ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ》᠎ᠢ ᠳᠠᠷᠤᠮᠠᠯᠯᠠᠨ ᠲᠠᠷᠬᠠᠭ᠋ᠠᠬᠤ ᠲᠤᠬᠠᠢ ᠮᠡᠳᠡᠭᠳᠡᠯ
ᠨᠡᠶ᠋ᠢᠲᠡᠯᠡᠭᠰᠡᠨ ᠴᠠᠭ᠄ 2025-04-12

ᠡᠯ᠎ᠡ ᠠᠢ᠌ᠮᠠᠭ ᠬᠤᠲᠠ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ (  ᠰᠤᠷᠭ᠋ᠠᠨ ᠬᠥᠮᠦᠵᠢᠯ ᠪᠡᠶ᠎ᠡ ᠵᠢᠨ ᠲᠠᠮᠢᠷ᠎ᠤᠨ ᠲᠣᠪᠴᠢᠶ᠎ᠠ ᠂ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ) ᠂ ᠮᠠᠨᠵᠤᠤᠷ ᠬᠤᠲᠠ ᠂ ᠡᠷᠢᠶᠡᠨ ᠬᠤᠲᠠ ᠵᠢᠨ ᠰᠣᠶᠣᠯ ᠪᠡᠶ᠎ᠡ ᠵᠢᠨ ᠲᠠᠮᠢᠷ ᠵᠢᠭᠤᠯᠴᠢᠯᠠᠯ ᠷᠠᠳᠢᠣ᠋ ᠲᠧᠯᠸᠢᠰ᠎ᠤᠨ ᠲᠣᠪᠴᠢᠶ᠎ᠠ ᠂ ᠪᠠᠢ᠌ᠭᠤᠯᠭ᠎ᠠ ᠵᠢᠨ ᠡᠯ᠎ᠡ ᠭᠠᠵᠠᠷ ᠲᠠᠰᠤᠭ ᠂ ᠡᠯ᠎ᠡ ᠰᠢᠭᠤᠳ ᠬᠠᠷᠢᠶ᠎ᠠ ᠨᠢᠭᠡᠴᠢ ᠂ ᠪᠥᠬᠦ ᠣᠷᠣᠨ᠎ᠤ ᠴᠢᠨᠠᠷᠲᠠᠢ ᠪᠡᠶ᠎ᠡ ᠵᠢᠨ ᠲᠠᠮᠢᠷ᠎ᠤᠨ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ᠎ᠳᠤ ᠄

      《  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ  ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ 》᠎ᠢ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ 2025 ᠣᠨ᠎ᠤ 8 ᠳ᠋ᠤᠭ᠋ᠠᠷ ᠤᠳᠠᠭ᠋ᠠᠨ᠎ᠤ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ ᠵᠶ᠋ᠠᠷ ᠬᠢᠨᠠᠨ ᠵᠥᠪᠯᠡᠵᠦ  ᠪᠠᠳᠤᠯᠠᠪᠠ ᠂ ᠡᠳᠦᠭᠡ ᠲᠠᠨᠠᠷ᠎ᠲᠤ ᠳᠠᠷᠤᠮᠠᠯᠯᠠᠨ  ᠲᠠᠷᠬᠠᠭ᠋ᠠᠵᠤ ᠪᠠᠢ᠌ᠨ᠎ᠠ᠂ ᠵᠢᠷᠤᠮᠯᠠᠨ ᠬᠡᠷᠡᠭᠵᠢᠭᠦᠯᠲᠦᠭᠡᠢ ᠃

 

                                   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ

                                  ᠪᠡᠶ᠎ᠡ ᠵᠢᠨ ᠲᠠᠮᠢᠷ᠎ᠤᠨ ᠲᠣᠪᠴᠢᠶ᠎ᠠ

                                  2025 ᠣᠨ᠎ᠤ 4 ᠰᠠᠷ᠎ᠠ ᠵᠢᠨ 11᠎ᠤ ᠡᠳᠦᠷ

    

 

    

ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ  ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ

      ᠨᠢᠭᠡᠳᠦᠭᠡᠷ ᠪᠦᠯᠦᠭ    ᠶᠡᠷᠦᠩᠬᠡᠢ ᠳᠦᠷᠢᠮ

      ᠨᠢᠭᠡᠳᠦᠭᠡᠷ ᠵᠦᠢ᠍ᠯ    ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢ ᠤᠯᠠᠮ ᠨᠢᠭᠡ ᠠᠯᠬᠤᠮ ᠴᠢᠩᠳᠠᠯᠠᠵᠤ ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠬᠤ ᠵᠢ ᠪᠠᠷᠢᠮᠲᠠᠯᠠᠬᠤ ᠵᠢᠨ ᠲᠤᠰᠠᠳᠠ ᠂ 《  ᠪᠥᠬᠦᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠪᠡᠶ᠎ᠡ ᠵᠢᠨ ᠲᠠᠮᠢᠷ᠎ᠤᠨ ᠬᠠᠤᠯᠢ 》 ᠂ 《  ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠠᠷᠭ᠎ᠠ 》 ᠵᠡᠷᠭᠡ ᠬᠠᠮᠢᠶ᠎ᠠ ᠪᠦᠬᠦᠢ ᠬᠠᠤᠯᠢ ᠴᠠᠭ᠋ᠠᠵᠠ ᠳᠦᠷᠢᠮ ᠲᠣᠭᠲᠠᠭ᠋ᠠᠯ᠎ᠢ ᠦᠨᠳᠦᠰᠦᠯᠡᠨ ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠵᠤ ᠂ ᠲᠣᠰ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠪᠠ ᠃

      ᠬᠣᠶᠠᠳᠤᠭ᠋ᠠᠷ ᠵᠦᠢ᠍ᠯ  ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ   ᠲᠣᠭᠲᠠᠭ᠋ᠠᠯ᠎ᠠᠴᠠ  ᠵᠦᠷᠢᠴᠡᠬᠦ  ᠭᠡᠳᠡᠭ᠎ᠨᠢ  ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠳᠤᠮᠳᠠ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠂ ᠤᠷᠤᠯᠳᠤᠭ᠋ᠠᠨ᠎ᠢ ᠡᠵᠡᠮᠰᠢᠬᠦ ᠂ ᠤᠷᠤᠯᠳᠤᠭ᠋ᠠᠨ᠎ᠤ ᠲᠠᠯᠠᠪᠤᠷ᠎ᠤᠨ ᠪᠣᠯᠪᠠᠰᠤᠨ ᠪᠤᠰᠤ ᠦᠢ᠍ᠯᠡ ᠠᠵᠢᠯᠯᠠᠭ᠎ᠠ ᠭᠠᠷᠭ᠋ᠠᠬᠤ ᠵᠡᠷᠭᠡ ᠤᠷᠤᠯᠳᠤᠭ᠋ᠠᠨ᠎ᠤ ᠳᠦᠷᠢᠮ ᠲᠣᠭᠲᠠᠭ᠋ᠠᠯ ᠪᠠ ᠪᠡᠶ᠎ᠡ ᠵᠢᠨ ᠲᠠᠮᠢᠷ᠎ᠤᠨ ᠶᠣᠰᠣ ᠮᠣᠷᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠵᠢᠭ᠋ᠠᠵᠤ ᠪᠠᠢ᠌ᠨ᠎ᠠ ᠃

       ᠭᠤᠷᠪᠠᠳᠤᠭ᠋ᠠᠷ ᠵᠦᠢ᠍ᠯ    ᠲᠤᠰ ᠬᠡᠷᠡᠭᠵᠢᠭᠦᠯᠬᠦ ᠨᠠᠷᠢᠨ ᠳᠦᠷᠢᠮ᠎ᠨᠢ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ ᠳᠣᠲᠣᠷ᠎ᠠ ᠡᠷᠬᠢᠯᠡᠭᠰᠡᠨ ᠡᠯ᠎ᠡ ᠱᠠᠲᠤᠨ᠎ᠤ ᠡᠯ᠎ᠡ ᠲᠥᠷᠥᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠤᠶᠤ ᠤᠯᠤᠰ᠎ᠤᠨ ᠠᠩᠭᠢ ᠵᠢ ᠲᠥᠯᠥᠭᠡᠯᠡᠨ ᠣᠯᠠᠨ ᠤᠯᠤᠰ᠎ᠤᠨ ᠪᠠ ᠤᠯᠤᠰ᠎ᠤᠨ ᠳᠣᠲᠣᠭ᠋ᠠᠳᠤ ᠵᠢᠨ ᠤᠷᠤᠯᠳᠤᠭ᠋ᠠᠨ᠎ᠤ ᠠᠵᠢᠯᠯᠠᠭ᠎ᠠ᠎ᠳᠤ ᠣᠷᠣᠯᠴᠠᠭᠰᠠᠨ ᠲᠠᠮᠢᠷᠴᠢᠨ᠎ᠤ  ᠨᠢᠭᠡᠴᠢ  ᠪᠣᠯᠣᠨ ᠬᠥᠮᠥᠰ᠎ᠲᠤ ᠲᠣᠬᠢᠷᠠᠨ᠎ᠠ ᠃

       ᠳᠥᠷᠪᠡᠳᠦᠭᠡᠷ ᠵᠦᠢ᠍ᠯ   ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠎ᠨᠢ  ᠵᠠᠰᠠᠭ᠎ᠤᠨ ᠣᠷᠳᠣᠨ᠎ᠤ ᠬᠢᠨᠠᠯᠲᠠ ᠬᠠᠮᠢᠶᠠᠷᠤᠯᠲᠠ ᠬᠢᠭᠡᠳ ᠠᠵᠢᠯ ᠲᠥᠷᠥᠯ᠎ᠤᠨ ᠥᠪᠡᠷ ᠎ᠢ᠎ᠪᠠᠨ ᠱᠠᠭ᠋ᠠᠷᠳᠠᠬᠤ ᠵᠢ ᠤᠶᠠᠯᠳᠤᠭᠤᠯᠬᠤ ᠵᠢ ᠪᠠᠷᠢᠮᠲᠠᠯᠠᠨ᠂ ᠳᠡᠰ ᠲᠥᠷᠥᠯ ᠬᠤᠪᠢᠶᠠᠨ ᠬᠠᠮᠢᠶᠠᠷᠬᠤ ᠵᠢ ᠬᠡᠷᠡᠭᠵᠢᠭᠦᠯᠵᠦ᠂  ᠤᠷᠤᠯᠳᠤᠭ᠋ᠠᠨ᠎ᠤ  ᠡᠮᠦᠨᠡᠬᠢ ᠳᠤᠮᠳᠠᠬᠢ ᠪᠠ ᠳᠠᠷᠠᠭ᠋ᠠᠬᠢ ᠪᠦᠬᠦ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠬᠠᠤᠯᠢ ᠲᠣᠭᠲᠠᠭ᠋ᠠᠯ᠎ᠢ  ᠵᠢᠷᠤᠮᠯᠠᠨ᠂ ᠢᠯᠡ ᠲᠣᠳᠣ ᠪᠠᠢ᠌ᠯᠭ᠋ᠠᠵᠤ ᠂ ᠰᠤᠷᠭ᠋ᠠᠨ ᠬᠥᠮᠦᠵᠢᠯ ᠂ ᠤᠷᠢᠳᠴᠢᠯᠠᠨ ᠰᠡᠷᠭᠡᠢ᠌ᠯᠡᠬᠦ᠎ᠪᠠᠷ ᠭᠣᠣᠯ ᠪᠣᠯᠭ᠋ᠠᠬᠤ ᠵᠢ  ᠴᠢᠬᠤᠯᠠᠴᠢᠯᠠᠵᠤ᠂ ᠵᠠᠯᠬᠠᠭ᠋ᠠᠬᠤ ᠰᠡᠷᠭᠡᠢ᠌ᠯᠡᠬᠦ ᠵᠢ  ᠬᠠᠮᠲᠤ᠎ᠪᠠᠷ ᠠᠳᠬᠤᠬᠤ ᠂ ᠰᠢᠰᠲ᠋ᠧᠮ᠎ᠲᠠᠢ ᠵᠠᠰᠠᠬᠤ ᠵᠠᠷᠴᠢᠮ᠎ᠢ ᠵᠢᠷᠤᠮᠯᠠᠵᠤ ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠡᠮᠬᠢ ᠵᠢᠷᠤᠮ᠎ᠲᠠᠢ ᠶᠠᠪᠤᠭᠳᠠᠬᠤ ᠪᠠ ᠡᠷᠡᠭᠦᠯ ᠵᠶ᠋ᠠᠷ ᠬᠥᠭᠵᠢᠬᠦ ᠵᠢ ᠦᠨᠡᠨ ᠬᠦ᠌ ᠪᠠᠲᠤᠯᠠᠵᠤ ᠂ ᠪᠡᠶ᠎ᠡ ᠵᠢᠨ ᠲᠠᠮᠢᠷ᠎ᠤᠨ ᠵᠣᠷᠢᠭ ᠰᠠᠨᠠᠭ᠎ᠠ ᠵᠢ ᠬᠠᠮᠠᠭ᠋ᠠᠯᠠᠵᠤ ᠂ ᠰᠠᠢ᠌ᠨ ᠰᠠᠢ᠌ᠬᠠᠨ ᠨᠡᠢ᠌ᠭᠡᠮ᠎ᠤᠨ ᠬᠡᠪ ᠰᠤᠷᠲᠠᠯ᠎ᠢ  ᠪᠠᠳᠠᠷᠠᠭᠤᠯᠤᠨ᠎ᠠ᠃

      ᠲᠠᠪᠤᠳᠤᠭ᠋ᠠᠷ ᠵᠦᠢ᠍ᠯ   ᠲᠤᠰ ᠬᠡᠷᠡᠭᠵᠢᠭᠦᠯᠬᠦ ᠨᠠᠷᠢᠨ ᠳᠦᠷᠢᠮ᠎ᠳᠤ ᠬᠡᠯᠡᠵᠦ ᠪᠠᠢ᠌ᠭ᠎ᠠ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠬᠠᠮᠢᠶᠠᠷᠤᠯᠲᠠ ᠵᠢᠨ  ᠨᠢᠭᠡᠴᠢ ᠭᠡᠳᠡᠭ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠂ ᠠᠢ᠌ᠮᠠᠭ ᠬᠣᠲᠠ ᠂ ᠬᠣᠰᠢᠭᠤ ᠰᠢᠶᠠᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠂ ᠡᠯ᠎ᠡ ᠱᠠᠲᠤᠨ᠎ᠤ ᠪᠡᠶ᠎ᠡ ᠵᠢᠨ ᠲᠠᠮᠢᠷ᠎ᠤᠨ ᠶᠡᠷᠦᠩᠬᠡᠢ ᠡᠪᠯᠡᠯ ᠂ ᠡᠯ᠎ᠡ ᠱᠠᠲᠤᠨ᠎ᠤ ᠭᠠᠭᠴᠠ ᠵᠦᠢ᠍ᠯ᠎ᠤᠨ ᠪᠡᠶ᠎ᠡ ᠵᠢᠨ ᠲᠠᠮᠢᠷ᠎ᠤᠨ ᠨᠡᠢ᠌ᠭᠡᠮᠯᠢᠭ ᠵᠡᠷᠭᠡ ᠪᠠᠭᠲᠠᠨ᠎ᠠ ᠃ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠎ᠨᠢ 《  ᠬᠡᠨ ᠭᠣᠣᠯᠴᠢᠯᠠᠨ ᠬᠠᠮᠢᠶᠠᠷᠪᠠᠯ  ᠬᠡᠨ  ᠬᠠᠷᠢᠭᠤᠴᠠᠬᠤ 》 ᠵᠠᠷᠴᠢᠮ ᠶᠣᠰᠣᠭ᠋ᠠᠷ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠎ᠨᠢ  ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠠᠬᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠢᠨᠠᠯᠲᠠ ᠪᠠᠢ᠌ᠴᠠᠭ᠋ᠠᠯᠲᠠ ᠵᠡᠷᠭᠡ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ ᠃ ᠠᠢ᠌ᠮᠠᠭ ᠬᠤᠲᠠ ᠂ ᠬᠣᠰᠢᠭᠤ ᠰᠢᠶᠠᠨ ᠲᠣᠭᠣᠷᠢᠭ᠎ᠤᠨ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠬᠠᠷᠢᠶ᠎ᠠ ᠣᠷᠣᠨ᠎ᠤ᠎ᠪᠠᠨ ᠳᠣᠲᠣᠷᠠᠬᠢ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤᠨ᠎ᠤ ᠪᠡᠶ᠎ᠡ ᠵᠢᠨ ᠲᠠᠮᠢᠷ᠎ᠤᠨ ᠶᠡᠷᠦᠩᠬᠡᠢ ᠡᠪᠯᠡᠯ ᠂ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠲᠥᠪ ᠂ ᠭᠠᠭᠴᠠ ᠵᠦᠢ᠍ᠯ᠎ᠤᠨ ᠪᠡᠶ᠎ᠡ ᠵᠢᠨ ᠲᠠᠮᠢᠷ᠎ᠤᠨ ᠨᠡᠢ᠌ᠭᠡᠮᠯᠢᠭ ᠂ ᠺᠯᠦ᠋ᠪ ᠎ᠨᠢ  ᠲᠤᠰ ᠲᠤᠰ᠎ᠤᠨ ᠡᠭᠦᠷᠭᠡ ᠬᠠᠷᠢᠭᠤᠴᠠᠯᠭ᠎ᠠ ᠵᠢᠨ ᠬᠡᠪᠴᠢᠶᠡᠨ ᠳᠣᠲᠣᠷ᠎ᠠ ᠂ ᠬᠠᠤᠯᠢ ᠴᠠᠭ᠋ᠠᠵᠠ ᠬᠠᠤᠯᠢ ᠲᠣᠭᠲᠠᠭ᠋ᠠᠯ ᠵᠢᠴᠢ ᠲᠤᠰ ᠲᠤᠰ᠎ᠤᠨ ᠳᠦᠷᠢᠮ᠎ᠤᠨ ᠶᠣᠰᠣᠭ᠋ᠠᠷ ᠤᠷᠤᠯᠳᠤᠭ᠋ᠠᠨ᠎ᠤ ᠠᠵᠢᠯᠯᠠᠭ᠎ᠠ ᠵᠢᠨ ᠵᠣᠬᠢᠶᠠᠨ  ᠪᠠᠢ᠌ᠭᠤᠯᠤᠭᠴᠢ (ᠭᠣᠣᠯᠯᠠᠨ ᠡᠷᠬᠢᠯᠡᠬᠦ ᠲᠠᠯ᠎ᠠ᠂ ᠳᠠᠭ᠋ᠠᠭ᠋ᠠᠴᠢᠯᠠᠨ ᠡᠷᠬᠢᠯᠡᠬᠦ ᠲᠠᠯ᠎ᠠ᠂ ᠬᠠᠮᠵᠢᠨ ᠭᠦᠢ᠍ᠴᠡᠳᠬᠡᠬᠦ ᠲᠠᠯ᠎ᠠ᠂ ᠵᠢᠭ᠋ᠠᠨ ᠵᠢᠯᠤᠭᠣᠳᠬᠤ ᠨᠢᠭᠡᠴᠢ ᠵᠡᠷᠭᠡ ᠵᠢ ᠪᠠᠭᠲᠠᠭ᠋ᠠᠨ᠎ᠠ)᠎ᠨᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ  ᠠᠵᠢᠯᠯᠠᠭ᠎ᠠ ᠵᠢᠨ  ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠭᠣᠣᠯ ᠴᠣᠭᠴᠠ ᠵᠢᠨ ᠬᠠᠷᠢᠭᠤᠴᠠᠯᠭ᠎ᠠ ᠵᠢ ᠡᠭᠦᠷᠭᠡᠯᠡᠵᠦ ᠂ ᠲᠡᠭᠦᠨ᠎ᠤ ᠵᠣᠬᠢᠶᠠᠨ ᠪᠠᠢ᠌ᠭᠤᠯᠤᠭᠰᠠᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ  ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ ᠃

      ᠬᠣᠶᠠᠳᠤᠭ᠋ᠠᠷ ᠪᠦᠯᠦᠭ     ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ

      ᠵᠢᠷᠭᠤᠳᠤᠭ᠋ᠠᠷ ᠵᠦᠢ᠍ᠯ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠳᠤ  ᠪᠠᠭᠲᠠᠬᠤ᠎ᠨᠢ᠄

      (  ᠨᠢᠭᠡ )  ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠵᠤ ᠂ ᠤᠷᠲᠤ ᠬᠤᠭᠤᠴᠠᠭ᠋ᠠᠨ᠎ᠤ ᠪᠦᠲᠦᠮᠵᠢᠲᠡᠶ ᠬᠠᠮᠢᠶᠠᠷᠤᠯᠲᠠ ᠵᠢᠨ ᠲᠣᠭᠲᠠᠴᠠ ᠵᠢ  ᠪᠠᠢ᠌ᠭᠤᠯᠤᠨ᠎ᠠ;

      (  ᠬᠣᠶᠠᠷ )  ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠢᠨᠠᠯᠲᠠ ᠲᠠᠯᠪᠢᠬᠤ ᠠᠵᠢᠯ᠎ᠤᠨ ᠳᠦᠷᠢᠮ᠎ᠢ ᠲᠡᠭᠦᠯᠳᠡᠷᠵᠢᠭᠦᠯᠵᠦ ᠂ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠦᠨ ᠂ ᠠᠵᠢᠯ᠎ᠤᠨ ᠳᠡᠰ ᠳᠠᠷᠠᠭ᠋ᠠᠯᠠᠯ᠎ᠢ  ᠵᠢᠷᠤᠮᠵᠢᠭᠤᠯᠤᠨ᠎ᠠ;

      (  ᠭᠤᠷᠪᠠ )  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠤᠬᠠᠭᠤᠯᠭ᠎ᠠ ᠬᠥᠮᠦᠵᠢᠯ᠎ᠢ ᠵᠢᠯᠤᠭᠣᠳᠴᠤ ᠂ ᠰᠤᠷᠲᠠᠯ᠎ᠤᠨ ᠪᠠᠢ᠌ᠭᠤᠯᠤᠯᠲᠠ ᠪᠠ ᠠᠵᠢᠯ ᠮᠡᠷᠭᠡᠵᠢᠯ᠎ᠤᠨ ᠶᠣᠰᠣ ᠮᠣᠷᠠᠯ᠎ᠤᠨ ᠪᠠᠢ᠌ᠭᠤᠯᠤᠯᠲᠠ ᠵᠢ  ᠴᠢᠩᠭ᠋ᠠᠳᠬᠠᠨ᠎ᠠ;

      (  ᠳᠥᠷᠪᠡ )  ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠲᠥᠪ ᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠭᠠᠭᠴᠠ ᠵᠦᠢ᠍ᠯ᠎ᠤᠨ ᠪᠡᠶ᠎ᠡ ᠵᠢᠨ ᠲᠠᠮᠢᠷ᠎ᠤᠨ ᠨᠡᠢ᠌ᠭᠡᠮᠯᠢᠭ ᠂ ᠺᠯᠦ᠋ᠪ ᠂ ᠠᠢ᠌ᠮᠠᠭ ᠬᠤᠲᠠ ᠂ ᠬᠣᠰᠢᠭᠤ ᠰᠢᠶᠠᠨ ᠲᠣᠭᠣᠷᠢᠭ᠎ᠤᠨ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠠᠵᠢᠯ᠎ᠢ ᠵᠢᠯᠣᠭᠣᠳᠤᠨ ᠬᠢᠨᠠᠯᠲᠠ  ᠲᠠᠯᠪᠢᠨ᠎ᠠ;

      (  ᠲᠠᠪᠤ )  ᠭᠠᠵᠠᠷ ᠣᠷᠣᠨ ᠠᠯᠤᠰᠯᠠᠭᠰᠠᠨ ᠰᠠᠯᠠᠭ᠎ᠠ ᠮᠥᠴᠢᠷ ᠠᠯᠤᠰᠯᠠᠭᠰᠠᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠠᠵᠢᠯ᠎ᠢ ᠵᠣᠬᠢᠴᠠᠭᠤᠯᠤᠨ᠎ᠠ ᠃

