ᠨᠢᠭᠡᠳᠦᠭᠡᠷ ᠪᠦᠯᠦᠭ ᠶᠡᠷᠦᠩᠭᠡᠢ ᠲᠦᠷᠢᠮ
ᠨᠢᠭᠡᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ᠎ᠤ ᠬᠠᠮᠢᠶᠠᠷᠤᠯᠳᠠ ᠵᠢ ᠴᠢᠩᠭ᠋ᠠᠳᠬᠠᠵᠦ᠂ ᠬᠤᠨᠵᠢᠪᠤᠷᠢᠳᠦ ᠰᠤᠭᠤᠯᠤᠭ᠎ᠠ᠎ᠤ ᠵᠠᠬ᠎ᠠ ᠲᠡᠯᠭᠡᠭᠦᠷ᠎ᠤᠨ ᠬᠦᠭᠵᠢᠯᠳᠡ ᠵᠢ ᠲᠦᠷᠢᠮᠵᠢᠭᠦᠯᠦᠨ᠂ ᠬᠤᠨᠵᠢᠪᠤᠷᠢᠳᠦ ᠰᠤᠭᠤᠯᠤᠭ᠎ᠠ᠎ᠤ ᠵᠠᠬ᠎ᠠ ᠲᠡᠯᠭᠡᠭᠦᠷ᠎ᠤᠨ ᠡᠮᠬᠢ ᠲᠢᠭᠯᠢᠮ᠎ᠢ ᠬᠠᠮᠠᠭ᠋ᠠᠯᠠᠵᠦ᠂ ᠬᠤᠨᠵᠢᠪᠤᠷᠢᠳᠦ ᠰᠤᠭᠤᠯᠤᠭ᠎ᠠ᠎ᠳᠤ ᠤᠷᠤᠯᠴᠠᠭᠴᠢ ᠵᠢᠨ ᠬᠠᠦᠯᠢ ᠶᠣᠰᠣᠨ᠎ᠤ ᠡᠷᠭᠡ ᠠᠰᠢᠭ᠎ᠢ ᠬᠠᠮᠠᠭ᠋ᠠᠯᠠᠨ᠂ ᠨᠡᠢ᠌ᠭᠡᠮ ᠨᠡᠢ᠌ᠳᠡ ᠵᠢᠨ ᠠᠰᠠᠷᠠᠮᠵᠢ ᠵᠢᠨ ᠦᠢ᠍ᠯᠡᠰ᠎ᠤᠨ ᠬᠦᠭᠵᠢᠯᠳᠡ ᠵᠢ ᠠᠬᠢᠭᠤᠯᠬᠤ ᠵᠢᠨ ᠲᠦᠯᠦᠭᠡ ᠲᠤᠰ ᠲᠦᠷᠢᠮ᠎ᠢ ᠲᠤᠭᠳᠠᠭ᠋ᠠᠪᠠ᠃
ᠬᠤᠶᠠᠳᠤᠭ᠋ᠠᠷ ᠵᠤᠷᠪᠤᠰ ᠲᠤᠰ ᠲᠦᠷᠢᠮ᠎ᠳᠤ ᠵᠢᠭ᠋ᠠᠭᠰᠠᠨ ᠬᠤᠨᠵᠢᠪᠤᠷᠢᠳᠦ ᠰᠤᠭᠤᠯᠤᠭ᠎ᠠ ᠪᠤᠯ ᠤᠯᠤᠰ᠎ᠠᠴᠠ ᠨᠡᠢ᠌ᠭᠡᠮ ᠨᠡᠢ᠌ᠳᠡ ᠵᠢᠨ ᠠᠰᠠᠷᠠᠮᠵᠢ ᠵᠢᠨ ᠪᠡᠯᠡ ᠮᠦᠩᠭᠦ ᠬᠤᠷᠠᠮᠳᠤᠭᠤᠯᠵᠦ᠂ ᠨᠡᠢ᠌ᠭᠡᠮ ᠨᠡᠢ᠌ᠳᠡ ᠵᠢᠨ ᠠᠰᠠᠷᠠᠮᠵᠢ ᠵᠢᠨ ᠦᠢ᠍ᠯᠡᠰ᠎ᠤᠨ ᠬᠦᠭᠵᠢᠯᠳᠡ ᠵᠢ ᠠᠬᠢᠭᠤᠯᠬᠤ ᠵᠢᠨ ᠲᠦᠯᠦᠭᠡ ᠤᠨᠴᠠ ᠵᠦᠪᠰᠢᠶᠡᠷᠡᠨ ᠲᠠᠷᠬᠠᠭ᠋ᠠᠭᠰᠠᠨ᠂ ᠬᠠᠦᠯᠢ ᠶᠤᠰᠤᠭ᠋ᠠᠷ ᠪᠤᠷᠤᠯᠠᠭᠤᠯᠤᠨ ᠬᠣᠳᠠᠯᠳᠤᠵᠦ᠂ ᠡᠷᠭᠡᠳᠦ ᠠᠷᠠᠳ ᠰᠠᠢ᠌ᠨ ᠲᠤᠷ᠎ᠠ᠎ᠠᠴᠠ᠎ᠪᠠᠨ ᠬᠤᠳᠠᠯᠳᠤᠨ ᠠᠪᠴᠦ᠂ ᠲᠤᠰᠬᠠᠢ ᠲᠦᠷᠢᠮ᠎ᠤᠨ ᠲᠠᠭ᠋ᠠᠦ ᠱᠠᠩᠨᠠᠯ ᠤᠯᠬᠤ ᠵᠠᠪᠰᠢᠶᠠᠨ ᠪᠦᠬᠦᠢ ᠭᠡᠷᠡᠴᠢ ᠪᠠᠷᠢᠮᠳᠠ ᠪᠤᠯᠤᠨ᠎ᠠ᠃
ᠬᠤᠨᠵᠢᠪᠤᠷᠢᠳᠦ ᠰᠤᠭᠤᠯᠤᠭ᠎ᠠ ᠪᠤᠯ ᠡᠬᠡ ᠮᠥᠩᠭᠥ ᠵᠢ ᠪᠤᠴᠠᠭ᠋ᠠᠬᠤ ᠦᠭᠡᠢ᠂ ᠬᠦᠦ ᠮᠦᠩᠭᠦ ᠪᠤᠳᠤᠵᠦ ᠦᠭᠭᠦ ᠦᠭᠡᠢ᠃
ᠭᠤᠷᠪᠠᠳᠤᠭ᠋ᠠᠷ ᠵᠤᠷᠪᠤᠰ ᠲᠦᠷᠦ ᠵᠢᠨ ᠶᠠᠪᠤᠳᠠᠯ᠎ᠤᠨ ᠬᠤᠷᠢᠶᠠᠨ᠎ᠠᠴᠠ ᠠᠰᠠᠷᠠᠮᠵᠢ ᠵᠢᠨ ᠬᠤᠨᠵᠢᠪᠤᠷᠢᠳᠤ ᠰᠤᠭᠤᠯᠤᠭ᠎ᠠ᠂ ᠪᠡᠶ᠎ᠡ ᠵᠢᠨ ᠲᠠᠮᠢᠷ᠎ᠤᠨ ᠬᠤᠨᠵᠢᠪᠤᠷᠢᠳᠤ ᠰᠤᠭᠤᠯᠤᠭ᠎ᠠ ᠵᠢ ᠤᠨᠴᠠ ᠵᠦᠪᠰᠢᠶᠡᠷᠡᠨ ᠲᠠᠷᠬᠠᠭ᠋ᠠᠨ᠎ᠠ᠃ ᠲᠦᠷᠦ ᠵᠢᠨ ᠶᠠᠪᠤᠳᠠᠯ᠎ᠤᠨ ᠬᠤᠷᠢᠶᠠᠨ᠎ᠤ ᠤᠨᠴᠠ ᠵᠦᠪᠰᠢᠶᠡᠷᠡᠯ ᠦᠭᠡᠢ᠎ᠪᠠᠷ ᠪᠤᠰᠤᠳ ᠬᠤᠨᠵᠢᠪᠤᠷᠢᠳᠦ ᠰᠤᠭᠤᠯᠤᠭ᠎ᠠ ᠵᠢ ᠲᠠᠷᠬᠠᠭ᠋ᠠᠬᠤ ᠵᠢ ᠬᠤᠷᠢᠭᠯᠠᠨ᠎ᠠ᠃ ᠪᠦᠭᠦᠳᠡ ᠨᠠᠢ᠌ᠷᠠᠮᠳᠠᠬᠤ ᠲᠤᠮᠳᠠᠳᠤ ᠠᠷᠠᠳ ᠤᠯᠤᠰ᠎ᠤᠨ ᠬᠢᠯᠢ ᠲᠤᠳᠤᠷ᠎ᠠ ᠬᠢᠯᠢ ᠵᠢᠨ ᠭᠠᠳᠠᠨᠠᠬᠢ ᠬᠤᠨᠵᠢᠪᠤᠷᠢᠳᠦ ᠰᠤᠭᠤᠯᠤᠭ᠎ᠠ ᠵᠢ ᠲᠠᠷᠬᠠᠭ᠋ᠠᠨ ᠬᠤᠳᠠᠯᠳᠤᠬᠤ ᠵᠢ ᠬᠤᠷᠢᠭᠯᠠᠨ᠎ᠠ᠃
ᠲᠦᠷᠪᠡᠳᠦᠭᠡᠷ ᠵᠤᠷᠪᠤᠰ ᠬᠤᠨᠵᠢᠪᠤᠷᠢᠳᠦ ᠰᠣᠭᠤᠯᠤᠭ᠎ᠠ᠎ᠤ ᠲᠠᠷᠬᠠᠭ᠋ᠠᠬᠤ᠂ ᠪᠤᠷᠤᠯᠠᠭᠤᠯᠵᠦ ᠬᠤᠳᠠᠯᠳᠤᠬᠤ ᠪᠤᠯᠤᠨ ᠱᠠᠩᠨᠠᠯ ᠨᠡᠭᠡᠭᠡᠬᠦ᠎ᠨᠢ ᠢᠯᠡ ᠲᠤᠳᠦ᠂ ᠡᠷᠭᠡ ᠲᠡᠭᠰᠢ᠂ ᠲᠦᠪ ᠭᠤᠤᠯᠴᠢ ᠪᠠ ᠦᠨᠡᠨᠴᠢ ᠢᠳᠡᠭᠡᠮᠵᠢᠳᠡᠢ ᠵᠠᠷᠴᠢᠮ᠎ᠢ ᠵᠢᠷᠤᠮᠯᠠᠬᠤ ᠬᠡᠷᠡᠭᠳᠡᠢ᠃
ᠲᠠᠪᠤᠳᠤᠭ᠋ᠠᠷ ᠵᠤᠷᠪᠤᠰ ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠠᠴᠠ ᠪᠦᠬᠦ ᠤᠯᠤᠰ᠎ᠤᠨ ᠬᠤᠨᠵᠢᠪᠤᠷᠢᠳᠦ ᠰᠤᠭᠤᠯᠤᠭ᠎ᠠ᠎ᠤ ᠬᠢᠨᠠᠨ ᠬᠠᠮᠢᠶᠠᠷᠤᠯᠳᠠ ᠵᠢᠨ ᠠᠵᠢᠯ᠎ᠢ ᠬᠠᠷᠢᠭᠤᠴᠠᠨ᠎ᠠ᠃ ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠂ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ ᠦᠪᠡᠷᠰᠡᠳ᠎ᠤᠨ ᠲᠤᠰᠢᠶᠠᠯ ᠬᠠᠷᠢᠭᠤᠴᠠᠯᠭ᠎ᠠ ᠵᠢᠨ ᠵᠶ᠋ᠠᠨ ᠲᠠᠭ᠋ᠠᠦ ᠪᠦᠬᠦ ᠤᠯᠤᠰ᠎ᠤᠨ ᠠᠰᠠᠷᠠᠮᠵᠢ ᠵᠢᠨ ᠬᠤᠨᠵᠢᠪᠤᠷᠢᠳᠦ ᠰᠤᠭᠤᠯᠤᠭ᠎ᠠ᠂ ᠪᠡᠶ᠎ᠡ ᠵᠢᠨ ᠲᠠᠮᠢᠷ᠎ᠤᠨ ᠬᠤᠨᠵᠢᠪᠤᠷᠢᠳᠦ ᠰᠤᠭᠤᠯᠤᠭ᠎ᠠ᠎ᠤ ᠬᠠᠮᠢᠶᠠᠷᠤᠯᠳᠠ ᠵᠢᠨ ᠠᠵᠢᠯ᠎ᠢ ᠲᠤᠰ ᠲᠤᠰ ᠬᠠᠷᠢᠭᠤᠴᠠᠨ᠎ᠠ᠃
ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶᠠᠳᠤ ᠬᠤᠳᠠ ᠵᠢᠨ ᠠᠷᠠᠳ᠎ᠤᠨ ᠵᠠᠰᠭ᠎ᠤᠨ ᠤᠷᠳᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ ᠲᠤᠰ ᠵᠠᠰᠠᠭ ᠵᠠᠬᠢᠷᠭ᠋ᠠᠨ᠎ᠤ ᠤᠷᠤᠨ ᠨᠤᠳᠤᠭ᠎ᠤᠨ ᠬᠤᠨᠵᠢᠪᠤᠷᠢᠳᠦ ᠰᠣᠭᠤᠯᠤᠭ᠎ᠠ᠎ᠤ ᠬᠢᠨᠠᠨ ᠬᠠᠮᠢᠶᠠᠷᠤᠯᠳᠠ ᠵᠢᠨ ᠠᠵᠢᠯ᠎ᠢ ᠬᠠᠷᠢᠭᠤᠴᠠᠨ᠎ᠠ᠃ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶᠠᠳᠤ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠂ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ ᠦᠪᠡᠷᠰᠡᠳ᠎ᠤᠨ ᠲᠤᠰᠢᠶᠠᠯ ᠬᠠᠷᠢᠭᠤᠴᠠᠯᠭ᠎ᠠ ᠵᠢᠨ ᠵᠶ᠋ᠠᠨ ᠲᠠᠭ᠋ᠠᠦ ᠲᠤᠰ ᠵᠠᠰᠠᠭ ᠵᠠᠬᠢᠷᠭ᠋ᠠᠨ᠎ᠤ ᠤᠷᠤᠨ ᠨᠤᠳᠤᠭ᠎ᠤᠨ ᠠᠰᠠᠷᠠᠮᠵᠢ ᠵᠢᠨ ᠬᠤᠨᠵᠢᠪᠤᠷᠢᠳᠦ ᠰᠤᠭᠤᠯᠤᠭ᠎ᠠ᠂ ᠪᠡᠶ᠎ᠡ ᠵᠢᠨ ᠲᠠᠮᠢᠷ᠎ᠤᠨ ᠬᠤᠨᠵᠢᠪᠤᠷᠢᠳᠦ ᠰᠤᠭᠤᠯᠤᠭ᠎ᠠ᠎ᠤ ᠬᠠᠮᠢᠶᠠᠷᠤᠯᠳᠠ ᠵᠢᠨ ᠠᠵᠢᠯ᠎ᠢ ᠲᠤᠰ ᠲᠤᠰ ᠬᠠᠷᠢᠭᠤᠴᠠᠨ᠎ᠠ᠃
ᠰᠢᠶᠠᠨ᠎ᠤ ᠱᠠᠳᠣᠨ᠎ᠠᠴᠠ ᠲᠡᠭᠡᠭᠰᠢᠬᠢ ᠡᠯ᠎ᠡ ᠱᠠᠳᠣᠨ᠎ᠤ ᠠᠷᠠᠳ᠎ᠤᠨ ᠵᠠᠰᠠᠭ᠎ᠤᠨ ᠤᠷᠳᠤᠨ᠎ᠤ ᠲᠤᠳᠤᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ ᠪᠤᠯᠤᠨ ᠰᠢᠶᠠᠨ᠎ᠤ ᠱᠠᠳᠣᠨ᠎ᠠᠴᠠ ᠲᠡᠭᠡᠭᠰᠢᠬᠢ ᠠᠵᠦ ᠦᠢ᠍ᠯᠡᠳᠪᠦᠷᠢ ᠬᠤᠳᠠᠯᠳᠤᠭ᠋ᠠᠨ᠎ᠤ ᠵᠠᠰᠠᠭ ᠵᠠᠬᠢᠷᠭ᠋ᠠᠨ᠎ᠤ ᠬᠠᠮᠢᠶᠠᠷᠤᠯᠳᠠ ᠵᠢᠨ ᠪᠠᠢ᠌ᠭᠤᠯᠭ᠎ᠠ᠎ᠠᠴᠠ ᠦᠪᠡᠷᠰᠡᠳ᠎ᠤᠨ ᠲᠤᠰᠢᠶᠠᠯ ᠬᠠᠷᠢᠭᠤᠴᠠᠯᠭ᠎ᠠ ᠵᠢᠨ ᠬᠡᠪᠴᠢᠶᠡᠨ᠎ᠳᠤ ᠬᠠᠦᠯᠢ ᠪᠤᠰᠦ ᠬᠤᠵᠢᠪᠤᠷᠢᠳᠤ ᠰᠤᠭᠤᠯᠤᠭ᠎ᠠ ᠵᠢ ᠬᠠᠦᠯᠢ ᠵᠢᠨ ᠲᠠᠭ᠋ᠠᠦ ᠪᠠᠢ᠌ᠴᠠᠭ᠋ᠠᠨ ᠰᠢᠢ᠍ᠳᠭᠡᠵᠦ᠂ ᠬᠤᠨᠵᠢᠪᠤᠷᠢᠳᠦ ᠰᠣᠭᠣᠯᠣᠭᠠᠤ ᠵᠠᠬ᠎ᠠ ᠲᠡᠯᠭᠡᠭᠦᠷ᠎ᠤᠨ ᠡᠮᠬᠢ ᠲᠢᠭᠯᠢᠮ᠎ᠢ ᠬᠠᠮᠠᠭ᠋ᠠᠯᠠᠨ᠎ᠠ᠃
ᠬᠤᠶᠠᠳᠤᠭ᠋ᠠᠷ ᠪᠦᠯᠦᠭ ᠬᠤᠨᠵᠢᠪᠤᠷᠢᠳᠦ ᠰᠤᠭᠤᠯᠤᠭ᠎ᠠ ᠲᠠᠷᠬᠠᠭ᠋ᠠᠬᠤ ᠪᠤᠯᠤᠨ ᠪᠤᠷᠤᠯᠠᠭᠤᠯᠵᠦ ᠬᠤᠳᠠᠯᠳᠤᠬᠤ ᠬᠠᠮᠢᠶᠠᠷᠤᠯᠳᠠ
ᠵᠢᠷᠭᠤᠳᠤᠭ᠋ᠠᠷ ᠵᠤᠷᠪᠤᠰ ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠂ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠬᠠᠦᠯᠢ ᠶᠤᠰᠤᠭ᠋ᠠᠷ ᠪᠠᠢ᠌ᠭᠤᠯᠤᠭᠰᠠᠨ ᠠᠰᠠᠷᠠᠮᠵᠢ ᠵᠢᠨ ᠬᠤᠨᠵᠢᠪᠤᠷᠢᠳᠦ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠂ ᠪᠡᠶ᠎ᠡ ᠵᠢᠨ ᠲᠠᠮᠢᠷ᠎ᠤᠨ ᠬᠤᠨᠵᠢᠪᠤᠷᠢᠳᠤ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ ( ᠲᠤᠷᠤᠭᠰᠢ ᠬᠤᠨᠵᠢᠪᠤᠷᠢᠳᠤ ᠰᠤᠭᠤᠯᠤᠭ᠎ᠠ ᠲᠠᠷᠬᠠᠭ᠋ᠠᠬᠤ ᠪᠡᠢ᠌ᠭᠤᠯᠤᠮᠵᠢ ᠭᠡᠵᠦ ᠲᠦᠭᠦᠮᠴᠢᠯᠡᠨ᠎ᠡ)᠎ᠨᠢ ᠪᠦᠬᠦ ᠤᠯᠤᠰ᠎ᠤᠨ ᠠᠰᠠᠷᠠᠮᠵᠢ ᠵᠢᠨ ᠬᠤᠨᠵᠢᠪᠤᠷᠢᠳᠤ ᠰᠤᠭᠤᠯᠤᠭ᠎ᠠ᠂ ᠪᠡᠶ᠎ᠡ ᠵᠢᠨ ᠲᠠᠮᠢᠷ᠎ᠤᠨ ᠬᠤᠨᠵᠢᠪᠤᠷᠢᠳᠤ ᠰᠤᠭᠤᠯᠤᠭ᠎ᠠ᠎ᠤ ᠲᠠᠷᠬᠠᠭ᠋ᠠᠬᠤ ᠪᠠ ᠵᠤᠬᠢᠶᠠᠨ ᠪᠠᠢ᠌ᠭᠤᠯᠵᠦ ᠪᠤᠷᠤᠯᠠᠭᠤᠯᠵᠦ ᠬᠤᠳᠠᠯᠳᠤᠬᠤ ᠠᠵᠢᠯ᠎ᠢ ᠲᠤᠰ ᠲᠤᠰ ᠬᠠᠷᠢᠭᠤᠴᠠᠨ᠎ᠠ᠃
