ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠦᠨᠦᠳᠣᠷ᠎ᠤᠨ ᠰᠣᠨᠢᠨ ᠮᠡᠳᠡᠭᠡ
《ᠤᠮᠠᠷᠠᠲᠤ ᠬᠢᠯᠢ᠎ᠶᠢᠨ ᠪᠡᠶ᠎ᠡ᠎ᠶᠢᠨ ᠲᠠᠮᠢᠷ᠎ᠤᠨ ᠬᠥᠩᠭᠡᠨ ᠮᠣᠷᠢᠲᠤ ᠴᠡᠷᠢᠭ 》 ᠲᠦᠩᠯᠢᠶᠣᠣ ᠬᠣᠲᠠ᠎ᠶᠢᠨ ᠬᠦᠷᠢᠶ᠎ᠡ ᠬᠣᠰᠢᠭᠤᠨ᠎ᠳᠤ ᠭᠦᠨᠵᠡᠭᠡᠢᠷᠡᠪᠡ
ᠨᠡᠶ᠋ᠢᠲᠡᠯᠡᠭᠰᠡᠨ ᠴᠠᠭ᠄ 2025-11-27

    ᠲᠦᠷᠦᠬᠦᠬᠡᠨ᠂ 《ᠤᠮᠠᠷᠠᠲᠤ ᠬᠢᠯᠢ᠎ᠶᠢᠨ ᠪᠡᠶ᠎ᠡ᠎ᠶᠢᠨ ᠲᠠᠮᠢᠷ᠎ᠤᠨ ᠬᠥᠩᠭᠡᠨ ᠮᠣᠷᠢᠲᠤ ᠴᠡᠷᠢᠭ》 ᠲᠦᠩᠯᠢᠶᠣᠣ ᠬᠣᠲᠠ᠎ᠶᠢᠨ ᠬᠦᠷᠢᠶ᠎ᠡ ᠬᠣᠰᠢᠭᠤᠨ᠎ᠳᠤ ᠢᠷᠡᠵᠤ᠂ ᠱᠦᠢᠴᠢᠤᠧᠠᠨ ᠰᠢᠶᠠᠩ᠎ᠤᠨ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠪ ᠲᠸ᠋ ᠮᠠᠯᠴᠢᠨ ᠲᠠᠷᠢᠶᠠᠴᠢᠨ ᠎ᠤ ᠰᠣᠨᠢᠷᠬᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ ᠡᠷᠬᠢᠯᠡᠪᠡ᠃ ᠱᠦᠢᠴᠢᠦᠧᠠᠨ ᠰᠢᠶᠠᠩ᠎ᠤᠨ 24 ᠲᠥᠯᠥᠭᠡᠯᠡᠭᠴᠢᠳ ᠎ᠤᠨ ᠠᠩᠭᠢ ᠵᠢᠨ 300 ᠰᠢᠬᠠᠮ ᠮᠠᠯᠴᠢᠨ ᠲᠠᠷᠢᠶᠠᠴᠢᠨ ᠳᠡᠭᠡᠰᠦ ᠲᠠᠲᠠᠬᠤ᠂  ᠲᠠᠪᠤᠨ  ᠬᠥᠮᠥᠨ  ᠲᠦᠷᠪᠡᠨ ᠬᠥᠯ ᠵᠢᠨᠨ ᠬᠤᠯᠪᠤᠵᠤ ᠤᠷᠤᠯᠳᠤᠬᠤ᠂ ᠫᠢᠩᠫᠠᠩ ᠪᠦᠮᠪᠥᠭᠡ ᠲᠠᠮᠵᠢᠭᠤᠯᠬᠤ ᠪᠤᠤᠬᠢᠶ᠎ᠠ ᠤᠷᠤᠯᠳᠤᠭᠠᠨ ᠵᠡᠷᠭᠡ ᠣᠨᠴᠠᠯᠢᠭ᠍ᠲᠤ ᠪᠡᠶ᠎ᠡ᠎ᠶᠢᠨ ᠲᠠᠮᠢᠷ ᠎ᠤᠨ ᠤᠷᠤᠯᠳᠤᠭᠠᠨ ᠳ᠋ᠤ ᠤᠷᠤᠯᠴᠠᠵᠠᠢ᠃

