠭᠡᠳᠦᠭᠡᠷ ᠤᠯᠠᠷᠢᠯ᠎ᠳᠤ ᠪᠥᠬᠦ ᠣᠷᠣᠨ᠎ᠤ ᠣᠷᠣᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ 5816 ᠳ᠋ᠦᠩᠰᠢᠭᠤᠷ ᠲᠥᠭᠦᠷᠢᠭ᠎ᠲᠤ ᠬᠦᠷᠴᠦ᠂ ᠬᠤᠪᠢᠷᠠᠬᠤ ᠦᠭᠡᠢ ᠦᠨ᠎ᠡ᠎ᠪᠠᠷ ᠪᠤᠳᠤᠪᠠᠯ᠂ ᠠᠳᠠᠯᠢ ᠬᠤᠭᠤᠴᠠᠭ᠋ᠠᠨ᠎ᠤ᠎ᠬᠢ᠎ᠠᠴᠠ 5.4% ᠨᠡᠮᠡᠭᠳᠡᠪᠡ᠃ ᠠᠵᠤ ᠦᠢ᠍ᠯᠡᠰ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢ᠍ᠯᠡᠰ᠎ᠤᠨ ᠨᠡᠮᠡᠭᠳᠡᠯ ᠥᠷᠲᠡᠭ 177 ᠳ᠋ᠦᠩᠰᠢᠭᠤᠷ ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.2% ᠵᠶ᠋ᠠᠷ ᠨᠡᠮᠡᠭᠳᠡᠪᠡ; ᠬᠤᠶᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ 2547 ᠳ᠋ᠦᠩᠰᠢᠭᠤᠷ ᠲᠥᠭᠦᠷᠢᠭ᠎ᠲᠤ ᠬᠦᠷᠴᠦ᠂ 6.4%᠎ᠪᠠᠷ ᠨᠡᠮᠡᠭᠳᠡᠪᠡ; ᠭᠤᠷᠪᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ 3091 ᠳ᠋ᠦᠩᠰᠢᠭᠤᠷ ᠲᠥᠭᠦᠷᠢᠭ᠎ᠲᠤ ᠬᠦᠷᠴᠦ᠂ 4.6%᠎ᠪᠠᠷ ᠨᠡᠮᠡᠭᠳᠡᠪᠡ᠃
ᠨᠢᠭᠡ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠪᠠᠶ᠋ᠢᠳᠠᠯ ᠰᠠᠶ᠋ᠢᠨ ᠪᠠᠶ᠋ᠢᠵᠤ᠂ ᠮᠠᠯ ᠠᠵᠤ ᠠᠬᠤᠶ ᠶᠡᠷᠦᠩᠬᠡᠶ᠎ᠳᠡᠭᠡᠨ ᠲᠣᠭᠲᠠᠭᠤᠨ ᠪᠠᠶ᠋ᠢᠨ᠎ᠠ
ᠨᠢᠭᠡᠳᠦᠭᠡᠷ ᠤᠯᠠᠷᠢᠯ᠎ᠳᠤ᠂ ᠪᠥᠬᠦ ᠣᠷᠣᠨ᠎ᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭ᠋ᠠᠰᠤᠨ ᠠᠵᠤ ᠠᠬᠤᠶ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 5.3%᠎ᠪᠠᠷ ᠨᠡᠮᠡᠭᠳᠡᠪᠡ᠃ ᠬᠠᠪᠤᠷ᠎ᠤᠨ ᠲᠠᠷᠢᠶᠠᠯᠠᠭ᠎ᠠ ᠵᠢᠨ ᠪᠡᠯᠡᠳᠬᠡᠯ ᠠᠵᠢᠯ᠎ᠢ ᠡᠮᠬᠢ ᠵᠢᠷᠤᠮ᠎ᠲᠠᠢ ᠠᠬᠢᠭᠤᠯᠵᠤ᠂ ᠲᠠᠷᠢᠶᠠᠯᠠᠩ᠎ᠤᠨ ᠮᠠᠰᠢᠨ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠬᠡᠷᠡᠭᠰᠡᠯ᠎ᠤᠨ ᠪᠠᠲᠤᠯᠠᠭ᠎ᠠ ᠭᠦᠢ᠍ᠴᠡᠳ ᠪᠠᠶ᠋ᠢᠨ᠎ᠠ᠃ ᠨᠢᠭᠡᠳᠦᠭᠡᠷ ᠤᠯᠠᠷᠢᠯ᠎ᠳᠤ᠂ ᠪᠥᠬᠦ ᠣᠷᠣᠨ᠎ᠤ ᠭᠠᠭ᠍ᠠᠶ ᠦᠬᠡᠷ ᠬᠤᠨᠢ ᠵᠢᠭᠦᠷᠲᠡᠨ᠎ᠤ ᠮᠢᠬᠠᠨ᠎ᠤ ᠭᠠᠷᠤᠯᠲᠠ 45.9 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 4.3%᠎ᠪᠠᠷ ᠨᠡᠮᠡᠭᠳᠡᠪᠡ᠃ ᠡᠭᠦᠨ᠎ᠳᠤ ᠦᠬᠡᠷ᠎ᠤᠨ ᠮᠢᠬ᠎ᠠ᠂ ᠬᠤᠨᠢᠨ ᠮᠢᠬᠠᠨ᠎ᠤ ᠭᠠᠷᠤᠯᠲᠠ ᠲᠣᠰ ᠲᠣᠰ 9.5% ᠪᠠ 9.6% ᠨᠡᠮᠡᠭᠳᠡᠪᠡ᠃ ᠰᠦ ᠵᠢᠨ ᠭᠠᠷᠤᠯᠲᠠ 0.8 ᠨᠡᠮᠡᠭᠳᠡᠪᠡ᠃ ᠨᠢᠭᠡᠳᠦᠭᠡᠷ ᠤᠯᠠᠷᠢᠯ᠎ᠤᠨ ᠡᠴᠦᠰ᠎ᠲᠤ᠂ ᠪᠥᠬᠦ ᠣᠷᠣᠨ᠎ᠤ ᠭᠠᠭ᠍ᠠᠶ ᠵᠢᠨ ᠲᠤᠭ᠎ᠠ ᠲᠣᠯᠣᠭ᠋ᠠᠢ 623.7 ᠲᠦᠮᠡ᠎ᠳᠤ ᠬᠦᠷᠴᠦ᠂ 5.3%᠎ᠪᠠᠷ ᠨᠡᠮᠡᠭᠳᠡᠪᠡ; ᠦᠬᠡᠷ᠎ᠤᠨ ᠲᠤᠭ᠎ᠠ ᠲᠣᠯᠣᠭ᠋ᠠᠢ 946.2 ᠲᠦᠮᠡ᠎ᠳᠤ ᠬᠦᠷᠴᠦ᠂ 0.4%᠎ᠪᠠᠷ
ᠪᠠᠭᠤᠷᠠᠪᠠ; ᠬᠤᠨᠢᠨ᠎ᠤ ᠲᠤᠭ᠎ᠠ ᠲᠣᠯᠣᠭ᠋ᠠᠢ 6486.5 ᠲᠦᠮᠡ᠎ᠳᠤ ᠬᠦᠷᠴᠦ᠂ 6.6%᠎ᠪᠠᠷ ᠪᠠᠭᠤᠷᠠᠪᠠ᠃
ᠬᠣᠶᠠᠷ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠲᠣᠭᠲᠠᠭᠤᠨ ᠵᠶ᠋ᠠᠷ ᠨᠡᠮᠡᠭᠳᠡᠵᠦ᠂ ᠲᠣᠨᠣᠭᠯᠠᠯ ᠦᠢ᠍ᠯᠡᠳᠬᠦ ᠦᠢ᠍ᠯᠡᠰ ᠪᠣᠯᠤᠨ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ ᠨᠡᠯᠢᠶᠡᠳ ᠲᠦᠷᠭᠡᠨ ᠨᠡᠮᠡᠭᠳᠡᠪᠡ
ᠨᠢᠭᠡᠳᠦᠭᠡᠷ ᠤᠯᠠᠷᠢᠯ᠎ᠳᠤ᠂ ᠪᠥᠬᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 7.0% ᠨᠡᠮᠡᠭᠳᠡᠪᠡ᠃ ᠭᠤᠷᠪᠠᠨ ᠲᠣᠮᠣ ᠲᠥᠷᠥᠯ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 4.9% ᠨᠡᠮᠡᠭᠳᠡᠵᠦ᠂ ᠦᠢ᠍ᠯᠡᠳᠬᠦ ᠦᠢ᠍ᠯᠡᠰ 10.7% ᠨᠡᠮᠡᠭᠳᠡᠵᠦ᠂ ᠴᠠᠬᠢᠯᠭ᠋ᠠᠨ ᠬᠦᠴᠦᠨ᠂ ᠢᠯᠴᠢ ᠵᠢᠨ
