ᠤᠯᠢᠮᠫᠢᠺ᠎ᠤᠨ ᠪᠡᠯᠬᠡ ᠳᠡᠮᠳᠡᠭ᠎ᠤᠨ ᠬᠠᠮᠠᠭ᠋ᠠᠯᠠᠯᠳᠠ ᠵᠢᠨ ᠳᠦᠷᠢᠮ
ᠨᠢᠭᠡᠳᠦᠭᠡᠷ ᠵᠤᠷᠪᠤᠰ ᠤᠯᠢᠮᠫᠢᠺ᠎ᠤᠨ ᠪᠡᠯᠬᠡ ᠳᠡᠮᠳᠡᠭ᠎ᠤᠨ ᠬᠠᠮᠠᠭ᠋ᠠᠯᠠᠯᠳᠠ ᠵᠢ ᠴᠢᠩᠭ᠋ᠠᠳᠬᠠᠵᠤ᠂ ᠤᠯᠢᠮᠫᠢᠺ᠎ᠤᠨ ᠪᠡᠯᠬᠡ ᠳᠡᠮᠳᠡᠭ᠎ᠤᠨ ᠡᠷᠬᠡ ᠠᠰᠢᠭ᠎ᠤᠨ ᠬᠦᠮᠦᠨ᠎ᠤ ᠬᠠᠤᠯᠢ ᠶᠤᠰᠤᠨ᠎ᠤ ᠡᠷᠬᠡ ᠠᠰᠢᠭ᠎ᠢ ᠬᠠᠮᠠᠭ᠋ᠠᠯᠠᠵᠤ᠂ ᠤᠯᠢᠮᠫᠢᠺ᠎ᠤᠨ ᠪᠠᠶ᠎ᠠ ᠵᠢᠨ ᠳᠠᠮᠢᠷ᠎ᠤᠨ ᠴᠤᠭᠯᠠᠭ᠋ᠠᠨ᠎ᠤ ᠨᠡᠷ᠎ᠡ ᠬᠦᠨᠳᠦ ᠵᠢ ᠬᠠᠮᠠᠭ᠋ᠠᠯᠠᠬᠤ ᠵᠢᠨ ᠳᠥᠯᠥᠬᠡ ᠳᠤᠰ ᠲᠦᠷᠢᠮ᠎ᠢ ᠳᠤᠭᠳᠠᠭ᠋ᠠᠪᠠ᠃
ᠬᠤᠶᠠᠳᠤᠭ᠋ᠠᠷ ᠵᠤᠷᠪᠤᠰ ᠳᠤᠰ ᠳᠦᠷᠢᠮ ᠳᠠᠬᠢ ᠤᠯᠢᠮᠫᠢᠺ ᠤᠨ ᠪᠡᠯᠭᠡ ᠲᠡᠮᠳᠡᠭ ᠤᠨ ᠬᠠᠮᠠᠭ᠋ᠠᠯᠠᠯᠳᠠ ᠭᠡᠳᠡᠭ ᠨᠢ᠄ (ᠨᠢᠭᠡ) ᠤᠯᠠᠨ ᠤᠯᠤᠰ᠎ᠤᠨ ᠤᠯᠢᠮᠫᠢᠺ᠎ᠤᠨ ᠵᠦᠪᠯᠡᠯ᠎ᠤᠨ ᠤᠯᠢᠮᠫᠢᠺ᠎ᠤᠨ ᠳᠠᠪᠤᠨ ᠴᠠᠭ᠋ᠠᠷᠢᠭ᠎ᠤᠨ ᠵᠢᠷᠤᠭ ᠳᠦᠰᠦᠪ᠎ᠤᠨ ᠳᠡᠮᠳᠡᠭ᠂ ᠤᠯᠢᠮᠫᠢᠺ᠎ᠤᠨ ᠳᠤᠭ᠂ ᠤᠯᠢᠮᠫᠢᠺ᠎ᠤᠨ ᠰᠣᠷᠭ᠋ᠠᠯ ᠦᠭᠡ᠂ ᠤᠯᠢᠮᠫᠢᠺ᠎ᠤᠨ ᠰᠥᠯᠳᠡ᠂ ᠤᠯᠢᠮᠫᠢᠺ᠎ᠤᠨ ᠳᠠᠭᠤᠤ᠃ (ᠬᠤᠶᠠᠷ) ᠤᠯᠢᠮᠫᠢᠺ᠂ ᠤᠯᠢᠮᠫᠢᠶᠠ᠂ ᠤᠯᠢᠮᠫᠢᠺ᠎ᠤᠨ ᠪᠠᠶ᠎ᠠ ᠵᠢᠨ ᠳᠠᠮᠢᠷ᠎ᠤᠨ ᠴᠤᠭᠯᠠᠭ᠋ᠠᠨ ᠵᠢᠴᠢ ᠳᠦᠬᠦᠮᠴᠢᠯᠡᠭᠰᠡᠨ ᠨᠡᠷᠡᠢ᠌ᠳᠥᠯ ᠵᠡᠷᠭᠡ ᠳᠤᠰᠬᠠᠢ ᠨᠡᠷᠡᠢ᠌ᠳᠦᠯ᠃ (ᠭᠤᠷᠪᠠ) ᠳᠤᠮᠳᠠᠳᠤ ᠤᠯᠤᠰ᠎ᠤᠨ ᠤᠯᠢᠮᠫᠢᠺ᠎ᠤᠨ ᠵᠦᠪᠯᠡᠯ᠎ᠤᠨ ᠨᠡᠷᠡᠢ᠌ᠳᠥᠯ᠂ ᠰᠥᠯᠳᠡ᠂ ᠳᠡᠮᠳᠡᠭ᠃ (ᠳᠦᠷᠪᠡ) ᠪᠡᠭᠡᠵᠢᠩ᠎ᠤᠨ 2008 ᠤᠨ᠎ᠤ ᠤᠯᠢᠮᠫᠢᠺ᠎ᠤᠨ ᠪᠠᠶ᠎ᠠ ᠵᠢᠨ ᠳᠠᠮᠢᠷ᠎ᠤᠨ ᠴᠤᠭᠯᠠᠭ᠋ᠠᠨ᠎ᠤ ᠭᠤᠶᠤᠴᠢᠯᠠᠨ ᠡᠷᠬᠢᠯᠡᠬᠦ ᠵᠦᠪᠯᠡᠯ᠎ᠤᠨ ᠨᠡᠷᠡᠢ᠌ᠳᠥᠯ᠂ ᠰᠥᠯᠳᠡ᠂ ᠳᠡᠮᠳᠡᠭ᠃ (ᠳᠠᠪᠤ) 29 ᠳ᠋ᠤᠭᠡᠷ ᠬᠤᠭᠤᠴᠠᠭ᠋ᠠᠨ᠎ᠤ ᠤᠯᠢᠮᠫᠢᠺ᠎ᠤᠨ ᠪᠠᠶ᠎ᠠ ᠵᠢᠨ ᠳᠠᠮᠢᠷ᠎ᠤᠨ ᠴᠤᠭᠯᠠᠭ᠋ᠠᠨ᠎ᠤ ᠵᠤᠬᠢᠶᠠᠨ ᠪᠠᠢ᠌ᠭᠤᠯᠬᠤ ᠵᠦᠪᠯᠡᠯ᠎ᠤᠨ ᠨᠡᠷᠡᠢ᠌ᠳᠥᠯ᠂ ᠰᠥᠯᠳᠡ᠂ 29 ᠳ᠋ᠤᠭᠡᠷ ᠬᠤᠭᠤᠴᠠᠭ᠋ᠠᠨ᠎ᠤ ᠤᠯᠢᠮᠫᠢᠺ᠎ᠤᠨ ᠪᠠᠶ᠎ᠠ ᠵᠢᠨ ᠳᠠᠮᠢᠷ᠎ᠤᠨ ᠴᠤᠭᠯᠠᠭ᠋ᠠᠨ᠎ᠤ ᠦᠯᠵᠡᠢ᠌ᠳᠦ ᠠᠮᠢᠳᠠᠨ᠂ ᠳᠠᠭᠤᠤ᠂ ᠤᠷᠢᠶ᠎ᠠ᠂ 《ᠪᠡᠭᠡᠵᠢᠩ 2008》᠂ 29 ᠳ᠋ᠤᠭᠡᠷ ᠬᠤᠭᠤᠴᠠᠭ᠋ᠠᠨ᠎ᠤ ᠤᠯᠢᠮᠫᠢᠺ᠎ᠤᠨ ᠪᠠᠶ᠎ᠠ ᠵᠢᠨ ᠳᠠᠮᠢᠷ᠎ᠤᠨ ᠴᠤᠭᠯᠠᠭ᠋ᠠᠨ ᠵᠢᠴᠢ ᠳᠦᠬᠦᠮᠴᠢᠯᠡᠭᠰᠡᠨ ᠨᠡᠷᠡᠢ᠌ᠳᠥᠯ ᠵᠡᠷᠭᠡ ᠳᠡᠮᠳᠡᠭ᠃ (ᠵᠢᠷᠭᠤᠭ᠎ᠠ) 《ᠤᠯᠢᠮᠫᠢᠺ᠎ᠤᠨ ᠳᠤᠩᠬᠠᠭ》 ᠪᠤᠯᠤᠨ 《29 ᠳ᠋ᠤᠭᠡᠷ ᠬᠤᠭᠤᠴᠠᠭ᠋ᠠᠨ᠎ᠤ ᠤᠯᠢᠮᠫᠢᠺ᠎ᠤᠨ ᠪᠠᠶ᠎ᠠ ᠵᠢᠨ ᠳᠠᠮᠢᠷ᠎ᠤᠨ ᠴᠤᠭᠯᠠᠭ᠋ᠠᠨ᠎ᠤ ᠭᠤᠤᠯᠯᠠᠨ ᠡᠷᠬᠢᠯᠡᠬᠦ ᠬᠤᠳᠠ ᠵᠢᠨ ᠭᠡᠷ᠎ᠡ》᠎ᠳᠤ ᠳᠤᠭᠳᠠᠭ᠋ᠠᠭᠰᠠᠨ ᠪᠤᠰᠤᠳ 29 ᠳ᠋ᠤᠭᠡᠷ ᠬᠤᠭᠤᠴᠠᠭ᠋ᠠᠨ᠎ᠤ ᠤᠯᠢᠮᠫᠢᠺ᠎ᠤᠨ ᠪᠠᠶ᠎ᠠ ᠵᠢᠨ ᠳᠠᠮᠢᠷ᠎ᠤᠨ ᠴᠤᠭᠯᠠᠭ᠋ᠠᠨ᠎ᠤ ᠬᠤᠯᠪᠤᠭᠳᠠᠯ ᠪᠦᠬᠦᠢ ᠳᠡᠮᠳᠡᠭ᠃
