(1985 ᠣᠨ᠎ᠤ 1 ᠰᠠᠷ᠎ᠠ ᠵᠢᠨ 21᠎ᠤ ᠡᠳᠦᠷ ᠵᠢᠷᠭᠤᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠶᠢᠰᠦᠳᠦᠭᠡᠷ ᠬᠤᠷᠠᠯ᠎ᠠᠴᠠ ᠪᠠᠲᠤᠯᠠᠪᠠ 1993 ᠣᠨ᠎ᠤ 12 ᠰᠠᠷ᠎ᠠ ᠵᠢᠨ 29᠎ᠤ ᠡᠳᠦᠷ ᠨᠠᠢ᠍ᠮᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠲᠠᠪᠤᠳᠤᠭ᠋ᠠᠷ ᠤᠳᠠᠭ᠋ᠠᠨ᠎ᠤ ᠬᠤᠷᠠᠯ᠎ᠤᠨ 《〈ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠨᠢᠭᠲᠠᠯᠠᠨ ᠪᠤᠳᠤᠬᠤ ᠠᠵᠢᠯ᠎ᠤᠨ ᠬᠠᠤᠯᠢ〉᠎ᠳᠤ ᠵᠠᠰᠠᠪᠤᠷᠢ ᠣᠷᠣᠭᠤᠯᠬᠤ ᠰᠢᠢ᠍ᠳᠪᠦᠷᠢ》 ᠵᠢ ᠦᠨᠳᠦᠰᠦᠯᠡᠨ ᠵᠠᠰᠠᠪᠠ᠃ 1999 ᠣᠨ᠎ᠤ 10 ᠰᠠᠷ᠎ᠠ ᠵᠢᠨ 31᠎ᠤ ᠡᠳᠦᠷ ᠶᠢᠰᠦᠳᠦᠭᠡᠷ ᠬᠤᠭᠤᠴᠠᠭ᠋ᠠᠨ᠎ᠤ ᠪᠦᠬᠦ ᠤᠯᠤᠰ᠎ᠤᠨ ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠪᠠᠶ᠋ᠢᠩᠭᠤ ᠵᠢᠨ ᠬᠣᠷᠢᠶᠠᠨ᠎ᠤ ᠠᠷᠪᠠᠨ ᠬᠣᠶᠠᠳᠤᠭ᠋ᠠᠷ ᠬᠤᠷᠠᠯ᠎ᠠᠴᠠ ᠵᠠᠰᠠᠪᠤᠷᠢ ᠣᠷᠣᠭᠤᠯᠪᠠ)
ᠨᠢᠭᠡᠳᠦᠭᠡᠷ ᠪᠦᠯᠦᠭ ᠶᠡᠷᠦᠩᠬᠡᠶ ᠲᠤᠢ᠍ᠷᠢᠮ
ᠨᠢᠭᠡᠳᠦᠭᠡᠷ ᠵᠦᠢ᠍ᠯ᠂ ᠨᠢᠭᠲᠠᠯᠠᠨ ᠪᠤᠳᠦᠬᠤ ᠠᠵᠢᠯᠯᠠᠭ᠎ᠠ ᠵᠢ ᠵᠢᠷᠤᠮᠵᠢᠭᠤᠯᠤᠨ᠂ ᠨᠢᠭᠲᠠᠯᠠᠨ ᠪᠤᠳᠦᠬᠤ ᠮᠠᠲ᠋ᠧᠷᠢᠶᠠᠯ᠎ᠤᠨ ᠦᠨᠡᠨ ᠪᠣᠳᠠᠲᠠᠶ᠂ ᠪᠦᠷᠢᠨ ᠲᠡᠭᠦᠯᠳᠡᠷ ᠢ ᠪᠠᠲᠣᠯᠠᠨ᠂ ᠠᠵᠤ ᠠᠬᠤᠶ ᠵᠢᠨ ᠬᠠᠮᠢᠶᠠᠷᠤᠯᠲᠠ ᠪᠠ ᠠ᠋ᠳ᠋᠎ᠤᠨ ᠶᠠᠪᠤᠳᠠᠯ᠎ᠤᠨ ᠬᠠᠮᠢᠶᠠᠷᠤᠯᠲᠠ ᠵᠢ ᠴᠢᠨᠭ᠌ᠭ᠋ᠠᠳᠬᠠᠨ᠂ ᠠᠵᠤ ᠠᠬᠤᠶ ᠵᠢᠨ ᠦᠷ᠎ᠡ ᠠᠰᠢᠭ᠎ᠢ ᠳᠡᠭᠡᠭᠰᠢᠯᠡᠭᠦᠯᠦᠨ᠂ ᠨᠡᠶ᠋ᠢᠭᠡᠮ ᠵᠢᠷᠤᠮ᠎ᠤᠨ ᠵᠠᠬ᠎ᠠ ᠳᠡᠯᠭᠡᠭᠦᠷ᠎ᠤᠨ ᠠᠵᠤ ᠠᠬᠤᠶ ᠵᠢᠨ ᠡᠮᠬᠢ ᠲᠢᠭᠯᠢᠮ᠎ᠢ ᠬᠠᠮᠭ᠋ᠠᠯᠠᠬᠣ ᠵᠢᠨ ᠲᠦᠯᠦᠭᠡ ᠲᠤᠰ ᠬᠠᠤᠯᠢ ᠵᠢ ᠲᠣᠭᠲᠠᠭ᠋ᠠᠪᠠ᠃
ᠬᠣᠶᠠᠳᠤᠭ᠋ᠠᠷ ᠵᠦᠢ᠍ᠯ᠂ ᠲᠤᠢ᠍ᠷᠦ ᠵᠢᠨ ᠪᠠᠶ᠋ᠢᠭᠤᠯᠤᠯᠭ᠎ᠠ᠂ ᠨᠡᠶ᠋ᠢᠭᠡᠮ᠎ᠤᠨ ᠪᠦᠯᠬᠦᠮ᠂ ᠺᠣᠮᠫᠠᠨᠢ᠂ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ ᠪᠠ ᠪᠤᠰᠤᠳ ᠵᠣᠬᠢᠶᠠᠨ ᠪᠠᠶ᠋ᠢᠭᠤᠯᠤᠯᠲᠠ (ᠳᠣᠷᠣᠭᠰᠢ ᠨᠢᠭᠡᠴᠡ ᠭᠡᠵᠦ ᠶᠡᠷᠦᠩᠬᠡᠶ᠋ᠢᠯᠡᠨ ᠨᠡᠷᠡᠯᠡᠨ᠎ᠡ)᠎ᠨᠢ ᠨᠢᠭᠲᠠᠯᠠᠨ ᠪᠤᠳᠦᠬᠤ ᠠᠵᠢᠯ ᠶᠠᠪᠤᠳᠠᠯ᠎ᠢ ᠭᠦᠢ᠍ᠴᠡᠳᠬᠡᠬᠦ᠎ᠳᠡᠭᠡᠨ ᠠ᠋ᠷᠬᠡᠪᠰᠢ ᠲᠤᠰ ᠬᠠᠤᠯᠢ ᠵᠢ ᠵᠢᠷᠤᠮᠯᠠᠬᠤ ᠬᠡᠷᠡᠭᠲᠡᠶ᠃
ᠭᠤᠷᠪᠠᠳᠤᠭ᠋ᠠᠷ ᠵᠦᠢ᠍ᠯ᠂ ᠡᠯ᠎ᠡ ᠨᠢᠭᠡᠴᠢ ᠠ᠋ᠷᠬᠡᠪᠰᠢ ᠬᠠᠤᠯᠢ ᠶᠣᠰᠣᠭ᠋ᠠᠷ ᠨᠢᠭᠲᠠᠯᠠᠨ ᠪᠤᠳᠤᠬᠤ ᠲᠠᠩᠰᠠ ᠬᠠᠷ᠎ᠠ ᠵᠢ ᠪᠠᠶ᠋ᠢᠷᠢᠯᠠᠭᠤᠯᠬᠤ ᠪᠥᠭᠡᠳ ᠲᠡᠭᠦᠨ᠎ᠤ ᠦᠨᠡᠨ ᠪᠣᠳᠠᠲᠠᠶ᠂ ᠪᠦᠷᠢᠨ ᠲᠡᠭᠦᠰᠢ ᠪᠠᠳᠣᠯᠠᠨ᠎ᠠ᠃
ᠳᠥᠷᠪᠡᠳᠦᠭᠡᠷ ᠵᠦᠢ᠍ᠯ᠂ ᠨᠢᠭᠡᠴᠡ ᠵᠢᠨ ᠬᠠᠷᠢᠭᠤᠴᠠᠯᠭ᠋ᠠᠲᠠᠨ ᠲᠤᠰ ᠨᠢᠭᠡᠴᠡ ᠵᠢᠨ ᠵᠶ᠋ᠡᠨ ᠨᠢᠭᠲᠠᠯᠠᠨ ᠪᠤᠳᠦᠬᠤ ᠠᠵᠢᠯ ᠪᠠ ᠨᠢᠭᠲᠠᠯᠠᠨ ᠪᠤᠳᠦᠬᠤ ᠮᠠᠲ᠋ᠧᠷᠢᠶᠠᠯ᠎ᠤᠨ ᠦᠨᠡᠨ ᠪᠣᠳᠠᠲᠠᠶ ᠴᠢᠨᠠᠷ ᠪᠣᠯᠤᠨ ᠪᠦᠷᠢᠨ ᠪᠦᠲᠦᠨ ᠴᠢᠨᠠᠷᠲᠠᠢ ᠪᠠᠶ᠋ᠢᠬᠤ ᠶᠠᠪᠤᠳᠠᠯ᠎ᠳᠤ ᠬᠠᠷᠢᠭᠤᠴᠠᠬᠤ ᠬᠡᠷᠡᠭᠲᠡᠶ᠃
ᠲᠠᠪᠤᠳᠤᠭ᠋ᠠᠷ ᠵᠦᠢ᠍ᠯ᠂ ᠨᠢᠭᠲᠠᠯᠠᠨ ᠪᠤᠳᠦᠬᠤ ᠪᠠᠶ᠋ᠢᠭᠤᠯᠤᠮᠵᠢ᠂ ᠨᠢᠭᠲᠠᠯᠠᠨ ᠪᠤᠳᠦᠬᠤ ᠠᠵᠢᠯᠲᠠᠳ ᠲᠤᠰ ᠬᠠᠤᠯᠢ ᠵᠢᠨ ᠲᠣᠭᠲᠠᠭ᠋ᠠᠯ ᠶᠣᠰᠣᠭ᠋ᠠᠷ ᠨᠢᠭᠲᠠᠯᠠᠨ ᠪᠤᠳᠦᠬᠤ ᠲᠣᠭ᠋ᠠᠴᠠᠭ᠋ᠠᠯᠠᠯᠲᠠ ᠬᠢᠵᠦ᠂ ᠨᠢᠭᠲᠠᠯᠠᠨ ᠪᠤᠳᠦᠬᠤ᠎ᠳᠤ ᠬᠢᠨᠠᠯᠲᠠ ᠲᠠᠯᠪᠢᠬᠤ ᠲᠤᠢ᠍ᠷᠢᠮ᠎ᠢ ᠬᠡᠷᠡᠭᠵᠢᠭᠦᠯᠦᠨ᠎ᠡ᠃
ᠶᠠᠮᠠᠷᠪᠠ ᠨᠢᠭᠡᠴᠢ ᠪᠤᠶᠤ ᠬᠤᠪᠢ ᠬᠥᠮᠦᠨ᠎ᠠᠴᠠ ᠶᠠᠮᠠᠷᠪᠠ ᠠᠷᠭ᠎ᠠ ᠮᠠᠶᠢᠭ ᠵᠶ᠋ᠠᠷ ᠰᠠᠨᠠᠭ᠎ᠠ ᠳᠠᠮᠵᠢᠭᠣᠯᠣᠨ᠂ ᠥᠳᠥᠭᠡᠬᠦ᠂ ᠠᠯᠪᠡᠳᠡᠠ ᠵᠠᠷᠯᠢᠭᠳᠠᠵᠤ ᠪᠠᠶ᠋ᠢᠭ᠋ᠠᠳ ᠨᠢᠭᠲᠠᠯᠠᠨ ᠪᠤᠳᠤᠬᠤ ᠪᠠᠶ᠋ᠢᠭᠤᠯᠤᠮᠵᠢ᠂ ᠨᠢᠭᠲᠠᠯᠠᠨ ᠪᠤᠳᠦᠬᠤ ᠠᠵᠢᠯᠳᠡᠠ᠎ᠢ ᠨᠢᠭᠲᠠᠯᠠᠨ ᠪᠤᠳᠦᠬᠤ ᠭᠡᠷᠡᠴᠢ ᠪᠠᠷᠢᠮᠲᠠ᠂ ᠨᠢᠭᠲᠠᠯᠠᠨ ᠪᠤᠳᠤᠯᠳᠠ ᠵᠢᠨ ᠳᠠᠨᠭ᠌ᠰᠠ ᠬᠠᠷ᠎ᠠ ᠪᠠ ᠨᠢᠭᠲᠠᠯᠠᠨ ᠪᠤᠳᠦᠬᠤ ᠪᠤᠰᠤᠳ ᠮᠠᠲ᠋ᠧᠷᠢᠶᠠᠯ᠎ᠤᠳ᠎ᠲᠤ ᠬᠠᠭᠤᠷᠮᠠᠭᠯᠠᠨ᠂ ᠬᠤᠪᠢᠷᠠᠭᠤᠯᠤᠨ ᠵᠣᠬᠢᠶᠠᠯᠭ᠋ᠠᠵᠦ᠂ ᠬᠤᠳᠠᠯ ᠬᠠᠭᠤᠷᠮᠠᠭ ᠠ᠋ᠳ᠋᠎ᠤᠨ ᠶᠠᠪᠤᠳᠠᠯ᠎ᠤᠨ ᠨᠢᠭᠲᠠᠯᠠᠨ ᠪᠤᠳᠦᠭ᠍ᠰᠡᠠ ᠮᠡᠳᠡᠭᠦᠯᠦᠯᠲᠡ ᠬᠠᠨᠭ᠌ᠭ᠋ᠠᠵᠤ ᠪᠣᠯᠬᠤ ᠦᠭᠡᠢ᠃
ᠶᠠᠮᠠᠷᠪᠠ ᠨᠢᠭᠡᠴᠢ ᠪᠤᠶᠤ ᠬᠤᠪᠢ ᠬᠥᠮᠦᠨ ᠭᠡᠳ ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠭᠰᠡᠨ ᠠᠵᠢᠯᠯᠠᠭ᠎ᠠ ᠵᠢ ᠠ᠋ᠰᠡᠷᠭᠦᠴᠡᠨ ᠬᠣᠷᠢᠭᠯᠠᠭᠰᠠᠨ ᠨᠢᠭᠲᠠᠯᠠᠨ ᠪᠤᠳᠦᠬᠤ ᠠᠵᠢᠯᠲᠠᠳ᠎ᠲᠤ ᠴᠣᠬᠢᠯᠲᠠ ᠥᠭᠭᠦᠨ ᠬᠠᠷᠢᠭᠤ ᠠᠪᠴᠤ ᠪᠣᠯᠬᠤ ᠤᠢ᠍ᠭᠡᠢ᠃
ᠵᠢᠷᠭᠤᠳᠤᠭ᠋ᠠᠷ ᠵᠦᠢ᠍ᠯ᠂ ᠲᠤᠰ ᠬᠠᠤᠯᠢ ᠵᠢ ᠨᠠᠷᠢᠨ ᠬᠢᠨᠠᠮᠠᠭ᠋ᠠᠶ᠎ᠪᠠᠷ ᠬᠡᠷᠡᠭᠵᠢᠭᠦᠯᠵᠦ᠂ ᠠ᠋ᠭᠦᠷᠭᠡ ᠲᠤᠰᠢᠶᠠᠯ᠎ᠳᠠᠭᠠᠨ ᠦᠨᠡᠨᠴᠢ ᠰᠢᠳᠤᠷᠭᠤ ᠪᠠᠶ᠋ᠢᠵᠤ᠂ ᠵᠠᠷᠴᠢᠮ᠎ᠢ ᠪᠠᠷᠢᠮᠲᠠᠯᠠᠵᠤ᠂ ᠢᠯᠡᠳᠲᠡ ᠠᠮᠵᠢᠯᠲᠠ ᠭᠠᠷᠭ᠋ᠠᠭᠰᠠᠨ ᠨᠢᠭᠲᠠᠯᠠᠨ ᠪᠤᠳᠦᠬᠤ ᠠᠵᠢᠯᠲᠠᠳ᠎ᠲᠤ ᠤᠶᠦᠠ ᠰᠠᠨᠠᠭ᠋ᠠᠨ᠎ᠤ ᠪᠤᠶᠤ ᠠ᠋ᠳ᠋ ᠪᠣᠳᠠᠰ᠎ᠤᠨ ᠱᠠᠩᠨᠠᠯ ᠬᠥᠬᠢᠭᠦᠯᠦᠯ ᠣᠯᠭᠣᠬᠤ ᠬᠡᠷᠡᠭᠲᠡᠶ᠃
ᠳᠣᠯᠣᠳᠤᠭ᠋ᠠᠷ ᠵᠦᠢ᠍ᠯ᠂ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ ᠪᠦᠬᠦ ᠤᠯᠤᠰ᠎ᠤᠨ ᠨᠢᠭᠲᠠᠯᠠᠨ ᠪᠤᠳᠦᠬᠤ ᠠᠵᠢᠯ᠎ᠢ ᠠ᠋ᠷᠬᠢᠯᠡᠠ ᠬᠠᠮᠢᠶᠠᠷᠤᠨ᠎ᠠ᠃
ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ ᠲᠤᠰ ᠵᠠᠰᠠᠭ ᠵᠠᠬᠢᠷᠭ᠋ᠠᠨ᠎ᠤ ᠣᠷᠣᠨ᠎ᠳᠠᠬᠢ ᠨᠢᠭᠲᠠᠯᠠᠨ ᠪᠤᠳᠦᠬᠤ ᠠᠵᠢᠯ᠎ᠢ ᠬᠠᠮᠢᠶᠠᠷᠤᠨ᠎ᠠ᠃
ᠨᠠᠢ᠍ᠮᠠᠳᠤᠭ᠋ᠠᠷ ᠵᠦᠢ᠍ᠯ᠂ ᠤᠯᠤᠰ᠎ᠠᠴᠠ ᠨᠢᠭᠲᠠᠯᠠᠨ ᠪᠤᠳᠦᠬᠤ ᠨᠢᠭᠡᠳᠦᠯᠲᠡᠶ ᠲᠤᠢ᠍ᠷᠢᠮ᠎ᠢ ᠬᠡᠷᠡᠭᠵᠢᠭᠦᠯᠦᠨ᠎ᠡ᠃ ᠤᠯᠤᠰ᠎ᠤᠨ ᠨᠢᠭᠲᠠᠯᠠᠨ ᠪᠤᠳᠦᠬᠤ ᠨᠢᠭᠡᠳᠦᠯᠲᠡᠶ ᠲᠤᠢ᠍ᠷᠢᠮ᠎ᠢ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠲᠤᠰ ᠬᠠᠤᠯᠢ ᠵᠢ ᠦᠨᠳᠦᠰᠦᠯᠡᠨ ᠲᠣᠭᠲᠠᠭ᠋ᠠᠭ᠋ᠠᠳ ᠨᠡᠶ᠋ᠢᠲᠡᠯᠡᠨ᠎ᠡ᠃
ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠲᠤᠰ ᠬᠠᠤᠯᠢ ᠪᠠ ᠤᠯᠤᠰ᠎ᠤᠨ ᠨᠢᠭᠲᠠᠯᠠᠨ ᠪᠤᠳᠦᠬᠤ ᠨᠢᠭᠡᠳᠦᠯᠲᠡᠶ ᠲᠤᠢ᠍ᠷᠢᠮ᠎ᠤᠨ ᠳᠣᠬᠳᠠᠭ᠋ᠠᠯ ᠵᠶ᠋ᠠᠷ ᠨᠢᠭᠲᠠᠯᠠᠨ ᠪᠤᠳᠦᠬᠤ ᠲᠣᠭ᠋ᠠᠴᠠᠭ᠋ᠠᠯᠠᠯᠲᠠ ᠪᠠ ᠨᠢᠭᠲᠠᠯᠠᠨ ᠪᠤᠳᠦᠬᠤ᠎ᠳᠤ ᠬᠢᠨᠠᠯᠲᠠ ᠲᠠᠯᠪᠢᠬᠤ ᠲᠠᠯ᠎ᠠ᠎ᠪᠠᠷ ᠣᠨᠴᠠᠭ᠋ᠠᠢ ᠱᠠᠭ᠋ᠠᠷᠳᠠᠯᠭ᠎ᠠ᠎ᠲᠠᠢ ᠠᠵᠢᠯ ᠲᠤᠢ᠍ᠷᠦᠯ᠎ᠳᠤ ᠤᠯᠤᠰ᠎ᠤᠨ ᠨᠢᠭᠡᠳᠦᠯᠲᠡᠶ ᠨᠢᠭᠲᠠᠯᠠᠨ ᠪᠤᠳᠤᠬᠤ ᠳᠦᠷᠢᠮ᠎ᠤᠨ ᠪᠣᠳᠠᠲᠠᠶ ᠠᠷᠭ᠎ᠠ ᠪᠤᠶᠤ ᠨᠥᠬᠥᠪᠥᠷᠢ ᠲᠣᠭᠲᠠᠭ᠋ᠠᠯ᠎ᠢ ᠲᠣᠭᠲᠠᠭ᠋ᠠᠵᠤ᠂ ᠲᠦᠷᠤ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠮᠡᠳᠡᠭᠦᠯᠵᠦ ᠬᠢᠨᠠᠨ ᠵᠥᠪᠰᠢᠶᠡᠷᠡᠭᠦᠯᠬᠦ ᠬᠡᠷᠡᠭᠲᠡᠶ᠃
ᠳᠤᠮᠳᠠᠳᠤ ᠤᠯᠤᠰ᠎ᠤᠨ ᠠᠷᠠᠳ᠎ᠤᠨ ᠴᠢᠯᠥᠭᠡᠯᠡᠬᠦ ᠴᠡᠷᠢᠭ᠎ᠤᠨ ᠠᠷᠤ ᠲᠠᠯ᠎ᠠ ᠵᠢᠨ ᠠᠵᠢᠯ᠎ᠤᠨ ᠶᠡᠷᠦᠩᠬᠡᠶ ᠬᠡᠯᠲᠡᠰ ᠲᠤᠰ ᠬᠠᠤᠯᠢ ᠪᠣᠯᠤᠨ ᠤᠯᠤᠰ᠎ᠤᠨ ᠨᠢᠭᠲᠠᠯᠠᠨ ᠪᠤᠳᠦᠬᠤ ᠨᠢᠭᠡᠳᠦᠯᠲᠡᠶ ᠲᠤᠢ᠍ᠷᠢᠮ᠎ᠤᠨ ᠶᠣᠰᠣᠭ᠋ᠠᠷ ᠴᠡᠷᠢᠭ ᠠᠩᠭᠢ᠎ᠳᠤ ᠤᠯᠤᠰ᠎ᠤᠨ ᠨᠢᠭᠲᠠᠯᠠᠨ ᠪᠤᠳᠤᠬᠤ ᠨᠢᠭᠡᠳᠦᠯᠲᠡᠶ ᠲᠦᠷᠢᠮ᠎ᠤᠨ ᠪᠣᠳᠠᠲᠠᠶ ᠠᠷᠭ᠎ᠠ ᠵᠢ ᠲᠣᠭᠲᠠᠭ᠋ᠠᠵᠤ᠂ ᠲᠦᠷᠤ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃
ᠬᠣᠶᠠᠳᠤᠭ᠋ᠠᠷ ᠪᠦᠯᠦᠭ ᠨᠢᠭᠲᠠᠯᠠᠨ ᠪᠤᠳᠤᠬᠤ ᠲᠣᠭ᠋ᠠᠴᠠᠭ᠎ᠠ
ᠶᠢᠰᠦᠳᠦᠭᠡᠷ ᠵᠦᠢ᠍ᠯ᠂ ᠡᠯ᠎ᠡ ᠨᠢᠭᠡᠴᠢ ᠠ᠋ᠷᠬᠡᠪᠰᠢ ᠪᠣᠳᠠᠲᠠᠶ ᠠ᠋ᠭᠦᠰᠦᠭᠰᠡᠨ ᠠᠵᠤ ᠠᠬᠤᠶ ᠵᠢᠨ ᠲᠤᠬᠠᠶ᠋ᠢᠯᠠᠭᠰᠠᠨ ᠠᠵᠢᠯ᠎ᠤᠨ ᠵᠦᠢ᠍ᠯ᠎ᠤᠳ᠎ᠢ ᠦᠨᠳᠦᠰᠦᠯᠡᠨ ᠨᠢᠭᠲᠠᠯᠠᠨ ᠪᠤᠳᠤᠬᠤ ᠲᠣᠭ᠋ᠠᠴᠠᠭ᠎ᠠ ᠬᠢᠵᠦ᠂ ᠨᠢᠭᠲᠠᠯᠠᠨ ᠪᠤᠳᠦᠬᠤ ᠭᠡᠷᠡᠴᠢ ᠪᠠᠷᠢᠮᠲᠠ ᠵᠢ ᠵᠣᠬᠢᠶᠠᠨ᠂ ᠨᠢᠭᠲᠠᠯᠠᠨ ᠪᠤᠳᠤᠬᠰᠠᠨ ᠲᠠᠨᠭ᠌ᠰᠠ ᠬᠠᠷ᠎ᠠ ᠵᠢ ᠳᠠᠩᠰᠠᠯᠠᠨ᠂ ᠠ᠋ᠳ᠋᠎ᠤᠨ ᠶᠠᠪᠤᠳᠠᠯ᠎ᠤᠨ ᠨᠢᠭᠲᠠᠯᠠᠨ ᠪᠤᠳᠦᠯᠳᠠ ᠵᠢᠨ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠬᠤ ᠬᠡᠷᠡᠭᠲᠡᠶ᠃
ᠶᠠᠮᠠᠷᠪᠠ ᠨᠢᠭᠡᠴᠢ ᠭᠡᠳ ᠬᠤᠳᠠᠯ ᠬᠠᠭᠤᠷᠮᠠᠭ ᠠᠵᠤ ᠠᠬᠤᠶ ᠵᠢᠨ ᠲᠤᠬᠠᠶ᠋ᠢᠯᠠᠭᠰᠠᠨ ᠠᠵᠢᠯ᠎ᠤᠨ ᠵᠦᠢ᠍ᠯ᠎ᠤᠳ ᠪᠤᠶᠤ ᠮᠠᠲ᠋ᠧᠷᠢᠶᠠᠯ᠎ᠤᠳ᠎ᠲᠤ ᠨᠢᠭᠲᠠᠯᠠᠨ ᠪᠤᠳᠦᠬᠤ ᠲᠣᠭ᠋ᠠᠴᠠᠭ᠋ᠠᠯᠠᠯᠲᠠ ᠬᠢᠵᠦ ᠪᠣᠯᠬᠤ ᠤᠢ᠍ᠭᠡᠢ᠃
ᠠᠷᠪᠠᠳᠤᠭ᠋ᠠᠷ ᠵᠦᠢ᠍ᠯ᠂ ᠳᠣᠣᠷ᠎ᠠ ᠵᠢᠭᠰᠠᠭ᠋ᠠᠭᠰᠠᠨ ᠠᠵᠤ ᠠᠬᠤᠶ ᠵᠢᠨ ᠲᠤᠬᠠᠶ᠋ᠢᠯᠠᠭᠰᠠᠨ ᠠᠵᠢᠯ᠎ᠤᠨ ᠵᠦᠢ᠍ᠯ᠎ᠤᠳ᠎ᠲᠤ ᠨᠢᠭᠲᠠᠯᠠᠨ ᠪᠤᠳᠦᠬᠤ ᠭᠠᠷ ᠭᠦᠢ᠍ᠴᠡᠳᠬᠡᠯ ᠬᠢᠵᠦ᠂ ᠨᠢᠭᠲᠠᠯᠠᠨ ᠪᠤᠳᠦᠬᠤ ᠲᠣᠭ᠋ᠠᠴᠠᠭ᠋ᠠᠯᠠᠯᠲᠠ ᠬᠢᠬᠦ ᠬᠡᠷᠡᠭᠲᠡᠶ᠄
(ᠨᠢᠭᠡ) ᠵᠣᠭᠣᠰ ᠪᠣᠯᠤᠨ ᠦᠨᠡᠲᠦ ᠲᠡᠮᠳᠡᠭᠲᠦ ᠵᠢ ᠣᠷᠣᠭᠤᠯᠬᠤ ᠪᠠ ᠭᠠᠷᠭ᠋ᠠᠬᠤ;
(ᠬᠣᠶᠠᠷ) ᠠ᠋ᠳ᠋ ᠮᠥᠩᠭᠥᠨ᠎ᠤ ᠣᠷᠣᠭᠤᠯᠤᠯᠲᠠ ᠭᠠᠷᠭ᠋ᠠᠯᠲᠠ᠂ ᠨᠡᠮᠡᠭᠳᠡᠯ ᠬᠠᠰᠤᠭᠳᠠᠯ ᠪᠠ ᠬᠡᠷᠡᠭᠯᠡᠯᠲᠡ;
(ᠭᠤᠷᠪᠠ) ᠠᠪᠤᠴᠠᠭ᠎ᠠ ᠥᠭᠴᠡᠭᠡ ᠵᠢᠨ ᠪᠤᠢ ᠪᠣᠯᠬᠤ ᠪᠠ ᠲᠡᠭᠦᠨ᠎ᠢ ᠲᠠᠰᠤᠯᠤᠨ ᠪᠤᠳᠤᠬᠤ;
(ᠲᠤᠢ᠍ᠷᠪᠡ) ᠬᠦᠷᠦᠩᠭᠡ᠂ ᠰᠠᠭᠤᠷᠢ ᠮᠥᠩᠭᠥ ᠵᠢᠨ ᠨᠡᠮᠡᠭᠳᠡᠯ ᠬᠠᠰᠤᠭᠳᠠᠯ;
(ᠲᠠᠪᠤ) ᠣᠷᠣᠯᠭ᠎ᠠ᠂ ᠵᠠᠷᠤᠯᠭ᠎ᠠ᠂ ᠵᠠᠷᠤᠳᠠᠯ᠂ ᠥᠪᠡᠷ᠎ᠤᠨ ᠤᠢ᠍ᠷᠳᠡᠭᠢ ᠪᠤᠳᠦᠬᠤ;
(ᠵᠢᠷᠭᠤᠭ᠎ᠠ) ᠠ᠋ᠳ᠋᠎ᠤᠨ ᠶᠠᠪᠤᠳᠠᠯ᠎ᠤᠨ ᠦᠷ᠎ᠡ ᠪᠦᠲᠦᠭᠡᠯ᠎ᠢ ᠪᠤᠳᠤᠬᠤ ᠪᠠ ᠰᠢᠢ᠍ᠳᠪᠦᠷᠢᠯᠡᠬᠦ;
(ᠲᠤᠯᠦᠭ᠎ᠠ) ᠨᠢᠭᠲᠠᠯᠠᠨ ᠪᠤᠳᠦᠬᠤ ᠭᠠᠷ ᠭᠦᠢ᠍ᠴᠡᠳᠬᠡᠯ ᠬᠢᠬᠦ ᠪᠠ ᠨᠢᠭᠲᠠᠯᠠᠨ ᠪᠤᠳᠦᠬᠤ ᠲᠣᠭ᠋ᠠᠴᠠᠭ᠋ᠠᠯᠠᠯᠲᠠ ᠬᠢᠬᠦ ᠴᠢᠬᠤᠯᠠᠲᠠᠢ ᠪᠤᠰᠤᠳ ᠵᠦᠢ᠍ᠯ᠎ᠤᠳ᠃
ᠠᠷᠪᠠᠨ ᠨᠢᠭᠡᠳᠦᠭᠡᠷ ᠵᠦᠢ᠍ᠯ᠂ ᠨᠢᠭᠲᠠᠯᠠᠨ ᠪᠤᠳᠦᠬᠤ ᠣᠨ᠎ᠤ ᠬᠤᠭᠤᠴᠠᠭ᠎ᠠ ᠵᠢ ᠠᠷᠭ᠎ᠠ ᠵᠢᠨ ᠤᠯᠠᠷᠢᠯ᠎ᠤᠨ 1 ᠰᠠᠷ᠎ᠠ ᠵᠢᠨ 1᠎ᠤ ᠠ᠋ᠳᠦᠷ᠎ᠠᠴᠠ 12 ᠰᠠᠷ᠎ᠠ ᠵᠢᠨ 31᠎ᠤ ᠠ᠋ᠳᠦᠷ ᠪᠣᠯᠲᠠᠯᠠᠬᠢ ᠬᠤᠭᠤᠴᠠᠭ᠎ᠠ᠎ᠪᠠᠷ ᠬᠢᠵᠠᠭ᠋ᠠᠷᠯᠠᠨ᠎ᠠ᠃
ᠠᠷᠪᠠᠨ ᠬᠣᠶᠠᠳᠤᠭ᠋ᠠᠷ ᠵᠦᠢ᠍ᠯ᠂ ᠨᠢᠭᠲᠠᠯᠠᠨ ᠪᠤᠳᠤᠬᠤ ᠲᠣᠭ᠋ᠠᠴᠠᠭ᠎ᠠ ᠬᠢᠬᠦ᠎ᠳᠤ ᠠᠷᠠᠳ᠎ᠤᠨ ᠵᠣᠭᠣᠰ ᠵᠶ᠋ᠠᠷ ᠳᠠᠩᠰᠠ ᠲᠡᠮᠳᠡᠭᠯᠡᠬᠦ ᠳᠡᠪᠢᠰᠭᠡᠷ ᠵᠣᠭᠣᠰ ᠪᠣᠯᠭ᠋ᠠᠨ᠎ᠠ᠃
ᠲᠤᠬᠠᠶ᠋ᠢᠯᠠᠭᠰᠠᠨ ᠠᠵᠢᠯ᠎ᠤᠨ ᠣᠷᠣᠯᠭ᠎ᠠ ᠵᠠᠷᠤᠯᠭ᠎ᠠ ᠵᠢ ᠠᠷᠠᠳ᠎ᠤᠨ ᠵᠣᠭᠣᠰ᠎ᠠᠴᠠ ᠪᠤᠰᠤᠳ ᠵᠣᠭᠣᠰ ᠵᠶ᠋ᠠᠷ ᠭᠣᠣᠯ ᠪᠣᠯᠭ᠋ᠠᠨ ᠪᠤᠳᠤᠳᠠᠭ ᠨᠢᠭᠡᠴᠢ᠎ᠨᠢ ᠲᠡᠭᠦᠨ᠎ᠤ ᠳᠣᠲᠣᠷᠠᠬᠢ ᠨᠢᠭᠡ ᠵᠦᠢ᠍ᠯ᠎ᠤᠨ ᠵᠣᠭᠣᠰ᠎ᠢ ᠰᠣᠩᠭᠣᠵᠤ ᠳᠠᠩᠰᠠ ᠲᠡᠮᠳᠡᠭᠯᠡᠬᠦ ᠳᠡᠪᠢᠰᠭᠡᠷ ᠵᠣᠭᠣᠰ ᠪᠣᠯᠭ᠋ᠠᠨ᠎ᠠ᠂ ᠭᠡᠪᠡᠴᠦ ᠨᠠᠶ᠋ᠢᠷᠠᠭᠤᠯᠤᠨ ᠵᠣᠬᠢᠶᠠᠵᠤ ᠮᠡᠳᠡᠭᠦᠯᠬᠦ ᠠ᠋ᠳ᠋᠎ᠤᠨ ᠶᠠᠪᠤᠳᠠᠯ᠎ᠤᠨ ᠨᠢᠭᠲᠠᠯᠠᠨ ᠪᠤᠳᠦᠯᠲᠠ ᠵᠢᠨ ᠮᠡᠳᠡᠭᠦᠯᠦᠯᠲᠡ ᠳᠤ ᠡᠷᠬᠡᠪᠰᠢ ᠠᠷᠠᠳ ᠤᠨ ᠵᠣᠭᠣᠰ ᠵᠶ᠋ᠠᠷ ᠨᠣᠭᠣᠯᠣᠨ ᠪᠣᠳᠣᠬᠣ ᠬᠡᠷᠡᠭᠲᠡᠶ᠃
ᠠᠷᠪᠠᠨ ᠭᠤᠷᠪᠠᠳᠤᠭ᠋ᠠᠷ ᠵᠦᠢ᠍ᠯ᠂ ᠨᠢᠭᠲᠠᠯᠠᠨ ᠪᠤᠳᠤᠬᠤ ᠬᠡᠷᠡᠴᠢ ᠪᠠᠷᠢᠮᠲᠠ᠂ ᠨᠢᠭᠲᠠᠯᠠᠨ ᠪᠤᠳᠦᠬᠤ ᠵᠢᠨ ᠲᠡᠡᠭᠰᠠ ᠳᠡᠪᠲᠡᠷ᠂ ᠠ᠋ᠳ᠋᠎ᠤᠨ ᠶᠠᠪᠤᠳᠠᠯ᠎ᠤᠨ ᠨᠢᠭᠲᠠᠯᠠᠨ ᠪᠤᠳᠦᠭ᠍ᠰᠡᠠ ᠮᠡᠳᠡᠭᠦᠯᠦᠯᠲᠡ ᠪᠠ ᠨᠢᠭᠲᠠᠯᠠᠨ ᠪᠤᠳᠦᠬᠤ ᠪᠤᠰᠤᠳ ᠮᠠᠲ᠋ᠧᠷᠢᠶᠠᠯ᠎ᠨᠢ ᠠ᠋ᠷᠬᠡᠪᠰᠢ ᠤᠯᠤᠰ᠎ᠤᠨ ᠨᠢᠭᠲᠠᠯᠠᠨ ᠪᠤᠳᠤᠬᠤ ᠨᠢᠭᠡᠳᠦᠯᠲᠡᠶ ᠲᠦᠷᠢᠮ᠎ᠤᠨ ᠲᠣᠭᠲᠠᠭ᠋ᠠᠯ᠎ᠳᠤ ᠨᠡᠢ᠌ᠴᠡᠬᠦ ᠬᠡᠷᠡᠭᠲᠡᠢ᠃
ᠡᠯᠸᠺᠲᠷᠣᠨ ᠺᠣᠮᠫᠢᠦ᠋ᠲ᠋ᠧᠷ ᠵᠶ᠋ᠡᠷ ᠨᠢᠭᠲᠠᠯᠠᠨ ᠪᠤᠳᠦᠬᠤ ᠲᠣᠭ᠋ᠠᠴᠠᠭ᠋ᠠᠯᠠᠯᠲᠠ ᠬᠢᠭᠰᠡᠨ ᠪᠠᠢ᠌ᠪᠠᠯ᠂ ᠲᠡᠭᠦᠨ᠎ᠤ ᠵᠥᠭᠡᠯᠡᠨ ᠲᠤᠨᠦᠬ ᠬᠢᠭᠡᠳ ᠲᠡᠭᠦᠨ᠎ᠤ ᠬᠢᠵᠦ ᠭᠠᠷᠭ᠋ᠠᠭᠰᠠᠨ ᠨᠢᠭᠲᠠᠯᠠᠨ ᠪᠤᠳᠦᠬᠤ ᠭᠡᠷᠡᠴᠢ ᠪᠠᠷᠢᠮᠲᠠ᠂ ᠨᠢᠭᠲᠠᠯᠠᠨ ᠪᠤᠳᠦᠬᠤ ᠵᠢᠨ ᠲᠡᠡᠭᠰᠠ ᠳᠡᠪᠲᠡᠷ᠂ ᠠ᠋ᠳ᠋᠎ᠤᠨ ᠶᠠᠪᠤᠳᠠᠯ᠎ᠤᠨ ᠨᠢᠭᠲᠠᠯᠠᠨ ᠪᠤᠳᠦᠭ᠍ᠰᠡᠠ ᠮᠡᠳᠡᠭᠦᠯᠦᠯᠲᠡ ᠪᠠ ᠨᠢᠭᠲᠠᠯᠠᠨ ᠪᠤᠳᠦᠬᠤ ᠪᠤᠰᠤᠳ ᠮᠠᠲ᠋ᠧᠷᠢᠶᠠᠯ᠎ᠨᠢ ᠪᠠᠰᠠ ᠠ᠋ᠷᠬᠡᠪᠰᠢ ᠤᠯᠤᠰ᠎ᠤᠨ ᠨᠢᠭᠲᠠᠯᠠᠨ ᠪᠤᠳᠤᠬᠤ ᠨᠢᠭᠡᠳᠦᠯᠲᠡᠶ ᠲᠦᠷᠢᠮ᠎ᠤᠨ ᠲᠣᠭᠲᠠᠭ᠋ᠠᠯ᠎ᠳᠤ ᠨᠡᠢ᠌ᠴᠡᠬᠦ ᠬᠡᠷᠡᠭᠲᠡᠢ᠃
ᠶᠠᠮᠠᠷᠪᠠ ᠨᠢᠭᠡᠴᠢ ᠪᠠ ᠬᠤᠪᠢ ᠬᠥᠮᠦᠨ ᠨᠢᠭᠲᠠᠯᠠᠨ ᠪᠤᠳᠦᠬᠤ ᠭᠡᠷᠡᠴᠢ ᠪᠠᠷᠢᠮᠲᠠ᠂ ᠨᠢᠭᠲᠠᠯᠠᠨ ᠪᠤᠳᠤᠬᠤ ᠲᠠᠨᠭ᠌ᠰᠠ ᠬᠠᠷ᠎ᠠ ᠵᠢᠴᠢ ᠨᠢᠭᠲᠠᠯᠠᠨ ᠪᠤᠳᠤᠯᠳᠠ ᠵᠢᠨ ᠪᠤᠰᠤᠳ ᠮᠠᠲ᠋ᠧᠷᠢᠶᠠᠯ᠎ᠤᠳ᠎ᠢ ᠬᠠᠭᠤᠷᠮᠠᠭᠯᠠᠨ ᠵᠣᠬᠢᠶᠠᠬᠣ᠂ ᠥᠭᠡᠷᠡᠲᠦᠭᠦᠯᠦᠨ ᠵᠣᠬᠢᠶᠠᠵᠦ ᠪᠣᠯᠬᠣ ᠦᠭᠡᠢ᠂ ᠬᠤᠳᠠᠯ ᠬᠠᠭᠤᠷᠮᠠᠭ ᠠ᠋ᠳ᠋᠎ᠤᠨ ᠶᠠᠪᠤᠳᠠᠯ᠎ᠤᠨ ᠨᠢᠭᠲᠠᠯᠠᠨ ᠪᠣᠳᠣᠭᠰᠠᠨ ᠮᠡᠳᠡᠭᠦᠯᠦᠯᠲᠡ ᠬᠠᠩᠭ᠋ᠠᠵᠤ ᠪᠣᠯᠬᠤ ᠦᠭᠡᠢ᠃
ᠠᠷᠪᠠᠨ ᠳᠥᠷᠪᠡᠳᠦᠭᠡᠷ ᠵᠦᠢ᠍ᠯ᠂ ᠨᠢᠭᠲᠠᠯᠠᠨ ᠪᠤᠳᠦᠬᠤ ᠭᠡᠷᠡᠴᠢ ᠪᠠᠷᠢᠮᠲᠠ᠎ᠳᠤ ᠤᠬ ᠭᠡᠷᠡᠴᠢ ᠪᠠᠷᠢᠮᠲᠠ ᠪᠣᠯᠤᠨ ᠳᠠᠩᠰᠠᠯᠠᠭᠰᠠᠨ ᠭᠡᠷᠡᠴᠢ ᠪᠠᠷᠢᠮᠲᠠ ᠪᠠᠭᠲᠠᠨ᠎ᠠ᠃
ᠲᠤᠰ ᠬᠠᠤᠯᠢ ᠵᠢᠨ ᠠᠷᠪᠠᠳᠤᠭ᠋ᠠᠷ ᠵᠦᠢ᠍ᠯ᠎ᠳᠤ ᠵᠢᠭᠰᠠᠭ᠋ᠠᠭᠰᠠᠨ ᠠᠵᠤ ᠠᠬᠤᠶ ᠵᠢᠨ ᠲᠤᠬᠠᠶ᠋ᠢᠯᠠᠭᠰᠠᠨ ᠠᠵᠢᠯ᠎ᠤᠨ ᠵᠦᠢ᠍ᠯ᠎ᠤᠳ᠎ᠢ ᠰᠢᠢ᠍ᠳᠪᠦᠷᠢᠯᠡᠬᠦ᠎ᠳᠤ ᠠ᠋ᠷᠬᠡᠪᠰᠢ ᠤᠬ ᠭᠡᠷᠡᠴᠢ ᠪᠠᠷᠢᠮᠲᠠ ᠵᠢ ᠲᠠᠭᠯᠠᠨ ᠪᠢᠴᠢᠬᠦ ᠪᠤᠶᠤ ᠤᠬ ᠭᠡᠷᠡᠴᠢ ᠪᠠᠷᠢᠮᠲᠠ ᠵᠢ ᠤᠯᠬᠤ ᠵᠢᠨ ᠬᠠᠮᠲᠤ ᠨᠢᠭᠲᠠᠯᠠᠨ ᠪᠤᠳᠦᠬᠤ ᠪᠠᠶ᠋ᠢᠭᠤᠯᠤᠮᠵᠢ᠎ᠳᠤ ᠴᠠᠭ ᠲᠤᠬᠠᠶ᠎ᠳᠤᠨᠢ ᠬᠦᠷᠭᠡᠬᠦ ᠬᠡᠷᠡᠭᠲᠡᠶ᠃
ᠨᠢᠭᠲᠠᠯᠠᠨ ᠪᠤᠳᠤᠯᠲᠠ ᠵᠢᠨ ᠪᠠᠶ᠋ᠢᠭᠤᠯᠤᠮᠵᠢ᠂ ᠨᠢᠭᠲᠠᠯᠠᠨ ᠪᠤᠳᠦᠬᠤ ᠠᠵᠢᠯᠲᠠᠳ ᠠ᠋ᠷᠬᠡᠪᠰᠢ ᠤᠯᠤᠰ᠎ᠤᠨ ᠨᠢᠭᠲᠠᠯᠠᠨ ᠪᠤᠳᠦᠬᠤ ᠨᠢᠭᠡᠳᠦᠯᠲᠡᠶ ᠲᠤᠢ᠍ᠷᠢᠮ᠎ᠤᠨ ᠲᠣᠭᠲᠠᠭ᠋ᠠᠯ ᠶᠣᠰᠣᠭ᠋ᠠᠷ ᠤᠬ ᠭᠡᠷᠡᠴᠢ ᠪᠠᠷᠢᠮᠲᠠ ᠵᠢ ᠬᠢᠨᠠᠨ ᠬᠠᠷᠭᠤᠭᠤᠯᠵᠤ᠂ ᠦᠨᠡᠨ ᠪᠣᠳᠠᠲᠠᠶ ᠪᠢᠰᠢ᠂ ᠬᠠᠤᠯᠢ᠎ᠳᠤ ᠦᠯᠦ ᠨᠡᠶ᠋ᠢᠴᠡᠬᠦ ᠤᠬ ᠭᠡᠷᠡᠴᠢ ᠪᠠᠷᠢᠮᠲᠠ ᠵᠢ ᠤᠢ᠍ᠯᠦ ᠬᠦᠯᠢᠶᠡᠠ ᠠᠪᠬᠤ ᠠ᠋ᠷᠬᠡ᠎ᠲᠠᠢ ᠪᠥᠭᠡᠳ ᠨᠢᠭᠡᠴᠢ ᠵᠢᠨ ᠬᠠᠷᠢᠭᠤᠴᠠᠯᠭ᠋ᠠᠲᠠᠨ᠎ᠳᠠᠭᠠᠨ ᠮᠡᠳᠡᠭᠦᠯᠬᠦ ᠬᠡᠷᠡᠭᠲᠡᠶ; ᠲᠡᠮᠳᠡᠭᠯᠡᠭᠰᠡᠨ᠎ᠨᠢ ᠵᠥᠪ ᠣᠨᠣᠪᠴᠢᠲᠠᠶ ᠪᠢᠰᠢ᠂ ᠪᠦᠷᠢᠨ ᠪᠦᠲᠦᠨ ᠪᠤᠰᠤ ᠤᠬ ᠭᠡᠷᠡᠴᠢ ᠪᠠᠷᠢᠮᠲᠠ ᠵᠢ ᠪᠤᠴᠠᠭ᠋ᠠᠬᠤ ᠪᠥᠭᠡᠳ ᠤᠯᠤᠰ᠎ᠤᠨ ᠨᠢᠭᠲᠠᠯᠠᠨ ᠪᠤᠳᠦᠬᠤ ᠨᠢᠭᠡᠳᠦᠯᠲᠡᠶ ᠲᠤᠢ᠍ᠷᠢᠮ᠎ᠤᠨ ᠲᠣᠭᠲᠠᠭ᠋ᠠᠯ ᠶᠣᠰᠣᠭ᠋ᠠᠷ ᠵᠠᠯᠠᠷᠠᠭᠤᠯᠵᠤ᠂ ᠨᠥᠬᠥᠪᠥᠷᠢᠯᠡᠬᠦ᠎ᠪᠠᠷ ᠱᠠᠭ᠋ᠠᠷᠳᠠᠬᠤ ᠬᠡᠷᠡᠭᠲᠡᠶ᠃
ᠤᠬ ᠭᠡᠷᠡᠴᠢ ᠪᠠᠷᠢᠮᠲᠠ ᠳᠤ ᠲᠡᠮᠳᠡᠭᠯᠡᠭᠰᠡᠨ ᠡᠯ᠎ᠡ ᠵᠦᠢ᠍ᠯ ᠤᠨ ᠠᠭᠤᠯᠭ᠎ᠠ ᠵᠢ ᠪᠠᠯᠠᠯᠤᠨ ᠵᠠᠰᠠᠵᠤ ᠪᠣᠯᠬᠤ ᠤᠢ᠍ᠭᠡᠢ; ᠤᠬ ᠭᠡᠷᠡᠴᠢ ᠪᠠᠷᠢᠮᠲᠠ᠎ᠨᠢ ᠪᠤᠷᠤᠭᠤᠳᠠᠭᠰᠠᠨ ᠪᠠᠶ᠋ᠢᠪᠠᠯ᠂ ᠤᠬ ᠭᠡᠷᠡᠴᠢ ᠪᠠᠷᠢᠮᠲᠠ ᠬᠢᠭᠰᠡᠨ ᠨᠢᠭᠡᠴᠢ᠎ᠠᠴᠠ ᠲᠡᠬᠢᠵᠦ ᠭᠡᠷᠡᠴᠢ ᠪᠠᠷᠢᠮᠲᠠ ᠬᠢᠬᠦ ᠪᠤᠶᠤ ᠵᠠᠯᠠᠷᠠᠭᠤᠯᠵᠤ᠂ ᠵᠠᠯᠠᠷᠠᠭᠤᠯᠤᠭᠰᠠᠨ ᠭᠠᠵᠠᠷ᠎ᠲᠤᠨᠢ ᠭᠡᠷᠡᠴᠢ ᠪᠠᠷᠢᠮᠲᠠ ᠬᠢᠭᠰᠡᠨ ᠨᠢᠭᠡᠴᠢ ᠵᠢᠨ ᠲᠠᠮᠠᠭ᠎ᠠ ᠵᠢ ᠳᠠᠷᠤᠬᠤ ᠬᠡᠷᠡᠭᠲᠡᠶ᠃ ᠤᠬ ᠭᠡᠷᠡᠴᠢ ᠪᠠᠷᠢᠮᠲᠠ ᠵᠢᠨ ᠵᠣᠭᠣᠰ᠎ᠤᠨ ᠲᠣᠭ᠎ᠠ᠎ᠨᠢ ᠪᠤᠷᠤᠭᠤᠳᠠᠭᠰᠠᠨ ᠪᠠᠶ᠋ᠢᠪᠠᠯ᠂ ᠤᠬ ᠭᠡᠷᠡᠴᠢ ᠪᠠᠷᠢᠮᠲᠠ ᠬᠢᠭᠰᠡᠨ ᠨᠢᠭᠡᠴᠢ᠎ᠠᠴᠠ ᠲᠡᠬᠢᠵᠦ ᠭᠡᠷᠡᠴᠢ ᠪᠠᠷᠢᠮᠲᠠ ᠬᠢᠬᠦ ᠬᠡᠷᠡᠭᠲᠡᠶ᠂ ᠤᠬ ᠭᠡᠷᠡᠴᠢ ᠪᠠᠷᠢᠮᠲᠠ ᠳᠡᠭᠡᠷ᠎ᠡ ᠵᠠᠯᠠᠷᠠᠭᠤᠯᠵᠤ ᠪᠣᠯᠬᠤ ᠤᠢ᠍ᠭᠡᠢ᠃
ᠳᠠᠩᠰᠠᠯᠠᠭᠰᠠᠨ ᠭᠡᠷᠡᠴᠢ ᠪᠠᠷᠢᠮᠲᠠ ᠵᠢ ᠬᠢᠨᠠᠨ ᠬᠠᠷᠭᠤᠭᠤᠯᠤᠭᠰᠠᠨ ᠤᠬ ᠭᠡᠷᠡᠴᠢ ᠪᠠᠷᠢᠮᠲᠠ ᠪᠣᠯᠤᠨ ᠬᠣᠯᠪᠣᠭᠳᠠᠯ ᠪᠦᠬᠦᠢ ᠮᠠᠲ᠋ᠧᠷᠢᠶᠠᠯ᠎ᠢ ᠦᠨᠳᠦᠰᠦᠯᠡᠵᠦ ᠨᠠᠶ᠋ᠢᠷᠠᠭᠤᠯᠤᠨ ᠵᠣᠬᠢᠶᠠᠨ᠎ᠠ᠃
ᠠᠷᠪᠠᠨ ᠲᠠᠪᠤᠳᠤᠭ᠋ᠠᠷ ᠵᠦᠢ᠍ᠯ᠂ ᠨᠢᠭᠲᠠᠯᠠᠨ ᠪᠤᠳᠤᠯᠳᠠ ᠵᠢᠨ ᠲᠠᠨᠭ᠌ᠰᠠ ᠬᠠᠷ᠎ᠠ ᠵᠢ ᠳᠠᠩᠰᠠᠯᠠᠬᠤ᠎ᠳᠤ ᠠ᠋ᠷᠬᠡᠪᠰᠢ ᠬᠢᠨᠠᠨ ᠬᠠᠷᠭᠤᠭᠤᠯᠤᠭᠰᠠᠨ ᠨᠢᠭᠲᠠᠯᠠᠨ ᠪᠤᠳᠦᠬᠤ ᠭᠡᠷᠡᠴᠢ ᠪᠠᠷᠢᠮᠲᠠ᠎ᠪᠠᠷ ᠦᠨᠳᠦᠰᠦ ᠪᠠᠷᠢᠮᠲᠠ ᠪᠣᠯᠭ᠋ᠠᠬᠤ ᠬᠡᠷᠡᠭᠲᠡᠶ ᠪᠥᠭᠡᠳ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠠ ᠤᠯᠤᠰ᠎ᠤᠨ ᠨᠢᠭᠡᠳᠦᠯᠲᠡᠶ ᠨᠢᠭᠲᠠᠯᠠᠨ ᠪᠤᠳᠤᠬᠤ ᠲᠦᠷᠢᠮ᠎ᠤᠨ ᠲᠤᠬᠠᠶ ᠲᠣᠭᠲᠠᠭ᠋ᠠᠯ᠎ᠳᠤ ᠨᠡᠢ᠌ᠴᠡᠬᠦ ᠬᠡᠷᠡᠭᠲᠡᠢ᠃ ᠨᠢᠭᠲᠠᠯᠠᠨ ᠪᠤᠳᠦᠬᠤ ᠲᠡᠡᠭᠰᠠ ᠬᠠᠷ᠎ᠠ᠎ᠳᠤ ᠶᠡᠷᠦᠩᠬᠡᠶ ᠲᠠᠩᠰᠠ᠂ ᠨᠠᠷᠢᠨ ᠲᠡᠡᠭᠰᠠ᠂ ᠠ᠋ᠳᠦᠷ᠎ᠤᠨ ᠳᠠᠩᠰᠠ ᠪᠠ ᠲᠤᠰᠠᠯᠠᠮᠵᠢ ᠵᠢᠨ ᠴᠢᠨᠠᠷᠲᠠᠶ ᠪᠤᠰᠤᠳ ᠲᠠᠨᠭ᠌ᠰᠠ ᠲᠡᠮᠳᠡᠭᠯᠡᠯ᠎ᠢ ᠪᠠᠬᠳᠠᠭ᠋ᠠᠨ᠎ᠠ᠃
ᠨᠢᠭᠲᠠᠯᠠᠨ ᠪᠤᠳᠤᠬᠤ ᠳᠠᠨᠭ᠌ᠰᠠ ᠬᠠᠷ᠎ᠠ ᠵᠢ ᠦᠷᠭᠦᠯᠵᠢᠯᠡᠭᠰᠡᠨ ᠳ᠋ᠤᠭ᠋ᠠᠷᠯᠠᠯ᠎ᠤᠨ ᠨᠢᠭᠤᠷ᠎ᠤᠨ ᠲᠣᠭ᠎ᠠ ᠵᠢᠨ ᠲᠡᠰ ᠳᠠᠷᠠᠭ᠋ᠠᠯᠠᠯ ᠵᠶ᠋ᠠᠷ ᠳᠠᠩᠰᠠᠯᠠᠬᠤ ᠬᠡᠷᠡᠭᠲᠡᠶ᠃ ᠨᠢᠭᠲᠠᠯᠠᠨ ᠪᠤᠳᠦᠯᠲᠠ ᠵᠢᠨ ᠲᠡᠡᠭᠰᠠ ᠬᠠᠷ᠎ᠠ᠎ᠠᠴᠠ ᠲᠡᠮᠳᠡᠭᠯᠡᠯ᠎ᠳᠤ ᠪᠤᠷᠤᠭᠤ ᠭᠠᠷᠤᠭᠰᠠᠨ ᠪᠤᠶᠤ ᠨᠢᠭᠤᠷ ᠠᠯᠤᠰᠯᠠᠭᠰᠠᠨ᠂ ᠳ᠋ᠤᠭ᠋ᠠᠷ ᠳᠤᠲᠠᠬᠤ᠂ ᠤᠯᠠᠭ᠋ᠠᠨ ᠮᠥᠷ᠎ᠠᠴᠠ ᠬᠣᠪᠢᠷᠠᠨ ᠪᠢᠴᠢᠬᠦ᠎ᠳᠤ᠂ ᠤᠯᠤᠰ᠎ᠤᠨ ᠨᠢᠭᠡᠳᠦᠯᠲᠡᠶ ᠨᠢᠭᠲᠠᠯᠠᠨ ᠪᠤᠳᠤᠬᠤ ᠲᠦᠷᠢᠮ ᠲᠣᠭᠲᠠᠭ᠋ᠠᠯ᠎ᠤᠨ ᠳᠣᠬᠳᠠᠭ᠋ᠠᠬᠰᠡᠨ ᠠᠷᠭ᠎ᠠ᠎ᠪᠠᠷ ᠵᠠᠯᠠᠷᠠᠭᠤᠯᠬᠤ ᠵᠢᠨ ᠬᠠᠮᠲᠤ ᠨᠢᠭᠲᠠᠯᠠᠨ ᠪᠤᠳᠦᠬᠤ ᠠᠵᠢᠯᠳᠡᠠ ᠪᠠ ᠨᠢᠭᠲᠠᠯᠠᠨ ᠪᠤᠳᠦᠬᠤ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ (ᠨᠢᠭᠲᠠᠯᠠᠨ ᠪᠤᠳᠦᠬᠤ ᠠᠵᠢᠯ᠎ᠤᠨ ᠠ᠋ᠷᠬᠢᠯᠡᠠ ᠬᠠᠮᠢᠶᠠᠷᠤᠭᠴᠢ)᠎ᠠᠴᠠ ᠵᠠᠯᠠᠷᠠᠭᠤᠯᠤᠭᠰᠠᠨ ᠭᠠᠵᠠᠷ᠎ᠲᠤᠨᠢ ᠲᠠᠮᠠᠭ᠎ᠠ᠎ᠪᠠᠨ ᠳᠠᠷᠤᠬᠤ ᠬᠡᠷᠡᠭᠲᠡᠶ᠃
ᠡᠯᠸᠺᠲᠷᠣᠨ ᠺᠣᠮᠫᠢᠦ᠋ᠲ᠋ᠧᠷ ᠵᠶ᠋ᠡᠷ ᠨᠢᠭᠲᠠᠯᠠᠨ ᠪᠤᠳᠦᠬᠤ ᠲᠣᠭ᠋ᠠᠴᠠᠭ᠋ᠠᠯᠠᠯᠲᠠ ᠬᠢᠭᠰᠡᠨ ᠪᠠᠢ᠌ᠳᠠᠯ᠎ᠳᠤ᠂ ᠲᠡᠭᠦᠨ᠎ᠤ ᠨᠢᠭᠲᠠᠯᠠᠨ ᠪᠤᠳᠤᠬᠤ ᠳᠠᠨᠭ᠌ᠰᠠ ᠬᠠᠷ᠎ᠠ ᠵᠢ ᠳᠠᠩᠰᠠᠯᠠᠬᠤ᠂ ᠵᠠᠯᠠᠷᠠᠭᠤᠯᠭ᠎ᠠ᠎ᠨᠢ ᠤᠯᠤᠰ᠎ᠤᠨ ᠨᠢᠭᠲᠠᠯᠠᠨ ᠪᠤᠳᠤᠬᠤ ᠨᠢᠭᠡᠳᠦᠯᠲᠡᠶ ᠲᠦᠷᠢᠮ᠎ᠤᠨ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃
ᠠᠷᠪᠠᠨ ᠵᠢᠷᠭᠤᠳᠤᠭ᠋ᠠᠷ ᠵᠦᠢ᠍ᠯ᠂ ᠡᠯ᠎ᠡ ᠨᠢᠭᠡᠴᠢ᠎ᠳᠤ ᠭᠠᠷᠤᠭᠰᠠᠨ ᠠᠵᠤ ᠠᠬᠤᠶ ᠵᠢᠨ ᠲᠤᠬᠠᠶ᠋ᠢᠯᠠᠭᠰᠠᠨ ᠠᠵᠢᠯ᠎ᠤᠨ ᠵᠦᠢ᠍ᠯ᠎ᠤᠳ᠎ᠢ ᠬᠠᠤᠯᠢ ᠶᠣᠰᠣᠭ᠋ᠠᠷ ᠪᠠᠶ᠋ᠢᠭᠤᠯᠤᠭᠰᠠᠨ ᠨᠢᠭᠲᠠᠯᠠᠨ ᠪᠤᠳᠦᠯᠲᠠ ᠵᠢᠨ ᠲᠡᠡᠭᠰᠠ ᠬᠠᠷ᠎ᠠ ᠲᠡᠭᠡᠷ᠎ᠡ ᠨᠢᠭᠡᠳᠦᠯᠲᠡᠶ ᠲᠡᠡᠭᠰᠡᠯᠡᠯᠳᠠ᠂ ᠲᠣᠭ᠋ᠠᠴᠠᠯᠲᠠ ᠬᠢᠵᠦ᠂ ᠲᠤᠰ ᠬᠠᠤᠯᠢ ᠪᠣᠯᠤᠨ ᠤᠯᠤᠰ᠎ᠤᠨ ᠨᠢᠭᠡᠳᠦᠯᠲᠡᠶ ᠨᠢᠭᠲᠠᠯᠠᠨ ᠪᠣᠳᠣᠯᠲᠠ ᠵᠢᠨ ᠲᠦᠷᠢᠮ᠎ᠤᠨ ᠲᠣᠭᠲᠠᠭ᠋ᠠᠯ᠎ᠢ ᠵᠦᠷᠢᠴᠡᠨ᠂ ᠬᠤᠪᠢ᠎ᠪᠠᠷ ᠵᠶ᠋ᠠᠨ ᠨᠢᠭᠲᠠᠯᠠᠨ ᠪᠤᠳᠦᠬᠤ ᠲᠡᠡᠭᠰᠠ ᠲᠡᠮᠳᠡᠭᠯᠡᠬᠦ᠂ ᠲᠣᠭ᠋ᠠᠴᠠᠯᠲᠠ ᠬᠢᠵᠦ ᠪᠣᠯᠬᠣ ᠦᠭᠡᠢ᠃
ᠠᠷᠪᠠᠨ ᠳᠣᠯᠣᠳᠤᠭ᠋ᠠᠷ ᠵᠦᠢ᠍ᠯ᠂ ᠡᠯ᠎ᠡ ᠨᠢᠭᠡᠴᠢ ᠵᠢᠨ ᠲᠣᠭᠲᠠᠮᠠᠯ ᠬᠤᠭᠤᠴᠠᠭ᠎ᠠ᠎ᠲᠠᠢ᠎ᠪᠠᠷ ᠨᠢᠭᠲᠠᠯᠠᠨ ᠪᠤᠳᠦᠬᠤ ᠲᠡᠡᠭᠰᠠ ᠲᠡᠮᠳᠡᠭᠯᠡᠯ ᠪᠣᠯᠣᠨ ᠪᠣᠳᠠᠲᠤ ᠠ᠋ᠳ᠋᠂ ᠵᠣᠭᠣᠰ ᠮᠥᠩᠭᠥ ᠵᠢᠴᠢ ᠬᠣᠯᠪᠣᠭᠳᠠᠯ ᠪᠦᠬᠦᠢ ᠮᠠᠲ᠋ᠧᠷᠢᠶᠠᠯ᠎ᠲᠠᠢ ᠬᠠᠷᠢᠯᠴᠠᠨ ᠬᠠᠷᠭᠤᠭᠤᠯᠵᠤ᠂ ᠨᠢᠭᠲᠠᠯᠠᠨ ᠪᠣᠳᠣᠬᠣ ᠲᠠᠨᠭ᠌ᠰᠠ ᠬᠠᠷ᠎ᠠ ᠵᠢᠨ ᠲᠡᠮᠳᠡᠭᠯᠡᠯ᠎ᠨᠢ ᠪᠣᠳᠠᠲᠤ ᠠ᠋ᠳ᠋ ᠪᠣᠳᠠᠰ ᠵᠢᠴᠢ ᠵᠣᠭᠣᠰ ᠮᠥᠩᠭᠥ ᠵᠢᠨ ᠪᠣᠳᠠᠲᠠᠶ ᠪᠠᠶ᠋ᠢᠭ᠎ᠠ ᠲᠣᠭ᠎ᠠ ᠬᠡᠮᠵᠢᠶ᠎ᠡ᠎ᠲᠠᠢ ᠲᠠᠭ᠋ᠠᠷᠠᠬᠤ᠂ ᠨᠢᠭᠲᠠᠯᠠᠨ ᠪᠤᠳᠦᠬᠤ ᠲᠡᠡᠭᠰᠠ ᠲᠡᠮᠳᠡᠭᠯᠡᠯ ᠪᠣᠯᠣᠨ ᠨᠢᠭᠲᠠᠯᠠᠨ ᠪᠤᠳᠦᠬᠤ ᠭᠡᠷᠡᠴᠢ ᠪᠠᠷᠢᠮᠲᠠ ᠵᠢᠨ ᠬᠣᠯᠪᠣᠭᠳᠠᠯ ᠪᠦᠬᠦᠢ ᠠᠭᠤᠯᠭ᠎ᠠ᠎ᠲᠠᠢ᠎ᠪᠠᠨ ᠨᠡᠶ᠋ᠢᠴᠡᠭᠰᠡᠨ ᠪᠠᠶ᠋ᠢᠬᠤ᠂ ᠨᠢᠭᠲᠠᠯᠠᠨ ᠪᠤᠳᠦᠯᠲᠠ ᠵᠢᠨ ᠲᠡᠡᠭᠰᠠ ᠬᠠᠷ᠎ᠠ ᠵᠢᠨ ᠬᠣᠭᠣᠷᠣᠨᠳᠣ᠎ᠪᠠᠨ ᠵᠣᠬᠢᠴᠠᠯᠳᠤᠭᠰᠠᠨ ᠲᠡᠮᠳᠡᠭᠯᠡᠯ᠎ᠨᠢ ᠨᠡᠶ᠋ᠢᠴᠡᠭᠰᠡᠨ ᠪᠠᠶ᠋ᠢᠬᠤ᠂ ᠨᠢᠭᠲᠠᠯᠠᠨ ᠪᠤᠳᠦᠬᠤ ᠲᠡᠡᠭᠰᠠ ᠵᠢᠨ ᠲᠡᠮᠳᠡᠭᠯᠡᠯ᠎ᠨᠢ ᠨᠢᠭᠲᠠᠯᠠᠨ ᠪᠤᠳᠦᠭ᠍ᠰᠡᠠ ᠮᠡᠳᠡᠭᠦᠯᠦᠯᠲᠡ ᠵᠢᠨ ᠬᠦᠰᠦᠨᠦᠭᠲᠦ ᠵᠢᠨ ᠬᠣᠯᠪᠣᠭᠳᠠᠯ ᠪᠦᠬᠦᠢ ᠠᠭᠤᠯᠭ᠎ᠠ᠎ᠲᠠᠢ᠎ᠪᠠᠨ ᠨᠡᠶ᠋ᠢᠴᠡᠭᠰᠡᠨ ᠪᠠᠶ᠋ᠢᠬᠤ ᠵᠢ ᠪᠠᠳᠣᠯᠠᠨ᠎ᠠ᠃
ᠠᠷᠪᠠᠨ ᠨᠠᠢ᠍ᠮᠠᠳᠤᠭ᠋ᠠᠷ ᠵᠦᠢ᠍ᠯ᠂ ᠡᠯ᠎ᠡ ᠨᠢᠭᠡᠴᠢ ᠵᠢᠨ ᠬᠡᠷᠡᠭᠵᠢᠭᠦᠯᠬᠦ ᠨᠢᠭᠲᠠᠯᠠᠨ ᠪᠤᠳᠦᠯᠳᠠ ᠵᠢᠨ ᠰᠢᠢ᠍ᠳᠪᠦᠷᠢᠯᠡᠬᠦ ᠠᠷᠭ᠎ᠠ᠎ᠨᠢ ᠠ᠋ᠮᠦᠨ᠎ᠡ ᠬᠣᠶ᠋ᠢᠨᠠᠬᠢ ᠡᠯ᠎ᠡ ᠬᠤᠭᠤᠴᠠᠭ᠋ᠠᠨ᠎ᠳᠤ ᠨᠢᠭᠡᠳᠦᠯᠲᠡᠶ ᠪᠠᠶ᠋ᠢᠬᠤ ᠬᠡᠷᠡᠭᠲᠡᠶ᠂ ᠳᠤᠷ᠎ᠠ᠎ᠪᠠᠷ ᠵᠶ᠋ᠠᠨ ᠬᠤᠪᠢᠷᠠᠭᠤᠯᠵᠤ ᠪᠣᠯᠬᠤ ᠤᠢ᠍ᠭᠡᠢ; ᠦᠨᠡᠨᠬᠦ ᠬᠤᠪᠢᠷᠠᠭᠤᠯᠬᠤ ᠴᠢᠬᠤᠯᠠᠲᠠᠶ ᠪᠠᠶ᠋ᠢᠪᠠᠯ᠂ ᠤᠯᠤᠰ᠎ᠤᠨ ᠨᠢᠭᠡᠳᠦᠯᠲᠡᠶ ᠨᠢᠭᠲᠠᠯᠠᠨ ᠪᠤᠳᠤᠬᠤ ᠲᠦᠷᠢᠮ ᠲᠣᠭᠲᠠᠭ᠋ᠠᠯ ᠵᠶ᠋ᠡᠷ ᠬᠤᠪᠢᠷᠠᠭᠤᠯᠬᠤ ᠪᠥᠭᠡᠳ ᠬᠤᠪᠢᠷᠠᠭᠤᠯᠤᠭᠰᠠᠨ ᠰᠢᠯᠲᠠᠭ᠋ᠠᠨ᠂ ᠪᠠᠶ᠋ᠢᠳᠠᠯ ᠵᠢᠴᠢ ᠨᠥᠯᠥᠭᠡ ᠵᠢ ᠠ᠋ᠳ᠋᠎ᠤᠨ ᠶᠠᠪᠤᠳᠠᠯ᠎ᠤᠨ ᠨᠢᠭᠲᠠᠯᠠᠨ ᠪᠤᠳᠦᠭ᠍ᠰᠡᠠ ᠮᠡᠳᠡᠭᠦᠯᠦᠯᠲᠡ᠎ᠳᠡᠭᠡᠨ ᠲᠣᠳᠣᠷᠬᠠᠶ᠋ᠢᠯᠠᠬᠤ ᠬᠡᠷᠡᠭᠲᠡᠶ᠃
ᠠᠷᠪᠠ ᠶᠢᠰᠦᠳᠦᠭᠡᠷ ᠵᠦᠢ᠍ᠯ᠂ ᠨᠢᠭᠡᠴᠢ ᠵᠢᠨ ᠬᠠᠨᠭ᠌ᠭ᠋ᠠᠭᠰᠠᠨ ᠳᠠᠭ᠋ᠠᠭ᠋ᠠᠯᠲᠠ᠂ ᠲᠠᠰᠤᠯᠤᠭ᠋ᠠᠳᠤᠶ ᠵᠠᠭ᠋ᠠᠯᠳᠤᠯᠭ᠎ᠠ ᠵᠡᠷᠭᠡ ᠵᠦᠢ᠍ᠯ᠎ᠤᠳ᠎ᠢ ᠤᠯᠤᠰ᠎ᠤᠨ ᠨᠢᠭᠲᠠᠯᠠᠨ ᠪᠤᠳᠦᠬᠤ ᠨᠢᠭᠡᠳᠦᠯᠲᠡᠶ ᠲᠤᠢ᠍ᠷᠢᠮ᠎ᠤᠨ ᠲᠣᠭᠲᠠᠭ᠋ᠠᠯ ᠶᠣᠰᠣᠭ᠋ᠠᠷ ᠠ᠋ᠳ᠋᠎ᠤᠨ ᠶᠠᠪᠤᠳᠠᠯ᠎ᠤᠨ ᠨᠢᠭᠲᠠᠯᠠᠨ ᠪᠤᠳᠦᠭ᠍ᠰᠡᠠ ᠮᠡᠳᠡᠭᠦᠯᠦᠯᠲᠡ᠎ᠳᠡᠭᠡᠨ ᠲᠣᠳᠣᠷᠬᠠᠶ᠋ᠢᠯᠠᠬᠤ ᠬᠡᠷᠡᠭᠲᠡᠶ᠃
ᠬᠣᠷᠢᠳᠤᠭ᠋ᠠᠷ ᠵᠦᠢ᠍ᠯ᠂ ᠠ᠋ᠳ᠋᠎ᠤᠨ ᠶᠠᠪᠤᠳᠠᠯ᠎ᠤᠨ ᠨᠢᠭᠲᠠᠯᠠᠨ ᠪᠤᠳᠦᠯᠲᠠ ᠵᠢᠨ ᠮᠡᠳᠡᠭᠦᠯᠦᠯᠲᠡ᠎ᠨᠢ ᠬᠢᠨᠠᠨ ᠬᠠᠷᠭᠤᠭᠤᠯᠤᠭᠰᠠᠨ ᠨᠢᠭᠲᠠᠯᠠᠨ ᠪᠤᠳᠦᠬᠤ ᠲᠡᠡᠭᠰᠠ ᠵᠢᠨ ᠲᠡᠮᠳᠡᠭᠯᠡᠯ ᠪᠣᠯᠤᠨ ᠬᠣᠯᠪᠣᠭᠳᠠᠯ ᠪᠦᠬᠦᠢ ᠮᠠᠲ᠋ᠧᠷᠢᠶᠠᠯ᠎ᠢ ᠦᠨᠳᠦᠰᠦᠯᠡᠨ ᠨᠠᠶ᠋ᠢᠷᠠᠭᠤᠯᠤᠨ ᠵᠣᠬᠢᠶᠠᠵᠦ᠂ ᠲᠤᠰ ᠬᠠᠤᠯᠢ ᠪᠠ ᠤᠯᠤᠰ᠎ᠤᠨ ᠨᠢᠭᠲᠠᠯᠠᠨ ᠪᠤᠳᠦᠬᠤ ᠨᠢᠭᠡᠳᠦᠯᠲᠡᠶ ᠲᠤᠢ᠍ᠷᠢᠮ᠎ᠤᠨ ᠠ᠋ᠳ᠋᠎ᠤᠨ ᠶᠠᠪᠤᠳᠠᠯ᠎ᠤᠨ ᠨᠢᠬᠲᠠᠯᠠᠨ ᠪᠣᠳᠣᠯᠲᠠ ᠵᠢᠨ ᠮᠡᠳᠡᠭᠦᠯᠦᠯᠲᠡ ᠵᠢᠨ ᠨᠠᠢ᠌ᠷᠠᠭᠣᠯᠣᠨ ᠵᠣᠬᠢᠶᠠᠬᠣ ᠱᠠᠭ᠋ᠠᠷᠳᠠᠯᠭ᠎ᠠ᠂ ᠡᠳᠡᠭᠡᠳ ᠪᠣᠯᠤᠨ ᠬᠣᠭᠣᠴᠠᠭ᠎ᠠ ᠬᠠᠩᠭ᠋ᠠᠬᠣ ᠵᠢᠨ ᠲᠤᠬᠠᠶ ᠲᠣᠭᠲᠠᠭ᠋ᠠᠯ᠎ᠳᠤ ᠨᠡᠢ᠌ᠴᠡᠬᠦ ᠬᠡᠷᠡᠭᠲᠡᠢ; ᠪᠤᠰᠤᠳ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠠᠰᠲᠠᠭ᠋ᠠᠨ ᠲᠣᠭᠲᠠᠭ᠋ᠠᠯ᠎ᠲᠠᠢ ᠪᠣᠯ ᠲᠡᠷᠡ ᠲᠣᠭᠲᠠᠭ᠋ᠠᠯ ᠵᠶ᠋ᠠᠷ ᠶᠠᠪᠤᠭᠤᠯᠤᠨ᠎ᠠ᠃
ᠠ᠋ᠳ᠋᠎ᠤᠨ ᠶᠠᠪᠤᠳᠠᠯ᠎ᠤᠨ ᠨᠢᠭᠲᠠᠯᠠᠨ ᠪᠤᠳᠦᠭ᠍ᠰᠡᠠ ᠮᠡᠳᠡᠭᠦᠯᠦᠯᠲᠡ᠎ᠨᠢ ᠨᠢᠭᠲᠠᠯᠠᠨ ᠪᠤᠳᠦᠭ᠍ᠰᠡᠠ ᠮᠡᠳᠡᠭᠦᠯᠦᠯᠲᠡ ᠵᠢᠨ ᠬᠦᠰᠦᠨᠦᠭᠲᠦ᠂ ᠨᠢᠭᠲᠠᠯᠠᠨ ᠪᠤᠳᠦᠭ᠍ᠰᠡᠠ ᠮᠡᠳᠡᠭᠦᠯᠦᠯᠲᠡ ᠵᠢᠨ ᠬᠦᠰᠦᠨᠦᠭᠲᠦ ᠵᠢᠨ ᠲᠠᠶ᠋ᠢᠯᠪᠤᠷᠢ ᠪᠠ ᠠ᠋ᠳ᠋᠎ᠤᠨ ᠶᠠᠪᠤᠳᠠᠯ᠎ᠤᠨ ᠪᠠᠶ᠋ᠢᠳᠠᠯ᠎ᠤᠨ ᠲᠤᠬᠠᠶ ᠲᠣᠳᠣᠷᠬᠠᠶ᠋ᠢᠯᠠᠯᠲᠠ ᠵᠢᠨ ᠪᠢᠴᠢᠭ ᠵᠡᠷᠭᠡ᠎ᠪᠠᠷ ᠪᠦᠷᠢᠯᠳᠦᠨ᠎ᠡ᠃ ᠠᠳᠠᠯᠢ ᠪᠤᠰᠤ ᠵᠢᠨ ᠨᠢᠭᠲᠠᠯᠠᠨ ᠪᠤᠳᠦᠬᠤ ᠮᠠᠲ᠋ᠧᠷᠢᠶᠠᠯ ᠬᠡᠷᠡᠭᠯᠡᠭᠴᠢᠳ᠎ᠲᠤ ᠬᠠᠩᠭ᠋ᠠᠭᠰᠠᠨ ᠠ᠋ᠳ᠋᠎ᠤᠨ ᠶᠠᠪᠤᠳᠠᠯ᠎ᠤᠨ ᠨᠢᠭᠲᠠᠯᠠᠨ ᠪᠤᠳᠤᠯᠳᠠ ᠵᠢᠨ ᠮᠡᠳᠡᠭᠦᠯᠦᠯᠲᠡ ᠵᠢᠨ ᠨᠠᠶ᠋ᠢᠷᠠᠭᠤᠯᠤᠨ ᠵᠣᠬᠢᠶᠠᠭᠰᠠᠨ ᠦᠨᠳᠦᠰᠦ ᠪᠠᠷᠢᠮᠲᠠ᠎ᠨᠢ ᠠᠳᠠᠯᠢ ᠪᠠᠶ᠋ᠢᠬᠤ ᠬᠡᠷᠡᠭᠲᠡᠶ᠃ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠨᠢᠭᠲᠠᠯᠠᠨ ᠪᠤᠳᠤᠬᠤ ᠮᠡᠳᠡᠭᠦᠯᠦᠯᠲᠡ ᠵᠢᠨ ᠬᠦᠰᠦᠨᠦᠭᠲᠦ᠂ ᠨᠢᠭᠲᠠᠯᠠᠨ ᠪᠤᠳᠦᠭ᠍ᠰᠡᠠ ᠮᠡᠳᠡᠭᠦᠯᠦᠯᠲᠡ ᠵᠢᠨ ᠬᠦᠰᠦᠨᠦᠭᠲᠦ ᠵᠢᠨ ᠲᠠᠶ᠋ᠢᠯᠪᠤᠷᠢ ᠪᠠ ᠠ᠋ᠳ᠋᠎ᠤᠨ ᠶᠠᠪᠤᠳᠠᠯ᠎ᠤᠨ ᠪᠠᠶ᠋ᠢᠳᠠᠯ᠎ᠤᠨ ᠲᠤᠬᠠᠶ ᠲᠣᠳᠣᠷᠬᠠᠶ᠋ᠢᠯᠠᠯᠲᠠ ᠵᠢᠨ ᠪᠢᠴᠢᠭ᠎ᠨᠢ ᠡᠷᠬᠡᠪᠰᠢ ᠳᠠᠩᠰᠠᠯᠠᠭᠤᠯᠤᠭᠰᠠᠨ ᠨᠢᠭᠲᠠᠯᠠᠨ ᠪᠤᠳᠦᠬ᠍ᠴᠢᠪᠠᠷ ᠨᠢᠭᠲᠠᠯᠠᠨ ᠪᠠᠶ᠋ᠢᠴᠠᠭ᠋ᠠᠯᠭ᠋ᠠᠬᠤ ᠬᠡᠷᠡᠭᠲᠡᠶ ᠪᠠᠢ᠌ᠪᠠᠯ᠂ ᠳᠠᠩᠰᠠᠯᠠᠭᠤᠯᠤᠭᠰᠠᠨ ᠨᠢᠭᠲᠠᠯᠠᠨ ᠪᠤᠳᠦᠬ᠍ᠴᠢ ᠬᠢᠭᠡᠳ ᠲᠡᠭᠦᠨ᠎ᠤ ᠪᠠᠶ᠋ᠢᠭ᠎ᠠ ᠨᠢᠭᠲᠠᠯᠠᠨ ᠪᠤᠳᠤᠭᠴᠢ ᠵᠢᠨ ᠬᠡᠷᠡᠭ ᠠ᠋ᠷᠬᠢᠯᠡᠬᠦ ᠭᠠᠵᠠᠷ᠎ᠤᠨ ᠭᠠᠷᠭ᠋ᠠᠭᠰᠠᠨ ᠨᠢᠭᠲᠠᠯᠠᠨ ᠪᠠᠶ᠋ᠢᠴᠠᠭ᠋ᠠᠭᠰᠠᠨ ᠮᠡᠳᠡᠭᠦᠯᠦᠯᠲᠡ᠎ᠨᠢ ᠠ᠋ᠳ᠋᠎ᠤᠨ ᠶᠠᠪᠤᠳᠠᠯ᠎ᠤᠨ ᠨᠢᠭᠲᠠᠯᠠᠨ ᠪᠤᠳᠦᠭ᠍ᠰᠡᠠ ᠮᠡᠳᠡᠭᠦᠯᠦᠯᠲᠡ᠎ᠲᠠᠢ ᠴᠤᠬᠲᠤ᠎ᠨᠢ ᠬᠠᠩᠭ᠋ᠠᠬᠤ ᠬᠡᠷᠡᠭᠲᠡᠶ᠃
ᠬᠣᠷᠢᠨ ᠨᠢᠭᠡᠳᠦᠭᠡᠷ ᠵᠦᠢ᠍ᠯ᠂ ᠠ᠋ᠳ᠋᠎ᠤᠨ ᠶᠠᠪᠤᠳᠠᠯ᠎ᠤᠨ ᠨᠢᠭᠲᠠᠯᠠᠨ ᠪᠤᠳᠦᠭ᠍ᠰᠡᠠ ᠮᠡᠳᠡᠭᠦᠯᠦᠯᠲᠡ᠎ᠳᠤ ᠨᠢᠭᠡᠴᠢ ᠵᠢᠨ ᠬᠠᠷᠢᠭᠤᠴᠠᠯᠭ᠋ᠠᠲᠠᠨ ᠪᠠ ᠨᠢᠭᠲᠠᠯᠠᠨ ᠪᠤᠳᠦᠬᠤ ᠠᠵᠢᠯ᠎ᠢ ᠠ᠋ᠷᠬᠢᠯᠡᠠ ᠬᠠᠮᠢᠶᠠᠷᠴᠤ ᠪᠠᠶ᠋ᠢᠭ᠎ᠠ ᠬᠠᠷᠢᠭᠤᠴᠠᠯᠭ᠋ᠠᠲᠠᠨ᠂ ᠨᠢᠭᠲᠠᠯᠠᠨ ᠪᠤᠳᠦᠬᠤ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ (ᠨᠢᠭᠲᠠᠯᠠᠨ ᠪᠤᠳᠦᠬᠤ ᠠᠵᠢᠯ᠎ᠤᠨ ᠠ᠋ᠷᠬᠢᠯᠡᠠ ᠬᠠᠮᠢᠶᠠᠷᠤᠭᠴᠢ) ᠭᠠᠷᠤᠨ ᠤᠢ᠍ᠰᠦᠭ ᠵᠢᠷᠤᠵᠤ ᠲᠠᠮᠠᠭ᠎ᠠ᠎ᠪᠠᠨ ᠳᠠᠷᠤᠬᠤ ᠬᠡᠷᠡᠭᠲᠡᠶ; ᠶᠡᠷᠦᠩᠬᠡᠶ ᠨᠢᠭᠲᠠᠯᠠᠨ ᠪᠤᠳᠤᠬ᠍ᠴᠢ ᠳᠣᠬᠢᠷᠠᠭᠣᠯᠣᠬᠰᠡᠨ ᠨᠢᠭᠡᠴᠢ᠎ᠨᠢ ᠡᠷᠬᠡᠪᠰᠢ ᠶᠡᠷᠦᠩᠬᠡᠶ ᠨᠢᠭᠲᠠᠯᠠᠨ ᠪᠤᠳᠤᠬ᠍ᠴᠢᠪᠠᠷ ᠭᠠᠷᠤᠨ ᠤᠢ᠍ᠰᠦᠭ ᠵᠢᠷᠤᠵᠤ ᠲᠠᠮᠠᠭ᠎ᠠ ᠳᠠᠷᠤᠬᠤ ᠬᠡᠷᠡᠭᠲᠡᠶ᠃
ᠨᠢᠭᠡᠴᠢ ᠵᠢᠨ ᠬᠠᠷᠢᠭᠤᠴᠠᠯᠭ᠋ᠠᠲᠠᠨ᠎ᠨᠢ ᠠ᠋ᠳ᠋᠎ᠤᠨ ᠶᠠᠪᠤᠳᠠᠯ᠎ᠤᠨ ᠨᠢᠭᠲᠠᠯᠠᠨ ᠪᠤᠳᠦᠭ᠍ᠰᠡᠠ ᠮᠡᠳᠡᠭᠦᠯᠦᠯᠲᠡ ᠵᠢᠨ ᠦᠨᠡᠨ ᠪᠣᠳᠠᠲᠠᠶ᠂ ᠪᠦᠷᠢᠨ ᠪᠦᠲᠦᠨ ᠪᠠᠶ᠋ᠢᠬᠤ ᠵᠢ ᠪᠠᠲᠤᠯᠠᠬᠤ ᠬᠡᠷᠡᠭᠲᠡᠶ᠃
ᠬᠣᠷᠢᠨ ᠬᠣᠶᠠᠳᠤᠭ᠋ᠠᠷ ᠵᠦᠢ᠍ᠯ᠂ ᠨᠢᠭᠲᠠᠯᠠᠨ ᠪᠤᠳᠦᠬᠤ ᠲᠡᠮᠳᠡᠭᠯᠡᠯ ᠬᠢᠬᠦ᠎ᠳᠡᠭᠡᠨ ᠬᠢᠲᠠᠳ ᠤᠢ᠍ᠰᠦᠭ ᠪᠢᠴᠢᠭ᠎ᠢ ᠬᠡᠷᠡᠭᠯᠡᠬᠦ ᠬᠡᠷᠡᠭᠲᠡᠶ᠃ ᠦᠨᠳᠦᠰᠦᠲᠡᠨ᠎ᠤ ᠥᠪᠡᠷᠲᠡᠭᠡᠨ ᠵᠠᠰᠠᠬᠤ ᠭᠠᠵᠠᠷ ᠣᠷᠣᠨ᠎ᠳᠤ ᠨᠢᠭᠲᠠᠯᠠᠨ ᠪᠤᠳᠦᠬᠤ ᠲᠡᠮᠳᠡᠭᠯᠡᠯ ᠬᠢᠬᠦ᠎ᠳᠡᠭᠡᠨ ᠲᠤᠰ ᠭᠠᠵᠠᠷ ᠣᠷᠣᠨ᠎ᠳᠤ ᠨᠡᠶ᠋ᠢᠳᠡᠮ ᠬᠡᠷᠡᠭᠯᠡᠭᠳᠡᠬᠦ ᠨᠢᠭᠡ ᠵᠦᠢ᠍ᠯ᠎ᠤᠨ ᠦᠨᠳᠦᠰᠦᠲᠡᠨ᠎ᠤ ᠤᠢ᠍ᠰᠦᠭ ᠪᠢᠴᠢᠭ᠎ᠢ ᠬᠠᠮᠲᠤᠳᠤᠨᠢ ᠬᠡᠷᠡᠭᠯᠡᠵᠦ ᠪᠣᠯᠤᠨ᠎ᠠ᠃ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠵᠢᠨ ᠳᠣᠲᠣᠷ᠎ᠠ ᠪᠠᠶ᠋ᠢᠭ᠎ᠠ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠂ ᠭᠠᠳᠠᠭ᠋ᠠᠳᠤ ᠵᠢᠨ ᠠᠵᠤ ᠠᠬᠤᠶ᠋ᠢᠯᠠᠯ ᠪᠠ ᠭᠠᠳᠠᠭ᠋ᠠᠳᠤ ᠵᠢᠨ ᠪᠤᠰᠤᠳ ᠵᠣᠬᠢᠶᠠᠨ ᠪᠠᠶ᠋ᠢᠭᠤᠯᠤᠯᠲᠠ᠎ᠨᠢ ᠨᠢᠭᠲᠠᠯᠠᠨ ᠪᠤᠳᠦᠬᠤ ᠲᠡᠮᠳᠡᠭᠯᠡᠯ ᠬᠢᠬᠦ ᠳᠡᠭᠡᠨ ᠨᠢᠭᠡ ᠵᠦᠢ᠍ᠯ᠎ᠤᠨ ᠭᠠᠳᠠᠭ᠋ᠠᠳᠤ ᠤᠯᠤᠰ᠎ᠤᠨ ᠤᠢ᠍ᠰᠦᠭ ᠪᠢᠴᠢᠭ᠎ᠢ ᠵᠡᠷᠭᠡ᠎ᠪᠡᠷ ᠬᠡᠷᠡᠭᠯᠡᠵᠦ ᠪᠣᠯᠤᠨ᠎ᠠ᠃