      ᠳᠣᠯᠣᠳᠤᠭ᠋ᠠᠷ ᠵᠦᠢ᠍ᠯ    ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠲᠥᠪ ᠪᠣᠯᠣᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠠᠵᠢᠯ᠎ᠤᠨ ᠤᠳᠤᠷᠢᠳᠬᠤ ᠳᠤᠭᠤᠢ᠌ᠯᠠᠩ᠎ᠨᠢ ᠬᠠᠷᠢᠶᠠᠯᠠᠭᠳᠠᠬᠤ ᠲᠥᠷᠥᠯ ᠵᠦᠢ᠍ᠯ ᠵᠢᠴᠢ ᠪᠦᠬᠦ ᠣᠷᠣᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠂ ᠵᠠᠯᠠᠭᠤᠴᠤᠳ ᠪᠠᠭ᠋ᠠᠴᠤᠳ᠎ᠤᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ ᠂ ᠡᠭᠦᠷᠭᠡ ᠬᠠᠷᠢᠭᠤᠴᠠᠯᠭ᠎ᠠ᠎ᠳᠤ ᠪᠠᠭᠲᠠᠬᠤ᠎ᠨᠢ᠄

      (  ᠨᠢᠭᠡ )  ᠤᠷᠤᠯᠳᠤᠭ᠋ᠠᠨ᠎ᠤ ᠲᠥᠷᠥᠯ ᠵᠦᠢ᠍ᠯ᠎ᠤᠨ ᠳᠦᠷᠢᠮ ᠲᠣᠭᠲᠠᠭ᠋ᠠᠯ᠎ᠢ ᠲᠣᠭᠲᠠᠭ᠋ᠠᠵᠤ ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠵᠢᠷᠤᠮᠵᠢᠭᠤᠯᠤᠨ᠎ᠠ ;

      (  ᠬᠣᠶᠠᠷ )  ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠪᠡᠶ᠎ᠡ ᠵᠢᠨ ᠲᠠᠮᠢᠷ᠎ᠤᠨ ᠠᠩᠭᠢ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ  ᠰᠤᠷᠭ᠋ᠠᠨ  ᠬᠥᠮᠦᠵᠢᠯ ᠬᠠᠮᠢᠶᠠᠷᠤᠯᠲᠠ ᠵᠢ ᠴᠢᠩᠭ᠋ᠠᠳᠬᠠᠨ᠎ᠠ ;

      (  ᠭᠤᠷᠪᠠ )  ᠠᠢ᠌ᠮᠠᠭ ᠬᠤᠲᠠ ᠂ ᠬᠣᠰᠢᠭᠤ ᠰᠢᠶᠠᠨ ᠲᠣᠭᠣᠷᠢᠭ᠎ᠤᠨ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠢ ᠵᠢᠯᠣᠭᠣᠳᠤᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠭᠦᠢ᠍ᠴᠡᠳᠬᠡᠨ᠎ᠡ ;

      (  ᠳᠥᠷᠪᠡ )  ᠲᠣᠭᠲᠠᠮᠠᠯ ᠬᠤᠭᠤᠴᠠᠭ᠎ᠠ᠎ᠲᠠᠢ᠎ᠪᠠᠷ ᠰᠠᠬᠢᠯᠭ᠎ᠠ ᠪᠠᠲᠤ ᠵᠢᠨ ᠤᠬᠠᠭᠤᠯᠭ᠎ᠠ ᠬᠥᠮᠦᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠳᠤ ᠣᠷᠣᠯᠴᠠᠬᠤ ᠡᠯ᠎ᠡ ᠲᠦᠷᠦᠯ᠎ᠤᠨ ᠬᠥᠮᠥᠰ᠎ᠤᠨ ᠬᠠᠤᠯᠢ ᠴᠠᠭ᠋ᠠᠵᠠ ᠰᠠᠬᠢᠯᠭ᠎ᠠ ᠪᠠᠲᠤ ᠵᠢᠨ ᠤᠬᠠᠮᠰᠠᠷ᠎ᠢ ᠳᠡᠭᠡᠭᠰᠢᠯᠡᠭᠦᠯᠦᠨ᠎ᠡ ;

      (  ᠲᠠᠪᠤ )  ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ  ᠲᠣᠭᠲᠠᠭ᠋ᠠᠯ᠎ᠠᠴᠠ ᠵᠥᠷᠢᠴᠡᠬᠦ ᠵᠢ ᠪᠠᠢ᠌ᠴᠠᠭ᠋ᠠᠨ ᠰᠢᠢ᠍ᠳᠪᠦᠷᠢᠯᠡᠬᠦ ᠵᠢ ᠥᠷᠨᠢᠭᠦᠯᠦᠨ᠎ᠡ ᠃

      (  ᠵᠢᠷᠭᠤᠭ᠎ᠠ )  ᠪᠦᠬᠦ ᠤᠯᠤᠰ᠎ᠤᠨ ᠪᠡᠶ᠎ᠡ ᠵᠢᠨ ᠲᠠᠮᠢᠷ᠎ᠤᠨ ᠵᠣᠬᠢᠶᠠᠨ ᠪᠠᠢ᠌ᠭᠤᠯᠤᠯᠲᠠ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠬᠠᠮᠲᠤᠷᠠᠯᠴᠠᠭ᠎ᠠ᠎ᠳᠤ ᠣᠷᠣᠯᠴᠠᠨ᠎ᠠ ᠃

      ᠨᠠᠢ᠍ᠮᠠᠳᠤᠭ᠋ᠠᠷ ᠵᠦᠢ᠍ᠯ    ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠭᠠᠭᠴᠠ ᠵᠦᠢ᠍ᠯ᠎ᠤᠨ ᠪᠡᠶ᠎ᠡ ᠵᠢᠨ ᠲᠠᠮᠢᠷ᠎ᠤᠨ ᠨᠡᠢ᠌ᠭᠡᠮᠯᠢᠭ ᠂ ᠺᠯᠦ᠋ᠪ ᠎ᠨᠢ ᠬᠠᠷᠢᠶᠠᠯᠠᠭᠳᠠᠬᠤ  ᠲᠥᠷᠥᠯ ᠵᠦᠢ᠍ᠯ᠎ᠤᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ ᠂ ᠡᠭᠦᠷᠭᠡ ᠬᠠᠷᠢᠭᠤᠴᠠᠯᠭ᠎ᠠ᠎ᠳᠤ ᠪᠠᠭᠲᠠᠬᠤ᠎ᠨᠢ᠄

      (  ᠨᠢᠭᠡ )  ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠵᠣᠬᠢᠶᠠᠨ ᠪᠠᠢ᠌ᠭᠤᠯᠤᠯᠲᠠ ᠵᠢᠨ ᠪᠠᠢ᠌ᠭᠤᠯᠤᠮᠵᠢ ᠂ ᠠᠵᠢᠯᠲᠠᠨ ᠪᠠ ᠠᠵᠢᠯᠯᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠦᠨ᠎ᠡ ;

      (  ᠬᠣᠶᠠᠷ )  ᠲᠥᠷᠥᠯ ᠵᠦᠢ᠍ᠯ᠎ᠤᠨ ᠤᠷᠤᠯᠳᠤᠭ᠋ᠠᠨ᠎ᠤ ᠳᠦᠷᠢᠮ ᠲᠣᠭᠲᠠᠭ᠋ᠠᠯ᠎ᠢ ᠲᠣᠭᠲᠠᠭ᠋ᠠᠵᠤ ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠵᠢᠷᠤᠮᠵᠢᠭᠤᠯᠤᠨ᠎ᠠ ;

      (  ᠭᠤᠷᠪᠠ )  ᠠᠢ᠌ᠮᠠᠭ ᠬᠤᠲᠠ ᠂ ᠬᠣᠰᠢᠭᠤ ᠰᠢᠶᠠᠨ ᠲᠣᠭᠣᠷᠢᠭ᠎ᠤᠨ ᠭᠠᠭᠴᠠ ᠵᠦᠢ᠍ᠯ᠎ᠤᠨ ᠪᠡᠶ᠎ᠡ ᠵᠢᠨ ᠲᠠᠮᠢᠷ᠎ᠤᠨ ᠨᠡᠢ᠌ᠭᠡᠮᠯᠢᠭ ᠂ ᠺᠯᠦ᠋ᠪ᠎ᠤᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢ ᠵᠢᠯᠣᠭᠣᠳᠤᠨ᠎ᠠ ;

      (  ᠳᠥᠷᠪᠡ )  ᠲᠣᠭᠲᠠᠮᠠᠯ ᠬᠤᠭᠤᠴᠠᠭ᠎ᠠ᠎ᠲᠠᠢ᠎ᠪᠠᠷ  ᠤᠷᠤᠯᠳᠤᠭ᠋ᠠᠨ᠎ᠤ  ᠰᠤᠷᠲᠠᠯ ᠤᠷᠤᠯᠳᠤᠭ᠋ᠠᠨ᠎ᠤ  ᠰᠠᠬᠢᠯᠭ᠎ᠠ ᠪᠠᠲᠤ ᠵᠢᠨ ᠤᠬᠠᠭᠤᠯᠭ᠎ᠠ ᠬᠥᠮᠦᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠵᠦ ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠳᠤ ᠣᠷᠣᠯᠴᠠᠬᠤ ᠡᠯ᠎ᠡ ᠲᠦᠷᠦᠯ᠎ᠤᠨ ᠬᠥᠮᠥᠰ᠎ᠤᠨ ᠬᠠᠤᠯᠢ ᠴᠠᠭ᠋ᠠᠵᠠ ᠰᠠᠬᠢᠯᠭ᠎ᠠ ᠪᠠᠲᠤ ᠵᠢᠨ ᠤᠬᠠᠮᠰᠠᠷ᠎ᠢ ᠳᠡᠭᠡᠭᠰᠢᠯᠡᠭᠦᠯᠦᠨ᠎ᠡ ;

      (  ᠲᠠᠪᠤ )  ᠪᠦᠬᠦ ᠤᠯᠤᠰ᠎ᠤᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠠᠵᠢᠯ᠎ᠳᠤ ᠣᠷᠣᠯᠴᠠᠨ᠎ᠠ ᠃

      ᠶᠢᠰᠦᠳᠦᠭᠡᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠬᠠᠷᠢᠶ᠎ᠠ ᠣᠷᠣᠨ᠎ᠤ᠎ᠪᠠᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢ ᠬᠠᠮᠢᠶᠠᠷᠬᠤ ᠂ ᠵᠣᠬᠢᠴᠠᠭᠤᠯᠬᠤ ᠂ ᠬᠢᠨᠠᠯᠲᠠ ᠲᠠᠯᠪᠢᠬᠤ ᠠᠵᠢᠯ᠎ᠢ ᠬᠠᠷᠢᠭᠤᠴᠠᠵᠤ ᠂ ᠠᠵᠢᠯ᠎ᠤᠨ ᠪᠠᠢ᠌ᠭᠤᠯᠤᠮᠵᠢ ᠪᠣᠯᠣᠨ ᠠᠵᠢᠯᠲᠠᠨ ᠵᠶ᠋ᠠᠨ ᠲᠣᠳᠣᠷᠬᠠᠢ᠌ᠯᠠᠬᠤ

ᠬᠡᠷᠡᠭᠲᠡᠢ ᠃

      ᠠᠷᠪᠠᠳᠤᠭ᠋ᠠᠷ ᠵᠦᠢ᠍ᠯ   ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠵᠣᠬᠢᠶᠠᠨ ᠪᠠᠢ᠌ᠭᠤᠯᠤᠭᠴᠢ᠎ᠠᠴᠠ ᠤᠷᠤᠯᠳᠤᠭ᠋ᠠᠨ᠎ᠤ ᠳᠦᠷᠢᠮ ᠲᠣᠭᠲᠠᠭ᠋ᠠᠯ ᠪᠣᠯᠣᠨ ᠵᠣᠬᠢᠶᠠᠨ ᠪᠠᠢ᠌ᠭᠤᠯᠤᠨ ᠬᠠᠮᠢᠶᠠᠷᠬᠤ ᠲᠣᠭᠲᠠᠭ᠋ᠠᠯ᠎ᠢ ᠲᠣᠭᠲᠠᠭ᠋ᠠᠬᠤ ᠵᠢᠨ ᠬᠠᠮᠲᠤ ᠲᠡᠭᠦᠯᠳᠡᠷᠵᠢᠭᠦᠯᠵᠦ ᠂ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ  ᠠᠶᠤᠯ  ᠲᠦᠭᠰᠢᠭᠦᠷᠢ ᠵᠢᠨ ᠳᠡᠰ ᠬᠤᠪᠢᠶᠠᠬᠤ ᠳᠦᠷᠢᠮ᠎ᠢ ᠪᠠᠢ᠌ᠭᠤᠯᠤᠨ ᠂ ᠵᠣᠬᠢᠴᠠᠩᠭᠤᠢ ᠬᠠᠮᠢᠶᠠᠷᠤᠨ ᠡᠵᠡᠮᠳᠡᠬᠦ ᠠᠷᠭ᠎ᠠ ᠬᠡᠮᠵᠢᠶ᠎ᠡ ᠠᠪᠴᠤ ᠂ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ  ᠠᠶᠤᠯ  ᠲᠦᠭᠰᠢᠭᠦᠷᠢ ᠵᠢ ᠰᠡᠷᠭᠡᠢ᠌ᠯᠡᠨ ᠠᠷᠢᠯᠭ᠋ᠠᠬᠤ ᠬᠡᠷᠡᠭᠲᠡᠢ ᠃

      ᠠᠷᠪᠠᠨ ᠨᠢᠭᠡᠳᠦᠭᠡᠷ ᠵᠦᠢ᠍ᠯ  《  ᠬᠡᠨ ᠬᠠᠮᠢᠶᠠᠷᠪᠠᠯ ᠬᠡᠨ ᠬᠠᠷᠢᠭᠤᠴᠠᠬᠤ 》 ᠵᠠᠷᠴᠢᠮ ᠶᠣᠰᠣᠭ᠋ᠠᠷ ᠂ ᠪᠥᠬᠦ ᠤᠯᠤᠰ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠪᠡᠯᠡᠳᠬᠡᠯ ᠡᠭᠦᠷᠭᠡ ᠵᠢ ᠡᠭᠦᠷᠭᠡᠯᠡᠵᠦ ᠪᠠᠢ᠌ᠭ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠲᠥᠪ᠎ᠠᠴᠠ ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠪᠡᠶ᠎ᠡ ᠵᠢᠨ ᠲᠠᠮᠢᠷ᠎ᠤᠨ ᠠᠩᠭᠢ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠡᠭᠦᠷᠭᠡᠯᠡᠨ᠎ᠡ ᠃ ᠠᠢ᠌ᠮᠠᠭ ᠬᠤᠲᠠ ᠂ ᠬᠣᠰᠢᠭᠤ ᠰᠢᠶᠠᠨ ᠲᠣᠭᠣᠷᠢᠭ᠎ᠤᠨ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ  ᠬᠠᠮᠢᠶᠠᠷᠴᠤ ᠪᠠᠢ᠌ᠭ᠎ᠠ  ᠪᠡᠶ᠎ᠡ ᠵᠢᠨ ᠲᠠᠮᠢᠷ᠎ᠤᠨ ᠠᠩᠭᠢ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠠᠵᠢᠯ᠎ᠢ ᠬᠠᠷᠢᠭᠤᠴᠠᠵᠤ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠲᠥᠪ᠎ᠢ ᠬᠠᠪᠰᠤᠷᠤᠨ ᠤᠷᠤᠯᠳᠤᠭ᠋ᠠᠨ᠎ᠳᠤ ᠣᠷᠣᠯᠴᠠᠬᠤ ᠵᠣᠬᠢᠴᠠᠩᠭᠤᠢ ᠡᠭᠦᠷᠭᠡ ᠵᠢᠨ ᠡᠩᠨᠡᠭᠡ ᠵᠢᠴᠢ ᠬᠠᠮᠢᠶ᠎ᠠ ᠪᠦᠬᠦᠢ ᠬᠥᠮᠥᠰ᠎ᠤᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢ ᠡᠭᠦᠷᠭᠡᠯᠡᠨ᠎ᠡ ᠃

      ᠠᠷᠪᠠᠨ ᠬᠣᠶᠠᠳᠤᠭ᠋ᠠᠷ ᠵᠦᠢ᠍ᠯ    ᠰᠢᠶᠠᠨ᠎ᠤ ᠱᠠᠲᠤᠨ᠎ᠠᠴᠠ ᠳᠡᠭᠡᠭᠰᠢᠬᠢ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠂ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠲᠥᠪ ᠂ ᠥᠪᠡᠷᠲᠡᠭᠡᠨ ᠵᠠᠰᠠᠬᠤ ᠣᠷᠣᠨ᠎ᠤ ᠱᠠᠲᠤᠨ᠎ᠤ ᠭᠠᠭᠴᠠ ᠵᠦᠢ᠍ᠯ᠎ᠤᠨ ᠪᠡᠶ᠎ᠡ ᠵᠢᠨ ᠲᠠᠮᠢᠷ᠎ᠤᠨ ᠨᠡᠢ᠌ᠭᠡᠮᠯᠢᠭ ᠂ ᠺᠯᠦ᠋ᠪ᠎ᠨᠢ ᠱᠠᠲᠤ ᠬᠤᠪᠢᠶᠠᠨ ᠬᠢᠨᠠᠯᠲᠠ ᠲᠠᠯᠪᠢᠵᠤ ᠬᠠᠮᠢᠶᠠᠷᠬᠤ ᠱᠠᠭ᠋ᠠᠷᠳᠠᠯᠭ᠎ᠠ ᠶᠣᠰᠣᠭ᠋ᠠᠷ ᠂ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠣᠨ᠎ᠤ ᠬᠢᠨᠠᠯᠲᠠ ᠲᠠᠯᠪᠢᠵᠤ ᠪᠠᠢ᠌ᠴᠠᠭ᠋ᠠᠬᠤ ᠲᠥᠯᠥᠪᠯᠡᠭᠡ ᠲᠣᠭᠲᠠᠭ᠋ᠠᠬᠤ ᠵᠢᠨ ᠬᠠᠮᠲᠤ ᠲᠥᠯᠥᠪᠯᠡᠭᠡ ᠵᠢᠨ ᠶᠣᠰᠣᠭ᠋ᠠᠷ ᠬᠢᠨᠠᠯᠲᠠ ᠲᠠᠯᠪᠢᠨ ᠪᠠᠢ᠌ᠴᠠᠭ᠋ᠠᠵᠤ ᠂ ᠬᠢᠨᠠᠯᠲᠠ ᠲᠠᠯᠪᠢᠵᠤ ᠪᠠᠢ᠌ᠴᠠᠭ᠋ᠠᠬᠤ ᠶᠠᠪᠤᠴᠠ᠎ᠳᠤ ᠣᠯᠵᠤ ᠮᠡᠳᠡᠭᠰᠡᠨ  ᠠᠶᠤᠯ  ᠲᠦᠭᠰᠢᠭᠦᠷᠢ ᠵᠢᠨ ᠳᠠᠯᠳᠠ ᠭᠡᠮ᠎ᠢ ᠴᠠᠭ ᠲᠤᠬᠠᠢ᠎ᠳᠤᠨᠢ ᠰᠢᠢ᠍ᠳᠪᠦᠷᠢᠯᠡᠬᠦ ᠬᠡᠷᠡᠭᠲᠡᠢ ᠃

      ᠠᠷᠪᠠᠨ ᠭᠤᠷᠪᠠᠳᠤᠭ᠋ᠠᠷ ᠵᠦᠢ᠍ᠯ   ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ  ᠠᠵᠢᠯᠯᠠᠭ᠎ᠠ ᠵᠢᠨ  ᠬᠠᠮᠢᠶᠠᠷᠤᠯᠲᠠ ᠵᠢᠨ  ᠨᠢᠭᠡᠴᠢ᠎ᠨᠢ  ᠳᠣᠲᠣᠭ᠋ᠠᠳᠤ ᠵᠢ ᠬᠠᠮᠠᠭ᠋ᠠᠯᠠᠬᠤ ᠂ ᠤᠬᠠᠭᠤᠯᠭ᠎ᠠ ᠂ ᠢᠨᠲ᠋ᠧᠷ  ᠰᠦᠯᠵᠢᠶ᠎ᠡ  ᠮᠡᠳᠡᠭᠡ ᠵᠠᠩᠭᠢ ᠂ ᠰᠠᠬᠢᠯᠭ᠎ᠠ ᠪᠠᠲᠤ ᠬᠢᠨᠠᠨ ᠪᠠᠢ᠌ᠴᠠᠭ᠋ᠠᠬᠤ ᠵᠡᠷᠭᠡ ᠰᠠᠯᠠᠭ᠎ᠠ ᠮᠥᠴᠢᠷ᠎ᠯᠦᠭᠡ ᠵᠢᠨ ᠨᠡᠪᠲᠡᠷᠡᠯᠴᠡᠭᠡ ᠬᠠᠷᠢᠯᠴᠠᠭ᠎ᠠ᠎ᠪᠠᠨ ᠴᠢᠩᠭ᠋ᠠᠳᠬᠠᠵᠤ ᠂ ᠠᠵᠢᠯ᠎ᠤᠨ ᠪᠠᠢ᠌ᠳᠠᠯ ᠵᠶ᠋ᠠᠨ  ᠮᠡᠳᠡᠭᠳᠡᠭᠦᠯᠦᠨ᠂ ᠶᠠᠷᠢᠶ᠎ᠠ ᠬᠡᠯᠡᠯᠴᠡᠭᠡ ᠵᠢ ᠬᠥᠲᠥᠯᠥᠨ ᠵᠢᠯᠤᠭᠣᠳᠬᠤ ᠂ ᠬᠢᠨᠠᠯᠲᠠ ᠲᠠᠯᠪᠢᠵᠤ ᠪᠠᠢ᠌ᠴᠠᠭ᠋ᠠᠬᠤ ᠂ ᠬᠡᠷᠡᠭ᠎ᠢ ᠪᠠᠢ᠌ᠴᠠᠭ᠋ᠠᠨ ᠰᠢᠢ᠍ᠳᠪᠦᠷᠢᠯᠡᠬᠦ ᠵᠡᠷᠭᠡ ᠲᠠᠯ᠎ᠠ᠎ᠪᠠᠷ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠵᠤ ᠂ ᠬᠠᠮᠢᠶᠠᠷᠤᠯᠲᠠ ᠵᠢᠨ ᠨᠡᠢ᠌ᠯᠡᠮᠡᠯ ᠬᠦᠴᠦᠨ᠎ᠢ ᠪᠣᠶ ᠪᠣᠯᠭ᠋ᠠᠬᠤ ᠬᠡᠷᠡᠭᠲᠡᠢ ᠃

      ᠭᠤᠷᠪᠠᠳᠤᠭ᠋ᠠᠷ ᠪᠦᠯᠦᠭ    ᠤᠬᠠᠭᠤᠯᠭ᠎ᠠ ᠬᠥᠮᠦᠵᠢᠯ

      ᠠᠷᠪᠠᠨ ᠳᠥᠷᠪᠡᠳᠦᠭᠡᠷ ᠵᠦᠢ᠍ᠯ    ᠡᠯ᠎ᠡ ᠱᠠᠲᠤᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ  ᠲᠣᠭᠲᠠᠮᠠᠯ ᠬᠤᠭᠤᠴᠠᠭ᠎ᠠ᠎ᠲᠠᠢ᠎ᠪᠠᠷ  ᠨᠡᠢ᠌ᠭᠡᠮ ᠵᠢᠷᠤᠮ᠎ᠤᠨ  ᠭᠣᠣᠯᠯᠠᠬᠤ  ᠥᠷᠲᠡᠭ᠎ᠤᠨ ᠦᠵᠡᠯᠲᠡ ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠂ ᠣᠯᠢᠮᠫᠢᠺ᠎ᠤᠨ ᠵᠣᠷᠢᠭ ᠰᠠᠨᠠᠭ᠎ᠠ ᠪᠠ ᠳᠤᠮᠳᠠᠳᠤ ᠵᠢᠨ ᠪᠡᠶ᠎ᠡ ᠵᠢᠨ ᠲᠠᠮᠢᠷ᠎ᠤᠨ ᠵᠣᠷᠢᠭ ᠰᠠᠨᠠᠭ᠋ᠠᠨ᠎ᠤ ᠬᠥᠮᠦᠵᠢᠯ ᠤᠬᠠᠭᠤᠯᠭ᠎ᠠ ᠵᠢᠨ ᠠᠵᠢᠯ᠎ᠢ ᠥᠷᠨᠢᠭᠦᠯᠵᠦ ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ᠎ᠳᠤ ᠣᠷᠣᠯᠴᠠᠭᠰᠠᠳ᠎ᠤᠨ ᠬᠠᠤᠯᠢ ᠰᠠᠬᠢᠯᠭ᠎ᠠ ᠵᠢᠨ ᠤᠬᠠᠮᠰᠠᠷ ᠂ ᠦᠨᠡᠨᠴᠢ ᠢᠲᠡᠭᠡᠮᠵᠢ ᠵᠢᠨ ᠤᠬᠠᠮᠰᠠᠷ ᠂ ᠳᠦᠷᠢᠮ᠎ᠤᠨ ᠤᠬᠠᠮᠰᠠᠷ᠎ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠃ ᠰᠣᠨᠢᠨ ᠮᠡᠳᠡᠭᠡᠨ᠎ᠤ ᠵᠠᠭᠤᠴᠢᠯᠠᠭᠤᠷ᠎ᠯᠤᠭ᠎ᠠ ᠢᠳᠡᠪᠬᠢᠲᠡᠢ᠎ᠪᠠᠷ ᠵᠣᠯᠭ᠋ᠠᠭᠤᠯᠵᠤ ᠂ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠲᠤᠰᠬᠠᠢ ᠪᠤᠯᠤᠩ ᠭᠠᠷᠭ᠋ᠠᠬᠤ ᠂ ᠬᠠᠷ᠎ᠠ ᠳᠠᠩᠰᠠ ᠵᠢᠨ ᠳᠦᠷᠢᠮ᠎ᠢ ᠪᠠᠶ᠋ᠢᠭᠤᠯᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠂ ᠤᠬᠠᠭᠤᠯᠭ᠎ᠠ ᠵᠢᠨ ᠠᠵᠢᠯ᠎ᠢ ᠥᠷᠭᠡᠨ ᠵᠶ᠋ᠠᠷ ᠥᠷᠨᠢᠭᠦᠯᠵᠦ ᠂ ᠨᠡᠢ᠌ᠲᠡᠯᠢᠭ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠡᠷᠡᠭ᠎ᠤᠨ ᠵᠢᠱ᠌ᠢᠶ᠎ᠡ ᠵᠢ ᠭᠣᠣᠯᠳᠠᠯᠭ᠎ᠠ᠎ᠲᠠᠢ ᠤᠬᠠᠭᠤᠯᠤᠨ ᠂ ᠵᠥᠪ ᠲᠠᠯ᠎ᠠ ᠵᠢᠨ ᠨᠡᠢ᠌ᠲᠡᠯᠢᠭ ᠵᠢᠱ᠌ᠢᠶ᠎ᠡ ᠵᠢ ᠪᠣᠶ ᠪᠣᠯᠭ᠋ᠠᠵᠤ ᠂ ᠡᠰᠡᠷᠭᠦ ᠲᠠᠯ᠎ᠠ ᠵᠢᠨ ᠬᠡᠷᠡᠭ᠎ᠤᠨ ᠵᠢᠱ᠌ᠢᠶ᠎ᠡ ᠵᠢ ᠢᠯᠡᠴᠢᠯᠡᠵᠦ ᠂ ᠤᠷᠤᠯᠳᠤᠭ᠋ᠠᠨ᠎ᠳᠤ ᠣᠷᠣᠯᠴᠠᠭᠰᠠᠳ᠎ᠤᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠴᠢᠬᠤᠯᠠ ᠴᠢᠨᠠᠷ᠎ᠤᠨ ᠲᠤᠬᠠᠢ ᠲᠠᠨᠢᠯᠲᠠ ᠵᠢ ᠳᠡᠭᠡᠭᠰᠢᠯᠡᠭᠦᠯᠬᠦ ᠬᠡᠷᠡᠭᠲᠡᠢ ᠃

      ᠠᠷᠪᠠᠨ ᠲᠠᠪᠤᠳᠤᠭ᠋ᠠᠷ ᠵᠦᠢ᠍ᠯ   ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠬᠠᠮᠢᠶᠠᠷᠤᠯᠲᠠ ᠵᠢᠨ   ᠨᠢᠭᠡᠴᠢ᠎ᠨᠦᠭᠦᠳ  ᠪᠣᠯᠪᠠᠰᠤᠷᠠᠯ᠂  ᠤᠬᠠᠭᠤᠯᠤᠭ᠎ᠠ ᠲᠠᠢ᠌ᠯᠪᠤᠷᠢᠯᠯᠠᠲᠠ᠂ ᠭᠣᠣᠯ ᠰᠡᠳᠦᠪᠲᠦ ᠨᠠᠮ᠎ᠤᠨ  ᠡᠳᠦᠷᠯᠢᠭ  ᠵᠡᠷᠭᠡ ᠬᠡᠯᠪᠡᠷᠢ᠎ᠪᠠᠷ ᠳᠠᠮᠵᠢᠭᠤᠯᠤᠨ ᠂ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠤᠬᠠᠭᠤᠯᠭ᠎ᠠ ᠵᠢᠨ ᠠᠵᠢᠯᠯᠠᠭ᠎ᠠ ᠵᠢ ᠵᠣᠬᠢᠶᠠᠨ ᠪᠠᠢ᠌ᠭᠤᠯᠤᠨ ᠥᠷᠨᠢᠭᠦᠯᠵᠦ ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ᠎ᠳᠤ ᠣᠷᠣᠯᠴᠠᠭᠰᠠᠳ᠎ᠤᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠤᠬᠠᠮᠰᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠬᠦ ᠬᠡᠷᠡᠭᠲᠡᠢ ᠃

      ᠠᠷᠪᠠᠨ ᠵᠢᠷᠭᠤᠳᠤᠭ᠋ᠠᠷ ᠵᠦᠢ᠍ᠯ    ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ  ᠰᠣᠷᠭ᠋ᠠᠨ  ᠬᠥᠮᠦᠵᠢᠯ᠎ᠤᠨ ᠵᠥᠪᠰᠢᠶᠡᠷᠡᠨ ᠣᠷᠣᠭᠤᠯᠬᠤ ᠲᠣᠭᠲᠠᠴᠠ ᠵᠢ ᠪᠠᠢ᠌ᠭᠤᠯᠵᠤ ᠂ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ  ᠰᠣᠷᠭ᠋ᠠᠨ  ᠬᠥᠮᠦᠵᠢᠯ᠎ᠢ ᠰᠢᠯᠢᠳᠡᠭ ᠲᠠᠮᠢᠷᠴᠢᠨ᠎ᠢ ᠢᠯᠡ᠎ᠪᠠᠷ ᠤᠷᠢᠬᠤ ᠂ ᠰᠤᠷᠭ᠋ᠠᠭᠴᠢ ᠵᠢᠨ ᠠᠵᠢᠯ᠎ᠳᠤ ᠣᠷᠣᠬᠤ ᠂ ᠲᠠᠮᠢᠷᠴᠢᠳ᠎ᠢ ᠤᠷᠤᠯᠳᠤᠭ᠋ᠠᠨ᠎ᠳᠤ ᠣᠷᠣᠯᠴᠠᠬᠤ ᠂ ᠬᠢᠨᠠᠭᠴᠢ ᠵᠢ ᠰᠣᠩᠭᠣᠨ ᠲᠣᠮᠢᠯᠠᠬᠤ ᠵᠡᠷᠭᠡ ᠠᠵᠢᠯ᠎ᠤᠨ ᠦᠨᠳᠦᠰᠦᠨ ᠬᠢᠨᠠᠨ ᠬᠠᠷᠭᠤᠭᠤᠯᠬᠤ ᠨᠥᠬᠥᠴᠡᠯ ᠪᠣᠯᠭ᠋ᠠᠨ᠎ᠠ ᠃

      ᠠᠷᠪᠠᠨ ᠳᠣᠯᠣᠳᠤᠭ᠋ᠠᠷ ᠵᠦᠢ᠍ᠯ   ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ ᠳᠣᠲᠣᠷᠠᠬᠢ ᠵᠠᠯᠠᠭᠤᠴᠤᠳ ᠪᠠᠭ᠋ᠠᠴᠤᠳ᠎ᠤᠨ ᠪᠡᠶ᠎ᠡ ᠵᠢᠨ ᠲᠠᠮᠢᠷ᠎ᠤᠨ ᠶᠣᠰᠣ ᠮᠣᠷᠠᠯ᠎ᠤᠨ ᠬᠥᠮᠦᠵᠢᠯ᠎ᠢ ᠴᠢᠩᠭ᠋ᠠᠳᠬᠠᠵᠤ ᠂ ᠪᠦᠬᠦ ᠣᠷᠣᠨ᠎ᠤ ᠵᠠᠯᠠᠭᠤᠴᠤᠳ ᠪᠠᠭ᠋ᠠᠴᠤᠳ᠎ᠤᠨ ᠮᠠᠩᠯᠠᠢ ᠰᠢᠯᠭ᠋ᠠᠷᠠᠭᠤᠯᠬᠤ ᠤᠷᠤᠯᠳᠤᠭ᠋ᠠᠨ ᠂  ᠲᠡᠷᠢᠭᠦᠨ᠎ᠤ  ᠤᠷᠤᠯᠳᠤᠭ᠋ᠠᠨ ᠂ ᠺᠯᠦ᠋ᠪ᠎ᠤᠨ ᠬᠣᠯᠪᠣᠭ᠋ᠠᠲᠤ ᠤᠷᠤᠯᠳᠤᠭ᠋ᠠᠨ ᠂ ᠪᠣᠯᠪᠠᠰᠤᠷᠠᠯ᠎ᠤᠨ ᠬᠤᠸᠠᠷᠠᠨ ᠵᠡᠷᠭᠡ ᠤᠷᠤᠯᠳᠤᠭ᠋ᠠᠨ᠎ᠤ ᠠᠵᠢᠯᠯᠠᠭ᠎ᠠ᠎ᠪᠠᠷ ᠳᠠᠮᠵᠢᠭᠤᠯᠤᠨ ᠤᠬᠠᠭᠤᠯᠭ᠎ᠠ ᠬᠥᠮᠦᠵᠢᠯ᠎ᠤᠨ ᠠᠵᠢᠯ᠎ᠢ ᠥᠷᠨᠢᠭᠦᠯᠦᠨ᠎ᠡ ᠃ ᠡᠯ᠎ᠡ ᠱᠠᠲᠤᠨ᠎ᠤ ᠪᠡᠶ᠎ᠡ ᠵᠢᠨ ᠲᠠᠮᠢᠷ᠎ᠤᠨ ᠰᠤᠷᠭ᠋ᠠᠭᠤᠯᠢ᠎ᠨᠢ ᠡᠳᠦᠷ ᠲᠤᠲᠤᠮ᠎ᠤᠨ ᠪᠣᠯᠪᠠᠰᠤᠷᠠᠯ ᠪᠠ ᠤᠷᠤᠯᠳᠤᠭ᠋ᠠᠨ᠎ᠳᠤ ᠣᠷᠣᠯᠴᠠᠬᠤ ᠶᠠᠪᠤᠴᠠ᠎ᠳᠤ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠥᠮᠦᠵᠢᠯ᠎ᠢ ᠵᠢᠭ᠋ᠠᠨ ᠰᠤᠷᠭ᠋ᠠᠯᠲᠠ ᠵᠢᠨ ᠠᠵᠢᠯ᠎ᠤᠨ ᠴᠢᠬᠤᠯᠠ ᠠᠭᠤᠯᠭ᠎ᠠ ᠪᠣᠯᠭ᠋ᠠᠨ  ᠦᠷᠨᠢᠭᠦᠯᠦᠨ᠎ᠡ᠃

      ᠠᠷᠪᠠᠨ ᠨᠠᠢ᠍ᠮᠠᠳᠤᠭ᠋ᠠᠷ ᠵᠦᠢ᠍ᠯ   ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠬᠠᠮᠢᠶᠠᠷᠤᠯᠲᠠ ᠵᠢᠨ  ᠨᠢᠭᠡᠴᠢ ᠎ᠨᠢ ᠤᠷᠤᠯᠳᠤᠭ᠋ᠠᠨ᠎ᠤ ᠡᠮᠦᠨᠡᠬᠢ ᠬᠠᠮᠲᠤᠷᠠᠭᠰᠠᠨ ᠬᠤᠷᠠᠯ ᠵᠡᠷᠭᠡ ᠵᠢ ᠭᠦᠢ᠍ᠴᠡᠳ ᠠᠰᠢᠭᠯᠠᠨ ᠂ ᠲᠠᠮᠢᠷᠴᠢᠨ ᠂  ᠰᠤᠷᠭ᠋ᠠᠭᠴᠢ  ᠪᠠ ᠬᠢᠨᠠᠭᠴᠢ ᠵᠢ ᠵᠣᠬᠢᠶᠠᠨ ᠪᠠᠢ᠌ᠭᠤᠯᠤᠨ ᠤᠷᠤᠯᠳᠤᠭ᠋ᠠᠨ᠎ᠠᠴᠠ ᠡᠮᠦᠨᠡᠬᠢ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠲᠠᠩᠭ᠋ᠠᠷᠢᠭᠯᠠᠬᠤ ᠵᠢᠴᠢ ᠰᠠᠢ᠌ᠨ ᠳᠤᠷ᠎ᠠ᠎ᠠᠴᠠ᠎ᠪᠠᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠠᠮᠠᠯᠠᠯᠲᠠ ᠵᠢᠨ ᠪᠢᠴᠢᠭ᠎ᠲᠤ ᠭᠠᠷ᠎ᠤᠨ ᠥᠰᠥᠭ ᠵᠢᠷᠤᠬᠤ ᠵᠡᠷᠭᠡ ᠭᠣᠭᠴᠣᠭ᠎ᠠ ᠵᠢ ᠨᠡᠮᠡᠭᠳᠡᠭᠦᠯᠵᠦ ᠂ ᠤᠷᠤᠯᠳᠤᠭ᠋ᠠᠨ᠎ᠤ ᠠᠵᠢᠯᠯᠠᠭ᠎ᠠ᠎ᠳᠤ ᠣᠷᠣᠯᠴᠠᠭᠰᠠᠳ᠎ᠤᠨ ᠥᠪᠡᠷ᠎ᠢ᠎ᠪᠠᠨ ᠱᠠᠭ᠋ᠠᠷᠳᠠᠬᠤ ᠦᠵᠡᠯ ᠤᠬᠠᠮᠰᠠᠷ ᠪᠠ ᠬᠠᠷᠢᠭᠤᠴᠠᠯᠭ᠎ᠠ ᠵᠢᠨ ᠦᠵᠡᠯ ᠤᠬᠠᠮᠰᠠᠷ᠎ᠢ ᠴᠢᠩᠭ᠋ᠠᠳᠬᠠᠬᠤ ᠬᠡᠷᠡᠭᠲᠡᠢ ᠃

      ᠠᠷᠪᠠ ᠶᠢᠰᠦᠳᠦᠭᠡᠷ ᠵᠦᠢ᠍ᠯ    ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠵᠣᠬᠢᠶᠠᠨ ᠪᠠᠢ᠌ᠭᠤᠯᠤᠭᠴᠢ᠎ᠠᠴᠠ ᠤᠷᠤᠯᠳᠤᠭ᠋ᠠᠨ᠎ᠤ ᠠᠵᠢᠯᠯᠠᠭ᠎ᠠ ᠵᠢᠨ  ᠡᠮᠦᠨ᠎ᠡ ᠂ ᠳᠤᠮᠳᠠ  ᠪᠠ  ᠰᠡᠭᠦᠯᠴᠢ ᠵᠢᠨ ᠬᠤᠭᠤᠴᠠᠭ᠋ᠠᠨ᠎ᠳᠤ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠤᠬᠠᠭᠤᠯᠭ᠎ᠠ ᠵᠢ ᠥᠷᠨᠢᠭᠦᠯᠵᠦ ᠂ ᠤᠬᠠᠭᠤᠯᠭ᠎ᠠ ᠵᠢᠨ ᠳᠡᠪᠲᠡᠷ ᠂ ᠠᠯᠪᠠᠨ ᠵᠠᠷ᠎ᠤᠨ ᠪᠤᠯᠤᠩ ᠂ ᠲᠤᠬᠠᠢ ᠵᠢᠨ ᠲᠠᠯᠠᠪᠤᠷ᠎ᠲᠤ ᠷᠠᠳᠢᠣ᠋ ᠨᠡᠪᠲᠡᠷᠡᠭᠦᠯᠭᠡ ᠂ ᠡᠯᠧᠺᠲᠷᠣᠨ ᠳᠡᠯᠭᠡᠴᠡ ᠵᠡᠷᠭᠡ ᠤᠯᠠᠨ ᠵᠦᠢ᠍ᠯ᠎ᠤᠨ ᠠᠷᠭ᠎ᠠ ᠵᠠᠮ᠎ᠢ ᠠᠰᠢᠭᠯᠠᠵᠤ ᠂ ᠤᠷᠤᠯᠳᠤᠭ᠋ᠠᠨ᠎ᠳᠤ ᠣᠷᠣᠯᠴᠠᠭᠰᠠᠳ ᠪᠣᠯᠣᠨ ᠦᠵᠡᠭᠴᠢᠳ᠎ᠲᠤ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠪᠣᠳᠠᠲᠠᠢ ᠱᠠᠭ᠋ᠠᠷᠳᠠᠯᠭ᠎ᠠ ᠪᠣᠯᠣᠨ ᠪᠣᠯᠪᠠᠰᠤᠨ᠎ᠤ ᠰᠣᠨᠢᠷᠬᠠᠯ᠎ᠤᠨ ᠤᠷᠤᠯᠳᠤᠭ᠋ᠠᠨ᠎ᠤ ᠠᠩᠬᠠᠷᠬᠤ ᠵᠦᠢ᠍ᠯ᠎ᠢ ᠤᠬᠠᠭᠤᠯᠵᠤ ᠂ ᠤᠷᠤᠯᠳᠤᠭ᠋ᠠᠨ᠎ᠤ ᠰᠠᠢ᠌ᠨ ᠰᠠᠢ᠌ᠬᠠᠨ ᠠᠭᠤᠷ ᠠᠮᠢᠰᠬᠤᠯ᠎ᠢ ᠪᠤᠢ ᠪᠣᠯᠭ᠋ᠠᠬᠤ ᠬᠡᠷᠡᠭᠲᠡᠢ ᠃

       ᠳᠥᠷᠪᠡᠳᠦᠭᠡᠷ ᠪᠦᠯᠦᠭ    ᠦᠢ᠍ᠯᠡ ᠠᠵᠢᠯᠯᠠᠭ᠎ᠠ ᠵᠢᠨ ᠵᠢᠷᠤᠮᠵᠢᠯ᠎ᠤᠨ ᠪᠠᠷᠢᠮᠵᠢᠶ᠎ᠠ

      ᠬᠣᠷᠢᠳᠤᠭ᠋ᠠᠷ ᠵᠦᠢ᠍ᠯ    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠤ ᠡᠷᠬᠢᠯᠡᠭᠰᠡᠨ ᠡᠯ᠎ᠡ ᠱᠠᠲᠤᠨ᠎ᠤ ᠡᠯ᠎ᠡ ᠲᠥᠷᠥᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ᠂ ᠤᠷᠤᠯᠳᠤᠭ᠋ᠠᠨ᠎ᠤ  ᠠᠵᠢᠯᠯᠠᠭ᠎ᠠ ᠵᠢᠨ  ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠤᠷᠤᠯᠳᠤᠭ᠋ᠠᠨ᠎ᠤ  ᠶᠠᠪᠤᠳᠠᠯ᠎ᠤᠨ  ᠵᠣᠬᠢᠶᠠᠨ ᠪᠠᠶ᠋ᠢᠭᠤᠯᠬᠤ ᠺᠣᠮᠢᠰ᠂ ᠤᠷᠤᠯᠳᠤᠭ᠋ᠠᠨ᠎ᠤ ᠵᠣᠬᠢᠶᠠᠨ ᠪᠠᠶ᠋ᠢᠭᠤᠯᠬᠤ ᠺᠣᠮᠢᠰ᠎ᠤᠨ ᠠᠵᠢᠯᠲᠠᠳ  ᠭᠦᠢ᠍ᠴᠡᠳᠭᠡᠪᠡᠰᠦ ᠵᠣᠬᠢᠬᠤ᠎ᠨᠢ ᠄

      (  ᠨᠢᠭᠡ )  ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠣᠨ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠳᠠᠷᠤᠮᠠᠯᠯᠠᠨ  ᠲᠠᠷᠬᠠᠭ᠋ᠠᠭᠰᠠᠨ  ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠣᠯᠪᠣᠭᠳᠠᠯ ᠪᠦᠬᠦᠢ ᠲᠣᠭᠲᠠᠭ᠋ᠠᠯ᠎ᠢ ᠤᠬᠠᠮᠰᠠᠷ᠎ᠠᠴᠠ᠎ᠪᠠᠨ ᠵᠢᠷᠤᠮᠯᠠᠵᠤ ᠂ ᠡᠯ᠎ᠡ ᠵᠦᠢ᠍ᠯ᠎ᠤᠨ ᠤᠷᠤᠯᠳᠤᠭ᠋ᠠᠨ᠎ᠤ ᠳᠦᠷᠢᠮ ᠪᠣᠯᠣᠨ ᠤᠷᠤᠯᠳᠤᠭ᠋ᠠᠨ᠎ᠤ ᠠᠵᠢᠯᠯᠠᠭ᠎ᠠ ᠵᠢᠨ ᠤᠷᠤᠯᠳᠤᠭ᠋ᠠᠨ᠎ᠤ ᠳᠦᠷᠢᠮ ᠲᠣᠭᠲᠠᠭ᠋ᠠᠯ᠎ᠢ ᠴᠢᠩᠭ᠎ᠠ ᠵᠢᠷᠤᠮᠯᠠᠬᠤ ᠬᠡᠷᠡᠭᠲᠡᠢ ᠃ ᠪᠡᠶ᠎ᠡ ᠵᠢᠨ ᠲᠠᠮᠢᠷ᠎ᠤᠨ ᠤᠷᠤᠯᠳᠤᠭ᠋ᠠᠨ ᠳᠤᠮᠳᠠᠬᠢ ᠲᠥᠪ ᠪᠤᠰᠤ ᠰᠤᠷᠲᠠᠯ᠎ᠢ ᠦᠨᠡᠨ ᠬᠦ᠌ ᠡᠰᠡᠷᠭᠦᠴᠡᠨ ᠵᠠᠯᠠᠷᠠᠭᠤᠯᠵᠤ᠂ ᠡᠭᠦᠷᠭᠡ ᠲᠤᠰᠢᠶᠠᠯ ᠵᠶ᠋ᠠᠨ ᠬᠢᠴᠢᠶᠡᠩᠭᠦᠢ᠌ᠯᠡᠨ  ᠭᠦᠢ᠍ᠴᠡᠳᠭᠡᠵᠦ ᠂ ᠠᠷᠢᠭᠤᠨ ᠴᠢᠬᠡᠴᠢ ᠪᠠᠢ᠌ᠵᠤ᠂ ᠪᠡᠶ᠎ᠡ ᠵᠢᠨ ᠲᠠᠮᠢᠷ᠎ᠤᠨ ᠠᠵᠢᠯ ᠲᠥᠷᠥᠯ᠎ᠤᠨ ᠰᠠᠢ᠌ᠨ ᠰᠠᠢ᠌ᠬᠠᠨ ᠳᠦᠷᠢ ᠲᠥᠷᠬᠦ ᠵᠢ ᠪᠣᠢ ᠪᠣᠯᠭ᠋ᠠᠨ ᠬᠠᠮᠠᠭ᠋ᠠᠯᠠᠬᠤ ᠬᠡᠷᠡᠭᠲᠡᠢ ;