ᠬᠦᠴᠦᠨ᠂ ᠰᠢᠲᠠᠮᠠᠬᠠᠶ ᠬᠡᠶ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ 6.2% ᠨᠡᠮᠡᠭᠳᠡᠪᠡ᠃ ᠲᠣᠨᠤᠭ ᠲᠥᠬᠦᠭᠡᠷᠦᠮᠵᠢ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 32.5%᠎ᠪᠠᠷ ᠨᠡᠮᠡᠭᠳᠡᠵᠦ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ 23.1%᠎ᠪᠠᠷ ᠨᠡᠮᠡᠭᠳᠡᠪᠡ᠃ ᠠᠵᠤ ᠠᠬᠤᠶ ᠵᠢᠨ ᠲᠦᠷᠦᠯ ᠬᠡᠯᠪᠡᠷᠢ᠎ᠪᠠᠷ ᠦᠵᠡᠪᠡᠯ᠂ ᠤᠯᠤᠰ᠎ᠤᠨ ᠥᠮᠴᠢᠯᠡᠯ᠎ᠤᠨ ᠬᠤᠪᠢ ᠡᠵᠡᠮᠳᠡᠭᠰᠡᠨ ᠠᠵᠤ ᠠᠬᠤᠶ᠋ᠢᠯᠠᠯ᠎ᠤᠨ ᠨᠡᠮᠡᠭᠳᠡᠯ ᠦᠷᠳᠡᠭ ᠠᠳᠠᠯᠢ ᠬᠤᠭᠤᠴᠠᠭ᠋ᠠᠨ᠎ᠤ᠎ᠬᠢ᠎ᠠᠴᠠ 7.1%᠎ᠪᠠᠷ
ᠨᠡᠮᠡᠭᠳᠡᠪᠡ; ᠬᠤᠪᠢ ᠣᠷᠣᠭᠤᠯᠤᠭᠰᠠᠨ ᠳᠦᠷᠢᠮᠲᠦ ᠠᠵᠤ ᠠᠬᠤᠶ᠋ᠢᠯᠠᠯ 6.7%᠎ᠪᠠᠷ ᠨᠡᠮᠡᠭᠳᠡᠵᠦ᠂ ᠭᠠᠳᠠᠭ᠋ᠠᠳᠤ ᠵᠢᠨ ᠬᠤᠳᠠᠯᠳᠤᠭ᠋ᠠᠴᠢᠨ ᠵᠢᠴᠢ ᠰᠢᠶᠠᠩᠭ᠋ᠠᠩ ᠣᠣᠮᠧᠨ ᠲᠠᠶ᠋ᠢᠸᠠᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ 9.6%᠎ᠪᠠᠷ ᠨᠡᠮᠡᠭᠳᠡᠪᠡ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠭᠤᠤᠯ ᠪᠣᠯᠬᠤ ᠦᠢ᠍ᠯᠡᠳᠬᠦᠨ᠎ᠤ ᠭᠠᠷᠤᠯᠲᠠ᠎ᠠᠴᠠ ᠦᠵᠡᠪᠡᠯ᠂ ᠲᠦᠭᠦᠬᠡᠶ ᠨᠡᠭᠦᠷᠡᠰᠦᠨ᠎ᠤ ᠭᠠᠷᠤᠯᠲᠠ 3.3 ᠳ᠋ᠦᠩᠰᠢᠭᠤᠷ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 1.9%᠎ᠪᠠᠷ ᠨᠡᠮᠡᠭᠳᠡᠪᠡ; ᠴᠠᠬᠢᠯᠭ᠋ᠠᠨ ᠭᠠᠷᠭ᠋ᠠᠭᠰᠠᠨ ᠬᠡᠮᠵᠢᠶ᠎ᠡ 2044.5 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ 1.3%᠎ᠪᠠᠷ ᠨᠡᠮᠡᠭᠳᠡᠪᠡ᠃ ᠡᠭᠦᠨ᠎ᠳᠤ᠂ ᠰᠠᠯᠬᠢᠨ ᠬᠦᠴᠦᠨ ᠵᠶ᠋ᠠᠷ ᠴᠠᠬᠢᠯᠭ᠋ᠠᠨ ᠭᠠᠷᠭ᠋ᠠᠭᠰᠠᠨ ᠬᠡᠮᠵᠢᠶ᠎ᠡ 550.4 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ 31.4%᠎ᠪᠠᠷ ᠨᠡᠮᠡᠭᠳᠡᠪᠡ; ᠴᠠᠭ᠋ᠠᠨ ᠢᠳᠡᠭᠡᠨ᠎ᠤ ᠭᠠᠷᠤᠯᠲᠠ 114.2 ᠲᠦᠮᠡᠨ ᠲᠣᠨ᠎ᠳᠤ ᠬᠦᠷᠴᠦ᠂ 4.1%᠎ᠪᠠᠷ ᠨᠡᠮᠡᠭᠳᠡᠪᠡ; ᠪᠣᠯᠣᠳ ᠮᠠᠲ᠋ᠧᠷᠢᠶᠠᠯ᠎ᠤᠨ ᠭᠠᠷᠤᠯᠲᠠ 903.2 ᠲᠦᠮᠡᠨ ᠲᠣᠨ᠎ᠳᠤ ᠬᠦᠷᠴᠦ᠂ 5.7%᠎ᠪᠠᠷ ᠨᠡᠮᠡᠭᠳᠡᠪᠡ; ᠮᠠᠰᠢᠨ ᠲᠡᠷᠭᠡᠨ᠎ᠤ ᠭᠠᠷᠤᠯᠲᠠ 3.0 ᠲᠦᠮᠡ᠎ᠳᠤ ᠬᠦᠷᠴᠦ᠂ 38.3%᠎ᠪᠠᠷ ᠨᠡᠮᠡᠭᠳᠡᠪᠡ᠃ 1 - 2 ᠳ᠋ᠤᠭ᠋ᠠᠷ ᠰᠠᠷ᠎ᠠ᠎ᠳᠤ᠂ ᠪᠦᠬᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠣᠷᠣᠯᠭ᠎ᠠ 4448.2 ᠳ᠋ᠦᠩᠰᠢᠭᠤᠷ ᠲᠥᠭᠦᠷᠢᠭ᠎ᠲᠤ ᠬᠦᠷᠴᠦ᠂ ᠪᠡᠶᠡᠯᠡᠭᠦᠯᠦᠭᠰᠡᠨ ᠠᠰᠢᠭ ᠬᠤᠨᠵᠢᠪᠣᠷᠢ ᠵᠢᠨ ᠶᠡᠷᠦᠩᠬᠡᠶ ᠲᠤᠭ᠎ᠠ 407.2 ᠳ᠋ᠦᠩᠰᠢᠭᠤᠷ ᠲᠥᠭᠦᠷᠢᠭ᠎ᠲᠤ ᠬᠦᠷᠪᠡ᠃
ᠭᠤᠷᠪᠠ᠂ ᠦᠢ᠍ᠯᠡᠴᠢᠯᠡᠭᠡᠨ᠎ᠤ ᠦᠢ᠍ᠯᠡᠰ ᠦᠷᠭᠦᠯᠵᠢᠯᠡᠨ ᠳᠡᠭᠡᠭᠰᠢᠯᠡᠵᠦ᠂ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠰᠠᠶ᠋ᠢᠨ ᠪᠠᠶ᠋ᠢᠨ᠎ᠠ
ᠨᠢᠭᠡᠳᠦᠭᠡᠷ ᠤᠯᠠᠷᠢᠯ᠎ᠳᠤ᠂ ᠪᠥᠬᠦ ᠣᠷᠣᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 4.6%᠎ᠪᠠᠷ ᠨᠡᠮᠡᠭᠳᠡᠪᠡ᠃ ᠡᠭᠦᠨ᠎ᠳᠤ᠂ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 4.7%᠎ᠪᠠᠷ ᠨᠡᠮᠡᠭᠳᠡᠵᠦ᠂ ᠵᠠᠮ ᠲᠡᠭᠡᠭᠡᠪᠦᠷᠢ᠂ ᠬᠥᠮᠥᠷᠭᠡᠯᠡᠨ ᠬᠠᠳᠠᠭ᠋ᠠᠯᠠᠬᠤ ᠪᠠ ᠰᠢᠤᠳᠠᠨ᠎ᠤ ᠦᠢ᠍ᠯᠡᠰ 4.5%᠎ᠪᠠᠷ ᠨᠡᠮᠡᠭᠳᠡᠵᠦ᠂ ᠬᠤᠨᠤᠭ ᠪᠠᠭᠤᠳᠠᠯ ᠪᠠ ᠢᠳᠡᠭᠡᠨ ᠤᠮᠳᠠᠭ᠋ᠠᠨ᠎ᠤ ᠦᠢ᠍ᠯᠡᠰ 4.4%᠎ᠪᠠᠷ ᠨᠡᠮᠡᠭᠳᠡᠪᠡ᠃ 1 - 2 ᠳ᠋ᠤᠭ᠋ᠠᠷ ᠰᠠᠷ᠎ᠠ᠎ᠳᠤ᠂ ᠪᠥᠬᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ᠎ᠤᠨ ᠡᠵᠡᠩᠨᠡᠯᠲᠡ ᠵᠢᠨ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 4.0% ᠨᠡᠮᠡᠭᠳᠡᠪᠡ᠃ ᠪᠥᠬᠦ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ᠎ᠤᠨ 10 ᠠᠵᠢᠯ ᠲᠥᠷᠥᠯ᠎ᠤᠨ ᠳᠣᠲᠣᠷ᠎ᠠ᠂ 8 ᠠᠵᠢᠯ ᠲᠥᠷᠥᠯ᠎ᠤᠨ ᠡᠵᠡᠩᠨᠡᠯᠲᠡ ᠵᠢᠨ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ ᠨᠡᠮᠡᠭᠳᠡᠪᠡ᠃ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠨᠡᠯᠢᠶᠡᠳ ᠲᠦᠷᠭᠡᠨ ᠨᠡᠮᠡᠭᠳᠡᠵᠦ᠂ ᠲᠦᠷᠢᠶᠡᠰᠦᠯᠡᠬᠦ ᠪᠠ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠡᠵᠡᠩᠨᠡᠯᠲᠡ ᠵᠢᠨ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 9.5%᠎ᠪᠠᠷ ᠨᠡᠮᠡᠭᠳᠡᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ 26.7%᠎ᠪᠠᠷ ᠨᠡᠮᠡᠭᠳᠡᠪᠡ᠃
