ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠰᠣᠨᠢᠨ ᠮᠡᠳᠡᠭᠡ   -   ᠦᠨᠦᠳᠣᠷ᠎ᠤᠨ ᠰᠣᠨᠢᠨ ᠮᠡᠳᠡᠭᠡ
ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ 2025 ᠣᠨ᠎ᠤ 6 ᠳ᠋ᠤᠭ᠋ᠠᠷ ᠤᠳᠠᠭ᠋ᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠬᠠᠮᠲᠤ ᠵᠢᠨ ᠰᠤᠷᠤᠯᠴᠠᠯᠭ᠎ᠠ ᠵᠢᠨ ᠬᠤᠷᠠᠯ ᠬᠤᠷᠠᠯᠳᠤᠭᠤᠯᠪᠠ
ᠨᠡᠶ᠋ᠢᠲᠡᠯᠡᠭᠰᠡᠨ ᠴᠠᠭ᠄ 2025-06-11

      ᠤᠳᠤᠷᠢᠳᠬᠤ ᠺᠠᠳ᠋ᠷᠴᠤᠳ᠎ᠤᠨ ᠪᠠᠯᠠᠷᠬᠠᠢ ᠲᠠᠨᠢᠯᠲᠠ ᠪᠠ ᠪᠣᠭᠣᠮᠲᠠ ᠳᠠᠪᠠᠭᠤ ᠦᠵᠡᠯ ᠰᠠᠨᠠᠭ᠎ᠠ᠂ 《ᠬᠡᠰᠡᠭ  ᠰᠠᠯᠬᠢ》 ᠵᠢᠨ ᠦᠵᠡᠯ ᠰᠠᠨᠠᠭ᠎ᠠ ᠵᠢ ᠲᠡᠪᠴᠢᠵᠦ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠤᠯᠤᠰ ᠲᠥᠷᠥ ᠵᠢᠨ ᠬᠣᠣᠷ ᠬᠥᠨᠥᠭᠡᠯ᠎ᠢ ᠰᠡᠷᠭᠡᠭ ᠵᠶ᠋ᠠᠷ ᠲᠠᠨᠢᠬᠤ ᠵᠢᠨ ᠲᠥᠯᠥᠭᠡ᠂ 6 ᠰᠠᠷ᠎ᠠ ᠵᠢᠨ 9᠎ᠤ ᠡᠳᠦᠷ᠎ᠤᠨ ᠦᠳᠡ ᠵᠢᠨ ᠡᠮᠦᠨ᠎ᠡ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ 2025 ᠣᠨ᠎ᠤ 6 ᠳ᠋ᠤᠭ᠋ᠠᠷ  ᠤᠳᠠᠭ᠋ᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠣᠨᠣᠯ ᠰᠤᠷᠤᠯᠴᠠᠬᠤ ᠭᠣᠣᠯ ᠳᠤᠭᠤᠢ᠌ᠯᠠᠩ (ᠥᠷᠭᠡᠳᠬᠡᠭᠰᠡᠨ)᠎ᠤᠨ ᠬᠠᠮᠲᠤ ᠵᠢᠨ ᠰᠤᠷᠤᠯᠴᠠᠯᠭ᠎ᠠ ᠵᠢᠴᠢ ᠰᠤᠷᠤᠯᠴᠠᠯᠭ᠎ᠠ ᠬᠥᠮᠦᠵᠢᠯ᠎ᠤᠨ ᠲᠤᠰᠬᠠᠢ ᠰᠡᠳᠦᠪᠲᠦ ᠰᠣᠯᠢᠯᠴᠠᠭ᠋ᠠᠨ᠎ᠤ ᠰᠤᠳᠤᠯᠤᠨ ᠶᠠᠷᠢᠯᠴᠠᠬᠤ ᠬᠤᠷᠠᠯ ᠬᠤᠷᠠᠯᠳᠤᠭᠤᠯᠪᠠ᠂ ᠬᠤᠷᠠᠯ ᠳᠡᠭᠡᠷ᠎ᠡ 《ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠲᠥᠪᠯᠡᠷᠡᠭᠦᠯᠦᠨ ᠴᠡᠭᠴᠡᠯᠡᠨ ᠵᠠᠰᠠᠬᠤ ᠲᠤᠬᠠᠢ ᠮᠡᠳᠡᠭᠳᠡᠯ》᠂ 《ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠋ᠠᠨ᠎ᠤ ᠰᠤᠷᠤᠯᠴᠠᠯᠭ᠎ᠠ ᠬᠥᠮᠦᠵᠢᠯ᠎ᠤᠨ ᠠᠵᠢᠯ᠎ᠤᠨ  ᠭᠤᠷᠪᠠᠳᠤᠭ᠋ᠠᠷ᠂ ᠳᠥᠷᠪᠡᠳᠦᠭᠡᠷ ᠬᠤᠭᠤᠴᠠᠭ᠋ᠠᠨ᠎ᠤ ᠲᠣᠪᠴᠢ ᠮᠡᠳᠡᠭᠡ》 ᠵᠢ ᠰᠤᠷᠤᠯᠴᠠᠨ ᠤᠯᠠᠮᠵᠢᠯᠠᠪᠠ᠃

      ᠬᠤᠷᠠᠯ᠎ᠳᠤ ᠣᠷᠣᠯᠴᠠᠭᠰᠠᠳ 《ᠬᠠᠷᠢᠯᠴᠠᠨ ᠢᠳᠡᠬᠦ》᠂ 《ᠠᠯᠪᠠᠨ ᠢᠳᠡᠬᠦ》᠂ 《ᠬᠣᠭᠣᠯᠠᠨ ᠭᠡᠷ ᠢᠳᠡᠬᠦ 》 ᠵᠡᠷᠭᠡ ᠲᠤᠯᠤᠭ᠋ᠠᠨ ᠲᠠᠯ᠎ᠠ ᠵᠢᠨ ᠭᠣᠣᠯᠳᠠᠯᠭ᠎ᠠ᠎ᠲᠠᠢ ᠡᠭᠦᠷᠭᠡ ᠵᠢᠨ ᠲᠣᠭᠣᠷᠢᠨ᠎ᠳᠤ᠂ ᠵᠤᠷᠪᠤᠰ ᠳᠠᠷᠠᠭ᠋ᠠᠯᠠᠨ ᠬᠠᠷᠢᠴᠠᠭᠤᠯᠤᠨ ᠬᠠᠷᠭᠤᠭᠤᠯᠵᠤ᠂ 《ᠵᠢᠵᠢᠭ  ᠶᠠᠪᠤᠳᠠᠯ  ᠦᠴᠦᠭᠡᠨ ᠤᠴᠢᠷ᠎ᠤᠨ ᠣᠨᠣᠯ》᠂ 《ᠬᠥᠭᠵᠢᠯᠲᠡ ᠵᠢ ᠨᠥᠯᠥᠭᠡᠯᠡᠬᠦ ᠤᠨᠤᠯ》᠂ 《ᠠᠵᠢᠯ ᠲᠦᠷᠦᠯ᠎ᠤᠨ ᠣᠨᠴᠠᠭ᠋ᠠᠢ ᠤᠨᠤᠯ》 ᠵᠡᠷᠭᠡ ᠪᠤᠷᠤᠭᠤ ᠲᠠᠨᠢᠯᠲᠠ᠎ᠳᠤ ᠴᠢᠭᠯᠡᠭᠦᠯᠦᠨ ᠰᠣᠯᠢᠯᠴᠠᠭ᠎ᠠ ᠬᠢᠵᠦ ᠰᠤᠳᠤᠯᠤᠨ ᠶᠠᠷᠢᠯᠴᠠᠪᠠ᠃ ᠲᠣᠪᠴᠢᠶᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠱᠦᠵᠢ ᠸᠠᠩ ᠵᠧᠩ ᠢᠦᠢ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃

      ᠬᠤᠷᠠᠯ᠎ᠠᠴᠠ᠂ ᠲᠣᠪᠴᠢᠶ᠎ᠠ ᠵᠢᠨ ᠰᠢᠰᠲ᠋ᠧᠮ᠎ᠤᠨ ᠤᠳᠤᠷᠢᠳᠬᠤ ᠺᠠᠳ᠋ᠷ 《ᠲᠦᠷᠪᠡᠨ ᠰᠤᠷᠲᠠᠯ》᠎ᠤᠨ ᠠᠰᠠᠭᠤᠳᠠᠯ᠎ᠳᠤ ᠮᠤᠵᠢᠭᠤᠳᠠ ᠴᠢᠨᠠᠷ᠂ ᠲᠠᠬᠢᠨ ᠳᠠᠪᠲᠠᠬᠤ ᠴᠢᠨᠠᠷ᠎ᠲᠠᠢ ᠪᠠᠢ᠌ᠬᠤ ᠵᠢ ᠭᠦᠨᠵᠡᠭᠡᠢ ᠲᠠᠨᠢᠵᠤ᠂ ᠤᠯᠤᠰ ᠲᠦᠷᠦ ᠵᠢᠨ ᠲᠠᠯ᠎ᠠ᠎ᠠᠴᠠ ᠦᠵᠡᠬᠦ᠂ ᠤᠯᠤᠰ ᠲᠦᠷᠦ ᠵᠢᠨ ᠲᠠᠯ᠎ᠠ᠎ᠠᠴᠠ ᠠᠳᠬᠤᠬᠤ ᠵᠢ ᠪᠠᠷᠢᠮᠲᠠᠯᠠᠵᠤ᠂ ᠤᠬᠠᠮᠰᠠᠷ᠎ᠠᠴᠠ᠎ᠪᠠᠨ ᠪᠤᠷᠤᠭᠤ ᠦᠵᠡᠯ ᠰᠠᠨᠠᠭ᠎ᠠ᠎ᠲᠠᠢ ᠲᠡᠮᠡᠴᠡᠵᠦ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠭᠠᠵᠢᠭᠤ ᠰᠤᠷᠲᠠᠯ᠎ᠢ ᠡᠷᠡᠰ ᠬᠣᠷᠢᠭᠯᠠᠵᠤ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠬᠥᠷᠥᠰᠥ ᠰᠢᠷᠣᠢ ᠵᠢᠨ ᠨᠥᠬᠥᠴᠡᠯ᠎ᠢ ᠡᠷᠡᠰ ᠠᠷᠢᠯᠭ᠋ᠠᠬᠤ ᠬᠡᠷᠡᠭᠲᠡᠢ  ᠭᠡᠵᠦ ᠴᠢᠬᠤᠯᠠᠴᠢᠯᠠᠪᠠ᠃

