ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠲᠤᠭ᠎ᠠ ᠪᠦᠷᠢᠳᠭᠡᠯ᠎ᠤᠨ ᠦᠢᠯᠡᠴᠢᠯᠡᠭᠡ  -   ᠲᠤᠭ᠎ᠠ ᠪᠠᠷᠢᠮᠳᠠ᠎ᠶᠢᠨ ᠲᠠᠶ᠋ᠢᠯᠤᠮᠵᠢ
1 —5 ᠳ᠋ᠤᠭ᠋ᠠᠷ ᠰᠠᠷ᠎ᠠ᠎ᠳᠤ ᠪᠥᠬᠥ ᠣᠷᠣᠨ᠎ᠤ ᠠᠵᠤ ᠠᠬᠤᠶ ᠲᠣᠭᠲᠠᠭᠤᠨ ᠵᠶ᠋ᠠᠷ ᠨᠡᠮᠡᠭᠳᠡᠪᠡ
ᠨᠡᠶ᠋ᠢᠲᠡᠯᠡᠭᠰᠡᠨ ᠴᠠᠭ᠄ 2025-06-20

  1 - 5 ᠳ᠋ᠤᠭ᠋ᠠᠷ ᠰᠠᠷ᠎ᠠ᠎ᠳᠤ᠂ ᠪᠥᠬᠥ ᠣᠷᠣᠨ ᠳᠠᠶᠠᠭ᠋ᠠᠷ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ

ᠪᠠᠷᠢᠮᠲᠠᠯᠠᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠱᠠᠭ᠋ᠠᠷᠳᠠᠯᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠬᠣᠶᠠᠷ ᠶᠡᠬᠡ ᠶᠠᠪᠤᠳᠠᠯ》᠎ᠢ ᠰᠠᠶ᠋ᠢᠲᠤᠷ ᠬᠢᠬᠦ ᠵᠢᠨ ᠲᠣᠭᠣᠷᠢᠨ᠎ᠳᠤ᠂ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠠᠵᠤ ᠠᠬᠤᠶ᠋ᠢᠯᠠᠯ᠎ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ᠂ ᠵᠢᠱ᠌ᠢᠯᠲᠡ ᠵᠢ ᠲᠣᠭᠲᠠᠪᠤᠷᠢᠵᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠭᠠᠳᠠᠭ᠋ᠠᠳᠤ ᠣᠷᠴᠢᠨ ᠲᠣᠭᠣᠷᠢᠨ᠎ᠤ ᠬᠤᠪᠢᠷᠠᠯᠲᠠ ᠵᠢ ᠢᠳᠡᠪᠬᠢᠲᠡᠶ ᠠᠷᠭ᠋ᠠᠴᠠᠭ᠋ᠠᠵᠤ᠂ ᠡᠯ᠎ᠡ ᠵᠦᠢ᠍ᠯ᠎ᠤᠨ ᠬᠣᠷᠸ᠎ᠠ ᠲᠥᠷᠥ ᠵᠢᠨ ᠪᠣᠳᠣᠯᠭ᠎ᠠ ᠵᠢ ᠬᠦᠴᠦᠯᠡᠨ ᠨᠠᠶ᠋ᠢᠳᠠᠪᠤᠷᠢᠵᠢᠭᠤᠯᠵᠤ᠂ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ ᠶᠡᠷᠦᠩᠬᠡᠶ᠎ᠳᠡᠭᠡᠨ ᠲᠣᠭᠲᠠᠭᠤᠨ ᠪᠠᠶ᠋ᠢᠵᠤ᠂ ᠨᠡᠮᠡᠭᠳᠡᠯ᠎ᠤᠨ ᠪᠠᠶ᠋ᠢᠳᠠᠯ᠎ᠢ ᠦᠷᠭᠦᠯᠵᠢᠯᠡᠨ ᠲᠣᠭᠲᠠᠭᠤᠨ ᠪᠠᠶ᠋ᠢᠯᠭ᠋ᠠᠪᠠ᠃