ᠳᠥᠷᠪᠡ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠲᠦᠷᠭᠡᠨ ᠨᠡᠮᠡᠭᠳᠡᠬᠦ ᠵᠢ ᠪᠠᠲᠤᠯᠠᠵᠤ᠂ ᠨᠢᠭᠡᠳᠦᠭᠡᠷ ᠠᠵᠤ ᠦᠢ᠍ᠯᠡᠰ᠎ᠤᠨ ᠪᠡᠯᠡ ᠣᠷᠣᠭᠤᠯᠤᠯᠲᠠ ᠵᠢᠨ ᠨᠡᠮᠡᠭᠳᠡᠯ᠎ᠤᠨ ᠬᠠᠨᠳᠤᠰᠢ ᠬᠦᠴᠦᠲᠡᠶ ᠪᠠᠶ᠋ᠢᠨ᠎ᠠ
ᠨᠢᠭᠡᠳᠦᠭᠡᠷ ᠤᠯᠠᠷᠢᠯ᠎ᠳᠤ᠂ ᠪᠥᠬᠦ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠥᠬᠡᠶ) ᠠᠳᠠᠯᠢ ᠬᠤᠭᠤᠴᠠᠭ᠋ᠠᠨ᠎ᠤ᠎ᠬᠢ᠎ᠠᠴᠠ 20.0% ᠨᠡᠮᠡᠭᠳᠡᠪᠡ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠰᠠᠭᠤᠷᠢ ᠪᠡᠯᠡᠳᠬᠡᠮᠵᠢ ᠵᠢᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 43.3% ᠨᠡᠮᠡᠭᠳᠡᠵᠦ᠂ ᠠᠵᠤ ᠦᠢ᠍ᠯᠡᠳᠪᠦᠷᠢ ᠵᠢᠨ ᠪᠠᠯᠠ ᠣᠷᠣᠭᠤᠯᠤᠯᠲᠠ 17.9% ᠨᠡᠮᠡᠭᠳᠡᠵᠦ᠂ ᠬᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠪᠠᠯᠠ ᠣᠷᠣᠭᠤᠯᠤᠯᠲᠠ 0.2% ᠪᠠᠭᠤᠷᠠᠪᠠ᠃ ᠠᠵᠤ ᠦᠢ᠍ᠯᠡᠰ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢ᠍ᠯᠡᠰ᠎ᠤᠨ ᠪᠡᠯᠡ ᠣᠷᠣᠭᠤᠯᠤᠯᠲᠠ 102.4% ᠨᠡᠮᠡᠭᠳᠡᠪᠡ; ᠬᠤᠶᠠᠳᠤᠭ᠋ᠠᠷ ᠠᠵᠤ ᠦᠢ᠍ᠯᠡᠰ᠎ᠤᠨ ᠪᠡᠯᠡ ᠣᠷᠣᠭᠤᠯᠤᠯᠲᠠ 17.9% ᠨᠡᠮᠡᠭᠳᠡᠪᠡ; ᠭᠤᠷᠪᠠᠳᠤᠭ᠋ᠠᠷ ᠠᠵᠤ ᠦᠢ᠍ᠯᠡᠰ᠎ᠤᠨ ᠪᠡᠯᠡ ᠣᠷᠣᠭᠤᠯᠤᠯᠲᠠ 14.3% ᠨᠡᠮᠡᠭᠳᠡᠪᠡ᠃
ᠲᠠᠪᠤ᠂ ᠵᠠᠬ᠎ᠠ ᠳᠡᠯᠭᠡᠭᠦᠷ᠎ᠤᠨ ᠪᠣᠷᠣᠯᠠᠭᠤᠯᠭ᠎ᠠ ᠲᠣᠭᠲᠠᠭᠤᠨ ᠵᠶ᠋ᠠᠷ ᠲᠦᠷᠭᠡᠳᠴᠦ᠂ ᠬᠠᠭᠤᠴᠢᠨ ᠵᠶ᠋ᠠᠷ ᠰᠢᠨ᠎ᠡ ᠵᠢ ᠰᠣᠯᠢᠬᠤ ᠬᠠᠮᠢᠶ᠎ᠠ ᠪᠥᠬᠦᠶ ᠲᠠᠸᠠᠷ᠎ᠤᠨ ᠪᠣᠷᠣᠯᠠᠭᠤᠯᠭ᠎ᠠ ᠰᠠᠶ᠋ᠢᠨ ᠪᠠᠶ᠋ᠢᠨ᠎ᠠ
ᠨᠢᠭᠡᠳᠦᠭᠡᠷ ᠤᠯᠠᠷᠢᠯ᠎ᠳᠤ᠂ ᠪᠥᠬᠦ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠪᠥᠬᠦ ᠲᠤᠭ᠎ᠠ 1302.1 ᠳ᠋ᠦᠩᠰᠢᠭᠤᠷ ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 6.7%᠎ᠪᠠᠷ ᠨᠡᠮᠡᠭᠳᠡᠪᠡ᠃ ᠡᠵᠡᠩᠨᠡᠯᠲᠡ ᠵᠢᠨ ᠨᠢᠭᠡᠴᠡ ᠵᠢᠨ ᠪᠠᠶ᠋ᠢᠭ᠎ᠠ ᠭᠠᠵᠠᠷ ᠵᠶ᠋ᠠᠷ᠎ᠨᠢ ᠬᠤᠪᠢᠶᠠᠪᠠᠯ᠂ ᠬᠤᠲᠠ ᠪᠠᠯᠭ᠋ᠠᠰᠤᠨ᠎ᠤ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 6.6%᠎ᠪᠠᠷ ᠨᠡᠮᠡᠭᠳᠡᠵᠦ᠂ ᠬᠥᠳᠡᠭᠡ ᠲᠣᠰᠬᠤᠨ᠎ᠤ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠤᠭ᠎ᠠ 7.2% ᠵᠶ᠋ᠠᠷ ᠨᠡᠮᠡᠭᠳᠡᠪᠡ᠃ ᠬᠡᠷᠡᠭᠯᠡᠭᠡᠨ᠎ᠤ ᠲᠥᠷᠥᠯ ᠬᠡᠯᠪᠡᠷᠢ᠎ᠪᠠᠷ ᠬᠤᠪᠢᠶᠠᠪᠠᠯ᠂ ᠢᠳᠡᠭᠡᠨ ᠤᠮᠳᠠᠭ᠋ᠠᠨ᠎ᠤ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 3.4%᠎ᠪᠠᠷ ᠨᠡᠮᠡᠭᠳᠡᠵᠦ᠂ ᠲᠠᠸᠠᠷ᠎ᠤᠨ ᠵᠢᠵᠢᠭᠯᠡᠨ ᠪᠣᠷᠣᠯᠠᠭᠤᠯᠬᠤ ᠬᠡᠮᠵᠢᠶ᠎ᠡ 7.2% ᠵᠶ᠋ᠠᠷ ᠨᠡᠮᠡᠭᠳᠡᠪᠡ᠃ ᠬᠡᠷᠡᠭᠯᠡᠭᠡ ᠵᠢᠨ ᠵᠦᠢ᠍ᠯᠡᠰ᠎ᠢ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ ᠦᠷᠭᠦᠯᠵᠢᠯᠡᠨ ᠢᠯᠡᠷᠬᠡᠶ ᠪᠠᠶ᠋ᠢᠵᠤ᠂ ᠬᠢᠵᠠᠭ᠋ᠠᠷᠯᠠᠭᠰᠠᠨ ᠲᠤᠭ᠎ᠠ᠎ᠠᠴᠠ ᠳᠡᠭᠡᠭᠰᠢᠬᠢ ᠨᠢᠭᠡᠴᠢ ᠮᠠᠰᠢᠨ ᠲᠡᠷᠭᠡᠨ᠎ᠤ ᠲᠥᠷᠥᠯ᠂ ᠬᠡᠷ᠎ᠤᠨ ᠴᠠᠬᠢᠯᠭ᠋ᠠᠨ ᠬᠡᠷᠡᠭᠰᠡᠯ ᠪᠠ ᠳᠠᠭᠤ ᠳᠦᠷᠰᠦ ᠰᠢᠩᠭᠡᠭᠡᠯᠲᠡ ᠵᠢᠨ ᠪᠠᠭ᠋ᠠᠵᠢ ᠬᠡᠷᠡᠭᠰᠡᠯ᠎ᠤᠨ ᠲᠥᠷᠥᠯ᠂ ᠴᠢᠮᠡᠭᠡ ᠬᠤᠯᠪᠣᠭ᠋ᠠᠨ᠎ᠤ ᠪᠠᠭ᠋ᠠᠵᠢ ᠬᠡᠷᠡᠭᠰᠡᠯ᠎ᠤᠨ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ ᠲᠣᠰ ᠲᠣᠰ 21.9%᠂ 35.4% ᠪᠠ 79.6%᠎ᠪᠠᠷ ᠨᠡᠮᠡᠭᠳᠡᠪᠡ᠃ ᠡᠭᠦᠨ᠎ᠳᠤ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠬᠡᠮᠵᠢᠶ᠎ᠡ 80.6%᠎ᠪᠠᠷ ᠨᠡᠮᠡᠭᠳᠡᠪᠡ᠃