ᠭᠤᠷᠪᠠᠳᠤᠭ᠋ᠠᠷ ᠵᠤᠷᠪᠤᠰ ᠳᠤᠰ ᠳᠦᠷᠢᠮ᠎ᠳᠠᠬᠢ ᠤᠯᠢᠮᠫᠢᠺ᠎ᠤᠨ ᠪᠡᠯᠭᠡ ᠲᠡᠮᠳᠡᠭ᠎ᠤᠨ ᠡᠷᠬᠡ ᠠᠰᠢᠭ᠎ᠤᠨ ᠬᠦᠮᠦᠨ ᠭᠡᠳᠡᠭ᠎ᠨᠢ ᠤᠯᠠᠨ ᠤᠯᠤᠰ᠎ᠤᠨ ᠤᠯᠢᠮᠫᠢᠺ᠎ᠤᠨ ᠵᠦᠪᠯᠡᠯ᠂ ᠳᠤᠮᠳᠠᠳᠤ ᠤᠯᠤᠰ᠎ᠤᠨ ᠤᠯᠢᠮᠫᠢᠺ᠎ᠤᠨ ᠵᠦᠪᠯᠡᠯ ᠪᠤᠯᠤᠨ 29 ᠳ᠋ᠤᠭᠡᠷ ᠬᠤᠭᠤᠴᠠᠭ᠋ᠠᠨ᠎ᠤ ᠤᠯᠢᠮᠫᠢᠺ᠎ᠤᠨ ᠪᠠᠶ᠎ᠠ ᠵᠢᠨ ᠳᠠᠮᠢᠷ᠎ᠤᠨ ᠴᠤᠭᠯᠠᠭ᠋ᠠᠨ᠎ᠤ ᠵᠤᠬᠢᠶᠠᠨ ᠪᠠᠢ᠌ᠭᠤᠯᠬᠤ ᠵᠦᠪᠯᠡᠯ᠎ᠢ ᠵᠢᠭ᠋ᠠᠵᠤ ᠪᠠᠢ᠌ᠨ᠎ᠠ᠃ ᠤᠯᠠᠨ ᠤᠯᠤᠰ᠎ᠤᠨ ᠤᠯᠢᠮᠫᠢᠺ᠎ᠤᠨ ᠵᠦᠪᠯᠡᠯ᠂ ᠳᠤᠮᠳᠠᠳᠤ ᠤᠯᠤᠰ᠎ᠤᠨ ᠤᠯᠢᠮᠫᠢᠺ᠎ᠤᠨ ᠵᠦᠪᠯᠡᠯ ᠪᠤᠯᠤᠨ 29 ᠳ᠋ᠤᠭᠡᠷ ᠬᠤᠭᠤᠴᠠᠭ᠋ᠠᠨ᠎ᠤ ᠤᠯᠢᠮᠫᠢᠺ᠎ᠤᠨ ᠪᠠᠶ᠎ᠠ ᠵᠢᠨ ᠳᠠᠮᠢᠷ᠎ᠤᠨ ᠴᠤᠭᠯᠠᠭ᠋ᠠᠨ᠎ᠤ ᠵᠤᠬᠢᠶᠠᠨ ᠪᠠᠢ᠌ᠭᠤᠯᠬᠤ ᠵᠦᠪᠯᠡᠯ᠎ᠤᠨ ᠬᠤᠭᠤᠷᠤᠨᠳᠤᠬᠢ ᠡᠷᠬᠡ ᠵᠢ 《ᠤᠯᠢᠮᠫᠢᠺ᠎ᠤᠨ ᠳᠤᠩᠬᠠᠭ》 ᠪᠤᠯᠤᠨ 《29 ᠳ᠋ᠤᠭᠡᠷ ᠬᠤᠭᠤᠴᠠᠭ᠋ᠠᠨ᠎ᠤ ᠤᠯᠢᠮᠫᠢᠺ᠎ᠤᠨ ᠪᠠᠶ᠎ᠠ ᠵᠢᠨ ᠳᠠᠮᠢᠷ᠎ᠤᠨ ᠴᠤᠭᠯᠠᠭ᠋ᠠᠨ᠎ᠤ ᠭᠤᠤᠯᠯᠠᠨ ᠡᠷᠬᠢᠯᠡᠬᠦ ᠬᠤᠳᠠ ᠵᠢᠨ ᠭᠡᠷ᠎ᠡ》᠎ᠪᠠᠷ ᠳᠤᠭᠳᠠᠭ᠋ᠠᠨ᠎ᠠ᠃
ᠳᠦᠷᠪᠡᠳᠦᠭᠡᠷ ᠵᠤᠷᠪᠤᠰ ᠤᠯᠢᠮᠫᠢᠺ᠎ᠤᠨ ᠪᠡᠯᠭᠡ ᠲᠡᠮᠳᠡᠭ᠎ᠤᠨ ᠡᠷᠬᠡ ᠠᠰᠢᠭ᠎ᠤᠨ ᠬᠦᠮᠦᠨ᠎ᠨᠢ ᠳᠤᠰ ᠳᠦᠷᠢᠮ ᠵᠶ᠋ᠡᠷ ᠤᠯᠢᠮᠫᠢᠺ᠎ᠤᠨ ᠪᠡᠯᠭᠡ ᠲᠡᠮᠳᠡᠭ᠎ᠲᠤ ᠳᠤᠰᠬᠠᠢ᠌ᠵᠢᠭᠰᠠᠨ ᠡᠷᠭᠡ᠎ᠲᠠᠢ᠃ ᠤᠯᠢᠮᠫᠢᠺ᠎ᠤᠨ ᠪᠡᠯᠭᠡ ᠲᠡᠮᠳᠡᠭ᠎ᠤᠨ ᠡᠷᠬᠡ ᠠᠰᠢᠭ᠎ᠤᠨ ᠬᠦᠮᠦᠨ᠎ᠤ ᠵᠦᠪᠰᠢᠶᠡᠷᠡᠯ ᠦᠭᠡᠢ᠎ᠪᠠᠷ ᠶᠠᠮᠠᠷᠪᠠ ᠠᠷᠠᠯᠵᠢᠶᠠᠨ᠎ᠤ ᠵᠤᠷᠢᠯᠭ᠎ᠠ (ᠳᠠᠯᠳᠠ ᠠᠷᠠᠯᠵᠢᠶᠠᠨ᠎ᠤ ᠵᠤᠷᠢᠯᠭ᠎ᠠ ᠵᠢ ᠪᠠᠭᠳᠠᠭ᠋ᠠᠨ᠎ᠠ᠂ ᠳᠤᠷᠤᠭᠰᠢ ᠠᠳᠠᠯᠢ)᠎ᠪᠠᠷ ᠤᠯᠢᠮᠫᠢᠺ᠎ᠤᠨ ᠪᠡᠯᠭᠡ ᠲᠡᠮᠳᠡᠭ᠎ᠢ ᠭᠡᠷᠡᠭᠯᠡᠵᠦ ᠪᠤᠯᠬᠤ ᠦᠭᠡᠢ᠃
ᠳᠠᠪᠤᠳᠤᠭ᠋ᠠᠷ ᠵᠤᠷᠪᠤᠰ ᠳᠤᠰ ᠳᠦᠷᠢᠮ᠎ᠳᠠᠬᠢ ᠠᠷᠠᠯᠵᠢᠶᠠᠨ᠎ᠤ ᠵᠤᠷᠢᠯᠭ᠎ᠠ᠎ᠲᠠᠢ ᠭᠡᠷᠡᠭᠯᠡᠬᠦ ᠭᠡᠳᠡᠭ᠎ᠨᠢ ᠠᠰᠢᠭ ᠤᠷᠤᠯᠭ᠎ᠠ᠎ᠪᠠᠷ ᠵᠤᠷᠢᠯᠭ᠎ᠠ ᠪᠤᠯᠭ᠋ᠠᠵᠤ᠂ ᠳᠤᠤᠷᠡᠬᠢ ᠮᠡᠲᠦ᠎ᠪᠠᠷ ᠤᠯᠢᠮᠫᠢᠺ᠎ᠤᠨ ᠪᠡᠯᠭᠡ ᠲᠡᠮᠳᠡᠭ᠎ᠢ ᠠᠰᠢᠭᠯᠠᠬᠤ ᠵᠢ ᠵᠢᠭ᠋ᠠᠵᠤ ᠪᠤᠢ᠄ (ᠨᠢᠭᠡ) ᠤᠯᠢᠮᠫᠢᠺ᠎ᠤᠨ ᠪᠡᠯᠭᠡ ᠲᠡᠮᠳᠡᠭ᠎ᠢ ᠪᠦᠳᠦᠭᠡᠭᠳᠡᠬᠦᠨ᠂ ᠪᠦᠳᠦᠭᠡᠭᠳᠡᠬᠦᠨ᠎ᠤ ᠪᠤᠭᠤᠳᠠᠯ ᠪᠤᠶᠤ ᠰᠠᠪᠠ ᠵᠢᠴᠢ ᠪᠦᠳᠦᠭᠡᠭᠳᠡᠬᠦᠨ᠎ᠤ ᠠᠷᠠᠯᠵᠢᠶᠠᠨ᠎ᠤ ᠪᠢᠴᠢᠭ ᠮᠠᠲᠸᠷᠢᠶᠠᠯ᠎ᠳᠤ ᠭᠡᠷᠡᠭᠯᠡᠬᠦ᠃ (ᠬᠤᠶᠠᠷ) ᠤᠯᠢᠮᠫᠢᠺ᠎ᠤᠨ ᠪᠡᠯᠭᠡ ᠲᠡᠮᠳᠡᠭ᠎ᠢ ᠦᠢ᠍ᠯᠡᠴᠢᠯᠡᠬᠡᠨ᠎ᠤ ᠳᠥᠷᠥᠯ ᠵᠦᠢ᠍ᠯ᠎ᠳᠤ ᠭᠡᠷᠡᠭᠯᠡᠬᠦ᠃ (ᠭᠤᠷᠪᠠ) ᠤᠯᠢᠮᠫᠢᠺ᠎ᠤᠨ ᠪᠡᠯᠭᠡ ᠲᠡᠮᠳᠡᠭ᠎ᠢ ᠵᠠᠷ ᠰᠤᠷᠳᠠᠯᠴᠢᠯᠠᠭ᠎ᠠ᠂ ᠪᠦᠳᠦᠭᠡᠭᠳᠡᠬᠦᠨ᠎ᠤ ᠦᠵᠡᠰᠬᠦᠯᠡᠩ᠂ ᠡᠵᠡᠩᠨᠡᠯᠳᠡ ᠵᠢᠨ ᠴᠢᠨᠡᠷᠳᠡᠢ ᠳᠤᠭᠯᠠᠯᠳᠠ ᠵᠢᠴᠢ ᠪᠤᠰᠤᠳ ᠠᠷᠠᠯᠵᠢᠶᠠᠨ᠎ᠤ ᠬᠦᠳᠡᠯᠭᠡᠭᠡᠨ᠎ᠳᠤ ᠭᠡᠷᠡᠭᠯᠡᠬᠦ᠃ (ᠳᠦᠷᠪᠡ) ᠤᠯᠢᠮᠫᠢᠺ᠎ᠤᠨ ᠪᠡᠯᠭᠡ ᠲᠡᠮᠳᠡᠭ᠎ᠲᠠᠢ ᠪᠦᠳᠦᠭᠡᠭᠳᠡᠬᠦᠨ᠎ᠢ ᠪᠤᠷᠤᠯᠠᠭᠤᠯᠬᠤ᠂ ᠭᠠᠳᠠᠭ᠋ᠠᠳᠤ᠎ᠠᠴᠠ ᠤᠷᠤᠭᠤᠯᠬᠤ᠂ ᠭᠠᠳᠠᠭ᠋ᠠᠳᠤ᠎ᠳᠤ ᠭᠠᠷᠭ᠋ᠠᠬᠤ᠃ (ᠳᠠᠪᠤ) ᠤᠯᠢᠮᠫᠢᠺ᠎ᠤᠨ ᠪᠡᠯᠭᠡ ᠲᠡᠮᠳᠡᠭ᠎ᠢ ᠦᠢ᠍ᠯᠡᠳᠪᠦᠷᠢᠯᠡᠬᠦ ᠪᠤᠶᠤ ᠪᠤᠷᠤᠯᠠᠭᠤᠯᠬᠤ᠃ (ᠵᠢᠷᠭᠤᠭ᠎ᠠ) ᠤᠯᠢᠮᠫᠢᠺ᠎ᠤᠨ ᠪᠡᠯᠭᠡ ᠲᠡᠮᠳᠡᠭ᠎ᠤᠨ ᠡᠷᠬᠡ ᠠᠰᠢᠭ᠎ᠤᠨ ᠬᠦᠮᠦᠨ ᠲᠠᠢ ᠲᠡᠮᠵᠢᠯᠭᠡ ᠵᠢᠨ ᠪᠤᠶᠤ ᠪᠤᠰᠤᠳ ᠲᠠᠮᠵᠢᠬᠦ ᠬᠠᠷᠢᠯᠴᠠᠭ᠎ᠠ᠎ᠲᠠᠢ ᠭᠡᠵᠤ ᠬᠠᠷᠠᠭᠳᠠᠭᠤᠯᠬᠤ ᠵᠤᠷᠢᠯᠭ᠎ᠠ᠎ᠠᠴᠠ ᠤᠯᠢᠮᠫᠢᠺ᠎ᠤᠨ ᠪᠡᠯᠭᠡ ᠲᠡᠮᠳᠡᠭ᠎ᠢ ᠭᠡᠷᠡᠭᠯᠡᠬᠦ ᠪᠤᠰᠤᠳ ᠠᠵᠢᠯᠯᠠᠭ᠎ᠠ᠃
ᠵᠢᠷᠭᠤᠳᠤᠭ᠋ᠠᠷ ᠵᠤᠷᠪᠤᠰ ᠳᠦᠷᠦ ᠵᠢᠨ ᠶᠠᠪᠤᠳᠠᠯ᠎ᠤᠨ ᠬᠤᠷᠢᠶᠠᠨ᠎ᠤ ᠠᠵᠦ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠠᠯᠠᠭ᠎ᠠ ᠮᠦᠴᠢᠷ᠎ᠠᠴᠠ ᠳᠤᠰ ᠳᠦᠷᠢᠮ᠎ᠤᠨ ᠳᠤᠭᠳᠠᠭ᠋ᠠᠯ᠎ᠢ ᠦᠨᠳᠦᠰᠦᠯᠡᠨ ᠪᠦᠬᠦ ᠤᠯᠤᠰ᠎ᠤᠨ ᠤᠯᠢᠮᠫᠢᠺ᠎ᠤᠨ ᠪᠡᠯᠭᠡ ᠲᠡᠮᠳᠡᠭ᠎ᠢ ᠬᠠᠮᠠᠭ᠋ᠠᠯᠠᠬᠤ ᠠᠵᠢᠯ᠎ᠢ ᠬᠠᠷᠢᠭᠤᠴᠠᠨ᠎ᠠ᠃ ᠰᠢᠶᠠᠨ᠎ᠤ ᠳᠠᠰ᠎ᠠᠴᠠ ᠳᠡᠭᠡᠭᠰᠢᠬᠢ ᠭᠠᠵᠠᠷ᠎ᠤᠨ ᠠᠵᠦ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠠᠯᠠᠭ᠎ᠠ ᠮᠦᠴᠢᠷ ᠳᠤᠰ ᠳᠦᠷᠢᠮ᠎ᠤᠨ ᠳᠤᠭᠳᠠᠭ᠋ᠠᠯ᠎ᠢ ᠦᠨᠳᠦᠰᠦᠯᠡᠨ᠂ ᠳᠤᠬᠠᠢ ᠵᠢᠨ ᠵᠠᠰᠠᠭ ᠵᠠᠬᠢᠷᠭ᠋ᠠᠨ᠎ᠤ ᠤᠷᠤᠨ ᠨᠤᠳᠤᠭ᠎ᠲᠠᠬᠢ ᠤᠯᠢᠮᠫᠢᠺ᠎ᠤᠨ ᠪᠡᠯᠭᠡ ᠲᠡᠮᠳᠡᠭ᠎ᠢ ᠬᠠᠮᠠᠭ᠋ᠠᠯᠠᠬᠤ ᠠᠵᠢᠯ᠎ᠢ ᠬᠠᠷᠢᠭᠤᠴᠠᠨ᠎ᠠ᠃
ᠳᠤᠯᠤᠳᠤᠭ᠋ᠠᠷ ᠵᠤᠷᠪᠤᠰ ᠤᠯᠢᠮᠫᠢᠺ᠎ᠤᠨ ᠪᠡᠯᠭᠡ ᠲᠡᠮᠳᠡᠭ᠎ᠤᠨ ᠡᠷᠬᠡ ᠠᠰᠢᠭ᠎ᠤᠨ ᠬᠦᠮᠦᠨ᠎ᠨᠢ ᠤᠯᠢᠮᠫᠢᠺ᠎ᠤᠨ ᠪᠡᠯᠭᠡ ᠲᠡᠮᠳᠡᠭ ᠵᠶ᠋ᠡᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠠᠵᠦ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠠᠯᠠᠭ᠎ᠠ ᠮᠦᠴᠢᠷ ᠲᠤ ᠮᠡᠳᠡᠬᠦᠯᠤᠨ ᠳᠠᠩᠰᠠᠯᠠᠵᠤ᠂ ᠳᠦᠷᠦ ᠵᠢᠨ ᠶᠠᠪᠤᠳᠠᠯ᠎ᠤᠨ ᠬᠤᠷᠢᠶᠠᠨ᠎ᠤ ᠠᠵᠦ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠠᠯᠠᠭ᠎ᠠ ᠮᠦᠴᠢᠷ ᠵᠶ᠋ᠡᠷ ᠵᠠᠷᠯᠠᠭᠤᠯᠬᠤ ᠬᠡᠷᠡᠭᠳᠡᠢ᠃