      (  ᠬᠣᠶᠠᠷ )  ᠲᠥᠪ᠎ᠤᠨ ᠨᠠᠢ᠍ᠮᠠᠨ  ᠵᠣᠷᠪᠤᠰ  ᠲᠣᠭᠲᠠᠭ᠋ᠠᠯ᠎ᠤᠨ ᠵᠣᠷᠢᠭ ᠰᠠᠨᠠᠭ᠎ᠠ ᠪᠠ ᠤᠷᠤᠯᠳᠤᠭ᠋ᠠᠨ᠎ᠤ ᠵᠣᠬᠢᠶᠠᠨ ᠪᠠᠶ᠋ᠢᠭᠤᠯᠬᠤ ᠺᠣᠮᠢᠰ᠎ᠤᠨ ᠬᠠᠮᠢᠶᠠᠷᠤᠯᠲᠠ ᠵᠢᠨ ᠱᠠᠭ᠋ᠠᠷᠳᠠᠯᠭ᠎ᠠ ᠵᠢ ᠴᠢᠩᠭ᠎ᠠ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ ᠂ ᠪᠦᠷᠢᠯᠭᠡᠨ ᠰᠦᠢ᠍ᠳᠬᠡᠵᠦ ᠪᠣᠯᠬᠤ ᠦᠭᠡᠢ ᠂ ᠬᠡᠯᠪᠡᠷᠢ ᠵᠢᠨ ᠦᠵᠡᠯ ᠂ ᠨᠣᠶᠠᠨᠴᠢ ᠰᠤᠷᠲᠠᠯ ᠭᠠᠷᠭ᠋ᠠᠬᠤ ᠦᠭᠡᠢ ; ᠤᠷᠤᠯᠳᠤᠭ᠋ᠠᠨ᠎ᠤ ᠡᠷᠬᠡ ᠲᠡᠭᠰᠢ ᠵᠢ ᠨᠥᠯᠥᠭᠡᠯᠡᠵᠦ ᠮᠡᠳᠡᠬᠦ ᠶᠠᠮᠠᠷᠪᠠ ᠳᠠᠶ᠋ᠢᠯᠠᠯᠭ᠎ᠠ ᠪᠠ ᠠᠴᠢ ᠬᠠᠷᠢᠭᠤᠯᠲᠠ ᠵᠢ ᠬᠦᠯᠢᠶᠡᠨ ᠠᠪᠴᠤ ᠪᠣᠯᠬᠤ ᠦᠭᠡᠢ ; ᠡᠯ᠎ᠡ ᠵᠦᠢ᠍ᠯ᠎ᠤᠨ ᠬᠡᠯᠪᠡᠷᠢ ᠵᠢᠨ ᠵᠣᠭᠣᠰ ᠨᠠᠭ᠋ᠠᠳᠬᠤ ᠠᠵᠢᠯᠯᠠᠭ᠎ᠠ᠎ᠳᠤ ᠣᠷᠣᠯᠴᠠᠬᠤ

ᠦᠭᠡᠢ ;

      (  ᠭᠤᠷᠪᠠ )  ᠡᠳ᠋᠎ᠤᠨ ᠶᠠᠪᠤᠳᠠᠯ᠎ᠤᠨ ᠲᠣᠭᠲᠠᠭ᠋ᠠᠯ᠎ᠢ ᠴᠢᠩᠭ᠎ᠠ ᠬᠡᠷᠡᠭᠵᠢᠭᠦᠯᠵᠦ ᠂ ᠬᠤᠪᠢ ᠬᠥᠮᠥᠨ᠎ᠤ ᠵᠠᠷᠤᠴᠠᠭᠤᠯᠬᠤ ᠶᠣᠰᠣᠲᠠᠢ ᠵᠠᠷᠤᠳᠠᠯ᠎ᠢ  ᠠᠯᠪᠠᠨ᠎ᠤ ᠵᠣᠭᠣᠰ ᠵᠶ᠋ᠠᠷ ᠳᠠᠩᠰᠠ ᠴᠠᠢ᠌ᠷᠠᠭᠤᠯᠵᠤ ᠪᠤᠯᠬᠤ  ᠦᠭᠡᠢ;  ᠠᠯᠪᠠᠨ᠎ᠤ ᠵᠣᠭᠣᠰ ᠵᠶ᠋ᠠᠷ ᠵᠤᠭ᠎ᠠ ᠴᠡᠩᠭᠡᠯ᠎ᠤᠨ ᠬᠥᠳᠡᠯᠭᠡᠭᠡᠨ᠎ᠳᠤ ᠣᠷᠤᠯᠴᠠᠬᠤ ᠦᠭᠡᠢ; ᠠᠯᠪᠠᠨ᠎ᠤ ᠵᠣᠭᠣᠰ ᠵᠶ᠋ᠠᠷ ᠵᠤᠭ᠋ᠠᠴᠠᠬᠤ ᠪᠤᠶᠤ ᠣᠷᠣᠨ ᠨᠤᠲᠤᠭ᠎ᠤᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠲᠤᠰ ᠬᠥᠮᠥᠨ ᠂ ᠭᠡᠷ᠎ᠤᠨ ᠬᠥᠮᠥᠰ ᠵᠢᠴᠢ ᠲᠦᠷᠦᠯ ᠰᠠᠳᠤᠨ᠎ᠤ ᠎ᠪᠠᠨ ᠲᠣᠬᠢᠷᠠᠭᠤᠯᠤᠭᠰᠠᠨ ᠵᠢᠭᠤᠯᠴᠢᠯᠠᠯ᠎ᠤᠨ ᠠᠵᠢᠯᠯᠠᠭ᠎ᠠ ᠵᠢ ᠬᠦᠯᠢᠶᠡᠨ ᠠᠪᠬᠤ ᠦᠭᠡᠢ ; ᠶᠠᠮᠠᠷᠪᠠ ᠰᠢᠯᠲᠠᠭ ᠵᠶ᠋ᠠᠷ ᠬᠤᠪᠢ᠎ᠪᠠᠷ ᠵᠶ᠋ᠠᠨ 《  ᠵᠢᠵᠢᠭ ᠵᠣᠭᠣᠰᠤᠨ᠎ᠤ ᠬᠥᠮᠥᠷᠭᠡ 》 ᠪᠠᠢ᠌ᠭᠤᠯᠵᠤ ᠪᠣᠯᠬᠤ ᠦᠭᠡᠢ ;

      (  ᠳᠥᠷᠪᠡ )  ᠤᠷᠤᠯᠳᠤᠭ᠋ᠠᠨ᠎ᠤ ᠠᠵᠢᠯᠯᠠᠭ᠎ᠠ ᠵᠢᠨ ᠵᠣᠬᠢᠶᠠᠨ ᠪᠠᠢ᠌ᠭᠤᠯᠤᠯᠲᠠ ᠪᠠ ᠬᠢᠨᠠᠭᠴᠢ ᠵᠢ ᠰᠣᠩᠭᠣᠨ ᠲᠣᠮᠢᠯᠠᠬᠤ ᠠᠵᠢᠯ᠎ᠤᠨ ᠳᠤᠮᠳᠠ ᠣᠪᠣᠷ᠎ᠨᠢ ᠲᠥᠪ ᠴᠢᠬᠡᠴᠢ ᠂ ᠣᠪᠣᠷ ᠰᠤᠷᠲᠠᠯ᠎ᠨᠢ ᠴᠢᠩᠭ᠎ᠠ ᠨᠢᠮᠪᠠᠢ ᠂ ᠠᠵᠢᠯ᠎ᠨᠢ ᠥᠨᠳᠥᠷ ᠪᠦᠲᠦᠮᠵᠢᠲᠡᠶ ᠂ ᠪᠤᠰᠤᠳᠴᠢ ᠪᠥᠭᠡᠳ ᠲᠥᠪ ᠭᠤᠤᠯᠴᠢ ᠪᠠᠢ᠌ᠬᠤ ᠵᠠᠷᠴᠢᠮ᠎ᠢ ᠪᠠᠷᠢᠮᠲᠠᠯᠠᠵᠤ ᠂ ᠳᠠᠯᠳᠠᠭᠤᠷ ᠠᠵᠢᠯᠯᠠᠬᠤ ᠂ ᠡᠷᠬᠡ᠎ᠪᠠᠨ ᠠᠰᠢᠭᠯᠠᠨ ᠠᠮᠢ᠎ᠪᠠᠨ ᠪᠣᠷᠳᠣᠬᠤ ᠵᠢ ᠴᠢᠩᠭ᠎ᠠ ᠴᠠᠭ᠋ᠠᠵᠠᠯᠠᠨ ᠂ ᠶᠠᠮᠠᠷᠪᠠ ᠠᠷᠭ᠎ᠠ ᠪᠠᠷᠢᠯ ᠵᠶ᠋ᠠᠷ ᠬᠢᠨᠠᠭᠴᠢ ᠵᠢᠨ ᠲᠥᠪ ᠭᠤᠤᠯᠴᠢ ᠭᠦᠢ᠍ᠴᠡᠳᠭᠡᠭᠴᠢ ᠵᠢ ᠬᠠᠷᠰᠢᠯᠠᠬᠤ ᠶᠠᠪᠤᠳᠠᠯ᠎ᠢ ᠴᠢᠩᠭ᠎ᠠ ᠴᠠᠭ᠋ᠠᠵᠠᠯᠠᠨ᠎ᠠ ;

      (  ᠲᠠᠪᠤ )  ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ ᠂ ᠤᠷᠤᠯᠳᠤᠭ᠋ᠠᠨ᠎ᠤ ᠠᠵᠢᠯᠯᠠᠭ᠎ᠠ ᠵᠢ ᠵᠣᠬᠢᠶᠠᠨ ᠪᠠᠢ᠌ᠭᠤᠯᠤᠭᠴᠢ᠎ᠠᠴᠠ ᠤᠷᠤᠯᠳᠤᠭ᠋ᠠᠨ᠎ᠤ ᠬᠠᠮᠢᠶ᠎ᠠ ᠪᠦᠬᠦᠢ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠂ ᠢᠳᠡᠭᠡᠨ᠎ᠤ ᠠᠮᠤᠷ ᠲᠦᠪᠰᠢᠨ ᠂ ᠡᠮᠴᠢᠯᠡᠭᠡᠨ᠎ᠤ ᠪᠠᠲᠤᠯᠠᠭ᠎ᠠ ᠂ ᠠᠮᠤᠷ ᠲᠦᠪᠰᠢᠨ᠎ᠤ ᠪᠠᠲᠤᠯᠠᠭ᠎ᠠ ᠂ ᠵᠠᠪᠰᠠᠷᠳᠠᠭᠤᠯᠬᠤ ᠲᠣᠭᠲᠠᠴᠠ ᠵᠡᠷᠭᠡ ᠲᠥᠰᠥᠯ ᠪᠣᠯᠣᠨ ᠪᠠᠴᠢᠮ ᠪᠠᠢ᠌ᠳᠠᠯ᠎ᠢ  ᠠᠷᠭ᠋ᠠᠴᠠᠭ᠋ᠠᠬᠤ  ᠪᠡᠯᠡᠳᠬᠡᠯ ᠲᠥᠰᠥᠯ᠎ᠢ ᠲᠣᠭᠲᠠᠭ᠋ᠠᠬᠤ ᠵᠢᠨ ᠬᠠᠮᠲᠤ ᠴᠢᠩᠭ᠎ᠠ ᠨᠠᠢ᠌ᠳᠠᠪᠤᠷᠢᠵᠢᠭᠤᠯᠬᠤ ᠬᠡᠷᠡᠭᠲᠡᠢ ; ᠦᠵᠡᠭᠦᠯᠭᠡ ᠵᠢᠨ ᠲᠠᠯᠠᠪᠤᠷ᠎ᠤᠨ ᠬᠠᠮᠢᠶᠠᠷᠤᠯᠲᠠ ᠵᠢ ᠴᠢᠩᠭ᠋ᠠᠳᠬᠠᠵᠤ ᠂ ᠤᠷᠤᠯᠳᠤᠭ᠋ᠠᠨ᠎ᠤ ᠲᠠᠯᠠᠪᠤᠷ᠎ᠤᠨ ᠡᠮᠬᠢ ᠳᠢᠭᠯᠢᠮ᠎ᠢ ᠬᠠᠮᠠᠭ᠋ᠠᠯᠠᠵᠤ ᠂ ᠬᠡᠷᠡᠭᠦᠯ ᠵᠣᠳᠣᠭ᠋ᠠᠨ ᠬᠢᠬᠦ ᠂ ᠰᠢᠬᠠᠯᠳᠤᠨ ᠭᠢᠰᠬᠢᠬᠦ ᠵᠡᠷᠭᠡ ᠬᠡᠷᠡᠭ ᠡᠭᠦᠰᠬᠦ ᠵᠢ ᠰᠡᠷᠭᠡᠢ᠌ᠯᠡᠵᠦ ᠂ ᠪᠣᠯᠪᠠᠰᠤᠨ ᠪᠤᠰᠤ ᠡᠷᠡᠭᠦᠯ ᠪᠤᠰᠤ ᠂ ᠳᠣᠷᠣᠮᠵᠢᠯᠠᠬᠤ ᠴᠢᠨᠠᠷᠲᠠᠢ ᠪᠤᠶᠤ ᠬᠠᠷᠢᠶᠠᠬᠤ ᠴᠢᠨᠠᠷᠲᠠᠢ ᠂ ᠦᠨᠳᠦᠰᠦᠲᠡᠨ᠎ᠤ ᠪᠦᠯᠬᠦᠮᠳᠡᠯ᠎ᠢ ᠡᠪᠳᠡᠬᠦ ᠂ ᠤᠯᠤᠰ ᠣᠷᠣᠨ᠎ᠢ ᠬᠠᠭ᠋ᠠᠴᠠᠭᠤᠯᠬᠤ ᠂ ᠨᠡᠢ᠌ᠭᠡᠮ᠎ᠢ ᠡᠰᠡᠷᠭᠦᠴᠡᠬᠦ ᠬᠡᠯᠪᠡᠷᠢᠯ ᠵᠡᠷᠭᠡ ᠲᠠᠯ᠎ᠠ ᠵᠢᠨ ᠦᠭᠡ ᠶᠠᠷᠢᠶ᠎ᠠ ᠂ ᠲᠤᠭ ᠪᠣᠯᠣᠨ ᠤᠷᠢᠶ᠎ᠠ ᠯᠣᠽᠦ᠋ᠩ ᠢᠯᠡᠷᠡᠬᠦ ᠵᠢ ᠴᠢᠩᠭ᠎ᠠ ᠴᠠᠭ᠋ᠠᠵᠠᠯᠠᠬᠤ ᠬᠡᠷᠡᠭᠲᠡᠢ ;

      (  ᠵᠢᠷᠭᠤᠭ᠎ᠠ )  ᠤᠷᠤᠯᠳᠤᠭ᠋ᠠᠨ᠎ᠤ ᠠᠵᠢᠯᠯᠠᠭ᠎ᠠ ᠵᠢᠨ ᠨᠡᠷ᠎ᠡ  ᠮᠡᠳᠡᠭᠦᠯᠦᠯᠲᠡ᠂ ᠬᠢᠷᠢ ᠬᠡᠮ᠎ᠤᠨ  ᠬᠢᠨᠠᠨ  ᠪᠠᠢ᠌ᠴᠠᠭ᠋ᠠᠯᠲᠠ᠂ ᠤᠷᠤᠯᠳᠤᠭ᠋ᠠᠨ᠎ᠤ ᠦᠷ᠎ᠡ ᠳ᠋ᠦᠩ᠎ᠤᠨ ᠶᠣᠰᠣᠭ᠋ᠠᠷ ᠤᠷᠤᠯᠳᠤᠭ᠋ᠠᠨ᠎ᠤ ᠠᠵᠢᠯᠯᠠᠭ᠎ᠠ ᠵᠢᠨ ᠡᠮᠬᠢ ᠵᠢᠷᠤᠮ᠎ᠤᠨ ᠳᠡᠪᠲᠡᠷ ᠂ ᠬᠢᠷᠢ ᠪᠦᠲᠦᠮᠵᠢ ᠵᠢᠨ ᠳᠡᠪᠲᠡᠷ᠎ᠢ ᠦᠨᠡᠨ ᠪᠣᠳᠠᠲᠠᠢ᠎ᠪᠠᠷ ᠵᠣᠬᠢᠶᠠᠵᠤ ᠂ ᠮᠠᠭᠤ ᠰᠠᠨᠠᠭ᠎ᠠ᠎ᠲᠠᠢ᠎ᠪᠠᠷ ᠥᠭᠡᠷᠡᠲᠡᠭᠦᠯᠬᠦ ᠂ ᠮᠡᠳᠡᠭᠦᠯᠬᠦ ᠦᠭᠡᠢ ᠨᠢᠭᠤᠬᠤ ᠂ ᠬᠤᠳᠠᠯ ᠵᠶ᠋ᠠᠷ ᠮᠡᠳᠡᠭᠦᠯᠬᠦ ᠦᠢᠯᠡ ᠠᠵᠢᠯᠯᠠᠭ᠎ᠠ ᠭᠠᠷᠭ᠋ᠠᠬᠤ ᠵᠢ ᠴᠢᠩᠭ᠎ᠠ ᠴᠠᠭ᠋ᠠᠵᠠᠯᠠᠨ᠎ᠠ ᠃

      ᠬᠣᠷᠢᠨ ᠨᠢᠭᠡᠳᠦᠭᠡᠷ ᠵᠦᠢ᠍ᠯ    ᠤᠷᠤᠯᠳᠤᠭ᠋ᠠᠨ᠎ᠳᠤ ᠣᠷᠣᠯᠴᠠᠬᠤ ᠲᠠᠮᠢᠷᠴᠢᠳ  ᠭᠦᠢ᠍ᠴᠡᠳᠭᠡᠪᠡᠰᠦ ᠵᠣᠬᠢᠬᠤ᠎ᠨᠢ ᠄

      (  ᠨᠢᠭᠡ )  ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠡᠯ᠎ᠡ ᠵᠦᠢ᠍ᠯ᠎ᠤᠨ ᠳᠦᠷᠢᠮ ᠲᠣᠭᠲᠠᠭ᠋ᠠᠯ ᠪᠠ ᠲᠣᠭᠲᠠᠭ᠋ᠠᠯ᠎ᠢ ᠴᠢᠩᠭ᠎ᠠ ᠵᠢᠷᠤᠮᠯᠠᠨ ᠂ ᠰᠢᠭᠦᠨ ᠲᠠᠰᠤᠯᠤᠯᠲᠠ ᠵᠢ ᠳᠠᠭ᠋ᠠᠵᠤ ᠂ ᠡᠰᠡᠷᠭᠦ ᠡᠲᠡᠭᠡᠳ ᠂ ᠬᠢᠨᠠᠭᠴᠢ ᠪᠠ ᠦᠵᠡᠭᠴᠢᠳ᠎ᠢ ᠬᠦᠨᠳᠦᠳᠬᠡᠵᠦ ᠂ ᠤᠷᠤᠯᠳᠤᠭ᠋ᠠᠨ᠎ᠤ ᠲᠠᠯᠠᠪᠤᠷ᠎ᠤᠨ ᠬᠦᠴᠦᠷᠬᠡᠭᠯᠡᠯ᠎ᠢ ᠬᠣᠷᠢᠭᠯᠠᠨ ᠵᠣᠭᠰᠣᠭ᠋ᠠᠵᠤ ᠂ ᠵᠣᠬᠢᠰ ᠦᠭᠡᠢ ᠦᠢ᠍ᠯᠡ ᠠᠵᠢᠯᠯᠠᠭ᠎ᠠ ᠪᠠ ᠶᠠᠷᠢᠶ᠎ᠠ ᠬᠡᠯᠡᠯᠴᠡᠭᠡᠨ᠎ᠠᠴᠠ ᠵᠠᠢ᠌ᠯᠠᠰᠬᠢᠬᠦ ᠬᠡᠷᠡᠭᠲᠡᠢ ;

      (  ᠬᠣᠶᠠᠷ )  ᠪᠡᠶ᠎ᠡ ᠵᠢᠨ ᠲᠠᠮᠢᠷ᠎ᠤᠨ ᠵᠣᠷᠢᠭ ᠰᠠᠨᠠᠭ᠎ᠠ ᠵᠢ ᠬᠠᠮᠠᠭ᠋ᠠᠯᠠᠵᠤ ᠂ ᠰᠠᠢ᠌ᠨ ᠰᠠᠢ᠌ᠬᠠᠨ ᠪᠡᠶ᠎ᠡ ᠵᠢᠨ ᠲᠠᠮᠢᠷ᠎ᠤᠨ ᠶᠣᠰᠣ ᠮᠣᠷᠠᠯ ᠪᠠ ᠣᠶᠤᠨ ᠰᠠᠨᠠᠭ᠋ᠠᠨ᠎ᠤ ᠳᠦᠷᠰᠦ ᠪᠠᠢ᠌ᠳᠠᠯ᠎ᠢ ᠢᠯᠡᠷᠡᠭᠦᠯᠵᠦ ᠂ ᠤᠷᠤᠯᠳᠤᠭ᠋ᠠᠨ᠎ᠢ  ᠵᠢᠯᠤᠭᠣᠳᠬᠤ᠂ ᠨᠠᠵᠠᠭ᠋ᠠᠢ ᠤᠷᠤᠯᠳᠤᠭ᠋ᠠᠨ ᠂ ᠮᠠᠭᠤ ᠰᠠᠨᠠᠭ᠎ᠠ᠎ᠲᠠᠢ᠎ᠪᠠᠷ ᠤᠷᠤᠯᠳᠤᠭ᠋ᠠᠨ᠎ᠤ ᠲᠥᠬᠦᠭᠡᠷᠦᠮᠵᠢ ᠵᠢ ᠡᠪᠳᠡᠵᠦ ᠪᠣᠯᠬᠤ ᠦᠭᠡᠢ ᠂ ᠶᠠᠮᠠᠷᠪᠠ ᠵᠣᠭᠣᠰ ᠨᠠᠭ᠋ᠠᠳᠬᠤ ᠠᠵᠢᠯᠯᠠᠭ᠎ᠠ᠎ᠳᠤ ᠣᠷᠣᠯᠴᠠᠬᠤ ᠵᠢ ᠴᠢᠩᠭ᠎ᠠ ᠴᠠᠭ᠋ᠠᠵᠠᠯᠠᠨ᠎ᠠ ;

