《2024 ᠣᠨ᠎ᠤ ᠬᠥᠳᠡᠯᠮᠦᠷᠢ ᠵᠢᠨ ᠴᠠᠯᠢᠩ᠎ᠤᠨ ᠲᠣᠭ᠎ᠠ ᠪᠦᠷᠢᠳᠬᠡᠯ᠎ᠤᠨ ᠮᠡᠳᠡᠭᠦᠯᠬᠦ ᠬᠦᠰᠦᠨᠦᠭᠲᠦ ᠵᠢᠨ ᠲᠦᠷᠢᠮ》᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠪᠥᠬᠥ ᠲᠠᠯ᠎ᠠ᠎ᠪᠠᠷ ᠪᠠᠶ᠋ᠢᠴᠠᠭ᠋ᠠᠬᠤ ᠪᠠ ᠥᠯᠢᠭᠡᠷ ᠠᠪᠴᠤ ᠪᠠᠶ᠋ᠢᠴᠠᠭ᠋ᠠᠬᠤ ᠵᠢ ᠬᠠᠷᠢᠯᠴᠠᠨ ᠤᠶᠠᠯᠳᠤᠭᠤᠯᠬᠤ ᠠᠷᠭ᠎ᠠ ᠬᠡᠯᠪᠡᠷᠢ ᠵᠢ ᠠᠪᠴᠤ᠂ ᠪᠥᠬᠥ ᠣᠷᠣᠨ᠎ᠤ 5 ᠲᠦᠮᠡ ᠰᠢᠬᠠᠮ ᠡᠷᠦᠬᠡ ᠬᠠᠤᠯᠢ ᠵᠢᠨ ᠡᠷᠬᠡᠲᠡᠨ᠎ᠤ ᠨᠢᠭᠡᠴᠡ᠎ᠳᠤ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠬᠢᠵᠦ᠂ ᠪᠥᠬᠥ ᠣᠷᠣᠨ᠎ᠤ ᠬᠣᠲᠠ ᠪᠠᠯᠭ᠋ᠠᠰᠤᠨ᠎ᠤ ᠨᠢᠭᠡᠴᠡ᠎ᠳᠤ ᠠᠵᠢᠯ ᠣᠯᠤᠭᠰᠠᠳ᠎ᠤᠨ ᠵᠢᠯ᠎ᠤᠨ ᠳᠤᠮᠳᠠᠴᠢ ᠴᠠᠯᠢᠩ᠎ᠢ ᠲᠥᠰᠦᠭᠡᠯᠡᠨ ᠪᠤᠳᠤᠵᠤ ᠲᠣᠭᠲᠠᠭ᠋ᠠᠪᠠ᠃ ᠲᠣᠭ᠎ᠠ ᠪᠠᠷᠢᠮᠲᠠ᠎ᠳᠤ ᠢᠯᠡᠷᠡᠭᠦᠯᠦᠭᠰᠡᠨ ᠵᠶ᠋ᠠᠷ᠂ 2024 ᠣᠨ᠎ᠳᠤ ᠪᠥᠬᠥ ᠣᠷᠣᠨ᠎ᠤ ᠬᠣᠲᠠ ᠪᠠᠯᠭ᠋ᠠᠰᠤᠨ᠎ᠤ ᠨᠢᠭᠡᠴᠡ ᠵᠢᠨ ᠠᠵᠢᠯ ᠣᠯᠭᠣᠯᠲᠠ ᠵᠢᠨ ᠪᠠᠶ᠋ᠢᠳᠠᠯ ᠶᠡᠷᠦᠩᠬᠡᠶ᠎ᠳᠡᠭᠡᠨ ᠲᠣᠭᠲᠠᠭᠤᠨ ᠪᠠᠶ᠋ᠢᠵᠤ᠂ ᠠᠵᠢᠯ ᠣᠯᠤᠭᠰᠠᠳ᠎ᠤᠨ ᠵᠢᠯ᠎ᠤᠨ ᠳᠤᠮᠳᠠᠴᠢ ᠴᠠᠯᠢᠩ ᠦᠷᠭᠦᠯᠵᠢᠯᠡᠨ ᠲᠣᠭᠲᠠᠭᠤᠨ ᠵᠶ᠋ᠠᠷ ᠨᠡᠮᠡᠭᠳᠡᠪᠡ᠃
ᠨᠢᠭᠡ᠂ ᠠᠵᠤ ᠠᠬᠤᠶ ᠵᠢᠨ ᠠᠵᠢᠯᠯᠠᠭ᠋ᠠᠨ ᠲᠣᠭᠲᠠᠭᠤᠨ᠎ᠤ ᠳᠤᠮᠳᠠ ᠤᠷᠤᠭᠰᠢᠯᠠᠵᠤ᠂ ᠴᠠᠯᠢᠩ᠎ᠤᠨ ᠲᠦᠪᠰᠢᠨ ᠲᠣᠭᠲᠠᠭᠤᠨ ᠵᠶ᠋ᠠᠷ ᠳᠡᠭᠡᠭᠰᠢᠯᠡᠪᠡ᠃
2024 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠤᠯ ᠰᠢᠵᠢᠮ᠎ᠲᠠᠢ ᠨᠢᠭᠲᠠ ᠤᠶᠠᠯᠳᠤᠭᠤᠯᠤᠨ᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ 《ᠬᠣᠶᠠᠷ ᠶᠡᠬᠡ ᠶᠠᠪᠤᠳᠠᠯ》᠎ᠢ ᠰᠠᠶ᠋ᠢᠲᠤᠷ ᠬᠢᠵᠦ᠂ 《ᠵᠢᠷᠭᠤᠭ᠋ᠠᠨ ᠢᠨᠵᠧᠨᠧᠷᠢᠩ》᠎ᠢ ᠰᠠᠶ᠋ᠢᠲᠤᠷ ᠠᠳᠬᠤᠵᠤ᠂ ᠪᠥᠬᠥ ᠣᠷᠣᠨ᠎ᠤ ᠠᠵᠤ ᠠᠬᠤᠶ ᠵᠢᠨ ᠨᠡᠮᠡᠭᠳᠡᠯ᠎ᠤᠨ ᠬᠤᠷᠳᠤᠴᠠ ᠦᠷᠭᠦᠯᠵᠢᠯᠡᠨ ᠪᠥᠬᠥ ᠤᠯᠤᠰ᠎ᠤᠨ ᠨᠢᠭᠡᠳᠦᠭᠡᠷ ᠵᠢᠭᠰᠠᠭ᠋ᠠᠯ᠎ᠤᠨ ᠭᠠᠵᠠᠷ᠎ᠢ ᠪᠠᠲᠤᠯᠠᠵᠤ᠂ ᠠᠵᠤ ᠠᠬᠤᠶ ᠵᠢᠨ ᠶᠡᠷᠦᠩᠬᠡᠶ ᠬᠡᠮᠵᠢᠶ᠎ᠡ 2.6 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ᠂ ᠪᠥᠬᠥ ᠤᠯᠤᠰ᠎ᠤᠨ ᠨᠡᠷᠡᠰ᠎ᠤᠨ ᠵᠢᠭᠰᠠᠭ᠋ᠠᠯᠲᠠ᠎ᠳᠤ 20 ᠳ᠋ᠤᠭ᠋ᠠᠷ᠎ᠲᠤ ᠵᠢᠭᠰᠠᠭ᠋ᠠᠭᠳᠠᠵᠤ᠂ 5 ᠵᠢᠯ ᠠᠯᠤᠰᠯᠠᠭ᠋ᠠᠳ ᠪᠥᠬᠥ ᠤᠯᠤᠰ᠎ᠤᠨ ᠳᠤᠮᠳᠠ ᠵᠢᠭᠰᠠᠭ᠋ᠠᠯ᠎ᠳᠤ ᠳᠠᠬᠢᠨᠲᠠ ᠪᠤᠴᠠᠵᠤ᠂ ᠰᠢᠨ᠎ᠡ ᠵᠠᠮ ᠨᠡᠬᠡᠬᠡᠨ ᠳᠤᠮᠳᠠ ᠲᠦᠪᠰᠢᠨ᠎ᠳᠤ ᠤᠷᠤᠭᠰᠢᠯᠠᠬᠤ ᠪᠣᠳᠠᠲᠠᠶ ᠠᠯᠬᠤᠮ᠎ᠢ ᠠᠯᠬᠤᠵᠤ᠂ ᠪᠥᠬᠥ ᠣᠷᠣᠨ᠎ᠤ ᠬᠣᠲᠠ ᠪᠠᠯᠭ᠋ᠠᠰᠤᠨ᠎ᠤ ᠨᠢᠭᠡᠴᠡ ᠵᠢᠨ ᠳᠤᠮᠳᠠᠴᠢ ᠴᠠᠯᠢᠩ ᠤᠯᠠᠮ ᠨᠢᠭᠡ ᠠᠯᠬᠤᠮ ᠳᠡᠭᠡᠭᠰᠢᠯᠡᠬᠦ ᠵᠢ ᠳᠠᠢ᠌ᠴᠢᠯᠠᠪᠠ᠃ 2024 ᠣᠨ᠎ᠳᠤ᠂ ᠪᠥᠬᠥ ᠣᠷᠣᠨ᠎ᠤ ᠬᠣᠲᠠ ᠪᠠᠯᠭ᠋ᠠᠰᠤᠨ᠎ᠤ ᠬᠤᠪᠢ ᠵᠢᠨ ᠡᠵᠡᠩᠨᠡᠯᠲᠡ ᠵᠢᠨ ᠪᠤᠰᠤ ᠨᠢᠭᠡᠴᠡ᠎ᠳᠤ ᠠᠵᠢᠯ ᠣᠯᠤᠭᠰᠠᠳ᠎ᠤᠨ ᠵᠢᠯ᠎ᠤᠨ ᠳᠤᠮᠳᠠᠴᠢ ᠴᠠᠯᠢᠩ 113172 ᠲᠥᠭᠥᠷᠢᠭ ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 4.0% ᠵᠶ᠋ᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠪᠥᠬᠥ ᠤᠯᠤᠰ᠎ᠤᠨ᠎ᠬᠢ᠎ᠠᠴᠠ 1.2 ᠵᠠᠭᠤᠨ᠎ᠤ ᠬᠤᠪᠢ ᠵᠢᠨ ᠴᠡᠭ ᠲᠦᠷᠭᠡᠨ ᠪᠣᠯᠵᠠᠶ; ᠬᠣᠲᠠ ᠪᠠᠯᠭ᠋ᠠᠰᠤᠨ᠎ᠤ ᠬᠤᠪᠢ ᠵᠢᠨ ᠡᠵᠡᠩᠨᠡᠯᠲᠡ ᠵᠢᠨ ᠨᠢᠭᠡᠴᠡ ᠵᠢᠨ ᠠᠵᠢᠯᠲᠠᠨ᠎ᠤ ᠵᠢᠯ᠎ᠤᠨ ᠳᠤᠮᠳᠠᠴᠢ ᠴᠠᠯᠢᠩ 59217 ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 3.1%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠪᠥᠬᠥ ᠤᠯᠤᠰ᠎ᠤᠨ᠎ᠬᠢ᠎ᠠᠴᠠ 1.4 ᠵᠠᠭᠤᠨ᠎ᠤ ᠬᠤᠪᠢ ᠵᠢᠨ ᠴᠡᠭ ᠲᠦᠷᠭᠡᠨ ᠪᠣᠯᠪᠠ᠃
ᠬᠣᠶᠠᠷ᠂ ᠰᠢᠨ᠎ᠡ ᠬᠥᠳᠡᠯᠭᠡᠭᠴᠢ ᠡᠨᠧᠷᠭᠢ ᠵᠢᠨ ᠪᠣᠶ᠋ᠢᠵᠢᠭᠤᠯᠤᠯᠲᠠ ᠲᠦᠷᠭᠡᠳᠴᠦ᠂ ᠭᠣᠣᠯᠳᠠᠯᠭ᠎ᠠ᠎ᠲᠠᠢ ᠠᠵᠢᠯ ᠲᠦᠷᠦᠯ ᠪᠠ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ ᠴᠠᠯᠢᠩ ᠨᠡᠯᠢᠶᠡᠳ ᠲᠦᠷᠭᠡᠨ ᠨᠡᠮᠡᠭᠳᠡᠪᠡ᠃
2024 ᠣᠨ᠎ᠳᠤ᠂ ᠥᠪᠥᠷ ᠮᠣᠩᠭᠣᠯ ᠰᠢᠨ᠎ᠡ ᠬᠥᠳᠡᠯᠭᠡᠬᠦ ᠡᠨᠧᠷᠭᠢ ᠵᠢ ᠦᠷᠭᠦᠯᠵᠢᠯᠡᠨ ᠲᠦᠷᠭᠡᠨ ᠪᠣᠶ᠋ᠢᠵᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠪᠲᠤᠯᠤᠯᠲᠠ ᠵᠢᠨ ᠢᠨᠵᠧᠨᠧᠷᠢᠩ᠎ᠢ
ᠬᠡᠷᠡᠭᠵᠢᠭᠦᠯᠵᠦ᠂ ᠰᠢᠨ᠎ᠡ ᠡᠨᠧᠷᠭᠢ ᠵᠢᠨ ᠠᠵᠤ ᠦᠢ᠍ᠯᠡᠰ᠎ᠢ ᠬᠥᠭᠵᠢᠭᠦᠯᠦᠨ ᠪᠤᠵᠠᠭ᠋ᠠᠶ᠋ᠢᠷᠠᠭᠤᠯᠵᠤ᠂ ᠤᠯᠠᠮᠵᠢᠯᠠᠯᠲᠤ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠵᠤ᠂ ᠪᠥᠬᠥ ᠣᠷᠣᠨ᠎ᠤ ᠭᠤᠤᠯᠳᠠᠯᠭ᠎ᠠ᠎ᠲᠠᠢ ᠠᠵᠢᠯ ᠲᠥᠷᠥᠯ ᠪᠣᠯᠤᠨ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠤᠨ ᠳᠤᠮᠳᠠᠴᠢ ᠴᠠᠯᠢᠩ ᠨᠡᠯᠢᠶᠡᠳ ᠲᠦᠷᠭᠡᠨ ᠨᠡᠮᠡᠭᠳᠡᠬᠦ ᠵᠢ ᠪᠠᠲᠤᠯᠠᠪᠠ᠃ ᠬᠤᠪᠢ ᠵᠢᠨ ᠡᠵᠡᠩᠨᠡᠯᠲᠡ ᠵᠢᠨ ᠪᠤᠰᠤ ᠨᠢᠭᠡᠴᠡ᠎ᠳᠠᠬᠢ ᠠᠭᠤᠷᠬᠠᠶ ᠮᠠᠯᠲᠠᠬᠤ ᠦᠢ᠍ᠯᠡᠰ᠂ ᠮᠡᠳᠡᠭᠡ ᠵᠠᠩᠭᠢ ᠵᠢᠨ ᠳᠠᠮᠵᠢᠭᠤᠯᠭ᠎ᠠ᠂ ᠵᠥᠭᠡᠯᠡᠨ ᠲᠣᠨᠣᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ ᠵᠢᠴᠢ ᠴᠠᠬᠢᠯᠭ᠋ᠠᠨ ᠬᠦᠴᠦᠨ᠂ ᠢᠯᠴᠢ ᠵᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠎ᠤᠨ ᠳᠤᠮᠳᠠᠴᠢ ᠴᠠᠯᠢᠩ᠎ᠨᠢ ᠲᠣᠰ ᠲᠣᠰ 215638 ᠲᠥᠭᠥᠷᠢᠭ᠂ 149607 ᠲᠥᠭᠥᠷᠢᠭ ᠪᠠ 147616 ᠲᠥᠭᠥᠷᠢᠭ᠎ᠲᠤ ᠬᠦᠷᠦᠭᠰᠡᠨ ᠪᠥᠭᠡᠳ ᠴᠠᠯᠢᠩ᠎ᠤᠨ ᠨᠡᠮᠡᠭᠳᠡᠯ᠎ᠤᠨ ᠬᠤᠷᠳᠤᠴᠠ᠎ᠨᠢ ᠲᠣᠰ ᠲᠣᠰ ᠪᠥᠬᠥ ᠣᠷᠣᠨ᠎ᠤ ᠳᠤᠮᠳᠠᠴᠢ ᠨᠡᠮᠡᠭᠳᠡᠯ᠎ᠤᠨ ᠬᠤᠷᠳᠤᠴᠠ᠎ᠠᠴᠠ 5.9᠂ 9.7 ᠪᠠ 3.2 ᠵᠠᠭᠤᠨ᠎ᠤ ᠬᠤᠪᠢ ᠵᠢᠨ ᠴᠡᠭ ᠲᠦᠷᠭᠡᠨ ᠪᠣᠯᠵᠠᠶ; ᠬᠤᠪᠢ ᠵᠢᠨ ᠡᠵᠡᠩᠨᠡᠯᠲᠡ ᠵᠢᠨ ᠨᠢᠭᠡᠴᠡ᠎ᠳᠠᠬᠢ ᠮᠥᠩᠭᠥᠨ ᠭᠦᠢ᠍ᠯᠭᠡᠭᠡᠨ᠎ᠤ ᠦᠢ᠍ᠯᠡᠰ᠂ ᠠᠭᠤᠷᠬᠠᠶ ᠮᠠᠯᠲᠠᠬᠤ ᠦᠢ᠍ᠯᠡᠰ ᠪᠠ ᠴᠠᠬᠢᠯᠭ᠋ᠠᠨ ᠬᠦᠴᠦᠨ᠂ ᠢᠯᠴᠢ ᠵᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠎ᠤᠨ ᠳᠤᠮᠳᠠᠴᠢ ᠴᠠᠯᠢᠩ᠎ᠨᠢ ᠡᠮᠦᠨ᠎ᠡ ᠭᠤᠷᠪᠠ᠎ᠳᠤ ᠣᠷᠣᠵᠤ᠂ ᠲᠣᠰ ᠲᠣᠰ 93873 ᠲᠥᠭᠥᠷᠢᠭ᠂ 91567 ᠲᠥᠭᠥᠷᠢᠭ ᠪᠠ 72260 ᠲᠥᠭᠥᠷᠢᠭ᠎ᠲᠤ ᠬᠦᠷᠴᠦ᠂ ᠮᠡᠳᠡᠭᠡ ᠵᠠᠩᠭᠢ ᠵᠢᠨ ᠳᠠᠮᠵᠢᠭᠤᠯᠭ᠎ᠠ᠂ ᠵᠥᠭᠡᠯᠡᠨ ᠲᠣᠨᠣᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠳᠤᠮᠳᠠᠴᠢ ᠴᠠᠯᠢᠩ᠎ᠨᠢ ᠲᠠᠪᠤᠳᠤᠭ᠋ᠠᠷ᠎ᠲᠤ ᠣᠷᠣᠵᠤ᠂ ᠴᠠᠯᠢᠩ᠎ᠤᠨ ᠨᠡᠮᠡᠭᠳᠡᠯ᠎ᠤᠨ ᠬᠤᠷᠳᠤᠴᠠ᠎ᠨᠢ 10.3% ᠪᠣᠯᠵᠣ᠂ ᠪᠥᠬᠥ ᠣᠷᠣᠨ᠎ᠤ ᠬᠤᠪᠢ ᠵᠢᠨ ᠡᠵᠡᠩᠨᠡᠯᠲᠡ ᠵᠢᠨ ᠨᠢᠭᠡᠴᠡ ᠵᠢᠨ ᠴᠠᠯᠢᠩ᠎ᠤᠨ ᠨᠡᠮᠡᠭᠳᠡᠯ᠎ᠤᠨ ᠬᠤᠷᠳᠤᠴᠠ᠎ᠠᠴᠠ 7.2 ᠵᠠᠭᠤᠨ᠎ᠤ ᠬᠤᠪᠢ ᠵᠢᠨ ᠴᠡᠭ ᠲᠦᠷᠭᠡᠳᠪᠡ᠃
ᠭᠤᠷᠪᠠ᠂ ᠵᠠᠬ᠎ᠠ ᠳᠡᠯᠭᠡᠭᠦᠷ᠎ᠤᠨ ᠪᠣᠷᠣᠯᠠᠭᠤᠯᠭ᠎ᠠ ᠦᠷᠭᠦᠯᠵᠢᠯᠡᠨ ᠳᠡᠭᠡᠭᠰᠢᠯᠡᠵᠦ᠂ ᠤᠯᠠᠮᠵᠢᠯᠠᠯᠲᠤ ᠦᠢ᠍ᠯᠡᠴᠢᠯᠡᠭᠡᠨ᠎ᠤ ᠦᠢ᠍ᠯᠡᠰ᠎ᠤᠨ ᠴᠠᠯᠢᠩ ᠲᠣᠭᠲᠠᠭᠤᠨ ᠵᠶ᠋ᠠᠷ ᠨᠡᠮᠡᠭᠳᠡᠪᠡ᠃