ᠨᠠᠢ᠍ᠮᠠᠳᠤᠭ᠋ᠠᠷ ᠵᠤᠷᠪᠤᠰ ᠤᠯᠢᠮᠫᠢᠺ᠎ᠤᠨ ᠪᠡᠯᠭᠡ ᠲᠡᠮᠳᠡᠭ᠎ᠤᠨ ᠡᠷᠬᠡ ᠠᠰᠢᠭ᠎ᠤᠨ ᠬᠦᠮᠦᠨ᠎ᠤ ᠵᠦᠪᠰᠢᠶᠡᠷᠡᠯ᠎ᠢ ᠤᠯᠵᠤ ᠠᠷᠠᠯᠵᠢᠶᠠᠨ᠎ᠤ ᠵᠤᠷᠢᠯᠭ᠎ᠠ᠎ᠪᠠᠷ ᠤᠯᠢᠮᠫᠢᠺ᠎ᠤᠨ ᠪᠡᠯᠭᠡ ᠲᠡᠮᠳᠡᠭ᠎ᠢ ᠭᠡᠷᠡᠭᠯᠡᠭᠴᠢ᠎ᠨᠢ ᠤᠯᠢᠮᠫᠢᠺ᠎ᠤᠨ ᠪᠡᠯᠭᠡ ᠲᠡᠮᠳᠡᠭ᠎ᠤᠨ ᠡᠷᠬᠡ ᠠᠰᠢᠭ᠎ᠤᠨ ᠬᠦᠮᠦᠨ᠎ᠲᠠᠢ ᠭᠡᠷᠡᠭᠯᠡᠬᠦ ᠭᠡᠷ᠎ᠡ ᠳᠤᠭᠳᠠᠬᠤ ᠶᠤᠰᠤᠳᠠᠢ᠃ ᠡᠬᠦᠨ᠎ᠳᠤ᠂ ᠳᠤᠰ ᠳᠦᠷᠢᠮ᠎ᠤᠨ ᠬᠤᠶᠠᠳᠤᠭ᠋ᠠᠷ ᠵᠤᠷᠪᠤᠰ᠎ᠤᠨ ᠨᠢᠭᠡᠳᠦᠭᠡᠷ ᠵᠦᠢ᠍ᠯ᠂ ᠬᠤᠶᠠᠳᠤᠭ᠋ᠠᠷ ᠵᠦᠢ᠍ᠯ᠎ᠳᠤ ᠳᠤᠭᠳᠠᠭ᠋ᠠᠭᠰᠠᠨ ᠵᠶ᠋ᠡᠷ ᠤᠯᠢᠮᠫᠢᠺ᠎ᠤᠨ ᠪᠡᠯᠭᠡ ᠲᠡᠮᠳᠡᠭ᠎ᠢ ᠭᠡᠷᠡᠭᠯᠡᠭᠴᠢ᠎ᠨᠢ ᠤᠯᠠᠨ ᠤᠯᠤᠰ᠎ᠤᠨ ᠤᠯᠢᠮᠫᠢᠺ᠎ᠤᠨ ᠵᠦᠪᠯᠡᠯ ᠵᠢᠴᠢ ᠡᠷᠬᠡ ᠤᠯᠭᠤᠭᠰᠠᠨ ᠪᠤᠶᠤ ᠵᠦᠪᠰᠢᠶᠡᠷᠡᠭᠰᠡᠨ ᠪᠠᠢ᠌ᠭᠤᠯᠤᠯᠭ᠎ᠠ᠎ᠲᠠᠢ ᠭᠡᠷ᠎ᠡ ᠳᠤᠭᠳᠠᠬᠤ ᠶᠤᠰᠤᠳᠠᠢ᠃ ᠳᠤᠰ ᠳᠦᠷᠢᠮ᠎ᠤᠨ ᠬᠤᠶᠠᠳᠤᠭ᠋ᠠᠷ ᠵᠤᠷᠪᠤᠰ᠎ᠤᠨ ᠭᠤᠷᠪᠠᠳᠤᠭ᠋ᠠᠷ ᠵᠦᠢ᠍ᠯ᠎ᠳᠤ ᠳᠤᠭᠳᠠᠭ᠋ᠠᠭᠰᠠᠨ ᠵᠶ᠋ᠡᠷ ᠤᠯᠢᠮᠫᠢᠺ᠎ᠤᠨ ᠪᠡᠯᠭᠡ ᠲᠡᠮᠳᠡᠭ᠎ᠢ ᠭᠡᠷᠡᠭᠯᠡᠭᠴᠢ᠎ᠨᠢ ᠳᠤᠮᠳᠠᠳᠤ ᠤᠯᠤᠰ᠎ᠤᠨ ᠤᠯᠢᠮᠫᠢᠺ᠎ᠤᠨ ᠵᠦᠪᠯᠡᠯ᠎ᠲᠠᠢ ᠭᠡᠷ᠎ᠡ ᠳᠤᠭᠳᠠᠬᠤ ᠶᠤᠰᠤᠳᠠᠢ᠃ ᠳᠤᠰ ᠳᠦᠷᠢᠮ᠎ᠤᠨ ᠬᠤᠶᠠᠳᠤᠭ᠋ᠠᠷ ᠵᠤᠷᠪᠤᠰ᠎ᠤᠨ ᠳᠦᠷᠪᠡᠳᠦᠭᠡᠷ ᠵᠦᠢ᠍ᠯ᠂ ᠳᠠᠪᠤᠳᠤᠭ᠋ᠠᠷ ᠵᠦᠢ᠍ᠯ᠂ ᠵᠢᠷᠭᠤᠳᠤᠭ᠋ᠠᠷ ᠵᠦᠢ᠍ᠯ᠎ᠳᠤ ᠳᠤᠭᠳᠠᠭ᠋ᠠᠭᠰᠠᠨ ᠵᠶ᠋ᠡᠷ ᠤᠯᠢᠮᠫᠢᠺ᠎ᠤᠨ ᠪᠡᠯᠭᠡ ᠲᠡᠮᠳᠡᠭ᠎ᠢ ᠭᠡᠷᠡᠭᠯᠡᠭᠴᠢ᠎ᠨᠢ 2008 ᠤᠨ᠎ᠤ 12 ᠰᠠᠷ᠎ᠠ ᠵᠢᠨ 31᠎ᠤ ᠡᠳᠦᠷ᠎ᠠᠴᠠ ᠡᠮᠦᠨ᠎ᠡ 29 ᠳ᠋ᠤᠭᠡᠷ ᠬᠤᠭᠤᠴᠠᠭ᠋ᠠᠨ᠎ᠤ ᠤᠯᠢᠮᠫᠢᠺ᠎ᠤᠨ ᠪᠠᠶ᠎ᠠ ᠵᠢᠨ ᠳᠠᠮᠢᠷ᠎ᠤᠨ ᠴᠤᠭᠯᠠᠭ᠋ᠠᠨ᠎ᠤ ᠵᠦᠪᠯᠡᠯ᠎ᠲᠠᠢ ᠭᠡᠷ᠎ᠡ ᠳᠤᠭᠳᠠᠬᠤ ᠶᠤᠰᠤᠳᠠᠢ᠃ ᠤᠯᠢᠮᠫᠢᠺ᠎ᠤᠨ ᠪᠡᠯᠭᠡ ᠲᠡᠮᠳᠡᠭ᠎ᠤᠨ ᠡᠷᠬᠡ ᠠᠰᠢᠭ᠎ᠤᠨ ᠬᠦᠮᠦᠨ᠎ᠨᠢ ᠭᠡᠷᠡᠭᠯᠡᠬᠦ ᠵᠢ ᠵᠦᠪᠰᠢᠶᠡᠷᠡᠭᠰᠡᠨ ᠭᠡᠷ᠎ᠡ᠎ᠪᠠᠨ ᠳᠦᠷᠦ ᠵᠢᠨ ᠶᠠᠪᠤᠳᠠᠯ᠎ᠤᠨ ᠬᠤᠷᠢᠶᠠᠨ᠎ᠤ ᠠᠵᠦ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠠᠯᠠᠭ᠎ᠠ ᠮᠦᠴᠢᠷ ᠲᠤ ᠮᠡᠳᠡᠬᠦᠯᠤᠨ ᠳᠠᠩᠰᠠᠯᠠᠬᠤ ᠶᠤᠰᠤᠳᠠᠢ᠃ ᠡᠮᠦᠨᠡᠬᠢ ᠵᠤᠷᠪᠤᠰ᠎ᠲᠤ ᠳᠤᠭᠳᠠᠭ᠋ᠠᠭᠰᠠᠨᠢ ᠦᠨᠳᠦᠰᠦᠯᠡᠨ ᠵᠦᠪᠰᠢᠶᠡᠷᠡᠭᠰᠡᠨ ᠭᠡᠷ᠎ᠡ ᠵᠢ ᠭᠡᠷᠡᠭᠯᠡᠬᠦ᠎ᠳᠤ ᠵᠦᠪᠰᠢᠶᠡᠷᠡᠭᠳᠡᠭᠰᠡᠨ ᠬᠦᠮᠦᠨ᠎ᠨᠢ ᠵᠦᠪᠬᠡᠨ ᠭᠡᠷ᠎ᠡ᠎ᠳᠤ ᠳᠤᠭᠳᠠᠭ᠋ᠠᠭᠰᠠᠨ ᠭᠠᠵᠠᠷ ᠤᠷᠤᠨ᠎ᠤ ᠬᠡᠪᠴᠢᠶ᠎ᠡ ᠪᠠ ᠬᠤᠭᠤᠴᠠᠭ᠋ᠠᠨ ᠳᠤᠳᠤᠷ᠎ᠡ ᠤᠯᠢᠮᠫᠢᠺ᠎ᠤᠨ ᠪᠡᠯᠭᠡ ᠲᠡᠮᠳᠡᠭ᠎ᠢ ᠭᠡᠷᠡᠭᠯᠡᠨ᠎ᠡ᠃