      (  ᠭᠤᠷᠪᠠ )  ᠬᠥᠭᠡᠷᠦᠭᠦᠯᠬᠦ ᠡᠮ ᠬᠡᠷᠡᠭᠯᠡᠬᠦ ᠵᠢ ᠴᠠᠭ᠋ᠠᠵᠠᠯᠠᠵᠤ ᠂ ᠬᠥᠭᠡᠷᠦᠭᠦᠯᠬᠦ ᠡᠮ᠎ᠢ ᠡᠰᠡᠷᠭᠦᠴᠡᠬᠦ ᠡᠯ᠎ᠡ ᠵᠦᠢ᠍ᠯ᠎ᠤᠨ ᠲᠣᠭᠲᠠᠭ᠋ᠠᠯ᠎ᠢ ᠵᠢᠷᠤᠮᠯᠠᠨ ᠂ ᠡᠷᠬᠡ ᠲᠡᠭᠰᠢ᠎ᠪᠠᠷ ᠥᠷᠢᠰᠦᠯᠳᠦᠬᠦ ᠵᠢ ᠬᠠᠮᠠᠭ᠋ᠠᠯᠠᠬᠤ ᠵᠠᠷᠴᠢᠮ᠎ᠢ ᠪᠠᠷᠢᠮᠲᠠᠯᠠᠵᠤ ᠂ ᠬᠥᠭᠡᠷᠦᠭᠦᠯᠬᠦ ᠡᠮ᠎ᠤᠨ ᠠᠰᠠᠭᠤᠳᠠᠯ᠎ᠳᠤ 《  ᠥᠯᠥ ᠢᠯᠡᠷᠡᠬᠦ 》 《  ᠥᠴᠥᠬᠡᠨ ᠴᠦ᠍ ᠠᠭᠤᠴᠢᠯᠠᠬᠤ ᠦᠭᠡᠢ 》 ᠪᠠᠢ᠌ᠬᠤ ᠵᠢ ᠡᠷᠡᠰ ᠪᠡᠶᠡᠯᠡᠭᠦᠯᠦᠨ᠎ᠡ ᠃

      (  ᠳᠥᠷᠪᠡ )  ᠤᠷᠤᠯᠳᠤᠭ᠋ᠠᠨ᠎ᠤ ᠳᠦᠷᠢᠮ ᠪᠠ ᠤᠷᠤᠯᠳᠤᠭ᠋ᠠᠨ᠎ᠤ  ᠳᠦᠷᠢᠮᠯᠡᠯ᠎ᠢ ᠴᠢᠩᠭ᠎ᠠ ᠵᠢᠷᠤᠮᠯᠠᠨ ᠤᠷᠤᠯᠳᠤᠭ᠋ᠠᠨ᠎ᠤ ᠠᠵᠢᠯᠯᠠᠭ᠎ᠠ᠎ᠳᠤ ᠣᠷᠣᠯᠴᠠᠵᠤ ᠂ ᠤᠷᠤᠯᠳᠤᠭ᠋ᠠᠨ᠎ᠤ ᠲᠠᠯᠠᠪᠤᠷ᠎ᠤᠨ ᠦᠢ᠍ᠯᠡ ᠠᠵᠢᠯᠯᠠᠭ᠎ᠠ ᠵᠢᠨ ᠵᠢᠷᠤᠮᠵᠢᠯ ᠪᠠ ᠤᠷᠤᠯᠳᠤᠭ᠋ᠠᠨ᠎ᠤ ᠵᠣᠬᠢᠶᠠᠨ ᠪᠠᠶ᠋ᠢᠭᠤᠯᠬᠤ ᠺᠣᠮᠢᠰ᠎ᠤᠨ ᠬᠠᠮᠢᠶ᠎ᠠ ᠪᠦᠬᠦᠢ ᠲᠣᠭᠲᠠᠭ᠋ᠠᠯ᠎ᠢ ᠵᠢᠷᠤᠮᠯᠠᠨ ᠂ ᠶᠣᠰᠣ ᠪᠤᠰᠤ᠎ᠪᠠᠷ ᠨᠠᠭ᠋ᠠᠳᠬᠤ ᠂ ᠥᠳᠥᠭᠡᠵᠦ ᠬᠡᠷᠡᠭ ᠡᠳᠦᠵᠦ ᠪᠣᠯᠬᠤ ᠦᠭᠡᠢ ᠂ ᠤᠴᠢᠷ ᠰᠢᠯᠲᠠᠭ᠋ᠠᠨ ᠦᠭᠡᠢ᠎ᠪᠠᠷ ᠤᠷᠤᠯᠳᠤᠭ᠋ᠠᠨ ᠵᠶ᠋ᠠᠨ ᠬᠠᠶᠠᠬᠤ ᠂ ᠠᠵᠢᠯ ᠵᠶ᠋ᠠᠨ ᠬᠠᠶᠠᠬᠤ ᠪᠤᠶᠤ ᠱᠠᠩᠨᠠᠯ ᠠᠪᠬᠤ ᠵᠢ ᠲᠡᠪᠴᠢᠵᠦ ᠂ ᠲᠤᠬᠠᠢ ᠵᠢᠨ ᠲᠠᠯᠠᠪᠤᠷ᠎ᠤᠨ ᠬᠠᠮᠢᠶᠠᠷᠤᠯᠲᠠ ᠵᠢ ᠳᠠᠭ᠋ᠠᠵᠤ ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠬᠡᠪ᠎ᠤᠨ ᠡᠮᠬᠢ ᠳᠢᠭᠯᠢᠮ᠎ᠢ  ᠬᠠᠮᠠᠭ᠋ᠠᠯᠠᠬᠤ ᠬᠡᠷᠡᠭᠲᠡᠢ;

      (  ᠲᠠᠪᠤ )  ᠤᠷᠤᠯᠳᠤᠭ᠋ᠠᠨ᠎ᠤ ᠬᠤᠭᠤᠴᠠᠭ᠋ᠠᠨ᠎ᠳᠤ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠤᠬᠠᠭᠤᠯᠭ᠎ᠠ ᠬᠥᠮᠦᠵᠢᠯ᠎ᠤᠨ ᠠᠵᠢᠯᠯᠠᠭ᠎ᠠ᠎ᠳᠤ ᠢᠳᠡᠪᠬᠢᠲᠡᠢ ᠣᠷᠣᠯᠴᠠᠵᠤ ᠂ ᠤᠷᠤᠯᠳᠤᠭ᠋ᠠᠨ᠎ᠤ ᠠᠵᠢᠯᠯᠠᠭ᠎ᠠ ᠵᠢᠨ ᠤᠬᠠᠭᠤᠯᠭ᠎ᠠ ᠵᠢᠨ ᠠᠵᠢᠯ᠎ᠳᠤ ᠬᠠᠮᠵᠢᠯᠴᠠᠨ ᠂ ᠬᠤᠪᠢ ᠬᠥᠮᠥᠨ ᠵᠢᠴᠢ ᠪᠦᠯᠬᠦᠮ᠎ᠤᠨ ᠤᠷᠤᠯᠳᠤᠭ᠋ᠠᠨ᠎ᠤ ᠳᠦᠷᠢ ᠲᠥᠷᠬᠦ ᠵᠢ ᠵᠣᠷᠢᠭᠤᠳᠠ ᠬᠣᠬᠢᠷᠠᠭᠤᠯᠵᠤ ᠪᠣᠯᠬᠤ ᠦᠭᠡᠢ ᠃

      ᠬᠣᠷᠢᠨ ᠬᠣᠶᠠᠳᠤᠭ᠋ᠠᠷ  ᠵᠦᠢ᠍ᠯ   ᠤᠷᠤᠯᠳᠤᠭ᠋ᠠᠨ᠎ᠳᠤ ᠣᠷᠣᠯᠴᠠᠬᠤ ᠪᠡᠶ᠎ᠡ ᠵᠢᠨ ᠲᠠᠮᠢᠷ᠎ᠤᠨ ᠠᠩᠭᠢ (ᠲᠥᠯᠥᠭᠡᠯᠡᠭᠴᠢᠳ᠎ᠤᠨ ᠪᠦᠯᠬᠦᠮ ) ᠵᠢᠨ ᠠᠵᠢᠯᠲᠠᠨ ᠂  ᠰᠤᠷᠭ᠋ᠠᠭᠴᠢ ᠭᠦᠢ᠍ᠴᠡᠳᠭᠡᠪᠡᠰᠦ ᠵᠣᠬᠢᠬᠤ᠎ᠨᠢ᠄

      (  ᠨᠢᠭᠡ )  ᠪᠡᠶ᠎ᠡ᠎ᠪᠠᠷ ᠵᠶ᠋ᠠᠨ ᠬᠡᠪ ᠳᠦᠷᠢᠮ ᠪᠣᠯᠵᠤ ᠂ ᠦᠭᠡ ᠶᠠᠷᠢᠶ᠎ᠠ ᠦᠢ᠍ᠯᠡ ᠠᠵᠢᠯᠯᠠᠭ᠎ᠠ  ᠡᠪᠯᠢᠭ᠂ ᠲᠠᠮᠢᠷᠴᠢᠳ᠎ᠢ ᠬᠥᠮᠥᠵᠢᠭᠦᠯᠦᠨ ᠵᠢᠯᠤᠭᠣᠳᠴᠤ ᠪᠠᠢ᠌ᠭ᠋ᠠᠳ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢ ᠵᠢᠷᠤᠮᠯᠠᠭᠤᠯᠵᠤ ᠂ ᠰᠠᠢ᠌ᠨ ᠰᠠᠢ᠌ᠬᠠᠨ ᠦᠯᠢᠭᠡᠷ ᠳᠠᠭᠤᠷᠢᠶᠠᠯ᠎ᠢ ᠪᠤᠢ ᠪᠣᠯᠭ᠋ᠠᠬᠤ ᠬᠡᠷᠡᠭᠲᠡᠢ ;

      (  ᠬᠣᠶᠠᠷ )  ᠤᠷᠤᠯᠳᠤᠭ᠋ᠠᠨ᠎ᠤ ᠠᠵᠢᠯᠯᠠᠭ᠎ᠠ ᠵᠢᠨ ᠳᠦᠷᠢᠮ᠎ᠢ ᠴᠢᠩᠭ᠎ᠠ ᠵᠢᠷᠤᠮᠯᠠᠨ ᠲᠠᠮᠢᠷᠴᠢᠳ᠎ᠢ ᠵᠢᠯᠤᠭᠣᠳᠴᠤ ᠂ 《  ᠬᠤᠳᠠᠯ ᠬᠠᠭᠤᠷᠮᠠᠭ  ᠮᠦᠷᠦᠢ᠌ᠴᠡᠬᠦ ᠬᠠᠷ᠎ᠠ 》 ᠵᠢ ᠴᠢᠩᠭ᠎ᠠ ᠴᠠᠭ᠋ᠠᠵᠠᠯᠠᠵᠤ ᠂ ᠲᠠᠮᠢᠷᠴᠢᠳ᠎ᠢ ᠵᠢᠭ᠋ᠠᠨ ᠳᠣᠬᠢᠵᠤ ᠪᠠᠢ᠌ᠭ᠋ᠠᠳ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠬᠢᠯᠭᠡᠵᠦ ᠪᠣᠯᠬᠤ ᠦᠭᠡᠢ ᠂ ᠤᠷᠤᠯᠳᠤᠭ᠋ᠠᠨ᠎ᠤ  ᠲᠦᠭᠦᠭᠡᠷᠦᠮᠵᠢ ᠵᠢ ᠮᠠᠭᠤ ᠰᠠᠨᠠᠭ᠎ᠠ᠎ᠲᠠᠢ᠎ᠪᠠᠷ ᠡᠪᠳᠡᠵᠦ ᠪᠣᠯᠬᠤ ᠦᠭᠡᠢ ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠳᠦᠷᠢᠮ᠎ᠢ ᠵᠥᠷᠢᠴᠡᠬᠦ ᠪᠤᠶᠤ ᠪᠡᠶ᠎ᠡ ᠵᠢᠨ ᠲᠠᠮᠢᠷ᠎ᠤᠨ ᠶᠣᠰᠣ ᠮᠣᠷᠠᠯ᠎ᠢ  ᠵᠥᠷᠢᠴᠡᠵᠦ ᠪᠣᠯᠬᠤ ᠦᠭᠡᠢ ;

      (  ᠭᠤᠷᠪᠠ )  ᠬᠢᠨᠠᠭᠴᠢ ᠵᠢᠨ ᠲᠠᠰᠤᠯᠤᠨ  ᠰᠢᠢ᠍ᠳᠭᠡᠯ  ᠪᠠ ᠡᠰᠡᠷᠭᠦ ᠡᠲᠡᠭᠡᠳ᠎ᠤᠨ  ᠲᠡᠮᠡᠴᠡᠬᠦ ᠵᠣᠷᠢᠭ ᠰᠠᠨᠠᠭ᠎ᠠ ᠵᠢ ᠬᠦᠨᠳᠦᠳᠭᠡᠵᠦ᠂ ᠦᠭᠡ ᠶᠠᠷᠢᠶ᠎ᠠ ᠲᠠᠯᠪᠢᠬᠤ ᠪᠤᠶᠤ ᠤᠷᠤᠯᠳᠤᠭ᠋ᠠᠨ᠎ᠤ ᠡᠮᠬᠢ ᠵᠢᠷᠤᠮ᠎ᠢ  ᠬᠠᠷᠰᠢᠯᠠᠵᠤ  ᠪᠣᠯᠬᠤ ᠦᠭᠡᠢ ;

      (  ᠳᠥᠷᠪᠡ )  ᠪᠡᠶ᠎ᠡ ᠵᠢᠨ ᠲᠠᠮᠢᠷ᠎ᠤᠨ  ᠠᠩᠭᠢ (ᠲᠦᠯᠦᠭᠡᠯᠡᠭᠴᠢᠳ᠎ᠤᠨ ᠪᠦᠯᠬᠦᠮ) ᠵᠢ ᠢᠳᠡᠪᠬᠢᠲᠡᠢ ᠵᠣᠬᠢᠶᠠᠨ  ᠪᠠᠢ᠌ᠭᠤᠯᠵᠤ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠤᠬᠠᠭᠤᠯᠭ᠎ᠠ ᠬᠥᠮᠦᠵᠢᠯ᠎ᠤᠨ  ᠠᠵᠢᠯᠯᠠᠭ᠎ᠠ᠎ᠳᠤ ᠣᠷᠣᠯᠴᠠᠵᠤ ᠢᠳᠡᠪᠬᠢ ᠬᠦᠴᠦᠨ᠎ᠢ ᠳᠠᠮᠵᠢᠭᠤᠯᠤᠨ᠎ᠠ ᠃

      ᠬᠣᠷᠢᠨ ᠭᠤᠷᠪᠠᠳᠤᠭ᠋ᠠᠷ ᠵᠦᠢ᠍ᠯ    ᠬᠢᠨᠠᠭᠴᠢ ᠬᠢᠭᠡᠳ ᠤᠷᠤᠯᠳᠤᠭ᠋ᠠᠨ᠎ᠳᠤ ᠲᠤᠰᠠᠯᠠᠬᠤ ᠬᠥᠮᠥᠰ  ᠭᠦᠢ᠍ᠴᠡᠳᠭᠡᠪᠡᠰᠦ ᠵᠣᠬᠢᠬᠣ᠎ᠨᠢ ᠄

      (  ᠨᠢᠭᠡ )  ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠢᠷᠤᠮᠯᠠᠨ ᠂ ᠤᠷᠤᠯᠳᠤᠭ᠋ᠠᠨ᠎ᠤ ᠰᠠᠬᠢᠯᠭ᠎ᠠ ᠪᠠᠲᠤ ᠵᠢ ᠵᠢᠷᠤᠮᠯᠠᠵᠤ ᠂ ᠵᠣᠬᠢᠶᠠᠨ ᠪᠠᠢ᠌ᠭᠤᠯᠤᠯᠲᠠ ᠵᠢᠨ ᠲᠣᠬᠢᠷᠠᠭᠤᠯᠤᠯᠲᠠ ᠵᠢ ᠳᠠᠭ᠋ᠠᠵᠤ ᠂ 《  ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠬᠢᠨᠠᠭᠴᠢ ᠵᠢᠨ ᠬᠠᠮᠢᠶᠠᠷᠤᠯᠲᠠ ᠵᠢᠨ ᠠᠷᠭ᠎ᠠ 》 ᠵᠢᠴᠢ ᠬᠣᠯᠪᠣᠭᠳᠠᠯ ᠪᠦᠬᠦᠢ ᠳᠦᠷᠢᠮ ᠪᠠ ᠪᠠᠷᠢᠮᠵᠢᠶ᠎ᠠ ᠵᠢ ᠴᠢᠩᠭ᠎ᠠ ᠵᠢᠷᠤᠮᠯᠠᠨ ᠬᠠᠷᠭᠤᠭᠤᠯᠵᠤ ᠂ ᠬᠡᠯᠪᠡᠢ᠌ᠬᠦ ᠦᠭᠡᠢ ᠂ ᠤᠷᠤᠯᠳᠤᠭ᠋ᠠᠨ᠎ᠤ ᠲᠥᠪ ᠭᠤᠣᠯᠴᠢ᠎ᠪᠠᠷ ᠶᠠᠪᠤᠭᠳᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ ;

      (  ᠬᠣᠶᠠᠷ )  ᠡᠯ᠎ᠡ ᠵᠦᠢ᠍ᠯ᠎ᠤᠨ ᠠᠷᠢᠭᠤᠨ ᠴᠢᠬᠡᠴᠢ ᠪᠡᠶ᠎ᠡ᠎ᠪᠠᠨ ᠪᠠᠷᠢᠬᠤ ᠲᠣᠭᠲᠠᠭ᠋ᠠᠯ᠎ᠢ ᠴᠢᠩᠭ᠎ᠠ ᠵᠢᠷᠤᠮᠯᠠᠵᠤ ᠂ ᠠᠰᠢᠭ ᠲᠤᠰᠠ ᠬᠦᠷᠭᠡᠬᠦ ᠵᠢ ᠲᠡᠪᠴᠢᠬᠦ ᠬᠡᠷᠡᠭᠲᠡᠢ ᠃ ᠶᠠᠮᠠᠷᠪᠠ ᠬᠡᠯᠪᠡᠷᠢ ᠵᠢᠨ ᠬᠡᠭᠡᠯᠢ ᠲᠦᠯᠬᠢᠬᠦ ᠪᠤᠶᠤ ᠠᠰᠢᠭ ᠲᠤᠰᠠ ᠬᠦᠷᠭᠡᠬᠦ ᠶᠠᠪᠤᠳᠠᠯ᠎ᠢ ᠬᠦᠯᠢᠶᠡᠨ ᠠᠪᠴᠤ ᠪᠣᠯᠬᠤ ᠦᠭᠡᠢ᠂  ᠬᠢᠨᠠᠨᠬᠤ  ᠠᠵᠢᠯ᠎ᠤᠨ ᠪᠡᠶ᠎ᠡ᠎ᠪᠠᠨ ᠳᠠᠭ᠋ᠠᠭ᠋ᠠᠭᠰᠠᠨ ᠴᠢᠨᠠᠷ ᠪᠠ ᠲᠥᠪ ᠭᠤᠣᠯᠴᠢ ᠴᠢᠨᠠᠷ᠎ᠢ ᠪᠠᠲᠤᠯᠠᠵᠤ᠂ ᠳᠠᠯᠳᠠᠭᠤᠷ ᠦᠢ᠍ᠯᠡᠳᠬᠦ᠂ ᠡᠷᠬᠡ᠎ᠪᠠᠨ ᠠᠰᠢᠭᠯᠠᠨ ᠠᠮᠢ᠎ᠪᠠᠨ ᠪᠣᠷᠳᠣᠬᠤ ᠵᠢ ᠴᠢᠩᠭ᠎ᠠ ᠴᠠᠭ᠋ᠠᠵᠠᠯᠠᠨ᠎ᠠ ;

      (  ᠭᠤᠷᠪᠠ )  ᠳᠡᠭᠡᠳᠦ ᠬᠡᠮᠵᠢᠶᠡᠨ᠎ᠤ ᠬᠠᠷᠢᠭᠤᠴᠠᠯᠭ᠋ᠠᠲᠤ ᠰᠡᠳᠬᠢᠯᠭᠡ ᠂ ᠡᠭᠦᠷᠭᠡᠲᠦ ᠰᠡᠳᠬᠢᠯᠭᠡ᠎ᠲᠠᠢ ᠪᠠᠢ᠌ᠵᠤ ᠂ ᠤᠷᠤᠯᠳᠤᠭ᠋ᠠᠨ᠎ᠤ ᠬᠤᠭᠤᠴᠠᠭ᠋ᠠᠨ᠎ᠳᠤ ᠵᠠᠷᠯᠢᠭ᠎ᠢ ᠳᠠᠭ᠋ᠠᠵᠤ ᠂ ᠵᠢᠯᠣᠭᠣᠳᠤᠯᠭ᠎ᠠ ᠵᠢ ᠳᠠᠭ᠋ᠠᠵᠤ ᠂ ᠲᠠᠮᠢᠷᠴᠢᠨ ᠂  ᠰᠤᠷᠭ᠋ᠠᠭᠴᠢ  ᠪᠠ ᠦᠵᠡᠭᠴᠢᠳ᠎ᠢ ᠬᠦᠨᠳᠦᠳᠬᠡᠵᠦ ᠂ ᠲᠥᠪ ᠭᠤᠣᠯᠴᠢ᠎ᠪᠠᠷ ᠬᠢᠨᠠᠬᠤ ᠬᠡᠷᠡᠭᠲᠡᠢ ᠃

      (  ᠳᠥᠷᠪᠡ )  ᠲᠠᠰᠤᠯᠤᠨ  ᠬᠢᠨᠠᠬᠤ  ᠬᠢᠷᠢ ᠬᠡᠮᠵᠢᠶ᠎ᠡ᠎ᠪᠠᠨ ᠳᠡᠭᠡᠭᠰᠢᠯᠡᠭᠦᠯᠵᠦ ᠂ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠪᠠ ᠲᠠᠰᠤᠯᠤᠨ ᠲᠣᠭᠲᠠᠭ᠋ᠠᠬᠤ ᠲᠤᠬᠠᠢ᠌ᠯᠠᠭᠰᠠᠨ ᠠᠵᠢᠯ᠎ᠤᠨ ᠪᠣᠯᠪᠠᠰᠤᠷᠠᠭᠤᠯᠤᠯ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠣᠷᠣᠯᠴᠠᠵᠤ ᠂  ᠬᠢᠨᠠᠬᠤ  ᠬᠢᠷᠢ ᠬᠡᠮᠵᠢᠶ᠎ᠡ ᠪᠠ ᠠᠵᠢᠯ ᠮᠡᠷᠭᠡᠵᠢᠯ᠎ᠤᠨ ᠶᠣᠰᠣ ᠮᠣᠷᠠᠯ᠎ᠤᠨ ᠬᠡᠪ ᠴᠢᠨᠠᠷ ᠵᠶ᠋ᠠᠨ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ ᠃ ᠠᠵᠢᠯ᠎ᠤᠨ ᠪᠠᠢ᠌ᠷᠢ ᠵᠢᠨ ᠠᠵᠢᠯ᠎ᠤᠨ ᠨᠠᠷᠢᠨ ᠳᠦᠷᠢᠮ᠎ᠢ ᠨᠠᠷᠢᠨ ᠬᠢᠨᠠᠮᠠᠭ᠋ᠠᠢ ᠰᠤᠷᠤᠯᠴᠠᠵᠤ ᠂ ᠠᠵᠢᠯ᠎ᠤᠨ ᠠᠷᠭ᠎ᠠ᠎ᠪᠠᠨ ᠲᠡᠭᠦᠯᠳᠡᠷᠵᠢᠭᠦᠯᠬᠦ ᠬᠡᠷᠡᠭᠲᠡᠢ ; ᠤᠷᠤᠯᠳᠤᠭ᠋ᠠᠨ᠎ᠤ ᠵᠣᠬᠢᠶᠠᠨ ᠪᠠᠶ᠋ᠢᠭᠤᠯᠬᠤ ᠺᠣᠮᠢᠰ᠎ᠤᠨ ᠲᠣᠬᠢᠷᠠᠭᠤᠯᠤᠭᠰᠠᠨ ᠬᠢᠨᠠᠭᠴᠢ ᠪᠤᠶᠤ ᠬᠠᠮᠢᠶ᠎ᠠ ᠪᠦᠬᠦᠢ ᠠᠵᠢᠯ᠎ᠤᠨ ᠪᠠᠢ᠌ᠷᠢ ᠵᠢᠨ ᠤᠷᠤᠯᠳᠤᠭ᠋ᠠᠨ᠎ᠠᠴᠠ ᠡᠮᠦᠨᠡᠬᠢ ᠪᠣᠯᠪᠠᠰᠤᠷᠠᠯ ᠂ ᠵᠣᠬᠢᠴᠠᠭᠤᠯᠬᠤ ᠬᠤᠷᠠᠯ ᠵᠡᠷᠭᠡ ᠬᠠᠮᠢᠶ᠎ᠠ ᠪᠦᠬᠦᠢ ᠠᠵᠢᠯᠯᠠᠭ᠎ᠠ᠎ᠳᠤ ᠴᠠᠭ ᠲᠤᠬᠠᠢ᠎ᠳᠤᠨᠢ ᠣᠷᠣᠯᠴᠠᠬᠤ ᠬᠡᠷᠡᠭᠲᠡᠢ ;

