ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠤᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠂ ᠡᠯ᠎ᠡ ᠲᠣᠮᠣ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠢ᠎ᠳᠤ᠄
ᠡᠳᠦᠭᠡ 《2024 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠯᠡᠭᠡ》 ᠵᠢ ᠥᠪᠡᠷᠲᠡᠭᠡᠨ ᠵᠠᠰᠠᠬᠤ ᠣᠷᠣᠨ᠎ᠤ ᠠᠷᠪᠠᠨ ᠳᠥᠷᠪᠡᠳᠦᠭᠡᠷ ᠬᠤᠭᠤᠴᠠᠭ᠋ᠠᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠬᠤᠶᠠᠳᠤᠭ᠋ᠠᠷ ᠤᠳᠠᠭ᠋ᠠᠨ᠎ᠤ ᠬᠤᠷᠠᠯ ᠵᠶ᠋ᠠᠷ ᠨᠢᠭᠡᠨᠲᠡ ᠬᠢᠨᠠᠨ ᠵᠥᠪᠯᠡᠵᠦ ᠪᠠᠲᠤᠯᠠᠭ᠋ᠠᠳ ᠳᠣᠷᠣᠭᠰᠢ ᠶᠠᠪᠤᠭᠤᠯᠤᠯ᠎ᠠ᠂ ᠪᠣᠳᠠᠲᠠᠢ᠎ᠲᠠᠢ᠎ᠪᠠᠨ ᠤᠶᠠᠯᠳᠤᠭᠤᠯᠤᠨ᠂ ᠬᠢᠨᠠᠮᠠᠭ᠋ᠠᠢ ᠲᠤᠭᠤᠰᠢᠯᠠᠭᠤᠯᠤᠨ ᠬᠡᠷᠡᠭᠵᠢᠭᠦᠯᠲᠦᠭᠡᠢ᠃
2024 ᠣᠨ᠎ᠤ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠤᠯᠤᠰ
ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠯᠡᠭᠡ
2024 ᠣᠨ ᠪᠣᠯ ᠰᠢᠨ᠎ᠡ ᠳᠤᠮᠳᠠᠳᠤ ᠤᠯᠤᠰ ᠪᠠᠶ᠋ᠢᠭᠤᠯᠤᠭᠳᠠᠭᠰᠠᠨ 75 ᠵᠢᠯ ᠤᠨ ᠣᠢ ᠪᠣᠯᠣᠨ᠎ᠠ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠠᠷᠠᠯᠲᠠ ᠡᠭᠦᠷᠭᠡ ᠵᠢ ᠪᠡᠶᠡᠯᠡᠭᠦᠯᠬᠦ ᠵᠠᠩᠭᠢᠯᠠᠭ᠎ᠠ ᠵᠢᠨ ᠵᠢᠯ ᠪᠣᠯᠣᠨ᠎ᠠ᠂ ᠮᠥᠨ ᠴᠦ᠍ ᠥᠪᠡᠷᠲᠡᠭᠡᠨ ᠵᠠᠰᠠᠬᠤ ᠣᠷᠣᠨ᠎ᠤ 《ᠵᠢᠷᠭᠤᠭ᠋ᠠᠨ ᠢᠨᠵᠧᠨᠧᠷᠢᠩ》᠎ᠢ ᠬᠡᠷᠡᠭᠵᠢᠭᠦᠯᠬᠦ ᠵᠢ ᠠᠬᠢᠭᠤᠯᠬᠤ ᠴᠢᠬᠤᠯᠠ ᠵᠢᠯ ᠪᠣᠯᠣᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠬᠤᠷᠢᠶᠠᠨ᠎ᠤ ᠳᠣᠯᠣᠳᠤᠭ᠋ᠠᠷ ᠪᠦᠭᠦᠳᠡ ᠬᠤᠷᠠᠯ ᠵᠢᠴᠢ ᠪᠥᠬᠦ ᠣᠷᠣᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠪᠠᠶ᠋ᠢᠷᠢᠯᠠᠭᠤᠯᠤᠯᠲᠠ ᠶᠣᠰᠣᠭ᠋ᠠᠷ᠂ 2024 ᠣᠨ᠎ᠤ ᠠᠵᠢᠯ᠎ᠢ ᠰᠠᠶ᠋ᠢᠲᠤᠷ ᠬᠢᠬᠦ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠨ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠠ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ ᠪᠦᠭᠦᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠤᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ᠂ ᠨᠠᠮ᠎ᠤᠨ ᠲᠥᠪ ᠬᠤᠷᠢᠶᠠᠨ᠎ᠤ ᠠᠵᠤ ᠠᠬᠤᠢ ᠵᠢᠨ ᠠᠵᠢᠯ᠎ᠤᠨ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠢ ᠲᠤᠭᠤᠰᠢᠯᠠᠭᠤᠯᠵᠤ᠂ ᠲᠣᠭᠲᠠᠭᠤᠨ ᠪᠠᠶ᠋ᠢᠯᠭ᠋ᠠᠬᠤ ᠵᠢᠨ ᠳᠠᠭ᠋ᠠᠤ ᠤᠷᠤᠭᠰᠢᠯᠠᠬᠤ ᠠᠵᠢᠯ᠎ᠤᠨ ᠶᠡᠷᠦᠩᠬᠡᠢ ᠦᠨᠳᠦᠰᠦᠨ ᠰᠠᠨᠠᠭ᠎ᠠ ᠵᠢ ᠪᠠᠷᠢᠮᠲᠠᠯᠠᠨ᠂ ᠨᠠᠮ᠎ᠤᠨ ᠪᠠᠶ᠋ᠢᠭᠤᠯᠤᠯᠲᠠ᠎ᠪᠠᠷ ᠤᠳᠤᠷᠢᠳᠤᠮᠵᠢ ᠪᠣᠯᠭ᠋ᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠡᠯ᠎ᠡ ᠵᠦᠢ᠍ᠯ᠎ᠤᠨ ᠠᠵᠢᠯ᠎ᠤᠨ ᠭᠤᠣᠯ ᠰᠢᠵᠢᠮ ᠪᠣᠯᠭ᠋ᠠᠵᠤ᠂ ᠬᠤᠶᠠᠷ ᠶᠡᠭᠡ ᠶᠠᠪᠤᠳᠠᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠰᠡᠳᠬᠢᠯ ᠵᠶ᠋ᠠᠨ ᠨᠢᠭᠡᠳᠦᠨ ᠬᠦᠴᠦ᠎ᠪᠠᠨ ᠬᠠᠮᠲᠤᠳᠬᠠᠵᠤ ᠰᠢᠨ᠎ᠡ ᠵᠠᠮ᠎ᠢ ᠨᠡᠭᠡᠭᠡᠨ᠂ ᠳᠤᠮᠳᠠ ᠲᠦᠪᠰᠢᠨ᠎ᠳᠤ ᠣᠷᠣᠵᠤ᠂ ᠣᠮᠤᠭ ᠵᠣᠷᠢᠭ ᠪᠠᠳᠠᠷᠠᠩᠭᠤᠢ᠎ᠪᠠᠷ ᠡᠷᠡᠯᠬᠡᠭᠯᠡᠨ ᠲᠡᠮᠡᠴᠡᠵᠦ᠂ ᠵᠣᠷᠢᠭᠲᠠᠢ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠥᠪᠥᠷ ᠮᠣᠩᠭᠤᠯ᠎ᠤᠨ ᠰᠢᠨ᠎ᠡ ᠬᠠᠭᠤᠳᠠᠰᠤ ᠵᠢ ᠲᠠᠰᠤᠷᠠᠯᠲᠠ ᠦᠭᠡᠢ ᠪᠢᠴᠢᠭᠯᠡᠨ᠎ᠡ᠃
2024 ᠣᠨ᠎ᠤ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠭᠤᠣᠯ ᠵᠢᠱ᠌ᠢᠭᠰᠡᠨ ᠬᠠᠷᠠᠯᠲᠠ ᠪᠣᠯ᠄ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠢ 6%᠎ᠠᠴᠠ ᠳᠡᠭᠡᠭᠰᠢ ᠨᠡᠮᠡᠭᠳᠡᠭᠦᠯᠦᠨ᠎ᠡ; ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠢ 7% ᠣᠷᠴᠢᠮ ᠨᠡᠮᠡᠭᠳᠡᠭᠦᠯᠦᠨ᠎ᠡ; ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢ 15% ᠣᠷᠴᠢᠮ ᠨᠡᠮᠡᠭᠳᠡᠭᠦᠯᠦᠨ᠎ᠡ; ᠡᠩ᠎ᠤᠨ ᠣᠯᠠᠨ ᠨᠡᠶ᠋ᠢᠲᠡ ᠵᠢᠨ ᠲᠥᠰᠥᠪ᠎ᠤᠨ ᠣᠷᠣᠯᠭ᠎ᠠ ᠵᠢ ᠠᠳᠠᠯᠢ ᠪᠠᠷᠢᠮᠵᠢᠶ᠎ᠠ᠎ᠪᠠᠷ 5.5% ᠣᠷᠴᠢᠮ ᠨᠡᠮᠡᠭᠳᠡᠭᠦᠯᠦᠨ᠎ᠡ; ᠬᠤᠲᠠ ᠪᠠᠯᠭ᠋ᠠᠰᠤᠨ᠎ᠤ 18 ᠲᠦᠮᠡ ᠭᠠᠷᠤᠢ ᠬᠥᠮᠥᠨ᠎ᠳᠤ ᠰᠢᠨ᠎ᠡ᠎ᠪᠠᠷ ᠠᠵᠢᠯ ᠣᠯᠭᠤᠵᠤ᠂ ᠬᠤᠲᠠ ᠪᠠᠯᠭ᠋ᠠᠰᠤᠨ᠎ᠤ ᠪᠠᠶ᠋ᠢᠴᠠᠭ᠋ᠠᠯᠲᠠ᠎ᠳᠠᠬᠢ ᠠᠵᠢᠯ ᠠᠯᠳᠠᠭᠰᠠᠳ᠎ᠤᠨ ᠨᠣᠷᠮ᠎ᠠ ᠵᠢ 6% ᠊ᠣᠷᠴᠢᠮ ᠪᠠᠶ᠋ᠢᠯᠭ᠋ᠠᠨ᠎ᠠ; ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠢ ᠠᠵᠤ ᠠᠬᠤᠢ ᠵᠢᠨ ᠨᠡᠮᠡᠭᠳᠡᠯ᠎ᠯᠦᠭᠡ ᠦᠨᠳᠦᠰᠦᠨ᠎ᠳᠤ᠎ᠪᠠᠨ ᠠᠳᠠᠯᠢ ᠪᠠᠶ᠋ᠢᠯᠭ᠋ᠠᠨ᠎ᠠ; ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠵᠢᠨ ᠥᠰᠦᠯᠲᠡ ᠵᠢ 3% ᠣᠷᠴᠢᠮ ᠪᠠᠶ᠋ᠢᠯᠭ᠋ᠠᠨ᠎ᠠ; ᠨᠢᠭᠡᠴᠢ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ᠎ᠤᠨ ᠡᠨᠧᠷᠭᠢ ᠵᠢᠨ ᠬᠤᠷᠣᠭᠳᠠᠯ᠎ᠢ 1.6% ᠣᠷᠴᠢᠮ ᠪᠠᠭᠤᠷᠠᠭᠤᠯᠤᠨ᠎ᠠ᠃
ᠨᠢᠭᠡ᠂ ᠲᠥᠷᠥ ᠵᠢᠨ ᠪᠣᠳᠣᠯᠭ᠎ᠠ ᠵᠢᠨ ᠬᠦᠴᠦᠯᠡᠴᠡ ᠵᠢ ᠠᠬᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠲᠥᠷᠥ ᠵᠢᠨ ᠪᠣᠳᠣᠯᠭ᠎ᠠ ᠵᠢ ᠪᠣᠳᠠᠲᠠᠶ᠋ᠢᠵᠢᠭᠤᠯᠬᠤ ᠢᠨᠵᠧᠨᠧᠷᠢᠩ᠎ᠢ ᠲᠦᠷᠭᠡᠳᠬᠡᠨ ᠬᠡᠷᠡᠭᠵᠢᠭᠦᠯᠦᠨ᠎ᠡ
ᠡᠯ᠎ᠡ ᠵᠦᠢ᠍ᠯ᠎ᠤᠨ ᠳᠡᠮᠵᠢᠯᠭᠡ ᠵᠢᠨ ᠲᠥᠷᠥ ᠵᠢᠨ ᠪᠣᠳᠣᠯᠭ᠎ᠠ ᠵᠢ ᠭᠦᠢ᠍ᠴᠡᠳ ᠰᠠᠶ᠋ᠢᠲᠤᠷ ᠠᠰᠢᠬᠯᠠᠵᠤ᠂ ᠲᠥᠷᠥ ᠵᠢᠨ ᠪᠣᠳᠣᠯᠭ᠎ᠠ ᠵᠢ ᠤᠬᠠᠭ᠋ᠠᠯᠠᠨ ᠲᠥᠯᠥᠪᠯᠡᠵᠦ ᠨᠦᠬᠡᠴᠡᠯᠡᠬᠦ᠎ᠪᠠᠨ ᠦᠷᠭᠦᠯᠵᠢᠯᠡᠨ ᠴᠢᠩᠭ᠋ᠠᠳᠬᠠᠵᠤ᠂ ᠲᠥᠷᠥ ᠵᠢᠨ ᠪᠣᠳᠣᠯᠭ᠎ᠠ ᠪᠣᠯᠭ᠋ᠠᠨ᠎ᠢ ᠪᠣᠳᠠᠲᠠᠢ ᠢᠨᠵᠧᠨᠧᠷᠢᠩ᠎ᠤᠨ ᠲᠥᠷᠥᠯ ᠵᠦᠢ᠍ᠯ ᠪᠣᠯᠭ᠋ᠠᠨ ᠨᠠᠷᠢᠯᠢᠬ᠍ᠵᠢᠭᠤᠯᠵᠤ᠂ ᠲᠥᠷᠥ ᠵᠢᠨ ᠪᠣᠳᠣᠯᠭ᠎ᠠ ᠵᠢ ᠪᠣᠳᠠᠲᠤ ᠦᠢ᠍ᠯᠡᠳᠪᠦᠷᠢᠯᠡᠯ᠎ᠤᠨ ᠬᠦᠴᠦᠨ ᠪᠣᠯᠭ᠋ᠠᠨ ᠤᠯᠠᠷᠢᠭᠤᠯᠬᠤ ᠵᠢ ᠲᠦᠷᠭᠡᠳᠬᠡᠵᠦ᠂ ᠵᠢᠱ᠌ᠢᠯᠲᠡ᠂ ᠥᠰᠦᠯᠲᠡ᠂ ᠠᠵᠢᠯ ᠣᠯᠭᠤᠯᠲᠠ ᠵᠢ ᠬᠦᠴᠦᠯᠡᠨ ᠲᠣᠭᠲᠠᠪᠤᠷᠢᠵᠢᠭᠤᠯᠤᠨ᠎ᠠ᠃
(ᠨᠢᠭᠡ) ᠲᠥᠷᠥ ᠵᠢᠨ ᠪᠣᠳᠣᠯᠭ᠎ᠠ ᠵᠢᠨ ᠲᠤᠯᠭ᠋ᠠᠭᠤᠷᠢᠯᠠᠯ᠎ᠢ ᠪᠠᠬᠢᠵᠢᠭᠦᠯᠦᠨ ᠴᠢᠩᠭ᠋ᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠲᠥᠷᠥ ᠵᠢᠨ ᠪᠣᠳᠣᠯᠭ᠎ᠠ ᠵᠢ ᠪᠣᠳᠠᠲᠠᠶ᠋ᠢᠵᠢᠭᠤᠯᠬᠤ ᠢᠨᠵᠧᠨᠧᠷᠢᠩ᠎ᠢ ᠬᠡᠷᠡᠭᠵᠢᠭᠦᠯᠬᠦ ᠲᠥᠰᠥᠯ᠎ᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠎ᠠ᠃ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯ᠎ᠠᠴᠠ ᠲᠣᠭᠲᠠᠭ᠋ᠠᠭᠰᠠᠨ ᠡᠯ᠎ᠡ ᠵᠦᠢ᠍ᠯ᠎ᠤᠨ ᠬᠠᠷᠠᠯᠲᠠ ᠡᠭᠦᠷᠭᠡ ᠵᠢ ᠴᠢᠩᠭ᠎ᠠ ᠠᠳᠬᠤᠵᠤ᠂ ᠠᠵᠢᠯ᠎ᠤᠨ ᠠᠷᠭ᠎ᠠ ᠬᠡᠮᠵᠢᠶ᠎ᠡ᠎ᠪᠠᠨ ᠤᠯᠠᠮ ᠨᠢᠭᠡ ᠠᠯᠬᠤᠮ ᠨᠠᠷᠢᠯᠢᠬ᠍ᠵᠢᠭᠤᠯᠤᠨ᠂ ᠡᠯ᠎ᠡ ᠵᠦᠢ᠍ᠯ᠎ᠤᠨ ᠭᠤᠣᠯᠳᠠᠯᠭ᠎ᠠ ᠪᠣᠯᠬᠤ ᠠᠵᠢᠯ᠎ᠢ ᠥᠨᠳᠥᠷ ᠪᠦᠲᠦᠮᠵᠢᠲᠡᠢ᠎ᠪᠠᠷ ᠨᠠᠶ᠋ᠢᠳᠠᠪᠤᠷᠢᠵᠢᠭᠤᠯᠬᠤ ᠵᠢ ᠠᠬᠢᠭᠤᠯᠤᠨ᠎ᠠ᠃ 《ᠥ ᠪᠥ᠋ᠷ ᠮᠣᠩᠭᠤᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠢ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠠᠨᠠᠯ》 (ᠲᠥᠷᠥ ᠲᠠᠷᠬᠠᠭ᠋ᠠᠭᠰᠠᠨ [2023] 16 ᠳ᠋ᠤᠭ᠋ᠠᠷ ᠲᠣᠭ᠋ᠠᠲᠤ)᠎ᠤᠨ ᠵᠣᠷᠢᠭ ᠰᠠᠨᠠᠭ᠎ᠠ ᠵᠢ ᠨᠠᠶ᠋ᠢᠳᠠᠪᠤᠷᠢᠵᠢᠭᠤᠯᠬᠤ ᠵᠢ ᠤᠯᠤᠰ᠎ᠤᠨ ᠪᠠᠶ᠋ᠢᠯᠳᠤᠬᠤ ᠪᠣᠳᠣᠯᠭ᠎ᠠ ᠪᠠ ᠲᠥᠷᠥ ᠵᠢᠨ ᠪᠣᠳᠣᠯᠭ᠎ᠠ ᠵᠢᠨ ᠳᠡᠮᠵᠢᠯᠭᠡᠯᠦᠭᠡ ᠤᠶᠠᠯᠳᠤᠭᠤᠯᠤᠨ᠂ ᠴᠠᠭ᠎ᠤᠨ ᠬᠦᠰᠦᠨᠦᠭᠲᠦ᠂ ᠠᠵᠢᠯ᠎ᠤᠨ ᠱᠤᠭᠤᠮ᠎ᠤᠨ ᠵᠢᠷᠤᠭ᠂ ᠲᠥᠷᠥᠯ ᠵᠦᠢ᠍ᠯ᠎ᠤᠨ ᠬᠠᠭᠤᠳᠠᠰᠤ ᠵᠢ ᠰᠤᠯᠠᠷᠠᠭᠤᠯᠤᠯ ᠦᠭᠡᠢ ᠴᠢᠩᠭ᠎ᠠ ᠠᠩᠬᠠᠷᠴᠤ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠪᠣᠳᠠᠲᠠᠶ᠋ᠢᠵᠢᠭᠤᠯᠤᠨ ᠨᠠᠶ᠋ᠢᠳᠠᠪᠤᠷᠢᠵᠢᠭᠤᠯᠬᠤ ᠵᠢ ᠠᠬᠢᠭᠤᠯᠤᠨ᠎ᠠ᠃ ᠲᠠᠪᠤᠨ ᠶᠡᠭᠡ ᠡᠭᠦᠷᠭᠡ ᠵᠢᠨ ᠲᠠᠯ᠎ᠠ᠎ᠳᠠᠬᠢ 2024 ᠣᠨ᠎ᠤ ᠠᠵᠢᠯ᠎ᠤᠨ ᠡᠭᠦᠷᠭᠡ ᠵᠢᠨ ᠲᠣᠳᠣᠷᠬᠠᠢ ᠬᠠᠭᠤᠳᠠᠰᠤ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠡᠭᠦᠷᠭᠡ᠎ᠪᠠᠨ ᠪᠡᠶᠡᠯᠡᠭᠦᠯᠬᠦ ᠵᠢ ᠪᠥᠬᠦ ᠬᠦᠴᠦᠨ ᠵᠶ᠋ᠠᠷ ᠠᠬᠢᠭᠤᠯᠤᠨ᠎ᠠ᠃ ᠴᠢᠨᠠᠷ ᠵᠶ᠋ᠠᠨ ᠳᠡᠭᠡᠭᠰᠢᠯᠡᠭᠦᠯᠬᠦ᠂ ᠳᠣᠲᠣᠭ᠋ᠠᠳᠤ ᠬᠡᠷᠡᠭᠴᠡᠭᠡ᠎ᠪᠠᠨ ᠥᠷᠭᠡᠳᠭᠡᠬᠦ᠂ ᠥᠪᠡᠷ᠎ᠤᠨ ᠥᠷᠳᠡᠭ ᠵᠶ᠋ᠠᠨ ᠪᠠᠭᠤᠷᠠᠭᠤᠯᠬᠤ ᠵᠡᠷᠭᠡ ᠬᠦᠷᠢᠶᠡᠨ᠎ᠳᠠᠬᠢ ᠲᠥᠷᠥ ᠵᠢᠨ ᠪᠣᠳᠣᠯᠭ᠎ᠠ ᠵᠢᠨ ᠠᠷᠭ᠎ᠠ ᠠᠪᠴᠠᠯ᠎ᠤᠨ ᠬᠥᠮᠥᠷᠭᠡ ᠵᠢ ᠦᠷᠭᠦᠯᠵᠢᠯᠡᠨ ᠪᠠᠶᠠᠯᠢᠬ᠍ᠵᠢᠭᠤᠯᠵᠤ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠦᠢ᠍ᠯᠡᠳᠦᠯ᠎ᠢ ᠤᠷᠢᠳ ᠵᠶ᠋ᠠᠷ ᠪᠠᠳᠠᠷᠠᠭᠤᠯᠬᠤ ᠵᠢ ᠦᠨᠡᠨ ᠬᠦ᠌ ᠪᠠᠲᠤᠯᠠᠨ᠎ᠠ᠃ ᠴᠢᠬᠤᠯᠠ ᠶᠡᠭᠡ ᠠᠰᠠᠭᠤᠳᠠᠯ᠎ᠤᠨ ᠪᠠᠷᠠᠯᠠᠯ ᠰᠤᠳᠤᠯᠤᠯ ᠵᠶ᠋ᠠᠨ ᠴᠢᠩᠭ᠋ᠠᠳᠬᠠᠵᠤ᠂ 《ᠠᠷᠪᠠᠨ ᠲᠠᠪᠤᠳᠤᠭ᠋ᠠᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠡᠮᠦᠨᠡᠬᠢ ᠬᠤᠭᠤᠴᠠᠭ᠋ᠠᠨ᠎ᠤ ᠠᠵᠢᠯ᠎ᠢ ᠥᠷᠨᠢᠭᠦᠯᠦᠨ᠎ᠡ᠃
(ᠬᠤᠶᠠᠷ) ᠬᠤᠷᠸ᠎ᠠ ᠲᠣᠬᠢᠷᠠᠭᠤᠯᠭ᠎ᠠ ᠡᠵᠡᠮᠳᠡᠯ᠎ᠤᠨ ᠲᠥᠷᠥ ᠵᠢᠨ ᠪᠣᠳᠣᠯᠭ᠎ᠠ ᠵᠢ ᠣᠨᠣᠴᠠᠲᠠᠢ᠎ᠪᠠᠷ ᠨᠠᠶ᠋ᠢᠳᠠᠪᠤᠷᠢᠵᠢᠭᠤᠯᠤᠨ᠎ᠠ᠃ ᠬᠤᠷᠸ᠎ᠠ ᠲᠥᠷᠥ ᠵᠢᠨ ᠪᠣᠳᠣᠯᠭ᠎ᠠ ᠵᠢᠨ ᠰᠥᠷᠭᠡᠦ ᠦᠶᠡᠯᠡᠯ ᠪᠠ ᠦᠶᠡᠯᠡᠯ ᠠᠯᠤᠰᠯᠠᠭᠰᠠᠨ ᠲᠣᠬᠢᠷᠠᠭᠤᠯᠭ᠎ᠠ ᠵᠢ ᠴᠢᠩᠭ᠋ᠠᠷᠠᠭᠤᠯᠵᠤ᠂ ᠲᠥᠷᠥ ᠵᠢᠨ ᠪᠣᠳᠣᠯᠭ᠎ᠠ ᠵᠢᠨ ᠵᠣᠬᠢᠴᠠᠭᠤᠯᠭ᠎ᠠ ᠬᠠᠮᠵᠢᠯᠴᠠᠭ᠎ᠠ ᠵᠢ ᠴᠢᠩᠭ᠋ᠠᠳᠬᠠᠨ᠎ᠠ᠃ ᠲᠥᠪ᠎ᠤᠨ ᠪᠡᠯᠡ ᠮᠥᠩᠭᠦ ᠵᠢ ᠴᠢᠷᠮᠠᠶ᠋ᠢᠨ ᠠᠰᠢᠬᠯᠠᠬᠤ ᠦᠷ᠎ᠡ ᠪᠦᠲᠦᠮᠵᠢ᠎ᠪᠠᠨ ᠪᠠᠬᠢᠵᠢᠭᠦᠯᠦᠨ ᠳᠡᠭᠡᠭᠰᠢᠯᠡᠭᠦᠯᠵᠦ᠂ ᠲᠥᠪ᠎ᠤᠨ ᠰᠢᠯᠵᠢᠭᠦᠯᠦᠨ ᠥᠭᠬᠦ᠂ ᠲᠥᠰᠥᠪ᠎ᠤᠨ ᠪᠡᠯᠡ ᠮᠥᠩᠭᠦ᠂ ᠵᠢᠭᠡᠯᠡᠯᠭᠡ ᠵᠢᠨ ᠲᠡᠮᠳᠡᠭᠲᠦ ᠵᠢᠨ ᠪᠡᠯᠡ ᠮᠥᠩᠭᠦ ᠵᠢ ᠭᠦᠢ᠍ᠴᠡᠳ ᠰᠠᠶ᠋ᠢᠲᠤᠷ ᠠᠰᠢᠬᠯᠠᠨ᠎ᠠ᠃ ᠠᠷᠪᠢᠴᠢ ᠭᠠᠮᠲᠠᠢ ᠠᠮᠢᠳᠤᠷᠠᠬᠤ ᠵᠢ ᠪᠠᠷᠢᠮᠲᠠᠯᠠᠵᠤ᠂ ᠭᠤᠣᠯᠳᠠᠯᠭ᠋ᠠᠲᠤ ᠪᠤᠰᠤ᠂ ᠵᠠᠶ᠋ᠢᠯᠠᠰᠢ ᠦᠭᠡᠢ ᠪᠤᠰᠤ ᠵᠠᠷᠤᠯᠭ᠎ᠠ ᠵᠢ ᠶᠡᠭᠡ᠎ᠪᠠᠷ ᠪᠠᠭ᠋ᠠᠰᠬᠠᠨ᠂ ᠡᠳ᠋᠎ᠤᠨ ᠵᠠᠰᠠᠭ᠎ᠤᠨ ᠲᠥᠷᠥ ᠵᠢᠨ ᠪᠣᠳᠣᠯᠭ᠎ᠠ᠂ ᠡᠬᠢ ᠪᠠᠶᠠᠯᠢᠭ᠂ ᠪᠡᠯᠡ ᠮᠥᠩᠭᠦ ᠵᠢ ᠬᠤᠶᠠᠷ ᠶᠡᠭᠡ ᠶᠠᠪᠤᠳᠠᠯ ᠲᠡᠶ᠋ᠢᠰᠢ ᠬᠠᠨᠳᠤᠭᠤᠯᠤᠨ ᠬᠦᠴᠦᠨ ᠵᠶ᠋ᠠᠨ ᠲᠥᠪᠯᠡᠷᠡᠭᠦᠯᠬᠦ ᠵᠢ ᠬᠦᠴᠦᠯᠡᠨ ᠠᠬᠢᠭᠤᠯᠤᠨ᠎ᠠ᠃ ᠡᠳ᠋᠎ᠤᠨ ᠵᠠᠰᠠᠭ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠠᠴᠠ ᠳᠣᠷᠣᠭᠰᠢᠬᠢ ᠡᠳ᠋᠎ᠤᠨ ᠵᠠᠰᠠᠭ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢᠨ ᠬᠡᠷᠡᠭᠵᠢᠭᠦᠯᠬᠦ ᠰᠠᠨᠠᠯ᠎ᠢ ᠰᠤᠳᠤᠯᠤᠨ ᠲᠣᠭᠲᠠᠭ᠋ᠠᠨ᠎ᠠ᠃ ᠨᠡᠶ᠋ᠢᠭᠡᠮ᠎ᠤᠨ ᠪᠡᠯᠡ ᠲᠣᠬᠢᠷᠠᠭᠤᠯᠬᠤ ᠬᠡᠪᠴᠢᠶ᠎ᠡ ᠵᠢ ᠠᠵᠤ ᠠᠬᠤᠢ ᠵᠢᠨ ᠥᠰᠦᠯᠲᠡ ᠪᠠ ᠦᠨ᠎ᠡ ᠬᠠᠩᠰᠢ ᠵᠢᠨ ᠲᠦᠪᠰᠢᠨ᠎ᠤ ᠵᠢᠱ᠌ᠢᠭᠰᠡᠨ ᠬᠠᠷᠠᠯᠲᠠ᠎ᠯᠤᠭ᠎ᠠ ᠵᠣᠬᠢᠴᠠᠯᠳᠤᠭᠤᠯᠬᠤ ᠵᠢ ᠪᠠᠲᠤᠯᠠᠵᠤ᠂ ᠨᠡᠶ᠋ᠢᠭᠡᠮ᠎ᠤᠨ ᠶᠡᠷᠦᠩᠬᠡᠢ ᠪᠡᠯᠡ ᠲᠣᠬᠢᠷᠠᠭᠤᠯᠬᠤ ᠥᠪᠡᠷ᠎ᠤᠨ ᠥᠷᠳᠡᠭ᠎ᠢ ᠲᠣᠭᠲᠠᠭᠤᠨ᠎ᠤ ᠳᠤᠮᠳᠠ ᠪᠠᠭᠤᠷᠠᠭᠤᠯᠬᠤ ᠵᠢ ᠠᠬᠢᠭᠤᠯᠤᠨ᠂ ᠪᠣᠬᠢᠷᠲᠤᠯ ᠦᠭᠡᠢ ᠮᠥᠩᠭᠦᠨ ᠭᠦᠢ᠍ᠯᠭᠡᠭᠡᠨ᠎ᠤ ᠥᠭᠡᠷᠡᠴᠢᠯᠡᠯᠲᠡ ᠰᠢᠨ᠎ᠡ ᠡᠭᠦᠳᠦᠯᠲᠡ ᠵᠢ ᠢᠳᠡᠪᠬᠢᠲᠡᠢ ᠠᠬᠢᠭᠤᠯᠤᠨ᠎ᠠ᠃
(ᠭᠤᠷᠪᠠ) ᠠᠵᠢᠯ ᠣᠯᠭᠤᠯᠲᠠ ᠵᠢ ᠤᠷᠢᠳ ᠵᠶ᠋ᠠᠷ ᠪᠣᠳᠣᠯᠬᠢᠯᠠᠬᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ᠎ᠪᠠᠨ ᠴᠢᠩᠭ᠋ᠠᠷᠠᠭᠤᠯᠤᠨ᠎ᠠ᠃ ᠠᠵᠢᠯ ᠣᠯᠭᠤᠯᠲᠠ ᠵᠢᠨ ᠪᠠᠭᠲᠠᠭ᠋ᠠᠮᠵᠢ ᠵᠢ᠎ᠨᠢ ᠥᠷᠭᠡᠳᠬᠡᠵᠦ ᠶᠠᠰᠤ ᠴᠢᠨᠠᠷ᠎ᠢ᠎ᠨᠢ ᠳᠡᠭᠡᠭᠰᠢᠯᠡᠭᠦᠯᠬᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠦᠨ᠂ ᠳᠠᠷᠤᠭ᠋ᠠᠰᠤ ᠵᠢ᠎ᠨᠢ ᠬᠥᠩᠭᠡᠷᠡᠭᠦᠯᠦᠨ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠵᠤ ᠠᠵᠢᠯ ᠣᠯᠭᠤᠬᠤ ᠵᠢ ᠥᠷᠭᠡᠳᠭᠡᠬᠦ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠣᠨᠣᠴᠠᠲᠠᠢ ᠮᠥᠷᠲᠡᠭᠡᠨ ᠪᠦᠲᠦᠮᠵᠢᠲᠡᠢ ᠬᠡᠷᠡᠭᠵᠢᠭᠦᠯᠵᠦ᠂ ᠬᠤᠲᠠ ᠪᠠᠯᠭ᠋ᠠᠰᠤᠨ᠎ᠤ 18 ᠲᠦᠮᠡ ᠭᠠᠷᠤᠢ ᠬᠥᠮᠥᠨ᠎ᠳᠤ ᠰᠢᠨ᠎ᠡ᠎ᠪᠠᠷ ᠠᠵᠢᠯ ᠣᠯᠭᠤᠨ᠎ᠡ᠃ ᠶᠡᠭᠡ ᠳᠡᠭᠡᠳᠦ ᠰᠤᠷᠭ᠋ᠠᠭᠤᠯᠢ ᠲᠡᠭᠦᠰᠦᠭᠰᠡᠨ ᠰᠣᠷᠣᠭᠴᠢ ᠵᠡᠷᠭᠡ ᠵᠠᠯᠠᠭᠤᠴᠤᠳ᠎ᠤᠨ ᠠᠵᠢᠯ ᠣᠯᠭᠤᠯᠲᠠ ᠵᠢ ᠲᠣᠪᠣᠶ᠋ᠢᠮ᠎ᠠ ᠪᠠᠶ᠋ᠢᠷᠢᠨ᠎ᠳᠤ ᠲᠠᠯᠪᠢᠵᠤ᠂ ᠲᠥᠷᠥ ᠵᠢᠨ ᠪᠣᠳᠣᠯᠭ᠎ᠠ ᠵᠢᠨ ᠴᠢᠨᠠᠷᠲᠠᠢ ᠠᠵᠢᠯ᠎ᠤᠨ ᠪᠠᠶ᠋ᠢᠷᠢ ᠵᠢᠨ ᠬᠠᠩᠭ᠋ᠠᠯᠲᠠ ᠵᠢ ᠴᠢᠩᠭ᠋ᠠᠷᠠᠭᠤᠯᠤᠨ᠂ ᠵᠠᠬ᠎ᠠ ᠳᠡᠯᠭᠡᠭᠦᠷ᠎ᠤᠨ ᠠᠵᠢᠯ ᠣᠯᠭᠤᠬᠤ ᠵᠠᠮ ᠮᠥᠷ ᠪᠠ ᠠᠵᠢᠯ᠎ᠤᠨ ᠪᠠᠶ᠋ᠢᠷᠢ ᠵᠢ ᠢᠳᠡᠪᠬᠢᠲᠡᠢ ᠥᠷᠭᠡᠳᠬᠡᠨ᠎ᠡ᠃ ᠲᠠᠷᠢᠶᠠᠯᠠᠬᠤ ᠮᠠᠯᠵᠢᠬᠤ ᠣᠷᠣᠨ᠎ᠤ ᠬᠥᠳᠡᠯᠮᠦᠷᠢ ᠬᠦᠴᠦᠨ᠎ᠤ ᠭᠠᠳᠠᠭᠰᠢ ᠰᠢᠯᠵᠢᠨ ᠠᠵᠢᠯ ᠣᠯᠬᠤ᠂ ᠣᠶ᠋ᠢᠷ᠎ᠠ ᠬᠠᠪᠢ᠎ᠪᠠᠷ ᠲᠤᠬᠠᠢ ᠵᠢᠨ ᠭᠠᠵᠠᠷ᠎ᠲᠤ᠎ᠪᠠᠨ ᠠᠵᠢᠯ ᠣᠯᠬᠤ ᠪᠠ ᠠᠮᠢᠳᠤᠯᠢᠭ ᠵᠶ᠋ᠠᠷ ᠠᠵᠢᠯ ᠣᠯᠬᠤ ᠵᠢ ᠣᠯᠠᠨ ᠵᠠᠮ ᠮᠥᠷ ᠵᠶ᠋ᠠᠷ ᠠᠬᠢᠭᠤᠯᠤᠨ᠎ᠠ᠃ ᠠᠵᠢᠯ ᠠᠯᠳᠠᠭᠰᠠᠳ᠂ ᠠᠵᠢᠯ ᠣᠯᠬᠤ᠎ᠳᠤ ᠬᠦᠴᠢᠷᠳᠡᠯᠲᠡᠢ ᠬᠥᠮᠥᠰ᠂ ᠠᠵᠢᠯ ᠣᠯᠣᠭᠰᠠᠨ ᠬᠥᠮᠥᠨ ᠦᠭᠡᠢ ᠭᠡᠷ ᠪᠦᠯᠢ ᠵᠢᠨ ᠪᠦᠷᠢᠯᠳᠦᠭᠦᠨ᠂ ᠵᠡᠮᠳᠡᠭᠴᠦᠳ ᠵᠡᠷᠭᠡ ᠬᠦᠴᠢᠷᠳᠡᠯᠲᠡᠢ ᠣᠯᠠᠨ ᠲᠦᠮᠡᠨ᠎ᠢ ᠰᠠᠭᠤᠷᠢ᠎ᠠᠴᠠ᠎ᠨᠢ ᠪᠠᠲᠤᠯᠠᠨ ᠬᠠᠪᠰᠤᠷᠤᠨ ᠲᠡᠳᠬᠦᠬᠦ ᠠᠵᠢᠯ᠎ᠢ ᠣᠨᠣᠴᠠᠲᠠᠢ ᠰᠠᠶ᠋ᠢᠲᠤᠷ ᠬᠢᠨ᠎ᠡ᠃ 《ᠤᠷ᠎ᠠ ᠮᠡᠷᠭᠡᠰᠢᠯ᠎ᠤᠨ ᠥᠪᠥᠷ ᠮᠣᠩᠭᠤᠯ᠎ᠤᠨ ᠠᠵᠢᠯᠯᠠᠭ᠋ᠠᠨ》᠎ᠢ ᠯᠠᠪᠳᠠᠭᠤᠨ ᠪᠠᠲᠤᠲᠠᠢ᠎ᠪᠠᠷ ᠠᠬᠢᠭᠤᠯᠤᠨ᠎ᠠ᠃ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠠᠵᠢᠯᠲᠠᠨ ᠡᠯᠰᠡᠬᠦ ᠰᠠᠷ᠎ᠠ᠂ 《ᠵᠠᠭᠤᠨ ᠡᠳᠦᠷ ᠮᠢᠩᠭ᠋ᠠᠨ ᠲᠦᠮᠡᠨ ᠠᠵᠢᠯ᠎ᠤᠨ ᠪᠠᠶ᠋ᠢᠷᠢ ᠬᠠᠩᠭ᠋ᠠᠬᠤ》 ᠠᠵᠢᠯᠲᠠᠨ ᠡᠯᠰᠡᠬᠦ ᠲᠤᠰᠬᠠᠢ ᠠᠵᠢᠯᠯᠠᠭ᠋ᠠᠨ ᠵᠡᠷᠭᠡ ᠰᠢᠷᠢᠰ ᠠᠵᠢᠯᠯᠠᠭ᠎ᠠ ᠵᠢ ᠦᠷᠭᠦᠯᠵᠢᠯᠡᠨ ᠰᠠᠶ᠋ᠢᠲᠤᠷ ᠠᠳᠬᠤᠨ᠎ᠠ᠃