ᠶᠢᠰᠦᠳᠦᠬᠡᠷ ᠵᠤᠷᠪᠤᠰ ᠳᠤᠰ ᠳᠦᠷᠢᠮ᠎ᠢ ᠭᠡᠷᠡᠭᠵᠢᠬᠦᠯᠬᠦ᠎ᠠᠴᠠ ᠡᠮᠦᠨ᠎ᠡ ᠨᠢᠭᠡᠨᠳᠡ ᠬᠠᠤᠯᠢ᠎ᠪᠠᠷ ᠤᠯᠢᠮᠫᠢᠺ᠎ᠤᠨ ᠪᠡᠯᠭᠡ ᠲᠡᠮᠳᠡᠭ᠎ᠢ ᠭᠡᠷᠡᠭᠯᠡᠭᠰᠡᠨ᠎ᠨᠢ ᠤᠭ᠎ᠤᠨ ᠬᠦᠷᠢᠶ᠎ᠡ ᠬᠡᠪᠴᠢᠶᠡᠨ᠎ᠳᠡᠭᠡᠨ ᠦᠷᠬᠦᠯᠵᠢᠯᠡᠨ ᠭᠡᠷᠡᠭᠯᠡᠵᠦ ᠪᠤᠯᠤᠨ᠎ᠠ᠃
ᠠᠷᠪᠠᠳᠤᠭ᠋ᠠᠷ ᠵᠤᠷᠪᠤᠰ ᠤᠯᠢᠮᠫᠢᠺ᠎ᠤᠨ ᠪᠡᠯᠭᠡ ᠲᠡᠮᠳᠡᠭ᠎ᠤᠨ ᠡᠷᠬᠡ ᠠᠰᠢᠭ᠎ᠤᠨ ᠬᠦᠮᠦᠨ᠎ᠤ ᠵᠦᠪᠰᠢᠶᠡᠷᠡᠯ ᠦᠭᠡᠢ᠎ᠪᠠᠷ ᠠᠷᠠᠯᠵᠢᠶᠠᠨ᠎ᠤ ᠵᠤᠷᠢᠯᠭ᠎ᠠ᠎ᠪᠠᠷ ᠳᠤᠷ᠎ᠡ᠎ᠪᠠᠷ ᠵᠶ᠋ᠡᠨ ᠤᠯᠢᠮᠫᠢᠺ᠎ᠤᠨ ᠪᠡᠯᠭᠡ ᠲᠡᠮᠳᠡᠭ᠎ᠢ ᠭᠡᠷᠡᠭᠯᠡᠪᠡᠯ᠂ ᠳᠠᠷᠤᠢ ᠤᠯᠢᠮᠫᠢᠺ᠎ᠤᠨ ᠪᠡᠯᠭᠡ ᠲᠡᠮᠳᠡᠭ᠎ᠤᠨ ᠳᠤᠰᠬᠠᠢ ᠡᠷᠬᠡ᠎ᠳᠤ ᠬᠠᠯᠳᠠᠵᠤ᠂ ᠵᠢᠭᠤᠷᠭ᠋ᠠᠨ ᠡᠬᠦᠰᠭᠡᠭᠰᠡᠨ ᠪᠤᠯ ᠳᠤᠬᠠᠢ ᠵᠢᠨ ᠬᠦᠮᠦᠨ᠎ᠲᠠᠢ ᠵᠦᠪᠯᠡᠨ ᠰᠢᠢ᠍ᠳᠪᠦᠷᠢᠯᠡᠨ᠎ᠡ᠃ ᠵᠦᠪᠯᠡᠬᠦ ᠳᠤᠷ᠎ᠡ ᠦᠭᠡᠢ ᠪᠤᠶᠤ ᠵᠦᠪᠯᠡᠯᠬᠡ ᠪᠦᠳᠦᠭᠰᠡᠨ ᠦᠭᠡᠢ ᠪᠤᠯ᠂ ᠤᠯᠢᠮᠫᠢᠺ᠎ᠤᠨ ᠪᠡᠯᠭᠡ ᠲᠡᠮᠳᠡᠭ᠎ᠤᠨ ᠡᠷᠬᠡ ᠠᠰᠢᠭ᠎ᠤᠨ ᠬᠦᠮᠦᠨ ᠪᠤᠶᠤ ᠠᠰᠢᠭ ᠬᠤᠬᠢᠷᠠᠯ᠎ᠤᠨ ᠬᠠᠷᠢᠴᠠᠭ᠎ᠠ᠎ᠲᠠᠢ ᠬᠦᠮᠦᠨ᠎ᠠᠴᠠ ᠠᠷᠠᠳ᠎ᠤᠨ ᠰᠢᠬᠦᠬᠦ ᠬᠤᠷᠢᠶᠠᠨ᠎ᠳᠤ ᠵᠠᠷᠭᠤ ᠲᠡᠪᠰᠢᠭᠦᠯᠵᠦ ᠪᠤᠯᠤᠨ᠎ᠠ᠂ ᠪᠠᠰᠠ ᠠᠵᠦ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠠᠯᠠᠭ᠎ᠠ ᠮᠦᠴᠢᠷ᠎ᠠᠴᠠ ᠰᠢᠢ᠍ᠳᠪᠦᠷᠢᠯᠡᠬᠦ ᠵᠢ ᠭᠤᠶᠤᠴᠢᠯᠠᠵᠤ ᠪᠤᠯᠤᠨ᠎ᠠ᠃ ᠠᠵᠦ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠠᠯᠠᠭ᠎ᠠ ᠮᠦᠴᠢᠷ ᠰᠢᠢ᠍ᠳᠪᠦᠷᠢᠯᠡᠬᠦ ᠦᠶ᠎ᠡ᠎ᠳᠤ᠂ ᠡᠷᠬᠡᠨ᠎ᠳᠤ ᠬᠠᠯᠳᠠᠭᠰᠠᠨ ᠠᠵᠢᠯᠯᠠᠭ᠎ᠠ᠎ᠨᠢ ᠪᠡᠶᠡᠯᠡᠭᠳᠡᠨ᠎ᠡ ᠭᠡᠵᠤ ᠦᠵᠡᠪᠡᠯ᠂ ᠳᠠᠷᠤᠢ᠎ᠳᠤ᠎ᠨᠢ ᠡᠷᠬᠡᠨ᠎ᠳᠤ ᠬᠠᠯᠳᠠᠬᠤ ᠠᠵᠢᠯᠯᠠᠭ᠎ᠠ ᠵᠢ ᠵᠤᠭᠰᠤᠭ᠋ᠠᠬᠤ ᠵᠢ ᠵᠠᠷᠯᠢᠭᠳᠠᠵᠤ᠂ ᠡᠷᠬᠡᠨ᠎ᠳᠤ ᠬᠠᠯᠳᠠᠭᠰᠠᠨ ᠪᠦᠳᠦᠭᠡᠭᠳᠡᠬᠦᠨ ᠪᠠ ᠳᠤᠰᠬᠠᠢ᠌ᠯᠠᠨ ᠡᠷᠬᠡᠨ᠎ᠳᠤ ᠬᠠᠯᠳᠠᠭᠰᠠᠨ ᠪᠦᠳᠦᠭᠡᠭᠳᠡᠬᠦᠨ ᠪᠤᠶᠤ ᠠᠷᠠᠯᠵᠢᠶᠠᠨ᠎ᠤ ᠵᠤᠷᠢᠯᠭ᠎ᠠ᠎ᠲᠠᠢ᠎ᠪᠠᠷ ᠳᠤᠷ᠎ᠡ᠎ᠪᠠᠷ ᠵᠶ᠋ᠡᠨ ᠤᠯᠢᠮᠫᠢᠺ᠎ᠤᠨ ᠪᠡᠯᠭᠡ ᠲᠡᠮᠳᠡᠭ᠎ᠢ ᠦᠢ᠍ᠯᠡᠳᠪᠦᠷᠢᠯᠡᠬᠦ ᠪᠠᠭ᠋ᠠᠵᠢ ᠵᠢ ᠬᠤᠷᠢᠶᠠᠵᠤ᠂ ᠤᠰᠠᠳᠬᠠᠨ᠎ᠠ᠂ ᠬᠠᠦᠯᠢ ᠵᠦᠷᠢᠴᠡᠭᠰᠡᠨ ᠤᠷᠤᠯᠭ᠎ᠠ ᠪᠠᠢ᠌ᠪᠠᠯ ᠬᠠᠦᠯᠢ ᠵᠦᠷᠢᠴᠡᠭᠰᠡᠨ ᠤᠷᠤᠯᠭᠠᠢ ᠬᠤᠷᠢᠶᠠᠬᠤ ᠪᠦᠭᠡᠳ ᠬᠠᠦᠯᠢ ᠵᠦᠷᠢᠴᠡᠭᠰᠡᠨ ᠤᠷᠤᠯᠭ᠎ᠠ᠎ᠤᠨ 5 ᠳᠠᠬᠢᠨ ᠮᠥᠩᠭᠦ᠎ᠪᠠᠷ ᠲᠤᠷᠭ᠋ᠠᠵᠦ ᠪᠤᠯᠤᠨ᠎ᠠ᠃ ᠬᠠᠦᠯᠢ ᠵᠦᠷᠢᠴᠡᠭᠰᠡᠨ ᠤᠷᠤᠯᠭ᠎ᠠ ᠪᠠᠢ᠌ᠬᠤ ᠦᠭᠡᠢ ᠪᠤᠯ 5 ᠳᠦᠮᠡ᠎ᠠᠴᠠ ᠳᠤᠭᠤᠭᠰᠢᠬᠢ ᠮᠥᠩᠭᠦ᠎ᠪᠠᠷ ᠲᠤᠷᠭ᠋ᠠᠵᠦ ᠪᠤᠯᠤᠨ᠎ᠠ᠃ ᠳᠤᠬᠠᠢ ᠵᠢᠨ ᠬᠦᠮᠦᠨ ᠰᠢᠢ᠍ᠳᠪᠦᠷᠢᠯᠡᠭᠰᠡᠨ ᠰᠢᠢ᠍ᠳᠪᠦᠷᠢ ᠵᠢ ᠵᠦᠪᠰᠢᠶᠡᠷᠡᠬᠦ ᠦᠭᠡᠢ ᠪᠤᠯ 