ᠮᠤᠵᠢ᠂ ᠦᠪᠡᠷᠳᠡᠭᠡᠨ ᠵᠠᠰᠠᠬᠤ ᠤᠡᠤᠨ᠂ ᠰᠢᠭᠤᠳ ᠬᠠᠷᠢᠶᠠᠳᠤ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠂ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠬᠠᠦᠯᠢ ᠶᠤᠰᠤᠭ᠋ᠠᠷ ᠪᠠᠢ᠌ᠭᠤᠯᠤᠭᠰᠠᠨ ᠠᠰᠠᠷᠠᠮᠵᠢ ᠵᠢᠨ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠢ᠌ᠭᠤᠯᠤᠯᠮᠵᠢ᠂ ᠪᠡᠶ᠎ᠡ ᠵᠢᠨ ᠲᠠᠮᠢᠷ᠎ᠤᠨ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠢ᠌ᠭᠤᠯᠤᠮᠵᠢ (ᠲᠤᠷᠤᠭᠰᠢ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠢ᠌ᠭᠤᠯᠤᠮᠵᠢ ᠭᠡᠵᠦ ᠲᠦᠭᠦᠮᠴᠢᠯᠡᠨ᠎ᠡ)᠎ᠨᠢ ᠲᠤᠰ ᠵᠠᠰᠠᠭ ᠵᠠᠬᠢᠷᠭ᠋ᠠᠨ᠎ᠤ ᠤᠷᠤᠨ ᠨᠤᠳᠤᠭ᠎ᠤᠨ ᠠᠰᠠᠷᠠᠮᠵᠢ ᠵᠢᠨ ᠬᠤᠨᠵᠢᠪᠤᠷᠢᠳᠤ ᠰᠤᠭᠤᠯᠤᠭ᠎ᠠ᠂ ᠪᠡᠶ᠎ᠡ ᠵᠢᠨ ᠲᠠᠮᠢᠷ᠎ᠤᠨ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠠᠵᠢᠯ᠎ᠢ ᠲᠤᠰ ᠲᠤᠰ ᠬᠠᠷᠢᠭᠤᠴᠠᠨ᠎ᠠ᠃
ᠲᠤᠯᠤᠳᠤᠭ᠋ᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ ᠵᠢᠨ ᠠᠰᠠᠷᠠᠮᠵᠢ ᠵᠢᠨ ᠬᠤᠨᠵᠢᠪᠤᠷᠢᠳᠤ ᠰᠤᠭᠤᠯᠤᠭ᠎ᠠ᠂ ᠪᠡᠶ᠎ᠡ ᠵᠢᠨ ᠲᠠᠮᠢᠷ᠎ᠤᠨ ᠬᠤᠨᠵᠢᠪᠤᠷᠢᠳᠤ ᠰᠤᠭᠤᠯᠤᠭ᠎ᠠ᠎ᠤ ᠪᠤᠳᠠᠳᠠᠢ ᠲᠦᠷᠦᠯ ᠵᠦᠢ᠍ᠯ (ᠲᠤᠷᠤᠭᠰᠢ ᠬᠤᠨᠵᠢᠪᠤᠷᠢᠳᠤ ᠰᠤᠭᠤᠯᠤᠭ᠎ᠠ᠎ᠤ ᠲᠦᠷᠦᠯ ᠵᠦᠢ᠍ᠯ ᠬᠡᠵᠦ ᠲᠦᠭᠦᠮᠴᠢᠯᠡᠨ᠎ᠡ)᠎ᠢ ᠨᠡᠭᠡᠭᠡᠬᠦ᠂ ᠵᠤᠭᠰᠤᠭ᠋ᠠᠬᠤ ᠵᠢ ᠭᠤᠶᠤᠴᠢᠯᠠᠬᠤ ᠪᠤᠶᠤ ᠬᠤᠨᠵᠢᠪᠤᠷᠢᠳᠤ ᠰᠤᠭᠤᠯᠤᠭ᠎ᠠ᠎ᠤ ᠲᠦᠷᠦᠯ ᠵᠦᠢ᠍ᠯ᠎ᠤᠨ ᠬᠢᠨᠠᠨ ᠵᠦᠪᠰᠢᠶᠡᠷᠡᠭᠦᠯᠬᠦ ᠵᠦᠢ᠍ᠯᠡᠰ᠎ᠢ ᠬᠤᠪᠢᠷᠭ᠋ᠠᠬᠤ ᠵᠢ ᠭᠤᠶᠤᠴᠢᠯᠠᠬᠤᠢ ᠲᠤᠰ ᠲᠦᠷᠢᠮ᠎ᠳᠤ ᠲᠤᠭᠳᠠᠭ᠋ᠠᠭᠰᠠᠨ ᠶᠠᠪᠤᠴᠠ ᠵᠢᠨ ᠲᠠᠭ᠋ᠠᠦ ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠲᠤ ᠮᠡᠳᠡᠭᠦᠯᠵᠦ ᠵᠦᠪᠰᠢᠶᠡᠷᠡᠭᠦᠯᠦᠨ᠎ᠡ᠃
ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠠᠴᠠ ᠬᠤᠨᠵᠢᠪᠤᠷᠢᠳᠤ ᠰᠤᠭᠤᠯᠤᠭ᠎ᠠ᠎ᠤ ᠵᠠᠬ᠎ᠠ ᠲᠡᠯᠭᠡᠭᠦᠷ᠎ᠤᠨ ᠡᠷᠡᠭᠦᠯ ᠵᠶ᠋ᠠᠷ ᠬᠦᠭᠵᠢᠬᠦ ᠬᠡᠷᠡᠭᠴᠡᠭᠡ ᠵᠢ ᠦᠨᠳᠦᠰᠦᠯᠡᠵᠦ᠂ ᠬᠤᠨᠵᠢᠪᠤᠷᠢᠳᠤ ᠰᠤᠭᠤᠯᠤᠭ᠎ᠠ᠎ᠤ ᠵᠠᠬ᠎ᠠ ᠲᠡᠯᠭᠡᠭᠦᠷ ᠪᠤᠯᠤᠨ ᠬᠤᠨᠵᠢᠪᠤᠷᠢᠳᠤ ᠰᠤᠭᠤᠯᠤᠭ᠎ᠠ᠎ᠤ ᠲᠦᠷᠦᠯ ᠵᠦᠢ᠍ᠯ᠎ᠤᠨ ᠪᠦᠳᠦᠴᠡ ᠵᠢ ᠵᠦᠢ ᠵᠤᠬᠢᠰᠳᠠᠢ᠎ᠪᠠᠷ ᠲᠦᠯᠦᠪᠵᠢᠭᠦᠯᠬᠦ᠂ ᠬᠤᠨᠵᠢᠪᠤᠷᠢᠳᠤ ᠰᠤᠭᠤᠯᠤᠭ᠎ᠠ᠎ᠤ ᠠᠶᠤᠯ ᠲᠦᠭᠰᠢᠭᠦᠷᠢ ᠵᠢ ᠴᠢᠩᠭ᠎ᠠ ᠡᠵᠡᠮᠰᠢᠬᠦ ᠵᠠᠷᠴᠢᠮ᠎ᠤᠨ ᠲᠠᠭ᠋ᠠᠦ ᠬᠤᠨᠵᠢᠪᠤᠷᠢᠳᠤ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ ᠵᠢᠨ ᠭᠤᠶᠤᠴᠢᠯᠠᠯ᠎ᠳᠤ ᠬᠢᠨᠠᠨ ᠪᠠᠢ᠌ᠴᠠᠭ᠋ᠠᠯᠳᠠ ᠬᠢᠨ᠎ᠡ᠃
ᠨᠠᠢ᠍ᠮᠠᠳᠤᠭ᠋ᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠎ᠨᠢ ᠬᠤᠨᠵᠢᠪᠤᠷᠢᠳᠤ ᠰᠤᠭᠤᠯᠤᠭ᠎ᠠ᠎ᠤ ᠲᠦᠷᠦᠯ ᠵᠦᠢ᠍ᠯ ᠨᠡᠬᠡᠬᠡᠭᠦ ᠵᠢ ᠭᠤᠶᠤᠴᠢᠯᠠᠬᠤ᠎ᠳᠤ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠪᠤᠶᠤ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠬᠢᠨᠠᠵᠦ ᠬᠠᠷᠭᠤᠯᠤᠨ ᠵᠦᠪᠰᠢᠶᠡᠷᠡᠭᠦᠯᠵᠦ᠂ ᠲᠦᠷᠦ ᠵᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠦᠴᠢᠷ ᠲᠤ ᠲᠠᠷᠠᠭ᠋ᠠᠬᠢ ᠭᠤᠶᠤᠴᠢᠯᠠᠯ ᠤᠨ ᠮᠠᠲᠸᠷᠢᠶᠠᠯ ᠢ ᠲᠤᠰᠢᠶᠠᠨ᠎ᠠ᠄
(ᠨᠢᠭᠡ) ᠭᠤᠶᠤᠴᠢᠯᠠᠯ᠎ᠤᠨ ᠪᠢᠴᠢᠭ;
(ᠬᠤᠶᠠᠷ) ᠬᠤᠨᠵᠢᠪᠤᠷᠢᠳᠤ ᠰᠤᠭᠤᠯᠤᠭ᠎ᠠ᠎ᠤ ᠲᠦᠷᠦᠯ ᠵᠦᠢ᠍ᠯ᠎ᠤᠨ ᠲᠦᠷᠢᠮ;
(ᠭᠤᠷᠪᠠ) ᠲᠠᠷᠬᠠᠭ᠋ᠠᠬᠤ ᠬᠡᠯᠪᠡᠷᠢ᠂ ᠲᠠᠷᠬᠠᠭ᠋ᠠᠬᠤ ᠬᠦᠷᠢᠶ᠎ᠡ ᠬᠡᠪᠴᠢᠶ᠎ᠡ;
(ᠲᠦᠷᠪᠡ) ᠵᠠᠬ᠎ᠠ ᠲᠡᠯᠭᠡᠭᠦᠷ᠎ᠤᠨ ᠵᠠᠳᠠᠯᠤᠯᠳᠠ ᠵᠢᠨ ᠮᠡᠳᠡᠭᠦᠯᠦᠯᠳᠡ ᠵᠢᠴᠢ ᠮᠡᠷᠭᠡᠵᠢᠯ᠎ᠤᠨ ᠬᠡᠷᠡᠭᠵᠢᠭᠦᠯᠵᠦ ᠪᠤᠯᠬᠤ ᠵᠠᠳᠠᠯᠤᠯᠳᠠ ᠵᠢᠨ ᠮᠡᠳᠡᠭᠦᠯᠦᠯᠳᠡ;
(ᠲᠠᠪᠤ) ᠱᠠᠩᠨᠠᠯ ᠨᠡᠭᠡᠭᠡᠬᠦ᠂ ᠱᠠᠩᠨᠠᠯ ᠤᠯᠭᠤᠬᠤ ᠠᠵᠢᠯᠯᠠᠭ᠋ᠠᠨ᠎ᠤ ᠲᠦᠷᠢᠮ;
(ᠵᠢᠷᠭᠤᠭ᠎ᠠ) ᠠᠶᠤᠯ ᠲᠦᠭᠰᠢᠭᠦᠷᠢ ᠵᠢ ᠡᠵᠡᠮᠰᠢᠬᠦ ᠲᠦᠰᠦᠯ᠃
ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ ᠬᠦᠯᠢᠶᠡᠨ ᠠᠪᠴᠦ ᠰᠢᠢ᠍ᠳᠪᠦᠷᠢᠯᠡᠭᠰᠡᠨ᠎ᠠᠴᠠ ᠡᠬᠢᠯᠡᠨ 90 ᠠᠵᠢᠯ᠎ᠤᠨ ᠡᠳᠦᠷ᠎ᠤᠨ ᠲᠤᠳᠤᠷ᠎ᠠ᠂ ᠲᠤᠰᠬᠠᠢ ᠮᠡᠷᠭᠡᠵᠢᠯᠳᠡᠨ᠎ᠤ ᠬᠢᠨᠠᠨ ᠲᠤᠭᠳᠠᠭ᠋ᠠᠯᠳᠠ᠂ ᠪᠠᠳᠤᠯᠠᠬᠤ ᠬᠤᠷᠠᠯ ᠵᠡᠷᠭᠡ ᠠᠷᠭ᠎ᠠ ᠬᠡᠯᠪᠡᠷᠢ᠎ᠪᠠᠷ ᠬᠤᠨᠵᠢᠪᠤᠷᠢᠳᠤ ᠰᠤᠭᠤᠯᠤᠭ᠎ᠠ᠎ᠤ ᠲᠦᠷᠦᠯ ᠵᠦᠢ᠍ᠯ᠎ᠢ ᠨᠡᠭᠡᠭᠡᠬᠦ ᠲᠠᠯ᠎ᠠ᠎ᠪᠠᠷ ᠨᠡᠢ᠌ᠭᠡᠮ᠎ᠤᠨ ᠰᠠᠨᠠᠯ᠎ᠢ ᠰᠤᠨᠤᠰᠴᠦ᠂ ᠭᠤᠶᠤᠴᠢᠯᠠᠯ᠎ᠳᠤ ᠬᠢᠨᠠᠨ ᠪᠠᠢ᠌ᠴᠠᠭ᠋ᠠᠯᠳᠠ ᠬᠢᠵᠦ ᠪᠢᠴᠢᠭ᠎ᠤᠨ ᠰᠢᠢ᠍ᠳᠪᠦᠷᠢ ᠭᠠᠷᠭ᠋ᠠᠨ᠎ᠠ᠃
ᠶᠢᠰᠦᠳᠦᠭᠡᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠎ᠠᠴᠠ ᠬᠤᠨᠵᠢᠪᠤᠷᠢᠳᠤ ᠰᠤᠭᠤᠯᠤᠭ᠎ᠠ᠎ᠤ ᠲᠦᠷᠦᠯ ᠵᠦᠢ᠍ᠯ᠎ᠤᠨ ᠲᠦᠷᠢᠮ᠂ ᠲᠠᠷᠬᠠᠭ᠋ᠠᠬᠤ ᠬᠡᠯᠪᠡᠷᠢ᠂ ᠲᠠᠷᠬᠠᠭ᠋ᠠᠬᠤ ᠬᠡᠪᠴᠢᠶᠡᠢ ᠦᠭᠡᠷᠡᠴᠢᠯᠡᠬᠦ ᠵᠡᠷᠭᠡ ᠭᠤᠶᠤᠴᠢᠯᠠᠯ᠎ᠤᠨ ᠬᠢᠨᠠᠨ ᠵᠦᠪᠰᠢᠶᠡᠷᠡᠭᠦᠯᠬᠦ ᠵᠦᠢ᠍ᠯᠡᠰ᠎ᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠪᠤᠶᠤ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ ᠵᠶ᠋ᠠᠷ ᠬᠢᠨᠠᠨ ᠬᠠᠷᠭᠤᠭᠤᠯᠵᠦ ᠵᠦᠪᠰᠢᠶᠡᠷᠡᠭᠦᠯᠦᠨ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠲᠤ ᠭᠤᠶᠤᠴᠢᠯᠠᠯ ᠭᠠᠷᠭ᠋ᠠᠵᠦ᠂ ᠦᠭᠡᠷᠡᠴᠢᠯᠡᠬᠦ ᠵᠦᠢ᠍ᠯ᠎ᠲᠠᠢ ᠬᠠᠮᠢᠶᠠᠳᠠᠢ ᠮᠠᠲᠸᠷᠢᠶᠠᠯ ᠵᠶ᠋ᠠᠨ ᠲᠤᠰᠢᠶᠠᠨ᠎ᠠ᠃ ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ ᠭᠤᠶᠤᠴᠢᠯᠠᠯ᠎ᠢ ᠬᠦᠯᠢᠶᠡᠨ ᠠᠪᠴᠦ ᠰᠢᠢ᠍ᠳᠪᠦᠷᠢᠯᠡᠭᠰᠡᠨ ᠡᠳᠦᠷ᠎ᠠᠴᠠ ᠡᠬᠢᠯᠡᠨ 45 ᠠᠵᠢᠯ᠎ᠤᠨ ᠡᠳᠦᠷ᠎ᠤᠨ ᠲᠤᠳᠤᠷ᠎ᠠ᠂ ᠭᠤᠶᠤᠴᠢᠯᠠᠯ᠎ᠳᠤ ᠬᠢᠨᠠᠨ ᠪᠠᠢ᠌ᠴᠠᠭ᠋ᠠᠯᠳᠠ ᠬᠢᠵᠦ᠂ ᠪᠢᠴᠢᠭ᠎ᠤᠨ ᠰᠢᠢ᠍ᠳᠪᠦᠷᠢ ᠭᠠᠷᠭ᠋ᠠᠨ᠎ᠠ᠃
