ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠲᠡᠷᠢᠭᠦᠨ ᠵᠣᠷᠪᠣᠰ
《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ ᠤ᠋ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠡᠷᠬᠡᠪᠰᠢ ᠵᠢᠷᠤᠮᠯᠠᠬᠤ ᠴᠢᠬᠤᠯᠠ ᠵᠠᠷᠴᠢᠮ ᠢ᠋ ᠭᠦᠨᠵᠡᠭᠡᠶ ᠡᠵᠡᠮᠳᠡᠬᠦ ᠬᠡᠷᠡᠭ᠌ᠲᠡᠶ
ᠨᠡᠶ᠋ᠢᠲᠡᠯᠡᠭᠰᠡᠨ ᠴᠠᠭ᠄ 2025-11-10

— ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ᠎ᠤᠨ ᠵᠣᠷᠢᠭ ᠰᠠᠨᠠᠭ᠎ᠠ᠎ᠶ᠋ᠢ ᠰᠤᠷᠤᠯᠴᠠᠨ ᠲᠤᠭᠤᠰᠢᠯᠠᠭᠤᠯᠬᠤ ᠲᠤᠬᠠᠢ ᠦᠭᠦᠯᠡᠬᠦ ᠨᠢ

 


     ᠴᠢᠭ᠌ᠯᠡᠯ ᠵᠥᠪ᠂ ᠬᠠᠷᠠᠯᠲᠠ ᠲᠣᠳᠣᠷᠬᠠᠶ᠂ ᠵᠠᠮ ᠱᠤᠭᠤᠮ ᠲᠣᠳᠣᠷᠬᠠᠶ᠃ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠲᠦᠯᠦᠪᠵᠢᠭᠦᠯᠦᠨ ᠪᠠᠢᠷᠢᠯᠠᠭᠤᠯᠬᠤ ᠳ᠋ᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ ᠵᠢᠨ ᠳᠥᠷᠪᠡᠳᠦᠭᠡᠷ ᠪᠦᠭᠦᠳᠡ ᠬᠤᠷᠠᠯ ᠡᠴᠡ ᠵᠢᠯᠣᠭᠣᠳᠭᠤ ᠦᠵᠡᠯ ᠰᠠᠨᠠᠭ᠎ᠠ᠂ ᠭᠣᠣᠯ ᠬᠠᠷᠠᠯᠲᠠ᠎ᠶ᠋ᠢ ᠲᠣᠳᠣᠷᠬᠠᠢᠯᠠᠵᠤ᠂ ᠡᠷᠬᠡᠪᠰᠢ ᠵᠢᠷᠤᠮᠯᠠᠬᠤ ᠴᠢᠬᠤᠯᠠᠳᠠᠢ 《ᠵᠢᠷᠭᠤᠭ᠎ᠠ᠎ᠶ᠋ᠢ ᠪᠠᠷᠢᠮᠲᠠᠯᠠᠬᠤ》 ᠴᠢᠬᠤᠯᠠ ᠵᠠᠷᠴᠢᠮ᠎ᠢ ᠳᠤᠷᠠᠳᠴᠤ᠂ ᠳᠤᠮᠳᠠᠳᠤ ᠤᠯᠤᠰ᠎ᠤᠨ ᠣᠨᠴᠠᠯᠢᠭ ᠪᠦᠬᠦᠢ ᠣᠳᠣᠬᠢᠴᠢᠯᠠᠯᠳᠠ ᠵᠢᠨ ᠪᠦᠲᠦᠭᠡᠨ ᠪᠠᠢᠭᠤᠯᠤᠯᠲᠠ᠎ᠶ᠋ᠢᠨ ᠱᠢᠨ᠎ᠡ ᠪᠠᠢᠳᠠᠯ᠎ᠢ ᠴᠢᠷᠮᠠᠢᠨ ᠨᠡᠬᠡᠬᠡᠨ ᠡᠭᠦᠳᠬᠦ᠌᠎ᠳᠦ ᠠᠵᠢᠯᠯᠠᠭᠠᠨ᠎ᠤ ᠵᠢᠯᠣᠭᠣᠳᠤᠮᠵᠢ ᠬᠠᠩᠭᠠᠪᠠ᠃

     ᠪᠦᠬᠦᠳᠡ ᠬᠤᠷᠠᠯ ᠡᠴᠡ ᠲᠣᠭ᠍ᠲᠠᠭᠠᠭ᠍ᠰᠠᠨ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ ᠤ᠋ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠢᠯᠣᠭᠣᠳᠭᠤ ᠦᠵᠡᠯ ᠰᠠᠨᠠᠭ᠎ᠠ᠎ᠶ᠋ᠢ ᠰᠢ᠎ᠵᠢᠨ᠎ᠫᠢᠩ ᠨᠥᠬᠥᠷ᠎ᠢᠶᠡᠷ ᠭᠣᠣᠯ ᠪᠤᠯᠭᠠᠭᠰᠠᠨ ᠨᠠᠮ᠎ᠤᠨ ᠲᠥᠪ ᠬᠣᠷᠢᠶ᠎ᠠ ᠤᠯᠤᠰ᠎ᠤᠨ ᠳᠣᠲᠣᠭᠠᠳᠤ ᠭᠠᠳᠠᠭᠠᠳᠤ᠎ᠶ᠋ᠢᠨ ᠬᠣᠶᠠᠷ ᠶᠡᠬᠡ ᠲᠠᠯ᠎ᠠ᠎ᠶ᠋ᠢ ᠨᠢᠭᠡᠳᠦᠯᠲᠡᠢ ᠲᠥᠯᠥᠪᠵᠢᠭᠦᠯᠵᠤ᠂ ᠨᠠᠮ ᠪᠠ ᠤᠯᠤᠰ᠎ᠤᠨ ᠠᠵᠢᠯ ᠦᠢᠯᠡᠰ᠎ᠦᠨ ᠣᠷᠣᠱᠢᠵᠤ ᠪᠠᠢᠭ᠎ᠠ ᠲᠡᠦᠬᠡᠨ ᠣᠷᠣᠨ ᠪᠠᠢᠷᠢ ᠪᠠ ᠬᠥᠭ᠌ᠵᠢᠯᠲᠡ᠎ᠶ᠋ᠢᠨ ᠱᠠᠳᠤ ᠦᠶ᠎ᠡ᠎ᠶ᠋ᠢ ᠡᠵᠡᠮᠳᠡᠵᠤ᠂ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠣᠷᠴᠢᠨ ᠨᠥᠬᠥᠴᠡᠯ᠎ᠳᠦ ᠲᠤᠯᠭᠠᠷᠠᠵᠤ ᠪᠠᠢᠭ᠎ᠠ ᠭᠦᠨᠵᠡᠭᠡᠢ ᠪᠥᠭᠡᠳ ᠪᠤᠳᠤᠯᠢᠶᠠᠨᠲᠠᠢ ᠬᠤᠪᠢᠷᠠᠯᠲᠠ᠎ᠶ᠋ᠢ ᠵᠠᠳᠠᠯᠤᠭ᠍ᠰᠠᠨ ᠰᠠᠭᠤᠷᠢᠨ ᠳᠡᠭᠡᠷ᠎ᠡ ᠳᠤᠷᠠᠳᠤᠭᠰᠠᠨ ᠶᠤᠮ᠂ ᠲᠡᠷᠡ ᠨᠢ ᠡᠯᠪᠡᠭ ᠪᠠᠶᠠᠯᠢᠭ ᠠᠭᠤᠯᠤᠭ᠍ᠳᠠᠬᠤᠨ᠎ᠲᠠᠶ᠂ ᠵᠢᠯᠣᠭᠣᠳᠭᠤ ᠴᠢᠨᠠᠷ᠎ᠢᠶᠠᠷ ᠴᠢᠩᠭ᠎ᠠ ᠶᠤᠮ᠃ ᠪᠦᠬᠦᠳᠡ ᠬᠤᠷᠠᠯ ᠡᠴᠡ 《ᠠᠷᠪᠠᠨ ᠲᠠᠪᠤᠳᠤᠭᠠᠷ ᠲᠠᠪᠤᠨ ᠵᠢᠯ》 ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ ᠤ᠋ ᠦᠨᠳᠦᠰᠦᠨ ᠪᠠᠢᠷᠢ ᠲᠣᠭ᠍ᠲᠠᠭᠠᠯᠲᠠ ᠪᠠ ᠱᠠᠳᠤᠴᠢ ᠴᠢᠨᠠᠷᠲᠠᠢ ᠱᠠᠭᠠᠷᠳᠠᠯᠭ᠎ᠠ᠎ᠳᠤ ᠰᠠᠭᠤᠷᠢᠯᠠᠨ᠂ ᠭᠦᠨᠵᠡᠭᠡᠢ ᠰᠤᠳᠤᠯᠤᠭ᠍ᠰᠠᠨ ᠪᠠ ᠱᠢᠨᠵᠢᠯᠡᠬᠦ᠌ ᠤᠬᠠᠭᠠᠨᠴᠢ ᠨᠤᠲᠠᠯᠠᠯᠲᠠ ᠬᠢᠭ᠌ᠰᠡᠨ ᠰᠠᠭᠤᠷᠢᠨ ᠳᠡᠭᠡᠷ᠎ᠡ᠂ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠭᠣᠣᠯ ᠬᠠᠷᠠᠯᠲᠠ᠎ᠶ᠋ᠢ ᠲᠤᠯᠤᠭᠠᠨ ᠲᠠᠯ᠎ᠠ ᠡᠴᠡ ᠳᠤᠷᠠᠳᠴᠤ᠂ ᠪᠦᠬᠦ᠌ ᠨᠠᠮ ᠪᠦᠬᠦ᠌ ᠤᠯᠤᠰ᠎ᠤᠨ ᠠᠷᠠᠳ ᠲᠦᠮᠡᠨ ᠤ᠋ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌᠎ᠶ᠋ᠢᠨ ᠲᠥᠯᠥᠭᠡ ᠴᠥᠬᠥᠷᠡᠰᠢ ᠦᠭᠡᠢ ᠲᠡᠮᠡᠴᠡᠬᠦ ᠵᠢ ᠵᠤᠷᠢᠭᠵᠢᠭᠤᠯᠪᠠ᠃

     ᠵᠢᠯᠣᠭᠣᠳᠭᠤ ᠦᠵᠡᠯ ᠰᠠᠨᠠᠭ᠎ᠠ᠎ᠶ᠋ᠢ ᠲᠤᠭᠤᠱᠢᠯᠠᠭᠤᠯᠵᠤ᠂ ᠭᠣᠣᠯ ᠬᠠᠷᠠᠯᠲᠠ᠎ᠶ᠋ᠢ ᠪᠡᠶᠡᠯᠡᠭᠦᠯᠵᠦ᠍᠂ ᠨᠡᠢᠭᠡᠮ ᠵᠢᠷᠤᠮ᠎ᠤᠨ ᠣᠳᠣᠬᠢᠴᠢᠯᠠᠯᠲᠠ᠎ᠶ᠋ᠢ ᠦᠨᠳᠦᠰᠦᠨ᠎ᠳᠡᠭᠡᠨ ᠪᠡᠶᠡᠯᠡᠭᠦᠯᠬᠦ᠌ ᠶᠠᠪᠤᠳᠠᠯ ᠰᠢᠢᠳᠪᠦᠷᠢᠯᠡᠭᠴᠢ ᠴᠢᠨᠠᠷᠳᠠᠢ ᠠᠬᠢᠯᠳᠠ ᠲᠠᠢ ᠪᠤᠯᠬᠤ ᠵᠢ ᠪᠠᠲᠤᠯᠠᠬᠤ᠎ᠳᠤ ᠵᠠᠩᠭᠢᠯᠠᠭ᠎ᠠ ᠨᠢ 《ᠵᠢᠷᠭᠤᠭ᠎ᠠ᠎ᠶ᠋ᠢ ᠪᠠᠷᠢᠮᠲᠠᠯᠠᠬᠤ》 ᠴᠢᠬᠤᠯᠠ ᠵᠠᠷᠴᠢᠮ᠎ᠢ ᠭᠦᠨᠵᠡᠭᠡᠢ ᠡᠵᠡᠮᠳᠡᠵᠦ᠍᠂ ᠭᠦᠨᠵᠡᠭᠡᠢ ᠨᠠᠢᠳᠠᠪᠤᠷᠢᠵᠢᠭᠤᠯᠬᠤ ᠬᠡᠷᠡᠭ᠌ᠲᠡᠢ᠄ ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠵᠤ᠂ ᠠᠷᠠᠳ ᠲᠦᠮᠡᠨ᠎ᠢ ᠳᠡᠭᠡᠳᠦᠯᠡᠬᠦ᠌᠎ᠶ᠋ᠢ ᠪᠠᠷᠢᠮᠲᠠᠯᠠᠵᠤ᠂ ᠴᠢᠨᠠᠷ ᠰᠠᠢᠲᠠᠢ ᠬᠥᠭ᠌ᠵᠢᠯᠲᠡ᠎ᠶ᠋ᠢ ᠪᠠᠷᠢᠮᠲᠠᠯᠠᠵᠤ᠂ ᠥᠭᠡᠷᠡᠴᠢᠯᠡᠯᠲᠡ᠎ᠶ᠋ᠢ ᠪᠦᠬᠦ᠌ ᠲᠠᠯ᠎ᠠ᠎ᠪᠠᠷ ᠭᠦᠨᠵᠡᠭᠡᠢᠷᠡᠭᠦᠯᠬᠦ᠌᠎ᠶ᠋ᠢ ᠪᠠᠷᠢᠮᠲᠠᠯᠠᠵᠤ᠂ ᠪᠦᠲᠦᠮᠵᠢᠲᠡᠢ ᠵᠠᠬ᠎ᠠ ᠳᠡᠯᠭᠡᠭᠦᠷ ᠪᠠ ᠪᠦᠲᠦᠮᠵᠢᠲᠡᠢ ᠵᠠᠰᠠᠭ᠎ᠤᠨ ᠣᠷᠳᠣᠨ᠎ᠢ ᠤᠶᠠᠯᠳᠤᠭᠤᠯᠬᠤ᠎ᠶ᠋ᠢ ᠪᠠᠷᠢᠮᠲᠠᠯᠠᠵᠤ᠂ ᠬᠥᠭ᠌ᠵᠢᠯᠲᠡ ᠪᠠ ᠠᠮᠤᠷ ᠲᠦᠪᠱᠢᠨ᠎ᠢ ᠨᠢᠭᠡᠳᠦᠯᠲᠡᠢ ᠲᠥᠯᠥᠪᠵᠢᠭᠦᠯᠬᠦ᠌᠎ᠶ᠋ᠢ ᠪᠠᠷᠢᠮᠲᠠᠯᠠᠬᠤ ᠬᠡᠷᠡᠭ᠌ᠲᠡᠢ᠃ ᠪᠦᠭᠦᠳᠡ ᠬᠤᠷᠠᠯ ᠡᠴᠡ ᠲᠣᠭ᠍ᠲᠠᠭᠠᠭ᠍ᠰᠠᠨ ᠵᠢᠯᠣᠭᠣᠳᠭᠤ ᠦᠵᠡᠯ ᠰᠠᠨᠠᠭ᠎ᠠ ᠪᠠ 《ᠵᠢᠷᠭᠤᠭ᠎ᠠ᠎ᠶ᠋ᠢ ᠪᠠᠷᠢᠮᠲᠠᠯᠠᠬᠤ》 ᠴᠢᠬᠤᠯᠠ ᠵᠠᠷᠴᠢᠮ ᠪᠣᠯ ᠥᠭᠡᠷᠡᠴᠢᠯᠡᠯᠲᠡ ᠨᠡᠭᠡᠭᠡᠯᠲᠡ ᠬᠢᠭ᠌ᠰᠡᠨ᠎ᠡᠴᠡ ᠨᠠᠭᠠᠱᠢᠬᠢ ᠢᠯᠠᠩᠭᠤᠶ᠎ᠠ ᠱᠢᠨ᠎ᠡ ᠴᠠᠭ ᠦᠶ᠎ᠡ᠎ᠶ᠋ᠢᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠲᠤᠷᠱᠢᠯᠭ᠎ᠠ᠎ᠶ᠋ᠢᠨ ᠱᠢᠨᠵᠢᠯᠡᠬᠦ᠌ ᠤᠬᠠᠭᠠᠨᠴᠢ ᠳ᠋ᠦᠩᠨᠡᠯᠲᠡ ᠮᠥᠨ᠂ ᠮᠠᠨ᠎ᠤ ᠨᠠᠮ᠎ᠤᠨ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠵᠢᠮ᠎ᠡ ᠶᠣᠰᠣᠴᠢ ᠴᠢᠨᠠᠷ᠎ᠤᠨ ᠲᠤᠬᠠᠢ ᠲᠠᠨᠢᠯᠲᠠ᠎ᠪᠠᠨ ᠲᠠᠰᠤᠷᠠᠯᠲᠠ ᠦᠭᠡᠢ ᠭᠦᠨᠵᠡᠭᠡᠢᠷᠡᠭᠦᠯᠦᠭ᠌ᠰᠡᠨ ᠴᠢᠬᠤᠯᠠ ᠶᠡᠬᠡ ᠦᠷ᠎ᠡ ᠪᠦᠲᠦᠭᠡᠯ ᠮᠥᠨ᠂ ᠲᠡᠷᠡ ᠨᠢ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭᠠᠨ᠎ᠤ ᠶᠢᠷᠲᠢᠨᠴᠦ᠍᠎ᠶ᠋ᠢᠨ ᠦᠵᠡᠯᠲᠡ ᠪᠠ ᠠᠷᠭ᠎ᠠ᠎ᠶ᠋ᠢᠨ ᠤᠨᠤᠯ᠎ᠢ ᠢᠯᠡᠷᠡᠭᠦᠯᠵᠦ᠍᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠤ ᠠᠵᠤ ᠠᠬᠤᠢ ᠨᠡᠢᠭᠡᠮ᠎ᠦᠨ ᠬᠥᠭ᠌ᠵᠢᠯᠲᠡ᠎ᠳᠦ ᠦᠨᠳᠦᠰᠦᠨ ᠵᠢᠷᠤᠮᠯᠠᠯ ᠬᠠᠩᠭᠠᠭ᠍ᠰᠠᠨ ᠪᠠᠢᠨ᠎ᠠ᠃

     ᠡᠨᠳᠡ ᠭᠣᠣᠯᠳᠠᠭᠤ 《ᠨᠠᠮ᠎ᠤᠨ ᠪᠦᠬᠦ᠌ ᠲᠠᠯ᠎ᠠ᠎ᠶ᠋ᠢᠨ ᠤᠳᠤᠷᠢᠳᠤᠯᠭ᠎ᠠ᠎ᠶ᠋ᠢ ᠪᠠᠷᠢᠮᠲᠠᠯᠠᠬᠤ》᠂ 《ᠪᠦᠲᠦᠮᠵᠢᠲᠡᠢ ᠵᠠᠬ᠎ᠠ ᠳᠡᠯᠭᠡᠭᠦᠷ ᠪᠣᠯᠤᠨ ᠪᠦᠲᠦᠮᠵᠢᠲᠡᠢ ᠵᠠᠰᠠᠭ᠎ᠤᠨ ᠣᠷᠳᠣᠨ᠎ᠢ ᠤᠶᠠᠯᠳᠤᠭᠤᠯᠬᠤ᠎ᠶ᠋ᠢ ᠪᠠᠷᠢᠮᠲᠠᠯᠠᠬᠤ》 ᠲᠤᠬᠠᠢ ᠭᠦᠨᠵᠡᠭᠡᠢ ᠲᠠᠢᠯᠪᠤᠷᠢᠯᠠᠵᠤ᠂ ᠣᠢᠯᠠᠭᠠᠯᠲᠠ᠎ᠪᠠᠨ ᠭᠦᠨᠵᠡᠭᠡᠢᠷᠡᠭᠦᠯᠬᠦ ᠬᠡᠷᠡᠭᠳᠠᠢ᠃

