ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭ ᠪᠢᠴᠢᠭ᠎ᠤᠨ ᠲᠡᠢ᠌ᠯᠦᠮᠵᠢ᠄ ᠪᠦᠬᠦ ᠠᠷᠠᠳ᠎ᠤᠨ ᠪᠡᠶ᠎ᠡ ᠴᠢᠬᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠵᠦ᠂ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠳᠤ ᠡᠷᠡᠭᠦᠯ ᠮᠡᠨᠳᠦ ᠵᠢᠨ ᠰᠠᠭᠤᠷᠢ ᠵᠢ ᠪᠠᠲᠤᠳᠬᠠᠨ᠎ᠠ
ᠨᠡᠶ᠋ᠢᠲᠡᠯᠡᠭᠰᠡᠨ ᠴᠠᠭ᠄ 2024-09-13

    ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠡᠨ᠎ᠤ ᠭᠤᠷᠪᠠᠳᠤᠭ᠋ᠠᠷ ᠪᠥᠬᠥᠳᠡ ᠬᠤᠷᠠᠯ᠎ᠠᠴᠠ ᠬᠢᠨᠠᠨ ᠵᠥᠪᠯᠡᠵᠦ ᠪᠠᠲᠤᠯᠠᠭᠰᠠᠨ 《ᠲᠤᠮᠳᠠᠳᠦ ᠤᠯᠤᠰ᠎ᠤᠨ ᠡᠪ ᠬᠠᠮᠳᠦ ᠨᠠᠮ᠎ᠤᠨ ᠲᠦᠪ ᠬᠤᠷᠢᠶᠡᠨ᠎ᠤ ᠦᠭᠡᠷᠡᠴᠢᠯᠠᠯᠳᠠ ᠵᠢ ᠴᠢᠨᠠᠭᠰᠢᠳᠠ ᠬᠦᠨᠵᠡᠭᠡᠢ᠌ᠷᠡᠭᠦᠯᠵᠦ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠳᠠ ᠵᠢ ᠠᠬᠢᠭᠤᠯᠬᠤ ᠲᠤᠬᠠᠢ ᠲᠣᠭᠲᠠᠭ᠋ᠠᠯ》᠎ᠳᠤ 《ᠪᠦᠬᠦ ᠠᠷᠠᠳ᠎ᠤᠨ ᠪᠡᠶ᠎ᠡ ᠴᠢᠬᠢᠷᠠᠭᠵᠢᠭᠤᠯᠬᠤ ᠤᠯᠠᠨ ᠨᠡᠢ᠌ᠳᠡ ᠵᠢᠨ ᠦᠢ᠍ᠯᠡᠴᠢᠯᠡᠭᠡᠨ᠎ᠤ ᠰᠢᠰᠲᠸᠮ᠎ᠢ ᠲᠡᠭᠦᠯᠳᠡᠷᠵᠢᠭᠦᠯᠦᠨ᠎ᠡ》᠂ 《ᠡᠷᠡᠭᠦᠯ ᠮᠡᠨᠳᠦ ᠵᠢ ᠤᠷᠢᠳᠡᠪᠡᠷ ᠪᠤᠳᠤᠯᠬᠢᠯᠠᠬᠤ ᠪᠠᠢ᠌ᠯᠳᠤᠬᠤ ᠪᠤᠳᠤᠯᠭ᠎ᠠ ᠵᠢ   ᠬᠡᠷᠡᠭᠵᠢᠭᠦᠯᠦᠨ᠎ᠡ》 ᠭᠡᠵᠦ ᠲᠤᠷᠠᠳᠤᠭᠰᠠᠨ᠎ᠨᠢ ᠰᠢ ᠵᠢᠨ ᠫᠢᠩ ᠨᠥᠬᠥᠷ ᠵᠶ᠋ᠠᠷ ᠭᠣᠣᠯ ᠪᠤᠯᠭ᠋ᠠᠭᠰᠠᠨ ᠨᠠᠮ᠎ᠤᠨ ᠲᠥᠪ ᠬᠣᠷᠢᠶ᠎ᠠ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠ ᠪᠦᠬᠦ ᠠᠷᠠᠳ᠎ᠤᠨ ᠡᠷᠡᠭᠦᠯ ᠮᠡᠨᠳᠦ ᠵᠢᠨ ᠦᠢ᠍ᠯᠡᠰ᠎ᠢ ᠲᠡᠭᠡᠳᠦ ᠬᠡᠮᠵᠢᠶ᠎ᠡ᠎ᠪᠠᠷ ᠴᠢᠬᠤᠯᠠᠴᠢᠯᠠᠵᠦ ᠪᠠᠢ᠌ᠭ᠎ᠠ ᠵᠢ ᠭᠦᠢ᠍ᠴᠡᠳ ᠬᠠᠷᠠᠭᠤᠯᠵᠦ ᠪᠠᠢ᠌ᠭ᠎ᠠ ᠶᠤᠮ᠃ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠢᠨ ᠤᠯᠠᠨ ᠲᠦᠮᠡᠨᠴᠢ ᠪᠡᠶ᠎ᠡ ᠵᠢᠨ   ᠲᠠᠮᠢᠷ᠎ᠤᠨ ᠵᠤᠷᠭ᠋ᠠᠨ᠎ᠨᠢ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠰᠤᠷᠤᠯᠴᠠᠨ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠪᠡᠶ᠎ᠡ ᠵᠢᠨ ᠲᠠᠮᠢᠷ᠎ᠤᠨ ᠲᠤᠬᠠᠶ ᠴᠢᠬᠤᠯᠠ ᠥᠭᠦᠯᠡᠯᠲᠡ ᠪᠠ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠠᠷᠠᠳ ᠲᠦᠮᠡᠨ ᠵᠶ᠋ᠠᠷ ᠭᠤᠤᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠨ᠂ ᠠᠷᠠᠳ ᠲᠦᠮᠡᠨ᠎ᠤ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ᠂ ᠬᠥᠮᠦᠨ᠎ᠤ ᠪᠥᠬᠦ ᠲᠠᠯ᠎ᠠ ᠵᠢᠨ ᠬᠥᠭᠵᠢᠯᠲᠡ ᠵᠢ ᠠᠬᠢᠭᠤᠯᠬᠤ ᠵᠢ ᠠᠵᠢᠯ᠎ᠤᠨ ᠵᠶ᠋ᠠᠨ ᠡᠭᠦᠰᠭᠡᠯ ᠪᠠ ᠲᠡᠭᠦᠰᠬᠡᠯ ᠪᠣᠯᠭ᠋ᠠᠵᠤ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠤᠨ ᠰᠠᠭᠤᠷᠢ ᠣᠨᠣᠯ᠎ᠤᠨ ᠰᠤᠳᠤᠯᠭ᠋ᠠᠨ᠎ᠢ ᠴᠢᠩᠭ᠋ᠠᠳᠬᠠᠬᠤ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠢᠷᠢ ᠲᠦᠪᠰᠢᠨ᠎ᠢ ᠳᠡᠭᠡᠭᠰᠢᠯᠡᠭᠦᠯᠬᠦ᠂ ᠪᠠᠲᠤᠯᠠᠭ᠎ᠠ ᠵᠢᠨ ᠰᠢᠰᠲ᠋ᠧᠮ᠎ᠢ ᠲᠡᠭᠦᠯᠳᠡᠷᠵᠢᠭᠦᠯᠬᠦ ᠵᠡᠷᠭᠡ ᠲᠠᠯ᠎ᠠ᠎ᠪᠠᠷ ᠦᠷᠭᠦᠯᠵᠢᠯᠡᠨ ᠬᠦᠴᠦᠯᠡᠵᠦ᠂ ᠨᠠᠩ ᠥᠨᠳᠥᠷ ᠬᠢᠷᠢ ᠲᠦᠪᠰᠢᠨ ᠪᠥᠬᠦᠶ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠲᠠᠰᠤᠷᠠᠯᠲᠠ ᠥᠬᠡᠶ ᠲᠦᠷᠭᠡᠳᠬᠡᠨ ᠪᠠᠶ᠋ᠢᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠴᠢ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ᠎ᠤᠨ ᠪᠥᠲᠥᠭᠡᠨ ᠪᠠᠶ᠋ᠢᠭᠤᠯᠤᠯᠲᠠ ᠵᠢᠨ ᠰᠠᠭᠤᠷᠢ ᠵᠢ ᠪᠠᠬᠢᠵᠢᠭᠦᠯᠦᠨ᠎ᠡ᠃