ᠬᠤᠶᠠᠷ᠂ ᠠᠵᠤ ᠦᠢ᠍ᠯᠡᠰ᠎ᠤᠨ ᠲᠣᠭᠲᠠᠯᠴᠠᠭ᠎ᠠ ᠵᠢ ᠲᠡᠭᠦᠯᠳᠡᠷᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦᠰᠡᠯᠡᠯᠲᠡ ᠰᠢᠪᠲᠤᠯᠬᠤ》 ᠢᠨᠵᠧᠨᠧᠷᠢᠩ᠎ᠢ ᠲᠦᠷᠭᠡᠳᠬᠡᠨ ᠬᠡᠷᠡᠭᠵᠢᠭᠦᠯᠦᠨ᠎ᠡ
ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠪᠠᠷ ᠣᠳᠣᠬᠢᠴᠢᠯᠠᠭᠰᠠᠨ ᠠᠵᠤ ᠦᠢ᠍ᠯᠡᠰ᠎ᠤᠨ ᠲᠣᠭᠲᠠᠯᠴᠠᠭ᠋ᠠᠨ᠎ᠤ ᠪᠠᠶ᠋ᠢᠭᠤᠯᠤᠯᠲᠠ ᠵᠢ ᠬᠥᠲᠥᠯᠥᠨ ᠳᠠᠭ᠋ᠠᠭᠤᠯᠵᠤ᠂ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠲᠦᠷᠭᠡᠳᠬᠡᠨ ᠠᠬᠢᠭᠤᠯᠵᠤ᠂ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠰᠠᠶ᠋ᠢᠵᠢᠷᠠᠭᠤᠯᠵᠤ ᠳᠡᠭᠡᠭᠰᠢᠯᠡᠭᠦᠯᠦᠨ᠂ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠢ ᠪᠤᠵᠠᠭ᠋ᠠᠶ᠋ᠢᠷᠠᠭᠤᠯᠤᠨ ᠪᠣᠶ᠋ᠢᠵᠢᠭᠤᠯᠵᠤ᠂ ᠢᠷᠡᠭᠡᠳᠦᠢ ᠵᠢᠨ ᠠᠵᠤ ᠦᠢ᠍ᠯᠡᠰ᠎ᠢ ᠪᠠᠷᠠᠯᠠᠯᠲᠠ ᠴᠢᠨᠠᠷᠲᠠᠢ᠎ᠪᠠᠷ ᠬᠥᠭᠵᠢᠭᠦᠯᠦᠨ᠂ ᠭᠤᠣᠯᠳᠠᠯᠭ᠎ᠠ᠎ᠲᠠᠢ ᠠᠵᠤ ᠦᠢ᠍ᠯᠡᠰ᠎ᠤᠨ ᠪᠦᠯᠦᠭᠵᠢᠯ᠎ᠤᠨ ᠬᠡᠯᠬᠢᠶᠡᠨ᠎ᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃
(ᠨᠢᠭᠡ) ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ᠎ᠪᠠᠷ ᠠᠵᠤ ᠦᠢ᠍ᠯᠡᠰ᠎ᠤᠨ ᠰᠢᠨ᠎ᠡ ᠡᠭᠦᠳᠦᠯᠲᠡ ᠵᠢ ᠠᠬᠢᠭᠤᠯᠤᠨ᠎ᠠ᠃ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠥᠪᠥᠷ ᠮᠣᠩᠭᠤᠯ ᠵᠶ᠋ᠠᠨ ᠮᠠᠨᠳᠤᠭᠤᠯᠬᠤ》 2.0 ᠬᠡᠪᠯᠡᠯ᠎ᠢ ᠴᠣᠭᠴᠠᠯᠠᠨ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ 《ᠪᠦ᠍ᠰᠡᠯᠡᠯᠲᠡ ᠰᠢᠪᠲᠤᠯᠬᠤ》 ᠢᠨᠵᠧᠨᠧᠷᠢᠩ᠎ᠤᠨ ᠠᠵᠢᠯ᠎ᠤᠨ ᠲᠥᠰᠥᠯ᠎ᠢ ᠨᠡᠶ᠋ᠢᠲᠡᠯᠡᠨ ᠬᠡᠷᠡᠭᠵᠢᠭᠦᠯᠦᠨ᠎ᠡ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠷᠤᠭᠤᠯᠤᠯᠲᠠ ᠵᠢᠨ ᠵᠠᠶ᠋ᠢᠯᠠᠰᠢ ᠦᠭᠡᠢ ᠨᠡᠮᠡᠭᠳᠡᠯ᠎ᠢ ᠪᠠᠲᠤᠯᠠᠨ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠷᠤᠯᠭ᠎ᠠ ᠵᠢ 20%᠎ᠠᠴᠠ ᠳᠡᠭᠡᠭᠰᠢ ᠨᠡᠮᠡᠭᠳᠡᠭᠦᠯᠦᠨ᠎ᠡ᠃ ᠭᠤᠷᠪᠠᠨ ᠶᠡᠭᠡ ᠵᠢᠱ᠌ᠢᠶ᠎ᠡ ᠦᠵᠡᠭᠦᠯᠬᠦ ᠲᠣᠭᠤᠷᠢᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠂ ᠤᠯᠤᠰ᠎ᠤᠨ ᠰᠦ ᠰᠠᠭ᠋ᠠᠯᠢ ᠵᠢᠨ ᠦᠢ᠍ᠯᠡᠰ᠎ᠤᠨ ᠮᠡᠷᠭᠡᠵᠢᠯ᠎ᠤᠨ ᠰᠢᠨ᠎ᠡ ᠵᠢ ᠡᠭᠦᠳᠬᠦ ᠲᠥᠪ᠎ᠤᠨ ᠦᠷ᠎ᠡ ᠪᠦᠲᠦᠭᠡᠯ᠎ᠢ ᠤᠯᠠᠷᠢᠭᠤᠯᠤᠨ ᠬᠤᠪᠢᠷᠠᠭᠤᠯᠵᠤ ᠪᠣᠳᠠᠲᠠᠶ᠋ᠢᠵᠢᠭᠤᠯᠬᠤ ᠵᠢ ᠦᠷᠭᠦᠯᠵᠢᠯᠡᠨ ᠠᠬᠢᠭᠤᠯᠵᠤ᠂ ᠬᠤᠪᠣᠷ ᠰᠢᠷᠣᠢ᠂ ᠡᠪᠡᠰᠦᠨ᠎ᠤ ᠦᠢ᠍ᠯᠡᠰ᠎ᠤᠨ ᠥᠨᠳᠥᠷ ᠴᠢᠳᠠᠮᠵᠢ ᠵᠢᠨ ᠳᠡᠰ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠲᠠᠪᠴᠠᠩ᠎ᠢ ᠴᠣᠭᠴᠠᠯᠠᠨ᠂ ᠬᠤᠸᠠᠢ ᠷᠧᠦ ᠵᠢᠨ ᠲᠤᠷᠰᠢᠯᠲᠠ ᠵᠢᠨ ᠲᠠᠰᠤᠭ᠎ᠤᠨ ᠥᠪᠥᠷ ᠮᠣᠩᠭᠤᠯ᠎ᠳᠠᠬᠢ ᠰᠠᠭᠤᠷᠢᠨ ᠭᠠᠵᠠᠷ᠎ᠢ ᠴᠣᠬᠤᠯᠠᠪᠤᠷᠢᠯᠠᠨ ᠵᠥᠪᠰᠢᠶᠡᠷᠡᠭᠦᠯᠬᠦ᠂ ᠮᠤᠵᠢ ᠶᠠᠮᠤᠨ᠎ᠤ ᠬᠠᠮᠲᠤᠷᠠᠨ ᠪᠠᠶ᠋ᠢᠭᠤᠯᠤᠭᠰᠠᠨ ᠲᠠᠯ᠎ᠠ ᠨᠤᠲᠤᠭ᠎ᠤᠨ ᠭᠡᠷ᠎ᠤᠨ ᠲᠡᠵᠢᠭᠡᠪᠦᠷᠢ ᠵᠢᠨ ᠦᠷᠡᠵᠢᠯ᠎ᠢ ᠡᠵᠡᠮᠰᠢᠨ ᠲᠣᠬᠢᠷᠠᠭᠤᠯᠬᠤ ᠪᠠ ᠦᠷᠡᠵᠢᠭᠦᠯᠦᠨ ᠪᠣᠶ᠋ᠢᠵᠢᠭᠤᠯᠬᠤ ᠤᠯᠤᠰ᠎ᠤᠨ ᠭᠤᠣᠯᠳᠠᠯᠭ᠋ᠠᠲᠤ ᠲᠤᠷᠰᠢᠯᠲᠠ ᠵᠢᠨ ᠲᠠᠰᠤᠭ᠎ᠢ ᠪᠥᠬᠦ ᠤᠯᠤᠰ᠎ᠤᠨ ᠭᠤᠣᠯᠳᠠᠯᠭ᠎ᠠ ᠪᠣᠯᠬᠤ ᠲᠤᠷᠰᠢᠯᠲᠠ ᠵᠢᠨ ᠲᠠᠰᠤᠭ᠎ᠤᠨ ᠴᠤᠪᠤᠷᠠᠯ᠎ᠳᠤ ᠣᠷᠣᠭᠤᠯᠬᠤ᠎ᠪᠠᠷ ᠴᠢᠷᠮᠠᠶ᠋ᠢᠨ᠎ᠠ᠃ ᠪᠡᠭᠡᠵᠢᠩ ᠥᠪᠥᠷ ᠮᠣᠩᠭᠤᠯ᠎ᠤᠨ ᠬᠠᠮᠲᠤᠷᠠᠯᠴᠠᠭ᠋ᠠᠨ᠎ᠤ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠡᠭᠦᠳᠦᠯᠲᠡ ᠵᠢ ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ》 ᠵᠢ ᠨᠠᠶ᠋ᠢᠳᠠᠪᠤᠷᠢᠵᠢᠭᠤᠯᠵᠤ᠂ ᠬᠠᠮᠲᠤᠷᠠᠨ ᠪᠠᠶ᠋ᠢᠭᠤᠯᠬᠤ ᠰᠢᠨ᠎ᠡ ᠡᠭᠦᠳᠦᠯᠲᠡ ᠵᠢᠨ ᠲᠠᠪᠴᠠᠩ᠎ᠢ 20 ᠰᠢᠨ᠎ᠡ᠎ᠪᠠᠷ ᠨᠡᠮᠡᠭᠳᠡᠭᠦᠯᠦᠨ᠎ᠡ᠃ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠣᠨᠴᠠ ᠲᠣᠮᠢᠯᠠᠭᠳᠠᠭᠰᠠᠳ᠎ᠤᠨ ᠠᠵᠢᠯᠯᠠᠭ᠋ᠠᠨ᠎ᠢ ᠦᠷᠭᠦᠯᠵᠢᠯᠡᠨ ᠬᠡᠷᠡᠭᠵᠢᠭᠦᠯᠵᠦ᠂ ᠬᠥᠲᠥᠴᠢ ᠠᠵᠤ ᠠᠬᠤᠶ᠋ᠢᠯᠠᠯ᠎ᠠᠴᠠ ᠲᠦᠷᠦᠭᠦᠯᠡᠨ ᠰᠢᠨ᠎ᠡ ᠵᠢ ᠡᠭᠦᠳᠬᠦ ᠬᠤᠯᠪᠣᠭ᠋ᠠᠲᠤ ᠴᠣᠭᠴᠠ ᠵᠢ 50᠎ᠠᠴᠠ ᠳᠡᠭᠡᠭᠰᠢ ᠪᠠᠶ᠋ᠢᠭᠤᠯᠬᠤ ᠵᠢ ᠵᠣᠷᠢᠬ᠍ᠵᠢᠭᠤᠯᠤᠨ᠂ ᠳᠡᠭᠡᠳᠦ ᠰᠢᠨ᠎ᠡ ᠮᠡᠷᠭᠡᠵᠢᠯ᠎ᠤᠨ ᠠᠵᠤ ᠠᠬᠤᠶ᠋ᠢᠯᠠᠯ᠎ᠢ 2000᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠵᠢᠨ ᠳᠤᠮᠳᠠ ᠵᠢᠵᠢᠭ ᠠᠵᠤ ᠠᠬᠤᠶ᠋ᠢᠯᠠᠯ᠎ᠢ 3000᠎ᠳᠤ ᠬᠦᠷᠦᠭᠦᠯᠬᠦ᠎ᠪᠠᠷ ᠬᠦᠴᠦᠯᠡᠨ ᠴᠢᠷᠮᠠᠶ᠋ᠢᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠵᠦ᠂ 《ᠵᠠᠷᠯᠠᠯ ᠨᠡᠶ᠋ᠢᠲᠡᠯᠡᠵᠦ ᠬᠤᠰᠢᠭᠤᠷᠠᠨ ᠠᠵᠢᠯᠯᠠᠬᠤ》 ᠲᠣᠭᠲᠠᠴᠠ ᠵᠢ ᠪᠦᠷᠢᠨᠰᠢᠭᠦᠯᠦᠨ᠎ᠡ᠃ ᠢᠷᠡᠭᠡᠳᠦᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠬᠤ ᠲᠥᠰᠥᠯ᠎ᠢ ᠲᠣᠭᠲᠠᠭ᠋ᠠᠵᠤ᠂ ᠨᠡᠭᠦᠷᠡᠰᠦᠲᠥ᠋ᠷᠥᠭᠴᠢ ᠪᠠᠭ᠋ᠠᠲᠠᠢ ᠡᠨᠧᠷᠭᠢ ᠵᠢᠨ ᠰᠤᠷᠪᠤᠯᠵᠢ ᠵᠡᠷᠭᠡ ᠬᠦᠷᠢᠶᠡᠨ᠎ᠤ ᠲᠣᠭᠤᠷᠢᠨ᠎ᠳᠤ᠂ ᠰᠢᠨ᠎ᠡ ᠬᠡᠯᠪᠡᠷᠢ ᠵᠢᠨ ᠨᠦᠬᠡᠴᠡ ᠡᠨᠧᠷᠭᠢ᠂ ᠤᠰᠤᠲᠥ᠋ᠷᠥᠭᠴᠢ ᠡᠨᠧᠷᠭᠢ᠂ ᠥᠨᠳᠥᠷ ᠴᠢᠳᠠᠮᠵᠢᠲᠤ ᠨᠡᠶ᠋ᠢᠯᠡᠮᠡᠯ ᠮᠠᠲ᠋ᠧᠷᠢᠶᠠᠯ ᠵᠡᠷᠭᠡ ᠴᠢᠭᠯᠡᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠣᠷᠣᠶ᠋ᠢᠯᠠᠭᠰᠠᠨ ᠲᠤᠰᠬᠠᠢ ᠮᠡᠷᠭᠡᠵᠢᠯᠲᠡᠨ᠂ ᠰᠢᠨ᠎ᠡ ᠵᠢ ᠡᠭᠦᠳᠬᠦ ᠪᠦᠯᠬᠦᠮ᠎ᠢ ᠢᠳᠡᠪᠬᠢᠲᠡᠢ ᠣᠷᠣᠭᠤᠯᠤᠨ ᠠᠪᠴᠢᠷᠠᠵᠤ ᠰᠤᠳᠤᠯᠤᠨ ᠨᠡᠭᠡᠭᠡᠬᠦ ᠵᠢ ᠥᠷᠨᠢᠭᠦᠯᠦᠨ᠂ ᠮᠡᠷᠭᠡᠵᠢᠯ᠎ᠤᠨ ᠪᠣᠭᠤᠮᠲᠠ ᠰᠢᠪᠲᠤᠯᠬᠤ᠂ ᠠᠵᠤ ᠦᠢ᠍ᠯᠡᠰ᠎ᠢ ᠪᠣᠶ᠋ᠢᠵᠢᠭᠤᠯᠬᠤ᠂ ᠴᠢᠳᠠᠪᠤᠷᠢᠲᠠᠨ᠎ᠢ ᠬᠥᠮᠥᠵᠢᠭᠦᠯᠬᠦ ᠵᠡᠷᠭᠡ ᠠᠵᠢᠯ᠎ᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠨ᠎ᠡ᠃
(ᠬᠤᠶᠠᠷ) ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠶᠡᠭᠡ᠎ᠪᠠᠷ ᠠᠬᠢᠭᠤᠯᠤᠨ᠎ᠠ᠃ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠠᠬᠢᠭᠤᠯᠬᠤ ᠶᠡᠭᠡ ᠬᠤᠷᠠᠯ᠎ᠤᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠵᠤ᠂ 《1+7》 ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠬᠡᠷᠡᠭᠵᠢᠭᠦᠯᠦᠨ᠎ᠡ᠃ ᠣᠯᠠᠨ ᠡᠰᠢᠵᠢᠭᠦᠯᠦᠨ ᠬᠥᠭᠵᠢᠭᠦᠯᠬᠦ ᠣᠯᠠᠨ ᠲᠤᠶ᠋ᠢᠯ ᠵᠶ᠋ᠠᠷ ᠲᠤᠯᠭ᠋ᠠᠭᠤᠷᠢᠯᠠᠬᠤ ᠣᠳᠣᠬᠢᠴᠢᠯᠠᠭᠰᠠᠨ ᠠᠵᠤ ᠦᠢ᠍ᠯᠡᠰ᠎ᠤᠨ ᠲᠣᠭᠲᠠᠯᠴᠠᠭ᠎ᠠ ᠵᠢ ᠪᠠᠶ᠋ᠢᠭᠤᠯᠬᠤ ᠵᠢᠨ ᠬᠡᠷᠡᠭᠵᠢᠭᠦᠯᠬᠦ ᠲᠥᠰᠥᠯ᠎ᠢ ᠨᠡᠶ᠋ᠢᠲᠡᠯᠡᠨ᠂ ᠲᠣᠭᠲᠠᠭᠤᠨ ᠪᠠᠶ᠋ᠢᠯᠭ᠋ᠠᠬᠤ ᠵᠢᠨ ᠳᠠᠭ᠋ᠠᠤ ᠤᠷᠤᠭᠰᠢᠯᠠᠬᠤ ᠤᠷᠤᠭᠰᠢᠯᠠᠨ ᠳᠠᠪᠰᠢᠬᠤ᠎ᠪᠠᠷ ᠲᠣᠭᠲᠠᠭᠤᠨ᠎ᠢ ᠠᠬᠢᠭᠤᠯᠬᠤ ᠵᠢ ᠪᠠᠷᠢᠮᠲᠠᠯᠠᠵᠤ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠲᠣᠳᠣᠷᠬᠠᠢ ᠬᠠᠭᠤᠳᠠᠰᠤ ᠵᠢ ᠨᠠᠶ᠋ᠢᠳᠠᠪᠤᠷᠢᠵᠢᠭᠤᠯᠵᠤ᠂ ᠶᠡᠭᠡ ᠬᠡᠪᠴᠢᠶᠡᠨ᠎ᠤ ᠮᠡᠷᠭᠡᠵᠢᠯ᠎ᠤᠨ ᠥᠭᠡᠷᠡᠴᠢᠯᠡᠨ ᠰᠢᠨᠡᠳᠭᠡᠵᠦ ᠳᠡᠰ ᠳᠡᠪᠰᠢᠭᠦᠯᠬᠦ ᠢᠨᠵᠧᠨᠧᠷᠢᠩ ᠪᠠ ᠦᠢ᠍ᠯᠡᠳᠬᠦ ᠦᠢ᠍ᠯᠡᠰ᠎ᠤᠨ ᠭᠤᠣᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢ ᠴᠢᠨᠠᠷ ᠰᠠᠶ᠋ᠢᠲᠠᠢ ᠬᠥᠭᠵᠢᠭᠦᠯᠬᠦ ᠠᠵᠢᠯᠯᠠᠭ᠋ᠠᠨ᠎ᠢ ᠬᠡᠷᠡᠭᠵᠢᠭᠦᠯᠦᠨ᠂ ᠥᠨᠳᠥᠷ ᠬᠢᠷᠢ ᠲᠦᠪᠰᠢᠨ ᠪᠦᠬᠦᠢ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠢ 4000᠎ᠠᠴᠠ ᠳᠡᠭᠡᠭᠰᠢ᠎ᠳᠤ ᠬᠦᠷᠦᠭᠦᠯᠬᠦ᠎ᠪᠠᠷ ᠬᠦᠴᠦᠯᠡᠨ ᠴᠢᠷᠮᠠᠶ᠋ᠢᠵᠤ᠂ ᠤᠯᠤᠰ᠎ᠤᠨ ᠳᠡᠰ᠎ᠤᠨ ᠳᠤᠮᠳᠠ ᠵᠢᠵᠢᠭ ᠠᠵᠤ ᠠᠬᠤᠶ᠋ᠢᠯᠠᠯ᠎ᠤᠨ ᠣᠨᠴᠠᠯᠢᠭᠲᠤ ᠠᠵᠤ ᠦᠢ᠍ᠯᠡᠰ᠎ᠤᠨ ᠪᠦᠯᠦᠭᠵᠢᠯ᠎ᠢ 1᠂ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠳᠤᠮᠳᠠ ᠵᠢᠵᠢᠭ ᠠᠵᠤ ᠠᠬᠤᠶ᠋ᠢᠯᠠᠯ᠎ᠤᠨ ᠣᠨᠴᠠᠯᠢᠭᠲᠤ ᠠᠵᠤ ᠦᠢ᠍ᠯᠡᠰ᠎ᠤᠨ ᠪᠦᠯᠦᠭᠵᠢᠯ᠎ᠢ 10 ᠪᠣᠶ᠋ᠢᠵᠢᠭᠤᠯᠵᠤ᠂ ᠰᠢᠨ᠎ᠡ ᠵᠢ ᠡᠭᠦᠳᠬᠦ ᠬᠡᠯᠪᠡᠷᠢ ᠵᠢᠨ ᠳᠤᠮᠳᠠ ᠵᠢᠵᠢᠭ ᠠᠵᠤ ᠠᠬᠤᠶ᠋ᠢᠯᠠᠯ᠎ᠢ 300᠂ 《ᠲᠤᠰᠬᠠᠶ᠋ᠢᠵᠢᠭᠰᠠᠨ ᠰᠣᠳᠣᠨ ᠥᠪᠡᠷᠮᠢᠴᠡ ᠰᠢᠨ᠎ᠡ》 ᠳᠤᠮᠳᠠ ᠵᠢᠵᠢᠭ ᠠᠵᠤ ᠠᠬᠤᠶ᠋ᠢᠯᠠᠯ᠎ᠢ 60 ᠪᠣᠶ᠋ᠢᠵᠢᠭᠤᠯᠤᠨ᠎ᠠ᠃ ᠳ᠋ᠢᠵᠢᠲ᠋ᠠᠯ ᠠᠵᠤ ᠠᠬᠤᠢ ᠵᠢ ᠶᠡᠭᠡ᠎ᠪᠠᠷ ᠬᠥᠭᠵᠢᠭᠦᠯᠦᠨ᠂ ᠠᠵᠤ ᠦᠢ᠍ᠯᠡᠰ᠎ᠢ ᠲᠣᠭ᠋ᠠᠵᠢᠭᠤᠯᠬᠤ ᠪᠠ ᠲᠣᠭ᠋ᠠᠵᠢᠭᠤᠯᠤᠯᠲᠠ ᠵᠢ ᠠᠵᠤ ᠦᠢ᠍ᠯᠡᠰᠵᠢᠬᠦᠯᠬᠦ᠎ᠪᠠᠨ ᠲᠦᠷᠭᠡᠳᠬᠡᠵᠦ᠂ ᠦᠢ᠍ᠯᠡᠴᠢᠯᠡᠭᠦᠷ᠎ᠤᠨ ᠮᠠᠰᠢᠨ ᠴᠣᠭᠴᠠᠯᠠᠪᠤᠷᠢ ᠵᠢᠨ ᠬᠡᠪᠴᠢᠶ᠎ᠡ ᠵᠢ 60 ᠲᠦᠮᠡ ᠰᠢᠨ᠎ᠡ᠎ᠪᠠᠷ ᠨᠡᠮᠡᠭᠳᠡᠭᠦᠯᠦᠨ᠂ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ᠎ᠤᠨ ᠲᠥᠬᠦᠭᠡᠷᠦᠮᠵᠢ ᠵᠢᠨ ᠲᠣᠭ᠋ᠠᠵᠢᠭᠤᠯᠤᠭᠰᠠᠨ ᠨᠣᠷᠮ᠎ᠠ ᠵᠢ 50%᠎ᠳᠤ ᠬᠦᠷᠦᠭᠦᠯᠵᠦ᠂ ᠵᠠᠩᠭᠢᠯᠠᠭ᠎ᠠ ᠵᠢᠨ ᠠᠵᠢᠯ᠎ᠤᠨ ᠴᠤᠪᠤᠷᠠᠯ᠎ᠤᠨ ᠲᠣᠭ᠋ᠠᠵᠢᠭᠤᠯᠤᠨ ᠡᠵᠡᠮᠰᠢᠬᠦ ᠨᠣᠷᠮ᠎ᠠ ᠵᠢ 61%᠎ᠳᠤ ᠬᠦᠷᠦᠭᠦᠯᠦᠨ᠎ᠡ᠃ ᠠᠵᠤ ᠦᠢ᠍ᠯᠡᠳᠪᠦᠷᠢ ᠵᠢᠨ ᠪᠣᠬᠢᠷᠲᠤᠯ ᠦᠭᠡᠢ ᠬᠥᠭᠵᠢᠯᠲᠡ ᠵᠢᠨ ᠠᠵᠢᠯᠯᠠᠭ᠋ᠠᠨ᠎ᠤ ᠲᠥᠰᠥᠯ᠎ᠢ ᠨᠡᠶ᠋ᠢᠲᠡᠯᠡᠵᠦ᠂ ᠡᠨᠧᠷᠭᠢ ᠠᠷᠪᠢᠯᠠᠬᠤ᠂ ᠤᠰᠤ ᠠᠷᠪᠢᠯᠠᠬᠤ ᠮᠡᠷᠭᠡᠵᠢᠯ᠎ᠤᠨ ᠥᠭᠡᠷᠡᠴᠢᠯᠡᠨ ᠰᠢᠨᠡᠳᠭᠡᠬᠦ ᠲᠥᠷᠥᠯ ᠵᠦᠢ᠍ᠯ᠎ᠢ 70 ᠬᠡᠷᠡᠭᠵᠢᠭᠦᠯᠦᠨ᠂ ᠵᠢᠯ᠎ᠤᠨ ᠳᠣᠲᠣᠷ᠎ᠠ ᠡᠨᠧᠷᠭᠢ ᠠᠷᠪᠢᠯᠠᠭᠰᠠᠨ ᠬᠡᠮᠵᠢᠶ᠎ᠡ ᠵᠢ 50 ᠲᠦᠮᠡᠨ ᠲᠣᠨ ᠪᠠᠷᠢᠮᠵᠢᠶᠠᠲᠤ ᠨᠡᠭᠦᠷᠡᠰᠦ᠂ ᠤᠰᠤ ᠠᠷᠪᠢᠯᠠᠭᠰᠠᠨ ᠬᠡᠮᠵᠢᠶ᠎ᠡ ᠵᠢ 700 ᠲᠦᠮᠡᠨ ᠲᠣᠨ ᠪᠡᠶᠡᠯᠡᠭᠦᠯᠵᠦ᠂ ᠪᠣᠯᠣᠳ ᠲᠡᠮᠦᠷ᠎ᠤᠨ ᠬᠤᠴᠣᠷᠤᠩᠭᠤᠢ ᠬᠢᠵᠠᠭ᠋ᠠᠷ᠎ᠲᠠᠢ ᠦᠢ᠍ᠯᠡᠳᠪᠦᠷᠢᠯᠡᠯ᠎ᠤᠨ ᠴᠢᠳᠠᠪᠤᠷᠢ ᠵᠢ 510 ᠲᠦᠮᠡᠨ ᠲᠣᠨ ᠪᠤᠴᠠᠭ᠋ᠠᠨ ᠭᠠᠷᠭ᠋ᠠᠵᠤ᠂ ᠪᠣᠬᠢᠷᠲᠤᠯ ᠦᠭᠡᠢ ᠦᠢ᠍ᠯᠡᠳᠪᠦᠷᠢ ᠵᠢ 20᠂ ᠪᠣᠬᠢᠷᠲᠤᠯ ᠦᠭᠡᠢ ᠬᠦᠷᠢᠶᠡᠯᠡᠩ ᠲᠣᠭᠤᠷᠢᠭ᠎ᠢ 4 ᠡᠭᠦᠳᠦᠨ ᠪᠠᠶ᠋ᠢᠭᠤᠯᠬᠤ᠎ᠪᠠᠷ ᠬᠦᠴᠦᠯᠡᠨ ᠴᠢᠷᠮᠠᠶ᠋ᠢᠨ᠎ᠠ᠃
(ᠭᠤᠷᠪᠠ) ᠦᠢ᠍ᠯᠡᠴᠢᠯᠡᠭᠡᠨ᠎ᠤ ᠦᠢ᠍ᠯᠡᠰ᠎ᠢ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠤᠨ᠎ᠠ᠃ ᠦᠢ᠍ᠯᠡᠴᠢᠯᠡᠭᠡᠨ᠎ᠤ ᠦᠢ᠍ᠯᠡᠰ᠎ᠢ ᠲᠡᠷᠢᠭᠦᠨ᠎ᠤ ᠦᠢ᠍ᠯᠡᠳᠬᠦ ᠦᠢ᠍ᠯᠡᠰ᠂ ᠣᠳᠣ ᠦᠶ᠎ᠡ ᠵᠢᠨ ᠲᠠᠷᠢᠶᠠᠯᠠᠩ ᠮᠠᠯ ᠠᠵᠤ ᠠᠬᠤᠢ᠎ᠯᠤᠭ᠎ᠠ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠤᠨ᠎ᠠ᠃ ᠤᠯᠤᠰ᠎ᠤᠨ ᠪᠠᠷᠠᠭ᠋ᠠᠨ᠎ᠤ ᠭᠦᠢ᠍ᠯᠭᠡᠭᠡᠨ᠎ᠤ ᠬᠦᠢ᠍ᠰᠦ ᠪᠠᠷᠢᠯᠭ᠎ᠠ᠂ ᠭᠤᠣᠯᠯᠠᠭᠴᠢ ᠬᠦᠢ᠍ᠲᠡᠨ ᠬᠡᠯᠬᠢᠶᠡᠲᠦ ᠪᠠᠷᠠᠭ᠋ᠠᠨ᠎ᠤ ᠭᠦᠢ᠍ᠯᠭᠡᠭᠡᠨ᠎ᠤ ᠰᠠᠭᠤᠷᠢᠨ ᠭᠠᠵᠠᠷ᠂ ᠶᠡᠷᠦᠩᠬᠡᠶ᠋ᠢᠯᠡᠭᠰᠡᠨ ᠪᠠᠷᠠᠭ᠎ᠠ ᠲᠡᠭᠡᠭᠡᠪᠦᠷᠢᠯᠡᠬᠦ ᠬᠦᠢ᠍ᠰᠦ ᠪᠦᠬᠦᠢ ᠬᠡᠯᠬᠢᠶ᠎ᠡ ᠵᠢ ᠨᠥᠬᠦᠪᠦᠷᠢᠯᠡᠬᠦ ᠴᠢᠩᠳᠠᠯᠠᠬᠤ ᠬᠤᠲᠠ ᠪᠠ ᠣᠳᠣ ᠦᠶ᠎ᠡ ᠵᠢᠨ ᠭᠦᠢ᠍ᠯᠭᠡᠭᠡᠨ᠎ᠤ ᠪᠠᠶ᠋ᠢᠯᠳᠤᠬᠤ ᠪᠣᠳᠣᠯᠭ᠎ᠠ ᠵᠢᠨ ᠲᠤᠯᠭ᠋ᠠᠭᠤᠷᠢᠯᠠᠬᠤ ᠴᠡᠭ ᠪᠦᠬᠦᠢ ᠬᠤᠲᠠ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠣᠯᠠᠨ ᠬᠡᠯᠪᠡᠷᠢ ᠪᠦᠬᠦᠢ ᠬᠤᠯᠪᠣᠭ᠋ᠠᠯᠠᠨ ᠲᠡᠭᠡᠭᠡᠪᠦᠷᠢᠯᠡᠵᠦ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠠᠬᠢᠭᠤᠯᠤᠨ᠂ 《ᠠᠶᠠᠨᠴᠢᠳ᠎ᠤᠨ ᠲᠡᠭᠡᠭᠡᠪᠦᠷᠢ ᠪᠠᠷᠠᠭ᠋ᠠᠨ᠎ᠤ ᠭᠦᠢ᠍ᠯᠭᠡᠭᠡ ᠰᠢᠤᠳᠠᠨ᠎ᠤ ᠲᠦᠷᠭᠡᠨ ᠢᠯᠡᠭᠡᠯᠲᠡ》 ᠵᠢᠨ ᠠᠭᠤᠰᠤᠯᠴᠠᠨ ᠬᠥᠭᠵᠢᠬᠦ ᠵᠢ ᠠᠬᠢᠭᠤᠯᠵᠤ᠂ ᠲᠣᠰᠬᠤᠨ᠎ᠤ ᠱᠠᠲᠤᠨ᠎ᠤ ᠭᠤᠪᠢᠭᠤᠯᠵᠤ ᠢᠯᠡᠭᠡᠬᠦ ᠪᠠᠷᠠᠭ᠋ᠠᠨ᠎ᠤ ᠭᠦᠢ᠍ᠯᠭᠡᠭᠡᠨ᠎ᠤ ᠪᠠᠷᠢᠮᠵᠢᠶᠠᠵᠢᠭᠰᠠᠨ ᠶᠡᠷᠦᠩᠬᠡᠶ᠋ᠢᠯᠡᠭᠰᠡᠨ ᠦᠢ᠍ᠯᠡᠴᠢᠯᠡᠭᠡᠨ᠎ᠤ ᠴᠡᠭ᠎ᠢ 5000 ᠪᠠᠶ᠋ᠢᠭᠤᠯᠤᠨ᠎ᠠ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠮᠥᠩᠭᠦᠨ ᠭᠦᠢ᠍ᠯᠭᠡᠭᠡ᠂ ᠪᠣᠬᠢᠷᠲᠤᠯ ᠦᠭᠡᠢ ᠮᠥᠩᠭᠦᠨ ᠭᠦᠢ᠍ᠯᠭᠡᠭᠡ᠂ ᠲᠦᠭᠡᠮᠡᠯ ᠬᠠᠷᠠᠭ᠋ᠠᠯᠵᠠᠯᠲᠤ ᠮᠥᠩᠭᠦᠨ ᠭᠦᠢ᠍ᠯᠭᠡᠭᠡ᠂ ᠨᠠᠰᠤᠵᠢᠯ᠎ᠤᠨ ᠠᠰᠠᠷᠠᠮᠵᠢ ᠵᠢᠨ ᠮᠥᠩᠭᠦᠨ ᠭᠦᠢ᠍ᠯᠭᠡᠭᠡ᠂ ᠳ᠋ᠢᠵᠢᠲ᠋ᠠᠯ ᠮᠥᠩᠭᠦᠨ ᠭᠦᠢ᠍ᠯᠭᠡᠭᠡ ᠵᠢ ᠶᠡᠭᠡ᠎ᠪᠠᠷ ᠬᠥᠭᠵᠢᠭᠦᠯᠦᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠬᠡᠯᠪᠡᠷᠢ ᠪᠦᠬᠦᠢ ᠠᠵᠤ ᠠᠬᠤᠶ᠋ᠢᠯᠠᠯ᠎ᠤᠨ ᠪᠥᠬᠦ ᠦᠶᠡᠯᠡᠯ᠎ᠤᠨ ᠬᠤᠭᠤᠴᠠᠭ᠋ᠠᠨ᠎ᠤ ᠮᠥᠩᠭᠦᠨ ᠭᠦᠢ᠍ᠯᠭᠡᠭᠡᠨ᠎ᠤ ᠦᠢ᠍ᠯᠡᠴᠢᠯᠡᠭᠡᠨ᠎ᠤ ᠲᠣᠭᠲᠠᠯᠴᠠᠭ᠎ᠠ ᠵᠢ ᠲᠦᠷᠭᠡᠳᠬᠡᠨ ᠪᠠᠶ᠋ᠢᠭᠤᠯᠵᠤ᠂ ᠠᠵᠤ ᠠᠬᠤᠶ᠋ᠢᠯᠠᠯ᠎ᠢ ᠰᠲ᠋ᠣᠺ᠎ᠤᠨ ᠵᠠᠬ᠎ᠠ᠎ᠳᠤ ᠭᠠᠷᠭ᠋ᠠᠬᠤ 《ᠲᠢᠶᠠᠨ ᠵᠢᠶᠦ᠋ᠨ ᠲᠥᠯᠥᠪᠯᠡᠭᠡ》 ᠵᠢ ᠭᠦᠨᠵᠡᠭᠡᠢ ᠬᠡᠷᠡᠭᠵᠢᠭᠦᠯᠦᠨ᠂ ᠣᠯᠠᠨ ᠳᠡᠰ ᠳᠠᠪᠬᠤᠷᠭ᠋ᠠᠲᠤ ᠬᠥᠷᠥᠩᠭᠡ ᠵᠢᠨ ᠵᠠᠬ᠎ᠠ ᠳᠡᠯᠭᠡᠭᠦᠷ᠎ᠤᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠂ ᠠᠵᠤ ᠠᠬᠤᠶ᠋ᠢᠯᠠᠯ᠎ᠤᠨ ᠣᠯᠠᠨ ᠡᠰᠢᠵᠢᠭᠦᠯᠦᠭᠰᠡᠨ ᠪᠡᠯᠡ ᠲᠣᠬᠢᠷᠠᠭᠤᠯᠤᠯᠲᠠ ᠥᠷᠨᠢᠭᠦᠯᠬᠦ ᠵᠢ ᠠᠬᠢᠭᠤᠯᠤᠨ᠎ᠠ᠃ ᠯᠤᠤ ᠨᠢᠦ ᠸᠠᠨ ᠬᠠᠳᠤᠨ ᠭᠤᠣᠯ᠎ᠤᠨ ᠶᠡᠭᠡ ᠬᠠᠪᠴᠢᠯ᠂ ᠤᠯᠠᠭ᠋ᠠᠢ ᠵᠢᠨ ᠶᠢᠰᠦᠨ ᠤᠭ᠋ᠠᠯᠵᠠ ᠵᠡᠷᠭᠡ ᠦᠵᠡᠮᠵᠢ ᠵᠢᠨ ᠣᠷᠣᠨ᠎ᠤ ᠤᠯᠤᠰ᠎ᠤᠨ 5A ᠳᠡᠰ᠎ᠤᠨ ᠵᠢᠭᠤᠯᠴᠢᠯᠠᠯ᠎ᠤᠨ ᠣᠷᠣᠨ᠎ᠤ ᠪᠠᠷᠢᠮᠵᠢᠶ᠎ᠠ ᠶᠣᠰᠣᠭ᠋ᠠᠷ ᠴᠢᠨᠠᠷ ᠵᠶ᠋ᠠᠨ ᠳᠡᠭᠡᠭᠰᠢᠯᠡᠭᠦᠯᠵᠦ ᠳᠡᠰ ᠳᠡᠪᠰᠢᠭᠦᠯᠬᠦ ᠵᠢ᠎ᠨᠢ ᠳᠡᠮᠵᠢᠨ᠂ ᠤᠷᠳᠤ ᠴᠠᠭ᠋ᠠᠨ ᠬᠡᠷᠡᠮ᠂ ᠬᠠᠳᠤᠨ ᠭᠤᠣᠯ᠎ᠤᠨ ᠤᠯᠤᠰ᠎ᠤᠨ ᠰᠣᠶᠣᠯ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠲᠠ ᠵᠢ ᠯᠠᠪᠳᠠᠭᠤᠨ ᠪᠠᠲᠤᠲᠠᠢ ᠠᠬᠢᠭᠤᠯᠵᠤ᠂ ᠰᠣᠶᠣᠯ ᠵᠢᠭᠤᠯᠴᠢᠯᠠᠯ᠎ᠤᠨ ᠬᠡᠷᠡᠭᠯᠡᠭᠡ ᠵᠢ ᠠᠬᠢᠭᠤᠯᠬᠤ 《ᠬᠥᠷ ᠬᠥᠭᠵᠢᠶᠡᠨᠲᠡᠢ ᠬᠥᠭᠵᠢᠭᠦᠯᠬᠦ ᠲᠥᠯᠥᠪᠯᠡᠭᠡ》 ᠵᠢ ᠬᠡᠷᠡᠭᠵᠢᠭᠦᠯᠦᠨ᠂ ᠵᠢᠭᠤᠯᠴᠢᠯᠠᠭᠴᠢᠳ᠎ᠢ ᠬᠦᠯᠢᠶᠡᠨ ᠵᠣᠴᠢᠯᠠᠬᠤ ᠬᠡᠮᠵᠢᠶ᠎ᠡ ᠵᠢ 2.5 ᠳ᠋ᠦᠩᠰᠢᠭᠤᠷ ᠤᠳᠠᠭ᠎ᠠ᠎ᠠᠴᠠ ᠳᠠᠪᠠᠭᠤᠯᠬᠤ᠎ᠪᠠᠷ ᠬᠦᠴᠦᠯᠡᠨ ᠴᠢᠷᠮᠠᠶ᠋ᠢᠨ᠎ᠠ᠃ ᠵᠠᠶ᠋ᠢᠯᠠᠰᠢ ᠦᠭᠡᠢ ᠴᠢᠨᠠᠷᠲᠠᠢ ᠪᠠ ᠰᠠᠶ᠋ᠢᠵᠢᠷᠠᠭᠤᠯᠬᠤ ᠴᠢᠨᠠᠷᠲᠠᠢ ᠣᠷᠣᠨ ᠰᠠᠭᠤᠴᠠ ᠵᠢᠨ ᠬᠡᠷᠡᠭᠴᠡᠭᠡ ᠵᠢᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠵᠤ᠂ ᠪᠡᠯᠡᠨ ᠪᠠᠶ᠋ᠢᠰᠢᠩ ᠪᠣᠷᠣᠯᠠᠭᠤᠯᠬᠤ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠦᠨ᠂ ᠴᠢᠨᠠᠷᠯᠢᠭ ᠰᠠᠶ᠋ᠢᠨ ᠣᠷᠣᠨ ᠰᠠᠭᠤᠴᠠ ᠵᠢᠨ ᠪᠦᠲᠦᠭᠡᠨ ᠪᠠᠶ᠋ᠢᠭᠤᠯᠤᠯᠲᠠ ᠵᠢᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠰᠤᠳᠤᠯᠤᠨ ᠲᠣᠭᠲᠠᠭ᠋ᠠᠵᠤ᠂ ᠭᠡᠷ ᠪᠠᠶ᠋ᠢᠰᠢᠩ ᠭᠠᠵᠠᠷ ᠬᠥᠷᠥᠩᠭᠡ ᠵᠢᠨ ᠬᠥᠭᠵᠢᠯᠲᠡ ᠵᠢᠨ ᠰᠢᠨ᠎ᠡ ᠵᠠᠭᠪᠤᠷ᠎ᠢ ᠪᠠᠶ᠋ᠢᠭᠤᠯᠤᠨ᠎ᠠ᠃ ᠪᠠᠷᠢᠯᠭ᠎ᠠ ᠵᠢᠨ ᠦᠢ᠍ᠯᠡᠰ᠎ᠤᠨ ᠭᠤᠷᠪᠠᠨ ᠵᠢᠯ᠎ᠤᠨ ᠳᠠᠬᠢᠨ ᠵᠶ᠋ᠠᠷ ᠨᠡᠮᠡᠭᠳᠡᠭᠦᠯᠬᠦ ᠠᠵᠢᠯᠯᠠᠭ᠋ᠠᠨ᠎ᠤ ᠲᠥᠯᠥᠪᠯᠡᠭᠡ ᠵᠢ ᠬᠡᠷᠡᠭᠵᠢᠭᠦᠯᠦᠨ᠂ ᠪᠠᠷᠢᠯᠭ᠎ᠠ ᠵᠢᠨ ᠦᠢ᠍ᠯᠡᠰ᠎ᠤᠨ ᠦᠢ᠍ᠯᠡᠳᠪᠦᠷᠢᠯᠡᠯ᠎ᠤᠨ ᠥᠷᠳᠡᠭ᠎ᠢ 1650 ᠳ᠋ᠦ᠍ᠢ᠍ᠩᠰᠢᠭᠤᠷ ᠲᠥᠭᠦᠷᠢᠭ ᠣᠷᠴᠢᠮ᠎ᠳᠤ ᠬᠦᠷᠦᠭᠦᠯᠬᠦ᠎ᠪᠠᠷ ᠴᠢᠷᠮᠠᠶ᠋ᠢᠨ᠎ᠠ᠃ ᠭᠡᠷ ᠠᠬᠤᠢ ᠵᠢᠨ ᠦᠢ᠍ᠯᠡᠴᠢᠯᠡᠭᠡᠨ᠎ᠤ ᠨᠢᠭᠡ ᠪᠦᠯᠦᠭ ᠨᠡᠷᠡᠲᠦ ᠲᠡᠮᠳᠡᠭ᠎ᠢ ᠪᠣᠶ᠋ᠢᠵᠢᠭᠤᠯᠤᠨ᠎ᠠ᠃