     《 ᠠᠷᠪᠠᠨ ᠳᠥᠷᠪᠡᠳᠦᠭᠡᠷ ᠲᠠᠪᠤᠨ ᠵᠢᠯ 》 ᠎ᠤ᠋ᠨ ᠬᠤᠭᠤᠴᠠᠭᠠᠨ᠎ᠳᠤ᠂ ᠪᠢᠳᠡ ᠴᠥᠮ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠶᠠᠪᠤᠴᠠ᠎ᠶ᠋ᠢᠨ ᠲᠤᠢᠯ᠎ᠤᠨ ᠶᠡᠷᠦ᠍ ᠪᠤᠰᠤ᠂ ᠲᠤᠢᠯ᠎ᠤᠨ ᠡᠭᠡᠯ ᠪᠤᠰᠤ ᠵᠢ ᠪᠡᠶ᠎ᠡ᠎ᠪᠡᠷ᠎ᠢᠶᠡᠨ ᠥᠩᠭᠡᠷᠡᠭᠦᠯᠵᠦ᠍ ᠭᠡᠷᠡᠴᠢᠯᠡᠭ᠌ᠰᠡᠨ ᠶᠤᠮ᠂ ᠶᠠᠭᠤᠨ᠎ᠳᠤ ᠳᠤᠮᠳᠠᠳᠤ ᠤᠯᠤᠰ᠎ᠤᠨ ᠤᠴᠢᠷ ᠶᠠᠪᠤᠳᠠᠯ᠎ᠢ ᠰᠠᠢᠲᠤᠷ ᠬᠢᠬᠦ᠌᠎ᠶ᠋ᠢᠨ ᠵᠠᠩᠭᠢᠯᠠᠭ᠎ᠠ᠎ᠨᠢ ᠨᠠᠮ᠎ᠳᠤ ᠪᠠᠢᠬᠤ᠎ᠶ᠋ᠢ ᠨᠠᠩ ᠭᠦᠨᠵᠡᠭᠡᠶ ᠣᠢᠯᠠᠭᠠᠪᠠ᠃ ᠡᠷᠢᠨ ᠵᠠᠭᠤᠨ ᠳ᠋ᠤ ᠳᠤᠬᠢᠶᠠᠯᠳᠤᠭ᠎ᠠ ᠦᠭᠡᠢ ᠬᠢᠵᠢᠭ᠎ᠦᠨ ᠪᠠᠢᠳᠠᠯ᠎ᠤᠨ ᠬᠦᠨᠳᠦ ᠨᠣᠴᠢᠲᠠᠢ ᠳᠠᠭᠠᠷᠢᠯᠳᠠ᠎ᠶ᠋ᠢ ᠳᠠᠭᠠᠭᠠᠵᠤ ᠭᠠᠷᠤᠭ᠍ᠰᠠᠨ ᠡᠴᠡ ᠭᠠᠳᠠᠭᠠᠳᠤ ᠣᠷᠴᠢᠨ᠎ᠤ ᠳᠠᠷᠤᠯᠲᠠ᠎ᠶ᠋ᠢ ᠪᠦᠲᠦᠮᠵᠢᠲᠡᠢ ᠠᠷᠭᠠᠴᠠᠭᠠᠭᠰᠠᠨ ᠬᠦᠷᠲᠡᠯ᠎ᠡ᠂ ᠲᠠᠬᠢᠨ ᠡᠷᠡᠰ ᠱᠢᠭᠤᠷᠬᠠᠢ ᠪᠡᠷ ᠲᠤᠭ᠎ᠠ ᠵᠢ ᠨᠡᠮᠡᠭᠳᠡᠭᠦᠯᠬᠦ ᠲᠦᠷᠦ ᠵᠢᠨ ᠪᠤᠳᠤᠯᠭ᠎ᠠ ᠨᠤᠭᠤᠳ ᠢ᠋ ᠪᠠᠢᠷᠢᠯᠠᠭᠤᠯᠵᠤ ᠵᠠᠬ᠎ᠠ ᠳᠡᠯᠭᠡᠭᠦᠷ ᠤ᠋ᠨ ᠢᠳᠡᠭᠡᠯ ᠢ᠋ ᠪᠦᠲᠦᠮᠵᠢᠳᠠᠢ ᠬᠦᠭᠵᠢᠭᠡᠭᠰᠡᠨ ᠬᠦᠷᠲᠡᠯ᠎ᠡ ᠁ ᠵᠠᠮ ᠲᠤᠷᠰᠢ ᠪᠡᠷᠬᠡ ᠪᠣᠭᠣᠮᠲᠠ᠎ᠶ᠋ᠢ ᠳᠤᠭᠤᠯᠵᠤ᠂ ᠠᠶᠤᠯ ᠲᠦᠭ᠌ᠰᠢᠭᠦᠷᠢ᠎ᠶ᠋ᠢ ᠲᠤᠭᠤᠯᠵᠤ᠂ ᠬᠤᠪᠢᠰᠤᠯᠲᠠ᠎ᠶ᠋ᠢ ᠠᠷᠭᠠᠴᠠᠭᠠᠵᠤ᠂ ᠱᠢᠨ᠎ᠡ ᠪᠠᠢᠳᠠᠯ᠎ᠢ ᠡᠭᠦᠳᠴᠤ᠂ ᠨᠠᠮ ᠪᠣᠯᠤᠨ ᠤᠯᠤᠰ᠎ᠤᠨ ᠠᠵᠢᠯ ᠦᠢᠯᠡᠰ ᠱᠢᠨ᠎ᠡ ᠴᠢᠬᠤᠯᠠ ᠶᠡᠬᠡ ᠠᠮᠵᠢᠯᠲᠠ ᠪᠦᠲᠦᠮᠵᠢ ᠣᠯᠤᠭ᠍ᠰᠠᠨ᠎ᠤ ᠦᠨᠳᠦᠰᠦ ᠨᠢ ᠰᠢ᠎ᠵᠢᠨ᠎ᠫᠢᠩ ᠨᠥᠬᠥᠷ᠎ᠢᠶᠡᠷ ᠭᠣᠣᠯ ᠪᠣᠯᠭᠠᠭ᠍ᠰᠠᠨ ᠨᠠᠮ᠎ᠤᠨ ᠲᠥᠪ ᠬᠣᠷᠢᠶ᠎ᠠ ᠠᠶᠠᠯᠠᠯ᠎ᠢ ᠵᠢᠯᠣᠭᠣᠳᠤᠨ ᠵᠠᠯᠠᠭᠤᠷ᠎ᠢ ᠠᠳᠭᠤᠭ᠍ᠰᠠᠨ᠎ᠳᠤ  ᠪᠠᠢᠨ᠎ᠠ᠂ ᠰᠢ᠎ᠵᠢᠨ᠎ᠫᠢᠩ᠎ᠦᠨ ᠱᠢᠨ᠎ᠡ ᠴᠠᠭ ᠦᠶ᠎ᠡ᠎ᠶ᠋ᠢᠨ ᠳᠤᠮᠳᠠᠳᠤ ᠤᠯᠤᠰ᠎ᠤᠨ ᠣᠨᠴᠠᠯᠢᠭ ᠪᠦᠬᠦᠢ ᠨᠡᠢᠭᠡᠮ ᠵᠢᠷᠤᠮ᠎ᠤᠨ ᠦᠵᠡᠯ ᠰᠠᠨᠠᠭ᠎ᠠ᠎ᠶ᠋ᠢᠨ ᠱᠢᠨᠵᠢᠯᠡᠬᠦ᠌ ᠤᠬᠠᠭᠠᠨᠴᠢ ᠵᠢᠯᠤᠭᠤᠳᠤᠯᠭ᠎ᠠ᠎ᠳᠤ ᠪᠠᠢᠨ᠎ᠠ᠃

     《ᠭᠠᠭ᠍ᠴᠠ ᠬᠦ᠌ ᠨᠠᠮ᠎ᠤᠨ ᠤᠳᠤᠷᠢᠳᠤᠯᠭ᠎ᠠ᠎ᠶ᠋ᠢ ᠤᠭᠳᠤ ᠭᠤᠢᠪᠢᠰᠢ ᠦᠭᠡᠢ ᠪᠠᠷᠢᠮᠲᠠᠯᠠᠪᠠᠯ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠰᠠᠶᠢ ᠭᠡᠭᠡᠨ ᠰᠠᠷᠠᠭᠤᠯ ᠢᠷᠡᠭᠡᠳᠦᠢ᠎ᠲᠡᠶ᠂ ᠴᠡᠴᠡᠭ᠌ᠯᠡᠨ ᠬᠥᠭ᠌ᠵᠢᠵᠦ᠍ ᠴᠢᠳᠠᠨ᠎ᠠ》᠂ ᠡᠨᠡ ᠪᠣᠯ ᠲᠡᠦᠬᠡ ᠪᠠ ᠦᠢᠯᠡᠳᠦᠯᠭᠡ᠎ᠡᠴᠡ ᠣᠯᠤᠭ᠍ᠰᠠᠨ ᠳ᠋ᠦᠩᠨᠡᠯᠲᠡ ᠮᠥᠨ᠃ 《ᠠᠷᠪᠠᠨ ᠲᠠᠪᠤᠳᠤᠭᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠤᠭᠤᠴᠠᠭᠠᠨ᠎ᠳᠤ᠂ ᠮᠠᠨ᠎ᠤ ᠤᠯᠤᠰ᠎ᠤᠨ ᠬᠥᠭ᠌ᠵᠢᠯᠲᠡ᠎ᠶ᠋ᠢᠨ ᠪᠠᠢᠯᠳᠤᠬᠤ ᠪᠤᠳᠤᠯᠭ᠎ᠠ᠎ᠶ᠋ᠢᠨ ᠠᠵᠠ ᠲᠣᠬᠢᠶᠠᠯ ᠪᠣᠯᠤᠨ ᠠᠶᠤᠯ ᠲᠦᠭ᠌ᠰᠢᠭᠦᠷᠢ ᠥᠷᠢᠰᠥᠯᠳᠦᠭᠡᠨ ᠵᠡᠷᠭᠡ ᠪᠡᠷ ᠣᠷᠣᠱᠢᠵᠤ᠂ ᠲᠣᠭ᠍ᠲᠠᠭᠠᠯᠲᠤ ᠪᠤᠰᠤ ᠲᠥᠰᠦᠭᠡᠯᠡᠬᠦᠶ᠎ᠡ ᠪᠡᠷᠬᠡ ᠡᠯᠧᠮᠧᠨ᠋ᠲ ᠨᠡᠮᠡᠭ᠌ᠳᠡᠵᠡᠢ᠃ ᠰᠢ᠎ᠵᠢᠨ᠎ᠫᠢᠩ ᠨᠥᠬᠥᠷ᠎ᠢᠶᠡᠷ ᠭᠤᠤᠯ ᠪᠤᠯᠭᠠᠭᠰᠠᠨ ᠨᠠᠮ᠎ᠤᠨ ᠲᠥᠪ ᠬᠣᠷᠢᠶ᠎ᠠ᠎ᠶᠢᠨ ᠡᠷᠬᠡ ᠰᠦᠷ ᠪᠠ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ᠎ᠶ᠋ᠢ ᠡᠷᠡᠰ ᠬᠠᠮᠠᠭᠠᠯᠠᠵᠤ᠂ ᠴᠢᠭ᠌ᠯᠡᠯ᠎ᠢ ᠡᠵᠡᠮᠳᠡᠵᠦ᠂ ᠶᠡᠬᠡ ᠲᠠᠯ᠎ᠠ᠎ᠶ᠋ᠢ ᠪᠣᠳᠣᠯᠬᠢᠯᠠᠵᠦ᠂ ᠲᠦᠷᠦ᠍᠎ᠶ᠋ᠢᠨ ᠪᠤᠳᠤᠯᠭ᠎ᠠ ᠲᠣᠭ᠍ᠲᠠᠭᠠᠨ᠂ ᠥᠭᠡᠷᠡᠴᠢᠯᠡᠯᠲᠡ᠎ᠶ᠋ᠢ ᠠᠬᠢᠭᠤᠯᠵᠦ᠂ ᠨᠠᠮ᠎ᠤᠨ ᠤᠳᠤᠷᠢᠳᠤᠯᠭ᠎ᠠ᠎ᠶ᠋ᠢ ᠠᠵᠤ ᠠᠬᠤᠢ ᠨᠡᠢᠭᠡᠮ᠎ᠦᠨ ᠬᠥᠭ᠌ᠵᠢᠯᠲᠡ᠎ᠶ᠋ᠢᠨ ᠡᠯ᠎ᠡ ᠲᠠᠯ᠎ᠠ᠎ᠶ᠋ᠢᠨ ᠪᠦᠬᠦ᠌ ᠶᠠᠪᠤᠴᠠ᠎ᠳᠤ ᠲᠤᠭᠤᠱᠢᠯᠠᠭᠤᠯᠪᠠᠯ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠶ᠋ᠢ ᠠᠬᠢᠭᠤᠯᠬᠤ᠎ᠳᠤ ᠦᠨᠳᠦᠰᠦᠨ ᠪᠠᠲᠤᠯᠠᠭ᠎ᠠ ᠬᠠᠩᠭᠠᠵᠤ ᠴᠢᠳᠠᠨ᠎ᠠ᠃