2024 ᠣᠨ᠎ᠳᠤ᠂ ᠪᠥᠬᠥ ᠣᠷᠣᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ᠎ᠪᠠᠨ 4.9%᠎ᠪᠠᠷ ᠨᠡᠮᠡᠭᠳᠡᠪᠡ᠂ ᠡᠭᠦᠨ᠎ᠳᠤ᠂ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ᠎ᠪᠠᠨ 7.1%᠎ᠪᠠᠷ ᠨᠡᠮᠡᠭᠳᠡᠵᠦ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭ᠋ᠠᠯᠠᠬᠤ ᠪᠠ ᠰᠢᠤᠳᠠᠨ᠎ᠤ ᠦᠢ᠍ᠯᠡᠰ᠎ᠤᠨ᠎ᠬᠢ 5.5%᠎ᠪᠠᠷ ᠨᠡᠮᠡᠭᠳᠡᠵᠦ᠂ ᠬᠣᠨᠣᠭ ᠪᠠᠭᠤᠳᠠᠯ ᠪᠠ ᠢᠳᠡᠭᠡᠨ ᠤᠮᠳᠠᠭ᠋ᠠᠨ᠎ᠤ ᠦᠢ᠍ᠯᠡᠰ᠎ᠤᠨ᠎ᠬᠢ 4.0% ᠵᠶ᠋ᠠᠷ ᠨᠡᠮᠡᠭᠳᠡᠪᠡ᠃ ᠪᠦᠬᠦ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠬᠡᠷᠡᠭᠰᠡᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ 5615.3 ᠳ᠋ᠦᠩᠰᠢᠭᠤᠷ ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 4.5%᠎ᠪᠠᠷ ᠨᠡᠮᠡᠭᠳᠡᠪᠡ᠃ ᠬᠡᠷᠡᠭᠯᠡᠭᠡ ᠵᠢ ᠠᠬᠢᠭᠤᠯᠬᠤ ᠠᠯᠢ ᠣᠯᠠᠨ ᠠᠷᠭ᠎ᠠ ᠬᠡᠮᠵᠢᠶ᠎ᠡ ᠵᠢᠴᠢ ᠶᠡᠬᠡ ᠬᠡᠪᠴᠢᠶᠡᠨ᠎ᠤ ᠲᠣᠨᠣᠭ ᠲᠥᠬᠥᠭᠡᠷᠦᠮᠵᠢ ᠵᠢᠨ ᠰᠢᠨᠡᠴᠢᠯᠡᠯᠲᠡ ᠪᠠ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ ᠬᠦᠴᠦᠲᠡᠶ ᠦᠢ᠍ᠯᠡᠳᠦᠯ ᠦᠵᠡᠭᠦᠯᠵᠦ᠂ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂ ᠬᠣᠨᠣᠭ ᠪᠠᠭᠤᠳᠠᠯ ᠢᠳᠡᠭᠡᠨ ᠤᠮᠳᠠᠭ᠋ᠠᠨ᠂ ᠰᠣᠶᠣᠯ ᠪᠡᠶ᠎ᠡ ᠵᠢᠨ ᠲᠠᠮᠢᠷ ᠵᠤᠭ᠎ᠠ ᠴᠡᠩᠭᠡᠯ ᠵᠡᠷᠭᠡ ᠬᠦᠷᠦᠯᠴᠡᠬᠦ ᠬᠡᠯᠪᠡᠷᠢ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠴᠠᠯᠢᠩ᠎ᠤᠨ ᠲᠦᠪᠰᠢᠨ᠎ᠤ ᠦᠷᠭᠦᠯᠵᠢᠯᠡᠨ ᠨᠡᠮᠡᠭᠳᠡᠬᠦ ᠵᠢ ᠳᠠᠶ᠋ᠢᠴᠢᠯᠠᠪᠠ᠃ ᠡᠭᠦᠨ᠎ᠳᠤ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ᠎ᠤᠨ ᠬᠣᠲᠠ ᠪᠠᠯᠭ᠋ᠠᠰᠤ ᠵᠢᠨ ᠬᠤᠪᠢ ᠵᠢᠨ ᠡᠵᠡᠩᠨᠡᠯᠲᠡ ᠵᠢᠨ ᠪᠤᠰᠤ ᠨᠢᠭᠡᠴᠡ ᠪᠣᠯᠤᠨ ᠬᠣᠲᠠ ᠪᠠᠯᠭ᠋ᠠᠰᠤ ᠵᠢᠨ ᠬᠤᠪᠢ ᠵᠢᠨ ᠡᠵᠡᠩᠨᠡᠯᠲᠡ ᠵᠢᠨ ᠨᠢᠭᠡᠴᠡ ᠵᠢᠨ ᠳᠤᠮᠳᠠᠴᠢ ᠴᠠᠯᠢᠩ᠎ᠤᠨ ᠨᠡᠮᠡᠭᠳᠡᠯ᠎ᠤᠨ ᠬᠤᠷᠳᠤᠴᠠ ᠲᠣᠰ ᠲᠣᠰ 6.0% ᠪᠠ 5.2%᠎ᠲᠤ ᠬᠦᠷᠴᠡᠢ; ᠬᠣᠨᠣᠭ ᠢᠳᠡᠭᠡᠨ ᠤᠮᠳᠠᠭ᠋ᠠᠨ᠎ᠤ ᠦᠢ᠍ᠯᠡᠰ ᠲᠣᠰ ᠲᠣᠰ 9.7% ᠪᠠ 4.8% ᠪᠠᠶ᠋ᠢᠵᠤ᠂ ᠴᠥᠮ ᠪᠥᠬᠥ ᠣᠷᠣᠨ᠎ᠤ ᠪᠦᠬᠦᠯᠢ ᠴᠣᠭᠴᠠ ᠵᠢᠨ ᠬᠢᠷᠢ ᠲᠦᠪᠰᠢᠨ᠎ᠠᠴᠠ ᠥᠨᠳᠥᠷ ᠪᠣᠯᠪᠠ; ᠰᠣᠶᠣᠯ ᠪᠡᠶ᠎ᠡ ᠵᠢᠨ ᠲᠠᠮᠢᠷ ᠵᠤᠭ᠎ᠠ ᠴᠡᠩᠭᠡᠯ᠎ᠤᠨ ᠦᠢ᠍ᠯᠡᠰ᠎ᠤᠨ ᠴᠠᠯᠢᠩ᠎ᠤᠨ ᠨᠡᠮᠡᠭᠳᠡᠯ᠎ᠤᠨ ᠬᠤᠷᠳᠤᠴᠠ ᠨᠡᠯᠢᠶᠡᠳ ᠶᠡᠬᠡ ᠳᠠᠪᠠᠯᠲᠠ ᠵᠢ ᠪᠡᠶᠡᠯᠡᠭᠦᠯᠵᠦ᠂ ᠬᠣᠲᠠ ᠪᠠᠯᠭ᠋ᠠᠰᠤᠨ᠎ᠤ ᠬᠤᠪᠢ ᠵᠢᠨ ᠡᠵᠡᠩᠨᠡᠯᠲᠡ ᠵᠢᠨ ᠪᠤᠰᠤ ᠨᠢᠭᠡᠴᠡ ᠪᠠ ᠬᠣᠲᠠ ᠪᠠᠯᠭ᠋ᠠᠰᠤᠨ᠎ᠤ ᠬᠤᠪᠢ ᠵᠢᠨ ᠡᠵᠡᠩᠨᠡᠯᠲᠡ ᠵᠢᠨ ᠨᠢᠭᠡᠴᠡ ᠵᠢᠨ ᠳᠤᠮᠳᠠᠴᠢ ᠴᠠᠯᠢᠩ᠎ᠤᠨ ᠨᠡᠮᠡᠭᠳᠡᠯ᠎ᠤᠨ ᠬᠤᠷᠳᠤᠴᠠ 2023 ᠣᠨ᠎ᠤ - 0.2% ᠪᠠ 3.1% ᠪᠠᠶ᠋ᠢᠭᠰᠠᠨ᠎ᠠᠴᠠ᠎ᠪᠠᠨ ᠲᠣᠰ ᠲᠣᠰ 3.2% ᠪᠠ 16.0% ᠪᠣᠯᠲᠠᠯ᠎ᠠ ᠳᠡᠭᠡᠭᠰᠢᠯᠡᠪᠡ᠃
ᠳᠥᠷᠪᠡ᠂ ᠳᠤᠮᠳᠠᠴᠢ ᠴᠠᠯᠢᠩ᠎ᠤᠨ ᠲᠣᠭ᠎ᠠ ᠪᠠᠷᠢᠮᠲᠠ ᠵᠢ ᠣᠶᠤᠨᠴᠢ᠎ᠪᠠᠷ ᠦᠵᠡᠬᠦ ᠬᠡᠷᠡᠭᠲᠡᠶ᠃
ᠳᠤᠮᠳᠠᠴᠢ ᠴᠠᠯᠢᠩ ᠪᠣᠯ ᠨᠢᠭᠡ ᠤᠯᠤᠰ᠂ ᠭᠠᠵᠠᠷ ᠣᠷᠣᠨ ᠪᠤᠶᠤ ᠠᠵᠢᠯ ᠲᠥᠷᠥᠯ᠂ ᠠᠵᠢᠯ᠎ᠤᠨ ᠪᠠᠶ᠋ᠢᠷᠢ ᠵᠢᠨ ᠶᠡᠷᠦᠩᠬᠡᠶ ᠴᠠᠯᠢᠩ᠎ᠤᠨ ᠪᠠᠶ᠋ᠢᠳᠠᠯ ᠪᠣᠯᠤᠨ ᠬᠤᠪᠢᠷᠠᠯᠲᠠ ᠵᠢ ᠲᠤᠰᠬᠠᠬᠤ ᠴᠢᠬᠤᠯᠠ ᠲᠣᠭ᠎ᠠ ᠪᠦᠷᠢᠳᠬᠡᠯ᠎ᠤᠨ ᠭᠦᠢ᠍ᠴᠡᠳᠬᠡᠯ ᠲᠣᠭ᠎ᠠ ᠪᠣᠯᠤᠨ᠎ᠠ᠃ ᠳᠤᠮᠳᠠᠴᠢ ᠴᠠᠯᠢᠩ᠎ᠤᠨ ᠨᠡᠮᠡᠭᠳᠡᠯ ᠬᠤᠪᠢᠷᠠᠯᠲᠠ᠎ᠨᠢ ᠣᠯᠠᠨ ᠵᠦᠢ᠍ᠯ᠎ᠤᠨ ᠬᠦᠴᠦᠨ ᠵᠦᠢ᠍ᠯ᠎ᠳᠤ ᠨᠥᠯᠥᠭᠡᠯᠡᠭᠳᠡᠵᠦ᠂ ᠬᠣᠷᠸ᠎ᠠ ᠲᠥᠷᠥ ᠵᠢᠨ ᠪᠣᠳᠣᠯᠭ᠎ᠠ᠂ ᠨᠡᠶ᠋ᠢᠭᠡᠮ ᠠᠵᠤ ᠠᠬᠤᠶ ᠵᠢᠨ ᠶᠡᠬᠡ ᠣᠷᠴᠢᠨ ᠲᠣᠭᠣᠷᠢᠨ ᠵᠡᠷᠭᠡ ᠭᠠᠳᠠᠭ᠋ᠠᠳᠤ ᠬᠦᠴᠦᠨ ᠵᠦᠢ᠍ᠯ ᠪᠠᠶ᠋ᠢᠬᠤ᠎ᠪᠠᠷ ᠪᠠᠷᠠᠬᠤ ᠦᠭᠡᠶ᠂ ᠪᠠᠰᠠ ᠨᠢᠭᠡᠴᠡ ᠵᠢᠨ ᠳᠦᠷᠢᠮ᠎ᠤᠨ ᠥᠭᠡᠷᠡᠴᠢᠯᠡᠯᠲᠡ᠂ ᠠᠵᠢᠯᠴᠢᠨ ᠬᠡᠷᠡᠭᠯᠡᠬᠦ ᠪᠦᠲᠦᠴᠡ ᠵᠢᠨ ᠬᠤᠪᠢᠷᠠᠯᠲᠠ ᠵᠡᠷᠭᠡ ᠳᠣᠲᠣᠭ᠋ᠠᠳᠤ ᠬᠦᠴᠦᠨ ᠵᠦᠢ᠍ᠯ
ᠪᠠᠶ᠋ᠢᠨ᠎ᠠ᠃ ᠪᠣᠳᠠᠲᠠᠶ᠎ᠪᠠᠷ ᠬᠡᠯᠡᠪᠡᠯ ᠬᠤᠪᠢ ᠬᠥᠮᠦᠨ᠎ᠤ ᠴᠠᠯᠢᠩ᠎ᠤᠨ ᠬᠢᠷᠢ ᠲᠦᠪᠰᠢᠨ ᠪᠠ ᠨᠡᠮᠡᠭᠳᠡᠯ᠎ᠤᠨ ᠬᠤᠷᠳᠤᠴᠠ᠎ᠨᠢ ᠭᠠᠵᠠᠷ ᠣᠷᠣᠨ᠎ᠤ ᠳᠤᠮᠳᠠᠴᠢ ᠲᠦᠪᠰᠢᠨ ᠪᠠ ᠨᠡᠮᠡᠭᠳᠡᠯ᠎ᠤᠨ ᠬᠤᠷᠳᠤᠴᠠ᠎ᠠᠴᠠ ᠨᠡᠯᠢᠶᠡᠳ ᠶᠡᠬᠡ ᠵᠥᠷᠢᠶ᠎ᠡ᠎ᠲᠠᠢ ᠪᠠᠶ᠋ᠢᠵᠤ ᠮᠡᠳᠡᠨ᠎ᠡ᠂ ᠡᠭᠦᠨ᠎ᠳᠤ ᠠᠵᠢᠯ ᠲᠥᠷᠥᠯ᠂ ᠭᠠᠵᠠᠷ ᠣᠷᠣᠨ᠂ ᠨᠢᠭᠡᠴᠡ ᠵᠢᠨ ᠲᠥᠷᠥᠯ ᠬᠡᠯᠪᠡᠷᠢ᠂ ᠠᠵᠢᠯ᠎ᠤᠨ ᠪᠠᠶ᠋ᠢᠷᠢ ᠵᠢᠴᠢ ᠨᠢᠭᠡᠴᠡ ᠵᠢᠨ ᠡᠵᠡᠩᠨᠡᠯᠲᠡ ᠵᠢᠨ ᠪᠠᠶ᠋ᠢᠳᠠᠯ ᠪᠠ ᠬᠤᠪᠢ ᠬᠥᠮᠦᠨ᠎ᠤ ᠪᠣᠳᠠᠲᠠᠶ ᠪᠠᠶ᠋ᠢᠳᠠᠯ᠎ᠠᠴᠠ ᠡᠭᠦᠰᠴᠦ ᠪᠥᠬᠥ ᠲᠠᠯ᠎ᠠ᠎ᠪᠠᠷ ᠵᠠᠳᠠᠯᠤᠯᠲᠠ ᠬᠢᠵᠦ᠂ ᠣᠶᠤᠨᠴᠢ᠎ᠪᠠᠷ ᠬᠠᠨᠳᠤᠬᠤ ᠬᠡᠷᠡᠭᠲᠡᠶ᠃