    ᠤᠷᠤᠯᠳᠤᠭᠠᠨ ᠎ᠤ ᠲᠤᠬᠠᠢ ᠵᠢᠨ ᠲᠠᠯᠠᠪᠠᠢ ᠎ᠳᠤ ᠪᠠᠶᠠᠷ ᠪᠠᠬᠠᠳᠤᠯ᠎ᠢᠶᠠᠷ ᠪᠢᠯᠬᠠᠵᠤ᠂ ᠰᠢᠨ᠎ᠡ ᠴᠠᠭ ᠦᠶ᠎ᠡ ᠎ᠶᠢᠨ ᠮᠠᠯᠴᠢᠨ ᠲᠠᠷᠢᠶᠠᠴᠢᠨ᠎ᠤ ᠥᠭᠡᠳᠡᠯᠡᠨ ᠲᠠᠪᠰᠢᠬᠤ᠂ ᠪᠦᠯᠬᠦᠮᠳᠡᠨ ᠲᠡᠮᠡᠴᠡᠬᠦ ᠵᠢᠪᠬᠤᠭᠠᠳᠤ ᠪᠠᠢᠳᠠᠯ᠎ᠢ ᠭᠦᠢᠴᠡᠳ ᠬᠠᠷᠠᠭᠤᠯᠤᠬᠰᠠᠨ ᠪᠠᠢᠨ᠎ᠠ᠃

   ᠣᠢᠯᠠᠭᠠᠭᠰᠠᠨ᠎ᠢᠶᠠᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ᠎ᠶᠢᠨ ᠲᠠᠮᠢᠷ ᠎ᠤᠨ ᠶᠡᠷᠦᠩᠬᠡᠢ ᠡᠪᠯᠡᠯ ᠡᠴᠡ ᠭᠣᠣᠯᠯᠠᠨ ᠡᠷᠭᠢᠯᠡᠵᠤ ᠡᠬᠢᠯᠡᠭᠦᠯᠦᠭᠰᠡᠨ《ᠤᠮᠠᠷᠠᠲᠤ ᠬᠢᠯᠢ᠎ᠶᠢᠨ ᠪᠡᠶ᠎ᠡ᠎ᠶᠢᠨ ᠲᠠᠮᠢᠷ᠎ᠤᠨ ᠬᠥᠩᠭᠡᠨ ᠮᠣᠷᠢᠲᠤ ᠴᠡᠷᠢᠭ》 ᠤ᠋ᠨ ᠰᠠᠢᠨ ᠳᠤᠷ᠎ᠠ᠎ᠶᠢᠨ ᠦᠢᠯᠡᠴᠢᠯᠡᠭᠡᠨ᠎ᠦ ᠲᠥᠷᠥᠯ ᠵᠦᠢᠯ ᠎ᠤᠨ ᠵᠣᠷᠢᠯᠭ᠎ᠠ ᠨᠢ ᠲᠤᠰᠬᠠᠢᠵᠢᠭ᠍ᠰᠠᠨ᠂ ᠥᠨᠳᠥᠷ ᠬᠢᠷᠢ ᠲᠦᠪᠰᠢᠨ ᠪᠦᠬᠦᠢ ᠰᠠᠢᠨ ᠳᠤᠷᠠᠴᠤᠳ᠎ᠤᠨ ᠡᠩᠨᠡᠭᠡ᠎ᠶᠢ ᠵᠣᠬᠢᠶᠠᠨ ᠪᠠᠢᠭᠤᠯᠵᠤ᠂《ᠲᠦᠷᠭᠡᠨ᠂ ᠨᠠᠷᠢᠯᠢᠭ᠋ ᠣᠨᠣᠴᠠᠲᠠᠢ᠂ ᠨᠢᠭᠡ᠎ᠳᠦ ᠨᠢᠭᠡ ᠵᠢᠨ ᠥᠢᠯᠡᠴᠢᠯᠡᠭᠡ᠂ ᠴᠡᠭ᠎ᠡᠴᠡ ᠴᠡᠭ᠎ᠲᠦ ᠥᠢᠯᠡᠴᠢᠯᠡᠬᠥ》ᠵᠠᠭᠪᠤᠷ᠎ᠢᠶᠠᠷ ᠬᠢᠯᠢ ᠬᠢᠵᠠᠭᠠᠷ ᠣᠷᠣᠨ᠎ᠳᠤ ᠰᠢᠨᠵᠢᠯᠡᠬᠦ ᠤᠬᠠᠭᠠᠨᠴᠢ᠎ᠪᠠᠷ ᠪᠡᠶ᠎ᠡ ᠴᠢᠭᠢᠷᠠᠭᠵᠢᠭᠤᠯᠬᠤ ᠵᠢᠯᠣᠭᠣᠳᠤᠯᠭ᠎ᠠ᠂ ᠲᠥᠷᠥᠯ ᠵᠦᠢᠯ ᠎ᠦᠨ ᠮᠡᠷᠭᠡᠵᠢᠯ ᠴᠢᠳᠠᠪᠤᠷᠢ᠎ᠶᠢᠨ ᠪᠣᠯᠪᠠᠰᠤᠷᠠᠯ᠂ ᠠᠵᠢᠯᠯᠠᠭ᠎ᠠ ᠎ᠶᠢ ᠵᠣᠬᠢᠶᠠᠨ ᠪᠠᠢᠭᠤᠯᠵᠤ ᠤᠬᠠᠭᠠᠯᠠᠨ ᠰᠡᠳᠦᠬᠦ᠂ ᠳᠤᠮᠳᠠᠳᠤ᠎ᠶᠢᠨ ᠦᠨᠳᠦᠰᠦᠲᠡᠨ ᠎ᠦ ᠬᠠᠮᠲᠤ᠎ᠶᠢᠨ ᠴᠣᠭᠴᠠ᠎ᠶᠢᠨ ᠤᠬᠠᠮᠰᠠᠷ ᠬᠢᠭᠡᠳ ᠦᠨᠳᠦᠰᠦᠲᠡᠨ᠎ᠦ ᠪᠦᠯᠬᠦᠮᠳᠡᠯ᠎ᠦᠨ ᠭᠣᠣᠯ ᠰᠡᠳᠦᠪᠲᠦ ᠲᠠᠢᠯᠤᠮᠵᠢ ᠵᠡᠷᠭᠡ ᠬᠠᠪᠰᠤᠷᠤᠨ ᠲᠡᠳᠬᠦᠬᠦ ᠠᠵᠢᠯ᠎ᠢ  ᠦᠷᠨᠢᠭᠦᠯᠬᠦ᠎ᠶᠢᠨ ᠲᠥᠯᠥᠭᠡ ᠶᠤᠮ᠃

    ᠲᠤᠰ ᠤᠳᠠᠭᠠᠨ ᠎ᠤ ᠱᠦᠢᠴᠢᠦᠧᠠᠨ ᠰᠢᠶᠠᠩ᠎ᠤᠨ ᠮᠠᠯᠴᠢᠨ ᠲᠠᠷᠢᠶᠠᠴᠢᠨ᠎ᠤ ᠰᠣᠨᠢᠷᠬᠠᠯᠲᠤ ᠪᠡᠶ᠎ᠡ ᠎ᠶᠢᠨ ᠲᠠᠮᠢᠷ ᠎ᠤᠨ ᠴᠤᠭᠯᠠᠭᠠᠨ ᠪᠤᠯ 《ᠤᠮᠠᠷᠠᠲᠤ ᠬᠢᠯᠢ᠎ᠶᠢᠨ ᠪᠡᠶ᠎ᠡ᠎ᠶᠢᠨ ᠲᠠᠮᠢᠷ ᠎ᠤᠨ ᠬᠥᠩᠭᠡᠨ ᠮᠣᠷᠢᠲᠤ ᠴᠡᠷᠢᠭ》 ᠤ᠋ᠨ ᠰᠠᠢᠨ ᠳᠤᠷ᠎ᠠ᠎ᠶᠢᠨ ᠦᠢᠯᠡᠴᠢᠯᠡᠭᠡᠨ᠎ᠦ  ᠨᠢᠬᠡ  ᠬᠡᠯᠪᠡᠷᠢ ᠪᠣᠯᠣᠨ᠎ᠠ᠂ ᠰᠣᠨᠢᠷᠬᠠᠯᠲᠤ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠠᠷᠭ᠎ᠠ ᠮᠠᠶᠢᠭ᠋᠎ᠢᠶᠠᠷ ᠳᠠᠮᠵᠢᠨ᠂ ᠥᠷᠭᠡᠨ ᠣᠯᠠᠨ ᠮᠠᠯᠴᠢᠨ ᠲᠠᠷᠢᠶᠠᠴᠢᠨ᠎ᠤ  ᠲᠠᠷᠢᠶᠠᠨ  ᠭᠠᠵᠠᠷ᠎ᠠᠴᠠ  ᠭᠠᠳᠠᠨᠠᠬᠢ  ᠪᠡᠶ᠎ᠡ᠎ᠶᠢᠨ ᠲᠠᠮᠢᠷ ᠰᠣᠶᠣᠯ᠎ᠤᠨ ᠠᠮᠢᠳᠤᠷᠠᠯ ᠎ᠢ ᠪᠠᠶᠠᠯᠢᠭ᠍ᠵᠢᠭᠤᠯᠥᠨ᠂ ᠲᠤᠬᠠᠢ ᠎ᠶᠢᠨ ᠭᠠᠵᠠᠷ᠎ᠤᠨ ᠦᠨᠳᠦᠰᠦᠲᠡᠨ᠎ᠨᠦᠭᠦᠳ᠎ᠦᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠭ᠎ᠠ᠎ᠶᠢ ᠠᠬᠢᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤ ᠴᠤᠬᠴᠠᠯᠠᠨ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠤᠯᠤᠰ᠎ᠤᠨ ᠪᠠᠢᠯᠳᠤᠬᠤ ᠪᠣᠳᠣᠯᠭ᠎ᠠ᠎ᠶᠢ ᠦᠢᠯᠡᠳᠦᠯᠭᠡᠵᠢᠭᠦᠯᠦᠨ ᠨᠠᠢᠳᠠᠪᠤᠷᠢᠵᠢᠭᠤᠯᠵᠤ᠂ ᠠᠷᠠᠳ ᠣᠯᠠᠨ ᠎ᠤ ᠡᠳᠦᠷ ᠲᠤᠲᠤᠮ᠎ᠤᠨ ᠪᠡᠶ᠎ᠡ ᠴᠢᠭᠢᠷᠠᠭᠵᠢᠭᠤᠯᠬᠤ ᠳᠠᠳᠬᠠᠯ᠎ᠢ  ᠬᠥᠮᠥᠵᠢᠭᠦᠯᠬᠥ  ᠵᠢ  ᠤᠷᠢᠶᠠᠯᠠᠨ ᠥᠢᠯᠡᠳᠥᠯᠭᠡᠵᠢᠭᠥᠯᠥᠭᠰᠡᠨ ᠪᠠᠢᠨ᠎ᠠ᠃