《ᠨᠡᠢᠭᠡᠮ ᠵᠢᠷᠤᠮ᠎ᠤᠨ ᠵᠠᠬ᠎ᠠ ᠳᠡᠯᠭᠡᠭᠦᠷ᠎ᠦᠨ ᠠᠵᠤ ᠠᠬᠤᠶ᠎ᠶ᠋ᠢ ᠬᠥᠭ᠌ᠵᠢᠭᠦᠯᠬᠦ᠌ ᠪᠣᠯ ᠮᠠᠨ᠎ᠤ ᠨᠠᠮ᠎ᠤᠨ ᠨᠢᠭᠡᠨ ᠠᠭᠤᠤ ᠶᠡᠬᠡ ᠡᠭᠦᠳᠦᠯᠲᠡ ᠮᠥᠨ᠂ ᠵᠠᠩᠭᠢᠯᠠᠭ᠎ᠠ᠎ᠨᠢ ᠵᠠᠰᠠᠭ᠎ᠤᠨ ᠣᠷᠳᠣᠨ ᠪᠠ ᠵᠠᠬ᠎ᠠ ᠳᠡᠯᠭᠡᠭᠦᠷ᠎ᠦᠨ ᠬᠠᠷᠢᠴᠠᠭ᠎ᠠ᠎ᠶ᠋ᠢ ᠰᠠᠢᠲᠤᠷ ᠱᠢᠶ᠋ᠳᠪᠦᠷᠢᠯᠡᠵᠦ᠍᠂ ᠵᠠᠬ᠎ᠠ ᠲᠡᠯᠭᠡᠭᠦᠷ᠎ᠤᠨ ᠡᠬᠢ ᠪᠠᠶᠠᠯᠢᠭ᠎ᠤᠨ ᠲᠣᠬᠢᠷᠠᠭᠤᠯᠤᠯᠲᠠ ᠳ᠋ᠡᠬᠢ ᠱᠢᠶ᠋ᠳᠪᠦᠷᠢᠯᠡᠭ᠌ᠴᠢ ᠴᠢᠨᠠᠷᠲᠠᠶ ᠦᠢᠯᠡᠳᠦᠯ᠎ᠢ ᠪᠠᠳᠠᠷᠠᠭᠤᠯᠵᠤ᠂ ᠵᠠᠰᠠᠭ᠎ᠤᠨ ᠤᠷᠳᠤᠨ᠎ᠤ ᠦᠢᠯᠡᠳᠦᠯ᠎ᠢ ᠨᠡᠩ ᠰᠠᠢᠨ ᠪᠠᠳᠠᠷᠠᠭᠤᠯᠬᠤ᠎ᠳᠤ ᠪᠤᠢ》᠃ ᠮᠠᠨ᠎ᠤ ᠤᠯᠤᠰ᠎ᠤᠨ ᠠᠵᠤ ᠠᠬᠤᠢ᠎ᠶ᠋ᠢᠨ ᠬᠥᠭ᠌ᠵᠢᠯᠲᠡ ᠯᠤᠲᠤ ᠶᠡᠬᠡ ᠠᠮᠵᠢᠯᠲᠠ ᠣᠯᠤᠭ᠍ᠰᠠᠨ᠎ᠤ ᠨᠢᠭᠡᠨ ᠵᠠᠩᠭᠢᠯᠠᠭ᠎ᠠ᠎ᠶ᠋ᠢᠨ ᠬᠦᠴᠦᠨ ᠵᠦᠢᠯ ᠪᠣᠯ ᠳᠠᠷᠤᠢ ᠪᠢᠳᠡ ᠵᠠᠬ᠎ᠠ ᠳᠡᠯᠭᠡᠭᠦᠷ᠎ᠦᠨ ᠠᠵᠤ ᠠᠬᠤᠢ᠎ᠶ᠋ᠢᠨ ᠳᠠᠪᠠᠭᠤᠯᠢᠭ᠎ᠢ ᠪᠠᠳᠠᠷᠠᠭᠤᠯᠤᠭ᠍ᠰᠠᠨ ᠮᠥᠷᠲᠡᠭᠡᠨ ᠪᠠᠰᠠ ᠨᠡᠢᠭᠡᠮ ᠵᠢᠷᠤᠮᠲᠤ ᠪᠠᠢᠭᠤᠯᠤᠯ᠎ᠤᠨ ᠳᠠᠪᠠᠭᠤᠯᠢᠭ ᠴᠢᠨᠠᠷ᠎ᠢ ᠪᠠᠳᠠᠷᠠᠭᠤᠯᠤᠭ᠍ᠰᠠᠨ᠎ᠳᠤ ᠪᠠᠢᠨ᠎ᠠ᠃  ᠪᠦᠲᠦᠮᠵᠢᠲᠡᠢ ᠵᠠᠬ᠎ᠠ ᠳᠡᠯᠭᠡᠭᠦᠷ ᠪᠠ ᠦᠷ᠎ᠠ ᠪᠦᠲᠦᠮᠵᠢᠲᠡᠢ ᠵᠠᠰᠠᠭ᠎ᠤᠨ ᠣᠷᠳᠣᠨ᠎ᠢ ᠤᠶᠠᠯᠳᠤᠭᠤᠯᠬᠤ᠎ᠶ᠋ᠢ ᠪᠠᠷᠢᠮᠲᠠᠯᠠᠬᠤ ᠪᠣᠯ ᠶᠠᠭ ᠠᠵᠤ ᠠᠬᠤᠢ᠎ᠶ᠋ᠢᠨ ᠠᠵᠢᠯ᠎ᠢ ᠰᠠᠢᠲᠤᠷ ᠬᠢᠬᠦ᠌᠎ᠶ᠋ᠢᠨ ᠨᠢᠭᠡᠨ ᠴᠢᠬᠤᠯᠠ ᠠᠷᠭ᠎ᠠ ᠮᠥᠨ᠃

     ᠵᠠᠬ᠎ᠠ ᠳᠡᠯᠭᠡᠭᠦᠷ ᠪᠣᠯ ᠬᠠᠮᠤᠭ᠎ᠤᠨ ᠬᠣᠪᠣᠷ ᠴᠤᠬᠠᠭ ᠡᠬᠢ ᠪᠠᠶᠠᠯᠢᠭ ᠮᠥᠨ᠂ ᠬᠡᠳᠦ ᠶᠡᠬᠡ ᠬᠡᠪᠴᠢᠶᠡᠨ᠎ᠦ ᠵᠠᠬ᠎ᠠ ᠳᠡᠯᠭᠡᠭᠦᠷ ᠪᠣᠯ ᠮᠠᠨ᠎ᠤ ᠤᠯᠤᠰ᠎ᠤᠨ ᠳᠠᠪᠠᠭᠤᠯᠢᠭ ᠲᠠᠯ᠎ᠠ ᠮᠥᠨ᠃ ᠡᠨᠡ ᠬᠦ᠌ ᠳᠠᠪᠠᠭᠤᠯᠢᠭ᠎ᠢ ᠬᠡᠷᠬᠢᠨ ᠦᠷᠭᠦᠯᠵᠢᠯᠡᠨ ᠶᠡᠬᠡᠰᠭᠡᠬᠦ᠌ ᠪᠤᠢ? 《ᠳᠠᠯᠳᠠ ᠭᠠᠷ》 ᠪᠠ 《ᠢᠯᠡ ᠭᠠᠷ》 ᠢ᠋ ᠤᠶᠠᠯᠳᠤᠭᠤᠯᠬᠤ ᠪᠣᠯ ᠴᠢᠬᠤᠯᠠ ᠠᠷᠭ᠎ᠠ ᠵᠠᠮ ᠮᠥᠨ᠃ ᠣᠢᠷ᠎ᠠ᠎ᠶ᠋ᠢᠨ ᠵᠢᠯ᠎ᠦᠳ᠎ᠲᠦ᠂ ᠵᠠᠬ᠎ᠠ ᠳᠡᠯᠭᠡᠭᠦᠷ᠎ᠲᠦ ᠲᠦᠱᠢᠭ᠌ᠯᠡᠨ ᠣᠯᠠᠨ ᠶᠠᠩᠵᠤ᠎ᠶ᠋ᠢᠨ ᠬᠠᠩᠭᠠᠯᠭ᠎ᠠ ᠪᠠ ᠦᠶ᠋ᠯᠡᠴᠢᠯᠡᠭᠡ ᠬᠠᠩᠭᠠᠵᠤ᠂ ᠵᠠᠰᠠᠭ᠎ᠤᠨ ᠣᠷᠳᠣᠨ᠎ᠤ ᠬᠥᠲᠥᠯᠥᠨ ᠵᠢᠯᠣᠭᠣᠳᠭᠤ ᠵᠢᠴᠢ 《ᠪᠡᠯᠡ ᠮᠥᠩᠭᠥ᠌》 ᠶ᠋ᠢᠨ ᠳᠡᠮᠵᠢᠯᠭᠡ᠂ ᠶᠡᠬᠡ ᠬᠡᠪᠴᠢᠶᠡᠨ᠎ᠦ ᠲᠣᠨᠣᠭ ᠲᠥᠬᠥᠭᠡᠷᠦᠮᠵᠢ᠎ᠶ᠋ᠢᠨ ᠱᠢᠨᠡᠳᠭᠡᠯ ᠪᠠ ᠬᠡᠷᠡᠭ᠌ᠯᠡᠭᠡᠨ᠎ᠦ ᠵᠦᠶ᠋ᠯ᠎ᠦᠨ ᠬᠠᠭᠤᠴᠢᠨ᠎ᠢᠶᠠᠷ ᠱᠢᠨ᠎ᠡ᠎ᠶ᠋ᠢ ᠰᠣᠯᠢᠬᠤ ᠲᠥᠷᠥ᠎ᠶ᠋ᠢᠨ ᠪᠣᠳᠣᠯᠭ᠎ᠠ᠎ᠪᠠᠷ ᠳᠠᠮᠵᠢᠭᠤᠯᠤᠨ ᠳᠣᠲᠣᠭᠠᠳᠤ ᠬᠡᠷᠡᠭ᠌ᠴᠡᠭᠡ᠎ᠶ᠋ᠢ ᠳᠠᠢᠴᠢᠯᠠᠨ᠂ ᠠᠵᠤ ᠠᠬᠤᠢᠯᠠᠯ᠎ᠳᠤ ᠠᠱᠢᠭ ᠬᠦᠷᠲᠡᠭᠡᠵᠦ᠍ ᠠᠷᠠᠳ᠎ᠲᠤ ᠠᠱᠢᠭ ᠬᠦᠷᠲᠡᠭᠡᠵᠦ᠍᠂ ᠪᠦᠲᠦᠮᠵᠢᠲᠡᠶ ᠵᠠᠬ᠎ᠠ ᠳᠡᠯᠭᠡᠭᠦᠷ ᠪᠠ ᠦᠷ᠎ᠠ ᠪᠦᠳᠦᠮᠵᠢᠳᠡᠢ ᠵᠠᠰᠠᠭ᠎ᠤᠨ ᠣᠷᠳᠣᠨ ᠬᠠᠮᠵᠢᠯᠴᠠᠨ ᠬᠥᠭ᠌ᠵᠢᠬᠦ᠌᠎ᠳᠦ ᠠᠮᠢᠳᠤᠯᠢᠭ ᠵᠡᠭᠦᠯᠲᠡ ᠲᠠᠢᠯᠪᠤᠷᠢ ᠪᠣᠯᠤᠭ᠍ᠰᠠᠨ ᠪᠠᠢᠨ᠎ᠠ᠃

     ᠵᠠᠰᠠᠭ᠎ᠤᠨ ᠣᠷᠳᠣᠨ᠎ᠤ ᠠᠵᠢᠯᠯᠠᠭ᠎ᠠ ᠬᠡᠳᠦᠢ ᠵᠢᠷᠤᠮᠵᠢᠬᠤ ᠲᠤᠳᠤᠮ ᠵᠠᠬ᠎ᠠ ᠳᠡᠯᠭᠡᠭᠦᠷ᠎ᠦᠨ ᠦᠢᠯᠡᠳᠦᠯ ᠲᠡᠳᠦᠢ ᠪᠦᠲᠦᠮᠵᠢᠲᠡᠢ ᠪᠣᠯᠳᠠᠭ᠃ 《ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠠᠢᠭᠤᠯᠤᠯᠲᠠ᠎ᠶ᠋ᠢᠨ ᠵᠢᠯᠣᠭᠣᠳᠤᠮᠵᠢ (ᠲᠤᠷᠱᠢᠨ ᠬᠡᠷᠡᠭ᠌ᠵᠢᠭᠦᠯᠬᠦ᠌)》 ᠵᠢ ᠨᠡᠢᠲᠡᠯᠡᠭ᠌ᠰᠡᠨ᠎ᠡᠴᠡ ᠠᠪᠤᠭᠠᠳ 5 ᠬᠡᠪᠯᠡᠯ᠎ᠦᠨ ᠵᠠᠬ᠎ᠠ ᠳᠡᠯᠭᠡᠭᠦᠷ᠎ᠲᠦ ᠣᠷᠣᠬᠤ᠎ᠶ᠋ᠢ ᠵᠥᠪᠱᠢᠶᠡᠷᠡᠬᠦ᠌ ᠨᠠᠵᠠᠭᠠᠢ ᠲᠠᠯ᠎ᠠ ᠵᠢᠨ ᠨᠠᠷᠢᠨ ᠲᠠᠩᠰᠠ᠎ᠶ᠋ᠢ ᠨᠡᠢᠲᠡᠯᠡᠬᠦ᠌ ᠬᠦᠷᠲᠡᠯ᠎ᠡ; ᠪᠦᠬᠦ᠌ ᠤᠯᠤᠰ᠎ᠤᠨ ᠨᠢᠭᠡᠳᠦᠯᠲᠡᠢ ᠵᠠᠬ᠎ᠠ ᠳᠡᠯᠭᠡᠭᠦᠷ ᠪᠣᠯᠤᠨ ᠡᠷᠬᠡ ᠲᠡᠭ᠌ᠰᠢ ᠥᠷᠢᠰᠥᠯᠳᠦᠭᠡᠨ᠎ᠢ ᠬᠠᠷᠱᠢᠯᠠᠵᠤ ᠪᠠᠢᠭ᠎ᠠ ᠲᠣᠭ᠍ᠲᠠᠭᠠᠯ ᠪᠣᠯᠤᠨ ᠠᠷᠭ᠎ᠠ ᠬᠢᠳᠡᠯ᠎ᠢ ᠲᠥᠪᠯᠡᠷᠡᠭᠦᠯᠦᠨ ᠢᠯᠭᠠᠷᠠᠭᠤᠯᠤᠨ ᠴᠡᠪᠡᠷᠯᠡᠬᠦ᠌᠎ᠡᠴᠡ ᠱᠢᠨ᠎ᠡ᠎ᠪᠡᠷ ᠨᠡᠢᠲᠡᠯᠡᠭ᠌ᠰᠡᠨ ᠲᠦᠷᠦ᠍᠎ᠶ᠋ᠢᠨ ᠪᠤᠳᠤᠯᠭ᠎ᠠ ᠪᠣᠯᠤᠨ ᠬᠣᠷᠸ᠎ᠠ ᠲᠦᠷᠦ᠍᠎ᠶ᠋ᠢᠨ ᠪᠤᠳᠤᠯᠭ᠎ᠠ᠎ᠶ᠋ᠢᠨ ᠬᠠᠨᠳᠤᠰᠢ᠎ᠶ᠋ᠢᠨ ᠨᠢᠭᠡᠳᠦᠯᠲᠦ ᠴᠢᠨᠠᠷᠲᠠᠢ ᠦᠨᠡᠯᠡᠨ ᠵᠢᠱ᠌ᠢᠯᠲᠡ᠎ᠶ᠋ᠢ ᠥᠷᠨᠢᠭᠦᠯᠬᠦ᠌ ᠬᠦᠷᠲᠡᠯ᠎ᠡ ᠁ ᠪᠦᠬᠦ᠌ ᠤᠯᠤᠰ᠎ᠤᠨ ᠨᠢᠭᠡᠳᠦᠯᠲᠡᠢ ᠲᠤᠮᠤ ᠵᠠᠬ᠎ᠠ ᠳᠡᠯᠭᠡᠭᠦᠷ᠎ᠦᠨ ᠪᠦᠳᠦᠭᠡᠨ ᠪᠠᠢᠭᠤᠯᠤᠯᠲᠠ᠎ᠶ᠋ᠢ ᠭᠦᠨᠵᠡᠭᠡᠢᠷᠡᠭᠦᠯᠦᠨ ᠠᠬᠢᠭᠤᠯᠵᠤ᠂ ᠮᠠᠨ᠎ᠤ ᠤᠯᠤᠰ᠎ᠤᠨ ᠬᠥᠭ᠌ᠵᠢᠯᠲᠡ᠎ᠳᠦ ᠤᠶᠠᠨ ᠬᠠᠳᠠᠨ ᠴᠢᠨᠠᠷ᠎ᠢ ᠨᠡᠮᠡᠭ᠌ᠳᠡᠭᠦᠯᠵᠦ᠍᠂ ᠬᠥᠳᠡᠯᠭᠡᠬᠦ᠌ ᠬᠦᠴᠦᠨ ᠨᠡᠮᠡᠷᠢᠯᠡᠵᠦ᠍᠂ ᠳᠠᠯᠳᠠ ᠬᠦᠴᠦᠨ᠎ᠢ ᠪᠠᠳᠠᠷᠠᠭᠤᠯᠪᠠ᠃

