(《ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠬᠠᠮᠢᠶᠠᠷᠤᠯᠲᠠ ᠵᠢᠨ ᠠᠷᠭ᠎ᠠ》 ᠵᠢ 2024 ᠣᠨ᠎ᠤ 7 ᠰᠠᠷ᠎ᠠ ᠵᠢᠨ 10᠎ᠤ ᠡᠳᠦᠷ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠢᠨ ᠬᠤᠶᠠᠳᠤᠭ᠋ᠠᠷ ᠤᠳᠠᠭ᠋ᠠᠨ᠎ᠤ ᠲᠣᠪᠴᠢᠶ᠎ᠠ ᠵᠢᠨ ᠶᠠᠪᠤᠳᠠᠯ᠎ᠤᠨ ᠬᠤᠷᠠᠯ ᠵᠶ᠋ᠠᠷ ᠬᠢᠨᠠᠨ ᠵᠥᠪᠯᠡᠵᠦ ᠪᠠᠲᠤᠯᠠᠭ᠋ᠠᠳ᠂ ᠡᠳᠦᠭᠡ ᠨᠡᠶ᠋ᠢᠲᠡᠯᠡᠵᠦ᠂ 2024 ᠣᠨ᠎ᠤ 10 ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃)
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠬᠠᠮᠢᠶᠠᠷᠤᠯᠲᠠ ᠵᠢ ᠴᠢᠩᠭ᠋ᠠᠳᠬᠠᠨ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠵᠤ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠢ ᠪᠠᠳᠠᠷᠠᠭᠤᠯᠬᠤ ᠵᠢᠨ ᠲᠤᠰᠠᠳᠠ᠂ 《ᠪᠥᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠪᠡᠶ᠎ᠡ ᠵᠢᠨ ᠲᠠᠮᠢᠷ᠎ᠤᠨ ᠬᠠᠤᠯᠢ》᠂ 《ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠦᠷᠢᠮ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠲᠣᠰ ᠠᠷᠭ᠎ᠠ ᠵᠢ ᠲᠣᠭᠲᠠᠭ᠋ᠠᠪᠠ᠃
ᠬᠤᠶᠠᠳᠤᠭ᠋ᠠᠷ ᠵᠦᠢ᠍ᠯ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯ᠎ᠨᠢ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠵᠤ᠂ ᠠᠷᠠᠳ ᠲᠦᠮᠡᠨ ᠵᠶ᠋ᠠᠷ ᠭᠤᠤᠯ ᠪᠣᠯᠭ᠋ᠠᠬᠤ ᠵᠢ ᠪᠠᠷᠢᠮᠲᠠᠯᠠᠵᠤ᠂ ᠨᠡᠶ᠋ᠢᠭᠡᠮ ᠵᠢᠷᠤᠮ᠎ᠤᠨ ᠭᠤᠤᠯᠯᠠᠭᠴᠢ ᠥᠷᠲᠡᠭ᠎ᠤᠨ ᠦᠵᠡᠯᠲᠡ ᠵᠢ ᠪᠠᠳᠠᠷᠠᠭᠤᠯᠵᠤ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠤᠯᠤᠰ᠎ᠤᠨ ᠪᠠᠶ᠋ᠢᠯᠳᠤᠬᠤ ᠪᠣᠳᠣᠯᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠤᠨ᠎ᠠ᠃
ᠭᠤᠷᠪᠠᠳᠤᠭ᠋ᠠᠷ ᠵᠦᠢ᠍ᠯ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠳᠣᠲᠣᠷ᠎ᠠ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯᠯᠠᠭ᠎ᠠ ᠥᠷᠨᠢᠭᠦᠯᠬᠦ᠎ᠳᠤ ᠲᠤᠰ ᠠᠷᠭ᠎ᠠ ᠵᠢ ᠬᠡᠷᠡᠭᠵᠢᠭᠦᠯᠦᠨ᠎ᠡ᠃
ᠳᠥᠷᠪᠡᠳᠦᠭᠡᠷ ᠵᠦᠢ᠍ᠯ ᠲᠣᠰ ᠠᠷᠭ᠎ᠠ᠎ᠳᠤ ᠬᠡᠯᠡᠵᠦ ᠪᠠᠶ᠋ᠢᠭ᠎ᠠ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ ᠪᠣᠯ ᠪᠡᠶ᠎ᠡ ᠰᠡᠳᠬᠢᠯ᠎ᠤᠨ ᠡᠷᠡᠭᠦᠯ ᠮᠡᠨᠳᠦ ᠵᠢ ᠨᠡᠮᠡᠭᠳᠡᠭᠦᠯᠬᠦ᠎ᠪᠠᠷ ᠵᠣᠷᠢᠯᠭ᠎ᠠ ᠪᠣᠯᠭ᠋ᠠᠵᠤ᠂ ᠦᠪᠡᠷ ᠪᠡᠶ᠎ᠡ ᠵᠢᠨ ᠬᠥᠳᠡᠯᠭᠡᠭᠡᠨ᠂ ᠠᠮᠢᠰᠬᠤᠭ᠎ᠠ ᠠᠪᠬᠤ᠂ ᠰᠡᠳᠬᠢᠴᠡ ᠵᠢᠨ ᠲᠣᠬᠢᠷᠠᠭᠤᠯᠤᠯᠲᠠ ᠵᠢ ᠬᠠᠷᠢᠯᠴᠠᠨ ᠤᠶᠠᠯᠳᠤᠭᠤᠯᠬᠤ᠎ᠪᠠᠷ ᠭᠤᠤᠯ ᠬᠥᠳᠡᠯᠭᠡᠭᠡᠨ᠎ᠤ ᠬᠡᠯᠪᠡᠷᠢ ᠪᠣᠯᠭ᠋ᠠᠭᠰᠠᠨ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠲᠥᠷᠥᠯ ᠵᠦᠢ᠍ᠯ ᠪᠣᠯᠬᠤ ᠪᠥᠭᠡᠳ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠪᠦᠷᠢᠯᠳᠦᠬᠦᠨ ᠬᠡᠰᠡᠭ ᠪᠣᠯᠤᠨ᠎ᠠ᠃
ᠲᠠᠪᠤᠳᠤᠭ᠋ᠠᠷ ᠵᠦᠢ᠍ᠯ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ᠎ᠨᠢ ᠪᠦᠬᠦ ᠤᠯᠤᠰ᠎ᠤᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯ᠎ᠢ ᠭᠣᠤᠯᠴᠢᠯᠠᠨ ᠬᠠᠮᠢᠶᠠᠷᠴᠤ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶᠠᠨ᠎ᠤ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠬᠠᠮᠢᠶᠠᠷᠤᠯᠲᠠ ᠵᠢᠨ ᠲᠥᠪ᠎ᠠᠴᠠ ᠪᠣᠳᠠᠲᠠᠶ ᠵᠣᠬᠢᠶᠠᠨ ᠪᠠᠶ᠋ᠢᠭᠤᠯᠤᠨ ᠬᠡᠷᠡᠭᠵᠢᠭᠦᠯᠦᠨ᠎ᠡ᠃
ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠲᠤᠬᠠᠶ᠋ᠢᠯᠠᠭᠰᠠᠨ ᠠᠵᠢᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠣᠯᠬᠤ ᠪᠥᠭᠡᠳ ᠲᠤᠬᠠᠶ ᠵᠢᠨ ᠭᠠᠵᠠᠷ᠎ᠤᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠢ ᠵᠣᠬᠢᠶᠠᠨ ᠪᠠᠶ᠋ᠢᠭᠤᠯᠬᠤ ᠪᠠ ᠬᠠᠮᠢᠶᠠᠷᠬᠤ ᠵᠢ ᠬᠠᠷᠢᠭᠤᠴᠠᠨ᠎ᠠ᠃
ᠳᠤᠮᠳᠠᠳᠤ ᠤᠯᠤᠰ᠎ᠤᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠨᠡᠶ᠋ᠢᠭᠡᠮᠯᠢᠭ᠂ ᠣᠷᠣᠨ ᠨᠤᠲᠤᠭ᠎ᠤᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠨᠡᠶ᠋ᠢᠭᠡᠮᠯᠢᠭ᠎ᠤᠳ ᠳᠣᠲᠣᠭ᠋ᠠᠳᠤ ᠵᠢᠨ ᠵᠠᠰᠠᠯᠲᠠ ᠵᠢᠨ ᠲᠣᠭᠲᠠᠴᠠ᠎ᠪᠠᠨ ᠪᠦᠷᠢᠨᠰᠢᠭᠦᠯᠵᠦ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯ ᠲᠥᠷᠥᠯ᠎ᠤᠨ ᠲᠦᠷᠢᠮ᠎ᠢ ᠲᠣᠭᠲᠠᠭ᠋ᠠᠨ᠂ ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ ᠵᠢ ᠴᠢᠩᠭ᠋ᠠᠳᠬᠠᠬᠤ ᠬᠡᠷᠡᠭᠲᠡᠶ᠃