      (  ᠲᠠᠪᠤ )  ᠪᠣᠯᠪᠠᠰᠤᠨ ᠦᠭᠡ ᠬᠡᠯᠡ ᠵᠢ  ᠬᠡᠷᠡᠭᠯᠡᠨ᠂ ᠬᠤᠪᠴᠠᠰᠤ ᠬᠤᠨᠠᠷ ᠨᠢᠭᠡᠳᠦᠯᠲᠡᠢ ᠴᠡᠪᠡᠷ ᠴᠡᠮᠴᠡᠭᠡᠷ ᠪᠠᠢ᠌ᠵᠤ ᠂ ᠦᠢ᠍ᠯᠡ  ᠬᠦᠳᠡᠯᠦᠯ  ᠠᠭᠤᠵᠢᠭᠤ ᠲᠠᠯᠪᠢᠭᠤ ᠪᠠᠢ᠌ᠵᠤ ᠂ ᠪᠤᠰᠤᠳ᠎ᠲᠤ ᠦᠨᠡᠨᠴᠢ ᠶᠣᠰᠣ ᠮᠣᠷᠠᠯ ᠎ᠲᠠᠢ᠂ ᠠᠵᠢᠯ᠎ᠤᠨ ᠦᠷ᠎ᠡ ᠪᠦᠲᠦᠮᠵᠢ ᠵᠢ ᠡᠷᠬᠢᠮᠯᠡᠵᠦ ᠂ ᠠᠵᠢᠯ᠎ᠤᠨ ᠶᠠᠰᠤ ᠴᠢᠨᠠᠷ᠎ᠢ  ᠪᠠᠲᠤᠯᠠᠬᠤ ᠬᠡᠷᠡᠭᠲᠡᠢ;

      (  ᠵᠢᠷᠭᠤᠭ᠎ᠠ )  ᠬᠢᠨᠠᠭᠴᠢ ᠵᠠᠢ᠌ᠯᠠᠭᠤᠯᠬᠤ ᠳᠦᠷᠢᠮ᠎ᠢ ᠪᠠᠢ᠌ᠭᠤᠯᠵᠤ ᠂ ᠬᠢᠨᠠᠭᠴᠢ ᠎ᠨᠢ  ᠤᠷᠤᠯᠳᠤᠭ᠋ᠠᠨ᠎ᠳᠤ ᠣᠷᠣᠯᠴᠠᠬᠤ ᠠᠩᠭᠢ ᠪᠤᠶᠤ ᠲᠠᠮᠢᠷᠴᠢᠳ᠎ᠲᠠᠢ ᠠᠰᠢᠭ ᠲᠤᠰᠠ ᠵᠢᠨ ᠬᠠᠷᠢᠴᠠᠭ᠎ᠠ᠎ᠲᠠᠢ (  ᠵᠢᠱ᠌ᠢᠶᠡᠯᠡᠪᠡᠯ ᠲᠥᠷᠥᠯ ᠰᠠᠳᠤᠨ᠎ᠤ ᠬᠠᠷᠢᠴᠠᠭ᠎ᠠ ᠂ ᠬᠠᠷᠢᠶᠠᠯᠠᠭᠳᠠᠬᠤ  ᠨᠢᠭᠡᠴᠢ ᠵᠢᠨ ᠬᠠᠷᠢᠴᠠᠭ᠎ᠠ ᠵᠡᠷᠭᠡ᠎ᠲᠠᠢ ᠪᠠᠢ᠌ᠬᠤ )  ᠪᠣᠯ  ᠬᠠᠮᠢᠶᠠᠲᠠᠢ ᠤᠷᠤᠯᠳᠤᠭ᠋ᠠᠨ᠎ᠠᠴᠠ ᠰᠠᠨᠠᠭ᠋ᠠᠴᠢᠯᠭ᠎ᠠ᠎ᠠᠴᠠ᠎ᠪᠠᠨ ᠵᠠᠢ᠌ᠯᠠᠬᠤ ᠬᠡᠷᠡᠭᠲᠡᠢ ᠃

      ᠲᠠᠪᠤᠳᠤᠭ᠋ᠠᠷ ᠪᠦᠯᠦᠭ    ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ

      ᠬᠣᠷᠢᠨ ᠳᠥᠷᠪᠡᠳᠦᠭᠡᠷ ᠵᠦᠢ᠍ᠯ    ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ  ᠲᠣᠭᠲᠠᠭ᠋ᠠᠯ᠎ᠠᠴᠠ ᠵᠥᠷᠢᠴᠡᠨ ᠮᠠᠭ᠋ᠠᠳᠯᠠᠨ ᠲᠣᠭᠲᠠᠭ᠋ᠠᠬᠤ᠎ᠳᠤ ᠬᠠᠤᠯᠢ ᠲᠣᠭᠲᠠᠭ᠋ᠠᠯ ᠶᠣᠰᠣᠭ᠋ᠠᠷ ᠂ ᠪᠣᠳᠠᠲᠤ ᠶᠠᠪᠤᠳᠠᠯ᠎ᠨᠢ ᠲᠣᠳᠣᠷᠬᠠᠢ ᠂ ᠰᠢᠨᠵᠢ ᠴᠢᠨᠠᠷ᠎ᠨᠢ ᠣᠨᠣᠪᠴᠢᠲᠠᠶ ᠪᠠᠢ᠌ᠬᠤ ᠬᠡᠷᠡᠭᠲᠡᠢ ᠃

      ᠬᠣᠷᠢᠨ ᠲᠠᠪᠤᠳᠤᠭ᠋ᠠᠷ ᠵᠦᠢ᠍ᠯ   ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠲᠣᠭᠲᠠᠭ᠋ᠠᠯ᠎ᠠᠴᠠ ᠵᠥᠷᠢᠴᠡᠭᠰᠡᠨ᠎ᠳᠤ ᠭᠣᠣᠯᠳᠠᠭᠤ ᠳᠣᠣᠷᠠᠬᠢ ᠪᠠᠢ᠌ᠳᠠᠯ᠎ᠢ ᠪᠠᠭᠲᠠᠭ᠋ᠠᠨ᠎ᠠ ᠄

      (  ᠨᠢᠭᠡ )  ᠤᠷᠤᠯᠳᠤᠭ᠋ᠠᠨ᠎ᠳᠤ ᠣᠷᠣᠯᠴᠠᠬᠤ ᠬᠢᠷᠢ ᠬᠡᠮ᠎ᠤᠨ ᠲᠣᠭᠲᠠᠭ᠋ᠠᠯ᠎ᠢ ᠵᠥᠷᠢᠴᠡᠵᠦ ᠂ ᠨᠠᠰᠤ ᠂ ᠴᠢᠨᠠᠷ᠎ᠤᠨ ᠢᠯᠭ᠋ᠠᠯ ᠂ ᠪᠡᠶ᠎ᠡ ᠵᠢᠨ ᠭᠠᠷᠤᠯ ᠵᠡᠷᠭᠡ ᠲᠠᠯ᠎ᠠ᠎ᠪᠠᠷ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ;

      (  ᠬᠣᠶᠠᠷ )  ᠤᠷᠤᠯᠳᠤᠭ᠋ᠠᠨ᠎ᠤ ᠳᠤᠮᠳᠠ ᠢᠳᠡᠪᠬᠢᠲᠡᠢ ᠪᠢᠰᠢ᠂ ᠨᠠᠵᠠᠭ᠋ᠠᠢ ᠤᠷᠤᠯᠳᠤᠭ᠋ᠠᠨ ᠂  ᠡᠷᠬᠡ ᠲᠡᠭᠰᠢ ᠤᠷᠤᠯᠳᠤᠭ᠋ᠠᠨ᠎ᠢ ᠨᠥᠯᠥᠭᠡᠯᠡᠭᠰᠡᠨ ;

      (  ᠭᠤᠷᠪᠠ )  ᠵᠣᠬᠢᠰ  ᠦᠭᠡᠢ  ᠠᠰᠢᠭ ᠣᠯᠬᠤ ᠵᠢᠨ ᠲᠥᠯᠥᠭᠡ ᠤᠷᠤᠯᠳᠤᠭ᠋ᠠᠨ᠎ᠢ ᠵᠠᠬᠢᠷᠤᠨ

ᠵᠢᠯᠣᠭᠣᠳᠤᠭᠰᠠᠨ ;

      (  ᠳᠥᠷᠪᠡ )  ᠤᠷᠤᠯᠳᠤᠭ᠋ᠠᠨ᠎ᠳᠤ ᠣᠷᠣᠯᠴᠠᠬᠤ᠎ᠪᠠᠨ ᠪᠣᠯᠢᠬᠤ ᠂ ᠤᠴᠢᠷ ᠰᠢᠯᠲᠠᠭ᠋ᠠᠨ ᠦᠭᠡᠢ᠎ᠪᠠᠷ ᠡᠷᠬᠡ᠎ᠪᠠᠨ ᠬᠠᠶᠠᠬᠤ ᠵᠡᠷᠭᠡ᠎ᠪᠠᠷ ᠤᠷᠤᠯᠳᠤᠭ᠋ᠠᠨ᠎ᠤ ᠲᠠᠯᠠᠪᠤᠷ᠎ᠤᠨ ᠡᠮᠬᠢ ᠵᠢᠷᠤᠮ᠎ᠢ ᠰᠠᠮᠠᠭᠤᠷᠠᠭᠤᠯᠤᠭᠰᠠᠨ ;

      (  ᠲᠠᠪᠤ )  ᠪᠤᠰᠤᠳ ᠬᠥᠮᠥᠨ᠎ᠢ ᠵᠣᠷᠢᠭᠤᠳᠠ ᠭᠡᠮᠲᠦᠭᠡᠭᠰᠡᠨ ᠂ ᠡᠳ᠋ ᠪᠣᠳᠠᠰ᠎ᠢ ᠡᠪᠳᠡᠵᠦ ᠰᠦᠢ᠍ᠳᠬᠡᠭᠰᠡᠨ ᠵᠡᠷᠭᠡ ᠤᠷᠤᠯᠳᠤᠭ᠋ᠠᠨ᠎ᠤ ᠲᠠᠯᠠᠪᠤᠷ᠎ᠤᠨ ᠬᠦᠴᠦᠷᠬᠡᠭᠯᠡᠯ ᠭᠠᠷᠭ᠋ᠠᠭᠰᠠᠨ ;

      (  ᠵᠢᠷᠭᠤᠭ᠎ᠠ )  ᠤᠷᠤᠯᠳᠤᠭ᠋ᠠᠨ᠎ᠢ ᠨᠠᠢ᠌ᠷᠠᠭᠤᠯᠤᠨ ᠵᠢᠭᠰᠠᠭ᠋ᠠᠬᠤ ᠂ ᠰᠢᠪᠠᠭ᠎ᠠ ᠰᠤᠭᠤᠯᠬᠤ ᠂ ᠬᠤᠪᠢ ᠥᠭᠬᠦ ᠵᠡᠷᠭᠡ ᠶᠠᠪᠤᠴᠠ᠎ᠳᠤ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ ᠂ ᠬᠤᠪᠢ ᠵᠢᠨ ᠨᠠᠢ᠌ᠷ ᠵᠶ᠋ᠠᠷ ᠬᠠᠤᠯᠢ ᠶᠣᠰᠣ ᠵᠢ ᠵᠥᠷᠢᠴᠡᠵᠦ ᠂ ᠡᠷᠬᠡ ᠲᠡᠭᠰᠢ ᠤᠷᠤᠯᠳᠤᠭ᠋ᠠᠨ᠎ᠢ  ᠨᠦᠯᠦᠭᠡᠯᠡᠭᠰᠡᠨ;

      (  ᠳᠤᠯᠤᠭ᠎ᠠ )  ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ᠎ᠳᠤ ᠵᠣᠬᠢᠰ ᠦᠭᠡᠢ ᠶᠠᠷᠢᠶ᠎ᠠ ᠬᠡᠯᠡᠯᠴᠡᠭᠡ ᠨᠡᠢ᠌ᠲᠡᠯᠡᠵᠦ ᠂ ᠮᠠᠭᠤ ᠨᠥᠯᠥᠭᠡ ᠭᠠᠷᠭ᠋ᠠᠭᠰᠠᠨ ;

      (  ᠨᠠᠢ᠍ᠮᠠ )  ᠪᠡᠶ᠎ᠡ ᠵᠢᠨ ᠲᠠᠮᠢᠷ᠎ᠤᠨ ᠵᠣᠷᠢᠭ ᠰᠠᠨᠠᠭ᠎ᠠ ᠪᠠ ᠶᠣᠰᠣ ᠮᠣᠷᠠᠯ᠎ᠤᠨ ᠬᠡᠪ ᠰᠤᠷᠲᠠᠯ᠎ᠠᠴᠠ ᠵᠥᠷᠢᠴᠡᠵᠦ᠂ ᠮᠠᠭᠤ ᠨᠥᠯᠥᠭᠡ ᠦᠵᠡᠭᠦᠯᠦᠭᠰᠡᠨ ᠪᠤᠰᠤᠳ ᠪᠠᠢ᠌ᠳᠠᠯ ᠪᠣᠯᠣᠨ᠎ᠠ᠃

      ᠬᠣᠷᠢᠨ ᠵᠢᠷᠭᠤᠳᠤᠭ᠋ᠠᠷ ᠵᠦᠢ᠍ᠯ    ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠬᠠᠮᠢᠶᠠᠷᠤᠯᠲᠠ ᠵᠢᠨ  ᠨᠢᠭᠡᠴᠢ ᠎ᠨᠢ ᠤᠷᠤᠯᠳᠤᠭ᠋ᠠᠨ᠎ᠤ ᠳᠦᠷᠢᠮ ᠲᠣᠭᠲᠠᠭ᠋ᠠᠯ ᠪᠤᠶᠤ ᠤᠷᠤᠯᠳᠤᠭ᠋ᠠᠨ᠎ᠠᠴᠠ ᠡᠮᠦᠨᠡᠬᠢ ᠮᠡᠳᠡᠭᠳᠡᠯ᠎ᠳᠤ ᠲᠤᠰᠬᠠᠢ ᠢᠯᠡᠴᠢᠯᠡᠨ ᠮᠡᠳᠡᠭᠦᠯᠬᠦ  ᠤᠲᠠᠰᠤ  ᠪᠣᠯᠣᠨ  ᠢᠮᠸᠯ  ᠭᠠᠷᠭ᠋ᠠᠵᠤ ᠂ ᠣᠯᠠᠨ ᠨᠡᠶ᠋ᠢᠲᠡ ᠵᠢᠨ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ ᠪᠠ ᠵᠠᠷᠭᠤ ᠬᠢᠬᠦ ᠵᠢ ᠬᠦᠯᠢᠶᠡᠬᠦ ᠬᠡᠷᠡᠭᠲᠡᠢ ᠃

      ᠬᠣᠷᠢᠨ ᠳᠣᠯᠣᠳᠤᠭ᠋ᠠᠷ ᠵᠦᠢ᠍ᠯ    ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠵᠣᠬᠢᠶᠠᠨ ᠪᠠᠢ᠌ᠭᠤᠯᠤᠭᠴᠢ᠎ᠨᠢ ᠬᠠᠮᠢᠶ᠎ᠠ ᠪᠦᠬᠦᠢ  ᠨᠢᠭᠡᠴᠢ᠎ᠲᠠᠢ ᠬᠠᠮᠲᠤᠷᠠᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠳᠦᠷᠢᠮ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠠᠭ ᠲᠤᠬᠠᠢ᠎ᠳᠤᠨᠢ ᠬᠢᠨᠠᠨ ᠪᠠᠢ᠌ᠴᠠᠭ᠋ᠠᠯᠲᠠ ᠬᠢᠵᠦ ᠂ ᠪᠠᠢ᠌ᠴᠠᠭ᠋ᠠᠨ ᠰᠢᠢ᠍ᠳᠪᠦᠷᠢᠯᠡᠭᠰᠡᠨ ᠦᠷ᠎ᠡ  ᠳ᠋ᠦᠩ ᠵᠶ᠋ᠡᠨ ᠬᠠᠤᠯᠢ ᠶᠣᠰᠣᠭ᠋ᠠᠷ ᠨᠡᠢ᠌ᠭᠡᠮ᠎ᠳᠤ ᠨᠡᠢ᠌ᠲᠡᠯᠡᠬᠦ ᠬᠡᠷᠡᠭᠲᠡᠢ ᠃ ᠴᠢᠬᠤᠯᠠ ᠶᠡᠬᠡ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠲᠣᠭᠲᠠᠭ᠋ᠠᠯ᠎ᠠᠴᠠ ᠵᠥᠷᠢᠴᠡᠭᠰᠡᠨ ᠠᠰᠠᠭᠤᠳᠠᠯ᠎ᠢ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ ᠬᠣᠯᠪᠣᠭᠳᠠᠯ ᠪᠦᠬᠦᠢ  ᠨᠢᠭᠡᠴᠢ ᠵᠢ ᠵᠢᠯᠣᠭᠣᠳᠤᠨ ᠬᠢᠨᠠᠨ ᠪᠠᠢ᠌ᠴᠠᠭ᠋ᠠᠬᠤ ᠠᠵᠢᠯ᠎ᠢ ᠥᠷᠨᠢᠭᠦᠯᠦᠨ᠎ᠡ ᠃

      ᠵᠢᠷᠭᠤᠳᠤᠭ᠋ᠠᠷ ᠪᠦᠯᠦᠭ    ᠲᠣᠭᠲᠠᠭ᠋ᠠᠯ᠎ᠠᠴᠠ ᠵᠥᠷᠢᠴᠡᠨ ᠰᠢᠢ᠍ᠳᠪᠦᠷᠢᠯᠡᠬᠦ

      ᠬᠣᠷᠢᠨ ᠨᠠᠢ᠍ᠮᠠᠳᠤᠭ᠋ᠠᠷ ᠵᠦᠢ᠍ᠯ   ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ  ᠲᠣᠭᠲᠠᠭ᠋ᠠᠯ᠎ᠠᠴᠠ ᠵᠥᠷᠢᠴᠡᠨ ᠰᠢᠢ᠍ᠳᠪᠦᠷᠢᠯᠡᠬᠦ᠎ᠳᠤ ᠬᠠᠤᠯᠢ ᠲᠣᠭᠲᠠᠭ᠋ᠠᠯ ᠶᠣᠰᠣᠭ᠋ᠠᠷ᠂ ᠪᠤᠷᠤᠭᠤ ᠬᠠᠷᠢᠭᠤᠴᠠᠯᠭ᠎ᠠ  ᠦᠭᠡᠢ ᠂ ᠳᠡᠰ ᠳᠠᠷᠠᠭ᠋ᠠᠯᠠᠯ᠎ᠨᠢ ᠵᠦᠢ  ᠶᠣᠰᠣ  ᠪᠠᠢ᠌ᠬᠤ ᠬᠡᠷᠡᠭᠲᠡᠢ᠃

      ᠬᠣᠷᠢ ᠶᠢᠰᠦᠳᠦᠭᠡᠷ ᠵᠦᠢ᠍ᠯ   ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ᠎ᠠᠴᠠ ᠵᠥᠷᠢᠴᠡᠭᠰᠡᠨ ᠲᠠᠮᠢᠷᠴᠢᠨ᠂ ᠰᠤᠷᠭ᠋ᠠᠭᠴᠢ ᠂ ᠬᠢᠨᠠᠭᠴᠢ ᠵᠢᠴᠢ ᠬᠠᠪᠰᠤᠷᠤᠭᠴᠢ ᠵᠡᠷᠭᠡ ᠵᠢ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ 《  ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠠᠷᠭ᠎ᠠ 》 ᠵᠢᠨ ᠲᠠᠪᠤᠳᠤᠭ᠋ᠠᠷ ᠪᠦᠯᠦᠭ᠎ᠤᠨ  ᠲᠣᠭᠲᠠᠭ᠋ᠠᠯ᠎ᠠᠴᠠ ᠵᠥᠷᠢᠴᠡᠨ ᠰᠢᠢ᠍ᠳᠪᠦᠷᠢᠯᠡᠬᠦ ᠵᠦᠢ᠍ᠯ ᠵᠤᠷᠪᠤᠰ᠎ᠢ ᠦᠨᠳᠦᠰᠦᠯᠡᠨ ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠬᠠᠮᠢᠶᠠᠷᠤᠯᠲᠠ ᠵᠢᠨ  ᠨᠢᠭᠡᠴᠢ᠎ᠠᠴᠠ ᠬᠠᠮᠢᠶᠠᠷᠤᠯᠲᠠ ᠵᠢᠨ ᠡᠷᠬᠡ ᠮᠡᠳᠡᠯ᠎ᠤᠨ ᠶᠣᠰᠣᠭ᠋ᠠᠷ ᠂ ᠲᠣᠭᠲᠠᠭ᠋ᠠᠯ ᠶᠣᠰᠣᠭ᠋ᠠᠷ ᠰᠢᠢ᠍ᠳᠪᠦᠷᠢᠯᠡᠨ᠎ᠡ ᠃

      ᠭᠤᠴᠢᠳᠤᠭ᠋ᠠᠷ ᠵᠦᠢ᠍ᠯ   ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠵᠣᠬᠢᠶᠠᠨ ᠪᠠᠶ᠋ᠢᠭᠤᠯᠬᠤ ᠵᠢᠴᠢ ᠥᠷᠨᠢᠭᠦᠯᠬᠦ ᠶᠠᠪᠤᠴᠠ᠎ᠳᠤ ᠬᠠᠤᠯᠢ᠎ᠠᠴᠠ ᠵᠥᠷᠢᠴᠡᠭᠰᠡᠨ ᠶᠠᠯᠠᠲᠤ  ᠰᠡᠵᠢᠭᠯᠡᠯᠲᠡᠢ  ᠠᠵᠢᠯᠯᠠᠭ᠎ᠠ ᠵᠢ  ᠣᠯᠵᠤ ᠮᠡᠳᠡᠪᠡᠯ ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ᠎ᠳᠤ ᠰᠢᠯᠵᠢᠭᠦᠯᠦᠨ ᠬᠦᠷᠭᠡᠵᠦ ᠂ ᠲᠥᠷᠥ ᠵᠢᠨ ᠠᠵᠢᠯᠲᠠᠨ ᠰᠠᠬᠢᠯᠭ᠎ᠠ ᠪᠠᠲᠤ᠎ᠠᠴᠠ ᠵᠥᠷᠢᠴᠡᠭᠰᠡᠨ ᠪᠤᠶᠤ ᠲᠤᠰᠢᠶᠠᠯ᠎ᠤᠨ ᠰᠠᠬᠢᠯᠭ᠎ᠠ ᠪᠠᠲᠤ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ᠎ᠳᠤ ᠬᠣᠯᠪᠣᠭᠳᠠᠪᠠᠯ ᠂ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠰᠠᠯᠠᠭ᠎ᠠ ᠮᠥᠴᠢᠷ᠎ᠲᠤ ᠰᠢᠯᠵᠢᠭᠦᠯᠦᠨ ᠬᠦᠷᠭᠡᠬᠦ ᠬᠡᠷᠡᠭᠲᠡᠢ ᠃

