11 ᠰᠠᠷ᠎ᠠ ᠵᠢᠨ 30᠎ᠤ ᠡᠳᠦᠷ᠂ ᠠᠷᠪᠠᠨ ᠬᠤᠶᠠᠳᠤᠭ᠋ᠠᠷ ᠬᠤᠭᠤᠴᠠᠭ᠋ᠠᠨ᠎ᠤ ᠪᠥᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠲᠡᠭᠦᠰᠬᠦ ᠶᠣᠰᠣᠯᠠᠯ ᠬᠠᠶ᠋ᠢᠨᠠᠨ ᠮᠤᠵᠢ ᠵᠢᠨ ᠰᠠᠨᠶᠠ ᠬᠤᠲᠠ᠎ᠳᠤ ᠶᠠᠪᠤᠭᠳᠠᠪᠠ᠃ ᠳᠤᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠳᠤ ᠦᠪᠦᠷ ᠮᠤᠩᠭᠤᠯ 286 ᠬᠦᠮᠦᠨ᠎ᠤ ᠲᠦᠯᠦᠭᠡᠯᠡᠭᠴᠢᠳ᠎ᠤᠨ ᠪᠦᠯᠬᠦᠮ᠎ᠢ ᠵᠤᠬᠢᠶᠠᠨ ᠪᠠᠶ᠋ᠢᠭᠤᠯᠵᠦ᠂ ᠲᠡᠪᠡᠭ᠂ ᠲᠡᠭᠦᠵᠢᠩ᠂ ᠬᠤᠯᠬᠤᠪᠴᠢ ᠨᠤᠮᠤ᠂ ᠲᠠᠳᠠᠭ᠎ᠠ᠂ ᠦᠨᠳᠦᠰᠦᠳᠡᠨ᠎ᠤ ᠵᠡᠪᠰᠡᠭ᠎ᠤᠨ ᠡᠷᠳᠡᠮ᠂ ᠦᠨᠳᠦᠰᠦᠳᠡᠨ᠎ᠤ ᠮᠠᠶᠢᠭ᠎ᠤᠨ ᠪᠦᠬᠡ ᠪᠠᠷᠢᠯᠳᠤᠬᠤ᠂ ᠦᠨᠳᠦᠰᠦᠳᠡᠨ᠎ᠤ ᠮᠤᠷᠢᠨ ᠮᠡᠷᠭᠡᠵᠢᠯ ᠪᠠ ᠦᠨᠳᠦᠰᠦᠳᠡᠨ᠎ᠤ ᠪᠡᠶ᠎ᠡ ᠴᠢᠬᠢᠷᠠᠭᠵᠢᠭᠤᠯᠬᠤ 8 ᠤᠷᠤᠯᠳᠤᠭ᠋ᠠᠨ᠎ᠤ ᠲᠦᠷᠦᠯ ᠵᠦᠢ᠍ᠯ᠎ᠳᠤ ᠤᠷᠤᠯᠴᠠᠵᠦ᠂ ᠴᠦ᠋ ᠪᠤᠯᠢᠶᠠᠯᠳᠤᠬᠤ᠂ ᠤᠯᠠᠮᠵᠢᠯᠠᠯᠳᠦ ᠪᠤᠢ᠌ᠺᠦ ᠪᠦᠮᠪᠦᠭᠡ᠂ ᠲᠡᠮᠡᠭᠡᠨ ᠪᠦᠮᠪᠦᠭᠡ ᠪᠠ ᠮᠤᠷᠢᠨ ᠲᠡᠭᠡᠷᠡᠬᠢ ᠦᠵᠡᠭᠦᠯᠭᠡ ᠵᠡᠷᠭᠡ 4 ᠦᠵᠡᠬᠦᠯᠭᠡ ᠵᠢᠨ ᠲᠦᠷᠦᠯ ᠵᠦᠢ᠍ᠯ᠎ᠳᠤ ᠤᠷᠤᠯᠴᠠᠭᠰᠠᠨ ᠪᠠᠢ᠌ᠨ᠎ᠡ᠃

ᠮᠠᠨ᠎ᠤ ᠤᠷᠤᠨ᠎ᠤ ᠲᠠᠮᠢᠷᠴᠢᠳ ᠪᠥᠬᠦ ᠬᠦᠴᠦᠨ ᠵᠶ᠋ᠠᠷ ᠵᠶ᠋ᠠᠨ ᠴᠢᠷᠮᠠᠶ᠋ᠢᠵᠤ᠂ ᠤᠷᠤᠯᠳᠤᠭ᠋ᠠᠨ᠎ᠤ ᠲᠥᠷᠥᠯ ᠵᠦᠢ᠍ᠯ᠎ᠤᠨ ᠲᠠᠯ᠎ᠠ᠎ᠪᠠᠷ 6 ᠨᠢᠭᠡᠳᠦᠭᠡᠷ ᠳᠡᠰ᠎ᠤᠨ ᠱᠠᠩᠨᠠᠯ᠂ 23 ᠬᠤᠶᠠᠳᠤᠭ᠋ᠠᠷ ᠳᠡᠰ᠎ᠤᠨ ᠱᠠᠩᠨᠠᠯ ᠪᠠ 25 ᠭᠤᠷᠪᠠᠳᠤᠭ᠋ᠠᠷ ᠳᠡᠰ᠎ᠤᠨ ᠱᠠᠩᠨᠠᠯ᠎ᠢ ᠣᠯᠵᠤ᠂ ᠲᠣᠭᠯᠠᠯᠲᠠ ᠵᠢᠨ ᠲᠥᠷᠥᠯ ᠵᠦᠢ᠍ᠯ᠎ᠤᠨ ᠲᠠᠯ᠎ᠠ᠎ᠪᠠᠷ 2 ᠨᠢᠭᠡᠳᠦᠭᠡᠷ ᠳᠡᠰ᠎ᠤᠨ ᠱᠠᠩᠨᠠᠯ ᠪᠠ 2 ᠬᠤᠶᠠᠳᠤᠭ᠋ᠠᠷ ᠳᠡᠰ᠎ᠤᠨ ᠱᠠᠩᠨᠠᠯ ᠣᠯᠵᠤ᠂ ᠨᠡᠶ᠋ᠢᠲᠡ 58 ᠱᠠᠩᠨᠠᠯ ᠭᠥᠷᠳᠡᠪᠡ᠃


ᠲᠤᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠮᠠᠨ᠎ᠤ ᠣᠷᠣᠨ᠎ᠤ ᠲᠥᠯᠥᠭᠡᠯᠡᠭᠴᠢᠳ᠎ᠤᠨ ᠪᠦᠯᠬᠦᠮ ᠡᠯ᠎ᠡ ᠵᠦᠢ᠍ᠯ᠎ᠤᠨ ᠤᠷᠤᠯᠳᠤᠭ᠋ᠠᠨ᠎ᠤ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠵᠦ᠂ ᠪᠡᠶ᠎ᠡ ᠵᠢᠨ ᠲᠠᠮᠢᠷ᠎ᠤᠨ ᠶᠣᠰᠣ ᠰᠤᠷᠲᠠᠬᠤᠨ᠎ᠤ ᠬᠡᠪ ᠰᠤᠷᠲᠠᠯ᠎ᠤᠨ ᠱᠠᠩᠨᠠᠯ ᠬᠦᠷᠳᠡᠵᠦ᠂ ᠰᠢᠨ᠎ᠡ ᠴᠠᠭ ᠦᠶ᠎ᠡ ᠵᠢᠨ ᠥᠪᠥᠷ ᠮᠣᠩᠭᠤᠯ᠎ᠤᠨ ᠦᠨᠳᠦᠰᠦᠲᠡᠨ᠎ᠤ ᠪᠦᠯᠬᠦᠮᠳᠡᠯ ᠲᠠᠪᠰᠢᠯᠳᠠ ᠵᠢᠨ ᠠᠮᠢᠳᠤᠯᠢᠭ ᠦᠢ᠍ᠯᠡᠳᠦᠯᠭᠡ ᠵᠢᠴᠢ ᠥᠪᠥᠷ ᠮᠣᠩᠭᠤᠯ᠎ᠤᠨ ᠦᠨᠳᠦᠰᠦᠲᠡᠨ᠎ᠨᠦᠭᠦᠳ᠎ᠤᠨ ᠬᠥᠪᠡᠭᠦᠳ ᠥᠬᠢᠳ᠎ᠤᠨ ᠨᠠᠮ᠎ᠤᠨ ᠠᠴᠢ᠎ᠳᠤ ᠲᠠᠯᠠᠷᠬᠠᠬᠤ᠂ ᠨᠠᠮ᠎ᠤᠨ ᠦᠭᠡ ᠵᠢ ᠰᠣᠨᠣᠰᠬᠤ᠂ ᠨᠠᠮ ᠵᠶ᠋ᠠᠨ ᠳᠠᠭ᠋ᠠᠬᠤ ᠤᠶᠤᠨ ᠰᠠᠨᠠᠭ᠋ᠠᠨ᠎ᠤ ᠳᠦᠷᠰᠦ ᠪᠠᠶ᠋ᠢᠳᠠᠯ᠎ᠢ ᠢᠯᠡᠷᠡᠭᠦᠯᠵᠦ᠂ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠠᠬᠢᠭᠤᠯᠵᠤ᠂ ᠪᠣᠳᠠᠲᠤ ᠠᠵᠢᠯᠯᠠᠭ᠎ᠠ᠎ᠪᠠᠷ ᠵᠶ᠋ᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠪᠡᠶᠡᠯᠡᠭᠦᠯᠪᠡ᠃



ᠲᠡᠭᠦᠰᠬᠦ ᠶᠣᠰᠣᠯᠠᠯ ᠳᠡᠭᠡᠷ᠎ᠡ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠲᠤᠭ᠎ᠢ ᠲᠤᠰᠢᠶᠠᠬᠤ ᠪᠠ ᠬᠦᠯᠢᠶᠡᠨ ᠠᠪᠬᠤ ᠶᠣᠰᠣᠯᠠᠯ ᠶᠠᠪᠤᠭᠤᠯᠪᠠ᠃ ᠠᠷᠪᠠᠨ ᠭᠤᠷᠪᠠᠳᠤᠭ᠋ᠠᠷ ᠬᠤᠭᠤᠴᠠᠭ᠋ᠠᠨ᠎ᠤ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ 2027 ᠣᠨ᠎ᠳᠤ ᠬᠤᠨᠠᠨ ᠮᠣᠵᠢ᠎ᠳᠤ ᠶᠠᠪᠤᠭᠳᠠᠨ᠎ᠠ᠃