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠵᠠᠷᠭᠤ ᠵᠢᠨ ᠬᠠᠦᠯᠢ》 ᠵᠢ ᠦᠨᠳᠦᠰᠦᠯᠡᠨ᠂ ᠮᠡᠳᠡᠭᠳᠡᠯ᠎ᠢ ᠤᠯᠤᠭᠰᠠᠨ ᠡᠳᠦᠷ᠎ᠠᠴᠠ ᠡᠬᠢᠯᠡᠨ 15 ᠡᠳᠦᠷ᠎ᠤᠨ ᠳᠤᠳᠤᠷ᠎ᠡ ᠠᠷᠠᠳ᠎ᠤᠨ ᠰᠢᠬᠦᠬᠦ ᠬᠤᠷᠢᠶᠠᠨ᠎ᠳᠤ ᠵᠠᠷᠭᠤᠯᠳᠤᠵᠤ ᠪᠤᠯᠤᠨ᠎ᠠ᠃ ᠡᠷᠬᠡᠨ᠎ᠳᠤ ᠬᠠᠯᠳᠠᠭᠰᠠᠨ ᠬᠦᠮᠦᠨ ᠵᠠᠷᠭᠤᠯᠳᠤᠬᠤ ᠦᠭᠡᠢ ᠪᠦᠭᠡᠳ ᠪᠡᠶᠡᠯᠡᠬᠦᠯᠬᠦ ᠦᠭᠡᠢ ᠪᠤᠯ᠂ ᠠᠵᠦ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠠᠯᠠᠭ᠎ᠠ ᠮᠦᠴᠢᠷ᠎ᠠᠴᠠ ᠠᠷᠠᠳ᠎ᠤᠨ ᠰᠢᠬᠦᠬᠦ ᠬᠤᠷᠢᠶᠠᠨ᠎ᠳᠤ ᠠᠯᠪᠠᠳᠠᠯᠭ᠎ᠠ᠎ᠪᠠᠷ ᠭᠡᠷᠡᠭᠵᠢᠬᠦᠯᠬᠦ ᠵᠢ ᠡᠷᠡᠮᠡᠯᠵᠡᠵᠦ ᠪᠤᠯᠤᠨ᠎ᠠ᠃ ᠰᠢᠢ᠍ᠳᠪᠦᠷᠢᠯᠡᠵᠦ ᠪᠠᠢ᠌ᠬᠤ ᠠᠵᠦ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠠᠯᠠᠭ᠎ᠠ ᠮᠦᠴᠢᠷ᠎ᠨᠢ ᠳᠤᠬᠠᠢ ᠵᠢᠨ ᠬᠦᠮᠦᠨ᠎ᠤ ᠭᠤᠶᠤᠴᠢᠯᠠᠭ᠎ᠠ᠎ᠪᠠᠷ᠂ ᠤᠯᠢᠮᠫᠢᠺ᠎ᠤᠨ ᠪᠡᠯᠭᠡ ᠲᠡᠮᠳᠡᠭ᠎ᠤᠨ ᠳᠤᠰᠬᠠᠢ ᠡᠷᠬᠡᠨ᠎ᠳᠤ ᠬᠠᠯᠳᠠᠭᠰᠠᠨ ᠳᠥᠯᠥᠪᠦᠷᠢ ᠵᠢᠨ ᠮᠥᠩᠭᠦ ᠵᠢ ᠵᠤᠬᠢᠴᠠᠭᠤᠯᠵᠤ ᠪᠤᠯᠤᠨ᠎ᠠ᠃ ᠵᠤᠬᠢᠴᠠᠭᠤᠯᠬᠤ ᠪᠦᠳᠦᠭᠰᠡᠨ ᠦᠭᠡᠢ ᠪᠤᠯ᠂ ᠳᠤᠬᠠᠢ ᠵᠢᠨ ᠬᠦᠮᠦᠨ 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠢᠷᠭᠡᠨ᠎ᠤ ᠬᠡᠷᠡᠭ᠎ᠤᠨ ᠵᠠᠷᠭᠤ ᠵᠢᠨ ᠬᠠᠦᠯᠢ》 ᠵᠢ ᠦᠨᠳᠦᠰᠦᠯᠡᠨ ᠠᠷᠠᠳ᠎ᠤᠨ ᠰᠢᠬᠦᠬᠦ ᠬᠤᠷᠢᠶᠠᠨ᠎ᠳᠤ ᠵᠠᠷᠭᠤᠯᠳᠤᠵᠤ ᠪᠤᠯᠤᠨ᠎ᠠ᠃ ᠤᠯᠢᠮᠫᠢᠺ᠎ᠤᠨ ᠪᠡᠯᠭᠡ ᠲᠡᠮᠳᠡᠭ᠎ᠢ ᠠᠰᠢᠭᠯᠠᠨ ᠬᠠᠭᠤᠷᠴᠦ ᠮᠡᠬᠡᠯᠡᠬᠦ ᠵᠡᠷᠭᠡ ᠬᠦᠳᠡᠯᠭᠡᠭᠡᠨ ᠶᠠᠪᠤᠭᠳᠠᠭᠤᠯᠵᠤ᠂ ᠡᠷᠡᠬᠦᠦ ᠵᠢᠨ ᠬᠠᠤᠯᠢ ᠵᠢ ᠵᠦᠷᠢᠴᠡᠭᠰᠡᠨ ᠪᠤᠯ ᠡᠷᠡᠬᠦᠦ ᠵᠢᠨ ᠬᠠᠤᠯᠢ ᠵᠢᠨ ᠮᠡᠬᠡᠯᠡᠨ ᠬᠠᠭᠤᠷᠤᠭᠰᠠᠨ ᠶᠠᠯ᠎ᠠ ᠪᠤᠶᠤ ᠪᠤᠰᠤᠳ ᠶᠠᠯ᠎ᠠ ᠵᠢ ᠦᠨᠳᠦᠰᠦᠯᠡᠨ ᠡᠷᠡᠬᠦᠦ ᠵᠢᠨ ᠭᠡᠷᠡᠭ᠎ᠤᠨ ᠬᠠᠷᠢᠭᠤᠴᠠᠯᠭ᠎ᠠ ᠨᠡᠬᠡᠮᠵᠢᠯᠡᠨ᠎ᠡ᠃
ᠠᠷᠪᠠᠨ ᠨᠢᠭᠡᠳᠦᠭᠡᠷ ᠵᠤᠷᠪᠤᠰ ᠤᠯᠢᠮᠫᠢᠺ᠎ᠤᠨ ᠪᠡᠯᠭᠡ ᠲᠡᠮᠳᠡᠭ᠎ᠤᠨ ᠳᠤᠰᠬᠠᠢ ᠡᠷᠬᠡᠨ᠎ᠳᠤ ᠬᠠᠯᠳᠠᠭᠰᠠᠨ ᠠᠵᠢᠯᠯᠠᠭ᠎ᠠ ᠵᠢ ᠠᠵᠦ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠠᠯᠠᠭ᠎ᠠ ᠮᠦᠴᠢᠷ᠎ᠠᠴᠠ ᠬᠠᠤᠯᠢ ᠶᠤᠰᠤᠭ᠋ᠠᠷ ᠪᠠᠢ᠌ᠴᠠᠭ᠋ᠠᠨ ᠰᠢᠢ᠍ᠳᠭᠡᠬᠦ ᠡᠷᠭᠡ᠎ᠲᠠᠢ᠃ ᠠᠵᠦ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠠᠯᠠᠭ᠎ᠠ ᠮᠦᠴᠢᠷ᠎ᠨᠢ ᠨᠢᠭᠡᠨᠳᠡ ᠤᠯᠳᠠᠭᠰᠠᠨ ᠬᠠᠤᠯᠢ ᠵᠦᠷᠢᠴᠡᠭᠰᠡᠨ ᠰᠡᠵᠢᠭ᠎ᠤᠨ ᠭᠡᠷᠡᠴᠢ ᠪᠤᠶᠤ ᠢᠯᠡᠴᠢᠯᠡᠨ ᠮᠡᠳᠡᠬᠦᠯᠥᠯᠳᠡ ᠵᠢ ᠦᠨᠳᠦᠰᠦᠯᠡᠨ᠂ ᠤᠯᠢᠮᠫᠢᠺ᠎ᠤᠨ ᠪᠡᠯᠭᠡ ᠲᠡᠮᠳᠡᠭ᠎ᠤᠨ ᠳᠤᠰᠬᠠᠢ ᠡᠷᠬᠡᠨ᠎ᠳᠤ ᠬᠠᠯᠳᠠᠭᠰᠠᠨ ᠰᠡᠵᠢᠭᠳᠡᠨ᠎ᠢ ᠪᠠᠢ᠌ᠴᠠᠭ᠋ᠠᠨ ᠰᠢᠢ᠍ᠳᠭᠡᠬᠦ ᠦᠶ᠎ᠡ᠎ᠳᠤ ᠳᠤᠤᠷᠡᠬᠢ ᠠᠵᠢᠯ᠎ᠤᠨ ᠡᠷᠬᠡ ᠵᠢ ᠭᠡᠷᠡᠭᠯᠡᠵᠦ ᠪᠤᠯᠤᠨ᠎ᠠ᠄ (ᠨᠢᠭᠡ) ᠬᠠᠮᠢᠶ᠎ᠠ ᠪᠦᠬᠦᠢ ᠳᠤᠬᠠᠢ ᠵᠢᠨ ᠬᠦᠮᠦᠨ᠎ᠠᠴᠠ ᠠᠰᠠᠭᠤᠵᠤ᠂ ᠤᠯᠢᠮᠫᠢᠺ᠎ᠤᠨ ᠪᠡᠯᠭᠡ ᠲᠡᠮᠳᠡᠭ᠎ᠤᠨ ᠳᠤᠰᠬᠠᠢ ᠡᠷᠬᠡᠨ᠎ᠳᠤ ᠬᠠᠯᠳᠠᠭᠰᠠᠨ ᠬᠠᠮᠢᠶ᠎ᠠ ᠪᠦᠬᠦᠢ ᠪᠠᠢ᠌ᠳᠠᠯ᠎ᠢ ᠪᠠᠢ᠌ᠴᠠᠭ᠋ᠠᠨ᠎ᠠ᠃ (ᠬᠤᠶᠠᠷ) ᠡᠷᠬᠡᠨ᠎ᠳᠤ ᠬᠠᠯᠳᠠᠭᠰᠠᠨ ᠬᠦᠳᠡᠯᠭᠡᠭᠡᠨ᠎ᠲᠠᠢ ᠬᠠᠮᠢᠶ᠎ᠠ ᠪᠦᠬᠦᠢ ᠭᠡᠷ᠎ᠡ᠂ ᠪᠠᠷᠢᠮᠳᠠ᠂ ᠳᠠᠩᠰᠠ ᠵᠢᠴᠢ ᠪᠤᠰᠤᠳ ᠬᠠᠮᠢᠶ᠎ᠠ ᠪᠦᠬᠦᠢ ᠮᠠᠲᠸᠷᠢᠶᠠᠯ᠎ᠢ ᠤᠩᠰᠢᠵᠤ᠂ ᠬᠠᠭᠤᠯᠪᠤᠷᠢ ᠵᠢ ᠠᠪᠤᠨ᠎ᠠ᠃ (ᠭᠤᠷᠪᠠ) ᠳᠤᠬᠠᠢ ᠵᠢᠨ ᠬᠦᠮᠦᠨ᠎ᠤ ᠤᠯᠢᠮᠫᠢᠺ᠎ᠤᠨ ᠪᠡᠯᠭᠡ ᠲᠡᠮᠳᠡᠭ᠎ᠤᠨ ᠳᠤᠰᠬᠠᠢ ᠡᠷᠭᠡᠨ᠎ᠳᠤ ᠬᠠᠯᠳᠠᠭᠰᠠᠨ ᠰᠡᠵᠢᠭ᠎ᠲᠠᠢ ᠬᠦᠳᠡᠯᠭᠡᠭᠡᠨ ᠤ ᠳᠠᠯᠠᠪᠤᠷ᠎ᠲᠤ ᠳᠤᠬᠠᠢ ᠵᠢᠨ ᠲᠠᠯᠠᠪᠤᠷ ᠤᠨ ᠪᠠᠢ᠌ᠴᠠᠭ᠋ᠠᠯᠳᠠ ᠬᠢᠨ᠎ᠡ᠃ (ᠳᠦᠷᠪᠡ) ᠡᠷᠬᠡᠨ᠎ᠳᠤ ᠬᠠᠯᠳᠠᠭᠰᠠᠨ ᠬᠦᠳᠡᠯᠬᠡᠬᠡᠨ᠎ᠤ ᠬᠠᠮᠢᠶ᠎ᠠ ᠪᠦᠬᠦᠢ ᠪᠤᠳᠠᠰ᠎ᠢ ᠪᠠᠢ᠌ᠴᠠᠭ᠋ᠠᠨ᠎ᠠ᠃ ᠤᠯᠢᠮᠫᠢᠺ᠎ᠤᠨ ᠪᠡᠯᠭᠡ ᠲᠡᠮᠳᠡᠭ᠎ᠤᠨ ᠳᠤᠰᠬᠠᠢ ᠡᠷᠬᠡᠨ᠎ᠳᠤ ᠬᠠᠯᠳᠠᠭᠰᠠᠨ ᠭᠡᠷᠡᠴᠢ᠎ᠲᠠᠢ ᠪᠤᠳᠠᠰ᠎ᠢ ᠪᠢᠳᠡᠬᠦᠮᠵᠢᠯᠡᠬᠦ ᠪᠤᠶᠤ ᠪᠠᠷᠢᠴᠠᠭ᠋ᠠᠯᠠᠨᠠ᠃ ᠠᠵᠦ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠰᠠᠯᠠᠭ᠎ᠠ ᠮᠦᠴᠢᠷ᠎ᠨᠢ ᠡᠮᠦᠨᠡᠬᠢ ᠵᠤᠷᠪᠤᠰ᠎ᠲᠠᠬᠢ ᠠᠵᠢᠯ᠎ᠤᠨ ᠡᠷᠬᠡ᠎ᠪᠠᠨ ᠭᠡᠷᠡᠭᠵᠢᠬᠦᠯᠬᠦ ᠦᠶᠡᠰ ᠳᠤᠬᠠᠢ ᠵᠢᠨ ᠬᠦᠮᠦᠨ ᠬᠠᠪᠰᠤᠷᠴᠤ ᠬᠠᠮᠵᠢᠯᠴᠠᠨ᠂ ᠲᠡᠪᠴᠢᠬᠦ ᠪᠤᠶᠤ ᠰᠠᠭ᠋ᠠᠳ ᠬᠢᠵᠦ ᠪᠤᠯᠬᠤ ᠦᠭᠡᠢ᠃
ᠠᠷᠪᠠᠨ ᠬᠤᠶᠠᠳᠤᠭ᠋ᠠᠷ ᠵᠤᠷᠪᠤᠰ ᠭᠠᠳᠠᠭ᠋ᠠᠳᠤ᠎ᠳᠤ ᠭᠠᠷᠭ᠋ᠠᠬᠤ ᠪᠤᠶᠤ ᠭᠠᠳᠠᠭ᠋ᠠᠳᠤ᠎ᠠᠴᠠ ᠤᠷᠤᠭᠤᠯᠬᠤ ᠪᠠᠷᠠᠭ᠎ᠠ ᠤᠯᠢᠮᠫᠢᠺ᠎ᠤᠨ ᠪᠡᠯᠭᠡ ᠲᠡᠮᠳᠡᠭ ᠤᠨ ᠳᠤᠰᠬᠠᠢ ᠡᠷᠬᠡ ᠳᠤ ᠬᠠᠯᠳᠠᠭᠰᠠᠨ ᠰᠡᠵᠢᠭ᠎ᠲᠠᠢ ᠪᠠᠢ᠌ᠪᠠᠯ᠂ ᠪᠤᠭᠤᠮᠳᠠ᠎ᠠᠴᠠ 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠪᠤᠭᠤᠮᠳᠠ ᠵᠢᠨ ᠬᠠᠤᠯᠢ》 ᠪᠤᠯᠤᠨ 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠮᠡᠳᠡᠯᠭᠡ ᠵᠢᠨ ᠦᠮᠴᠢᠯᠡᠯ᠎ᠤᠨ ᠡᠷᠭᠡ ᠵᠢ ᠬᠠᠮᠠᠭ᠋ᠠᠯᠠᠬᠤ ᠪᠤᠭᠤᠮᠳᠠ ᠵᠢᠨ ᠳᠦᠷᠢᠮ》᠎ᠳᠤ ᠳᠤᠭᠳᠠᠭ᠋ᠠᠭᠰᠠᠨ ᠡᠷᠬᠡ ᠪᠠ ᠶᠠᠪᠤᠴᠠ᠎ᠪᠠᠷ ᠯᠠᠪᠯᠠᠯᠳᠠ ᠪᠤᠯᠭ᠋ᠠᠨ ᠪᠠᠢ᠌ᠴᠠᠭ᠋ᠠᠨ ᠰᠢᠢ᠍ᠳᠪᠦᠷᠢᠯᠡᠵᠦ ᠪᠤᠯᠤᠨ᠎ᠠ᠃