ᠵᠢᠷᠭᠤᠭ᠎ᠠ᠂ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ ᠳᠣᠤᠷ᠎ᠠ ᠪᠠᠶ᠋ᠢᠷᠢᠨ᠎ᠳᠤ ᠣᠷᠣᠰᠢᠵᠤ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢ ᠵᠢᠨ ᠦᠨ᠎ᠡ ᠪᠠᠭᠤᠷᠠᠪᠠ
ᠨᠢᠭᠡᠳᠦᠭᠡᠷ ᠤᠯᠠᠷᠢᠯ᠎ᠳᠤ᠂ ᠪᠥᠬᠦ ᠣᠷᠣᠨ᠎ᠤ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ (CPI) ᠠᠳᠠᠯᠢ ᠬᠤᠭᠤᠴᠠᠭ᠋ᠠᠨ᠎ᠤ᠎ᠬᠢ᠎ᠠᠴᠠ 0.6%᠎ᠪᠠᠷ ᠪᠠᠭᠤᠷᠠᠪᠠ᠃ ᠲᠥᠷᠥᠯ ᠬᠤᠪᠢᠶᠠᠨ ᠦᠵᠡᠪᠡᠯ᠂ ᠢᠳᠡᠭᠡᠨ ᠪᠠ ᠠᠷᠢᠬᠢ ᠲᠠᠮᠠᠬᠢᠨ᠎ᠤ ᠦᠨ᠎ᠡ ᠬᠠᠩᠰᠢ ᠠᠳᠠᠯᠢ ᠬᠤᠭᠤᠴᠠᠭ᠋ᠠᠨ᠎ᠤ᠎ᠬᠢ᠎ᠠᠴᠠ 2.0% ᠪᠠᠭᠤᠷᠠᠵᠤ᠂ ᠬᠤᠪᠴᠠᠰᠤ ᠬᠤᠨᠠᠷ᠎ᠤᠨ ᠦᠨ᠎ᠡ ᠬᠠᠩᠰᠢ 0.5% ᠥᠰᠴᠦ᠂ ᠣᠷᠣᠨ ᠰᠠᠭᠤᠴᠠ ᠵᠢᠨ ᠦᠨ᠎ᠡ ᠬᠠᠩᠰᠢ ᠠᠳᠠᠯᠢ ᠬᠤᠭᠤᠴᠠᠭ᠋ᠠᠨ᠎ᠤ᠎ᠬᠢ᠎ᠲᠠᠢ ᠠᠳᠠᠯᠢ ᠪᠠᠶ᠋ᠢᠵᠤ᠂ ᠠᠮᠢᠳᠤᠷᠠᠯ᠎ᠤᠨ ᠬᠡᠷᠡᠭᠰᠡᠯ ᠵᠢᠴᠢ ᠦᠢ᠍ᠯᠡᠴᠢᠯᠡᠭᠡᠨ᠎ᠤ ᠦᠨ᠎ᠡ ᠬᠠᠩᠰᠢ 0.8% ᠥᠰᠴᠦ᠂ ᠵᠠᠮ ᠬᠠᠷᠢᠯᠴᠠᠭ᠎ᠠ ᠴᠢᠮᠡᠭᠡ ᠬᠤᠯᠪᠣᠭ᠋ᠠᠨ᠎ᠤ ᠦᠨ᠎ᠡ ᠬᠠᠩᠰᠢ 2.2% ᠪᠠᠭᠤᠷᠠᠵᠤ᠂ ᠰᠤᠷᠭ᠋ᠠᠨ ᠬᠥᠮᠦᠵᠢᠯ ᠰᠣᠶᠣᠯ ᠴᠡᠩᠭᠡᠯ᠎ᠤᠨ ᠦᠨ᠎ᠡ ᠬᠠᠩᠰᠢ 0.2% ᠪᠠᠭᠤᠷᠠᠵᠤ᠂ ᠡᠮᠴᠢᠯᠡᠭᠡ ᠡᠷᠡᠭᠦᠯᠵᠢᠯ᠎ᠤᠨ ᠦᠨ᠎ᠡ ᠬᠠᠩᠰᠢ 0.2% ᠪᠠᠭᠤᠷᠠᠵᠤ᠂ ᠪᠤᠰᠤᠳ ᠬᠡᠷᠡᠭᠰᠡᠯ ᠵᠢᠴᠢ ᠦᠢ᠍ᠯᠡᠴᠢᠯᠡᠭᠡᠨ᠎ᠤ ᠦᠨ᠎ᠡ ᠬᠠᠩᠰᠢ 7.5% ᠥᠰᠴᠡᠢ᠃ ᠨᠢᠭᠡᠳᠦᠭᠡᠷ ᠤᠯᠠᠷᠢᠯ᠎ᠳᠤ᠂ ᠪᠥᠬᠦ ᠣᠷᠣᠨ᠎ᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ ᠠᠳᠠᠯᠢ ᠬᠤᠭᠤᠴᠠᠭ᠋ᠠᠨ᠎ᠤ᠎ᠬᠢ᠎ᠠᠴᠠ 5.7%᠎ᠪᠠᠷ ᠪᠠᠭᠤᠷᠠᠵᠤ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢ ᠵᠢᠨ ᠬᠤᠳᠠᠯᠳᠤᠨ ᠠᠪᠬᠤ ᠦᠨ᠎ᠡ ᠠᠳᠠᠯᠢ ᠬᠤᠭᠤᠴᠠᠭ᠋ᠠᠨ᠎ᠤ᠎ᠬᠢ᠎ᠠᠴᠠ 4.9%᠎ᠪᠠᠷ ᠪᠠᠭᠤᠷᠠᠪᠠ᠃
ᠳᠣᠯᠤᠭ᠎ᠠ᠂ ᠰᠠᠭᠤᠭ᠋ᠠᠯᠢ ᠠᠷᠠᠳ᠎ᠤᠨ ᠣᠷᠣᠯᠭ᠎ᠠ ᠲᠣᠭᠲᠠᠭᠤᠨ ᠵᠶ᠋ᠠᠷ ᠨᠡᠮᠡᠭᠳᠡᠵᠦ᠂ ᠬᠥᠳᠡᠭᠡ ᠲᠣᠰᠬᠤᠨ᠎ᠤ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ ᠬᠤᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠠᠴᠠ ᠲᠦᠷᠭᠡᠳᠪᠡ
ᠨᠢᠭᠡᠳᠦᠭᠡᠷ ᠤᠯᠠᠷᠢᠯ᠎ᠳᠤ᠂ ᠪᠥᠬᠦ ᠣᠷᠣᠨ᠎ᠤ ᠪᠥᠬᠦ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 11303 ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.3%᠎ᠪᠠᠷ ᠨᠡᠮᠡᠭᠳᠡᠪᠡ᠃ ᠪᠠᠶ᠋ᠢᠩᠭᠤ ᠰᠠᠭᠤᠭ᠎ᠠ ᠭᠠᠵᠠᠷ ᠵᠶ᠋ᠠᠷ᠎ᠨᠢ ᠬᠤᠪᠢᠶᠠᠪᠠᠯ᠂ ᠬᠤᠲᠠ ᠪᠠᠯᠭ᠋ᠠᠰᠤ ᠵᠢᠨ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 13984 ᠲᠥᠭᠦᠷᠢᠭ᠎ᠲᠤ
ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 4.7%᠎ᠪᠠᠷ ᠨᠡᠮᠡᠭᠳᠡᠪᠡ; ᠮᠠᠯᠵᠢᠬᠤ ᠲᠠᠷᠢᠶᠠᠯᠠᠬᠤ ᠣᠷᠣᠨ᠎ᠤ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 6950 ᠲᠥᠭᠦᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.7%᠎ᠪᠠᠷ ᠨᠡᠮᠡᠭᠳᠡᠪᠡ᠃ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠬᠠᠷᠢᠴᠠᠯ᠎ᠨᠢ 2.01 ᠪᠠᠶ᠋ᠢᠵᠤ᠂ ᠲᠦᠷᠦᠭᠦᠦ ᠵᠢᠯ᠎ᠤᠨ ᠠᠳᠠᠯᠢ ᠬᠤᠭᠤᠴᠠᠭ᠋ᠠᠨ᠎ᠠᠴᠠ 0.02 ᠪᠠᠭ᠋ᠠᠰᠴᠠᠢ᠃