ᠠᠷᠪᠠᠳᠤᠭ᠋ᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠎ᠠᠴᠠ ᠬᠤᠨᠵᠢᠪᠤᠷᠢᠳᠤ ᠰᠤᠭᠤᠯᠤᠭ᠎ᠠ᠎ᠤ ᠲᠦᠷᠦᠯ ᠵᠦᠢ᠍ᠯ᠎ᠢ ᠵᠤᠭᠰᠤᠭ᠋ᠠᠬᠤ ᠵᠢ ᠭᠤᠶᠤᠴᠢᠯᠠᠬᠤ᠎ᠳᠤ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠪᠤᠶᠤ ᠲᠦᠷᠦ ᠵᠢᠨ ᠶᠠᠪᠤᠳᠠᠯ᠎ᠤᠨ ᠬᠤᠷᠢᠶᠠᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ ᠵᠶ᠋ᠠᠷ ᠬᠢᠨᠠᠨ ᠬᠠᠷᠭᠤᠭᠤᠯᠵᠦ ᠵᠦᠪᠰᠢᠶᠡᠷᠡᠭᠦᠯᠦᠨ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠲᠤ ᠪᠢᠴᠢᠭ᠎ᠤᠨ ᠭᠤᠶᠤᠴᠢᠯᠠᠯ ᠭᠠᠷᠭ᠋ᠠᠨ ᠬᠤᠨᠵᠢᠪᠤᠷᠢᠳᠤ ᠰᠤᠭᠤᠯᠤᠭ᠎ᠠ᠎ᠤ ᠲᠦᠷᠦᠯ ᠵᠦᠢ᠍ᠯ᠎ᠢ ᠵᠤᠭᠰᠤᠭ᠋ᠠᠬᠤ᠎ᠲᠠᠢ ᠬᠠᠮᠢᠶᠠᠳᠠᠢ ᠮᠠᠲᠸᠷᠢᠶᠠᠯ ᠵᠶ᠋ᠠᠨ ᠲᠤᠰᠢᠶᠠᠨ᠎ᠠ᠃ ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ ᠭᠤᠶᠤᠴᠢᠯᠠᠯ᠎ᠢ ᠬᠦᠯᠢᠶᠡᠨ ᠠᠪᠴᠦ ᠰᠢᠢ᠍ᠳᠪᠦᠷᠢᠯᠡᠭᠰᠡᠨ᠎ᠠᠴᠠ ᠡᠬᠢᠯᠡᠨ 10 ᠠᠵᠢᠯ᠎ᠤᠨ ᠡᠳᠦᠷ᠎ᠤᠨ ᠲᠤᠳᠤᠷ᠎ᠠ ᠭᠤᠶᠤᠴᠢᠯᠠᠯ᠎ᠢ ᠬᠢᠨᠠᠨ ᠪᠠᠢ᠌ᠴᠠᠭ᠋ᠠᠵᠦ ᠪᠢᠴᠢᠭ᠎ᠤᠨ ᠰᠢᠢ᠍ᠳᠪᠦᠷᠢ ᠭᠠᠷᠭ᠋ᠠᠨ᠎ᠠ᠃
ᠠᠷᠪᠠᠨ ᠨᠢᠭᠡᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ᠎ᠤ ᠲᠦᠷᠦᠯ ᠵᠦᠢ᠍ᠯ᠎ᠢ ᠨᠡᠭᠡᠭᠡᠬᠦ᠂ ᠵᠤᠭᠰᠤᠭ᠋ᠠᠬᠤ ᠪᠤᠶᠤ ᠬᠤᠨᠵᠢᠪᠤᠷᠢᠳᠦ ᠰᠤᠭᠤᠯᠤᠭ᠎ᠠ ᠵᠢᠨ ᠲᠦᠷᠦᠯ ᠵᠦᠢ᠍ᠯ᠎ᠤᠨ ᠬᠢᠨᠠᠨ ᠵᠦᠪᠰᠢᠶᠡᠷᠡᠬᠦ ᠵᠦᠢ᠍ᠯᠡᠰ᠎ᠢ ᠬᠤᠪᠢᠷᠭ᠋ᠠᠬᠤ ᠵᠦᠪᠰᠢᠶᠡᠷᠡᠯ ᠤᠯᠤᠭᠰᠠᠨ᠎ᠤ ᠲᠠᠷᠠᠭ᠎ᠠ᠂ ᠬᠤᠨᠵᠢᠪᠤᠷᠢᠳᠦ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠎ᠨᠢ ᠬᠤᠨᠵᠢᠪᠤᠷᠢᠳᠦ ᠰᠤᠭᠤᠯᠤᠭ᠎ᠠ᠎ᠤ ᠲᠦᠷᠦᠯ ᠵᠦᠢ᠍ᠯ ᠨᠡᠭᠡᠭᠡᠬᠦ᠂ ᠬᠤᠪᠢᠷᠭ᠋ᠠᠬᠤ᠂ ᠵᠤᠭᠰᠤᠭ᠋ᠠᠬᠤ᠎ᠠᠴᠠ 10 ᠪᠠᠢ᠌ᠭ᠋ᠠᠯᠢ ᠵᠢᠨ ᠡᠳᠦᠷ᠎ᠤᠨ ᠡᠮᠦᠨ᠎ᠡ ᠬᠤᠯᠪᠤᠭᠳᠠᠯ ᠪᠦᠭᠦᠢ ᠮᠡᠳᠡᠭᠡ ᠵᠠᠩᠭᠢ ᠵᠢ ᠨᠡᠢ᠌ᠭᠡᠮ᠎ᠳᠤ ᠵᠠᠷᠯᠠᠬᠤ ᠬᠡᠷᠡᠭᠳᠡᠢ᠃
ᠠᠷᠪᠠᠨ ᠬᠤᠶᠠᠳᠤᠭ᠋ᠠᠷ ᠵᠤᠷᠪᠤᠰ ᠨᠡᠢ᠌ᠭᠡᠮ ᠨᠡᠢ᠌ᠳᠡ ᠵᠢᠨ ᠠᠰᠢᠭ ᠲᠤᠰᠠ ᠵᠢ ᠬᠠᠮᠠᠭ᠋ᠠᠯᠠᠬᠤ ᠱᠠᠭ᠋ᠠᠷᠳᠠᠯᠭ᠎ᠠ᠎ᠠᠴᠠ ᠪᠤᠯᠤᠭᠰᠠᠨ ᠪᠠᠴᠢᠮ ᠪᠠᠢ᠌ᠳᠠᠯ᠎ᠳᠤ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠨᠢ ᠴᠢᠬᠤᠯᠠ ᠠᠷᠭ᠎ᠠ ᠬᠡᠮᠵᠢᠶ᠎ᠡ ᠠᠪᠴᠦ᠂ ᠬᠤᠨᠵᠢᠪᠤᠷᠢᠳᠦ ᠰᠤᠭᠤᠯᠤᠭ᠎ᠠ᠎ᠤ ᠲᠦᠷᠦᠯ ᠵᠦᠢ᠍ᠯ᠎ᠤᠨ ᠬᠢᠨᠠᠨ ᠵᠦᠪᠰᠢᠶᠡᠷᠡᠬᠦ ᠵᠦᠢ᠍ᠯᠡᠰ᠎ᠢ ᠬᠤᠪᠢᠷᠭ᠋ᠠᠬᠤ ᠪᠤᠶᠤ ᠬᠤᠨᠵᠢᠪᠤᠷᠢᠳᠦ ᠰᠤᠭᠤᠯᠤᠭ᠎ᠠ᠎ᠤ ᠲᠦᠷᠦᠯ ᠵᠦᠢ᠍ᠯ᠎ᠢ ᠵᠤᠭᠰᠤᠭ᠋ᠠᠬᠤ ᠵᠢ ᠰᠢᠢ᠍ᠳᠴᠦ ᠪᠤᠯᠤᠨ᠎ᠠ᠃
ᠠᠷᠪᠠᠨ ᠭᠤᠷᠪᠠᠳᠤᠭ᠋ᠠᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠢ᠌ᠭᠤᠯᠤᠮᠵᠢ᠎ᠠᠴᠠ ᠵᠠᠰᠠᠭ᠎ᠤᠨ ᠤᠷᠳᠤᠨ᠎ᠤ ᠬᠣᠳᠠᠯᠳᠤᠨ ᠠᠪᠬᠤ ᠬᠠᠦᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠦᠯᠢ ᠲᠦᠷᠢᠮ᠎ᠤᠨ ᠲᠤᠭᠳᠠᠭ᠋ᠠᠯ ᠶᠤᠰᠤᠭ᠋ᠠᠷ ᠪᠠᠷᠢᠮᠵᠢᠶ᠎ᠠ᠎ᠳᠤ ᠨᠡᠢ᠌ᠴᠡᠭᠰᠡᠨ ᠬᠤᠨᠵᠢᠪᠤᠷᠢᠳᠦ ᠰᠤᠭᠤᠯᠤᠭ᠎ᠠ᠎ᠤ ᠲᠦᠭᠦᠭᠡᠷᠦᠮᠵᠢ ᠪᠤᠯᠤᠨ ᠮᠡᠷᠭᠡᠵᠢᠯ᠎ᠤᠨ ᠦᠢ᠍ᠯᠡᠴᠢᠯᠡᠭᠡ ᠬᠤᠳᠠᠯᠳᠤᠨ ᠠᠪᠬᠤ ᠬᠡᠷᠡᠭᠳᠡᠢ᠃
ᠬᠤᠨᠵᠢᠪᠤᠷᠢᠳᠦ ᠰᠤᠭᠤᠯᠤᠭ᠎ᠠ᠎ᠤ ᠲᠦᠭᠦᠭᠡᠷᠦᠮᠵᠢ ᠪᠤᠯᠤᠨ ᠮᠡᠷᠭᠡᠵᠢᠯ᠎ᠤᠨ ᠦᠢ᠍ᠯᠡᠴᠢᠯᠡᠭᠡᠨ᠎ᠤ ᠪᠠᠷᠢᠮᠵᠢᠶ᠎ᠠ ᠵᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠠᠴᠠ ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠂ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠲᠠᠢ ᠬᠠᠮᠳᠤᠷᠠᠵᠦ ᠪᠠᠢ᠌ᠭ᠋ᠠᠳ ᠤᠯᠤᠰ᠎ᠤᠨ ᠬᠤᠯᠪᠤᠭᠳᠠᠯ ᠪᠦᠬᠦᠢ ᠪᠠᠷᠢᠮᠵᠢᠶᠠᠵᠢᠭᠤᠯᠬᠤ ᠬᠠᠦᠯᠢ ᠴᠠᠭ᠋ᠠᠵᠠ᠂ ᠵᠠᠰᠭ ᠵᠠᠬᠢᠷᠭ᠋ᠠᠨ᠎ᠤ ᠬᠠᠦᠯᠢ ᠲᠤᠭᠳᠠᠭ᠋ᠠᠯ᠎ᠤᠨ ᠲᠠᠭ᠋ᠠᠦ ᠲᠤᠭᠳᠠᠭ᠋ᠠᠨ᠎ᠠ᠃
ᠠᠷᠪᠠᠨ ᠲᠦᠷᠪᠡᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭ᠋ᠠᠬᠤ ᠪᠡᠢ᠌ᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠢ᠌ᠭᠤᠯᠤᠮᠵᠢ᠎ᠨᠢ ᠠᠶᠤᠯ ᠲᠦᠭᠰᠢᠭᠦᠷᠢ ᠵᠢᠨ ᠬᠠᠮᠢᠶᠠᠷᠤᠯᠳᠠ ᠵᠢᠨ ᠲᠤᠭᠳᠠᠯᠴᠠᠭ᠎ᠠ ᠪᠠ ᠰᠡᠵᠢᠭᠳᠡᠢ ᠪᠡᠯᠡ ᠮᠦᠩᠭᠦᠨ᠎ᠤ ᠮᠡᠳᠡᠭᠦᠯᠦᠯᠳᠡ ᠵᠢᠨ ᠲᠦᠷᠢᠮ᠎ᠢ ᠪᠠᠢ᠌ᠭᠤᠯᠵᠦ᠂ ᠬᠤᠨᠵᠢᠪᠤᠷᠢᠳᠦ ᠰᠤᠭᠤᠯᠤᠭ᠎ᠠ᠎ᠤ ᠲᠠᠷᠬᠠᠭ᠋ᠠᠬᠤ ᠪᠠ ᠪᠤᠷᠤᠯᠠᠭᠤᠯᠵᠦ ᠬᠤᠳᠠᠯᠳᠤᠬᠤ ᠠᠮᠤᠷ ᠲᠦᠪᠰᠢᠨ᠎ᠢ ᠪᠠᠳᠤᠯᠠᠬᠤ ᠬᠡᠷᠡᠭᠳᠡᠢ᠃
ᠬᠤᠨᠵᠢᠪᠤᠷᠢᠳᠦ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠢ᠌ᠭᠤᠯᠤᠮᠵᠢ᠎ᠠᠴᠠ ᠬᠤᠨᠵᠢᠪᠤᠷᠢᠳᠦ ᠰᠤᠭᠤᠯᠤᠭ᠎ᠠ᠎ᠤ ᠪᠤᠷᠤᠯᠠᠭᠤᠯᠵᠦ ᠬᠤᠳᠠᠯᠳᠤᠬᠤ ᠰᠢᠰᠲᠸᠮ᠎ᠤᠨ ᠲᠤᠭ᠎ᠠ ᠪᠠᠷᠢᠮᠳᠠ ᠵᠢᠨ ᠬᠠᠮᠢᠶᠠᠷᠤᠯᠳᠠ᠂ ᠱᠠᠩᠨᠠᠯ ᠨᠡᠭᠡᠭᠡᠬᠦ ᠪᠠ ᠤᠯᠭᠤᠬᠤ ᠬᠠᠮᠢᠶᠠᠷᠤᠯᠳᠠ ᠵᠢᠴᠢ ᠬᠤᠨᠵᠢᠪᠤᠷᠢᠳᠦ ᠰᠤᠭᠤᠯᠤᠭ᠎ᠠ᠎ᠤ ᠪᠡᠯᠡ ᠮᠦᠩᠭᠦᠨ᠎ᠤ ᠲᠦᠪᠯᠡᠷᠡᠭᠦᠯᠦᠨ ᠬᠠᠮᠢᠶᠠᠷᠤᠯᠳᠠ ᠵᠢ ᠬᠠᠷᠢᠭᠤᠴᠠᠨ᠎ᠠ᠂ ᠦᠭᠡᠷ᠎ᠡ ᠪᠤᠰᠤᠳ᠎ᠲᠤ ᠨᠠᠢ᠌ᠳᠠᠨ ᠬᠠᠮᠢᠶᠠᠷᠠᠭᠤᠯᠵᠦ ᠪᠤᠯᠬᠤ ᠦᠭᠡᠢ᠃
ᠠᠷᠪᠠᠨ ᠲᠠᠪᠤᠳᠤᠭ᠋ᠠᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠢ᠌ᠭᠤᠯᠤᠮᠵᠢ᠎ᠠᠴᠠ ᠪᠠᠢ᠌ᠭᠤᠯᠭ᠎ᠠ ᠪᠤᠶᠤ ᠬᠤᠪᠢ ᠬᠦᠮᠦᠨ᠎ᠢ ᠨᠠᠢ᠌ᠳᠠᠵᠦ᠂ ᠬᠤᠨᠵᠢᠪᠤᠷᠢᠳᠦ ᠰᠤᠭᠤᠯᠤᠭ᠎ᠠ ᠵᠢ ᠤᠷᠤᠯᠠᠨ ᠬᠤᠳᠠᠯᠳᠤᠭᠤᠯᠵᠦ ᠪᠤᠯᠤᠨ᠎ᠠ᠃ ᠬᠤᠨᠵᠢᠪᠤᠷᠢᠳᠦ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠢ᠌ᠭᠤᠯᠤᠮᠵᠢ᠎ᠠᠴᠠ ᠨᠠᠢ᠌ᠳᠠᠯᠭ᠎ᠠ ᠬᠦᠯᠢᠶᠡᠭᠰᠡᠨ ᠬᠤᠨᠵᠢᠪᠤᠷᠢᠳᠤ ᠰᠤᠭᠤᠯᠤᠭ᠎ᠠ ᠤᠷᠤᠯᠠᠨ ᠬᠤᠳᠠᠯᠳᠤᠭᠴᠢ᠎ᠲᠠᠢ ᠤᠷᠤᠯᠠᠨ ᠬᠤᠳᠠᠯᠳᠤᠬᠤ ᠭᠡᠷ᠎ᠡ ᠲᠤᠭᠳᠠᠬᠤ ᠬᠡᠷᠡᠭᠳᠡᠢ᠃ ᠠᠰᠠᠷᠠᠮᠵᠢ ᠵᠢᠨ ᠬᠤᠨᠵᠢᠪᠤᠷᠢᠳᠤ ᠰᠤᠭᠤᠯᠤᠭ᠎ᠠ᠂ ᠪᠡᠶ᠎ᠡ ᠵᠢᠨ ᠲᠠᠮᠢᠷ᠎ᠤᠨ ᠬᠤᠨᠵᠢᠪᠤᠷᠢᠳᠦ ᠰᠤᠭᠤᠯᠤᠭ᠎ᠠ᠎ᠤ ᠤᠷᠤᠯᠠᠨ ᠬᠤᠳᠠᠯᠳᠤᠬᠤ ᠭᠡᠷ᠎ᠡ ᠵᠢᠨ ᠬᠡᠪ ᠲᠤᠪᠬᠢᠮᠠᠯᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠂ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠲᠤᠰ ᠲᠤᠰ ᠲᠤᠭᠳᠠᠭ᠋ᠠᠨ᠎ᠠ᠃