    ᠤᠷᠤᠯᠳᠤᠭᠠᠨ ᠎ᠤ ᠳᠠᠷᠠᠭ᠎ᠠ《ᠤᠮᠠᠷᠠᠲᠤ ᠬᠢᠯᠢ᠎ᠶᠢᠨ ᠪᠡᠶ᠎ᠡ᠎ᠶᠢᠨ ᠲᠠᠮᠢᠷ᠎ᠤᠨ ᠬᠥᠩᠭᠡᠨ ᠮᠣᠷᠢᠲᠤ ᠴᠡᠷᠢᠭ》ᠤ᠋ᠨ ᠡᠩᠨᠡᠭᠡ ᠬᠦᠷᠢᠶ᠎ᠡ ᠬᠣᠰᠢᠭᠤᠨ᠎ᠤ ᠱᠦᠢᠴᠢᠦᠧᠠᠨ ᠰᠢᠶᠠᠩ ᠎ᠤᠨ ᠶᠤᠧᠠᠨ ᠼᠠᠩ ᠽᠢ ᠲᠣᠰᠬᠣᠨ᠎ᠳᠤ ᠬᠦᠷᠴᠦ᠂ ᠪᠡᠶ᠎ᠡ ᠎ᠶᠢᠨ ᠲᠠᠮᠢᠷ ᠎ᠤᠨ ᠰᠠᠢᠨ ᠳᠤᠷ᠎ᠠ᠎ᠶᠢᠨ ᠦᠢᠯᠡᠴᠢᠯᠡᠭᠡ ᠬᠢᠬᠦ᠎ᠶᠢᠨ ᠬᠠᠮᠲᠤ ᠣᠷᠳᠣ᠌ ᠬᠤᠭᠤᠴᠠᠭ᠎ᠠ ᠪᠡᠶ᠎ᠡ ᠴᠢᠭᠢᠷᠠᠭᠵᠢᠭᠤᠯᠬᠤ ᠎ᠶᠢ ᠵᠢᠯᠤᠭᠣᠳᠬᠤ ᠰᠠᠢᠨ ᠳᠤᠷ᠎ᠠ᠎ᠶᠢᠨ ᠦᠢᠯᠡᠴᠢᠯᠡᠭᠡᠨ ᠎ᠦ ᠲᠣᠭᠲᠠᠴᠠ᠎ᠶᠢ ᠪᠠᠢᠭᠤᠯᠬᠤ ᠪᠤᠯᠤᠨ᠎ᠠ᠃

ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
          
ᠬᠠᠮᠢᠶ᠎ᠡ ᠪᠦᠬᠦᠢ ᠰᠣᠨᠢᠨ
 
            