ᠨᠢᠭᠡ᠎ᠳᠤ᠂ ᠳᠤᠮᠳᠠᠴᠢ ᠴᠠᠯᠢᠩ᠎ᠨᠢ ᠭᠠᠶ᠋ᠢᠯᠢ ᠲᠤᠰᠢᠶᠠᠬᠤ᠎ᠠᠴᠠ ᠡᠮᠦᠨᠡᠬᠢ ᠴᠠᠯᠢᠩ᠎ᠢ ᠲᠤᠰᠬᠠᠬᠤ᠎ᠠᠴᠠ ᠪᠢᠰᠢ ᠬᠠᠷᠢᠨ ᠪᠣᠳᠠᠲᠠᠶ ᠣᠯᠭᠣᠬᠤ ᠴᠠᠯᠢᠩ᠎ᠢ ᠲᠤᠰᠬᠠᠬᠤ ᠥᠬᠡᠶ᠃ ᠲᠦᠷᠦ ᠵᠢᠨ ᠶᠠᠪᠤᠳᠠᠯ᠎ᠤᠨ ᠬᠣᠷᠢᠶᠠᠨ᠎ᠤ ᠵᠥᠪᠰᠢᠶᠡᠷᠡᠨ ᠨᠡᠶ᠋ᠢᠲᠡᠯᠡᠭᠰᠡᠨ 《ᠴᠠᠯᠢᠩ᠎ᠤᠨ ᠪᠦᠬᠦ ᠲᠣᠭ᠋ᠠᠨ᠎ᠤ ᠪᠦᠷᠢᠯᠳᠦᠯ᠎ᠤᠨ ᠲᠤᠬᠠᠢ ᠲᠣᠭᠲᠠᠭ᠋ᠠᠯ》 ᠪᠠ ᠤᠯᠠᠨ ᠤᠯᠤᠰ᠎ᠤᠨ ᠴᠠᠯᠢᠩ᠎ᠤᠨ ᠪᠦᠷᠢᠳᠬᠡᠯ᠎ᠤᠨ ᠶᠡᠷᠦᠳᠡ ᠵᠢᠨ ᠠᠷᠭ᠎ᠠ ᠵᠢ ᠦᠨᠳᠦᠰᠦᠯᠡᠪᠡᠯ᠂ ᠴᠠᠯᠢᠩ᠎ᠳᠤ ᠬᠥᠮᠦᠨ ᠬᠡᠷᠡᠭᠯᠡᠬᠦ ᠨᠢᠭᠡᠴᠢ ᠵᠢᠨ ᠣᠷᠣᠯᠠᠨ ᠰᠠᠭᠤᠯᠭ᠋ᠠᠨ ᠠᠪᠤᠭᠰᠠᠨ᠂ ᠣᠷᠣᠯᠠᠨ ᠲᠤᠰᠢᠶᠠᠭᠰᠠᠨ ᠬᠤᠪᠢ ᠬᠥᠮᠦᠨ᠎ᠤ ᠠᠰᠢᠭ ᠣᠷᠣᠯᠭ᠎ᠠ ᠵᠢᠨ ᠭᠠᠶ᠋ᠢᠯᠢ᠂ ᠨᠡᠶ᠋ᠢᠲᠡ ᠵᠢᠨ ᠬᠤᠷᠠᠮᠳᠤᠭᠤᠯᠭ᠎ᠠ ᠵᠢᠨ ᠮᠥᠩᠭᠥ ᠵᠢᠴᠢ ᠨᠠᠰᠤᠵᠢᠯ᠎ᠤᠨ ᠠᠰᠠᠷᠠᠮᠵᠢ᠂ ᠡᠮ ᠡᠮᠨᠡᠯᠭᠡ᠂ ᠠᠵᠢᠯ ᠠᠯᠳᠠᠯᠲᠠ ᠵᠢᠨ ᠳᠠᠭ᠋ᠠᠳᠬᠠᠯ᠎ᠤᠨ ᠰᠠᠭᠤᠷᠢ ᠮᠥᠩᠭᠥ ᠵᠡᠷᠭᠡ ᠬᠤᠪᠢ ᠬᠥᠮᠦᠨ᠎ᠤ ᠲᠤᠰᠢᠶᠠᠬᠤ ᠬᠡᠰᠡᠭ᠎ᠢ ᠪᠠᠭᠲᠠᠭ᠋ᠠᠨ᠎ᠠ᠃ ᠡᠶ᠋ᠢᠮᠦ᠎ᠠᠴᠠ ᠲᠣᠭ᠎ᠠ ᠪᠦᠷᠢᠳᠬᠡᠯ᠎ᠤᠨ ᠰᠠᠯᠠᠭ᠎ᠠ ᠮᠥᠴᠢᠷ᠎ᠤᠨ ᠨᠡᠶ᠋ᠢᠲᠡᠯᠡᠭᠰᠡᠨ ᠳᠤᠮᠳᠠᠴᠢ ᠴᠠᠯᠢᠩ᠎ᠨᠢ ᠣᠯᠠᠩᠬᠢ ᠬᠥᠮᠦᠨ᠎ᠤ ᠪᠣᠳᠠᠲᠠᠢ ᠣᠯᠤᠭᠰᠠᠨ ᠴᠠᠯᠢᠩ᠎ᠠᠴᠠ ᠥᠨᠳᠥᠷ ᠪᠠᠶ᠋ᠢᠳᠠᠭ᠃
ᠬᠣᠶᠠᠷ᠎ᠲᠤ᠂ ᠳᠤᠮᠳᠠᠴᠢ ᠴᠠᠯᠢᠩ᠎ᠨᠢ ᠪᠥᠬᠥ ᠠᠵᠢᠯ ᠣᠯᠤᠭᠰᠠᠳ᠎ᠤᠨ ᠴᠠᠯᠢᠩ᠎ᠢ ᠲᠤᠰᠬᠠᠬᠤ ᠪᠢᠰᠢ ᠬᠠᠷᠢᠨ ᠬᠣᠲᠠ ᠪᠠᠯᠭ᠋ᠠᠰᠤᠨ᠎ᠤ ᠬᠠᠤᠯᠢ ᠵᠢᠨ ᠡᠷᠬᠡᠲᠡᠨ᠎ᠤ ᠨᠢᠭᠡᠴᠡ ᠵᠢᠨ ᠴᠠᠯᠢᠩ᠎ᠢ ᠲᠤᠰᠬᠠᠨ᠎ᠠ᠃ ᠣᠳᠣᠬᠠᠨ᠎ᠳᠤ᠂ ᠲᠣᠭ᠎ᠠ ᠪᠦᠷᠢᠳᠬᠡᠯ᠎ᠤᠨ ᠰᠠᠯᠠᠭ᠎ᠠ ᠮᠥᠴᠢᠷ᠎ᠤᠨ ᠨᠡᠶ᠋ᠢᠲᠡᠯᠡᠭᠰᠡᠨ ᠳᠤᠮᠳᠠᠴᠢ ᠴᠠᠯᠢᠩ᠎ᠳᠤ ᠭᠤᠤᠯᠳᠠᠭᠤ ᠬᠣᠶᠠᠷ ᠰᠢᠰᠲ᠋ᠧᠮ ᠪᠣᠶ᠂ ᠲᠤᠬᠠᠶ᠋ᠢᠯᠠᠪᠠᠯ ᠬᠣᠲᠠ ᠪᠠᠯᠭ᠋ᠠᠰᠤᠨ᠎ᠤ ᠬᠤᠪᠢ ᠵᠢᠨ ᠡᠵᠡᠩᠨᠡᠯᠲᠡ ᠵᠢᠨ ᠪᠤᠰᠤ ᠨᠢᠭᠡᠴᠡ ᠵᠢᠨ ᠳᠤᠮᠳᠠᠴᠢ ᠴᠠᠯᠢᠩ ᠪᠠ ᠬᠣᠲᠠ ᠪᠠᠯᠭ᠋ᠠᠰᠤᠨ᠎ᠤ ᠬᠤᠪᠢ ᠵᠢᠨ ᠡᠵᠡᠩᠨᠡᠯᠲᠡ ᠵᠢᠨ ᠨᠢᠭᠡᠴᠡ ᠵᠢᠨ ᠳᠤᠮᠳᠠᠴᠢ ᠴᠠᠯᠢᠩ ᠪᠣᠯᠤᠨ᠎ᠠ᠂ ᠬᠣᠲᠠ ᠪᠠᠯᠭ᠋ᠠᠰᠤᠨ᠎ᠤ ᠬᠤᠪᠢ ᠵᠢᠨ ᠡᠵᠡᠩᠨᠡᠯᠲᠡ ᠵᠢᠨ ᠪᠤᠰᠤ ᠨᠢᠭᠡᠴᠡ᠎ᠳᠤ ᠭᠤᠤᠯᠳᠠᠭᠤ ᠪᠠᠶ᠋ᠢᠭᠤᠯᠤᠯᠭ᠎ᠠ᠂ ᠠᠵᠢᠯ ᠦᠢ᠍ᠯᠡᠰ᠎ᠤᠨ ᠨᠢᠭᠡᠴᠡ᠂ ᠤᠯᠤᠰ᠎ᠤᠨ ᠥᠮᠴᠢᠯᠡᠯᠲᠦ ᠲᠤᠰᠠᠭ᠋ᠠᠷ ᠪᠠᠯᠠ ᠣᠷᠣᠭᠤᠯᠤᠭᠰᠠᠨ ᠠᠵᠤ ᠠᠬᠤᠶ᠋ᠢᠯᠠᠯ ᠵᠡᠷᠭᠡ ᠬᠤᠪᠢ ᠵᠢᠨ ᠡᠵᠡᠩᠨᠡᠯᠲᠡ ᠵᠢᠨ ᠪᠤᠰᠤ ᠳᠣᠲᠣᠭ᠋ᠠᠳᠤ ᠪᠠᠯᠠ ᠵᠢᠨ ᠠᠵᠤ ᠠᠬᠤᠶ᠋ᠢᠯᠠᠯ᠂ ᠰᠢᠶᠠᠩᠭ᠋ᠠᠩ ᠣᠣᠮᠧᠨ ᠲᠠᠶ᠋ᠢᠸᠠᠨ᠎ᠤ ᠪᠠᠯᠠ ᠣᠷᠣᠭᠤᠯᠤᠯᠲᠠ ᠪᠠ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠠᠯᠠ ᠣᠷᠣᠭᠤᠯᠤᠭᠰᠠᠨ ᠠᠵᠤ ᠠᠬᠤᠶ᠋ᠢᠯᠠᠯ ᠵᠡᠷᠭᠡ ᠪᠠᠭᠲᠠᠨ᠎ᠠ ᠬᠤᠪᠢ ᠵᠢᠨ ᠡᠵᠡᠩᠨᠡᠯᠲᠡ ᠵᠢᠨ ᠨᠢᠭᠡᠴᠡ᠎ᠳᠤ ᠭᠤᠤᠯᠳᠠᠭᠤ ᠬᠤᠪᠢ ᠬᠥᠮᠦᠨ᠎ᠤ ᠲᠤᠰᠠᠭ᠋ᠠᠷ ᠪᠠᠯᠠ ᠣᠷᠣᠭᠤᠯᠤᠭᠰᠠᠨ ᠠᠵᠤ ᠠᠬᠤᠶ᠋ᠢᠯᠠᠯ᠂ ᠬᠤᠷᠰᠢᠭᠰᠠᠨ ᠠᠵᠤ ᠠᠬᠤᠶ᠋ᠢᠯᠠᠯ᠂ ᠬᠤᠪᠢ ᠵᠢᠨ ᠡᠵᠡᠩᠨᠡᠯᠲᠡ ᠵᠢᠨ ᠬᠢᠵᠠᠭ᠋ᠠᠷᠲᠤ ᠬᠠᠷᠢᠭᠤᠴᠠᠯᠭ᠋ᠠᠲᠤ ᠺᠣᠮᠫᠠᠨᠢ᠂ ᠬᠤᠪᠢ ᠵᠢᠨ ᠡᠵᠡᠩᠨᠡᠯᠲᠡ ᠵᠢᠨ ᠬᠤᠪᠢ ᠣᠷᠣᠭᠤᠯᠤᠭᠰᠠᠨ ᠬᠢᠵᠠᠭ᠋ᠠᠷᠲᠤ ᠺᠣᠮᠫᠠᠨᠢ ᠵᠡᠷᠭᠡ ᠪᠠᠭᠲᠠᠨ᠎ᠠ᠃ ᠬᠤᠪᠢ ᠵᠢᠨ ᠡᠷᠦᠬᠡ᠂ ᠴᠢᠯᠥᠭᠡᠲᠦ ᠠᠵᠢᠯᠲᠠᠨ ᠵᠡᠷᠭᠡ ᠨᠢᠭᠡᠴᠡ ᠵᠢᠨ ᠪᠤᠰᠤ ᠠᠵᠢᠯ ᠣᠯᠤᠭᠰᠠᠳ᠎ᠨᠢ ᠪᠦᠷᠢᠳᠬᠡᠭᠳᠡᠨ ᠪᠠᠶ᠋ᠢᠴᠠᠭ᠋ᠠᠭᠳᠠᠬᠤ ᠡᠲᠡᠭᠡᠳ᠎ᠲᠤ ᠬᠠᠷᠢᠶᠠᠯᠠᠭᠳᠠᠬᠤ ᠥᠬᠡᠶ᠂ ᠬᠥᠳᠡᠭᠡ ᠲᠣᠰᠬᠣᠨ᠎ᠤ ᠠᠵᠤ ᠠᠬᠤᠶ᠋ᠢᠯᠠᠯ᠎ᠳᠤ ᠠᠵᠢᠯ ᠣᠯᠤᠭᠰᠠᠳ᠎ᠤᠨ ᠴᠠᠯᠢᠩ᠎ᠤᠨ ᠣᠷᠣᠯᠭ᠎ᠠ᠎ᠨᠢ ᠴᠦ᠍ ᠲᠣᠭ᠎ᠠ ᠪᠠᠷᠢᠮᠲᠠ ᠵᠢ ᠨᠡᠶ᠋ᠢᠲᠡᠯᠡᠬᠦ ᠬᠡᠪᠴᠢᠶᠡᠨ᠎ᠳᠤ ᠪᠠᠭᠲᠠᠬᠤ ᠥᠬᠡᠶ ᠪᠣᠯᠬᠣᠷ ᠬᠣᠲᠠ ᠪᠠᠯᠭ᠋ᠠᠰᠤ ᠵᠢᠨ ᠬᠤᠪᠢ ᠵᠢᠨ ᠡᠵᠡᠩᠨᠡᠯᠲᠡ ᠵᠢᠨ ᠪᠤᠰᠤ ᠨᠢᠭᠡᠴᠡ ᠭᠡᠰᠡᠨ ᠥᠬᠡᠶ᠂ ᠬᠣᠲᠠ ᠪᠠᠯᠭ᠋ᠠᠰᠤ ᠵᠢᠨ ᠬᠤᠪᠢ ᠵᠢᠨ ᠡᠵᠡᠩᠨᠡᠯᠲᠡ ᠵᠢᠨ ᠨᠢᠭᠡᠴᠡ ᠭᠡᠰᠡᠨ ᠥᠬᠡᠶ᠂ ᠴᠥᠮ ᠪᠣᠶ ᠪᠥᠬᠥᠶ ᠠᠵᠢᠯ ᠣᠯᠤᠭᠰᠠᠨ ᠬᠥᠮᠦᠰ᠎ᠢ ᠬᠠᠮᠤᠷᠴᠤ ᠳᠡᠶ᠋ᠢᠯᠬᠦ ᠥᠬᠡᠶ ᠪᠠᠶ᠋ᠢᠵᠤ᠂ ᠲᠦᠷ 《 ᠨᠡᠢ᠌ᠭᠡᠮ᠎ᠤᠨ ᠳᠤᠮᠳᠠᠴᠢ ᠴᠠᠯᠢᠩ》᠎ᠤᠨ ᠪᠦᠷᠢᠳᠬᠡᠯ᠎ᠤᠨ ᠲᠣᠭ᠎ᠠ ᠪᠠᠷᠢᠮᠲᠠ ᠪᠠᠶ᠋ᠢᠬᠤ ᠥᠬᠡᠶ᠃
ᠭᠤᠷᠪᠠ᠎ᠳᠤ᠂ ᠳᠤᠮᠳᠠᠴᠢ ᠴᠠᠯᠢᠩ᠎ᠨᠢ ᠵᠣᠬᠢᠬᠤ ᠬᠤᠭᠤᠴᠠᠭ᠋ᠠᠨ᠎ᠳᠠᠬᠢ ᠲᠦᠷᠦ ᠵᠢᠨ ᠪᠤᠳᠤᠯᠭ᠎ᠠ ᠪᠠ ᠵᠠᠬ᠎ᠠ ᠳᠡᠯᠭᠡᠭᠦᠷ᠎ᠤᠨ ᠬᠣᠣᠰ ᠴᠢᠭᠯᠡᠯ᠎ᠤᠨ ᠦᠢ᠍ᠯᠡᠳᠦᠯ᠎ᠤᠨ ᠦᠷ᠎ᠡ ᠳ᠋ᠦᠩ᠎ᠢ ᠲᠤᠰᠬᠠᠵᠤ᠂ ᠪᠤᠰᠤᠳᠴᠢ ᠲᠠᠯ᠎ᠠ᠎ᠪᠠᠷ ᠨᠡᠮᠡᠭᠳᠡᠵᠦ ᠪᠠᠶ᠋ᠢᠨ᠎ᠠ᠃ ᠬᠣᠷᠸ᠎ᠠ ᠲᠦᠷᠦ ᠵᠢᠨ ᠪᠤᠳᠤᠯᠭ᠎ᠠ ᠵᠢᠨ ᠲᠤᠬᠢᠷᠠᠭᠤᠯᠤᠯ ᠡᠵᠡᠮᠳᠡᠯ ᠪᠠ ᠵᠠᠬ᠎ᠠ ᠳᠡᠯᠭᠡᠭᠦᠷ᠎ᠤᠨ ᠣᠷᠴᠢᠨ ᠠᠬᠤᠢ ᠵᠢᠨ ᠬᠤᠪᠢᠷᠠᠯᠲᠠ ᠵᠡᠷᠭᠡ ᠤᠯᠠᠨ ᠳᠠᠪᠬᠤᠷ ᠬᠦᠴᠦᠨ ᠵᠦᠢ᠍ᠯ᠎ᠤᠨ ᠨᠥᠯᠥᠭᠡᠯᠡᠯ ᠳᠣᠣᠷ᠎ᠠ᠂ ᠠᠳᠠᠯᠢ ᠪᠤᠰᠤ ᠭᠠᠵᠠᠷ ᠣᠷᠣᠨ᠂ ᠠᠵᠢᠯ ᠲᠦᠷᠦᠯ᠂ ᠠᠵᠢᠯ᠎ᠤᠨ ᠪᠠᠶ᠋ᠢᠷᠢ ᠵᠢᠨ ᠳᠤᠮᠳᠠᠴᠢ ᠴᠠᠯᠢᠩ᠎ᠤᠨ ᠠᠳᠠᠯᠢ ᠪᠤᠰᠤ ᠬᠤᠭᠤᠴᠠᠭ᠋ᠠᠨ᠎ᠳᠠᠬᠢ ᠬᠥᠭᠵᠢᠯᠲᠡ ᠬᠤᠪᠢᠷᠠᠯᠲᠠ ᠵᠢᠨ ᠬᠠᠨᠳᠤᠰᠢ᠎ᠨᠢ ᠴᠦ᠍ ᠠᠳᠠᠯᠢ ᠪᠤᠰᠤ ᠪᠠᠶ᠋ᠢᠳᠠᠭ᠃ 2024 