
ᠤᠢᠷ᠎ᠠ ᠶ᠋ᠢᠨ ᠵᠢᠯ ᠡᠴᠡ ᠨᠠᠭᠠᠰᠢ᠂ ᠤᠷᠳᠤᠰ ᠬᠤᠳᠠ ᠪᠡᠶ᠎ᠡ ᠶ᠋ᠢᠨ ᠳᠠᠮᠢᠷ ᠤ᠋ᠨ ᠴᠡᠴᠡᠷᠯᠢᠭ ᠢ᠋ ᠪᠦᠳᠦᠭᠡᠨ ᠪᠠᠢᠭᠤᠯᠬᠤ᠂ ᠴᠡᠴᠡᠷᠯᠢᠭ ᠤ᠋ᠨ ᠪᠡᠶ᠎ᠡ ᠪᠤᠯᠪᠠᠰᠤᠷᠠᠭᠤᠯᠬᠤ ᠶᠠᠪᠠᠭᠠᠨ ᠵᠠᠮ ᠢ᠋ ᠪᠠᠢᠭᠤᠯᠬᠤ᠂ ᠨᠡᠢᠭᠡᠮ ᠳᠤᠭᠤᠷᠢᠭ ᠤ᠋ᠨ ᠪᠡᠶ᠎ᠡ ᠴᠢᠬᠢᠷᠠᠭᠵᠢᠭᠤᠯᠬᠤ ᠦᠷᠦᠭᠡ ᠵᠢ ᠪᠠᠢᠭᠤᠯᠬᠤ ᠵᠡᠷᠭᠡ ᠤᠯᠠᠨ ᠨᠡᠢᠳᠡ ᠶ᠋ᠢᠨ ᠪᠡᠶ᠎ᠡ ᠶ᠋ᠢᠨ ᠳᠠᠮᠢᠷ ᠤ᠋ᠨ ᠳᠤᠨᠤᠭ ᠳᠦᠬᠦᠬᠡᠷᠦᠮᠵᠢ ᠶ᠋ᠢᠨ ᠪᠦᠳᠦᠭᠡᠨ ᠪᠠᠢᠭᠤᠯᠤᠯᠳᠠ ᠵᠢ ᠴᠢᠩᠭᠠᠳᠬᠠᠵᠤ᠂ ᠤᠯᠠᠨ ᠳᠡᠰ ᠳᠠᠪᠬᠤᠷᠭ᠎ᠠ ᠶ᠋ᠢᠨ᠂ ᠪᠦᠬᠦᠳᠡ ᠵᠢ ᠪᠦᠷᠬᠦᠬᠦᠯᠦᠭᠰᠡᠨ ᠪᠦᠬᠦ ᠠᠷᠠᠳ ᠤ᠋ᠨ ᠪᠡᠶ᠎ᠡ ᠴᠢᠬᠢᠷᠠᠭᠵᠢᠭᠤᠯᠬᠤ ᠳᠤᠤᠷ ᠢ᠋ ᠪᠠᠢᠭᠤᠯᠤᠨ᠂ ᠳᠦᠬᠦᠮ ᠳᠦᠳᠡ᠂ ᠤᠯᠠᠨ ᠡᠰᠢᠵᠢᠭᠰᠡᠨ᠂ ᠡᠷᠡᠬᠦᠯ ᠪᠡᠶ᠎ᠡ ᠪᠤᠯᠪᠠᠰᠤᠷᠠᠭᠤᠯᠬᠤ ᠤᠷᠴᠢᠨ ᠢ᠋ ᠪᠦᠷᠢᠯᠳᠦᠬᠦᠯᠵᠦ᠂ ᠪᠦᠬᠦ ᠠᠷᠠᠳ ᠤ᠋ᠨ ᠪᠡᠶ᠎ᠡ ᠴᠢᠬᠢᠷᠠᠭᠵᠢᠭᠤᠯᠬᠤ ᠤᠬᠠᠮᠰᠠᠷ ᠢ᠋ ᠳᠡᠭᠡᠭᠰᠢᠯᠡᠬᠦᠯᠬᠦ ᠵᠢ ᠠᠬᠢᠭᠤᠯᠵᠤ ᠪᠤᠢ᠃ ᠵᠢᠷᠤᠭ ᠪᠤᠯ ᠤᠷᠳᠤᠰ ᠬᠤᠳᠠ ᠶ᠋ᠢᠨ ᠡᠵᠡᠨ ᠬᠤᠷᠤᠭ᠎ᠠ ᠬᠤᠰᠢᠭᠤᠨ ᠤ᠋ ᠱᠦᠢ ᠠᠨ ᠬᠤᠸᠠ ᠶᠤᠸᠠᠨ ᠨᠡᠢᠭᠡᠮ ᠳᠤᠭᠤᠷᠢᠭ ᠤ᠋ᠨ ᠪᠡᠶ᠎ᠡ ᠪᠤᠯᠪᠠᠰᠤᠷᠠᠭᠤᠯᠬᠤ ᠦᠷᠦᠭᠡᠨ ᠳ᠋ᠤ ᠬᠤᠳᠠ ᠶ᠋ᠢᠨ ᠠᠷᠠᠳ ᠴᠢᠴᠢᠬᠦᠷ ᠪᠦᠮᠪᠦᠬᠡ ᠨᠠᠭᠠᠳᠴᠦ ᠪᠠᠢᠭ᠎ᠠ ᠨᠢ᠃