    ᠤᠨᠤᠯ᠎ᠤᠨ ᠰᠤᠳᠤᠯᠭ᠋ᠠᠨ᠎ᠢ ᠴᠢᠩᠭ᠋ᠠᠳᠬᠠᠵᠤ ᠤᠨᠤᠯ᠎ᠤᠨ ᠪᠣᠷᠣ ᠲᠥᠯᠥᠪ᠎ᠢ ᠲᠡᠭᠦᠯᠳᠡᠷᠵᠢᠭᠦᠯᠦᠨ᠎ᠡ
    2021 ᠣᠨ᠎ᠤ 12 ᠰᠠᠷ᠎ᠠ ᠵᠢᠨ 31᠎ᠤ ᠡᠳᠦᠷ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠠᠯᠪᠠᠨ ᠲᠢᠩᠬᠢᠮ᠎ᠠᠴᠠ 《ᠨᠠᠩ ᠥᠨᠳᠥᠷ ᠬᠢᠷᠢ ᠲᠦᠪᠰᠢᠨ ᠪᠥᠬᠦᠶ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠪᠥᠬᠦ ᠲᠠᠯ᠎ᠠ᠎ᠪᠠᠷ ᠪᠠᠶ᠋ᠢᠭᠤᠯᠵᠤ᠂ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠳᠤ ᠪᠠᠶ᠋ᠢᠩᠭᠤ ᠣᠷᠣᠯᠴᠠᠬᠤ ᠬᠥᠮᠦᠨ᠎ᠤ ᠲᠤᠭ᠎ᠠ ᠵᠢᠨ ᠬᠠᠷᠢᠴᠠᠯ᠎ᠢ 45%᠎ᠠᠴᠠ ᠳᠡᠭᠡᠭᠰᠢ᠎ᠳᠤ ᠬᠦᠷᠦᠭᠦᠯᠵᠦ᠂ ᠪᠡᠶ᠎ᠡ ᠵᠢᠨ ᠲᠠᠮᠢᠷ᠎ᠤᠨ ᠪᠡᠶ᠎ᠡ ᠴᠢᠭᠢᠷᠠᠭᠵᠢᠭᠤᠯᠬᠤ ᠪᠠ ᠪᠡᠶ᠎ᠡ ᠵᠢᠨ ᠲᠠᠮᠢᠷ᠎ᠤᠨ ᠬᠢᠷᠢ ᠲᠦᠪᠰᠢᠨ᠎ᠢ ᠳᠡᠯᠡᠬᠡᠶ ᠵᠢᠨ ᠡᠮᠦᠨ᠎ᠡ ᠡᠩᠨᠡᠭᠡᠨ᠎ᠳᠤ ᠣᠷᠣᠭᠤᠯᠬᠤ》 ᠭᠤᠤᠯ ᠬᠠᠷᠠᠯᠲᠠ ᠵᠢ ᠲᠣᠭᠲᠠᠭ᠋ᠠᠵᠤ᠂ 《ᠪᠥᠬᠦ ᠲᠠᠯ᠎ᠠ ᠵᠢ ᠬᠠᠮᠤᠷᠬᠤ᠂ ᠨᠡᠶ᠋ᠢᠲᠡ ᠵᠢᠨ ᠠᠰᠠᠷᠠᠮᠵᠢ ᠵᠢᠨ ᠤᠳᠤᠷᠢᠳᠤᠮᠵᠢ ᠵᠢ ᠨᠢᠭᠡᠳᠬᠡᠬᠦ᠂ ᠰᠢᠨᠵᠢᠯᠡᠬᠦ ᠤᠬᠠᠭ᠋ᠠᠨᠴᠢ᠎ᠪᠠᠷ ᠪᠠᠶ᠋ᠢᠷᠢᠯᠠᠭᠤᠯᠬᠤ᠂ ᠬᠤᠲᠠ ᠬᠥᠳᠡᠭᠡ ᠵᠢ ᠨᠢᠭᠡᠳᠦᠯᠲᠡᠶ ᠲᠥᠯᠥᠪᠯᠡᠬᠦ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ᠂ ᠪᠣᠬᠢᠷᠲᠤᠯ ᠥᠬᠡᠶ ᠬᠥᠭᠵᠢᠭᠦᠯᠬᠦ ᠵᠢ ᠠᠬᠢᠭᠤᠯᠬᠤ᠂ ᠵᠠᠰᠠᠭ᠎ᠤᠨ ᠣᠷᠳᠣᠨ ᠬᠥᠲᠥᠯᠦᠨ ᠵᠢᠯᠣᠭᠤᠳᠬᠤ᠂ ᠣᠯᠠᠨ ᠲᠠᠯ᠎ᠠ᠎ᠪᠠᠷ ᠣᠷᠣᠯᠴᠠᠬᠤ》 ᠵᠢ ᠠᠬᠢᠭᠤᠯᠬᠤ ᠠᠵᠢᠯ᠎ᠤᠨ ᠵᠠᠷᠴᠢᠮ᠎ᠢ ᠳᠤᠷᠠᠳᠴᠤ᠂ 《ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠵᠢ ᠳᠡᠮᠵᠢᠵᠦ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠵᠢ ᠬᠥᠭᠵᠢᠭᠦᠯᠬᠦ》 《ᠣᠯᠠᠨ ᠲᠠᠰ ᠳᠠᠪᠬᠤᠷᠭ᠎ᠠ᠎ᠪᠠᠷ ᠣᠯᠠᠨ ᠶᠠᠩᠵᠤ ᠵᠢᠨ ᠤᠷᠤᠯᠳᠤᠭ᠋ᠠᠨ᠎ᠤ ᠠᠵᠢᠯᠯᠠᠭ᠎ᠠ ᠵᠢᠨ ᠰᠢᠰᠲ᠋ᠧᠮ᠎ᠢ ᠪᠠᠶ᠋ᠢᠭᠤᠯᠬᠤ》᠂ 《ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠬᠥᠳᠡᠯᠭᠡᠭᠡᠨ᠎ᠳᠤ ᠥᠷᠭᠡᠨ ᠵᠶ᠋ᠠᠷ ᠣᠷᠣᠯᠴᠠᠬᠤ ᠣᠯᠠᠨ ᠲᠦᠮᠡᠨ᠎ᠤ ᠰᠠᠭᠤᠷᠢ ᠵᠢ ᠪᠠᠬᠢᠵᠢᠭᠦᠯᠬᠦ》 ᠪᠠ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠴᠢᠩᠭ᠋ᠠᠳᠬᠠᠬᠤ ᠵᠡᠷᠭᠡ ᠠᠵᠢᠯ᠎ᠤᠨ ᠠᠷᠭ᠎ᠠ ᠬᠡᠮᠵᠢᠶ᠎ᠡ ᠵᠢ ᠪᠠᠶ᠋ᠢᠷᠢᠯᠠᠭᠤᠯᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠤᠯᠤᠰ᠎ᠤᠨ ᠪᠠᠶ᠋ᠢᠯᠳᠤᠬᠤ ᠪᠣᠳᠣᠯᠭ᠎ᠠ ᠵᠢ ᠲᠤᠭᠤᠰᠢᠯᠠᠭᠤᠯᠤᠨ ᠬᠡᠷᠡᠭᠵᠢᠭᠦᠯᠬᠦ᠂ ᠡᠷᠡᠭᠦᠯ ᠡᠩᠬᠡ ᠳᠤᠮᠳᠠᠳᠤ ᠤᠯᠤᠰ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ᠎ᠳᠤ ᠴᠢᠬᠤᠯᠠ ᠲᠥᠷᠥ ᠵᠢᠨ ᠪᠣᠳᠣᠯᠭ᠎ᠠ ᠵᠢᠨ ᠲᠤᠯᠭ᠋ᠠᠭᠤᠷᠢᠯᠠᠯ ᠬᠠᠩᠭ᠋ᠠᠪᠠ᠃
      ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠢᠨ ᠤᠯᠠᠨ ᠲᠦᠮᠡᠨᠴᠢ ᠪᠡᠶ᠎ᠡ ᠵᠢᠨ ᠲᠠᠮᠢᠷ᠎ᠤᠨ ᠵᠤᠷᠭ᠋ᠠᠨ᠎ᠨᠢ ᠨᠠᠮ᠎ᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶ᠎ᠠ ᠵᠢᠨ ᠭᠤᠷᠪᠠᠳᠤᠭ᠋ᠠᠷ ᠪᠥᠬᠦᠳᠡ ᠬᠤᠷᠠᠯ᠎ᠤᠨ 《ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲᠸᠮ᠎ᠢ ᠲᠡᠭᠦᠯᠳᠡᠷᠵᠢᠭᠦᠯᠬᠦ》   ᠰᠢᠢ᠍ᠳᠪᠦᠷᠢᠳᠦ ᠪᠣᠳᠣᠯᠭ᠎ᠠ ᠵᠢᠨ   ᠪᠠᠶ᠋ᠢᠷᠢᠯᠠᠭᠤᠯᠤᠯᠲᠠ ᠵᠢ   ᠬᠢᠨᠠᠮᠠᠭ᠋ᠠᠶ   ᠲᠤᠭᠤᠰᠢᠯᠠᠭᠤᠯᠤᠨ   