      ᠭᠤᠴᠢᠨ ᠨᠢᠭᠡᠳᠦᠭᠡᠷ ᠵᠦᠢ᠍ᠯ   ᠣᠯᠠᠨ ᠤᠯᠤᠰ᠎ᠤᠨ ᠴᠢᠨᠠᠷᠲᠠᠢ᠂ ᠪᠦᠬᠦ ᠤᠯᠤᠰ᠎ᠤᠨ ᠴᠢᠨᠠᠷᠲᠠᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠳᠤ ᠣᠷᠣᠯᠴᠠᠬᠤ᠎ᠳᠤ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠲᠣᠭᠲᠠᠭ᠋ᠠᠯ᠎ᠠᠴᠠ ᠵᠥᠷᠢᠴᠡᠨ ᠤᠯᠤᠰ ᠪᠤᠶᠤ ᠣᠯᠠᠨ ᠤᠯᠤᠰ᠎ᠤᠨ ᠪᠡᠶ᠎ᠡ ᠵᠢᠨ ᠲᠠᠮᠢᠷ᠎ᠤᠨ ᠵᠣᠬᠢᠶᠠᠨ ᠪᠠᠢ᠌ᠭᠤᠯᠤᠯᠲᠠ᠎ᠳᠤ ᠲᠣᠷᠭ᠋ᠠᠭᠳᠠᠭᠰᠠᠨ ᠪᠣᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠭᠠᠭᠴᠠ ᠵᠦᠢ᠍ᠯ᠎ᠤᠨ ᠪᠡᠶ᠎ᠡ ᠵᠢᠨ ᠲᠠᠮᠢᠷ᠎ᠤᠨ ᠨᠡᠢ᠌ᠭᠡᠮᠯᠢᠭ᠎ᠨᠢ ᠬᠠᠮᠢᠶ᠎ᠠ ᠪᠦᠬᠦᠢ ᠲᠣᠭᠲᠠᠭ᠋ᠠᠯ ᠶᠣᠰᠣᠭ᠋ᠠᠷ ᠨᠡᠬᠡᠮᠵᠢᠯᠡᠨ ᠰᠢᠢ᠍ᠳᠪᠦᠷᠢᠯᠡᠵᠦ ᠪᠣᠯᠣᠨ᠎ᠠ᠃

      ᠭᠤᠴᠢᠨ ᠬᠣᠶᠠᠳᠤᠭ᠋ᠠᠷ ᠵᠦᠢ᠍ᠯ   ᠣᠯᠠᠨ ᠤᠯᠤᠰ᠎ᠤᠨ ᠴᠢᠨᠠᠷᠲᠠᠢ ᠂ ᠪᠥᠬᠦ ᠤᠯᠤᠰ᠎ᠤᠨ ᠴᠢᠨᠠᠷᠲᠠᠢ ᠴᠢᠬᠤᠯᠠ ᠶᠡᠬᠡ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠳᠤ ᠣᠷᠣᠯᠴᠠᠬᠤ᠎ᠳᠤ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠲᠣᠭᠲᠠᠭ᠋ᠠᠯ᠎ᠠᠴᠠ ᠵᠥᠷᠢᠴᠡᠭᠰᠡᠨ ᠪᠠᠢ᠌ᠪᠠᠯ ᠂ ᠬᠠᠤᠯᠢ ᠲᠣᠭᠲᠠᠭ᠋ᠠᠯ ᠶᠣᠰᠣᠭ᠋ᠠᠷ ᠲᠠᠮᠢᠷᠴᠢᠨ ᠂  ᠬᠢᠨᠠᠭᠴᠢ  ᠵᠡᠷᠭᠡ ᠵᠢ ᠰᠢᠢ᠍ᠳᠪᠦᠷᠢᠯᠡᠬᠦ᠎ᠠᠴᠠ ᠭᠠᠳᠠᠨ᠎ᠠ ᠂ ᠪᠠᠢ᠌ᠳᠠᠯ᠎ᠤᠨ ᠬᠦᠨᠳᠦ ᠬᠥᠩᠭᠡᠨ᠎ᠢ᠎ᠨᠢ ᠦᠨᠳᠦᠰᠦᠯᠡᠨ ᠤᠷᠤᠯᠳᠤᠭ᠋ᠠᠨ᠎ᠤ ᠪᠡᠯᠡᠳᠬᠡᠬᠦ ᠡᠭᠦᠷᠭᠡ ᠵᠢ ᠡᠭᠦᠷᠭᠡᠯᠡᠵᠦ ᠪᠠᠢ᠌ᠭ᠎ᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠲᠥᠪ ᠂ ᠭᠠᠭᠴᠠ ᠵᠦᠢ᠍ᠯ᠎ᠤᠨ ᠪᠡᠶ᠎ᠡ ᠵᠢᠨ ᠲᠠᠮᠢᠷ᠎ᠤᠨ ᠨᠡᠢ᠌ᠭᠡᠮᠯᠢᠭ ᠂ ᠺᠯᠦ᠋ᠪ ᠵᠡᠷᠭᠡ ᠨᠢᠭᠡᠴᠢ ᠪᠠ ᠬᠥᠮᠥᠰ᠎ᠲᠤ  ᠲᠣᠭᠲᠠᠭ᠋ᠠᠯ ᠰᠠᠬᠢᠯᠭ᠎ᠠ ᠪᠠᠲᠤ ᠶᠣᠰᠣᠭ᠋ᠠᠷ ᠬᠠᠮᠢᠶ᠎ᠠ ᠪᠦᠬᠦᠢ ᠬᠠᠷᠢᠭᠤᠴᠠᠯᠭ᠎ᠠ ᠨᠡᠬᠡᠮᠵᠢᠯᠡᠨ᠎ᠡ ᠃

      ᠭᠤᠴᠢᠨ ᠭᠤᠷᠪᠠᠳᠤᠭ᠋ᠠᠷ ᠵᠦᠢ᠍ᠯ   ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠵᠣᠬᠢᠶᠠᠨ ᠪᠠᠢ᠌ᠭᠤᠯᠤᠭᠴᠢ ᠎ᠨᠢ  ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠭᠠᠷᠤᠭᠰᠠᠨ ᠪᠣᠯ ᠰᠢᠶᠠᠨ᠎ᠤ ᠱᠠᠲᠤᠨ᠎ᠠᠴᠠ ᠳᠡᠭᠡᠭᠰᠢᠬᠢ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠠᠴᠠ 《  ᠪᠡᠶ᠎ᠡ ᠵᠢᠨ ᠲᠠᠮᠢᠷ᠎ᠤᠨ ᠬᠠᠤᠯᠢ 》 ᠵᠢᠨ ᠵᠠᠭᠤ ᠠᠷᠪᠠᠨ ᠭᠤᠷᠪᠠᠳᠤᠭ᠋ᠠᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠨ ᠰᠢᠳᠬᠡᠨ ᠲᠣᠷᠭ᠋ᠠᠨ᠎ᠠ ᠃

      ᠭᠤᠴᠢᠨ ᠳᠥᠷᠪᠡᠳᠦᠭᠡᠷ ᠵᠦᠢ᠍ᠯ   ᠲᠥᠷᠥ ᠵᠢᠨ ᠠᠵᠢᠯᠲᠠᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠠᠵᠢᠯ᠎ᠤᠨ ᠳᠤᠮᠳᠠ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠢ᠌ᠯᠠᠨ ᠂ ᠬᠤᠪᠢ ᠵᠢᠨ ᠨᠠᠢ᠌ᠷ ᠵᠶ᠋ᠠᠷ ᠬᠠᠤᠯᠢ ᠶᠣᠰᠣ ᠵᠢ ᠵᠥᠷᠢᠴᠡᠵᠦ ᠂ ᠮᠠᠭᠤ ᠨᠥᠯᠥᠭᠡ ᠦᠵᠡᠭᠦᠯᠦᠭᠰᠡᠨ ᠪᠠᠢ᠌ᠪᠠᠯ ᠂ ᠬᠠᠷᠢᠭᠤᠴᠠᠯᠭ᠎ᠠ ᠡᠭᠦᠷᠭᠡᠯᠡᠵᠦ ᠪᠠᠢ᠌ᠭ᠎ᠠ ᠤᠳᠤᠷᠢᠳᠬᠤ ᠬᠥᠮᠥᠰ ᠪᠠ ᠰᠢᠭᠤᠳ ᠬᠠᠷᠢᠭᠤᠴᠠᠯᠭ᠋ᠠᠲᠠᠨ᠎ᠳᠤ ᠲᠣᠭᠲᠠᠭ᠋ᠠᠯ ᠰᠠᠬᠢᠯᠭ᠎ᠠ ᠪᠠᠲᠤ ᠬᠠᠤᠯᠢ ᠶᠣᠰᠣᠭ᠋ᠠᠷ ᠨᠠᠮ᠎ᠤᠨ ᠰᠠᠬᠢᠯᠭ᠎ᠠ ᠪᠠᠲᠤ ᠂ ᠵᠠᠰᠠᠭ᠎ᠤᠨ ᠶᠠᠪᠤᠳᠠᠯ᠎ᠤᠨ ᠰᠢᠳᠬᠡᠯ ᠥᠭᠭᠦᠨ᠎ᠡ ᠃

      ᠭᠤᠴᠢᠨ ᠲᠠᠪᠤᠳᠤᠭ᠋ᠠᠷ ᠵᠦᠢ᠍ᠯ   ᠲᠠᠮᠢᠷᠴᠢᠨ ᠂ ᠰᠤᠷᠭ᠋ᠠᠭᠴᠢ ᠂ ᠬᠢᠨᠠᠭᠴᠢ ᠵᠡᠷᠭᠡ᠎ᠨᠢ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ᠎ᠠᠴᠠ ᠵᠥᠷᠢᠴᠡᠭᠰᠡᠨ ᠮᠥᠷᠲᠡᠭᠡᠨ ᠤᠷᠤᠯᠳᠤᠭ᠋ᠠᠨ ᠵᠶ᠋ᠠᠨ ᠴᠠᠭ᠋ᠠᠵᠠᠯᠠᠭᠳᠠᠭᠰᠠᠨ ᠪᠣᠯ ᠂ ᠤᠷᠤᠯᠳᠤᠭ᠋ᠠᠨ᠎ᠢ ᠴᠠᠭ᠋ᠠᠵᠠᠯᠠᠬᠤ ᠬᠤᠭᠤᠴᠠᠭ᠋ᠠᠨ᠎ᠳᠤ ᠵᠢᠴᠢ ᠤᠷᠤᠯᠳᠤᠭ᠋ᠠᠨ᠎ᠳᠤ ᠴᠠᠭ᠋ᠠᠵᠠᠯᠠᠬᠤ ᠬᠤᠭᠤᠴᠠᠭ᠎ᠠ᠎ᠨᠢ ᠳᠦᠭᠦᠷᠦᠭᠰᠡᠨ᠎ᠤ ᠳᠠᠷᠠᠭ᠎ᠠ 4 ᠵᠢᠯ᠎ᠤᠨ ᠳᠣᠲᠣᠷ᠎ᠠ ᠂ ᠬᠠᠮᠢᠶ᠎ᠠ ᠪᠦᠬᠦᠢ ᠬᠠᠮᠢᠶᠠᠷᠤᠯᠲᠠ ᠵᠢᠨ  ᠨᠢᠭᠡᠴᠢ ᠎ᠨᠢ ᠲᠡᠷᠢᠭᠦᠨ᠎ᠤ ᠪᠠ ᠰᠢᠯᠢᠳᠡᠭ᠎ᠢ ᠰᠢᠯᠭ᠋ᠠᠷᠠᠭᠤᠯᠬᠤ ᠂ ᠴᠣᠯᠠ ᠣᠯᠭᠣᠬᠤ ᠂ ᠲᠤᠰᠢᠶᠠᠯ᠎ᠤᠨ ᠴᠣᠯᠠ ᠳᠡᠪᠰᠢᠭᠦᠯᠬᠦ ᠵᠡᠷᠭᠡ ᠬᠢᠷᠢ ᠭᠡᠮ᠎ᠢ᠎ᠨᠢ ᠬᠦᠴᠦᠨ ᠦᠭᠡᠢ  ᠪᠣᠯᠭ᠋ᠠᠨ᠎ᠠ᠃

      ᠭᠤᠴᠢᠨ ᠵᠢᠷᠭᠤᠳᠤᠭ᠋ᠠᠷ ᠵᠦᠢ᠍ᠯ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠦᠶᠡᠯᠡᠯ᠎ᠤᠨ ᠬᠤᠭᠤᠴᠠᠭ᠋ᠠᠨ᠎ᠳᠤ ᠠᠳᠠᠯᠢ ᠨᠢᠭᠡᠨ ᠤᠷᠤᠯᠳᠤᠭ᠋ᠠᠨ᠎ᠳᠤ ᠣᠷᠣᠯᠴᠠᠬᠤ  ᠨᠢᠭᠡᠴᠢ  ᠠᠳᠠᠯᠢ ᠨᠢᠭᠡᠨ ᠲᠥᠷᠥᠯ ᠵᠦᠢ᠍ᠯ᠎ᠳᠤ 2 ᠵᠢᠱ᠌ᠢᠶ᠎ᠡ᠎ᠠᠴᠠ ᠳᠡᠭᠡᠭᠰᠢ ᠤᠷᠤᠯᠳᠤᠭ᠋ᠠᠨ᠎ᠳᠤ ᠣᠷᠣᠯᠴᠠᠬᠤ ᠵᠢ ᠴᠠᠭ᠋ᠠᠵᠠᠯᠠᠭᠰᠠᠨ 4 ᠵᠢᠯ᠎ᠠᠴᠠ ᠳᠡᠭᠡᠭᠰᠢ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ ᠭᠠᠷᠪᠠᠯ᠂ ᠲᠣᠰ ᠤᠷᠤᠯᠳᠤᠭ᠋ᠠᠨ᠎ᠳᠤ ᠣᠷᠣᠯᠴᠠᠬᠤ  ᠨᠢᠭᠡᠴᠢ  ᠲᠣᠰ ᠲᠥᠷᠥᠯ ᠵᠦᠢ᠍ᠯ᠎ᠤᠨ ᠲᠣᠰ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ  ᠲᠠᠮᠢᠷ᠎ᠤᠨ ᠴᠤᠭᠯᠠᠭ᠋ᠠᠨ᠎ᠳᠤ ᠣᠷᠣᠯᠴᠠᠬᠤ ᠬᠢᠷᠢ ᠬᠡᠮ᠎ᠢ ᠬᠠᠰᠤᠨ᠎ᠠ;  ᠬᠢᠨᠠᠭᠴᠢ᠎ᠨᠢ  ᠲᠠᠰᠤᠯᠠᠨ ᠬᠢᠨᠠᠬᠤ  ᠬᠢᠷᠢ ᠬᠡᠮ᠎ᠠᠴᠠ ᠳᠡᠭᠡᠭᠰᠢᠬᠢ ᠰᠢᠢ᠍ᠳᠪᠦᠷᠢᠯᠡᠯᠲᠡ  ᠦᠭᠭᠦᠭᠰᠡᠨ ᠪᠠᠢ᠌ᠪᠠᠯ ᠂ ᠲᠣᠰ ᠬᠤᠭᠤᠴᠠᠭ᠋ᠠᠨ᠎ᠤ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠲᠠᠰᠤᠯᠠᠨ ᠬᠢᠨᠠᠬᠤ  ᠠᠵᠢᠯ᠎ᠳᠤ ᠣᠷᠣᠯᠴᠠᠵᠤ ᠪᠣᠯᠬᠤ ᠦᠭᠡᠢ᠃ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠦᠶᠡᠯᠡᠯ᠎ᠤᠨ ᠬᠤᠭᠤᠴᠠᠭ᠎ᠠ ᠭᠡᠳᠡᠭ᠎ᠨᠢ ᠳᠡᠭᠡᠷ᠎ᠡ ᠬᠤᠭᠤᠴᠠᠭ᠋ᠠᠨ᠎ᠤ ᠲᠡᠭᠦᠰᠬᠦ ᠡᠳᠦᠷ᠎ᠠᠴᠠ ᠳᠠᠷᠠᠭ᠎ᠠ ᠬᠤᠭᠤᠴᠠᠭ᠋ᠠᠨ᠎ᠤ ᠡᠬᠢᠯᠡᠬᠦ ᠲᠡᠭᠦᠰᠬᠦ ᠡᠳᠦᠷ ᠬᠦᠷᠲᠡᠯᠡᠬᠢ ᠬᠤᠭᠤᠴᠠᠭ᠎ᠠ ᠵᠢ ᠵᠢᠭ᠋ᠠᠵᠤ ᠪᠣᠶ᠃

      ᠭᠤᠴᠢᠨ ᠳᠣᠯᠣᠳᠤᠭ᠋ᠠᠷ ᠵᠦᠢ᠍ᠯ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠡᠷᠬᠢᠯᠡᠬᠦ ᠬᠤᠭᠤᠴᠠᠭ᠋ᠠᠨ᠎ᠳᠤ ᠵᠠᠷᠯᠠᠨ ᠰᠢᠭᠦᠮᠵᠢᠯᠡᠭᠳᠡᠭᠰᠡᠨ ᠠᠢ᠌ᠮᠠᠭ (  ᠬᠤᠲᠠ )᠎ᠤᠨ ᠲᠥᠯᠥᠭᠡᠯᠡᠭᠴᠢᠳ᠎ᠤᠨ ᠪᠦᠯᠬᠦᠮ᠎ᠤᠨ ᠪᠡᠶ᠎ᠡ ᠵᠢᠨ ᠲᠠᠮᠢᠷ᠎ᠤᠨ ᠶᠣᠰᠣ ᠮᠣᠷᠠᠯ᠎ᠤᠨ ᠱᠠᠩᠨᠠᠯ᠎ᠢ ᠰᠢᠯᠭ᠋ᠠᠷᠠᠭᠤᠯᠬᠤ ᠬᠢᠷᠢ ᠬᠡᠮ᠎ᠢ᠎ᠨᠢ ᠬᠦᠴᠦᠨ ᠦᠭᠡᠢ ᠪᠣᠯᠭ᠋ᠠᠬᠤ ᠵᠢᠨ ᠬᠠᠮᠲᠤ ᠬᠠᠮᠢᠶ᠎ᠠ ᠪᠦᠬᠦᠢ ᠪᠠᠢ᠌ᠳᠠᠯ ᠵᠶ᠋ᠠᠨ ᠠᠢ᠌ᠮᠠᠭ᠎ᠤᠨ ᠵᠠᠬᠢᠷᠭ᠎ᠠ ᠂ ᠬᠤᠲᠠ ᠵᠢᠨ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠦᠨ᠎ᠡ ᠃ ᠲᠥᠯᠥᠭᠡᠯᠡᠭᠴᠢᠳ᠎ᠤᠨ ᠪᠦᠯᠬᠦᠮ ᠵᠣᠬᠢᠶᠠᠨ ᠪᠠᠶ᠋ᠢᠭᠤᠯᠬᠤ  ᠨᠢᠭᠡᠴᠢ ᠎ᠨᠢ 4 ᠵᠢᠯ᠎ᠤᠨ ᠳᠣᠲᠣᠷ᠎ᠠ ᠬᠠᠮᠢᠶ᠎ᠠ ᠪᠦᠬᠦᠢ ᠲᠥᠷᠥᠯ ᠵᠦᠢ᠍ᠯ᠎ᠤᠨ ᠣᠯᠠᠨ ᠤᠯᠤᠰ᠎ᠤᠨ ᠴᠢᠨᠠᠷᠲᠠᠢ ᠂ ᠪᠥᠬᠦ ᠤᠯᠤᠰ᠎ᠤᠨ ᠴᠢᠨᠠᠷᠲᠠᠢ ᠂ ᠥᠪᠡᠷᠲᠡᠭᠡᠨ ᠵᠠᠰᠠᠬᠤ ᠣᠷᠣᠨ᠎ᠤ ᠴᠢᠨᠠᠷᠲᠠᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠭᠤᠶᠤᠴᠢᠯᠠᠨ ᠡᠷᠬᠢᠯᠡᠵᠦ ᠪᠣᠯᠬᠤ ᠦᠭᠡᠢ ᠂ ᠬᠠᠷᠢᠭᠤᠴᠠᠯᠭ᠎ᠠ᠎ᠲᠠᠢ ᠤᠳᠤᠷᠢᠳᠬᠤ ᠬᠥᠮᠥᠰ ᠪᠠ ᠰᠢᠭᠤᠳ ᠬᠠᠷᠢᠭᠤᠴᠠᠯᠭ᠎ᠠ᠎ᠲᠠᠢ ᠬᠥᠮᠥᠰ 4 ᠵᠢᠯ᠎ᠤᠨ ᠳᠣᠲᠣᠷ᠎ᠠ ᠣᠯᠠᠨ ᠤᠯᠤᠰ᠎ᠤᠨ ᠴᠢᠨᠠᠷᠲᠠᠢ ᠂ ᠪᠥᠬᠦ ᠤᠯᠤᠰ᠎ᠤᠨ ᠴᠢᠨᠠᠷᠲᠠᠢ ᠂ ᠥᠪᠡᠷᠲᠡᠭᠡᠨ ᠵᠠᠰᠠᠬᠤ ᠣᠷᠣᠨ᠎ᠤ ᠴᠢᠨᠠᠷᠲᠠᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ᠎ᠳᠤ ᠣᠷᠣᠯᠴᠠᠵᠤ ᠪᠣᠯᠬᠤ ᠦᠭᠡᠢ ᠃

      ᠭᠤᠴᠢᠨ ᠨᠠᠢ᠍ᠮᠠᠳᠤᠭ᠋ᠠᠷ ᠵᠦᠢ᠍ᠯ   ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ  ᠲᠣᠭᠲᠠᠭ᠋ᠠᠯ᠎ᠠᠴᠠ ᠵᠥᠷᠢᠴᠡᠭᠰᠡᠨ ᠮᠥᠷᠲᠡᠭᠡᠨ ᠤᠷᠤᠯᠳᠤᠭ᠋ᠠᠨ᠎ᠳᠤ 4 ᠵᠢᠯ᠎ᠠᠴᠠ ᠳᠡᠭᠡᠭᠰᠢ ᠴᠠᠭ᠋ᠠᠵᠠᠯᠠᠭᠳᠠᠭᠰᠠᠨ ᠪᠠᠢ᠌ᠪᠠᠯ ᠂ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠳᠤ ᠣᠷᠣᠯᠴᠠᠬᠤ ᠠᠵᠢᠯᠯᠠᠭ᠎ᠠ ᠵᠢᠨ ᠨᠡᠷᠡᠰ᠎ᠲᠤ ᠵᠢᠭᠰᠠᠭ᠋ᠠᠨ ᠣᠷᠣᠭᠤᠯᠵᠤ ᠂ ᠢᠲᠡᠭᠡᠮᠵᠢ ᠵᠢᠨ ᠬᠢᠵᠠᠭ᠋ᠠᠷᠯᠠᠯ ᠂ ᠬᠠᠮᠲᠤᠷᠠᠨ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠦᠨ᠎ᠡ ᠃