ᠠᠷᠪᠠᠨ ᠭᠤᠷᠪᠠᠳᠤᠭ᠋ᠠᠷ ᠵᠤᠷᠪᠤᠰ ᠤᠯᠢᠮᠫᠢᠺ᠎ᠤᠨ ᠪᠡᠯᠭᠡ ᠲᠡᠮᠳᠡᠭ᠎ᠤᠨ ᠳᠤᠰᠬᠠᠢ ᠡᠷᠬᠡ᠎ᠳᠤ ᠬᠠᠯᠳᠠᠭᠰᠠᠨ ᠳᠦᠯᠥᠪᠦᠷᠢ ᠵᠢᠨ ᠮᠥᠩᠭᠦ ᠵᠢ ᠡᠷᠬᠡ ᠠᠰᠢᠭ᠎ᠤᠨ ᠬᠦᠮᠦᠨ᠎ᠤ ᠬᠤᠬᠢᠷᠠᠭᠰᠠᠨ ᠰᠦᠢ᠍ᠳᠥᠯ ᠪᠤᠶᠤ ᠡᠷᠬᠡᠨ᠎ᠳᠤ ᠬᠠᠯᠳᠠᠭᠰᠠᠨ ᠬᠦᠮᠦᠨ᠎ᠤ ᠡᠷᠬᠡᠨ᠎ᠳᠤ ᠬᠠᠯᠳᠠᠵᠤ ᠤᠯᠤᠭᠰᠠᠨ ᠠᠰᠢᠭ ᠵᠶ᠋ᠡᠷ ᠳᠤᠭᠳᠠᠭ᠋ᠠᠨ᠎ᠠ᠂ ᠡᠬᠦᠨ᠎ᠳᠤ ᠬᠠᠯᠳᠠᠭᠰᠠᠨ ᠠᠵᠢᠯᠯᠠᠭ᠎ᠠ ᠵᠢ ᠵᠤᠭᠰᠤᠭ᠋ᠠᠬᠤ ᠵᠢᠨ ᠳᠤᠯᠠᠳᠠ ᠵᠠᠷᠤᠴᠠᠭᠤᠯᠤᠭᠰᠠᠨ ᠵᠦᠢ ᠶᠤᠰᠤᠨ᠎ᠤ ᠵᠠᠷᠤᠳᠠᠯ᠎ᠢ ᠪᠠᠭᠳᠠᠭ᠋ᠠᠨ᠎ᠠ᠃ ᠡᠷᠭᠡᠨ᠎ᠳᠤ ᠬᠠᠯᠳᠠᠭᠳᠠᠭᠰᠠᠨ ᠬᠦᠮᠦᠨ᠎ᠤ ᠬᠤᠬᠢᠷᠡᠯ ᠪᠤᠶᠤ ᠡᠷᠬᠡ᠎ᠳᠤ ᠬᠠᠯᠳᠠᠭᠰᠠᠨ ᠬᠦᠮᠦᠨ᠎ᠤ ᠤᠯᠤᠭᠰᠠᠨ ᠠᠰᠢᠭ᠎ᠢ ᠳᠤᠭᠳᠠᠭ᠋ᠠᠬᠤ᠎ᠳᠤ ᠬᠦᠴᠢᠷᠳᠡᠢ ᠪᠤᠯ᠂ ᠳᠤᠰ ᠤᠯᠢᠮᠫᠢᠺ᠎ᠤᠨ ᠪᠡᠯᠭᠡ ᠲᠡᠮᠳᠡᠭ᠎ᠤᠨ ᠵᠦᠪᠰᠢᠶᠡᠷᠡᠯ᠎ᠢ ᠭᠡᠷᠡᠭᠯᠡᠬᠦ ᠵᠦᠢ ᠶᠤᠰᠤᠨ᠎ᠤ ᠵᠠᠷᠤᠳᠠᠯ᠎ᠢ ᠯᠠᠪᠯᠠᠨ ᠳᠤᠭᠳᠠᠭ᠋ᠠᠨ᠎ᠠ᠃ ᠤᠯᠢᠮᠫᠢᠺ᠎ᠤᠨ ᠪᠡᠯᠭᠡ ᠲᠡᠮᠳᠡᠭ᠎ᠤᠨ ᠳᠤᠰᠬᠠᠢ ᠡᠷᠬᠡ᠎ᠳᠤ ᠬᠠᠯᠳᠠᠭᠰᠠᠨ ᠭᠡᠳᠡᠭ᠎ᠢ ᠮᠡᠳᠡᠬᠦ ᠦᠭᠡᠢ ᠪᠦᠳᠦᠭᠡᠭᠳᠡᠬᠦᠨ᠎ᠢ ᠪᠤᠷᠤᠯᠠᠭᠤᠯᠤᠭᠰᠠᠨ ᠪᠤᠯ᠂ ᠳᠤᠰ ᠪᠦᠳᠦᠭᠡᠭᠳᠡᠬᠦᠨ᠎ᠢ ᠥᠪᠡᠷ ᠵᠶ᠋ᠡᠨ ᠬᠠᠤᠯᠢ ᠶᠤᠰᠤ᠎ᠪᠠᠷ ᠤᠯᠤᠭᠰᠠᠨ ᠭᠡᠬᠦ ᠵᠢ ᠭᠡᠷᠡᠴᠢᠯᠡᠵᠦ ᠲᠡᠢ᠌ᠯᠬᠦ ᠮᠦᠷᠳᠡᠭᠡᠨ ᠬᠠᠩᠭ᠋ᠠᠬᠰᠠᠨ ᠡᠳᠡᠭᠡᠳ ᠢ ᠲᠤᠳᠤᠷᠬᠠᠢ᠌ᠯᠠᠪᠠᠯ ᠂ ᠳᠦᠯᠥᠪᠦᠷᠢ ᠵᠢᠨ ᠬᠠᠷᠢᠭᠤᠴᠠᠯᠭ᠎ᠠ ᠡᠬᠦᠷᠬᠡᠯᠡᠬᠦ ᠦᠭᠡᠢ᠃
ᠠᠷᠪᠠᠨ ᠳᠦᠷᠪᠡᠳᠦᠭᠡᠷ ᠵᠤᠷᠪᠤᠰ ᠤᠯᠢᠮᠫᠢᠺ᠎ᠤᠨ ᠪᠡᠯᠭᠡ ᠲᠡᠮᠳᠡᠭ᠎ᠨᠢ ᠳᠤᠰ ᠳᠦᠷᠢᠮ᠎ᠤᠨ ᠬᠠᠮᠠᠭ᠋ᠠᠯᠠᠯᠳᠠ᠎ᠲᠠᠢ᠎ᠠᠴᠠ ᠭᠠᠳᠠᠨ᠎ᠠ᠂ 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠵᠤᠬᠢᠶᠠᠭᠴᠢ ᠵᠢᠨ ᠡᠷᠬᠡ ᠵᠢᠨ ᠬᠠᠤᠯᠢ》᠂ 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠬᠤᠳᠠᠯᠳᠤᠭ᠋ᠠᠨ᠎ᠤ ᠳᠡᠮᠳᠡᠭ᠎ᠤᠨ ᠬᠠᠤᠯᠢ》᠂ 《ᠪᠦᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠳᠤᠰᠬᠠᠢ ᠠᠰᠢᠭ᠎ᠤᠨ ᠬᠠᠤᠯᠢ》᠂ 《ᠤᠨᠴᠠᠭ᠋ᠠᠢ ᠳᠡᠮᠳᠡᠭ᠎ᠤᠨ ᠬᠠᠮᠢᠶᠠᠷᠤᠯᠳᠠ ᠵᠢᠨ ᠳᠦᠷᠢᠮ》 ᠵᠡᠷᠭᠡ ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠳᠦᠷᠢᠮ᠎ᠢ ᠦᠨᠳᠦᠰᠦᠯᠡᠨ ᠬᠠᠮᠠᠭ᠋ᠠᠯᠠᠭᠳᠠᠨ᠎ᠠ᠃
ᠠᠷᠪᠠᠨ ᠳᠠᠪᠤᠳᠤᠭ᠋ᠠᠷ ᠵᠤᠷᠪᠤᠰ ᠳᠤᠰ ᠳᠦᠷᠢᠮ᠎ᠢ 2002 ᠤᠨ ᠤ 4 ᠰᠠᠷ᠎ᠡ ᠵᠢᠨ 1᠎ᠤ ᠡᠳᠦᠷ᠎ᠠᠴᠠ ᠡᠬᠢᠯᠡᠨ ᠭᠡᠷᠡᠭᠵᠢᠬᠦᠯᠦᠨ᠎ᠡ᠃