    ᠨᠢᠭᠡ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠲᠣᠭᠲᠠᠭᠤᠨ ᠵᠶ᠋ᠠᠷ ᠨᠡᠮᠡᠭᠳᠡᠵᠦ᠂ ᠲᠡᠷᠢᠭᠦᠨ᠎ᠤ ᠦᠢ᠍ᠯᠡᠳᠬᠦ ᠦᠢ᠍ᠯᠡᠰ ᠨᠡᠮᠡᠭᠳᠡᠯ᠎ᠢ ᠬᠦᠲᠦᠯᠦᠨ ᠳᠠᠭ᠋ᠠᠭᠤᠯᠪᠠ᠃

    1 —5 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 6.5% ᠨᠡᠮᠡᠭᠳᠡᠪᠡ᠃ ᠭᠤᠷᠪᠠᠨ ᠶᠡᠬᠡ ᠲᠥᠷᠥᠯ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 5.1%᠎ᠪᠠᠷ ᠨᠡᠮᠡᠭᠳᠡᠵᠦ᠂ ᠦᠢ᠍ᠯᠡᠳᠬᠦ ᠦᠢ᠍ᠯᠡᠰ 9.1%᠎ᠪᠠᠷ ᠨᠡᠮᠡᠭᠳᠡᠵᠦ᠂ ᠴᠠᠬᠢᠯᠭ᠋ᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ 5.5%᠎ᠪᠠᠷ ᠨᠡᠮᠡᠭᠳᠡᠪᠡ᠃ ᠲᠣᠨᠣᠭᠯᠠᠯ ᠦᠢ᠍ᠯᠡᠳᠬᠦ ᠦᠢ᠍ᠯᠡᠰ᠎ᠤᠨ ᠨᠡᠮᠡᠭᠳᠡᠯ ᠦᠷᠳᠡᠭ ᠠᠳᠠᠯᠢ ᠬᠤᠭᠤᠴᠠᠭ᠋ᠠᠨ᠎ᠤ᠎ᠬᠢ᠎ᠠᠴᠠ 23.2% ᠵᠶ᠋ᠠᠷ ᠨᠡᠮᠡᠭᠳᠡᠵᠦ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ ᠦᠷᠳᠡᠭ 16.5%᠎ᠪᠠᠷ ᠨᠡᠮᠡᠭᠳᠡᠪᠡ᠃ ᠠᠵᠤ ᠠᠬᠤᠶ ᠵᠢᠨ ᠲᠥᠷᠥᠯ ᠬᠡᠯᠪᠡᠷᠢ᠎ᠠᠴᠠ ᠦᠵᠡᠪᠡᠯ᠂ ᠤᠯᠤᠰ᠎ᠤᠨ ᠥᠮᠴᠢᠯᠡᠯ᠎ᠤᠨ ᠬᠤᠪᠢ ᠡᠵᠡᠮᠳᠡᠭᠰᠡᠨ ᠠᠵᠤ ᠠᠬᠤᠶ᠋ᠢᠯᠠᠯ᠎ᠤᠨ ᠨᠡᠮᠡᠭᠳᠡᠯ ᠥᠷᠲᠡᠭ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 6.2% ᠵᠶ᠋ᠠᠷ ᠨᠡᠮᠡᠭᠳᠡᠪᠡ; ᠬᠤᠪᠢ ᠣᠷᠣᠭᠤᠯᠬᠤ ᠳᠦᠷᠢᠮᠲᠦ ᠠᠵᠤ ᠠᠬᠤᠶ᠋ᠢᠯᠠᠯ 6.3%᠎ᠪᠠᠷ ᠨᠡᠮᠡᠭᠳᠡᠵᠦ᠂ ᠭᠠᠳᠠᠭ᠋ᠠᠳᠤ ᠵᠢᠨ ᠬᠤᠳᠠᠯᠳᠤᠭ᠋ᠠᠴᠢᠨ ᠵᠢᠴᠢ ᠰᠢᠶᠠᠩᠭ᠋ᠠᠩ ᠣᠣᠮᠧᠨ ᠲᠠᠶ᠋ᠢᠸᠠᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ 8.2% ᠵᠶ᠋ᠠᠷ ᠨᠡᠮᠡᠭᠳᠡᠪᠡ; ᠬᠤᠪᠢ ᠵᠢᠨ ᠡᠵᠡᠩᠨᠡᠯᠲᠡ ᠵᠢᠨ ᠠᠵᠤ ᠠᠬᠤᠶ᠋ᠢᠯᠠᠯ 3.0% ᠵᠶ᠋ᠠᠷ ᠨᠡᠮᠡᠭᠳᠡᠪᠡ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠭᠤᠤᠯ ᠪᠣᠯᠬᠤ ᠦᠢ᠍ᠯᠡᠳᠬᠦᠨ᠎ᠤ ᠭᠠᠷᠤᠯᠲᠠ᠎ᠠᠴᠠ ᠦᠵᠡᠪᠡᠯ᠂ ᠨᠡᠭᠦᠷᠡᠰᠦᠨ᠎ᠤ ᠭᠠᠷᠤᠯᠲᠠ 5.3 ᠳ᠋ᠦᠩᠰᠢᠭᠤᠷ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 0.9%᠎ᠪᠠᠷ ᠨᠡᠮᠡᠭᠳᠡᠪᠡ; ᠴᠠᠬᠢᠯᠭ᠋ᠠᠨ ᠭᠠᠷᠭ᠋ᠠᠭᠰᠠᠨ ᠬᠡᠮᠵᠢᠶ᠎ᠡ 3352.8 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ 2.2% ᠵᠶ᠋ᠠᠷ ᠨᠡᠮᠡᠭᠳᠡᠪᠡ᠃ ᠡᠭᠦᠨ᠎ᠳᠤ᠂ ᠰᠠᠯᠬᠢᠨ ᠬᠦᠴᠦᠨ ᠵᠶ᠋ᠠᠷ ᠴᠠᠬᠢᠯᠭ᠋ᠠᠨ ᠭᠠᠷᠭ᠋ᠠᠭᠰᠠᠨ ᠬᠡᠮᠵᠢᠶ᠎ᠡ 925.7 ᠳ᠋ᠦᠩᠰᠢᠭᠤᠷ ᠺᠢᠯᠣᠸᠠᠲ ᠴᠠᠭ᠎ᠲᠤ ᠬᠦᠷᠴᠦ᠂ 31.1%᠎ᠪᠠᠷ ᠨᠡᠮᠡᠭᠳᠡᠪᠡ; ᠲᠡᠮᠦᠷ᠎ᠤᠨ ᠬᠠᠶ᠋ᠢᠯᠤᠰᠢ 719.1 ᠲᠦᠮᠡᠨ ᠲᠣᠨ᠎ᠳᠤ ᠬᠦᠷᠴᠦ᠂ 14.7%᠎ᠪᠠᠷ ᠨᠡᠮᠡᠭᠳᠡᠪᠡ; ᠪᠤᠯᠤᠳ ᠮᠠᠲ᠋ᠧᠷᠢᠶᠠᠯ᠎ᠤᠨ ᠭᠠᠷᠤᠯᠲᠠ 1466.9 ᠲᠦᠮᠡᠨ ᠲᠣᠨ᠎ᠳᠤ ᠬᠦᠷᠴᠦ᠂ 4.2% ᠵᠶ᠋ᠠᠷ ᠨᠡᠮᠡᠭᠳᠡᠪᠡ; ᠮᠠᠰᠢᠨ ᠲᠡᠷᠭᠡᠨ᠎ᠤ ᠭᠠᠷᠤᠯᠲᠠ 4.5 ᠲᠦᠮᠡ᠎ᠳᠤ ᠬᠦᠷᠴᠦ᠂ 33.7%᠎ᠪᠠᠷ ᠨᠡᠮᠡᠭᠳᠡᠪᠡ᠃ 1 —4 ᠳ᠋ᠦᠭᠡᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠣᠷᠣᠯᠭ᠎ᠠ 9223.8 ᠳ᠋ᠦᠩᠰᠢᠭᠤᠷ ᠲᠥᠭᠥᠷᠢᠭ᠎ᠲᠤ ᠬᠦᠷᠴᠦ᠂ ᠪᠡᠶᠡᠯᠡᠭᠦᠯᠦᠭᠰᠡᠨ ᠠᠰᠢᠭ ᠬᠣᠨᠵᠢᠪᠣᠷᠢ ᠵᠢᠨ ᠶᠡᠷᠦᠩᠬᠡᠶ ᠲᠣᠭ᠎ᠠ 931.4 ᠳ᠋ᠦᠩᠰᠢᠭᠤᠷ ᠲᠥᠭᠥᠷᠢᠭ᠎ᠲᠤ ᠬᠥᠷᠪᠡ᠃
    ᠬᠣᠶᠠᠷ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠦᠷᠭᠦᠯᠵᠢᠯᠡᠨ ᠨᠡᠮᠡᠭᠳᠡᠵᠦ᠂ ᠰᠠᠭᠤᠷᠢ ᠪᠡᠯᠡᠳᠬᠡᠮᠵᠢ ᠵᠢᠨ ᠪᠡᠯᠡ ᠣᠷᠣᠭᠤᠯᠤᠯᠲᠠ ᠵᠢᠨ ᠨᠡᠮᠡᠭᠳᠡᠯ ᠨᠡᠯᠢᠶᠡᠳ ᠲᠦᠷᠭᠡᠨ ᠪᠣᠯᠪᠠ᠃

    1 —5 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠥᠬᠡᠶ) ᠠᠳᠠᠯᠢ ᠬᠤᠭᠤᠴᠠᠭ᠋ᠠᠨ᠎ᠤ᠎ᠬᠢ᠎ᠠᠴᠠ 15.6% ᠨᠡᠮᠡᠭᠳᠡᠪᠡ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠰᠠᠭᠤᠷᠢ ᠲᠥᠬᠥᠭᠡᠷᠦᠮᠵᠢ ᠵᠢᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 33.2% ᠵᠶ᠋ᠠᠷ ᠨᠡᠮᠡᠭᠳᠡᠵᠦ᠂ ᠠᠵᠤ ᠦᠢ᠍ᠯᠡᠳᠪᠦᠷᠢ ᠵᠢᠨ ᠪᠠᠯᠠ ᠣᠷᠣᠭᠤᠯᠤᠯᠲᠠ 15.2% ᠵᠶ᠋ᠠᠷ ᠨᠡᠮᠡᠭᠳᠡᠵᠦ᠂ ᠬᠡᠷ ᠭᠠᠵᠠᠷ ᠬᠥᠷᠥᠩᠭᠡ ᠵᠢᠨ ᠨᠡᠭᠡᠭᠡᠯᠲᠡ ᠵᠢᠨ ᠪᠠᠯᠠ ᠣᠷᠣᠭᠤᠯᠤᠯᠲᠠ 0.5%᠎ᠪᠠᠷ ᠪᠠᠭᠤᠷᠠᠪᠠ᠃ ᠠᠵᠤ ᠦᠢ᠍ᠯᠡᠰ ᠵᠶ᠋ᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢ᠍ᠯᠡᠰ᠎ᠤᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 34.2% ᠨᠡᠮᠡᠭᠳᠡᠵᠦ᠂ ᠬᠣᠶᠠᠳᠤᠭ᠋ᠠᠷ ᠠᠵᠤ ᠦᠢ᠍ᠯᠡᠰ᠎ᠤᠨ ᠪᠠᠯᠠ ᠣᠷᠣᠭᠤᠯᠤᠯᠲᠠ 15.2% ᠨᠡᠮᠡᠭᠳᠡᠵᠦ᠂ ᠭᠤᠷᠪᠠᠳᠤᠭ᠋ᠠᠷ ᠠᠵᠤ ᠦᠢ᠍ᠯᠡᠰ᠎ᠤᠨ ᠪᠠᠯᠠ ᠣᠷᠣᠭᠤᠯᠤᠯᠲᠠ 13.3% ᠨᠡᠮᠡᠭᠳᠡᠪᠡ᠃ ᠠᠷᠠᠳ᠎ᠤᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 5.0% ᠨᠡᠮᠡᠭᠳᠡᠪᠡ᠃
    ᠭᠤᠷᠪᠠ᠂ ᠬᠡᠷᠡᠭᠯᠡᠭᠡᠨ᠎ᠤ ᠬᠡᠷᠡᠭᠴᠡᠭᠡ ᠦᠷᠭᠦᠯᠵᠢᠯᠡᠨ ᠢᠯᠡᠷᠡᠵᠦ᠂ ᠬᠠᠭᠤᠴᠢᠨ ᠵᠶ᠋ᠠᠷ ᠰᠢᠨ᠎ᠡ ᠵᠢ ᠰᠣᠯᠢᠬᠤ ᠬᠠᠮᠢᠶ᠎ᠠ ᠪᠥᠬᠥᠶ ᠲᠠᠸᠠᠷ ᠡᠷᠴᠢᠮᠲᠡᠶ ᠨᠡᠮᠡᠭᠳᠡᠪᠡ᠃