ᠭᠤᠷᠪᠠ᠂ ᠳᠣᠲᠣᠭ᠋ᠠᠳᠤ ᠬᠡᠷᠡᠭᠴᠡᠭᠡ ᠵᠢ ᠬᠦᠴᠦᠯᠡᠨ ᠥᠷᠭᠡᠳᠭᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠬᠡᠷᠡᠭᠯᠡᠭᠡ ᠪᠠ ᠪᠡᠯᠡ ᠣᠷᠤᠭᠤᠯᠤᠯᠲᠠ ᠬᠠᠷᠢᠯᠴᠠᠨ ᠠᠬᠢᠭᠤᠯᠤᠯᠴᠠᠭᠰᠠᠨ ᠰᠠᠶ᠋ᠢᠨ ᠣᠷᠴᠢᠯ᠎ᠢ ᠲᠦᠷᠭᠡᠳᠬᠡᠨ ᠪᠣᠢ ᠪᠣᠯᠭ᠋ᠠᠨ᠎ᠠ
ᠳᠣᠲᠣᠭ᠋ᠠᠳᠤ ᠬᠡᠷᠡᠭᠴᠡᠭᠡ ᠵᠢ ᠥᠷᠭᠡᠳᠭᠡᠬᠦ ᠪᠠ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢ ᠨᠢᠭᠡᠳᠦᠯᠲᠡᠢ ᠲᠥᠯᠥᠪᠯᠡᠨ᠂ ᠳᠠᠯᠳᠠ ᠬᠡᠷᠡᠭᠯᠡᠭᠡ ᠵᠢ ᠬᠥᠭᠵᠢᠭᠡᠨ᠂ ᠦᠷ᠎ᠡ ᠠᠰᠢᠭᠲᠠᠢ ᠪᠡᠯᠡ ᠣᠷᠤᠭᠤᠯᠤᠯᠲᠠ ᠵᠢ ᠥᠷᠭᠡᠳᠭᠡᠨ᠂ ᠠᠵᠤ ᠠᠬᠤᠢ ᠵᠢᠨ ᠬᠥᠭᠵᠢᠯᠲᠡ ᠵᠢᠨ ᠳᠣᠲᠣᠭ᠋ᠠᠳᠤ ᠬᠥᠳᠡᠯᠭᠡᠭᠴᠢ ᠬᠦᠴᠦᠨ᠎ᠢ ᠴᠢᠩᠭ᠋ᠠᠷᠠᠭᠤᠯᠤᠨ᠎ᠠ᠃
(ᠨᠢᠭᠡ) ᠪᠡᠯᠡ ᠣᠷᠤᠭᠤᠯᠤᠯᠲᠠ ᠵᠢᠨ ᠬᠡᠮᠵᠢᠶ᠎ᠡ ᠴᠢᠨᠠᠷ᠎ᠤᠨ ᠵᠡᠷᠭᠡ᠎ᠪᠠᠷ ᠳᠡᠭᠡᠭᠰᠢᠯᠡᠬᠦ ᠵᠢ ᠯᠠᠪᠳᠠᠭᠤᠨ ᠠᠬᠢᠭᠤᠯᠤᠨ᠎ᠠ᠃ ᠴᠢᠬᠤᠯᠠ ᠶᠡᠭᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠴᠢᠬᠤᠯᠠ ᠶᠡᠭᠡ ᠲᠥᠷᠥᠯ ᠵᠦᠢ᠍ᠯ᠎ᠤᠨ ᠭᠤᠷᠪᠠᠨ ᠱᠠᠲᠤ᠎ᠪᠠᠷ ᠵᠶ᠋ᠠᠨ ᠤᠳᠤᠷᠢᠳᠤᠨ ᠳᠠᠭ᠋ᠠᠭ᠋ᠠᠴᠢᠯᠠᠨ ᠬᠠᠷᠢᠯᠴᠠᠬᠤ᠂ ᠴᠢᠬᠤᠯᠠ ᠶᠡᠭᠡ ᠲᠥᠷᠥᠯ ᠵᠦᠢ᠍ᠯ᠎ᠤᠨ ᠲᠢᠩᠬᠢᠮ ᠬᠠᠮᠲᠤᠷᠠᠭᠰᠠᠨ ᠬᠤᠷᠠᠯ᠂ ᠡᠮᠦᠨᠡᠬᠢ ᠬᠤᠭᠤᠴᠠᠭ᠋ᠠᠨ᠎ᠤ ᠭᠠᠷᠳᠠᠮ᠎ᠢ ᠭᠤᠷᠪᠠᠨ ᠱᠠᠲᠤᠨ᠎ᠤ ᠰᠠᠯᠠᠭ᠎ᠠ ᠮᠥᠴᠢᠷ ᠳᠠᠭ᠋ᠠᠭ᠋ᠠᠴᠢᠯᠠᠨ ᠬᠠᠷᠢᠯᠴᠠᠬᠤ ᠵᠡᠷᠭᠡ ᠲᠣᠭᠲᠠᠴᠠ ᠵᠢᠨ ᠦᠢ᠍ᠯᠡᠳᠦᠯ᠎ᠢ ᠦᠷᠭᠦᠯᠵᠢᠯᠡᠨ ᠰᠠᠶ᠋ᠢᠲᠤᠷ ᠪᠠᠳᠠᠷᠠᠭᠤᠯᠵᠤ᠂ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠪᠥᠬᠦ ᠠᠮᠢ ᠨᠠᠰᠤᠨ᠎ᠤ ᠦᠶᠡᠯᠡᠯ᠎ᠤᠨ ᠬᠤᠭᠤᠴᠠᠭ᠋ᠠᠨ᠎ᠳᠠᠬᠢ ᠦᠢ᠍ᠯᠡᠴᠢᠯᠡᠭᠡ ᠵᠢ ᠦᠷᠭᠦᠯᠵᠢᠯᠡᠨ ᠰᠠᠶ᠋ᠢᠲᠤᠷ ᠬᠢᠵᠦ᠂ ᠭᠠᠵᠠᠷ ᠰᠢᠷᠣᠢ᠂ ᠡᠨᠧᠷᠭᠢ ᠵᠢᠨ ᠬᠤᠷᠣᠭᠳᠠᠯ᠂ ᠪᠡᠯᠡ ᠮᠥᠩᠭᠦ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠭᠦᠴᠡᠯ ᠵᠡᠷᠭᠡ ᠡᠯ᠎ᠡ ᠲᠥᠷᠥᠯ᠎ᠤᠨ ᠬᠦᠴᠦᠨ ᠵᠦᠢ᠍ᠯ᠎ᠤᠨ ᠪᠠᠲᠤᠯᠠᠭ᠎ᠠ ᠵᠢ ᠴᠢᠩᠭ᠋ᠠᠳᠬᠠᠨ᠂ ᠪᠥᠬᠦ ᠵᠢᠯ᠎ᠤᠨ ᠲᠣᠭᠲᠠᠮᠠᠯ ᠬᠥᠷᠥᠩᠭᠡ ᠵᠢᠨ ᠪᠡᠯᠡ ᠣᠷᠤᠭᠤᠯᠤᠯᠲᠠ ᠵᠢ 15% ᠣᠷᠴᠢᠮ ᠨᠡᠮᠡᠭᠳᠡᠭᠦᠯᠦᠨ᠎ᠡ᠃ ᠪᠡᠯᠡ ᠣᠷᠣᠭᠤᠯᠬᠤ ᠪᠡᠯᠡ ᠲᠣᠬᠢᠷᠠᠭᠤᠯᠬᠤ ᠪᠠᠶ᠋ᠢᠭᠤᠯᠤᠯ ᠲᠣᠭᠲᠠᠴᠠ ᠵᠢ ᠲᠡᠭᠦᠯᠳᠡᠷᠵᠢᠭᠦᠯᠦᠨ᠂ ᠵᠠᠰᠠᠭ᠎ᠤᠨ ᠣᠷᠳᠣᠨ ᠪᠠ ᠨᠡᠶ᠋ᠢᠭᠡᠮ᠎ᠤᠨ ᠬᠥᠷᠥᠩᠭᠡ ᠵᠢᠨ ᠬᠠᠮᠲᠤᠷᠠᠯᠴᠠᠭ᠋ᠠᠨ᠎ᠤ ᠰᠢᠨ᠎ᠡ ᠲᠣᠭᠲᠠᠴᠠ ᠵᠢ ᠬᠡᠷᠡᠭᠵᠢᠭᠦᠯᠵᠦ᠂ ᠵᠠᠰᠠᠭ᠎ᠤᠨ ᠣᠷᠳᠣᠨ᠎ᠤ ᠪᠡᠯᠡ ᠣᠷᠤᠭᠤᠯᠤᠯᠲᠠ ᠵᠢᠨ ᠳᠠᠶ᠋ᠢᠴᠢᠯᠠᠵᠤ ᠥᠷᠪᠢᠰᠭᠡᠬᠦ ᠨᠥᠯᠥᠭᠡᠯᠡᠯ᠎ᠢ᠎ᠨᠢ ᠰᠠᠶ᠋ᠢᠲᠤᠷ ᠪᠠᠳᠠᠷᠠᠭᠤᠯᠵᠤ᠂ ᠰᠠᠭᠤᠷᠢ ᠲᠥᠬᠦᠭᠡᠷᠦᠮᠵᠢ ᠵᠢᠨ ᠬᠦᠷᠢᠶᠡᠨ᠎ᠤ ᠲᠣᠭᠲᠠᠮᠠᠯ ᠬᠥᠷᠥᠩᠭᠡ ᠵᠢᠨ ᠢᠲᠡᠭᠡᠮᠵᠢᠲᠦ ᠨᠠᠶ᠋ᠢᠳᠠᠯᠭ᠎ᠠ ᠵᠢᠨ ᠰᠠᠭᠤᠷᠢ ᠮᠥᠩᠭᠦ (REITs) ᠵᠢᠨ ᠲᠤᠷᠰᠢᠯᠲᠠ ᠵᠢᠨ ᠴᠡᠭ᠎ᠤᠨ ᠠᠵᠢᠯ᠎ᠢ ᠥᠷᠨᠢᠭᠦᠯᠦᠨ᠎ᠡ᠃
(ᠬᠤᠶᠠᠷ) ᠬᠡᠷᠡᠭᠯᠡᠭᠡ ᠵᠢᠨ ᠪᠠᠭᠲᠠᠭ᠋ᠠᠮᠵᠢ ᠵᠢ ᠥᠷᠭᠡᠳᠭᠡᠵᠦ ᠴᠢᠨᠠᠷ᠎ᠢ᠎ᠨᠢ ᠳᠡᠭᠡᠭᠰᠢᠯᠡᠭᠦᠯᠬᠦ ᠵᠢ ᠪᠥᠬᠦ ᠬᠦᠴᠦᠨ ᠵᠶ᠋ᠠᠷ ᠠᠬᠢᠭᠤᠯᠤᠨ᠎ᠠ᠃ ᠬᠡᠷᠡᠭᠯᠡᠭᠡ ᠵᠢ ᠠᠬᠢᠭᠤᠯᠬᠤ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ᠂ ᠰᠢᠨ᠎ᠡ ᠡᠨᠧᠷᠭᠢ ᠵᠢᠨ ᠮᠠᠰᠢᠨ ᠲᠡᠷᠭᠡ᠂ ᠡᠯᠧᠺᠲᠷᠣᠨ ᠦᠢ᠍ᠯᠡᠳᠭᠦᠨ ᠵᠡᠷᠭᠡ ᠥᠷᠭᠡᠨ ᠬᠡᠷᠡᠭᠴᠡᠭᠡᠨ᠎ᠤ ᠬᠡᠷᠡᠭᠯᠡᠭᠡ ᠵᠢ ᠬᠥᠭᠵᠢᠭᠦᠯᠵᠦ᠂ ᠬᠤᠲᠠ ᠵᠢᠨ ᠨᠢᠭᠡ ᠮᠥᠴᠡ ᠵᠢᠨ ᠠᠷᠠᠳ᠎ᠲᠤ ᠳᠥᠭᠦᠮ ᠦᠵᠡᠭᠦᠯᠬᠦ ᠠᠮᠢᠳᠤᠷᠠᠯ᠎ᠤᠨ ᠲᠣᠭᠤᠷᠢᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠂ ᠶᠠᠪᠠᠭ᠋ᠠᠨ ᠵᠡᠭᠡᠯᠢ᠂ ᠲᠠᠷᠢᠶᠠᠯᠠᠩ᠎ᠤᠨ ᠠᠷᠠᠯᠵᠢᠶᠠᠨ᠎ᠤ ᠵᠠᠬ᠎ᠠ ᠳᠡᠯᠭᠡᠭᠦᠷ᠎ᠢ ᠳᠡᠰ ᠳᠡᠪᠰᠢᠭᠦᠯᠦᠨ ᠥᠭᠡᠷᠡᠴᠢᠯᠡᠨ ᠰᠠᠶ᠋ᠢᠵᠢᠷᠠᠭᠤᠯᠬᠤ᠎ᠪᠠᠷ ᠬᠥᠲᠥᠯᠥᠨ ᠵᠢᠯᠣᠭᠤᠳᠴᠦ᠂ ᠰᠢᠶᠠᠨ᠎ᠤ ᠬᠡᠪᠴᠢᠶᠡᠨ᠎ᠤ ᠬᠤᠳᠠᠯᠳᠤᠭ᠋ᠠᠨ᠎ᠤ ᠦᠢ᠍ᠯᠡᠰ᠎ᠤᠨ ᠲᠣᠭᠲᠠᠯᠴᠠᠭ᠋ᠠᠨ᠎ᠤ ᠪᠠᠶ᠋ᠢᠭᠤᠯᠤᠯᠲᠠ ᠵᠢᠨ ᠠᠵᠢᠯᠯᠠᠭ᠋ᠠᠨ᠎ᠤ ᠬᠠᠮᠤᠷᠬᠤ ᠬᠡᠪᠴᠢᠶ᠎ᠡ ᠵᠢ ᠥᠷᠭᠡᠳᠬᠡᠨ᠎ᠡ᠃ ᠠᠮᠠᠷᠠᠯᠲᠠ ᠪᠠ ᠪᠠᠶᠠᠷ ᠳᠤᠷᠠᠰᠬᠠᠯ᠎ᠤᠨ ᠡᠳᠦᠷ ᠵᠡᠷᠭᠡ ᠬᠡᠷᠡᠭᠯᠡᠭᠡ ᠵᠢᠨ ᠬᠠᠯᠠᠮᠰᠢᠯ ᠴᠡᠭ᠎ᠢ ᠨᠢᠭᠲᠠ ᠠᠳᠬᠤᠵᠤ᠂ ᠭᠤᠣᠯᠳᠠᠯᠭ᠎ᠠ᠎ᠲᠠᠢ ᠠᠷᠠᠯᠵᠢᠶ᠎ᠠ ᠬᠤᠳᠠᠯᠳᠤᠭ᠋ᠠᠨ᠎ᠤ ᠠᠵᠤ ᠠᠬᠤᠶ᠋ᠢᠯᠠᠯ᠎ᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠡᠯ᠎ᠡ ᠲᠥᠷᠥᠯ᠎ᠤᠨ ᠣᠯᠠᠨ ᠶᠠᠩᠵᠤ ᠬᠡᠯᠪᠡᠷᠢ ᠪᠦᠬᠦᠢ ᠬᠡᠷᠡᠭᠯᠡᠭᠡ ᠵᠢ ᠠᠬᠢᠭᠤᠯᠬᠤ ᠠᠵᠢᠯᠯᠠᠭ᠎ᠠ ᠥᠷᠨᠢᠭᠦᠯᠵᠦ᠂ ᠵᠢᠭᠤᠯᠴᠢᠯᠠᠯ᠎ᠢ ᠤᠬᠠᠭᠤᠯᠤᠨ ᠳᠡᠯᠭᠡᠷᠡᠭᠦᠯᠬᠦ᠎ᠪᠠᠨ ᠴᠢᠩᠭ᠋ᠠᠳᠬᠠᠨ᠂ ᠡᠯᠧᠺᠲᠷᠣᠨ ᠬᠤᠳᠠᠯᠳᠤᠭ᠋ᠠᠨ᠎ᠤ ᠡᠷᠡᠭᠦᠯ ᠵᠶ᠋ᠠᠷ ᠬᠥᠭᠵᠢᠬᠦ ᠵᠢ ᠠᠬᠢᠭᠤᠯᠵᠤ᠂ ᠣᠶᠤᠨᠯᠢᠭ ᠭᠡᠷ ᠥᠷᠥᠭᠡ᠂ ᠰᠣᠶᠣᠯ ᠵᠤᠭ᠎ᠠ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ ᠵᠡᠷᠭᠡ ᠰᠢᠨ᠎ᠡ ᠬᠡᠷᠡᠭᠯᠡᠭᠡ ᠵᠢᠨ ᠥᠰᠦᠯᠲᠡ ᠵᠢᠨ ᠴᠡᠭ᠎ᠢ ᠪᠣᠶ᠋ᠢᠵᠢᠭᠤᠯᠵᠤ᠂ ᠰᠣᠶᠣᠯ ᠵᠢᠭᠤᠯᠴᠢᠯᠠᠯ᠎ᠤᠨ ᠬᠡᠷᠡᠭᠯᠡᠭᠡ᠂ ᠲᠣᠣᠷ ᠰᠦᠯᠵᠢᠶᠡᠨ᠎ᠤ ᠬᠡᠷᠡᠭᠯᠡᠭᠡ᠂ ᠲᠣᠭ᠋ᠠᠵᠢᠯᠲᠤ ᠬᠡᠷᠡᠭᠯᠡᠭᠡ᠂ ᠪᠣᠬᠢᠷᠲᠤᠯ ᠦᠭᠡᠢ ᠬᠡᠷᠡᠭᠯᠡᠭᠡ᠂ ᠡᠷᠡᠭᠦᠯ ᠬᠡᠷᠡᠭᠯᠡᠭᠡ ᠵᠢᠨ ᠳᠠᠯᠳᠠ ᠬᠦᠴᠦᠨ᠎ᠢ ᠰᠡᠷᠭᠦᠭᠡᠨ᠎ᠡ᠃ ᠶᠡᠭᠡ ᠬᠡᠪᠴᠢᠶᠡᠨ᠎ᠤ ᠲᠥᠬᠦᠭᠡᠷᠦᠮᠵᠢ ᠵᠢ ᠰᠢᠨᠡᠳᠭᠡᠬᠦ ᠪᠠ ᠬᠠᠭᠤᠴᠢᠨ ᠬᠡᠷᠡᠭᠯᠡᠭᠡ ᠵᠢᠨ ᠵᠦᠢ᠍ᠯ᠎ᠢ ᠰᠢᠨ᠎ᠡ᠎ᠪᠠᠷ ᠰᠣᠯᠢᠬᠤ ᠵᠢ ᠠᠬᠢᠭᠤᠯᠤᠨ᠎ᠠ᠃
(ᠭᠤᠷᠪᠠ) ᠴᠢᠬᠤᠯᠠ ᠰᠠᠭᠤᠷᠢ ᠪᠡᠯᠡᠳᠭᠡᠮᠵᠢ ᠵᠢᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃ G5511 ᠲᠦᠩᠯᠢᠶᠣᠣ᠎ᠳᠠᠬᠢ ᠬᠡᠰᠡᠭ᠂ G0616 ᠭᠠᠭᠴᠠᠮᠣᠳᠤ᠎ᠠᠴᠠ ᠬᠠᠯᠢᠭᠤᠲᠤ ᠬᠦᠷᠬᠦ ᠬᠡᠰᠡᠭ᠂ ᠬᠥᠬᠡᠬᠤᠲᠠ ᠵᠢᠨ ᠰᠢᠨ᠎ᠡ ᠨᠢᠰᠬᠡᠯ᠎ᠤᠨ ᠪᠠᠭᠤᠳᠠᠯ᠎ᠤᠨ ᠠᠶᠠᠯᠠᠯ᠎ᠤᠨ ᠥᠷᠲᠡᠭᠡᠨ᠎ᠤ ᠲᠣᠭᠤᠷᠢᠭ ᠪᠠ ᠨᠢᠰᠦᠯᠲᠡ ᠵᠢᠨ ᠲᠣᠭᠤᠷᠢᠭ ᠵᠡᠷᠭᠡ ᠲᠥᠷᠥᠯ ᠵᠦᠢ᠍ᠯ᠎ᠢ ᠪᠠᠶ᠋ᠢᠭᠤᠯᠵᠤ᠂ ᠪᠤᠭᠤᠲᠤ᠎ᠠᠴᠠ ᠢᠷᠭ᠋ᠠᠢ ᠬᠦᠷᠬᠦ ᠲᠦᠷᠭᠡᠨ᠎ᠤ ᠲᠡᠮᠦᠷ ᠵᠠᠮ (ᠪᠠᠶᠠᠨᠬᠤᠲᠠ᠎ᠠᠴᠠ ᠢᠷᠭ᠋ᠠᠢ ᠬᠦᠷᠬᠦ ᠰᠠᠯᠪᠤᠷᠢ ᠱᠤᠭᠤᠮ᠎ᠢ ᠪᠠᠭᠲᠠᠭ᠋ᠠᠨ᠎ᠠ)᠂ G1816 ᠦᠬᠠᠢ — — ᠱ᠌ᠢ ᠽᠦᠢ ᠱᠠᠨ ᠵᠡᠷᠭᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠂ ᠮᠤᠬᠤᠷ ᠵᠠᠮ᠎ᠢ ᠬᠦᠴᠦᠯᠡᠨ ᠨᠡᠪᠲᠡᠷᠡᠭᠦᠯᠵᠦ᠂ ᠪᠣᠭᠤᠮᠢ ᠬᠦᠯᠢᠶᠡᠰᠦᠯᠡᠯ ᠪᠣᠯᠬᠤ ᠵᠠᠮ᠎ᠢ ᠳᠡᠰ ᠳᠡᠪᠰᠢᠭᠦᠯᠦᠨ ᠥᠭᠡᠷᠡᠴᠢᠯᠡᠨ ᠰᠠᠶ᠋ᠢᠵᠢᠷᠠᠭᠤᠯᠵᠤ᠂ ᠲᠦᠷᠭᠡᠨ᠎ᠤ ᠵᠠᠰᠠᠮᠠᠯ ᠵᠠᠮ᠎ᠤᠨ ᠵᠡᠭᠦᠨ ᠪᠠᠷᠠᠭᠤᠨ᠎ᠤ ᠶᠡᠭᠡ ᠨᠡᠪᠲᠡᠷᠡᠯ ᠵᠠᠮ᠎ᠤᠨ ᠪᠥᠬᠦ ᠱᠤᠭᠤᠮ ᠵᠶ᠋ᠠᠷ ᠨᠡᠪᠲᠡᠷᠡᠬᠦ ᠵᠢ ᠪᠡᠶᠡᠯᠡᠭᠦᠯᠦᠨ᠂ ᠵᠢᠨᠢᠩ᠎ᠠᠴᠠ ᠳ᠋ᠠᠲ᠋ᠦ᠋ᠩ᠎ᠠᠴᠠ ᠶᠤᠸᠠᠨᠫᠢᠩ ᠬᠦᠷᠬᠦ ᠲᠦᠷᠭᠡᠨ᠎ᠤ ᠲᠡᠮᠦᠷ ᠵᠠᠮ᠎ᠢ ᠪᠠᠶ᠋ᠢᠭᠤᠯᠵᠤ ᠲᠡᠷᠭᠡ ᠨᠡᠪᠲᠡᠷᠡᠭᠦᠯᠦᠨ᠂ ᠣᠷᠳᠣᠰ᠎ᠠᠴᠠ ᠢᠤᠢ ᠯᠢᠨ᠎ᠠᠴᠠ ᠶᠠᠨ ᠠᠨ ᠬᠦᠷᠬᠦ ᠲᠦᠷᠭᠡᠨ᠎ᠤ ᠲᠡᠮᠦᠷ ᠵᠠᠮ᠎ᠤᠨ ᠵᠢᠯ᠎ᠤᠨ ᠳᠣᠲᠣᠷ᠎ᠠ ᠪᠠᠷᠢᠯᠭ᠎ᠠ ᠡᠬᠢᠯᠡᠭᠦᠯᠦᠨ ᠪᠦᠲᠦᠭᠡᠨ ᠪᠠᠶ᠋ᠢᠭᠤᠯᠬᠤ ᠨᠦᠭᠦᠴᠡᠯ᠎ᠢ ᠪᠦᠷᠢᠯᠳᠦᠭᠦᠯᠦᠨ᠂ ᠲᠠᠷᠢᠶᠠᠯᠠᠬᠤ ᠮᠠᠯᠵᠢᠬᠤ ᠣᠷᠣᠨ᠎ᠤ ᠵᠠᠰᠠᠮᠠᠯ ᠵᠠᠮ᠎ᠢ 5000 ᠺᠢᠯᠣᠮᠧᠲᠷ ᠪᠠᠷᠢᠯᠭ᠎ᠠ ᠡᠬᠢᠯᠡᠭᠦᠯᠦᠨ ᠪᠦᠲᠦᠭᠡᠨ ᠪᠠᠶ᠋ᠢᠭᠤᠯᠬᠤ᠂ 4400 ᠺᠢᠯᠣᠮᠧᠲᠷ᠎ᠢ ᠪᠠᠶ᠋ᠢᠭᠤᠯᠵᠤ ᠳᠠᠭᠤᠰᠬᠠᠬᠤ᠎ᠪᠠᠷ ᠬᠦᠴᠦᠯᠡᠨ ᠴᠢᠷᠮᠠᠶ᠋ᠢᠨ᠎ᠠ᠃
ᠳᠥᠷᠪᠡ᠂ ᠬᠥᠭᠵᠢᠯᠲᠡ ᠵᠢᠨ ᠣᠷᠴᠢᠨ ᠨᠦᠭᠦᠴᠡᠯ᠎ᠢ ᠰᠢᠯᠢᠳᠡᠭᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠨ ᠢᠨᠵᠧᠨᠧᠷᠢᠩ᠎ᠢ ᠲᠦᠷᠭᠡᠳᠬᠡᠨ ᠬᠡᠷᠡᠭᠵᠢᠭᠦᠯᠦᠨ᠎ᠡ
ᠪᠠᠶ᠋ᠢᠭᠤᠯᠤᠯ ᠲᠣᠭᠲᠠᠴᠠ ᠵᠢᠨ ᠬᠠᠷᠰᠢ ᠰᠠᠭ᠋ᠠᠳ᠎ᠢ ᠬᠦᠴᠦᠯᠡᠨ ᠠᠷᠢᠯᠭ᠋ᠠᠵᠤ᠂ ᠦᠨᠡᠨᠴᠢ ᠢᠲᠡᠭᠡᠮᠵᠢ ᠵᠢᠨ ᠬᠦᠷᠢᠶᠡᠨ᠎ᠳᠠᠬᠢ ᠲᠣᠪᠣᠶ᠋ᠢᠮ᠎ᠠ ᠠᠰᠠᠭᠤᠳᠠᠯ᠎ᠢ ᠲᠥᠪᠯᠡᠷᠡᠭᠦᠯᠦᠨ ᠴᠡᠭᠴᠡᠯᠡᠨ ᠵᠠᠰᠠᠵᠤ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠬᠥᠭᠵᠢᠨ ᠪᠤᠵᠠᠭ᠋ᠠᠶ᠋ᠢᠷᠠᠬᠤ ᠵᠢ ᠠᠬᠢᠭᠤᠯᠤᠨ᠂ ᠤᠯᠤᠰ᠎ᠤᠨ ᠥᠮᠴᠢᠯᠡᠯᠲᠦ ᠡᠳ᠋ ᠬᠥᠷᠥᠩᠭᠡ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠵᠤ᠂ ᠡᠯ᠎ᠡ ᠲᠥᠷᠥᠯ᠎ᠤᠨ ᠡᠵᠡᠩᠨᠡᠯᠲᠡ ᠵᠢᠨ ᠭᠤᠣᠯ ᠴᠣᠭᠴᠠ ᠵᠢᠨ ᠳᠣᠲᠣᠭ᠋ᠠᠳᠤ ᠬᠥᠳᠡᠯᠭᠡᠭᠴᠢ ᠬᠦᠴᠦᠨ ᠪᠠ ᠰᠢᠨ᠎ᠡ ᠵᠢ ᠡᠭᠦᠳᠬᠦ ᠠᠮᠢᠵᠢᠷᠠᠯ᠎ᠤᠨ ᠬᠦᠴᠦᠨ᠎ᠢ ᠭᠦᠢ᠍ᠴᠡᠳ ᠬᠥᠭᠵᠢᠭᠡᠨ᠎ᠡ᠃
(ᠨᠢᠭᠡ) ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠨ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃ 《ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠣᠨ》᠎ᠤ ᠡᠯ᠎ᠡ ᠵᠦᠢ᠍ᠯ᠎ᠤᠨ ᠠᠵᠢᠯ᠎ᠢ ᠰᠠᠶ᠋ᠢᠲᠤᠷ ᠠᠳᠬᠤᠵᠤ᠂ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢ ᠠᠬᠢᠭᠤᠯᠬᠤ ᠠᠵᠢᠯᠯᠠᠭ᠋ᠠᠨ᠎ᠤ ᠶᠡᠷᠦᠩᠬᠡᠢ ᠲᠥᠰᠥᠯ᠎ᠢ ᠨᠡᠶ᠋ᠢᠲᠡᠯᠡᠨ ᠬᠡᠷᠡᠭᠵᠢᠭᠦᠯᠵᠦ᠂ 《ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮ᠎ᠤᠨ ᠢᠲᠡᠭᠡᠮᠵᠢ ᠵᠢᠨ ᠳᠦᠷᠢᠮ》᠎ᠤᠨ ᠬᠠᠥᠯᠢ ᠲᠣᠭᠲᠠᠭ᠋ᠠᠬᠤ ᠠᠵᠢᠯ᠎ᠢ ᠠᠬᠢᠭᠤᠯᠤᠨ᠂ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠨ ᠬᠦᠷᠢᠶᠡᠨ᠎ᠳᠠᠬᠢ ᠨᠢᠭᠡ ᠪᠦᠯᠦᠭ ᠲᠣᠪᠣᠶ᠋ᠢᠮ᠎ᠠ ᠠᠰᠠᠭᠤᠳᠠᠯ᠎ᠢ ᠲᠦᠷᠭᠡᠳᠬᠡᠨ ᠰᠢᠢ᠍ᠳᠪᠦᠷᠢᠯᠡᠵᠦ᠂ ᠦᠨᠡᠨᠴᠢ ᠢᠲᠡᠭᠡᠮᠵᠢ ᠵᠢᠨ ᠲᠣᠭᠲᠠᠯᠴᠠᠭ᠋ᠠᠨ᠎ᠤ ᠪᠠᠶ᠋ᠢᠭᠤᠯᠤᠯᠲᠠ ᠵᠢᠨ ᠬᠦᠴᠢᠷ ᠠᠰᠠᠭᠤᠳᠠᠯ ᠲᠦᠭᠵᠢᠷᠡᠯ ᠠᠰᠠᠭᠤᠳᠠᠯ᠎ᠢ ᠰᠢᠢ᠍ᠳᠪᠦᠷᠢᠯᠡᠨ᠂ ᠬᠥᠮᠥᠨ ᠪᠣᠯᠭ᠋ᠠᠨ᠂ ᠶᠠᠪᠤᠳᠠᠯ ᠪᠣᠯᠭ᠋ᠠᠨ᠂ ᠴᠠᠭ ᠪᠣᠯᠭ᠋ᠠᠨ᠂ ᠭᠠᠵᠠᠷ ᠪᠣᠯᠭ᠋ᠠᠨ᠎ᠳᠤ ᠦᠨᠡᠨᠴᠢ ᠢᠲᠡᠭᠡᠮᠵᠢᠲᠡᠢ ᠪᠠᠶ᠋ᠢᠬᠤ᠎ᠳᠤ ᠠᠰᠢᠭᠲᠠᠢ ᠤᠷᠮᠠᠰᠢᠭᠤᠯᠤᠨ ᠬᠢᠵᠠᠭ᠋ᠠᠷᠯᠠᠬᠤ ᠲᠣᠭᠲᠠᠴᠠ ᠵᠢ ᠪᠦᠷᠢᠨᠰᠢᠭᠦᠯᠵᠦ᠂ ᠵᠠᠰᠠᠭ᠎ᠤᠨ ᠶᠠᠪᠤᠳᠠᠯ᠎ᠤᠨ ᠢᠲᠡᠭᠡᠮᠵᠢ᠂ ᠬᠤᠳᠠᠯᠳᠤᠭ᠋ᠠᠨ᠎ᠤ ᠶᠠᠪᠤᠳᠠᠯ᠎ᠤᠨ ᠢᠲᠡᠭᠡᠮᠵᠢ᠂ ᠨᠡᠶ᠋ᠢᠭᠡᠮ᠎ᠤᠨ ᠢᠲᠡᠭᠡᠮᠵᠢ ᠪᠠ ᠬᠠᠤᠯᠢ ᠴᠠᠭ᠋ᠠᠵᠠ ᠵᠢᠨ ᠨᠡᠶ᠋ᠢᠲᠡ᠎ᠳᠤ ᠢᠲᠡᠭᠡᠭᠦᠯᠬᠦ ᠬᠢᠷᠢ ᠲᠦᠪᠰᠢᠨ᠎ᠢ ᠪᠥᠬᠦ ᠲᠠᠯ᠎ᠠ᠎ᠪᠠᠷ ᠳᠡᠭᠡᠭᠰᠢᠯᠡᠭᠦᠯᠦᠨ᠂ ᠥᠪᠥᠷ ᠮᠣᠩᠭᠤᠯᠴᠤᠳ᠎ᠤᠨ ᠦᠨᠡᠨᠴᠢ ᠢᠲᠡᠭᠡᠮᠵᠢ ᠵᠢ ᠡᠷᠬᠢᠮᠯᠡᠨ᠂ ᠢᠲᠡᠭᠡᠮᠵᠢ᠎ᠲᠠᠢ ᠪᠠᠶ᠋ᠢᠬᠤ ᠳᠦᠷᠢ ᠲᠥᠷᠬᠦ ᠵᠢ ᠪᠣᠢ ᠪᠣᠯᠭ᠋ᠠᠨ᠂ ᠴᠢᠨᠠᠷ ᠰᠠᠶ᠋ᠢᠲᠠᠢ ᠬᠥᠭᠵᠢᠯᠲᠡ᠎ᠳᠤ ᠰᠠᠶ᠋ᠢᠨ ᠰᠠᠶ᠋ᠢᠬᠠᠨ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠭᠦᠴᠡᠯ ᠪᠣᠢ ᠪᠣᠯᠭ᠋ᠠᠨ᠎ᠠ᠃
(ᠬᠤᠶᠠᠷ) ᠠᠷᠠᠳ᠎ᠠᠴᠠ ᠡᠵᠡᠩᠨᠡᠭᠰᠡᠨ ᠠᠵᠤ ᠠᠬᠤᠢ ᠵᠢᠨ ᠬᠥᠭᠵᠢᠯᠲᠡ ᠵᠢ ᠠᠬᠢᠭᠤᠯᠤᠨ᠎ᠠ᠃ 《ᠬᠤᠶᠠᠷ ᠣᠭᠲᠣ ᠭᠤᠶ᠋ᠢᠪᠢᠰᠢ ᠦᠭᠡᠢ》 ᠵᠢ ᠡᠷᠡᠰ ᠨᠠᠶ᠋ᠢᠳᠠᠪᠤᠷᠢᠵᠢᠭᠤᠯᠵᠤ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠬᠥᠭᠵᠢᠨ ᠪᠤᠵᠠᠭ᠋ᠠᠶ᠋ᠢᠷᠠᠬᠤ ᠵᠢ ᠠᠬᠢᠭᠤᠯᠤᠨ᠎ᠠ᠃ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠭᠦᠴᠡᠯ᠎ᠢ ᠤᠯᠠᠮ ᠨᠢᠭᠡ ᠠᠯᠬᠤᠮ ᠰᠢᠯᠢᠳᠡᠭᠵᠢᠭᠦᠯᠦᠨ᠂ ᠡᠵᠡᠩᠨᠡᠨ ᠬᠤᠳᠠᠯᠳᠤᠭ᠋ᠠᠯᠠᠬᠤ ᠣᠷᠴᠢᠨ ᠨᠦᠭᠦᠴᠡᠯ᠎ᠢ ᠰᠢᠯᠢᠳᠡᠭᠵᠢᠭᠦᠯᠬᠦ 4.0 ᠬᠡᠪᠯᠡᠯ᠎ᠤᠨ ᠲᠥᠰᠥᠯ᠎ᠢ ᠲᠣᠭᠲᠠᠭ᠋ᠠᠨ ᠨᠡᠶ᠋ᠢᠲᠡᠯᠡᠵᠦ ᠬᠡᠷᠡᠭᠵᠢᠭᠦᠯᠦᠨ᠂ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠬᠦᠷᠢᠶᠡᠨ᠎ᠳᠠᠬᠢ ᠲᠣᠪᠣᠶ᠋ᠢᠮ᠎ᠠ ᠠᠰᠠᠭᠤᠳᠠᠯ᠎ᠢ ᠬᠦᠴᠦᠯᠡᠨ ᠴᠡᠭᠴᠡᠯᠡᠨ ᠵᠠᠰᠠᠵᠤ᠂ ᠶᠡᠷᠦᠩᠬᠡᠶ᠋ᠢᠯᠡᠭᠰᠡᠨ ᠴᠣᠩᠬᠤᠪᠴᠢ ᠵᠢᠨ ᠥᠭᠡᠷᠡᠴᠢᠯᠡᠯᠲᠡ ᠵᠢ ᠪᠥᠬᠦ ᠲᠠᠯ᠎ᠠ᠎ᠪᠠᠷ ᠬᠡᠷᠡᠭᠵᠢᠭᠦᠯᠦᠨ᠂ 《ᠪᠥᠬᠦ ᠣᠷᠣᠨ᠎ᠳᠤ ᠨᠡᠶ᠋ᠢᠳᠡᠮ ᠭᠦᠢ᠍ᠴᠡᠳᠭᠡᠬᠦ》 ᠵᠦᠢ᠍ᠯᠡᠰ᠎ᠤᠨ ᠲᠣᠳᠣᠷᠬᠠᠢ ᠬᠠᠭᠤᠳᠠᠰᠤ ᠵᠢ ᠬᠥᠳᠡᠯᠦᠩᠭᠦᠢ᠎ᠪᠠᠷ ᠲᠣᠬᠢᠷᠠᠭᠤᠯᠵᠤ᠂ ᠵᠠᠰᠠᠭ᠎ᠤᠨ ᠶᠠᠪᠤᠳᠠᠯ᠎ᠤᠨ ᠦᠢ᠍ᠯᠡᠴᠢᠯᠡᠭᠡ ᠵᠢ ᠦᠨᠳᠦᠰᠦᠨ ᠱᠠᠲᠤ ᠪᠠ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ ᠲᠡᠶ᠋ᠢᠰᠢ ᠤᠷᠲᠤᠳᠬᠠᠬᠤ ᠵᠢ ᠦᠷᠭᠦᠯᠵᠢᠯᠡᠨ ᠠᠬᠢᠭᠤᠯᠤᠨ᠎ᠠ᠃ ᠬᠠᠷᠠᠭ᠋ᠠᠯᠵᠠᠯᠲᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠪᠠᠶ᠋ᠢᠩᠭᠤᠵᠢᠭᠤᠯᠤᠭᠰᠠᠨ ᠠᠵᠢᠯ᠎ᠤᠨ ᠲᠣᠭᠲᠠᠴᠠ ᠵᠢ ᠪᠦᠷᠢᠨᠰᠢᠭᠦᠯᠦᠨ ᠲᠡᠭᠦᠯᠳᠡᠷᠵᠢᠭᠦᠯᠵᠦ᠂ ᠡᠯ᠎ᠡ ᠵᠦᠢ᠍ᠯ᠎ᠤᠨ ᠭᠠᠶ᠋ᠢᠯᠢ ᠵᠢ ᠬᠥᠩᠭᠡᠯᠡᠵᠦ ᠰᠦᠢ᠍ᠳᠭᠡᠯ᠎ᠢ ᠪᠠᠭᠤᠷᠠᠭᠤᠯᠬᠤ ᠲᠥᠷᠥ ᠵᠢᠨ ᠪᠣᠳᠣᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠤᠨ᠎ᠠ᠃ ᠵᠢᠵᠢᠭ ᠪᠢᠴᠢᠯ ᠠᠵᠤ ᠠᠬᠤᠶ᠋ᠢᠯᠠᠯ ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢᠨ ᠭᠤᠷᠪᠠᠨ ᠵᠢᠯ᠎ᠤᠨ ᠪᠣᠶ᠋ᠢᠵᠢᠯᠲᠠ ᠬᠥᠭᠵᠢᠯᠲᠡ ᠵᠢᠨ ᠲᠥᠯᠥᠪᠯᠡᠭᠡ ᠵᠢ ᠭᠦᠨᠵᠡᠭᠡᠢ ᠬᠡᠷᠡᠭᠵᠢᠭᠦᠯᠦᠨ᠂ ᠡᠵᠡᠩᠨᠡᠯᠲᠡ ᠵᠢᠨ ᠭᠤᠣᠯ ᠴᠣᠭᠴᠠ ᠵᠢ 300 ᠲᠦ᠍ᠢ᠍ᠮᠡᠨ ᠡᠷᠦᠬᠡ᠎ᠠᠴᠠ ᠳᠡᠭᠡᠭᠰᠢ ᠰᠢᠨ᠎ᠡ᠎ᠪᠠᠷ ᠪᠣᠶ᠋ᠢᠵᠢᠭᠤᠯᠵᠤ᠂ 《ᠬᠤᠪᠢ ᠵᠢᠨ ᠦᠢ᠍ᠯᠡᠳᠪᠦᠷᠢ ᠬᠤᠳᠠᠯᠳᠤᠭ᠋ᠠᠨ᠎ᠤ ᠡᠷᠦᠬᠡ ᠵᠢ ᠠᠵᠤ ᠠᠬᠤᠶ᠋ᠢᠯᠠᠯ ᠪᠣᠯᠭ᠋ᠠᠬᠤ》 ᠵᠢ 400 ᠡᠷᠦᠬᠡ᠎ᠠᠴᠠ ᠳᠡᠭᠡᠭᠰᠢ ᠪᠡᠶᠡᠯᠡᠭᠦᠯᠬᠦ᠎ᠪᠠᠷ ᠬᠦᠴᠦᠯᠡᠨ ᠴᠢᠷᠮᠠᠶ᠋ᠢᠨ᠎ᠠ᠃