ᠵᠢᠷᠭᠤᠳᠤᠭ᠋ᠠᠷ ᠵᠦᠢ᠍ᠯ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯᠯᠠᠭ᠎ᠠ ᠡᠷᠬᠢᠯᠡᠬᠦ ᠪᠤᠶᠤ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠥᠷᠲᠡᠭᠡ ᠴᠢᠭ ᠪᠠᠶ᠋ᠢᠭᠤᠯᠬᠤ᠎ᠳᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠥᠪᠰᠢᠶᠡᠷᠡᠯ᠎ᠢ ᠣᠯᠬᠤ ᠬᠡᠷᠡᠭᠲᠡᠶ᠃
ᠳᠣᠯᠣᠳᠤᠭ᠋ᠠᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯ᠎ᠳᠤ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠨᠢᠭᠡᠴᠢ ᠪᠣᠯᠤᠨ ᠬᠤᠪᠢ ᠬᠥᠮᠦᠨ᠎ᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠥᠬᠢᠭᠦᠯᠦᠨ ᠰᠠᠶ᠋ᠢᠰᠢᠶᠠᠬᠤ ᠪᠠ ᠱᠠᠩᠨᠠᠨ᠎ᠠ᠃
ᠨᠠᠢ᠍ᠮᠠᠳᠤᠭ᠋ᠠᠷ ᠵᠦᠢ᠍ᠯ ᠶᠠᠮᠠᠷᠪᠠ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠥᠷᠲᠡᠭᠡ ᠴᠢᠭ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠭᠠᠪᠢᠶ᠎ᠠ ᠪᠠᠶ᠋ᠢᠭᠤᠯᠤᠯᠲᠠ ᠵᠢᠨ ᠨᠡᠷᠡᠢ᠍ᠳᠦᠯᠨᠢ ᠴᠥᠮ ᠱᠠᠰᠢᠨ ᠰᠤᠷᠲᠠᠬᠤᠨ᠎ᠤ ᠦᠭᠡ ᠬᠡᠯᠡᠯᠭᠡ ᠵᠢ ᠬᠡᠷᠡᠭᠯᠡᠵᠦ ᠪᠣᠯᠬᠤ ᠦᠭᠡᠶ᠂ ᠡᠰᠡᠬᠦᠯ᠎ᠡ ᠬᠤᠪᠢ ᠬᠥᠮᠦᠨ᠎ᠤ ᠨᠡᠷ᠎ᠡ᠎ᠪᠠᠷ ᠨᠡᠷᠡᠢ᠌ᠳᠬᠦ᠂ ᠡᠰᠡᠬᠦᠯ᠎ᠡ 《ᠳᠤᠮᠳᠠᠳᠤ ᠤᠯᠤᠰ》᠂ 《ᠠᠽᠢᠶ᠎ᠠ ᠲᠢᠪ》᠂ 《ᠳᠡᠯᠡᠬᠡᠶ ᠶᠢᠷᠲᠢᠨᠴᠦ》᠂ 《ᠤᠷᠴᠢᠯᠠᠩ》 ᠵᠢᠴᠢ ᠠᠳᠠᠯᠢᠪᠲᠤᠷ ᠦᠭᠡ᠎ᠲᠠᠢ᠎ᠪᠠᠨ ᠠᠳᠠᠯᠢ᠎ᠪᠠᠷ ᠬᠡᠯᠡᠵᠦ ᠪᠣᠯᠬᠤ ᠦᠭᠡᠶ᠃
ᠬᠤᠶᠠᠳᠤᠭ᠋ᠠᠷ ᠪᠦᠯᠦᠭ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠷᠭ᠎ᠠ
ᠶᠢᠰᠦᠳᠦᠭᠡᠷ ᠵᠦᠢ᠍ᠯ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠢᠨ ᠬᠢᠨᠠᠨ ᠲᠣᠭᠲᠠᠭ᠋ᠠᠵᠤ ᠵᠥᠪᠰᠢᠶᠡᠷᠡᠭᠦᠯᠦᠭᠰᠡᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠷᠭ᠎ᠠ ᠵᠢ 《ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠂ ᠪᠤᠯᠪᠠᠰᠤᠷᠠᠯ᠎ᠤᠨ ᠠᠷᠭ᠎ᠠ ᠵᠢᠨ ᠨᠡᠷᠡᠶ᠋ᠢᠳᠦᠯ》 ᠭᠡᠵᠦ ᠨᠢᠭᠡᠳᠦᠯᠲᠡᠶ ᠲᠣᠭᠲᠠᠭ᠋ᠠᠪᠠ᠃
ᠠᠷᠪᠠᠳᠤᠭ᠋ᠠᠷ ᠵᠦᠢ᠍ᠯ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠭᠰᠠᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠷᠭ᠎ᠠ᠎ᠨᠢ ᠳᠣᠤᠷᠠᠬᠢ ᠨᠥᠬᠥᠴᠡᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠄
(ᠨᠢᠭᠡ) ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠲᠤ ᠬᠠᠷᠢᠶᠠᠯᠠᠭᠳᠠᠬᠤ;
(ᠬᠤᠶᠠᠷ) ᠪᠤᠯᠪᠠᠰᠤᠷᠠᠯ᠎ᠤᠨ ᠡᠭᠦᠰᠦᠯ ᠲᠤᠳᠤᠷᠬᠠᠢ᠂ ᠪᠤᠯᠪᠠᠰᠤᠷᠠᠬᠤ ᠠᠷᠭ᠎ᠠ ᠰᠢᠨᠵᠢᠯᠡᠬᠦ ᠤᠬᠠᠭ᠋ᠠᠨᠴᠢ;
(ᠭᠤᠷᠪᠠ) ᠲᠤᠰᠬᠠᠢ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠲᠤᠯᠭ᠋ᠠᠭᠤᠷᠢ᠎ᠲᠠᠢ;
(ᠲᠦᠷᠪᠡ) ᠦᠢ᠍ᠯᠡᠳᠦᠯᠭᠡ ᠪᠠ ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠪᠠᠶ᠋ᠢᠴᠠᠭ᠋ᠠᠨ ᠰᠢᠯᠭ᠋ᠠᠯᠲᠠ᠎ᠪᠠᠷ ᠳᠠᠮᠵᠢᠨ᠂ ᠪᠡᠶ᠎ᠡ ᠴᠢᠭᠢᠷᠠᠭᠵᠢᠭᠤᠯᠬᠤ ᠦᠷ᠎ᠡ ᠪᠦᠲᠦᠮᠵᠢ ᠢᠯᠡᠷᠬᠡᠶ᠃
ᠠᠷᠪᠠᠨ ᠨᠢᠭᠡᠳᠦᠭᠡᠷ ᠵᠦᠢ᠍ᠯ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠬᠠᠤᠯᠢ ᠵᠢ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠬᠤ᠎ᠳᠤ᠂ ᠬᠠᠤᠯᠢ ᠵᠢᠨ ᠡᠷᠬᠡᠲᠡᠨ᠎ᠤ ᠬᠢᠷᠢ ᠭᠡᠮ᠎ᠲᠠᠢ ᠨᠢᠭᠡᠴᠢ᠎ᠠᠴᠠ ᠲᠤᠬᠠᠶ ᠵᠢᠨ ᠭᠠᠵᠠᠷ᠎ᠤᠨ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠳᠤᠷᠠᠳᠴᠤ᠂ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠲᠤᠰᠬᠠᠶ ᠮᠡᠷᠭᠡᠵᠢᠯᠲᠡᠨ ᠡᠷᠳᠡᠮᠲᠡᠳ᠎ᠢ ᠵᠣᠬᠢᠶᠠᠨ ᠪᠠᠶ᠋ᠢᠭᠤᠯᠤᠨ ᠠᠩᠬ᠎ᠠ ᠬᠢᠨᠠᠭᠤᠯᠬᠤ ᠵᠢᠨ ᠬᠠᠮᠲᠤ ᠵᠥᠪᠰᠢᠶᠡᠷᠡᠭᠦᠯᠦᠭᠰᠡᠨ᠎ᠤ ᠳᠠᠷᠠᠭ᠎ᠠ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ᠎ᠳᠤ ᠭᠤᠶᠤᠴᠢᠯᠠᠯ ᠵᠶ᠋ᠠᠨ ᠳᠤᠷᠠᠳᠬᠤ ᠬᠡᠷᠡᠭᠲᠡᠶ᠃
ᠠᠷᠪᠠᠨ ᠬᠣᠶᠠᠳᠤᠭ᠋ᠠᠷ ᠵᠦᠢ᠍ᠯ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ᠎ᠨᠢ ᠣᠯᠠᠨ ᠲᠦᠮᠡᠨ᠎ᠤ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠵᠢ ᠦᠨᠳᠦᠰᠦᠯᠡᠨ᠂ ᠲᠤᠰᠬᠠᠶ ᠮᠡᠷᠭᠡᠵᠢᠯᠲᠡᠨ ᠡᠷᠳᠡᠮᠲᠡᠳ᠎ᠢ ᠵᠣᠬᠢᠶᠠᠨ ᠪᠠᠶ᠋ᠢᠭᠤᠯᠤᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠷᠭ᠎ᠠ ᠵᠢ ᠨᠠᠶ᠋ᠢᠷᠠᠭᠤᠯᠤᠨ ᠵᠣᠬᠢᠶᠠᠵᠤ ᠬᠢᠨᠠᠨ ᠲᠣᠭᠲᠠᠭ᠋ᠠᠵᠤ ᠪᠣᠯᠤᠨ᠎ᠠ᠃