ᠣᠨ᠎ᠳᠤ᠂ ᠪᠥᠬᠥ ᠣᠷᠣᠨ᠎ᠤ ᠬᠣᠲᠠ ᠪᠠᠯᠭ᠋ᠠᠰᠤ ᠵᠢᠨ ᠬᠤᠪᠢ ᠵᠢᠨ ᠡᠵᠡᠩᠨᠡᠯᠲᠡ ᠵᠢᠨ ᠪᠤᠰᠤ ᠨᠢᠭᠡᠴᠡ ᠵᠢᠨ ᠪᠠᠶ᠋ᠢᠴᠠᠭ᠋ᠠᠭᠰᠠᠨ 19 ᠠᠵᠢᠯ ᠲᠥᠷᠥᠯ᠎ᠤᠨ ᠳᠣᠲᠣᠷ᠎ᠠ 17 ᠨᠡᠮᠡᠭᠳᠡᠵᠦ 2 ᠪᠠᠭᠤᠷᠠᠵᠤ᠂ ᠬᠣᠲᠠ ᠪᠠᠯᠭ᠋ᠠᠰᠤ ᠵᠢᠨ ᠬᠤᠪᠢ ᠵᠢᠨ ᠡᠵᠡᠩᠨᠡᠯᠲᠡ ᠵᠢᠨ ᠨᠢᠭᠡᠴᠡ ᠵᠢᠨ ᠪᠠᠶ᠋ᠢᠴᠠᠭ᠋ᠠᠭᠰᠠᠨ 18 ᠠᠵᠢᠯ ᠲᠥᠷᠥᠯ᠎ᠤᠨ ᠳᠣᠲᠣᠷ᠎ᠠ 14 ᠨᠡᠮᠡᠭᠳᠡᠵᠦ 4 ᠪᠠᠭᠤᠷᠠᠵᠤ᠂ ᠬᠣᠲᠠ ᠪᠠᠯᠭ᠋ᠠᠰᠤ ᠵᠢᠨ ᠨᠢᠭᠡᠴᠡ ᠵᠢᠨ ᠴᠠᠯᠢᠩ ᠪᠠᠭᠤᠷᠠᠭᠰᠠᠨ ᠠᠵᠢᠯ ᠲᠥᠷᠥᠯ᠎ᠨᠢ ᠪᠥᠬᠥ ᠪᠠᠶ᠋ᠢᠴᠠᠭ᠋ᠠᠬᠤ ᠠᠵᠢᠯ ᠲᠥᠷᠥᠯ᠎ᠤᠨ 16.2%᠎ᠢ ᠡᠵᠡᠯᠡᠪᠡ᠃ ᠡᠭᠦᠨ᠎ᠳᠤ᠂ ᠵᠠᠬ᠎ᠠ ᠳᠡᠯᠭᠡᠭᠦᠷ᠎ᠤᠨ ᠥᠷᠢᠰᠥᠯᠳᠦᠭᠡᠨ ᠪᠠ ᠴᠠᠯᠢᠩ ᠬᠥᠯᠥᠰᠥ ᠵᠢᠨ ᠥᠭᠡᠷᠡᠴᠢᠯᠡᠯᠲᠡ ᠵᠡᠷᠭᠡ ᠬᠦᠴᠦᠨ ᠵᠦᠢ᠍ᠯ᠎ᠤᠨ ᠨᠥᠯᠥᠭᠡ᠎ᠠᠴᠠ ᠪᠣᠯᠵᠣ᠂ ᠮᠥᠩᠭᠥᠨ ᠭᠦᠢ᠍ᠯᠭᠡᠭᠡᠨ᠎ᠤ ᠦᠢ᠍ᠯᠡᠰ᠎ᠤᠨ ᠬᠣᠲᠠ ᠪᠠᠯᠭ᠋ᠠᠰᠤᠨ᠎ᠤ ᠬᠤᠪᠢ ᠵᠢᠨ ᠡᠵᠡᠩᠨᠡᠯᠲᠡ ᠵᠢᠨ ᠪᠤᠰᠤ ᠨᠢᠭᠡᠴᠡ ᠵᠢᠨ ᠴᠠᠯᠢᠩ᠎ᠤᠨ ᠨᠡᠮᠡᠭᠳᠡᠯ᠎ᠤᠨ ᠬᠤᠷᠳᠤᠴᠠ ᠲᠦᠷᠦᠭᠦᠦ ᠵᠢᠯ᠎ᠤᠨ᠎ᠬᠢ᠎ᠠᠴᠠ 12.1 ᠵᠠᠭᠤᠨ᠎ᠤ ᠬᠤᠪᠢ ᠵᠢᠨ ᠴᠡᠭ ᠪᠠᠭᠤᠷᠠᠵᠤ᠂ ᠬᠣᠲᠠ ᠪᠠᠯᠭ᠋ᠠᠰᠤᠨ᠎ᠤ ᠬᠤᠪᠢ ᠵᠢᠨ ᠡᠵᠡᠩᠨᠡᠯᠲᠡ ᠵᠢᠨ ᠨᠢᠭᠡᠴᠡ ᠵᠢᠨ ᠳᠤᠮᠳᠠᠴᠢ ᠴᠠᠯᠢᠩ ᠠᠳᠠᠯᠢ ᠬᠤᠭᠤᠴᠠᠭ᠋ᠠᠨ᠎ᠤ᠎ᠬᠢ᠎ᠠᠴᠠ 2.2% ᠪᠠᠭᠤᠷᠠᠪᠠ; ᠬᠣᠲᠠ ᠪᠠᠯᠭ᠋ᠠᠰᠤᠨ᠎ᠤ ᠬᠤᠪᠢ ᠵᠢᠨ ᠡᠵᠡᠩᠨᠡᠯᠲᠡ ᠵᠢᠨ ᠪᠤᠰᠤ ᠨᠢᠭᠡᠴᠡ ᠵᠢᠨ ᠬᠡᠷ ᠪᠠᠶ᠋ᠢᠰᠢᠩ ᠭᠠᠵᠠᠷ ᠰᠢᠷᠣᠶ ᠵᠢᠨ ᠬᠥᠷᠥᠩᠭᠡ ᠵᠢᠨ ᠦᠢ᠍ᠯᠡᠰ ᠪᠠ ᠰᠠᠭᠤᠭ᠋ᠠᠯᠢ ᠠᠷᠠᠳ᠎ᠤᠨ ᠦᠢ᠍ᠯᠡᠴᠢᠯᠡᠭᠡᠨ᠎ᠤ ᠦᠢ᠍ᠯᠡᠰ ᠵᠠᠬ᠎ᠠ ᠳᠡᠯᠭᠡᠭᠦᠷ᠎ᠤᠨ ᠣᠷᠴᠢᠨ ᠨᠥᠬᠥᠴᠡᠯ᠎ᠳᠤ ᠨᠥᠯᠥᠭᠡᠯᠡᠭᠳᠡᠵᠦ᠂ ᠳᠤᠮᠳᠠᠴᠢ ᠴᠠᠯᠢᠩ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 0.3% ᠪᠠ 3.6%᠎ᠪᠠᠷ ᠪᠠᠭᠤᠷᠠᠪᠠ; ᠬᠣᠲᠠ ᠪᠠᠯᠭ᠋ᠠᠰᠤᠨ᠎ᠤ ᠬᠤᠪᠢ ᠵᠢᠨ ᠡᠵᠡᠩᠨᠡᠯᠲᠡ ᠵᠢᠨ ᠨᠢᠭᠡᠴᠡ᠎ᠳᠠᠬᠢ ᠠᠭᠤᠷᠬᠠᠶ ᠮᠠᠯᠲᠠᠬᠤ ᠦᠢ᠍ᠯᠡᠰ᠂ ᠰᠢᠨᠵᠢᠯᠡᠬᠦ ᠤᠬᠠᠭ᠋ᠠᠨ᠎ᠤ ᠰᠤᠳᠤᠯᠤᠯ ᠪᠣᠯᠤᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠡᠷᠡᠭᠦᠯ ᠬᠠᠮᠠᠭ᠋ᠠᠯᠠᠯ ᠪᠣᠯᠤᠨ ᠨᠡᠶ᠋ᠢᠭᠡᠮ᠎ᠤᠨ ᠠᠵᠢᠯ᠎ᠤᠨ ᠠᠵᠢᠯ ᠲᠥᠷᠥᠯ᠎ᠤᠨ ᠳᠤᠮᠳᠠᠴᠢ ᠴᠠᠯᠢᠩ ᠴᠤ᠌ ᠠᠳᠠᠯᠢ ᠪᠤᠰᠤ ᠬᠡᠮᠵᠢᠶ᠎ᠡ᠎ᠪᠠᠷ ᠪᠠᠭᠤᠷᠠᠭᠰᠠᠨ ᠪᠠᠶ᠋ᠢᠨ᠎ᠠ᠃