(ᠭᠤᠷᠪᠠ) ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠎ᠡ᠃ ᠤᠯᠤᠰ᠎ᠤᠨ ᠥᠮᠴᠢᠯᠡᠯᠲᠦ ᠡᠳ᠋ ᠬᠥᠷᠥᠩᠭᠡ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ 《ᠪᠦᠰᠡᠯᠡᠯᠲᠡ ᠰᠢᠪᠲᠤᠯᠬᠤ》 ᠵᠢ ᠠᠬᠢᠭᠤᠯᠬᠤ ᠲᠤᠬᠠᠢ ᠬᠡᠷᠡᠭᠵᠢᠭᠦᠯᠬᠦ ᠲᠥᠰᠥᠯ᠎ᠢ ᠨᠠᠶ᠋ᠢᠳᠠᠪᠤᠷᠢᠵᠢᠭᠤᠯᠤᠨ᠂ 《ᠥᠪᠥᠷ ᠮᠣᠩᠭᠤᠯ ᠨᠡᠷᠡᠮᠵᠢᠲᠦ》 ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠡᠩᠨᠡᠭᠡ ᠵᠢ ᠲᠦᠷᠭᠡᠳᠬᠡᠨ ᠪᠠᠶ᠋ᠢᠭᠤᠯᠵᠤ᠂ ᠭᠠᠵᠠᠷ ᠰᠢᠨᠵᠢᠯᠡᠭᠡ ᠠᠭᠤᠷᠬᠠᠢ᠂ ᠨᠡᠭᠦᠷᠡᠰᠦ ᠬᠠᠶ᠋ᠢᠬᠤ᠂ ᠥᠩᠭᠡᠲᠦ ᠲᠡᠮᠦᠷᠯᠢᠭ 3 ᠠᠵᠤ ᠠᠬᠤᠶ᠋ᠢᠯᠠᠯ᠎ᠳᠤ ᠥᠭᠡᠷᠡᠴᠢᠯᠡᠯᠲᠡ ᠬᠢᠵᠦ ᠳᠠᠬᠢᠨᠲᠠ ᠵᠣᠬᠢᠶᠠᠨ ᠪᠠᠶ᠋ᠢᠭᠤᠯᠬᠤ ᠵᠢ ᠠᠬᠢᠭᠤᠯᠤᠨ᠎ᠠ᠃ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠳᠡᠭᠡᠭᠰᠢᠯᠡᠭᠦᠯᠬᠦ ᠠᠵᠢᠯᠯᠠᠭ᠋ᠠᠨ᠎ᠢ ᠬᠡᠷᠡᠭᠵᠢᠭᠦᠯᠦᠨ᠂ ᠳᠤᠮᠳᠠᠳᠤ ᠤᠯᠤᠰ᠎ᠤᠨ ᠣᠨᠴᠠᠯᠢᠭ᠎ᠲᠠᠢ ᠤᠯᠤᠰ᠎ᠤᠨ ᠥᠮᠴᠢᠯᠡᠯᠲᠦ ᠠᠵᠤ ᠠᠬᠤᠶ᠋ᠢᠯᠠᠯ᠎ᠤᠨ ᠣᠳᠣ ᠦᠶ᠎ᠡ ᠵᠢᠨ ᠺᠣᠮᠫᠠᠨᠢ ᠵᠢᠨ ᠵᠠᠰᠠᠯᠲᠠ ᠵᠢ ᠲᠡᠭᠦᠯᠳᠡᠷᠵᠢᠭᠦᠯᠵᠦ᠂ ᠭᠤᠷᠪᠠᠨ ᠵᠦᠢ᠍ᠯ᠎ᠤᠨ ᠪᠠᠶ᠋ᠢᠭᠤᠯᠤᠯ᠎ᠤᠨ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠦᠨ᠂ ᠠᠯᠳᠠᠪᠤᠷᠢ ᠵᠢᠨ ᠵᠠᠰᠠᠯᠲᠠ ᠵᠢ ᠦᠷᠭᠦᠯᠵᠢᠯᠡᠨ ᠠᠬᠢᠭᠤᠯᠵᠤ᠂ ᠠᠵᠤ ᠠᠬᠤᠶ᠋ᠢᠯᠠᠯ᠎ᠤᠨ ᠴᠢᠨᠠᠷ ᠵᠶ᠋ᠠᠨ ᠳᠡᠭᠡᠭᠰᠢᠯᠡᠭᠦᠯᠵᠦ ᠬᠥᠷᠥᠩᠭᠡ᠎ᠪᠠᠨ ᠨᠡᠮᠡᠭᠳᠡᠭᠦᠯᠦᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠵᠢ ᠶᠡᠭᠡ᠎ᠪᠠᠷ ᠠᠬᠢᠭᠤᠯᠤᠨ᠎ᠠ᠃ ᠠᠵᠤ ᠠᠬᠤᠶ᠋ᠢᠯᠠᠯ᠎ᠤᠨ ᠵᠠᠩᠭᠢᠯᠠᠭ᠎ᠠ ᠵᠢᠨ ᠭᠤᠣᠯᠯᠠᠬᠤ ᠮᠡᠷᠭᠡᠵᠢᠯ᠎ᠳᠤ ᠪᠣᠭᠤᠮᠲᠠ ᠰᠢᠪᠲᠤᠯᠬᠤ ᠵᠢ ᠴᠢᠩᠭ᠋ᠠᠷᠠᠭᠤᠯᠬᠤ ᠵᠢ᠎ᠨᠢ ᠳᠡᠮᠵᠢᠵᠦ᠂ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠤᠯᠤᠰ᠎ᠤᠨ ᠥᠮᠴᠢᠯᠡᠯᠲᠦ ᠠᠵᠤ ᠦᠢ᠍ᠯᠡᠳᠪᠦᠷᠢ ᠠᠵᠤ ᠠᠬᠤᠶ᠋ᠢᠯᠠᠯ᠎ᠤᠨ ᠰᠤᠳᠤᠯᠤᠨ ᠨᠡᠭᠡᠭᠡᠬᠦ ᠠᠵᠢᠯᠯᠠᠭ᠎ᠠ ᠵᠢ ᠪᠦᠷᠢᠨ ᠪᠦᠷᠬᠦᠭᠦᠯᠬᠦ ᠵᠢ ᠪᠡᠶᠡᠯᠡᠭᠦᠯᠦᠨ᠎ᠡ᠃
ᠲᠠᠪᠤ᠂ ᠮᠠᠨ᠎ᠤ ᠤᠯᠤᠰ᠎ᠤᠨ ᠤᠮᠠᠷᠠᠲᠤ ᠵᠢᠨ ᠴᠢᠬᠤᠯᠠ ᠠᠮᠢ ᠠᠬᠤᠢ ᠵᠢᠨ ᠠᠮᠤᠷ ᠲᠦᠪᠰᠢᠨ᠎ᠤ ᠬᠠᠯᠬᠠᠪᠴᠢ ᠵᠢ ᠪᠠᠬᠢᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ ᠨᠢᠭᠡ ᠴᠣᠭᠴᠠᠵᠢᠭᠤᠯᠤᠭᠰᠠᠨ ᠢᠨᠵᠧᠨᠧᠷᠢᠩ᠎ᠢ ᠲᠦᠷᠭᠡᠳᠬᠡᠨ ᠬᠡᠷᠡᠭᠵᠢᠭᠦᠯᠦᠨ᠎ᠡ
《ᠤᠯᠤᠰ᠎ᠤᠨ ᠶᠡᠭᠡ ᠶᠠᠪᠤᠳᠠᠯ》᠎ᠢ ᠪᠠᠲᠤ ᠴᠡᠭᠡᠵᠢᠯᠡᠨ᠂ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠰᠢᠨ᠎ᠡ ᠡᠨᠧᠷᠭᠢ ᠵᠢᠨ ᠪᠦᠲᠦᠭᠡᠨ ᠪᠠᠶ᠋ᠢᠭᠤᠯᠤᠯᠲᠠ᠎ᠯᠤᠭ᠎ᠠ ᠨᠡᠶ᠋ᠢᠯᠡᠭᠦᠯᠦᠨ ᠨᠢᠭᠡ ᠴᠣᠭᠴᠠ ᠪᠣᠯᠭ᠋ᠠᠬᠤ᠂ ᠭᠤᠷᠪᠠᠨ ᠶᠡᠭᠡ ᠪᠡᠯᠭᠡ ᠲᠡᠮᠳᠡᠭ᠎ᠤᠨ ᠴᠢᠨᠠᠷᠲᠠᠢ ᠳᠠᠶ᠋ᠢᠯᠠᠯᠳᠤᠭ᠋ᠠᠨ᠎ᠢ ᠰᠠᠶ᠋ᠢᠲᠤᠷ ᠪᠡᠶᠡᠯᠡᠭᠦᠯᠵᠦ᠂ ᠠᠮᠢ ᠠᠬᠤᠢ ᠵᠢ ᠬᠠᠮᠠᠭ᠋ᠠᠯᠠᠬᠤ᠂ ᠬᠥᠭᠵᠢᠯᠲᠡ ᠵᠢ ᠠᠬᠢᠭᠤᠯᠬᠤ᠂ ᠣᠯᠠᠨ ᠲᠦᠮᠡᠨ᠎ᠤ ᠣᠷᠣᠯᠭ᠎ᠠ ᠵᠢ ᠨᠡᠮᠡᠭᠳᠡᠭᠦᠯᠬᠦ ᠣᠯᠠᠨ ᠲᠠᠯ᠎ᠠ᠎ᠪᠠᠷ ᠠᠰᠢᠭ ᠬᠦᠷᠲᠡᠬᠦ ᠵᠢ ᠴᠢᠷᠮᠠᠶ᠋ᠢᠨ ᠪᠡᠶᠡᠯᠡᠭᠦᠯᠵᠦ᠂ ᠡᠬᠡ ᠤᠯᠤᠰ᠎ᠤᠨ ᠤᠮᠠᠷᠠᠲᠤ ᠬᠢᠯᠢ ᠵᠢᠨ ᠲᠦᠮᠡᠨ ᠭᠠᠵᠠᠷ᠎ᠤᠨ ᠨᠣᠭᠤᠭ᠋ᠠᠨ ᠬᠠᠯᠬᠠᠪᠴᠢ ᠵᠢ ᠨᠡᠩ ᠪᠠᠲᠤ ᠪᠠᠬᠢ ᠴᠣᠭᠴᠠᠯᠠᠨ᠎ᠠ᠃
(ᠨᠢᠭᠡ) 《ᠤᠮᠠᠷᠠᠲᠤ ᠵᠢᠨ ᠭᠤᠷᠪᠠᠨ ᠣᠷᠣᠨ》᠎ᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠪᠥᠬᠦ ᠬᠦᠴᠦᠨ ᠵᠶ᠋ᠠᠷ ᠰᠠᠶ᠋ᠢᠲᠤᠷ ᠪᠡᠶᠡᠯᠡᠭᠦᠯᠦᠨ᠎ᠡ᠃ 《ᠤᠮᠠᠷᠠᠲᠤ ᠵᠢᠨ ᠭᠤᠷᠪᠠᠨ ᠣᠷᠣᠨ》᠎ᠤ ᠢᠨᠵᠧᠨᠧᠷᠢᠩ᠎ᠤᠨ ᠵᠢᠷᠭᠤᠭ᠋ᠠᠨ ᠬᠤᠭᠤᠴᠠᠭ᠋ᠠᠨ᠎ᠤ ᠲᠥᠯᠥᠪᠵᠢᠭᠦᠯᠭᠡ ᠪᠠ ᠭᠤᠷᠪᠠᠨ ᠶᠡᠭᠡ ᠪᠡᠯᠭᠡ ᠲᠡᠮᠳᠡᠭ᠎ᠤᠨ ᠴᠢᠨᠠᠷᠲᠠᠢ ᠳᠠᠶ᠋ᠢᠯᠠᠯᠳᠤᠭ᠋ᠠᠨ᠎ᠤ ᠬᠡᠷᠡᠭᠵᠢᠭᠦᠯᠬᠦ ᠲᠥᠰᠥᠯ᠎ᠢ ᠨᠠᠶ᠋ᠢᠳᠠᠪᠤᠷᠢᠵᠢᠭᠤᠯᠤᠨ᠂ ᠬᠠᠳᠤᠨ ᠭᠤᠣᠯ᠎ᠤᠨ 《ᠶᠡᠭᠡ ᠲᠣᠬᠤᠢ》 ᠵᠢᠨ ᠡᠯᠡᠰᠦᠷᠬᠡᠭᠵᠢᠭᠰᠡᠨ ᠭᠠᠵᠠᠷ ᠰᠢᠷᠣᠢ ᠵᠢᠨ ᠶᠡᠷᠦᠩᠬᠡᠶ᠋ᠢᠯᠡᠭᠰᠡᠨ ᠵᠠᠰᠠᠯᠲᠠ᠂ ᠬᠤᠷᠴᠢᠨ ᠪᠠ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠤᠨ ᠶᠡᠷᠦᠩᠬᠡᠶ᠋ᠢᠯᠡᠭᠰᠡᠨ ᠵᠠᠰᠠᠯᠲᠠ᠂ ᠲᠡᠭᠷᠢ — — ᠪᠠᠳᠠᠢ ᠵᠢᠨ ᠵᠢᠷᠠᠨ᠎ᠤ ᠡᠯᠡᠰᠦᠨ ᠴᠥᠯ᠎ᠤᠨ ᠬᠥᠪᠡᠭᠡ ᠵᠢ ᠴᠢᠳᠦᠷᠯᠡᠬᠦ ᠵᠠᠰᠠᠯᠲᠠ᠂ ᠥᠪᠥᠷ ᠮᠣᠩᠭᠤᠯ᠎ᠤᠨ ᠥᠨᠳᠦᠷᠯᠢᠭ᠎ᠤᠨ ᠠᠮᠢ ᠠᠬᠤᠢ ᠵᠢᠨ ᠬᠠᠮᠠᠭ᠋ᠠᠯᠠᠯᠲᠠ ᠰᠡᠷᠭᠦᠭᠡᠯᠲᠡ᠂ ᠶᠡᠭᠡ ᠬᠢᠩᠭ᠋ᠠᠨ ᠳᠠᠪᠠᠭ᠋ᠠᠨ᠎ᠤ ᠣᠢ ᠰᠢᠭᠤᠢ ᠵᠢᠨ ᠠᠮᠢ ᠠᠬᠤᠢ ᠵᠢ ᠪᠠᠲᠤᠯᠠᠨ ᠬᠠᠮᠠᠭ᠋ᠠᠯᠠᠵᠤ ᠪᠣᠶ᠋ᠢᠵᠢᠭᠤᠯᠬᠤ ᠵᠡᠷᠭᠡ ᠢᠨᠵᠧᠨᠧᠷᠢᠩ᠎ᠢ ᠬᠡᠷᠡᠭᠵᠢᠭᠦᠯᠵᠦ᠂ ᠤᠯᠤᠰ᠎ᠤᠨ ᠡᠯᠡᠰᠦᠷᠬᠡᠭᠵᠢᠭᠰᠡᠨ ᠭᠠᠵᠠᠷ ᠰᠢᠷᠣᠢ ᠵᠢᠨ ᠪᠢᠲᠡᠭᠦᠮᠵᠢᠯᠡᠨ ᠴᠠᠭ᠋ᠠᠵᠠᠯᠠᠬᠤ ᠬᠠᠮᠠᠭ᠋ᠠᠯᠠᠯᠲᠠ ᠵᠢᠨ ᠣᠷᠣᠨ᠂ ᠤᠯᠤᠰ᠎ᠤᠨ ᠡᠯᠡᠰᠦ ᠮᠠᠩᠬᠠᠨ᠎ᠤ ᠴᠡᠴᠡᠷᠯᠢᠭ ᠪᠠ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠶᠡᠷᠦᠩᠬᠡᠶ᠋ᠢᠯᠡᠭᠰᠡᠨ ᠵᠢᠱ᠌ᠢᠶ᠎ᠡ ᠦᠵᠡᠭᠦᠯᠬᠦ ᠣᠷᠣᠨ᠎ᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠂ ᠬᠥᠪᠴᠢ᠂ ᠤᠯᠠᠭ᠋ᠠᠨᠪᠤᠬ᠎ᠠ ᠵᠡᠷᠭᠡ ᠡᠯᠡᠰᠦᠨ ᠴᠥᠯ᠎ᠢ ᠴᠢᠳᠦᠷᠯᠡᠬᠦ ᠣᠢ ᠵᠢᠨ ᠪᠦᠲᠦᠭᠡᠨ ᠪᠠᠶ᠋ᠢᠭᠤᠯᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠬᠠᠳᠤᠨ ᠭᠤᠣᠯ᠎ᠤᠨ 《ᠶᠡᠭᠡ ᠲᠣᠬᠤᠢ》 ᠵᠢᠨ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠤ 758 ᠲᠦᠮᠡᠨ ᠮᠦ᠍᠂ ᠬᠤᠷᠴᠢᠨ ᠪᠠ ᠬᠤᠯᠠᠨ ᠰᠢᠷᠭ᠎ᠠ ᠳᠠᠭ᠎ᠠ ᠵᠢᠨ ᠡᠯᠡᠰᠦᠷᠬᠡᠭ ᠭᠠᠵᠠᠷ᠎ᠤᠨ ᠰᠥᠨᠥᠭᠡᠯᠲᠡ ᠵᠢᠨ ᠳᠠᠶ᠋ᠢᠯᠠᠯᠳᠤᠭ᠋ᠠᠨ᠎ᠤ 549 ᠲᠦᠮᠡᠨ ᠮᠦ᠍᠂ ᠾᠧᠰᠢ ᠵᠢᠨ ᠬᠤᠩᠬᠢᠯ — — ᠲᠠᠺᠯᠢᠮᠠᠺᠠᠨ ᠡᠯᠡᠰᠦᠨ ᠴᠥᠯ᠎ᠤᠨ ᠬᠥᠪᠡᠭᠡ ᠳᠠᠭ᠋ᠠᠤ ᠵᠢᠨ ᠬᠤᠷᠢᠬᠯᠠᠯᠲᠠ ᠵᠢᠨ ᠳᠠᠶ᠋ᠢᠯᠠᠯᠳᠤᠭ᠋ᠠᠨ᠎ᠤ 131 ᠲᠦᠮᠡᠨ ᠮᠦ᠍ ᠵᠢᠨ ᠡᠭᠦᠷᠭᠡ ᠵᠢ ᠪᠡᠶᠡᠯᠡᠭᠦᠯᠦᠨ᠎ᠡ᠃ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ ᠨᠢᠭᠡ ᠴᠣᠭᠴᠠᠵᠢᠭᠤᠯᠬᠤ ᠢᠨᠵᠧᠨᠧᠷᠢᠩ᠎ᠢ ᠬᠡᠷᠡᠭᠵᠢᠭᠦᠯᠬᠦ ᠵᠢ ᠠᠬᠢᠭᠤᠯᠵᠤ᠂ ᠴᠥᠯ ᠭᠤᠪᠢ ᠴᠥᠯᠡᠷᠬᠡᠭ ᠣᠷᠣᠨ᠎ᠤ ᠲᠣᠮᠣ ᠬᠡᠯᠪᠡᠷᠢ ᠵᠢᠨ ᠰᠠᠯᠬᠢᠨ ᠬᠦᠴᠦᠨ᠎ᠤ ᠴᠠᠬᠢᠯᠭ᠋ᠠᠨ ᠭᠡᠷᠡᠯᠴᠢ ᠴᠡᠨᠡᠭ᠎ᠤᠨ ᠰᠠᠭᠤᠷᠢᠨ ᠭᠠᠵᠠᠷ᠎ᠤᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ᠂ ᠪᠡᠯᠡ ᠣᠷᠣᠭᠤᠯᠬᠤ ᠪᠡᠯᠡ ᠲᠣᠬᠢᠷᠠᠭᠤᠯᠬᠤ ᠪᠠᠶ᠋ᠢᠭᠤᠯᠤᠯ ᠲᠣᠭᠲᠠᠴᠠ᠎ᠳᠤ ᠰᠢᠨ᠎ᠡ ᠵᠢ ᠡᠭᠦᠳᠦᠨ᠂ ᠪᠡᠯᠡ ᠣᠷᠤᠭᠤᠯᠤᠯᠲᠠ ᠵᠢᠨ ᠪᠠᠶ᠋ᠢᠭᠤᠯᠤᠯᠲᠠ ᠬᠠᠮᠢᠶᠠᠷᠤᠯᠲᠠ ᠵᠢᠨ ᠰᠠᠭᠤᠷᠢ ᠮᠥᠩᠭᠦ ᠵᠢ ᠲᠣᠬᠢᠷᠠᠭᠤᠯᠵᠤ᠂ ᠠᠵᠤ ᠠᠬᠤᠶ᠋ᠢᠯᠠᠯ ᠪᠠ ᠨᠡᠶ᠋ᠢᠭᠡᠮ᠎ᠤᠨ ᠬᠦᠴᠦᠨ ᠴᠢᠳᠠᠯ᠎ᠢ ᠬᠥᠲᠥᠯᠥᠨ ᠵᠢᠯᠣᠭᠤᠳᠴᠦ ᠪᠠᠶ᠋ᠢᠭ᠋ᠠᠳ ᠨᠡᠩ ᠢᠯᠡᠭᠦᠦ ᠣᠷᠣᠯᠴᠠᠭᠤᠯᠤᠨ᠂ ᠬᠥᠪᠴᠢ ᠵᠢᠨ ᠡᠯᠡᠰᠦᠨ ᠴᠥᠯ᠎ᠢ ᠵᠠᠰᠠᠭᠰᠠᠨ᠂ ᠳ᠋ᠧᠩᠺᠧᠦ ᠵᠢᠨ ᠵᠠᠭᠪᠤᠷ ᠵᠡᠷᠭᠡ ᠨᠡᠶ᠋ᠢᠲᠡᠯᠢᠭ ᠲᠤᠷᠰᠢᠯᠭ᠎ᠠ ᠵᠢ ᠢᠳᠡᠪᠬᠢᠲᠡᠢ ᠳᠡᠯᠭᠡᠷᠡᠭᠦᠯᠦᠨ᠎ᠡ᠃
(ᠬᠤᠶᠠᠷ) ᠦᠵᠡᠰᠭᠦᠯᠡᠩᠲᠦ ᠥᠪᠥᠷ ᠮᠣᠩᠭᠤᠯ᠎ᠤᠨ ᠪᠦᠲᠦᠭᠡᠨ ᠪᠠᠶ᠋ᠢᠭᠤᠯᠤᠯᠲᠠ ᠵᠢ ᠪᠥᠬᠦ ᠲᠠᠯ᠎ᠠ᠎ᠪᠠᠷ ᠠᠬᠢᠭᠤᠯᠤᠨ᠎ᠠ᠃ ᠰᠢᠷ᠎ᠠ ᠬᠥᠷᠥᠰᠥᠲᠦ ᠥᠨᠳᠦᠷᠯᠢᠭ᠎ᠤᠨ ᠨᠥᠯᠥᠮᠡᠯ ᠭᠠᠵᠠᠷ᠎ᠤᠨ ᠲᠦᠭᠰᠢᠭᠦᠷᠢ ᠵᠢ ᠠᠷᠢᠯᠭ᠋ᠠᠨ ᠪᠠᠬᠢᠵᠢᠭᠦᠯᠬᠦ᠂ ᠵᠡᠭᠦᠨ ᠬᠤᠶ᠋ᠢᠲᠤ ᠬᠠᠷ᠎ᠠ ᠬᠥᠷᠥᠰᠥᠲᠦ ᠣᠷᠣᠨ᠎ᠤ ᠢᠳᠡᠭᠳᠡᠯ᠎ᠤᠨ ᠭᠤᠤ ᠵᠢ ᠵᠠᠰᠠᠬᠤ᠂ ᠬᠥᠲᠥᠯ ᠲᠠᠷᠢᠶᠠᠯᠠᠬᠤ ᠭᠠᠵᠠᠷ᠎ᠢ ᠶᠡᠷᠦᠩᠬᠡᠶ᠋ᠢᠯᠡᠨ ᠵᠠᠰᠠᠬᠤ ᠵᠡᠷᠭᠡ ᠤᠯᠤᠰ᠎ᠤᠨ ᠬᠥᠷᠥᠰᠥ ᠰᠢᠷᠣᠢ ᠵᠢ ᠬᠠᠮᠠᠭ᠋ᠠᠯᠠᠬᠤ ᠭᠤᠣᠯᠳᠠᠯᠭ᠋ᠠᠲᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠢᠳᠡᠪᠬᠢᠲᠡᠢ ᠠᠬᠢᠭᠤᠯᠤᠨ᠂ ᠴᠠᠭ᠋ᠠᠨᠨᠠᠭᠤᠷ ᠨᠤᠭᠤ ᠭᠠᠵᠠᠷ᠎ᠤᠨ ᠴᠡᠴᠡᠷᠯᠢᠭ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠪᠥᠬᠦ ᠵᠢᠯ᠎ᠳᠤ 300 ᠲᠦ᠍ᠢ᠍ᠮᠡᠨ ᠮᠦ᠍᠎ᠠᠴᠠ ᠳᠡᠭᠡᠭᠰᠢ ᠣᠶ᠋ᠢᠵᠢᠭᠤᠯᠬᠤ᠂ 1300 ᠲᠦᠮᠡᠨ ᠮᠦ᠍᠎ᠠᠴᠠ ᠳᠡᠭᠡᠭᠰᠢ ᠡᠪᠡᠰᠦ ᠲᠠᠷᠢᠬᠤ᠂ 1500 ᠲᠦᠮᠡᠨ ᠮᠦ᠍ ᠡᠯᠡᠰᠦᠷᠬᠡᠭᠵᠢᠯ᠎ᠢ ᠰᠡᠷᠭᠡᠶ᠋ᠢᠯᠡᠨ ᠡᠯᠡᠰᠦ ᠵᠢ ᠵᠠᠰᠠᠬᠤ ᠡᠭᠦᠷᠭᠡ ᠵᠢ ᠪᠡᠶᠡᠯᠡᠭᠦᠯᠦᠨ᠎ᠡ᠃ ᠪᠣᠬᠢᠷᠲᠤᠯ᠎ᠢ ᠰᠡᠷᠭᠡᠶ᠋ᠢᠯᠡᠨ ᠵᠠᠰᠠᠬᠤ ᠰᠢᠪᠲᠤᠯᠤᠯᠲᠠ ᠵᠢᠨ ᠳᠠᠶ᠋ᠢᠯᠠᠯᠳᠤᠭ᠋ᠠᠨ᠎ᠢ ᠦᠷᠭᠦᠯᠵᠢᠯᠡᠨ ᠰᠠᠶ᠋ᠢᠲᠤᠷ ᠬᠢᠵᠦ᠂ ᠤᠯᠤᠰ᠎ᠠᠴᠠ ᠪᠠᠭᠤᠯᠭ᠋ᠠᠭᠰᠠᠨ ᠣᠨ᠎ᠤ ᠡᠯ᠎ᠡ ᠵᠦᠢ᠍ᠯ᠎ᠤᠨ ᠬᠦᠯᠢᠶᠡᠰᠦᠯᠡᠬᠦ ᠴᠢᠨᠠᠷᠲᠠᠢ ᠭᠦᠢ᠍ᠴᠡᠳᠭᠡᠯ ᠲᠣᠭ᠋ᠠᠨ᠎ᠤ ᠡᠭᠦᠷᠭᠡ ᠵᠢ ᠪᠡᠶᠡᠯᠡᠭᠦᠯᠦᠨ᠎ᠡ᠃ ᠭᠤᠣᠯᠳᠠᠯᠭ᠎ᠠ᠎ᠲᠠᠢ ᠭᠠᠵᠠᠷ ᠣᠷᠣᠨ᠎ᠤ ᠴᠡᠪᠡᠷ ᠳᠤᠯᠠᠭ᠋ᠠᠯᠠᠭ᠎ᠠ᠎ᠪᠠᠷ ᠥᠭᠡᠷᠡᠴᠢᠯᠡᠨ ᠰᠢᠨᠡᠳᠭᠡᠬᠦ ᠠᠵᠢᠯ᠎ᠢ ᠲᠦᠷᠭᠡᠳᠬᠡᠨ ᠠᠬᠢᠭᠤᠯᠵᠤ᠂ ᠬᠥᠬᠡᠬᠤᠲᠠ ᠪᠤᠭᠤᠲᠤ ᠣᠷᠳᠣᠰ᠂ ᠦᠬᠠᠢ ᠵᠢᠴᠢ ᠡᠷᠭᠢᠨ ᠲᠣᠭᠤᠷᠢᠨ ᠭᠠᠵᠠᠷ ᠣᠷᠣᠨ᠎ᠤ ᠠᠭ᠋ᠠᠷ ᠮᠠᠨᠳᠠᠯ᠎ᠤᠨ ᠪᠣᠬᠢᠷᠲᠤᠯ᠎ᠢ ᠬᠤᠯᠪᠣᠭ᠋ᠠᠯᠠᠨ ᠰᠡᠷᠭᠡᠶ᠋ᠢᠯᠡᠵᠦ ᠬᠤᠯᠪᠣᠭ᠋ᠠᠯᠠᠨ ᠡᠵᠡᠮᠳᠡᠬᠦ ᠵᠢ ᠴᠢᠩᠭ᠋ᠠᠳᠬᠠᠨ᠎ᠠ᠃ ᠭᠤᠣᠯᠳᠠᠯᠭ᠎ᠠ᠎ᠲᠠᠢ ᠭᠤᠣᠯ ᠮᠥᠷᠡᠨ᠎ᠤ ᠠᠮᠢ ᠠᠬᠤᠢ ᠵᠢᠨ ᠣᠷᠴᠢᠨ ᠲᠣᠭᠤᠷᠢᠨ᠎ᠢ ᠶᠡᠷᠦᠩᠬᠡᠶ᠋ᠢᠯᠡᠨ ᠴᠡᠭᠴᠡᠯᠡᠨ ᠵᠠᠰᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠬᠠᠳᠤᠨ ᠭᠤᠣᠯ᠎ᠳᠤ ᠤᠷᠤᠰ᠎ᠤᠨ ᠣᠷᠣᠬᠤ ᠰᠠᠯᠪᠤᠷᠢ ᠤᠷᠤᠰᠬᠠᠯ᠎ᠤᠨ ᠴᠢᠨᠠᠷ᠎ᠢ᠎ᠨᠢ ᠰᠠᠶ᠋ᠢᠵᠢᠷᠠᠭᠤᠯᠬᠤ ᠦᠷ᠎ᠡ ᠪᠦᠲᠦᠭᠡᠯ ᠪᠠ ᠬᠠᠷ᠎ᠠ ᠦᠮᠡᠬᠡᠢ ᠤᠰᠤᠨ ᠴᠣᠭᠴᠠ ᠵᠢ ᠴᠡᠭᠴᠡᠯᠡᠨ ᠵᠠᠰᠠᠭᠰᠠᠨ ᠦᠷ᠎ᠡ ᠪᠦᠲᠦᠮᠵᠢ ᠵᠢ ᠪᠠᠬᠢᠵᠢᠭᠦᠯᠦᠨ᠂ 《ᠬᠥᠯᠥᠨ ᠨᠠᠭᠤᠷ ᠳᠠᠭ᠎ᠠ ᠵᠢᠨ ᠨᠠᠭᠤᠷ ᠤᠯᠠᠭ᠋ᠠᠨᠰᠤᠬᠠᠢ ᠨᠠᠭᠤᠷ》᠎ᠤᠨ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠵᠠᠰᠠᠯᠲᠠ ᠵᠢ ᠭᠦᠨᠵᠡᠭᠡᠢ ᠬᠡᠷᠡᠭᠵᠢᠭᠦᠯᠵᠦ᠂ ᠭᠠᠵᠠᠷ ᠳᠣᠣᠷᠠᠬᠢ ᠤᠰᠤ ᠵᠢ ᠬᠡᠲᠦᠷᠡᠲᠡᠯ᠎ᠡ ᠲᠠᠲᠠᠬᠤ ᠵᠢ ᠵᠠᠰᠠᠬᠤ ᠪᠠ ᠠᠮᠢ ᠠᠬᠤᠢ ᠵᠢ ᠰᠡᠷᠭᠦᠭᠡᠬᠦ ᠵᠢ ᠠᠬᠢᠭᠤᠯᠤᠨ᠎ᠠ᠃ ᠠᠮᠤᠷ ᠲᠦᠪᠰᠢᠨ ᠵᠶ᠋ᠠᠷ ᠠᠰᠢᠬᠯᠠᠬᠤ ᠲᠥᠷᠥᠯ᠎ᠤᠨ᠂ ᠴᠢᠩᠭ᠎ᠠ ᠬᠠᠮᠢᠶᠠᠷᠤᠨ ᠡᠵᠡᠮᠳᠡᠬᠦ ᠲᠥᠷᠥᠯ᠎ᠤᠨ ᠲᠠᠷᠢᠶᠠᠯᠠᠬᠤ ᠭᠠᠵᠠᠷ᠎ᠢ ᠬᠠᠮᠢᠶᠠᠷᠤᠨ ᠡᠵᠡᠮᠳᠡᠬᠦ ᠡᠭᠦᠷᠭᠡ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠎ᠠ᠃ ᠬᠥᠯᠥᠨ ᠪᠣᠶ᠋ᠢᠷ ᠬᠤᠲᠠ᠂ ᠬᠢᠩᠭ᠋ᠠᠨ ᠠᠶ᠋ᠢᠮᠠᠭ᠂ ᠤᠯᠠᠭ᠋ᠠᠨᠬᠠᠳᠠ ᠬᠤᠲᠠ ᠵᠡᠷᠭᠡ ᠭᠠᠵᠠᠷ ᠣᠷᠣᠨ᠎ᠤ ᠠᠮᠢ ᠠᠬᠤᠢ ᠵᠢᠨ ᠪᠦᠲᠦᠭᠡᠭᠳᠡᠭᠦᠨ᠎ᠤ ᠦᠨ᠎ᠡ ᠥᠷᠳᠡᠭ᠎ᠢ ᠢᠯᠡᠷᠡᠭᠦᠯᠬᠦ ᠲᠣᠭᠲᠠᠴᠠ ᠵᠢ ᠰᠦᠪᠡᠭᠴᠢᠯᠡᠬᠦ ᠵᠢ᠎ᠨᠢ ᠳᠡᠮᠵᠢᠨ᠎ᠡ᠃ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠡᠭᠦᠷᠭᠡ ᠵᠢ ᠨᠠᠶ᠋ᠢᠳᠠᠪᠤᠷᠢᠵᠢᠭᠤᠯᠵᠤ᠂ ᠬᠤᠶᠠᠳᠤᠭ᠋ᠠᠷ ᠡᠭᠡᠯᠵᠢ ᠵᠢᠨ ᠥᠪᠡᠷᠲᠡᠭᠡᠨ ᠵᠠᠰᠠᠬᠤ ᠣᠷᠣᠨ᠎ᠤ ᠠᠮᠢ ᠠᠬᠤᠢ ᠣᠷᠴᠢᠨ ᠲᠣᠭᠤᠷᠢᠨ᠎ᠤ ᠬᠠᠮᠠᠭ᠋ᠠᠯᠠᠯᠲᠠ ᠵᠢᠨ ᠰᠢᠮᠳᠠᠭᠤᠯᠤᠨ ᠪᠠᠶ᠋ᠢᠴᠠᠭ᠋ᠠᠯᠲᠠ ᠵᠢ ᠪᠦᠷᠢᠨ ᠪᠦᠷᠬᠦᠭᠦᠯᠬᠦ ᠵᠢ ᠪᠡᠶᠡᠯᠡᠭᠦᠯᠦᠨ᠎ᠡ᠃
(ᠭᠤᠷᠪᠠ) ᠡᠬᠢ ᠪᠠᠶᠠᠯᠢᠭ᠎ᠢ ᠠᠷᠪᠢᠯᠠᠨ ᠭᠠᠮᠨᠠᠵᠤ ᠡᠷᠴᠢᠮᠵᠢᠭᠦᠯᠦᠨ ᠣᠷᠴᠢᠯᠳᠤᠭᠤᠯᠵᠤ ᠥᠨᠳᠥᠷ ᠪᠦᠲᠦᠮᠵᠢᠲᠠᠢ᠎ᠪᠠᠷ ᠠᠰᠢᠬᠯᠠᠬᠤ ᠵᠢ ᠴᠢᠩᠭ᠋ᠠᠳᠬᠠᠨ᠎ᠠ᠃ 《ᠲᠠᠪᠤ ᠵᠢ ᠲᠤᠶ᠋ᠢᠯᠪᠤᠷᠢᠲᠠᠢ ᠰᠢᠢ᠍ᠳᠪᠦᠷᠢᠯᠡᠬᠦ》 ᠠᠵᠢᠯᠯᠠᠭ᠋ᠠᠨ᠎ᠢ ᠭᠦᠨᠵᠡᠭᠡᠶ᠋ᠢᠷᠡᠭᠦᠯᠦᠨ ᠥᠷᠭᠡᠳᠭᠡᠨ᠎ᠡ᠃ 《ᠤᠰᠤ᠎ᠪᠠᠷ ᠳᠥᠷᠪᠡ ᠵᠢ ᠲᠣᠭᠲᠠᠭ᠋ᠠᠬᠤ》 ᠵᠢ ᠴᠢᠩᠭ᠎ᠠ ᠨᠠᠶ᠋ᠢᠳᠠᠪᠤᠷᠢᠵᠢᠭᠤᠯᠤᠨ᠂ ᠪᠥᠬᠦ ᠵᠢᠯ᠎ᠤᠨ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠵᠢ 196.3 ᠳ᠋ᠦ᠍ᠢ᠍ᠩᠰᠢᠭᠤᠷ ᠺᠦᠪ ᠮᠧᠲᠷ᠎ᠤᠨ ᠳᠣᠲᠣᠷ᠎ᠠ ᠬᠢᠵᠠᠭ᠋ᠠᠷᠯᠠᠵᠤ᠂ ᠲᠦᠮᠡᠨ ᠲᠥᠭᠦᠷᠢᠭ ᠪᠦᠷᠢ ᠵᠢᠨ ᠤᠯᠤᠰ᠎ᠤᠨ ᠳᠣᠲᠣᠭ᠋ᠠᠳᠤᠬᠢ ᠦᠢ᠍ᠯᠡᠳᠪᠦᠷᠢᠯᠡᠯ᠎ᠤᠨ ᠶᠡᠷᠦᠩᠬᠡᠢ ᠥᠷᠳᠡᠭ᠎ᠤᠨ ᠤᠰᠤ ᠬᠡᠷᠡᠭᠯᠡᠬᠦ ᠬᠡᠮᠵᠢᠶ᠎ᠡ᠂ ᠲᠦᠮᠡᠨ ᠲᠥᠭᠦᠷᠢᠭ ᠪᠦᠷᠢ ᠵᠢᠨ ᠠᠵᠤ ᠦᠢ᠍ᠯᠡᠳᠪᠦᠷᠢ ᠵᠢᠨ ᠨᠡᠮᠡᠭᠳᠡᠯ ᠥᠷᠳᠡᠭ᠎ᠤᠨ ᠤᠰᠤ ᠬᠡᠷᠡᠭᠯᠡᠬᠦ ᠬᠡᠮᠵᠢᠶ᠎ᠡ ᠵᠢ ᠲᠣᠰ ᠲᠣᠰ 2020 ᠣᠨ᠎ᠤ᠎ᠬᠢ᠎ᠠᠴᠠ 9% ᠪᠠ 10%᠎ᠪᠠᠷ ᠪᠠᠭᠤᠷᠠᠭᠤᠯᠵᠤ᠂ ᠲᠠᠷᠢᠶᠠᠨ ᠭᠠᠵᠠᠷ᠎ᠤᠨ ᠤᠰᠤᠯᠠᠯᠲᠠ ᠵᠢᠨ ᠤᠰᠤ ᠵᠢ ᠪᠦᠲᠦᠮᠵᠢᠲᠡᠢ ᠠᠰᠢᠬᠯᠠᠬᠤ ᠢᠯᠡᠳᠬᠡᠮᠵᠢ ᠲᠤᠭ᠎ᠠ ᠵᠢ 0.582 ᠪᠣᠯᠲᠠᠯ᠎ᠠ ᠳᠡᠭᠡᠭᠰᠢᠯᠡᠭᠦᠯᠦᠨ᠂ ᠲᠠᠷᠢᠶᠠᠯᠠᠩ᠎ᠤᠨ ᠤᠰᠤᠨ᠎ᠤ ᠶᠡᠷᠦᠩᠬᠡᠶ᠋ᠢᠯᠡᠭᠰᠡᠨ ᠥᠭᠡᠷᠡᠴᠢᠯᠡᠯᠲᠡ ᠵᠢᠨ ᠬᠡᠷᠡᠭᠵᠢᠭᠦᠯᠦᠭᠰᠡᠨ ᠲᠠᠯᠠᠪᠠᠢ ᠵᠢ 4747 ᠲᠦᠮᠡᠨ ᠮᠦ᠍᠎ᠳᠤ ᠬᠦᠷᠭᠡᠵᠦ᠂ ᠴᠤᠤᠯ ᠭᠤᠣᠯ᠎ᠤᠨ ᠤᠰᠤ ᠵᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ᠂ ᠴᠤᠤᠯ ᠭᠤᠣᠯ᠎ᠤᠨ ᠤᠰᠤ ᠵᠢ ᠲᠠᠲᠠᠵᠤ ᠯᠢᠶᠣᠤ ᠾᠧ ᠭᠤᠣᠯ᠎ᠳᠤ ᠨᠡᠮᠡᠷᠢᠯᠡᠬᠦ ᠬᠤᠶᠠᠳᠤᠭ᠋ᠠᠷ ᠬᠤᠭᠤᠴᠠᠭ᠎ᠠ᠂ ᠥᠪᠥᠷ ᠮᠣᠩᠭᠤᠯ᠎ᠤᠨ ᠰᠠᠯᠪᠤᠷᠢ ᠱᠤᠭᠤᠮ᠎ᠤᠨ ᠤᠰᠤᠨ ᠬᠠᠩᠭ᠋ᠠᠯᠭ᠎ᠠ ᠵᠡᠷᠭᠡ ᠤᠰᠤᠨ ᠲᠣᠣᠷ᠎ᠤᠨ ᠭᠤᠣᠯᠯᠠᠬᠤ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ ᠲᠠᠷᠢᠶᠠᠯᠠᠬᠤ ᠭᠠᠵᠠᠷ᠎ᠢ ᠡᠵᠡᠯᠡᠬᠦ ᠪᠠ ᠨᠥᠬᠦᠪᠦᠷᠢᠯᠡᠬᠦ ᠵᠢ ᠲᠡᠩᠴᠡᠭᠦᠷᠢᠲᠡᠢ ᠪᠠᠶ᠋ᠢᠯᠭ᠋ᠠᠬᠤ ᠳᠦᠷᠢᠮ᠎ᠢ ᠥᠭᠡᠷᠡᠴᠢᠯᠡᠨ ᠲᠡᠭᠦᠯᠳᠡᠷᠵᠢᠭᠦᠯᠵᠦ᠂ 《ᠬᠥᠨᠳᠡᠶ᠋ᠢᠷᠡᠭᠰᠡᠨ ᠲᠣᠰᠬᠤᠨ》᠎ᠤ ᠵᠠᠰᠠᠯᠲᠠ ᠪᠠ ᠬᠥᠳᠡᠭᠡ ᠲᠣᠰᠬᠤᠨ᠎ᠤ ᠬᠠᠮᠲᠤ ᠵᠢᠨ ᠡᠵᠡᠩᠨᠡᠯᠲᠡ ᠵᠢᠨ ᠴᠢᠨᠠᠷᠲᠠᠢ ᠪᠦᠲᠦᠭᠡᠨ ᠪᠠᠶ᠋ᠢᠭᠤᠯᠤᠯᠲᠠ᠎ᠳᠤ ᠬᠡᠷᠡᠭᠯᠡᠬᠦ ᠭᠠᠵᠠᠷ᠎ᠢ ᠵᠠᠬ᠎ᠠ᠎ᠳᠤ ᠣᠷᠣᠭᠤᠯᠬᠤ ᠵᠢ ᠠᠬᠢᠭᠤᠯᠤᠨ᠂ ᠨᠡᠮᠡᠭᠳᠡᠯ ᠬᠠᠰᠤᠭᠳᠠᠯ᠎ᠢ ᠬᠤᠯᠪᠣᠭᠳᠠᠭᠤᠯᠤᠭᠰᠠᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ 1.4 ᠲᠦᠮᠡᠨ ᠮᠦ᠍᠂ ᠡᠵᠡᠯᠡᠬᠦ ᠪᠠ ᠨᠥᠬᠦᠪᠦᠷᠢᠯᠡᠬᠦ ᠵᠢ ᠲᠡᠩᠴᠡᠭᠦᠷᠢᠲᠡᠢ ᠪᠠᠶ᠋ᠢᠯᠭ᠋ᠠᠬᠤ ᠲᠥᠷᠥᠯ ᠵᠦᠢ᠍ᠯ᠎ᠢ 25 ᠲᠦᠮᠡᠨ ᠮᠦ᠍ ᠪᠡᠶᠡᠯᠡᠭᠦᠯᠵᠦ᠂ ᠡᠯ᠎ᠡ ᠲᠥᠷᠥᠯ᠎ᠤᠨ ᠨᠡᠭᠡᠭᠡᠯᠲᠡ ᠵᠢᠨ ᠲᠣᠭᠤᠷᠢᠭ᠎ᠤᠨ ᠳᠣᠲᠣᠷᠠᠬᠢ ᠰᠢᠨ᠎ᠡ᠎ᠪᠠᠷ ᠨᠡᠮᠡᠭᠳᠡᠭᠦᠯᠦᠭᠰᠡᠨ ᠠᠵᠤ ᠦᠢ᠍ᠯᠡᠳᠪᠦᠷᠢ᠎ᠳᠤ ᠬᠡᠷᠡᠭᠯᠡᠬᠦ ᠭᠠᠵᠠᠷ᠎ᠢ ᠪᠥᠬᠦᠨ᠎ᠢ 《ᠪᠠᠷᠢᠮᠵᠢᠶᠠᠲᠤ ᠭᠠᠵᠠᠷ》 ᠵᠶ᠋ᠠᠷ ᠬᠠᠩᠭ᠋ᠠᠬᠤ ᠵᠢ ᠪᠡᠶᠡᠯᠡᠭᠦᠯᠦᠨ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠤᠷᠢᠭ᠎ᠤᠨ ᠮᠦ᠍ ᠪᠦᠷᠢ ᠵᠢᠨ ᠪᠡᠯᠡ ᠣᠷᠤᠭᠤᠯᠤᠯᠲᠠ᠂ ᠦᠢ᠍ᠯᠡᠳᠪᠦᠷᠢᠯᠡᠯ᠎ᠤᠨ ᠥᠷᠳᠡᠭ᠂ ᠭᠠᠶ᠋ᠢᠯᠢ ᠲᠠᠲᠠᠪᠤᠷᠢ ᠵᠢ ᠲᠣᠰ ᠪᠦᠷᠢ 2%᠂ 3%᠂ ᠪᠠ 4% ᠨᠡᠮᠡᠭᠳᠡᠭᠦᠯᠬᠦ᠎ᠪᠠᠷ ᠬᠦᠴᠦᠯᠡᠨ ᠴᠢᠷᠮᠠᠶ᠋ᠢᠨ᠎ᠠ᠃ ᠣᠷᠴᠢᠯ ᠠᠵᠤ ᠦᠢ᠍ᠯᠡᠰ᠎ᠢ ᠬᠥᠭᠵᠢᠭᠦᠯᠵᠦ᠂ ᠬᠠᠲᠠᠭᠤ ᠪᠡᠶᠡᠲᠦ ᠬᠠᠶᠠᠭᠳᠠᠮᠠᠯ ᠪᠣᠳᠠᠰ᠎ᠢ ᠤᠯᠠᠷᠢᠭᠤᠯᠤᠨ ᠠᠰᠢᠬᠯᠠᠬᠤ ᠵᠢ ᠠᠬᠢᠭᠤᠯᠤᠨ᠎ᠠ᠃