ᠨᠠᠶ᠋ᠢᠳᠠᠪᠤᠷᠢᠵᠢᠭᠤᠯᠵᠤ᠂    《ᠨᠠᠩ ᠥᠨᠳᠥᠷ ᠬᠢᠷᠢ ᠲᠦᠪᠰᠢᠨ ᠪᠥᠬᠦᠶ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲᠸᠮ᠎ᠢ ᠪᠠᠶ᠋ᠢᠭᠤᠯᠬᠤ ᠲᠤᠬᠠᠶ ᠰᠠᠨᠠᠯ》᠎ᠢ ᠲᠤᠭᠤᠰᠢᠯᠠᠭᠤᠯᠤᠨ ᠬᠡᠷᠡᠭᠵᠢᠭᠦᠯᠬᠦ ᠵᠢ ᠦᠷᠭᠦᠯᠵᠢᠯᠡᠨ ᠭᠦᠨᠵᠡᠭᠡᠶ ᠳᠥᠯᠭᠢᠨ ᠠᠬᠢᠭᠤᠯᠵᠤ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡ᠂ ᠦᠨᠳᠦᠰᠦᠨ ᠣᠯᠠᠨ ᠨᠡᠶ᠋ᠢᠲᠡ ᠵᠢᠨ ᠦᠢ᠍ᠯᠡᠴᠢᠯᠡᠭᠡ ᠵᠡᠷᠭᠡ ᠰᠠᠭᠤᠷᠢ ᠴᠢᠨᠠᠷᠲᠠᠶ ᠤᠬᠠᠭᠳᠠᠬᠤᠨ᠎ᠢ ᠲᠠᠰᠤᠷᠠᠯᠲᠠ ᠥᠬᠡᠶ ᠨᠡᠮᠡᠭᠳᠡᠭᠦᠯᠦᠨ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠥᠪ᠂ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠠᠵᠢᠯ ᠶᠠᠪᠤᠳᠠᠯ᠎ᠤᠨ ᠡᠷᠬᠡ ᠵᠢᠨ ᠬᠤᠪᠢᠶᠠᠷᠢᠯᠠᠯ᠎ᠢ ᠲᠠᠰᠤᠷᠠᠯᠲᠠ ᠥᠬᠡᠶ ᠴᠢᠩᠭ᠋ᠠᠷᠠᠭᠤᠯᠵᠤ᠂ 《ᠲᠣᠮᠣ ᠤᠯᠠᠨ ᠲᠦᠮᠡᠨᠴᠢ》 ᠠᠵᠢᠯ᠎ᠤᠨ ᠪᠠᠶ᠋ᠢᠷᠢᠰᠢᠯ ᠵᠡᠷᠭᠡ ᠰᠠᠭᠤᠷᠢ ᠣᠨᠣᠯ᠎ᠤᠨ ᠰᠤᠳᠤᠯᠭ᠋ᠠᠨ᠎ᠤ ᠡᠷᠴᠢᠮ᠎ᠢ ᠴᠢᠩᠭ᠋ᠠᠷᠠᠭᠤᠯᠤᠨ᠂ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠰᠠᠯᠠᠭ᠎ᠠ ᠮᠥᠴᠢᠷ᠎ᠢ ᠵᠢᠯᠣᠭᠤᠳᠤᠨ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲᠸᠮ᠎ᠤᠨ ᠠᠭᠤᠯᠬᠤᠨ᠂ ᠠᠵᠢᠯ᠎ᠤᠨ ᠠᠭᠤᠯᠭ᠎ᠠ᠂ ᠠᠵᠢᠯ᠎ᠤᠨ ᠡᠭᠦᠷᠭᠡ ᠬᠠᠷᠢᠭᠤᠴᠠᠯᠭ᠎ᠠ ᠵᠢ ᠭᠦᠨᠵᠡᠭᠡᠶ ᠣᠶ᠋ᠢᠯᠠᠭ᠋ᠠᠭᠤᠯᠵᠤ᠂ ᠣᠳᠣᠬᠠᠨ᠎ᠤ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡ᠎ᠳᠤ ᠣᠷᠣᠰᠢᠵᠤ ᠪᠠᠶ᠋ᠢᠭ᠎ᠠ ᠬᠥᠭᠵᠢᠯᠲᠡ ᠭᠦᠢ᠍ᠴᠡᠳ ᠪᠤᠰᠤ ᠪᠠᠶ᠋ᠢᠬᠤ ᠵᠡᠷᠭᠡ ᠠᠰᠠᠭᠤᠳᠠᠯ᠎ᠢ ᠬᠦᠴᠦᠯᠡᠨ ᠰᠢᠢ᠍ᠳᠪᠦᠷᠢᠯᠡᠵᠦ᠂ ᠠᠷᠠᠳ ᠲᠦᠮᠡᠨ᠎ᠤ ᠪᠡᠶ᠎ᠡ ᠮᠠᠬᠠᠪᠣᠳ᠎ᠢ ᠲᠠᠰᠤᠷᠠᠯᠲᠠ ᠥᠬᠡᠶ ᠰᠠᠢ᠌ᠵᠢᠷᠠᠭᠤᠯᠤᠨ᠂ ᠪᠥᠬᠦ ᠠᠷᠠᠳ᠎ᠤᠨ ᠡᠷᠡᠭᠦᠯ ᠮᠡᠨᠳᠦ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃
      ᠶᠢᠰᠦᠨ ᠶᠡᠬᠡ ᠰᠢᠰᠲᠸᠮ᠎ᠳᠤ ᠠᠩᠬᠠᠷᠤᠯ ᠵᠶ᠋ᠠᠨ ᠲᠥᠪᠯᠡᠷᠡᠭᠦᠯᠵᠦ ᠲᠤᠳᠠᠭᠤᠳᠠᠯ ᠵᠶ᠋ᠠᠨ ᠨᠦᠬᠦᠵᠦ ᠪᠠᠭᠤᠷᠠᠢ ᠲᠠᠯ᠎ᠠ᠎ᠪᠠᠨ ᠬᠦᠴᠦᠷᠭᠡᠭᠵᠢᠭᠦᠯᠦᠨ᠎ᠡ
      ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠬᠦ᠎ᠳᠤ ᠦᠷᠭᠦᠯᠵᠢᠯᠡᠨ 《ᠳᠤᠲᠠᠭᠤᠳᠠᠯ᠎ᠢ ᠨᠥᠬᠦᠪᠥᠷᠢᠯᠡᠵᠦ᠂ ᠪᠠᠭᠤᠷᠠᠶ ᠲᠠᠯ᠎ᠠ᠎ᠪᠠᠨ ᠬᠦᠴᠦᠷᠬᠡᠭᠵᠢᠭᠦᠯᠬᠦ》 ᠴᠢᠬᠤᠯᠠᠲᠠᠶ ᠶᠤᠮ᠃ ᠨᠢᠭᠡ᠎ᠳᠤ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠬᠥᠭᠵᠢᠯᠲᠡ ᠭᠦᠢ᠍ᠴᠡᠳ ᠪᠤᠰᠤ ᠪᠥᠭᠡᠳ ᠲᠡᠩᠴᠡᠭᠦᠷᠢ ᠥᠬᠡᠶ ᠪᠠᠶ᠋ᠢᠬᠤ ᠵᠥᠷᠢᠴᠡᠯ᠎ᠢ ᠰᠢᠢ᠍ᠳᠪᠦᠷᠢᠯᠡᠵᠦ᠂ ᠪᠣᠳᠠᠲᠠᠶ᠎ᠪᠠᠷ ᠬᠤᠲᠠ ᠬᠥᠳᠡᠭᠡ᠂ ᠣᠷᠣᠨ ᠪᠦᠰᠡ᠂ ᠬᠥᠮᠦᠰ᠂ ᠬᠥᠳᠡᠯᠭᠡᠭᠡᠨ᠎ᠤ ᠲᠥᠷᠥᠯ ᠵᠦᠢ᠍ᠯ᠎ᠤᠨ ᠬᠥᠭᠵᠢᠯᠲᠡ ᠭᠦᠢ᠍ᠴᠡᠳ ᠪᠤᠰᠤ ᠪᠠᠶ᠋ᠢᠬᠤ ᠪᠠ ᠲᠡᠩᠴᠡᠭᠦᠷᠢ ᠥᠬᠡᠶ ᠪᠠᠶ᠋ᠢᠬᠤ ᠪᠠᠶ᠋ᠢᠳᠠᠯ᠎ᠢ ᠢᠯᠡᠷᠡᠭᠦᠯᠬᠦ ᠬᠡᠷᠡᠭᠲᠡᠶ᠃ ᠬᠤᠶᠠᠷ᠎ᠲᠤ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠡᠯ᠎ᠡ ᠡᠯᠧᠮᠧᠨ᠋ᠲ᠎ᠤᠨ ᠬᠤᠭᠤᠷᠣᠨᠳᠣ ᠣᠷᠣᠰᠢᠵᠤ ᠪᠠᠶ᠋ᠢᠭ᠎ᠠ ᠬᠥᠭᠵᠢᠯᠲᠡ ᠭᠦᠢ᠍ᠴᠡᠳ ᠪᠤᠰᠤ ᠲᠡᠩᠴᠡᠭᠦᠷᠢ ᠥᠬᠡᠶ ᠪᠠᠶ᠋ᠢᠬᠤ ᠵᠥᠷᠢᠴᠡᠯ᠎ᠢ ᠰᠢᠢ᠍ᠳᠪᠦᠷᠢᠯᠡᠵᠦ᠂ ᠬᠠᠮᠤᠭ᠎ᠤᠨ ᠲᠣᠪᠤᠶ᠋ᠢᠮ᠎ᠠ ᠳᠤᠲᠠᠭᠤᠳᠠᠯ᠎ᠢ ᠦᠨᠳᠦᠰᠦᠨ ᠱᠠᠲᠤᠨ᠎ᠤ ᠪᠡᠶ᠎ᠡ ᠵᠢᠨ ᠲᠠᠮᠢᠷ᠎ᠤᠨ ᠵᠣᠬᠢᠶᠠᠨ ᠪᠠᠶ᠋ᠢᠭᠤᠯᠤᠯᠲᠠ ᠵᠢᠨ ᠴᠣᠭᠴᠠᠯᠠᠯᠲᠠ᠎ᠳᠤ ᠢᠯᠡᠷᠡᠭᠦᠯᠬᠦ ᠬᠡᠷᠡᠭᠲᠡᠶ᠃ ᠭᠤᠷᠪᠠ᠎ᠳᠤ᠂ ᠲᠦᠭᠡᠮᠡᠯ ᠬᠠᠷᠠᠭ᠋ᠠᠯᠵᠠᠯ᠎ᠤᠨ ᠴᠢᠨᠠᠷᠲᠠᠢ᠂ ᠰᠠᠭᠤᠷᠢ ᠴᠢᠨᠠᠷᠲᠠᠢ᠂ ᠦᠨᠳᠦᠰᠦᠨ ᠵᠦᠢ᠍ᠯ᠎ᠢ ᠪᠠᠲᠤᠯᠠᠬᠤ ᠴᠢᠨᠠᠷᠲᠠᠢ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠤᠯᠠᠨ ᠨᠡᠶ᠋ᠢᠲᠡ ᠵᠢᠨ ᠦᠢ᠍ᠯᠡᠴᠢᠯᠡᠭᠡ ᠬᠠᠩᠭ᠋ᠠᠵᠤ᠂ ᠨᠡᠶ᠋ᠢᠭᠡᠮ᠎ᠤᠨ ᠲᠥᠪ ᠭᠤᠣᠯᠴᠢ ᠰᠢᠳᠤᠷᠭᠤ ᠶᠣᠰᠣ ᠵᠢ ᠠᠬᠢᠭᠤᠯᠵᠤ᠂ ᠠᠷᠠᠳ ᠲᠦᠮᠡᠨ᠎ᠤ ᠠᠵᠠ ᠵᠢᠷᠭ᠋ᠠᠯ᠎ᠢ ᠨᠡᠮᠡᠭᠳᠡᠭᠦᠯᠬᠦ ᠬᠡᠷᠡᠭᠲᠡᠢ᠃ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠬᠠᠷᠠᠯᠲᠠ᠎ᠲᠠᠢ᠎ᠪᠠᠷ ᠬᠦᠴᠦᠯᠡᠵᠦ᠂ ᠳᠠᠷᠠᠭ᠋ᠠᠴᠢ ᠵᠢᠨ ᠱᠠᠲᠤᠨ᠎ᠳᠤ ᠳᠣᠣᠷᠠᠬᠢ ᠶᠢᠰᠦᠨ ᠲᠠᠯ᠎ᠠ᠎ᠪᠠᠷ ᠦᠷᠭᠦᠯᠵᠢᠯᠡᠨ ᠬᠦᠴᠦᠯᠡᠨ᠎ᠡ᠃
    ᠨᠢᠭᠡ᠎ᠳᠤ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ᠎ᠤᠨ ᠪᠡᠯᠡᠳᠬᠡᠮᠵᠢ ᠵᠢ ᠳᠡᠭᠡᠭᠰᠢᠯᠡᠭᠦᠯᠬᠦ ᠰᠢᠰᠲᠸᠮ᠎ᠢ ᠲᠡᠭᠦᠯᠳᠡᠷᠵᠢᠭᠦᠯᠵᠦ᠂ ᠨᠡᠶ᠋ᠢᠭᠡᠮ᠎ᠤᠨ ᠬᠥᠭᠵᠢᠯᠲᠡ᠂ ᠬᠥᠮᠦᠨ ᠠᠮᠠ ᠵᠢᠨ ᠬᠤᠪᠢᠷᠠᠯᠲᠠ ᠵᠢᠨ ᠬᠠᠨᠳᠤᠰᠢ ᠬᠠᠷᠢᠯᠴᠠᠨ ᠵᠣᠬᠢᠴᠠᠯᠳᠤᠭᠰᠠᠨ ᠲᠠᠯᠠᠪᠤᠷ ᠭᠠᠵᠠᠷ᠎ᠤᠨ ᠪᠡᠯᠡᠳᠬᠡᠮᠵᠢ ᠬᠠᠩᠭ᠋ᠠᠬᠤ ᠲᠣᠭᠲᠠᠴᠠ ᠵᠢ ᠪᠠᠶ᠋ᠢᠭᠤᠯᠬᠤ᠎ᠪᠠᠷ ᠤᠳᠤᠷᠢᠳᠤᠮᠵᠢ ᠪᠣᠯᠭ᠋ᠠᠵᠤ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠲᠠᠯᠠᠪᠤᠷ ᠭᠠᠵᠠᠷ᠎ᠤᠨ ᠪᠡᠯᠡᠳᠬᠡᠮᠵᠢ ᠵᠢ ᠰᠠᠶ᠋ᠢᠲᠤᠷ ᠪᠠᠶ᠋ᠢᠭᠤᠯᠵᠤ ᠰᠠᠶ᠋ᠢᠲᠤᠷ ᠬᠡᠷᠡᠭᠯᠡᠬᠦ ᠲᠠᠯ᠎ᠠ᠎ᠪᠠᠷ ᠦᠷᠭᠦᠯᠵᠢᠯᠡᠨ ᠬᠦᠴᠦ ᠣᠷᠣᠭᠤᠯᠵᠤ᠂ 《ᠪᠡᠶ᠎ᠡ ᠴᠢᠭᠢᠷᠠᠭᠵᠢᠭᠤᠯᠬᠤ᠎ᠳᠤ ᠬᠠᠮᠢᠭ᠎ᠠ ᠣᠴᠢᠬᠤ》 ᠬᠦᠴᠢᠷ ᠠᠰᠠᠭᠤᠳᠠᠯ᠎ᠢ ᠭᠤᠤᠯᠳᠠᠯᠭ᠎ᠠ᠎ᠲᠠᠢ ᠰᠢᠢ᠍ᠳᠪᠦᠷᠢᠯᠡᠨ᠎ᠡ᠃ ᠬᠤᠶᠠᠷ᠎ᠲᠤ᠂ ᠣᠯᠠᠨ ᠲᠦᠮᠡᠨᠴᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠪᠣᠷᠣ ᠲᠥᠯᠥᠪ᠎ᠤᠨ ᠰᠢᠰᠲᠸᠮ᠎ᠢ ᠲᠡᠭᠦᠯᠳᠡᠷᠵᠢᠭᠦᠯᠵᠦ᠂ ᠪᠥᠬᠦ ᠤᠯᠤᠰ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠣᠯᠠᠨ ᠲᠦᠮᠡᠨᠴᠢ ᠤᠷᠤᠯᠳᠤᠭ᠋ᠠᠨ᠎ᠤ ᠠᠵᠢᠯᠯᠠᠭ᠎ᠠ᠂ ᠪᠥᠬᠦ ᠤᠯᠤᠰ᠎ᠤᠨ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠤᠷᠤᠯᠳᠤᠭ᠋ᠠᠨ᠂ ᠨᠡᠶ᠋ᠢᠭᠡᠮ ᠲᠣᠭᠤᠷᠢᠭ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠶ᠋ᠠᠷ ᠲᠦᠷᠦᠭᠦᠯᠡᠭᠦᠯᠦᠨ᠂ 《ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠡᠳᠦᠷ》 ᠵᠡᠷᠭᠡ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠭᠤᠤᠯ ᠰᠡᠳᠦᠪᠲᠦ ᠠᠵᠢᠯᠯᠠᠭ᠎ᠠ᠎ᠪᠠᠷ ᠵᠢᠱ᠌ᠢᠶ᠎ᠡ ᠦᠵᠡᠭᠦᠯᠵᠦ᠂ ᠭᠤᠤᠯᠳᠠᠯᠭ᠎ᠠ᠎ᠲᠠᠢ ᠲᠥᠷᠥᠯ ᠵᠦᠢ᠍ᠯ ᠪᠠ ᠭᠤᠤᠯᠳᠠᠯᠭ᠎ᠠ᠎ᠲᠠᠢ ᠤᠯᠠᠨ ᠲᠦᠮᠡᠨ᠎ᠢ ᠴᠢᠩᠭ᠎ᠠ ᠠᠩᠬᠠᠷᠴᠤ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ᠂ ᠬᠡᠶ᠋ᠢᠰᠪᠦᠷᠢ ᠪᠣᠳᠠᠲᠤ ᠪᠠᠶ᠋ᠢᠳᠠᠯ᠎ᠢ ᠤᠶᠠᠯᠳᠤᠭᠤᠯᠬᠤ ᠵᠢ ᠢᠳᠡᠪᠬᠢᠲᠡᠶ ᠰᠦᠪᠡᠭᠴᠢᠯᠡᠵᠦ᠂ ᠣᠯᠠᠨ ᠲᠠᠰ ᠳᠠᠪᠬᠤᠷᠭ᠎ᠠ ᠣᠯᠠᠨ ᠶᠠᠩᠵᠤ ᠵᠢᠨ ᠣᠯᠠᠨ ᠲᠦᠮᠡᠨᠴᠢ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠰᠢᠰᠲᠸᠮ᠎ᠢ ᠪᠠᠶ᠋ᠢᠭᠤᠯᠤᠨ᠎ᠠ᠃ ᠭᠤᠷᠪᠠ᠎ᠳᠤ᠂ ᠤᠯᠠᠨ ᠲᠦᠮᠡᠨᠴᠢ ᠪᠡᠶ᠎ᠡ ᠵᠢᠨ ᠲᠠᠮᠢᠷ᠎ᠤᠨ ᠬᠢᠨᠠᠯᠲᠠ ᠬᠠᠮᠢᠶᠠᠷᠤᠯᠲᠠ ᠵᠢᠨ ᠵᠠᠰᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠤᠯᠠᠨ ᠲᠦᠮᠡᠨᠴᠢ ᠪᠡᠶ᠎ᠡ ᠵᠢᠨ ᠲᠠᠮᠢᠷ᠎ᠤᠨ ᠲᠦᠷᠭᠡᠨ ᠬᠥᠭᠵᠢᠯᠲᠡ ᠵᠢᠨ ᠶᠠᠪᠤᠴᠠ᠎ᠳᠤ ᠢᠯᠡᠷᠡᠭᠰᠡᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ᠂ ᠠᠮᠤᠷ ᠲᠦᠪᠰᠢᠨ ᠬᠥᠭᠵᠢᠯᠲᠡ ᠵᠡᠷᠭᠡ ᠰᠢᠨ᠎ᠡ ᠪᠠᠶ᠋ᠢᠳᠠᠯ᠂ ᠰᠢᠨ᠎ᠡ ᠠᠰᠠᠭᠤᠳᠠᠯ᠎ᠳᠤ ᠴᠢᠭᠯᠡᠭᠦᠯᠦᠨ᠂ 《ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠵᠥᠪ ᠴᠢᠭᠯᠡᠯ ᠵᠶ᠋ᠠᠷ ᠵᠢᠷᠤᠮᠵᠢᠭᠤᠯᠵᠤ᠂ ᠡᠰᠡᠷᠭᠦ ᠴᠢᠭᠯᠡᠯ ᠵᠶ᠋ᠠᠷ ᠬᠢᠵᠠᠭ᠋ᠠᠷᠯᠠᠬᠤ》 ᠵᠢ ᠪᠠᠷᠢᠮᠲᠠᠯᠠᠵᠤ᠂   ᠤᠯᠠᠨ ᠲᠦᠮᠡᠨ᠎ᠤ ᠤᠷᠤᠯᠳᠤᠭ᠋ᠠᠨ᠎ᠤ ᠠᠵᠢᠯᠯᠠᠭ᠎ᠠ ᠵᠢᠨ ᠠᠮᠤᠷ ᠲᠦᠪᠰᠢᠨ ᠪᠠ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠢᠨᠠᠯᠲᠠ ᠬᠠᠮᠢᠶᠠᠷᠤᠯᠲᠠ ᠵᠢ ᠠᠬᠢᠭᠤᠯᠤᠨ᠎ᠠ᠃ ᠳᠥᠷᠪᠡᠳᠦᠭᠡᠷ᠎ᠲᠤ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶ᠋ᠢᠭᠤᠯᠤᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠤᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡᠨ᠎ᠤ ᠬᠠᠩᠭ᠋ᠠᠯᠭ᠎ᠠ ᠵᠢᠨ 《ᠡᠴᠦᠰ᠎ᠤᠨ ᠨᠢᠭᠡ ᠺᠢᠯᠦᠮᠸᠲᠷ》᠎ᠢ ᠨᠡᠪᠲᠡᠷᠡᠭᠦᠯᠵᠦ᠂ ᠤᠯᠠᠨ ᠨᠡᠶ᠋ᠢᠲᠡ ᠵᠢᠨ ᠪᠡᠶ᠎ᠡ ᠵᠢᠨ ᠲᠠᠮᠢᠷ᠎ᠤᠨ ᠦᠢ᠍ᠯᠡᠴᠢᠯᠡᠭᠡ ᠵᠢ ᠤᠯᠠᠨ ᠲᠦᠮᠡᠨ᠎ᠤ ᠳᠡᠷᠭᠡᠳᠡ ᠰᠢᠭᠤᠳ ᠬᠦᠷᠭᠡᠨ᠎ᠡ᠃ ᠲᠠᠪᠤᠳᠤᠭ᠋ᠠᠷ᠎ᠲᠤ᠂ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠵᠢᠯᠣᠭᠤᠳᠬᠤ ᠰᠢᠰᠲ᠋ᠧᠮ᠎ᠢ ᠲᠡᠭᠦᠯᠳᠡᠷᠵᠢᠭᠦᠯᠵᠦ᠂ ᠥᠷᠭᠡᠨ ᠤᠯᠠᠨ ᠠᠷᠠᠳ ᠲᠦᠮᠡᠨ᠎ᠤ ᠤᠯᠠᠮ᠎ᠠᠴᠠ ᠤᠯᠠᠮ ᠬᠦᠭᠵᠢᠵᠦ ᠪᠤᠢ ᠥᠪᠡᠷᠮᠢᠴᠡ᠂ ᠲᠤᠰᠬᠠᠶ᠋ᠢᠵᠢᠭᠰᠠᠨ ᠪᠡᠶ᠎ᠡ ᠴᠢᠭᠢᠷᠠᠭᠵᠢᠭᠤᠯᠬᠤ ᠬᠡᠷᠡᠭᠴᠡᠭᠡ ᠱᠠᠭ᠋ᠠᠷᠳᠠᠯᠭ᠎ᠠ ᠵᠢᠨ ᠡᠮᠦᠨ᠎ᠡ᠂ ᠲᠦᠷᠢᠮ᠎ᠤᠨ ᠪᠠᠷᠢᠮᠵᠢᠶ᠎ᠠ᠂ ᠴᠢᠳᠠᠪᠤᠷᠢᠲᠠᠨ᠎ᠤ ᠡᠩᠨᠡᠭᠡ᠂ ᠪᠡᠶ᠎ᠡ ᠴᠢᠭᠢᠷᠠᠭᠵᠢᠭᠤᠯᠬᠤ ᠠᠷᠭ᠎ᠠ ᠵᠡᠷᠭᠡ ᠲᠠᠯ᠎ᠠ᠎ᠪᠠᠷ ᠲᠡᠭᠦᠯᠳᠡᠷᠵᠢᠭᠦᠯᠦᠨ ᠳᠡᠭᠡᠭᠰᠢᠯᠡᠭᠦᠯᠦᠨ᠎ᠡ᠃ ᠵᠢᠷᠭᠤᠭ᠎ᠠ᠎ᠳᠤ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠤᠳᠣᠭᠴᠢ ᠵᠢᠨ ᠲᠦᠷᠢᠮ᠎ᠤᠨ ᠰᠢᠰᠲ᠋ᠧᠮ᠎ᠢ ᠥᠭᠡᠷᠡᠴᠢᠯᠡᠨ ᠲᠡᠭᠦᠯᠳᠡᠷᠵᠢᠭᠦᠯᠵᠦ᠂ 《ᠵᠦᠪᠰᠢᠶᠡᠷᠡᠬᠦ ᠪᠠᠷᠢᠮᠵᠢᠶ᠎ᠠ ᠵᠢ ᠪᠠᠭᠤᠷᠠᠭᠤᠯᠬᠤ᠂ ᠡᠩᠨᠡᠭᠡᠨ᠎ᠤ ᠲᠤᠭ᠎ᠠ ᠬᠡᠮᠵᠢᠶ᠎ᠡ ᠵᠢ ᠥᠷᠭᠡᠳᠬᠡᠬᠦ᠂ ᠦᠢ᠍ᠯᠡᠳᠦᠯ᠎ᠢ ᠲᠠᠬᠢᠨ ᠪᠠᠳᠠᠷᠠᠭᠤᠯᠬᠤ᠂ ᠦᠢ᠍ᠯᠡᠴᠢᠯᠡᠭᠡᠨ᠎ᠤ ᠶᠠᠰᠤ ᠴᠢᠨᠠᠷ᠎ᠢ ᠳᠡᠭᠡᠭᠰᠢᠯᠡᠭᠦᠯᠬᠦ᠂ ᠱᠠᠳᠤ ᠬᠤᠪᠢᠶᠠᠨ ᠲᠦᠷᠦᠯ ᠬᠤᠪᠢᠶᠠᠨ ᠬᠠᠮᠢᠶᠠᠷᠬᠤ᠂ ᠦᠨᠳᠦᠰᠦᠨ ᠱᠠᠲᠤᠨ᠎ᠤ ᠠᠮᠢᠵᠢᠷᠠᠯ᠎ᠤᠨ ᠬᠦᠴᠦᠨ᠎ᠢ ᠬᠥᠭᠵᠢᠭᠡᠬᠦ》 ᠰᠡᠳᠬᠢᠴᠡ ᠶᠣᠰᠣᠭ᠋ᠠᠷ᠂ 《ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠤᠳᠣᠭᠴᠢ ᠵᠢᠨ ᠬᠠᠮᠢᠶᠠᠷᠤᠯᠲᠠ ᠵᠢᠨ ᠠᠷᠭ᠎ᠠ》᠎ᠳᠤ ᠵᠠᠰᠠᠪᠤᠷᠢ ᠣᠷᠣᠭᠤᠯᠤᠨ ᠨᠡᠶ᠋ᠢᠲᠡᠯᠡᠬᠦ ᠵᠢ ᠲᠦᠷᠭᠡᠳᠬᠡᠵᠦ᠂ ᠨᠡᠶ᠋ᠢᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠤᠳᠣᠭᠴᠢ ᠵᠢᠨ ᠦᠢ᠍ᠯᠡᠳᠦᠯ᠎ᠢ ᠦᠨᠡᠨ ᠬᠦ᠌ ᠰᠠᠶ᠋ᠢᠲᠤᠷ ᠪᠠᠳᠠᠷᠠᠭᠤᠯᠤᠨ᠎ᠡ᠃ ᠳᠣᠯᠤᠭ᠎ᠠ᠎ᠳᠤ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠰᠢᠰᠲᠸᠮ᠎ᠢ ᠲᠡᠭᠦᠯᠳᠡᠷᠵᠢᠭᠦᠯᠵᠦ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠨᠠᠷᠠᠲᠤ ᠲᠥᠷᠥᠯ ᠲᠡᠮᠳᠡᠭᠲᠦ ᠵᠢ ᠪᠣᠶ ᠪᠣᠯᠭ᠋ᠠᠵᠤ᠂ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠵᠢᠨ ᠵᠢᠯᠣᠭᠤᠳᠣᠯᠭ᠎ᠠ ᠵᠢ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠰᠠᠶ᠋ᠢᠨ ᠳᠤᠷ᠎ᠠ ᠵᠢᠨ ᠦᠢ᠍ᠯᠡᠴᠢᠯᠡᠭᠡ᠎ᠲᠠᠢ ᠣᠷᠭ᠋ᠠᠨᠢᠭ ᠵᠶ᠋ᠠᠷ ᠤᠶᠠᠯᠳᠤᠭᠤᠯᠵᠤ᠂ ᠵᠢᠵᠢᠭ ᠬᠡᠯᠪᠡᠷᠢ ᠵᠢᠨ᠂ ᠣᠯᠠᠨ ᠶᠠᠩᠵᠤ ᠵᠢᠨ᠂ ᠳᠥᠭᠦᠮ ᠳᠥᠲᠡ᠂ ᠣᠯᠠᠨ ᠲᠦᠮᠡᠨ᠎ᠤ ᠳᠡᠷᠭᠡᠳᠡ ᠣᠶ᠋ᠢᠷᠠᠲᠤᠭᠰᠠᠨ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠰᠠᠶ᠋ᠢᠨ ᠳᠤᠷ᠎ᠠ ᠵᠢᠨ ᠦᠢ᠍ᠯᠡᠴᠢᠯᠡᠭᠡᠨ᠎ᠤ ᠠᠵᠢᠯᠯᠠᠭ᠎ᠠ ᠵᠢ ᠥᠷᠭᠡᠨ ᠵᠶ᠋ᠠᠷ ᠥᠷᠨᠢᠭᠦᠯᠦᠨ᠎ᠡ᠃ ᠨᠠᠢ᠍ᠮᠠ᠎ᠳᠤ᠂ ᠠᠷᠠᠳ ᠢᠷᠭᠡᠳ᠎ᠤᠨ ᠪᠡᠶ᠎ᠡ ᠮᠠᠬᠠᠪᠣᠳ᠎ᠢ ᠬᠢᠨᠠᠨ ᠰᠢᠨᠵᠢᠬᠦ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢᠨ ᠪᠠᠶ᠋ᠢᠳᠠᠯ᠎ᠢ ᠪᠠᠶ᠋ᠢᠴᠠᠭ᠋ᠠᠬᠤ᠂ ᠤᠯᠤᠰ᠎ᠤᠨ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠪᠠᠷᠢᠮᠵᠢᠶ᠎ᠠ ᠵᠢ ᠪᠠᠷᠢᠮᠵᠢᠶ᠎ᠠ᠎ᠳᠤ ᠬᠦᠷᠭᠡᠬᠦ ᠠᠵᠢᠯᠯᠠᠭ᠎ᠠ ᠵᠢ ᠪᠠᠶ᠋ᠢᠩᠭᠤᠵᠢᠭᠤᠯᠤᠨ ᠥᠷᠨᠢᠭᠦᠯᠬᠦ ᠵᠢ ᠠᠬᠢᠭᠤᠯᠵᠤ᠂ ᠤᠯᠠᠨ ᠲᠦᠮᠡᠨ᠎ᠤ ᠪᠡᠶ᠎ᠡ ᠵᠢᠨ ᠲᠠᠮᠢᠷ᠎ᠤᠨ ᠦᠨᠳᠦᠰᠦᠨ ᠠᠵᠢᠯ᠎ᠤᠨ ᠲᠦᠷᠢᠮ᠎ᠤᠨ ᠰᠢᠰᠲ᠋ᠧᠮ᠎ᠢ ᠲᠡᠭᠦᠯᠳᠡᠷᠵᠢᠭᠦᠯᠦᠨ᠎ᠡ᠃ ᠠᠷᠠᠳ ᠢᠷᠭᠡᠳ᠎ᠤᠨ ᠪᠡᠶ᠎ᠡ ᠮᠠᠬᠠᠪᠣᠳ᠎ᠢ ᠬᠢᠨᠠᠨ ᠰᠢᠨᠵᠢᠬᠦ ᠠᠵᠢᠯ᠎ᠢ ᠰᠦᠪᠡᠭᠴᠢᠯᠡᠵᠦ᠂ ᠨᠢᠭᠡ ᠵᠢᠯ ᠵᠶ᠋ᠠᠷ ᠦᠶᠡᠯᠡᠯ ᠪᠣᠯᠭ᠋ᠠᠨ ᠪᠠᠶ᠋ᠢᠩᠭᠤᠵᠢᠭᠰᠠᠨ᠂ ᠦᠶᠡᠯᠡᠯᠲᠦ ᠴᠢᠨᠠᠷᠲᠠᠶ ᠪᠦᠷᠢᠳᠬᠡᠯ ᠬᠢᠬᠦ ᠵᠢ ᠰᠦᠪᠡᠭᠴᠢᠯᠡᠨ᠂ ᠤᠯᠤᠰ ᠠᠷᠠᠳ᠎ᠤᠨ ᠪᠡᠶ᠎ᠡ ᠮᠠᠬᠠᠪᠣᠳ᠎ᠤᠨ ᠪᠠᠷᠢᠮᠵᠢᠶ᠎ᠠ᠎ᠳᠤ ᠬᠦᠷᠦᠭᠰᠡᠨ ᠨᠣᠷᠮ᠎ᠠ ᠪᠠ ᠰᠢᠯᠢᠳᠡᠭ ᠰᠠᠶ᠋ᠢᠨ ᠨᠣᠷᠮ᠎ᠠ ᠵᠢ ᠬᠥᠳᠡᠯᠦᠩᠭᠦᠶ᠎ᠪᠠᠷ ᠡᠵᠡᠮᠰᠢᠭᠦᠯᠦᠨ᠎ᠡ; ᠪᠥᠬᠦ ᠠᠷᠠᠳ᠎ᠤᠨ ᠪᠡᠶ᠎ᠡ ᠮᠠᠬᠠᠪᠣᠳ᠎ᠤᠨ ᠬᠥᠭᠵᠢᠯᠲᠡ ᠵᠢᠨ ᠬᠠᠨᠳᠤᠰᠢ ᠵᠢ ᠰᠢᠨᠵᠢᠯᠡᠬᠦ ᠤᠬᠠᠭ᠋ᠠᠨᠴᠢ᠎ᠪᠠᠷ ᠲᠦᠰᠦᠭᠡᠯᠡᠨ᠎ᠡ; ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢᠨ ᠬᠥᠭᠵᠢᠯᠲᠡ ᠬᠤᠪᠢᠷᠠᠯᠲᠠ ᠵᠢᠨ ᠬᠠᠨᠳᠤᠰᠢ ᠵᠢ ᠪᠣᠭᠤᠨᠢᠰᠬᠠᠬᠤ ᠵᠢ ᠰᠦᠪᠡᠭᠴᠢᠯᠡᠵᠦ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯᠯᠠᠭ᠎ᠠ ᠵᠢᠨ ᠬᠥᠭᠵᠢᠯᠲᠡ ᠬᠤᠪᠢᠷᠠᠯᠲᠠ ᠵᠢᠨ ᠬᠠᠨᠳᠤᠰᠢ ᠵᠢ ᠴᠠᠭ ᠲᠤᠬᠠᠶ᠎ᠳᠤᠨᠢ ᠡᠵᠡᠮᠰᠢᠨ᠎ᠡ; ᠤᠯᠤᠰ᠎ᠤᠨ ᠪᠡᠶ᠎ᠡ ᠵᠢᠨ ᠲᠠᠮᠢᠷ᠎ᠤᠨ ᠪᠣᠯᠪᠠᠰᠤᠷᠠᠯ᠎ᠤᠨ ᠪᠠᠷᠢᠮᠵᠢᠶ᠎ᠠ ᠵᠢᠨ ᠠᠵᠢᠯ᠎ᠳᠤ ᠨᠡᠭᠡᠭᠡᠯᠲᠡ ᠬᠢᠬᠦ ᠣᠨᠣᠯᠵᠢᠬᠤᠨ ᠵᠶ᠋ᠠᠷ ᠨᠡᠶ᠋ᠢᠭᠡᠮ᠎ᠤᠨ ᠬᠦᠴᠦᠨ ᠪᠠ ᠳᠡᠭᠡᠳᠦ ᠰᠢᠨ᠎ᠡ ᠠᠵᠤ ᠠᠬᠤᠶ᠋ᠢᠯᠠᠯ ᠵᠡᠷᠭᠡ ᠵᠢ ᠢᠳᠡᠪᠬᠢᠲᠡᠶ᠎ᠪᠠᠷ ᠬᠥᠲᠥᠯᠥᠨ ᠵᠢᠯᠣᠭᠤᠳᠴᠤ᠂ ᠪᠠᠷᠢᠮᠵᠢᠶ᠎ᠠ᠎ᠳᠤ ᠬᠦᠷᠭᠡᠬᠦ ᠠᠵᠢᠯᠯᠠᠭ᠎ᠠ ᠥᠷᠨᠢᠭᠦᠯᠬᠦ ᠬᠡᠯᠪᠡᠷᠢ᠎ᠳᠤ ᠰᠢᠨ᠎ᠡ ᠵᠢ ᠡᠭᠦᠳᠦᠨ᠎ᠡ᠃ ᠶᠢᠰᠦ᠎ᠳᠤ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ᠎ᠤᠨ ᠡᠷᠡᠭᠦᠯ ᠮᠡᠨᠳᠦ ᠵᠢᠨ ᠭᠦᠨᠵᠡᠭᠡᠶ ᠠᠭᠤᠰᠤᠯᠴᠠᠯ᠎ᠤᠨ ᠰᠢᠰᠲ᠋ᠧᠮ᠎ᠢ ᠲᠡᠭᠦᠯᠳᠡᠷᠵᠢᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠵᠢᠨ ᠵᠢᠯᠣᠭᠤᠳᠣᠯᠭ᠎ᠠ ᠵᠢ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠ ᠪᠥᠬᠦ ᠠᠷᠠᠳ᠎ᠤᠨ ᠡᠷᠡᠭᠦᠯ ᠮᠡᠨᠳᠦ ᠵᠢᠨ ᠭᠦᠨᠵᠡᠭᠡᠶ ᠠᠭᠤᠰᠤᠯᠴᠠᠯ᠎ᠢ ᠠᠬᠢᠭᠤᠯᠬᠤ ᠵᠢᠨ ᠴᠢᠬᠤᠯᠠ ᠠᠭᠤᠯᠭ᠎ᠠ ᠪᠣᠯᠭ᠋ᠠᠵᠤ᠂ ᠪᠥᠬᠦ ᠠᠷᠠᠳ᠎ᠤᠨ ᠡᠷᠡᠭᠦᠯ ᠮᠡᠨᠳᠦ ᠵᠢ ᠳᠡᠭᠡᠭᠰᠢᠯᠡᠭᠦᠯᠬᠦ ᠪᠠ ᠡᠪᠡᠳᠴᠢᠨ ᠡᠮᠭᠡᠭ᠎ᠢ ᠤᠷᠢᠳᠴᠢᠯᠠᠨ ᠰᠡᠷᠭᠡᠶ᠋ᠢᠯᠡᠬᠦ ᠲᠠᠯ᠎ᠠ᠎ᠪᠠᠷ᠎ᠬᠢ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠢᠳᠡᠪᠬᠢ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠮᠡᠳᠡᠯᠭᠡ ᠵᠢ ᠲᠦᠭᠡᠮᠡᠯᠵᠢᠭᠦᠯᠵᠦ᠂ ᠰᠢᠨᠵᠢᠯᠡᠬᠦ ᠤᠬᠠᠭ᠋ᠠᠨᠴᠢ᠎ᠪᠠᠷ ᠪᠡᠶ᠎ᠡ ᠴᠢᠭᠢᠷᠠᠭᠵᠢᠭᠤᠯᠬᠤ ᠤᠷ᠎ᠠ ᠴᠢᠳᠠᠪᠤᠷᠢ ᠵᠢ ᠤᠯᠠᠮᠵᠢᠯᠠᠨ᠎ᠠ᠃