     ᠣᠳᠣᠬᠠᠨ᠎ᠳᠤ ᠮᠠᠨ᠎ᠤ ᠤᠯᠤᠰ᠎ᠤᠨ ᠬᠥᠭ᠌ᠵᠢᠯᠲᠡ ᠮᠠᠰᠢ ᠤᠯᠠᠨ ᠠᠱᠢᠭ᠍ᠲᠠᠢ ᠬᠦᠴᠦᠨ ᠵᠦᠢᠯ ᠪᠠ ᠢᠯᠡᠳᠲᠡ ᠳᠠᠪᠠᠭᠤᠯᠢᠭ ᠲᠠᠯ᠎ᠠ᠎ᠲᠠᠶ ᠶᠤᠮ᠃ 《ᠠᠷᠪᠠᠨ ᠲᠠᠪᠤᠳᠤᠭᠠᠷ ᠳᠠᠪᠤᠨ ᠵᠢᠯ》᠎ᠤ᠋ᠨ ᠲᠥᠯᠥᠪᠵᠢᠭᠦᠯᠭᠡ᠎ᠶ᠋ᠢᠨ ᠬᠤᠭᠤᠴᠠᠭᠠᠨ᠎ᠤ ᠠᠵᠤ ᠠᠬᠤᠶ ᠨᠡᠢᠭᠡᠮ᠎ᠦᠨ ᠬᠥᠭ᠌ᠵᠢᠯᠲᠡ᠎ᠶ᠋ᠢ ᠠᠬᠢᠭᠤᠯᠬᠤ᠎ᠳᠤ ᠵᠠᠩᠭᠢᠯᠠᠭ᠎ᠠ ᠨᠢ ᠳᠠᠷᠤᠢ ᠬᠥᠭ᠌ᠵᠢᠯᠲᠡ᠎ᠶ᠋ᠢᠨ ᠠᠵᠠ ᠲᠣᠬᠢᠶᠠᠯ᠎ᠢ ᠡᠵᠡᠮᠳᠡᠨ᠂ ᠴᠠᠭ ᠬᠤᠭᠤᠴᠠᠭᠠᠨ᠎ᠤ ᠴᠤᠩᠬᠤᠪᠴᠢ ᠵᠢ ᠠᠳᠭᠤᠵᠤ᠂ ᠳᠠᠪᠠᠭᠤᠯᠢᠭ᠎ᠢᠶᠠᠨ ᠪᠡᠬᠢᠵᠢᠭᠦᠯᠦᠨ ᠥᠷᠭᠡᠳᠭᠡᠵᠦ᠍᠂ ᠨᠡᠢᠭᠡᠮ ᠵᠢᠷᠤᠮ᠎ᠤᠨ ᠦᠨᠳᠦᠰᠦᠨ ᠠᠵᠤ ᠠᠬᠤᠶ᠎ᠶ᠋ᠢᠨ ᠪᠠᠢᠭᠤᠯᠤᠯ᠎ᠢ ᠪᠠᠷᠢᠮᠲᠠᠯᠠᠨ ᠲᠡᠭᠦᠯᠳᠡᠷᠵᠢᠭᠦᠯᠵᠦ᠍᠂ ᠪᠦᠲᠦᠮᠵᠢᠲᠡᠶ ᠵᠠᠬ᠎ᠠ ᠳᠡᠯᠭᠡᠭᠦᠷ ᠪᠠ ᠦᠷ᠎ᠡ ᠪᠦᠲᠦᠮᠵᠢᠲᠡᠢ ᠵᠠᠰᠠᠭ᠎ᠤᠨ ᠣᠷᠳᠣᠨ ᠤ᠋ ᠬᠠᠷᠢᠴᠠᠭ᠎ᠠ᠎ᠶ᠋ᠢ ᠰᠠᠢᠲᠤᠷ ᠨᠢᠭᠡᠳᠦᠯᠲᠡᠶ ᠲᠥᠯᠥᠪᠵᠢᠭᠦᠯᠦᠨ᠂ 《ᠬᠣᠶᠠᠷ ᠭᠠᠷ》 ᠢ᠋ ᠭᠦᠢᠴᠡᠳ ᠰᠠᠢᠲᠤᠷ ᠬᠡᠷᠡᠭ᠌ᠯᠡᠵᠦ᠍᠂ ᠨᠢᠭᠡᠳᠦᠯᠲᠡᠶ ᠪᠥᠭᠡᠳ ᠨᠡᠭᠡᠭᠡᠯᠲᠡ᠎ᠲᠡᠶ᠂ ᠥᠷᠢᠰᠥᠯᠳᠦᠭᠡᠨ ᠨᠢ ᠡᠮᠬᠢ ᠵᠢᠷᠤᠮ᠎ᠲᠠᠶ ᠵᠠᠬ᠎ᠠ ᠳᠡᠯᠭᠡᠭᠦᠷ᠎ᠦᠨ ᠱᠢᠰᠲᠸᠮ᠎ᠢ ᠴᠣᠭ᠍ᠴᠠᠯᠠᠨ ᠪᠠᠢᠭᠤᠯᠵᠤ᠂ ᠬᠠᠤᠯᠢ᠎ᠪᠠᠷ ᠵᠠᠰᠠᠬᠤ ᠠᠵᠤ ᠠᠬᠤᠶ᠂ ᠢᠲᠡᠭᠡᠮᠵᠢᠲᠦ ᠠᠵᠤ ᠠᠬᠤᠶ᠎ᠶ᠋ᠢ ᠪᠦᠲᠦᠭᠡᠨ ᠪᠠᠢᠭᠤᠯᠵᠤ᠂ ᠵᠠᠬ᠎ᠠ ᠳᠡᠯᠭᠡᠭᠦᠷᠴᠢᠯᠡᠬᠦ᠌᠂ ᠬᠠᠤᠯᠢ᠎ᠪᠠᠷ ᠵᠠᠰᠠᠬᠤ᠂ ᠳᠡᠯᠡᠬᠡᠢᠵᠢᠭ᠌ᠰᠡᠨ ᠲᠡᠷᠢᠭᠦᠨ ᠵᠡᠷᠭᠡ᠎ᠶ᠋ᠢᠨ ᠬᠤᠳᠠᠯᠳᠤᠭ᠎ᠠ ᠡᠷᠬᠢᠯᠡᠬᠦ᠌ ᠣᠷᠴᠢᠨ ᠨᠦᠬᠦᠴᠡᠯ᠎ᠢ ᠪᠤᠢ ᠪᠤᠯᠭᠠᠬᠤ ᠬᠡᠷᠡᠭ᠌ᠲᠡᠶ᠃

     ᠮᠢᠩᠭᠠᠨ ᠠᠭᠤᠯᠠ ᠲᠦᠮᠡᠨ ᠤᠰᠤ᠎ᠶ᠋ᠢ ᠲᠤᠭᠤᠯᠤᠭ᠍ᠰᠠᠨ ᠴᠤ᠌ ᠮᠥᠨ ᠯᠡ ᠠᠭᠤᠯᠠ ᠳᠠᠪᠠᠵᠤ ᠤᠰᠤ ᠭᠠᠲᠤᠯᠬᠤ ᠴᠢᠬᠤᠯᠠᠲᠠᠢ ᠶᠤᠮ᠃ ᠬᠣᠶᠠᠳᠤᠭᠠᠷ ᠵᠠᠭᠤᠨ ᠵᠢᠯ᠎ᠦᠨ ᠲᠡᠮᠡᠴᠡᠬᠦ᠌ ᠬᠠᠷᠠᠯᠲᠠ ᠲᠡᠢᠰᠢ ᠤᠷᠤᠭ᠍ᠰᠢᠯᠠᠵᠤ᠂ ᠨᠠᠮ᠎ᠤᠨ ᠬᠣᠷᠢᠳᠤᠭᠠᠷ ᠬᠤᠭᠤᠴᠠᠭᠠᠨ᠎ᠤ ᠲᠥᠪ ᠬᠣᠷᠢᠶ᠎ᠠ᠎ᠶᠢᠨ ᠳᠥᠷᠪᠡᠳᠦᠭᠡᠷ ᠪᠦᠬᠦᠳᠠ ᠬᠤᠷᠠᠯ᠎ᠤᠨ ᠵᠣᠷᠢᠭ ᠰᠠᠨᠠᠭ᠎ᠠ᠎ᠶ᠋ᠢ ᠲᠤᠭᠤᠱᠢᠯᠠᠭᠤᠯᠤᠨ ᠨᠠᠢᠳᠠᠪᠤᠷᠢᠵᠢᠭᠤᠯᠵᠤ᠂ 《ᠵᠢᠷᠭᠤᠭ᠎ᠠ᠎ᠶ᠋ᠢ ᠪᠠᠷᠢᠮᠲᠠᠯᠠᠬᠤ》 ᠴᠢᠬᠤᠯᠠ ᠵᠠᠷᠴᠢᠮ᠎ᠢ ᠪᠣᠳᠠᠲᠠᠢ᠎ᠳᠤ ᠨᠠᠢᠳᠠᠪᠤᠷᠢᠵᠢᠭᠤᠯᠵᠤ᠂ ᠴᠥᠬᠥᠷᠡᠰᠢ ᠦᠭᠡᠢ ᠲᠡᠮᠡᠴᠡᠵᠦ᠍᠂ ᠰᠠᠯᠬᠢ ᠪᠣᠷᠣᠭᠠᠨ᠎ᠢ ᠰᠦᠷᠦᠨ ᠤᠷᠤᠭ᠍ᠰᠢᠯᠠᠪᠠᠯ᠂ ᠪᠢᠳᠠ ᠯᠠᠪᠲᠠᠢ ᠱᠢᠨ᠎ᠡ ᠠᠶᠠᠨ᠎ᠳᠠᠭᠠᠨ ᠰᠠᠨᠠᠭᠠᠴᠢᠯᠠᠭᠠᠲᠤ ᠡᠷᠬᠡ᠎ᠶ᠋ᠢ ᠣᠯᠵᠤ᠂ ᠳᠠᠪᠠᠭᠤᠯᠢᠭ ᠪᠠᠢᠷᠢ᠎ᠶ᠋ᠢ ᠡᠵᠡᠯᠡᠵᠦ᠂ ᠬᠡᠭᠡᠨ ᠰᠠᠷᠠᠭᠤᠯ ᠢᠷᠡᠭᠡᠳᠦᠢ᠎ᠲᠠᠢ ᠪᠤᠯᠵᠤ ᠴᠢᠳᠠᠨ᠎ᠠ᠃

ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
          
ᠬᠠᠮᠢᠶ᠎ᠡ ᠪᠦᠬᠦᠢ ᠰᠣᠨᠢᠨ
 
            