(ᠳᠥᠷᠪᠡ) ᠨᠡᠭᠦᠷᠡᠰᠦᠲᠥ᠋ᠷᠥᠭᠴᠢ ᠵᠢᠨ ᠭᠠᠳᠠᠬᠰᠢᠯᠠᠯᠲᠠ ᠣᠷᠭᠢᠯ ᠬᠡᠮᠵᠢᠭᠳᠡᠯ᠎ᠳᠤ ᠬᠦᠷᠬᠦ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠵᠢ ᠢᠳᠡᠪᠬᠢᠲᠡᠢ ᠪᠥᠭᠡᠳ ᠯᠠᠪᠳᠠᠭᠤᠨ ᠪᠠᠲᠤᠲᠠᠢ ᠠᠬᠢᠭᠤᠯᠤᠨ᠎ᠠ᠃ ᠡᠨᠧᠷᠭᠢ ᠵᠢᠨ ᠬᠤᠷᠣᠭᠳᠠᠯ᠎ᠤᠨ ᠬᠤᠶᠠᠷ᠎ᠢ ᠬᠢᠵᠠᠭ᠋ᠠᠷᠯᠠᠵᠤ ᠪᠠᠶ᠋ᠢᠭᠰᠠᠨ᠎ᠠᠴᠠ ᠨᠡᠭᠦᠷᠡᠰᠦᠲᠥ᠋ᠷᠥᠭᠴᠢ ᠭᠠᠳᠠᠭᠰᠢᠯᠠᠭᠤᠯᠤᠯᠲᠠ ᠵᠢᠨ ᠬᠤᠶᠠᠷ᠎ᠢ ᠬᠢᠵᠠᠭ᠋ᠠᠷᠯᠠᠬᠤ ᠲᠡᠶ᠋ᠢᠰᠢ ᠬᠤᠪᠢᠷᠠᠭᠤᠯᠬᠤ ᠵᠢ ᠤᠷᠢᠳ ᠵᠶ᠋ᠠᠷ ᠬᠡᠷᠡᠭᠵᠢᠭᠦᠯᠵᠦ ᠤᠷᠢᠳ ᠵᠶ᠋ᠠᠷ ᠲᠤᠷᠰᠢᠬᠤ ᠵᠢ ᠠᠬᠢᠭᠤᠯᠤᠨ᠂ 《1+N+X》᠎ᠤᠨ ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠭᠦᠨᠵᠡᠭᠡᠢ ᠨᠠᠶ᠋ᠢᠳᠠᠪᠤᠷᠢᠵᠢᠭᠤᠯᠵᠤ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠋ᠠᠲᠠᠢ ᠲᠡᠷᠢᠭᠦᠨ᠎ᠤ ᠮᠡᠷᠭᠡᠵᠢᠯ᠎ᠤᠨ ᠵᠢᠱ᠌ᠢᠶ᠎ᠡ ᠦᠵᠡᠭᠦᠯᠬᠦ ᠢᠨᠵᠧᠨᠧᠷᠢᠩ᠎ᠢ ᠬᠡᠷᠡᠭᠵᠢᠭᠦᠯᠦᠨ᠂ ᠪᠤᠭᠤᠲᠤ ᠬᠤᠲᠠ᠂ ᠣᠷᠳᠣᠰ ᠬᠤᠲᠠ ᠪᠠ ᠤᠯᠠᠭ᠋ᠠᠨᠬᠠᠳᠠ ᠵᠢᠨ ᠳᠡᠭᠡᠳᠦ ᠰᠢᠨ᠎ᠡ ᠮᠡᠷᠭᠡᠵᠢᠯ᠎ᠤᠨ ᠠᠵᠤ ᠦᠢ᠍ᠯᠡᠰ᠎ᠤᠨ ᠨᠡᠭᠡᠭᠡᠯᠲᠡ ᠵᠢᠨ ᠲᠣᠭᠤᠷᠢᠭ᠎ᠤᠨ ᠤᠯᠤᠰ᠎ᠤᠨ ᠨᠡᠭᠦᠷᠡᠰᠦᠲᠥ᠋ᠷᠥᠭᠴᠢ ᠵᠢ ᠣᠷᠭᠢᠯ ᠬᠡᠮᠵᠢᠭᠳᠡᠯ᠎ᠠᠴᠠ᠎ᠨᠢ ᠪᠠᠭᠤᠷᠠᠭᠤᠯᠬᠤ ᠲᠤᠷᠰᠢᠯᠲᠠ ᠵᠢᠨ ᠴᠡᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠂ 《ᠨᠡᠭᠦᠷᠡᠰᠦᠲᠥ᠋ᠷᠥᠭᠴᠢ ᠵᠢᠨ ᠭᠠᠳᠠᠬᠰᠢᠯᠠᠯᠲᠠ ᠣᠷᠭᠢᠯ ᠬᠡᠮᠵᠢᠭᠳᠡᠯ᠎ᠳᠤ ᠬᠦᠷᠬᠦ ᠠᠷᠪᠠᠨ ᠬᠤᠶᠠᠷ ᠶᠡᠭᠡ ᠠᠵᠢᠯᠯᠠᠭ᠋ᠠᠨ》᠎ᠢ ᠲᠥᠯᠥᠪᠯᠡᠭᠡ᠎ᠲᠠᠢ᠎ᠪᠠᠷ ᠠᠯᠬᠤᠮ ᠳᠠᠷᠠᠭ᠎ᠠ ᠬᠤᠪᠢᠶᠠᠨ ᠠᠬᠢᠭᠤᠯᠵᠤ᠂ ᠨᠡᠭᠦᠷᠡᠰᠦᠲᠥ᠋ᠷᠥᠭᠴᠢ ᠦᠯᠦ ᠭᠠᠳᠠᠭᠰᠢᠯᠠᠭᠤᠯᠬᠤ ᠬᠦᠷᠢᠶᠡᠯᠡᠩ ᠲᠣᠭᠤᠷᠢᠭ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠋ᠠᠲᠠᠢ ᠬᠠᠩᠭ᠋ᠠᠯᠭ᠎ᠠ ᠵᠢᠨ ᠬᠡᠯᠬᠢᠶ᠎ᠡ ᠵᠢ ᠲᠦᠷᠭᠡᠳᠬᠡᠨ ᠴᠣᠭᠴᠠᠯᠠᠵᠤ᠂ ᠰᠢᠨ᠎ᠡ ᠲᠥᠷᠥᠯ ᠵᠦᠢ᠍ᠯ᠎ᠳᠤ ᠥᠨᠳᠥᠷ ᠬᠠᠷᠢᠴᠠᠯ᠎ᠳᠤ ᠪᠣᠬᠢᠷᠲᠤᠯ ᠦᠭᠡᠢ ᠴᠠᠬᠢᠯᠭ᠋ᠠᠨ᠎ᠢ ᠬᠡᠷᠡᠭᠯᠡᠬᠦ᠂ ᠡᠨᠧᠷᠭᠢ ᠶᠡᠭᠡ ᠠᠴᠢᠶᠠᠯᠠᠬᠤ ᠳᠠᠭ᠋ᠠᠭ᠋ᠠᠴᠠ᠎ᠲᠠᠢ ᠬᠠᠳᠠᠭ᠋ᠠᠯᠠᠯᠲᠠ ᠵᠢ ᠪᠣᠬᠢᠷᠲᠤᠯ ᠦᠭᠡᠢ ᠴᠠᠬᠢᠯᠭ᠋ᠠᠨ ᠵᠶ᠋ᠠᠷ ᠣᠷᠣᠯᠠᠭᠤᠯᠬᠤ ᠵᠢ ᠠᠬᠢᠭᠤᠯᠤᠨ᠎ᠠ᠃
ᠵᠢᠷᠭᠤᠭ᠎ᠠ᠂ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠢ ᠥᠨᠳᠥᠷ ᠬᠢᠷᠢ ᠲᠦᠪᠰᠢᠨ ᠵᠶ᠋ᠠᠷ ᠪᠦᠲᠦᠭᠡᠨ ᠪᠠᠶ᠋ᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠰᠢᠨ᠎ᠡ ᠬᠡᠯᠪᠡᠷᠢ ᠵᠢᠨ ᠡᠨᠧᠷᠭᠢ ᠵᠢᠨ ᠲᠣᠭᠲᠠᠯᠴᠠᠭ᠎ᠠ ᠵᠢ ᠲᠦᠷᠭᠡᠳᠬᠡᠨ ᠪᠠᠶ᠋ᠢᠭᠤᠯᠤᠨ᠎ᠠ
ᠤᠯᠤᠰ᠎ᠤᠨ ᠡᠨᠧᠷᠭᠢ ᠵᠢᠨ ᠡᠬᠢ ᠪᠠᠶᠠᠯᠢᠭ᠎ᠤᠨ ᠠᠮᠤᠷ ᠲᠦᠪᠰᠢᠨ᠎ᠢ ᠪᠠᠲᠤᠯᠠᠬᠤ ᠴᠢᠬᠤᠯᠠ ᠡᠭᠦᠷᠭᠡ ᠵᠢ ᠯᠠᠪᠳᠠᠭᠤᠨ ᠡᠭᠦᠷᠬᠡᠯᠡᠵᠦ᠂ ᠣᠳᠣ ᠦᠶ᠎ᠡ ᠵᠢᠨ ᠡᠨᠧᠷᠭᠢ ᠵᠢᠨ ᠠᠵᠤ ᠠᠬᠤᠢ ᠵᠢ ᠪᠥᠬᠦ ᠬᠦᠴᠦᠨ ᠵᠶ᠋ᠠᠷ ᠰᠠᠶ᠋ᠢᠲᠤᠷ ᠬᠥᠭᠵᠢᠭᠦᠯᠦᠨ᠂ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠢ ᠨᠡᠭᠡᠭᠡᠨ ᠠᠰᠢᠬᠯᠠᠬᠤ᠎ᠪᠠᠨ ᠴᠢᠩᠭ᠋ᠠᠳᠬᠠᠵᠤ᠂ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠭᠠᠵᠠᠷ᠎ᠢ ᠬᠦᠴᠦᠨ ᠲᠡᠭᠦᠯᠳᠡᠷ ᠪᠦᠲᠦᠭᠡᠨ ᠪᠠᠶ᠋ᠢᠭᠤᠯᠤᠨ᠎ᠠ᠃
(ᠨᠢᠭᠡ) ᠰᠢᠨ᠎ᠡ ᠡᠨᠧᠷᠭᠢ ᠵᠢᠨ ᠪᠥᠬᠦ ᠠᠵᠤ ᠦᠢ᠍ᠯᠡᠰ᠎ᠤᠨ ᠬᠡᠯᠬᠢᠶᠡᠨ᠎ᠤ ᠬᠥᠭᠵᠢᠯᠲᠡ ᠵᠢ ᠠᠬᠢᠭᠤᠯᠤᠨ᠎ᠠ᠃ 700 ᠲᠦᠮᠡᠨ ᠺᠢᠯᠣᠸᠠᠲ᠎ᠤᠨ ᠬᠤᠰᠢᠭᠤᠴᠢ ᠢᠨᠵᠧᠨᠧᠷᠢᠩ᠎ᠢ ᠪᠠᠷᠢᠯᠭ᠎ᠠ ᠡᠬᠢᠯᠡᠭᠦᠯᠦᠨ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢ 4000 ᠲᠦᠮᠡᠨ ᠺᠢᠯᠣᠸᠠᠲ᠎ᠠᠴᠠ ᠳᠡᠭᠡᠭᠰᠢ ᠰᠢᠨ᠎ᠡ᠎ᠪᠠᠷ ᠨᠡᠮᠡᠭᠳᠡᠭᠦᠯᠵᠦ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠶᠡᠷᠦᠩᠬᠡᠢ ᠬᠡᠪᠴᠢᠶ᠎ᠡ ᠵᠢ 1.37 ᠳ᠋ᠦ᠍ᠢ᠍ᠩᠰᠢᠭᠤᠷ ᠺᠢᠯᠣᠸᠠᠲ᠎ᠠᠴᠠ ᠳᠠᠪᠠᠭᠤᠯᠬᠤ᠎ᠪᠠᠷ ᠴᠢᠷᠮᠠᠶ᠋ᠢᠨ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ ᠵᠢ ᠢᠯᠴᠢ ᠵᠢᠨ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠬᠡᠪᠴᠢᠶ᠎ᠡ᠎ᠠᠴᠠ ᠳᠠᠪᠠᠭᠤᠯᠬᠤ ᠵᠢ ᠵᠢᠯ ᠤᠷᠢᠳᠴᠢᠯᠠᠨ ᠪᠡᠶᠡᠯᠡᠭᠦᠯᠦᠨ᠎ᠡ᠃ ᠰᠢᠨ᠎ᠡ ᠡᠨᠧᠷᠭᠢ ᠵᠢ ᠲᠤᠬᠠᠢ ᠵᠢᠨ ᠭᠠᠵᠠᠷ᠎ᠲᠤ᠎ᠪᠠᠨ ᠪᠠᠭᠲᠠᠭ᠋ᠠᠨ ᠰᠢᠩᠭᠡᠭᠡᠬᠦ ᠵᠢ ᠶᠡᠭᠡ᠎ᠪᠠᠷ ᠠᠬᠢᠭᠤᠯᠤᠨ᠂ 《ᠰᠢᠨ᠎ᠡ ᠡᠨᠧᠷᠭᠢ +》 ᠵᠠᠬ᠎ᠠ ᠳᠡᠯᠬᠡᠭᠦᠷᠴᠢᠯᠡᠭᠰᠡᠨ ᠬᠡᠷᠡᠭᠯᠡᠭᠡᠨ᠎ᠤ ᠪᠠᠶ᠋ᠢᠳᠠᠯ᠎ᠢ ᠨᠡᠩ ᠣᠯᠠᠨ ᠰᠤᠳᠤᠯᠤᠨ ᠭᠠᠷᠭ᠋ᠠᠵᠤ᠂ ᠰᠢᠨ᠎ᠡ ᠡᠨᠧᠷᠭᠢ ᠵᠢ ᠪᠠᠭᠲᠠᠭ᠋ᠠᠨ ᠰᠢᠩᠭᠡᠭᠡᠬᠦ ᠶᠡᠷᠦᠩᠬᠡᠢ ᠬᠡᠮᠵᠢᠶ᠎ᠡ ᠪᠠ ᠬᠠᠷᠢᠴᠠᠯ᠎ᠤᠨ 《ᠬᠤᠣᠰ ᠳᠡᠭᠡᠭᠰᠢᠯᠡᠯᠲᠡ》 ᠵᠢ ᠪᠡᠶᠡᠯᠡᠭᠦᠯᠦᠨ᠎ᠡ᠃ ᠤᠯᠤᠰ᠎ᠤᠨ ᠰᠢᠨ᠎ᠡ ᠡᠨᠧᠷᠭᠢ ᠵᠢᠨ ᠲᠣᠨᠤᠭ ᠲᠥᠬᠦᠭᠡᠷᠦᠮᠵᠢ ᠦᠢ᠍ᠯᠡᠳᠬᠦ ᠰᠠᠭᠤᠷᠢᠨ ᠭᠠᠵᠠᠷ᠎ᠢ ᠴᠣᠭᠴᠠᠯᠠᠵᠤ᠂ ᠰᠢᠨ᠎ᠡ ᠡᠨᠧᠷᠭᠢ ᠵᠢᠨ ᠠᠵᠢᠯᠯᠠᠭᠤᠯᠵᠤ ᠬᠠᠮᠠᠭ᠋ᠠᠯᠠᠬᠤ ᠦᠢ᠍ᠯᠡᠴᠢᠯᠡᠭᠡᠨ᠎ᠤ ᠦᠢ᠍ᠯᠡᠰ᠎ᠢ ᠬᠥᠭᠵᠢᠭᠦᠯᠦᠨ᠎ᠡ᠃ ᠨᠡᠭᠦᠷᠡᠰᠦ ᠵᠢ ᠴᠡᠪᠡᠷ ᠪᠥᠭᠡᠳ ᠥᠨᠳᠥᠷ ᠪᠦᠲᠦᠮᠵᠢᠲᠡᠢ ᠠᠰᠢᠬᠯᠠᠬᠤ ᠵᠢ ᠠᠬᠢᠭᠤᠯᠤᠨ᠂ ᠨᠡᠭᠦᠷᠡᠰᠦ᠎ᠪᠠᠷ ᠳᠡᠭᠡᠳᠦ ᠳᠡᠰ᠎ᠤᠨ ᠬᠢᠮᠢ ᠵᠢᠨ ᠦᠢ᠍ᠯᠡᠳᠭᠦᠨ ᠦᠢ᠍ᠯᠡᠳᠬᠦ᠂ ᠨᠡᠭᠦᠷᠡᠰᠦ᠎ᠪᠠᠷ ᠳᠡᠭᠡᠳᠦ ᠳᠡᠰ᠎ᠤᠨ ᠨᠡᠭᠦᠷᠡᠰᠦᠨ᠎ᠤ ᠮᠠᠲ᠋ᠧᠷᠢᠶᠠᠯ ᠦᠢ᠍ᠯᠡᠳᠬᠦ ᠵᠡᠷᠭᠡ ᠮᠡᠷᠭᠡᠵᠢᠯ᠎ᠳᠤ ᠰᠢᠪᠲᠤᠯᠤᠯᠲᠠ ᠭᠠᠷᠭ᠋ᠠᠬᠤ ᠵᠢ ᠠᠬᠢᠭᠤᠯᠵᠤ᠂ ᠨᠡᠭᠦᠷᠡᠰᠦ᠎ᠪᠠᠷ ᠲᠣᠰᠣ ᠦᠢ᠍ᠯᠡᠳᠬᠦ ᠭᠠᠷᠤᠯᠲᠠ ᠵᠢ 110 ᠲᠦᠮᠡᠨ ᠲᠣᠨ ᠣᠷᠴᠢᠮ᠎ᠳᠤ ᠲᠣᠭᠲᠠᠪᠤᠷᠢᠵᠢᠭᠤᠯᠤᠨ᠂ ᠨᠡᠭᠦᠷᠡᠰᠦ᠎ᠪᠠᠷ ᠬᠡᠢ ᠦᠢ᠍ᠯᠡᠳᠬᠦ ᠭᠠᠷᠤᠯᠲᠠ ᠵᠢ 33 ᠳ᠋ᠦᠩᠰᠢᠭᠤᠷ ᠺᠦᠪ ᠮᠧᠲᠷ᠎ᠠᠴᠠ ᠳᠡᠭᠡᠭᠰᠢ᠎ᠳᠤ ᠬᠦᠷᠦᠭᠦᠯᠦᠨ᠎ᠡ᠃
(ᠬᠤᠶᠠᠷ) ᠡᠨᠧᠷᠭᠢ ᠵᠢᠨ ᠠᠮᠤᠷ ᠲᠦᠪᠰᠢᠨ᠎ᠤ ᠪᠠᠲᠤᠯᠠᠭ᠎ᠠ ᠵᠢᠨ ᠴᠢᠳᠠᠪᠤᠷᠢ ᠵᠢ ᠳᠡᠭᠡᠭᠰᠢᠯᠡᠭᠦᠯᠦᠨ᠎ᠡ᠃ ᠨᠡᠭᠦᠷᠡᠰᠦ ᠦᠢ᠍ᠯᠡᠳᠪᠦᠷᠢᠯᠡᠬᠦ ᠴᠢᠳᠠᠪᠤᠷᠢ ᠵᠢ ᠶᠡᠷᠦᠩᠬᠡᠢ᠎ᠳᠤ᠎ᠪᠠᠨ ᠲᠣᠭᠲᠠᠪᠤᠷᠢᠲᠠᠢ ᠪᠠᠶ᠋ᠢᠯᠭ᠋ᠠᠵᠤ᠂ ᠨᠡᠭᠦᠷᠡᠰᠦᠨ ᠠᠭᠤᠷᠬᠠᠢ ᠵᠢᠨ ᠣᠶᠤᠨᠴᠢᠯᠠᠭᠰᠠᠨ ᠥᠭᠡᠷᠡᠴᠢᠯᠡᠯᠲᠡ ᠵᠢ ᠲᠦᠷᠭᠡᠳᠭᠡᠨ᠂ ᠲᠣᠰᠣ ᠬᠡᠢ ᠵᠢᠨ ᠡᠬᠢ ᠪᠠᠶᠠᠯᠢᠭ᠎ᠢ ᠬᠠᠶ᠋ᠢᠨ ᠰᠢᠨᠵᠢᠵᠦ ᠨᠡᠭᠡᠭᠡᠬᠦ ᠪᠠ ᠨᠡᠮᠡᠵᠦ ᠨᠦᠬᠡᠴᠡᠯᠡᠨ ᠭᠠᠷᠤᠯᠲᠠ ᠵᠢ᠎ᠨᠢ ᠨᠡᠮᠡᠭᠳᠡᠭᠦᠯᠬᠦ ᠡᠷᠴᠢᠮ᠎ᠢ ᠴᠢᠩᠭ᠋ᠠᠷᠠᠭᠤᠯᠵᠤ᠂ ᠨᠡᠭᠦᠷᠡᠰᠦᠨ᠎ᠤ ᠭᠠᠷᠤᠯᠲᠠ ᠵᠢ 12 ᠳ᠋ᠦᠩᠰᠢᠭᠤᠷ ᠲᠣᠨ ᠣᠷᠴᠢᠮ᠎ᠳᠤ ᠲᠣᠭᠲᠠᠪᠤᠷᠢᠵᠢᠭᠤᠯᠬᠤ᠂ ᠲᠦᠭᠦᠬᠡᠢ ᠴᠢᠯᠠᠭᠤᠨ ᠲᠣᠰᠣᠨ᠎ᠤ ᠭᠠᠷᠤᠯᠲᠠ ᠵᠢ 300 ᠲᠦᠮᠡᠨ ᠲᠣᠨ᠎ᠠᠴᠠ ᠳᠡᠭᠡᠭᠰᠢ᠎ᠳᠤ ᠬᠦᠷᠦᠭᠦᠯᠬᠦ᠂ ᠪᠠᠶ᠋ᠢᠭ᠋ᠠᠯᠢ ᠵᠢᠨ ᠰᠢᠲᠠᠮᠠᠬᠠᠢ ᠬᠡᠢ ᠵᠢᠨ ᠭᠠᠷᠤᠯᠲᠠ ᠵᠢ 310 ᠳ᠋ᠦᠩᠰᠢᠭᠤᠷ ᠺᠦᠪ ᠮᠧᠲᠷ ᠣᠷᠴᠢᠮ᠎ᠳᠤ ᠲᠣᠭᠲᠠᠪᠤᠷᠢᠵᠢᠭᠤᠯᠬᠤ᠎ᠪᠠᠷ ᠬᠦᠴᠦᠯᠡᠨ ᠴᠢᠷᠮᠠᠶ᠋ᠢᠨ᠎ᠠ᠃ ᠨᠢᠭᠡᠨᠲᠡ ᠬᠠᠷᠭᠤᠭᠤᠯᠤᠨ ᠵᠥᠪᠰᠢᠶᠡᠷᠡᠭᠦᠯᠦᠭᠰᠡᠨ ᠨᠡᠭᠦᠷᠡᠰᠦ᠎ᠪᠠᠷ ᠴᠠᠬᠢᠯᠭ᠋ᠠᠨ ᠭᠠᠷᠭ᠋ᠠᠬᠤ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠂ ᠴᠠᠬᠢᠯᠭ᠋ᠠᠨ ᠬᠦᠴᠦᠨ᠎ᠤ ᠬᠠᠩᠭ᠋ᠠᠯᠭ᠎ᠠ ᠵᠢᠨ ᠠᠮᠤᠷ ᠲᠦᠪᠰᠢᠨ᠎ᠢ ᠪᠠᠲᠤᠯᠠᠬᠤ ᠪᠠ ᠰᠢᠨ᠎ᠡ ᠡᠨᠧᠷᠭᠢ ᠵᠢᠨ ᠪᠠᠭᠲᠠᠭ᠋ᠠᠨ ᠰᠢᠩᠭᠡᠭᠡᠬᠦ ᠵᠢ ᠠᠬᠢᠭᠤᠯᠬᠤ ᠨᠢᠭᠡ ᠪᠦᠯᠦᠭ ᠨᠡᠭᠦᠷᠡᠰᠦ᠎ᠪᠠᠷ ᠴᠠᠬᠢᠯᠭ᠋ᠠᠨ ᠭᠠᠷᠭ᠋ᠠᠬᠤ ᠲᠥᠷᠥᠯ ᠵᠦᠢ᠍ᠯ᠎ᠢ ᠰᠢᠨ᠎ᠡ᠎ᠪᠠᠷ ᠪᠠᠶ᠋ᠢᠷᠢᠰᠢᠭᠤᠯᠵᠤ᠂ ᠥᠪᠥᠷ ᠮᠣᠩᠭᠤᠯ᠎ᠤᠨ ᠪᠠᠷᠠᠭᠤᠨ ᠬᠡᠰᠡᠭ᠎ᠤᠨ 《ᠳᠥᠷᠪᠡᠨ ᠬᠥᠨᠳᠡᠯᠡᠨ ᠲᠠᠪᠤᠨ ᠭᠤᠯᠳᠤ》᠂ ᠥᠪᠥᠷ ᠮᠣᠩᠭᠤᠯ᠎ᠤᠨ ᠵᠡᠭᠦᠨ ᠬᠡᠰᠡᠭ᠎ᠤᠨ 《ᠬᠤᠶᠠᠷ ᠭᠤᠯᠳᠤ ᠨᠠᠢ᠍ᠮᠠᠨ ᠬᠥᠨᠳᠡᠯᠡᠨ》 ᠴᠠᠬᠢᠯᠭ᠋ᠠᠨ ᠬᠦᠴᠦᠨ᠎ᠤ ᠲᠣᠣᠷ᠎ᠤᠨ ᠭᠤᠣᠯ ᠪᠣᠯᠬᠤ ᠲᠣᠣᠷᠯᠢᠭ ᠪᠦᠲᠦᠴᠡ ᠵᠢ ᠲᠦᠷᠭᠡᠳᠬᠡᠨ ᠪᠠᠶ᠋ᠢᠭᠤᠯᠵᠤ᠂ ᠪᠠᠲᠤ ᠪᠠᠬᠢ ᠪᠥᠭᠡᠳ ᠤᠶᠠᠬᠠᠨ ᠴᠠᠬᠢᠯᠭ᠋ᠠᠨ ᠬᠦᠴᠦᠨ᠎ᠤ ᠲᠣᠣᠷ᠂ ᠰᠢᠨ᠎ᠡ ᠡᠨᠧᠷᠭᠢ ᠵᠢ ᠭᠠᠳᠠᠭᠰᠢ ᠬᠦᠷᠭᠡᠬᠦ ᠨᠡᠪᠲᠡᠷᠡᠯ ᠵᠠᠮ᠂ ᠪᠣᠬᠢᠷᠲᠤᠯ ᠦᠭᠡᠢ ᠴᠠᠬᠢᠯᠭ᠋ᠠᠨ᠎ᠢ ᠪᠠᠭᠲᠠᠭ᠋ᠠᠨ ᠰᠢᠩᠭᠡᠭᠡᠬᠦ ᠲᠤᠰᠬᠠᠢ ᠱᠤᠭᠤᠮ᠂ ᠡᠨᠧᠷᠭᠢ ᠨᠦᠬᠡᠴᠡᠯᠡᠬᠦ ᠵᠢᠱ᠌ᠢᠶ᠎ᠡ ᠦᠵᠡᠭᠦᠯᠬᠦ ᠲᠥᠷᠥᠯ ᠵᠦᠢ᠍ᠯ ᠵᠡᠷᠭᠡ ᠴᠢᠩᠭ᠋ᠠᠳᠬᠠᠨ ᠪᠠᠶ᠋ᠢᠭᠤᠯᠬᠤ ᠲᠠᠯ᠎ᠠ᠎ᠪᠠᠷ ᠰᠢᠪᠲᠤᠯᠤᠯᠲᠠ ᠭᠠᠷᠭ᠋ᠠᠬᠤ᠎ᠪᠠᠷ ᠴᠢᠷᠮᠠᠶ᠋ᠢᠨ᠂ ᠴᠠᠬᠢᠯᠭ᠋ᠠᠨ ᠬᠦᠴᠦᠨ᠎ᠤ ᠮᠠᠰᠢᠨ ᠴᠣᠭᠴᠠᠯᠠᠪᠤᠷᠢ ᠵᠢᠨ ᠬᠡᠪᠴᠢᠶ᠎ᠡ 2.5 ᠳ᠋ᠦᠩᠰᠢᠭᠤᠷ ᠺᠢᠯᠣᠸᠠᠲ᠎ᠢ ᠰᠢᠪᠲᠤᠯᠵᠤ᠂ ᠴᠠᠬᠢᠯᠭ᠋ᠠᠨ ᠭᠠᠷᠭ᠋ᠠᠬᠤ ᠬᠡᠮᠵᠢᠶ᠎ᠡ 7740 ᠳ᠋ᠦᠩᠰᠢᠭᠤᠷ ᠺᠢᠯᠣᠸᠠᠲ ᠴᠠᠭ᠎ᠲᠤ ᠬᠦᠷᠭᠡᠵᠦ᠂ ᠭᠠᠳᠠᠭᠰᠢ ᠴᠠᠬᠢᠯᠭ᠋ᠠᠨ ᠳᠠᠮᠵᠢᠭᠤᠯᠬᠤ ᠬᠡᠮᠵᠢᠶ᠎ᠡ ᠵᠢ 3180 ᠺᠢᠯᠣᠸᠠᠲ ᠴᠠᠭ᠎ᠲᠤ ᠬᠦᠷᠦᠭᠦᠯᠬᠦ᠎ᠪᠠᠷ ᠬᠦᠴᠦᠯᠡᠨ ᠴᠢᠷᠮᠠᠶ᠋ᠢᠨᠡ᠃
(ᠭᠤᠷᠪᠠ) ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠢ ᠨᠡᠭᠡᠭᠡᠨ ᠠᠰᠢᠬᠯᠠᠬᠤ ᠵᠢ ᠴᠢᠩᠭ᠋ᠠᠳᠬᠠᠨ᠎ᠠ᠃ ᠰᠢᠨ᠎ᠡ ᠨᠢᠭᠡᠨ ᠡᠭᠡᠯᠵᠢ ᠵᠢᠨ ᠠᠭᠤᠷᠬᠠᠢ ᠬᠠᠶ᠋ᠢᠬᠤ ᠲᠠᠯ᠎ᠠ᠎ᠪᠠᠷ ᠰᠢᠪᠲᠤᠯᠤᠯᠲᠠ᠎ᠲᠠᠢ ᠪᠣᠯᠬᠤ ᠪᠠᠶ᠋ᠢᠯᠳᠤᠬᠤ ᠪᠣᠳᠣᠯᠭ᠎ᠠ ᠵᠢᠨ ᠠᠵᠢᠯᠯᠠᠭ᠋ᠠᠨ᠎ᠢ ᠪᠥᠬᠦ ᠲᠠᠯ᠎ᠠ᠎ᠪᠠᠷ ᠥᠷᠨᠢᠭᠦᠯᠦᠨ᠂ ᠠᠭᠤᠷᠬᠠᠢ ᠵᠢᠨ ᠦᠢ᠍ᠯᠡᠰ᠎ᠤᠨ ᠡᠷᠬᠡ ᠵᠢ ᠵᠠᠬ᠎ᠠ ᠳᠡᠯᠭᠡᠭᠦᠷᠴᠢᠯᠡᠨ ᠲᠦᠯᠦᠪᠦᠷᠢᠲᠡᠢ ᠰᠢᠯᠵᠢᠭᠦᠯᠬᠦ ᠵᠢ ᠠᠬᠢᠭᠤᠯᠤᠨ᠎ᠠ᠃ ᠬᠤᠪᠣᠷ ᠰᠢᠷᠣᠢ ᠵᠡᠷᠭᠡ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠢ ᠬᠠᠮᠠᠭ᠋ᠠᠯᠠᠬᠤ ᠴᠢᠨᠠᠷᠲᠠᠢ᠎ᠪᠠᠷ ᠨᠡᠭᠡᠭᠡᠬᠦ᠂ ᠴᠢᠨᠠᠷᠵᠢᠭᠤᠨ ᠠᠰᠢᠬᠯᠠᠬᠤ᠂ ᠵᠢᠷᠤᠮᠵᠢᠭᠤᠨ ᠬᠠᠮᠢᠶᠠᠷᠬᠤ᠎ᠪᠠᠨ ᠴᠢᠩᠭ᠋ᠠᠳᠬᠠᠵᠤ᠂ ᠪᠥᠬᠦ ᠤᠯᠤᠰ᠎ᠤᠨ ᠬᠠᠮᠤᠭ᠎ᠤᠨ ᠶᠡᠭᠡ ᠬᠤᠪᠣᠷ ᠰᠢᠷᠣᠢ ᠵᠢᠨ ᠰᠢᠨ᠎ᠡ ᠮᠠᠲ᠋ᠧᠷᠢᠶᠠᠯ᠎ᠤᠨ ᠰᠠᠭᠤᠷᠢᠨ ᠭᠠᠵᠠᠷ ᠪᠠ ᠪᠥᠬᠦ ᠪᠥᠮᠪᠥᠷᠴᠡᠭ᠎ᠲᠤ ᠲᠡᠷᠢᠭᠦᠯᠡᠭᠰᠡᠨ ᠬᠤᠪᠣᠷ ᠰᠢᠷᠣᠢ ᠵᠢᠨ ᠬᠡᠷᠡᠭᠯᠡᠭᠡᠨ᠎ᠤ ᠰᠠᠭᠤᠷᠢᠨ ᠭᠠᠵᠠᠷ᠎ᠢ ᠲᠦᠷᠭᠡᠳᠭᠡᠨ ᠪᠦᠲᠦᠭᠡᠨ ᠪᠠᠶ᠋ᠢᠭᠤᠯᠵᠤ᠂ ᠪᠠᠶᠠᠬᠤᠪᠤᠭ᠎ᠠ ᠠᠭᠤᠷᠬᠠᠢ ᠵᠢᠨ ᠰᠢᠰᠲ᠋ᠧᠮ᠎ᠤᠨ ᠴᠢᠨᠠᠷᠲᠠᠢ ᠬᠠᠶ᠋ᠢᠨ ᠰᠢᠨᠵᠢᠯᠲᠡ ᠵᠢ ᠰᠠᠶ᠋ᠢᠲᠤᠷ ᠬᠢᠵᠦ᠂ ᠪᠠᠶ᠋ᠢᠩᠭᠤ ᠰᠣᠷᠢᠨᠵᠢᠨ ᠮᠠᠲ᠋ᠧᠷᠢᠶᠠᠯ ᠵᠶ᠋ᠠᠷ ᠬᠥᠲᠥᠴᠢ ᠪᠣᠯᠭ᠋ᠠᠭᠰᠠᠨ ᠬᠤᠪᠣᠷ ᠰᠢᠷᠣᠢ ᠵᠢᠨ ᠰᠢᠨ᠎ᠡ ᠮᠠᠲ᠋ᠧᠷᠢᠶᠠᠯ᠎ᠤᠨ ᠠᠵᠤ ᠦᠢ᠍ᠯᠡᠰ ᠪᠠ ᠬᠤᠪᠣᠷ ᠰᠢᠷᠣᠢ ᠵᠢᠨ ᠪᠠᠶ᠋ᠢᠩᠭᠤ ᠰᠣᠷᠢᠨᠵᠢᠨ ᠴᠠᠬᠢᠯᠭ᠋ᠠᠨ ᠮᠠᠰᠢᠨ ᠵᠶ᠋ᠠᠷ ᠭᠤᠣᠯᠯᠠᠭᠤᠯᠤᠭᠰᠠᠨ ᠬᠤᠪᠣᠷ ᠰᠢᠷᠣᠢ ᠵᠢᠨ ᠦᠵᠦᠭᠦᠷ ᠬᠡᠷᠡᠭᠯᠡᠭᠡᠨ᠎ᠤ ᠠᠵᠤ ᠦᠢ᠍ᠯᠡᠰ᠎ᠤᠨ ᠬᠥᠭᠵᠢᠯᠲᠡ ᠵᠢ ᠠᠬᠢᠭᠤᠯᠤᠨ᠂ 《ᠬᠤᠪᠣᠷ ᠰᠢᠷᠣᠢ +》 ᠬᠡᠷᠡᠭᠯᠡᠭᠡᠨ᠎ᠤ ᠬᠦᠷᠢᠶ᠎ᠡ ᠵᠢ ᠥᠷᠭᠡᠳᠭᠡᠵᠦ᠂ ᠪᠥᠬᠦ ᠤᠯᠤᠰ᠎ᠤᠨ ᠨᠢᠭᠡᠳᠦᠯᠲᠡᠢ ᠬᠤᠪᠣᠷ ᠰᠢᠷᠣᠢ ᠵᠢᠨ ᠠᠷᠠᠯᠵᠢᠶᠠᠨ᠎ᠤ ᠲᠠᠪᠴᠠᠩ᠎ᠢ ᠪᠠᠶ᠋ᠢᠭᠤᠯᠤᠨ᠎ᠠ᠃
ᠳᠣᠯᠤᠭ᠎ᠠ᠂ ᠤᠯᠤᠰ᠎ᠤᠨ ᠴᠢᠬᠤᠯᠠ ᠲᠠᠷᠢᠶᠠᠯᠠᠩ᠎ᠤᠨ ᠪᠦᠲᠦᠭᠡᠭᠳᠡᠭᠦᠨ ᠮᠠᠯ᠎ᠤᠨ ᠠᠰᠢᠭ ᠰᠢᠮ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠴᠢᠨᠠᠷ ᠰᠠᠶ᠋ᠢᠲᠠᠢ ᠪᠦᠲᠦᠭᠡᠨ ᠪᠠᠶ᠋ᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠲᠠᠷᠢᠶᠠᠯᠠᠩ ᠮᠠᠯ ᠠᠵᠤ ᠠᠬᠤᠢ ᠵᠢᠨ ᠣᠳᠣᠬᠢᠴᠢᠯᠠᠯᠲᠠ ᠵᠢ ᠲᠦᠷᠭᠡᠳᠬᠡᠨ ᠠᠬᠢᠭᠤᠯᠤᠨ᠎ᠠ
ᠶᠡᠭᠡ ᠲᠠᠷᠢᠶᠠᠯᠠᠩ᠎ᠤᠨ ᠦᠵᠡᠯᠲᠡ᠂ ᠶᠡᠭᠡ ᠢᠳᠡᠭᠡᠨ᠎ᠤ ᠦᠵᠡᠯᠲᠡ ᠵᠢ ᠪᠣᠢ ᠪᠣᠯᠭ᠋ᠠᠨ᠂ ᠴᠢᠬᠤᠯᠠ ᠲᠠᠷᠢᠶᠠᠯᠠᠩ᠎ᠤᠨ ᠪᠦᠲᠦᠭᠡᠭᠳᠡᠭᠦᠨ ᠮᠠᠯ᠎ᠤᠨ ᠠᠰᠢᠭ ᠰᠢᠮ᠎ᠡ ᠵᠢᠨ ᠲᠣᠭᠲᠠᠭᠤᠨ ᠠᠮᠤᠷ ᠲᠦᠪᠰᠢᠨ ᠴᠢᠨᠠᠷ ᠰᠠᠶ᠋ᠢᠲᠠᠢ ᠬᠠᠩᠭ᠋ᠠᠯᠭ᠎ᠠ ᠵᠢ ᠦᠨᠡᠨ ᠬᠦ᠌ ᠪᠠᠲᠤᠯᠠᠵᠤ᠂ ᠲᠠᠷᠢᠶᠠᠯᠠᠩ᠎ᠤᠨ ᠪᠦᠲᠦᠭᠡᠭᠳᠡᠭᠦᠨ ᠮᠠᠯ᠎ᠤᠨ ᠠᠰᠢᠭ ᠰᠢᠮ᠎ᠡ ᠵᠢᠨ ᠦᠢ᠍ᠯᠡᠳᠪᠦᠷᠢᠯᠡᠯ᠎ᠤᠨ ᠰᠠᠭᠤᠷᠢᠨ ᠭᠠᠵᠠᠷ᠎ᠢ ᠭᠠᠷᠤᠯᠲᠠ ᠶᠡᠬᠡᠲᠡᠢ ᠴᠢᠨᠠᠷ ᠰᠠᠶ᠋ᠢᠲᠠᠢ ᠪᠣᠯᠭ᠋ᠠᠨ ᠪᠦᠲᠦᠭᠡᠨ ᠪᠠᠶ᠋ᠢᠭᠤᠯᠤᠨ᠎ᠠ᠃ 《ᠮᠢᠩᠭ᠎ᠠ ᠲᠦᠮᠡ ᠵᠢᠨ ᠢᠨᠵᠧᠨᠧᠷᠢᠩ》᠎ᠤᠨ ᠲᠤᠷᠰᠢᠯᠭ᠎ᠠ ᠵᠢ ᠠᠰᠢᠬᠯᠠᠨ᠂ ᠬᠥᠳᠡᠭᠡ ᠲᠣᠰᠬᠤᠨ᠎ᠢ ᠪᠥᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠵᠤ᠂ ᠲᠠᠷᠢᠶᠠᠴᠢᠨ ᠮᠠᠯᠴᠢᠳ᠎ᠤᠨ ᠣᠷᠣᠯᠭ᠎ᠠ ᠵᠢ ᠴᠢᠷᠮᠠᠶ᠋ᠢᠨ ᠨᠡᠮᠡᠭᠳᠡᠭᠦᠯᠦᠨ᠎ᠡ᠃