ᠬᠤᠨᠵᠢᠪᠤᠷᠢᠳᠤ ᠰᠤᠭᠤᠯᠤᠭ᠎ᠠ ᠤᠷᠤᠯᠠᠨ ᠬᠤᠳᠠᠯᠳᠤᠭᠴᠢ᠎ᠠᠴᠠ ᠦᠭᠡᠷ᠎ᠡ ᠪᠤᠰᠤᠳ᠎ᠢ ᠨᠠᠢ᠌ᠳᠠᠵᠦ ᠬᠤᠨᠵᠢᠪᠤᠷᠢᠳᠦ ᠰᠤᠭᠤᠯᠤᠭ᠎ᠠ ᠤᠷᠤᠯᠠᠨ ᠬᠤᠳᠠᠯᠳᠤᠭᠤᠯᠵᠦ ᠪᠤᠯᠬᠤ ᠦᠭᠡᠢ᠃
ᠠᠷᠪᠠᠨ ᠵᠢᠷᠭᠤᠳᠤᠭ᠋ᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠢ᠌ᠭᠤᠯᠤᠮᠵᠢ᠎ᠠᠴᠠ ᠬᠤᠨᠵᠢᠪᠤᠷᠢᠳᠦ ᠰᠤᠭᠤᠯᠤᠭ᠎ᠠ ᠤᠷᠤᠯᠠᠨ ᠬᠤᠳᠠᠯᠳᠤᠭᠴᠢ᠎ᠳᠤ ᠬᠤᠨᠵᠢᠪᠤᠷᠢᠳᠤ ᠰᠤᠭᠤᠯᠤᠭ᠎ᠠ ᠠᠪᠬᠤ ᠲᠤᠰᠬᠠᠢ ᠲᠦᠭᠦᠭᠡᠷᠦᠮᠵᠢ ᠲᠤᠭᠢᠷᠠᠭᠤᠯᠵᠦ ᠦᠭᠭᠦ ᠭᠡᠷᠡᠭᠳᠡᠢ᠃ ᠬᠤᠨᠵᠢᠪᠤᠷᠢᠳᠤ ᠰᠤᠭᠤᠯᠤᠭ᠎ᠠ ᠠᠪᠬᠤ ᠲᠤᠰᠬᠠᠢ ᠲᠦᠭᠦᠭᠡᠷᠦᠮᠵᠢ᠎ᠨᠢ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠢ᠌ᠭᠤᠯᠤᠮᠵᠢ᠎ᠳᠤ ᠬᠠᠷᠢᠶᠠᠯᠠᠭᠳᠠᠨ᠎ᠠ᠂ ᠬᠤᠨᠵᠢᠪᠤᠷᠢᠳᠦ ᠰᠤᠭᠤᠯᠤᠭ᠎ᠠ ᠤᠷᠤᠯᠠᠨ ᠬᠤᠳᠠᠯᠳᠤᠭᠴᠢ᠎ᠠᠴᠠ ᠲᠡᠭᠦᠨ᠎ᠢ ᠵᠢᠭᠡᠯᠡᠭᠦᠯᠵᠦ᠂ ᠲᠦᠷᠢᠶᠡᠰᠠᠯᠡᠭᠦᠯᠵᠦ᠂ ᠬᠤᠳᠠᠯᠳᠦᠵᠦ ᠪᠤᠯᠬᠤ ᠦᠭᠡᠢ᠃
ᠠᠷᠪᠠᠨ ᠲᠤᠯᠤᠳᠤᠭ᠋ᠠᠷ ᠵᠤᠷᠪᠤᠰ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠢ᠌ᠭᠤᠯᠤᠮᠵᠢ᠎ᠨᠢ ᠬᠤᠨᠵᠢᠪᠤᠷᠢᠳᠦ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ ᠵᠢᠨ ᠵᠢᠯᠤᠭᠤᠳᠤᠯᠭ᠎ᠠ ᠲᠤᠤᠷ᠎ᠠ᠂ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠲᠠᠯᠠᠪᠦᠷ᠎ᠤᠨ ᠪᠠᠢ᠌ᠷᠢᠯᠠᠭᠤᠯᠤᠯᠳᠠ ᠵᠢ ᠨᠢᠭᠡᠳᠦᠯᠳᠡᠢ ᠲᠦᠯᠦᠪᠯᠡᠨ ᠲᠦᠯᠦᠪᠵᠢᠭᠦᠯᠬᠦ ᠬᠡᠷᠡᠭᠳᠡᠢ᠃ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠲᠠᠯᠠᠪᠦᠷ᠎ᠨᠢ ᠬᠤᠨᠵᠢᠪᠤᠷᠢᠳᠤ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ ᠵᠢᠨ ᠨᠢᠭᠡᠳᠦᠯᠲᠡᠢ ᠱᠠᠭ᠋ᠠᠷᠳᠠᠯᠭ᠎ᠠ ᠵᠢᠨ ᠳᠠᠭ᠋ᠠᠦ᠂ ᠬᠤᠨᠵᠢᠪᠤᠷᠢᠳᠤ ᠰᠤᠭᠤᠯᠤᠭ᠎ᠠ ᠬᠤᠳᠠᠯᠳᠤᠬᠤ ᠲᠤᠳᠤᠷᠬᠠᠢ᠌ᠯᠠᠯᠳᠠ ᠵᠢᠨ ᠲᠡᠮᠳᠡᠭ ᠵᠢ ᠲᠤᠬᠢᠷᠠᠭᠤᠯᠵᠦ᠂ ᠰᠡᠷᠡᠮᠵᠢᠯᠡᠯ᠎ᠤᠨ ᠤᠷᠢᠶ᠎ᠠ ᠵᠢ ᠨᠠᠭ᠋ᠠᠬᠤ ᠬᠡᠷᠡᠭᠳᠡᠢ᠃
ᠠᠷᠪᠠᠨ ᠨᠠᠢ᠍ᠮᠠᠳᠤᠭ᠋ᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠢ᠌ᠭᠤᠯᠤᠮᠵᠢ᠂ ᠬᠤᠨᠵᠢᠪᠤᠷᠢᠳᠤ ᠰᠤᠭᠤᠯᠤᠭ᠎ᠠ ᠤᠷᠤᠯᠠᠨ ᠬᠤᠳᠠᠯᠳᠤᠭᠴᠢ᠎ᠨᠢ ᠲᠠᠷᠠᠭ᠋ᠠᠬᠢ ᠠᠵᠢᠯᠯᠠᠭ᠎ᠠ ᠵᠢ ᠬᠢᠵᠦ ᠪᠤᠯᠬᠤ ᠦᠬᠡᠢ᠄ (ᠨᠢᠭᠡ) ᠬᠤᠳᠠᠯ ᠬᠠᠭᠤᠷᠮᠠᠭᠴᠢ᠂ ᠪᠤᠷᠤᠭᠤ ᠵᠢᠯᠤᠭᠤᠳᠬᠤ ᠴᠢᠨᠠᠷᠳᠠᠢ ᠤᠬᠠᠭᠤᠯᠬᠤ; (ᠬᠤᠶᠠᠷ) ᠠᠳᠠᠯᠢ ᠲᠦᠷᠦᠯ᠎ᠤᠨ ᠠᠵᠢᠯᠳᠠᠨ ᠵᠶ᠋ᠠᠨ ᠭᠦᠳᠬᠡᠬᠦ ᠵᠡᠷᠭᠡ ᠠᠷᠭ᠎ᠠ ᠠᠪᠴᠠᠯ ᠵᠶ᠋ᠠᠷ ᠵᠦᠢ ᠪᠤᠰᠦ᠎ᠪᠠᠷ ᠦᠷᠢᠰᠦᠯᠳᠦᠬᠦ ; (ᠭᠤᠷᠪᠠ) ᠨᠠᠰᠤᠨ᠎ᠳᠤ ᠦᠯᠦ ᠬᠦᠷᠦᠭᠰᠡᠳ᠎ᠲᠤ ᠬᠤᠨᠵᠢᠪᠤᠷᠢᠳᠤ ᠰᠤᠭᠤᠯᠤᠭ᠎ᠠ ᠬᠤᠳᠠᠯᠳᠤᠬᠤ; (ᠲᠦᠷᠪᠡ) ᠱᠡᠭᠡᠯᠡᠨ ᠪᠤᠷᠤᠯᠠᠭᠤᠯᠬᠤ ᠪᠤᠶᠤ ᠢᠳᠡᠭᠡᠮᠵᠢ ᠵᠢᠨ ᠬᠡᠯᠪᠡᠷᠢ᠎ᠪᠠᠷ ᠬᠤᠨᠵᠢᠪᠤᠷᠢᠳᠦ ᠰᠤᠭᠤᠯᠤᠭ᠎ᠠ ᠬᠤᠳᠠᠯᠳᠤᠬᠤ᠃
ᠠᠷᠪᠠ ᠶᠢᠰᠦᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ ᠵᠢ ᠤᠰᠠᠳᠬᠠᠬᠤ ᠴᠢᠬᠤᠯᠠᠲᠠᠢ ᠪᠤᠯ᠂ ᠬᠤᠨᠵᠢᠪᠤᠷᠢᠳᠤ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠎ᠠᠴᠠ ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠲᠤ ᠮᠡᠳᠡᠭᠦᠯᠵᠦ ᠵᠦᠪᠰᠢᠶᠡᠷᠡᠭᠦᠯᠦᠭᠰᠡᠨ᠎ᠤ ᠲᠠᠷᠠᠭ᠎ᠠ᠂ ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ ᠪᠤᠶᠤ ᠲᠦᠷᠦ ᠵᠢᠨ ᠶᠠᠪᠤᠳᠠᠯ᠎ᠤᠨ ᠬᠤᠷᠢᠶᠠᠨ᠎ᠤ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠤᠨ ᠬᠢᠨᠠᠯᠳᠠ ᠲᠤᠤᠷ᠎ᠠ ᠤᠰᠠᠳᠬᠠᠨ᠎ᠠ᠃
ᠬᠤᠷᠢᠳᠤᠭ᠋ᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠂ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠢ᠌ᠭᠤᠯᠤᠮᠵᠢ᠎ᠠᠴᠠ ᠬᠤᠨᠵᠢᠪᠤᠷᠢᠳᠤ ᠰᠤᠭᠤᠯᠤᠭ᠎ᠠ᠎ᠤ ᠲᠠᠷᠬᠠᠭ᠋ᠠᠯᠳᠠ᠂ ᠪᠤᠷᠤᠯᠠᠭᠤᠯᠤᠨ ᠬᠤᠳᠠᠯᠳᠣᠭᠰᠠᠨ ᠪᠠᠢ᠌ᠳᠠᠯ᠎ᠢ ᠴᠠᠭ ᠲᠤᠬᠠᠢᠳᠤᠨᠢ ᠨᠡᠢ᠌ᠭᠡᠮ᠎ᠳᠤ ᠪᠦᠬᠦ ᠲᠠᠯ᠎ᠠ᠎ᠪᠠᠷ ᠨᠡᠢ᠌ᠳᠡᠯᠡᠵᠦ᠂ ᠨᠡᠢ᠌ᠭᠡᠮ ᠨᠡᠢ᠌ᠳᠡ ᠵᠢᠨ ᠬᠢᠨᠠᠯᠳᠠ ᠵᠢ ᠬᠦᠯᠢᠶᠡᠬᠦ ᠬᠡᠷᠡᠭᠳᠡᠢ᠃
ᠭᠤᠷᠪᠠᠳᠤᠭ᠋ᠠᠷ ᠪᠦᠯᠦᠭ ᠬᠤᠨᠵᠢᠪᠤᠷᠢᠳᠦ ᠰᠤᠭᠤᠯᠤᠭ᠎ᠠ᠎ᠤ ᠱᠠᠩᠨᠠᠯ ᠨᠡᠭᠡᠭᠡᠬᠦ ᠪᠠ ᠱᠠᠩᠨᠠᠯ ᠤᠯᠭᠤᠬᠤ ᠬᠠᠮᠢᠶᠠᠷᠤᠯᠳᠠ
ᠬᠤᠷᠢᠨ ᠨᠢᠭᠡᠳᠦᠭᠡᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠂ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠢ᠌ᠭᠤᠯᠤᠮᠵᠢ᠎ᠠᠴᠠ ᠬᠤᠨᠵᠢᠪᠤᠷᠢᠳᠤ ᠰᠤᠭᠤᠯᠤᠭ᠎ᠠ᠎ᠤ ᠲᠦᠷᠦᠯ ᠵᠦᠢ᠍ᠯ᠎ᠤᠨ ᠲᠦᠷᠢᠮ ᠪᠤᠯᠤᠨ ᠱᠠᠩᠨᠠᠯ ᠨᠡᠬᠡᠬᠡᠬᠦ ᠠᠵᠯᠯᠠᠭ᠋ᠠᠨᠤ ᠲᠦᠷᠢᠮ᠎ᠤᠨ ᠲᠠᠭ᠋ᠠᠦ ᠱᠠᠩᠨᠠᠯ ᠨᠡᠭᠡᠭᠡᠨ᠎ᠡ᠃
ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠂ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ ᠪᠤᠯᠤᠨ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶᠠᠳᠤ ᠬᠤᠳᠠ ᠵᠢᠨ ᠠᠷᠠᠳ᠎ᠤᠨ ᠵᠠᠰᠠᠭ᠎ᠤᠨ ᠣᠷᠳᠤᠨ᠎ᠤ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠂ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠬᠤᠨᠵᠢᠪᠤᠷᠢᠳᠤ ᠰᠤᠭᠤᠯᠤᠭ᠎ᠠ᠎ᠤ ᠱᠠᠩᠨᠠᠯ ᠨᠡᠭᠡᠭᠡᠬᠦ ᠬᠦᠳᠡᠯᠭᠡᠭᠡᠨ᠎ᠳᠤ ᠬᠢᠨᠡᠯᠳᠠ ᠲᠠᠯᠪᠢᠬᠤ᠎ᠪᠠᠨ ᠴᠢᠩᠭ᠋ᠠᠳᠬᠠᠵᠦ᠂ ᠬᠤᠨᠵᠢᠪᠤᠷᠢᠳᠦ ᠰᠤᠭᠤᠯᠤᠭ᠎ᠠ᠎ᠤ ᠱᠠᠩᠨᠠᠯ ᠨᠡᠭᠡᠭᠡᠬᠦ᠎ᠳᠤ ᠢᠯᠡ ᠲᠤᠳᠤ᠂ ᠲᠦᠪ ᠭᠤᠤᠯᠴᠢ ᠵᠢ ᠪᠠᠳᠤᠯᠠᠨ᠎ᠠ᠃