ᠠᠷᠪᠠᠨ ᠭᠤᠷᠪᠠᠳᠤᠭ᠋ᠠᠷ ᠵᠦᠢ᠍ᠯ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠷᠭ᠎ᠠ ᠵᠢ ᠬᠢᠨᠠᠨ ᠲᠣᠭᠲᠠᠭ᠋ᠠᠯᠭ᠋ᠠᠬᠤ᠎ᠪᠠᠷ ᠭᠤᠶᠤᠴᠢᠯᠠᠬᠤ᠎ᠳᠤ᠂ ᠳᠣᠤᠷᠠᠬᠢ ᠮᠠᠲ᠋ᠧᠷᠢᠶᠠᠯ᠎ᠤᠳ᠎ᠢ ᠮᠡᠳᠡᠭᠦᠯᠦᠨ ᠬᠦᠷᠭᠡᠬᠦ ᠬᠡᠷᠡᠭᠲᠡᠶ᠄
(ᠨᠢᠭᠡ) ᠭᠤᠶᠤᠴᠢᠯᠠᠯ᠎ᠤᠨ ᠪᠢᠴᠢᠭ;
(ᠬᠤᠶᠠᠷ) ᠨᠠᠢ᠌ᠷᠠᠭᠤᠯᠤᠨ ᠵᠤᠬᠢᠶᠠᠭᠰᠠᠨ ᠪᠤᠯᠪᠠᠰᠤᠷᠠᠯ᠎ᠤᠨ ᠡᠷᠳᠡᠮ ᠰᠢᠨᠵᠢᠯᠡᠭᠡᠨ᠎ᠤ ᠰᠡᠳᠦᠪ᠎ᠤᠨ ᠮᠡᠳᠡᠭᠦᠯᠦᠯᠲᠡ;
(ᠭᠤᠷᠪᠠ) ᠪᠤᠯᠪᠠᠰᠤᠷᠠᠯ᠎ᠤᠨ ᠲᠤᠬᠠᠢ ᠦᠰᠦᠭ ᠪᠢᠴᠢᠭ ᠪᠣᠯᠣᠨ ᠳᠠᠭᠤ ᠳᠦᠷᠰᠦ ᠰᠢᠩᠭᠡᠭᠡᠯᠲᠡ ᠵᠢᠨ ᠮᠠᠲᠸᠷᠢᠶᠡᠯ;
(ᠲᠦᠷᠪᠡ) ᠪᠡᠶ᠎ᠡ ᠴᠢᠭᠢᠷᠠᠭᠵᠢᠭᠤᠯᠬᠤ ᠦᠷ᠎ᠡ ᠪᠦᠲᠦᠮᠵᠢ ᠵᠢ ᠲᠤᠰᠬᠠᠭᠰᠠᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠲᠤᠭ᠎ᠠ ᠪᠠᠷᠢᠮᠲᠠ;
(ᠲᠠᠪᠤ) ᠬᠣᠯᠪᠣᠭᠳᠠᠯ ᠪᠦᠬᠦᠢ ᠰᠢᠨᠵᠢᠯᠡᠭᠡᠨ᠎ᠤ ᠰᠠᠯᠠᠭ᠋ᠠᠨ᠎ᠤ ᠲᠤᠰᠬᠠᠢ ᠮᠡᠷᠭᠡᠵᠢᠯᠲᠡᠨ ᠡᠷᠳᠡᠮᠲᠡᠨ᠎ᠢ ᠦᠨᠡᠯᠡᠨ ᠲᠠᠨᠢᠯᠴᠠᠭᠤᠯᠬᠤ ᠪᠢᠴᠢᠭ ;
(ᠵᠢᠷᠭᠤᠭ᠎ᠠ) ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠰᠠᠨᠠᠯ᠃
ᠠᠷᠪᠠᠨ ᠳᠥᠷᠪᠡᠳᠦᠭᠡᠷ ᠵᠦᠢ᠍ᠯ ᠬᠢᠨᠠᠨ ᠲᠣᠭᠲᠠᠭ᠋ᠠᠯᠲᠠ᠎ᠪᠠᠷ ᠵᠥᠪᠰᠢᠶᠡᠷᠡᠭᠦᠯᠦᠭᠰᠡᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠪᠤᠯᠪᠠᠰᠤᠷᠠᠯ᠎ᠢ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ᠎ᠠᠴᠠ ᠨᠡᠶ᠋ᠢᠲᠡᠯᠡᠨ᠎ᠡ᠃
ᠭᠤᠷᠪᠠᠳᠤᠭ᠋ᠠᠷ ᠪᠦᠯᠦᠭ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠵᠣᠬᠢᠶᠠᠨ ᠪᠠᠶ᠋ᠢᠭᠤᠯᠤᠯᠲᠠ
ᠠᠷᠪᠠᠨ ᠲᠠᠪᠤᠳᠤᠭ᠋ᠠᠷ ᠵᠦᠢ᠍ᠯ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠵᠣᠬᠢᠶᠠᠨ ᠪᠠᠶ᠋ᠢᠭᠤᠯᠤᠯᠲᠠ᠎ᠳᠤ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠨᠡᠶ᠋ᠢᠭᠡᠮᠯᠢᠭ ᠪᠣᠯᠤᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠥᠷᠲᠡᠭᠡ ᠴᠢᠭ ᠵᠡᠷᠭᠡ ᠵᠢ ᠪᠠᠭᠲᠠᠭ᠋ᠠᠨ᠎ᠠ᠃
《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠳᠦᠷᠢᠮ》᠂ 《ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠨᠠᠮ᠎ᠤᠨ ᠡᠭᠦᠷ᠎ᠤᠨ ᠠᠵᠢᠯ᠎ᠤᠨ ᠳᠦᠷᠢᠮ (ᠲᠤᠷᠰᠢᠨ ᠬᠡᠷᠡᠭᠵᠢᠭᠦᠯᠬᠦ)》 ᠵᠡᠷᠭᠡ ᠬᠤᠯᠪᠣᠭᠳᠠᠯ ᠪᠦᠬᠦᠢ ᠲᠣᠭᠲᠠᠭ᠋ᠠᠯ᠎ᠤᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠵᠣᠬᠢᠶᠠᠨ ᠪᠠᠶ᠋ᠢᠭᠤᠯᠤᠯᠲᠠ᠎ᠨᠢ ᠨᠠᠮ᠎ᠤᠨ ᠵᠣᠬᠢᠶᠠᠨ ᠪᠠᠶ᠋ᠢᠭᠤᠯᠤᠯᠲᠠ ᠪᠠᠶ᠋ᠢᠭᠤᠯᠬᠤ ᠬᠡᠷᠡᠭᠲᠡᠶ᠃
ᠠᠷᠪᠠᠨ ᠵᠢᠷᠭᠤᠳᠤᠭ᠋ᠠᠷ ᠵᠦᠢ᠍ᠯ ᠳᠤᠮᠳᠠᠳᠤ ᠤᠯᠤᠰ᠎ᠤᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠨᠡᠶ᠋ᠢᠭᠡᠮᠯᠢᠭ ᠪᠣᠯ ᠪᠥᠬᠦ ᠤᠯᠤᠰ᠎ᠤᠨ ᠴᠢᠨᠠᠷᠲᠠᠶ ᠪᠡᠶ᠎ᠡ ᠵᠢᠨ ᠲᠠᠮᠢᠷ᠎ᠤᠨ ᠨᠡᠶ᠋ᠢᠭᠡᠮ᠎ᠤᠨ ᠪᠦᠯᠬᠦᠮ ᠮᠥᠨ᠂ ᠲᠦᠷᠢᠮ᠎ᠢ ᠦᠨᠳᠦᠰᠦᠯᠡᠨ ᠳᠤᠮᠳᠠᠳᠤ ᠵᠢᠨ ᠪᠥᠬᠦ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠡᠪᠯᠡᠯ᠎ᠳᠤ ᠣᠷᠣᠯᠴᠠᠵᠤ᠂ ᠳᠤᠮᠳᠠᠳᠤ ᠤᠯᠤᠰ᠎ᠢ ᠲᠥᠯᠥᠭᠡᠯᠡᠨ ᠣᠯᠠᠨ ᠤᠯᠤᠰ᠎ᠤᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠬᠤᠯᠪᠣᠭ᠋ᠠᠲᠤ ᠬᠤᠷᠠᠯ᠎ᠳᠤ ᠣᠷᠣᠯᠴᠠᠨ᠎ᠠ᠃
ᠳᠤᠮᠳᠠᠳᠤ ᠤᠯᠤᠰ᠎ᠤᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠨᠡᠶ᠋ᠢᠭᠡᠮᠯᠢᠭ᠎ᠨᠢ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠢ ᠳᠡᠯᠭᠡᠷᠡᠭᠦᠯᠬᠦ ᠪᠠ ᠲᠦᠭᠡᠮᠡᠯᠵᠢᠭᠦᠯᠬᠦ ᠵᠢ ᠬᠠᠷᠢᠭᠤᠴᠠᠵᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠢ ᠥᠷᠨᠢᠭᠦᠯᠦᠨ᠂ ᠮᠡᠷᠭᠡᠵᠢᠯ᠎ᠤᠨ ᠵᠢᠷᠤᠮᠵᠢᠯ᠂ ᠤᠷᠤᠯᠳᠤᠭ᠋ᠠᠨ᠎ᠤ ᠳᠦᠷᠢᠮ᠂ ᠪᠦᠯᠬᠦᠮ ᠨᠡᠶ᠋ᠢᠲᠡ ᠵᠢᠨ ᠪᠠᠷᠢᠮᠵᠢᠶ᠎ᠠ ᠵᠡᠷᠭᠡ ᠵᠢ ᠲᠣᠭᠲᠠᠭ᠋ᠠᠵᠤ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠵᠢᠷᠤᠮᠵᠢᠭᠤᠯᠤᠨ᠎ᠠ᠃