(ᠨᠢᠭᠡ) 《ᠠᠮᠤ ᠪᠤᠳᠠᠭ᠎ᠠ᠂ ᠭᠠᠵᠠᠷ ᠰᠢᠷᠣᠢ᠂ ᠤᠰᠤ》 ᠵᠢᠨ ᠡᠯ᠎ᠡ ᠵᠦᠢ᠍ᠯ᠎ᠤᠨ ᠠᠵᠢᠯ᠎ᠢ ᠪᠥᠬᠦ ᠲᠠᠯ᠎ᠠ᠎ᠪᠠᠷ ᠰᠠᠶ᠋ᠢᠲᠤᠷ ᠬᠢᠨ᠎ᠡ᠃ ᠠᠮᠤ ᠪᠤᠳᠠᠭ᠎ᠠ᠂ ᠰᠢᠷ᠎ᠠ ᠪᠤᠷᠴᠠᠭ ᠲᠠᠷᠢᠬᠤ ᠲᠠᠯᠠᠪᠠᠢ ᠵᠢ ᠲᠣᠭᠲᠠᠪᠤᠷᠢᠵᠢᠭᠤᠯᠵᠤ᠂ ᠠᠮᠤ ᠪᠤᠳᠠᠭ᠎ᠠ ᠢᠳᠡᠰᠢᠨ ᠲᠣᠰᠣ ᠵᠡᠷᠭᠡ ᠭᠤᠣᠯ ᠪᠣᠯᠬᠤ ᠲᠠᠷᠢᠮᠠᠯ᠎ᠢ ᠶᠡᠭᠡ ᠲᠠᠯᠠᠪᠠᠢ᠎ᠪᠠᠷ ᠨᠢᠭᠡᠴᠢ ᠤᠨᠠᠯᠲᠠ ᠵᠢ᠎ᠨᠢ ᠳᠡᠭᠡᠭᠰᠢᠯᠡᠭᠦᠯᠬᠦ ᠵᠢ ᠠᠬᠢᠭᠤᠯᠤᠨ᠂ ᠬᠤᠶᠠᠳᠤᠭ᠋ᠠᠷ ᠡᠭᠡᠯᠵᠢ ᠵᠢᠨ ᠭᠠᠵᠠᠷ ᠰᠢᠷᠣᠢ ᠵᠢᠨ ᠳᠠᠭ᠋ᠠᠭ᠋ᠠᠴᠢᠯᠠᠯᠲᠠ ᠵᠢᠨ ᠬᠤᠭᠤᠴᠠᠭ᠎ᠠ ᠲᠤᠯᠤᠭᠰᠠᠨ᠎ᠤ ᠳᠠᠷᠠᠭ᠎ᠠ ᠳᠠᠬᠢᠭ᠋ᠠᠳ 30 ᠵᠢᠯ ᠤᠷᠲᠤᠳᠬᠠᠬᠤ ᠲᠤᠷᠰᠢᠯᠲᠠ ᠵᠢᠨ ᠴᠡᠭ᠂ ᠬᠤᠵᠢᠷᠯᠢᠬ ᠭᠠᠵᠠᠷ ᠵᠡᠷᠭᠡ ᠲᠠᠷᠢᠶᠠᠯᠠᠬᠤ ᠭᠠᠵᠠᠷ᠎ᠤᠨ ᠨᠦᠬᠡᠴᠡ ᠡᠬᠢ ᠪᠠᠶᠠᠯᠢᠭ᠎ᠢ ᠶᠡᠷᠦᠩᠬᠡᠶ᠋ᠢᠯᠡᠨ ᠠᠰᠢᠬᠯᠠᠬᠤ ᠪᠠ ᠰᠢᠨ᠎ᠡ᠎ᠪᠠᠷ ᠨᠡᠮᠡᠭᠳᠡᠭᠰᠡᠨ ᠲᠠᠷᠢᠶᠠᠯᠠᠬᠤ ᠭᠠᠵᠠᠷ᠎ᠢ ᠥᠨᠳᠥᠷ ᠪᠦᠲᠦᠮᠵᠢᠲᠡᠢ᠎ᠪᠠᠷ ᠠᠰᠢᠬᠯᠠᠬᠤ ᠲᠤᠷᠰᠢᠯᠲᠠ ᠵᠢᠨ ᠴᠡᠭ᠎ᠢ ᠥᠷᠨᠢᠭᠦᠯᠵᠦ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠢ 850 ᠲᠦᠮᠡᠨ ᠮᠦ᠍ ᠰᠢᠨ᠎ᠡ᠎ᠪᠠᠷ ᠪᠠᠶ᠋ᠢᠭᠤᠯᠤᠨ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠳᠠᠷᠠᠭ᠋ᠠᠴᠢ ᠵᠢᠨ ᠬᠤᠭᠤᠴᠠᠭ᠋ᠠᠨ᠎ᠤ ᠬᠠᠮᠢᠶᠠᠷᠤᠯᠲᠠ ᠬᠠᠮᠠᠭ᠋ᠠᠯᠠᠯᠲᠠ ᠵᠢ ᠴᠢᠩᠭ᠋ᠠᠳᠬᠠᠵᠤ᠂ ᠬᠠᠷ᠎ᠠ ᠬᠥᠷᠥᠰᠥᠲᠦ ᠭᠠᠵᠠᠷ ᠰᠢᠷᠣᠢ ᠵᠢ ᠬᠠᠮᠠᠭ᠋ᠠᠯᠠᠬᠤ ᠢᠨᠵᠧᠨᠧᠷᠢᠩ᠎ᠢ 900 ᠲᠦᠮᠡᠨ ᠮᠦ᠍ ᠬᠡᠷᠡᠭᠵᠢᠭᠦᠯᠦᠨ᠎ᠡ᠃ ᠥᠨᠳᠥᠷ ᠪᠦᠲᠦᠮᠵᠢᠲᠡᠢ ᠤᠰᠤ ᠠᠷᠪᠢᠯᠠᠬᠤ ᠤᠰᠤᠯᠠᠯᠲᠠ ᠵᠢᠨ ᠢᠨᠵᠧᠨᠧᠷᠢᠩ᠎ᠢ 200 ᠲᠦᠮᠡᠨ ᠮᠦ᠍ ᠰᠢᠨ᠎ᠡ᠎ᠪᠠᠷ ᠨᠡᠮᠡᠭᠳᠡᠭᠦᠯᠦᠨ᠂ ᠤᠰᠤ ᠠᠷᠪᠢᠯᠠᠬᠤ ᠴᠢᠳᠠᠪᠤᠷᠢ ᠵᠢ 2 ᠳ᠋ᠦᠩᠰᠢᠭᠤᠷ ᠺᠦᠪ ᠮᠧᠲᠷ ᠰᠢᠨ᠎ᠡ᠎ᠪᠠᠷ ᠨᠡᠮᠡᠭᠳᠡᠭᠦᠯᠵᠦ᠂ ᠪᠣᠷᠣᠲᠣᠬᠤᠢ ᠵᠢᠨ ᠤᠰᠤᠯᠠᠯᠲᠠ ᠵᠢᠨ ᠣᠷᠣᠨ᠎ᠤ ᠨᠠᠮᠤᠷ᠎ᠤᠨ ᠤᠰᠤᠯᠠᠯᠲᠠ ᠵᠢᠨ ᠬᠡᠮᠵᠢᠶ᠎ᠡ ᠵᠢ 10 ᠳ᠋ᠦᠩᠰᠢᠭᠤᠷ ᠺᠦᠪ ᠮᠧᠲᠷ᠎ᠤᠨ ᠳᠣᠲᠣᠷ᠎ᠠ ᠬᠢᠵᠠᠭ᠋ᠠᠷᠯᠠᠬᠤ ᠵᠢ ᠦᠨᠡᠨ ᠬᠦ᠌ ᠪᠠᠲᠤᠯᠠᠨ᠎ᠠ᠃ ᠪᠡᠯᠡᠳᠭᠡᠮᠵᠢᠲᠦ ᠲᠠᠷᠢᠶᠠᠯᠠᠩ᠎ᠢ ᠳᠡᠮᠵᠢᠬᠦ ᠠᠷᠭ᠎ᠠ ᠬᠡᠮᠵᠢᠶ᠎ᠡ᠎ᠨᠦᠭᠦᠳ᠎ᠢ ᠨᠡᠶ᠋ᠢᠲᠡᠯᠡᠨ᠂ ᠪᠡᠯᠡᠳᠭᠡᠮᠵᠢᠲᠦ ᠲᠠᠷᠢᠶᠠᠯᠠᠩ᠎ᠢ 24 ᠲᠦᠮᠡᠨ ᠮᠦ᠍ ᠰᠢᠨ᠎ᠡ᠎ᠪᠠᠷ ᠪᠠᠶ᠋ᠢᠭᠤᠯᠵᠤ᠂ 500 ᠮᠦ᠍᠎ᠠᠴᠠ ᠳᠡᠭᠡᠭᠰᠢᠬᠢ ᠪᠡᠯᠡᠳᠭᠡᠮᠵᠢᠲᠦ ᠲᠠᠷᠢᠶᠠᠯᠠᠩ᠎ᠤᠨ ᠪᠠᠷᠢᠮᠵᠢᠶᠠᠵᠢᠭᠤᠯᠤᠭᠰᠠᠨ ᠬᠦᠷᠢᠶᠡᠯᠡᠩ ᠲᠣᠭᠤᠷᠢᠭ᠎ᠢ 11 ᠪᠠᠶ᠋ᠢᠭᠤᠯᠤᠨ᠎ᠠ᠃ ᠤᠯᠤᠰ᠎ᠤᠨ ᠣᠳᠣ ᠦᠶ᠎ᠡ ᠵᠢᠨ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ᠂ ᠬᠥᠳᠡᠭᠡ ᠲᠣᠰᠬᠤᠨ᠎ᠤ ᠠᠵᠤ ᠦᠢ᠍ᠯᠡᠰ᠎ᠢ ᠠᠭᠤᠰᠤᠯᠴᠠᠭᠤᠯᠤᠨ ᠬᠥᠭᠵᠢᠭᠦᠯᠬᠦ ᠬᠦᠷᠢᠶᠡᠯᠡᠩ ᠪᠠ ᠲᠠᠷᠢᠶᠠᠯᠠᠩ᠎ᠤᠨ ᠠᠵᠤ ᠦᠢ᠍ᠯᠡᠰ᠎ᠤᠨ ᠬᠦᠴᠦᠷᠬᠡᠭ ᠪᠠᠯᠭ᠋ᠠᠰᠤ ᠵᠢ ᠥᠨᠳᠥᠷ ᠪᠠᠷᠢᠮᠵᠢᠶ᠎ᠠ᠎ᠪᠠᠷ ᠪᠦᠲᠦᠭᠡᠨ ᠪᠠᠶ᠋ᠢᠭᠤᠯᠤᠨ᠂ ᠲᠠᠷᠢᠶᠠᠯᠠᠩ ᠮᠠᠯ ᠠᠵᠤ ᠠᠬᠤᠢ ᠵᠢᠨ ᠶᠡᠷᠦᠩᠬᠡᠶ᠋ᠢᠯᠡᠭᠰᠡᠨ ᠠᠵᠤ ᠦᠢ᠍ᠯᠡᠰ᠎ᠤᠨ ᠵᠢᠱ᠌ᠢᠶ᠎ᠡ ᠦᠵᠡᠭᠦᠯᠬᠦ ᠬᠦᠷᠢᠶᠡᠯᠡᠩ ᠲᠣᠭᠤᠷᠢᠭ᠂ ᠲᠠᠷᠢᠶᠠᠯᠠᠩ ᠮᠠᠯ ᠠᠵᠤ ᠠᠬᠤᠢ ᠵᠢᠨ ᠠᠵᠤ ᠦᠢ᠍ᠯᠡᠰᠵᠢᠯᠲᠡ ᠵᠢᠨ ᠬᠥᠲᠥᠴᠢ ᠠᠵᠤ ᠠᠬᠤᠶ᠋ᠢᠯᠠᠯ᠂ ᠴᠢᠨᠠᠷ ᠰᠠᠶ᠋ᠢᠲᠠᠢ ᠲᠠᠷᠢᠶᠠᠯᠠᠩ᠎ᠤᠨ ᠪᠦᠲᠦᠭᠡᠭᠳᠡᠭᠦᠨ ᠮᠠᠯ᠎ᠤᠨ ᠠᠰᠢᠭ ᠰᠢᠮ᠎ᠡ ᠵᠢᠨ ᠰᠦᠯᠵᠢᠶᠡᠨ ᠳᠡᠭᠡᠷᠡᠬᠢ ᠨᠡᠷᠡᠲᠦ ᠲᠡᠮᠳᠡᠭ᠎ᠤᠨ ᠬᠤᠰᠢᠭᠤᠴᠢ ᠳᠡᠯᠭᠡᠭᠦᠷ᠎ᠢ ᠲᠣᠰ ᠲᠣᠰ 100 ᠡᠭᠦᠳᠦᠨ ᠪᠠᠶ᠋ᠢᠭᠤᠯᠤᠨ᠎ᠠ᠃
(ᠬᠤᠶᠠᠷ) 《ᠮᠢᠬ᠎ᠠ᠂ ᠰᠦ᠂ ᠡᠪᠡᠰᠦ》 ᠵᠢᠨ ᠦᠢ᠍ᠯᠡᠳᠪᠦᠷᠢᠯᠡᠯ᠎ᠤᠨ ᠲᠦᠪᠰᠢᠨ᠎ᠢ ᠶᠡᠭᠡ᠎ᠪᠠᠷ ᠳᠡᠭᠡᠭᠰᠢᠯᠡᠭᠦᠯᠦᠨ᠎ᠡ᠃ ᠲᠠᠷᠢᠶᠠᠯᠠᠩ᠎ᠤᠨ ᠪᠦᠲᠦᠭᠡᠭᠳᠡᠭᠦᠨ ᠮᠠᠯ᠎ᠤᠨ ᠠᠰᠢᠭ ᠰᠢᠮ᠎ᠡ ᠵᠢᠨ ᠨᠠᠷᠢᠯᠢᠬ ᠭᠦᠨ ᠡᠳ᠋ᠰᠢᠭᠦᠯᠦᠨ ᠪᠣᠯᠪᠠᠰᠤᠷᠠᠭᠤᠯᠬᠤ ᠵᠢ ᠳᠡᠮᠵᠢᠬᠦ ᠠᠷᠭ᠎ᠠ ᠬᠡᠮᠵᠢᠶ᠎ᠡ᠎ᠨᠦᠭᠦᠳ᠎ᠢ ᠨᠡᠶ᠋ᠢᠲᠡᠯᠡᠨ᠂ ᠵᠠᠭᠤᠨ ᠲᠦᠮᠡᠨ ᠠᠯᠠᠰᠢᠨ ᠦᠬᠡᠷ᠎ᠢ ᠪᠣᠷᠳᠣᠨ ᠪᠣᠶ᠋ᠢᠵᠢᠭᠤᠯᠬᠤ ᠵᠢ ᠥᠷᠨᠢᠭᠦᠯᠵᠦ᠂ ᠬᠡᠪᠴᠢᠶᠡᠵᠢᠭᠦᠯᠦᠭᠰᠡᠨ ᠲᠡᠵᠢᠭᠡᠨ ᠦᠷᠡᠵᠢᠭᠦᠯᠬᠦ ᠲᠠᠯᠠᠪᠠᠢ ᠵᠢ 200 ᠥᠭᠡᠷᠡᠴᠢᠯᠡᠨ ᠰᠢᠨᠡᠳᠭᠡᠵᠦ ᠳᠡᠭᠡᠭᠰᠢᠯᠡᠭᠦᠯᠦᠨ᠂ ᠮᠢᠬᠠᠨ᠎ᠤ ᠲᠥᠷᠥᠯ᠎ᠤᠨ ᠭᠠᠷᠤᠯᠲᠠ ᠵᠢ 300 ᠲᠦᠮᠡᠨ ᠲᠣᠨ᠎ᠳᠤ ᠬᠦᠷᠦᠭᠦᠯᠬᠦ᠎ᠪᠠᠷ ᠬᠦᠴᠦᠯᠡᠨ ᠴᠢᠷᠮᠠᠶ᠋ᠢᠨ᠎ᠠ᠃ ᠰᠦ ᠰᠠᠭ᠋ᠠᠯᠢ ᠵᠢᠨ ᠦᠢ᠍ᠯᠡᠰ᠎ᠤᠨ ᠦᠢ᠍ᠯᠡᠳᠪᠦᠷᠢᠯᠡᠯ᠎ᠤᠨ ᠬᠦᠴᠦᠨ᠎ᠤ ᠳᠡᠭᠡᠭᠰᠢᠯᠡᠯᠲᠡ ᠵᠢ ᠪᠦᠬᠦᠶ᠋ᠢᠯᠡ ᠰᠢᠶᠠᠨ ᠵᠶ᠋ᠠᠷ᠎ᠨᠢ ᠠᠬᠢᠭᠤᠯᠬᠤ ᠲᠥᠷᠥᠯ ᠵᠦᠢ᠍ᠯ᠎ᠢ ᠬᠡᠷᠡᠭᠵᠢᠭᠦᠯᠦᠨ᠂ ᠠᠩᠬᠠᠨ᠎ᠤ ᠪᠦᠯᠦᠭ᠎ᠤᠨ ᠥᠪᠡᠷᠲᠡᠭᠡᠨ ᠵᠠᠰᠠᠬᠤ ᠣᠷᠣᠨ᠎ᠤ ᠳᠡᠰ᠎ᠤᠨ ᠭᠤᠣᠯᠯᠠᠬᠤ ᠡᠭᠦᠯᠳᠡᠷ ᠪᠣᠶ᠋ᠢᠵᠢᠭᠤᠯᠬᠤ ᠲᠠᠯᠠᠪᠠᠢ ᠵᠢ ᠡᠭᠦᠳᠦᠨ ᠪᠠᠶ᠋ᠢᠭᠤᠯᠬᠤ᠎ᠪᠠᠨ ᠲᠦᠷᠭᠡᠳᠭᠡᠵᠦ᠂ ᠰᠦ ᠵᠢᠨ ᠭᠠᠷᠤᠯᠲᠠ 800 ᠲᠦᠮᠡᠨ ᠲᠣᠨ᠎ᠢ ᠰᠢᠪᠲᠤᠯᠬᠤ᠂ ᠰᠦ ᠰᠠᠭ᠋ᠠᠯᠢ ᠵᠢᠨ ᠦᠢ᠍ᠯᠡᠰ᠎ᠤᠨ ᠪᠥᠬᠦ ᠠᠵᠤ ᠦᠢ᠍ᠯᠡᠰ᠎ᠤᠨ ᠬᠡᠯᠬᠢᠶᠡᠨ᠎ᠤ ᠦᠢ᠍ᠯᠡᠳᠪᠦᠷᠢᠯᠡᠯ᠎ᠤᠨ ᠥᠷᠳᠡᠭ 2500 ᠳ᠋ᠦᠩᠰᠢᠭᠤᠷ ᠲᠥᠭᠦᠷᠢᠭ᠎ᠢ ᠰᠢᠪᠲᠤᠯᠬᠤ᠎ᠪᠠᠷ ᠬᠦᠴᠦᠯᠡᠨ ᠴᠢᠷᠮᠠᠶ᠋ᠢᠨ᠎ᠠ᠃ ᠬᠠᠰᠢᠶᠠᠯᠠᠨ ᠲᠡᠵᠢᠭᠡᠬᠦ ᠵᠢ ᠶᠡᠭᠡ᠎ᠪᠠᠷ ᠬᠥᠭᠵᠢᠭᠦᠯᠦᠨ᠂ ᠠᠷᠪᠠᠨ ᠨᠡᠶ᠋ᠢᠲᠡᠯᠢᠭ ᠬᠡᠪ ᠵᠠᠭᠪᠤᠷ᠎ᠢ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠳᠡᠯᠭᠡᠷᠡᠭᠦᠯᠵᠦ᠂ ᠲᠠᠯ᠎ᠠ ᠨᠤᠲᠤᠭ᠎ᠤᠨ ᠮᠠᠯ ᠠᠵᠤ ᠠᠬᠤᠢ ᠵᠢᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠬᠦ ᠲᠤᠷᠰᠢᠯᠲᠠ ᠵᠢᠨ ᠴᠡᠭ᠎ᠤᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠭᠡᠨ᠂ ᠲᠠᠯ᠎ᠠ ᠨᠤᠲᠤᠭ᠎ᠤᠨ ᠳᠠᠭ᠋ᠠᠭ᠋ᠠᠴᠠ᠎ᠠᠴᠠ᠎ᠨᠢ ᠬᠡᠲᠦᠷᠡᠭᠦᠯᠦᠨ ᠪᠡᠯᠴᠢᠭᠡᠷᠯᠡᠭᠦᠯᠬᠦ ᠠᠰᠠᠭᠤᠳᠠᠯ᠎ᠢ ᠰᠢᠢ᠍ᠳᠪᠦᠷᠢᠯᠡᠬᠦ ᠵᠢ ᠠᠬᠢᠭᠤᠯᠤᠨ᠎ᠠ᠃ ᠲᠡᠵᠢᠭᠡᠯ ᠡᠪᠡᠰᠦ ᠲᠡᠵᠢᠭᠡᠯ ᠪᠣᠷᠳᠣᠭ᠋ᠠᠨ᠎ᠤ ᠬᠠᠩᠭ᠋ᠠᠯᠭ᠎ᠠ ᠵᠢ ᠨᠡᠮᠡᠭᠳᠡᠭᠦᠯᠵᠦ᠂ ᠬᠥᠮᠥᠨ᠎ᠤ ᠬᠦᠴᠦ᠎ᠪᠠᠷ ᠲᠡᠵᠢᠭᠡᠯ ᠡᠪᠡᠰᠦ ᠲᠠᠷᠢᠬᠤ ᠲᠠᠯᠠᠪᠠᠢ 2000 ᠲᠦᠮᠡᠨ ᠮᠦ᠍ ᠵᠢ ᠰᠢᠪᠲᠤᠯᠤᠨ᠎ᠠ᠃
(ᠭᠤᠷᠪᠠ) ᠬᠥᠳᠡᠭᠡ ᠲᠣᠰᠬᠤᠨ᠎ᠢ ᠪᠥᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠠᠬᠢᠭᠤᠯᠤᠨ᠎ᠠ᠃ ᠬᠤᠲᠠ ᠬᠥᠳᠡᠭᠡ ᠵᠢ ᠠᠭᠤᠰᠤᠯᠴᠠᠭᠤᠯᠤᠨ ᠬᠥᠭᠵᠢᠭᠦᠯᠬᠦ ᠵᠢ ᠠᠬᠢᠭᠤᠯᠤᠨ᠂ ᠰᠢᠨ᠎ᠡ ᠬᠡᠯᠪᠡᠷᠢ ᠵᠢᠨ ᠬᠤᠲᠠ ᠪᠠᠯᠭ᠋ᠠᠰᠤᠵᠢᠯᠲᠠ ᠪᠠ ᠬᠥᠳᠡᠭᠡ ᠲᠣᠰᠬᠤᠨ᠎ᠢ ᠪᠥᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠣᠷᠭ᠋ᠠᠨᠢᠭ ᠵᠶ᠋ᠠᠷ ᠤᠶᠠᠯᠳᠤᠭᠤᠯᠵᠤ᠂ ᠡᠯ᠎ᠡ ᠲᠥᠷᠥᠯ᠎ᠤᠨ ᠬᠦᠴᠦᠨ ᠵᠦᠢ᠍ᠯ᠎ᠤᠨ ᠬᠤᠣᠰ ᠴᠢᠭᠯᠡᠯ ᠵᠶ᠋ᠠᠷ ᠡᠷᠭᠢᠯᠳᠦᠬᠦ ᠵᠢ ᠠᠬᠢᠭᠤᠯᠤᠨ᠂ ᠰᠢᠶᠠᠨ᠎ᠤ ᠬᠤᠲᠠ᠎ᠪᠠᠷ ᠴᠢᠬᠤᠯᠠ ᠠᠴᠢᠶᠠᠯᠠᠪᠤᠷᠢ ᠪᠣᠯᠭ᠋ᠠᠭᠰᠠᠨ ᠰᠢᠨ᠎ᠡ ᠬᠡᠯᠪᠡᠷᠢ ᠵᠢᠨ ᠬᠤᠲᠠ ᠪᠠᠯᠭ᠋ᠠᠰᠤᠵᠢᠯᠲᠠ ᠵᠢᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠬᠤᠲᠠ ᠬᠥᠳᠡᠭᠡ ᠠᠭᠤᠰᠤᠯᠴᠠᠨ ᠬᠥᠭᠵᠢᠭᠰᠡᠨ ᠰᠢᠨ᠎ᠡ ᠪᠠᠶ᠋ᠢᠷᠢᠰᠢᠯ᠎ᠢ ᠪᠦᠷᠢᠯᠳᠦᠭᠦᠯᠦᠨ᠎ᠡ᠃ ᠳᠠᠬᠢᠨ ᠶᠠᠳᠠᠭᠤᠷᠠᠬᠤ᠎ᠠᠴᠠ ᠰᠡᠷᠭᠡᠶ᠋ᠢᠯᠡᠬᠦ ᠬᠥᠳᠡᠯᠦᠩᠭᠦᠢ ᠬᠢᠨᠠᠨ ᠰᠢᠨᠵᠢᠬᠦ ᠪᠠ ᠬᠠᠪᠰᠤᠷᠤᠨ ᠲᠡᠳᠭᠦᠬᠦ ᠲᠣᠭᠲᠠᠴᠠ ᠵᠢ ᠪᠠᠷᠢᠮᠲᠠᠯᠠᠬᠤ ᠪᠠ ᠲᠡᠭᠦᠯᠳᠡᠷᠵᠢᠭᠦᠯᠵᠦ᠂ ᠶᠠᠳᠠᠭᠤ᠎ᠠᠴᠠ ᠠᠩᠭᠢᠵᠢᠷᠠᠭᠰᠠᠨ ᠬᠥᠮᠥᠨ ᠠᠮᠠ ᠵᠢᠨ ᠠᠵᠢᠯ ᠣᠯᠭᠤᠯᠲᠠ ᠵᠢᠨ ᠬᠡᠪᠴᠢᠶ᠎ᠡ ᠵᠢ 19.6 ᠲᠦᠮᠡᠨ ᠬᠥᠮᠥᠨ ᠣᠷᠴᠢᠮ᠎ᠳᠤ ᠲᠣᠭᠲᠠᠪᠤᠷᠢᠵᠢᠭᠤᠯᠤᠨ᠎ᠠ᠃ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠭᠤᠣᠯᠳᠠᠯᠭ᠎ᠠ᠎ᠲᠠᠢ ᠬᠠᠪᠰᠤᠷᠤᠨ ᠲᠡᠳᠭᠦᠬᠦ ᠬᠤᠰᠢᠭᠤ ᠰᠢᠶᠠᠨ ᠪᠠ ᠣᠨᠳᠣᠣ ᠭᠠᠵᠠᠷ ᠨᠡᠭᠦᠯᠭᠡᠵᠦ ᠲᠥᠪᠯᠡᠷᠡᠭᠦᠯᠦᠨ ᠲᠣᠬᠢᠷᠠᠭᠤᠯᠬᠤ ᠣᠷᠣᠨ ᠲᠣᠭᠤᠷᠢᠭ ᠵᠶ᠋ᠠᠷ ᠭᠤᠣᠯᠳᠠᠯᠭ᠎ᠠ ᠪᠣᠯᠭ᠋ᠠᠵᠤ᠂ 65%᠎ᠠᠴᠠ ᠳᠡᠭᠡᠭᠰᠢᠬᠢ ᠲᠥᠪ ᠬᠤᠷᠢᠶ᠎ᠠ ᠪᠠ ᠥᠪᠡᠷᠲᠡᠭᠡᠨ ᠵᠠᠰᠠᠬᠤ ᠣᠷᠣᠨ᠎ᠤ ᠵᠣᠯᠭ᠋ᠠᠭᠤᠯᠤᠯᠲᠠ ᠵᠢᠨ ᠪᠡᠯᠡ ᠮᠥᠩᠭᠦ ᠵᠢ ᠣᠨᠴᠠᠯᠢᠭᠲᠤ ᠠᠵᠤ ᠦᠢ᠍ᠯᠡᠰ᠎ᠢ ᠬᠥᠭᠵᠢᠭᠦᠯᠬᠦ᠎ᠳᠤ ᠬᠡᠷᠡᠭᠯᠡᠨ᠎ᠡ᠃ ᠠᠵᠤ ᠲᠥᠷᠥᠵᠦ ᠠᠮᠢᠳᠤᠷᠠᠬᠤ᠎ᠳᠤ ᠲᠣᠬᠢᠷᠠᠮᠵᠢᠲᠠᠢ ᠡᠶ᠎ᠡ ᠨᠠᠶ᠋ᠢᠷᠠᠮᠳᠠᠭᠤ ᠭᠤᠶᠣ ᠰᠠᠶ᠋ᠢᠬᠠᠨ ᠬᠥᠳᠡᠭᠡ ᠲᠣᠰᠬᠤᠨ᠎ᠢ ᠪᠦᠲᠦᠭᠡᠨ ᠪᠠᠶ᠋ᠢᠭᠤᠯᠵᠤ᠂ 《ᠬᠥ᠋ᠳᠡᠭᠡ ᠲᠣᠰᠬᠤᠨ᠎ᠢ ᠠᠯᠳᠠᠷᠰᠢᠭᠤᠯᠬᠤ ᠠᠵᠢᠯᠯᠠᠭ᠋ᠠᠨ》᠎ᠢ ᠥᠷᠨᠢᠭᠦᠯᠦᠨ᠂ ᠣᠷᠣᠰᠢᠨ ᠠᠮᠢᠳᠤᠷᠠᠬᠤ ᠣᠷᠴᠢᠨ ᠨᠦᠭᠦᠴᠡᠯ᠎ᠢ ᠴᠡᠭᠴᠡᠯᠡᠨ ᠵᠠᠰᠠᠬᠤ ᠡᠷᠴᠢᠮ ᠵᠶ᠋ᠠᠨ ᠴᠢᠩᠭ᠋ᠠᠷᠠᠭᠤᠯᠵᠤ᠂ ᠪᠥᠬᠦ ᠣᠷᠣᠨ᠎ᠤ ᠵᠠᠰᠠᠭ ᠵᠠᠬᠢᠷᠭ᠋ᠠᠨ᠎ᠤ ᠲᠣᠰᠬᠤᠨ᠎ᠳᠤ ᠴᠠᠬᠢᠯᠭ᠋ᠠᠨ ᠨᠡᠪᠲᠡᠷᠡᠭᠦᠯᠬᠦ ᠵᠢ ᠪᠦᠷᠢᠨ ᠪᠦᠷᠬᠦᠭᠦᠯᠬᠦ ᠵᠢ ᠪᠡᠶᠡᠯᠡᠭᠦᠯᠦᠨ᠂ ᠲᠠᠷᠢᠶᠠᠯᠠᠬᠤ ᠮᠠᠯᠵᠢᠬᠤ ᠣᠷᠣᠨ᠎ᠤ ᠠᠮᠢᠳᠤᠷᠠᠯ᠎ᠤᠨ ᠬᠤᠭ ᠨᠣᠪᠰᠢ ᠵᠢ ᠬᠤᠷᠢᠶᠠᠨ ᠲᠡᠭᠡᠭᠡᠪᠦᠷᠢᠯᠡᠵᠦ ᠰᠢᠢ᠍ᠳᠪᠦᠷᠢᠯᠡᠬᠦ ᠲᠣᠭᠲᠠᠯᠴᠠᠭ᠋ᠠᠨ᠎ᠤ ᠪᠦᠷᠬᠦᠭᠦᠯᠬᠦ ᠨᠣᠷᠮ᠎ᠠ᠂ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠨᠣᠷᠮ᠎ᠠ ᠵᠢ ᠲᠣᠰ ᠲᠣᠰ 80%᠎ᠠᠴᠠ ᠳᠡᠭᠡᠭᠰᠢ ᠪᠠ 34%᠎ᠠᠴᠠ ᠳᠡᠭᠡᠭᠰᠢ᠎ᠳᠤ ᠬᠦᠷᠦᠭᠦᠯᠬᠦ᠎ᠪᠠᠷ ᠬᠦᠴᠦᠯᠡᠨ ᠴᠢᠷᠮᠠᠶ᠋ᠢᠵᠤ᠂ ᠠᠮᠢᠳᠤᠷᠠᠯ᠎ᠤᠨ ᠪᠣᠬᠢᠷ ᠤᠰᠤ ᠵᠢ ᠰᠢᠢ᠍ᠳᠪᠦᠷᠢᠯᠡᠬᠦ ᠪᠡᠯᠡᠳᠭᠡᠮᠵᠢ ᠵᠢ ᠪᠦᠷᠢᠳᠦᠭᠦᠯᠦᠭᠰᠡᠨ ᠪᠠᠶ᠋ᠢᠭᠤᠯᠤᠮᠵᠢᠲᠤ ᠪᠠᠯᠭ᠋ᠠᠰᠤ ᠵᠢ 50%᠎ᠠᠴᠠ ᠳᠡᠭᠡᠭᠰᠢ᠎ᠳᠤ ᠬᠦᠷᠭᠡᠵᠦ᠂ ᠲᠠᠷᠢᠶᠠᠯᠠᠬᠤ ᠮᠠᠯᠵᠢᠬᠤ ᠣᠷᠣᠨ᠎ᠤ ᠡᠷᠡᠭᠦᠯ ᠬᠠᠮᠠᠭ᠋ᠠᠯᠠᠯ᠎ᠤᠨ ᠡᠷᠦᠬᠡ ᠵᠢᠨ ᠵᠣᠷᠯᠣᠩ᠎ᠢ 5.5 ᠲᠦᠮᠡ ᠰᠢᠨ᠎ᠡ᠎ᠪᠠᠷ ᠪᠠᠶ᠋ᠢᠭᠤᠯᠤᠨ᠎ᠠ᠃
ᠨᠠᠢ᠍ᠮᠠ᠂ ᠤᠮᠠᠷᠠᠰᠢ ᠨᠡᠭᠡᠭᠡᠯᠲᠡ ᠬᠢᠬᠦ ᠴᠢᠬᠤᠯᠠ ᠪᠠᠬᠢᠯᠡᠯᠲᠡ ᠵᠢ ᠪᠦᠲᠦᠭᠡᠨ ᠪᠠᠶ᠋ᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠴᠢᠯᠦᠭᠡᠲᠦ ᠠᠷᠠᠯᠵᠢᠶᠠᠨ᠎ᠤ ᠣᠷᠣᠨ᠎ᠢ ᠡᠭᠦᠳᠦᠨ ᠪᠠᠶ᠋ᠢᠭᠤᠯᠬᠤ ᠢᠨᠵᠧᠨᠧᠷᠢᠩ᠎ᠢ ᠲᠦᠷᠭᠡᠳᠬᠡᠨ ᠬᠡᠷᠡᠭᠵᠢᠭᠦᠯᠦᠨ᠎ᠡ
ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠦᠢ᠍ᠯᠡᠴᠢᠯᠡᠬᠦ ᠪᠠ ᠠᠭᠤᠰᠤᠯᠴᠠᠨ ᠣᠷᠣᠵᠤ᠂ ᠤᠯᠤᠰ᠎ᠤᠨ ᠣᠷᠣᠨ ᠪᠦᠰᠡ ᠵᠢᠨ ᠴᠢᠬᠤᠯᠠ ᠶᠡᠭᠡ ᠪᠠᠶ᠋ᠢᠯᠳᠤᠬᠤ ᠪᠣᠳᠣᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠤᠨ᠂ ᠣᠷᠣᠨ ᠪᠦᠰᠡ ᠵᠢᠨ ᠬᠠᠮᠲᠤᠷᠠᠯᠴᠠᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠵᠤ᠂ ᠭᠤᠣᠯᠳᠠᠯᠭ᠎ᠠ᠎ᠲᠠᠢ ᠬᠢᠯᠢ ᠵᠢᠨ ᠪᠣᠭᠤᠮᠲᠠ ᠵᠢ ᠴᠣᠭᠴᠠᠯᠠᠬᠤ᠂ ᠨᠡᠭᠡᠭᠡᠯᠲᠡ ᠵᠢᠨ ᠲᠠᠪᠴᠠᠩ᠎ᠤᠨ ᠴᠢᠳᠠᠪᠤᠷᠢ ᠳᠡᠰ᠎ᠢ᠎ᠨᠢ ᠳᠡᠭᠡᠭᠰᠢᠯᠡᠭᠦᠯᠬᠦ᠂ ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠭᠠᠯᠲᠤ ᠲᠡᠷᠭᠡ ᠵᠢᠨ ᠦᠷ᠎ᠡ ᠠᠰᠢᠭ᠎ᠢ ᠳᠡᠭᠡᠭᠰᠢᠯᠡᠭᠦᠯᠦᠨ ᠪᠠᠭᠲᠠᠭ᠋ᠠᠮᠵᠢ ᠵᠢ᠎ᠨᠢ ᠥᠷᠭᠡᠳᠭᠡᠬᠦ ᠵᠢ ᠨᠢᠭᠡᠳᠦᠯᠲᠡᠢ ᠲᠥᠯᠥᠪᠯᠡᠨ ᠰᠠᠶ᠋ᠢᠲᠤᠷ ᠠᠳᠬᠤᠵᠤ᠂ ᠳᠣᠲᠣᠭ᠋ᠠᠳᠤ ᠭᠠᠳᠠᠭ᠋ᠠᠳᠤ ᠨᠡᠭᠡᠭᠡᠯᠲᠡ ᠨᠡᠩ ᠶᠡᠭᠡ ᠠᠬᠢᠯᠲᠠ᠎ᠲᠠᠢ ᠪᠣᠯᠬᠤ ᠵᠢ ᠠᠬᠢᠭᠤᠯᠤᠨ᠎ᠠ᠃
(ᠨᠢᠭᠡ) ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ ᠵᠢ ᠥᠷᠭᠡᠳᠬᠡᠨ᠎ᠡ᠃ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠠᠶ᠋ᠢᠭᠤᠯᠬᠤ ᠪᠠ ᠳᠤᠮᠳᠠᠳᠤ ᠮᠣᠩᠭᠤᠯ ᠣᠷᠣᠰ᠎ᠤᠨ ᠠᠵᠤ ᠠᠬᠤᠢ ᠵᠢᠨ ᠬᠤᠩᠬᠢᠯ᠎ᠢ ᠪᠦᠲᠦᠭᠡᠨ ᠪᠠᠶ᠋ᠢᠭᠤᠯᠬᠤ᠎ᠳᠤ ᠢᠳᠡᠪᠬᠢᠲᠡᠢ ᠣᠷᠣᠯᠴᠠᠨ᠂ ᠴᠢᠯᠦᠭᠡᠲᠦ ᠠᠷᠠᠯᠵᠢᠶᠠᠨ᠎ᠤ ᠣᠷᠣᠨ᠎ᠤ ᠥᠭᠡᠷᠡᠴᠢᠯᠡᠯᠲᠡ ᠵᠢᠨ ᠲᠤᠷᠰᠢᠯᠲᠠ ᠵᠢᠨ ᠴᠡᠭ᠎ᠤᠨ ᠡᠭᠦᠷᠭᠡ ᠵᠢᠨ ᠲᠣᠳᠣᠷᠬᠠᠢ ᠬᠠᠭᠤᠳᠠᠰᠤ ᠵᠢ ᠨᠠᠶ᠋ᠢᠳᠠᠪᠤᠷᠢᠵᠢᠭᠤᠯᠵᠤ᠂ ᠳᠤᠮᠳᠠᠳᠤ ᠤᠯᠤᠰ (ᠥᠪᠥᠷ ᠮᠣᠩᠭᠤᠯ)᠎ᠤᠨ ᠴᠢᠯᠦᠭᠡᠲᠦ ᠠᠷᠠᠯᠵᠢᠶᠠᠨ᠎ᠤ ᠲᠤᠷᠰᠢᠯᠲᠠ ᠵᠢᠨ ᠣᠷᠣᠨ᠎ᠢ ᠭᠤᠶᠤᠴᠢᠯᠠᠨ ᠪᠠᠶ᠋ᠢᠭᠤᠯᠬᠤ ᠠᠵᠢᠯ᠎ᠢ ᠮᠥᠨ ᠴᠢᠨᠠᠷ᠎ᠤᠨ ᠠᠬᠢᠯᠲᠠ᠎ᠲᠠᠢ ᠪᠣᠯᠭ᠋ᠠᠬᠤ᠎ᠪᠠᠷ ᠬᠦᠴᠦᠯᠡᠨ ᠴᠢᠷᠮᠠᠶ᠋ᠢᠨ᠎ᠠ᠃ ᠭᠠᠳᠠᠭ᠋ᠠᠳᠤ ᠠᠷᠠᠯᠵᠢᠶᠠᠨ᠎ᠤ ᠰᠢᠨ᠎ᠡ ᠬᠥᠳᠡᠯᠭᠡᠭᠴᠢ ᠬᠦᠴᠦᠨ᠎ᠢ ᠲᠦᠷᠭᠡᠯᠡᠨ ᠪᠣᠶ᠋ᠢᠵᠢᠭᠤᠯᠵᠤ᠂ ᠰᠢᠶᠠᠨ᠎ᠤ ᠬᠡᠪᠴᠢᠶᠠᠨ᠎ᠤ ᠭᠠᠳᠠᠭ᠋ᠠᠳᠤ ᠠᠵᠤ ᠠᠬᠤᠢ ᠠᠷᠠᠯᠵᠢᠶ᠎ᠡ ᠵᠢ ᠪᠠᠶ᠋ᠢᠬᠤ ᠦᠭᠡᠢ ᠪᠠᠶ᠋ᠢᠭᠰᠠᠨ᠎ᠠᠴᠠ ᠬᠡᠮᠵᠢᠶ᠎ᠡ ᠵᠢ᠎ᠨᠢ ᠨᠡᠮᠡᠭᠳᠡᠭᠦᠯᠬᠦ ᠵᠢᠱ᠌ᠢᠶ᠎ᠡ ᠦᠵᠡᠭᠦᠯᠬᠦ ᠠᠵᠢᠯ᠎ᠢ ᠠᠬᠢᠭᠤᠯᠤᠨ᠂ ᠤᠯᠠᠭ᠋ᠠᠨᠴᠠᠪ ᠬᠤᠲᠠ ᠵᠢᠨ ᠤᠯᠤᠰ᠎ᠤᠨ ᠭᠠᠳᠠᠭ᠋ᠠᠳᠤ᠎ᠠᠴᠠ ᠣᠷᠣᠭᠤᠯᠬᠤ ᠠᠷᠠᠯᠵᠢᠶ᠎ᠠ ᠵᠢ ᠠᠬᠢᠭᠤᠯᠬᠤ ᠰᠢᠨ᠎ᠡ ᠵᠢ ᠡᠭᠦᠳᠬᠦ ᠵᠢᠱ᠌ᠢᠶ᠎ᠡ ᠦᠵᠡᠭᠦᠯᠬᠦ ᠣᠷᠣᠨ ᠪᠠ ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶᠠᠨ᠎ᠤ ᠱᠠᠲᠤᠯᠢᠭ ᠰᠢᠯᠵᠢᠯᠲᠡ ᠵᠢᠨ ᠭᠤᠣᠯᠳᠠᠯᠭ᠎ᠠ᠎ᠲᠠᠢ ᠳᠠᠭ᠋ᠠᠭ᠋ᠠᠨ ᠠᠪᠬᠤ ᠭᠠᠵᠠᠷ᠎ᠢ ᠪᠥᠬᠦ ᠬᠦᠴᠦᠨ ᠵᠶ᠋ᠠᠷ ᠴᠣᠭᠴᠠᠯᠠᠬᠤ ᠵᠢ ᠳᠡᠮᠵᠢᠵᠦ᠂ ᠬᠥᠬᠡᠬᠤᠲᠠ ᠵᠢᠨ ᠤᠯᠤᠰ᠎ᠤᠨ ᠬᠢᠲᠠᠳ ᠡᠮ ᠡᠮᠨᠡᠯᠭᠡ ᠵᠢᠨ ᠦᠢ᠍ᠯᠡᠴᠢᠯᠡᠭᠡᠨ᠎ᠤ ᠭᠠᠳᠠᠭ᠋ᠠᠳᠤ ᠭᠠᠷᠭ᠋ᠠᠯᠲᠠ ᠵᠢᠨ ᠰᠠᠭᠤᠷᠢᠨ ᠭᠠᠵᠠᠷ᠎ᠢ ᠥᠨᠳᠥᠷ ᠪᠠᠷᠢᠮᠵᠢᠶ᠎ᠠ᠎ᠪᠠᠷ ᠪᠦᠲᠦᠭᠡᠨ ᠪᠠᠶ᠋ᠢᠭᠤᠯᠬᠤ᠂ ᠮᠠᠨᠵᠤᠤᠷ᠎ᠤᠨ ᠬᠢᠯᠢ ᠵᠢᠨ ᠠᠷᠠᠳ᠎ᠤᠨ ᠵᠠᠬ᠎ᠠ ᠵᠢᠨ ᠠᠷᠠᠯᠵᠢᠶᠠᠨ᠎ᠤ ᠡᠮᠦᠨᠡᠬᠢ ᠬᠤᠭᠤᠴᠠᠭ᠋ᠠᠨ᠎ᠤ ᠲᠤᠷᠰᠢᠯᠲᠠ ᠵᠢᠨ ᠴᠡᠭ᠎ᠢ ᠠᠬᠢᠭᠤᠯᠤᠨ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠲᠤᠭ᠎ᠠ ᠬᠡᠮᠵᠢᠶ᠎ᠡ 2100 ᠳ᠋ᠦᠩᠰᠢᠭᠤᠷ ᠲᠥᠭᠦᠷᠢᠭ᠎ᠢ ᠰᠢᠪᠲᠤᠯᠵᠤ᠂ 10%᠎ᠠᠴᠠ ᠳᠡᠭᠡᠭᠰᠢ ᠨᠡᠮᠡᠭᠳᠡᠭᠦᠯᠬᠦ᠎ᠪᠠᠷ ᠬᠦᠴᠦᠯᠡᠨ ᠴᠢᠷᠮᠠᠶ᠋ᠢᠨ᠎ᠠ᠃ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ᠎ᠤ ᠪᠠᠶ᠋ᠢᠷᠢᠯᠠᠯ ᠳᠡᠰ ᠳᠡᠪᠰᠢᠭᠦᠯᠬᠦ᠂ ᠶᠡᠷᠦᠩᠬᠡᠶ᠋ᠢᠯᠡᠭᠰᠡᠨ ᠭᠠᠶ᠋ᠢᠯᠢ ᠪᠠᠲᠤᠯᠠᠬᠤ ᠣᠷᠣᠨ᠎ᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ ᠲᠤᠭ᠎ᠠ ᠬᠡᠮᠵᠢᠶ᠎ᠡ ᠵᠢ 300 ᠳ᠋ᠦᠩᠰᠢᠭᠤᠷ ᠲᠥᠭᠦᠷᠢᠭ᠎ᠲᠤ ᠬᠦᠷᠦᠭᠦᠯᠦᠨ᠂ 20%᠎ᠪᠠᠷ ᠨᠡᠮᠡᠭᠳᠡᠭᠦᠯᠬᠦ ᠵᠢ ᠠᠬᠢᠭᠤᠯᠤᠨ᠎ᠠ᠃ ᠣᠶᠤᠨᠴᠢ ᠪᠣᠭᠤᠮᠲᠠ᠂ ᠣᠶᠤᠨᠴᠢ ᠬᠢᠯᠢ ᠵᠢᠨ ᠪᠣᠭᠤᠮᠲᠠ ᠵᠢᠨ ᠪᠠᠶ᠋ᠢᠭᠤᠯᠤᠯᠲᠠ ᠵᠢ ᠠᠬᠢᠭᠤᠯᠵᠤ᠂ 《ᠳᠠᠩ ᠴᠣᠩᠬᠤᠪᠴᠢ》 ᠵᠢ ᠳᠡᠯᠭᠡᠷᠡᠭᠦᠯᠦᠨ ᠬᠡᠷᠡᠭᠯᠡᠬᠦ ᠡᠷᠴᠢᠮ ᠵᠶ᠋ᠠᠨ ᠴᠢᠩᠭ᠋ᠠᠷᠠᠭᠤᠯᠤᠨ᠂ ᠬᠢᠯᠢ ᠵᠢᠨ ᠪᠣᠭᠤᠮᠲᠠ ᠵᠢᠨ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠵᠢ 1.2 ᠳ᠋ᠦᠩᠰᠢᠭᠤᠷ ᠲᠣᠨ᠎ᠳᠤ ᠬᠦᠷᠦᠭᠦᠯᠵᠦ᠂ 12% ᠣᠷᠴᠢᠮ ᠨᠡᠮᠡᠭᠳᠡᠭᠦᠯᠬᠦ᠎ᠪᠠᠷ ᠬᠦᠴᠦᠯᠡᠨ ᠴᠢᠷᠮᠠᠶ᠋ᠢᠨ᠎ᠠ᠃ ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠭᠠᠯᠲᠤ ᠲᠡᠷᠭᠡ ᠵᠢᠨ ᠦᠷ᠎ᠡ ᠠᠰᠢᠭ᠎ᠢ ᠳᠡᠭᠡᠭᠰᠢᠯᠡᠭᠦᠯᠦᠨ ᠪᠠᠭᠲᠠᠭ᠋ᠠᠮᠵᠢ᠎ᠪᠠᠨ ᠥᠷᠭᠡᠳᠭᠡᠬᠦ ᠠᠵᠢᠯ᠎ᠢ ᠰᠠᠶ᠋ᠢᠲᠤᠷ ᠠᠳᠬᠤᠵᠤ᠂ ᠣᠷᠣᠨ᠎ᠠᠴᠠ ᠡᠬᠢᠯᠡᠵᠦ ᠠᠶᠠᠯᠠᠬᠤ ᠳᠤᠮᠳᠠᠳᠤ ᠡᠸᠦ᠋ᠷᠦᠫᠡ ᠵᠢᠨ ᠡᠭᠡᠯᠵᠢ ᠵᠢᠨ ᠭᠠᠯᠲᠤ ᠲᠡᠷᠭᠡ ᠵᠢ 10%᠎ᠠᠴᠠ ᠳᠡᠭᠡᠭᠰᠢ ᠨᠡᠮᠡᠭᠳᠡᠭᠦᠯᠬᠦ᠎ᠪᠠᠷ ᠬᠦᠴᠦᠯᠡᠨ ᠴᠢᠷᠮᠠᠶ᠋ᠢᠨ᠎ᠠ᠃
