ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠪᠥᠷ ᠮᠣᠩᠭᠤᠯ᠎ᠤᠨ ᠪᠡᠶ᠎ᠡ ᠵᠢᠨ ᠲᠠᠮᠢᠷ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡ ᠡᠬᠢᠯᠡᠪᠡ
ᠨᠡᠶ᠋ᠢᠲᠡᠯᠡᠭᠰᠡᠨ ᠴᠠᠭ᠄ 2025-03-25

    ᠲᠦᠷᠦᠬᠦᠬᠡᠨ 2025 ᠣᠨ᠎ᠤ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠡᠬᠢᠯᠡᠯᠲᠡ ᠵᠢᠨ ᠶᠣᠰᠣᠯᠠᠯ ᠬᠦᠬᠡᠬᠤᠲᠠ᠎ᠳᠤ ᠡᠬᠢᠯᠡᠵᠦ᠂ 24 ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠣᠯᠤᠨ 56 ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠣᠬᠢᠶᠠᠨ ᠪᠠᠶ᠋ᠢᠭᠤᠯᠤᠯᠲᠠ ᠵᠢᠨ 1000 ᠭᠠᠷᠤᠶ ᠬᠥᠮᠦᠨ ᠣᠷᠣᠯᠴᠠᠵᠠᠶ᠃ ᠮᠠᠨ᠎ᠤ ᠤᠷᠤᠨ᠎ᠤ ᠪᠡᠶ᠎ᠡ ᠵᠢᠨ ᠲᠠᠮᠢᠷ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ᠎ᠨᠢ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠤᠤᠯ ᠰᠢᠵᠢᠮ᠎ᠤᠨ ᠲᠣᠭᠤᠷᠢᠨ᠎ᠳᠤ ᠪᠡᠶ᠎ᠡ ᠵᠢᠨ ᠲᠠᠮᠢᠷ᠎ᠤᠨ ᠵᠣᠷᠢᠭ ᠰᠠᠨᠠᠭ᠎ᠠ ᠵᠢ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠵᠤᠷᠢᠭ ᠰᠠᠨᠠᠭ᠎ᠠ᠎ᠯᠤᠭ᠎ᠠ ᠭᠦᠨᠵᠡᠭᠡᠶ ᠠᠭᠤᠰᠤᠯᠴᠠᠭᠤᠯᠵᠤ᠂ 《ᠤᠮᠠᠷᠠᠲᠤ ᠬᠢᠯᠢ ᠵᠢᠨ ᠪᠡᠶ᠎ᠡ ᠵᠢᠨ ᠲᠠᠮᠢᠷ᠎ᠤᠨ ᠬᠥᠩᠭᠡᠨ ᠮᠣᠷᠢᠲᠤ ᠴᠡᠷᠢᠭ》 ᠪᠡᠶ᠎ᠡ ᠵᠢᠨ ᠲᠠᠮᠢᠷ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠡᠩᠨᠡᠭᠡ ᠵᠢ ᠵᠣᠬᠢᠶᠠᠨ ᠪᠠᠶ᠋ᠢᠭᠤᠯᠵᠤ᠂ ᠪᠡᠶ᠎ᠡ ᠵᠢᠨ ᠲᠠᠮᠢᠷ᠎ᠤᠨ ᠰᠠᠶ᠋ᠢᠨ ᠳᠤᠷ᠎ᠠ ᠵᠢᠨ ᠦᠢ᠍ᠯᠡᠴᠢᠯᠡᠭᠡ ᠵᠢ ᠬᠢᠯᠢ ᠬᠢᠵᠠᠭ᠋ᠠᠷ ᠣᠷᠣᠨ᠎ᠳᠤ ᠬᠦᠷᠭᠡᠵᠦ᠂ ᠮᠠᠯᠵᠢᠬᠤ ᠲᠠᠷᠢᠶᠠᠯᠠᠬᠤ ᠤᠷᠤᠨ ᠬᠥᠳᠡᠭᠡ ᠲᠣᠰᠬᠤᠨ᠎ᠳᠤ ᠬᠦᠷᠭᠡᠵᠦ᠂ ᠨᠠᠰᠤᠲᠠᠶ᠋ᠢᠴᠤᠳ᠎ᠤᠨ ᠳᠡᠷᠭᠡᠳᠡ ᠬᠦᠷᠭᠡᠵᠦ᠂ ᠬᠢᠯᠢ ᠬᠢᠵᠠᠭ᠋ᠠᠷ᠎ᠢ ᠬᠥᠭᠵᠢᠭᠦᠯᠦᠨ ᠠᠷᠠᠳ ᠤᠯᠠᠨ᠎ᠤ ᠪᠡᠶ᠎ᠡ ᠮᠠᠬᠠᠪᠣᠳ᠎ᠢ ᠴᠢᠭᠢᠷᠠᠭᠵᠢᠭᠤᠯᠬᠤ᠎ᠳᠤ ᠴᠢᠨᠠᠷ ᠰᠠᠶ᠋ᠢᠳᠠᠢ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ ᠬᠠᠩᠭ᠋ᠠᠬᠤ ᠪᠤᠯᠤᠨ᠎ᠠ᠃ ᠲᠤᠰ ᠤᠳᠠᠭ᠋ᠠᠨ᠎ᠤ ᠠᠵᠢᠯᠯᠠᠭ᠎ᠠ ᠲᠡᠭᠡᠷ᠎ᠡ     《ᠨᠢᠭᠡ ᠭᠤᠤᠯ ᠰᠢᠵᠢᠮ᠎ᠢ ᠲᠤᠭᠤᠰᠢᠯᠠᠭᠤᠯᠬᠤ᠂ ᠬᠤᠶᠠᠷ ᠶᠡᠭᠡ ᠶᠠᠪᠤᠳᠠᠯ᠎ᠢ ᠰᠠᠶ᠋ᠢᠲᠤᠷ ᠬᠢᠬᠦ᠂ ᠮᠣᠩᠭᠤᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ᠂ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠣᠷᠣᠬᠤ》 ᠬᠠᠷᠠᠯᠲᠠ ᠵᠢᠨ ᠲᠣᠭᠤᠷᠢᠨ᠎ᠳᠤ ᠨᠠᠩ ᠣᠯᠠᠨ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠣᠬᠢᠶᠠᠨ ᠪᠠᠶ᠋ᠢᠭᠤᠯᠤᠯᠲᠠ ᠵᠢ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠬᠦᠨᠵᠡᠭᠡᠶ᠋ᠢᠷᠡᠭᠦᠯᠵᠦ ᠪᠡᠶ᠎ᠡ ᠴᠢᠭᠢᠷᠠᠭᠵᠢᠭᠤᠯᠬᠤ ᠵᠢᠭ᠋ᠠᠨ ᠵᠢᠯᠣᠭᠤᠳᠣᠯᠭ᠎ᠠ ᠬᠢᠵᠡᠢ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
2025 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠤᠳᠣᠭᠴᠢ (ᠲᠣᠤᠷ ᠪᠥᠮᠪᠦᠭᠡ ᠵᠢᠨ ᠲᠥᠷᠥᠯ ᠵᠦᠢ᠍ᠯ) ᠵᠢᠨ ᠤᠷ᠎ᠠ ᠴᠢᠳᠠᠪᠤᠷᠢ ᠵᠢ ᠳᠡᠭᠡᠭᠰᠢᠯᠡᠭᠦᠯᠬᠦ ᠪᠣᠯᠪᠠᠰᠤᠷᠠᠯ ᠶᠠᠪᠤᠭᠳᠠᠪᠠ
ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ 2025 ᠣᠨ᠎ᠤ 6 ᠳ᠋ᠤᠭ᠋ᠠᠷ ᠤᠳᠠᠭ᠋ᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠦᠪᠦᠷ ᠮᠤᠩᠭᠤᠯ᠎ᠤᠨ ᠡᠪᠦᠯ᠎ᠤᠨ ᠤᠯᠠᠷᠢᠯ᠎ᠤᠨ ᠵᠢᠭᠤᠯᠴᠢᠯᠠᠯ᠎ᠤᠨ ᠨᠠᠢ᠌ᠷ ᠡᠬᠢᠯᠡᠪᠡ
ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠲᠠᠢ᠌ᠴᠢᠯᠠᠯᠳᠠ ᠵᠢᠨ ᠶᠡᠬᠡ ᠬᠤᠷᠠᠯ ᠪᠤᠯᠪᠠ
ᠠᠢ ᠯᠢ ᠬᠤᠸᠠ ᠲᠡᠳ᠋ ᠲᠡᠷᠢᠭᠦᠯᠡᠭᠴᠢ ᠮᠠᠨ᠎ᠤ ᠤᠷᠤᠨ᠎ᠤ ᠲᠡᠯᠡᠬᠡᠢ ᠵᠢᠨ ᠡᠮᠡᠭᠳᠡᠢ ᠵᠢᠨ ᠪᠤᠤᠺᠰ᠎ᠤᠨ ᠠᠪᠤᠷᠭᠤ ᠨᠡᠷ᠎ᠢ ᠬᠦᠯᠢᠶᠡᠨ ᠠᠪᠴᠦ ᠠᠭᠤᠯᠵᠠᠯ᠎ᠠ
 
            