ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠦᠨᠦᠳᠣᠷ᠎ᠤᠨ ᠰᠣᠨᠢᠨ ᠮᠡᠳᠡᠭᠡ
ᠪᠥᠬᠥ᠌ ᠤᠯᠤᠰ ᠎ᠤᠨ ᠮᠥᠰᠥ ᠲᠠᠰᠢᠯᠲᠠ ᠎ᠶᠢᠨ U ᠱᠢᠷᠢᠰ ᠳᠤᠮᠳᠠᠳᠤ ᠰᠤᠷᠭᠠᠭᠤᠯᠢ᠎ᠶ᠋ᠢᠨ ᠬᠣᠯᠪᠣᠭᠠᠲᠤ ᠤᠷᠤᠯᠳᠤᠭᠠᠨ᠎ᠳᠦ ᠦᠪᠦᠷ ᠮᠤᠨᠭᠭᠤᠯ᠎ᠤᠨ ᠲᠠᠮᠢᠷᠴᠢᠨ 4 ᠠᠯᠲᠠᠨ ᠮᠧᠳᠠᠯ ᠭᠠᠷᠳᠠᠵᠡᠢ
ᠨᠡᠶ᠋ᠢᠲᠡᠯᠡᠭᠰᠡᠨ ᠴᠠᠭ᠄ 2025-12-22

ᠦᠪᠦᠷ  ᠮᠤᠨᠭᠭᠤᠯ ᠎ᠤᠨ ᠦᠪᠡᠷᠲᠡᠭᠡᠨ ᠵᠠᠰᠠᠬᠤ ᠤᠷᠤᠨ᠎ᠤ ᠪᠡᠶ᠎ᠡ ᠎ᠶᠢᠨ ᠲᠠᠮᠢᠷ ᠎ᠤᠨ ᠲᠤᠪᠴᠢᠶ᠎ᠠ ᠡᠴᠡ ᠤᠢᠯᠠᠭᠠᠭᠰᠠᠨ᠎ᠶ᠋ᠢᠡᠷ᠂ 2025 - 2026 ᠣᠨ ᠎ᠤ ᠤᠷᠤᠯᠳᠤᠭᠠᠨ ᠎ᠤ ᠤᠯᠠᠷᠢᠯ ᠎ᠤᠨ ᠪᠥᠬᠥ᠌ ᠤᠯᠤᠰ᠎ᠤᠨ ᠮᠥᠰᠥ᠍ ᠲᠠᠰᠢᠯᠲᠠ ᠎ᠶᠢᠨ U ᠱᠢᠷᠢᠰ ᠳᠤᠮᠳᠠᠳᠤ ᠰᠤᠷᠭᠠᠭᠤᠯᠢ᠎ᠶ᠋ᠢᠨ ᠬᠣᠯᠪᠣᠭᠠᠲᠤ ᠤᠷᠤᠯᠳᠤᠭᠠᠨ ( ᠲᠦᠷᠭᠡᠨ ᠲᠡᠱᠢᠯᠲᠡ) ᠤ᠋ ᠬᠣᠶᠠᠳᠤᠭᠠᠷ ᠥᠷᠲᠡᠭᠡ ᠨᠢ ᠤᠢᠷ᠎ᠠ᠎ᠳᠤ  ᠬᠠᠷᠠᠮᠥ᠋ᠷᠡᠨ ᠮᠤᠵᠢ᠎ᠶ᠋ᠢᠨ ᠳ᠋ᠠᠴᠢᠩ  ᠬᠣᠲᠠ᠎ᠳᠤ  ᠶᠠᠪᠤᠭ᠍ᠳᠠᠪᠠ᠃