      ᠨᠢᠭᠡ᠎ᠳᠤ ᠳᠦᠷᠢᠮ᠎ᠢ ᠵᠥᠷᠢᠴᠡᠨ ᠢᠳᠡᠵᠦ ᠤᠤᠭᠤᠬᠤ ᠠᠰᠠᠭᠤᠳᠠᠯ᠎ᠤᠨ ᠬᠦᠨᠳᠦ ᠨᠣᠴᠢᠲᠠᠢ ᠬᠣᠣᠷ ᠬᠥᠨᠥᠭᠡᠯ᠎ᠢ ᠭᠦᠨᠵᠡᠭᠡᠢ ᠲᠠᠨᠢᠵᠤ᠂ ᠭᠠᠵᠢᠭᠤ ᠰᠤᠷᠲᠠᠯ᠎ᠢ ᠵᠠᠯᠠᠷᠠᠭᠤᠯᠤᠨ ᠵᠠᠰᠠᠬᠤ ᠤᠯᠤᠰ ᠲᠦᠷᠦ ᠵᠢᠨ ᠤᠬᠠᠮᠰᠠᠷ ᠵᠶ᠋ᠠᠨ ᠦᠨᠡᠨ ᠬᠦ᠌ ᠴᠢᠩᠭ᠋ᠠᠳᠬᠠᠬᠤ ᠬᠡᠷᠡᠭᠲᠡᠢ᠃ ᠨᠢᠭᠡ ᠎ᠨᠢ  ᠨᠠᠮ᠎ᠤᠨ ᠲᠣᠭᠲᠠᠭ᠋ᠠᠯ ᠨᠠᠮ᠎ᠤᠨ ᠰᠠᠬᠢᠯᠭ᠎ᠠ ᠪᠠᠲᠤ ᠵᠢ ᠬᠦᠨᠳᠦ ᠨᠣᠴᠢᠲᠠᠢ ᠵᠥᠷᠢᠴᠡᠵᠦ᠂ ᠰᠠᠬᠢᠯᠭ᠎ᠠ ᠪᠠᠲᠤ ᠵᠢᠨ ᠰᠠᠭᠤᠷᠢ ᠵᠢ  ᠬᠣᠢ᠌ᠪᠢᠵᠢᠭᠤᠯᠬᠤ; ᠬᠣᠶᠠᠷ ᠎ᠨᠢ 《ᠵᠢᠵᠢᠭ ᠪᠦᠯᠬᠦᠮ᠎ᠤᠨ ᠰᠣᠶᠣᠯ》᠎ᠢ ᠪᠣᠶ ᠪᠣᠯᠭ᠋ᠠᠵᠤ᠂ ᠤᠯᠤᠰ ᠲᠥᠷᠥ ᠵᠢᠨ ᠠᠮᠢ ᠠᠬᠤᠢ ᠵᠢ  ᠡᠪᠳᠡᠬᠦ; ᠭᠤᠷᠪᠠ ᠎ᠨᠢ  ᠠᠵᠢᠯ ᠲᠥᠷᠥᠯ᠎ᠤᠨ ᠬᠡᠪ ᠰᠤᠷᠲᠠᠯ᠎ᠢ ᠡᠪᠳᠡᠵᠦ᠂ ᠪᠡᠶ᠎ᠡ ᠵᠢᠨ ᠲᠠᠮᠢᠷ᠎ᠤᠨ ᠣᠯᠠᠨ ᠨᠡᠶ᠋ᠢᠲᠡ ᠵᠢ ᠢᠲᠡᠭᠡᠭᠦᠯᠬᠦ ᠬᠦᠴᠦᠨ᠎ᠢ  ᠬᠣᠬᠢᠷᠠᠭᠤᠯᠬᠤ ᠵᠢ ᠡᠷᠡᠰ ᠲᠡᠪᠴᠢᠨ᠎ᠡ᠃

      ᠬᠣᠶᠠᠷ᠎ᠲᠤ ᠤᠯᠠᠨ ᠵᠦᠢ᠍ᠯ᠎ᠤᠨ ᠠᠷᠭ᠎ᠠ ᠬᠡᠮᠵᠢᠶ᠎ᠡ ᠵᠢ ᠵᠡᠷᠭᠡᠪᠡᠷ ᠬᠡᠷᠡᠭᠵᠢᠭᠦᠯᠵᠦ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠭᠠᠵᠢᠭᠤ ᠰᠤᠷᠲᠠᠯ᠎ᠢ ᠡᠷᠡᠰ ᠴᠡᠭᠴᠡᠯᠡᠨ ᠵᠠᠰᠠᠬᠤ ᠬᠡᠷᠡᠭᠲᠡᠢ᠃ ᠨᠢᠭᠡ ᠎ᠨᠢ  ᠰᠤᠷᠤᠯᠴᠠᠯᠭ᠎ᠠ ᠬᠥᠮᠦᠵᠢᠯ᠎ᠢ ᠭᠦᠨᠵᠡᠭᠡᠢ᠌ᠷᠡᠭᠦᠯᠵᠦ᠂ ᠦᠵᠡᠯ ᠰᠠᠨᠠᠭ᠋ᠠᠨ᠎ᠤ ᠰᠠᠭᠤᠷᠢ ᠵᠢ  ᠪᠠᠲᠤᠳᠬᠠᠬᠤ ᠬᠡᠷᠡᠭᠲᠡᠢ᠃ ᠬᠣᠶᠠᠷ ᠎ᠨᠢ  ᠬᠢᠨᠠᠯᠲᠠ ᠲᠠᠯᠪᠢᠬᠤ ᠠᠷᠭ᠎ᠠ ᠵᠠᠮ᠎ᠢ ᠥᠷᠭᠡᠳᠬᠡᠵᠦ᠂ ᠲᠠᠯᠳᠠ ᠬᠤᠪᠢᠷᠠᠯᠲᠠ ᠵᠢ ᠭᠦᠨ  ᠠᠭᠤᠳᠠᠯᠯᠠᠬᠤ ᠬᠡᠷᠡᠭᠲᠡᠢ᠃ ᠭᠤᠷᠪᠠ ᠎ᠨᠢ  ᠪᠠᠢ᠌ᠴᠠᠭ᠋ᠠᠨ ᠰᠢᠢ᠍ᠳᠪᠦᠷᠢᠯᠡᠬᠦ ᠡᠷᠴᠢᠮ ᠵᠶ᠋ᠠᠨ ᠴᠢᠩᠭ᠋ᠠᠷᠠᠭᠤᠯᠵᠤ᠂ ᠬᠦᠴᠦᠷᠬᠡᠭ ᠶᠡᠬᠡ ᠰᠦᠷᠳᠡᠭᠦᠯᠦᠯ᠎ᠢ ᠪᠣᠶ  ᠪᠣᠯᠭ᠋ᠠᠬᠤ ᠬᠡᠷᠡᠭᠲᠡᠢ᠃  ᠠᠷᠤ᠎ᠳᠠᠬᠢ ᠨᠠᠶ᠋ᠢᠳᠠᠯᠭ᠎ᠠ᠎ᠪᠠᠷ ᠤᠴᠢᠷ ᠶᠠᠪᠤᠳᠠᠯ ᠰᠢᠢ᠍ᠳᠪᠦᠷᠢᠯᠡᠬᠦ᠂ ᠠᠰᠢᠭ ᠲᠤᠰᠠ ᠬᠦᠷᠭᠡᠬᠦ ᠵᠡᠷᠭᠡ ᠢᠯᠵᠢᠷᠡᠯ᠎ᠤᠨ ᠠᠰᠠᠭᠤᠳᠠᠯ᠎ᠢ ᠴᠢᠩᠭ᠎ᠠ ᠪᠠᠢ᠌ᠴᠠᠭ᠋ᠠᠨ ᠰᠢᠢ᠍ᠳᠪᠦᠷᠢᠯᠡᠵᠦ᠂ ᠬᠡᠪ᠎ᠠᠴᠠ ᠢᠯᠵᠢᠷᠡᠬᠦ᠂ ᠰᠤᠷᠲᠠᠯ᠎ᠨᠢ ᠢᠯᠵᠢᠷᠡᠬᠦ ᠵᠢᠨ ᠬᠡᠯᠬᠢᠶ᠎ᠡ ᠵᠢ ᠡᠷᠡᠰ ᠲᠠᠰᠤᠳᠠᠬᠤ ᠬᠡᠷᠡᠭᠲᠡᠢ᠃

      ᠭᠤᠷᠪᠠ᠎ᠳᠤ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠬᠠᠮᠵᠢᠯᠴᠠᠨ ᠬᠠᠮᠲᠤᠷᠠᠯᠴᠠᠵᠤ᠂ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠦᠷᠢᠨᠰᠢᠭᠦᠯᠬᠦ ᠬᠡᠷᠡᠭᠲᠡᠢ᠃ ᠨᠢᠭᠡ ᠎ᠨᠢ  ᠡᠯ᠎ᠡ ᠲᠠᠯ᠎ᠠ ᠵᠢᠨ ᠬᠠᠷᠢᠭᠤᠴᠠᠯᠭ᠎ᠠ ᠵᠢ ᠪᠣᠳᠠᠲᠠᠢ᠌ᠵᠢᠭᠤᠯᠵᠤ᠂ ᠠᠵᠢᠯ᠎ᠤᠨ ᠬᠠᠮᠲᠤᠷᠠᠯ᠎ᠤᠨ ᠬᠦᠴᠦᠨ᠎ᠢ  ᠨᠢᠭᠲᠠᠷᠠᠭᠤᠯᠬᠤ ᠬᠡᠷᠡᠭᠲᠡᠢ᠃ ᠬᠣᠶᠠᠷ ᠎ᠨᠢ  ᠵᠣᠬᠢᠴᠠᠭᠤᠯᠤᠨ ᠬᠠᠮᠵᠢᠯᠴᠠᠬᠤ ᠵᠢ ᠴᠢᠩᠭ᠋ᠠᠳᠬᠠᠵᠤ᠂ ᠲᠤᠰᠬᠠᠢ ᠴᠡᠭᠴᠡᠯᠡᠨ ᠵᠠᠰᠠᠯᠲᠠ ᠵᠢ ᠪᠣᠳᠠᠲᠠᠢ  ᠠᠳᠬᠤᠬᠤ ᠬᠡᠷᠡᠭᠲᠡᠢ᠃ ᠭᠤᠷᠪᠠ ᠎ᠨᠢ  ᠳᠦᠷᠢᠮ ᠲᠣᠭᠲᠠᠴᠠ ᠵᠢ ᠲᠡᠭᠦᠯᠳᠡᠷᠵᠢᠭᠦᠯᠵᠦ᠂ ᠠᠵᠢᠯ᠎ᠤᠨ ᠠᠯᠳᠠᠰᠢ ᠭᠠᠷᠬᠤ ᠵᠢ  ᠬᠣᠷᠢᠭᠯᠠᠬᠤ ᠬᠡᠷᠡᠭᠲᠡᠢ᠃ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ᠎ᠳᠤ ᠢᠯᠡᠷᠡᠭᠰᠡᠨ ᠳᠦᠷᠢᠮ᠎ᠤᠨ ᠲᠠᠯ᠎ᠠ᠎ᠪᠠᠷ᠎ᠬᠢ ᠳᠤᠲᠠᠭᠤᠳᠠᠯ᠂ ᠬᠢᠨᠠᠯᠲᠠ ᠬᠠᠮᠢᠶᠠᠷᠤᠯᠲᠠ ᠵᠢᠨ ᠳᠤᠲᠠᠭᠳᠠᠯ᠎ᠳᠤ ᠴᠢᠭᠯᠡᠭᠦᠯᠦᠨ᠂ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠰᠡᠷᠭᠡᠢ᠌ᠯᠡᠬᠦ ᠪᠠ ᠵᠠᠯᠠᠷᠠᠭᠤᠯᠬᠤ ᠳᠦᠷᠢᠮ ᠲᠣᠭᠲᠠᠭ᠋ᠠᠯ᠎ᠢ ᠤᠯᠠᠮ ᠨᠢᠭᠡ ᠠᠯᠬᠤᠮ ᠲᠡᠭᠦᠯᠳᠡᠷᠵᠢᠭᠦᠯᠬᠦ ᠬᠡᠷᠡᠭᠲᠡᠢ᠃ ᠲᠣᠭᠲᠠᠭ᠋ᠠᠯ᠎ᠠᠴᠠ ᠵᠥᠷᠢᠴᠡᠨ ᠢᠳᠡᠵᠦ ᠤᠤᠭᠤᠬᠤ ᠵᠢ ᠴᠡᠭᠴᠡᠯᠡᠨ ᠵᠠᠰᠠᠬᠤ᠎ᠪᠠᠷ ᠠᠵᠠ ᠲᠣᠬᠢᠶᠠᠯ ᠪᠣᠯᠭ᠋ᠠᠵᠤ᠂ ᠬᠡᠪ ᠰᠤᠷᠲᠠᠯ᠎ᠢ ᠬᠠᠮᠲᠤ᠎ᠳᠤᠨᠢ ᠪᠠᠢ᠌ᠴᠠᠭ᠋ᠠᠵᠤ ᠬᠠᠮᠲᠤ᠎ᠳᠤᠨᠢ ᠵᠠᠰᠠᠬᠤ ᠲᠣᠭᠲᠠᠴᠠ ᠵᠢ ᠪᠦᠷᠢᠨᠰᠢᠭᠦᠯᠬᠦ ᠬᠡᠷᠡᠭᠲᠡᠢ᠃ ᠳᠦᠷᠢᠮ᠎ᠤᠨ ᠬᠡᠷᠡᠭᠵᠢᠭᠦᠯᠦᠯᠲᠡ ᠵᠢ ᠴᠢᠩᠭ᠎ᠠ ᠠᠳᠬᠤᠵᠤ᠂ ᠬᠠᠲᠠᠭᠤ ᠬᠢᠵᠠᠭ᠋ᠠᠷᠯᠠᠯ᠎ᠢ ᠴᠢᠩᠭ᠋ᠠᠳᠬᠠᠵᠤ᠂ ᠵᠠᠰᠠᠯᠲᠠ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠪᠡᠶ᠎ᠡ ᠵᠢᠨ ᠲᠠᠮᠢᠷ᠎ᠤᠨ ᠦᠢ᠍ᠯᠡᠰ᠎ᠤᠨ ᠴᠢᠨᠠᠷ ᠰᠠᠢ᠌ᠲᠠᠢ ᠬᠥᠭᠵᠢᠯᠲᠡ᠎ᠳᠤ ᠪᠠᠲᠤ ᠴᠢᠩᠭ᠎ᠠ ᠰᠤᠷᠲᠠᠯ᠎ᠤᠨ ᠪᠠᠲᠤᠯᠠᠭ᠎ᠠ ᠬᠠᠩᠭ᠋ᠠᠬᠤ ᠬᠡᠷᠡᠭᠲᠡᠢ᠃

 

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠦᠪᠦᠷ ᠮᠤᠩᠭᠤᠯ᠎ᠤᠨ ᠡᠪᠦᠯ᠎ᠤᠨ ᠤᠯᠠᠷᠢᠯ᠎ᠤᠨ ᠵᠢᠭᠤᠯᠴᠢᠯᠠᠯ᠎ᠤᠨ ᠨᠠᠢ᠌ᠷ ᠡᠬᠢᠯᠡᠪᠡ
ᠠᠷᠪᠠᠨ ᠲᠠᠪᠤᠳᠤᠭ᠋ᠠᠷ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠲᠠᠢ᠌ᠴᠢᠯᠠᠯᠳᠠ ᠵᠢᠨ ᠶᠡᠬᠡ ᠬᠤᠷᠠᠯ ᠪᠤᠯᠪᠠ
ᠠᠢ ᠯᠢ ᠬᠤᠸᠠ ᠲᠡᠳ᠋ ᠲᠡᠷᠢᠭᠦᠯᠡᠭᠴᠢ ᠮᠠᠨ᠎ᠤ ᠤᠷᠤᠨ᠎ᠤ ᠲᠡᠯᠡᠬᠡᠢ ᠵᠢᠨ ᠡᠮᠡᠭᠳᠡᠢ ᠵᠢᠨ ᠪᠤᠤᠺᠰ᠎ᠤᠨ ᠠᠪᠤᠷᠭᠤ ᠨᠡᠷ᠎ᠢ ᠬᠦᠯᠢᠶᠡᠨ ᠠᠪᠴᠦ ᠠᠭᠤᠯᠵᠠᠯ᠎ᠠ
ᠪᠦᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠤ ᠪᠡᠯᠡᠳᠬᠡᠯ ᠠᠵᠢᠯ᠎ᠤᠨ ᠬᠤᠷᠠᠯᠳᠤᠭ᠋ᠠᠨ ᠬᠤᠷᠠᠯᠳᠤᠪᠠ
ᠦᠪᠡᠷᠳᠡᠭᠡᠨ ᠵᠠᠰᠠᠬᠤ ᠤᠷᠤᠨ᠎ᠤ ᠲᠡᠳ᠋ ᠲᠠᠷᠢᠭᠦᠯᠡᠭᠴᠢ ᠠᠢ ᠯᠢ ᠬᠤᠸᠠ ᠡᠦ ᠴᠤᠸᠠᠨ᠎ᠤ ᠪᠤᠯᠪᠠᠰᠤᠷᠠᠯ᠎ᠤᠨ ᠰᠠᠭᠤᠷᠢᠨ ᠭᠠᠵᠠᠷ᠎ᠢ ᠪᠠᠢ᠌ᠴᠠᠭ᠋ᠠᠨ ᠰᠢᠨᠵᠢᠯᠡᠪᠡ
 
            