ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠲᠡᠷᠢᠭᠦᠨ ᠬᠠᠭᠤᠳᠠᠰᠤ   -   ᠠᠯᠪᠠᠨ ᠨᠡᠶ᠋ᠢᠲᠡᠯᠡᠯ
ᠤᠯᠤᠰ᠎ᠤᠨ ᠪᠡᠶ᠎ᠡ᠎ᠶᠢᠨ ᠲᠠᠮᠢᠷ᠎ᠤᠨ ᠶᠡᠷᠦᠩᠬᠡᠢ ᠲᠣᠪᠴᠢᠶ᠎ᠠ ᠄ 《 ᠠᠷᠪᠠᠨ ᠲᠠᠪᠤᠳᠤᠭᠠᠷ ᠲᠠᠪᠤᠨ ᠵᠢᠯ 》 ᠦ᠋ᠨ ᠬᠤᠭᠤᠴᠠᠭᠠᠨ᠎ᠳᠤ ᠲᠤᠯᠤᠭᠠᠨ ᠵᠠᠩᠭᠢᠯᠠᠭ᠎ᠠ᠎ᠶᠢᠨ ᠠᠰᠠᠭᠤᠳᠠᠯ᠎ᠢ ᠭᠤᠤᠯᠳᠠᠯᠭ᠎ᠠ ᠲᠡᠢ ᠰᠢᠢᠳᠪᠦᠷᠢᠯᠡᠨ᠎ᠡ
ᠨᠡᠶ᠋ᠢᠲᠡᠯᠡᠭᠰᠡᠨ ᠴᠠᠭ᠄ 2026-01-04

  ᠪᠦᠬᠦ ᠤᠯᠤᠰ᠎ᠤᠨ ᠪᠡᠶ᠎ᠡ᠎ᠶᠢᠨ ᠲᠠᠮᠢᠷ᠎ᠤᠨ ᠲᠣᠪᠴᠢᠶ᠎ᠡ ᠵᠢᠨ ᠳᠠᠷᠤᠭ᠎ᠠ ᠨᠠᠷ᠎ᠤᠨ ᠬᠤᠷᠠᠯ ᠣᠢᠷ᠎ᠠ ᠶ᠋ᠢᠨ ᠡᠳᠦᠷ ᠪᠡᠭᠡᠵᠢᠩ᠎ᠳᠦ ᠬᠤᠷᠠᠯᠳᠤᠪᠠ᠃ ᠲᠣᠰ ᠤᠳᠠᠭᠠᠨ᠎ᠤ ᠬᠤᠷᠠᠯ᠎ᠳᠤ 2025 ᠣᠨ ᠪᠠ 《ᠠᠷᠪᠠᠨ ᠳᠥᠷᠪᠡᠳᠦᠭᠡᠷ ᠲᠠᠪᠤᠨ ᠵᠢᠯ》 ᠦ᠋ᠨ ᠬᠤᠭᠤᠴᠠᠭᠠᠨ᠎ᠳᠠᠬᠢ ᠪᠡᠶ᠎ᠡ᠎ᠶᠢᠨ ᠲᠠᠮᠢᠷ᠎ᠤᠨ ᠠᠵᠢᠯ᠎ᠤᠨ ᠣᠯᠣᠭᠰᠠᠨ ᠠᠮᠵᠢᠯᠲᠠ ᠪᠦᠲᠦᠮᠵᠢ᠎ᠶᠢ ᠪᠥᠬᠥ ᠲᠠᠯ᠎ᠠ᠎ᠪᠠᠷ ᠳ᠋ᠦᠩᠨᠡᠵᠦ᠂ ᠣᠳᠣᠬᠠᠨ᠎ᠤ ᠪᠡᠶ᠎ᠡ᠎ᠶᠢᠨ ᠲᠠᠮᠢᠷ᠎ᠤᠨ ᠬᠥᠭᠵᠢᠯᠲᠡ᠎ᠳᠦ ᠲᠤᠯᠭᠠᠷᠠᠵᠤ ᠪᠠᠢᠭ᠎ᠠ ᠪᠠᠢᠳᠠᠯ᠎ᠢ ᠭᠦᠨᠵᠡᠭᠡᠢ ᠵᠠᠳᠠᠯᠵᠤ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠤᠭᠤᠴᠠᠭᠠᠨ᠎ᠳᠤ ᠲᠤᠯᠤᠭᠠᠨ ᠵᠠᠩᠭᠢᠯᠠᠭ᠎ᠠ᠎ᠶᠢᠨ ᠠᠰᠠᠭᠤᠳᠠᠯ᠎ᠢ ᠭᠣᠣᠯᠳᠠᠯᠭ᠎ᠠ᠎ᠲᠠᠢ ᠰᠢᠢᠳᠪᠦᠷᠢᠯᠡᠬᠦ ᠬᠡᠷᠡᠭᠲᠡᠢ ᠭᠡᠵᠦ ᠱᠠᠭᠠᠷᠳᠠᠪᠠ᠃

  ᠬᠤᠷᠠᠯ᠎ᠡᠴᠡ᠂ 《ᠠᠷᠪᠠᠨ ᠲᠠᠪᠤᠳᠤᠭᠠᠷ ᠲᠠᠪᠤᠨ ᠵᠢᠯ》 ᠦ᠋ᠨ ᠬᠤᠭᠤᠴᠠᠭᠠᠨ᠎ᠳᠤ ᠪᠡᠶ᠎ᠡ᠎ᠶᠢᠨ ᠲᠠᠮᠢᠷ ᠎ᠤᠨ ᠦᠢᠯᠡᠰ ᠎ᠦᠨ ᠬᠥᠭᠵᠢᠯᠲᠡ ᠨᠢ ᠠᠰᠠᠭᠤᠳᠠᠯ᠎ᠢᠶᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠵᠤ᠂ ᠪᠡᠶ᠎ᠡ ᠎ᠶᠢᠨ ᠲᠠᠮᠢᠷ ᠎ᠤᠨ ᠬᠥᠭᠵᠢᠯᠲᠡ ᠎ᠶᠢᠨ ᠲᠡᠩᠴᠡᠭᠦᠷᠢ ᠦᠭᠡᠢ ᠭᠦᠢᠴᠡᠳ ᠪᠤᠰᠤ ᠪᠠᠢᠬᠤ᠂ ᠵᠠᠰᠠᠯᠲᠠ ᠎ᠶᠢᠨ ᠰᠢᠰᠲᠧᠮ ᠪᠣᠯᠣᠨ ᠵᠠᠰᠠᠯᠲᠠ᠎ᠶᠢᠨ ᠴᠢᠳᠠᠪᠤᠷᠢ᠎ᠶᠢᠨ ᠣᠳᠣᠬᠢᠴᠢᠯᠠᠯᠲᠠ᠎ᠶᠢᠨ ᠲᠦᠪᠰᠢᠨ᠎ᠢ ᠳᠡᠭᠡᠭᠰᠢᠯᠡᠭᠦᠯᠬᠦ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠦᠢᠯᠡᠴᠢᠯᠡᠭᠡ ᠬᠢᠭᠡᠳ ᠠᠷᠠᠳ ᠣᠯᠠᠨ᠎ᠤ ᠴᠢᠨᠠᠷ ᠰᠠᠢᠲᠠᠢ ᠬᠡᠷᠡᠭᠴᠡᠭᠡ ᠱᠠᠭᠠᠷᠳᠠᠯᠭ᠎ᠠ ᠵᠣᠬᠢᠴᠠᠯᠳᠤᠬᠤ ᠦᠭᠡᠢ᠂ ᠦᠷᠢᠰᠦᠯᠳᠦᠭᠡᠨᠳᠦ ᠪᠡᠶ᠎ᠡ ᠎ᠶᠢᠨ ᠲᠠᠮᠢᠷ᠎ᠤᠨ ᠬᠥᠭᠵᠢᠯᠲᠡ᠎ᠶᠢᠨ ᠪᠠᠢᠷᠢᠰᠢᠭᠤᠯᠤᠯᠲᠠ ᠨᠢ ᠵᠣᠬᠢᠴᠠᠩᠭᠤᠢ ᠪᠤᠰᠤ ᠪᠡᠯᠡᠳᠬᠡᠯ ᠴᠢᠳᠠᠪᠤᠷᠢᠲᠠᠨ᠎ᠤ ᠨᠥᠭᠡᠴᠡ ᠬᠦᠷᠦᠯᠴᠡᠬᠦ ᠦᠭᠡᠢ᠂《ᠭᠤᠷᠪᠠᠨ ᠲᠣᠮᠣ᠌ ᠪᠥᠮᠪᠥᠭᠡ》 ᠶ᠋ᠢᠨ ᠵᠠᠩᠭᠢᠯᠠᠭ᠎ᠠ᠎ᠶᠢᠨ ᠲᠤᠳᠠᠭᠤᠳᠠᠯ᠂ ᠪᠡᠶ᠎ᠡ᠎ᠶᠢᠨ ᠲᠠᠮᠢᠷ ᠎ᠤᠨ ᠰᠤᠷᠭᠠᠨ ᠬᠥᠮᠦᠵᠢᠯ ᠰᠢᠨᠵᠢᠯᠡᠬᠦ ᠤᠬᠠᠭᠠᠨ ᠲᠸᠭᠨᠢᠭ ᠮᠡᠷᠭᠡᠵᠢᠯ᠎ᠦᠨ ᠴᠢᠳᠠᠪᠤᠷᠢᠲᠠᠨ᠎ᠤ ᠲᠤᠯᠭᠠᠭᠤᠷᠢᠯᠠᠬᠤ ᠴᠢᠳᠠᠪᠤᠷᠢ ᠬᠦᠷᠦᠯᠴᠡᠬᠦ ᠦᠭᠡᠢ᠂ ᠪᠡᠶ᠎ᠡ᠎ᠶᠢᠨ ᠲᠠᠮᠢᠷ᠎ᠤᠨ ᠠᠵᠤ ᠦᠢᠯᠡᠰ᠎ᠦᠨ ᠬᠡᠪᠴᠢᠶᠡᠵᠢᠭᠰᠡᠨ ᠪᠣᠶ᠋ᠢᠵᠢᠯᠲᠠ ᠬᠦᠷᠦᠯᠴᠡᠬᠦ ᠦᠭᠡᠢ ᠠᠵᠤ ᠦᠢᠯᠡᠰ᠎ᠦᠨ ᠬᠡᠯᠬᠢᠶ᠎ᠡ ᠪᠦᠷᠢᠨ ᠪᠤᠰᠤ ᠵᠡᠷᠭᠡ ᠲᠤᠯᠤᠭᠠᠨ ᠵᠠᠩᠭᠢᠯᠠᠭ᠎ᠠ᠎ᠶᠢᠨ ᠠᠰᠠᠭᠤᠳᠠᠯ᠎ᠢ ᠭᠣᠣᠯᠳᠠᠯᠭ᠎ᠠ ᠲᠠᠢ ᠰᠠᠢᠲᠤᠷ ᠰᠢᠢᠳᠪᠦᠷᠢᠯᠡᠬᠦ ᠬᠡᠷᠡᠭᠳᠡᠢ ᠭᠡᠵᠤ ᠱᠠᠭᠠᠷᠳᠠᠪᠠ᠃

  ᠬᠤᠷᠠᠯ ᠡᠴᠡ᠂ 《ᠠᠷᠪᠠᠨ ᠳᠥᠷᠪᠡᠳᠦᠭᠡᠷ ᠲᠠᠪᠤᠨ ᠵᠢᠯ》 ᠦ᠋ᠨ ᠬᠤᠭᠤᠴᠠᠭᠠᠨ᠎ᠳᠤ ᠪᠦᠬᠦ ᠤᠯᠤᠰ᠎ᠤᠨ ᠪᠡᠶ᠎ᠡ᠎ᠶᠢᠨ ᠲᠠᠮᠢᠷ᠎ᠤᠨ ᠹᠷᠣᠨᠲ᠎ᠤᠨ ᠬᠢᠨ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠵᠤ᠂ ᠪᠦᠬᠦ ᠲᠠᠯ᠎ᠠ᠎ᠪᠠᠷ ᠨᠠᠮ᠎ᠢ ᠴᠢᠩᠭ᠎ᠠ ᠵᠠᠰᠠᠬᠤ ᠠᠵᠢᠯ᠎ᠢ ᠭᠦᠨᠵᠡᠭᠡᠢᠷᠡᠭᠦᠯᠦᠨ ᠠᠬᠢᠭᠤᠯᠵᠤ᠂ ᠢᠯᠵᠢᠷᠠᠯ᠎ᠢ ᠡᠰᠡᠷᠭᠦᠴᠡᠬᠦ ᠲᠡᠮᠡᠴᠡᠯ᠎ᠢ ᠭᠦᠨᠵᠡᠭᠡᠢ ᠥᠷᠨᠢᠭᠦᠯᠵᠦ᠂ ᠪᠡᠶ᠎ᠡ᠎ᠶᠢᠨ ᠲᠠᠮᠢᠷ᠎ᠤᠨ ᠬᠦᠷᠢᠶᠡᠨ᠎ᠳᠡᠬᠢ ᠨᠠᠮ᠎ᠤᠨ ᠪᠠᠢᠭᠤᠯᠤᠯᠲᠠ ᠪᠦᠬᠦ ᠲᠠᠯ᠎ᠠ ᠎ᠪᠠᠷ ᠴᠢᠩᠭᠠᠷᠠᠪᠠ; ᠪᠡᠶ᠎ᠡ᠎ᠶᠢᠨ ᠲᠠᠮᠢᠷ᠎ᠤᠨ ᠥᠭᠡᠷᠡᠴᠢᠯᠡᠯᠲᠡ ᠰᠢᠨ᠎ᠡ ᠰᠢᠪᠲᠤᠯᠤᠯᠲᠠ᠎ᠲᠠᠢ ᠪᠣᠯᠪᠠ; ᠪᠡᠶ᠎ᠡ ᠵᠢᠨ  ᠲᠠᠮᠢᠷ᠎ᠤᠨ ᠬᠦᠴᠦᠷᠬᠡᠭ ᠤᠯᠤᠰ ᠬᠢᠭᠡᠳ ᠡᠷᠡᠭᠦᠯ ᠡᠩᠬᠡ ᠳᠤᠮᠳᠠᠳᠤ ᠤᠯᠤᠰ᠎ᠢ ᠭᠦᠨᠵᠡᠭᠡᠢ ᠠᠭᠤᠰᠤᠯᠴᠠᠭᠤᠯᠪᠠ; ᠦᠷᠢᠰᠦᠯᠳᠦᠭᠡᠨᠲᠦ ᠪᠡᠶ᠎ᠡ᠎ᠶᠢᠨ ᠲᠠᠮᠢᠷ ᠰᠢᠨ᠎ᠡ ᠠᠮᠵᠢᠯᠲᠠ᠎ᠶᠢ ᠡᠭᠦᠳᠴᠦ᠂ ᠣᠯᠢᠮᠫᠢᠺ᠎ᠤᠨ ᠬᠦᠴᠦᠷᠬᠡᠭ ᠤᠯᠤᠰ᠎ᠤᠨ ᠡᠨᠭᠨᠡᠭᠡᠨ᠎ᠳᠦ ᠤᠷᠤᠪᠠ; ᠪᠡᠶ᠎ᠡ᠎ᠶᠢᠨ ᠲᠠᠮᠢᠷ᠎ᠤᠨ ᠠᠵᠤ ᠦᠢᠯᠡᠰ ᠨᠢ ᠠᠵᠤ ᠠᠬᠤᠢ᠎ᠶᠢᠨ ᠬᠥᠭᠵᠢᠯᠲᠡ᠎ᠶᠢᠨ ᠰᠢᠨ᠎ᠡ ᠬᠥᠳᠡᠯᠭᠡᠭᠦᠷ ᠪᠣᠯᠪᠠ; ᠪᠡᠶ᠎ᠡ᠎ᠶᠢᠨ ᠲᠠᠮᠢᠷ ᠰᠣᠶᠣᠯ᠂ ᠭᠠᠳᠠᠭᠠᠳᠤ ᠯᠤᠭ᠎ᠠ᠎ᠶᠢᠨ ᠶᠠᠪᠤᠯᠴᠠᠭ᠎ᠠ ᠪᠠ ᠠᠮᠤᠷ ᠲᠦᠪᠰᠢᠨ᠎ᠦ ᠠᠵᠢᠯ ᠲᠠᠬᠢᠨ ᠰᠢᠨ᠎ᠡ ᠳᠡᠭᠲᠡᠷ᠎ᠲᠦ ᠭᠠᠷᠪᠠ; ᠪᠦᠬᠦ ᠤᠯᠤᠰ᠎ᠤᠨ ᠡᠯ᠎ᠡ ᠱᠠᠲᠤᠨ᠎ᠤ ᠪᠡᠶ᠎ᠡ᠎ᠶᠢᠨ ᠲᠠᠮᠢᠷ᠎ᠤᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠦᠳ ᠠᠵᠠ ᠲᠣᠬᠢᠶᠠᠯ ᠎ᠢ ᠠᠳᠬᠤᠨ᠂ ᠬᠦᠴᠦᠯᠡᠨ ᠴᠢᠷᠮᠠᠢᠵᠤ᠂ ᠮᠤᠵᠢ ᠬᠦᠴᠦᠷᠬᠡᠭᠵᠢᠵᠤ ᠤᠯᠤᠰ ᠮᠠᠨᠳᠤᠭᠰᠠᠨ ᠪᠡᠶ᠎ᠡ᠎ᠶᠢᠨ ᠲᠠᠮᠢᠷ᠎ᠤᠨ ᠬᠦᠴᠦᠷᠬᠡᠭ ᠤᠯᠤᠰ᠎ᠢ ᠬᠠᠮᠲᠤ ᠪᠠᠷ ᠪᠠᠶ᠋ᠢᠭᠤᠯᠬᠤ ᠰᠢᠨ᠎ᠡ ᠥᠷᠨᠢᠯᠲᠡ᠎ᠶᠢ ᠪᠤᠢ ᠪᠣᠯᠭᠠᠪᠠ; ᠲᠥᠪ᠎ᠦᠨ ᠪᠠ ᠲᠦᠷᠦ᠎ᠶᠢᠨ ᠪᠠᠢᠭᠤᠯᠭ᠎ᠠ᠎ᠶᠢᠨ ᠡᠯ᠎ᠡ ᠰᠠᠯᠠᠭ᠎ᠠ ᠮᠥᠴᠢᠷ ᠪᠦᠬᠦ ᠬᠦᠴᠦᠨ᠎ᠢᠶᠡᠷ᠎ᠢᠶᠡᠨ ᠳᠡᠮᠵᠢᠨ᠂ ᠬᠦᠴᠦ᠎ᠪᠡᠨ ᠬᠠᠮᠲᠤᠳᠬᠠᠨ ᠬᠠᠮᠵᠢᠯᠴᠠᠵᠤ᠂ ᠪᠡᠶ᠎ᠡ᠎ᠶᠢᠨ ᠲᠠᠮᠢᠷ᠎ᠤᠨ ᠬᠦᠴᠦᠷᠬᠡᠭ ᠤᠯᠤᠰ᠎ᠢ ᠪᠠᠶ᠋ᠢᠭᠤᠯᠬᠤ ᠬᠦᠴᠦᠷᠬᠡᠭ ᠶᠡᠬᠡ ᠬᠠᠮᠲᠤᠷᠠᠯ  ᠬᠦᠴᠦᠨ᠎ᠢ ᠨᠢᠭᠲᠠᠷᠠᠭᠤᠯᠵᠠᠢ ᠭᠡᠵᠤ ᠵᠢᠭᠠᠵᠤ ᠭᠠᠷᠭᠠᠪᠠ᠃

