ᠬᠡᠷᠡᠭᠯᠡᠭᠡ ᠵᠢ ᠬᠥᠭᠵᠢᠭᠡᠬᠦ ᠲᠤᠰᠬᠠᠢ ᠠᠵᠢᠯᠯᠠᠭ᠎ᠠ ᠵᠢ ᠬᠡᠷᠡᠭᠵᠢᠭᠦᠯᠬᠦ ᠲᠤᠬᠠᠢ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠢ᠌ᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ 《〈ᠰᠢᠨ᠎ᠡ ᠨᠡᠮᠡᠭᠳᠡᠯ᠎ᠤᠨ ᠴᠡᠭ᠎ᠢ ᠤᠯᠠᠮ ᠨᠢᠭᠡ ᠠᠯᠬᠤᠮ ᠪᠣᠢ᠌ᠵᠢᠭᠤᠯᠤᠨ ᠰᠣᠶᠣᠯ ᠪᠠ ᠵᠢᠭᠤᠯᠴᠢᠯᠠᠯ᠎ᠤᠨ ᠬᠡᠷᠡᠭᠯᠡᠭᠡ ᠵᠢ ᠬᠦᠭᠵᠢᠭᠡᠬᠦ ᠠᠷᠭ᠎ᠠ ᠬᠡᠮᠵᠢᠶ᠎ᠡ᠎ᠨᠦᠭᠦᠳ〉᠎ᠤᠨ ᠲᠤᠬᠠᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠮᠡᠳᠡᠭᠳᠡᠯ》 ᠪᠣᠯᠤᠨ 《ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ ᠠᠯᠪᠠᠨ ᠲᠢᠩᠬᠢᠮ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠠᠯᠪᠠᠨ ᠲᠢᠩᠬᠢᠮ ᠰᠣᠶᠣᠯ ᠪᠠ ᠵᠢᠭᠤᠯᠴᠢᠯᠠᠯ᠎ᠤᠨ ᠶᠠᠮᠤᠨ᠎ᠤ ᠠᠯᠪᠠᠨ ᠲᠢᠩᠬᠢᠮ᠎ᠤᠨ 〈ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠢ ᠦᠵᠡᠮᠵᠢ ᠵᠢᠨ ᠣᠷᠣᠨ᠎ᠳᠤ ᠣᠷᠣᠭᠤᠯᠬᠤ᠂ ᠵᠡᠭᠡᠯᠢ ᠲᠣᠭᠣᠷᠢᠭ᠎ᠲᠤ ᠣᠷᠣᠭᠤᠯᠬᠤ᠂ ᠬᠤᠳᠠᠯᠳᠤᠭ᠋ᠠᠨ᠎ᠤ ᠲᠣᠭᠣᠷᠢᠭ᠎ᠲᠤ ᠣᠷᠣᠭᠤᠯᠬᠤ〉 ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ》 《ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ 〈ᠭᠣᠢ᠌ᠳᠠ ᠰᠠᠢ᠌ᠬᠠᠨ ᠤᠷᠤᠯᠳᠤᠭ᠋ᠠᠨ᠎ᠢ ᠡᠳ᠋ᠯᠡᠵᠦ ᠳᠤᠮᠳᠠᠳᠤ ᠵᠢᠨ ᠠᠮᠲᠠᠲᠤ ᠢᠳᠡᠭᠡᠨ᠎ᠢ ᠠᠮᠲᠠᠯᠠᠬᠤ〉 ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ》᠎ᠤᠨ ᠵᠣᠷᠢᠭ ᠰᠠᠨᠠᠭ᠎ᠠ ᠵᠢ ᠦᠨᠡᠨᠬᠦ ᠨᠠᠢ᠌ᠳᠠᠪᠤᠷᠢᠵᠢᠭᠤᠯᠵᠤ᠂ ᠥᠪᠥᠷ ᠮᠣᠩᠭᠣᠯ᠎ᠤᠨ ᠲᠠᠮᠢᠷ᠎ᠤᠨ ᠤᠷᠤᠯᠳᠤᠭ᠋ᠠᠨ᠎ᠤ ᠨᠡᠷᠡᠲᠦ ᠲᠡᠮᠳᠡᠭᠲᠦ ᠵᠢ ᠪᠦᠲᠦᠭᠡᠨ ᠪᠠᠢ᠌ᠭᠤᠯᠵᠤ᠂ ᠰᠣᠶᠣᠯ ᠪᠡᠶ᠎ᠡ ᠵᠢᠨ ᠲᠠᠮᠢᠷ᠎ᠤᠨ ᠵᠢᠭᠤᠯᠴᠢᠯᠠᠯ᠎ᠤᠨ ᠬᠤᠳᠠᠯᠳᠤᠭ᠋ᠠᠴᠢᠨ᠎ᠤ ᠬᠡᠷᠡᠭᠯᠡᠭᠡ ᠵᠢ ᠬᠦᠴᠦᠯᠡᠨ ᠥᠷᠭᠡᠳᠬᠡᠵᠦ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠤ ᠠᠬᠤᠢ ᠵᠢᠨ ᠴᠢᠨᠠᠷ ᠰᠠᠢ᠌ᠲᠠᠢ ᠬᠥᠭᠵᠢᠯᠲᠡ ᠵᠢ ᠲᠦᠷᠭᠡᠳᠬᠡᠨ ᠠᠬᠢᠭᠤᠯᠵᠤ᠂ ᠠᠷᠠᠳ ᠣᠯᠠᠨ᠎ᠤ ᠣᠯᠠᠨ ᠡᠰᠢᠲᠦ ᠣᠶᠤᠨ᠎ᠤ ᠰᠣᠶᠣᠯ ᠪᠠ ᠵᠢᠭᠤᠯᠴᠢᠯᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠨᠠᠩ ᠰᠠᠢ᠌ᠲᠤᠷ ᠬᠠᠩᠭ᠋ᠠᠬᠤ ᠵᠢᠨ ᠲᠦᠯᠦᠭᠡ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠰᠣᠶᠣᠯ ᠪᠠ ᠵᠢᠭᠤᠯᠴᠢᠯᠠᠯ᠎ᠤᠨ ᠲᠢᠩᠬᠢᠮ᠂ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ ᠬᠠᠮᠲᠤᠷᠠᠨ 《5.1》᠎ᠤ ᠬᠤᠭᠤᠴᠠᠭ᠋ᠠᠨ᠎ᠳᠠᠬᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠭᠠᠷᠴᠠᠭᠯᠠᠯᠢ ᠨᠡᠢ᠌ᠲᠡᠯᠡᠵᠦ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ ᠵᠢᠴᠢ ᠬᠠᠮᠢᠶ᠎ᠠ ᠪᠦᠬᠦᠢ ᠠᠵᠢᠯᠯᠠᠭ᠎ᠠ ᠨᠡᠶ᠋ᠢᠲᠡ 102 ᠵᠦᠢ᠍ᠯ ᠪᠠᠢ᠌ᠵᠤ᠂ ᠭᠣᠣᠯ ᠨᠡᠷᠡᠰ᠎ᠨᠢ ᠳᠣᠣᠷᠠᠬᠢ ᠮᠡᠲᠦ᠃





ᠡᠯ᠎ᠡ ᠠᠢ᠌ᠮᠠᠭ ᠬᠣᠲᠠ ᠵᠢᠨ ᠪᠡᠶ᠎ᠡ ᠵᠢᠨ ᠲᠠᠮᠢᠷ᠂ ᠰᠣᠶᠣᠯ ᠪᠠ ᠵᠢᠭᠤᠯᠴᠢᠯᠠᠯ᠂ ᠬᠤᠳᠠᠯᠳᠤᠭ᠋ᠠᠨ᠎ᠤ ᠶᠠᠪᠤᠳᠠᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ 《ᠤᠷᠤᠯᠳᠤᠭ᠋ᠠᠨ᠎ᠤ ᠶᠠᠪᠤᠳᠠᠯ᠎ᠢ ᠳᠠᠭ᠋ᠠᠵᠤ ᠵᠤᠭ᠋ᠠᠴᠠᠬᠤ》᠂ 《ᠭᠤᠷᠪᠠ᠎ᠳᠤ ᠣᠷᠣᠬᠤ》 (ᠵᠡᠭᠡᠯᠢ ᠭᠤᠳᠤᠮᠵᠢ ᠳᠤ ᠣᠷᠣᠬᠤ᠂ ᠦᠵᠡᠮᠵᠢ ᠵᠢᠨ ᠣᠷᠣᠨ᠎ᠳᠤ ᠣᠷᠣᠬᠤ᠂ ᠬᠤᠳᠠᠯᠳᠤᠭ᠋ᠠᠨ᠎ᠤ ᠲᠣᠭᠣᠷᠢᠭ᠎ᠲᠤ ᠣᠷᠣᠬᠤ) ᠪᠠ 《ᠭᠣᠢ᠌ᠳᠠ ᠰᠠᠢ᠌ᠬᠠᠨ ᠤᠷᠤᠯᠳᠤᠭ᠋ᠠᠨ᠎ᠤ ᠶᠠᠪᠤᠳᠠᠯ᠎ᠢ ᠡᠳ᠋ᠯᠡᠵᠦ ᠳᠤᠮᠳᠠᠳᠤ ᠵᠢᠨ ᠠᠮᠲᠠᠲᠤ ᠢᠳᠡᠭᠡᠨ᠎ᠢ ᠠᠮᠲᠠᠯᠠᠬᠤ》 ᠠᠵᠢᠯᠯᠠᠭ᠎ᠠ ᠵᠢᠨ ᠬᠡᠷᠡᠭᠯᠡᠭᠡ ᠵᠢ ᠠᠬᠢᠭᠤᠯᠬᠤ ᠰᠢᠷᠢᠰ ᠠᠵᠢᠯᠯᠠᠭ᠎ᠠ ᠵᠢ ᠦᠷᠭᠦᠯᠵᠢᠯᠡᠨ ᠦᠷᠨᠢᠭᠦᠯᠦᠨ᠎ᠡ᠃ ᠤᠷᠤᠯᠳᠤᠭ᠋ᠠᠨ᠎ᠤ ᠶᠠᠪᠤᠳᠠᠯ᠎ᠤᠨ ᠣᠨᠴᠠᠯᠢᠭ᠎ᠲᠠᠢ ᠤᠶᠠᠯᠳᠤᠭᠤᠯᠤᠨ᠂ ᠰᠣᠶᠣᠯ ᠪᠡᠶ᠎ᠡ ᠵᠢᠨ ᠲᠠᠮᠢᠷ ᠪᠠ ᠵᠢᠭᠤᠯᠴᠢᠯᠠᠯ ᠬᠤᠳᠠᠯᠳᠤᠭ᠋ᠠᠨ᠎ᠤ ᠠᠭᠤᠰᠤᠯᠴᠠᠨ ᠬᠥᠭᠵᠢᠬᠦ ᠵᠢ ᠭᠦᠨᠵᠡᠭᠡᠢ ᠲᠦᠯᠬᠢᠨ ᠠᠬᠢᠭᠤᠯᠤᠨ᠎ᠠ᠃ ᠪᠡᠶ᠎ᠡ ᠵᠢᠨ ᠲᠠᠮᠢᠷ᠎ᠤᠨ ᠠᠵᠤ ᠠᠬᠤᠢ᠌ᠯᠠᠯ ᠵᠢᠴᠢ ᠵᠢᠭᠤᠯᠴᠢᠯᠠᠯ᠎ᠤᠨ ᠦᠵᠡᠮᠵᠢ ᠵᠢᠨ ᠣᠷᠣᠨ᠂ ᠵᠢᠭᠤᠯᠴᠢᠯᠠᠯ ᠠᠮᠠᠷᠠᠯᠲᠠ ᠵᠢᠨ ᠣᠷᠣᠨ᠂ ᠵᠢᠭᠤᠯᠴᠢᠯᠠᠯ ᠰᠡᠯᠡᠭᠦᠴᠡᠯ᠎ᠤᠨ ᠵᠡᠭᠡᠯᠢ ᠲᠣᠭᠣᠷᠢᠭ᠂ ᠬᠤᠳᠠᠯᠳᠤᠭ᠋ᠠᠨ᠎ᠤ ᠲᠣᠭᠣᠷᠢᠭ ᠵᠡᠷᠭᠡ ᠰᠣᠶᠣᠯ ᠪᠠ ᠵᠢᠭᠤᠯᠴᠢᠯᠠᠯ᠎ᠤᠨ ᠲᠠᠯᠠᠪᠤᠷ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠂ ᠰᠣᠶᠣᠯ ᠵᠢᠭᠤᠯᠴᠢᠯᠠᠯ᠎ᠤᠨ ᠠᠵᠢᠯᠯᠠᠭ᠎ᠠ ᠵᠢᠨ ᠬᠠᠩᠭ᠋ᠠᠯᠭ᠎ᠠ ᠵᠢ ᠲᠠᠰᠤᠷᠠᠯᠲᠠ ᠦᠭᠡᠢ ᠪᠠᠶᠠᠯᠢᠭᠵᠢᠭᠤᠯᠬᠤ ᠵᠢ ᠵᠣᠷᠢᠭᠵᠢᠭᠤᠯᠤᠨ᠎ᠠ᠃ ᠥᠷᠭᠡᠨ ᠤᠯᠠᠨ ᠪᠡᠶ᠎ᠡ ᠵᠢᠨ ᠲᠠᠮᠢᠷ᠎ᠤᠨ ᠵᠤᠭ᠋ᠠᠴᠠᠯ᠎ᠳᠤ ᠪᠠᠬᠠᠲᠠᠢ ᠬᠥᠮᠥᠰ ᠵᠤᠭ᠋ᠠᠴᠠᠬᠤ᠎ᠪᠠᠷ ᠭᠠᠷᠬᠤ ᠵᠢ ᠵᠣᠬᠢᠰᠲᠠᠢ ᠲᠣᠬᠢᠷᠠᠭᠤᠯᠵᠤ᠂ ᠤᠷᠤᠯᠳᠤᠭ᠋ᠠᠨ᠎ᠢ ᠲᠠᠭ᠋ᠠᠵᠦ ᠵᠤᠭ᠋ᠠᠴᠠᠬᠤ᠂ ᠤᠷᠤᠯᠳᠤᠭ᠋ᠠᠨ᠎ᠢ ᠲᠠᠭ᠋ᠠᠵᠦ ᠠᠮᠲᠠᠲᠤ ᠢᠳᠡᠭᠡᠨ ᠢᠳᠡᠬᠦ ᠶᠠᠪᠤᠴᠠ᠎ᠳᠤ᠂ ᠠᠶᠤᠯ ᠦᠭᠡᠢ ᠤᠬᠠᠮᠰᠠᠷ ᠵᠶ᠋ᠠᠨ ᠳᠡᠭᠡᠭᠰᠢᠯᠡᠭᠦᠯᠵᠦ᠂ ᠰᠠᠢ᠌ᠨ ᠰᠠᠢ᠌ᠬᠠᠨ ᠠᠮᠢᠳᠤᠷᠠᠯ᠎ᠢ ᠡᠳ᠋ᠯᠡᠵᠦ ᠪᠣᠯᠤᠨ᠎ᠠ᠃
ᠡᠭᠦᠨ᠎ᠤ ᠲᠤᠯᠠ ᠣᠨᠴᠠᠭ᠋ᠠᠢ᠌ᠯᠠᠨ ᠵᠠᠷᠯᠠᠪᠠ᠃
ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ
ᠥᠪᠡᠷᠲᠡᠭᠡᠨ ᠵᠠᠰᠠᠬᠤ ᠣᠷᠣᠨ᠎ᠤ ᠰᠣᠶᠣᠯ ᠪᠠ ᠵᠢᠭᠤᠯᠴᠢᠯᠠᠯ᠎ᠤᠨ ᠲᠢᠩᠬᠢᠮ
ᠦᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ
2025 ᠣᠨ᠎ᠤ 4 ᠰᠠᠷ᠎ᠠ ᠵᠢᠨ 27᠎ᠤ ᠡᠳᠦᠷ