(ᠬᠤᠶᠠᠷ) ᠴᠢᠬᠤᠯᠠ ᠶᠡᠭᠡ ᠣᠷᠣᠨ ᠪᠦᠰᠡ ᠵᠢᠨ ᠪᠠᠶ᠋ᠢᠯᠳᠤᠬᠤ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠵᠢ ᠠᠬᠢᠭᠤᠯᠤᠨ᠎ᠠ᠃ ᠥᠪᠥᠷ ᠮᠣᠩᠭᠤᠯ᠎ᠤᠨ ᠵᠡᠭᠦᠨ ᠬᠡᠰᠡᠭ᠎ᠢ ᠮᠠᠨᠳᠤᠭᠤᠯᠤᠨ ᠬᠥᠭᠵᠢᠭᠦᠯᠬᠦ᠎ᠳᠤ ᠰᠢᠨ᠎ᠡ ᠰᠢᠪᠲᠤᠯᠤᠯᠲᠠ ᠭᠠᠷᠭ᠋ᠠᠬᠤ᠎ᠪᠠᠷ ᠴᠢᠷᠮᠠᠶ᠋ᠢᠨ᠂ ᠥᠪᠡᠷᠲᠡᠭᠡᠨ ᠵᠠᠰᠠᠬᠤ ᠣᠷᠣᠨ᠎ᠤ ᠶᠡᠷᠦᠩᠬᠡᠢ ᠱᠦᠵᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠵᠡᠭᠦᠨ ᠬᠤᠶ᠋ᠢᠲᠤ ᠣᠷᠣᠨ᠎ᠢ ᠪᠥᠬᠦ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠰᠠᠭᠤᠳᠠᠯ᠎ᠤᠨ ᠬᠤᠷᠠᠯ ᠳᠡᠭᠡᠷᠡᠬᠢ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠬᠡᠷᠡᠭᠵᠢᠭᠦᠯᠬᠦ ᠲᠥᠰᠥᠯ᠎ᠢ ᠨᠠᠷᠢᠯᠢᠬ ᠪᠣᠳᠠᠲᠠᠢ ᠨᠠᠶ᠋ᠢᠳᠠᠪᠤᠷᠢᠵᠢᠭᠤᠯᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠤ ᠠᠵᠤ ᠦᠢ᠍ᠯᠡᠰ᠎ᠤᠨ ᠪᠦᠰᠡ ᠵᠢ ᠪᠦᠲᠦᠭᠡᠨ ᠪᠠᠶ᠋ᠢᠭᠤᠯᠵᠤ᠂ ᠥᠪᠥᠷ ᠮᠣᠩᠭᠤᠯ᠎ᠤᠨ ᠵᠡᠭᠦᠨ ᠬᠡᠰᠡᠭ᠎ᠤᠨ ᠠᠵᠤ ᠦᠢ᠍ᠯᠡᠰ᠎ᠤᠨ ᠰᠢᠯᠵᠢᠯᠲᠡ ᠵᠢ ᠳᠠᠭ᠋ᠠᠭ᠋ᠠᠨ ᠠᠪᠴᠤ ᠵᠠᠯᠭ᠋ᠠᠭᠤᠯᠬᠤ ᠵᠢᠨ ᠵᠢᠱ᠌ᠢᠶ᠎ᠡ ᠦᠵᠡᠭᠦᠯᠬᠦ ᠣᠷᠣᠨ᠂ ᠪᠡᠭᠡᠵᠢᠩ ᠥᠪᠥᠷ ᠮᠣᠩᠭᠤᠯ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠠᠵᠤ ᠦᠢ᠍ᠯᠡᠰ᠎ᠤᠨ ᠬᠦᠷᠢᠶᠡᠯᠡᠩ᠂ ᠥᠪᠥᠷ ᠮᠣᠩᠭᠤᠯ᠎ᠤᠨ ᠵᠡᠭᠦᠨ ᠬᠡᠰᠡᠭ᠎ᠤᠨ ᠴᠢᠳᠠᠪᠤᠷᠢᠲᠠᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠬᠦᠷᠢᠶᠡᠯᠡᠩ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠵᠤ᠂ ᠬᠢᠩᠭ᠋ᠠᠨ ᠠᠶ᠋ᠢᠮᠠᠭᠲᠠᠬᠢ ᠤᠯᠤᠰ᠎ᠤᠨ ᠣᠳᠣ ᠦᠶ᠎ᠡ ᠵᠢᠨ ᠮᠠᠯ ᠠᠵᠤ ᠠᠬᠤᠢ ᠵᠢᠨ ᠲᠤᠷᠰᠢᠯᠲᠠ ᠵᠢᠨ ᠲᠣᠭᠤᠷᠢᠭ᠎ᠢ ᠡᠭᠦᠳᠦᠨ ᠪᠠᠶ᠋ᠢᠭᠤᠯᠬᠤ ᠵᠢ ᠠᠬᠢᠭᠤᠯᠤᠨ᠂ ᠤᠯᠠᠭ᠋ᠠᠨᠬᠠᠳᠠ ᠬᠤᠲᠠ ᠵᠢᠨ ᠵᠡᠰ᠎ᠤᠨ ᠪᠦᠯᠦᠭ᠎ᠤᠨ ᠰᠢᠨ᠎ᠡ ᠮᠠᠲ᠋ᠧᠷᠢᠶᠠᠯ ᠪᠠ ᠲᠦᠩᠯᠢᠶᠣᠣ ᠬᠤᠲᠠ᠂ ᠰᠢᠯᠢ ᠵᠢᠨ ᠭᠤᠣᠯ ᠠᠶ᠋ᠢᠮᠠᠭ᠎ᠤᠨ ᠬᠥᠩᠭᠡᠨᠴᠠᠭ᠋ᠠᠨ᠎ᠤ ᠪᠦᠯᠦᠭ᠎ᠤᠨ ᠰᠢᠨ᠎ᠡ ᠮᠠᠲ᠋ᠧᠷᠢᠶᠠᠯ᠎ᠤᠨ ᠠᠵᠤ ᠦᠢ᠍ᠯᠡᠰ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠵᠦ᠂ ᠬᠥᠯᠥᠨ ᠪᠣᠶ᠋ᠢᠷ ᠵᠡᠷᠭᠡ ᠤᠯᠤᠰ᠎ᠤᠨ ᠴᠠᠰᠤ ᠭᠤᠯᠭᠤᠬᠤ ᠵᠢᠭᠤᠯᠴᠢᠯᠠᠯ ᠠᠮᠠᠷᠠᠯᠲᠠ ᠵᠢᠨ ᠭᠠᠵᠠᠷ᠎ᠢ ᠡᠭᠦᠳᠦᠨ ᠪᠠᠶ᠋ᠢᠭᠤᠯᠵᠤ᠂ ᠮᠠᠨᠵᠤᠤᠷ᠂ ᠡᠷᠢᠶᠡᠨ ᠬᠤᠲᠠ ᠵᠢᠨ ᠶᠡᠷᠦᠩᠬᠡᠶ᠋ᠢᠯᠡᠭᠰᠡᠨ ᠬᠦᠢ᠍ᠰᠦ ᠬᠢᠯᠢ ᠵᠢᠨ ᠪᠣᠭᠤᠮᠲᠠ ᠵᠢ ᠬᠦᠴᠦ᠎ᠪᠠᠨ ᠲᠥᠪᠯᠡᠷᠡᠭᠦᠯᠦᠨ ᠴᠣᠭᠴᠠᠯᠠᠨ᠎ᠠ᠃ ᠪᠠᠷᠠᠭᠤᠨ ᠬᠡᠰᠡᠭ᠎ᠤᠨ ᠭᠠᠵᠠᠷ ᠣᠷᠣᠨ᠎ᠢ ᠶᠡᠭᠡ᠎ᠪᠠᠷ ᠨᠡᠭᠡᠭᠡᠨ ᠬᠥᠭᠵᠢᠭᠦᠯᠬᠦ ᠪᠠᠶ᠋ᠢᠯᠳᠤᠬᠤ ᠪᠣᠳᠣᠯᠭ᠎ᠠ ᠵᠢ ᠨᠠᠶ᠋ᠢᠳᠠᠪᠤᠷᠢᠵᠢᠭᠤᠯᠤᠨ᠂ ᠪᠠᠷᠠᠭᠤᠨ ᠬᠡᠰᠡᠭ᠎ᠤᠨ ᠭᠠᠵᠠᠷ ᠣᠷᠣᠨ᠎ᠤ ᠵᠣᠷᠢᠬ᠍ᠵᠢᠭᠤᠯᠬᠤ ᠲᠥᠷᠥᠯ᠎ᠤᠨ ᠠᠵᠤ ᠦᠢ᠍ᠯᠡᠰ᠎ᠤᠨ ᠭᠠᠷᠴᠠᠭ᠎ᠢ ᠲᠣᠬᠢᠷᠠᠭᠤᠯᠬᠤ ᠬᠠᠮᠵᠢᠯᠴᠠᠭ᠋ᠠᠨ᠎ᠤ ᠠᠵᠢᠯ᠎ᠢ ᠰᠠᠶ᠋ᠢᠲᠤᠷ ᠬᠢᠨ᠎ᠡ᠃ ᠬᠠᠳᠤᠨ ᠭᠤᠣᠯ᠎ᠤᠨ ᠰᠠᠪᠠ ᠭᠠᠵᠠᠷ᠎ᠤᠨ ᠠᠮᠢ ᠠᠬᠤᠢ ᠵᠢᠨ ᠬᠠᠮᠠᠭ᠋ᠠᠯᠠᠯᠲᠠ ᠪᠠ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠤᠨ᠂ ᠬᠠᠳᠤᠨ ᠭᠤᠣᠯ᠎ᠤᠨ ᠶᠡᠭᠡ ᠬᠠᠮᠠᠭ᠋ᠠᠯᠠᠯᠲᠠ ᠶᠡᠭᠡ ᠵᠠᠰᠠᠯᠲᠠ᠎ᠳᠤ ᠰᠢᠨ᠎ᠡ ᠦᠷ᠎ᠡ ᠠᠰᠢᠭᠲᠠᠢ ᠪᠣᠯᠭ᠋ᠠᠬᠤ᠎ᠪᠠᠷ ᠴᠢᠷᠮᠠᠶ᠋ᠢᠨ᠎ᠠ᠃ ᠬᠥᠬᠡᠬᠤᠲᠠ ᠪᠤᠭᠤᠲᠤ ᠣᠷᠳᠣᠰ ᠤᠯᠠᠭ᠋ᠠᠨᠴᠠᠪ᠎ᠤᠨ ᠬᠤᠲᠠ ᠵᠢᠨ ᠪᠦᠯᠦᠭᠵᠢᠯ᠎ᠢ ᠲᠦᠷᠭᠡᠳᠭᠡᠨ ᠪᠦᠲᠦᠭᠡᠨ ᠪᠠᠶ᠋ᠢᠭᠤᠯᠵᠤ᠂ ᠬᠥᠬᠡᠬᠤᠲᠠ ᠪᠤᠭᠤᠲᠤ ᠣᠷᠳᠣᠰ ᠤᠯᠠᠭ᠋ᠠᠨᠴᠠᠪ᠎ᠢ ᠨᠢᠭᠡ ᠴᠣᠭᠴᠠᠵᠢᠭᠤᠯᠤᠨ ᠬᠥᠭᠵᠢᠭᠦᠯᠬᠦ ᠵᠢ ᠠᠬᠢᠭᠤᠯᠬᠤ ᠠᠷᠭ᠎ᠠ ᠬᠡᠮᠵᠢᠶ᠎ᠡ᠎ᠨᠦᠭᠦᠳ᠎ᠢ ᠨᠠᠶ᠋ᠢᠳᠠᠪᠤᠷᠢᠵᠢᠭᠤᠯᠵᠤ᠂ ᠬᠥᠬᠡᠬᠤᠲᠠ ᠪᠤᠭᠤᠲᠤ ᠵᠢ ᠨᠢᠭᠡ ᠬᠤᠲᠠᠵᠢᠭᠤᠯᠤᠨ ᠬᠥᠭᠵᠢᠭᠦᠯᠬᠦ ᠵᠢ ᠳᠡᠮᠵᠢᠨ᠎ᠡ᠃
(ᠭᠤᠷᠪᠠ) ᠣᠷᠣᠨ ᠪᠦᠰᠡ ᠵᠢᠨ ᠬᠤᠭᠤᠷᠣᠨᠳᠤᠬᠢ ᠬᠠᠮᠲᠤᠷᠠᠯᠴᠠᠭ᠎ᠠ ᠵᠢ ᠤᠯᠠᠮ ᠨᠢᠭᠡ ᠠᠯᠬᠤᠮ ᠴᠢᠩᠭ᠋ᠠᠳᠬᠠᠨ᠎ᠠ᠃ ᠪᠡᠭᠡᠵᠢᠩ ᠲᠢᠶᠠᠨᠵᠢᠨ ᠾᠧᠪᠧᠢ᠂ ᠬᠥᠬᠡᠮᠥ᠋ᠷᠡᠨ᠎ᠤ ᠭᠤᠷᠪᠠᠯᠵᠢᠨ ᠬᠤᠶ᠋ᠢᠭ ᠵᠡᠷᠭᠡ ᠣᠷᠣᠨ ᠪᠦᠰᠡ᠎ᠯᠦᠭᠡ ᠵᠢᠨ ᠬᠠᠮᠲᠤᠷᠠᠯᠴᠠᠭ᠎ᠠ᠎ᠪᠠᠨ ᠭᠦᠨᠵᠡᠭᠡᠶ᠋ᠢᠷᠡᠭᠦᠯᠦᠨ᠂ ᠪᠡᠭᠡᠵᠢᠩ ᠲᠢᠶᠠᠨᠵᠢᠨ ᠾᠧᠪᠧᠢ ᠵᠢᠨ ᠬᠠᠮᠵᠢᠯᠴᠠᠭ᠋ᠠᠨ᠎ᠤ ᠬᠥᠭᠵᠢᠯᠲᠡ᠎ᠳᠤ ᠢᠳᠡᠪᠬᠢᠲᠡᠢ ᠠᠭᠤᠰᠤᠯᠴᠠᠨ᠂ ᠪᠡᠭᠡᠵᠢᠩ ᠥᠪᠥᠷ ᠮᠣᠩᠭᠤᠯ᠎ᠤᠨ ᠬᠠᠮᠵᠢᠯᠴᠠᠭ᠋ᠠᠨ᠎ᠤ ᠵᠢᠷᠭᠤᠭ᠋ᠠᠨ 《ᠳᠠᠬᠢᠨ ᠵᠶ᠋ᠠᠷ ᠨᠡᠮᠡᠭᠳᠡᠭᠦᠯᠬᠦ ᠲᠥᠯᠥᠪᠯᠡᠭᠡ》 ᠵᠢ ᠦᠷᠭᠦᠯᠵᠢᠯᠡᠨ ᠠᠬᠢᠭᠤᠯᠤᠨ᠎ᠠ᠃ ᠭᠤᠸᠠᠩᠳᠦ᠋ᠩ ᠥᠪᠥᠷ ᠮᠣᠩᠭᠤᠯ᠎ᠤᠨ ᠪᠠᠶ᠋ᠢᠯᠳᠤᠬᠤ ᠪᠣᠳᠣᠯᠭ᠎ᠠ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ᠎ᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠤᠨ᠂ ᠥᠪᠥᠷ ᠮᠣᠩᠭᠤᠯ ᠬᠥᠬᠡᠨᠠᠭᠤᠷ᠂ ᠥᠪᠥᠷ ᠮᠣᠩᠭᠤᠯ ᠭᠠᠨᠰᠦ᠂ ᠥᠪᠥᠷ ᠮᠣᠩᠭᠤᠯ ᠱᠠᠨᠰᠢ᠂ ᠱᠠᠩᠬᠠᠢ ᠥᠪᠥᠷ ᠮᠣᠩᠭᠤᠯ᠎ᠤᠨ ᠵᠥᠪᠯᠡᠯᠴᠡᠭᠡᠷ᠎ᠤᠨ ᠡᠯ᠎ᠡ ᠵᠦᠢ᠍ᠯ᠎ᠤᠨ ᠡᠭᠦᠷᠭᠡ ᠵᠢ ᠪᠣᠳᠠᠲᠠᠶ᠋ᠢᠵᠢᠭᠤᠯᠬᠤ ᠵᠢ ᠠᠬᠢᠭᠤᠯᠤᠨ᠎ᠠ᠃ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠡᠷᠴᠢᠮ ᠵᠶ᠋ᠠᠨ ᠴᠢᠩᠭ᠋ᠠᠷᠠᠭᠤᠯᠵᠤ᠂ ᠤᠯᠤᠰ᠎ᠤᠨ ᠤᠮᠠᠷᠠᠰᠢ ᠨᠡᠭᠡᠭᠡᠯᠲᠡ ᠬᠢᠬᠦ ᠠᠵᠤ ᠠᠬᠤᠢ ᠠᠷᠠᠯᠵᠢᠶᠠᠨ᠎ᠤ ᠬᠡᠯᠡᠯᠴᠡᠭᠡ᠂ ᠳᠡᠯᠡᠬᠡᠢ ᠵᠢᠨ ᠰᠢᠨ᠎ᠡ ᠡᠨᠧᠷᠭᠢ ᠰᠢᠨ᠎ᠡ ᠮᠠᠲ᠋ᠧᠷᠢᠶᠠᠯ᠎ᠤᠨ ᠶᠡᠭᠡ ᠬᠤᠷᠠᠯ᠂ ᠰᠢᠶᠠᠩᠭ᠋ᠠᠩ ᠣᠣᠮᠧᠨ᠎ᠤ ᠠᠵᠤ ᠠᠬᠤᠢ ᠠᠷᠠᠯᠵᠢᠶᠠᠨ᠎ᠤ ᠠᠵᠢᠯᠯᠠᠭ᠎ᠠ ᠵᠢᠨ ᠭᠠᠷᠠᠭ ᠵᠡᠷᠭᠡ ᠥᠨᠳᠥᠷ ᠴᠢᠳᠠᠪᠤᠷᠢ ᠳᠡᠰ᠎ᠤᠨ ᠬᠤᠳᠠᠯᠳᠤᠭ᠋ᠠᠴᠢᠨ ᠤᠷᠢᠬᠤ ᠲᠠᠪᠴᠠᠩ᠎ᠢ ᠦᠷᠭᠦᠯᠵᠢᠯᠡᠨ ᠰᠠᠶ᠋ᠢᠲᠤᠷ ᠡᠷᠬᠢᠯᠡᠨ᠂ ᠠᠵᠤ ᠦᠢ᠍ᠯᠡᠰ᠎ᠤᠨ ᠬᠡᠯᠬᠢᠶᠡᠨ᠎ᠤ ᠲᠤᠰᠬᠠᠢ ᠰᠡᠳᠦᠪ ᠵᠶ᠋ᠠᠷ ᠬᠤᠳᠠᠯᠳᠤᠭ᠋ᠠᠴᠢᠨ ᠤᠷᠢᠬᠤ ᠵᠡᠷᠭᠡ 《ᠪᠡᠯᠡ ᠣᠷᠤᠭᠤᠯᠤᠯᠲᠠ ᠵᠢᠨ ᠥᠪᠥᠷ ᠮᠣᠩᠭᠤᠯ》 ᠰᠢᠷᠢᠰ ᠬᠤᠳᠠᠯᠳᠤᠭ᠋ᠠᠴᠢᠨ ᠤᠷᠢᠬᠤ ᠠᠵᠢᠯᠯᠠᠭ᠎ᠠ ᠵᠢ ᠥᠷᠨᠢᠭᠦᠯᠵᠦ᠂ ᠵᠥᠪᠯᠡᠯᠴᠡᠭᠡᠷ ᠲᠣᠬᠢᠷᠠᠭᠰᠠᠨ ᠲᠥᠷᠥᠯ ᠵᠦᠢ᠍ᠯ᠎ᠢ ᠪᠣᠳᠠᠲᠠᠶ᠋ᠢᠵᠢᠭᠤᠯᠵᠤ ᠮᠥᠷᠳᠡᠨ ᠳᠠᠭ᠋ᠠᠬᠤ ᠦᠢ᠍ᠯᠡᠴᠢᠯᠡᠭᠡ᠎ᠪᠠᠨ ᠴᠢᠩᠭ᠋ᠠᠳᠬᠠᠨ᠂ ᠪᠥᠬᠦ ᠵᠢᠯ᠎ᠳᠤ ᠡᠯ᠎ᠡ ᠲᠥᠷᠥᠯ᠎ᠤᠨ ᠬᠤᠳᠠᠯᠳᠤᠭ᠋ᠠᠴᠢᠨ ᠤᠷᠢᠬᠤ ᠠᠵᠢᠯᠯᠠᠭ᠎ᠠ ᠵᠢ 150 ᠲᠠᠯᠠᠪᠠᠢ ᠣᠷᠴᠢᠮ ᠥᠷᠨᠢᠭᠦᠯᠵᠦ᠂ ᠠᠵᠤ ᠦᠢ᠍ᠯᠡᠰ᠎ᠤᠨ ᠬᠡᠯᠬᠢᠶᠡᠨ᠎ᠳᠤ ᠳᠤᠲᠠᠭᠤᠳᠠᠯ᠎ᠲᠠᠢ ᠬᠠᠷᠠᠯᠲᠠᠲᠤ ᠠᠵᠤ ᠠᠬᠤᠶ᠋ᠢᠯᠠᠯ᠎ᠢ 1000᠎ᠠᠴᠠ ᠳᠡᠭᠡᠭᠰᠢ ᠵᠣᠬᠢᠶᠠᠨ ᠪᠠᠶ᠋ᠢᠭᠤᠯᠤᠨ ᠵᠣᠯᠭ᠋ᠠᠭᠤᠯᠵᠤ᠂ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠤᠭᠰᠠᠨ ᠤᠯᠤᠰ᠎ᠤᠨ ᠳᠣᠲᠣᠭ᠋ᠠᠳᠤᠬᠢ ᠪᠣᠳᠠᠲᠠᠶ᠋ᠢᠵᠢᠭᠰᠠᠨ ᠪᠡᠯᠡ ᠮᠥᠩᠭᠦ ᠵᠢ 5500 ᠳ᠋ᠦᠩᠰᠢᠭᠤᠷ ᠲᠥᠭᠦᠷᠢᠭ᠎ᠠᠴᠠ ᠳᠣᠣᠷ᠎ᠠ ᠦᠭᠡᠢ ᠪᠠᠶ᠋ᠢᠯᠭ᠋ᠠᠬᠤ᠎ᠪᠠᠷ ᠴᠢᠷᠮᠠᠶ᠋ᠢᠨ᠎ᠠ᠃
ᠶᠢᠰᠦ᠂ ᠠᠷᠠᠳ᠎ᠤᠨ ᠠᠮᠢᠳᠤᠷᠠᠯ᠎ᠢ ᠪᠠᠲᠤᠯᠠᠨ ᠰᠠᠶ᠋ᠢᠵᠢᠷᠠᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠳᠤᠯᠠᠭ᠋ᠠᠯᠠᠭ᠎ᠠ ᠵᠢᠨ ᠢᠨᠵᠧᠨᠧᠷᠢᠩ᠎ᠢ ᠲᠦᠷᠭᠡᠳᠭᠡᠨ ᠬᠡᠷᠡᠭᠵᠢᠭᠦᠯᠦᠨ᠎ᠡ
ᠴᠢᠳᠠᠯ ᠵᠶ᠋ᠠᠷ ᠵᠶ᠋ᠠᠨ ᠴᠢᠷᠮᠠᠶ᠋ᠢᠨ᠂ ᠴᠢᠳᠠᠯ᠎ᠤᠨ ᠵᠶ᠋ᠠᠨ ᠬᠢᠷᠢ᠎ᠪᠠᠷ ᠬᠢᠬᠦ ᠵᠢ ᠪᠠᠷᠢᠮᠲᠠᠯᠠᠵᠤ᠂ ᠳᠤᠯᠠᠭ᠋ᠠᠯᠠᠭ᠎ᠠ ᠵᠢᠨ ᠢᠨᠵᠧᠨᠧᠷᠢᠩ᠎ᠤᠨ ᠬᠡᠷᠡᠭᠵᠢᠭᠦᠯᠬᠦ ᠲᠥᠰᠥᠯ᠎ᠢ ᠨᠠᠶ᠋ᠢᠳᠠᠪᠤᠷᠢᠵᠢᠭᠤᠯᠤᠨ᠂ ᠠᠷᠠᠳ᠎ᠤᠨ ᠠᠮᠢᠳᠤᠷᠠᠯ᠎ᠤᠨ ᠨᠠᠭ᠋ᠠᠲᠤ ᠵᠠᠬ᠎ᠠ ᠵᠢᠨ ᠪᠠᠲᠤᠯᠠᠭ᠎ᠠ ᠵᠢ ᠣᠨᠣᠪᠴᠢᠲᠠᠢ ᠪᠠᠲᠤᠲᠠᠢ ᠪᠠᠲᠤᠯᠠᠵᠤ᠂ ᠠᠷᠠᠳ ᠣᠯᠠᠨ᠎ᠤ ᠬᠦᠷᠲᠡᠮᠵᠢ ᠵᠢᠨ ᠲᠥᠷᠥᠭᠳᠡᠯ᠂ ᠵᠣᠯ ᠵᠢᠷᠭ᠋ᠠᠯᠲᠤ ᠲᠥᠷᠥᠭᠳᠡᠯ᠂ ᠠᠮᠤᠷ ᠲᠦᠪᠰᠢᠨ᠎ᠤ ᠲᠥᠷᠥᠭᠳᠡᠯ᠎ᠢ ᠨᠡᠮᠡᠭᠳᠡᠭᠦᠯᠦᠨ᠎ᠡ᠃
(ᠨᠢᠭᠡ) ᠣᠯᠠᠨ ᠲᠦᠮᠡᠨ᠎ᠤ ᠠᠮᠢᠳᠤᠷᠠᠯ᠎ᠤᠨ ᠣᠷᠴᠢᠨ ᠨᠦᠭᠦᠴᠡᠯ᠎ᠢ ᠬᠦᠴᠦᠯᠡᠨ ᠰᠠᠶ᠋ᠢᠵᠢᠷᠠᠭᠤᠯᠤᠨ᠎ᠠ᠃ ᠪᠡᠯᠡ ᠮᠥᠩᠭᠦᠨ᠎ᠤ ᠣᠷᠤᠭᠤᠯᠤᠯᠲᠠ ᠵᠢᠨ ᠡᠷᠴᠢᠮ ᠵᠶ᠋ᠠᠨ ᠴᠢᠩᠭ᠋ᠠᠷᠠᠭᠤᠯᠵᠤ᠂ ᠪᠠᠶ᠋ᠢᠭᠤᠯᠤᠯ ᠲᠣᠭᠲᠠᠴᠠ ᠵᠢᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ᠂ ᠳᠤᠯᠠᠭ᠋ᠠᠯᠠᠭ᠎ᠠ ᠬᠠᠩᠭ᠋ᠠᠬᠤ ᠢᠯᠴᠢ ᠬᠠᠩᠭ᠋ᠠᠬᠤ ᠰᠢᠨ᠎ᠡ ᠬᠡᠯᠪᠡᠷᠢ ᠵᠢᠨ ᠣᠶᠤᠨᠲᠤ ᠵᠠᠭᠪᠤᠷ᠎ᠢ ᠪᠠᠶ᠋ᠢᠭᠤᠯᠬᠤ᠎ᠪᠠᠷ ᠰᠦᠪᠡᠭᠴᠢᠯᠡᠵᠦ᠂ ᠰᠢᠲᠠᠮᠠᠬᠠᠢ ᠬᠡᠢ᠂ ᠤᠰᠤ ᠬᠠᠩᠭ᠋ᠠᠵᠤ ᠭᠠᠳᠠᠭᠰᠢᠯᠠᠭᠤᠯᠬᠤ᠂ ᠢᠯᠴᠢ ᠬᠠᠩᠭ᠋ᠠᠬᠤ ᠬᠤᠭᠤᠯᠠᠢ ᠭᠤᠤᠷᠰᠤ ᠵᠢᠨ ᠲᠣᠣᠷ᠎ᠢ 1500 ᠺᠢᠯᠣᠮᠧᠲᠷ ᠰᠢᠨᠡᠳᠭᠡᠵᠦ ᠥᠭᠡᠷᠡᠴᠢᠯᠡᠨ ᠰᠠᠶ᠋ᠢᠵᠢᠷᠠᠭᠤᠯᠤᠨ᠎ᠠ᠃ ᠪᠠᠲᠤᠯᠠᠭ᠎ᠠ ᠵᠢᠨ ᠴᠢᠨᠠᠷᠲᠠᠢ ᠲᠦᠷᠢᠶᠡᠰᠦᠨ ᠣᠷᠣᠨ ᠰᠠᠭᠤᠴᠠ ᠵᠢ 1.69 ᠲᠦᠮᠡᠨ ᠢᠵᠢ (ᠲᠠᠰᠤᠯᠭ᠎ᠠ) ᠪᠠᠶ᠋ᠢᠭᠤᠯᠵᠤ᠂ ᠬᠤᠲᠠ ᠪᠠᠯᠭ᠋ᠠᠰᠤᠨ᠎ᠤ ᠬᠠᠭᠤᠴᠢᠨ ᠰᠠᠭᠤᠭ᠋ᠠᠯᠢ ᠲᠣᠭᠤᠷᠢᠭ᠎ᠢ 1185᠂ ᠬᠤᠲᠠ ᠪᠠᠯᠭ᠋ᠠᠰᠤᠨ᠎ᠤ ᠨᠤᠷᠠᠬᠤ ᠠᠶᠤᠯᠲᠠᠢ ᠬᠠᠭᠤᠴᠢᠨ ᠭᠡᠷ ᠪᠠᠶ᠋ᠢᠰᠢᠩ᠎ᠢ 1500 ᠢᠵᠢ᠂ ᠲᠠᠷᠢᠶᠠᠯᠠᠬᠤ ᠮᠠᠯᠵᠢᠬᠤ ᠣᠷᠣᠨ᠎ᠤ ᠨᠤᠷᠠᠬᠤ ᠠᠶᠤᠯᠲᠠᠢ ᠭᠡᠷ ᠪᠠᠶ᠋ᠢᠰᠢᠩ᠎ᠢ 3419 ᠡᠷᠦᠬᠡ ᠥᠭᠡᠷᠡᠴᠢᠯᠡᠨ ᠰᠢᠨᠡᠳᠭᠡᠵᠦ᠂ 1.3 ᠲᠦᠮᠡᠨ ᠡᠷᠦᠬᠡ ᠣᠨᠴᠠᠭ᠋ᠠᠢ ᠬᠦᠴᠢᠷᠳᠡᠯᠲᠡᠢ ᠨᠠᠰᠤᠲᠠᠶ᠋ᠢᠴᠤᠳ᠎ᠤᠨ ᠭᠡᠷ ᠪᠦᠯᠢ ᠵᠢ ᠥᠲᠡᠭᠦᠰ᠎ᠲᠤ ᠲᠣᠬᠢᠷᠠᠭᠤᠯᠬᠤ᠎ᠪᠠᠷ ᠥᠭᠡᠷᠡᠴᠢᠯᠡᠨ ᠰᠢᠨᠡᠳᠭᠡᠬᠦ ᠵᠢ ᠪᠡᠶᠡᠯᠡᠭᠦᠯᠵᠦ᠂ ᠬᠥᠬᠡᠬᠤᠲᠠ ᠵᠢ ᠪᠠᠲᠤᠯᠠᠭ᠎ᠠ ᠵᠢᠨ ᠴᠢᠨᠠᠷᠲᠠᠢ ᠣᠷᠣᠨ ᠰᠠᠭᠤᠴᠠ ᠵᠢ ᠲᠥᠯᠥᠪᠵᠢᠭᠦᠯᠦᠨ ᠪᠠᠶ᠋ᠢᠭᠤᠯᠬᠤ ᠪᠠ ᠬᠤᠲᠠ ᠵᠢᠨ ᠳᠤᠮᠳᠠᠬᠢ ᠲᠣᠰᠬᠤᠨ᠎ᠢ ᠥᠭᠡᠷᠡᠴᠢᠯᠡᠨ ᠰᠢᠨᠡᠳᠭᠡᠬᠦ ᠵᠢ ᠳᠡᠮᠵᠢᠬᠦ ᠬᠤᠲᠠ᠎ᠳᠤ ᠵᠢᠭᠰᠠᠭ᠋ᠠᠬᠤ᠎ᠪᠠᠷ ᠴᠢᠷᠮᠠᠶ᠋ᠢᠨ᠎ᠠ᠃ ᠲᠥᠷᠥᠯ ᠬᠤᠪᠢᠶᠠᠨ ᠡᠮᠬᠢ ᠳᠠᠷᠠᠭ᠎ᠠ᠎ᠲᠠᠢ᠎ᠪᠠᠷ ᠨᠢᠭᠡ ᠪᠦᠯᠦᠭ ᠬᠤᠲᠠ ᠵᠢᠨ ᠣᠯᠠᠨ ᠨᠡᠶ᠋ᠢᠲᠡ ᠵᠢᠨ ᠴᠠᠬᠢᠯᠭ᠋ᠠᠨ ᠴᠡᠨᠡᠭᠯᠡᠬᠦ ᠱᠣᠩ᠎ᠢ ᠪᠠᠶ᠋ᠢᠭᠤᠯᠤᠨ᠂ ᠲᠡᠷᠭᠡᠨ ᠵᠣᠭᠰᠣᠭ᠋ᠠᠯ᠎ᠤᠨ ᠬᠠᠩᠭ᠋ᠠᠯᠭ᠎ᠠ ᠵᠢ ᠨᠡᠮᠡᠭᠳᠡᠭᠦᠯᠦᠨ᠎ᠡ᠃
(ᠬᠤᠶᠠᠷ) ᠨᠡᠶ᠋ᠢᠭᠡᠮ᠎ᠤᠨ ᠪᠠᠲᠤᠯᠠᠭ᠎ᠠ ᠵᠢᠨ ᠲᠣᠭᠲᠠᠯᠴᠠᠭ᠎ᠠ ᠵᠢ ᠦᠷᠭᠦᠯᠵᠢᠯᠡᠨ ᠲᠡᠭᠦᠯᠳᠡᠷᠵᠢᠭᠦᠯᠦᠨ᠎ᠡ᠃ ᠨᠡᠶ᠋ᠢᠭᠡᠮ᠎ᠤᠨ ᠪᠠᠲᠤᠯᠠᠭ᠎ᠠ ᠵᠢᠨ ᠥᠭᠡᠷᠡᠴᠢᠯᠡᠯᠲᠡ ᠴᠢᠨᠠᠷ᠎ᠢ᠎ᠨᠢ ᠳᠡᠭᠡᠭᠰᠢᠯᠡᠭᠦᠯᠬᠦ ᠢᠨᠵᠧᠨᠧᠷᠢᠩ᠎ᠢ ᠭᠦᠨᠵᠡᠭᠡᠢ ᠬᠡᠷᠡᠭᠵᠢᠭᠦᠯᠦᠨ᠂ ᠠᠵᠤ ᠠᠬᠤᠶ᠋ᠢᠯᠠᠯ᠎ᠤᠨ ᠠᠵᠢᠯᠲᠠᠨ ᠠᠵᠢᠯᠴᠢᠨ᠎ᠤ ᠨᠠᠰᠤᠵᠢᠯ᠎ᠤᠨ ᠳᠠᠭ᠋ᠠᠳᠬᠠᠯ᠎ᠤᠨ ᠪᠥᠬᠦ ᠤᠯᠤᠰ᠎ᠤᠨ ᠨᠢᠭᠡᠳᠦᠯᠲᠡᠢ ᠲᠥᠯᠥᠪᠯᠡᠬᠦ ᠪᠠ ᠬᠦᠴᠢᠷᠳᠡᠯᠲᠡᠢ ᠬᠥᠮᠥᠰ᠎ᠤᠨ ᠬᠤᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠦᠨᠳᠦᠰᠦᠨ ᠳᠠᠭ᠋ᠠᠳᠬᠠᠯ᠎ᠤᠨ ᠰᠦᠢ᠍ᠳᠬᠡᠯ᠎ᠢ ᠣᠷᠣᠯᠠᠨ ᠲᠤᠰᠢᠶᠠᠬᠤ ᠲᠥᠷᠥ ᠵᠢᠨ ᠪᠣᠳᠣᠯᠭ᠎ᠠ ᠵᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠵᠤ᠂ ᠨᠠᠰᠤᠵᠢᠯ᠎ᠤᠨ ᠳᠠᠭ᠋ᠠᠳᠬᠠᠯ᠎ᠳᠤ ᠣᠷᠣᠯᠴᠠᠭᠰᠠᠨ ᠬᠥᠮᠥᠨ᠎ᠤ ᠲᠤᠭ᠎ᠠ ᠵᠢ 1769 ᠲᠦᠮᠡᠨ ᠬᠥᠮᠥᠨ᠎ᠳᠤ ᠬᠦᠷᠦᠭᠦᠯᠦᠨ᠎ᠡ᠃ ᠣᠷᠣᠯᠭ᠎ᠠ ᠪᠠᠭ᠋ᠠᠲᠠᠢ ᠬᠥᠮᠥᠨ ᠠᠮᠠ ᠵᠢᠨ ᠬᠥᠳᠡᠯᠦᠩᠭᠦᠢ ᠬᠢᠨᠠᠨ ᠰᠢᠨᠵᠢᠯᠲᠡ ᠵᠢ ᠴᠢᠩᠭ᠋ᠠᠳᠬᠠᠵᠤ᠂ ᠳᠡᠰ ᠳᠠᠪᠬᠤᠷᠭ᠎ᠠ ᠲᠥᠷᠥᠯ ᠬᠤᠪᠢᠶᠠᠭᠰᠠᠨ ᠨᠡᠶ᠋ᠢᠭᠡᠮ᠎ᠤᠨ ᠠᠪᠤᠷᠠᠨ ᠲᠤᠰᠠᠯᠠᠯᠲᠠ ᠵᠢᠨ ᠲᠣᠭᠲᠠᠯᠴᠠᠭ᠎ᠠ ᠵᠢ ᠪᠦᠷᠢᠨᠰᠢᠭᠦᠯᠦᠨ᠂ ᠰᠠᠭᠤᠭ᠋ᠠᠯᠢ ᠠᠷᠠᠳ᠎ᠤᠨ ᠣᠷᠣᠯᠭ᠎ᠠ ᠵᠢ ᠴᠢᠷᠮᠠᠶ᠋ᠢᠨ ᠨᠡᠮᠡᠭᠳᠡᠭᠦᠯᠵᠤ᠂ ᠬᠥᠳᠡᠯᠮᠦᠷᠢ ᠵᠢᠨ ᠬᠠᠷᠢᠴᠠᠭ᠎ᠠ ᠵᠢᠨ ᠵᠠᠰᠠᠯᠲᠠ ᠵᠢᠨ ᠴᠢᠨᠠᠷ᠎ᠢ ᠳᠡᠭᠡᠭᠰᠢᠯᠡᠭᠦᠯᠬᠦ ᠢᠨᠵᠧᠨᠧᠷᠢᠩ᠎ᠢ ᠬᠡᠷᠡᠭᠵᠢᠭᠦᠯᠵᠦ᠂ ᠦᠨᠳᠦᠰᠦᠨ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠵᠢᠨ ᠪᠠᠷᠢᠮᠵᠢᠶ᠎ᠠ ᠵᠢ ᠦᠨᠡᠨ ᠬᠦ᠌ ᠪᠥᠬᠦ ᠤᠯᠤᠰ᠎ᠤᠨ ᠳᠤᠮᠳᠠᠴᠢ ᠲᠦᠪᠰᠢᠨ᠎ᠳᠤ ᠬᠦᠷᠭᠡᠬᠦ ᠪᠤᠶᠤ ᠳᠠᠪᠠᠭᠤᠯᠤᠨ᠎ᠠ᠃ ᠪᠤᠭᠤᠷᠤᠯᠴᠤᠳ᠎ᠤᠨ ᠠᠵᠤ ᠠᠬᠤᠢ ᠵᠢ ᠬᠥᠭᠵᠢᠭᠦᠯᠵᠦ᠂ ᠰᠤᠮᠤ ᠰᠢᠶᠠᠩ ᠪᠠᠯᠭ᠋ᠠᠰᠤᠨ᠎ᠤ ᠣᠷᠣᠨ ᠪᠦᠰᠡ ᠵᠢᠨ ᠨᠠᠰᠤᠵᠢᠯ᠎ᠤᠨ ᠦᠢ᠍ᠯᠡᠴᠢᠯᠡᠭᠡᠨ᠎ᠤ ᠲᠥᠪ᠎ᠢ 170᠂ ᠲᠣᠰᠬᠤᠨ᠎ᠤ ᠱᠠᠲᠤᠨ᠎ᠤ ᠨᠠᠰᠤᠵᠢᠯ᠎ᠤᠨ ᠦᠢ᠍ᠯᠡᠴᠢᠯᠡᠭᠡᠨ᠎ᠤ ᠥᠷᠳᠡᠭᠡ ᠵᠢ 1500 ᠪᠠᠷᠢᠯᠭ᠎ᠠ ᠡᠬᠢᠯᠡᠭᠦᠯᠦᠨ ᠪᠠᠶ᠋ᠢᠭᠤᠯᠵᠤ᠂ ᠨᠦᠭᠦᠴᠡᠯ᠎ᠲᠠᠢ ᠭᠠᠵᠠᠷ ᠣᠷᠣᠨ᠎ᠤ ᠨᠠᠰᠤᠲᠠᠶ᠋ᠢᠴᠤᠳ᠎ᠤᠨ ᠬᠤᠭᠤᠯᠠ ᠪᠤᠳᠠᠭ᠎ᠠ᠎ᠳᠤ ᠲᠤᠰᠠᠯᠠᠮᠵᠢ ᠦᠵᠡᠭᠦᠯᠬᠦ ᠦᠢ᠍ᠯᠡᠴᠢᠯᠡᠭᠡ ᠵᠢ ᠨᠠᠰᠤᠵᠢᠯ᠎ᠤᠨ ᠦᠨᠳᠦᠰᠦᠨ ᠦᠢ᠍ᠯᠡᠴᠢᠯᠡᠭᠡᠨ᠎ᠤ ᠲᠣᠳᠣᠷᠬᠠᠢ ᠬᠠᠭᠤᠳᠠᠰᠤᠨ᠎ᠳᠤ ᠣᠷᠣᠭᠤᠯᠬᠤ ᠵᠢ᠎ᠨᠢ ᠠᠬᠢᠭᠤᠯᠤᠨ᠎ᠠ᠃
(ᠭᠤᠷᠪᠠ) ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠰᠤᠷᠭ᠋ᠠᠨ ᠬᠥᠮᠥᠵᠢᠯ᠎ᠤᠨ ᠬᠦᠴᠦᠷᠬᠡᠭ ᠣᠷᠣᠨ᠎ᠤ ᠪᠠᠶ᠋ᠢᠭᠤᠯᠤᠯᠲᠠ ᠵᠢᠨ ᠠᠵᠢᠯᠯᠠᠭ᠋ᠠᠨ᠎ᠤ ᠲᠥᠰᠥᠯ᠎ᠢ ᠨᠡᠶ᠋ᠢᠲᠡᠯᠡᠵᠦ᠂ ᠠᠯᠪᠠᠨ ᠵᠢᠷᠤᠮ᠎ᠤᠨ ᠰᠤᠷᠭ᠋ᠠᠨ ᠬᠥᠮᠥᠵᠢᠯ᠎ᠤᠨ ᠪᠠᠭᠤᠷᠠᠢ ᠭᠤᠭᠴᠤᠭ᠎ᠠ ᠵᠢ ᠥᠭᠡᠷᠡᠴᠢᠯᠡᠨ ᠰᠠᠶ᠋ᠢᠵᠢᠷᠠᠭᠤᠯᠬᠤ ᠪᠠ ᠴᠢᠳᠠᠪᠤᠷᠢ ᠵᠢ ᠳᠡᠭᠡᠭᠰᠢᠯᠡᠭᠦᠯᠬᠦ ᠲᠥᠷᠥᠯ ᠵᠦᠢ᠍ᠯ᠎ᠢ ᠬᠡᠷᠡᠭᠵᠢᠭᠦᠯᠦᠨ᠂ ᠬᠤᠪᠣᠷ ᠰᠢᠷᠣᠢ᠂ ᠰᠦ ᠰᠠᠭ᠋ᠠᠯᠢ ᠵᠢᠨ ᠦᠢ᠍ᠯᠡᠰ᠂ ᠰᠢᠨ᠎ᠡ ᠡᠨᠧᠷᠭᠢ ᠵᠡᠷᠭᠡ ᠳᠡᠭᠡᠳᠦ ᠵᠡᠷᠭᠡ ᠵᠢᠨ ᠰᠤᠳᠤᠯᠭ᠋ᠠᠨ᠎ᠤ ᠬᠦᠷᠢᠶᠡᠯᠡᠩ᠎ᠢ ᠲᠦᠷᠭᠡᠳᠭᠡᠨ ᠪᠠᠶ᠋ᠢᠭᠤᠯᠵᠤ᠂ ᠦᠢ᠍ᠯᠡᠳᠪᠦᠷᠢᠯᠡᠬᠦ ᠵᠢᠭ᠋ᠠᠨ ᠰᠤᠷᠭ᠋ᠠᠬᠤ ᠵᠢ ᠠᠭᠤᠰᠤᠯᠴᠠᠭᠤᠯᠤᠭᠰᠠᠨ ᠬᠡᠯᠪᠡᠷᠢ ᠵᠢᠨ ᠠᠵᠤ ᠠᠬᠤᠶ᠋ᠢᠯᠠᠯ᠎ᠢ 50 ᠪᠣᠶ᠋ᠢᠵᠢᠭᠤᠯᠤᠨ᠎ᠠ᠃ ᠠᠯᠪᠠᠨ᠎ᠠᠴᠠ ᠪᠠᠶ᠋ᠢᠭᠤᠯᠤᠭᠰᠠᠨ ᠬᠡᠦᠬᠡᠳ᠎ᠤᠨ ᠴᠡᠴᠡᠷᠯᠢᠭ᠎ᠤᠨ ᠬᠠᠩᠭ᠋ᠠᠯᠭ᠎ᠠ ᠵᠢ ᠦᠷᠭᠦᠯᠵᠢᠯᠡᠨ ᠥᠷᠭᠡᠳᠭᠡᠵᠦ᠂ ᠰᠤᠷᠭ᠋ᠠᠭᠤᠯᠢ᠎ᠳᠤ ᠣᠷᠣᠬᠤ ᠨᠠᠰᠤᠨ᠎ᠠᠴᠠ ᠡᠮᠦᠨᠡᠬᠢ ᠰᠤᠷᠭ᠋ᠠᠨ ᠬᠥᠮᠥᠵᠢᠯ᠎ᠤᠨ ᠴᠡᠴᠡᠷᠯᠢᠭ᠎ᠲᠤ ᠣᠷᠣᠬᠤ ᠨᠣᠷᠮ᠎ᠠ ᠪᠠ ᠲᠦᠭᠡᠮᠡᠯ ᠬᠠᠷᠠᠭ᠋ᠠᠯᠵᠠᠯᠲᠤ ᠬᠡᠦᠬᠡᠳ᠎ᠤᠨ ᠴᠡᠴᠡᠷᠯᠢᠭ᠎ᠤᠨ ᠪᠦᠷᠬᠦᠭᠦᠯᠬᠦ ᠨᠣᠷᠮ᠎ᠠ ᠵᠢ 90% ᠪᠠ 88%᠎ᠠᠴᠠ ᠳᠡᠭᠡᠭᠰᠢ᠎ᠳᠤ ᠲᠣᠭᠲᠠᠪᠤᠷᠢᠵᠢᠭᠤᠯᠬᠤ ᠵᠢ ᠦᠨᠡᠨ ᠬᠦ᠌ ᠪᠠᠲᠤᠯᠠᠨ᠎ᠠ᠃ ᠠᠯᠪᠠᠨ᠎ᠠᠴᠠ ᠡᠷᠬᠢᠯᠡᠭᠰᠡᠨ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠡᠮᠨᠡᠯᠭᠡ᠎ᠳᠤ ᠰᠠᠭᠤᠬᠤ ᠣᠷᠣ ᠵᠢᠨ ᠭᠠᠷᠳᠠᠮ᠎ᠢ ᠭᠦᠢ᠍ᠴᠡᠳᠭᠡᠬᠦ ᠡᠮᠴᠢᠯᠡᠭᠡᠨ᠎ᠤ ᠲᠤᠷᠰᠢᠯᠲᠠ ᠵᠢᠨ ᠴᠡᠭ᠎ᠢ ᠥᠷᠨᠢᠭᠦᠯᠦᠨ᠂ ᠨᠢᠷᠠᠢ ᠬᠡᠦᠬᠡᠳ᠎ᠤᠨ ᠣᠷᠣ ᠵᠢ 1.5 ᠲᠦᠮᠡ ᠰᠢᠨ᠎ᠡ᠎ᠪᠠᠷ ᠨᠡᠮᠡᠭᠳᠡᠭᠦᠯᠦᠨ᠎ᠡ᠃ ᠤᠯᠤᠰ᠎ᠤᠨ ᠣᠷᠣᠨ ᠪᠦᠰᠡ ᠵᠢᠨ ᠡᠮᠴᠢᠯᠡᠭᠡᠨ᠎ᠤ ᠲᠥᠪ᠎ᠢ ᠴᠢᠨᠠᠷ ᠰᠠᠶ᠋ᠢᠲᠠᠢ ᠪᠦᠲᠦᠭᠡᠨ ᠪᠠᠶ᠋ᠢᠭᠤᠯᠤᠨ᠂ ᠬᠢᠲᠠᠳ (ᠮᠣᠩᠭᠤᠯ) ᠠᠨᠠᠭ᠋ᠠᠬᠤ ᠤᠬᠠᠭ᠋ᠠᠨ᠎ᠤ ᠡᠮᠴᠢᠯᠡᠭᠡᠨ᠎ᠤ ᠲᠣᠭᠲᠠᠯᠴᠠᠭ᠋ᠠᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠤᠶᠠᠳᠤᠭ᠋ᠠᠷ ᠳᠡᠰ ᠵᠢᠴᠢ ᠲᠡᠭᠦᠨ᠎ᠠᠴᠠ ᠳᠡᠭᠡᠭᠰᠢᠬᠢ ᠶᠡᠷᠦᠩᠬᠡᠢ ᠡᠮᠨᠡᠯᠭᠡ ᠵᠢᠨ ᠬᠤᠷᠢᠶᠠᠨ᠎ᠤ ᠨᠠᠰᠤᠲᠠᠶ᠋ᠢᠴᠤᠳ᠎ᠤᠨ ᠡᠮᠴᠢᠯᠡᠭᠡᠨ᠎ᠤ ᠰᠠᠯᠠᠭ᠋ᠠᠨ᠎ᠤ ᠪᠠᠶ᠋ᠢᠭᠤᠯᠤᠯᠲᠠ ᠵᠢ ᠠᠬᠢᠭᠤᠯᠤᠨ᠎ᠠ᠃ ᠪᠡᠶ᠎ᠡ ᠵᠢᠨ ᠲᠠᠮᠢᠷ᠎ᠤᠨ ᠴᠡᠴᠡᠷᠯᠢᠭ᠎ᠢ 20᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠥᠪ᠎ᠢ 6 ᠰᠢᠨ᠎ᠡ᠎ᠪᠠᠷ ᠪᠠᠶ᠋ᠢᠭᠤᠯᠬᠤ ᠥᠭᠡᠷᠡᠴᠢᠯᠡᠨ ᠪᠠᠶ᠋ᠢᠭᠤᠯᠬᠤ ᠪᠠ ᠥᠷᠭᠡᠳᠬᠡᠨ ᠪᠠᠶ᠋ᠢᠭᠤᠯᠵᠤ᠂ ᠠᠷᠪᠠᠨ ᠳᠥᠷᠪᠡᠳᠦᠭᠡᠷ ᠬᠤᠭᠤᠴᠠᠭ᠋ᠠᠨ᠎ᠤ ᠪᠥᠬᠦ ᠤᠯᠤᠰ᠎ᠤᠨ ᠡᠪᠦᠯ᠎ᠤᠨ ᠤᠯᠠᠷᠢᠯ᠎ᠤᠨ ᠲᠠᠮᠢᠷ᠎ᠤᠨ ᠴᠤᠭᠯᠠᠭ᠋ᠠᠨ᠎ᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠡᠷᠬᠢᠯᠡᠨ᠎ᠡ᠃ ᠡᠮᠡᠭᠲᠡᠶ᠋ᠢᠴᠦᠳ ᠬᠡᠦᠬᠡᠳ ᠪᠠᠭ᠋ᠠᠴᠤᠳ᠎ᠤᠨ ᠠᠵᠢᠯ᠎ᠤᠨ ᠡᠷᠴᠢᠮ ᠵᠶ᠋ᠠᠨ ᠴᠢᠩᠭ᠋ᠠᠷᠠᠭᠤᠯᠵᠤ᠂ ᠦᠷᠡᠵᠢᠯ᠎ᠢ ᠳᠡᠮᠵᠢᠬᠦ ᠲᠥᠷᠥ ᠵᠢᠨ ᠪᠣᠳᠣᠯᠭ᠎ᠠ ᠵᠢᠨ ᠲᠣᠭᠲᠠᠯᠴᠠᠭ᠎ᠠ ᠵᠢ ᠲᠡᠭᠦᠯᠳᠡᠷᠵᠢᠭᠦᠯᠦᠨ᠂ ᠬᠡᠦᠬᠡᠳ ᠪᠠᠭ᠋ᠠᠴᠤᠳ (ᠬᠡᠦᠬᠡᠳ ᠪᠠᠭ᠋ᠠᠴᠤᠳ᠎ᠢ ᠬᠠᠮᠠᠭ᠋ᠠᠯᠠᠬᠤ)᠎ᠤᠨ ᠭᠡᠷ᠎ᠢ 50 ᠰᠢᠨ᠎ᠡ᠎ᠪᠠᠷ ᠪᠠᠶ᠋ᠢᠭᠤᠯᠵᠤ᠂ ᠬᠤᠰᠢᠭᠤ ᠰᠢᠶᠠᠨ᠎ᠤ ᠱᠠᠲᠤᠨ᠎ᠤ ᠨᠠᠰᠤᠨ᠎ᠳᠤ ᠦᠯᠦ ᠬᠦᠷᠦᠭᠰᠡᠳ᠎ᠢ ᠠᠪᠤᠷᠠᠨ ᠲᠤᠰᠠᠯᠠᠵᠤ ᠬᠠᠮᠠᠭ᠋ᠠᠯᠠᠬᠤ ᠲᠥᠪ᠎ᠢ 7 ᠪᠠᠶ᠋ᠢᠭᠤᠯᠤᠨ᠎ᠠ᠃