ᠶᠡᠷᠦᠩᠬᠡᠢ᠎ᠳᠤ᠎ᠨᠢ ᠠᠪᠴᠤ ᠦᠵᠡᠪᠡᠯ᠂ ᠡᠯ᠎ᠡ ᠵᠦᠢ᠍ᠯ᠎ᠤᠨ ᠬᠣᠷᠸ᠎ᠠ ᠲᠥᠷᠥ ᠵᠢᠨ ᠪᠣᠳᠣᠯᠭ᠎ᠠ ᠵᠢᠨ ᠦᠷᠭᠦᠯᠵᠢᠯᠡᠨ ᠬᠦᠴᠦᠯᠡᠬᠦ ᠵᠢ ᠳᠠᠭ᠋ᠠᠯᠳᠤᠨ᠂ ᠨᠢᠭᠡᠳᠦᠭᠡᠷ ᠤᠯᠠᠷᠢᠯ᠎ᠳᠤ ᠪᠦᠬᠦ ᠣᠷᠣᠨ᠎ᠤ ᠠᠵᠤ ᠠᠬᠤᠢ ᠵᠢᠨ ᠬᠥᠭᠵᠢᠯᠲᠡ ᠲᠣᠭᠲᠠᠭᠤᠨ ᠪᠠᠶ᠋ᠢᠵᠤ᠂ ᠬᠥᠭᠵᠢᠯᠲᠡ ᠵᠢᠨ ᠰᠠᠶ᠋ᠢᠨ ᠬᠠᠨᠳᠤᠰᠢ ᠵᠢ ᠦᠷᠭᠦᠯᠵᠢᠯᠡᠨ ᠪᠠᠲᠤᠯᠠᠪᠠ᠃ ᠡᠭᠦᠨ᠎ᠤ ᠬᠠᠮᠲᠤ᠂ ᠭᠠᠳᠠᠭ᠋ᠠᠳᠤ ᠣᠷᠴᠢᠨ ᠨᠥᠬᠥᠴᠡᠯ᠎ᠤᠨ ᠠᠵᠤ ᠠᠬᠤᠢ ᠵᠢᠨ ᠦᠶᠡᠯᠡᠯ᠎ᠤᠨ ᠴᠢᠨᠠᠷᠲᠠᠢ ᠪᠦᠲᠦᠴᠡ ᠵᠢᠨ ᠴᠢᠨᠠᠷᠲᠠᠢ ᠠᠰᠠᠭᠤᠳᠠᠯ᠎ᠢ ᠰᠠᠮᠠᠭᠤᠷᠠᠭᠤᠯᠵᠤ᠂ ᠲᠣᠭᠲᠠᠭᠤᠨ ᠪᠤᠰᠤ ᠲᠤᠭᠳᠠᠪᠤᠷᠢ ᠪᠤᠰᠤ ᠬᠦᠴᠦᠨ ᠵᠦᠢ᠍ᠯ ᠮᠥᠨ ᠬᠦ᠌ ᠨᠡᠯᠢᠶᠡᠳ ᠠᠷᠪᠢᠨ ᠪᠠᠶ᠋ᠢᠵᠤ᠂ ᠠᠵᠤ ᠠᠬᠤᠢ ᠵᠢᠨ ᠲᠣᠭᠲᠠᠭᠤᠨ ᠵᠶ᠋ᠠᠷ ᠰᠠᠶ᠋ᠢᠵᠢᠷᠠᠬᠤ ᠰᠠᠭᠤᠷᠢ ᠬᠠᠷᠠᠬᠠᠨ ᠪᠠᠲᠤ ᠪᠡᠬᠢ ᠪᠢᠰᠢ ᠪᠠᠶ᠋ᠢᠬᠤ ᠵᠢ ᠣᠯᠵᠤ ᠬᠠᠷᠠᠬᠤ ᠬᠡᠷᠡᠭᠲᠡᠢ᠃ ᠳᠠᠷᠠᠭ᠋ᠠᠴᠢ ᠵᠢᠨ ᠱᠠᠲᠤᠨ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠠᠵᠢᠯ᠎ᠤᠨ ᠶᠡᠷᠦᠩᠬᠡᠢ ᠬᠥᠭ ᠠᠶᠠᠰ᠎ᠢ ᠪᠠᠷᠢᠮᠲᠠᠯᠠᠵᠤ᠂ ᠴᠢᠨᠠᠷ ᠰᠠᠶ᠋ᠢᠲᠠᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠵᠤ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠲᠦᠷᠭᠡᠨ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠦᠷᠭᠦᠯᠵᠢᠯᠡᠨ ᠠᠬᠢᠭᠤᠯᠵᠤ᠂ ᠡᠯ᠎ᠡ ᠲᠥᠷᠥᠯ᠎ᠤᠨ ᠡᠵᠡᠩᠨᠡᠯᠲᠡ ᠵᠢᠨ ᠭᠣᠣᠯ ᠴᠣᠭᠴᠠ ᠵᠢᠨ ᠠᠮᠢᠵᠢᠷᠠᠯ᠎ᠤᠨ ᠬᠦᠴᠦᠨ᠎ᠢ ᠭᠦᠢ᠍ᠴᠡᠳ ᠬᠥᠭᠵᠢᠭᠡᠵᠦ᠂ ᠠᠵᠤ ᠠᠬᠤᠢ ᠵᠢᠨ ᠠᠵᠢᠯᠯᠠᠭ᠋ᠠᠨ᠎ᠤ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ᠂ ᠦᠷᠭᠦᠯᠵᠢᠯᠡᠨ ᠰᠠᠶ᠋ᠢᠵᠢᠷᠠᠬᠤ ᠵᠢ ᠠᠬᠢᠭᠤᠯᠬᠤ ᠬᠡᠷᠡᠭᠲᠡᠢ᠃
ᠳᠠᠭ᠋ᠠᠯᠲᠠ ᠲᠠᠶ᠋ᠢᠯᠪᠤᠷᠢ
(1) ᠣᠷᠣᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ ᠵᠢᠴᠢ ᠲᠥᠷᠥᠯ ᠬᠤᠪᠢᠶᠠᠭᠰᠠᠨ ᠲᠥᠷᠥᠯ ᠵᠦᠢ᠍ᠯ᠎ᠤᠨ ᠨᠡᠮᠡᠭᠳᠡᠯ᠎ᠤᠨ ᠬᠤᠷᠳᠤᠴᠠ ᠵᠢ ᠦᠯᠦ ᠬᠤᠪᠢᠷᠠᠬᠤ ᠦᠨ᠎ᠡ᠎ᠪᠠᠷ ᠪᠣᠳᠣᠵᠤ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠵᠢᠴᠢ ᠲᠥᠷᠥᠯ ᠬᠤᠪᠢᠶᠠᠭᠰᠠᠨ ᠲᠥᠷᠥᠯ ᠵᠦᠢ᠍ᠯ᠎ᠤᠨ ᠨᠡᠮᠡᠭᠳᠡᠯ᠎ᠤᠨ ᠬᠤᠷᠳᠤᠴᠠ ᠵᠢ ᠬᠠᠷᠢᠴᠠᠭᠤᠯᠵᠤ ᠪᠣᠯᠬᠤ ᠦᠨ᠎ᠡ᠎ᠪᠠᠷ ᠪᠣᠳᠣᠵᠤ᠂ ᠴᠥᠮ ᠪᠣᠳᠠᠲᠠᠢ ᠨᠡᠮᠡᠭᠳᠡᠯ᠎ᠤᠨ ᠬᠤᠷᠳᠤᠴᠠ᠎ᠪᠠᠷ ᠪᠤᠳᠤᠨ᠎ᠠ; ᠪᠤᠰᠤᠳ ᠭᠦᠢ᠍ᠴᠡᠳᠬᠡᠯ ᠲᠣᠭ᠎ᠠ᠎ᠳᠤ ᠣᠨᠴᠠᠭ᠋ᠠᠢ ᠲᠣᠳᠣᠷᠬᠠᠶ᠋ᠢᠯᠠᠯᠲᠠ ᠬᠢᠭᠰᠡᠨ᠎ᠠᠴᠠ ᠭᠠᠳᠠᠨ᠎ᠠ᠂ ᠣᠳᠣ ᠵᠢᠨ ᠦᠨ᠎ᠡ᠎ᠪᠠᠷ ᠪᠣᠳᠣᠵᠤ᠂ ᠨᠡᠷ᠎ᠡ ᠵᠢᠨ ᠨᠡᠮᠡᠭᠳᠡᠯ᠎ᠤᠨ ᠬᠤᠷᠳᠤᠴᠠ ᠪᠣᠯᠣᠨ᠎ᠠ᠃
(2) ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ᠄ ᠲᠣᠭ᠎ᠠ ᠪᠦᠷᠢᠳᠬᠡᠯ᠎ᠤᠨ ᠬᠦᠷᠢᠶ᠎ᠡ ᠬᠡᠪᠴᠢᠶ᠎ᠡ᠎ᠨᠢ ᠵᠢᠯ᠎ᠤᠨ ᠭᠣᠣᠯ ᠡᠵᠡᠩᠨᠡᠯᠲᠡ ᠵᠢᠨ ᠲᠤᠬᠠᠶ᠋ᠢᠯᠠᠭᠰᠠᠨ ᠠᠵᠢᠯ᠎ᠤᠨ ᠣᠷᠣᠯᠭ᠎ᠠ᠎ᠨᠢ 2000 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ ᠪᠣᠯᠤᠨ᠎ᠠ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠬᠡᠪᠴᠢᠶ᠎ᠡ᠎ᠳᠤ ᠵᠢᠯ ᠪᠦᠷᠢ ᠬᠤᠪᠢᠷᠠᠯᠲᠠ ᠭᠠᠷᠤᠭᠰᠠᠨ᠎ᠠᠴᠠ ᠪᠣᠯᠵᠤ ᠲᠤᠰ ᠵᠢᠯ᠎ᠤᠨ ᠲᠣᠭ᠎ᠠ ᠪᠠᠷᠢᠮᠲᠠ ᠵᠢ ᠳᠡᠭᠡᠷ᠎ᠡ ᠵᠢᠯ᠎ᠤᠨ᠎ᠬᠢ᠎ᠲᠠᠢ ᠠᠳᠠᠯᠢᠳᠬᠠᠵᠤ ᠪᠣᠯᠬᠤ ᠵᠢ ᠪᠠᠲᠤᠯᠠᠬᠤ ᠵᠢᠨ ᠲᠤᠰᠠᠳᠠ᠂ ᠦᠢ᠍ᠯᠡᠳᠬᠦᠨ᠎ᠤ ᠭᠠᠷᠤᠯᠲᠠ ᠵᠡᠷᠭᠡ ᠡᠯ᠎ᠡ ᠵᠦᠢ᠍ᠯ᠎ᠤᠨ ᠭᠦᠢ᠍ᠴᠡᠳᠬᠡᠬᠦ ᠲᠣᠭ᠎ᠠ ᠵᠢᠨ ᠠᠳᠠᠯᠢ ᠬᠤᠭᠤᠴᠠᠭ᠋ᠠᠨ᠎ᠤ ᠨᠡᠮᠡᠭᠳᠡᠯ᠎ᠤᠨ ᠬᠤᠷᠳᠤᠴᠠ ᠵᠢᠨ ᠬᠡᠷᠡᠭᠯᠡᠭᠰᠡᠨ ᠠᠳᠠᠯᠢ ᠬᠤᠭᠤᠴᠠᠭ᠋ᠠᠨ᠎ᠤ ᠲᠣᠭ᠎ᠠ ᠪᠣᠯᠤᠨ ᠲᠤᠰ ᠬᠤᠭᠤᠴᠠᠭ᠋ᠠᠨ᠎ᠤ ᠠᠵᠤ ᠠᠬᠤᠶ᠋ᠢᠯᠠᠯ᠎ᠤᠨ ᠪᠦᠷᠢᠳᠬᠡᠬᠦ ᠬᠦᠷᠢᠶ᠎ᠡ ᠬᠡᠪᠴᠢᠶ᠎ᠡ᠎ᠯᠦᠭᠡ ᠠᠯᠢ ᠪᠣᠯᠬᠤᠶ᠋ᠢᠴᠠ ᠨᠢᠭᠡᠳᠦᠯᠲᠡᠢ ᠪᠠᠶ᠋ᠢᠵᠤ᠂ ᠳᠡᠭᠡᠷ᠎ᠡ ᠵᠢᠯ᠎ᠤᠨ ᠨᠡᠶ᠋ᠢᠲᠡᠯᠡᠭᠰᠡᠨ ᠲᠣᠭ᠎ᠠ ᠪᠠᠷᠢᠮᠲᠠ᠎ᠲᠠᠢ ᠢᠯᠭ᠋ᠠᠯ᠎ᠤᠨ ᠵᠥᠷᠢᠶ᠎ᠡ ᠣᠷᠣᠰᠢᠵᠤ ᠪᠠᠶ᠋ᠢᠨ᠎ᠠ᠃ ᠭᠣᠣᠯ ᠰᠢᠯᠲᠠᠭ᠋ᠠᠨ᠎ᠨᠢ ᠪᠣᠯ᠄ ᠨᠢᠭᠡ᠎ᠳᠤ᠂ ᠲᠣᠭ᠎ᠠ ᠪᠦᠷᠢᠳᠬᠡᠯ᠎ᠤᠨ ᠨᠢᠭᠡᠴᠡ ᠵᠢᠨ ᠬᠡᠪᠴᠢᠶᠡᠨ᠎ᠳᠤ ᠬᠤᠪᠢᠷᠠᠯᠲᠠ ᠭᠠᠷᠪᠠ᠃ ᠵᠢᠯ ᠪᠦᠷᠢ ᠬᠡᠰᠡᠭ ᠠᠵᠤ ᠠᠬᠤᠶ᠋ᠢᠯᠠᠯ᠎ᠨᠢ ᠬᠡᠪᠴᠢᠶᠡᠵᠢᠯ᠎ᠳᠤ ᠬᠦᠷᠴᠦ ᠪᠠᠶ᠋ᠢᠴᠠᠭ᠋ᠠᠬᠤ ᠬᠦᠷᠢᠶ᠎ᠡ ᠬᠡᠪᠴᠢᠶᠡᠨ᠎ᠳᠤ ᠣᠷᠣᠭᠤᠯᠵᠤ᠂ ᠪᠠᠰᠠ ᠬᠡᠰᠡᠭ ᠠᠵᠤ ᠠᠬᠤᠶ᠋ᠢᠯᠠᠯ᠎ᠨᠢ ᠬᠡᠪᠴᠢᠶᠡᠵᠢᠯ ᠪᠠᠭ᠎ᠠ ᠪᠣᠯᠵᠤ ᠪᠠᠶ᠋ᠢᠴᠠᠭ᠋ᠠᠬᠤ ᠬᠦᠷᠢᠶ᠎ᠡ ᠬᠡᠪᠴᠢᠶ᠎ᠡ᠎ᠠᠴᠠ ᠭᠠᠷᠴᠦ᠂ ᠪᠠᠰᠠ ᠰᠢᠨ᠎ᠡ᠎ᠪᠠᠷ ᠪᠠᠶ᠋ᠢᠭᠤᠯᠤᠭᠰᠠᠨ ᠠᠰᠢᠭᠯᠠᠯᠲᠠ᠎ᠳᠤ ᠣᠷᠣᠭᠤᠯᠤᠭᠰᠠᠨ ᠠᠵᠤ ᠠᠬᠤᠶ᠋ᠢᠯᠠᠯ᠂ ᠳᠠᠮᠫᠤᠷᠠᠭᠰᠠᠨ᠂ ᠬᠦᠴᠦᠨ ᠦᠭᠡᠢ ᠪᠣᠯᠭ᠋ᠠᠭᠰᠠᠨ ᠠᠵᠤ ᠠᠬᠤᠶ᠋ᠢᠯᠠᠯ ᠵᠡᠷᠭᠡ ᠵᠢᠨ ᠨᠥᠯᠥᠭᠡ ᠪᠠᠶ᠋ᠢᠨ᠎ᠠ᠃ ᠬᠣᠶᠠᠷ᠎ᠲᠤ᠂ ᠬᠡᠰᠡᠭ ᠠᠵᠤ ᠠᠬᠤᠶ᠋ᠢᠯᠠᠯ᠎ᠤᠨ ᠪᠦᠯᠦᠭᠯᠡᠯ (ᠺᠣᠮᠫᠠᠨᠢ)᠎ᠤᠨ ᠦᠢ᠍ᠯᠡᠳᠬᠦᠨ᠎ᠤ ᠭᠠᠷᠤᠯᠲᠠ ᠵᠢᠨ ᠲᠣᠭ᠎ᠠ ᠪᠠᠷᠢᠮᠲᠠ ᠵᠢ ᠭᠠᠵᠠᠷ ᠣᠷᠣᠨ ᠠᠯᠤᠰᠯᠠᠨ ᠳᠠᠪᠬᠤᠷᠳᠠᠭᠤᠯᠤᠨ ᠪᠦᠷᠢᠳᠬᠡᠬᠦ ᠦᠵᠡᠭᠳᠡᠯ ᠣᠷᠣᠰᠢᠵᠤ᠂ ᠲᠤᠰᠬᠠᠢ ᠪᠠᠶ᠋ᠢᠴᠠᠭ᠋ᠠᠯᠲᠠ ᠵᠢ ᠦᠨᠳᠦᠰᠦᠯᠡᠨ ᠠᠵᠤ ᠠᠬᠤᠶ᠋ᠢᠯᠠᠯ᠎ᠤᠨ ᠪᠦᠯᠦᠭᠯᠡᠯ (ᠺᠣᠮᠫᠠᠨᠢ)᠎ᠤᠨ ᠭᠠᠵᠠᠷ ᠣᠷᠣᠨ ᠠᠯᠤᠰᠯᠠᠭᠰᠠᠨ ᠳᠠᠪᠬᠤᠷᠳᠠᠭᠤᠯᠤᠨ ᠦᠢ᠍ᠯᠡᠳᠪᠦᠷᠢᠯᠡᠬᠦ ᠬᠡᠮᠵᠢᠶ᠎ᠡ᠎ᠳᠤ ᠬᠦᠨᠳᠦ ᠵᠢ᠎ᠨᠢ ᠪᠠᠭᠤᠷᠠᠭᠤᠯᠪᠠ᠃
(3) ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠦᠭᠡᠢ)᠄ ᠬᠣᠲᠠ ᠪᠠᠯᠭ᠋ᠠᠰᠤ ᠪᠣᠯᠤᠨ ᠬᠥᠳᠡᠭᠡ ᠲᠣᠰᠬᠣᠨ᠎ᠤ ᠡᠯ᠎ᠡ ᠵᠦᠢ᠍ᠯ᠎ᠤᠨ ᠳᠠᠩᠰᠠᠯᠠᠨ ᠲᠡᠮᠳᠡᠭᠯᠡᠬᠦ ᠲᠥᠷᠥᠯ ᠬᠡᠯᠪᠡᠷᠢ ᠵᠢᠨ ᠠᠵᠤ ᠠᠬᠤᠶ᠋ᠢᠯᠠᠯ᠂ ᠠᠵᠢᠯ ᠦᠢ᠍ᠯᠡᠰ᠂ ᠵᠠᠰᠠᠭ ᠵᠠᠬᠢᠷᠭ᠋ᠠᠨ᠎ᠤ ᠨᠢᠭᠡᠴᠡ ᠵᠢᠴᠢ ᠬᠣᠲᠠ ᠪᠠᠯᠭ᠋ᠠᠰᠤ ᠵᠢᠨ ᠬᠤᠪᠢ ᠵᠢᠨ ᠬᠤᠳᠠᠯᠳᠤᠭ᠋ᠠᠴᠢᠨ ᠡᠷᠦᠬᠡ ᠵᠢᠨ ᠲᠥᠯᠥᠪᠯᠡᠭᠰᠡᠨ ᠶᠡᠷᠦᠩᠬᠡᠢ ᠪᠡᠯᠡ ᠣᠷᠣᠭᠤᠯᠤᠯᠲᠠ᠎ᠨᠢ 500 ᠲᠦᠮᠡᠨ ᠲᠥᠭᠥᠷᠢᠭ ᠵᠢᠴᠢ 500 ᠲᠦᠮᠡᠨ ᠲᠥᠭᠥᠷᠢᠭ᠎ᠠᠴᠠ ᠳᠡᠭᠡᠭᠰᠢᠬᠢ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠡᠯᠡ ᠣᠷᠣᠭᠤᠯᠤᠯᠲᠠ ᠪᠣᠯᠤᠨ ᠭᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠪᠡᠯᠡ ᠣᠷᠣᠭᠤᠯᠤᠯᠲᠠ ᠵᠢ ᠵᠢᠭ᠋ᠠᠵᠤ ᠪᠤᠢ᠂ ᠡᠭᠦᠨ᠎ᠳᠤ ᠤᠤᠯ᠎ᠤᠨ ᠰᠢᠰᠲ᠋ᠧᠮᠵᠢᠭᠰᠡᠨ ᠬᠣᠲᠠ ᠪᠠᠯᠭ᠋ᠠᠰᠤ ᠵᠢᠨ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠨ ᠳᠡᠭᠡᠷ᠎ᠡ ᠬᠥᠳᠡᠭᠡ ᠲᠣᠰᠬᠣᠨ᠎ᠤ ᠠᠵᠤ ᠠᠬᠤᠶ᠋ᠢᠯᠠᠯ ᠠᠵᠢᠯ ᠦᠢ᠍ᠯᠡᠰ᠎ᠤᠨ ᠵᠣᠬᠢᠶᠠᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠡᠯᠡ ᠣᠷᠣᠭᠤᠯᠤᠯᠲᠠ ᠵᠢ ᠪᠠᠭᠲᠠᠭ᠋ᠠᠨ᠎ᠠ᠃
(4 ) ᠲᠠᠸᠠᠷ᠎ᠤᠨ ᠭᠡᠷ ᠪᠠᠢ᠌ᠰᠢᠩ᠎ᠤᠨ ᠪᠤᠷᠤᠯᠠᠭᠤᠯᠤᠭᠰᠠᠨ ᠲᠠᠯᠠᠪᠠᠢ᠄ ᠮᠡᠳᠡᠭᠦᠯᠦᠯᠳᠡ ᠵᠢᠨ ᠬᠤᠭᠤᠴᠠᠭ᠋ᠠᠨ᠎ᠳᠤ ᠰᠢᠨ᠎ᠡ᠎ᠪᠠᠷ ᠪᠠᠢ᠌ᠭᠤᠯᠤᠭᠰᠠᠨ ᠲᠠᠸᠠᠷ᠎ᠤᠨ ᠭᠡᠷ ᠪᠠᠢ᠌ᠰᠢᠩ᠎ᠢ ᠬᠤᠳᠠᠯᠳᠤᠬᠤ ᠭᠡᠷ᠎ᠡ ᠵᠢᠨ ᠶᠡᠷᠦᠩᠬᠡᠢ ᠲᠠᠯᠠᠪᠠᠢ (ᠳᠠᠷᠤᠢ ᠬᠤᠶᠠᠷ ᠲᠠᠯ᠎ᠠ᠎ᠪᠠᠷ ᠵᠶ᠋ᠠᠨ ᠭᠠᠷᠤᠨ ᠦᠰᠦᠭ ᠵᠢᠷᠤᠭᠰᠠᠨ ᠵᠢᠩᠬᠢᠨᠢ ᠬᠤᠳᠠᠯᠳᠤᠭ᠋ᠠᠨ᠎ᠤ ᠭᠡᠷ᠎ᠡ᠎ᠳᠤ ᠨᠤᠳᠠᠯᠠᠭᠰᠠᠨ ᠪᠠᠷᠢᠯᠭ᠎ᠠ ᠵᠢᠨ ᠲᠠᠯᠠᠪᠠᠢ ᠵᠢ ᠵᠢᠭ᠋ᠠᠨ᠎ᠠ) ᠲᠣᠰ ᠵᠢᠭ᠋ᠠᠯᠲᠠ ᠲᠣᠭ᠎ᠠ ᠪᠣᠯ ᠲᠣᠭ᠎ᠠ ᠪᠠᠷᠢᠮᠲᠠ ᠵᠢᠨ ᠨᠡᠶ᠋ᠢᠯᠡᠪᠦᠷᠢ᠃
ᠲᠣᠭ᠎ᠠ ᠪᠦᠷᠢᠳᠬᠡᠯ᠎ᠤᠨ ᠬᠡᠪᠴᠢᠶ᠎ᠡ᠄ ᠨᠡᠭᠡᠭᠡᠨ ᠬᠥᠭᠵᠢᠭᠦᠯᠵᠦ ᠡᠵᠡᠩᠨᠡᠬᠦ ᠠᠵᠢᠯᠯᠠᠭ᠎ᠠ᠎ᠲᠠᠢ ᠪᠦᠬᠦ ᠭᠡᠷ ᠪᠠᠶ᠋ᠢᠰᠢᠩ ᠭᠠᠵᠠᠷ ᠬᠥᠷᠥᠩᠭᠡ ᠵᠢ ᠨᠡᠭᠡᠭᠡᠨ ᠬᠥᠭᠵᠢᠭᠦᠯᠵᠦ ᠡᠵᠡᠩᠨᠡᠬᠦ ᠬᠠᠤᠯᠢ ᠵᠢᠨ ᠡᠷᠬᠡᠲᠡᠨ᠎ᠤ ᠨᠢᠭᠡᠴᠡ᠃
ᠪᠠᠶ᠋ᠢᠴᠠᠭ᠋ᠠᠬᠤ ᠠᠷᠭ᠎ᠠ ᠮᠠᠶᠢᠭ᠄ ᠰᠠᠷ᠎ᠠ (1 ᠳ᠋ᠦ᠍ᠭᠡᠷ ᠰᠠᠷ᠎ᠠ᠎ᠠᠴᠠ ᠭᠠᠳᠠᠨ᠎ᠠ)᠎ᠳᠤ ᠪᠥᠬᠦ ᠲᠠᠯ᠎ᠠ ᠵᠢᠨ ᠪᠠᠶ᠋ᠢᠴᠠᠭ᠋ᠠᠯᠲᠠ ᠬᠢᠨ᠎ᠡ᠃