ᠬᠤᠷᠢᠨ ᠬᠤᠶᠠᠳᠤᠭ᠋ᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠂ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠢ᠌ᠭᠤᠯᠦᠮᠵᠢᠨᠢ ᠬᠤᠨᠵᠢᠪᠤᠷᠢᠳᠤ ᠰᠤᠭᠤᠯᠤᠭ᠎ᠠ᠎ᠤ ᠪᠤᠷᠤᠯᠠᠭᠤᠯᠭ᠎ᠠ ᠵᠢᠨ ᠲᠤᠭ᠎ᠠ ᠪᠠᠷᠢᠮᠳᠠ ᠵᠢᠨ ᠪᠦᠷᠢᠨ ᠪᠦᠳᠦᠨ᠂ ᠵᠦᠪ ᠤᠨᠤᠪᠴᠢᠳᠠᠢ ᠪᠤᠯᠤᠨ ᠠᠮᠤᠷ ᠲᠦᠪᠰᠢᠨ᠎ᠢ ᠪᠠᠳᠤᠯᠠᠨ᠎ᠠ᠃ ᠲᠤᠰ ᠬᠤᠭᠤᠴᠠᠭ᠋ᠠᠨ᠎ᠤ ᠬᠤᠨᠵᠢᠪᠤᠷᠢᠳᠤ ᠰᠤᠭᠤᠯᠤᠭ᠎ᠠ᠎ᠤ ᠪᠤᠷᠤᠯᠠᠭᠤᠯᠭ᠎ᠠ ᠵᠢᠨ ᠲᠤᠭ᠎ᠠ ᠪᠠᠷᠢᠮᠳᠠ ᠵᠢ ᠪᠢᠳᠡᠭᠦᠮᠵᠢᠯᠡᠨ ᠬᠠᠳᠠᠭ᠋ᠠᠯᠠᠭᠰᠠᠨ᠎ᠠᠴᠠ ᠱᠠᠩᠨᠠᠯ ᠨᠡᠭᠡᠭᠡᠬᠦ ᠬᠦᠳᠡᠯᠭᠡᠭᠡᠨ ᠲᠠᠭᠤᠰᠬᠤ ᠬᠦᠷᠳᠡᠯ᠎ᠡ᠂ ᠪᠤᠷᠤᠯᠠᠭᠤᠯᠭ᠎ᠠ ᠵᠢᠨ ᠲᠤᠭ᠎ᠠ ᠪᠠᠷᠢᠮᠳᠠ ᠵᠢ ᠡᠷᠢᠵᠦ ᠦᠵᠡᠵᠦ᠂ ᠬᠤᠪᠢᠷᠭ᠋ᠠᠬᠤ ᠪᠤᠶᠤ ᠤᠰᠠᠳᠬᠠᠵᠦ ᠪᠤᠯᠬᠤ ᠦᠭᠡᠢ᠃
ᠬᠤᠷᠢᠨ ᠭᠤᠷᠪᠠᠳᠤᠭ᠋ᠠᠷ ᠵᠤᠷᠪᠤᠰ ᠬᠤᠨᠵᠢᠪᠤᠷᠢᠳᠤ ᠰᠣᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠤᠨ ᠬᠤᠳᠠᠯᠳᠣᠬᠤ ᠪᠠᠢ᠌ᠭᠤᠯᠤᠮᠵᠢ᠎ᠠᠴᠠ ᠱᠠᠩᠨᠠᠯ ᠨᠡᠭᠡᠭᠡᠬᠦ ᠲᠦᠭᠦᠭᠡᠷᠦᠮᠵᠢ ᠵᠢᠨ ᠬᠠᠮᠢᠶᠠᠷᠤᠯᠳᠠ ᠵᠢ ᠴᠢᠩᠭ᠋ᠠᠳᠬᠠᠵᠦ᠂ ᠱᠠᠩᠨᠠᠯ ᠨᠡᠭᠡᠭᠡᠬᠦ ᠲᠦᠭᠦᠭᠡᠷᠦᠮᠵᠢ ᠵᠢᠨ ᠬᠡᠪ᠎ᠤᠨ ᠠᠵᠯᠯᠠᠬᠤ ᠵᠢ ᠪᠠᠳᠤᠯᠠᠵᠦ᠂ ᠪᠠᠰᠠ ᠱᠠᠩᠨᠠᠯ ᠨᠡᠭᠡᠭᠡᠬᠦ ᠪᠡᠯᠡᠳᠭᠡᠯ ᠲᠦᠭᠦᠭᠡᠷᠦᠮᠵᠢ ᠵᠢ ᠲᠤᠬᠢᠷᠠᠭᠤᠯᠬᠤ ᠬᠡᠷᠡᠭᠳᠡᠢ᠃
ᠬᠤᠷᠢᠨ ᠲᠦᠷᠪᠡᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠤᠨ ᠬᠤᠳᠠᠯᠳᠣᠬᠤ ᠪᠠᠢ᠌ᠭᠤᠯᠤᠮᠵᠢ᠎ᠠᠴᠠ ᠬᠤᠭᠤᠴᠠᠭ᠎ᠠ ᠪᠦᠷᠢ ᠵᠢᠨ ᠬᠤᠨᠵᠢᠪᠤᠷᠢᠳᠤ ᠰᠤᠭᠤᠯᠤᠭ᠎ᠠ᠎ᠤ ᠪᠤᠷᠤᠯᠠᠭᠤᠯᠤᠨ ᠬᠤᠳᠠᠯᠳᠤᠯᠳᠠ ᠲᠠᠭᠤᠰᠤᠭᠰᠠᠨ᠎ᠤ ᠲᠠᠷᠠᠭ᠎ᠠ᠂ ᠲᠤᠰ ᠬᠤᠭᠤᠴᠠᠭ᠋ᠠᠨ᠎ᠤ ᠬᠤᠨᠵᠢᠪᠤᠷᠢᠳᠦ ᠰᠤᠭᠤᠯᠤᠭ᠎ᠠ᠎ᠤ ᠪᠤᠷᠤᠯᠠᠭᠤᠯᠤᠨ ᠬᠤᠳᠠᠯᠳᠤᠭᠰᠠᠨ ᠪᠠᠢ᠌ᠳᠠᠯ ᠪᠤᠯᠤᠨ ᠱᠠᠩᠨᠠᠯ ᠨᠡᠭᠡᠭᠡᠭᠰᠡᠨ ᠦᠷ᠎ᠡ ᠳ᠋ᠦᠩ᠎ᠢ ᠴᠠᠭ ᠲᠤᠬᠠᠢᠳᠤᠨᠢ ᠨᠡᠢ᠌ᠭᠡᠮ᠎ᠳᠤ ᠨᠡᠢ᠌ᠳᠡᠯᠡᠬᠦ ᠭᠡᠷᠡᠭᠳᠡᠢ᠃
ᠬᠤᠷᠢᠨ ᠲᠠᠪᠤᠳᠤᠭ᠋ᠠᠷ ᠵᠤᠷᠪᠤᠰ ᠬᠤᠨᠵᠢᠪᠤᠷᠢᠳᠦ ᠰᠤᠭᠤᠯᠤᠭ᠎ᠠ᠎ᠳᠤ ᠱᠠᠩᠨᠠᠯ ᠤᠯᠤᠭᠴᠢ᠎ᠨᠢ ᠱᠠᠩᠨᠠᠯ ᠨᠡᠭᠡᠭᠡᠭᠰᠡᠨ ᠡᠳᠦᠷ᠎ᠠᠴᠠ ᠡᠬᠢᠯᠡᠨ 60 ᠪᠠᠢ᠌ᠭ᠋ᠠᠯᠢ ᠵᠢᠨ ᠡᠳᠦᠷ᠎ᠤᠨ ᠲᠤᠳᠤᠷ᠎ᠠ᠂ ᠱᠠᠩᠨᠠᠯ ᠣᠯᠣᠭᠰᠠᠨ ᠬᠤᠨᠵᠢᠪᠤᠷᠢᠳᠤ ᠰᠤᠭᠤᠯᠤᠭ᠎ᠠ᠎ᠪᠠᠨ ᠠᠪᠤᠭ᠋ᠠᠳ ᠲᠤᠭᠳᠠᠭᠰᠠᠨ ᠭᠠᠵᠠᠷ᠎ᠲᠤ ᠬᠦᠷᠴᠦ ᠱᠠᠩᠨᠠᠯ ᠵᠶ᠋ᠠᠨ ᠲᠤᠰᠤᠨ᠎ᠠ᠂ ᠬᠤᠨᠵᠢᠪᠤᠷᠢᠳᠤ ᠰᠤᠭᠤᠯᠤᠭ᠎ᠠ᠎ᠤ ᠲᠦᠷᠦᠯ ᠵᠦᠢ᠍ᠯ᠎ᠤᠨ ᠲᠤᠭᠳᠠᠭ᠋ᠠᠯ᠎ᠳᠤ ᠪᠡᠶ᠎ᠡ ᠵᠢᠨ ᠦᠨᠡᠮᠯᠡᠬᠦ᠎ᠪᠠᠨ ᠭᠠᠷᠭ᠋ᠠᠬᠤ ᠴᠢᠬᠤᠯᠠᠳᠠᠢ ᠭᠡᠰᠡᠨ ᠪᠤᠯ᠂ ᠲᠤᠰ ᠬᠦᠮᠦᠨ᠎ᠤ ᠪᠡᠶ᠎ᠡ ᠵᠢᠨ ᠦᠨᠡᠮᠯᠡᠬᠦ᠎ᠪᠠᠨ ᠭᠠᠷᠭ᠋ᠠᠬᠤ ᠭᠡᠷᠡᠭᠳᠡᠢ᠃ ᠬᠤᠭᠤᠴᠠᠭ᠎ᠠ᠎ᠨᠢ ᠬᠡᠳᠦᠷᠡᠵᠦ ᠱᠠᠩᠨᠠᠯ ᠵᠶ᠋ᠠᠨ ᠲᠤᠰᠤᠬᠤ ᠦᠭᠡᠢ ᠪᠤᠯ ᠱᠠᠩᠨᠠᠯ ᠵᠶ᠋ᠠᠨ ᠲᠠᠶᠠᠭᠳᠠᠭᠰᠠᠨ ᠵᠶ᠋ᠠᠷ ᠦᠵᠡᠨ᠎ᠡ᠃
ᠬᠠᠭᠤᠷᠮᠠᠭ ᠵᠶ᠋ᠠᠷ ᠵᠤᠬᠢᠶᠠᠭᠰᠠᠨ᠂ ᠬᠤᠪᠢᠷᠠᠭᠤᠯᠵᠦ ᠦᠢ᠍ᠯᠡᠳᠦᠭᠰᠡᠨ ᠬᠤᠨᠵᠢᠪᠤᠷᠢᠳᠦ ᠰᠤᠭᠤᠯᠤᠭ᠎ᠠ ᠵᠢ ᠬᠡᠷᠡᠭᠯᠡᠵᠦ ᠱᠠᠩᠨᠠᠯ ᠲᠤᠰᠬᠤ ᠵᠢ ᠬᠤᠷᠢᠭᠯᠠᠨ᠎ᠠ᠃
ᠬᠤᠷᠢᠨ ᠵᠢᠷᠭᠤᠳᠤᠭ᠋ᠠᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠢ᠌ᠭᠤᠯᠤᠮᠵᠢ᠂ ᠬᠤᠨᠵᠢᠪᠤᠷᠢᠳᠦ ᠰᠤᠭᠤᠯᠤᠭ᠎ᠠ ᠤᠷᠤᠯᠠᠨ ᠬᠤᠳᠠᠯᠳᠤᠭᠴᠢ᠎ᠠᠴᠠ ᠬᠤᠨᠵᠢᠪᠤᠷᠢᠳᠤ ᠰᠤᠭᠤᠯᠤᠭ᠎ᠠ᠎ᠤ ᠲᠦᠷᠦᠯ ᠵᠦᠢ᠍ᠯ᠎ᠤᠨ ᠲᠦᠷᠢᠮ ᠪᠠ ᠱᠠᠩᠨᠠᠯ ᠣᠯᠭᠤᠬᠤ ᠠᠵᠢᠯᠯᠠᠭ᠋ᠠᠨ᠎ᠤ ᠲᠦᠷᠢᠮ᠎ᠤᠨ ᠲᠠᠭ᠋ᠠᠦ ᠱᠠᠩᠨᠠᠯ ᠤᠯᠭᠤᠨ᠎ᠠ᠃
ᠬᠤᠨᠵᠢᠪᠤᠷᠢᠳᠤ ᠰᠤᠭᠤᠯᠤᠭ᠎ᠠ᠎ᠤ ᠱᠠᠩᠨᠠᠯ᠎ᠤᠨ ᠮᠦᠩᠭᠦ ᠵᠢ ᠠᠷᠠᠳ᠎ᠤᠨ ᠵᠤᠭᠤᠰ᠎ᠪᠠᠷ ᠪᠡᠯᠡᠨ ᠮᠦᠩᠭᠦ ᠪᠤᠶᠤ ᠪᠡᠯᠡᠨ ᠮᠦᠩᠭᠦᠨ᠎ᠤ ᠪᠠᠷᠢᠮᠳᠠ᠎ᠪᠠᠷ ᠨᠢᠭᠡᠯᠡ ᠣᠳᠠᠭ᠎ᠠ᠎ᠳᠤ ᠰᠤᠯᠢᠵᠦ ᠦᠭᠭᠦᠨ᠎ᠡ᠃
ᠨᠠᠰᠤᠨ᠎ᠳᠤ ᠦᠯᠦ ᠬᠦᠷᠦᠭᠰᠡᠳ᠎ᠲᠤ ᠱᠠᠩᠨᠠᠯ ᠤᠯᠭᠤᠬᠤ ᠦᠭᠡᠢ᠃
ᠬᠤᠷᠢᠨ ᠲᠤᠯᠤᠳᠤᠭ᠋ᠠᠠᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠢ᠌ᠭᠤᠯᠤᠮᠵᠢ᠂ ᠬᠤᠨᠵᠢᠪᠤᠷᠢᠳᠦ ᠰᠣᠭᠤᠯᠤᠭ᠎ᠠ ᠤᠷᠤᠯᠠᠨ ᠬᠤᠳᠠᠯᠳᠤᠭᠴᠢ ᠵᠢᠴᠢ ᠪᠤᠰᠤᠳ ᠲᠤᠬᠠᠢ᠌ᠯᠠᠭᠰᠠᠨ ᠠᠵᠢᠯ ᠪᠤᠶᠤ ᠲᠤᠰᠢᠶᠠᠯ᠎ᠤᠨ ᠲᠠᠰᠢᠷᠠᠮ ᠵᠶ᠋ᠠᠷ ᠱᠠᠩᠨᠠᠯ ᠤᠯᠤᠭᠴᠢ ᠵᠢᠨ ᠬᠤᠪᠢ ᠬᠦᠮᠦᠨ᠎ᠤ ᠮᠡᠳᠡᠭᠡ ᠵᠠᠩᠬᠢ ᠵᠢ ᠮᠡᠳᠡᠪᠡᠯ᠂ ᠱᠠᠩᠨᠠᠯ ᠤᠯᠤᠭᠴᠢ ᠵᠢᠨ ᠮᠡᠳᠡᠭᠡ ᠵᠠᠩᠬᠢ ᠵᠢᠨ ᠨᠢᠭᠤᠴᠠ ᠵᠢ ᠬᠠᠮᠠᠭ᠋ᠠᠯᠠᠬᠤ ᠭᠡᠷᠡᠭᠳᠡᠢ᠃
ᠲᠦᠷᠪᠡᠳᠦᠭᠡᠷ ᠪᠦᠯᠦᠭ ᠬᠤᠨᠵᠢᠪᠤᠷᠢᠳᠤ ᠰᠤᠭᠤᠯᠤᠭ᠎ᠠ᠎ᠤ ᠪᠡᠯᠡ ᠮᠦᠩᠭᠦ ᠵᠢᠨ ᠬᠠᠮᠢᠶᠠᠷᠤᠯᠳᠠ
ᠬᠤᠷᠢᠨ ᠨᠠᠢ᠍ᠮᠠᠳᠤᠭ᠋ᠠᠷ ᠵᠤᠷᠪᠤᠰ ᠬᠤᠨᠵᠢᠪᠤᠷᠢᠳᠤ ᠰᠤᠭᠤᠯᠤᠭ᠎ᠠ᠎ᠤ ᠪᠡᠯᠡ ᠮᠦᠩᠭᠦᠨ᠎ᠳᠤ ᠬᠤᠨᠵᠢᠪᠤᠷᠢᠳᠦ ᠰᠤᠭᠤᠯᠤᠭ᠎ᠠ᠎ᠤ ᠱᠠᠩᠨᠠᠯ᠎ᠤᠨ ᠮᠦᠩᠭᠦ᠂ ᠬᠤᠨᠵᠢᠪᠤᠷᠢᠳᠣ ᠰᠤᠭᠤᠯᠤᠭ᠎ᠠ ᠲᠠᠷᠬᠠᠭ᠋ᠠᠬᠤ ᠵᠠᠷᠤᠳᠠᠯ ᠪᠤᠯᠤᠨ ᠬᠤᠨᠵᠢᠪᠤᠷᠢᠲᠤ ᠰᠤᠭᠤᠯᠤᠭ᠎ᠠ᠎ᠤ ᠨᠡᠢ᠌ᠳᠡ ᠵᠢᠨ ᠠᠰᠠᠷᠠᠮᠵᠢ ᠵᠢᠨ ᠮᠦᠩᠭᠦ ᠪᠠᠭᠳᠠᠨ᠎ᠠ᠃ ᠬᠤᠨᠵᠢᠪᠤᠷᠢᠳᠤ ᠰᠤᠭᠤᠯᠤᠭ᠎ᠠ᠎ᠤ ᠪᠡᠯᠡ ᠮᠦᠩᠭᠦᠨ᠎ᠤ ᠪᠦᠷᠢᠯᠳᠦᠯ᠎ᠤᠨ ᠬᠠᠷᠢᠴᠠᠯ᠎ᠢ ᠲᠦᠷᠦ ᠵᠢᠨ ᠶᠠᠪᠤᠳᠠᠯ᠎ᠤᠨ ᠬᠤᠷᠢᠶᠠᠨ᠎ᠠᠴᠠ ᠰᠢᠢ᠍ᠳᠦᠨ᠎ᠡ᠃
ᠬᠤᠨᠵᠢᠪᠤᠷᠢᠳᠣ ᠰᠣᠭᠤᠯᠤᠭ᠎ᠠ᠎ᠤ ᠲᠦᠷᠦᠯ ᠵᠦᠢ᠍ᠯ᠎ᠤᠨ ᠬᠤᠭᠤᠷᠤᠨᠳᠤᠬᠢ ᠬᠤᠨᠵᠢᠪᠤᠷᠢᠳᠦ ᠰᠤᠭᠤᠯᠤᠭ᠎ᠠ᠎ᠤ ᠪᠡᠯᠡ ᠮᠦᠩᠭᠦᠨ᠎ᠤ ᠪᠤᠳᠠᠳᠠᠢ ᠪᠦᠷᠢᠯᠳᠦᠯ᠎ᠤᠨ ᠬᠠᠷᠢᠴᠠᠯ᠎ᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠠᠴᠠ ᠲᠦᠷᠦ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢ ᠵᠢ ᠦᠨᠳᠦᠰᠦᠯᠡᠨ ᠲᠤᠭᠳᠠᠭ᠋ᠠᠨ᠎ᠠ᠃
ᠬᠤᠨᠵᠢᠪᠤᠷᠢᠳᠤ ᠰᠤᠭᠤᠯᠤᠭ᠎ᠠ ᠲᠠᠷᠬᠠᠭ᠋ᠠᠬᠤ ᠬᠦᠷᠢᠶ᠎ᠡ ᠬᠡᠪᠴᠢᠶᠡᠨ᠎ᠤ ᠦᠷᠭᠡᠳᠬᠦ ᠪᠠ ᠬᠤᠨᠵᠢᠪᠤᠷᠢᠳᠦ ᠰᠤᠭᠤᠯᠤᠭ᠎ᠠ ᠵᠢᠨ ᠲᠦᠷᠦᠯ ᠵᠦᠢ᠍ᠯ ᠨᠡᠮᠡᠭᠳᠡᠬᠦ ᠵᠢ ᠲᠠᠭ᠋ᠠᠯᠳᠦᠨ᠂ ᠬᠤᠨᠵᠢᠪᠤᠷᠢᠳᠦ ᠰᠤᠭᠤᠯᠤᠭ᠎ᠠ᠎ᠤ ᠲᠠᠷᠬᠠᠭ᠋ᠠᠬᠤ ᠵᠠᠷᠤᠳᠠᠯ᠎ᠤᠨ ᠬᠠᠷᠢᠴᠠᠯ᠎ᠢ ᠪᠠᠭᠤᠷᠠᠭᠤᠯᠵᠦ ᠪᠤᠯᠤᠨ᠎ᠠ᠃
ᠬᠤᠷᠢ ᠶᠢᠰᠦᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠢ᠌ᠭᠤᠯᠤᠮᠵᠢ᠎ᠨᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠤᠨ ᠲᠦᠷᠢᠮ᠎ᠤᠨ ᠲᠠᠭ᠋ᠠᠦ ᠬᠤᠨᠵᠢᠪᠤᠷᠢᠳᠤ ᠰᠤᠭᠤᠯᠤᠭ᠎ᠠ᠎ᠤ ᠪᠡᠯᠡ ᠮᠦᠩᠭᠦᠨ᠎ᠤ ᠲᠠᠩᠰᠠ ᠨᠡᠭᠡᠭᠡᠵᠦ᠂ ᠬᠤᠨᠵᠢᠪᠤᠷᠢᠳᠦ ᠰᠤᠭᠤᠯᠤᠭ᠎ᠠ᠎ᠤ ᠪᠡᠯᠡ ᠮᠦᠩᠭᠦ ᠵᠢ ᠬᠠᠷᠭᠤᠭᠤᠯᠵᠦ ᠪᠤᠳᠤᠬᠤ᠎ᠳᠤ ᠬᠡᠷᠡᠭᠯᠡᠬᠦ ᠬᠡᠷᠡᠭᠳᠡᠢ᠃
ᠭᠤᠴᠢᠳᠣᠭ᠋ᠠᠷ ᠵᠤᠷᠪᠤᠰ ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ ᠪᠤᠯᠤᠨ ᠮᠤᠵᠢ᠂ ᠦᠪᠡᠷᠳᠡᠬᠡᠨ ᠵᠠᠰᠠᠬᠤ ᠤᠷᠤᠨ᠂ ᠰᠢᠭᠤᠳ ᠬᠠᠷᠢᠶᠠᠳᠤ ᠬᠤᠳᠠ ᠵᠢᠨ ᠠᠷᠠᠳ᠎ᠤᠨ ᠵᠠᠰᠠᠭ᠎ᠤᠨ ᠤᠷᠳᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠠᠴᠠ ᠬᠤᠨᠵᠢᠪᠤᠷᠢᠳᠤ ᠰᠤᠭᠤᠯᠤᠭ᠎ᠠ᠎ᠤ ᠲᠠᠷᠬᠠᠭ᠋ᠠᠬᠤ᠂ ᠪᠤᠷᠤᠯᠠᠭᠤᠯᠤᠨ ᠬᠤᠳᠠᠯᠳᠣᠬᠤ ᠪᠤᠯᠤᠨ ᠪᠡᠯᠡ ᠮᠦᠩᠭᠦᠨ᠎ᠤ ᠬᠠᠮᠢᠶᠠᠷᠤᠯᠳᠠ ᠵᠢᠨ ᠮᠡᠳᠡᠭᠡ ᠵᠠᠩᠬᠢ ᠵᠢᠨ ᠰᠢᠰᠲᠸᠮ᠎ᠢ ᠪᠠᠢ᠌ᠭᠤᠯᠵᠦ᠂ ᠬᠤᠨᠵᠢᠪᠤᠷᠢᠳᠤ ᠰᠤᠭᠤᠯᠤᠭ᠎ᠠ᠎ᠤ ᠪᠤᠷᠤᠯᠠᠭᠤᠯᠤᠨ ᠬᠤᠳᠠᠯᠳᠣᠯᠳᠠ ᠪᠠ ᠪᠡᠯᠡ ᠮᠦᠩᠭᠦᠨ᠎ᠤ ᠡᠷᠭᠢᠯᠳᠡ ᠵᠢ ᠴᠠᠭ ᠲᠤᠬᠠᠢᠳᠤᠨᠢ ᠡᠵᠡᠮᠰᠢᠬᠦ ᠭᠡᠷᠡᠭᠳᠡᠢ᠃
ᠭᠤᠴᠢᠨ ᠨᠢᠭᠡᠳᠦᠭᠡᠷ ᠵᠤᠷᠪᠤᠰ ᠬᠤᠨᠵᠢᠪᠤᠷᠢᠳᠤ ᠰᠤᠭᠤᠯᠤᠭ᠎ᠠ᠎ᠤ ᠱᠠᠩᠨᠠᠯ᠎ᠤᠨ ᠮᠦᠩᠭᠦ ᠵᠢ ᠬᠤᠨᠵᠢᠪᠤᠷᠢᠳᠤ ᠰᠤᠭᠤᠯᠤᠭ᠎ᠠ᠎ᠳᠤ ᠱᠠᠩᠨᠠᠯ ᠤᠯᠤᠭᠴᠢ᠎ᠳᠤ ᠠᠰᠢᠭᠯᠠᠨ᠎ᠠ᠃ ᠬᠤᠨᠵᠢᠪᠤᠷᠢᠳᠤ ᠰᠤᠭᠤᠯᠤᠭ᠎ᠠ᠎ᠤ ᠲᠠᠩ (单注) ᠱᠠᠩᠨᠠᠯ᠎ᠤᠨ ᠮᠦᠩᠭᠦ ᠵᠢᠨ ᠬᠠᠮᠤᠭ᠎ᠤᠨ ᠦᠨᠳᠦᠷ ᠬᠡᠮᠵᠢᠶ᠎ᠡ ᠵᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠠᠴᠠ ᠬᠤᠨᠵᠢᠪᠤᠷᠢᠳᠦ ᠰᠤᠭᠤᠯᠤᠭ᠎ᠠ᠎ᠤ ᠵᠠᠬ᠎ᠠ ᠲᠡᠯᠭᠡᠭᠦᠷ᠎ᠤᠨ ᠬᠦᠭᠵᠢᠯᠳᠡ ᠵᠢᠨ ᠪᠠᠢ᠌ᠳᠠᠯ᠎ᠢ ᠦᠨᠳᠦᠰᠦᠯᠡᠨ ᠰᠢᠢ᠍ᠳᠦᠨ᠎ᠡ᠃
ᠬᠤᠭᠤᠴᠠᠭ᠎ᠠ᠎ᠨᠢ ᠬᠡᠳᠦᠷᠡᠵᠦ ᠲᠣᠰᠣᠭᠰᠠᠨ ᠦᠭᠡᠢ ᠱᠠᠩᠨᠠᠯ᠎ᠤᠨ ᠮᠦᠩᠭᠦ ᠵᠢ ᠬᠤᠨᠵᠢᠪᠤᠷᠢᠳᠦ ᠰᠤᠭᠤᠯᠤᠭ᠎ᠠ᠎ᠤ ᠨᠡᠢ᠌ᠳᠡ ᠵᠢᠨ ᠠᠰᠠᠷᠠᠮᠵᠢ ᠵᠢᠨ ᠮᠦᠩᠭᠦᠨ᠎ᠳᠤ ᠤᠷᠤᠭᠤᠯᠤᠨ᠎ᠠ᠃
ᠭᠤᠴᠢᠨ ᠬᠤᠶᠠᠳᠤᠭ᠋ᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭ᠋ᠠᠬᠤ ᠵᠠᠷᠤᠳᠠᠯ᠎ᠢ ᠬᠤᠨᠵᠢᠪᠤᠷᠢᠳᠦ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠢ᠌ᠭᠤᠯᠤᠮᠵᠢ ᠵᠢᠨ ᠲᠤᠬᠠᠢ᠌ᠯᠠᠭᠰᠠᠨ ᠠᠵᠢᠯ᠎ᠤᠨ ᠵᠠᠷᠤᠬᠤ ᠵᠠᠷᠤᠯᠭ᠎ᠠ ᠵᠢᠴᠢ ᠬᠤᠨᠵᠢᠪᠤᠷᠢᠳᠦ ᠰᠤᠭᠤᠯᠤᠭ᠎ᠠ ᠤᠷᠤᠯᠠᠨ ᠬᠤᠳᠠᠯᠳᠤᠭᠴᠢ ᠵᠢᠨ ᠪᠤᠷᠤᠯᠠᠭᠤᠯᠵᠦ ᠬᠤᠳᠠᠯᠳᠤᠬᠤ᠎ᠳᠤ ᠵᠠᠷᠤᠬᠤ ᠵᠠᠷᠤᠯᠭ᠎ᠠ᠎ᠳᠤ ᠲᠤᠰᠬᠠᠢ᠌ᠯᠠᠨ ᠠᠰᠢᠭᠯᠠᠨ᠎ᠠ᠃
ᠬᠤᠨᠵᠢᠪᠤᠷᠢᠳᠦ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠢ᠌ᠭᠤᠯᠤᠮᠵᠢ ᠵᠢᠨ ᠲᠤᠬᠠᠢ᠌ᠯᠠᠭᠰᠠᠨ ᠠᠵᠢᠯ᠎ᠤᠨ ᠵᠠᠷᠤᠳᠠᠯ᠎ᠢ ᠤᠷᠤᠯᠭ᠎ᠠ ᠵᠠᠷᠤᠯᠭ᠎ᠠ ᠵᠢᠨ ᠬᠤᠶᠠᠷ ᠱᠤᠭᠤᠮ ᠵᠶ᠋ᠠᠷ ᠬᠠᠮᠢᠶᠠᠷᠴᠦ᠂ ᠲᠡᠭᠦᠨ᠎ᠤ ᠵᠠᠷᠤᠯᠭ᠎ᠠ᠎ᠨᠢ ᠬᠤᠨᠵᠢᠪᠤᠷᠢᠳᠦ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠢ᠌ᠭᠤᠯᠤᠮᠵᠢ ᠵᠢᠨ ᠡᠳ᠋᠎ᠤᠨ ᠶᠠᠪᠤᠳᠠᠯ᠎ᠤᠨ ᠬᠠᠮᠢᠶᠠᠷᠤᠯᠳᠠ ᠵᠢᠨ ᠲᠦᠷᠢᠮ᠎ᠳᠤ ᠨᠡᠢ᠌ᠴᠡᠬᠦ ᠭᠡᠷᠡᠭᠳᠡᠢ᠃
ᠭᠤᠴᠢᠨ ᠭᠤᠷᠪᠠᠳᠤᠭ᠋ᠠᠷ ᠵᠤᠷᠪᠤᠰ ᠬᠤᠨᠵᠢᠪᠤᠷᠢᠳᠤ ᠰᠤᠭᠤᠯᠤᠭ᠎ᠠ᠎ᠤ ᠨᠡᠢ᠌ᠳᠡ ᠵᠢᠨ ᠠᠰᠠᠷᠠᠮᠵᠢ ᠵᠢᠨ ᠮᠦᠩᠭᠦ ᠵᠢ ᠨᠡᠢ᠌ᠭᠡᠮ᠎ᠤᠨ ᠠᠰᠠᠷᠠᠮᠵᠢ᠂ ᠪᠡᠶ᠎ᠡ ᠵᠢᠨ ᠲᠠᠮᠢᠷ ᠵᠡᠷᠭᠡ ᠨᠡᠢ᠌ᠭᠡᠮ ᠨᠡᠢ᠌ᠳᠡ ᠵᠢᠨ ᠠᠰᠠᠷᠠᠮᠵᠢ ᠵᠢᠨ ᠦᠢ᠍ᠯᠡᠰ᠎ᠲᠤ ᠲᠤᠰᠬᠠᠢ᠌ᠯᠠᠨ ᠠᠰᠢᠭᠯᠠᠨ᠎ᠠ᠂ ᠡᠳ᠋᠎ᠤᠨ ᠵᠠᠰᠠᠭ᠎ᠤᠨ ᠡᠩ᠎ᠤᠨ ᠲᠦᠰᠦᠪ᠎ᠢ ᠲᠡᠩᠴᠡᠭᠦᠰᠢᠷᠡᠭᠦᠯᠬᠦᠳᠤ ᠠᠰᠢᠭᠯᠠᠬᠤ ᠦᠭᠡᠢ᠃
ᠬᠤᠨᠵᠢᠪᠤᠷᠢᠳᠤ ᠰᠤᠭᠤᠯᠤᠭ᠎ᠠ᠎ᠤ ᠨᠡᠢ᠌ᠳᠡ ᠵᠢᠨ ᠠᠰᠠᠷᠠᠮᠵᠢ ᠵᠢᠨ ᠮᠦᠩᠭᠦ ᠵᠢ ᠵᠠᠰᠠᠭ᠎ᠤᠨ ᠤᠷᠳᠤᠨ᠎ᠤ ᠴᠢᠨᠠᠷᠳᠠᠢ ᠰᠠᠭᠤᠷᠢ ᠮᠦᠩᠭᠦᠨ᠎ᠤ ᠬᠠᠮᠢᠶᠠᠷᠤᠯᠳᠠ ᠵᠢᠨ ᠠᠷᠭ᠎ᠠ ᠵᠢ ᠦᠨᠳᠦᠰᠦᠯᠠᠵᠦ᠂ ᠲᠦᠰᠦᠪ᠎ᠲᠤ ᠤᠷᠤᠭᠤᠯᠤᠨ᠂ ᠤᠷᠤᠯᠭ᠎ᠠ ᠵᠠᠷᠤᠯᠭ᠎ᠠ ᠬᠤᠶᠠᠷ ᠱᠤᠭᠤᠮ᠎ᠤᠨ ᠬᠠᠮᠢᠶᠠᠷᠤᠯᠳᠠ ᠵᠢ ᠬᠡᠷᠡᠭᠵᠢᠭᠦᠯᠦᠨ᠎ᠡ᠃
ᠭᠤᠴᠢᠨ ᠲᠦᠷᠪᠡᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠢ᠌ᠭᠤᠯᠤᠮᠵᠢ᠎ᠨᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠤᠨ ᠲᠤᠭᠳᠠᠭ᠋ᠠᠯ᠎ᠤᠨ ᠲᠠᠭ᠋ᠠᠦ᠂ ᠬᠤᠨᠵᠢᠪᠤᠷᠢᠳᠤ ᠰᠤᠭᠤᠯᠤᠭ᠎ᠠ᠎ᠤ ᠨᠡᠢ᠌ᠳᠡ ᠵᠢᠨ ᠠᠰᠠᠷᠠᠮᠵᠢ ᠵᠢᠨ ᠮᠦᠩᠭᠦ ᠪᠠ ᠬᠤᠨᠵᠢᠪᠤᠷᠢᠳᠦ ᠰᠤᠭᠤᠯᠤᠭ᠎ᠠ ᠲᠠᠷᠬᠠᠭ᠋ᠠᠬᠤ ᠵᠠᠷᠤᠳᠠᠯ᠎ᠤᠨ ᠲᠤᠬᠠᠢ᠌ᠯᠠᠭᠰᠠᠨ ᠠᠵᠢᠯ᠎ᠤᠨ ᠵᠠᠷᠤᠳᠠᠯ᠎ᠢ ᠴᠠᠭ ᠲᠤᠬᠠᠢᠳᠤᠨᠢ ᠲᠡᠭᠡᠭᠰᠢ ᠲᠤᠰᠢᠶᠠᠵᠦ᠂ ᠲᠤᠮᠳᠠ᠎ᠠᠴᠠ᠎ᠨᠢ ᠦᠯᠡᠳᠡᠭᠡᠬᠦ ᠪᠤᠶᠤ ᠨᠡᠭᠦᠯᠭᠡᠨ ᠬᠡᠷᠡᠭᠯᠡᠵᠦ ᠪᠤᠯᠬᠤ ᠦᠭᠡᠢ᠃ ᠡᠳ᠋ ᠵᠢᠨ ᠵᠠᠰᠠᠭ᠎ᠤᠨ ᠰᠠᠯᠠᠭ᠎ᠠ ᠮᠦᠴᠢᠷ᠎ᠨᠢ ᠬᠤᠨᠵᠢᠪᠤᠷᠢᠳᠦ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠢ᠌ᠭᠤᠯᠤᠮᠵᠢ ᠵᠢᠨ ᠲᠤᠬᠠᠢ᠌ᠯᠠᠭᠰᠠᠨ ᠠᠵᠢᠯ᠎ᠤᠨ ᠵᠠᠷᠤᠳᠠᠯ᠎ᠢ ᠴᠠᠭ ᠲᠤᠬᠠᠢᠳᠤᠨᠢ ᠬᠠᠷᠭᠤᠭᠤᠯᠵᠦ ᠪᠠᠭᠤᠯᠭ᠋ᠠᠵᠦ ᠦᠭᠭᠦ ᠭᠡᠷᠡᠭᠳᠡᠢ᠃
ᠭᠤᠴᠢᠨ ᠲᠠᠪᠤᠳᠤᠭ᠋ᠠᠷ ᠵᠤᠷᠪᠤᠰ ᠬᠤᠨᠵᠢᠪᠤᠷᠢᠳᠤ ᠰᠤᠭᠤᠯᠤᠭ᠎ᠠ᠎ᠤ ᠨᠡᠢ᠌ᠳᠡ ᠵᠢᠨ ᠠᠰᠠᠷᠠᠮᠵᠢ ᠵᠢᠨ ᠮᠦᠩᠭᠦᠨ᠎ᠤ ᠬᠤᠪᠢᠶᠠᠷᠠᠯᠳᠠ ᠵᠢᠨ ᠪᠤᠳᠤᠯᠭ᠎ᠠ ᠵᠢ ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠠᠴᠠ ᠲᠦᠷᠦ ᠵᠢᠨ ᠶᠠᠪᠤᠳᠠᠯ᠎ᠤᠨ ᠬᠤᠷᠢᠶᠠᠨ᠎ᠤ ᠠᠷᠠᠳ᠎ᠤᠨ ᠶᠠᠪᠤᠳᠠᠯ ᠪᠠ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠎ᠠ ᠵᠡᠷᠭᠡ ᠰᠠᠯᠠᠭ᠎ᠠ ᠮᠦᠴᠢᠷ᠎ᠲᠠᠢ ᠬᠠᠮᠳᠤᠷᠠᠵᠦ ᠪᠠᠢ᠌ᠭ᠋ᠠᠳ ᠲᠦᠰᠦᠯ ᠭᠠᠷᠭ᠋ᠠᠨ᠂ ᠲᠦᠷᠦ ᠵᠢᠨ ᠶᠠᠪᠤᠳᠠᠯ᠎ᠤᠨ ᠬᠤᠷᠢᠶᠠᠨ᠎ᠳᠤ ᠮᠡᠳᠡᠭᠦᠯᠦᠨ ᠵᠦᠪᠰᠢᠶᠡᠷᠡᠭᠦᠯᠦᠭᠰᠡᠨ᠎ᠤ ᠲᠠᠷᠠᠭ᠎ᠠ ᠭᠡᠷᠡᠭᠵᠢᠭᠦᠯᠦᠨ᠎ᠡ᠃
ᠭᠤᠴᠢᠨ ᠵᠢᠷᠭᠤᠳᠤᠭ᠋ᠠᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭ᠋ᠠᠬᠤ ᠵᠠᠷᠤᠳᠠᠯ᠂ ᠬᠤᠨᠵᠢᠪᠤᠷᠢᠳᠤ ᠰᠤᠭᠤᠯᠤᠭ᠎ᠠ᠎ᠤ ᠨᠡᠢ᠌ᠳᠡ ᠵᠢᠨ ᠠᠰᠠᠷᠠᠮᠵᠢ ᠵᠢᠨ ᠮᠦᠩᠭᠦ ᠵᠢ ᠬᠠᠮᠢᠶᠠᠷᠬᠤ᠂ ᠬᠡᠷᠡᠭᠯᠡᠬᠦ ᠪᠠᠢ᠌ᠭᠤᠯᠭ᠎ᠠ᠎ᠨᠢ ᠡᠳ᠋᠎ᠤᠨ ᠵᠠᠰᠠᠭ᠎ᠤᠨ ᠰᠠᠯᠠᠭ᠎ᠠ ᠮᠦᠴᠢᠷ᠂ ᠬᠢᠨᠠᠨ ᠪᠤᠳᠤᠯᠳᠠ ᠵᠢᠨ ᠪᠠᠢ᠌ᠭᠤᠯᠭ᠎ᠠ ᠪᠠ ᠨᠡᠢ᠌ᠭᠡᠮ᠎ᠤᠨ ᠤᠯᠠᠨ ᠲᠦᠮᠡᠨ᠎ᠤ ᠬᠢᠨᠠᠯᠳᠠ ᠵᠢ ᠬᠠᠦᠯᠢ ᠶᠤᠰᠤᠭ᠋ᠠᠷ ᠬᠦᠯᠢᠶᠡᠬᠦ ᠬᠡᠷᠡᠭᠳᠡᠢ᠃
ᠬᠤᠨᠵᠢᠪᠤᠷᠢᠳᠦ ᠰᠤᠭᠤᠯᠤᠭ᠎ᠠ᠎ᠤ ᠨᠡᠢ᠌ᠳᠡ ᠵᠢᠨ ᠠᠰᠠᠷᠠᠮᠵᠢ ᠵᠢᠨ ᠮᠦᠩᠭᠦ ᠵᠢ ᠬᠠᠮᠢᠶᠠᠷᠬᠤ᠂ ᠬᠡᠷᠡᠭᠯᠡᠬᠦ ᠪᠠᠢ᠌ᠭᠤᠯᠭ᠎ᠠ᠎ᠨᠢ ᠨᠡᠢ᠌ᠳᠡ ᠵᠢᠨ ᠠᠰᠠᠷᠠᠮᠵᠢ ᠵᠢᠨ ᠮᠦᠩᠭᠦᠨ᠎ᠤ ᠬᠡᠷᠡᠭᠯᠡᠭᠰᠡᠨ ᠪᠠᠢ᠌ᠳᠠᠯ᠎ᠢ ᠵᠢᠯ ᠪᠦᠷᠢ ᠨᠡᠢ᠌ᠭᠡᠮ᠎ᠳᠤ ᠵᠠᠷᠯᠠᠬᠤ ᠭᠡᠷᠡᠭᠳᠡᠢ᠃