    ᠤᠯᠠᠨ ᠲᠠᠯ᠎ᠠ ᠵᠢᠨ ᠬᠦᠴᠦᠨ᠎ᠢ ᠨᠢᠭᠲᠠᠷᠠᠭᠤᠯᠵᠤ ᠲᠤᠯᠭ᠋ᠠᠭᠤᠷᠢᠯᠠᠯ ᠪᠠᠲᠤᠯᠠᠭ᠎ᠠ ᠵᠢ ᠴᠢᠩᠭ᠋ᠠᠳᠬᠠᠨ᠎ᠠ
    ᠣᠯᠠᠨ ᠲᠦᠮᠡᠨᠴᠢ ᠪᠡᠶ᠎ᠡ ᠵᠢᠨ ᠲᠠᠮᠢᠷ ᠲᠦᠭ ᠲᠦᠮᠡᠨ ᠠᠶ᠋ᠢᠯ ᠡᠷᠦᠬᠡ᠎ᠳᠤ ᠬᠤᠯᠪᠣᠭᠳᠠᠵᠤ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ᠎ᠨᠢ ᠬᠥᠮᠦᠨ ᠨᠢᠭᠡᠪᠦᠷᠢ ᠵᠢᠨ ᠪᠡᠶ᠎ᠡ ᠮᠠᠬᠠᠪᠣᠳ᠎ᠤᠨ ᠡᠷᠡᠭᠦᠯ ᠮᠡᠨᠳᠦ᠎ᠳᠤ ᠬᠤᠯᠪᠣᠭᠳᠠᠵᠤ ᠪᠠᠶ᠋ᠢᠳᠠᠭ᠃ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ᠎ᠢ ᠥᠷᠨᠢᠭᠦᠯᠬᠦ᠎ᠳᠤ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ ᠥᠷᠭᠡᠨ ᠵᠶ᠋ᠠᠷ ᠳᠡᠮᠵᠢᠨ ᠠᠩᠬᠠᠷᠴᠤ᠂ ᠣᠯᠠᠨ ᠲᠠᠯ᠎ᠠ ᠵᠢᠨ ᠬᠦᠴᠦᠨ᠎ᠢ ᠨᠢᠭᠲᠠᠷᠠᠭᠤᠯᠤᠨ᠂ ᠨᠠᠮ᠎ᠤᠨ ᠬᠣᠷᠢᠶ᠎ᠠ ᠵᠠᠰᠠᠭ᠎ᠤᠨ ᠣᠷᠳᠣᠨ ᠤᠳᠤᠷᠢᠳᠤᠭᠰᠠᠨ᠂ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ ᠭᠣᠤᠯᠯᠠᠭᠰᠠᠨ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶ᠋ᠢᠭᠤᠯᠤᠯᠲᠠ ᠵᠢᠨ ᠲᠦᠰᠢᠭ ᠲᠤᠯᠭ᠋ᠠᠭᠤᠷᠢ᠂ ᠡᠯ᠎ᠡ ᠲᠠᠯ᠎ᠠ ᠵᠢᠨ᠎ᠬᠢᠨ ᠣᠷᠣᠯᠴᠠᠭᠰᠠᠨ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲᠸᠮ᠎ᠤᠨ ᠪᠠᠶ᠋ᠢᠷᠢᠰᠢᠯ᠎ᠢ ᠪᠠᠶ᠋ᠢᠭᠤᠯᠬᠤ ᠬᠡᠷᠡᠭᠲᠡᠶ᠃ 《ᠲᠣᠮᠣ ᠤᠯᠠᠨ ᠲᠦᠮᠡᠨᠴᠢ》᠎ᠤᠨ ᠪᠠᠶ᠋ᠢᠷᠢᠰᠢᠯ᠎ᠢ ᠲᠡᠭᠦᠯᠳᠡᠷᠵᠢᠭᠦᠯᠵᠦ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠦᠢ᠍ᠯᠡᠰ᠎ᠢ ᠤᠯᠤᠰ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠶᠡᠭᠡ ᠲᠠᠯ᠎ᠠ᠎ᠳᠤ ᠠᠭᠤᠰᠤᠯᠴᠠᠭᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠶᠠᠪᠤᠴᠠ᠎ᠳᠠᠬᠢ ᠪᠡᠶ᠎ᠡ ᠵᠢᠨ ᠲᠠᠮᠢᠷ᠎ᠤᠨ ᠶᠡᠷᠦᠩᠬᠡᠶ᠋ᠢᠯᠡᠭᠰᠡᠨ ᠦᠷᠳᠡᠭ ᠪᠣᠯᠤᠨ ᠤᠯᠠᠨ ᠡᠰᠢᠲᠦ ᠴᠢᠳᠠᠮᠵᠢ ᠵᠢ ᠭᠦᠨᠵᠡᠭᠡᠢ ᠲᠠᠨᠢᠨ ᠭᠦᠢ᠍ᠴᠡᠳ ᠪᠠᠳᠠᠷᠠᠭᠤᠯᠵᠤ᠂ ᠠᠵᠢᠯ᠎ᠤᠨ ᠳᠤᠮᠳᠠ ᠤᠯᠤᠰ᠎ᠤᠨ ᠴᠢᠬᠤᠯᠠ ᠶᠡᠭᠡ ᠪᠠᠶ᠋ᠢᠯᠳᠤᠬᠤ ᠪᠤᠳᠤᠯᠭ᠎ᠠ᠎ᠲᠠᠢ ᠰᠠᠨᠠᠭ᠋ᠠᠴᠢᠯᠠᠭ᠎ᠠ᠎ᠠᠴᠠ᠎ᠪᠠᠨ ᠵᠣᠯᠭ᠋ᠠᠭᠤᠯᠬᠤ ᠪᠠ ᠲᠡᠭᠦᠨ᠎ᠳᠤ ᠦᠢ᠍ᠯᠡᠴᠢᠯᠡᠵᠦ᠂ ᠨᠠᠮ᠎ᠤᠨ ᠬᠤᠷᠢᠶ᠎ᠠ ᠵᠠᠰᠠᠭ᠎ᠤᠨ ᠣᠷᠳᠣᠨ᠂ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠵᠣᠬᠢᠶᠠᠨ ᠪᠠᠶ᠋ᠢᠭᠤᠯᠤᠯᠲᠠ ᠪᠣᠯᠤᠨ ᠨᠡᠶ᠋ᠢᠭᠡᠮ᠎ᠤᠨ ᠬᠦᠴᠦᠨ᠎ᠤ ᠦᠢ᠍ᠯᠡᠳᠦᠯ᠎ᠢ ᠰᠠᠶ᠋ᠢᠲᠤᠷ ᠪᠠᠳᠠᠷᠠᠭᠤᠯᠵᠤ᠂ ᠡᠯ᠎ᠡ ᠲᠠᠯ᠎ᠠ ᠵᠢᠨ ᠢᠳᠡᠪᠬᠢᠵᠢᠯ᠎ᠢ ᠲᠠᠶ᠋ᠢᠴᠢᠯᠠᠵᠤ᠂ ᠠᠵᠢᠯ᠎ᠤᠨ ᠬᠠᠮᠲᠤᠷᠠᠯ᠎ᠤᠨ ᠬᠦᠴᠦᠨ᠎ᠢ ᠪᠦᠷᠢᠯᠳᠦᠭᠦᠯᠬᠦ ᠬᠡᠷᠡᠭᠲᠡᠢ᠃ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠲᠦᠷᠦ ᠵᠢᠨ ᠪᠤᠳᠤᠯᠭ᠎ᠠ ᠵᠢᠨ ᠰᠢᠰᠲ᠋ᠧᠮ ᠪᠣᠯᠤᠨ ᠪᠠᠷᠢᠮᠵᠢᠶ᠎ᠠ ᠵᠢᠨ ᠰᠢᠰᠲ᠋ᠧᠮ᠎ᠤᠨ ᠪᠠᠶ᠋ᠢᠭᠤᠯᠤᠯᠲᠠ ᠵᠢ ᠲᠡᠭᠦᠯᠳᠡᠷᠵᠢᠭᠦᠯᠵᠦ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠤᠯᠠᠨ ᠨᠡᠶ᠋ᠢᠲᠡ ᠵᠢᠨ ᠦᠢ᠍ᠯᠡᠴᠢᠯᠡᠭᠡ ᠵᠢ ᠪᠠᠷᠢᠮᠵᠢᠶᠠᠵᠢᠭᠤᠯᠬᠤ᠂ ᠵᠢᠷᠤᠮᠵᠢᠭᠤᠯᠬᠤ᠂ ᠰᠢᠰᠲ᠋ᠧᠮᠵᠢᠭᠦᠯᠬᠦ᠂ ᠳᠥᠭᠦᠮᠴᠢᠯᠡᠨ ᠬᠥᠭᠵᠢᠭᠦᠯᠬᠦ ᠵᠢ ᠠᠬᠢᠭᠤᠯᠬᠤ ᠬᠡᠷᠡᠭᠲᠡᠢ᠃ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠮᠡᠳᠡᠭᠡ ᠵᠠᠩᠭᠢ ᠵᠢᠨ ᠦᠢ᠍ᠯᠡᠴᠢᠯᠡᠭᠡᠨ᠎ᠤ ᠲᠠᠪᠴᠠᠩ᠎ᠤᠨ ᠪᠠᠶ᠋ᠢᠭᠤᠯᠤᠯᠲᠠ ᠵᠢ ᠤᠯᠠᠮ ᠨᠢᠭᠡ ᠠᠯᠬᠤᠮ ᠲᠡᠭᠦᠯᠳᠡᠷᠵᠢᠭᠦᠯᠵᠦ᠂ ᠪᠥᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠮᠡᠳᠡᠭᠡ ᠵᠠᠩᠭᠢᠵᠢᠯᠲᠠ᠂ ᠤᠶᠤᠨᠴᠢᠯᠠᠭᠰᠠᠨ ᠬᠥᠭᠵᠢᠯᠲᠡ ᠵᠢ ᠠᠬᠢᠭᠤᠯᠬᠤ ᠬᠡᠷᠡᠭᠲᠡᠶ᠃ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠵᠠᠷᠤᠳᠠᠯ᠎ᠢ ᠬᠤᠪᠢᠶᠠᠷᠢᠯᠠᠬᠤ ᠠᠷᠭ᠎ᠠ ᠮᠠᠶᠢᠭ ᠪᠣᠯᠤᠨ ᠠᠮᠵᠢᠯᠲᠠ ᠪᠦᠲᠦᠮᠵᠢ ᠵᠢ ᠦᠨᠡᠯᠡᠬᠦ ᠲᠣᠭᠲᠠᠴᠠ ᠵᠢ ᠲᠠᠰᠤᠷᠠᠯᠲᠠ ᠤᠢ᠍ᠭᠡᠢ ᠲᠡᠭᠦᠯᠳᠡᠷᠵᠢᠭᠦᠯᠵᠦ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠢ ᠪᠦᠷᠢᠳᠬᠡᠵᠦ ᠬᠢᠨᠠᠨ ᠬᠡᠮᠵᠢᠬᠦ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ᠎ᠤᠨ ᠤᠷᠮᠠᠰᠢᠭᠤᠯᠬᠤ ᠳᠦᠷᠢᠮ᠎ᠢ ᠲᠡᠭᠦᠯᠳᠡᠷᠵᠢᠭᠦᠯᠬᠦ ᠬᠡᠷᠡᠭᠲᠡᠶ᠃ ᠪᠡᠶ᠎ᠡ ᠵᠢᠨ ᠲᠠᠮᠢᠷ᠎ᠤᠨ ᠲᠥᠷᠥᠯ ᠵᠦᠢ᠍ᠯ᠎ᠤᠨ ᠲᠥᠪ᠂ ᠨᠡᠶ᠋ᠢᠭᠡᠮᠯᠢᠭ᠂ ᠣᠷᠣᠨ ᠨᠤᠲᠤᠭ᠎ᠤᠨ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ᠎ᠤᠨ ᠪᠦᠬᠦ ᠠᠷᠠᠳ᠎ᠤᠨ ᠪᠡᠶ᠎ᠡ ᠴᠢᠭᠢᠷᠠᠭᠵᠢᠭᠤᠯᠬᠤ ᠠᠵᠢᠯ᠎ᠢ ᠥᠷᠨᠢᠭᠦᠯᠬᠦ ᠵᠢ ᠦᠨᠡᠯᠡᠬᠦ᠂ ᠬᠢᠨᠠᠨ ᠵᠢᠯᠣᠭᠣᠳᠬᠤ᠂ ᠤᠷᠮᠠᠰᠢᠭᠤᠯᠬᠤ ᠲᠣᠭᠲᠠᠴᠠ ᠵᠢ ᠰᠦᠪᠡᠭᠴᠢᠯᠡᠨ ᠪᠠᠶ᠋ᠢᠭᠤᠯᠵᠤ᠂ ᠠᠵᠢᠯ ᠵᠶ᠋ᠠᠨ ᠥᠷᠨᠢᠭᠦᠯᠦᠭᠰᠡᠨ ᠪᠠᠶ᠋ᠢᠳᠠᠯ᠎ᠢ ᠵᠠᠷᠤᠳᠠᠯ ᠰᠢᠯᠵᠢᠭᠦᠯᠦᠨ ᠥᠭᠬᠦ᠂ ᠦᠢ᠍ᠯᠡᠴᠢᠯᠡᠭᠡᠨ ᠬᠤᠳᠠᠯᠳᠤᠨ ᠠᠪᠬᠤ᠂ ᠰᠢᠯᠢᠳᠡᠭ᠎ᠢ ᠡᠭᠦᠳᠴᠦ ᠲᠡᠷᠢᠭᠦᠨ᠎ᠤ᠎ᠬᠢ ᠵᠢ ᠰᠢᠯᠭ᠋ᠠᠷᠠᠭᠤᠯᠬᠤ ᠵᠡᠷᠭᠡ᠎ᠯᠦᠭᠡ ᠣᠷᠭ᠋ᠠᠨᠢᠭ ᠵᠶ᠋ᠠᠷ ᠤᠶᠠᠯᠳᠤᠭᠤᠯᠬᠤ ᠬᠡᠷᠡᠭᠲᠡᠶ᠃ (ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠢᠨ ᠤᠯᠠᠨ ᠲᠦᠮᠡᠨᠴᠢ ᠪᠡᠶ᠎ᠡ ᠵᠢᠨ ᠲᠠᠮᠢᠷ᠎ᠤᠨ ᠵᠤᠷᠭ᠋ᠠᠨ   ᠳ᠋ᠢᠩ ᠳ᠋ᠦᠩ   ᠵᠠᠩ ᠹᠠᠨ   ᠰᠦᠨ ᠱᠦ᠍ ᠸᠧᠶ)

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠦᠰᠦᠭ ᠪᠢᠴᠢᠭ᠎ᠤᠨ ᠲᠠᠢ᠌ᠯᠤᠮᠵᠢ᠄ 《ᠳᠤᠮᠳᠠᠳᠤ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠥᠭᠡᠷᠡᠴᠢᠯᠡᠯᠲᠡ ᠬᠥᠭᠵᠢᠯᠲᠡ ᠵᠢᠨ ᠬᠡᠷᠡᠭᠵᠢᠭᠦᠯᠬᠦ ᠰᠠᠨᠠᠯ》᠎ᠤᠨ ᠲᠤᠬᠠᠢ ᠲᠠᠢ᠌ᠯᠤᠮᠵᠢ
ᠵᠢᠷᠤᠭᠳᠦ ᠲᠡᠢ᠌ᠯᠦᠮᠵᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠮᠢᠷᠴᠢᠳ᠎ᠤᠨ ᠮᠡᠷᠭᠡᠵᠢᠯ᠎ᠤᠨ ᠲᠠᠰ᠎ᠤᠨ ᠬᠠᠮᠢᠶᠠᠷᠤᠯᠲᠠ ᠵᠢ ᠬᠡᠷᠡᠭᠵᠢᠭᠦᠯᠬᠦ ᠨᠠᠷᠢᠨ ᠲᠦᠷᠢᠮ᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠵᠢᠷᠤᠭᠳᠦ ᠲᠡᠢ᠌ᠯᠤᠮᠵᠢ᠄ 《ᠳᠤᠮᠳᠠᠳᠤ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠬᠦᠯ ᠪᠥᠮᠪᠦᠭᠡ ᠵᠢᠨ ᠥᠭᠡᠷᠡᠴᠢᠯᠡᠯᠲᠡ ᠬᠥᠭᠵᠢᠯᠲᠡ ᠵᠢᠨ ᠬᠡᠷᠡᠭᠵᠢᠭᠦᠯᠬᠦ ᠰᠠᠨᠠᠯ》᠎ᠤᠨ ᠲᠤᠬᠠᠢ ᠲᠠᠢ᠌ᠯᠤᠮᠵᠢ
ᠵᠢᠷᠤᠭᠳᠦ ᠲᠡᠢ᠌ᠯᠤᠮᠵᠢ᠄ 《ᠳᠤᠮᠳᠠᠳᠤ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠥᠭᠡᠷᠡᠴᠢᠯᠡᠯᠲᠡ ᠬᠥᠭᠵᠢᠯᠲᠡ ᠵᠢᠨ ᠬᠡᠷᠡᠭᠵᠢᠭᠦᠯᠬᠦ ᠰᠠᠨᠠᠯ》᠎ᠤᠨ ᠲᠤᠬᠠᠢ ᠲᠠᠢ᠌ᠯᠤᠮᠵᠢ
ᠵᠢᠷᠤᠭᠳᠦ ᠲᠡᠢ᠌ᠯᠤᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠫᠤᠤᠳᠠᠯᠭ᠎ᠠ ᠵᠢᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠨᠢᠭᠡᠴᠢ ᠵᠢᠨ ᠫᠤᠤ ᠵᠡᠪᠰᠡᠭ᠎ᠤᠨ ᠬᠠᠮᠢᠶᠠᠷᠤᠯᠳᠠ ᠵᠢᠨ ᠨᠠᠷᠢᠨ ᠲᠦᠷᠢᠮ》᠎ᠤᠨ ᠲᠡᠢ᠌ᠯᠦᠮᠵᠢ
 
            