ᠬᠣᠷᠢᠨ ᠭᠤᠷᠪᠠᠳᠤᠭ᠋ᠠᠷ ᠵᠦᠢ᠍ᠯ᠂ ᠡᠯ᠎ᠡ ᠨᠢᠭᠡᠴᠢ ᠵᠢᠨ᠎ᠬᠢᠨ ᠨᠢᠭᠲᠠᠯᠠᠨ ᠪᠤᠳᠦᠬᠤ ᠭᠡᠷᠡᠴᠢ ᠪᠠᠷᠢᠮᠲᠠ᠂ ᠨᠢᠭᠲᠠᠯᠠᠨ ᠪᠤᠳᠦᠬᠤ ᠵᠢᠨ ᠲᠡᠡᠭᠰᠠ ᠳᠡᠪᠲᠡᠷ᠂ ᠠ᠋ᠳ᠋᠎ᠤᠨ ᠶᠠᠪᠤᠳᠠᠯ᠎ᠤᠨ ᠨᠢᠭᠲᠠᠯᠠᠨ ᠪᠤᠳᠦᠭ᠍ᠰᠡᠠ ᠮᠡᠳᠡᠭᠦᠯᠦᠯᠲᠡ ᠪᠠ ᠨᠢᠭᠲᠠᠯᠠᠨ ᠪᠤᠳᠦᠬᠤ ᠪᠤᠰᠤᠳ ᠮᠠᠲ᠋ᠧᠷᠢᠶᠠᠯ᠎ᠳᠤ ᠲᠡᠡᠭᠰᠠ ᠡᠪᠬᠡᠮᠡᠯ ᠪᠠᠶ᠋ᠢᠭᠤᠯᠤᠨ᠂ ᠰᠠᠶ᠋ᠢᠲᠤᠷ ᠬᠠᠳᠠᠭ᠋ᠠᠯᠠᠬᠣ ᠬᠡᠷᠡᠭᠲᠡᠢ᠃ ᠨᠢᠭᠲᠠᠯᠠᠨ ᠪᠤᠳᠦᠬᠤ ᠲᠡᠡᠭᠰᠠ ᠡᠪᠬᠡᠮᠡᠯ᠎ᠢ ᠬᠠᠳᠠᠭ᠋ᠠᠯᠠᠬᠤ ᠬᠤᠭᠤᠴᠠᠭ᠎ᠠ ᠪᠣᠯᠤᠨ ᠤᠰᠠᠳᠬᠠᠬᠤ ᠠᠷᠭ᠎ᠠ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠣᠭᠲᠠᠭ᠋ᠠᠨ᠎ᠠ᠃
ᠭᠤᠷᠪᠠᠳᠤᠭ᠋ᠠᠷ ᠪᠦᠯᠦᠭ ᠺᠣᠮᠫᠠᠨᠢ᠂ ᠠᠵᠤ ᠠᠬᠤᠶ᠋ᠢᠯᠠᠯ᠎ᠤᠨ ᠨᠢᠭᠲᠠᠯᠠᠨ ᠪᠤᠳᠦᠬᠤ ᠲᠣᠭ᠋ᠠᠴᠠᠭ᠋ᠠᠯᠠᠯᠲᠠ ᠵᠢᠨ ᠤᠨᠴᠠᠭ᠋ᠠᠢ ᠲᠣᠭᠲᠠᠭ᠋ᠠᠯ
ᠬᠣᠷᠢᠨ ᠳᠥᠷᠪᠡᠳᠦᠭᠡᠷ ᠵᠦᠢ᠍ᠯ᠂ ᠺᠣᠮᠫᠠᠨᠢ᠂ ᠠᠵᠤ ᠠᠬᠤᠶ᠋ᠢᠯᠠᠯ᠎ᠨᠢ ᠨᠢᠭᠲᠠᠯᠠᠨ ᠪᠤᠳᠦᠬᠤ ᠲᠣᠭ᠋ᠠᠴᠠᠭ᠋ᠠᠯᠠᠯᠲᠠ ᠬᠢᠬᠦ᠎ᠳᠡᠭᠡᠨ ᠲᠤᠰ ᠬᠠᠤᠯᠢ ᠵᠢᠨ ᠬᠣᠶᠠᠳᠤᠭ᠋ᠠᠷ ᠪᠦᠯᠦᠭ᠎ᠤᠨ ᠲᠣᠭᠲᠠᠭ᠋ᠠᠯ᠎ᠢ ᠵᠢᠷᠤᠮᠯᠠᠬᠤ᠎ᠠᠴᠠ ᠭᠠᠳᠠᠨ᠎ᠠ ᠪᠠᠰᠠ ᠲᠤᠰ ᠪᠦᠯᠦᠭ᠎ᠤᠨ ᠲᠣᠭᠲᠠᠭ᠋ᠠᠯ᠎ᠤᠳ᠎ᠢ ᠵᠢᠷᠤᠮᠯᠠᠬᠤ ᠬᠡᠷᠡᠭᠲᠡᠶ᠃
ᠬᠣᠷᠢᠨ ᠲᠠᠪᠤᠳᠤᠭ᠋ᠠᠷ ᠵᠦᠢ᠍ᠯ᠂ ᠺᠣᠮᠫᠠᠨᠢ᠂ ᠠᠵᠤ ᠠᠬᠤᠶ᠋ᠢᠯᠠᠯ᠎ᠨᠢ ᠠ᠋ᠷᠬᠡᠪᠰᠢ ᠪᠣᠳᠠᠲᠠᠶ ᠠ᠋ᠭᠦᠰᠦᠭᠰᠡᠨ ᠠᠵᠤ ᠠᠬᠤᠶ ᠵᠢᠨ ᠲᠤᠬᠠᠶ᠋ᠢᠯᠠᠭᠰᠠᠨ ᠠᠵᠢᠯ᠎ᠤᠨ ᠵᠦᠢ᠍ᠯ᠎ᠤᠳ᠎ᠢ ᠦᠨᠳᠦᠰᠦᠯᠡᠵᠦ᠂ ᠤᠯᠤᠰ᠎ᠤᠨ ᠨᠢᠭᠲᠠᠯᠠᠨ ᠪᠤᠳᠦᠬᠤ ᠨᠢᠭᠡᠳᠦᠯᠲᠡᠶ ᠲᠤᠢ᠍ᠷᠢᠮ᠎ᠤᠨ ᠲᠣᠭᠲᠠᠭ᠋ᠠᠯ ᠶᠣᠰᠣᠭ᠋ᠠᠷ ᠨᠤᠲᠠᠯᠠᠬᠤ᠂ ᠡᠳ᠋ ᠬᠦᠷᠦᠩᠭᠡ ᠲᠡᠮᠳᠡᠭᠯᠡᠬᠦ ᠪᠠ ᠬᠡᠮᠵᠢᠨ ᠪᠣᠳᠣᠬᠣ᠂ ᠥᠷᠢᠲᠦᠬᠦ᠂ ᠥᠮᠴᠢᠯᠡᠭᠴᠢ ᠵᠢᠨ ᠠ᠋ᠷᠬᠡ ᠠᠰᠢᠭ᠂ ᠣᠷᠣᠯᠠᠭᠠ᠂ ᠵᠠᠷᠤᠳᠠᠯ᠂ ᠥᠪᠡᠷ᠎ᠤᠨ ᠦᠷᠳᠡᠭ ᠪᠠ ᠠᠰᠢᠭ ᠬᠣᠨᠵᠢᠪᠣᠷᠢ ᠣᠯᠬᠣ᠃
ᠬᠣᠷᠢᠨ ᠵᠢᠷᠭᠤᠳᠤᠭ᠋ᠠᠷ ᠵᠦᠢ᠍ᠯ᠂ ᠺᠣᠮᠫᠠᠨᠢ᠂ ᠠᠵᠤ ᠠᠬᠤᠶ᠋ᠢᠯᠠᠯ ᠨᠢᠭᠲᠠᠯᠠᠨ ᠪᠤᠳᠦᠬᠤ ᠲᠣᠭ᠋ᠠᠴᠠᠭ᠋ᠠᠯᠠᠯᠲᠠ ᠬᠢᠬᠦ᠎ᠳᠡᠭᠡᠨ ᠳᠣᠣᠷ᠎ᠠ ᠵᠢᠭᠰᠠᠭ᠋ᠠᠭᠰᠠᠨ ᠠᠵᠢᠯᠯᠠᠭ᠎ᠠ᠎ᠨᠤᠭᠤᠳ᠎ᠢ ᠬᠢᠵᠦ ᠪᠣᠯᠬᠤ ᠤᠢ᠍ᠭᠡᠢ᠄
(ᠨᠢᠭᠡ) ᠪᠡᠯᠠ ᠬᠦᠷᠦᠩᠭᠡ᠂ ᠥᠷᠢ ᠰᠢᠷᠢ᠂ ᠥᠮᠴᠢᠯᠡᠭᠴᠢ ᠵᠢᠨ ᠠ᠋ᠷᠬᠡ ᠠᠰᠢᠭ᠎ᠢ ᠮᠠᠭ᠋ᠠᠳᠯᠠᠬᠤ ᠪᠠᠷᠢᠮᠵᠢᠶ᠎ᠠ ᠪᠤᠶᠤ ᠪᠤᠳᠦᠬᠤ ᠠᠷᠭ᠎ᠠ ᠵᠢ ᠳᠤᠷ᠎ᠠ᠎ᠪᠠᠷ ᠵᠶ᠋ᠠᠨ ᠬᠤᠪᠢᠷᠠᠭᠤᠯᠵᠤ᠂ ᠪᠡᠯᠠ ᠬᠦᠷᠦᠩᠭᠡ᠂ ᠥᠷᠢ ᠰᠢᠷᠢ᠂ ᠥᠮᠴᠢᠯᠡᠭᠴᠢ ᠵᠢᠨ ᠠ᠋ᠷᠬᠡ ᠠᠰᠢᠭ᠎ᠢ ᠬᠤᠳᠠᠯ ᠵᠶ᠋ᠠᠷ ᠪᠢᠴᠢᠬᠦ᠂ ᠢᠯᠡᠭᠦᠦ ᠪᠢᠴᠢᠬᠦ᠂ ᠪᠢᠴᠢᠬᠦ ᠤᠢ᠍ᠭᠡᠢ ᠪᠤᠶᠤ ᠳᠤᠲᠠᠭᠤ ᠪᠢᠴᠢᠬᠦ;
(ᠬᠣᠶᠠᠷ) ᠣᠷᠣᠯᠭ᠎ᠠ᠎ᠪᠠᠨ ᠬᠤᠳᠠᠯ ᠵᠶ᠋ᠠᠷ ᠪᠢᠴᠢᠬᠦ ᠪᠤᠶᠤ ᠨᠢᠭᠤᠨ ᠳᠠᠯᠳᠠᠯᠠᠵᠤ᠂ ᠣᠷᠣᠯᠭ᠎ᠠ᠎ᠪᠠᠨ ᠬᠣᠶ᠋ᠢᠰᠢᠯᠠᠭᠤᠯᠤᠨ ᠮᠠᠭ᠋ᠠᠳᠯᠠᠬᠤ ᠪᠤᠶᠤ ᠤᠷᠢᠳᠴᠢᠯᠠᠨ ᠮᠠᠭ᠋ᠠᠳᠯᠠᠬᠤ;
(ᠭᠤᠷᠪᠠ) ᠵᠠᠷᠤᠳᠠᠯ᠂ ᠥᠪᠡᠷ᠎ᠤᠨ ᠤᠢ᠍ᠷᠳᠡᠭᠢ ᠮᠠᠭ᠋ᠠᠳᠯᠠᠬᠤ ᠪᠠᠷᠢᠮᠵᠢᠶ᠎ᠠ ᠪᠤᠶᠤ ᠪᠤᠳᠦᠬᠤ ᠠᠷᠭ᠎ᠠ ᠵᠢ ᠳᠤᠷ᠎ᠠ᠎ᠪᠠᠷ ᠵᠶ᠋ᠠᠨ ᠬᠤᠪᠢᠷᠠᠭᠤᠯᠵᠤ᠂ ᠵᠠᠷᠤᠳᠠᠯ᠂ ᠥᠪᠡᠷ᠎ᠤᠨ ᠤᠢ᠍ᠷᠳᠡᠭᠢ ᠬᠤᠳᠠᠯ ᠵᠶ᠋ᠠᠷ ᠪᠢᠴᠢᠬᠦ᠂ ᠢᠯᠡᠭᠦᠦ ᠪᠢᠴᠢᠬᠦ᠂ ᠪᠢᠴᠢᠬᠦ ᠤᠢ᠍ᠭᠡᠢ ᠪᠤᠶᠤ ᠳᠤᠲᠠᠭᠤ ᠪᠢᠴᠢᠬᠦ;
(ᠲᠤᠢ᠍ᠷᠪᠡ) ᠠᠰᠢᠭ ᠬᠣᠨᠵᠢᠪᠣᠷᠢ ᠵᠢ ᠪᠤᠳᠦᠬᠤ ᠪᠠ ᠬᠤᠪᠢᠶᠠᠷᠢᠯᠠᠬᠤ ᠠᠷᠭ᠎ᠠ ᠵᠢ ᠳᠤᠷ᠎ᠠ᠎ᠪᠠᠷ ᠵᠶ᠋ᠠᠨ ᠲᠣᠬᠢᠷᠠᠭᠤᠯᠵᠤ᠂ ᠬᠤᠳᠠᠯ ᠠᠰᠢᠭ ᠬᠣᠨᠵᠢᠪᠣᠷᠢ ᠵᠣᠬᠢᠶᠠᠬᠤ ᠪᠤᠶᠤ ᠠᠰᠢᠭ ᠬᠣᠨᠵᠢᠪᠣᠷᠢ᠎ᠪᠠᠨ ᠨᠢᠭᠤᠵᠤ ᠳᠠᠯᠳᠠᠯᠠᠬᠤ;
(ᠲᠠᠪᠤ) ᠤᠯᠤᠰ᠎ᠤᠨ ᠨᠢᠭᠲᠠᠯᠠᠨ ᠪᠤᠳᠦᠬᠤ ᠨᠢᠭᠡᠳᠦᠯᠲᠡᠶ ᠲᠤᠢ᠍ᠷᠢᠮ᠎ᠤᠨ ᠲᠣᠭᠲᠠᠭ᠋ᠠᠯ᠎ᠢ ᠵᠥᠷᠢᠴᠡᠭᠰᠡᠨ ᠪᠤᠰᠤᠳ ᠠᠵᠢᠯᠯᠠᠭ᠎ᠠ᠎ᠨᠤᠭᠤᠳ᠃
ᠳᠥᠷᠪᠡᠳᠦᠭᠡᠷ ᠪᠦᠯᠦᠭ ᠨᠢᠭᠲᠠᠯᠠᠨ ᠪᠤᠳᠦᠬᠤ ᠬᠢᠨᠠᠯᠲᠠ
ᠬᠣᠷᠢᠨ ᠳᠣᠯᠣᠳᠤᠭ᠋ᠠᠷ ᠵᠦᠢ᠍ᠯ᠂ ᠡᠯ᠎ᠡ ᠨᠢᠭᠡᠴᠢ᠎ᠨᠦᠭᠦᠳ ᠨᠢᠭᠡᠴᠢ ᠵᠢᠨ ᠳᠣᠲᠣᠭ᠋ᠠᠳᠤ ᠵᠢᠨ ᠨᠢᠭᠲᠠᠯᠠᠨ ᠪᠤᠳᠦᠬᠤ ᠬᠢᠨᠠᠯᠲᠠ ᠵᠢᠨ ᠲᠤᠢ᠍ᠷᠢᠮ᠎ᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠶ᠃ ᠨᠢᠭᠡᠴᠢ ᠵᠢᠨ ᠳᠣᠲᠣᠭ᠋ᠠᠳᠤ ᠵᠢᠨ ᠨᠢᠭᠲᠠᠯᠠᠨ ᠪᠤᠳᠦᠬᠤ ᠬᠢᠨᠠᠯᠲᠠ ᠵᠢᠨ ᠲᠤᠢ᠍ᠷᠢᠮ᠎ᠨᠢ ᠳᠣᠣᠷ᠎ᠠ ᠵᠢᠭᠰᠠᠭ᠋ᠠᠭᠰᠠᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠄
(ᠨᠢᠭᠡ) ᠳᠠᠩᠰᠠᠯᠠᠬᠤ ᠠᠵᠢᠯᠳᠠᠨ ᠬᠢᠭᠡᠳ ᠠᠵᠤ ᠠᠬᠤᠶ ᠵᠢᠨ ᠲᠤᠬᠠᠶ᠋ᠢᠯᠠᠭᠰᠠᠨ ᠠᠵᠢᠯ᠎ᠤᠨ ᠵᠦᠢ᠍ᠯ᠎ᠤᠳ ᠪᠣᠯᠤᠨ ᠨᠢᠭᠲᠠᠯᠠᠨ ᠪᠤᠳᠦᠬᠤ ᠠᠵᠢᠯ᠎ᠤᠨ ᠵᠦᠢ᠍ᠯ᠎ᠤᠳ᠎ᠢ ᠬᠢᠨᠠᠨ ᠵᠥᠪᠰᠢᠶᠡᠷᠡᠭᠴᠢ᠂ ᠭᠠᠷᠳᠠᠨ ᠬᠢᠭᠴᠢ᠂ ᠠ᠋ᠳ᠋ ᠮᠥᠩᠭᠥᠨ᠎ᠤ ᠬᠠᠮᠢᠶᠠᠷᠤᠭᠴᠢ ᠵᠢᠨ ᠲᠤᠰᠢᠶᠠᠯ ᠬᠠᠷᠢᠭᠤᠴᠠᠯᠭ᠎ᠠ ᠠ᠋ᠷᠬᠡ ᠵᠢᠨ ᠬᠡᠪᠴᠢᠶ᠎ᠡ ᠵᠢ ᠲᠣᠳᠣᠷᠬᠠᠶ ᠪᠣᠯᠭ᠋ᠠᠬᠤ ᠬᠡᠷᠡᠭᠲᠡᠶ ᠪᠥᠭᠡᠳ ᠬᠣᠭᠣᠷᠣᠨᠳᠣ᠎ᠨᠢ ᠰᠠᠯᠭ᠋ᠠᠵᠤ᠂ ᠬᠠᠷᠢᠯᠴᠠᠨ ᠬᠢᠵᠠᠭ᠋ᠠᠷᠯᠠᠬᠤ ᠬᠡᠷᠡᠭᠲᠡᠢ;
(ᠬᠣᠶᠠᠷ) ᠭᠠᠳᠠᠭ᠋ᠠᠳᠤ᠎ᠳᠤ ᠭᠠᠷᠭ᠋ᠠᠬᠣ ᠴᠢᠬᠤᠯᠠ ᠶᠡᠬᠡ ᠪᠡᠯᠠ ᠣᠷᠣᠭᠤᠯᠤᠯᠲᠠ᠂ ᠪᠡᠯᠠ ᠬᠦᠷᠦᠩᠭᠡ ᠵᠢᠨ ᠰᠢᠢ᠍ᠳᠪᠦᠷᠢᠯᠡᠯᠲᠡ᠂ ᠵᠣᠭᠣᠰ ᠮᠥᠩᠭᠥ ᠵᠢᠨ ᠲᠤᠬᠢᠷᠡᠭᠤᠯᠦᠯᠳᠠ ᠪᠠ ᠠᠵᠤ ᠠᠬᠤᠶ ᠵᠢᠨ ᠪᠤᠰᠤᠳ ᠴᠢᠬᠤᠯᠠ ᠶᠡᠬᠡ ᠲᠤᠬᠠᠶ᠋ᠢᠯᠠᠭᠰᠠᠨ ᠠᠵᠢᠯ᠎ᠤᠨ ᠵᠦᠢ᠍ᠯ᠎ᠤᠳ᠎ᠤᠨ ᠲᠤᠬᠠᠶ ᠰᠢᠢ᠍ᠳᠪᠦᠷᠢᠲᠦ ᠪᠤᠳᠦᠯᠭ᠎ᠠ ᠪᠠ ᠲᠡᠭᠦᠨ᠎ᠢ ᠬᠡᠷᠡᠭᠵᠢᠭᠦᠯᠬᠦ ᠵᠢᠨ ᠬᠠᠷᠢᠯᠴᠠᠨ ᠬᠢᠨᠠᠯᠲᠠ ᠲᠠᠯᠪᠢᠵᠤ᠂ ᠬᠠᠷᠢᠯᠴᠠᠨ ᠬᠢᠵᠠᠭ᠋ᠠᠷᠯᠠᠬᠤ ᠶᠠᠪᠣᠴᠠ ᠵᠢ ᠲᠣᠳᠣᠷᠬᠠᠶ ᠪᠣᠯᠭ᠋ᠠᠬᠤ ᠬᠡᠷᠡᠭᠲᠡᠶ;
(ᠭᠤᠷᠪᠠ) ᠠ᠋ᠳ᠋ ᠮᠥᠩᠭᠥ ᠵᠢ ᠲᠣᠳᠣᠷᠬᠠᠶ᠋ᠢᠯᠠᠨ ᠪᠠᠶ᠋ᠢᠴᠠᠭ᠋ᠠᠬᠤ ᠬᠡᠪᠴᠢᠶ᠎ᠡ᠂ ᠬᠤᠭᠤᠴᠠᠭ᠎ᠠ ᠪᠠ ᠵᠣᠬᠢᠶᠠᠨ ᠪᠠᠶ᠋ᠢᠭᠤᠯᠬᠤ ᠶᠠᠪᠣᠴᠠ ᠵᠢ ᠲᠣᠳᠣᠷᠬᠠᠶ ᠪᠣᠯᠭ᠋ᠠᠬᠤ ᠬᠡᠷᠡᠭᠲᠡᠶ;
(ᠲᠤᠢ᠍ᠷᠪᠡ) ᠨᠢᠭᠲᠠᠯᠠᠨ ᠪᠤᠳᠦᠬᠤ ᠮᠠᠲ᠋ᠧᠷᠢᠶᠠᠯ᠎ᠢ᠎ᠳᠠᠭᠠᠨ ᠲᠣᠭᠲᠠᠮᠠᠯ ᠬᠤᠭᠤᠴᠠᠭ᠎ᠠ᠎ᠲᠠᠢ᠎ᠪᠠᠷ ᠳᠣᠲᠣᠭ᠋ᠠᠳᠤ ᠵᠢᠨ ᠨᠢᠭᠲᠠᠯᠠᠨ ᠪᠠᠶ᠋ᠢᠴᠠᠭ᠋ᠠᠬᠤ ᠠᠷᠭ᠎ᠠ ᠪᠠ ᠶᠠᠪᠣᠴᠠ ᠵᠢ ᠲᠣᠳᠣᠷᠬᠠᠶ ᠪᠣᠯᠭ᠋ᠠᠬᠤ ᠬᠡᠷᠡᠭᠲᠡᠶ᠃
ᠬᠣᠷᠢᠨ ᠨᠠᠢ᠍ᠮᠠᠳᠤᠭ᠋ᠠᠷ ᠵᠦᠢ᠍ᠯ᠂ ᠨᠢᠭᠡᠴᠢ ᠵᠢᠨ ᠬᠠᠷᠢᠭᠤᠴᠠᠯᠭ᠋ᠠᠲᠠᠨ᠎ᠨᠢ ᠨᠢᠭᠲᠠᠯᠠᠨ ᠪᠤᠳᠦᠬᠤ ᠪᠠᠶ᠋ᠢᠭᠤᠯᠤᠮᠵᠢ᠂ ᠨᠢᠭᠲᠠᠯᠠᠨ ᠪᠤᠳᠤᠬᠤ ᠠᠵᠢᠯᠲᠠᠳ᠎ᠤᠨ ᠬᠠᠤᠯᠢ ᠶᠣᠰᠣᠭ᠋ᠠᠷ ᠠ᠋ᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠬᠦ ᠵᠢ ᠪᠠᠲᠤᠯᠠᠬᠤ ᠬᠡᠷᠡᠭᠲᠡᠶ᠂ ᠰᠠᠨᠠᠭ᠎ᠠ ᠳᠣᠬᠢᠨ᠂ ᠥᠳᠥᠭᠡᠬᠦ᠂ ᠠᠯᠪᠡᠳᠡᠠ ᠵᠠᠷᠯᠢᠭᠳᠠᠵᠤ ᠪᠠᠶ᠋ᠢᠭ᠋ᠠᠳ ᠨᠢᠭᠲᠠᠯᠠᠨ ᠪᠤᠳᠤᠬᠤ ᠪᠠᠶ᠋ᠢᠭᠤᠯᠤᠮᠵᠢ᠂ ᠨᠢᠭᠲᠠᠯᠠᠨ ᠪᠤᠳᠤᠬᠤ ᠠᠵᠢᠯᠳᠠᠨ᠎ᠢ ᠬᠠᠤᠯᠢ ᠵᠥᠷᠢᠴᠡᠨ ᠨᠢᠬᠲᠠᠯᠠᠨ ᠪᠣᠳᠣᠬᠣ ᠵᠦᠢ᠍ᠯᠡᠰ᠎ᠢ ᠰᠢᠢ᠍ᠳᠪᠦᠷᠢᠯᠡᠭᠦᠯᠵᠦ ᠪᠣᠯᠬᠣ ᠦᠭᠡᠢ᠃
ᠨᠢᠭᠲᠠᠯᠠᠨ ᠪᠤᠳᠦᠬᠤ ᠪᠠᠶ᠋ᠢᠭᠤᠯᠤᠮᠵᠢ ᠪᠠ ᠨᠢᠭᠲᠠᠯᠠᠨ ᠪᠤᠳᠦᠬᠤ ᠠᠵᠢᠯᠲᠠᠳ᠎ᠠᠴᠠ ᠲᠤᠰ ᠬᠠᠤᠯᠢ ᠪᠠ ᠤᠯᠤᠰ᠎ᠤᠨ ᠨᠢᠭᠲᠠᠯᠠᠨ ᠪᠤᠳᠦᠬᠤ ᠨᠢᠭᠡᠳᠦᠯᠲᠡᠶ ᠲᠤᠢ᠍ᠷᠢᠮ᠎ᠤᠨ ᠲᠣᠭᠲᠠᠭ᠋ᠠᠯ᠎ᠢ ᠵᠦᠷᠢᠴᠡᠭᠰᠡᠨ ᠨᠢᠭᠲᠠᠯᠠᠨ ᠪᠤᠳᠦᠬᠤ ᠵᠦᠢ᠍ᠯ᠎ᠤᠳ᠎ᠢ ᠬᠢᠬᠦ ᠵᠢ ᠲᠡᠪᠴᠢᠬᠦ ᠪᠤᠶᠤ ᠠ᠋ᠷᠬᠡ ᠲᠤᠰᠢᠶᠠᠯ᠎ᠤᠨ ᠵᠶ᠋ᠠᠨ ᠶᠣᠰᠣᠭ᠋ᠠᠷ ᠵᠠᠯᠠᠷᠠᠭᠣᠯᠵᠦ ᠪᠣᠯᠣᠨ᠎ᠠ᠃
ᠬᠣᠷᠢ ᠶᠢᠰᠦᠳᠦᠭᠡᠷ ᠵᠦᠢ᠍ᠯ᠂ ᠨᠢᠭᠲᠠᠯᠠᠨ ᠪᠤᠳᠤᠬᠤ ᠪᠠᠶ᠋ᠢᠭᠤᠯᠤᠮᠵᠢ᠂ ᠨᠢᠭᠲᠠᠯᠠᠨ ᠪᠤᠳᠤᠬᠤ ᠠᠵᠢᠯᠲᠠᠳ᠎ᠠᠴᠠ ᠨᠢᠭᠲᠠᠯᠠᠨ ᠪᠤᠳᠦᠬᠤ ᠲᠡᠡᠭᠰᠠ ᠲᠡᠮᠳᠡᠭᠯᠡᠯ᠎ᠨᠢ ᠪᠣᠳᠠᠲᠤ ᠠ᠋ᠳ᠋᠂ ᠵᠣᠭᠣᠰ ᠵᠢᠴᠢ ᠬᠣᠯᠪᠣᠭᠳᠠᠯ ᠪᠦᠬᠦᠢ ᠮᠠᠲ᠋ᠧᠷᠢᠶᠠᠯ᠎ᠲᠠᠢ᠎ᠪᠠᠨ ᠨᠡᠶ᠋ᠢᠴᠡᠬᠦ ᠤᠢ᠍ᠭᠡᠢ ᠪᠠᠶ᠋ᠢᠬᠤ ᠵᠢ ᠣᠯᠵᠤ ᠮᠡᠳᠡᠪᠡᠯ᠂ ᠤᠯᠤᠰ᠎ᠤᠨ ᠨᠢᠭᠲᠠᠯᠠᠨ ᠪᠤᠳᠦᠬᠤ ᠨᠢᠭᠡᠳᠦᠯᠲᠡᠶ ᠲᠤᠢ᠍ᠷᠢᠮ᠎ᠤᠨ ᠲᠣᠭᠲᠠᠭ᠋ᠠᠯ ᠶᠣᠰᠣᠭ᠋ᠠᠷ ᠥᠪᠡᠰᠦᠪᠡᠨ ᠰᠢᠢ᠍ᠳᠪᠦᠷᠢᠯᠡᠬᠦ ᠡᠷᠬᠡ᠎ᠲᠠᠢ ᠪᠣᠯ ᠴᠠᠭ ᠲᠤᠬᠠᠶ᠎ᠳᠤᠨᠢ ᠰᠢᠢ᠍ᠳᠪᠦᠷᠢᠯᠡᠬᠦ ᠬᠡᠷᠡᠭᠲᠡᠶ; ᠰᠢᠢ᠍ᠳᠪᠦᠷᠢᠯᠡᠬᠦ ᠠ᠋ᠷᠬᠡ ᠤᠢ᠍ᠭᠡᠢ ᠪᠣᠯ ᠲᠡᠷᠡ ᠳᠠᠷᠤᠶᠳᠤᠨᠢ ᠨᠢᠭᠡᠴᠢ ᠵᠢᠨ ᠵᠶ᠋ᠡᠨ ᠬᠠᠷᠢᠭᠤᠴᠠᠯᠭ᠋ᠠᠲᠠᠨ᠎ᠳᠤ ᠮᠡᠳᠡᠭᠦᠯᠵᠦ᠂ ᠰᠢᠯᠲᠠᠭ᠋ᠠᠨ᠎ᠢ᠎ᠨᠢ ᠪᠠᠶ᠋ᠢᠴᠠᠭ᠋ᠠᠨ ᠲᠤᠳᠦᠯᠡᠵᠦ᠂ ᠰᠢᠢ᠍ᠳᠪᠦᠷᠢᠯᠡᠬᠦᠯᠬᠦ᠎ᠪᠠᠷ ᠭᠤᠶᠤᠴᠢᠯᠠᠬᠤ ᠬᠡᠷᠡᠭᠲᠡᠶ᠃