(5 ) ᠲᠠᠸᠠᠷ᠎ᠤᠨ ᠭᠡᠷ ᠪᠠᠶ᠋ᠢᠰᠢᠩ᠎ᠤᠨ ᠪᠣᠷᠣᠯᠠᠭᠤᠯᠭ᠎ᠠ ᠵᠢᠨ ᠬᠡᠮᠵᠢᠶ᠎ᠡ᠄ ᠭᠡᠷ ᠪᠠᠶ᠋ᠢᠰᠢᠩ ᠭᠠᠵᠠᠷ ᠬᠦᠷᠦᠩᠭᠡ ᠵᠢ ᠨᠡᠭᠡᠭᠡᠨ ᠠᠰᠢᠭᠯᠠᠬᠤ ᠠᠵᠤ ᠠᠬᠤᠶ᠋ᠢᠯᠠᠯ᠎ᠤᠨ ᠲᠤᠰ ᠵᠢᠯ᠎ᠤᠨ ᠬᠤᠳᠠᠯᠳᠤᠭᠰᠠᠨ ᠲᠠᠸᠠᠷ᠎ᠤᠨ ᠭᠡᠷ ᠪᠠᠶ᠋ᠢᠰᠢᠩ᠎ᠤᠨ ᠭᠡᠷ᠎ᠡ ᠵᠢᠨ ᠶᠡᠷᠦᠩᠬᠡᠢ ᠦᠨ᠎ᠡ (ᠳᠠᠷᠤᠢ ᠬᠣᠶᠠᠷ ᠲᠠᠯ᠎ᠠ ᠵᠢᠨ ᠭᠠᠷᠤᠨ ᠦᠰᠦᠭ ᠵᠢᠷᠤᠭᠰᠠᠨ ᠵᠢᠩᠬᠢᠨᠢ ᠬᠤᠳᠠᠯᠳᠤᠭ᠋ᠠᠨ᠎ᠤ ᠭᠡᠷ᠎ᠡ᠎ᠳᠤ ᠲᠤᠭᠳᠠᠭ᠋ᠠᠭᠰᠠᠨ ᠭᠡᠷ᠎ᠡ ᠵᠢᠨ ᠶᠡᠷᠦᠩᠬᠡᠢ ᠦᠨ᠎ᠡ) ᠲᠤᠰ ᠵᠢᠭ᠋ᠠᠯᠲᠠ ᠲᠣᠭ᠎ᠠ᠎ᠨᠢ ᠲᠠᠸᠠᠷ᠎ᠤᠨ ᠭᠡᠷ ᠪᠠᠶ᠋ᠢᠰᠢᠩ᠎ᠤᠨ ᠬᠤᠳᠠᠯᠳᠤᠭᠰᠠᠨ ᠲᠠᠯᠠᠪᠠᠢ᠎ᠲᠠᠢ ᠠᠳᠠᠯᠢᠬᠠᠨ᠃
(6 ) ᠨᠡᠶ᠋ᠢᠬᠡᠮ᠎ᠤᠨ ᠬᠡᠷᠡᠭᠯᠡᠭᠡᠨ᠎ᠤ ᠵᠦᠢ᠍ᠯ᠎ᠢ ᠵᠢᠵᠢᠭᠯᠡᠨ ᠬᠤᠲᠠᠯᠲᠤᠭᠰᠠᠨ ᠶᠡᠷᠦᠩᠭᠡᠢ ᠲᠤᠭ᠎ᠠ᠄ ᠠᠵᠤ ᠠᠬᠤᠢ᠌ᠯᠠᠯ (ᠨᠢᠭᠡᠴᠡ᠂ ᠬᠤᠪᠢ ᠵᠢᠨ ᠬᠤᠳᠠᠯᠳᠤᠭ᠋ᠠᠴᠢᠨ ᠡᠷᠦᠭᠡ) ᠠᠷᠠᠯᠵᠢᠶ᠎ᠠ᠎ᠪᠠᠷ ᠳᠠᠮᠵᠢᠨ ᠬᠤᠪᠢ ᠬᠥᠮᠦᠨ᠂ ᠨᠡᠶ᠋ᠢᠭᠡᠮ᠎ᠤᠨ ᠪᠦᠯᠦᠭᠯᠡᠯ᠎ᠤᠨ ᠦᠢ᠍ᠯᠡᠳᠪᠦᠷᠢᠯᠡᠯ᠎ᠤᠨ ᠪᠤᠰᠤ ᠪᠠ ᠡᠵᠡᠩᠨᠡᠯᠲᠡ᠎ᠳᠤ ᠬᠡᠷᠡᠭᠯᠡᠬᠦ ᠪᠤᠰᠤ ᠪᠣᠳᠠᠲᠤ ᠲᠠᠸᠠᠷ᠎ᠤᠨ ᠵᠣᠭᠤᠰ᠎ᠤᠨ ᠲᠤᠭ᠎ᠠ ᠵᠢᠴᠢ ᠢᠳᠡᠭᠡᠨ ᠤᠮᠳᠠᠭ᠋ᠠᠨ᠎ᠤ ᠦᠢ᠍ᠯᠡᠴᠢᠯᠡᠭᠡ ᠬᠠᠩᠭ᠋ᠠᠭ᠋ᠠᠳ ᠣᠯᠤᠭᠰᠠᠨ ᠣᠷᠣᠯᠭ᠎ᠠ ᠵᠢᠨ ᠵᠣᠭᠤᠰ᠎ᠤᠨ ᠲᠤᠭ᠎ᠠ ᠵᠢ ᠵᠢᠭ᠋ᠠᠨ᠎ᠠ᠃ ᠬᠤᠪᠢ ᠬᠥᠮᠦᠨ᠎ᠳᠤ ᠬᠣᠲᠠ ᠬᠥᠳᠡᠭᠡ ᠵᠢᠨ ᠰᠠᠭᠤᠭ᠋ᠠᠯᠢ ᠠᠷᠠᠳ ᠪᠣᠯᠤᠨ ᠬᠢᠯᠢ᠎ᠪᠠᠷ ᠣᠷᠣᠵᠤ ᠢᠷᠡᠬᠦ ᠬᠥᠮᠦᠰ ᠪᠠᠭᠲᠠᠨ᠎ᠠ᠂ ᠨᠡᠶ᠋ᠢᠭᠡᠮ᠎ᠤᠨ ᠪᠦᠯᠦᠭᠯᠡᠯ᠎ᠳᠤ ᠪᠠᠶ᠋ᠢᠭᠤᠯᠭ᠎ᠠ᠂ ᠨᠡᠶ᠋ᠢᠭᠡᠮ᠎ᠤᠨ
ᠪᠦᠯᠬᠦᠮ᠂ ᠴᠡᠷᠢᠭ ᠠᠩᠭᠢ᠂ ᠰᠤᠷᠭ᠋ᠠᠭᠤᠯᠢ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠂ ᠰᠠᠭᠤᠭ᠋ᠠᠯᠢ ᠠᠷᠠᠳ᠎ᠤᠨ ᠵᠥᠪᠯᠡᠯ ᠪᠤᠶᠤ ᠲᠣᠰᠬᠣᠨ᠎ᠤ ᠠᠷᠠᠳ᠎ᠤᠨ ᠵᠥᠪᠯᠡᠯ ᠵᠡᠷᠭᠡ ᠪᠠᠭᠲᠠᠨ᠎ᠠ᠃
ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠬᠤ ᠶᠡᠷᠦᠩᠬᠡᠶ ᠲᠣᠭ᠎ᠠ ᠵᠢᠨ ᠪᠦᠷᠢᠳᠬᠡᠬᠦ ᠬᠡᠪᠴᠢᠶ᠎ᠡ ᠪᠣᠯ᠄ ᠲᠠᠸᠠᠷ ᠵᠢᠵᠢᠭᠯᠡᠨ ᠬᠤᠳᠠᠯᠳᠤᠬᠤ ᠠᠵᠢᠯᠯᠠᠭ᠎ᠠ ᠡᠷᠬᠢᠯᠡᠬᠦ ᠪᠤᠶᠤ ᠬᠣᠭᠣᠯᠠ ᠤᠮᠳᠠᠭ᠋ᠠᠨ᠎ᠤ ᠦᠢ᠍ᠯᠡᠴᠢᠯᠡᠭᠡ ᠬᠠᠩᠭ᠋ᠠᠬᠤ ᠬᠠᠤᠯᠢ ᠵᠢᠨ ᠡᠷᠬᠡᠲᠡᠨ᠎ᠤ ᠠᠵᠤ ᠠᠬᠤᠶ᠋ᠢᠯᠠᠯ᠂ ᠠᠵᠤ ᠦᠢ᠍ᠯᠡᠰ᠎ᠤᠨ ᠠᠵᠢᠯᠯᠠᠭ᠋ᠠᠨ᠎ᠤ ᠨᠢᠭᠡᠴᠡ ᠪᠣᠯᠤᠨ ᠬᠤᠪᠢ ᠵᠢᠨ ᠬᠤᠳᠠᠯᠳᠤᠭ᠋ᠠᠴᠢᠨ ᠡᠷᠦᠬᠡ᠃ ᠡᠭᠦᠨ᠎ᠳᠤ ᠬᠢᠵᠠᠭ᠋ᠠᠷᠯᠠᠭᠰᠠᠨ ᠲᠤᠭ᠎ᠠ᠎ᠠᠴᠠ ᠳᠡᠭᠡᠭᠰᠢᠬᠢ ᠨᠢᠭᠡᠴᠢ ᠭᠡᠳᠡᠭ᠎ᠨᠢ ᠵᠢᠯ᠎ᠤᠨ ᠭᠤᠤᠯ ᠡᠵᠡᠩᠨᠡᠯᠲᠡ ᠵᠢᠨ ᠲᠤᠬᠠᠶ᠋ᠢᠯᠠᠭᠰᠠᠨ ᠠᠵᠢᠯ᠎ᠤᠨ ᠣᠷᠣᠯᠭ᠎ᠠ᠎ᠨᠢ 2000 ᠲᠦᠮᠡᠨ ᠲᠥᠭᠦᠷᠢᠭ ᠵᠢᠴᠢ ᠲᠡᠭᠦᠨ᠎ᠠᠴᠠ ᠳᠡᠭᠡᠭᠰᠢᠬᠢ ᠪᠥᠭᠡᠮ ᠵᠶ᠋ᠠᠷ ᠬᠤᠳᠠᠯᠳᠤᠬᠤ ᠠᠵᠤ ᠠᠬᠤᠶ᠋ᠢᠯᠠᠯ (ᠨᠢᠭᠡᠴᠢ᠂ ᠬᠤᠪᠢ ᠵᠢᠨ ᠡᠷᠦᠬᠡ)᠂ 500 ᠲᠦᠮᠡᠨ ᠲᠥᠭᠦᠷᠢᠭ ᠵᠢᠴᠢ ᠲᠡᠭᠦᠨ᠎ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠠᠵᠤ ᠠᠬᠤᠶ᠋ᠢᠯᠠᠯ (ᠨᠢᠭᠡᠴᠢ᠂ ᠬᠤᠪᠢ ᠵᠢᠨ ᠡᠷᠦᠬᠡ)᠂ 200 ᠲᠦᠮᠡᠨ ᠲᠥᠭᠦᠷᠢᠭ ᠵᠢᠴᠢ ᠲᠡᠭᠦᠨ᠎ᠠᠴᠠ ᠳᠡᠭᠡᠭᠰᠢᠬᠢ ᠬᠤᠨᠤᠭ ᠪᠠᠭᠤᠳᠠᠯ ᠪᠠ ᠢᠳᠡᠭᠡᠨ ᠤᠮᠳᠠᠭ᠋ᠠᠨ᠎ᠤ ᠦᠢ᠍ᠯᠡᠰ᠎ᠤᠨ ᠠᠵᠤ ᠠᠬᠤᠶ᠋ᠢᠯᠠᠯ (ᠨᠢᠭᠡᠴᠡ᠂ ᠬᠤᠪᠢ ᠵᠢᠨ ᠡᠷᠦᠬᠡ)᠎ᠢ ᠵᠢᠭ᠋ᠠᠵᠤ ᠪᠣᠶ᠃
(7) ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠦᠷ᠎ᠡ ᠳ᠋ᠦᠩ᠎ᠢ ᠦᠨᠳᠦᠰᠦᠯᠡᠨ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠬᠤ ᠶᠡᠷᠦᠩᠬᠡᠶ ᠲᠣᠭ᠎ᠠ ᠵᠢᠨ ᠲᠣᠭ᠎ᠠ ᠪᠠᠷᠢᠮᠲᠠ᠎ᠳᠤ ᠵᠠᠰᠠᠪᠤᠷᠢ ᠣᠷᠣᠭᠤᠯᠪᠠ᠃
(8) ᠰᠠᠭᠤᠭ᠋ᠠᠯᠢ ᠠᠷᠠᠳ᠎ᠤᠨ ᠡᠵᠡᠮᠳᠡᠵᠦ ᠪᠣᠯᠬᠤ ᠣᠷᠣᠯᠭ᠎ᠠ᠄ ᠰᠠᠭᠤᠭ᠋ᠠᠯᠢ ᠠᠷᠠᠳ᠎ᠤᠨ ᠡᠵᠡᠮᠳᠡᠵᠦ ᠪᠣᠯᠬᠤ ᠣᠷᠣᠯᠭ᠎ᠠ ᠪᠣᠯ ᠰᠠᠭᠤᠭ᠋ᠠᠯᠢ ᠠᠷᠠᠳ᠎ᠤᠨ ᠡᠴᠦᠰ᠎ᠤᠨ ᠬᠡᠷᠡᠭᠯᠡᠭᠡᠨ᠎ᠤ ᠵᠠᠷᠤᠯᠭ᠎ᠠ ᠪᠠ ᠬᠠᠳᠠᠭ᠋ᠠᠯᠠᠮᠵᠢ᠎ᠳᠤ ᠬᠡᠷᠡᠭᠯᠡᠬᠦ ᠶᠡᠷᠦᠩᠬᠡᠶ ᠨᠡᠶ᠋ᠢᠯᠡᠪᠦᠷᠢ ᠵᠢ ᠵᠢᠭ᠋ᠠᠵᠤ ᠪᠤᠶ᠂ ᠲᠤᠬᠠᠶ᠋ᠢᠯᠠᠪᠠᠯ ᠰᠠᠭᠤᠭ᠋ᠠᠯᠢ ᠠᠷᠠᠳ᠎ᠤᠨ ᠴᠢᠯᠥᠭᠡᠲᠡᠶ ᠡᠵᠡᠮᠰᠢᠬᠦ᠎ᠳᠤ ᠬᠡᠷᠡᠭᠯᠡᠵᠦ ᠪᠣᠯᠬᠤ ᠣᠷᠣᠯᠭ᠎ᠠ᠂ ᠪᠡᠯᠡᠨ ᠵᠣᠭᠣᠰ᠎ᠤᠨ ᠣᠷᠣᠯᠭ᠎ᠠ ᠵᠢ ᠪᠠᠭᠲᠠᠭ᠋ᠠᠬᠤ ᠮᠥᠷᠲᠡᠭᠡᠨ ᠪᠠᠰᠠ ᠪᠣᠳᠠᠲᠤ ᠪᠣᠳᠠᠰ᠎ᠤᠨ ᠣᠷᠣᠯᠭ᠎ᠠ ᠵᠢ ᠪᠠᠭᠲᠠᠭ᠋ᠠᠨ᠎ᠠ᠃ ᠣᠷᠣᠯᠭ᠎ᠠ ᠵᠢᠨ ᠢᠷᠡᠯᠲᠡ ᠶᠣᠰᠣᠭ᠋ᠠᠷ᠂ ᠡᠵᠡᠮᠳᠡᠵᠦ ᠪᠣᠯᠬᠤ ᠴᠠᠯᠢᠩ᠎ᠳᠤ ᠴᠠᠯᠢᠩ᠎ᠤᠨ ᠴᠢᠨᠠᠷᠲᠠᠶ ᠣᠷᠣᠯᠭ᠎ᠠ᠂ ᠡᠵᠡᠩᠨᠡᠯᠲᠡ ᠵᠢᠨ ᠴᠡᠪᠡᠷ ᠣᠷᠣᠯᠭ᠎ᠠ᠂ ᠡᠳ᠋ ᠬᠥᠷᠥᠩᠭᠡ ᠵᠢᠨ ᠴᠡᠪᠡᠷ ᠣᠷᠣᠯᠭ᠎ᠠ ᠪᠠ ᠴᠡᠪᠡᠷ ᠣᠷᠣᠯᠭ᠎ᠠ ᠵᠢ ᠪᠠᠭᠲᠠᠭ᠋ᠠᠨ᠎ᠠ᠃