ᠠᠷᠪᠠᠨ ᠳᠣᠯᠣᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ᠂ ᠣᠷᠣᠨ ᠨᠤᠲᠤᠭ᠎ᠤᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠨᠡᠶ᠋ᠢᠭᠡᠮᠯᠢᠭ᠎ᠢ ᠬᠠᠤᠯᠢ ᠶᠣᠰᠣᠭ᠋ᠠᠷ ᠪᠠᠶ᠋ᠢᠭᠤᠯᠬᠤ ᠵᠢᠨ ᠬᠠᠮᠲᠤ ᠵᠢᠷᠤᠮᠵᠢᠯ᠎ᠲᠠᠢ᠎ᠪᠠᠷ ᠠᠵᠢᠯᠯᠠᠭ᠎ᠠ ᠥᠷᠨᠢᠭᠦᠯᠬᠦ ᠵᠢ ᠳᠡᠮᠵᠢᠬᠦ ᠬᠡᠷᠡᠭᠲᠡᠶ᠃ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠨᠡᠶ᠋ᠢᠭᠡᠮᠯᠢᠭ᠎ᠨᠢ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠵᠢᠯᠣᠭᠣᠳᠣᠯᠭ᠎ᠠ ᠪᠣᠯᠤᠨ ᠬᠢᠨᠠᠯᠲᠠ ᠬᠠᠮᠢᠶᠠᠷᠤᠯᠲᠠ ᠵᠢ ᠬᠦᠯᠢᠶᠡᠵᠦ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠳᠦᠷᠢᠮ᠎ᠤᠨ ᠶᠣᠰᠣᠭ᠋ᠠᠷ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯᠯᠠᠭ᠎ᠠ ᠥᠷᠨᠢᠭᠦᠯᠬᠦ ᠬᠡᠷᠡᠭᠲᠡᠶ᠃
ᠠᠷᠪᠠᠨ ᠨᠠᠢ᠍ᠮᠠᠳᠤᠭ᠋ᠠᠷ ᠵᠦᠢ᠍ᠯ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠥᠷᠲᠡᠭᠡ ᠴᠢᠭ ᠪᠣᠯ ᠣᠯᠠᠨ ᠲᠦᠮᠡᠨ᠎ᠳᠤ ᠪᠠᠢ᠌ᠭᠤᠯᠤᠭᠰᠠᠨ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠲᠠᠢ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠤᠳᠣᠭᠴᠢ ᠪᠤᠶᠤ ᠳᠠᠰᠬᠠᠯᠵᠢᠭᠤᠯᠤᠭᠴᠢ ᠵᠢ ᠵᠢᠯᠣᠭᠤᠳᠬᠤ᠂ ᠴᠠᠭ ᠲᠣᠭᠲᠠᠭ᠋ᠠᠨ ᠴᠢᠭ ᠲᠣᠭᠲᠠᠭ᠋ᠠᠨ ᠥᠷᠨᠢᠭᠦᠯᠬᠦ ᠥᠪᠡᠷᠲᠡᠭᠡᠨ ᠵᠠᠰᠠᠬᠤ ᠴᠢᠨᠠᠷᠲᠠᠶ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠵᠣᠬᠢᠶᠠᠨ ᠪᠠᠶ᠋ᠢᠭᠤᠯᠤᠯᠲᠠ ᠪᠣᠯᠤᠨ᠎ᠠ᠃
ᠳᠥᠷᠪᠡᠳᠦᠭᠡᠷ ᠪᠦᠯᠦᠭ ᠬᠢᠨᠠᠯᠲᠠ ᠬᠠᠮᠢᠶᠠᠷᠤᠯᠲᠠ
ᠠᠷᠪᠠ ᠶᠢᠰᠦᠳᠦᠭᠡᠷ ᠵᠦᠢ᠍ᠯ ᠰᠦᠯᠵᠢᠶᠡᠨ ᠳᠡᠭᠡᠷᠡᠬᠢ ᠪᠤᠶᠤ ᠰᠦᠯᠵᠢᠶᠡᠨ ᠭᠠᠳᠠᠨᠠᠬᠢ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠤᠷᠤᠯᠳᠤᠭ᠋ᠠᠨ᠂ ᠲᠤᠬᠠᠶ᠋ᠢᠯᠠᠭᠰᠠᠨ ᠠᠵᠢᠯ᠎ᠤᠨ ᠪᠤᠯᠪᠠᠰᠤᠷᠠᠯ᠂ ᠰᠣᠯᠢᠯᠴᠠᠭ᠋ᠠᠨ᠎ᠤ ᠦᠵᠡᠭᠦᠯᠭᠡ᠂ ᠤᠷᠠᠯᠢᠭ᠎ᠤᠨ ᠲᠠᠶ᠋ᠢᠯᠤᠮᠵᠢ ᠵᠡᠷᠭᠡ ᠠᠵᠢᠯᠯᠠᠭ᠎ᠠ ᠵᠢ ᠡᠷᠭᠢᠯᠡᠵᠦ᠂ ᠡᠷᠬᠡ ᠮᠡᠳᠡᠯ ᠵᠶ᠋ᠠᠷ ᠵᠶ᠋ᠠᠨ ᠬᠠᠷᠢᠶ᠎ᠠ ᠭᠠᠵᠠᠷ᠎ᠲᠤᠨᠢ ᠬᠠᠮᠢᠶᠠᠷᠤᠭᠤᠯᠬᠤ ᠵᠢ ᠬᠡᠷᠡᠭᠵᠢᠭᠦᠯᠦᠨ᠎ᠡ᠃
ᠬᠣᠷᠢᠳᠤᠭ᠋ᠠᠷ ᠵᠦᠢ᠍ᠯ ᠪᠦᠬᠦ ᠤᠯᠤᠰ᠎ᠤᠨ ᠴᠢᠨᠠᠷᠲᠠᠶ᠂ ᠮᠤᠵᠢ (ᠣᠷᠣᠨ᠂ ᠬᠣᠲᠠ) ᠠᠯᠤᠰᠯᠠᠭᠰᠠᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯᠯᠠᠭ᠎ᠠ ᠵᠢ ᠡᠷᠬᠢᠯᠡᠬᠦ᠎ᠳᠤ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ᠎ᠪᠠᠷ ᠵᠥᠪᠰᠢᠶᠡᠷᠡᠭᠦᠯᠬᠦ ᠬᠡᠷᠡᠭᠲᠡᠶ᠃ ᠮᠤᠵᠢ (ᠣᠷᠣᠨ᠂ ᠬᠣᠲᠠ) ᠳᠣᠲᠣᠷ᠎ᠠ᠎ᠪᠠᠨ ᠡᠷᠬᠢᠯᠡᠭᠰᠡᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯᠯᠠᠭ᠎ᠠ ᠵᠢ ᠬᠠᠷᠢᠶ᠎ᠠ ᠭᠠᠵᠠᠷ᠎ᠤᠨ ᠠᠷᠠᠳ᠎ᠤᠨ ᠵᠠᠰᠠᠭ᠎ᠤᠨ ᠣᠷᠳᠣᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠬᠦ ᠬᠡᠷᠡᠭᠲᠡᠶ᠃ ᠭᠠᠵᠠᠷ ᠣᠷᠣᠨ ᠠᠯᠤᠰᠯᠠᠭᠰᠠᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯᠯᠠᠭ᠎ᠠ᠎ᠨᠢ ᠭᠠᠵᠠᠷ ᠣᠷᠣᠨ ᠠᠯᠤᠰᠯᠠᠭᠰᠠᠨ ᠬᠠᠮᠲᠤ ᠵᠢᠨ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠶ᠋ᠠᠷ ᠵᠥᠪᠰᠢᠶᠡᠷᠡᠭᠦᠯᠬᠦ ᠬᠡᠷᠡᠭᠲᠡᠶ᠃
ᠣᠷᠣᠯᠴᠠᠭᠰᠠᠨ ᠬᠥᠮᠦᠨ᠎ᠤ ᠲᠣᠭ᠎ᠠ᠎ᠨᠢ ᠮᠢᠩᠭ᠋ᠠᠨ ᠬᠥᠮᠦᠨ᠎ᠠᠴᠠ ᠳᠡᠭᠡᠭᠰᠢ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠬᠥᠳᠡᠯᠭᠡᠭᠡᠨ᠎ᠢ᠂ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠲᠤ ᠮᠡᠳᠡᠭᠦᠯᠦᠨ ᠬᠢᠨᠠᠨ ᠵᠥᠪᠰᠢᠶᠡᠷᠡᠭᠦᠯᠬᠦ᠎ᠠᠴᠠ ᠭᠠᠳᠠᠨ᠎ᠠ ᠪᠠᠰᠠ 《ᠲᠣᠮᠣ ᠬᠡᠯᠪᠡᠷᠢ ᠵᠢᠨ ᠣᠯᠠᠨ ᠲᠦᠮᠡᠨᠴᠢ ᠴᠢᠨᠠᠷᠲᠠᠶ ᠠᠵᠢᠯᠯᠠᠭ᠎ᠠ ᠵᠢᠨ ᠠᠮᠤᠷ ᠲᠦᠪᠰᠢᠨ᠎ᠤ ᠬᠠᠮᠢᠶᠠᠷᠤᠯᠲᠠ ᠵᠢᠨ ᠳᠦᠷᠢᠮ》᠎ᠤᠨ ᠲᠣᠭᠲᠠᠭ᠋ᠠᠯ ᠶᠣᠰᠣᠭ᠋ᠠᠷ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠭ᠎ᠠ᠎ᠪᠠᠷ ᠵᠥᠪᠰᠢᠶᠡᠷᠡᠭᠦᠯᠬᠦ ᠬᠡᠷᠡᠭᠲᠡᠶ᠃
ᠬᠣᠷᠢᠨ ᠨᠢᠭᠡᠳᠦᠭᠡᠷ ᠵᠦᠢ᠍ᠯ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯᠯᠠᠭ᠎ᠠ ᠡᠷᠬᠢᠯᠡᠬᠦ᠎ᠪᠠᠷ ᠭᠤᠶᠤᠴᠢᠯᠠᠬᠤ᠎ᠳᠤ᠂ ᠳᠣᠤᠷᠠᠬᠢ ᠨᠥᠬᠥᠴᠡᠯ᠎ᠢ ᠪᠦᠷᠢᠯᠳᠦᠭᠦᠯᠬᠦ ᠬᠡᠷᠡᠭᠲᠡᠶ᠄
(ᠨᠢᠭᠡ) ᠬᠠᠤᠯᠢ ᠶᠣᠰᠣᠨ᠎ᠤ ᠪᠡᠶ᠎ᠡ ᠭᠠᠷᠤᠯ᠎ᠲᠠᠢ ᠠᠷᠠᠳ ᠢᠷᠭᠡᠨ᠂ ᠬᠠᠤᠯᠢ ᠵᠢᠨ ᠬᠥᠮᠦᠨ ᠪᠤᠶᠤ ᠪᠤᠰᠤᠳ ᠵᠣᠬᠢᠶᠠᠨ ᠪᠠᠶ᠋ᠢᠭᠤᠯᠤᠯᠲᠠ᠎ᠠᠴᠠ ᠦᠰᠦᠭ ᠪᠢᠴᠢᠭ᠎ᠤᠨ ᠭᠤᠶᠤᠴᠢᠯᠠᠯ ᠭᠠᠷᠭ᠋ᠠᠨ᠎ᠠ;
(ᠬᠤᠶᠠᠷ) ᠬᠤᠯᠪᠣᠭᠳᠠᠬᠤ ᠪᠤᠯᠪᠠᠰᠤᠷᠠᠯ᠎ᠨᠢ ᠡᠷᠬᠡᠪᠰᠢ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠢᠨ ᠬᠢᠨᠠᠨ ᠲᠣᠭᠲᠠᠭ᠋ᠠᠵᠤ ᠵᠥᠪᠰᠢᠶᠡᠷᠡᠭᠰᠡᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠷᠭ᠎ᠠ ᠪᠠᠶ᠋ᠢᠬᠤ ᠬᠡᠷᠡᠭᠲᠡᠶ;
(ᠭᠤᠷᠪᠠ) ᠠᠵᠢᠯᠯᠠᠭ᠎ᠠ ᠥᠷᠨᠢᠭᠦᠯᠬᠦᠯᠦᠭᠡ ᠲᠣᠬᠢᠷᠠᠯᠴᠠᠭᠰᠠᠨ ᠲᠠᠯᠠᠪᠤᠷ ᠪᠠᠢ᠌ᠬᠤ ᠬᠡᠷᠡᠭᠳᠡᠢ;
(ᠲᠠᠪᠤ) ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠯᠣᠭᠤᠳᠣᠭᠴᠢ ᠪᠤᠶᠤ ᠰᠤᠷᠭ᠋ᠠᠭᠴᠢ᠂ ᠬᠠᠮᠢᠶᠠᠷᠤᠭᠴᠢ ᠪᠠᠢ᠌ᠬᠤ ᠬᠡᠷᠡᠭᠳᠡᠢ;
(ᠵᠢᠷᠭᠤᠭ᠎ᠠ) ᠵᠣᠬᠢᠴᠠᠩᠭᠤᠶ ᠠᠮᠤᠷ ᠲᠦᠪᠰᠢᠨ᠎ᠤ ᠠᠷᠭ᠎ᠠ ᠬᠡᠮᠵᠢᠶ᠎ᠡ᠂ ᠡᠷᠡᠭᠦᠯ ᠬᠠᠮᠠᠭ᠋ᠠᠯᠠᠯ᠎ᠤᠨ ᠨᠥᠬᠦᠴᠡᠯ ᠪᠠ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠎ᠲᠠᠢ;
(ᠳᠤᠯᠤᠭ᠎ᠠ) ᠬᠠᠤᠯᠢ ᠴᠠᠭ᠋ᠠᠵᠠ ᠬᠠᠤᠯᠢ ᠲᠤᠭᠳᠠᠭ᠋ᠠᠯ᠎ᠳᠤ ᠲᠤᠭᠳᠠᠭ᠋ᠠᠭᠰᠠᠨ ᠪᠤᠰᠤᠳ ᠨᠥᠬᠥᠴᠡᠯ᠃
ᠬᠣᠷᠢᠨ ᠬᠣᠶᠠᠳᠤᠭ᠋ᠠᠷ ᠵᠦᠢ᠍ᠯ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯᠯᠠᠭ᠎ᠠ ᠡᠷᠬᠢᠯᠡᠬᠦ᠎ᠪᠠᠷ ᠭᠤᠶᠤᠴᠢᠯᠠᠬᠤ᠎ᠳᠤ ᠳᠣᠤᠷᠠᠬᠢ ᠮᠠᠲ᠋ᠧᠷᠢᠶᠠᠯ᠎ᠢ ᠤᠷᠢᠳᠴᠢᠯᠠᠨ ᠮᠡᠳᠡᠭᠦᠯᠦᠨ ᠬᠦᠷᠭᠡᠬᠦ ᠬᠡᠷᠡᠭᠲᠡᠶ᠄
(ᠨᠢᠭᠡ) ᠭᠤᠶᠤᠴᠢᠯᠠᠯ᠎ᠤᠨ ᠪᠢᠴᠢᠭ
(ᠬᠤᠶᠠᠷ) ᠠᠵᠢᠯᠯᠠᠭ᠎ᠠ ᠵᠢᠨ ᠲᠥᠰᠦᠯ᠎ᠳᠤ ᠵᠣᠬᠢᠶᠠᠨ ᠪᠠᠶ᠋ᠢᠭᠤᠯᠤᠭᠴᠢ ᠵᠢᠨ ᠨᠡᠷᠡᠶ᠋ᠢᠳᠦᠯ᠂ ᠬᠠᠶᠢᠭ᠂ ᠠᠵᠢᠯ᠎ᠤᠨ ᠬᠢᠷᠢ ᠬᠡᠮ᠎ᠤᠨ ᠨᠡᠷᠡᠶ᠋ᠢᠳᠦᠯ᠂ ᠠᠵᠢᠯᠯᠠᠭ᠋ᠠᠨ᠎ᠤ ᠴᠠᠭ᠂ ᠭᠠᠵᠠᠷ ᠣᠷᠣᠨ ᠪᠠ ᠬᠥᠮᠦᠨ᠎ᠤ ᠲᠤᠭ᠎ᠠ᠂ ᠪᠡᠯᠡ ᠮᠥᠩᠭᠦ ᠬᠡᠷᠡᠭᠯᠡᠬᠦ ᠲᠥᠰᠦᠯ᠂ ᠠᠮᠤᠷ ᠲᠦᠪᠰᠢᠨ᠎ᠤ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠲᠥᠰᠦᠯ᠂ ᠬᠠᠮᠢᠶ᠎ᠠ ᠪᠦᠬᠦᠢ ᠬᠥᠮᠦᠰ᠎ᠤᠨ ᠬᠢᠷᠢ ᠬᠡᠮ᠎ᠤᠨ ᠮᠡᠳᠡᠭᠡ ᠵᠠᠩᠭᠢ ᠵᠡᠷᠭᠡ ᠵᠢ ᠪᠠᠭᠲᠠᠭ᠋ᠠᠨ᠎ᠠ;
(ᠭᠤᠷᠪᠠ) ᠵᠣᠬᠢᠶᠠᠨ ᠪᠠᠶ᠋ᠢᠭᠤᠯᠤᠭᠴᠢ ᠵᠢᠨ ᠬᠠᠤᠯᠢ ᠶᠣᠰᠣᠨ᠎ᠤ ᠪᠡᠶ᠎ᠡ ᠵᠢᠨ ᠭᠡᠷᠡᠴᠢ᠃
(ᠲᠦᠷᠪᠡ) ᠬᠥᠳᠡᠯᠭᠡᠭᠡᠨ᠎ᠤ ᠲᠠᠯᠠᠪᠤᠷ᠎ᠤᠨ ᠬᠠᠮᠢᠶᠠᠷᠤᠭᠴᠢ ᠬᠡᠷᠡᠭᠯᠡᠬᠦ ᠵᠢ ᠵᠥᠪᠰᠢᠶᠡᠷᠡᠭᠰᠡᠨ ᠭᠡᠷᠡᠴᠢ᠃
ᠬᠣᠷᠢᠨ ᠭᠤᠷᠪᠠᠳᠤᠭ᠋ᠠᠷ ᠵᠦᠢ᠍ᠯ ᠭᠠᠳᠠᠭ᠋ᠠᠳᠤ᠎ᠲᠠᠢ ᠬᠣᠯᠪᠣᠭᠳᠠᠬᠤ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯᠯᠠᠭ᠎ᠠ ᠵᠢ ᠦᠷᠨᠢᠭᠦᠯᠬᠦ᠎ᠳᠤ᠂ ᠤᠯᠤᠰ᠎ᠤᠨ ᠬᠣᠯᠪᠣᠭᠳᠠᠯ ᠪᠦᠬᠦᠢ ᠭᠠᠳᠠᠭ᠋ᠠᠳᠤ ᠶᠠᠪᠤᠳᠠᠯ᠎ᠤᠨ ᠲᠣᠭᠲᠠᠭ᠋ᠠᠯ ᠪᠣᠯᠤᠨ 《ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠬᠠᠮᠢᠶᠠᠷᠤᠯᠲᠠ ᠵᠢᠨ ᠠᠷᠭ᠎ᠠ》 ᠵᠢᠨ ᠶᠣᠰᠣᠭ᠋ᠠᠷ ᠬᠠᠮᠢᠶ᠎ᠠ ᠪᠦᠬᠦᠢ ᠭᠠᠷᠳᠠᠮ᠎ᠢ ᠭᠦᠢ᠍ᠴᠡᠳᠬᠡᠬᠦ ᠬᠡᠷᠡᠭᠲᠡᠶ᠃
ᠬᠣᠷᠢᠨ ᠲᠠᠪᠤᠳᠤᠭ᠋ᠠᠷ ᠵᠦᠢ᠍ᠯ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠥᠷᠲᠡᠭᠡ ᠴᠢᠭ ᠪᠠᠶ᠋ᠢᠭᠤᠯᠬᠤ᠎ᠳᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠢᠨᠠᠨ ᠵᠥᠪᠰᠢᠶᠡᠷᠡᠬᠦ ᠬᠡᠷᠡᠭᠲᠡᠶ᠃
ᠬᠣᠷᠢᠨ ᠵᠢᠷᠭᠤᠳᠤᠭ᠋ᠠᠷ ᠵᠦᠢ᠍ᠯ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠥᠷᠲᠡᠭᠡ ᠴᠢᠭ ᠪᠠᠶ᠋ᠢᠭᠤᠯᠬᠤ᠎ᠳᠤ ᠳᠣᠤᠷᠠᠬᠢ ᠨᠥᠬᠥᠴᠡᠯ᠎ᠢ ᠪᠦᠷᠢᠯᠳᠦᠭᠦᠯᠬᠦ ᠬᠡᠷᠡᠭᠲᠡᠶ᠄
(ᠨᠢᠭᠡ) ᠠᠮᠤᠷ ᠲᠦᠪᠰᠢᠨ᠂ ᠵᠢᠵᠢᠭ ᠬᠡᠯᠪᠡᠷᠢ ᠵᠢᠨ ᠲᠠᠷᠠᠬᠠᠢ ᠪᠤᠲᠠᠷᠬᠠᠢ᠂ ᠰᠠᠶ᠋ᠢᠨ ᠳᠤᠷ᠎ᠠ ᠵᠢᠨ ᠪᠠᠶ᠋ᠢᠬᠤ ᠬᠡᠷᠡᠭᠲᠡᠢ;
(ᠬᠤᠶᠠᠷ) ᠪᠠᠢ᠌ᠷᠢᠰᠢᠯ᠎ᠨᠢ ᠵᠦᠢ ᠵᠣᠬᠢᠰᠲᠠᠢ᠂ ᠣᠯᠠᠨ ᠲᠦᠮᠡᠨ᠎ᠳᠤ ᠳᠥᠭᠥᠮ᠂ ᠬᠠᠮᠢᠶᠠᠷᠬᠤ᠎ᠳᠤ ᠳᠥᠭᠥᠮ;
(ᠭᠤᠷᠪᠠ) ᠨᠡᠶ᠋ᠢᠭᠡᠮ᠎ᠤᠨ ᠠᠮᠤᠷ ᠲᠦᠪᠰᠢᠨ᠂ ᠵᠠᠮ ᠬᠠᠷᠢᠯᠴᠠᠭ᠎ᠠ ᠪᠠ ᠦᠢ᠍ᠯᠡᠳᠪᠦᠷᠢᠯᠡᠯ ᠠᠮᠢᠳᠤᠷᠠᠯ᠎ᠤᠨ ᠡᠮᠬᠢ ᠵᠢᠷᠤᠮ᠎ᠢ ᠬᠠᠷᠰᠢᠯᠠᠬᠤ ᠦᠭᠡᠢ;
(ᠲᠦᠷᠪᠡ) ᠪᠣᠯᠪᠠᠰᠤᠷᠠᠬᠤ ᠠᠷᠭ᠎ᠠ ᠪᠣᠯ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ ᠬᠢᠨᠠᠨ ᠲᠣᠭᠲᠠᠭ᠋ᠠᠵᠤ ᠵᠥᠪᠰᠢᠶᠡᠷᠡᠭᠰᠡᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠷᠭ᠎ᠠ ᠮᠥᠨ;
(ᠲᠠᠪᠤ) ᠬᠠᠷᠢᠭᠤᠴᠠᠯᠭ᠋ᠠᠲᠠᠨ᠎ᠨᠢ ᠬᠠᠤᠯᠢ ᠶᠣᠰᠣᠨ᠎ᠤ ᠬᠢᠷᠢ ᠬᠡᠮ᠎ᠲᠠᠢ;
(ᠵᠢᠷᠭᠤᠭ᠎ᠠ) ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠯᠣᠭᠤᠳᠣᠭᠴᠢ ᠪᠤᠶᠤ ᠰᠤᠷᠭ᠋ᠠᠭᠴᠢ᠎ᠲᠠᠢ;
(ᠳᠤᠯᠤᠭ᠎ᠠ) ᠠᠵᠢᠯᠯᠠᠬᠤ ᠲᠠᠯᠠᠪᠠᠢ᠂ ᠴᠠᠭ᠎ᠨᠢ ᠬᠠᠷᠢᠴᠠᠩᠭᠤᠢ ᠲᠣᠭᠲᠠᠮᠠᠯ᠃
ᠬᠣᠷᠢᠨ ᠳᠣᠯᠣᠳᠤᠭ᠋ᠠᠷ ᠵᠦᠢ᠍ᠯ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠥᠷᠲᠡᠭᠡ ᠴᠢᠭ ᠪᠠᠶ᠋ᠢᠭᠤᠯᠬᠤ᠎ᠪᠠᠷ ᠭᠤᠶᠤᠴᠢᠯᠠᠬᠤ᠎ᠳᠤ᠂ ᠳᠣᠤᠷᠠᠬᠢ ᠮᠡᠲᠦ ᠮᠠᠲ᠋ᠧᠷᠢᠶᠠᠯ᠎ᠢ ᠮᠡᠳᠡᠭᠦᠯᠦᠨ ᠬᠦᠷᠭᠡᠬᠦ ᠬᠡᠷᠡᠭᠲᠡᠶ᠄