    1 —5 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ 2073.2 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 7.2% ᠵᠶ᠋ᠠᠷ ᠨᠡᠮᠡᠭᠳᠡᠪᠡ᠃ ᠡᠵᠡᠩᠨᠡᠯᠲᠡ ᠵᠢᠨ ᠨᠢᠭᠡᠴᠡ ᠵᠢᠨ ᠪᠠᠶ᠋ᠢᠭ᠎ᠠ ᠭᠠᠵᠠᠷ ᠵᠶ᠋ᠠᠷ ᠬᠤᠪᠢᠶᠠᠪᠠᠯ᠂ ᠬᠣᠲᠠ ᠪᠠᠯᠭ᠋ᠠᠰᠤᠨ᠎ᠤ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 7.1% ᠨᠡᠮᠡᠭᠳᠡᠵᠦ᠂ ᠬᠥᠳᠡᠭᠡ ᠲᠣᠰᠬᠣᠨ᠎ᠤ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ 7.9% ᠨᠡᠮᠡᠭᠳᠡᠪᠡ᠃ ᠬᠡᠷᠡᠭᠯᠡᠭᠡᠨ᠎ᠤ ᠲᠥᠷᠥᠯ ᠵᠶ᠋ᠠᠷ ᠬᠤᠪᠢᠶᠠᠪᠠᠯ᠂ ᠢᠳᠡᠭᠡᠨ ᠤᠮᠳᠠᠭ᠋ᠠᠨ᠎ᠤ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 4.1%᠎ᠪᠠᠷ ᠨᠡᠮᠡᠭᠳᠡᠵᠦ᠂ ᠲᠠᠸᠠᠷ᠎ᠤᠨ ᠵᠢᠵᠢᠭᠯᠡᠨ ᠪᠣᠷᠣᠯᠠᠭᠤᠯᠤᠯᠲᠠ 7.6%᠎ᠪᠠᠷ ᠨᠡᠮᠡᠭᠳᠡᠪᠡ᠃ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ ᠦᠷᠭᠦᠯᠵᠢᠯᠡᠨ ᠦᠷ᠎ᠡ ᠪᠦᠲᠦᠮᠵᠢ ᠣᠯᠵᠤ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠮᠠᠰᠢᠨ ᠲᠡᠷᠭᠡᠨ᠎ᠤ ᠲᠥᠷᠥᠯ᠂ ᠬᠡᠷ᠎ᠤᠨ ᠴᠠᠬᠢᠯᠭ᠋ᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠵᠢᠨ ᠪᠠᠭ᠋ᠠᠵᠢ ᠬᠡᠷᠡᠭᠰᠡᠯ᠎ᠤᠨ ᠲᠥᠷᠥᠯ᠂ ᠴᠢᠮᠡᠭᠡ ᠬᠣᠯᠪᠣᠭ᠋ᠠᠨ᠎ᠤ ᠪᠠᠭ᠋ᠠᠵᠢ ᠬᠡᠷᠡᠭᠰᠡᠯ᠎ᠤᠨ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠲᠣᠰ ᠲᠣᠰ 20.9%᠂ 30.1% ᠪᠠ 89.3%᠎ᠪᠠᠷ ᠨᠡᠮᠡᠭᠳᠡᠪᠡ᠃ ᠡᠭᠦᠨ᠎ᠳᠤ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ 65.8% ᠨᠡᠮᠡᠭᠳᠡᠪᠡ᠃
    ᠲᠦᠷᠪᠡ᠂ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠵᠢᠨ ᠪᠠᠭᠤᠷᠠᠯᠲᠠ ᠪᠠᠭ᠋ᠠᠰᠴᠤ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠨ᠎ᠡ ᠮᠥᠨ ᠯᠡ ᠳᠣᠣᠷ᠎ᠠ ᠪᠠᠶ᠋ᠢᠷᠢᠨ᠎ᠳᠤ ᠪᠠᠶ᠋ᠢᠪᠠ᠃

    5 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ (CPI) ᠠᠳᠠᠯᠢ ᠬᠤᠭᠤᠴᠠᠭ᠋ᠠᠨ᠎ᠤ᠎ᠬᠢ᠎ᠠᠴᠠ 0.2% ᠵᠶ᠋ᠠᠷ ᠪᠠᠭᠤᠷᠠᠵᠤ᠂ ᠪᠠᠭᠤᠷᠠᠯᠲᠠ ᠵᠢᠨ ᠬᠡᠮᠵᠢᠶ᠎ᠡ᠎ᠨᠢ ᠳᠡᠭᠡᠷ᠎ᠡ ᠰᠠᠷ᠎ᠠ ᠵᠢᠨ᠎ᠬᠢ᠎ᠠᠴᠠ 0.2 ᠵᠠᠭᠤᠨ᠎ᠤ ᠬᠤᠪᠢ ᠵᠢᠨ ᠴᠡᠭ ᠪᠠᠭ᠋ᠠᠰᠪᠠ᠃ ᠡᠭᠦᠨ᠎ᠳᠤ᠂ ᠬᠣᠲᠠ ᠵᠢᠨ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ 0.2% ᠵᠶ᠋ᠠᠷ ᠪᠠᠭᠤᠷᠠᠵᠤ᠂ ᠬᠥᠳᠡᠭᠡ ᠲᠣᠰᠬᠣᠨ᠎ᠤ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ 0.2% ᠵᠶ᠋ᠠᠷ ᠪᠠᠭᠤᠷᠠᠪᠠ᠃ ᠲᠥᠷᠥᠯ ᠬᠤᠪᠢᠶᠠᠵᠤ ᠦᠵᠡᠪᠡᠯ᠂ ᠢᠳᠡᠭᠡᠨ ᠤᠮᠳᠠᠭ᠋ᠠᠨ ᠠᠷᠢᠬᠢ ᠲᠠᠮᠠᠬᠢᠨ᠎ᠤ ᠦᠨ᠎ᠡ ᠠᠳᠠᠯᠢ ᠬᠤᠭᠤᠴᠠᠭ᠋ᠠᠨ᠎ᠤ᠎ᠬᠢ᠎ᠠᠴᠠ 0.3%᠎ᠪᠠᠷ ᠪᠠᠭᠤᠷᠠᠵᠤ᠂ ᠬᠤᠪᠴᠠᠰᠤ ᠬᠤᠨᠠᠷ᠎ᠤᠨ ᠦᠨ᠎ᠡ ᠬᠠᠩᠰᠢ 1.1%᠎ᠪᠠᠷ ᠥᠰᠴᠦ᠂ ᠣᠷᠣᠨ ᠰᠠᠭᠤᠴᠠ ᠵᠢᠨ ᠦᠨ᠎ᠡ ᠬᠠᠩᠰᠢ ᠠᠳᠠᠯᠢ ᠬᠤᠭᠤᠴᠠᠭ᠋ᠠᠨ᠎ᠤ᠎ᠬᠢ᠎ᠲᠠᠢ ᠲᠡᠩᠴᠡᠵᠦ᠂ ᠠᠮᠢᠳᠤᠷᠠᠯ᠎ᠤᠨ ᠬᠡᠷᠡᠭᠰᠡᠯ ᠵᠢᠴᠢ ᠦᠢ᠍ᠯᠡᠴᠢᠯᠡᠭᠡᠨ᠎ᠤ ᠦᠨ᠎ᠡ ᠬᠠᠩᠰᠢ 0.1%᠎ᠪᠠᠷ ᠥᠰᠴᠦ᠂ ᠵᠠᠮ ᠬᠠᠷᠢᠯᠴᠠᠭ᠎ᠠ ᠴᠢᠮᠡᠭᠡ ᠬᠣᠯᠪᠣᠭ᠋ᠠᠨ᠎ᠤ ᠦᠨ᠎ᠡ ᠬᠠᠩᠰᠢ 4.6%᠎ᠪᠠᠷ ᠪᠠᠭᠤᠷᠠᠵᠤ᠂ ᠰᠤᠷᠭ᠋ᠠᠨ ᠬᠥᠮᠦᠵᠢᠯ ᠰᠣᠶᠣᠯ ᠵᠤᠭ᠎ᠠ ᠴᠡᠩᠭᠡᠯ᠎ᠤᠨ ᠦᠨ᠎ᠡ ᠬᠠᠩᠰᠢ 0.3%᠎ᠪᠠᠷ ᠥᠰᠴᠦ᠂ ᠡᠮ ᠡᠮᠨᠡᠯᠭᠡ ᠡᠷᠡᠭᠦᠯᠵᠢᠯ᠎ᠤᠨ ᠦᠨ᠎ᠡ ᠬᠠᠩᠰᠢ 1.7%᠎ᠪᠠᠷ ᠥᠰᠴᠦ᠂ ᠪᠤᠰᠤᠳ ᠬᠡᠷᠡᠭᠰᠡᠯ ᠵᠢᠴᠢ ᠦᠢ᠍ᠯᠡᠴᠢᠯᠡᠭᠡᠨ᠎ᠤ ᠦᠨ᠎ᠡ ᠬᠠᠩᠰᠢ 8.5%᠎ᠪᠠᠷ ᠥᠰᠴᠡᠶ᠃ 1 —5 