(9 ) ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ ᠵᠢᠨ ᠢᠯᠡᠳᠬᠡᠭᠴᠢ ᠲᠤᠭ᠎ᠠ Consumer Price Index ᠳᠦᠭᠦᠮᠴᠢᠯᠡᠨ᠎ᠡ) ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠬᠡᠷᠡᠭᠯᠡᠭᠡᠨ᠎ᠤ ᠵᠦᠢ᠍ᠯ ᠪᠠ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠢᠷᠢ ᠲᠦᠪᠰᠢᠨ᠎ᠨᠢ ᠴᠠᠭ ᠬᠤᠭᠤᠴᠠᠭ᠋ᠠᠨ᠎ᠤ ᠬᠤᠪᠢᠷᠠᠯᠲᠠ ᠵᠢᠨ ᠬᠠᠷᠢᠴᠠᠩᠭᠤᠢ ᠲᠤᠭ᠎ᠠ ᠵᠢ ᠳᠠᠭ᠋ᠠᠯᠳᠤᠨ᠂ ᠰᠠᠭᠤᠭ᠋ᠠᠯᠢ ᠠᠷᠠᠳ᠎ᠤᠨ ᠬᠤᠳᠠᠯᠳᠤᠨ ᠠᠪᠤᠭᠰᠠᠨ ᠠᠮᠢᠳᠤᠷᠠᠯ᠎ᠤᠨ ᠬᠡᠷᠡᠭᠯᠡᠭᠡᠨ᠎ᠤ ᠵᠦᠢ᠍ᠯ ᠪᠠ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠢᠷᠢ ᠲᠦᠪᠰᠢᠨ᠎ᠤ ᠬᠤᠪᠢᠷᠠᠯᠲᠠ ᠵᠢᠨ ᠪᠠᠶ᠋ᠢᠳᠠᠯ᠎ᠢ ᠶᠡᠷᠦᠩᠬᠡᠶ᠋ᠢᠯᠡᠨ ᠲᠤᠰᠬᠠᠨ᠎ᠠ᠃
(10) ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢ ᠵᠢᠨ ᠦᠨ᠎ᠡ ᠬᠠᠩᠰᠢ ᠵᠢᠨ ᠵᠢᠭ᠋ᠠᠯᠲᠠ ᠲᠣᠭ᠎ᠠ᠄ ᠡᠭᠦᠨ᠎ᠳᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢ ᠵᠢᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ ᠬᠠᠩᠰᠢ ᠵᠢᠨ ᠵᠢᠭ᠋ᠠᠯᠲᠠ ᠲᠣᠭ᠎ᠠ (ProducericeIndexfor Industrial Products ᠭᠡᠵᠦ ᠲᠣᠪᠴᠢᠯᠠᠨ᠎ᠠ)) ᠪᠠ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢ ᠵᠢᠨ ᠬᠤᠳᠠᠯᠳᠤᠨ ᠠᠪᠬᠤ ᠦᠨ᠎ᠡ ᠵᠢᠨ ᠢᠯᠡᠳᠬᠡᠭᠴᠢ᠃
ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠦᠢ᠍ᠯᠡᠳᠪᠦᠷᠢ᠎ᠠᠴᠠ ᠭᠠᠷᠬᠤ ᠦᠨ᠎ᠡ ᠵᠢᠨ ᠢᠯᠡᠳᠬᠡᠭᠴᠢ᠎ᠨᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠦᠢ᠍ᠯᠡᠳᠬᠦᠨ᠎ᠢ ᠠᠩᠬ᠎ᠠ ᠤᠳᠠᠭ᠎ᠠ ᠬᠤᠳᠠᠯᠳᠤᠬᠤ ᠦᠶ᠎ᠡ ᠵᠢᠨ ᠦᠢ᠍ᠯᠡᠳᠪᠦᠷᠢ᠎ᠠᠴᠠ ᠭᠠᠷᠬᠤ ᠦᠨ᠎ᠡ ᠵᠢᠨ ᠬᠤᠪᠢᠷᠠᠯᠲᠠ ᠵᠢᠨ ᠬᠠᠨᠳᠤᠰᠢ ᠪᠠ ᠬᠤᠪᠢᠷᠠᠯᠲᠠ ᠵᠢᠨ ᠬᠡᠮᠵᠢᠶ᠎ᠡ ᠵᠢ ᠲᠤᠰᠬᠠᠪᠠ᠃ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢ ᠵᠢᠨ ᠬᠤᠳᠠᠯᠳᠤᠨ ᠠᠪᠬᠤ ᠦᠨ᠎ᠡ ᠵᠢᠨ ᠢᠯᠡᠳᠬᠡᠭᠴᠢ ᠲᠤᠭ᠎ᠠ᠎ᠨᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠳᠤᠮᠳᠠᠬᠢ ᠤᠷᠤᠭᠤᠯᠤᠯᠳᠠ ᠵᠢᠨ ᠦᠢ᠍ᠯᠡᠳᠬᠦᠨ᠎ᠤ ᠬᠤᠳᠠᠯᠳᠤᠨ ᠠᠪᠬᠤ ᠦᠨ᠎ᠡ ᠵᠢᠨ ᠬᠤᠪᠢᠷᠠᠯᠲᠠ ᠵᠢᠨ ᠬᠠᠨᠳᠤᠰᠢ ᠪᠠ ᠬᠤᠪᠢᠷᠠᠯᠲᠠ ᠵᠢᠨ ᠬᠡᠮᠵᠢᠶ᠎ᠡ ᠵᠢ ᠲᠤᠰᠬᠠᠪᠠ᠃
(11) ᠭᠠᠭ᠍ᠠᠶ ᠬᠤᠨᠢ ᠵᠢᠭᠦᠷᠲᠡᠨ᠎ᠤ ᠮᠢᠬᠠᠨ᠎ᠤ ᠭᠠᠷᠤᠯᠲᠠ᠂ ᠦᠨᠢᠶᠡᠨ ᠰᠦ ᠵᠢᠨ ᠭᠠᠷᠤᠯᠲᠠ᠂ ᠭᠠᠭ᠍ᠠᠶ ᠬᠤᠨᠢ ᠵᠢᠭᠦᠷᠲᠡᠨ᠎ᠤ ᠲᠤᠭ᠎ᠠ᠂ ᠦᠨ᠎ᠡ ᠬᠠᠩᠰᠢ ᠵᠢᠨ ᠵᠢᠭ᠋ᠠᠯᠲᠠ ᠲᠤᠭ᠎ᠠ᠂ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠲᠤᠭ᠎ᠠ ᠪᠠᠷᠢᠮᠲᠠ ᠵᠢ ᠤᠯᠤᠰ᠎ᠤᠨ ᠲᠤᠭ᠎ᠠ ᠪᠦᠷᠢᠳᠬᠡᠯ᠎ᠤᠨ ᠲᠣᠪᠴᠢᠶ᠎ᠠ ᠵᠢᠨ ᠥᠪᠥᠷ ᠮᠣᠩᠭᠤᠯ᠎ᠤᠨ ᠪᠠᠶ᠋ᠢᠴᠠᠭ᠋ᠠᠯᠲᠠ ᠵᠢᠨ ᠶᠡᠷᠦᠩᠬᠡᠶ ᠠᠩᠭᠢ᠎ᠠᠴᠠ ᠢᠷᠡᠯᠲᠡᠢ᠃
(12) ᠨᠢᠭᠡ ᠪᠦᠯᠦᠭ ᠲᠤᠭ᠎ᠠ ᠪᠠᠷᠢᠮᠲᠠ᠎ᠨᠢ ᠳᠥᠷᠪᠡ ᠵᠢ ᠬᠠᠶᠠᠵᠤ ᠲᠠᠪᠤ ᠵᠢ ᠳᠡᠪᠰᠢᠬᠦᠯᠦᠭᠰᠡᠨ ᠰᠢᠯᠳᠠᠭ᠋ᠠᠨ᠎ᠠᠴᠠ ᠪᠣᠯᠵᠤ᠂ ᠶᠡᠷᠦᠩᠬᠡᠢ ᠲᠤᠭ᠎ᠠ ᠬᠢᠭᠡᠳ ᠬᠤᠪᠢᠶᠠᠷᠢ ᠲᠥᠷᠥᠯ᠎ᠨᠢ ᠲᠡᠩᠴᠡᠭᠦᠦ ᠪᠤᠰᠤ ᠪᠠᠶ᠋ᠢᠳᠠᠯ ᠣᠷᠣᠰᠢᠵᠤ ᠪᠠᠶ᠋ᠢᠨ᠎ᠠ᠃