(ᠨᠢᠭᠡ) ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠥᠷᠲᠡᠭᠡ ᠴᠡᠭ᠎ᠤᠨ ᠭᠤᠶᠤᠴᠢᠯᠠᠯ᠎ᠤᠨ ᠳᠠᠩᠰᠠᠯᠠᠯ᠎ᠤᠨ ᠬᠦᠰᠦᠨᠦᠭᠲᠦ;
(ᠬᠤᠶᠠᠷ) ᠬᠠᠷᠢᠭᠤᠴᠠᠯᠭ᠋ᠠᠲᠠᠨ᠎ᠤ ᠬᠠᠤᠯᠢ ᠶᠣᠰᠣᠨ᠎ᠤ ᠪᠡᠶ᠎ᠡ ᠵᠢᠨ ᠭᠡᠷᠡᠴᠢ;
(ᠭᠤᠷᠪᠠ) ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠤᠳᠣᠭᠴᠢ ᠪᠤᠶᠤ ᠵᠢᠭ᠋ᠠᠨ ᠰᠤᠷᠭ᠋ᠠᠭᠴᠢ ᠵᠢᠨ ᠬᠢᠷᠢ ᠬᠡᠮ᠎ᠤᠨ ᠭᠡᠷᠡᠴᠢ;
(ᠲᠦᠷᠪᠡ) ᠬᠥᠳᠡᠯᠭᠡᠭᠡᠨ ᠬᠢᠬᠦ ᠭᠠᠵᠠᠷ᠎ᠤᠨ ᠬᠠᠮᠢᠶᠠᠷᠤᠭᠴᠢ ᠬᠡᠷᠡᠭᠯᠡᠬᠦ ᠵᠢ ᠵᠥᠪᠰᠢᠶᠡᠷᠡᠭᠰᠡᠨ ᠭᠡᠷᠡᠴᠢ᠃
ᠬᠣᠷᠢᠨ ᠨᠠᠢ᠍ᠮᠠᠳᠤᠭ᠋ᠠᠷ ᠵᠦᠢ᠍ᠯ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯᠯᠠᠭ᠎ᠠ ᠡᠷᠬᠢᠯᠡᠬᠦ ᠪᠤᠶᠤ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠥᠷᠲᠡᠭᠡ ᠴᠢᠭ ᠪᠠᠶ᠋ᠢᠭᠤᠯᠬᠤ ᠭᠤᠶᠤᠴᠢᠯᠠᠯ᠎ᠢ ᠣᠯᠤᠭᠰᠠᠨ᠎ᠤ ᠳᠠᠷᠠᠭ᠎ᠠ᠂ ᠠᠷᠪᠠᠨ ᠲᠠᠪᠤᠨ ᠠᠵᠢᠯᠯᠠᠬᠤ ᠡᠳᠦᠷ᠎ᠤᠨ ᠳᠣᠲᠣᠷ᠎ᠠ ᠵᠥᠪᠰᠢᠶᠡᠷᠡᠬᠦ ᠪᠤᠶᠤ ᠵᠥᠪᠰᠢᠶᠡᠷᠡᠬᠦ ᠦᠭᠡᠶ ᠲᠣᠭᠲᠠᠭ᠋ᠠᠯ ᠭᠠᠷᠭ᠋ᠠᠬᠤ ᠵᠢᠨ ᠬᠠᠮᠲᠤ ᠭᠤᠶᠤᠴᠢᠯᠠᠭᠴᠢ᠎ᠳᠤ ᠪᠢᠴᠢᠭ ᠵᠶ᠋ᠠᠷ ᠮᠡᠳᠡᠭᠳᠡᠬᠦ ᠬᠡᠷᠡᠭᠲᠡᠶ᠃
ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠥᠷᠲᠡᠭᠡ ᠴᠢᠭ ᠪᠠᠶ᠋ᠢᠭᠤᠯᠬᠤ ᠵᠢ ᠵᠥᠪᠰᠢᠶᠡᠷᠡᠭᠰᠡᠨ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠵᠥᠪᠰᠢᠶᠡᠷᠡᠭᠰᠡᠨ ᠥᠷᠲᠡᠭᠡ ᠴᠢᠭ᠎ᠲᠤ ᠨᠢᠭᠡᠳᠦᠯᠲᠡᠶ ᠬᠡᠯᠪᠡᠷᠢᠵᠢᠭᠰᠡᠨ ᠦᠨᠡᠮᠯᠡᠯ ᠣᠯᠭᠤᠬᠤ ᠵᠢᠨ ᠬᠠᠮᠲᠤ ᠣᠨ᠎ᠤ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠬᠤ ᠬᠡᠷᠡᠭᠲᠡᠶ᠃
ᠬᠤᠷᠢ ᠶᠢᠰᠦᠳᠦᠭᠡᠷ ᠵᠦᠢ᠍ᠯ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯᠯᠠᠭ᠎ᠠ ᠵᠢ ᠡᠷᠬᠢᠯᠡᠬᠦ᠎ᠳᠤ᠂ ᠮᠤᠩᠬᠠᠭ ᠪᠠᠯᠠᠶ ᠮᠤᠬᠤᠷ ᠰᠦᠰᠦᠭ ᠪᠤᠶᠤ ᠷᠢᠳᠢ ᠰᠢᠳᠢ᠎ᠲᠠᠢ ᠬᠤᠪᠢ ᠬᠥᠮᠦᠨ᠎ᠤ ᠤᠬᠠᠭᠤᠯᠭ᠎ᠠ ᠵᠢ ᠬᠢᠵᠦ ᠪᠣᠯᠬᠤ ᠥᠬᠡᠶ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠪᠤᠰᠤ ᠠᠭᠤᠯᠭ᠎ᠠ ᠵᠢ ᠬᠠᠪᠴᠢᠭᠤᠯᠵᠤ ᠪᠣᠯᠬᠤ ᠥᠬᠡᠶ᠂ ᠨᠡᠶ᠋ᠢᠭᠡᠮ᠎ᠤᠨ ᠡᠮᠬᠢ ᠵᠢᠷᠤᠮ᠎ᠢ ᠰᠠᠮᠠᠭᠤᠷᠠᠭᠤᠯᠤᠨ᠂ ᠪᠤᠰᠤᠳ᠎ᠤᠨ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ᠎ᠢ ᠬᠤᠬᠢᠷᠠᠭᠤᠯᠵᠤ ᠪᠣᠯᠬᠤ ᠥᠬᠡᠶ᠂ ᠲᠣᠬᠢᠶᠠᠯ᠎ᠢ ᠠᠰᠢᠭᠯᠠᠨ ᠬᠠᠤᠯᠢ ᠪᠤᠰᠤ᠎ᠪᠠᠷ ᠡᠳ᠋ ᠪᠣᠳᠠᠰ ᠴᠤᠭᠯᠠᠭᠤᠯᠵᠤ ᠪᠣᠯᠬᠤ ᠥᠬᠡᠶ᠂ 《ᠮᠡᠳᠡᠭᠡ ᠵᠠᠩᠭᠢ》 ᠬᠤᠳᠠᠯᠳᠤᠵᠤ ᠪᠣᠯᠬᠤ ᠥᠬᠡᠶ᠃
ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠲᠥᠷᠥᠯ᠎ᠤᠨ ᠬᠡᠪᠯᠡᠭᠳᠡᠬᠦᠨ᠎ᠢ ᠡᠷᠬᠡᠪᠰᠢ ᠪᠡᠶ᠎ᠡ ᠰᠤᠪᠢᠯᠠᠯᠲᠠ ᠡᠷᠡᠭᠦᠯᠵᠢᠯ᠎ᠤᠨ ᠲᠥᠷᠥᠯ᠎ᠤᠨ ᠬᠡᠪᠯᠡᠭᠦᠯᠬᠦ ᠬᠢᠷᠢ ᠬᠡᠮ᠎ᠲᠠᠢ ᠬᠡᠪᠯᠡᠯ᠎ᠤᠨ ᠪᠠᠶ᠋ᠢᠭᠤᠯᠤᠮᠵᠢ᠎ᠠᠴᠠ ᠬᠡᠪᠯᠡᠵᠦ᠂ ᠬᠠᠤᠯᠢ ᠶᠣᠰᠣᠨ᠎ᠤ ᠬᠡᠪᠯᠡᠯ᠎ᠤᠨ ᠪᠠᠶ᠋ᠢᠭᠤᠯᠤᠮᠵᠢ᠎ᠠᠴᠠ ᠬᠡᠪᠯᠡᠭᠦᠯᠦᠭᠰᠡᠨ ᠦᠭᠡᠢ ᠨᠣᠮ ᠪᠢᠴᠢᠭ᠂ ᠰᠣᠨᠢᠨ ᠰᠡᠳᠬᠦᠯ᠂ ᠳᠠᠭᠤ ᠳᠦᠷᠰᠦ ᠰᠢᠩᠭᠡᠭᠡᠯᠲᠡ ᠵᠢᠨ ᠪᠦᠲᠦᠭᠡᠭᠳᠡᠬᠦᠨ ᠪᠠ ᠡᠯᠸᠺᠲᠷᠤᠨ ᠬᠡᠪᠯᠡᠭᠳᠡᠬᠦᠨ᠎ᠢ ᠪᠣᠷᠣᠯᠠᠭᠤᠯᠵᠤ ᠲᠠᠷᠬᠠᠭ᠋ᠠᠵᠤ ᠪᠣᠯᠬᠤ ᠦᠭᠡᠢ᠃
ᠲᠠᠪᠤᠳᠤᠭ᠋ᠠᠷ ᠪᠦᠯᠦᠭ ᠪᠠᠲᠤᠯᠠᠭ᠎ᠠ ᠵᠢᠨ ᠨᠥᠬᠥᠴᠡᠯ
ᠭᠤᠴᠢᠳᠤᠭ᠋ᠠᠷ ᠵᠦᠢ᠍ᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯᠯᠠᠭ᠎ᠠ ᠵᠢᠨ ᠥᠷᠨᠢᠯᠲᠡ ᠵᠢ ᠳᠡᠮᠵᠢᠨ ᠠᠬᠢᠭᠤᠯᠵᠤ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠢ ᠳᠡᠯᠭᠡᠷᠡᠭᠦᠯᠬᠦ᠎ᠳᠤ ᠴᠢᠬᠤᠯᠠ ᠪᠦᠬᠦᠢ ᠨᠥᠬᠥᠴᠡᠯ ᠬᠠᠩᠭ᠋ᠠᠵᠤ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ᠃
ᠭᠤᠴᠢᠨ ᠨᠢᠭᠡᠳᠦᠭᠡᠷ ᠵᠦᠢ᠍ᠯ ᠪᠡᠶ᠎ᠡ ᠵᠢᠨ ᠲᠠᠮᠢᠷ᠎ᠤᠨ ᠣᠷᠳᠣᠨ ᠲᠠᠯᠠᠪᠠᠶ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠬᠥᠳᠡᠯᠭᠡᠭᠡᠨ᠎ᠳᠤ ᠲᠠᠯᠠᠪᠤᠷ ᠪᠡᠯᠡᠳᠬᠡᠮᠵᠢ ᠵᠢᠨ ᠪᠠᠲᠤᠯᠠᠭ᠎ᠠ ᠬᠠᠩᠭ᠋ᠠᠬᠤ ᠵᠢ ᠵᠣᠷᠢᠭᠵᠢᠭᠤᠯᠬᠤ ᠪᠠ ᠳᠡᠮᠵᠢᠨ᠎ᠡ᠃
ᠭᠤᠴᠢᠨ ᠬᠣᠶᠠᠳᠤᠭ᠋ᠠᠷ ᠵᠦᠢ᠍ᠯ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠵᠣᠬᠢᠶᠠᠨ ᠪᠠᠶ᠋ᠢᠭᠤᠯᠤᠯᠲᠠ ᠵᠢ ᠵᠣᠷᠢᠭᠵᠢᠭᠤᠯᠵᠤ ᠪᠠᠶ᠋ᠢᠭ᠋ᠠᠳ ᠰᠤᠷᠭ᠋ᠠᠭᠤᠯᠢ᠂ ᠠᠵᠢᠯᠴᠢᠨ᠎ᠤ ᠡᠪᠯᠡᠯ᠂ ᠡᠪ ᠬᠠᠮᠲᠤ ᠶᠣᠰᠣᠨ᠎ᠤ ᠵᠠᠯᠠᠭᠤᠴᠤᠳ᠎ᠤᠨ ᠡᠪᠯᠡᠯ᠂ ᠡᠮᠡᠭᠲᠡᠶ᠋ᠢᠴᠦᠳ᠎ᠤᠨ ᠬᠣᠯᠪᠣᠭ᠎ᠠ᠂ ᠵᠡᠮᠳᠡᠭᠴᠦᠳ᠎ᠤᠨ ᠬᠣᠯᠪᠣᠭ᠋ᠠᠲᠤ ᠬᠤᠷᠠᠯ ᠵᠡᠷᠭᠡ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠣᠯᠤᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯᠯᠠᠭ᠎ᠠ ᠥᠷᠨᠢᠭᠦᠯᠬᠦ᠎ᠳᠤ ᠵᠢᠯᠣᠭᠣᠳᠣᠯᠭ᠎ᠠ ᠪᠠ ᠬᠠᠪᠰᠤᠷᠤᠯᠭ᠎ᠠ ᠬᠠᠩᠭ᠋ᠠᠨ᠎ᠠ᠃