ᠭᠤᠴᠢᠳᠤᠭ᠋ᠠᠷ ᠵᠦᠢ᠍ᠯ᠂ ᠶᠠᠮᠠᠷᠪᠠ ᠨᠢᠭᠡᠴᠢ ᠪᠣᠯᠤᠨ ᠬᠤᠪᠢ ᠬᠥᠮᠦᠨ ᠲᠤᠰ ᠬᠠᠤᠯᠢ ᠪᠠ ᠤᠯᠤᠰ᠎ᠤᠨ ᠨᠢᠭᠲᠠᠯᠠᠨ ᠪᠤᠳᠦᠬᠤ ᠨᠢᠭᠡᠳᠦᠯᠲᠡᠶ ᠲᠤᠢ᠍ᠷᠢᠮ᠎ᠤᠨ ᠲᠣᠭᠲᠠᠭ᠋ᠠᠯ᠎ᠢ ᠵᠥᠷᠢᠴᠡᠭᠰᠡᠨ ᠠᠵᠢᠯᠯᠠᠭ᠎ᠠ ᠵᠢ ᠢᠯᠡᠴᠢᠯᠡᠬᠦ ᠠ᠋ᠷᠬᠡ᠎ᠲᠠᠢ᠃ ᠢᠯᠡᠴᠢᠯᠡᠯᠢ ᠬᠦᠯᠢᠶᠡᠠ ᠠᠪᠤᠭᠰᠠᠨ ᠰᠠᠯᠠᠭ᠎ᠠ ᠮᠥᠴᠢᠷ᠎ᠨᠢ ᠰᠢᠢ᠍ᠳᠪᠦᠷᠢᠯᠡᠬᠦ ᠠ᠋ᠷᠬᠡ᠎ᠲᠠᠢ ᠪᠠᠶ᠋ᠢᠪᠠᠯ᠂ ᠬᠠᠤᠯᠢ ᠵᠢᠨ ᠠ᠋ᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠴᠠᠭ ᠲᠤᠬᠠᠶ᠎ᠳᠤᠨᠢ ᠰᠢᠢ᠍ᠳᠪᠦᠷᠢᠯᠡᠬᠦ ᠬᠡᠷᠡᠭᠲᠡᠶ; ᠰᠢᠢ᠍ᠳᠪᠦᠷᠢᠯᠡᠬᠦ ᠠ᠋ᠷᠬᠡ ᠤᠢ᠍ᠭᠡᠢ ᠪᠣᠯ᠂ ᠰᠢᠢ᠍ᠳᠪᠦᠷᠢᠯᠡᠬᠦ ᠠ᠋ᠷᠬᠡ᠎ᠲᠠᠢ ᠰᠠᠯᠠᠭ᠎ᠠ ᠮᠥᠴᠢᠷ᠎ᠲᠤ ᠴᠠᠭ ᠲᠤᠬᠠᠶ᠎ᠳᠤᠨᠢ ᠰᠢᠯᠵᠢᠭᠦᠯᠦᠨ ᠬᠦᠷᠭᠡᠵᠦ ᠰᠢᠢ᠍ᠳᠪᠦᠷᠢᠯᠡᠬᠦᠯᠬᠦ ᠬᠡᠷᠡᠭᠲᠡᠶ᠃ ᠢᠯᠡᠴᠢᠯᠡᠯᠢ ᠬᠦᠯᠢᠶᠡᠠ ᠠᠪᠤᠭᠰᠠᠨ ᠰᠠᠯᠠᠭ᠎ᠠ ᠮᠥᠴᠢᠷ᠂ ᠬᠠᠷᠢᠭᠤᠴᠠᠨ ᠰᠢᠢ᠍ᠳᠪᠦᠷᠢᠯᠡᠬᠦ ᠰᠠᠯᠠᠭ᠎ᠠ ᠮᠥᠴᠢᠷ᠎ᠨᠢ ᠢᠯᠡᠴᠢᠯᠡᠭᠴᠢ ᠵᠢᠨ ᠬᠠᠮᠭ᠋ᠠᠯᠠᠵᠦ᠂ ᠢᠯᠡᠴᠢᠯᠡᠭᠴᠢ ᠵᠢᠨ ᠤᠪᠦᠬ ᠨᠡᠷ᠎ᠡ ᠪᠠ ᠢᠯᠡᠴᠢᠯᠡᠭᠰᠡᠨ ᠮᠠᠲ᠋ᠧᠷᠢᠶᠠᠯ᠎ᠢ ᠢᠯᠡᠴᠢᠯᠡᠭᠳᠡᠭᠰᠡᠨ ᠨᠢᠭᠡᠴᠢ ᠪᠠ ᠢᠯᠡᠴᠢᠯᠡᠭᠳᠡᠭᠰᠡᠨ ᠬᠤᠪᠢ ᠬᠥᠮᠦᠨ᠎ᠳᠤ ᠰᠢᠯᠵᠢᠭᠦᠯᠦᠨ ᠥᠭᠴᠦ ᠪᠣᠯᠬᠣ ᠦᠭᠡᠢ᠃
ᠭᠤᠴᠢᠨ ᠨᠢᠭᠡᠳᠦᠭᠡᠷ ᠵᠦᠢ᠍ᠯ᠂ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠳᠣᠬᠳᠠᠭ᠋ᠠᠬᠰᠡᠨ ᠵᠶ᠋ᠠᠷ ᠠ᠋ᠷᠬᠡᠪᠰᠢ ᠳᠠᠩᠰᠠᠯᠠᠭᠤᠯᠤᠭᠰᠠᠨ ᠨᠢᠭᠲᠠᠯᠠᠨ ᠪᠤᠳᠦᠬ᠍ᠴᠢᠪᠠᠷ ᠨᠢᠭᠲᠠᠯᠠᠨ ᠪᠠᠶ᠋ᠢᠴᠠᠭ᠋ᠠᠯᠭ᠋ᠠᠬᠤ ᠨᠢᠭᠡᠴᠢ ᠪᠠᠶ᠋ᠢᠪᠠᠯ᠂ ᠨᠠᠶ᠋ᠢᠳᠠᠯᠭ᠎ᠠ ᠬᠦᠯᠢᠶᠡᠭᠰᠡᠨ ᠨᠢᠭᠲᠠᠯᠠᠨ ᠪᠤᠳᠤᠭᠴᠢ ᠵᠢᠨ ᠬᠡᠷᠡᠭ ᠠ᠋ᠷᠬᠢᠯᠡᠬᠦ ᠭᠠᠵᠠᠷ᠎ᠲᠤ ᠨᠢᠭᠲᠠᠯᠠᠨ ᠪᠣᠳᠣᠬᠣ ᠭᠡᠷᠡᠴᠢ ᠪᠠᠷᠢᠮᠲᠠ᠂ ᠨᠢᠭᠲᠠᠯᠠᠨ ᠪᠤᠳᠦᠬᠤ ᠵᠢᠨ ᠲᠡᠡᠭᠰᠠ ᠳᠡᠪᠲᠡᠷ᠂ ᠠ᠋ᠳ᠋᠎ᠤᠨ ᠶᠠᠪᠤᠳᠠᠯ᠎ᠤᠨ ᠨᠢᠭᠲᠠᠯᠠᠨ ᠪᠤᠳᠦᠭ᠍ᠰᠡᠠ ᠮᠡᠳᠡᠭᠦᠯᠦᠯᠲᠡ ᠪᠠ ᠨᠢᠭᠲᠠᠯᠠᠨ ᠪᠤᠳᠦᠬᠤ ᠪᠤᠰᠤᠳ ᠮᠠᠲ᠋ᠧᠷᠢᠶᠠᠯ ᠵᠢᠴᠢ ᠬᠣᠯᠪᠣᠭᠳᠠᠯ ᠪᠦᠬᠦᠢ ᠪᠠᠶ᠋ᠢᠳᠠᠯ᠎ᠢ ᠪᠣᠳᠠᠲᠠᠢ᠎ᠪᠠᠷ ᠳᠣᠰᠢᠶᠠᠬᠣ ᠬᠡᠷᠡᠭᠲᠡᠢ᠃
ᠶᠠᠮᠠᠷᠪᠠ ᠨᠢᠭᠡᠴᠢ ᠪᠤᠶᠤ ᠬᠤᠪᠢ ᠬᠥᠮᠦᠨ ᠳᠠᠩᠰᠠᠯᠠᠭᠤᠯᠤᠭᠰᠠᠨ ᠨᠢᠭᠲᠠᠯᠠᠨ ᠪᠤᠳᠦᠬ᠍ᠴᠢ ᠬᠢᠭᠡᠳ ᠲᠡᠭᠦᠨ᠎ᠤ ᠪᠠᠶ᠋ᠢᠭ᠎ᠠ ᠨᠢᠭᠲᠠᠯᠠᠨ ᠪᠤᠳᠦᠬ᠍ᠴᠢ ᠵᠢᠨ ᠬᠡᠷᠡᠭ ᠠ᠋ᠷᠬᠢᠯᠡᠬᠦ ᠭᠠᠵᠠᠷ ᠵᠶ᠋ᠠᠷ ᠦᠨᠡᠨ ᠪᠣᠳᠠᠲᠠᠶ ᠪᠤᠰᠤ ᠪᠤᠶᠤ ᠵᠦᠢ ᠵᠤᠬᠢᠰ ᠤᠢ᠍ᠭᠡᠢ ᠨᠢᠭᠲᠠᠯᠠᠨ ᠪᠠᠶ᠋ᠢᠴᠠᠭ᠋ᠠᠭᠰᠠᠨ ᠮᠡᠳᠡᠭᠦᠯᠦᠯᠲᠡ ᠭᠠᠷᠭ᠋ᠠᠭᠤᠯᠬᠤ ᠭᠡᠵᠦ ᠶᠠᠮᠠᠷᠪᠠ ᠠᠷᠭ᠎ᠠ ᠬᠡᠯᠪᠡᠷᠢ᠎ᠪᠠᠷ ᠱᠠᠭ᠋ᠠᠷᠳᠠᠬᠤ ᠪᠤᠶᠤ ᠬᠡᠯᠡᠵᠦ ᠲᠤᠬᠢᠵᠦ ᠪᠣᠯᠬᠤ ᠤᠢ᠍ᠭᠡᠢ᠃
ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠨᠢᠭᠲᠠᠯᠠᠨ ᠪᠤᠳᠦᠬ᠍ᠴᠢ ᠵᠢᠨ ᠬᠡᠷᠡᠭ ᠠ᠋ᠷᠬᠢᠯᠡᠬᠦ ᠭᠠᠵᠠᠷ᠎ᠤᠨ ᠭᠠᠷᠭ᠋ᠠᠬᠰᠡᠨ ᠨᠢᠭᠲᠠᠯᠠᠨ ᠪᠠᠶ᠋ᠢᠴᠠᠭ᠋ᠠᠭᠰᠠᠨ ᠮᠡᠳᠡᠭᠦᠯᠦᠯᠲᠡ ᠵᠢᠨ ᠶᠠᠪᠣᠴᠠ ᠪᠠ ᠠᠭᠤᠯᠭ᠎ᠠ᠎ᠳᠤ ᠬᠢᠨᠠᠯᠲᠠ ᠲᠠᠯᠪᠢᠬᠤ ᠠ᠋ᠷᠬᠡ᠎ᠲᠠᠢ᠃
ᠭᠤᠴᠢᠨ ᠬᠣᠶᠠᠳᠤᠭ᠋ᠠᠷ ᠵᠦᠢ᠍ᠯ᠂ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠡᠯ᠎ᠡ ᠨᠢᠭᠡᠴᠢ ᠵᠢᠨ ᠳᠣᠣᠷ᠎ᠠ ᠵᠢᠭᠰᠠᠭ᠋ᠠᠭᠰᠠᠨ ᠪᠠᠶ᠋ᠢᠳᠠᠯᠤᠳᠲᠤ ᠬᠢᠨᠠᠯᠲᠠ ᠲᠠᠯᠪᠢᠨ᠎ᠠ᠄
(ᠨᠢᠭᠡ) ᠬᠠᠤᠯᠢ ᠶᠣᠰᠣᠭ᠋ᠠᠷ ᠨᠢᠭᠲᠠᠯᠠᠨ ᠪᠤᠳᠤᠬᠤ ᠲᠠᠩᠰᠠ ᠪᠠᠢ᠌ᠷᠢᠯᠠᠭᠣᠯᠣᠬᠰᠡᠨ ᠡᠰᠡᠬᠦ;
(ᠬᠣᠶᠠᠷ) ᠨᠢᠭᠲᠠᠯᠠᠨ ᠪᠤᠳᠦᠬᠤ ᠭᠡᠷᠡᠴᠢ ᠪᠠᠷᠢᠮᠲᠠ᠂ ᠨᠢᠭᠲᠠᠯᠠᠨ ᠪᠤᠳᠦᠬᠤ ᠵᠢᠨ ᠲᠡᠡᠭᠰᠠ ᠳᠡᠪᠲᠡᠷ᠂ ᠠ᠋ᠳ᠋᠎ᠤᠨ ᠶᠠᠪᠤᠳᠠᠯ᠎ᠤᠨ ᠨᠢᠭᠲᠠᠯᠠᠨ ᠪᠤᠳᠦᠭ᠍ᠰᠡᠠ ᠮᠡᠳᠡᠭᠦᠯᠦᠯᠲᠡ ᠪᠠ ᠨᠢᠭᠲᠠᠯᠠᠨ ᠪᠤᠳᠦᠬᠤ ᠪᠤᠰᠤᠳ ᠮᠠᠲ᠋ᠧᠷᠢᠶᠠᠯ᠎ᠨᠢ ᠦᠨᠡᠨ ᠪᠣᠳᠠᠲᠠᠶ᠂ ᠪᠦᠷᠢᠨ ᠪᠦᠲᠦᠨ ᠪᠠᠶ᠋ᠢᠬᠤ ᠠ᠋ᠰᠡᠬᠦ;
(ᠭᠤᠷᠪᠠ) ᠨᠢᠭᠲᠠᠯᠠᠨ ᠪᠤᠳᠦᠬᠤ ᠲᠣᠭ᠋ᠠᠴᠠᠭ᠋ᠠᠯᠠᠯᠲᠠᠨᠢ ᠲᠤᠰ ᠬᠠᠤᠯᠢ ᠪᠠ ᠤᠯᠤᠰ᠎ᠤᠨ ᠨᠢᠭᠲᠠᠯᠠᠨ ᠪᠤᠳᠦᠬᠤ ᠨᠢᠭᠡᠳᠦᠯᠲᠡᠶ ᠲᠤᠢ᠍ᠷᠢᠮ᠎ᠤᠨ ᠲᠣᠭᠲᠠᠭ᠋ᠠᠯ᠎ᠳᠤ ᠨᠡᠶ᠋ᠢᠴᠡᠬᠦ ᠠ᠋ᠰᠡᠬᠦ;
(ᠲᠤᠢ᠍ᠷᠪᠡ) ᠨᠢᠭᠲᠠᠯᠠᠨ ᠪᠤᠳᠦᠬᠤ ᠠᠵᠢᠯ ᠬᠢᠵᠦ ᠪᠠᠶ᠋ᠢᠭ᠎ᠠ ᠠᠵᠢᠯᠲᠠᠳ᠎ᠨᠢ ᠠᠵᠢᠯ ᠠ᠋ᠷᠬᠢᠯᠡᠬᠦ ᠬᠢᠷᠢ ᠬᠡᠮ᠎ᠢ ᠪᠦᠷᠢᠯᠳᠦᠭᠦᠯᠦᠭᠰᠡᠨ ᠠ᠋ᠰᠡᠬᠦ᠃
ᠠ᠋ᠨᠡ ᠠ᠋ᠮᠦᠨᠡᠬᠢ ᠪᠠᠳᠠᠭ᠎ᠤᠨ (ᠬᠣᠶᠠᠷ) ᠳ᠋ᠤᠭ᠋ᠠᠷ ᠵᠤᠷᠪᠤᠰ᠎ᠲᠤ ᠵᠢᠭᠰᠠᠭ᠋ᠠᠭᠰᠠᠨ ᠵᠦᠢ᠍ᠯ᠎ᠳᠤ ᠬᠢᠨᠠᠯᠲᠠ ᠲᠠᠯᠪᠢᠬᠤ᠎ᠳᠠᠭᠠᠨ ᠬᠠᠤᠯᠢ ᠵᠢ ᠵᠥᠷᠢᠴᠡᠭᠰᠡᠨ ᠬᠦᠨᠳᠦ ᠶᠡᠬᠡ ᠰᠡᠵᠢᠭᠯᠡᠯᠲᠡᠶ ᠪᠠᠢ᠌ᠳᠠᠯ᠎ᠢ ᠣᠯᠵᠤ ᠮᠡᠳᠡᠭᠰᠡᠨ ᠪᠠᠶ᠋ᠢᠪᠠᠯ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ ᠬᠢᠭᠡᠳ ᠲᠡᠭᠦᠨ᠎ᠤ ᠲᠣᠮᠢᠯᠠᠭᠰᠠᠨ ᠪᠠᠶ᠋ᠢᠭᠤᠯᠤᠮᠵᠢ᠎ᠨᠢ ᠬᠢᠨᠠᠭᠳᠠᠵᠤ ᠪᠠᠶ᠋ᠢᠭ᠎ᠠ ᠨᠢᠭᠡᠴᠢ᠎ᠯᠦᠭᠡ ᠠᠵᠤ ᠠᠬᠤᠶ ᠵᠢᠨ ᠦᠢ᠍ᠯᠡᠰ ᠶᠠᠪᠤᠳᠠᠯ᠎ᠤᠨ ᠶᠠᠪᠤᠯᠴᠠᠭ᠎ᠠ ᠨᠢᠭᠡᠴᠢ ᠪᠠ ᠬᠢᠨᠠᠯᠲᠠ ᠲᠠᠯᠪᠢᠭᠳᠠᠵᠤ ᠪᠠᠶ᠋ᠢᠭ᠎ᠠ ᠨᠢᠭᠡᠴᠢ ᠵᠢᠨ ᠲᠡᠡᠭᠰᠠ ᠪᠠᠶ᠋ᠢᠭᠤᠯᠤᠭᠰᠠᠨ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠎ᠠᠴᠠ ᠬᠣᠯᠪᠣᠭᠳᠠᠯ ᠪᠦᠬᠦᠢ ᠪᠠᠶ᠋ᠢᠳᠠᠯ᠎ᠢ ᠪᠠᠶ᠋ᠢᠴᠠᠭ᠋ᠠᠨ ᠠᠰᠠᠭᠤᠵᠤ᠂ ᠬᠣᠯᠪᠣᠭᠳᠠᠯ ᠪᠦᠬᠦᠢ ᠨᠢᠭᠡᠴᠢ ᠪᠠ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ᠎ᠨᠤᠭᠤᠳ᠎ᠠᠴᠠ ᠳᠡᠮᠵᠢᠯᠭᠡ ᠦᠵᠡᠭᠦᠯᠬᠦ ᠬᠡᠷᠡᠭᠲᠡᠶ᠃
ᠭᠤᠴᠢᠨ ᠭᠤᠷᠪᠠᠳᠤᠭ᠋ᠠᠷ ᠵᠦᠢ᠍ᠯ᠂ ᠠ᠋ᠳ᠋᠎ᠤᠨ ᠵᠠᠰᠠᠭ᠂ ᠬᠢᠨᠠᠨ ᠪᠤᠳᠤᠯᠳᠠ᠂ ᠭᠠᠶ᠋ᠢᠯᠢ᠂ ᠠᠷᠠᠳ᠎ᠤᠨ ᠪᠠᠩᠬᠢ᠂ ᠦᠨᠡᠲᠦ ᠲᠡᠮᠳᠡᠭᠲᠦ ᠵᠢᠨ ᠬᠢᠨᠠᠨ ᠬᠠᠮᠢᠶᠠᠷᠤᠯᠲᠠ᠂ ᠳᠠᠭ᠋ᠠᠳᠬᠠᠯ᠎ᠤᠨ ᠬᠢᠨᠠᠨ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠤᠳ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠲᠤᠰᠢᠶᠠᠯ ᠬᠠᠷᠢᠭᠤᠴᠠᠯᠭ᠎ᠠ ᠵᠢᠨ ᠶᠣᠰᠣ᠎ᠪᠡᠷ ᠬᠣᠯᠪᠣᠭᠳᠠᠯ ᠪᠦᠬᠦᠢ ᠨᠢᠭᠡᠴᠢ ᠵᠢᠨ ᠨᠢᠭᠲᠠᠯᠠᠨ ᠪᠤᠳᠦᠬᠤ ᠮᠠᠲ᠋ᠧᠷᠢᠶᠠᠯ᠎ᠢ ᠬᠢᠨᠠᠨ ᠪᠠᠶ᠋ᠢᠴᠠᠭ᠋ᠠᠬᠤ ᠬᠡᠷᠡᠭᠲᠡᠶ᠃
ᠠ᠋ᠮᠦᠨᠡᠬᠢ ᠪᠠᠳᠠᠭ᠎ᠲᠤ ᠵᠢᠭᠰᠠᠭ᠋ᠠᠭᠰᠠᠨ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠤᠳ ᠬᠣᠯᠪᠣᠭᠳᠠᠯ ᠪᠦᠬᠦᠢ ᠨᠢᠭᠡᠴᠢ ᠵᠢᠨ ᠨᠢᠭᠲᠠᠯᠠᠨ ᠪᠤᠳᠦᠬᠤ ᠮᠠᠲ᠋ᠧᠷᠢᠶᠠᠯ᠎ᠢ ᠬᠠᠤᠯᠢ ᠶᠣᠰᠣᠭ᠋ᠠᠷ ᠬᠢᠨᠠᠨ ᠪᠠᠶ᠋ᠢᠴᠠᠭ᠋ᠠᠭᠰᠠᠨ᠎ᠤ ᠲᠡᠷᠡᠭ᠎ᠠ᠂ ᠡᠷᠬᠡᠪᠰᠢ ᠪᠠᠶ᠋ᠢᠴᠠᠭ᠋ᠠᠭᠰᠠᠨ ᠳ᠋ᠦᠩᠨᠡᠯᠲᠡ ᠭᠠᠷᠭ᠋ᠠᠬᠤ ᠬᠡᠷᠡᠭᠲᠡᠶ᠃ ᠬᠣᠯᠪᠣᠭᠳᠠᠯ ᠪᠦᠬᠦᠢ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠤᠨ ᠨᠢᠭᠡᠨᠲᠡ ᠭᠠᠷᠭ᠋ᠠᠭᠰᠠᠨ ᠪᠠᠶ᠋ᠢᠴᠠᠭ᠋ᠠᠯᠲᠠ ᠵᠢᠨ ᠳ᠋ᠦᠩᠨᠡᠯᠲᠡ᠎ᠨᠢ ᠪᠤᠰᠤᠳ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠤᠨ ᠲᠤᠰ ᠰᠠᠯᠠᠭ᠎ᠠ ᠮᠥᠴᠢᠷ᠎ᠤᠨ ᠠ᠋ᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠬᠦ ᠱᠠᠭ᠋ᠠᠷᠳᠠᠯᠭ᠎ᠠ ᠵᠢ ᠬᠠᠩᠭ᠋ᠠᠵᠦ ᠴᠢᠳᠠᠪᠠᠯ ᠪᠤᠰᠤᠳ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠤᠳ ᠲᠡᠭᠦᠨ᠎ᠢ ᠠᠰᠢᠭᠯᠠᠬᠤ ᠬᠡᠷᠡᠭᠲᠡᠶ᠂ ᠲᠠᠩᠰᠡ ᠪᠠᠶ᠋ᠢᠴᠠᠭ᠋ᠠᠵᠤ ᠵᠢ ᠳᠠᠪᠬᠤᠷᠳᠠᠭᠤᠯᠬᠤ᠎ᠠᠴᠠ ᠵᠠᠶ᠋ᠢᠯᠠᠰᠬᠢᠬᠦ ᠬᠡᠷᠡᠭᠲᠡᠶ᠃
ᠭᠤᠴᠢᠨ ᠳᠥᠷᠪᠡᠳᠦᠭᠡᠷ ᠵᠦᠢ᠍ᠯ᠂ ᠬᠠᠤᠯᠢ ᠶᠣᠰᠣᠭ᠋ᠠᠷ ᠬᠣᠯᠪᠣᠭᠳᠠᠯ ᠪᠦᠬᠦᠢ ᠨᠢᠭᠡᠴᠢ ᠵᠢᠨ ᠨᠢᠭᠲᠠᠯᠠᠨ ᠪᠤᠳᠦᠬᠤ ᠮᠠᠲ᠋ᠧᠷᠢᠶᠠᠯ᠎ᠢ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ ᠪᠠ ᠲᠡᠭᠦᠨ᠎ᠤ ᠠᠵᠢᠯᠲᠠᠳ ᠬᠢᠨᠠᠨ ᠪᠠᠶ᠋ᠢᠴᠠᠭ᠋ᠠᠬᠤ ᠶᠠᠪᠤᠴᠠ᠎ᠳᠤ ᠣᠯᠵᠤ ᠮᠡᠳᠡᠭᠰᠡᠨ ᠤᠯᠤᠰ᠎ᠤᠨ ᠨᠢᠭᠤᠴᠠ ᠪᠠ ᠬᠤᠳᠠᠯᠳᠤᠭ᠋ᠠᠨ᠎ᠤ ᠨᠢᠭᠤᠴᠠ ᠵᠢ ᠬᠠᠮᠠᠭ᠋ᠠᠯᠠᠬᠤ ᠠ᠋ᠭᠦᠷᠭᠡ᠎ᠲᠠᠢ᠃
ᠭᠤᠴᠢᠨ ᠲᠠᠪᠤᠳᠤᠭ᠋ᠠᠷ ᠵᠦᠢ᠍ᠯ᠂ ᠡᠯ᠎ᠡ ᠨᠢᠭᠡᠴᠢ ᠠ᠋ᠷᠬᠡᠪᠰᠢ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠲᠣᠭᠲᠠᠭ᠋ᠠᠯ ᠶᠣᠰᠣᠭ᠋ᠠᠷ ᠬᠣᠯᠪᠣᠭᠳᠠᠯ ᠪᠦᠬᠦᠢ ᠬᠢᠨᠠᠨ ᠪᠠᠶ᠋ᠢᠴᠠᠭ᠋ᠠᠬᠤ ᠰᠠᠯᠠᠭ᠎ᠠ ᠮᠥᠴᠢᠷ᠎ᠤᠨ ᠬᠠᠤᠯᠢ ᠶᠣᠰᠣᠭ᠋ᠠᠷ ᠶᠠᠪᠤᠭᠤᠯᠬᠤ ᠬᠢᠨᠠᠯᠲᠠ ᠪᠠᠶ᠋ᠢᠴᠠᠭ᠋ᠠᠯᠲᠠ ᠵᠢ ᠬᠦᠯᠢᠶᠡᠬᠦ ᠮᠦᠷᠲᠡᠭᠡᠨ ᠦᠨᠡᠨ ᠪᠣᠳᠠᠲᠠᠶ᠎ᠪᠠᠷ ᠨᠢᠭᠲᠠᠯᠠᠨ ᠪᠤᠳᠦᠬᠤ ᠵᠢᠨ ᠲᠡᠡᠭᠰᠠ ᠳᠡᠪᠲᠡᠷ᠂ ᠠ᠋ᠳ᠋᠎ᠤᠨ ᠶᠠᠪᠤᠳᠠᠯ᠎ᠤᠨ ᠨᠢᠭᠲᠠᠯᠠᠨ ᠪᠤᠳᠦᠭ᠍ᠰᠡᠠ ᠮᠡᠳᠡᠭᠦᠯᠦᠯᠲᠡ ᠪᠠ ᠨᠢᠭᠲᠠᠯᠠᠨ ᠪᠤᠳᠦᠬᠤ ᠪᠤᠰᠤᠳ ᠮᠠᠲ᠋ᠧᠷᠢᠶᠠᠯ ᠵᠢᠴᠢ ᠬᠣᠯᠪᠣᠭᠳᠠᠯ ᠪᠦᠬᠦᠢ ᠪᠠᠶ᠋ᠢᠳᠠᠯ᠎ᠢ ᠭᠠᠨᠭ᠌ᠭ᠋ᠠᠵᠤ ᠥᠭᠬᠦ ᠬᠡᠷᠡᠭᠲᠡᠢ᠂ ᠲᠡᠪᠴᠢᠵᠦ᠂ ᠨᠢᠭᠤᠬᠤ᠂ ᠬᠤᠳᠠᠯ ᠵᠶ᠋ᠠᠷ ᠮᠡᠳᠡᠭᠦᠯᠬᠦ ᠪᠣᠯᠬᠤ ᠤᠢ᠍ᠭᠡᠢ᠃
ᠲᠠᠪᠤᠳᠤᠭ᠋ᠠᠷ ᠪᠦᠯᠦᠭ ᠨᠢᠭᠲᠠᠯᠠᠨ ᠪᠤᠳᠦᠬᠤ ᠪᠠᠶ᠋ᠢᠭᠤᠯᠤᠮᠵᠢ ᠪᠠ ᠨᠢᠭᠲᠠᠯᠠᠨ ᠪᠤᠳᠦᠬᠤ ᠠᠵᠢᠯᠳᠡᠠ
ᠭᠤᠴᠢᠨ ᠵᠢᠷᠭᠤᠳᠤᠭ᠋ᠠᠷ ᠵᠦᠢ᠍ᠯ᠂ ᠡᠯ᠎ᠡ ᠨᠢᠭᠡᠴᠠ ᠨᠢᠭᠲᠠᠯᠠᠨ ᠪᠤᠳᠦᠬᠤ ᠲᠤᠬᠠᠶ᠋ᠢᠯᠠᠭᠰᠠᠨ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ ᠨᠢᠭᠲᠠᠯᠠᠨ ᠪᠤᠳᠦᠬᠤ ᠪᠠᠶ᠋ᠢᠭᠤᠯᠤᠮᠵᠢ ᠪᠠᠶ᠋ᠢᠭᠤᠯᠬᠤ ᠪᠤᠶᠤ ᠬᠣᠯᠪᠣᠭᠳᠠᠯ ᠪᠦᠬᠦᠢ ᠪᠠᠶ᠋ᠢᠭᠤᠯᠤᠮᠵᠢ ᠵᠢᠨ ᠳᠣᠲᠣᠷ᠎ᠠ ᠨᠢᠭᠲᠠᠯᠠᠨ ᠪᠤᠳᠦᠬᠤ ᠠᠵᠢᠯᠳᠡᠠ ᠲᠣᠬᠢᠷᠠᠭᠤᠯᠬᠤ ᠵᠢᠨ ᠬᠠᠮᠲᠤ ᠨᠢᠭᠲᠠᠯᠠᠨ ᠪᠤᠳᠦᠬᠤ ᠠᠵᠢᠯ᠎ᠢ ᠠ᠋ᠷᠬᠢᠯᠡᠠ ᠬᠠᠮᠢᠶᠠᠷᠬᠤ ᠠᠵᠢᠯᠳᠡᠠ᠎ᠢ ᠨᠡᠷ᠎ᠡ ᠵᠢᠭ᠋ᠠᠨ ᠲᠣᠭᠲᠠᠭ᠋ᠠᠬᠤ ᠬᠡᠷᠡᠭᠲᠡᠶ; ᠦᠯᠦ ᠪᠦᠷᠢᠯᠳᠦᠬᠦ ᠨᠦᠭᠦᠴᠡᠯ ᠪᠦᠬᠦᠢ᠎ᠨᠢ ᠵᠥᠪᠰᠢᠶᠡᠷᠡᠯ ᠵᠶ᠋ᠡᠷ ᠪᠠᠶ᠋ᠢᠭᠤᠯᠤᠭᠰᠠᠨ ᠨᠢᠭᠲᠠᠯᠠᠨ ᠪᠤᠳᠦᠬᠤ ᠠᠵᠢᠯ᠎ᠢ ᠣᠷᠣᠯᠠᠨ ᠳᠠᠩᠰᠠ ᠲᠡᠮᠳᠡᠭᠯᠡᠬᠦ ᠵᠢ ᠭᠦᠢ᠍ᠴᠡᠳᠬᠡᠬᠦ ᠲᠤᠬᠠᠶ᠋ᠢᠯᠠᠭᠰᠠᠨ ᠠᠵᠢᠯ ᠠ᠋ᠷᠬᠢᠯᠡᠬᠦ ᠵᠠᠭᠤᠴᠢ ᠪᠠᠶ᠋ᠢᠭᠤᠯᠤᠮᠵᠢ ᠵᠢ ᠨᠠᠢ᠌ᠳᠠᠵᠤ ᠣᠷᠣᠯᠠᠨ ᠳᠠᠩᠰᠠ ᠲᠡᠮᠳᠡᠭᠯᠡᠭᠦᠯᠦᠨ᠎ᠡ᠃
ᠤᠯᠤᠰ᠎ᠤᠨ ᠥᠮᠴᠢᠯᠡᠯ᠎ᠤᠨ ᠪᠠ ᠤᠯᠤᠰ᠎ᠤᠨ ᠥᠮᠴᠢᠯᠡᠯ᠎ᠤᠨ ᠪᠡᠯᠠ ᠬᠦᠷᠦᠩᠭᠡ ᠬᠤᠪᠢ ᠡᠵᠡᠮᠳᠡᠬᠦ ᠪᠠᠶ᠋ᠢᠷᠢ ᠵᠢ ᠡᠵᠡᠯᠡᠭᠰᠡᠨ ᠪᠤᠶᠤ ᠭᠤᠦᠯᠯᠡᠬᠠᠦ ᠪᠠᠶ᠋ᠢᠷᠢ ᠵᠢ ᠡᠵᠡᠯᠡᠭᠰᠡᠨ ᠲᠤᠮᠦ᠂ ᠳᠤᠮᠳᠠ ᠬᠡᠯᠪᠡᠷᠢ ᠵᠢᠨ ᠠᠵᠤ ᠠᠬᠤᠶ᠋ᠢᠯᠠᠯ᠎ᠳᠤ ᠠ᠋ᠷᠬᠡᠪᠰᠢ ᠶᠡᠷᠦᠩᠬᠡᠶ ᠨᠢᠭᠲᠠᠯᠠᠨ ᠪᠤᠳᠦᠬ᠍ᠴᠢ ᠲᠣᠬᠢᠷᠠᠭᠤᠯᠬᠤ ᠬᠡᠷᠡᠭᠲᠡᠶ᠃ ᠶᠡᠷᠦᠩᠬᠡᠶ ᠨᠢᠭᠲᠠᠯᠠᠨ ᠪᠤᠳᠦᠬ᠍ᠴᠢ ᠵᠢᠨ ᠲᠤᠰᠢᠶᠠᠯ ᠠ᠋ᠭᠦᠷᠭᠡᠯᠡᠬᠦ ᠬᠢᠷᠢ ᠬᠡᠮ᠂ ᠲᠣᠮᠢᠯᠠᠵᠤ ᠪᠠᠭᠤᠯᠭ᠋ᠠᠬᠤ ᠶᠠᠪᠣᠴᠠ᠂ ᠠ᠋ᠭᠦᠷᠭᠡ ᠬᠠᠷᠢᠭᠤᠴᠠᠯᠭ᠎ᠠ ᠵᠢᠨ ᠠ᠋ᠷᠬᠡ ᠮᠡᠳᠡᠯ ᠵᠢ ᠲᠤᠢ᠍ᠷᠦ ᠵᠢᠨ ᠶᠠᠪᠤᠳᠠᠯ᠎ᠤᠨ ᠬᠣᠷᠢᠶ᠎ᠠ᠎ᠠᠴᠠ ᠲᠣᠭᠲᠠᠭ᠋ᠠᠨ᠎ᠠ᠃
ᠭᠤᠴᠢᠨ ᠳᠣᠯᠣᠳᠤᠭ᠋ᠠᠷ ᠵᠦᠢ᠍ᠯ᠂ ᠨᠢᠭᠲᠠᠯᠠᠨ ᠪᠤᠳᠦᠬᠤ ᠪᠠᠶ᠋ᠢᠭᠤᠯᠤᠮᠵᠢ ᠵᠢᠨ ᠳᠣᠲᠣᠭ᠋ᠠᠳᠤ᠎ᠳᠤ ᠬᠠᠷᠭᠤᠭᠤᠯᠤᠨ ᠪᠤᠳᠦᠬᠤ ᠲᠤᠢ᠍ᠷᠢᠮ ᠪᠠᠶ᠋ᠢᠭᠤᠯᠬᠤ ᠬᠡᠷᠡᠭᠲᠡᠶ᠃
ᠵᠣᠭᠣᠰ ᠪᠠᠷᠢᠭ᠌ᠴᠢ ᠠᠵᠢᠯᠲᠠᠨ ᠲᠤᠯᠭ᠋ᠠᠨ ᠪᠣᠳᠣᠬᠤ᠂ ᠨᠢᠭᠲᠠᠯᠠᠨ ᠪᠤᠳᠦᠬᠤ ᠲᠡᠡᠭᠰᠠ ᠡᠪᠬᠡᠮᠡᠯ᠎ᠢ ᠬᠠᠮᠠᠭ᠋ᠠᠯᠠᠨ ᠬᠠᠳᠠᠭ᠋ᠠᠯᠠᠬᠤ ᠪᠠ ᠣᠷᠣᠯᠭ᠎ᠠ᠂ ᠵᠠᠷᠤᠯᠭ᠎ᠠ᠂ ᠵᠠᠷᠤᠳᠠᠯ᠂ ᠠᠪᠴᠠᠭ᠎ᠠ ᠥᠭᠴᠡᠭᠡ ᠵᠢᠨ ᠳᠠᠩᠰᠠ ᠲᠡᠮᠳᠡᠭᠯᠡᠬᠦ ᠵᠡᠷᠭᠡ ᠠᠵᠢᠯ᠎ᠢ ᠬᠠᠪᠰᠤᠷᠭ᠋ᠠᠨ ᠬᠠᠷᠢᠭᠤᠴᠠᠵᠤ ᠪᠣᠯᠬᠤ ᠦᠭᠡᠢ᠃
ᠭᠤᠴᠢᠨ ᠨᠠᠢ᠍ᠮᠠᠳᠤᠭ᠋ᠠᠷ ᠵᠦᠢ᠍ᠯ᠂ ᠨᠢᠭᠲᠠᠯᠠᠨ ᠪᠤᠳᠦᠬᠤ ᠠᠵᠢᠯ᠎ᠢ ᠬᠢᠵᠦ ᠪᠠᠶ᠋ᠢᠭ᠎ᠠ ᠠᠵᠢᠯᠳᠡᠠ ᠠ᠋ᠷᠬᠡᠪᠰᠢ ᠨᠢᠭᠲᠠᠯᠠᠨ ᠪᠤᠳᠦᠬᠤ ᠠᠵᠢᠯ ᠠ᠋ᠷᠬᠢᠯᠡᠬᠦ ᠬᠢᠷᠢ ᠬᠡᠮ᠎ᠤᠨ ᠦᠨᠡᠮᠯᠡᠯ ᠣᠯᠤᠭᠰᠠᠨ ᠪᠠᠶ᠋ᠢᠬᠤ ᠬᠡᠷᠡᠭᠲᠡᠶ᠃
ᠨᠢᠭᠡᠴᠢ ᠵᠢᠨ ᠨᠢᠭᠲᠠᠯᠠᠨ ᠪᠤᠳᠦᠬᠤ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ (ᠨᠢᠭᠲᠠᠯᠠᠨ ᠪᠤᠳᠦᠬᠤ ᠠᠵᠢᠯ᠎ᠤᠨ ᠠ᠋ᠷᠬᠢᠯᠡᠠ ᠬᠠᠮᠢᠶᠠᠷᠤᠭᠴᠢ)᠎ᠨᠢ ᠨᠢᠭᠲᠠᠯᠠᠨ ᠪᠤᠳᠦᠬᠤ ᠠᠵᠢᠯ ᠠ᠋ᠷᠬᠢᠯᠡᠬᠦ ᠬᠢᠷᠢ ᠬᠡᠮ᠎ᠤᠨ ᠦᠨᠡᠮᠯᠡᠯ᠎ᠢ ᠣᠯᠤᠭᠰᠠᠨ ᠪᠠᠶ᠋ᠢᠬᠤ᠎ᠠᠴᠠ ᠭᠠᠳᠠᠨ᠎ᠠ᠂ ᠪᠠᠰᠠ ᠨᠢᠭᠲᠠᠯᠠᠨ ᠪᠤᠳᠦᠬ᠍ᠴᠢᠠᠴᠠ ᠳᠡᠭᠡᠭᠰᠢ ᠲᠤᠰᠬᠠᠶ ᠮᠡᠷᠭᠡᠵᠢᠯ᠎ᠤᠨ ᠲᠤᠰᠢᠶᠠᠯ ᠠ᠋ᠭᠦᠷᠭᠡᠯᠡᠬᠦ ᠬᠢᠷᠢ ᠬᠡᠮ ᠪᠤᠶᠤ ᠨᠢᠭᠲᠠᠯᠠᠨ ᠪᠤᠳᠦᠬᠤ ᠠᠵᠢᠯ᠎ᠢ ᠭᠤᠷᠪᠠᠨ ᠵᠢᠯ᠎ᠠᠴᠠ ᠳᠡᠭᠡᠭᠰᠢ ᠬᠢᠭᠰᠡᠨ ᠥᠩᠭᠡᠷᠡᠯᠲᠡ᠎ᠲᠠᠢ ᠪᠠᠶ᠋ᠢᠬᠤ ᠬᠡᠷᠡᠭᠲᠡᠶ᠃
ᠨᠢᠭᠲᠠᠯᠠᠨ ᠪᠤᠳᠦᠬᠤ ᠠᠵᠢᠯᠲᠠᠳ᠎ᠤᠨ ᠠᠵᠢᠯ ᠠ᠋ᠷᠬᠢᠯᠡᠬᠦ ᠬᠢᠷᠢ ᠬᠡᠮ᠎ᠢ ᠬᠠᠮᠢᠶᠠᠷᠬᠤ ᠠᠷᠭ᠎ᠠ ᠵᠢ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠲᠣᠭᠲᠠᠭ᠋ᠠᠨ᠎ᠠ᠃
ᠭᠤᠴᠢ ᠶᠢᠰᠦᠳᠦᠭᠡᠷ ᠵᠦᠢ᠍ᠯ᠂ ᠨᠢᠭᠲᠠᠯᠠᠨ ᠪᠤᠳᠦᠬᠤ ᠠᠵᠢᠯᠲᠠᠳ ᠲᠤᠬᠠᠶ᠋ᠢᠯᠠᠭᠰᠠᠨ ᠠᠵᠢᠯ᠎ᠤᠨ ᠶᠣᠰᠣ ᠮᠣᠷᠠᠯ᠎ᠢ ᠵᠢᠷᠤᠮᠯᠠᠨ ᠰᠠᠬᠢᠵᠤ᠂ ᠲᠤᠬᠠᠶ᠋ᠢᠯᠠᠭᠰᠠᠨ ᠠᠵᠢᠯ᠎ᠤᠨ ᠬᠡᠪ ᠴᠢᠨᠠᠷ ᠵᠶ᠋ᠠᠨ ᠳᠡᠭᠡᠭᠰᠢᠯᠡᠭᠦᠯᠬᠦ ᠬᠡᠷᠡᠭᠲᠡᠶ᠃ ᠨᠢᠭᠲᠠᠯᠠᠨ ᠪᠤᠳᠦᠬᠤ ᠠᠵᠢᠯᠲᠠᠳ᠎ᠢ ᠬᠥᠮᠦᠵᠢᠭᠦᠯᠵᠦ ᠪᠣᠯᠪᠠᠰᠤᠷᠠᠭᠤᠯᠬᠤ ᠠᠵᠢᠯ᠎ᠢ ᠴᠢᠩᠭ᠋ᠠᠳᠬᠠᠬᠤ ᠬᠡᠷᠡᠭᠲᠡᠶ᠃
ᠳᠥᠴᠢᠳᠦᠭᠡᠷ ᠵᠦᠢ᠍ᠯ᠂ ᠬᠤᠳᠠᠯ ᠬᠠᠭᠤᠷᠮᠠᠭ ᠠ᠋ᠳ᠋᠎ᠤᠨ ᠶᠠᠪᠤᠳᠠᠯ᠎ᠤᠨ ᠨᠢᠭᠲᠠᠯᠠᠨ ᠪᠤᠳᠤᠯᠳᠠ ᠵᠢᠨ ᠮᠡᠳᠡᠭᠦᠯᠦᠯᠲᠡ ᠬᠠᠩᠭ᠋ᠠᠨ᠂ ᠬᠤᠳᠠᠯ ᠲᠠᠨᠭ᠌ᠰᠠ ᠬᠢᠬᠦ᠂ ᠨᠢᠭᠲᠠᠯᠠᠨ ᠪᠤᠳᠦᠬᠤ ᠭᠡᠷᠡᠴᠢ ᠪᠠᠷᠢᠮᠲᠠ᠂ ᠨᠢᠭᠲᠠᠯᠠᠨ ᠪᠤᠳᠦᠬᠤ ᠵᠢᠨ ᠲᠡᠡᠭᠰᠠ ᠳᠡᠪᠲᠡᠷ᠂ ᠠ᠋ᠳ᠋᠎ᠤᠨ ᠶᠠᠪᠤᠳᠠᠯ᠎ᠤᠨ ᠨᠢᠭᠲᠠᠯᠠᠨ ᠪᠤᠳᠤᠯᠳᠠ ᠵᠢᠨ ᠮᠡᠳᠡᠭᠦᠯᠦᠯᠲᠡ ᠵᠢ ᠨᠢᠭᠤᠨ ᠳᠠᠷᠤᠭᠰᠠᠨ ᠪᠤᠶᠤ ᠵᠣᠷᠢᠭᠤᠳᠠ ᠤᠰᠠᠳᠬᠠᠭᠰᠠᠨ᠂ ᠱᠠᠮᠰᠢᠬᠤ᠂ ᠠᠯᠪᠠᠨ᠎ᠤ ᠵᠣᠭᠣᠰ᠎ᠢ ᠨᠡᠭᠦᠯᠭᠡᠨ ᠬᠡᠷᠡᠭᠯᠡᠬᠦ᠂ ᠠ᠋ᠷᠬᠡ ᠲᠤᠰᠢᠶᠠᠯ ᠵᠶ᠋ᠠᠨ ᠠᠰᠢᠭᠯᠠᠨ ᠡᠵᠡᠯᠡᠨ ᠬᠡᠷᠡᠭᠯᠡᠭᠰᠡᠨ ᠵᠡᠷᠭᠡ ᠨᠢᠭᠲᠠᠯᠠᠨ ᠪᠤᠳᠦᠬᠤ ᠠᠵᠢᠯ᠎ᠤᠨ ᠠ᠋ᠭᠦᠷᠭᠡ ᠲᠤᠰᠢᠶᠠᠯ᠎ᠲᠠᠢ ᠬᠣᠯᠪᠣᠭᠳᠠᠬᠤ ᠬᠠᠤᠯᠢ ᠵᠢ ᠵᠥᠷᠢᠴᠡᠭᠰᠡᠨ ᠠᠵᠢᠯᠯᠠᠭ᠎ᠠ ᠬᠢᠭᠰᠡᠨ᠎ᠠᠴᠠ ᠪᠤᠯᠵᠦ ᠬᠠᠤᠯᠢ ᠶᠣᠰᠣᠭ᠋ᠠᠷ ᠠ᠋ᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠭᠳᠡᠭᠰᠡᠨ ᠬᠥᠮᠦᠰ᠎ᠲᠤ ᠨᠢᠭᠲᠠᠯᠠᠨ ᠪᠤᠳᠦᠬᠤ ᠠᠵᠢᠯ ᠠ᠋ᠷᠬᠢᠯᠡᠬᠦ ᠬᠢᠷᠢ ᠬᠡᠮ᠎ᠤᠨ ᠦᠨᠡᠮᠯᠡᠯ᠎ᠢ ᠣᠯᠭᠣᠬᠣ ᠪᠤᠶᠤ ᠲᠠᠬᠢᠵᠤ ᠰᠢᠨ᠎ᠡ᠎ᠪᠠᠷ ᠣᠯᠭᠣᠵᠦ ᠪᠣᠯᠬᠤ ᠦᠭᠡᠢ᠃
ᠠ᠋ᠮᠦᠨᠡᠬᠢ ᠪᠠᠳᠠᠭ᠎ᠲᠤ ᠲᠣᠭᠲᠠᠭ᠋ᠠᠭᠰᠠᠨ ᠬᠥᠮᠦᠰ᠎ᠠᠴᠠ ᠭᠠᠳᠠᠨ᠎ᠠ᠂ ᠬᠠᠤᠯᠢ ᠵᠢ ᠵᠥᠷᠢᠴᠡᠵᠦ ᠰᠠᠬᠢᠯᠭ᠎ᠠ ᠪᠠᠲᠤ ᠵᠢ ᠵᠥᠷᠢᠴᠡᠭᠰᠡᠨ ᠦᠢ᠍ᠯᠡ ᠠᠵᠢᠯᠯᠠᠭ᠎ᠠ ᠬᠢᠭᠰᠡᠨ᠎ᠠᠴᠠ ᠪᠤᠯᠵᠦ ᠨᠢᠭᠲᠠᠯᠠᠨ ᠪᠤᠳᠦᠬᠤ ᠠᠵᠢᠯ ᠠ᠋ᠷᠬᠢᠯᠡᠬᠦ ᠬᠢᠷᠢ ᠬᠡᠮ᠎ᠤᠨ ᠦᠨᠡᠮᠯᠡᠯ᠎ᠨᠢ ᠬᠦᠴᠦᠨ ᠦᠭᠡᠢ ᠪᠣᠯᠣᠬᠰᠡᠨ ᠬᠦᠮᠦᠨ᠂ ᠨᠢᠭᠲᠠᠯᠠᠨ ᠪᠤᠳᠦᠬᠤ ᠠᠵᠢᠯ ᠠ᠋ᠷᠬᠢᠯᠡᠬᠦ ᠬᠢᠷᠢ ᠬᠡᠮ᠎ᠤᠨ ᠦᠨᠡᠮᠯᠡᠯ᠎ᠨᠢ ᠬᠤᠷᠢᠶᠠᠭᠳᠠᠨ ᠬᠦᠴᠦᠨ ᠦᠭᠡᠢ ᠪᠣᠯᠭ᠋ᠠᠭᠳᠠᠭᠰᠠᠨ ᠠ᠋ᠳᠦᠷ᠎ᠠᠴᠠ ᠠ᠋ᠬᠢᠯᠡᠨ ᠲᠠᠪᠤᠨ ᠵᠢᠯ᠎ᠤᠨ ᠳᠣᠲᠣᠷ᠎ᠠ ᠰᠢᠨ᠎ᠡ ᠨᠢᠭᠲᠠᠯᠠᠨ ᠪᠤᠳᠦᠬᠤ ᠠᠵᠢᠯ ᠠ᠋ᠷᠬᠢᠯᠡᠬᠦ ᠬᠢᠷᠢ ᠬᠡᠮ᠎ᠤᠨ ᠦᠨᠡᠮᠯᠡᠯ᠎ᠢ ᠣᠯᠭᠣᠵᠤ ᠪᠣᠯᠬᠤ ᠤᠢ᠍ᠭᠡᠢ᠃
ᠳᠥᠴᠢᠨ ᠨᠢᠭᠡᠳᠦᠭᠡᠷ ᠵᠦᠢ᠍ᠯ᠂ ᠨᠢᠭᠲᠠᠯᠠᠨ ᠪᠤᠳᠦᠬᠤ ᠠᠵᠢᠯᠳᠡᠠ ᠠᠵᠢᠯ ᠰᠢᠯᠵᠢᠬᠦ ᠪᠤᠶᠤ ᠲᠤᠰᠢᠶᠠᠯ᠎ᠠᠴᠠ᠎ᠪᠠᠨ ᠰᠠᠯᠬᠤ ᠦᠶ᠎ᠡ᠎ᠳᠤ ᠬᠦᠯᠢᠶᠡᠠ ᠠᠪᠴᠤ ᠬᠠᠮᠢᠶᠠᠷᠬᠤ ᠠᠵᠢᠯᠳᠡᠠ᠎ᠲᠠᠢ ᠠᠵᠢᠯ ᠵᠶ᠋ᠠᠨ ᠲᠤᠰᠢᠶᠠᠨ ᠥᠭᠬᠦ ᠪᠠ ᠬᠦᠯᠢᠶᠡᠠ ᠠᠪᠬᠤ ᠭᠠᠷ ᠭᠦᠢ᠍ᠴᠡᠳᠬᠡᠯ᠎ᠢ ᠠ᠋ᠷᠬᠡᠪᠰᠢ ᠲᠣᠳᠣᠷᠬᠠᠶ ᠬᠢᠬᠦ ᠬᠡᠷᠡᠭᠲᠡᠶ᠃
ᠠ᠋ᠩ᠎ᠤᠨ ᠨᠢᠭᠲᠠᠯᠠᠨ ᠪᠤᠳᠦᠬᠤ ᠠᠵᠢᠯᠳᠡᠠ ᠠᠵᠢᠯ ᠵᠶ᠋ᠠᠨ ᠲᠤᠰᠢᠶᠠᠨ ᠥᠭᠬᠦ ᠪᠠ ᠬᠦᠯᠢᠶᠡᠠ ᠠᠪᠬᠤ ᠭᠠᠷ ᠭᠦᠢ᠍ᠴᠡᠳᠬᠡᠯ ᠬᠢᠬᠦ᠎ᠳᠤ ᠨᠢᠭᠲᠠᠯᠠᠨ ᠪᠤᠳᠦᠬᠤ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ (ᠨᠢᠭᠲᠠᠯᠠᠨ ᠪᠤᠳᠦᠬᠤ ᠠᠵᠢᠯ᠎ᠤᠨ ᠠ᠋ᠷᠬᠢᠯᠡᠠ ᠬᠠᠮᠢᠶᠠᠷᠤᠭᠴᠢ) ᠬᠢᠨᠠᠵᠤ ᠲᠤᠰᠢᠶᠠᠯᠭ᠋ᠠᠨ᠎ᠠ; ᠨᠢᠭᠲᠠᠯᠠᠨ ᠪᠤᠳᠦᠬᠤ ᠪᠠᠶ᠋ᠢᠭᠤᠯᠤᠮᠵᠢ ᠵᠢᠨ ᠬᠠᠷᠢᠭᠤᠴᠠᠯᠭ᠋ᠠᠲᠠᠨ (ᠨᠢᠭᠲᠠᠯᠠᠨ ᠪᠤᠳᠦᠬᠤ ᠠᠵᠢᠯ᠎ᠤᠨ ᠠ᠋ᠷᠬᠢᠯᠡᠠ ᠬᠠᠮᠢᠶᠠᠷᠤᠭᠴᠢ)᠎ᠠᠴᠠ ᠠᠵᠢᠯ ᠲᠤᠰᠢᠶᠠᠬᠤ ᠪᠠ ᠬᠦᠯᠢᠶᠡᠨ ᠠᠪᠬᠤ ᠭᠠᠷ ᠭᠦᠢ᠍ᠴᠡᠳᠬᠡᠯ ᠬᠢᠬᠦ᠎ᠳᠤ ᠨᠢᠭᠡᠴᠢ ᠵᠢᠨ ᠬᠠᠷᠢᠭᠤᠴᠠᠯᠭ᠋ᠠᠲᠠᠨ ᠬᠢᠨᠠᠵᠤ ᠲᠤᠰᠢᠶᠠᠯᠭ᠋ᠠᠨ᠎ᠠ᠂ ᠴᠢᠬᠤᠯᠠᠲᠠᠢ ᠦᠶ᠎ᠡ᠎ᠳᠤ ᠠ᠋ᠷᠬᠢᠯᠡᠨ ᠬᠠᠮᠢᠶᠠᠷᠬᠤ ᠨᠢᠭᠡᠴᠢ᠎ᠠᠴᠠ ᠬᠥᠮᠦᠨ ᠲᠣᠮᠢᠯᠠᠨ ᠬᠠᠮᠲᠦ ᠬᠢᠨᠠᠨ ᠲᠤᠰᠢᠶᠠᠯᠭ᠋ᠠᠵᠤ ᠪᠣᠯᠤᠨ᠎ᠠ᠃
ᠵᠢᠷᠭᠤᠳᠤᠭ᠋ᠠᠷ ᠪᠦᠯᠦᠭ ᠬᠠᠤᠯᠢ ᠴᠠᠭ᠋ᠠᠵᠠ ᠵᠢᠨ ᠬᠠᠷᠢᠭᠤᠴᠠᠯᠭ᠎ᠠ
ᠳᠥᠴᠢᠨ ᠬᠣᠶᠠᠳᠤᠭ᠋ᠠᠷ ᠵᠦᠢ᠍ᠯ᠂ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠵᠦ᠂ ᠳᠣᠣᠷ᠎ᠠ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠬᠤᠭᠤᠴᠠᠭ᠎ᠠ ᠲᠣᠭᠲᠠᠭ᠋ᠠᠨ ᠵᠠᠯᠠᠷᠠᠭᠤᠯᠤᠭᠤᠯᠵᠤ᠂ ᠨᠢᠭᠡᠴᠠ ᠵᠢ᠎ᠨᠢ ᠭᠤᠷᠪᠠᠨ ᠮᠢᠩᠭ᠋ᠠᠨ ᠲᠥᠭᠥᠷᠢᠭ᠎ᠠᠴᠠ ᠳᠡᠭᠡᠭᠰᠢᠬᠢ ᠲᠠᠪᠤᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠳᠬᠡᠨ᠎ᠡ; ᠰᠢᠭᠤᠳ ᠬᠠᠷᠢᠭᠤᠴᠠᠯᠭ᠎ᠠ᠎ᠲᠠᠢ ᠠ᠋ᠷᠬᠢᠯᠡᠠ ᠬᠠᠮᠢᠶᠠᠷᠤᠭᠴᠢ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠰ᠎ᠢ ᠬᠣᠶᠠᠷ ᠮᠢᠩᠭ᠋ᠠᠨ ᠲᠥᠭᠥᠷᠢᠭ᠎ᠠᠴᠠ ᠳᠡᠭᠡᠭᠰᠢ ᠬᠣᠶᠠᠷ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠳᠬᠡᠵᠦ ᠪᠣᠯᠤᠨ᠎ᠠ; ᠣᠯᠣᠰ ᠵᠢᠨ ᠠᠵᠢᠯᠳᠡᠠ ᠪᠣᠯᠬᠤ᠎ᠳᠤ ᠬᠦᠷᠪᠡᠯ᠂ ᠪᠠᠰᠠ ᠲᠡᠭᠦᠨ᠎ᠤ ᠪᠠᠶ᠋ᠢᠭ᠎ᠠ ᠨᠢᠭᠡᠴᠢ ᠪᠤᠶᠤ ᠬᠣᠯᠪᠣᠭᠳᠠᠯ ᠪᠦᠬᠦᠢ ᠨᠢᠭᠡᠴᠢ᠎ᠠᠴᠠ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ᠄
(ᠨᠢᠭᠡ) ᠬᠠᠤᠯᠢ ᠶᠣᠰᠣᠭ᠋ᠠᠷ ᠨᠢᠭᠲᠠᠯᠠᠨ ᠪᠤᠳᠤᠬᠤ ᠲᠠᠩᠰᠠ ᠪᠠᠶ᠋ᠢᠷᠢᠯᠠᠭᠤᠯᠬᠤ ᠦᠭᠡᠢ;
(ᠬᠣᠶᠠᠷ) ᠬᠤᠪᠢ᠎ᠪᠠᠷ ᠵᠶ᠋ᠠᠨ ᠨᠢᠭᠲᠠᠯᠠᠨ ᠪᠤᠳᠦᠬᠤ ᠲᠡᠡᠭᠰᠠ ᠬᠠᠷ᠎ᠠ ᠪᠠᠢ᠌ᠭᠣᠯᠬᠣ;
(ᠭᠤᠷᠪᠠ) ᠤᠬ ᠭᠡᠷᠡᠴᠢ ᠪᠠᠷᠢᠮᠲᠠ ᠵᠢ ᠲᠣᠭᠲᠠᠭ᠋ᠠᠯ ᠶᠣᠰᠣᠭ᠋ᠠᠷ ᠲᠠᠭᠯᠠᠭᠰᠠᠨ ᠤᠢ᠍ᠭᠡᠢ ᠪᠠ ᠣᠯᠤᠭᠰᠠᠨ ᠤᠢ᠍ᠭᠡᠢ ᠪᠠᠶ᠋ᠢᠬᠤ᠂ ᠠ᠋ᠰᠡᠬᠦᠯ᠎ᠡ ᠲᠠᠭᠯᠠᠭᠰᠠᠨ᠂ ᠣᠯᠤᠭᠰᠠᠨ ᠤᠬ ᠭᠡᠷᠡᠴᠢ ᠪᠠᠷᠢᠮᠲᠠ ᠨᠢ ᠲᠣᠭᠲᠠᠭ᠋ᠠᠯ᠎ᠳᠤ ᠠ᠋ᠰᠡ ᠨᠡᠶ᠋ᠢᠴᠡᠬᠦ;
(ᠲᠤᠢ᠍ᠷᠪᠡ) ᠬᠢᠨᠠᠨ ᠬᠠᠷᠭᠤᠭᠤᠯᠤᠭᠰᠠᠨ ᠤᠢ᠍ᠭᠡᠢ ᠨᠢᠭᠲᠠᠯᠠᠨ ᠪᠤᠳᠦᠬᠤ ᠭᠡᠷᠡᠴᠢ ᠪᠠᠷᠢᠮᠲᠠ᠎ᠪᠠᠷ ᠦᠨᠳᠦᠰᠦ ᠪᠠᠷᠢᠮᠲᠠ ᠪᠣᠯᠭ᠋ᠠᠬᠰᠡᠨ ᠨᠢᠭᠲᠠᠯᠠᠨ ᠪᠤᠳᠦᠬᠤ ᠲᠡᠡᠭᠰᠠ ᠬᠠᠷ᠎ᠠ ᠵᠢ ᠳᠠᠩᠰᠠᠯᠠᠬᠣ ᠪᠤᠶᠤ ᠳᠠᠩᠰᠠᠯᠠᠭᠰᠠᠨ ᠨᠢᠭᠲᠠᠯᠠᠨ ᠪᠤᠳᠦᠯᠲᠠ ᠵᠢᠨ ᠲᠡᠡᠭᠰᠠ ᠬᠠᠷ᠎ᠠ᠎ᠨᠢ ᠲᠣᠭᠲᠠᠭ᠋ᠠᠯ᠎ᠳᠤ ᠠ᠋ᠰᠡ ᠨᠡᠶ᠋ᠢᠴᠡᠬᠦ;
(ᠲᠠᠪᠤ) ᠨᠢᠭᠲᠠᠯᠠᠨ ᠪᠤᠳᠦᠯᠳᠠ ᠵᠢᠨ ᠰᠢᠢ᠍ᠳᠪᠦᠷᠢᠯᠡᠬᠦ ᠠ᠋ᠡᠷᠭᠠ ᠵᠢ ᠳᠤᠷ᠎ᠠ᠎ᠪᠠᠷ ᠵᠶ᠋ᠠᠨ ᠬᠤᠪᠢᠷᠠᠭᠤᠯᠤᠭᠰᠠᠨ;
(ᠵᠢᠷᠭᠤᠭ᠎ᠠ) ᠠᠳᠠᠯᠢ ᠪᠤᠰᠤ ᠨᠢᠭᠲᠠᠯᠠᠨ ᠪᠤᠳᠦᠬᠤ ᠮᠠᠲ᠋ᠧᠷᠢᠶᠠᠯ ᠬᠡᠷᠡᠭᠯᠡᠭᠴᠢᠳ᠎ᠲᠤ ᠬᠠᠩᠭ᠋ᠠᠭᠰᠠᠨ ᠠ᠋ᠳ᠋᠎ᠤᠨ ᠶᠠᠪᠤᠳᠠᠯ᠎ᠤᠨ ᠨᠢᠭᠲᠠᠯᠠᠨ ᠪᠤᠳᠦᠭ᠍ᠰᠡᠠ ᠮᠡᠳᠡᠭᠦᠯᠦᠯᠲᠡ ᠵᠢᠨ ᠨᠠᠶ᠋ᠢᠷᠠᠭᠤᠯᠤᠨ ᠵᠣᠬᠢᠶᠠᠭᠰᠠᠨ ᠠ᠋ᠰᠢ ᠪᠠᠷᠢᠮᠲᠠ᠎ᠨᠢ ᠠᠳᠠᠯᠢ ᠪᠤᠰᠤ ᠪᠠᠶ᠋ᠢᠬᠤ;
(ᠲᠤᠯᠤᠭ᠎ᠠ) ᠲᠣᠭᠲᠠᠭ᠋ᠠᠯ ᠶᠣᠰᠣᠭ᠋ᠠᠷ ᠨᠢᠭᠲᠠᠯᠠᠨ ᠪᠤᠳᠦᠬᠤ ᠲᠡᠮᠳᠡᠭᠯᠡᠯ ᠬᠢᠬᠦ ᠦᠰᠦᠭ ᠪᠢᠴᠢᠭ ᠪᠤᠶᠤ ᠳᠠᠩᠰᠠ ᠲᠡᠮᠳᠡᠭᠯᠡᠬᠦ ᠳᠡᠪᠢᠰᠬᠡᠷ ᠵᠣᠭᠣᠰ᠎ᠢ ᠬᠡᠷᠡᠭᠯᠡᠭᠰᠡᠨ ᠦᠭᠡᠢ;
(ᠨᠠᠢ᠍ᠮᠠ) ᠨᠢᠭᠲᠠᠯᠠᠨ ᠪᠤᠳᠦᠬᠤ ᠮᠠᠲ᠋ᠧᠷᠢᠶᠠᠯ᠎ᠢ ᠲᠣᠭᠲᠠᠭ᠋ᠠᠯ ᠶᠣᠰᠣᠭ᠋ᠠᠷ ᠬᠠᠮᠢᠶᠠᠷᠤᠭᠰᠠᠨ ᠤᠢ᠍ᠭᠡᠢ᠎ᠠᠴᠠ ᠪᠣᠯᠣᠭ᠋ᠠᠳ ᠨᠢᠭᠲᠠᠯᠠᠨ ᠪᠤᠳᠦᠬᠤ ᠮᠠᠲ᠋ᠧᠷᠢᠶᠠᠯ᠎ᠢ ᠰᠦᠢ᠍ᠳᠬᠡᠨ ᠬᠣᠬᠢᠷᠠᠭᠤᠯᠵᠤ᠂ ᠤᠰᠠᠳᠬᠠᠨ ᠭᠡᠭᠡᠭᠳᠡᠭᠦᠯᠦᠭᠰᠡᠨ;
(ᠶᠢᠰᠦ) ᠨᠢᠭᠡᠴᠢ ᠵᠢᠨ ᠳᠣᠲᠣᠭ᠋ᠠᠳᠤ ᠵᠢᠨ ᠨᠢᠭᠲᠠᠯᠠᠨ ᠪᠤᠳᠦᠬᠤ ᠬᠢᠨᠠᠯᠲᠠ ᠵᠢᠨ ᠲᠤᠢ᠍ᠷᠢᠮ᠎ᠢ ᠲᠣᠭᠲᠠᠭ᠋ᠠᠯ ᠶᠣᠰᠣᠭ᠋ᠠᠷ ᠪᠠᠶ᠋ᠢᠭᠤᠯᠵᠤ ᠬᠡᠷᠡᠭᠵᠢᠭᠦᠯᠦᠭᠰᠡᠨ ᠪᠤᠶᠤ ᠬᠠᠤᠯᠢ ᠶᠣᠰᠣᠭ᠋ᠠᠷ ᠬᠢᠨᠠᠯᠲᠠ ᠲᠠᠯᠪᠢᠬᠤ ᠬᠡᠷᠡᠭᠵᠢᠭᠦᠯᠬᠦ ᠵᠢ ᠳᠡᠪᠴᠢᠬᠦ ᠪᠤᠶᠤ ᠬᠣᠯᠪᠣᠭᠳᠠᠯ ᠪᠦᠬᠦᠢ ᠨᠢᠭᠲᠠᠯᠠᠨ ᠪᠤᠳᠤᠭᠰᠠᠨ ᠮᠠᠲ᠋ᠧᠷᠢᠶᠠᠯ ᠵᠢᠴᠢ ᠬᠣᠯᠪᠣᠭᠳᠠᠯ ᠪᠦᠬᠦᠢ ᠪᠠᠶ᠋ᠢᠳᠠᠯ᠎ᠢ ᠦᠨᠡᠨ ᠮᠥᠨ ᠵᠶ᠋ᠡᠷ᠎ᠨᠢ ᠬᠠᠩᠭ᠋ᠠᠭᠰᠠᠨ ᠦᠭᠡᠢ;
(ᠠᠷᠪᠠ) ᠨᠢᠭᠲᠠᠯᠠᠨ ᠪᠤᠳᠦᠬᠤ ᠠᠵᠢᠯᠳᠡᠠ ᠲᠣᠮᠢᠯᠠᠵᠤ ᠬᠡᠷᠡᠭᠯᠡᠭᠰᠡᠨ᠎ᠨᠢ ᠲᠤᠰ ᠬᠠᠤᠯᠢ ᠵᠢᠨ ᠲᠣᠭᠲᠠᠭ᠋ᠠᠯ᠎ᠳᠤ ᠠ᠋ᠰᠡ ᠨᠡᠶ᠋ᠢᠴᠡᠬᠦ᠃
ᠠ᠋ᠮᠦᠨᠡᠬᠢ ᠪᠠᠳᠠᠭ᠎ᠲᠤ ᠵᠢᠭᠰᠠᠭ᠋ᠠᠭᠰᠠᠨ ᠠᠵᠢᠯᠯᠠᠭ᠎ᠠ ᠵᠢᠨ ᠨᠢᠭᠡ ᠵᠢ ᠬᠢᠭᠡᠳ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣᠭ᠋ᠠᠷ ᠠ᠋ᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠨᠢᠭᠲᠠᠯᠠᠨ ᠪᠤᠳᠦᠬᠤ ᠠᠵᠢᠯᠲᠠᠳ ᠨᠢᠭᠡᠳᠦᠭᠡᠷ ᠪᠠᠳᠠᠭ᠎ᠲᠤ ᠵᠢᠭᠰᠠᠭ᠋ᠠᠭᠰᠠᠨ ᠠᠵᠢᠯᠯᠠᠭ᠎ᠠ ᠵᠢᠨ ᠨᠢᠭᠡ ᠵᠢ ᠬᠢᠵᠦ ᠤᠢ᠍ᠢ᠍ᠯᠠ ᠪᠠᠶ᠋ᠢᠳᠠᠯ᠎ᠨᠢ ᠬᠦᠨᠳᠦ ᠨᠣᠴᠢᠲᠠᠶ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠲᠡᠭᠦᠨ᠎ᠤ ᠨᠢᠭᠲᠠᠯᠠᠨ ᠪᠤᠳᠦᠬᠤ ᠠᠵᠢᠯ ᠠ᠋ᠷᠬᠢᠯᠡᠬᠦ ᠬᠢᠷᠢ ᠬᠡᠮ᠎ᠤᠨ ᠦᠨᠡᠮᠯᠡᠯ᠎ᠢ᠎ᠨᠢ ᠬᠤᠷᠢᠶᠡᠠ ᠠᠪᠴᠤ ᠬᠦᠴᠦᠨ ᠤᠢ᠍ᠭᠡᠢ ᠪᠣᠯᠭ᠋ᠠᠨ᠎ᠠ᠃
ᠬᠣᠯᠪᠣᠭᠳᠠᠯ ᠪᠦᠬᠦᠢ ᠬᠠᠤᠯᠢ ᠴᠠᠭ᠋ᠠᠵᠠ᠎ᠳᠤ ᠨᠢᠭᠡᠳᠦᠭᠡᠷ ᠪᠠᠳᠠᠭ᠎ᠲᠤ ᠵᠢᠭᠰᠠᠭ᠋ᠠᠭᠰᠠᠨ ᠠᠵᠢᠯᠯᠠᠭ᠎ᠠ ᠬᠢᠭᠰᠡᠳ᠎ᠢ ᠰᠢᠳᠬᠡᠬᠦ ᠲᠤᠬᠠᠶ ᠠᠰᠲᠠᠭ᠋ᠠᠨ ᠲᠣᠭᠲᠠᠭ᠋ᠠᠯ᠎ᠲᠠᠢ ᠪᠣᠯ᠂ ᠬᠣᠯᠪᠣᠭᠳᠠᠯ ᠪᠦᠬᠦᠢ ᠬᠠᠤᠯᠢ ᠴᠠᠭ᠋ᠠᠵᠠ ᠵᠢᠨ ᠲᠣᠭᠲᠠᠭ᠋ᠠᠯ ᠶᠣᠰᠣᠭ᠋ᠠᠷ ᠶᠠᠪᠤᠭᠤᠯᠤᠨ᠎ᠠ᠃
ᠳᠥᠴᠢᠨ ᠭᠤᠷᠪᠠᠳᠤᠭ᠋ᠠᠷ ᠵᠦᠢ᠍ᠯ᠂ ᠨᠢᠭᠲᠠᠯᠠᠨ ᠪᠤᠳᠦᠬᠤ ᠭᠡᠷᠡᠴᠢ ᠪᠠᠷᠢᠮᠲᠠ᠂ ᠨᠢᠭᠲᠠᠯᠠᠨ ᠪᠤᠳᠦᠬᠤ ᠲᠡᠡᠭᠰᠠ ᠳᠡᠪᠲᠡᠷ᠎ᠢ ᠬᠠᠭᠤᠷᠮᠠᠭᠯᠠᠨ ᠵᠣᠬᠢᠶᠠᠭᠰᠠᠨ᠂ ᠬᠤᠪᠢᠷᠠᠭᠤᠯᠤᠨ ᠵᠣᠬᠢᠶᠠᠵᠦ᠂ ᠬᠤᠳᠠᠯ ᠬᠠᠭᠤᠷᠮᠠᠭ ᠠ᠋ᠳ᠋᠎ᠤᠨ ᠶᠠᠪᠤᠳᠠᠯ᠎ᠤᠨ ᠨᠢᠭᠲᠠᠯᠠᠨ ᠪᠤᠳᠤᠯᠳᠠ ᠵᠢᠨ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠵᠤ᠂ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣ᠎ᠪᠠᠷ ᠠ᠋ᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
ᠠ᠋ᠮᠦᠨᠡᠬᠢ ᠪᠠᠳᠠᠭ᠎ᠤᠨ ᠠᠵᠢᠯᠯᠠᠭ᠎ᠠ ᠵᠢ ᠬᠢᠵᠦ ᠬᠠᠷᠠᠬᠠᠨ ᠶᠠᠯ᠎ᠠ ᠪᠤᠯᠵᠦ ᠪᠦᠷᠢᠯᠳᠦᠭᠡᠳᠦᠶ ᠪᠣᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠨᠡᠶ᠋ᠢᠲᠡ᠎ᠳᠤ ᠵᠠᠷᠯᠠᠵᠤ᠂ ᠨᠢᠭᠡᠴᠢ ᠵᠢ᠎ᠨᠢ ᠲᠠᠪᠤᠨ ᠮᠢᠩᠭ᠋ᠠᠨ ᠲᠥᠭᠥᠷᠢᠭ᠎ᠠᠴᠠ ᠳᠡᠭᠡᠭᠰᠢ ᠠᠷᠪᠠᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠢ᠌ᠯᠡᠭᠦᠯᠦᠨ ᠰᠢᠳᠬᠡᠵᠦ ᠪᠣᠯᠤᠨ᠎ᠠ; ᠲᠡᠭᠦᠨ᠎ᠤ ᠰᠢᠭᠤᠳ ᠬᠠᠷᠢᠭᠤᠴᠠᠵᠤ ᠪᠠᠶ᠋ᠢᠭ᠎ᠠ ᠠ᠋ᠷᠬᠢᠯᠡᠠ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠢ᠎ᠨᠢ ᠭᠤᠷᠪᠠᠨ ᠮᠢᠩᠭ᠋ᠠᠨ ᠲᠥᠭᠥᠷᠢᠭ᠎ᠠᠴᠠ ᠳᠡᠭᠡᠭᠰᠢ ᠲᠠᠪᠤᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠳᠬᠡᠨ᠎ᠡ; ᠣᠯᠣᠰ ᠵᠢᠨ ᠠᠵᠢᠯᠳᠡᠠ ᠪᠣᠯᠬᠤ᠎ᠳᠤ ᠬᠦᠷᠪᠡᠯ᠂ ᠪᠠᠰᠠ ᠲᠡᠭᠦᠨ᠎ᠤ ᠪᠠᠶ᠋ᠢᠭ᠎ᠠ ᠨᠢᠭᠡᠴᠢ ᠪᠤᠶᠤ ᠬᠣᠯᠪᠣᠭᠳᠠᠯ ᠪᠦᠬᠦᠢ ᠨᠢᠭᠡᠴᠢ᠎ᠠᠴᠠ ᠬᠠᠤᠯᠢ ᠶᠣᠰᠣᠭ᠋ᠠᠷ ᠲᠤᠰᠢᠶᠠᠯ᠎ᠠᠴᠠ᠎ᠨᠢ ᠤᠭᠴᠠᠷᠠᠭᠤᠯᠬᠤ ᠴᠢᠨᠠᠭᠰᠢᠯᠠᠪᠠᠯ ᠠᠵᠢᠯ᠎ᠠᠴᠠ᠎ᠨᠢ ᠬᠥᠭᠡᠭᠡᠬᠦ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ; ᠠ᠋ᠭᠦᠨ᠎ᠤ ᠬᠠᠮᠲᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠲᠡᠳᠡᠭᠡᠷ᠎ᠤᠨ ᠳᠣᠲᠣᠷᠠᠬᠢ ᠨᠢᠭᠲᠠᠯᠠᠨ ᠪᠤᠳᠦᠬᠤ ᠠᠵᠢᠯᠳᠡᠠᠤ ᠨᠢᠭᠲᠠᠯᠠᠨ ᠪᠤᠳᠦᠬᠤ ᠠᠵᠢᠯ ᠠ᠋ᠷᠬᠢᠯᠡᠬᠦ ᠬᠢᠷᠢ ᠬᠡᠮ᠎ᠤᠨ ᠦᠨᠡᠮᠯᠡᠯ᠎ᠢ᠎ᠨᠢ ᠬᠤᠷᠢᠶᠡᠠ ᠠᠪᠴᠤ ᠬᠦᠴᠦᠨ ᠤᠢ᠍ᠭᠡᠢ ᠪᠣᠯᠭ᠋ᠠᠨ᠎ᠠ᠃
ᠳᠥᠴᠢᠨ ᠳᠥᠷᠪᠡᠳᠦᠭᠡᠷ ᠵᠦᠢ᠍ᠯ᠂ ᠬᠠᠤᠯᠢ ᠶᠣᠰᠣᠭ᠋ᠠᠷ ᠬᠠᠮᠠᠭ᠋ᠠᠯᠠᠨ ᠬᠠᠳᠠᠭ᠋ᠠᠯᠠᠬᠤ ᠶᠣᠰᠣᠲᠠᠶ ᠨᠢᠭᠲᠠᠯᠠᠨ ᠪᠤᠳᠦᠬᠤ ᠭᠡᠷᠡᠴᠢ ᠪᠠᠷᠢᠮᠲᠠ᠂ ᠨᠢᠭᠲᠠᠯᠠᠨ ᠪᠤᠳᠦᠬᠤ ᠵᠢᠨ ᠲᠡᠡᠭᠰᠠ ᠳᠡᠪᠲᠡᠷ᠂ ᠠ᠋ᠳ᠋᠎ᠤᠨ ᠶᠠᠪᠤᠳᠠᠯ᠎ᠤᠨ ᠨᠢᠭᠲᠠᠯᠠᠨ ᠪᠤᠳᠤᠯᠳᠠ ᠵᠢᠨ ᠮᠡᠳᠡᠭᠦᠯᠦᠯᠲᠡ ᠵᠢ ᠨᠢᠭᠤᠨ ᠳᠠᠷᠤᠭᠰᠠᠨ ᠪᠤᠶᠤ ᠵᠣᠷᠢᠭᠤᠳᠠ ᠤᠰᠠᠳᠬᠠᠨ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣ᠎ᠪᠠᠷ ᠠ᠋ᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃
ᠠ᠋ᠮᠦᠨᠡᠬᠢ ᠪᠠᠳᠠᠭ᠎ᠤᠨ ᠠᠵᠢᠯᠯᠠᠭ᠎ᠠ ᠵᠢ ᠬᠢᠵᠦ ᠬᠠᠷᠠᠬᠠᠨ ᠶᠠᠯ᠎ᠠ ᠪᠤᠯᠵᠦ ᠪᠦᠷᠢᠯᠳᠦᠭᠡᠳᠦᠶ ᠪᠣᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠨᠡᠶ᠋ᠢᠲᠡ᠎ᠳᠤ ᠵᠠᠷᠯᠠᠵᠤ᠂ ᠨᠢᠭᠡᠴᠢ ᠵᠢ᠎ᠨᠢ ᠲᠠᠪᠤᠨ ᠮᠢᠩᠭ᠋ᠠᠨ ᠲᠥᠭᠥᠷᠢᠭ᠎ᠠᠴᠠ ᠳᠡᠭᠡᠭᠰᠢ ᠠᠷᠪᠠᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠳᠬᠡᠵᠦ ᠪᠣᠯᠤᠨ᠎ᠠ; ᠲᠡᠭᠦᠨ᠎ᠤ ᠰᠢᠭᠤᠳ ᠬᠠᠷᠢᠭᠤᠴᠠᠵᠤ ᠪᠠᠶ᠋ᠢᠭ᠎ᠠ ᠠ᠋ᠷᠬᠢᠯᠡᠠ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠢ᠎ᠨᠢ ᠭᠤᠷᠪᠠᠨ ᠮᠢᠩᠭ᠋ᠠᠨ ᠲᠥᠭᠥᠷᠢᠭ᠎ᠠᠴᠠ ᠳᠡᠭᠡᠭᠰᠢ ᠲᠠᠪᠤᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠳᠬᠡᠨ᠎ᠡ; ᠣᠯᠣᠰ ᠵᠢᠨ ᠠᠵᠢᠯᠳᠡᠠ ᠪᠣᠯᠬᠤ᠎ᠳᠤ ᠬᠦᠷᠪᠡᠯ᠂ ᠪᠠᠰᠠ ᠲᠡᠭᠦᠨ᠎ᠤ ᠪᠠᠶ᠋ᠢᠭ᠎ᠠ ᠨᠢᠭᠡᠴᠢ ᠪᠤᠶᠤ ᠬᠣᠯᠪᠣᠭᠳᠠᠯ ᠪᠦᠬᠦᠢ ᠨᠢᠭᠡᠴᠢ᠎ᠠᠴᠠ ᠬᠠᠤᠯᠢ ᠶᠣᠰᠣᠭ᠋ᠠᠷ ᠲᠤᠰᠢᠶᠠᠯ᠎ᠠᠴᠠ᠎ᠨᠢ ᠤᠭᠴᠠᠷᠠᠭᠤᠯᠬᠤ ᠴᠢᠨᠠᠭᠰᠢᠯᠠᠪᠠᠯ ᠠᠵᠢᠯ᠎ᠠᠴᠠ᠎ᠨᠢ ᠬᠥᠭᠡᠭᠡᠬᠦ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ; ᠠ᠋ᠭᠦᠨ᠎ᠤ ᠬᠠᠮᠲᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠲᠡᠳᠡᠭᠡᠷ᠎ᠤᠨ ᠳᠣᠲᠣᠷᠠᠬᠢ ᠨᠢᠭᠲᠠᠯᠠᠨ ᠪᠤᠳᠦᠬᠤ ᠠᠵᠢᠯᠳᠡᠠᠤ ᠨᠢᠭᠲᠠᠯᠠᠨ ᠪᠤᠳᠦᠬᠤ ᠠᠵᠢᠯ ᠠ᠋ᠷᠬᠢᠯᠡᠬᠦ ᠬᠢᠷᠢ ᠬᠡᠮ᠎ᠤᠨ ᠦᠨᠡᠮᠯᠡᠯ᠎ᠢ᠎ᠨᠢ ᠬᠤᠷᠢᠶᠡᠠ ᠠᠪᠴᠤ ᠬᠦᠴᠦᠨ ᠤᠢ᠍ᠭᠡᠢ ᠪᠣᠯᠭ᠋ᠠᠨ᠎ᠠ᠃
ᠳᠥᠴᠢᠨ ᠲᠠᠪᠤᠳᠤᠭ᠋ᠠᠷ ᠵᠦᠢ᠍ᠯ᠂ ᠨᠢᠭᠲᠠᠯᠠᠨ ᠪᠤᠳᠤᠬᠤ ᠪᠠᠶ᠋ᠢᠭᠤᠯᠤᠮᠵᠢ᠂ ᠨᠢᠭᠲᠠᠯᠠᠨ ᠪᠤᠳᠦᠬᠤ ᠠᠵᠢᠯᠳᠡᠠ ᠵᠢᠴᠢ ᠪᠤᠰᠤᠳ ᠬᠥᠮᠦᠨ ᠵᠢ ᠰᠠᠨᠠᠭ᠎ᠠ ᠳᠣᠬᠢᠵᠦ᠂ ᠥᠳᠥᠭᠡᠬᠦ᠂ ᠠᠯᠪᠡᠳᠡᠠ ᠵᠠᠷᠯᠢᠭᠳᠠᠵᠤ ᠪᠠᠶ᠋ᠢᠭ᠋ᠠᠳ ᠨᠢᠭᠲᠠᠯᠠᠨ ᠪᠤᠳᠦᠬᠤ ᠭᠡᠷᠡᠴᠢ ᠪᠠᠷᠢᠮᠲᠠ᠂ ᠨᠢᠭᠲᠠᠯᠠᠨ ᠪᠤᠳᠦᠬᠤ ᠵᠢᠨ ᠲᠡᠡᠭᠰᠠ ᠳᠡᠪᠲᠡᠷ᠎ᠢ ᠬᠠᠭᠤᠷᠮᠠᠭᠯᠠᠨ ᠵᠣᠬᠢᠶᠠᠬᠣ᠂ ᠬᠤᠪᠢᠷᠠᠭᠤᠯᠤᠨ ᠵᠣᠬᠢᠶᠠᠭᠰᠠᠨ᠂ ᠬᠤᠳᠠᠯ ᠬᠠᠭᠤᠷᠮᠠᠭ ᠠ᠋ᠳ᠋᠎ᠤᠨ ᠶᠠᠪᠤᠳᠠᠯ᠎ᠤᠨ ᠨᠢᠭᠲᠠᠯᠠᠨ ᠪᠤᠳᠤᠯᠳᠠ ᠵᠢᠨ ᠮᠡᠳᠡᠭᠦᠯᠦᠯᠲᠡ ᠨᠠᠶ᠋ᠢᠷᠠᠭᠤᠯᠤᠨ ᠵᠣᠬᠢᠶᠠᠬᠤ ᠪᠤᠶᠤ ᠬᠠᠤᠯᠢ ᠶᠣᠰᠣᠭ᠋ᠠᠷ ᠬᠠᠮᠠᠭ᠋ᠠᠯᠠᠨ ᠬᠠᠳᠠᠭ᠋ᠠᠯᠠᠬᠤ ᠶᠣᠰᠣᠲᠠᠶ ᠨᠢᠭᠲᠠᠯᠠᠨ ᠪᠤᠳᠦᠬᠤ ᠭᠡᠷᠡᠴᠢ ᠪᠠᠷᠢᠮᠲᠠ᠂ ᠨᠢᠭᠲᠠᠯᠠᠨ ᠪᠤᠳᠦᠬᠤ ᠵᠢᠨ ᠲᠡᠡᠭᠰᠠ ᠳᠡᠪᠲᠡᠷ᠂ ᠠ᠋ᠳ᠋᠎ᠤᠨ ᠶᠠᠪᠤᠳᠠᠯ᠎ᠤᠨ ᠨᠢᠭᠲᠠᠯᠠᠨ ᠪᠤᠳᠤᠯᠳᠠ ᠵᠢᠨ ᠮᠡᠳᠡᠭᠦᠯᠦᠯᠲᠡ ᠵᠢ ᠨᠢᠭᠤᠨ ᠳᠠᠯᠳᠠᠯᠠᠵᠤ᠂ ᠵᠣᠷᠢᠭᠤᠳᠠ ᠤᠰᠠᠳᠬᠠᠭ᠋ᠠᠳ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣ᠎ᠪᠠᠷ ᠠ᠋ᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ; ᠬᠠᠷᠠᠬᠠᠨ ᠶᠠᠯ᠎ᠠ ᠪᠤᠯᠵᠦ ᠪᠦᠷᠢᠯᠳᠦᠭᠰᠡᠨ ᠤᠢ᠍ᠭᠡᠢ ᠪᠠᠶ᠋ᠢᠪᠠᠯ᠂ ᠲᠠᠪᠤᠨ ᠮᠢᠩᠭ᠋ᠠᠨ ᠲᠥᠭᠥᠷᠢᠭ᠎ᠠᠴᠠ ᠳᠡᠭᠡᠭᠰᠢ ᠲᠠᠪᠤᠨ ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠳᠬᠡᠨ᠎ᠡ; ᠣᠯᠣᠰ ᠵᠢᠨ ᠠᠵᠢᠯᠳᠡᠨ ᠪᠣᠯᠬᠤ᠎ᠳᠤ ᠬᠦᠷᠪᠡᠯ᠂ ᠪᠠᠰᠠ ᠲᠡᠭᠦᠨ᠎ᠤ ᠪᠠᠶ᠋ᠢᠭ᠎ᠠ ᠨᠢᠭᠡᠴᠢ ᠪᠤᠶᠤ ᠬᠣᠯᠪᠣᠭᠳᠠᠯ ᠪᠦᠬᠦᠢ ᠨᠢᠭᠡᠴᠢ᠎ᠠᠴᠠ ᠬᠠᠤᠯᠢ ᠶᠣᠰᠣᠭ᠋ᠠᠷ ᠵᠡᠷᠭᠡ ᠳᠡᠰ᠎ᠢ᠎ᠨᠢ ᠪᠠᠭᠤᠷᠠᠭᠤᠯᠬᠤ᠂ ᠲᠤᠰᠢᠶᠠᠯ᠎ᠠᠴᠠ ᠤᠭᠴᠠᠷᠠᠭᠤᠯᠬᠤ᠂ ᠠᠵᠢᠯ᠎ᠠᠴᠠ᠎ᠨᠢ ᠬᠥᠭᠡᠭᠡᠬᠦ ᠵᠠᠰᠠᠭ ᠵᠠᠬᠢᠷᠭ᠋ᠠᠨ᠎ᠤ ᠰᠢᠳᠭᠡᠯ ᠥᠭᠭᠦᠨ᠎ᠡ᠃
ᠳᠥᠴᠢᠨ ᠵᠢᠷᠭᠤᠳᠤᠭ᠋ᠠᠷ ᠵᠦᠢ᠍ᠯ᠂ ᠨᠢᠭᠡᠴᠢ ᠵᠢᠨ ᠬᠠᠷᠢᠭᠤᠴᠠᠯᠭ᠋ᠠᠲᠠᠨ᠎ᠠᠴᠠ ᠬᠠᠤᠯᠢ ᠶᠣᠰᠣᠭ᠋ᠠᠷ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠭᠰᠡᠨ ᠦᠢ᠍ᠯᠡ ᠠᠵᠢᠯᠯᠠᠭ᠎ᠠ ᠵᠢ ᠡᠰᠡᠷᠭᠦᠴᠡᠬᠦ ᠨᠢᠭᠲᠠᠯᠠᠨ ᠪᠤᠳᠦᠬᠤ ᠠᠵᠢᠯᠳᠡᠠ᠎ᠳᠤ ᠵᠡᠷᠭᠡ ᠳᠡᠰ᠎ᠢ᠎ᠨᠢ ᠪᠠᠭᠤᠷᠠᠭᠤᠯᠬᠤ᠂ ᠲᠤᠰᠢᠶᠠᠯ᠎ᠠᠴᠠ ᠤᠭᠴᠠᠷᠠᠭᠤᠯᠬᠤ᠂ ᠠᠵᠢᠯ᠎ᠤᠨ ᠪᠠᠶ᠋ᠢᠷᠢ᠎ᠠᠴᠠ᠎ᠨᠢ ᠰᠢᠯᠵᠢᠭᠦᠯᠬᠦ᠂ ᠤᠷᠢᠭᠰᠠᠨ ᠲᠤᠰᠢᠶᠠᠯ᠎ᠠᠴᠠ᠎ᠨᠢ ᠪᠠᠭᠤᠯᠭ᠋ᠠᠬᠤ ᠪᠤᠶᠤ ᠠᠵᠢᠯ᠎ᠠᠴᠠ᠎ᠨᠢ ᠬᠥᠭᠡᠭᠡᠬᠦ ᠵᠡᠷᠭᠡ ᠠᠷᠭ᠎ᠠ ᠮᠠᠶᠢᠭ ᠵᠶ᠋ᠠᠷ ᠴᠣᠬᠢᠯᠲᠠ ᠥᠭᠴᠦ ᠬᠠᠷᠢᠭᠤ ᠠᠪᠤᠭ᠋ᠠᠳ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣ᠎ᠪᠠᠷ ᠠ᠋ᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ; ᠬᠠᠷᠠᠬᠠᠨ ᠶᠠᠯ᠎ᠠ ᠪᠤᠯᠵᠦ ᠪᠦᠷᠢᠯᠳᠦᠭᠡᠳᠦᠶ ᠪᠣᠯ ᠲᠡᠭᠦᠨ᠎ᠤ ᠪᠠᠶ᠋ᠢᠭ᠎ᠠ ᠨᠢᠭᠡᠴᠢ ᠪᠤᠶᠤ ᠬᠣᠯᠪᠣᠭᠳᠠᠯ ᠪᠦᠬᠦᠢ ᠨᠢᠭᠡᠴᠢ᠎ᠠᠴᠠ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ᠃ ᠴᠣᠬᠢᠯᠲᠠ ᠣᠯᠣᠬᠰᠡᠨ ᠨᠢᠭᠲᠠᠯᠠᠨ ᠪᠤᠳᠦᠬᠤ ᠠᠵᠢᠯᠲᠠᠳ᠎ᠲᠤ ᠨᠡᠷ᠎ᠡ ᠬᠦᠨᠳᠦ ᠪᠠ ᠤᠤᠯ᠎ᠤᠨ ᠠ᠋ᠭᠦᠷᠭᠡ ᠲᠤᠰᠢᠶᠠᠯ᠂ ᠵᠡᠷᠭᠡ ᠳᠡᠰ᠎ᠢ᠎ᠨᠢ ᠰᠡᠷᠭᠦᠭᠡᠬᠦ ᠬᠡᠷᠡᠭᠲᠡᠶ᠃
ᠳᠥᠴᠢᠨ ᠳᠣᠯᠣᠳᠤᠭ᠋ᠠᠷ ᠵᠦᠢ᠍ᠯ᠂ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ ᠪᠠ ᠬᠣᠯᠪᠣᠭᠳᠠᠯ ᠪᠦᠬᠦᠢ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠠᠵᠢᠯᠲᠠᠨ ᠬᠢᠨᠠᠯᠲᠠ ᠬᠠᠮᠢᠶᠠᠷᠤᠯᠲᠠ ᠶᠠᠪᠤᠭᠤᠯᠬᠤ ᠶᠠᠪᠤᠴᠠ᠎ᠳᠠᠭᠠᠨ ᠠ᠋ᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠬᠤ᠂ ᠬᠤᠪᠢ ᠵᠢᠨ ᠨᠠᠶ᠋ᠢᠷ ᠵᠶ᠋ᠠᠷ ᠬᠠᠤᠯᠢ ᠶᠣᠰᠣ ᠵᠢ ᠵᠥᠷᠢᠴᠡᠭᠰᠡᠨ ᠪᠤᠶᠤ ᠤᠯᠤᠰ᠎ᠤᠨ ᠨᠢᠭᠤᠴᠠ᠂ ᠠᠷᠠᠯᠵᠢᠶᠠᠨ᠎ᠤᠨ ᠨᠢᠭᠤᠴᠠ ᠵᠢ ᠵᠠᠳᠠᠷᠠᠭᠣᠯᠣᠨ ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ᠂ ᠬᠠᠤᠯᠢ ᠶᠣᠰᠣ᠎ᠪᠠᠷ ᠠ᠋ᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ; ᠶᠠᠯ᠎ᠠ ᠪᠣᠯᠵᠥ ᠪᠦᠷᠢᠯᠳᠦᠭᠰᠡᠨ ᠥᠭᠡᠢ ᠪᠠᠶ᠋ᠢᠪᠠᠯ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ᠃
ᠳᠥᠴᠢᠨ ᠨᠠᠢ᠍ᠮᠠᠳᠤᠭ᠋ᠠᠷ ᠵᠦᠢ᠍ᠯ᠂ ᠲᠤᠰ ᠬᠠᠤᠯᠢ ᠵᠢᠨ ᠭᠤᠴᠢᠳᠤᠭ᠋ᠠᠷ ᠵᠦᠢ᠍ᠯ᠎ᠳᠤ ᠲᠣᠭᠲᠠᠭ᠋ᠠᠭᠰᠠᠨ᠎ᠨᠢ᠂ ᠢᠯᠡᠴᠢᠯᠡᠭᠴᠢ ᠵᠢᠨ ᠤᠪᠦᠬ ᠨᠡᠷ᠎ᠡ ᠪᠠ ᠢᠯᠡᠴᠢᠯᠡᠭᠰᠡᠨ ᠮᠠᠲ᠋ᠧᠷᠢᠶᠠᠯ᠎ᠢ ᠢᠯᠡᠴᠢᠯᠡᠭᠳᠡᠭᠰᠡᠨ ᠨᠢᠭᠡᠴᠢ ᠪᠠ ᠢᠯᠡᠴᠢᠯᠡᠭᠳᠡᠭᠰᠡᠨ ᠬᠤᠪᠢ ᠬᠥᠮᠦᠨ᠎ᠳᠤ ᠰᠢᠯᠵᠢᠭᠦᠯᠦᠨ ᠬᠦᠷᠭᠡᠪᠡᠯ᠂ ᠲᠡᠭᠦᠨ᠎ᠤ ᠪᠠᠶ᠋ᠢᠭ᠎ᠠ ᠨᠢᠭᠡᠴᠢ ᠪᠤᠶᠤ ᠬᠣᠯᠪᠣᠭᠳᠠᠯ ᠪᠦᠬᠦᠢ ᠨᠢᠭᠡᠴᠢ᠎ᠠᠴᠠ ᠬᠠᠤᠯᠢ ᠶᠣᠰᠣᠭ᠋ᠠᠷ ᠵᠠᠰᠠᠭ ᠵᠠᠬᠢᠷᠭ᠋ᠠᠨ᠎ᠤ ᠰᠢᠳᠬᠡᠯ ᠥᠭᠭᠦᠨ᠎ᠡ᠃
ᠳᠥᠴᠢ ᠶᠢᠰᠦᠳᠦᠭᠡᠷ ᠵᠦᠢ᠍ᠯ᠂ ᠲᠤᠰ ᠬᠠᠤᠯᠢ ᠵᠢᠨ ᠲᠣᠭᠲᠠᠭ᠋ᠠᠯ᠎ᠢ ᠵᠥᠷᠢᠴᠡᠬᠦ ᠵᠢᠨ ᠬᠠᠮᠲᠤ ᠪᠤᠰᠤᠳ ᠬᠠᠤᠯᠢ ᠴᠠᠭ᠋ᠠᠵᠠ ᠵᠢᠨ ᠲᠣᠭᠲᠠᠭ᠋ᠠᠯ᠎ᠢ ᠵᠥᠷᠢᠴᠡᠭᠰᠡᠨ ᠪᠠᠶ᠋ᠢᠪᠠᠯ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠲᠤᠰ ᠲᠤᠰ᠎ᠤᠨ ᠵᠶ᠋ᠠᠨ ᠠ᠋ᠷᠬᠡ ᠲᠤᠰᠢᠶᠠᠯ᠎ᠤᠨ ᠬᠡᠪᠴᠢᠶᠡᠨ ᠳᠣᠲᠣᠷ᠎ᠠ ᠬᠠᠤᠯᠢ ᠶᠣᠰᠣᠭ᠋ᠠᠷ ᠰᠢᠳᠬᠡᠨ᠎ᠡ᠃
ᠳᠣᠯᠣᠳᠤᠭ᠋ᠠᠷ ᠪᠦᠯᠦᠭ ᠳᠠᠭ᠋ᠠᠯᠳᠤᠭᠤᠯᠤᠭᠰᠠᠨ ᠳᠦᠷᠢᠮ
ᠲᠠᠪᠢᠳᠤᠭ᠋ᠠᠷ ᠵᠦᠢ᠍ᠯ᠂ ᠲᠤᠰ ᠬᠠᠤᠯᠢ᠎ᠳᠤ ᠬᠡᠷᠡᠭᠯᠡᠭᠰᠡᠨ ᠳᠣᠣᠷᠠᠬᠢ ᠦᠭᠡᠰ᠎ᠤᠨ ᠤᠳᠬ᠎ᠠ ᠪᠣᠯ᠄
ᠨᠢᠭᠡᠴᠢ ᠵᠢᠨ ᠬᠠᠷᠢᠭᠤᠴᠠᠯᠭ᠋ᠠᠲᠠᠨ ᠭᠡᠵᠦ ᠨᠢᠭᠡᠴᠢ ᠵᠢᠨ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠨᠢᠭᠡᠴᠢ ᠵᠢ ᠲᠥᠯᠥᠭᠡᠯᠡᠨ ᠠ᠋ᠷᠬᠡ ᠲᠤᠰᠢᠶᠠᠯ ᠬᠡᠷᠡᠭᠵᠢᠭᠦᠯᠳᠡᠭ ᠭᠣᠣᠯ ᠬᠠᠷᠢᠭᠤᠴᠠᠯᠭ᠋ᠠᠲᠠᠨ᠎ᠢ ᠬᠡᠯᠡᠵᠦ ᠪᠠᠶ᠋ᠢᠨ᠎ᠠ᠃
ᠤᠯᠤᠰ᠎ᠤᠨ ᠨᠢᠭᠲᠠᠯᠠᠨ ᠪᠤᠳᠦᠬᠤ ᠨᠢᠭᠡᠳᠦᠯᠲᠡᠶ ᠲᠤᠢ᠍ᠷᠢᠮ ᠭᠡᠳᠡᠭ᠎ᠨᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠲᠤᠰ ᠬᠠᠤᠯᠢ ᠵᠢ ᠦᠨᠳᠦᠰᠦᠯᠡᠨ ᠲᠣᠭᠲᠠᠭ᠋ᠠᠭᠰᠠᠨ ᠨᠢᠭᠲᠠᠯᠠᠨ ᠪᠤᠳᠦᠬᠤ ᠲᠣᠭ᠋ᠠᠴᠠᠭ᠋ᠠᠯᠠᠯᠲᠠ᠂ ᠨᠢᠭᠲᠠᠯᠠᠨ ᠪᠣᠳᠣᠬᠤ ᠬᠢᠨᠠᠯᠲᠠ᠂ ᠨᠢᠭᠲᠠᠯᠠᠨ ᠪᠤᠳᠦᠬᠤ ᠪᠠᠶ᠋ᠢᠭᠤᠯᠤᠮᠵᠢ ᠪᠠ ᠨᠢᠭᠲᠠᠯᠠᠨ ᠪᠤᠳᠦᠬᠤ ᠠᠵᠢᠯᠳᠡᠠ ᠵᠢᠴᠢ ᠨᠢᠭᠲᠠᠯᠠᠨ ᠪᠤᠳᠦᠬᠤ ᠠᠵᠢᠯ᠎ᠢ ᠬᠠᠮᠢᠶᠠᠷᠬᠤ ᠲᠦᠷᠢᠮ ᠪᠣᠯᠤᠨ᠎ᠠ᠃
ᠲᠡᠪᠢᠠ ᠨᠢᠭᠡᠳᠦᠭᠡᠷ ᠵᠦᠢ᠍ᠯ᠂ ᠬᠤᠪᠢ ᠵᠢᠨ ᠦᠢ᠍ᠯᠡᠳᠪᠦᠷᠢ ᠬᠣᠳᠠᠯᠳᠣᠭ᠎ᠠ ᠵᠢᠨ ᠨᠢᠭᠲᠠᠯᠠᠨ ᠪᠤᠳᠦᠬᠤ ᠬᠠᠮᠢᠶᠠᠷᠤᠯᠲᠠ ᠵᠢᠨ ᠪᠣᠳᠠᠲᠠᠶ ᠠᠷᠭ᠎ᠠ ᠵᠢ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠠ᠋ᠳ᠋᠎ᠤᠨ ᠵᠠᠰᠠᠭ᠎ᠤᠨ ᠰᠠᠯᠠᠭ᠎ᠠ ᠮᠥᠴᠢᠷ᠎ᠠᠴᠠ ᠲᠤᠰ ᠬᠠᠤᠯᠢ ᠵᠢᠨ ᠵᠠᠷᠴᠢᠮ᠎ᠢ ᠦᠨᠳᠦᠰᠦᠯᠡᠵᠦ ᠠᠰᠲᠠᠭ᠋ᠠᠨ ᠲᠣᠭᠲᠠᠭ᠋ᠠᠨ᠎ᠠ᠃
ᠲᠡᠪᠢᠠ ᠬᠣᠶᠠᠳᠤᠭ᠋ᠠᠷ ᠵᠦᠢ᠍ᠯ᠂ ᠲᠤᠰ ᠬᠠᠤᠯᠢ ᠵᠢ 2000 ᠣᠨ᠎ᠤ 7 ᠰᠠᠷ᠎ᠠ ᠵᠢᠨ 1᠎ᠤ ᠠ᠋ᠳᠦᠷ᠎ᠠᠴᠠ ᠬᠡᠷᠡᠭᠵᠢᠭᠦᠯᠦᠨ᠎ᠡ᠃