ᠪᠥᠬᠥ᠌ ᠤᠯᠤᠰ ᠎ᠤᠨ ᠵᠠᠯᠠᠭᠤᠴᠤᠳ ᠪᠠᠭᠠᠴᠤᠳ ᠎ᠤᠨ ᠲᠦᠷᠭᠡᠨ ᠲᠡᠱᠢᠯᠲᠡ᠎ᠶ᠋ᠢᠨ ᠬᠦᠷᠢᠶᠡᠨ᠎ᠳᠡᠬᠢ ᠥᠨᠳᠥᠷ  ᠲᠦᠪᠱᠢᠨ  ᠪᠥᠬᠥᠶ ᠰᠤᠷᠭᠠᠭᠤᠯᠢ᠎ᠶ᠋ᠢᠨ ᠬᠣᠭᠣᠷᠣᠨᠳᠣᠬᠢ ᠤᠷᠤᠯᠳᠤᠭᠠᠨ ᠪᠣᠯᠤᠭ᠍ᠰᠠᠨ ᠎ᠤ ᠬᠤᠪᠢ᠎ᠳᠤ᠂ ᠲᠣᠰ ᠤᠳᠠᠭᠠᠨ ᠎ᠤ ᠬᠣᠯᠪᠣᠭᠠᠲᠤ ᠤᠷᠤᠯᠳᠤᠭᠠᠨ᠎ᠳᠤ U17᠂ U15 ᠬᠣᠶᠠᠷ ᠳᠤᠭᠤᠢᠯᠠᠩ ᠲᠤᠬᠢᠷᠠᠭᠤᠯᠵᠦ᠂ ᠡᠷᠡᠭ᠌ᠲᠡᠶ ᠡᠮᠡᠭ᠌ᠲᠡᠶ᠎ᠶᠢᠨ 500 ᠮᠧᠲ᠋ᠷ᠂ 1000 ᠮᠧᠲ᠋ᠷ᠂ 1500 ᠮᠧᠲ᠋ᠷ  ᠵᠢᠴᠢ  ᠪᠦᠯᠬᠦᠮ ᠎ᠦᠨ  ᠤᠷᠤᠯᠳᠤᠭᠠᠨ ᠎ᠢ   ᠬᠠᠮᠤᠷᠴᠤ᠌᠂  ᠪᠥᠬᠥ᠌  ᠤᠯᠤᠰ ᠎ᠤᠨ 20 ᠭᠠᠷᠤᠶ ᠮᠤᠵᠢ ᠣᠷᠣᠨ ᠬᠣᠲᠠ᠎ᠶ᠋ᠢᠨ 53 ᠲᠥᠯᠥᠭᠡᠯᠡᠭ᠌ᠴᠢ ᠵᠢᠨ ᠠᠩᠬᠢ ᠤᠷᠤᠯᠳᠤᠭᠠᠨ᠎ᠳᠤ ᠣᠷᠣᠯᠴᠠᠭ᠍ᠰᠠᠨ ᠪᠠᠢᠨ᠎ᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠨᠡᠢᠲᠡ 50 ᠲᠠᠮᠢᠷᠴᠢᠨ ᠲᠣᠮᠢᠯᠠᠨ ᠤᠷᠤᠯᠳᠤᠭᠠᠨ᠎ᠳᠤ ᠣᠷᠣᠯᠴᠠᠭᠤᠯᠵᠤ᠂ ᠬᠤᠷᠴᠠ ᠰᠢᠷᠦᠭᠦᠨ ᠦᠷᠢᠰᠦᠯᠳᠦᠭᠡᠨ᠎ᠶ᠋ᠢᠡᠷ ᠳᠠᠮᠵᠢᠨ  4 ᠠᠯᠲᠠᠨ ᠮᠧᠳᠠᠯ ᠭᠠᠷᠳᠠᠵᠠᠢ᠃ ᠡᠭᠦᠨ᠎ᠳᠦ ᠯᠢᠩ ᠬᠤᠤ U15 ᠳᠤᠭᠤᠢᠯᠠᠩ ᠎ᠤᠨ ᠡᠷᠡᠭ᠌ᠲᠡᠶ᠎ᠶ᠋ᠢᠨ 1000 ᠮᠧᠲ᠋ᠷ᠎ᠤᠨ ᠠᠯᠲᠠᠨ ᠮᠧᠳᠠᠯ᠂ ᠰᠦᠨ ᠴᠠᠩ U17 ᠳᠤᠭᠤᠢᠯᠠᠩ᠎ᠤᠨ ᠡᠮᠡᠭ᠌ᠲᠡᠶ᠎ᠶ᠋ᠢᠨ 500 ᠮᠧᠲ᠋ᠷ᠎ᠤᠨ ᠠᠯᠲᠠᠨ ᠮᠧᠳᠠᠯ᠂ ᠺᠠᠩ ᠶᠦᠩ ᠴᠢᠶᠠᠩ U17 ᠳᠤᠭᠤᠢᠯᠠᠩ᠎ᠤᠨ ᠡᠷᠡᠭ᠌ᠲᠡᠶ᠎ᠶ᠋ᠢᠨ 500 ᠮᠧᠲ᠋ᠷ᠎ᠤᠨ ᠠᠯᠲᠠᠨ ᠮᠧᠳᠠᠯ ᠪᠠ ᠯᠢᠩ ᠬᠤᠤ᠂ ᠾᠧ ᠵᠦᠸᠸ ᠴᠧᠨ᠂ ᠴᠧᠨ ᠶᠠᠩ ᠬᠤᠤ ᠹᠠᠨ U15 ᠳᠤᠭᠤᠢᠯᠠᠩ ᠎ᠤᠨ ᠡᠷᠡᠭ᠌ᠲᠡᠢ ᠎ᠶᠢᠨ ᠪᠦᠯᠬᠦᠮ᠎ᠦᠨ ᠤᠷᠤᠯᠳᠤᠭᠠᠨ ᠎ᠤ ᠠᠯᠲᠠᠨ ᠮᠧᠳᠠᠯ  ᠭᠠᠷᠳᠠᠵᠦ᠂  ᠮᠠᠨ ᠎ᠤ ᠣᠷᠣᠨ ᠎ᠤ ᠵᠠᠯᠠᠭᠤᠴᠤᠳ ᠪᠠᠭᠠᠴᠤᠳ᠎ᠤᠨ ᠮᠥᠰᠥ᠍ ᠴᠠᠰᠤᠨ ᠎ᠤ ᠬᠥᠳᠡᠯᠭᠡᠭᠡᠨ ᠎ᠦ ᠬᠦᠴᠦᠷᠬᠡᠭ ᠶᠡᠬᠡ ᠪᠣᠳᠠᠲᠤ ᠬᠦᠴᠦᠨ᠎ᠢ ᠢᠯᠡᠷᠡᠭᠦᠯᠪᠡ᠃

ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
          
ᠬᠠᠮᠢᠶ᠎ᠡ ᠪᠦᠬᠦᠢ ᠰᠣᠨᠢᠨ
 
            