  ᠬᠤᠷᠠᠯ᠎ᠡᠴᠡ᠂ 2026 ᠣᠨ᠎ᠤ ᠪᠡᠶ᠎ᠡ᠎ᠶᠢᠨ ᠲᠠᠮᠢᠷ᠎ᠤᠨ ᠠᠵᠢᠯ ᠨᠢ ᠴᠢᠨᠠᠷ ᠰᠠᠢᠲᠠᠢ ᠬᠥᠭᠵᠢᠯᠲᠡ᠎ᠶᠢᠨ ᠭᠣᠣᠯ ᠰᠡᠳᠦᠪ ᠎ᠤᠨ ᠲᠣᠭᠣᠷᠢᠨ᠎ᠳᠤ᠂ ᠨᠠᠮ᠎ᠤᠨ ᠪᠦᠬᠦ ᠲᠠᠯ᠎ᠠ᠎ᠶᠢᠨ ᠤᠳᠤᠷᠢᠳᠤᠯᠭ᠎ᠠ᠎ᠶᠢ ᠪᠠᠷᠢᠮᠲᠠᠯᠠᠨ ᠴᠢᠩᠭᠠᠳᠬᠠᠵᠤ᠂ ᠪᠡᠶ᠎ᠡ᠎ᠶᠢᠨ ᠲᠠᠮᠢᠷ ᠎ᠤᠨ ᠬᠦᠷᠢᠶᠡᠨ ᠎ᠦ 《ᠵᠠᠰᠠᠯᠲᠠ᠎ᠶᠢ ᠭᠦᠨᠵᠡᠭᠡᠢᠷᠡᠭᠦᠯᠬᠦ ᠣᠨ》 ᠤ᠋ ᠠᠵᠢᠯᠯᠠᠭ᠎ᠠ ᠥᠷᠨᠢᠭᠦᠯᠬᠦ᠎ᠪᠡᠷ ᠰᠢᠪᠲᠤᠯᠤᠯᠲᠠ ᠪᠣᠯᠭᠠᠵᠤ᠂ ᠲᠤᠳᠠᠭᠤᠳᠠᠯ᠎ᠢ ᠨᠥᠬᠥᠪᠦᠷᠢᠯᠡᠵᠦ ᠪᠠᠭᠤᠷᠠᠢ᠎ᠶᠢ ᠬᠦᠴᠦᠷᠭᠡᠭᠵᠢᠭᠦᠯᠬᠦ ᠪᠡᠷ ᠭᠣᠣᠯᠳᠠᠯᠭ᠎ᠠ ᠪᠣᠯᠭᠠᠵᠤ᠂ ᠥᠭᠡᠷᠡᠴᠢᠯᠡᠯᠲᠡ ᠬᠢᠵᠦ ᠰᠢᠨ᠎ᠡ ᠎ᠶᠢ ᠡᠭᠦᠳᠬᠦ ᠵᠢ  ᠤᠯᠠᠮ ᠨᠢᠭᠡ ᠠᠯᠬᠤᠮ ᠭᠦᠨᠵᠡᠭᠡᠢᠷᠡᠭᠦᠯᠵᠤ᠂ 2026 ᠮᠢᠯᠠᠨ ᠎ᠤ ᠡᠪᠦᠯ ᠎ᠤᠨ ᠤᠯᠠᠷᠢᠯ ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠂ ᠨᠠᠭᠤᠶᠠ᠎ᠶᠢᠨ ᠠᠽᠢᠶ᠎ᠠ ᠲᠢᠪ ᠎ᠦᠨ ᠪᠡᠶ᠎ᠡ᠎ᠶᠢᠨ ᠲᠠᠮᠢᠷ᠎ᠤᠨ ᠴᠤᠭᠯᠠᠭᠠᠨ᠎ᠤ ᠤᠷᠤᠯᠳᠤᠭᠠᠨ᠎ᠳᠤ ᠣᠷᠣᠯᠴᠠᠬᠤ ᠪᠡᠯᠡᠳᠬᠡᠯ ᠵᠢᠴᠢ 2028 ᠯᠤᠰ ᠠᠩᠵᠸᠯᠸᠰ᠎ᠤᠨ ᠣᠯᠢᠮᠫᠢᠺ᠎ᠤᠨ ᠲᠠᠮᠢᠷ᠎ᠤᠨ ᠴᠤᠭᠯᠠᠭᠠᠨ᠎ᠳᠤ ᠪᠡᠯᠡᠳᠬᠡᠬᠦ ᠠᠵᠢᠯ᠎ᠢ ᠴᠢᠨᠠᠷ ᠰᠠᠢᠲᠠᠢ ᠰᠠᠢᠲᠤᠷ ᠠᠳᠬᠤᠵᠤ᠂ ᠪᠡᠶ᠎ᠡ᠎ᠶᠢᠨ ᠲᠠᠮᠢᠷ ᠎ᠤᠨ ᠡᠯ᠎ᠡ ᠵᠦᠢᠯ᠎ᠦᠨ ᠠᠵᠢᠯ ᠎ᠤᠨ ᠪᠥᠬᠥ ᠲᠠᠯ᠎ᠠ᠎ᠪᠠᠷ ᠬᠦᠴᠦᠯᠡᠬᠦ᠂ ᠵᠣᠬᠢᠴᠠᠩᠭᠤᠢ᠎ᠪᠠᠷ ᠬᠥᠭᠵᠢᠬᠦ ᠎ᠶᠢ ᠳᠠᠶ᠋ᠢᠴᠢᠯᠠᠵᠤ᠂ 《ᠠᠷᠪᠠᠨ ᠲᠠᠪᠤᠳᠤᠭᠠᠷ ᠲᠠᠪᠤᠨ ᠵᠢᠯ》 ᠤ᠋ᠨ ᠬᠤᠭᠤᠴᠠᠭᠠᠨ᠎ᠳᠠᠬᠢ ᠪᠡᠶ᠎ᠡ᠎ᠶᠢᠨ ᠲᠠᠮᠢᠷ᠎ᠤᠨ ᠬᠥᠭᠵᠢᠯᠲᠡ᠎ᠳᠦ ᠰᠠᠢᠨ ᠡᠬᠢᠯᠡᠯᠲᠡ ᠵᠢ ᠲᠠᠯᠪᠢᠬᠤ ᠬᠡᠷᠡᠭᠳᠡᠢ ᠬᠡᠵᠤ ᠴᠢᠬᠤᠯᠠᠴᠢᠯᠠᠪᠠ᠃

  ᠬᠤᠷᠠᠯ᠎ᠡᠴᠡ᠂ ᠢᠲᠡᠭᠡᠯ ᠵᠣᠷᠢᠭ᠋ ᠎ᠢᠶᠠᠨ ᠪᠠᠲᠤᠳᠬᠠᠨ᠂ ᠡᠷᠴᠢ ᠵᠣᠷᠢᠭ᠋᠎ᠢᠶᠠᠨ ᠪᠠᠳᠠᠷᠠᠭᠤᠯᠵᠤ᠂ ᠪᠡᠶ᠎ᠡ᠎ᠶᠢᠨ ᠲᠠᠮᠢᠷ ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢ ᠲᠦᠷᠭᠡᠳᠬᠡᠨ ᠠᠬᠢᠭᠤᠯᠬᠤ ᠲᠡᠦᠬᠡᠲᠦ ᠡᠭᠦᠷᠭᠡ᠎ᠶᠢ ᠤᠬᠠᠮᠰᠠᠷ᠎ᠡᠴᠡ᠎ᠪᠠᠨ ᠡᠭᠦᠷᠭᠡᠯᠡᠬᠦ ᠬᠡᠷᠡᠭᠲᠡᠢ᠃ ᠣᠳᠣ᠌᠎ᠡᠴᠡ 2035 ᠣᠨ ᠪᠣᠯᠲᠠᠯ᠎ᠠ ᠠᠷᠪᠠᠬᠠᠨ ᠵᠢᠯ᠎ᠦᠨ ᠬᠤᠭᠤᠴᠠᠭ᠎ᠠ ᠦᠯᠡᠳᠡᠵᠦ᠂ ᠪᠡᠶ᠎ᠡ᠎ᠶᠢᠨ ᠲᠠᠮᠢᠷ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢᠭᠤᠯᠤᠯᠲᠠ᠎ᠶᠢᠨ ᠰᠠᠭᠤᠷᠢ᠎ᠶᠢ ᠪᠠᠲᠤᠳᠬᠠᠨ᠂ ᠪᠦᠬᠦ ᠲᠠᠯ᠎ᠠ᠎ᠪᠠᠷ ᠬᠦᠴᠦᠯᠡᠬᠦ᠎ᠶᠢᠨ ᠵᠠᠩᠭᠢᠯᠠᠭ᠎ᠠ᠎ᠶᠢᠨ ᠬᠤᠭᠤᠴᠠᠭ᠎ᠠ ᠮᠥᠨ᠂ ᠪᠡᠶ᠎ᠡ᠎ᠶᠢᠨ ᠲᠠᠮᠢᠷ᠎ᠤᠨ ᠥᠭᠡᠷᠡᠴᠢᠯᠡᠯᠲᠡ ᠬᠥᠭᠵᠢᠯᠲᠡ᠎ᠶᠢᠨ ᠪᠦᠬᠦ ᠲᠠᠯ᠎ᠠ᠎ᠳᠤ ᠬᠣᠯᠪᠣᠭᠳᠠᠬᠤ ᠪᠠᠢᠯᠳᠤᠬᠤ ᠪᠣᠳᠣᠯᠭ᠎ᠠ᠎ᠶᠢᠨ ᠡᠭᠦᠷᠭᠡ᠎ᠶᠢᠨ ᠴᠢᠬᠤᠯᠠ ᠶᠡᠬᠡ ᠰᠢᠪᠲᠤᠯᠤᠯᠲᠠ᠎ᠲᠠᠢ ᠪᠣᠯᠬᠤ᠎ᠶᠢ ᠠᠬᠢᠭᠤᠯᠵᠤ᠂ ᠪᠡᠶ᠎ᠡ᠎ᠶᠢᠨ ᠲᠠᠮᠢᠷ᠎ᠤᠨ ᠡᠯ᠎ᠡ ᠬᠦᠷᠢᠶᠡᠨ᠎ᠦ ᠪᠦᠬᠦ ᠲᠠᠯ᠎ᠠ᠎ᠶᠢᠨ ᠠᠬᠢᠴᠠ᠎ᠲᠠᠢ ᠪᠣᠯᠬᠤ᠎ᠶᠢ ᠵᠣᠬᠢᠴᠠᠩᠭᠤᠢ᠎ᠪᠠᠷ ᠠᠬᠢᠭᠤᠯᠵᠤ᠂ 《ᠬᠤᠷᠳᠤᠴᠠ》 ᠶ᠋ᠢ ᠨᠡᠮᠡᠭᠳᠡᠭᠦᠯᠬᠦ᠎ᠪᠡᠷ ᠪᠠᠷᠠᠬᠤ ᠦᠭᠡᠢ ᠪᠠᠰᠠ ᠴᠢᠨᠠᠷ ᠰᠠᠢᠲᠠᠢ ᠪᠠᠢᠵᠤ᠂ ᠡᠯ᠎ᠡ ᠲᠦᠷᠦᠯ᠎ᠦᠨ ᠠᠶᠤᠯ ᠲᠦᠭᠰᠢᠭᠦᠷᠢ ᠥᠷᠢᠰᠦᠯᠳᠦᠭᠡᠨ ᠎ᠢ ᠵᠣᠬᠢᠰᠲᠠᠢ ᠠᠷᠭᠠᠴᠠᠭᠠᠵᠤ᠂ ᠪᠡᠶ᠎ᠡ᠎ᠶᠢᠨ ᠲᠠᠮᠢᠷ᠎ᠤᠨ ᠬᠥᠭᠵᠢᠯᠲᠡ᠎ᠳᠦ ᠠᠮᠤᠷ ᠲᠦᠪᠰᠢᠨ᠎ᠦ ᠪᠠᠲᠤᠯᠠᠭ᠎ᠠ ᠬᠠᠩᠭᠠᠬᠤ ᠬᠡᠷᠡᠭᠲᠡᠢ ᠭᠡᠵᠤ ᠴᠢᠬᠤᠯᠠᠴᠢᠯᠠᠪᠠ᠃

ᠢᠷᠡᠯᠲᠡ᠄ ᠲᠤᠮᠳᠠᠳᠤ ᠤᠯᠤᠰ᠎ᠤᠨ ᠮᠤᠩᠭᠤᠯ ᠬᠡᠯᠡᠡ᠎ᠤ ᠰᠤᠨᠢᠠ ᠮᠠᠳᠡᠭᠡ᠎ᠶ᠋ᠢᠨ ᠰᠦᠯᠵᠢᠶ᠎ᠠ
          
ᠬᠠᠮᠢᠶ᠎ᠡ ᠪᠦᠬᠦᠢ ᠰᠣᠨᠢᠨ
 
            