ᠠᠷᠪᠠ᠂ ᠡᠬᠡ ᠤᠯᠤᠰ᠎ᠤᠨ ᠤᠮᠠᠷᠠᠲᠤ ᠬᠢᠯᠢ ᠵᠢᠨ ᠠᠮᠤᠷ ᠲᠦᠪᠰᠢᠨ ᠲᠣᠭᠲᠠᠭᠤᠨ᠎ᠤ ᠬᠠᠯᠬᠠᠪᠴᠢ ᠵᠢ ᠪᠠᠬᠢᠵᠢᠭᠦᠯᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ᠂ ᠴᠢᠨᠠᠷ ᠰᠠᠶ᠋ᠢᠲᠠᠢ ᠬᠥᠭᠵᠢᠯᠲᠡ ᠪᠠ ᠥᠨᠳᠥᠷ ᠲᠦᠪᠰᠢᠨ ᠪᠦᠬᠦᠢ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠨ᠎ᠡ
ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠤᠣᠯ ᠰᠢᠵᠢᠮ ᠵᠶ᠋ᠠᠨ ᠪᠠᠲᠤ ᠴᠢᠩᠭ᠎ᠠ ᠡᠵᠡᠮᠰᠢᠨ᠂ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠬᠥᠮᠥᠵᠢᠯ᠎ᠢ ᠭᠦᠨᠵᠡᠭᠡᠶ᠋ᠢᠷᠡᠭᠦᠯᠵᠦ᠂ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠵᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠬᠢᠯᠢ ᠬᠢᠵᠠᠭ᠋ᠠᠷ᠎ᠤᠨ ᠪᠠᠲᠤ ᠲᠣᠭᠲᠠᠭᠤᠨ᠂ ᠨᠡᠶ᠋ᠢᠭᠡᠮ᠎ᠤᠨ ᠠᠮᠤᠷ ᠲᠣᠭᠲᠠᠭᠤᠨ᠂ ᠠᠷᠠᠳ ᠲᠦᠮᠡᠨ᠎ᠤ ᠠᠮᠤᠷ ᠠᠮᠤᠭᠤᠯᠠᠩ᠎ᠢ ᠠᠬᠢᠭᠤᠯᠤᠨ᠎ᠠ᠃
(ᠨᠢᠭᠡ) ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠠᠵᠢᠯ ᠦᠢ᠍ᠯᠡᠰ᠎ᠢ ᠪᠥᠬᠦ ᠲᠠᠯ᠎ᠠ᠎ᠪᠠᠷ ᠠᠬᠢᠭᠤᠯᠤᠨ᠎ᠠ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢ ᠡᠯ᠎ᠡ ᠵᠦᠢ᠍ᠯ᠎ᠤᠨ ᠠᠵᠢᠯ᠎ᠤᠨ ᠭᠤᠣᠯ ᠰᠢᠵᠢᠮ ᠵᠶ᠋ᠠᠨ ᠪᠣᠯᠭ᠋ᠠᠬᠤ ᠵᠢ ᠠᠵᠤ ᠠᠬᠤᠢ ᠵᠢᠨ ᠪᠦᠲᠦᠭᠡᠨ ᠪᠠᠶ᠋ᠢᠭᠤᠯᠤᠯᠲᠠ᠂ ᠤᠯᠤᠰ ᠲᠥᠷᠥ ᠵᠢᠨ ᠪᠠᠶ᠋ᠢᠭᠤᠯᠤᠯᠲᠠ᠂ ᠰᠣᠶᠣᠯ᠎ᠤᠨ ᠪᠠᠶ᠋ᠢᠭᠤᠯᠤᠯᠲᠠ᠂ ᠨᠡᠶ᠋ᠢᠭᠡᠮ᠎ᠤᠨ ᠪᠠᠶ᠋ᠢᠭᠤᠯᠤᠯᠲᠠ᠂ ᠠᠮᠢ ᠠᠬᠤᠢ ᠪᠣᠯᠪᠠᠰᠤᠨ᠎ᠤ ᠪᠠᠶ᠋ᠢᠭᠤᠯᠤᠯᠲᠠ ᠪᠠ ᠨᠠᠮ᠎ᠤᠨ ᠪᠠᠶ᠋ᠢᠭᠤᠯᠤᠯᠲᠠ ᠵᠡᠷᠭᠡ ᠡᠯ᠎ᠡ ᠵᠦᠢ᠍ᠯ᠎ᠤᠨ ᠠᠵᠢᠯ᠎ᠤᠨ ᠳᠤᠮᠳᠠ᠎ᠪᠠᠨ ᠪᠥᠬᠦ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠭᠤᠣᠯ ᠰᠢᠵᠢᠮ᠎ᠢ ᠪᠥᠬᠦ ᠲᠠᠯ᠎ᠠ᠎ᠪᠠᠷ ᠲᠤᠭᠤᠰᠢᠯᠠᠭᠤᠯᠬᠤ ᠲᠤᠬᠠᠢ ᠥᠪᠡᠷᠲᠡᠭᠡᠨ ᠵᠠᠰᠠᠬᠤ ᠣᠷᠣᠨ᠎ᠤ ᠠᠷᠭ᠎ᠠ ᠬᠡᠮᠵᠢᠶ᠎ᠡ᠎ᠨᠦᠭᠦᠳ᠎ᠢ ᠨᠠᠶ᠋ᠢᠳᠠᠪᠤᠷᠢᠵᠢᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠵᠢᠱ᠌ᠢᠶ᠎ᠡ ᠦᠵᠡᠭᠦᠯᠬᠦ ᠣᠷᠣᠨ᠎ᠢ ᠪᠠᠶ᠋ᠢᠭᠤᠯᠬᠤ᠎ᠪᠠᠷ ᠴᠢᠷᠮᠠᠶ᠋ᠢᠨ᠎ᠠ᠃ 《ᠨᠠᠮ᠎ᠤᠨ ᠠᠴᠢ᠎ᠳᠤ ᠲᠠᠯᠠᠷᠬᠠᠨ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ᠎ᠲᠠᠭᠠᠨ ᠤᠷᠤᠭᠰᠢᠯᠠᠬᠤ》 ᠣᠯᠠᠨ ᠲᠦᠮᠡᠨ᠎ᠤ ᠬᠥᠮᠥᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠪᠠᠶ᠋ᠢᠩᠭᠤᠵᠢᠭᠤᠯᠤᠨ ᠥᠷᠨᠢᠭᠦᠯᠦᠨ᠎ᠡ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠤᠬᠠᠭᠤᠯᠭ᠎ᠠ ᠬᠥᠮᠥᠵᠢᠯ᠎ᠤᠨ ᠡᠷᠴᠢᠮ ᠵᠶ᠋ᠠᠨ ᠴᠢᠩᠭ᠋ᠠᠷᠠᠭᠤᠯᠵᠤ᠂ ᠨᠢᠭᠡ ᠪᠦᠯᠦᠭ ᠬᠥᠮᠥᠵᠢᠯ ᠦᠢ᠍ᠯᠡᠳᠦᠯᠭᠡ ᠵᠢᠨ ᠰᠠᠭᠤᠷᠢᠨ ᠭᠠᠵᠠᠷ᠎ᠢ ᠡᠭᠦᠳᠦᠨ ᠪᠠᠶ᠋ᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠤᠣᠯ ᠰᠢᠵᠢᠮ᠎ᠤᠨ ᠴᠢᠬᠤᠯᠠ ᠶᠡᠭᠡ ᠣᠨᠣᠯ ᠪᠠ ᠦᠢ᠍ᠯᠡᠳᠦᠯᠭᠡ ᠵᠢᠨ ᠠᠰᠠᠭᠤᠳᠠᠯ᠎ᠢ ᠰᠤᠳᠤᠯᠬᠤ᠎ᠪᠠᠨ ᠴᠢᠩᠭ᠋ᠠᠳᠬᠠᠵᠤ᠂ ᠦᠨᠳᠦᠰᠦᠲᠡᠨ᠎ᠨᠦᠭᠦᠳ᠎ᠤᠨ ᠰᠣᠯᠢᠯᠴᠠᠭ᠎ᠠ ᠶᠠᠪᠤᠯᠴᠠᠭ᠎ᠠ ᠠᠭᠤᠰᠤᠯᠴᠠᠭ᠋ᠠᠨ᠎ᠤ 《ᠭᠤᠷᠪᠠᠨ ᠵᠦᠢ᠍ᠯ᠎ᠤᠨ ᠲᠥᠯᠥᠪᠯᠡᠭᠡ》 ᠵᠢ ᠬᠡᠷᠡᠭᠵᠢᠭᠦᠯᠦᠨ᠎ᠡ᠃ ᠬᠢᠯᠢ ᠬᠢᠵᠠᠭ᠋ᠠᠷ ᠣᠷᠣᠨ᠎ᠢ ᠬᠥᠭᠵᠢᠭᠦᠯᠦᠨ ᠠᠷᠠᠳ᠎ᠢ ᠪᠠᠶᠠᠵᠢᠭᠤᠯᠬᠤ ᠠᠵᠢᠯᠯᠠᠭ᠋ᠠᠨ᠎ᠤ ᠲᠥᠪ ᠬᠤᠲᠠ ᠪᠠᠯᠭ᠋ᠠᠰᠤ ᠵᠢ ᠪᠦᠲᠦᠭᠡᠨ ᠪᠠᠶ᠋ᠢᠭᠤᠯᠬᠤ ᠲᠤᠷᠰᠢᠯᠲᠠ ᠵᠢᠨ ᠴᠡᠭ᠎ᠢ ᠥᠷᠨᠢᠭᠦᠯᠦᠨ᠂ ᠬᠢᠯᠢ ᠬᠢᠵᠠᠭ᠋ᠠᠷ ᠣᠷᠣᠨ᠎ᠤ 《ᠳᠥᠷᠪᠡᠨ ᠬᠠᠮᠲᠤ᠎ᠪᠠᠷ ᠪᠠᠶ᠋ᠢᠬᠤ》 ᠤᠷᠳᠤ ᠬᠤᠩᠬᠢᠯ᠎ᠤᠨ ᠪᠦᠲᠦᠭᠡᠨ ᠪᠠᠶ᠋ᠢᠭᠤᠯᠤᠯᠲᠠ ᠵᠢ ᠠᠬᠢᠭᠤᠯᠤᠨ᠎ᠠ᠃ ᠤᠮᠠᠷᠠᠲᠤ ᠬᠢᠯᠢ ᠵᠢᠨ ᠰᠣᠶᠣᠯ᠎ᠢ ᠤᠬᠠᠭᠤᠯᠤᠨ ᠲᠠᠶ᠋ᠢᠯᠪᠤᠷᠢᠯᠠᠬᠤ ᠵᠢᠨ ᠲᠣᠭᠤᠷᠢᠨ᠎ᠳᠤ᠂ ᠪᠥᠬᠦ ᠤᠯᠤᠰ᠎ᠤᠨ ᠤᠯᠠᠭ᠋ᠠᠨᠮᠥ᠋ᠴᠢᠷ᠎ᠤᠨ ᠦᠵᠡᠭᠦᠯᠭᠡ ᠵᠢᠨ ᠲᠣᠭᠯᠠᠯᠲᠠ᠂ 《ᠵᠠᠭᠤᠨ ᠪᠦᠯᠬᠦᠮ ᠮᠢᠩᠭ᠋ᠠᠨ ᠲᠠᠯᠠᠪᠤᠷ》 ᠦᠨᠳᠦᠰᠦᠨ ᠱᠠᠲᠤᠨ᠎ᠳᠤ ᠪᠠᠭᠤᠵᠤ ᠲᠣᠭᠯᠠᠯᠲᠠ ᠭᠠᠷᠭ᠋ᠠᠬᠤ ᠵᠡᠷᠭᠡ ᠲᠣᠭᠯᠠᠯᠲᠠ ᠵᠢᠨ ᠠᠵᠢᠯᠯᠠᠭ᠎ᠠ ᠵᠢ ᠥᠷᠨᠢᠭᠦᠯᠦᠨ᠎ᠡ᠃
(ᠬᠤᠶᠠᠷ) ᠣᠷᠣᠨ ᠨᠤᠲᠤᠭ᠎ᠤᠨ ᠥᠷᠢ ᠥᠭᠴᠡᠭᠡ ᠵᠢ ᠠᠷᠢᠯᠭ᠋ᠠᠬᠤ ᠠᠵᠢᠯ᠎ᠢ ᠪᠥᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠨ᠎ᠡ᠃ ᠡᠳ᠋᠎ᠤᠨ ᠵᠠᠰᠠᠭ᠎ᠤᠨ ᠡᠬᠢ ᠪᠠᠶᠠᠯᠢᠭ᠎ᠢ ᠨᠢᠭᠡᠳᠦᠯᠲᠡᠢ ᠲᠥᠯᠥᠪᠯᠡᠬᠦ ᠡᠷᠴᠢᠮ ᠵᠶ᠋ᠠᠨ ᠴᠢᠩᠭ᠋ᠠᠷᠠᠭᠤᠯᠤᠨ᠂ ᠣᠷᠣᠨ ᠨᠤᠲᠤᠭ᠎ᠤᠨ ᠥᠷᠢ ᠥᠭᠴᠡᠭᠡ ᠵᠢᠨ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠤᠷᠳᠤ ᠬᠤᠭᠤᠴᠠᠭ᠋ᠠᠨ᠎ᠤ ᠪᠦᠲᠦᠮᠵᠢᠲᠡᠢ ᠲᠣᠭᠲᠠᠴᠠ ᠵᠢ ᠪᠠᠶ᠋ᠢᠭᠤᠯᠬᠤ ᠪᠠ ᠴᠢᠨᠠᠷ ᠰᠠᠶ᠋ᠢᠲᠠᠢ ᠬᠥᠭᠵᠢᠯᠲᠡ᠎ᠲᠠᠢ ᠵᠣᠬᠢᠴᠠᠯᠳᠤᠭᠰᠠᠨ ᠵᠠᠰᠠᠭ᠎ᠤᠨ ᠣᠷᠳᠣᠨ᠎ᠤ ᠥᠷᠢ ᠥᠭᠴᠡᠭᠡ ᠵᠢ ᠬᠠᠮᠢᠶᠠᠷᠬᠤ ᠲᠣᠭᠲᠠᠴᠠ ᠵᠢ ᠪᠠᠶ᠋ᠢᠭᠤᠯᠵᠤ᠂ ᠣᠨ᠎ᠤ ᠥᠷᠢ ᠥᠭᠴᠡᠭᠡ ᠵᠢ ᠠᠷᠢᠯᠭ᠋ᠠᠬᠤ ᠡᠭᠦᠷᠭᠡ᠎ᠪᠠᠨ ᠪᠡᠶᠡᠯᠡᠭᠦᠯᠬᠦ ᠵᠢ ᠦᠨᠡᠨ ᠬᠦ᠌ ᠪᠠᠲᠤᠯᠠᠨ᠎ᠠ᠃ ᠪᠡᠯᠡ ᠲᠣᠬᠢᠷᠠᠭᠤᠯᠬᠤ ᠲᠠᠪᠴᠠᠩ᠎ᠤᠨ ᠥᠷᠢ ᠥᠭᠴᠡᠭᠡᠨ᠎ᠤ ᠲᠦᠭᠰᠢᠭᠦᠷᠢ ᠵᠢ ᠰᠡᠷᠭᠡᠶ᠋ᠢᠯᠡᠨ ᠠᠷᠢᠯᠭ᠋ᠠᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ᠂ ᠪᠡᠯᠡ ᠲᠣᠬᠢᠷᠠᠭᠤᠯᠬᠤ ᠲᠠᠪᠴᠠᠩ᠎ᠤᠨ ᠦᠯᠡᠳᠡᠭᠳᠡᠯ ᠥᠷᠢ ᠥᠭᠴᠡᠭᠡ ᠵᠢᠨ ᠬᠡᠪᠴᠢᠶ᠎ᠡ ᠵᠢ ᠠᠯᠬᠤᠮ ᠳᠠᠷᠠᠭ᠋ᠠᠯᠠᠨ ᠪᠠᠭ᠋ᠠᠰᠬᠠᠵᠤ᠂ ᠪᠡᠯᠡ ᠲᠣᠬᠢᠷᠠᠭᠤᠯᠬᠤ ᠲᠠᠪᠴᠠᠩ᠎ᠤᠨ ᠲᠤᠭ᠎ᠠ ᠬᠡᠮᠵᠢᠶ᠎ᠡ ᠵᠢ ᠲᠥᠯᠥᠪᠯᠡᠭᠡ ᠶᠣᠰᠣᠭ᠋ᠠᠷ ᠪᠠᠭ᠋ᠠᠰᠬᠠᠨ᠂ ᠪᠡᠯᠡ ᠲᠣᠬᠢᠷᠠᠭᠤᠯᠬᠤ ᠲᠠᠪᠴᠠᠩ᠎ᠤᠨ ᠬᠠᠮᠢᠶᠠᠷᠤᠯᠲᠠ ᠵᠢᠨ ᠤᠷᠳᠤ ᠬᠤᠭᠤᠴᠠᠭ᠋ᠠᠨ᠎ᠤ ᠪᠦᠲᠦᠮᠵᠢᠲᠦ ᠲᠣᠭᠲᠠᠴᠠ ᠵᠢ ᠪᠠᠶ᠋ᠢᠭᠤᠯᠤᠨ᠎ᠠ᠃ ᠬᠤᠰᠢᠭᠤ ᠰᠢᠶᠠᠨ (ᠬᠤᠲᠠ᠂ ᠲᠣᠭᠤᠷᠢᠭ) 《ᠭᠤᠷᠪᠠ ᠵᠢ ᠪᠠᠲᠤᠯᠠᠬᠤ》 ᠵᠢ ᠠᠵᠢᠯᠯᠠᠭᠤᠯᠬᠤ ᠤᠷᠳᠤ ᠬᠤᠭᠤᠴᠠᠭ᠋ᠠᠨ᠎ᠤ ᠪᠠᠲᠤᠯᠠᠭ᠎ᠠ ᠵᠢᠨ ᠲᠣᠭᠲᠠᠴᠠ ᠵᠢ ᠪᠠᠶ᠋ᠢᠭᠤᠯᠵᠤ᠂ ᠬᠤᠰᠢᠭᠤ ᠰᠢᠶᠠᠨ᠎ᠤ ᠱᠠᠲᠤᠨ᠎ᠤ 《ᠭᠤᠷᠪᠠ ᠵᠢ ᠪᠠᠲᠤᠯᠠᠬᠤ》 ᠲᠥᠰᠥᠪ᠎ᠤᠨ ᠪᠠᠲᠤᠯᠠᠪᠠᠰᠤ ᠵᠣᠬᠢᠬᠤ ᠵᠢ᠎ᠨᠢ ᠪᠥᠬᠦᠨ᠎ᠢ ᠪᠠᠲᠤᠯᠠᠬᠤ ᠵᠢ ᠦᠨᠡᠨ ᠬᠦ᠌ ᠪᠠᠲᠤᠯᠠᠨ᠎ᠠ᠃ ᠡᠳ᠋᠎ᠤᠨ ᠵᠠᠰᠠᠭ᠎ᠤᠨ ᠲᠦᠷ ᠥᠭᠬᠦ ᠮᠥᠩᠭᠦ ᠵᠢᠨ ᠬᠠᠮᠢᠶᠠᠷᠤᠯᠲᠠ ᠵᠢ ᠴᠢᠩᠭ᠋ᠠᠳᠬᠠᠨ᠂ ᠲᠦᠷ ᠥᠭᠬᠦ ᠮᠥᠩᠭᠦ ᠵᠢᠨ ᠦᠯᠡᠳᠡᠪᠦᠷᠢ ᠲᠤᠭ᠎ᠠ ᠵᠢᠨ ᠵᠠᠷᠤᠯᠭ᠎ᠠ᠎ᠳᠤ ᠡᠵᠡᠯᠡᠬᠦ ᠬᠠᠷᠢᠴᠠᠯ᠎ᠨᠢ 10%᠎ᠠᠴᠠ ᠳᠠᠪᠠᠭᠰᠠᠨ ᠭᠠᠵᠠᠷ ᠣᠷᠣᠨ᠎ᠳᠤ ᠰᠢᠨ᠎ᠡ᠎ᠪᠠᠷ ᠨᠡᠮᠡᠭᠳᠡᠭᠦᠯᠦᠭᠰᠡᠨ ᠲᠦᠷ ᠥᠭᠬᠦ ᠮᠥᠩᠭᠦ ᠵᠢᠨ ᠳᠡᠰ ᠳᠡᠪᠰᠢᠭᠦᠯᠬᠦ ᠬᠠᠮᠢᠶᠠᠷᠤᠯᠲᠠ ᠵᠢ ᠬᠡᠷᠡᠭᠵᠢᠭᠦᠯᠵᠦ᠂ ᠪᠣᠳᠠᠲᠠᠢ ᠥᠭᠭᠦᠭᠰᠡᠨ ᠪᠡᠯᠡ ᠮᠥᠩᠭᠦ ᠵᠢ ᠬᠢᠨᠠᠨ ᠬᠠᠷᠭᠤᠭᠤᠯᠬᠤ ᠬᠠᠮᠢᠶᠠᠷᠤᠯᠲᠠ᠎ᠪᠠᠨ ᠴᠢᠩᠭ᠋ᠠᠳᠬᠠᠨ᠂ ᠰᠢᠨ᠎ᠡ᠎ᠪᠠᠷ ᠨᠡᠮᠡᠭᠳᠡᠭᠦᠯᠦᠭᠰᠡᠨ ᠵᠢᠭᠡᠯᠡᠯᠭᠡ ᠵᠢᠨ ᠮᠥᠩᠭᠦ ᠵᠢ ᠬᠢᠨᠠᠨ ᠵᠥᠪᠰᠢᠶᠡᠷᠡᠬᠦ ᠲᠣᠭᠲᠠᠴᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠭᠠᠳᠠᠭᠰᠢ ᠵᠢᠭᠡᠯᠡᠭᠦᠯᠦᠭᠰᠡᠨ ᠮᠥᠩᠭᠦ ᠵᠢ ᠨᠠᠰᠤᠨ ᠲᠤᠷᠰᠢᠲᠠ ᠬᠠᠷᠢᠭᠤᠴᠠᠬᠤ ᠳᠦᠷᠢᠮ᠎ᠢ ᠪᠠᠶ᠋ᠢᠭᠤᠯᠤᠨ᠎ᠠ᠃
(ᠭᠤᠷᠪᠠ) ᠭᠤᠣᠯᠳᠠᠯᠭ᠎ᠠ᠎ᠲᠠᠢ ᠬᠦᠷᠢᠶᠠᠨ᠎ᠳᠠᠬᠢ ᠲᠦᠭᠰᠢᠭᠦᠷᠢ ᠵᠢ ᠦᠷᠭᠦᠯᠵᠢᠯᠡᠨ ᠪᠦᠲᠦᠮᠵᠢᠲᠡᠢ᠎ᠪᠠᠷ ᠰᠡᠷᠭᠡᠶ᠋ᠢᠯᠡᠨ ᠠᠷᠢᠯᠭ᠋ᠠᠨ᠎ᠠ᠃ ᠰᠢᠰᠲ᠋ᠧᠮ᠎ᠤᠨ ᠴᠢᠨᠠᠷᠲᠠᠢ ᠲᠦᠭᠰᠢᠭᠦᠷᠢ ᠦᠯᠦ ᠡᠭᠦᠰᠭᠡᠬᠦ ᠬᠤᠷᠢᠭ᠎ᠠ ᠱᠤᠭᠤᠮ᠎ᠢ ᠪᠠᠲᠤ ᠰᠠᠬᠢᠨ᠂ ᠳᠤᠮᠳᠠ ᠵᠢᠵᠢᠭ ᠪᠠᠩᠬᠢ ᠵᠢᠨ ᠲᠦᠭᠰᠢᠭᠦᠷᠢ ᠵᠢ ᠰᠢᠢ᠍ᠳᠪᠦᠷᠢᠯᠡᠬᠦ᠂ ᠬᠥᠷᠥᠩᠭᠡ ᠵᠢ ᠨᠥᠬᠦᠪᠦᠷᠢᠯᠡᠬᠦ ᠪᠠ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢ ᠯᠠᠪᠳᠠᠭᠤᠨ ᠲᠣᠬᠢᠲᠠᠢ ᠠᠬᠢᠭᠤᠯᠵᠤ᠂ ᠬᠠᠤᠯᠢ ᠵᠢᠨ ᠡᠷᠬᠡᠲᠡᠨ᠎ᠢ ᠨᠢᠭᠡᠳᠦᠭᠦᠯᠦᠭᠰᠡᠨ ᠥᠪᠥᠷ ᠮᠣᠩᠭᠤᠯ᠎ᠤᠨ ᠲᠠᠷᠢᠶᠠᠯᠠᠩ ᠬᠤᠳᠠᠯᠳᠤᠭ᠋ᠠᠨ᠎ᠤ ᠪᠠᠩᠬᠢ ᠵᠢ ᠪᠠᠶ᠋ᠢᠭᠤᠯᠤᠨ᠂ ᠵᠠᠬ᠎ᠠ᠎ᠳᠤ ᠭᠠᠷᠤᠭᠰᠠᠨ ᠺᠣᠮᠫᠠᠨᠢ ᠵᠢᠨ ᠰᠲ᠋ᠣᠺ ᠵᠶ᠋ᠠᠷ ᠳᠠᠨᠵᠢᠯᠠᠵᠤ ᠬᠥᠮᠥᠷᠭᠡ ᠲᠡᠭᠰᠢᠯᠡᠬᠦ ᠲᠦᠭᠰᠢᠭᠦᠷᠢ ᠪᠠ ᠵᠢᠭᠡᠯᠡᠯᠭᠡ ᠲᠠᠯᠪᠢᠭᠰᠠᠨ ᠠᠵᠤ ᠠᠬᠤᠶ᠋ᠢᠯᠠᠯ᠎ᠤᠨ ᠭᠡᠷ᠎ᠡ᠎ᠠᠴᠠ᠎ᠪᠠᠨ ᠵᠥᠷᠢᠴᠡᠬᠦ ᠲᠦᠭᠰᠢᠭᠦᠷᠢ ᠵᠢ ᠬᠦᠴᠦᠯᠡᠨ ᠠᠷᠢᠯᠭ᠋ᠠᠵᠤ᠂ ᠬᠠᠤᠯᠢ ᠪᠤᠰᠤ ᠮᠥᠩᠭᠦᠨ ᠭᠦᠢ᠍ᠯᠭᠡᠭᠡᠨ᠎ᠤ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠭᠦᠨ᠎ᠡ᠃ ᠭᠡᠷ ᠪᠠᠶ᠋ᠢᠰᠢᠩ ᠭᠠᠵᠠᠷ ᠬᠥᠷᠥᠩᠭᠡ ᠵᠢᠨ ᠲᠦᠭᠰᠢᠭᠦᠷᠢ ᠵᠢ ᠢᠳᠡᠪᠬᠢᠲᠡᠢ ᠯᠠᠪᠳᠠᠭᠤᠨ ᠲᠣᠬᠢᠲᠠᠢ ᠠᠷᠢᠯᠭ᠋ᠠᠵᠤ᠂ ᠠᠳᠠᠯᠢ ᠪᠤᠰᠤ ᠥᠮᠴᠢᠯᠡᠯᠲᠦ ᠭᠡᠷ ᠪᠠᠶ᠋ᠢᠰᠢᠩ ᠭᠠᠵᠠᠷ ᠬᠥᠷᠥᠩᠭᠡ ᠵᠢᠨ ᠠᠵᠤ ᠠᠬᠤᠶ᠋ᠢᠯᠠᠯ᠎ᠤᠨ ᠪᠡᠯᠡ ᠲᠣᠬᠢᠷᠠᠭᠤᠯᠬᠤ ᠵᠦᠢ ᠵᠣᠬᠢᠰᠲᠠᠢ ᠬᠡᠷᠡᠭᠴᠡᠭᠡ᠎ᠳᠤ ᠠᠳᠠᠯᠢ ᠲᠡᠭᠰᠢ᠎ᠪᠠᠷ ᠬᠠᠨᠳᠤᠵᠤ᠂ ᠪᠠᠲᠤᠯᠠᠨ ᠲᠤᠰᠢᠶᠠᠬᠤ ᠠᠰᠠᠷ᠎ᠤᠨ ᠡᠭᠦᠷᠭᠡ ᠵᠢ 2.5 ᠲᠦᠮᠡᠨ ᠢᠵᠢ ᠪᠡᠶᠡᠯᠡᠭᠦᠯᠦᠨ᠎ᠡ᠃ ᠠᠶᠤᠯ ᠦᠭᠡᠢ ᠦᠢ᠍ᠯᠡᠳᠪᠦᠷᠢᠯᠡᠯ᠎ᠤᠨ ᠬᠤᠷᠢᠭ᠎ᠠ ᠱᠤᠭᠤᠮ᠎ᠢ ᠪᠠᠬᠢᠵᠢᠭᠦᠯᠦᠨ᠂ ᠠᠶᠤᠯ ᠦᠭᠡᠢ ᠦᠢ᠍ᠯᠡᠳᠪᠦᠷᠢᠯᠡᠯ᠎ᠢ ᠦᠨᠳᠦᠰᠦᠨ᠎ᠠᠴᠠ᠎ᠨᠢ ᠵᠠᠰᠠᠬᠤ ᠭᠤᠷᠪᠠᠨ ᠵᠢᠯ᠎ᠤᠨ ᠰᠢᠪᠲᠤᠯᠤᠯᠲᠠ ᠵᠢᠨ ᠠᠵᠢᠯᠯᠠᠭ᠋ᠠᠨ᠎ᠢ ᠥᠷᠨᠢᠭᠦᠯᠵᠦ᠂ ᠠᠭᠤᠷᠬᠠᠢ᠂ ᠠᠶᠤᠯᠲᠠᠢ ᠬᠢᠮᠢ ᠵᠢᠨ ᠦᠢ᠍ᠯᠡᠳᠭᠦᠨ᠂ ᠵᠠᠮ ᠬᠠᠷᠢᠯᠴᠠᠭ᠎ᠠ᠂ ᠪᠠᠷᠢᠯᠭ᠎ᠠ ᠵᠢᠨ ᠠᠵᠢᠯ ᠵᠡᠷᠭᠡ ᠭᠤᠣᠯᠳᠠᠯᠭ᠎ᠠ᠎ᠲᠠᠢ ᠠᠵᠢᠯ ᠲᠥᠷᠥᠯ᠎ᠤᠨ ᠬᠦᠷᠢᠶᠠᠨ᠎ᠳᠠᠬᠢ ᠠᠮᠤᠷ ᠲᠦᠪᠰᠢᠨ᠎ᠤ ᠲᠤᠰᠬᠠᠢ ᠴᠡᠭᠴᠡᠯᠡᠨ ᠵᠠᠰᠠᠯᠲᠠ ᠵᠢ ᠴᠢᠩᠭ᠋ᠠᠳᠬᠠᠨ᠂ ᠠᠭᠤᠷᠬᠠᠢ ᠵᠢᠨ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ ᠵᠢᠨ ᠬᠠᠤᠯᠢ ᠬᠡᠷᠡᠭᠵᠢᠭᠦᠯᠬᠦ ᠲᠣᠭᠲᠠᠯᠴᠠᠭ᠎ᠠ ᠵᠢ ᠪᠦᠷᠢᠨᠰᠢᠭᠦᠯᠵᠦ᠂ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠴᠢᠳᠠᠪᠤᠷᠢ᠎ᠪᠠᠨ ᠳᠡᠭᠡᠭᠰᠢᠯᠡᠭᠦᠯᠦᠨ᠂ ᠦᠶᠡᠷ᠎ᠢ ᠰᠡᠷᠭᠡᠶ᠋ᠢᠯᠡᠨ ᠭᠠᠩ ᠬᠠᠭᠰᠠᠷᠠᠭ᠋ᠠᠨ᠎ᠲᠠᠢ ᠲᠡᠮᠡᠴᠡᠬᠦ᠂ ᠣᠢ ᠰᠢᠭᠤᠢ ᠲᠠᠯ᠎ᠠ ᠨᠤᠲᠤᠭ᠎ᠤᠨ ᠭᠠᠯ ᠲᠤᠶ᠋ᠢᠮᠠᠷᠢ ᠰᠡᠷᠭᠡᠶ᠋ᠢᠯᠡᠵᠦ ᠤᠨᠲᠠᠷᠠᠭ᠋ᠠᠬᠤ ᠵᠡᠷᠭᠡ ᠠᠵᠢᠯ᠎ᠢ ᠰᠠᠶ᠋ᠢᠲᠤᠷ ᠬᠢᠨ᠎ᠡ᠃ ᠢᠳᠡᠭᠡᠨ᠎ᠤ ᠪᠠ ᠡᠮ᠎ᠤᠨ ᠵᠦᠢ᠍ᠯ᠎ᠳᠠᠬᠢ ᠠᠮᠤᠷ ᠲᠦᠪᠰᠢᠨ᠎ᠤ ᠬᠢᠨᠠᠯᠲᠠ ᠬᠠᠮᠢᠶᠠᠷᠤᠯᠲᠠ᠎ᠪᠠᠨ ᠦᠷᠭᠦᠯᠵᠢᠯᠡᠨ ᠴᠢᠩᠭ᠋ᠠᠳᠬᠠᠨ᠎ᠠ᠃ ᠬᠠᠤᠯᠢ ᠶᠣᠰᠣᠭ᠋ᠠᠷ ᠵᠠᠰᠠᠭ ᠶᠠᠪᠤᠭᠤᠯᠬᠤ ᠵᠢ ᠯᠠᠪᠳᠠᠭᠤᠨ ᠪᠠᠲᠤᠲᠠᠢ ᠠᠬᠢᠭᠤᠯᠤᠨ᠎ᠠ᠃ ᠰᠢᠨ᠎ᠡ ᠴᠠᠭ ᠦᠶ᠎ᠡ ᠵᠢᠨ 《ᠹᠧᠩ ᠴᠢᠶᠣᠣ ᠵᠢᠨ ᠲᠤᠷᠰᠢᠯᠭ᠎ᠠ》 ᠵᠢ ᠪᠠᠷᠢᠮᠲᠠᠯᠠᠬᠤ ᠪᠠ ᠬᠥᠭᠵᠢᠭᠦᠯᠦᠨ᠂ ᠵᠠᠬᠢᠳᠠᠯ ᠰᠤᠷᠪᠤᠯᠵᠢᠯᠠᠯ᠎ᠤᠨ ᠣᠷᠣᠯᠠᠨ ᠭᠦᠢ᠍ᠴᠡᠳᠭᠡᠬᠦ ᠳᠦᠷᠢᠮ᠎ᠢ ᠳᠡᠯᠭᠡᠷᠡᠭᠦᠯᠦᠨ ᠬᠡᠷᠡᠭᠵᠢᠭᠦᠯᠦᠨ᠎ᠡ᠃
2024 ᠣᠨ᠎ᠤ ᠠᠵᠢᠯ᠎ᠢ ᠰᠠᠶ᠋ᠢᠲᠤᠷ ᠬᠢᠬᠦ᠎ᠳᠤ ᠬᠠᠷᠢᠭᠤᠴᠠᠯᠭ᠎ᠠ ᠬᠦᠨᠳᠦ ᠶᠡᠭᠡ᠂ ᠡᠭᠦᠷᠭᠡ ᠬᠠᠲᠠᠭᠤ ᠪᠡᠷᠬᠡ ᠪᠠᠶ᠋ᠢᠨ᠎ᠠ᠃ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠨᠢ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠤᠯᠭ᠎ᠠ ᠪᠣᠯᠭ᠋ᠠᠨ᠂ ᠨᠠᠮ᠎ᠤᠨ ᠪᠥᠬᠦ ᠲᠠᠯ᠎ᠠ ᠵᠢᠨ ᠤᠳᠤᠷᠢᠳᠤᠯᠭ᠎ᠠ ᠵᠢ ᠪᠠᠷᠢᠮᠲᠠᠯᠠᠬᠤ ᠪᠠ ᠴᠢᠩᠭ᠋ᠠᠳᠬᠠᠵᠤ᠂ ᠠᠵᠤ ᠠᠬᠤᠢ ᠵᠢᠨ ᠠᠵᠢᠯ᠎ᠤᠨ ᠲᠤᠬᠠᠢ ᠨᠠᠮ᠎ᠤᠨ ᠲᠥᠪ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠬᠡᠷᠡᠭᠲᠡᠢ᠃ ᠠᠵᠤ ᠠᠬᠤᠢ ᠵᠢᠨ ᠪᠠᠶ᠋ᠢᠳᠠᠯ᠎ᠤᠨ ᠲᠤᠬᠠᠢ ᠨᠠᠮ᠎ᠤᠨ ᠲᠥᠪ ᠬᠤᠷᠢᠶᠠᠨ᠎ᠤ ᠰᠢᠨᠵᠢᠯᠡᠬᠦ ᠤᠬᠠᠭ᠋ᠠᠨᠴᠢ ᠮᠠᠭ᠋ᠠᠳᠯᠠᠯᠢ ᠭᠦᠨᠵᠡᠭᠡᠢ ᠣᠶ᠋ᠢᠯᠠᠭ᠋ᠠᠵᠤ᠂ ᠠᠵᠤ ᠠᠬᠤᠢ ᠵᠢᠨ ᠠᠵᠢᠯ᠎ᠢ ᠰᠠᠶ᠋ᠢᠲᠤᠷ ᠬᠢᠬᠦ ᠬᠠᠷᠢᠭᠤᠴᠠᠯᠭ᠋ᠠᠲᠤ ᠰᠡᠳᠬᠢᠯᠭᠡ ᠪᠠ ᠡᠭᠦᠷᠭᠡᠲᠦ ᠰᠡᠳᠬᠢᠯᠭᠡ᠎ᠪᠠᠨ ᠦᠨᠡᠨ ᠬᠦ᠌ ᠴᠢᠩᠭ᠋ᠠᠷᠠᠭᠤᠯᠵᠤ᠂ ᠥᠪᠡᠷ᠎ᠤᠨ ᠠᠵᠢᠯ᠎ᠤᠨ ᠲᠣᠭᠲᠠᠭ᠋ᠠᠬᠤ ᠴᠢᠨᠠᠷ ᠵᠶ᠋ᠠᠷ ᠪᠠᠶ᠋ᠢᠳᠠᠯ᠎ᠤᠨ ᠬᠤᠪᠢᠷᠠᠯᠲᠠ ᠵᠢᠨ ᠲᠣᠭᠲᠠᠭ᠋ᠠᠯᠲᠤ ᠪᠤᠰᠤ ᠴᠢᠨᠠᠷ᠎ᠢ ᠴᠢᠷᠮᠠᠶ᠋ᠢᠨ ᠠᠷᠭ᠋ᠠᠴᠠᠭ᠋ᠠᠬᠤ ᠬᠡᠷᠡᠭᠲᠡᠢ᠃ ᠠᠵᠤ ᠠᠬᠤᠢ ᠵᠢᠨ ᠠᠵᠢᠯ᠎ᠤᠨ ᠶᠡᠷᠦᠩᠬᠡᠢ ᠱᠠᠭ᠋ᠠᠷᠳᠠᠯᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠤᠨ᠂ ᠬᠤᠷᠳᠤᠴᠠ ᠪᠠ ᠴᠢᠨᠠᠷ ᠴᠢᠨᠰᠠᠭ᠎ᠠ᠂ ᠬᠤᠷᠸ᠎ᠠ ᠲᠤᠭ᠎ᠠ ᠪᠠᠷᠢᠮᠲᠠ ᠪᠠ ᠬᠤᠮᠠᠬᠢ ᠲᠥᠷᠥᠭᠳᠡᠯ᠂ ᠠᠵᠤ ᠠᠬᠤᠢ ᠵᠢ ᠬᠥᠭᠵᠢᠭᠦᠯᠬᠦ ᠪᠠ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠂ ᠬᠥᠭᠵᠢᠯᠲᠡ ᠪᠠ ᠠᠮᠤᠷ ᠲᠦᠪᠰᠢᠨ᠎ᠤ ᠬᠠᠷᠢᠴᠠᠭ᠎ᠠ ᠵᠢ ᠰᠠᠶ᠋ᠢᠲᠤᠷ ᠡᠵᠡᠮᠳᠡᠬᠦ ᠪᠠ ᠰᠢᠢ᠍ᠳᠪᠦᠷᠢᠯᠡᠵᠦ᠂ ᠭᠤᠣᠯ ᠵᠥᠷᠢᠴᠡᠯ᠎ᠢ ᠠᠳᠬᠤᠨ᠂ ᠪᠣᠭᠤᠮᠢ ᠬᠦᠯᠢᠶᠡᠰᠦᠯᠡᠯ᠎ᠢ ᠰᠢᠪᠲᠤᠯᠵᠤ᠂ ᠪᠠᠷᠠᠯᠠᠯᠲᠠ ᠪᠠᠶ᠋ᠢᠷᠢᠯᠠᠭᠤᠯᠤᠯᠲᠠ ᠵᠢ ᠴᠢᠬᠤᠯᠠᠴᠢᠯᠠᠨ᠂ ᠨᠡᠮᠡᠯᠲᠡ ᠬᠠᠰᠤᠯᠲᠠ ᠦᠭᠡᠢ᠎ᠪᠠᠷ᠂ ᠡᠷᠡᠰ ᠰᠢᠭᠤᠷᠬᠠᠢ᠎ᠪᠠᠷ᠂ ᠦᠨᠡᠨ᠎ᠢ ᠪᠠᠷᠢᠮᠲᠠᠯᠠᠵᠤ ᠪᠣᠳᠠᠲᠠᠢ ᠵᠢ ᠡᠷᠬᠢᠮᠯᠡᠨ᠂ ᠵᠣᠷᠢᠭᠲᠠᠢ ᠣᠷᠣᠯᠳᠤᠨ ᠴᠢᠳᠠᠮᠠᠭ᠋ᠠᠢ ᠬᠢᠵᠦ ᠨᠠᠶ᠋ᠢᠳᠠᠪᠤᠷᠢᠵᠢᠭᠤᠯᠤᠯᠲᠠ ᠵᠢ ᠠᠳᠬᠤᠨ᠂ ᠭᠤᠣᠯ ᠰᠡᠳᠦᠪᠲᠦ ᠬᠥᠮᠥᠵᠢᠯ᠎ᠤᠨ ᠦᠷ᠎ᠡ ᠪᠦᠲᠦᠭᠡᠯ᠎ᠢ ᠪᠠᠬᠢᠵᠢᠭᠦᠯᠦᠨ ᠥᠷᠭᠡᠳᠭᠡᠵᠦ᠂ ᠭᠤᠣᠯᠳᠠᠯᠭ᠎ᠠ᠎ᠲᠠᠢ ᠡᠭᠦᠷᠭᠡ ᠵᠢ ᠪᠣᠳᠠᠲᠠᠶ᠋ᠢᠵᠢᠨ ᠨᠠᠶ᠋ᠢᠳᠠᠪᠤᠷᠢᠵᠢᠬᠤ ᠵᠢ ᠦᠨᠡᠨ ᠬᠦ᠌ ᠪᠠᠲᠤᠯᠠᠨ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠡᠯ᠎ᠡ ᠵᠦᠢ᠍ᠯ᠎ᠤᠨ ᠬᠠᠷᠠᠯᠲᠠ ᠡᠭᠦᠷᠭᠡ ᠵᠢ ᠰᠠᠶ᠋ᠢᠲᠤᠷ ᠪᠡᠶᠡᠯᠡᠭᠦᠯᠬᠦ ᠬᠡᠷᠡᠭᠲᠡᠢ᠃