ᠭᠤᠴᠢᠨ ᠭᠤᠷᠪᠠᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠥᠷᠲᠡᠭᠡ ᠴᠢᠭ᠎ᠢ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠪ᠂ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠺᠯᠦ᠋ᠪ᠂ ᠪᠡᠶ᠎ᠡ ᠵᠢᠨ ᠲᠠᠮᠢᠷ᠎ᠤᠨ ᠴᠡᠴᠡᠷᠯᠢᠭ᠂ ᠰᠣᠶᠣᠯ ᠪᠡᠶ᠎ᠡ ᠵᠢᠨ ᠲᠠᠮᠢᠷ᠎ᠤᠨ ᠶᠡᠷᠦᠩᠬᠡᠶ᠋ᠢᠯᠡᠭᠰᠡᠨ ᠴᠣᠭᠴᠠ᠂ ᠨᠡᠶ᠋ᠢᠭᠡᠮ ᠲᠣᠭᠤᠷᠢᠭ᠎ᠤᠨ ᠦᠢ᠍ᠯᠡᠴᠢᠯᠡᠭᠡᠨ᠎ᠤ ᠲᠥᠪ᠂ ᠡᠷᠡᠭᠦᠯ ᠮᠡᠨᠳᠦ ᠪᠡᠶ᠎ᠡ ᠰᠤᠪᠢᠯᠠᠬᠤ ᠰᠠᠭᠤᠷᠢᠨ ᠭᠠᠵᠠᠷ ᠵ᠊ ᠊ᠡᠷᠭᠡᠳᠤ ᠲᠦᠰᠢᠭᠯᠡᠨ ᠪᠠᠶ᠋ᠢᠭᠤᠯᠬᠤ ᠵᠢ ᠵᠣᠷᠢᠭᠵᠢᠭᠤᠯᠬᠤ ᠪᠠ ᠬᠥᠲᠥᠯᠦᠨ ᠵᠢᠯᠣᠭᠤᠳᠬᠤ ᠬᠡᠷᠡᠭᠲᠡᠶ᠃
ᠭᠤᠴᠢᠨ ᠳᠥᠷᠪᠡᠳᠦᠭᠡᠷ ᠵᠦᠢ᠍ᠯ ᠬᠠᠤᠯᠢ ᠶᠣᠰᠣᠭ᠋ᠠᠷ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠪᠣᠯᠪᠠᠰᠤᠷᠠᠯ᠎ᠤᠨ ᠪᠠᠶ᠋ᠢᠭᠤᠯᠤᠮᠵᠢ ᠪᠠᠶ᠋ᠢᠭᠤᠯᠬᠤ ᠵᠢ ᠵᠣᠷᠢᠭᠵᠢᠭᠤᠯᠵᠤ᠂ ᠵᠢᠷᠤᠮᠵᠢᠭᠰᠠᠨ ᠬᠠᠮᠢᠶᠠᠷᠤᠯᠲᠠ ᠵᠢ ᠴᠢᠩᠭ᠋ᠠᠳᠬᠠᠵᠤ᠂ ᠡᠷᠡᠭᠦᠯ ᠮᠡᠨᠳᠦ᠂ ᠨᠠᠰᠤᠵᠢᠯ᠎ᠤᠨ ᠠᠰᠠᠷᠠᠮᠵᠢ᠂ ᠰᠣᠶᠣᠯ᠂ ᠵᠢᠭᠤᠯᠴᠢᠯᠠᠯ ᠵᠡᠷᠭᠡ ᠣᠯᠠᠨ ᠡᠵᠡᠩᠨᠡᠯᠲᠡ ᠵᠢᠨ ᠬᠡᠯᠪᠡᠷᠢ ᠵᠢᠨ ᠠᠭᠤᠰᠤᠯᠴᠠᠯ᠎ᠢ ᠠᠬᠢᠭᠤᠯᠵᠤ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ᠃
ᠭᠤᠴᠢᠨ ᠲᠠᠪᠤᠳᠤᠭ᠋ᠠᠷ ᠵᠦᠢ᠍ᠯ ᠡᠯ᠎ᠡ ᠱᠠᠲᠤᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠨ ᠵᠢᠷᠤᠮᠵᠢᠭᠤᠯᠵᠤ᠂ ᠨᠡᠶ᠋ᠢᠭᠡᠮ᠎ᠤᠨ ᠬᠦᠴᠦᠨ᠎ᠤ ᠣᠷᠣᠭᠤᠯᠤᠯᠲᠠ ᠵᠢ ᠵᠣᠷᠢᠭᠵᠢᠭᠤᠯᠤᠨ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠰᠠᠭᠤᠷᠢ ᠪᠦᠬᠦᠢ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠦᠢ᠍ᠯᠡᠳᠬᠦᠨ᠎ᠢ ᠨᠡᠭᠡᠭᠡᠨ ᠬᠥᠭᠵᠢᠭᠦᠯᠵᠦ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠦᠢ᠍ᠯᠡᠴᠢᠯᠡᠭᠡ ᠬᠠᠩᠭ᠋ᠠᠬᠤ ᠬᠡᠷᠡᠭᠲᠡᠶ᠃
ᠭᠤᠴᠢᠨ ᠵᠢᠷᠭᠤᠳᠤᠭ᠋ᠠᠷ ᠵᠦᠢ᠍ᠯ ᠨᠥᠬᠦᠴᠡᠯ᠎ᠲᠠᠢ ᠶᠡᠭᠡ ᠳᠡᠭᠡᠳᠦ ᠰᠤᠷᠭ᠋ᠠᠭᠤᠯᠢ ᠵᠢᠴᠢ ᠪᠡᠶ᠎ᠡ ᠵᠢᠨ ᠲᠠᠮᠢᠷ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠤ ᠪᠠᠶ᠋ᠢᠭᠤᠯᠤᠮᠵᠢ ᠵᠢᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠬᠠᠮᠢᠶ᠎ᠠ ᠪᠥᠬᠦᠶ ᠰᠤᠳᠤᠯᠭ᠋ᠠᠨ ᠥᠷᠨᠢᠭᠦᠯᠬᠦ ᠵᠢ ᠵᠣᠷᠢᠭᠵᠢᠭᠤᠯᠵᠤ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢ ᠲᠤᠯᠭ᠋ᠠᠭᠤᠷᠢᠯᠠᠬᠤ ᠴᠢᠳᠠᠪᠤᠷᠢᠲᠠᠨ᠎ᠤ ᠡᠩᠨᠡᠭᠡ ᠵᠢ ᠬᠥᠮᠦᠵᠢᠭᠦᠯᠦᠨ᠎ᠡ᠃
ᠵᠢᠷᠭᠤᠳᠤᠭ᠋ᠠᠷ ᠪᠦᠯᠦᠭ ᠬᠠᠤᠯᠢ ᠵᠢᠨ ᠬᠠᠷᠢᠭᠤᠴᠠᠯᠭ᠎ᠠ
ᠭᠤᠴᠢᠨ ᠳᠣᠯᠣᠳᠤᠭ᠋ᠠᠷ ᠵᠦᠢ᠍ᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠳᠤ ᠰᠢᠳᠬᠡᠨ ᠲᠣᠷᠭ᠋ᠠᠬᠤ ᠲᠣᠭᠲᠠᠭ᠋ᠠᠯ᠎ᠲᠠᠢ ᠪᠣᠯ ᠲᠡᠷᠡ ᠲᠣᠭᠲᠠᠭ᠋ᠠᠯ᠎ᠢ᠎ᠨᠢ ᠳᠠᠭ᠋ᠠᠬᠤ ᠬᠡᠷᠡᠭᠲᠡᠶ᠃
ᠭᠤᠴᠢᠨ ᠨᠠᠢ᠍ᠮᠠᠳᠤᠭ᠋ᠠᠷ ᠵᠦᠢ᠍ᠯ ᠲᠤᠰ ᠠᠷᠭ᠎ᠠ ᠵᠢᠨ ᠨᠠᠢ᠍ᠮᠠᠳᠤᠭ᠋ᠠᠷ ᠵᠦᠢ᠍ᠯ ᠪᠣᠯᠤᠨ ᠬᠣᠷᠢ ᠶᠢᠰᠦᠳᠦᠭᠡᠷ ᠵᠦᠢ᠍ᠯ᠎ᠤᠨ ᠲᠣᠭᠲᠠᠭ᠋ᠠᠯ᠎ᠠᠴᠠ ᠵᠥᠷᠢᠴᠡᠭᠰᠡᠨ ᠪᠣᠯ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠤᠶᠤ ᠲᠡᠭᠦᠨ᠎ᠤ ᠨᠠᠶ᠋ᠢᠳᠠᠭᠰᠠᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠠᠴᠠ ᠵᠠᠷᠯᠢᠭᠳᠠᠵᠤ ᠪᠠᠶ᠋ᠢᠭ᠋ᠠᠳ ᠴᠡᠭᠴᠡᠯᠡᠨ ᠥᠭᠡᠷᠡᠴᠢᠯᠡᠭᠦᠯᠵᠦ᠂ ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ ᠪᠣᠯ ᠮᠢᠩᠭ᠋ᠠᠨ ᠲᠥᠭᠥᠷᠢᠭ᠎ᠠᠴᠠ ᠲᠠᠪᠤᠨ ᠮᠢᠩᠭ᠋ᠠᠨ ᠲᠥᠭᠥᠷᠢᠭ ᠵᠣᠭᠣᠰ ᠵᠶ᠋ᠠᠷ ᠲᠣᠷᠭ᠋ᠠᠨ᠎ᠠ; ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠲᠣᠭᠲᠠᠭ᠋ᠠᠯ᠎ᠠᠴᠠ ᠵᠥᠷᠢᠴᠡᠭᠰᠡᠨ ᠪᠣᠯ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠳᠬᠡᠨ ᠲᠣᠷᠭ᠋ᠠᠬᠤ ᠬᠠᠤᠯᠢ》 ᠵᠢᠨ ᠶᠣᠰᠣᠭ᠋ᠠᠷ ᠰᠢᠳᠬᠡᠨ ᠲᠣᠷᠭ᠋ᠠᠨ᠎ᠠ; ᠶᠠᠯᠠᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠭᠤᠴᠢ ᠶᠢᠰᠦᠳᠦᠭᠡᠷ ᠵᠦᠢ᠍ᠯ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠭᠴᠢ ᠲᠤᠰ ᠠᠷᠭ᠎ᠠ ᠵᠢᠨ ᠬᠣᠷᠢᠳᠤᠭ᠋ᠠᠷ ᠵᠦᠢ᠍ᠯ᠂ ᠬᠣᠷᠢᠨ ᠭᠤᠷᠪᠠᠳᠤᠭ᠋ᠠᠷ ᠵᠦᠢ᠍ᠯ᠂ ᠬᠣᠷᠢᠨ ᠳᠥᠷᠪᠡᠳᠦᠭᠡᠷ ᠵᠦᠢ᠍ᠯ᠎ᠤᠨ ᠲᠣᠭᠲᠠᠭ᠋ᠠᠯ᠎ᠠᠴᠠ ᠵᠦᠷᠢᠴᠡᠭᠰᠡᠨ ᠪᠤᠯ᠂ ᠬᠢᠨᠠᠨ ᠵᠥᠪᠰᠢᠶᠡᠷᠡᠬᠦ ᠡᠷᠬᠡ ᠮᠡᠳᠡᠯ᠎ᠲᠠᠢ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠤᠶᠤ ᠲᠡᠭᠦᠨ᠎ᠤ ᠨᠠᠶ᠋ᠢᠳᠠᠭᠰᠠᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠠᠴᠠ ᠳᠣᠤᠷᠠᠬᠢ ᠮᠡᠲᠦ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ᠃
(ᠨᠢᠭᠡ) ᠬᠢᠨᠠᠨ ᠵᠥᠪᠰᠢᠶᠡᠷᠡᠭᠦᠯᠬᠦ ᠭᠠᠷᠳᠠᠮ᠎ᠢ ᠲᠣᠭᠲᠠᠭ᠋ᠠᠯ ᠶᠣᠰᠣᠭ᠋ᠠᠷ ᠭᠦᠢ᠍ᠴᠡᠳᠬᠡᠭᠰᠡᠨ ᠦᠭᠡᠶ ᠪᠣᠯ ᠴᠡᠭᠴᠡᠯᠡᠨ ᠰᠠᠶ᠋ᠢᠵᠢᠷᠠᠭᠤᠯᠬᠤ᠂ ᠠᠵᠢᠯᠯᠠᠭ᠎ᠠ ᠵᠢ᠎ᠨᠢ ᠬᠦᠴᠦᠨ ᠦᠭᠡᠶ ᠪᠣᠯᠭ᠋ᠠᠬᠤ ᠪᠤᠶᠤ ᠭᠤᠷᠪᠠᠨ ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ᠃
(ᠬᠤᠶᠠᠷ) ᠬᠢᠨᠠᠨ ᠵᠥᠪᠰᠢᠶᠡᠷᠡᠭᠦᠯᠬᠦ ᠭᠠᠷᠳᠠᠮ ᠭᠦᠢ᠍ᠴᠡᠳᠬᠡᠭᠰᠡᠨ ᠪᠣᠯᠪᠠᠴᠤ ᠠᠵᠢᠯᠯᠠᠭ᠎ᠠ ᠵᠢᠨ ᠲᠥᠰᠦᠯ᠎ᠤᠨ ᠶᠣᠰᠣᠭ᠋ᠠᠷ ᠬᠡᠷᠡᠭᠵᠢᠭᠦᠯᠦᠭᠰᠡᠨ ᠦᠭᠡᠶ ᠪᠣᠯ ᠰᠡᠷᠡᠮᠵᠢ ᠥᠭᠬᠦ᠂ ᠨᠡᠪᠲᠡᠷᠡᠭᠦᠯᠬᠦ ᠪᠤᠶᠤ ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠲᠣᠷᠭ᠋ᠠᠨ᠎ᠠ᠃
ᠳᠥᠴᠢᠳᠦᠭᠡᠷ ᠵᠦᠢ᠍ᠯ ᠲᠤᠰ ᠠᠷᠭ᠎ᠠ ᠵᠢ ᠵᠥᠷᠢᠴᠡᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠥᠷᠲᠡᠭᠡ ᠴᠢᠭ ᠭᠠᠷᠭ᠋ᠠᠭᠰᠠᠨ ᠪᠣᠯ᠂ ᠬᠢᠨᠠᠨ ᠵᠥᠪᠰᠢᠶᠡᠷᠡᠬᠦ ᠡᠷᠬᠡ ᠮᠡᠳᠡᠯ᠎ᠲᠠᠢ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠤᠶᠤ ᠲᠡᠭᠦᠨ᠎ᠤ ᠨᠠᠶ᠋ᠢᠳᠠᠭᠰᠠᠨ ᠶᠡᠷᠦᠩᠬᠡᠶ᠋ᠢᠯᠡᠭᠰᠡᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠰᠠᠯᠠᠭ᠎ᠠ ᠮᠥᠴᠢᠷ᠎ᠠᠴᠠ ᠳᠣᠤᠷᠠᠬᠢ ᠮᠡᠲᠦ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠬᠦ ᠬᠡᠷᠡᠭᠲᠡᠶ᠄
(ᠨᠢᠭᠡ) ᠬᠢᠨᠠᠨ ᠵᠥᠪᠰᠢᠶᠡᠷᠡᠭᠦᠯᠬᠦ ᠭᠠᠷᠳᠠᠮ᠎ᠢ ᠲᠣᠭᠲᠠᠭ᠋ᠠᠯ ᠶᠣᠰᠣᠭ᠋ᠠᠷ ᠭᠦᠢ᠍ᠴᠡᠳᠬᠡᠭᠰᠡᠨ ᠦᠭᠡᠶ ᠪᠣᠯ ᠬᠦᠴᠦᠨ ᠦᠭᠡᠶ ᠪᠣᠯᠭ᠋ᠠᠬᠤ ᠬᠡᠷᠡᠭᠲᠡᠶ;
(ᠬᠤᠶᠠᠷ) ᠣᠨ᠎ᠤ ᠪᠠᠶ᠋ᠢᠴᠠᠭ᠋ᠠᠯᠲᠠ᠎ᠳᠤ ᠣᠷᠣᠯᠴᠠᠭᠰᠠᠨ ᠦᠭᠡᠶ ᠪᠤᠶᠤ ᠣᠨ᠎ᠤ ᠪᠠᠶ᠋ᠢᠴᠠᠭ᠋ᠠᠯᠲᠠ᠎ᠳᠤ ᠬᠢᠷᠢ ᠲᠡᠩᠴᠡᠭᠰᠡᠨ ᠦᠭᠡᠶ ᠪᠠᠶ᠋ᠢᠪᠠᠯ᠂ ᠵᠠᠷᠯᠢᠭᠳᠠᠵᠤ ᠪᠠᠶ᠋ᠢᠭ᠋ᠠᠳ ᠴᠡᠭᠴᠡᠯᠡᠨ ᠥᠭᠡᠷᠡᠴᠢᠯᠡᠭᠦᠯᠵᠦ᠂ ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ ᠪᠣᠯ᠂ ᠥᠷᠲᠡᠭᠡ ᠴᠢᠭ᠎ᠤᠨ ᠬᠠᠷᠢᠭᠤᠴᠠᠯᠭ᠋ᠠᠲᠠᠨ᠎ᠢ ᠮᠢᠩᠭ᠋ᠠᠨ ᠲᠥᠭᠥᠷᠢᠭ᠎ᠠᠴᠠ ᠲᠠᠪᠤᠨ ᠮᠢᠩᠭ᠋ᠠᠨ ᠲᠥᠭᠥᠷᠢᠭ ᠵᠣᠭᠣᠰ ᠵᠶ᠋ᠠᠷ ᠲᠣᠷᠭ᠋ᠠᠨ᠎ᠠ;
(ᠭᠤᠷᠪᠠ) ᠥᠷᠨᠢᠭᠦᠯᠦᠭᠰᠡᠨ ᠪᠤᠯᠪᠠᠰᠤᠷᠠᠯ᠎ᠨᠢ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ᠎ᠠᠴᠠ ᠬᠢᠨᠠᠨ ᠲᠣᠭᠲᠠᠭ᠋ᠠᠵᠤ ᠵᠥᠪᠰᠢᠶᠡᠷᠡᠭᠰᠡᠨ ᠪᠤᠰᠤ ᠪᠣᠯ ᠵᠠᠷᠯᠢᠭᠳᠠᠵᠤ ᠪᠠᠶ᠋ᠢᠭ᠋ᠠᠳ ᠴᠡᠭᠴᠡᠯᠡᠨ ᠥᠭᠡᠷᠡᠴᠢᠯᠡᠭᠦᠯᠵᠦ᠂ ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ ᠪᠣᠯ ᠥᠷᠲᠡᠭᠡ ᠴᠢᠭ᠎ᠤᠨ ᠬᠠᠷᠢᠭᠤᠴᠠᠯᠭ᠋ᠠᠲᠠᠨ᠎ᠢ ᠮᠢᠩᠭ᠋ᠠᠨ ᠲᠥᠭᠥᠷᠢᠭ᠎ᠠᠴᠠ ᠲᠠᠪᠤᠨ ᠮᠢᠩᠭ᠋ᠠᠨ ᠲᠥᠭᠥᠷᠢᠭ ᠵᠣᠭᠣᠰ ᠵᠶ᠋ᠠᠷ ᠲᠣᠷᠭ᠋ᠠᠨ᠎ᠠ᠃
ᠳᠥᠴᠢᠨ ᠨᠢᠭᠡᠳᠦᠭᠡᠷ ᠵᠦᠢ᠍ᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠨ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠵᠢᠴᠢ ᠠᠵᠢᠯᠲᠠᠨ ᠵᠣᠬᠢᠴᠠᠩᠭᠤᠶ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠦᠭᠡᠶ᠎ᠠᠴᠠ ᠪᠣᠯᠵᠤ ᠮᠠᠭᠤ ᠨᠥᠯᠥᠭᠡ ᠦᠵᠡᠭᠦᠯᠦᠭᠰᠡᠨ ᠪᠣᠯ ᠬᠠᠷᠢᠭᠤᠴᠠᠯᠭ᠎ᠠ ᠡᠭᠦᠷᠭᠡᠯᠡᠵᠦ ᠪᠦᠬᠦᠢ ᠤᠳᠤᠷᠢᠳᠬᠤ ᠬᠥᠮᠦᠰ ᠪᠣᠯᠤᠨ ᠰᠢᠭᠤᠳ ᠬᠠᠷᠢᠭᠤᠴᠠᠯᠭ᠎ᠠ ᠡᠭᠦᠷᠭᠡᠯᠡᠵᠦ ᠪᠦᠬᠦᠢ ᠬᠥᠮᠦᠰ᠎ᠲᠤ ᠬᠠᠤᠯᠢ ᠶᠣᠰᠣᠭ᠋ᠠᠷ ᠰᠢᠳᠬᠡᠯ ᠣᠯᠭᠣᠨ᠎ᠠ; ᠶᠠᠯᠠᠳᠤ ᠬᠦᠷᠦᠭᠰᠡᠨ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠳᠣᠯᠣᠳᠤᠭ᠋ᠠᠷ ᠪᠦᠯᠦᠭ ᠳᠠᠭ᠋ᠠᠯᠳᠤᠭᠤᠯᠤᠯ ᠳᠦᠷᠢᠮ
ᠳᠥᠴᠢᠨ ᠬᠤᠶᠠᠳᠤᠭ᠋ᠠᠷ ᠵᠦᠢ᠍ᠯ ᠲᠣᠰ ᠠᠷᠭ᠎ᠠ ᠵᠢ 2024 ᠣᠨ᠎ᠤ 10 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠵᠦ ᠬᠡᠷᠡᠭᠵᠢᠭᠦᠯᠦᠨ᠎ᠡ᠃ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶᠠᠨ᠎ᠤ 2006 ᠣᠨ᠎ᠤ 11 ᠰᠠᠷ᠎ᠠ ᠵᠢᠨ 17᠎ᠤ ᠡᠳᠦᠷ ᠨᠡᠶ᠋ᠢᠲᠡᠯᠡᠭᠰᠡᠨ 9 ᠳ᠋ᠤᠭᠡᠷ ᠲᠣᠭ᠋ᠠᠲᠤ ᠵᠠᠷᠯᠢᠭ 《ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠬᠠᠮᠢᠶᠠᠷᠤᠯᠲᠠ ᠵᠢᠨ ᠠᠷᠭ᠎ᠠ》 ᠵᠢ ᠬᠠᠮᠲᠤᠳᠤᠨᠢ ᠬᠦᠴᠦᠨ ᠦᠭᠡᠶ ᠪᠣᠯᠭ᠋ᠠᠨ᠎ᠠ᠃