ᠭᠤᠴᠢᠨ ᠲᠤᠯᠤᠳᠤᠭ᠋ᠠᠷ ᠵᠤᠷᠪᠤᠰ ᠲᠦᠷᠦ ᠵᠢᠨ ᠶᠠᠪᠤᠳᠠᠯ᠎ᠤᠨ ᠬᠤᠷᠢᠶᠠᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ ᠪᠤᠯᠤᠨ ᠮᠤᠵᠢ᠂ ᠦᠪᠡᠷᠳᠡᠭᠡᠨ ᠵᠠᠰᠠᠬᠤ ᠤᠷᠤᠨ᠂ ᠰᠢᠭᠤᠳ ᠬᠠᠷᠢᠶᠠᠳᠣ ᠬᠣᠳᠠ ᠵᠢᠨ ᠠᠷᠠᠳ᠎ᠤᠨ ᠵᠠᠰᠠᠭ᠎ᠤᠨ ᠣᠷᠳᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠠᠴᠠ ᠵᠢᠯ ᠪᠦᠷᠢ ᠲᠤᠰ ᠱᠠᠳᠣᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠨᠢᠳᠤᠨᠤᠨ᠎ᠤ ᠬᠤᠨᠵᠢᠪᠤᠷᠢᠳᠦ ᠰᠤᠭᠤᠯᠤᠭ᠎ᠠ᠎ᠤ ᠨᠡᠢ᠌ᠳᠡ ᠵᠢᠨ ᠠᠰᠠᠷᠠᠮᠵᠢ ᠵᠢᠨ ᠮᠦᠩᠭᠦᠨ᠎ᠤ ᠨᠢᠭᠡᠳᠦᠯᠲᠡᠢ ᠲᠦᠯᠦᠪᠯᠡᠭᠰᠡᠨ᠂ ᠬᠤᠪᠢᠶᠠᠷᠠᠯᠠᠭᠰᠠᠨ ᠪᠠ ᠬᠡᠷᠡᠭᠯᠡᠭᠰᠡᠨ ᠪᠠᠢ᠌ᠳᠠᠯ᠎ᠢ ᠮᠡᠳᠡᠭᠦᠯᠦᠯᠳᠡ ᠬᠢᠵᠦ᠂ ᠨᠡᠢ᠌ᠭᠡᠮ᠎ᠳᠤ ᠵᠠᠷᠯᠠᠬᠤ ᠭᠡᠷᠡᠭᠳᠡᠢ᠃
ᠲᠠᠪᠤᠳᠤᠭ᠋ᠠᠷ ᠪᠦᠯᠦᠭ ᠬᠠᠦᠯᠢ ᠵᠢᠨ ᠬᠠᠷᠢᠭᠤᠴᠠᠯᠭ᠎ᠠ
ᠭᠤᠴᠢᠨ ᠨᠠᠢ᠍ᠮᠠᠳᠤᠭ᠋ᠠᠷ ᠵᠤᠷᠪᠤᠰ ᠲᠤᠰ ᠲᠦᠷᠢᠮ᠎ᠤᠨ ᠲᠤᠭᠳᠠᠭ᠋ᠠᠯ᠎ᠢ ᠵᠦᠷᠢᠴᠡᠵᠦ᠂ ᠬᠤᠨᠵᠢᠪᠤᠷᠢᠳᠦ ᠰᠤᠭᠤᠯᠤᠭ᠎ᠠ ᠵᠢ ᠲᠤᠷ᠎ᠠ᠎ᠪᠠᠷ ᠲᠠᠷᠬᠠᠭ᠋ᠠᠵᠦ᠂ ᠬᠤᠳᠠᠯᠳᠤᠭᠰᠠᠨ ᠪᠤᠶᠤ ᠪᠦᠭᠦᠳᠡ ᠨᠠᠢ᠌ᠷᠠᠮᠳᠠᠬᠤ ᠲᠤᠮᠳᠠᠳᠦ ᠠᠷᠠᠳ ᠣᠯᠣᠰ᠎ᠤᠨ ᠬᠢᠯᠢ ᠲᠤᠳᠤᠷ᠎ᠠ ᠬᠢᠯᠢ ᠵᠢᠨ ᠭᠠᠳᠠᠨᠠᠬᠢ ᠬᠤᠨᠵᠢᠪᠤᠷᠢᠳᠦ ᠰᠤᠭᠤᠯᠤᠭ᠎ᠠ ᠵᠢ ᠲᠠᠷᠬᠠᠭ᠋ᠠᠵᠦ᠂ ᠬᠤᠳᠠᠯᠳᠤᠨ ᠶᠠᠯ᠎ᠠ ᠪᠤᠯᠵᠦ ᠪᠦᠷᠢᠯᠳᠦᠭᠰᠡᠨ ᠪᠤᠯ᠂ ᠬᠠᠦᠯᠢ ᠶᠤᠰᠤᠭ᠋ᠠᠷ ᠡᠷᠡᠭᠦᠦ ᠵᠢᠨ ᠬᠡᠷᠡᠭ᠎ᠤᠨ ᠬᠠᠷᠢᠭᠤᠴᠠᠯᠭ᠎ᠠ ᠨᠡᠬᠡᠮᠵᠢᠯᠡᠨ᠎ᠡ; ᠶᠠᠯ᠎ᠠ ᠪᠤᠯᠵᠦ ᠪᠦᠷᠢᠯᠳᠦᠭᠰᠡᠨ ᠦᠭᠡᠢ ᠪᠤᠯ᠂ ᠲᠤᠳᠤᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠠᠴᠠ ᠬᠠᠦᠯᠢ ᠶᠤᠰᠤᠭ᠋ᠠᠷ ᠠᠮᠤᠷ᠎ᠢ ᠬᠠᠮᠠᠭ᠋ᠠᠯᠠᠬᠤ ᠬᠠᠮᠢᠶᠠᠷᠤᠯᠳᠠ ᠵᠢᠨ ᠰᠢᠢ᠍ᠳᠬᠡᠯ ᠦᠭᠭᠦᠨ᠎ᠡ; ᠬᠠᠦᠯᠢ ᠵᠦᠷᠢᠴᠡᠭᠰᠡᠨ ᠤᠷᠤᠯᠭ᠎ᠠ ᠪᠠᠢ᠌ᠪᠠᠯ ᠬᠠᠦᠯᠢ ᠵᠦᠷᠢᠴᠡᠭᠰᠡᠨ ᠤᠷᠤᠯᠭ᠎ᠠ ᠵᠢ᠎ᠨᠢ ᠬᠤᠷᠢᠶᠠᠨ ᠠᠪᠤᠨ᠎ᠠ᠃
ᠭᠤᠴᠢ ᠶᠢᠰᠦᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠢ᠌ᠭᠤᠯᠤᠮᠵᠢ᠎ᠨᠢ ᠲᠠᠷᠠᠭ᠋ᠠᠬᠢ ᠵᠦᠢ᠍ᠯᠡᠰ᠎ᠤᠨ ᠠᠯᠢ ᠨᠢᠭᠡ ᠠᠵᠢᠯᠯᠠᠭ᠎ᠠ ᠵᠢ ᠬᠢᠭᠰᠡᠨ ᠪᠠᠢ᠌ᠪᠠᠯ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠠᠴᠠ ᠠᠷᠠᠯᠵᠢᠶ᠎ᠠ ᠵᠢ᠎ᠨᠢ ᠵᠤᠭᠰᠤᠭ᠋ᠠᠵᠦ ᠵᠠᠷᠯᠢᠭᠳᠠᠨ ᠴᠡᠭᠴᠡᠯᠡᠬᠦ ᠬᠡᠷᠡᠭᠳᠡᠢ; ᠬᠠᠦᠯᠢ ᠵᠦᠷᠢᠴᠡᠭᠰᠡᠨ ᠤᠷᠤᠯᠭ᠎ᠠ ᠪᠠᠢ᠌ᠪᠠᠯ ᠬᠠᠦᠯᠢ ᠵᠦᠷᠢᠴᠡᠭᠰᠡᠨ ᠤᠷᠤᠯᠭ᠎ᠠ ᠵᠢ᠎ᠨᠢ ᠬᠤᠷᠢᠶᠠᠨ ᠠᠪᠴᠦ᠂ ᠬᠠᠦᠯᠢ ᠵᠦᠷᠢᠴᠡᠭᠰᠡᠨ ᠤᠷᠤᠯᠭ᠎ᠠ ᠵᠢᠨ ᠬᠢᠨᠢ 3 ᠲᠠᠬᠢᠨ ᠲᠤᠷᠭ᠋ᠠᠭᠤᠯᠢ᠎ᠪᠠᠷ ᠰᠢᠢ᠍ᠳᠬᠡᠨ᠎ᠡ; ᠰᠢᠭᠤᠳ ᠬᠠᠷᠢᠭᠤᠴᠠᠭᠰᠠᠨ ᠭᠤᠤᠯᠯᠠᠬᠤ ᠬᠦᠮᠦᠰ ᠪᠤᠯᠤᠨ ᠪᠤᠰᠤᠳ ᠰᠢᠭᠤᠳ ᠬᠠᠷᠢᠭᠤᠴᠠᠯᠭ᠎ᠠ᠎ᠲᠠᠢ ᠬᠦᠮᠦᠰ᠎ᠲᠤ ᠬᠠᠦᠯᠢ ᠶᠤᠰᠤᠭ᠋ᠠᠷ ᠰᠢᠢ᠍ᠳᠬᠡᠯ ᠦᠭᠭᠦᠨ᠎ᠡ; ᠶᠠᠯ᠎ᠠ ᠪᠤᠯᠵᠦ ᠪᠦᠷᠢᠯᠳᠦᠭᠰᠡᠨ ᠪᠠᠢ᠌ᠪᠠᠯ᠂ ᠬᠠᠦᠯᠢ ᠶᠤᠰᠤᠭ᠋ᠠᠷ ᠡᠷᠡᠬᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠄ (ᠨᠢᠭᠡ) ᠵᠦᠪᠰᠢᠶᠡᠷᠡᠯ᠎ᠢ ᠤᠯᠤᠭ᠎ᠠ ᠦᠭᠡᠢ᠎ᠪᠠᠷ ᠬᠤᠨᠵᠢᠪᠤᠷᠢᠳᠦ ᠰᠤᠭᠤᠯᠤᠭ᠎ᠠ᠎ᠤ ᠲᠦᠷᠦᠯ ᠵᠦᠢ᠍ᠯ᠎ᠢ ᠨᠡᠭᠡᠭᠡᠭᠰᠡᠨ᠂ ᠵᠤᠭᠰᠤᠭ᠋ᠠᠭᠰᠠᠨ ᠪᠤᠶᠤ ᠵᠦᠪᠰᠢᠶᠡᠷᠡᠯ᠎ᠢ ᠤᠯᠤᠭᠰᠠᠨ ᠦᠭᠡᠢ ᠪᠠᠷ ᠬᠤᠨᠵᠢᠪᠤᠷᠢᠳᠦ ᠰᠤᠭᠤᠯᠤᠭ᠎ᠠ ᠤ ᠲᠦᠷᠦᠯ ᠵᠦᠢ᠍ᠯ ᠤᠨ ᠬᠢᠨᠠᠨ ᠵᠦᠪᠰᠢᠶᠡᠷᠡᠬᠦ ᠵᠦᠢ᠍ᠯᠡᠰ ᠢ ᠬᠤᠪᠢᠷᠭ᠋ᠠᠭᠰᠠᠨ; (ᠬᠤᠶᠠᠷ) ᠵᠦᠪᠰᠢᠶᠡᠷᠡᠯ᠎ᠢ ᠤᠯᠤᠭ᠎ᠠ ᠦᠭᠡᠢ ᠬᠤᠨᠵᠢᠪᠤᠷᠢᠳᠦ ᠰᠤᠭᠤᠯᠤᠭ᠎ᠠ᠎ᠤ ᠲᠦᠷᠦᠯ ᠵᠦᠢ᠍ᠯ᠎ᠤᠨ ᠲᠦᠷᠢᠮ᠂ ᠲᠠᠷᠬᠠᠭ᠋ᠠᠬᠤ ᠭᠡᠯᠪᠡᠷᠢ᠂ ᠲᠠᠷᠬᠠᠭ᠋ᠠᠬᠤ ᠬᠡᠪᠴᠢᠶ᠎ᠡ᠂ ᠱᠠᠩᠨᠠᠯ ᠨᠡᠭᠡᠭᠡᠬᠦ ᠱᠠᠩᠨᠠᠯ ᠣᠯᠭᠤᠬᠤ ᠠᠵᠢᠯᠯᠠᠭ᠋ᠠᠨ᠎ᠤ ᠲᠦᠷᠢᠮ ᠵᠶ᠋ᠠᠷ ᠬᠤᠨᠵᠢᠪᠤᠷᠢᠳᠤ ᠰᠤᠭᠤᠯᠤᠭ᠎ᠠ ᠲᠠᠷᠬᠠᠭ᠋ᠠᠭᠰᠠᠨ᠂ ᠬᠣᠳᠠᠯᠳᠤᠭᠰᠠᠨ ᠪᠤᠶᠤ ᠱᠠᠩᠨᠠᠯ ᠨᠡᠭᠡᠭᠡᠵᠦ ᠱᠠᠩᠨᠠᠯ ᠣᠯᠭᠤᠭᠰᠠᠨ; (ᠭᠤᠷᠪᠠ) ᠬᠤᠨᠵᠢᠪᠤᠷᠢᠳᠦ ᠰᠤᠭᠤᠯᠤᠭ᠎ᠠ᠎ᠤ ᠪᠤᠷᠤᠯᠠᠭᠤᠯᠵᠦ ᠬᠤᠳᠠᠯᠳᠤᠬᠤ ᠰᠢᠰᠲᠸᠮ᠎ᠤᠨ ᠲᠤᠭ᠎ᠠ ᠪᠠᠷᠢᠮᠳᠠ ᠵᠢᠨ ᠬᠠᠮᠢᠶᠠᠷᠤᠯᠳᠠ᠂ ᠱᠠᠩᠨᠠᠯ ᠨᠡᠭᠡᠭᠡᠬᠦ ᠱᠠᠩᠨᠠᠯ ᠣᠯᠭᠤᠬᠤ ᠬᠠᠮᠢᠶᠠᠷᠤᠯᠳᠠ ᠪᠤᠶᠤ ᠬᠤᠨᠵᠢᠪᠤᠷᠢᠳᠦ ᠰᠤᠭᠤᠯᠤᠭ᠎ᠠ᠎ᠤ ᠪᠡᠯᠡ ᠮᠦᠩᠭᠦ ᠵᠢᠨ ᠲᠦᠪᠯᠡᠷᠡᠭᠦᠯᠦᠨ ᠬᠠᠮᠢᠶᠠᠷᠤᠯᠳᠠ ᠵᠢ ᠦᠭᠡᠷ᠎ᠡ ᠪᠤᠰᠤᠳ᠎ᠲᠤ ᠨᠠᠢ᠌ᠳᠠᠨ ᠬᠠᠮᠢᠶᠠᠷᠠᠭᠤᠯᠤᠭᠰᠠᠨ; (ᠲᠦᠷᠪᠡ) ᠬᠤᠨᠵᠢᠪᠤᠷᠢᠳᠦ ᠰᠤᠭᠤᠯᠤᠭ᠎ᠠ᠎ᠤ ᠪᠤᠷᠤᠯᠠᠭᠤᠯᠭ᠎ᠠ ᠵᠢᠨ ᠲᠤᠭ᠎ᠠ ᠪᠠᠷᠢᠮᠳᠠ ᠵᠢ ᠲᠦᠷᠢᠮ ᠵᠦᠷᠢᠴᠡᠵᠦ ᠡᠷᠢᠵᠦ ᠦᠵᠡᠭᠰᠡᠨ᠂ ᠬᠤᠪᠢᠷᠭ᠋ᠠᠭᠰᠠᠨ᠂ ᠣᠰᠠᠳᠬᠠᠭᠰᠠᠨ; (ᠲᠠᠪᠦ) ᠱᠠᠬᠡᠯᠡᠨ ᠪᠤᠷᠤᠯᠠᠭᠤᠯᠭ᠎ᠠ ᠪᠤᠶᠤ ᠢᠳᠡᠭᠡᠮᠵᠢ ᠵᠢᠨ ᠬᠡᠯᠪᠡᠷᠢ ᠪᠠᠷ ᠬᠤᠨᠵᠢᠪᠤᠷᠢᠳᠦ ᠰᠤᠭᠤᠯᠤᠭ᠎ᠠ ᠵᠢ ᠬᠤᠳᠠᠯᠳᠤᠭᠰᠠᠨ; (ᠵᠢᠷᠭᠤᠭ᠎ᠠ) ᠵᠦᠪᠰᠢᠶᠡᠷᠡᠯ ᠤᠯᠤᠭ᠎ᠠ ᠦᠭᠡᠢ ᠪᠠᠷ ᠬᠤᠨᠵᠢᠪᠤᠷᠢᠳᠤ ᠰᠣᠭᠤᠯᠤᠭ᠎ᠠ ᠵᠢ ᠣᠰᠠᠳᠬᠠᠭᠰᠠᠨ; (ᠲᠤᠯᠤᠭ᠎ᠠ) ᠬᠤᠨᠵᠢᠪᠤᠷᠢᠳᠤ ᠰᠤᠭᠤᠯᠤᠭ᠎ᠠ᠎ᠤ ᠪᠡᠯᠡ ᠮᠦᠩᠭᠦ ᠵᠢ ᠲᠤᠮᠳᠠ᠎ᠠᠴᠠ᠎ᠨᠢ ᠦᠯᠡᠳᠡᠭᠡᠵᠦ᠂ ᠨᠡᠭᠦᠯᠭᠡᠨ ᠭᠡᠷᠡᠭᠯᠡᠭᠰᠡᠨ᠃
ᠲᠦᠴᠢᠳᠦᠭᠡᠷ ᠵᠤᠷᠪᠤᠰ ᠬᠤᠨᠵᠢᠪᠤᠷᠢᠳᠤ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠂ ᠬᠤᠨᠵᠢᠪᠤᠷᠢᠳᠦ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠢ᠌ᠭᠤᠯᠤᠮᠵᠢ᠎ᠨᠢ ᠲᠠᠷᠠᠭ᠋ᠠᠬᠢ ᠵᠦᠢ᠍ᠯᠡᠰ᠎ᠤᠨ ᠠᠯᠢ ᠨᠢᠭᠡ ᠠᠵᠢᠯᠯᠠᠭ᠎ᠠ ᠵᠢ ᠬᠢᠭᠰᠡᠨ ᠪᠤᠯ᠂ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠠᠴᠠ ᠵᠠᠷᠯᠢᠭᠳᠠᠨ ᠵᠠᠯᠠᠷᠠᠭᠤᠯᠤᠨ᠎ᠠ; ᠬᠠᠦᠯᠢ ᠵᠦᠷᠢᠴᠡᠭᠰᠡᠨ ᠤᠷᠤᠯᠭ᠎ᠠ ᠪᠠᠢ᠌ᠪᠠᠯ ᠬᠠᠦᠯᠢ ᠵᠦᠷᠢᠴᠡᠭᠰᠡᠨ ᠤᠷᠤᠯᠭ᠎ᠠ ᠵᠢ᠎ᠨᠢ ᠬᠤᠷᠢᠶᠠᠨ ᠠᠪᠤᠨ᠎ᠠ; ᠰᠢᠭᠤᠳ ᠬᠠᠷᠢᠭᠤᠴᠠᠭᠰᠠᠨ ᠭᠤᠤᠯᠯᠠᠬᠤ ᠬᠦᠮᠦᠰ ᠪᠤᠯᠤᠨ ᠪᠤᠰᠤᠳ ᠰᠢᠭᠤᠳ ᠬᠠᠷᠢᠭᠤᠴᠠᠯᠭ᠎ᠠ᠎ᠲᠠᠢ ᠬᠦᠮᠦᠰ᠎ᠳᠤ ᠬᠠᠦᠯᠢ ᠶᠣᠰᠤᠭ᠋ᠠᠷ ᠰᠢᠢ᠍ᠳᠬᠡᠯ ᠦᠭᠭᠦᠨ᠎ᠡ ᠄ (ᠨᠢᠭᠡ) ᠪᠠᠷᠢᠮᠵᠢᠶᠠᠨ᠎ᠳᠤ ᠨᠡᠢ᠌ᠴᠡᠬᠦ ᠦᠭᠡᠢ ᠬᠤᠨᠵᠢᠪᠤᠷᠢᠳᠤ ᠰᠤᠭᠤᠯᠤᠭ᠎ᠠ᠎ᠤ ᠲᠦᠭᠦᠭᠡᠷᠦᠮᠵᠢ ᠪᠤᠶᠤ ᠮᠡᠷᠭᠡᠵᠢᠯ᠎ᠤᠨ ᠦᠢ᠍ᠯᠡᠴᠢᠯᠡᠭᠡ ᠵᠢ ᠬᠤᠳᠠᠯᠳᠤᠨ ᠠᠪᠤᠭᠰᠠᠨ; (ᠬᠤᠶᠠᠷ) ᠬᠤᠳᠠᠯ ᠬᠠᠭᠤᠷᠮᠠᠭᠴᠢ᠂ ᠪᠤᠷᠤᠭᠤ ᠵᠢᠯᠤᠭᠤᠳᠬᠤ ᠴᠢᠨᠠᠷᠳᠠᠢ ᠤᠬᠠᠭᠤᠯᠭ᠎ᠠ ᠬᠢᠭᠰᠡᠨ; (ᠭᠤᠷᠪᠠ) ᠠᠳᠠᠯᠢ ᠲᠦᠷᠦᠯ᠎ᠤᠨ ᠠᠵᠢᠯᠳᠠᠨ ᠵᠶ᠋ᠠᠨ ᠭᠦᠳᠬᠡᠬᠦ ᠵᠡᠷᠭᠡ ᠠᠷᠭ᠎ᠠ ᠠᠪᠴᠠᠯ ᠵᠶ᠋ᠠᠷ ᠵᠦᠢ ᠪᠤᠰᠤ᠎ᠪᠠᠷ ᠦᠷᠢᠰᠦᠯᠳᠦᠭᠰᠡᠨ; (ᠲᠦᠷᠪᠡ) ᠨᠠᠰᠤᠨ᠎ᠳᠤ ᠦᠯᠦ ᠬᠦᠷᠦᠭᠰᠡᠳ᠎ᠲᠤ ᠬᠤᠨᠵᠢᠪᠤᠷᠢᠳᠤ ᠰᠤᠭᠤᠯᠤᠭ᠎ᠠ ᠬᠤᠳᠠᠯᠳᠤᠭᠰᠠᠨ; (ᠲᠠᠪᠤ) ᠬᠤᠨᠵᠢᠪᠤᠷᠢᠳᠤ ᠰᠤᠭᠤᠯᠤᠭ᠎ᠠ ᠳᠤ ᠱᠠᠩᠨᠠᠯ ᠤᠯᠤᠭᠴᠢ ᠵᠢᠨ ᠬᠤᠪᠢ ᠬᠦᠮᠦᠨ᠎ᠤ ᠮᠡᠳᠡᠭᠡ ᠵᠠᠩᠬᠢ ᠵᠢ ᠵᠠᠳᠠᠷᠠᠭᠤᠯᠤᠭᠰᠠᠨ; (ᠵᠢᠷᠭᠤᠭ᠎ᠠ) ᠬᠤᠭᠤᠴᠠᠭ᠎ᠠ᠎ᠨᠢ ᠭᠡᠳᠦᠷᠡᠵᠦ ᠲᠣᠰᠤᠭᠰᠠᠨ ᠦᠭᠡᠢ ᠱᠠᠩᠨᠠᠯ᠎ᠤᠨ ᠮᠦᠩᠭᠦ ᠵᠢ ᠬᠤᠨᠵᠢᠪᠤᠷᠢᠳᠤ ᠰᠤᠭᠤᠯᠤᠭ᠎ᠠ᠎ᠤ ᠨᠡᠢ᠌ᠳᠡ ᠵᠢᠨ ᠠᠰᠠᠷᠠᠮᠵᠢ ᠵᠢᠨ ᠮᠦᠩᠭᠦᠨ᠎ᠳᠤ ᠣᠷᠤᠭᠤᠯᠤᠭᠰᠠᠨ ᠦᠭᠡᠢ; (ᠲᠤᠯᠤᠭ᠎ᠠ) ᠬᠤᠨᠵᠢᠪᠤᠷᠢᠳᠦ ᠰᠤᠭᠤᠯᠤᠭ᠎ᠠ᠎ᠤ ᠨᠡᠢ᠌ᠳᠡ ᠵᠢᠨ ᠠᠰᠠᠷᠠᠮᠵᠢ ᠵᠢᠨ ᠮᠦᠩᠭᠦ᠂ ᠬᠤᠨᠵᠢᠪᠤᠷᠢᠳᠤ ᠰᠤᠭᠤᠯᠤᠭ᠎ᠠ ᠲᠠᠷᠬᠠᠭ᠋ᠠᠬᠤ ᠵᠠᠷᠤᠳᠠᠯ᠎ᠳᠠᠬᠢ ᠲᠤᠬᠠᠢ᠌ᠯᠠᠭᠰᠠᠨ ᠠᠵᠢᠯ᠎ᠤᠨ ᠵᠠᠷᠤᠳᠠᠯ᠎ᠢ ᠲᠦᠷᠢᠮ᠎ᠤᠨ ᠲᠠᠭ᠋ᠠᠦ ᠲᠡᠭᠡᠭᠰᠢ ᠲᠤᠰᠢᠶᠠᠭᠰᠠᠨ ᠦᠭᠡᠢ᠃
ᠲᠦᠴᠢᠨ ᠨᠢᠭᠡᠳᠦᠭᠡᠷ ᠵᠤᠷᠪᠤᠰ ᠬᠤᠨᠵᠢᠪᠤᠷᠢᠳᠦ ᠰᠤᠭᠤᠯᠤᠭ᠎ᠠ᠎ᠤ ᠣᠷᠤᠯᠠᠨ ᠬᠤᠳᠠᠯᠳᠤᠭᠴᠢ ᠲᠠᠷᠠᠭ᠋ᠠᠬᠢ ᠵᠦᠢ᠍ᠯᠡᠰ᠎ᠤᠨ ᠠᠯᠢ ᠨᠢᠭᠡ ᠠᠵᠢᠯᠯᠠᠭ᠎ᠠ ᠵᠢ ᠬᠢᠭᠰᠡᠨ ᠪᠠᠢ᠌ᠪᠠᠯ᠂ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠂ ᠪᠶᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠠᠴᠠ ᠵᠠᠷᠯᠢᠭᠳᠠ ᠵᠠᠯᠠᠷᠠᠭᠤᠯᠵᠦ᠂ 2000 ᠵᠤᠭᠤᠰ᠎ᠠᠴᠠ ᠲᠡᠭᠡᠭᠰᠢ 1 ᠲᠦᠮᠡᠨ ᠵᠤᠭᠤᠰ᠎ᠠᠴᠠ ᠲᠤᠭᠤᠭᠰᠢ ᠲᠤᠷᠭ᠋ᠠᠨ᠎ᠠ; ᠬᠠᠦᠯᠢ ᠵᠦᠷᠢᠴᠡᠭᠰᠡᠨ ᠤᠷᠤᠯᠭ᠎ᠠ ᠪᠠᠢ᠌ᠪᠠᠯ ᠬᠠᠦᠯᠢ ᠵᠦᠷᠢᠴᠡᠭᠰᠡᠨ ᠤᠷᠤᠯᠭ᠎ᠠ ᠵᠢ᠎ᠨᠢ ᠬᠤᠷᠢᠶᠠᠨ ᠠᠪᠤᠨ᠎ᠠ ᠄
(ᠨᠢᠭᠡ) ᠦᠭᠡᠷ᠎ᠡ ᠪᠤᠰᠤᠳ᠎ᠲᠤ ᠨᠠᠢ᠌ᠳᠠᠯᠭ᠎ᠠ ᠦᠭᠴᠦ ᠬᠤᠨᠵᠢᠪᠤᠷᠢᠳᠦ ᠰᠤᠭᠤᠯᠤᠭ᠎ᠠ ᠤᠷᠤᠯᠠᠨ ᠬᠤᠳᠠᠯᠳᠤᠭᠤᠯᠤᠭᠰᠠᠨ ᠪᠤᠶᠤ ᠬᠤᠨᠵᠢᠪᠤᠷᠢᠳᠦ ᠰᠤᠭᠤᠯᠤᠭ᠎ᠠ ᠠᠪᠬᠤ (投注) ᠲᠤᠰᠬᠠᠢ ᠲᠦᠭᠦᠭᠡᠷᠦᠮᠵᠢ ᠵᠢ ᠵᠢᠭᠡᠯᠡᠭᠦᠯᠦᠭᠰᠡᠨ᠂ ᠲᠦᠷᠢᠶᠡᠰᠦᠯᠡᠭᠦᠯᠦᠭᠰᠡᠨ᠂ ᠬᠤᠳᠠᠯᠳᠤᠭᠰᠠᠨ; (ᠬᠤᠶᠠᠷ) ᠬᠤᠳᠠᠯ ᠬᠠᠭᠤᠷᠮᠠᠭᠴᠢ᠂ ᠪᠤᠷᠤᠭᠤ ᠵᠢᠯᠤᠭᠤᠳᠬᠤ ᠴᠢᠨᠠᠷᠳᠠᠢ ᠤᠬᠠᠭᠤᠯᠭ᠎ᠠ ᠬᠢᠭᠰᠡᠨ; (ᠭᠤᠷᠪᠠ) ᠠᠳᠠᠯᠢ ᠲᠦᠷᠦᠯ᠎ᠤᠨ ᠠᠵᠢᠯᠳᠠᠨ ᠵᠶ᠋ᠠᠨ ᠭᠦᠳᠬᠡᠬᠦ ᠵᠡᠷᠭᠡ ᠠᠷᠭ᠎ᠠ ᠠᠪᠴᠠᠯ ᠵᠶ᠋ᠠᠷ ᠵᠦᠢ ᠪᠤᠰᠤ᠎ᠪᠠᠷ ᠦᠷᠢᠰᠦᠯᠳᠦᠭᠰᠡᠨ; (ᠲᠦᠷᠪᠡ) ᠨᠠᠰᠤᠨ᠎ᠳᠤ ᠦᠯᠦ ᠬᠦᠷᠦᠭᠰᠡᠳ᠎ᠲᠤ ᠬᠤᠨᠵᠢᠪᠤᠷᠢᠳᠤ ᠰᠤᠭᠤᠯᠤᠭ᠎ᠠ ᠬᠤᠳᠠᠯᠳᠤᠭᠰᠠᠨ ; (ᠲᠠᠪᠤ) ᠱᠠᠬᠡᠯᠡᠨ ᠪᠤᠷᠤᠯᠠᠭᠤᠯᠭ᠎ᠠ ᠪᠤᠶᠤ ᠢᠳᠡᠭᠡᠮᠵᠢ ᠵᠢᠨ ᠬᠡᠯᠪᠡᠷᠢ᠎ᠪᠠᠷ ᠬᠤᠨᠵᠢᠪᠤᠷᠢᠳᠦ ᠰᠤᠭᠤᠯᠤᠭ᠎ᠠ ᠵᠢ ᠬᠤᠳᠠᠯᠳᠤᠭᠰᠠᠨ᠃
ᠬᠤᠨᠵᠢᠪᠤᠷᠢᠳᠤ ᠰᠤᠭᠤᠯᠤᠭ᠎ᠠ ᠤᠷᠤᠯᠠᠨ ᠬᠤᠳᠠᠯᠳᠤᠭᠴᠢ᠎ᠨᠢ ᠡᠮᠦᠨᠡᠬᠢ ᠵᠦᠢ᠍ᠯ᠎ᠳᠤ ᠲᠤᠷᠠᠳᠤᠭᠰᠠᠨ ᠠᠵᠢᠯᠯᠠᠭ᠎ᠠ ᠬᠢᠵᠦ᠂ ᠰᠢᠢ᠍ᠳᠭᠡᠯ ᠬᠦᠯᠢᠶᠡᠭᠰᠡᠨ ᠪᠠᠢ᠌ᠪᠠᠯ᠂ ᠬᠤᠨᠵᠢᠪᠤᠷᠢᠳᠤ ᠰᠤᠭᠤᠯᠤᠭ᠎ᠠ ᠲᠠᠷᠬᠠᠭ᠋ᠠᠬᠤ ᠪᠠᠢ᠌ᠭᠤᠯᠤᠮᠵᠢ᠂ ᠬᠤᠨᠵᠢᠪᠤᠷᠢᠳᠤ ᠰᠤᠭᠤᠯᠤᠭ᠎ᠠ ᠪᠤᠷᠤᠯᠠᠭᠤᠯᠵᠦ ᠬᠤᠳᠠᠯᠳᠤᠬᠤ ᠪᠠᠢ᠌ᠭᠤᠯᠤᠮᠵᠢ᠎ᠨᠢ ᠬᠤᠨᠵᠢᠪᠤᠷᠢᠳᠦ ᠰᠤᠭᠤᠯᠤᠭ᠎ᠠ ᠤᠷᠤᠯᠠᠨ ᠬᠤᠳᠠᠯᠳᠤᠬᠤ ᠭᠡᠷ᠎ᠡ᠎ᠪᠠᠨ ᠬᠦᠴᠦᠨ ᠦᠭᠡᠢ ᠪᠤᠯᠭ᠋ᠠᠬᠤ ᠡᠷᠬᠡ᠎ᠲᠠᠢ᠃
ᠲᠦᠴᠢᠨ ᠬᠤᠶᠠᠳᠤᠭ᠋ᠠᠷ ᠵᠤᠷᠪᠤᠰ ᠬᠤᠨᠵᠢᠪᠤᠷᠢᠳᠤ ᠰᠤᠭᠤᠯᠤᠭ᠎ᠠ ᠵᠢ ᠬᠠᠭᠤᠷᠮᠠᠭ ᠵᠶ᠋ᠠᠷ ᠵᠤᠬᠢᠶᠠᠬᠤ᠂ ᠬᠤᠪᠢᠷᠭ᠋ᠠᠵᠦ ᠦᠢ᠍ᠯᠡᠳᠬᠦ ᠪᠤᠶᠤ ᠬᠠᠭᠤᠷᠮᠠᠭ ᠵᠶ᠋ᠠᠷ ᠵᠤᠬᠢᠶᠠᠭᠰᠠᠨ᠂ ᠬᠤᠪᠢᠷᠭ᠋ᠠᠵᠦ ᠦᠢ᠍ᠯᠡᠳᠦᠭᠰᠡᠨ ᠬᠤᠨᠵᠢᠪᠤᠷᠢᠳᠤ ᠰᠤᠭᠤᠯᠤᠭ᠎ᠠ᠎ᠪᠠᠷ ᠱᠠᠩᠨᠠᠯ ᠲᠤᠰᠤᠭᠰᠠᠨ ᠪᠤᠯ ᠬᠠᠦᠯᠢ ᠶᠤᠰᠤᠭ᠋ᠠᠷ ᠠᠮᠤᠷ᠎ᠢ ᠬᠠᠮᠠᠭ᠋ᠠᠯᠠᠬᠤ ᠬᠠᠮᠢᠶᠠᠷᠤᠯᠳᠠ ᠵᠢᠨ ᠰᠢᠢ᠍ᠳᠭᠡᠯ ᠦᠭᠭᠦᠨ᠎ᠡ; ᠶᠠᠯ᠎ᠠ ᠪᠤᠯᠵᠦ ᠪᠦᠷᠢᠯᠳᠦᠭᠰᠡᠨ ᠪᠤᠯ ᠬᠠᠦᠯᠢ ᠶᠣᠰᠤᠭ᠋ᠠᠷ ᠡᠷᠡᠭᠦᠦ ᠵᠢᠨ ᠬᠡᠷᠡᠭ᠎ᠤᠨ ᠬᠠᠷᠢᠭᠤᠴᠠᠯᠭ᠎ᠠ ᠨᠡᠭᠡᠮᠵᠢᠯᠡᠨ᠎ᠡ᠃
ᠲᠦᠴᠢᠨ ᠭᠤᠷᠪᠠᠳᠤᠭ᠋ᠠᠷ ᠵᠤᠷᠪᠤᠰ ᠬᠤᠨᠵᠢᠪᠤᠷᠢᠳᠤ ᠰᠤᠭᠤᠯᠤᠭ᠎ᠠ᠎ᠤ ᠨᠡᠢ᠌ᠳᠡ ᠵᠢᠨ ᠠᠰᠠᠷᠠᠮᠵᠢ ᠵᠢᠨ ᠮᠦᠩᠭᠦ ᠵᠢ ᠬᠠᠮᠢᠶᠠᠷᠬᠤ᠂ ᠬᠡᠷᠡᠭᠯᠡᠬᠦ ᠪᠠᠢ᠌ᠭᠤᠯᠭ᠎ᠠ᠎ᠨᠢ ᠨᠡᠢ᠌ᠳᠡ ᠵᠢᠨ ᠠᠰᠠᠷᠠᠮᠵᠢ ᠵᠢᠨ ᠮᠦᠩᠭᠦ ᠵᠢ ᠬᠠᠮᠢᠶᠠᠷᠬᠤ᠂ ᠬᠡᠷᠡᠭᠯᠡᠬᠦ ᠲᠦᠷᠢᠮ᠎ᠢ ᠵᠦᠷᠢᠴᠡᠭᠰᠡᠨ ᠪᠤᠯ᠂ ᠡᠳ᠋᠎ᠤᠨ ᠵᠠᠰᠠᠭ᠎ᠤᠨ ᠰᠠᠯᠠᠭ᠎ᠠ ᠮᠦᠴᠢᠷ᠎ᠠᠴᠠ ᠵᠠᠷᠯᠢᠭᠳᠠᠨ ᠬᠤᠭᠤᠴᠠᠭ᠎ᠠ ᠲᠤᠭᠳᠠᠨ ᠵᠠᠯᠠᠷᠠᠭᠤᠯᠤᠨ᠎ᠠ; ᠬᠠᠦᠯᠢ ᠵᠦᠷᠢᠴᠡᠭᠰᠡᠨ ᠤᠷᠤᠯᠭ᠎ᠠ ᠪᠠᠢ᠌ᠪᠠᠯ᠂ ᠬᠠᠦᠯᠢ ᠵᠦᠷᠢᠴᠡᠭᠰᠡᠨ ᠤᠷᠤᠯᠭ᠎ᠠ ᠵᠢ᠎ᠨᠢ ᠬᠤᠷᠢᠶᠠᠨ ᠠᠪᠤᠨ᠎ᠠ; ᠲᠤᠭᠳᠠᠭᠰᠠᠨ ᠬᠤᠭᠤᠴᠠᠭ᠋ᠠᠨ᠎ᠳᠤ ᠵᠠᠯᠠᠷᠠᠭᠤᠯᠬᠤ ᠦᠭᠡᠢ ᠪᠤᠯ ᠬᠤᠨᠵᠢᠪᠤᠷᠢᠳᠦ ᠰᠣᠭᠤᠯᠤᠭ᠎ᠠ᠎ᠤ ᠨᠡᠢ᠌ᠳᠡ ᠵᠢᠨ ᠠᠰᠠᠷᠠᠮᠵᠢ ᠵᠢᠨ ᠮᠦᠩᠭᠦ ᠵᠢ ᠠᠰᠢᠭᠯᠠᠵᠦ ᠪᠤᠢ ᠪᠤᠯᠤᠭᠰᠠᠨ ᠬᠦᠷᠦᠩᠭᠡ ᠵᠢ᠎ᠨᠢ ᠬᠤᠷᠢᠶᠠᠨ ᠠᠪᠴᠦ᠂ ᠬᠤᠨᠵᠢᠪᠤᠷᠢᠳᠤ ᠰᠤᠭᠤᠯᠤᠭ᠎ᠠ᠎ᠤ ᠨᠡᠢ᠌ᠳᠡ ᠵᠢᠨ ᠠᠰᠠᠷᠠᠮᠵᠢ ᠵᠢᠨ ᠮᠦᠩᠭᠦ ᠵᠢ ᠬᠡᠷᠡᠭᠯᠡᠬᠦ ᠬᠢᠷᠢ ᠬᠡᠮ᠎ᠢ᠎ᠨᠢ ᠦᠭᠡᠢ᠌ᠰᠬᠡᠨ᠎ᠡ᠃
ᠲᠦᠴᠢᠨ ᠲᠦᠷᠪᠡᠳᠦᠭᠡᠷ ᠵᠤᠷᠪᠤᠰ ᠲᠤᠰ ᠲᠦᠷᠢᠮ᠎ᠤᠨ ᠲᠤᠭᠳᠠᠭ᠋ᠠᠯ ᠲᠠᠭ᠋ᠠᠦ ᠬᠤᠨᠵᠢᠪᠤᠷᠢᠳᠤ ᠰᠤᠭᠤᠯᠤᠭ᠎ᠠ᠎ᠤ ᠬᠠᠮᠢᠶᠠᠷᠤᠯᠳᠠ ᠵᠢᠨ ᠲᠤᠰᠢᠶᠠᠯ ᠬᠦᠢ᠍ᠴᠡᠳᠬᠡᠵᠦ ᠪᠠᠢ᠌ᠭ᠎ᠠ ᠡᠳ᠋᠎ᠤᠨ ᠵᠠᠰᠠᠭ᠎ᠤᠨ ᠰᠠᠯᠠᠭ᠎ᠠ ᠮᠦᠴᠢᠷ᠂ ᠠᠷᠠᠳ᠎ᠤᠨ ᠶᠠᠪᠤᠳᠠᠯ᠎ᠤᠨ ᠰᠠᠯᠠᠭ᠎ᠠ ᠮᠦᠴᠢᠷ᠂ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠦᠴᠢᠷ᠎ᠤᠨ ᠠᠵᠢᠯᠳᠠᠠ᠎ᠠᠴᠠ ᠬᠤᠨᠵᠢᠪᠤᠷᠢᠳᠤ ᠰᠤᠭᠤᠯᠤᠭ᠎ᠠ᠎ᠤ ᠬᠢᠨᠡᠨ ᠬᠠᠮᠢᠶᠠᠷᠬᠤ ᠬᠦᠳᠡᠯᠭᠡᠭᠡᠨ᠎ᠳᠤ ᠠᠵᠢᠯ᠎ᠤᠨ ᠡᠷᠭᠡ᠎ᠪᠠᠨ ᠲᠤᠷ᠎ᠠ᠎ᠪᠠᠷ ᠬᠡᠷᠡᠭᠯᠡᠵᠦ᠂ ᠲᠤᠰᠢᠶᠠᠯ᠎ᠤᠨ ᠰᠠᠬᠢᠯᠭ᠎ᠠ ᠪᠠᠳᠦ ᠵᠢ ᠦᠯᠦ ᠬᠦᠨᠳᠦᠳᠭᠡᠵᠦ᠂ ᠭᠤᠶᠠᠴᠢᠯᠠᠨ ᠬᠠᠦᠯᠢ ᠶᠤᠰᠤ ᠵᠢ ᠵᠦᠷᠢᠴᠡᠵᠦ᠂ ᠶᠠᠯ᠎ᠠ ᠪᠤᠯᠵᠦ ᠪᠦᠷᠢᠯᠳᠦᠭᠰᠡᠨ ᠪᠤᠯ ᠬᠠᠦᠯᠢ ᠶᠤᠰᠤᠭ᠋ᠠᠷ ᠡᠷᠡᠭᠦᠦ ᠵᠢᠨ ᠬᠡᠷᠡᠭ᠎ᠤᠨ ᠬᠠᠷᠢᠭᠤᠴᠠᠯᠭ᠎ᠠ ᠨᠡᠬᠡᠮᠵᠢᠯᠡᠨ᠎ᠡ; ᠶᠠᠯ᠎ᠠ ᠪᠤᠯᠵᠦ ᠬᠠᠷᠠᠬᠠᠨ ᠪᠦᠷᠢᠯᠳᠦᠭᠡ ᠦᠭᠡᠢ ᠪᠤᠯ᠂ ᠬᠠᠦᠯᠢ ᠶᠤᠰᠤᠭ᠋ᠠᠷ ᠰᠢᠢ᠍ᠳᠭᠡᠯ ᠦᠭᠭᠦᠨ᠎ᠡ᠃
ᠵᠢᠷᠭᠤᠳᠤᠭ᠋ᠠᠷ ᠪᠦᠯᠦᠭ ᠲᠠᠭ᠋ᠠᠯᠳᠤᠭᠤᠯᠤᠭᠰᠠᠨ ᠲᠦᠷᠢᠮ
ᠲᠦᠴᠢᠨ ᠲᠠᠪᠤᠳᠤᠭ᠋ᠠᠷ ᠵᠤᠷᠪᠤᠰ ᠲᠤᠰ ᠲᠦᠷᠢᠮ᠎ᠢ 2009 ᠤᠨ᠎ᠤ 7 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