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠠᠳᠠᠯᠢ ᠬᠤᠭᠤᠴᠠᠭ᠋ᠠᠨ᠎ᠤ᠎ᠬᠢ᠎ᠠᠴᠠ 0.5%᠎ᠪᠠᠷ ᠪᠠᠭᠤᠷᠠᠵᠤ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢ ᠵᠢᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ ᠠᠳᠠᠯᠢ ᠬᠤᠭᠤᠴᠠᠭ᠋ᠠᠨ᠎ᠤ᠎ᠬᠢ᠎ᠠᠴᠠ 6.1%᠎ᠪᠠᠷ ᠪᠠᠭᠤᠷᠠᠵᠤ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢ ᠵᠢᠨ ᠬᠤᠳᠠᠯᠳᠤᠨ ᠠᠪᠬᠤ ᠦᠨ᠎ᠡ ᠠᠳᠠᠯᠢ ᠬᠤᠭᠤᠴᠠᠭ᠋ᠠᠨ᠎ᠤ᠎ᠬᠢ᠎ᠠᠴᠠ 5.3%᠎ᠪᠠᠷ ᠪᠠᠭᠤᠷᠠᠪᠠ᠃
    ᠶᠡᠷᠦᠩᠬᠡᠶ᠎ᠳᠤᠨᠢ ᠠᠪᠴᠤ ᠦᠵᠡᠪᠡᠯ᠂ 1 —5 ᠰᠠᠷ᠎ᠠ᠎ᠳᠤ᠂ ᠪᠥᠬᠥ ᠣᠷᠣᠨ᠎ᠤ ᠠᠵᠤ ᠠᠬᠤᠶ ᠡᠨᠡ ᠵᠢᠯ᠎ᠠᠴᠠ ᠨᠠᠭ᠋ᠠᠰᠢᠬᠢ ᠲᠣᠭᠲᠠᠭᠤᠨ ᠠᠵᠢᠯᠯᠠᠭ᠋ᠠᠨ᠎ᠤ ᠪᠠᠶ᠋ᠢᠳᠠᠯ ᠵᠶ᠋ᠠᠨ ᠪᠠᠲᠤᠯᠠᠵᠤ᠂ ᠴᠢᠨᠠᠷ ᠰᠠᠶ᠋ᠢᠲᠠᠶ ᠬᠥᠭᠵᠢᠯᠲᠡ ᠯᠠᠪᠳᠠᠭᠤᠨ ᠪᠠᠲᠤᠲᠠᠶ ᠠᠭᠢᠪᠠ᠃ ᠡᠭᠦᠨ᠎ᠤ ᠬᠠᠮᠲᠤ᠂ ᠣᠳᠣᠬᠠᠨ᠎ᠳᠤ ᠭᠠᠳᠠᠭ᠋ᠠᠳᠤ ᠲᠠᠯ᠎ᠠ ᠵᠢᠨ ᠲᠣᠭᠲᠠᠭᠤᠨ ᠪᠤᠰᠤ ᠲᠣᠭᠲᠠᠭ᠋ᠠᠯᠲᠤ ᠪᠤᠰᠤ ᠬᠦᠴᠦᠨ ᠵᠦᠢ᠍ᠯ ᠮᠥᠨ ᠨᠡᠯᠢᠶᠡᠳ ᠤᠯᠠᠨ ᠪᠠᠶ᠋ᠢᠵᠤ᠂ ᠠᠵᠤ ᠠᠬᠤᠢ ᠦᠷᠭᠦᠯᠵᠢᠯᠡᠨ ᠳᠡᠭᠡᠭᠰᠢᠯᠡᠵᠦ ᠰᠠᠶ᠋ᠢᠵᠢᠷᠠᠬᠤ ᠪᠠᠶ᠋ᠢᠳᠠᠯ ᠮᠥᠨ ᠮᠠᠰᠢ ᠤᠯᠠᠨ ᠥᠷᠢᠰᠥᠯᠳᠦᠭᠡᠨ᠎ᠳᠤ ᠲᠤᠯᠭ᠋ᠠᠷᠠᠵᠤ ᠪᠠᠶ᠋ᠢᠬᠤ ᠵᠢ ᠴᠤ᠌ ᠣᠯᠵᠤ ᠬᠠᠷᠠᠬᠤ ᠬᠡᠷᠡᠭᠲᠡᠢ᠃ ᠲᠠᠷᠠᠭ᠋ᠠᠴᠢ ᠵᠢᠨ ᠱᠠᠲᠤᠨ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠦᠵᠡᠯ ᠰᠠᠨᠠᠭ᠎ᠠ ᠪᠠ ᠦᠢ᠍ᠯᠡ ᠠᠵᠢᠯᠯᠠᠭ᠎ᠠ᠎ᠪᠠᠨ ᠨᠠᠮ᠎ᠤᠨ ᠲᠥᠪ ᠬᠣᠷᠢᠶᠠᠨ᠎ᠤ ᠠᠵᠤ ᠠᠬᠤᠶ ᠵᠢᠨ ᠪᠠᠶ᠋ᠢᠳᠠᠯ᠎ᠤᠨ ᠲᠤᠬᠠᠶ ᠰᠢᠨᠵᠢᠯᠡᠬᠦ ᠤᠬᠠᠭ᠋ᠠᠨᠴᠢ ᠮᠠᠭ᠋ᠠᠳᠯᠠᠯᠲᠠ ᠪᠠ ᠰᠢᠢ᠍ᠳᠪᠦᠷᠢᠳᠦ ᠪᠣᠳᠣᠯᠭ᠎ᠠ ᠪᠠᠶ᠋ᠢᠷᠢᠯᠠᠭᠤᠯᠤᠯᠲᠠ ᠳᠡᠭᠡᠷ᠎ᠡ ᠤᠯᠠᠮ ᠨᠢᠭᠡ ᠠᠯᠬᠤᠮ ᠨᠢᠭᠡᠳᠬᠡᠵᠦ᠂ ᠠᠵᠢᠯ ᠣᠯᠭᠣᠯᠲᠠ ᠵᠢ ᠲᠣᠭᠲᠠᠪᠤᠷᠢᠵᠢᠭᠤᠯᠬᠤ᠂ ᠠᠵᠤ ᠠᠬᠤᠶ᠋ᠢᠯᠠᠯ᠎ᠢ ᠲᠣᠭᠲᠠᠪᠤᠷᠢᠵᠢᠭᠤᠯᠬᠤ᠂ ᠵᠠᠬ᠎ᠠ ᠳᠡᠯᠭᠡᠭᠦᠷ᠎ᠢ ᠲᠣᠭᠲᠠᠪᠤᠷᠢᠵᠢᠭᠤᠯᠬᠤ᠂ ᠵᠢᠱ᠌ᠢᠯᠲᠡ ᠵᠢ ᠲᠣᠭᠲᠠᠪᠤᠷᠢᠵᠢᠭᠤᠯᠬᠤ᠎ᠪᠠᠷ ᠬᠦᠴᠦᠯᠡᠨ ᠴᠢᠷᠮᠠᠶ᠋ᠢᠵᠤ᠂ ᠠᠵᠤ ᠠᠬᠤᠶ ᠵᠢᠨ ᠦᠷᠭᠦᠯᠵᠢᠯᠡᠨ ᠲᠣᠭᠲᠠᠭᠤᠨ ᠵᠶ᠋ᠠᠷ ᠰᠠᠶ᠋ᠢᠵᠢᠷᠠᠬᠤ ᠵᠢ ᠠᠬᠢᠭᠤᠯᠬᠤ ᠬᠡᠷᠡᠭᠲᠡᠶ᠃

 

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠤᠨ᠎ᠤ ᠲᠣᠭ᠎ᠠ ᠪᠦᠷᠢᠳᠭᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
2024 ᠣᠨ᠎ᠳᠤ ᠥᠪᠥᠷ ᠮᠣᠩᠭᠣᠯ᠎ᠤᠨ ᠬᠣᠲᠠ ᠪᠠᠯᠭ᠋ᠠᠰᠤᠨ᠎ᠤ ᠨᠢᠭᠡᠴᠡ᠎ᠳᠤ ᠠᠵᠢᠯ ᠣᠯᠤᠭᠰᠠᠳ᠎ᠤᠨ ᠳᠤᠮᠳᠠᠴᠢ ᠴᠠᠯᠢᠩ ᠦᠷᠭᠦᠯᠵᠢᠯᠡᠨ ᠲᠣᠭᠲᠠᠭᠤᠨ ᠵᠶ᠋ᠠᠷ ᠨᠡᠮᠡᠭᠳᠡᠪᠡ
《ᠠᠷᠪᠠᠨ ᠭᠤᠷᠪᠠᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭ᠋ᠠᠨ᠎ᠤ ᠥᠪᠥᠷ ᠮᠣᠩᠭᠣᠯ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠦᠷ᠎ᠡ ᠪᠦᠲᠦᠮᠵᠢ
ᠪᠡᠯᠡ ᠮᠥᠩᠭᠥᠨ ᠎ᠤ ᠳᠡᠮᠵᠢᠯᠭᠡ ᠬᠠᠩᠭ᠋ᠠᠵᠤ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ᠎ᠪᠠᠷ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠨ᠎ᠡ
ᠠᠵᠢᠯ ᠣᠯᠭᠣᠯᠲᠠ ᠵᠢ ᠠᠬᠢᠭᠤᠯᠵᠤ ᠬᠦᠴᠦᠷᠬᠡᠭᠵᠢᠭᠦᠯᠬᠦ ᠵᠢ ᠪᠠᠲᠤᠯᠠᠵᠤ ᠠᠷᠠᠳ ᠢᠷᠭᠡᠳ᠎ᠤᠨ ᠵᠣᠯ ᠵᠢᠷᠭ᠋ᠠᠯ᠎ᠢ ᠪᠦᠲᠦᠭᠡᠶ᠎ᠡ
ᠬᠡᠷᠡᠭᠯᠡᠭᠡᠨ᠎ᠤ ᠬᠢᠷᠢ ᠲᠦᠪᠰᠢᠨ ᠳᠡᠭᠡᠭᠰᠢᠯᠡᠵᠦ ᠴᠢᠨᠡᠭᠡᠯᠢᠭ ᠨᠡᠶ᠋ᠢᠭᠡᠮ᠎ᠳᠤ ᠳᠠᠪᠰᠢᠨ ᠣᠷᠣᠯ᠎ᠠ
 
            