       ᠭᠤᠴᠢ ᠶᠢᠰᠦᠳᠦᠭᠡᠷ ᠵᠦᠢ᠍ᠯ   ᠳᠡᠭᠡᠷ᠎ᠡ ᠳᠤᠷᠠᠳᠤᠭᠰᠠᠨ ᠰᠢᠢ᠍ᠳᠪᠦᠷᠢᠯᠡᠬᠦ ᠠᠷᠭ᠎ᠠ  ᠮᠠᠶᠢᠭ᠎ᠢ ᠲᠤᠰᠠᠭ᠋ᠠᠷ ᠬᠡᠷᠡᠭᠯᠡᠵᠦ ᠪᠣᠯᠣᠨ᠎ᠠ᠂ ᠪᠠᠰᠠ ᠨᠡᠢ᠌ᠯᠡᠭᠦᠯᠦᠨ ᠬᠡᠷᠡᠭᠯᠡᠵᠦ ᠪᠣᠯᠣᠨ᠎ᠠ᠃

ᠳᠥᠴᠢᠳᠦᠭᠡᠷ ᠵᠦᠢ᠍ᠯ   ᠳᠣᠣᠷᠠᠬᠢ ᠪᠠᠢ᠌ᠳᠠᠯ᠎ᠤᠨ ᠨᠢᠭᠡ᠎ᠨᠢ ᠪᠠᠢ᠌ᠪᠠᠯ ᠬᠦᠨᠳᠦ᠎ᠪᠠᠷ ᠰᠢᠢ᠍ᠳᠪᠦᠷᠢᠯᠡᠬᠦ ᠬᠡᠷᠡᠭᠲᠡᠢ ᠄

      (  ᠨᠢᠭᠡ )  ᠪᠠᠢ᠌ᠴᠠᠭ᠋ᠠᠨ ᠰᠢᠢ᠍ᠳᠪᠦᠷᠢᠯᠡᠬᠦ ᠵᠢ  ᠡᠰᠡᠷᠭᠦᠴᠡᠭᠰᠡᠨ ᠂ ᠬᠠᠷᠰᠢᠯᠠᠭᠰᠠᠨ ᠂  ᠬᠤᠳᠬᠤᠭᠰᠠᠨ ;

      (  ᠬᠣᠶᠠᠷ )  ᠠᠳᠠᠯᠢ ᠨᠢᠭᠡ ᠤᠷᠤᠯᠳᠤᠭ᠋ᠠᠨ᠎ᠳᠤ  ᠳᠠᠷᠠᠭ᠋ᠠᠯᠠᠨ 2 ᠤᠳᠠᠭ᠎ᠠ᠎ᠠᠴᠠ ᠳᠡᠭᠡᠭᠰᠢ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢ ᠵᠥᠷᠢᠴᠡᠭᠰᠡᠨ;

      (  ᠭᠤᠷᠪᠠ )  ᠬᠣᠶᠠᠷ ᠵᠢᠯ᠎ᠤᠨ ᠳᠣᠲᠣᠷ᠎ᠠ  ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢ ᠵᠥᠷᠢᠴᠡᠭᠰᠡᠨ᠎ᠠᠴᠠ ᠪᠣᠯᠵᠤ ᠰᠢᠢ᠍ᠳᠪᠦᠷᠢᠯᠡᠭᠳᠡᠭᠰᠡᠨ  ;

      (  ᠳᠥᠷᠪᠡ )  ᠵᠠᠯᠠᠭᠤ ᠪᠠᠭ᠋ᠠᠴᠤᠤᠯ᠎ᠢ ᠵᠣᠬᠢᠶᠠᠨ ᠪᠠᠢ᠌ᠭᠤᠯᠵᠤ ᠂ ᠵᠢᠭ᠋ᠠᠨ ᠳᠣᠬᠢᠵᠤ ᠂ ᠠᠯᠪᠠᠳᠠᠵᠤ ᠪᠠᠢ᠌ᠭ᠋ᠠᠳ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠲᠣᠭᠲᠠᠭ᠋ᠠᠯ᠎ᠠᠴᠠ ᠵᠥᠷᠢᠴᠡᠭᠰᠡᠨ;

      (  ᠲᠠᠪᠤ )  ᠥᠪᠡᠷᠲᠡᠭᠡᠨ ᠵᠠᠰᠠᠬᠤ ᠣᠷᠣᠨ᠎ᠤ ᠰᠢᠯᠢᠳᠡᠭ ᠪᠡᠶ᠎ᠡ ᠵᠢᠨ ᠲᠠᠮᠢᠷ᠎ᠤᠨ ᠠᠩᠭᠢ ᠵᠢᠨ ᠲᠠᠮᠢᠷᠴᠢᠨ ᠂ ᠰᠤᠷᠭ᠋ᠠᠭᠴᠢ ᠂ ᠳᠠᠭ᠋ᠠᠭᠤᠯᠤᠭᠴᠢ ᠪᠠ ᠲᠤᠰᠠᠯᠠᠬᠤ ᠬᠥᠮᠥᠰ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠭᠠᠷᠤᠭᠰᠠᠨ ;

      (  ᠵᠢᠷᠭᠤᠭ᠎ᠠ )  ᠢᠯᠡᠴᠢᠯᠡᠨ ᠮᠡᠳᠡᠭᠦᠯᠦᠭᠴᠢ ᠵᠢ ᠰᠦᠷᠳᠡᠭᠦᠯᠦᠭᠰᠡᠨ ᠂ ᠴᠣᠬᠢᠯᠲᠠ ᠥᠭᠭᠦᠭᠰᠡᠨ᠂ ᠥᠰᠢᠶ᠎ᠡ ᠠᠪᠤᠭᠰᠠᠨ;

      (  ᠳᠤᠯᠤᠭ᠎ᠠ )  ᠪᠤᠰᠤᠳ ᠬᠦᠨᠳᠦ᠎ᠪᠠᠷ ᠰᠢᠢ᠍ᠳᠪᠦᠷᠢᠯᠡᠬᠦ ᠶᠣᠰᠣᠲᠠᠢ ᠪᠠᠢ᠌ᠳᠠᠯ᠃

      ᠳᠥᠴᠢᠨ ᠨᠢᠭᠡᠳᠦᠭᠡᠷ ᠵᠦᠢ᠍ᠯ   ᠳᠣᠣᠷᠠᠬᠢ ᠪᠠᠢ᠌ᠳᠠᠯ᠎ᠤᠨ ᠨᠢᠭᠡ᠎ᠨᠢ ᠪᠠᠢ᠌ᠪᠠᠯ ᠂ ᠬᠥᠩᠭᠡᠨ ᠵᠶ᠋ᠡᠷ ᠰᠢᠢ᠍ᠳᠪᠦᠷᠢᠯᠡᠵᠦ ᠪᠣᠯᠣᠨ᠎ᠠ ᠄

      (  ᠨᠢᠭᠡ )  ᠰᠠᠨᠠᠭ᠋ᠠᠴᠢᠯᠭ᠎ᠠ᠎ᠠᠴᠠ᠎ᠪᠠᠨ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠢ᠌ᠭ᠋ᠠᠳ ᠮᠠᠭᠤ ᠨᠥᠯᠥᠭᠡ ᠵᠢ ᠠᠷᠢᠯᠭ᠋ᠠᠭᠰᠠᠨ ;

      (  ᠬᠣᠶᠠᠷ ) ᠪᠠᠢ᠌ᠴᠠᠭ᠋ᠠᠨ ᠰᠢᠢ᠍ᠳᠪᠦᠷᠢᠯᠡᠭᠰᠡᠨ  ᠨᠢᠭᠡᠴᠢ ᠵᠢᠨ ᠬᠠᠷᠠᠬᠠᠨ ᠡᠵᠡᠮᠰᠢᠭᠡ ᠦᠭᠡᠢ ᠲᠣᠰ ᠬᠥᠮᠥᠨ᠎ᠤ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ ᠵᠢ ᠰᠠᠨᠠᠭ᠋ᠠᠴᠢᠯᠠᠭ᠎ᠠ᠎ᠠᠴᠠ᠎ᠪᠠᠨ ᠲᠤᠰᠢᠶᠠᠭᠰᠠᠨ ᠪᠥᠭᠡᠳ ᠪᠠᠢ᠌ᠴᠠᠭ᠋ᠠᠨ ᠲᠣᠳᠣᠯᠠᠭ᠋ᠠᠳ ᠦᠨᠡᠨ ᠪᠣᠳᠠᠲᠠᠢ ᠪᠠᠢ᠌ᠬᠤ;

      (  ᠭᠤᠷᠪᠠ )  ᠪᠤᠰᠤᠳ᠎ᠤᠨ ᠰᠦᠷᠳᠡᠭᠦᠯᠭᠡ ᠪᠤᠶᠤ ᠮᠡᠬᠡᠯᠡᠨ ᠬᠠᠭᠤᠷᠴᠤ ᠪᠠᠢ᠌ᠭ᠋ᠠᠳ ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠬᠢᠭᠰᠡᠨ;

      (  ᠳᠥᠷᠪᠡ )  ᠲᠣᠭᠲᠠᠭ᠋ᠠᠯ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠢ᠌ᠴᠠᠭ᠋ᠠᠨ ᠰᠢᠢ᠍ᠳᠪᠦᠷᠢᠯᠡᠬᠦ᠎ᠳᠤ ᠬᠠᠮᠵᠢᠯᠴᠠᠨ ᠭᠠᠪᠢᠶ᠎ᠠ ᠪᠠᠢ᠌ᠭᠤᠯᠤᠭᠰᠠᠨ ᠢᠯᠡᠷᠡᠯ᠎ᠲᠠᠢ;

      (  ᠲᠠᠪᠤ )  ᠪᠤᠰᠤᠳ ᠬᠥᠩᠭᠡᠨ ᠵᠶ᠋ᠡᠷ ᠰᠢᠢ᠍ᠳᠪᠦᠷᠢᠯᠡᠵᠦ ᠪᠣᠯᠬᠤ ᠪᠠᠢ᠌ᠳᠠᠯ ᠃

      ᠳᠥᠴᠢᠨ ᠬᠣᠶᠠᠳᠤᠭ᠋ᠠᠷ ᠵᠦᠢ᠍ᠯ   ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ ᠳᠣᠲᠣᠷ᠎ᠠ ᠡᠯ᠎ᠡ ᠱᠠᠲᠤᠨ᠎ᠤ ᠡᠯ᠎ᠡ ᠲᠥᠷᠥᠯ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ᠎ᠨᠢ ᠬᠦᠴᠦᠨ ᠦᠭᠡᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠬᠠᠮᠢᠶᠠᠷᠤᠯᠲᠠ ᠵᠢᠨ  ᠨᠢᠭᠡᠴᠢ ᠵᠢ ᠡᠷᠬᠢᠯᠡᠬᠦ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠨᠢ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠤ 

ᠮᠡᠳᠡᠭᠳᠡᠭᠦᠯᠦᠨ᠎ᠡ ᠃

      ᠳᠥᠴᠢᠨ ᠭᠤᠷᠪᠠᠳᠤᠭ᠋ᠠᠷ ᠵᠦᠢ᠍ᠯ   ᠬᠣᠯᠪᠣᠭᠳᠠᠯ ᠪᠦᠬᠦᠢ  ᠨᠢᠭᠡᠴᠢ  ᠪᠣᠯᠣᠨ ᠬᠤᠪᠢ ᠬᠥᠮᠥᠨ ᠰᠢᠢ᠍ᠳᠪᠦᠷᠢᠯᠡᠬᠦ ᠲᠣᠭᠲᠠᠭ᠋ᠠᠯ᠎ᠢ ᠴᠢᠩᠭ᠎ᠠ ᠬᠡᠷᠡᠭᠵᠢᠭᠦᠯᠬᠦ ᠬᠡᠷᠡᠭᠲᠡᠢ ᠃ ᠭᠦᠢ᠍ᠴᠡᠳᠬᠡᠬᠦ ᠵᠢ ᠲᠡᠪᠴᠢᠪᠡᠯ ᠬᠠᠤᠯᠢ ᠲᠣᠭᠲᠠᠭ᠋ᠠᠯ ᠰᠠᠬᠢᠯᠭ᠎ᠠ ᠪᠠᠲᠤ ᠶᠣᠰᠣᠭ᠋ᠠᠷ ᠬᠠᠷᠢᠭᠤᠴᠠᠯᠭ᠎ᠠ᠎ᠲᠠᠢ ᠤᠳᠤᠷᠢᠳᠬᠤ ᠬᠥᠮᠥᠨ ᠪᠠ ᠰᠢᠭᠤᠳ ᠬᠠᠷᠢᠭᠤᠴᠠᠯᠭ᠋ᠠᠲᠠᠨ᠎ᠳᠤ ᠰᠢᠳᠬᠡᠯ ᠥᠭᠭᠦᠨ᠎ᠡ ᠃

      ᠳᠥᠴᠢᠨ ᠳᠥᠷᠪᠡᠳᠦᠭᠡᠷ ᠵᠦᠢ᠍ᠯ   ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢ ᠰᠢᠢ᠍ᠳᠪᠦᠷᠢᠯᠡᠭᠰᠡᠨ ᠲᠣᠭᠲᠠᠭ᠋ᠠᠯ᠎ᠢ ᠵᠥᠪᠰᠢᠶᠡᠷᠡᠬᠦ ᠦᠭᠡᠢ ᠪᠣᠯ ᠬᠠᠤᠯᠢ ᠶᠣᠰᠣᠭ᠋ᠠᠷ ᠰᠢᠢ᠍ᠳᠪᠦᠷᠢᠯᠡᠬᠦ ᠲᠣᠭᠲᠠᠭ᠋ᠠᠯ ᠭᠠᠷᠭ᠋ᠠᠭᠰᠠᠨ  ᠨᠢᠭᠡᠴᠢ᠎ᠳᠤ ᠭᠣᠮᠣᠳᠠᠯ ᠲᠣᠭ᠋ᠠᠴᠢᠵᠤ ᠪᠣᠯᠣᠨ᠎ᠠ ᠃ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠤᠭᠤᠯᠬᠤ ᠭᠤᠶᠤᠴᠢᠯᠠᠯ᠎ᠤᠨ ᠨᠥᠬᠥᠴᠡᠯ᠎ᠳᠤ ᠨᠡᠢ᠌ᠴᠡᠭᠰᠡᠨ ᠪᠣᠯ ᠬᠠᠤᠯᠢ ᠶᠣᠰᠣᠭ᠋ᠠᠷ ᠪᠡᠶ᠎ᠡ ᠵᠢᠨ ᠲᠠᠮᠢᠷ᠎ᠤᠨ ᠬᠥᠨᠳᠡᠯᠡᠨ᠎ᠠᠴᠠ ᠲᠠᠰᠤᠯᠤᠭᠤᠯᠬᠤ᠎ᠪᠠᠷ ᠭᠤᠶᠤᠴᠢᠯᠠᠵᠤ ᠪᠣᠯᠣᠨ᠎ᠠ ᠃

      ᠳᠥᠴᠢᠨ ᠲᠠᠪᠤᠳᠤᠭ᠋ᠠᠷ ᠵᠦᠢ᠍ᠯ   ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠵᠣᠬᠢᠶᠠᠨ ᠪᠠᠢ᠌ᠭᠤᠯᠤᠭᠴᠢ᠎ᠠᠴᠠ ᠬᠠᠮᠢᠶᠠᠷᠤᠯᠲᠠ᠎ᠪᠠᠨ ᠴᠢᠩᠭ᠋ᠠᠳᠬᠠᠵᠤ ᠂ ᠦᠵᠡᠭᠴᠢᠳ᠎ᠤᠨ ᠪᠣᠯᠪᠠᠰᠤᠨ᠎ᠤ ᠦᠵᠡᠯᠲᠡ ᠵᠢ ᠬᠥᠲᠥᠯᠥᠨ ᠵᠢᠯᠤᠭᠣᠳᠴᠤ ᠪᠠᠢ᠌ᠭ᠋ᠠᠳ ᠡᠮᠬᠢ ᠵᠢᠷᠤᠮ᠎ᠲᠠᠢ ᠤᠷᠤᠯᠳᠤᠭ᠋ᠠᠨ᠎ᠤ ᠣᠷᠴᠢᠨ ᠲᠣᠭᠣᠷᠢᠨ᠎ᠢ ᠪᠣᠶ ᠪᠣᠯᠭ᠋ᠠᠬᠤ ᠬᠡᠷᠡᠭᠲᠡᠢ ᠃ ᠦᠵᠡᠭᠴᠢᠳ᠎ᠤᠨ ᠦᠢ᠍ᠯᠡ ᠠᠵᠢᠯᠯᠠᠭ᠎ᠠ᠎ᠨᠢ ᠬᠠᠤᠯᠢ᠎ᠠᠴᠠ ᠵᠥᠷᠢᠴᠡᠨ ᠶᠠᠯ᠎ᠠ ᠬᠢᠭᠰᠡᠨ  ᠰᠡᠵᠢᠭᠯᠡᠯᠲᠡᠢ  ᠪᠠᠢ᠌ᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ᠎ᠳᠤ ᠰᠢᠯᠵᠢᠭᠦᠯᠦᠨ ᠬᠦᠷᠭᠡᠬᠦ ᠬᠡᠷᠡᠭᠲᠡᠢ᠃

      ᠳᠥᠴᠢᠨ ᠵᠢᠷᠭᠤᠳᠤᠭ᠋ᠠᠷ ᠵᠦᠢ᠍ᠯ   ᠤᠷᠤᠯᠳᠤᠭ᠋ᠠᠨ᠎ᠤ ᠲᠠᠯᠠᠪᠤᠷ᠎ᠤᠨ ᠬᠦᠴᠦᠷᠬᠡᠭᠯᠡᠯ ᠂  ᠬᠠᠤᠯᠢ᠎ᠠᠴᠠ ᠵᠥᠷᠢᠴᠡᠨ ᠶᠠᠯ᠎ᠠ ᠬᠢᠭᠰᠡᠨ  ᠰᠡᠵᠢᠭᠯᠡᠯᠲᠡᠢ᠂ ᠬᠡᠭᠡᠯᠢ ᠲᠦᠯᠬᠢᠵᠦ ᠬᠠᠬᠤᠤᠯᠢ ᠢᠳᠡᠭᠰᠡᠨ ᠂ ᠤᠷᠤᠯᠳᠤᠭ᠋ᠠᠨ᠎ᠢ ᠡᠵᠡᠮᠳᠡᠭᠰᠡᠨ ᠂ ᠵᠣᠭᠣᠰ ᠨᠠᠭ᠋ᠠᠳᠤᠭᠰᠠᠨ  ᠵᠡᠷᠭᠡ ᠬᠠᠤᠯᠢ᠎ᠠᠴᠠ ᠵᠥᠷᠢᠴᠡᠭᠰᠡᠨ ᠶᠠᠯᠠᠲᠤ ᠠᠵᠢᠯᠯᠠᠭ᠎ᠠ ᠭᠠᠷᠤᠭᠰᠠᠨ ᠪᠣᠯ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ᠎ᠳᠤ ᠰᠢᠯᠵᠢᠭᠦᠯᠦᠨ ᠬᠦᠷᠭᠡᠬᠦ ᠪᠤᠶᠤ ᠰᠠᠬᠢᠯᠭ᠎ᠠ ᠪᠠᠲᠤ ᠪᠠᠢ᠌ᠴᠠᠭ᠋ᠠᠬᠤ ᠬᠢᠨᠠᠨ ᠪᠠᠢ᠌ᠴᠠᠭ᠋ᠠᠬᠤ ᠪᠠᠢ᠌ᠭᠤᠯᠤᠯᠭ᠎ᠠ᠎ᠳᠤ ᠰᠢᠯᠵᠢᠭᠦᠯᠦᠨ ᠬᠦᠷᠭᠡᠵᠦ ᠬᠠᠤᠯᠢ ᠰᠠᠬᠢᠯᠭ᠎ᠠ ᠵᠢᠨ ᠶᠣᠰᠣᠭ᠋ᠠᠷ ᠪᠠᠢ᠌ᠴᠠᠭ᠋ᠠᠨ ᠰᠢᠢ᠍ᠳᠪᠦᠷᠢᠯᠡᠬᠦ ᠬᠡᠷᠡᠭᠲᠡᠢ ᠃

      ᠳᠣᠯᠣᠳᠤᠭ᠋ᠠᠷ ᠪᠦᠯᠦᠭ    ᠳᠠᠭ᠋ᠠᠯᠳᠤᠭᠤᠯᠤᠯ ᠳᠦᠷᠢᠮ

      ᠳᠥᠴᠢᠨ ᠳᠣᠯᠣᠳᠤᠭ᠋ᠠᠷ ᠵᠦᠢ᠍ᠯ   ᠭᠠᠳᠠᠭ᠋ᠠᠳᠤ ᠵᠢᠨ ᠲᠠᠮᠢᠷᠴᠢᠳ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ ᠳᠣᠲᠣᠷᠠᠬᠢ ᠤᠷᠤᠯᠳᠤᠭ᠋ᠠᠨ᠎ᠳᠤ ᠣᠷᠣᠯᠴᠠᠬᠤ᠎ᠳᠤ  ᠤᠷᠤᠯᠳᠤᠭ᠋ᠠᠨ᠎ᠤ  ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠲᠣᠭᠲᠠᠭ᠋ᠠᠯ᠎ᠠᠴᠠ ᠵᠥᠷᠢᠴᠡᠭᠰᠡᠨ ᠪᠣᠯ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠵᠣᠬᠢᠶᠠᠨ ᠪᠠᠢ᠌ᠭᠤᠯᠤᠭᠴᠢ᠎ᠠᠴᠠ ᠬᠠᠮᠢᠶ᠎ᠠ ᠪᠦᠬᠦᠢ ᠲᠣᠭᠲᠠᠭ᠋ᠠᠯ᠎ᠢ ᠦᠨᠳᠦᠰᠦᠯᠡᠨ ᠰᠢᠢ᠍ᠳᠪᠦᠷᠢᠯᠡᠨ᠎ᠡ; ᠬᠠᠤᠯᠢ᠎ᠠᠴᠠ ᠵᠥᠷᠢᠴᠡᠨ ᠶᠠᠯ᠎ᠠ ᠬᠢᠭᠰᠡᠨ  ᠰᠡᠵᠢᠭᠯᠡᠯᠲᠡᠢ  ᠪᠣᠯ ᠳᠣᠲᠣᠭ᠋ᠠᠳᠤ ᠵᠢ ᠬᠠᠮᠠᠭ᠋ᠠᠯᠠᠬᠤ ᠪᠠᠢ᠌ᠭᠤᠯᠤᠯᠭ᠎ᠠ᠎ᠳᠤ ᠰᠢᠯᠵᠢᠭᠦᠯᠦᠨ ᠬᠦᠷᠭᠡᠬᠦ ᠬᠡᠷᠡᠭᠲᠡᠢ ᠃

      ᠳᠥᠴᠢᠨ ᠨᠠᠢ᠍ᠮᠠᠳᠤᠭ᠋ᠠᠷ ᠵᠦᠢ᠍ᠯ   ᠲᠣᠰ ᠬᠡᠷᠡᠭᠵᠢᠭᠦᠯᠬᠦ ᠨᠠᠷᠢᠨ ᠳᠦᠷᠢᠮ᠎ᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠬᠠᠷᠢᠭᠤᠴᠠᠨ ᠲᠠᠢ᠌ᠯᠪᠤᠷᠢᠯᠠᠨ᠎ᠠ ᠃

      ᠳᠥᠴᠢ ᠶᠢᠰᠦᠳᠦᠭᠡᠷ ᠵᠦᠢ᠍ᠯ   ᠲᠤᠰ ᠬᠡᠷᠡᠭᠵᠢᠭᠦᠯᠬᠦ ᠨᠠᠷᠢᠨ ᠳᠦᠷᠢᠮ᠎ᠢ ᠨᠡᠢ᠌ᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃

      2025 ᠣᠨ᠎ᠤ 4 ᠰᠠᠷ᠎ᠠ ᠵᠢᠨ 11᠎ᠤ ᠡᠳᠦᠷ ᠳᠠᠷᠤᠮᠠᠯᠯᠠᠨ ᠲᠠᠷᠬᠠᠭ᠋ᠠᠪᠠ

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
 
            