ᠲᠦᠷᠦᠭᠦᠬᠡᠨ᠂ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠡᠷᠭᠡ 12 ᠰᠠᠯᠠᠭ᠎ᠠ ᠮᠥᠴᠢᠷ 《ᠳᠤᠮᠳᠠᠳᠤ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠥᠭᠡᠷᠡᠴᠢᠯᠡᠯᠲᠡ ᠬᠥᠭᠵᠢᠯᠲᠡ ᠵᠢᠨ ᠬᠡᠷᠡᠭᠵᠢᠭᠦᠯᠬᠦ ᠰᠠᠨᠠᠯ》 (ᠳᠣᠷᠣᠭᠰᠢ 《ᠬᠡᠷᠡᠭᠵᠢᠭᠦᠯᠬᠦ ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠵᠤ᠂ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠵᠢᠨ ᠬᠤᠯᠪᠣᠭᠳᠠᠯ ᠪᠥᠬᠦᠶ ᠵᠤᠷᠭ᠋ᠠᠨ ᠲᠣᠪᠴᠢᠶ᠎ᠠ ᠵᠢᠨ ᠬᠠᠷᠢᠭᠤᠴᠠᠯᠭ᠋ᠠᠲᠠᠨ ᠨᠥᠬᠦᠳ ᠬᠤᠯᠪᠣᠭᠳᠠᠯ ᠪᠥᠬᠦᠶ ᠠᠰᠠᠭᠤᠳᠠᠯ᠎ᠤᠨ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃
ᠨᠢᠭᠡ᠂ ᠪᠢᠴᠢᠭ ᠮᠠᠲ᠋ᠧᠷᠢᠶᠠᠯ᠎ᠢ ᠨᠡᠶ᠋ᠢᠲᠡᠯᠡᠭᠰᠡᠨ ᠠᠬᠤᠶ ᠪᠠᠶ᠋ᠢᠳᠠᠯ ᠪᠠ ᠵᠣᠷᠢᠯᠭ᠎ᠠ᠎ᠨᠢ ᠶᠠᠭᠤ ᠪᠣᠶ?
《ᠳᠤᠮᠳᠠᠳᠤ ᠤᠯᠤᠰ᠎ᠤᠨ ᠬᠥᠯ ᠪᠥᠮᠪᠦᠭᠡ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠶ ᠲᠥᠰᠦᠯ》᠎ᠢ ᠬᠡᠷᠡᠭᠵᠢᠭᠦᠯᠦᠭᠰᠡᠨ᠎ᠠᠴᠠ ᠨᠠᠰᠢ᠂ ᠰᠢ ᠵᠢᠨ ᠫᠢᠩ ᠨᠥᠬᠦᠷ ᠵᠶ᠋ᠠᠷ ᠭᠤᠤᠯ ᠪᠣᠯᠭ᠋ᠠᠭᠰᠠᠨ ᠨᠠᠮ᠎ᠤᠨ ᠲᠥᠪ ᠬᠤᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠤᠷ᠎ᠠ᠂ ᠮᠠᠨ᠎ᠤ ᠤᠯᠤᠰ ᠬᠥᠯ ᠪᠥᠮᠪᠦᠭᠡ ᠵᠢᠨ ᠥᠭᠡᠷᠡᠴᠢᠯᠡᠯᠲᠡ ᠬᠥᠭᠵᠢᠯᠲᠡ ᠵᠢ ᠪᠥᠬᠦ ᠲᠠᠯ᠎ᠠ᠎ᠪᠠᠷ ᠠᠬᠢᠭᠤᠯᠵᠤ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡ ᠵᠢ ᠲᠦᠭᠡᠮᠡᠯᠵᠢᠭᠦᠯᠦᠨ ᠳᠡᠯᠭᠡᠷᠡᠭᠦᠯᠬᠦ ᠵᠢ ᠴᠢᠩᠭ᠋ᠠᠳᠬᠠᠵᠤ᠂ ᠡᠯ᠎ᠡ ᠱᠠᠲᠤᠨ᠎ᠤ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠪᠣᠯᠪᠠᠰᠤᠷᠠᠯ᠎ᠤᠨ ᠲᠥᠪ᠎ᠢ ᠪᠠᠶ᠋ᠢᠭᠤᠯᠵᠤ᠂ ᠳᠤᠮᠳᠠᠳᠤ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠬᠤᠯᠪᠣᠭ᠋ᠠᠲᠤ ᠤᠷᠤᠯᠳᠤᠭ᠋ᠠᠨ᠎ᠢ ᠡᠷᠭᠢᠯᠡᠵᠦ᠂ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠠᠵᠢᠯ ᠢᠳᠡᠪᠬᠢᠲᠡᠶ ᠠᠬᠢᠴᠠ᠎ᠲᠠᠢ ᠪᠣᠯᠪᠠ᠃ ᠡᠭᠦᠨ᠎ᠤ ᠬᠠᠮᠲᠤ᠂ ᠮᠠᠨ᠎ᠤ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠬᠥᠭᠵᠢᠯᠲᠡ᠎ᠳᠤ ᠨᠢᠭᠡᠳᠦᠯᠲᠡᠶ ᠵᠢᠷᠤᠭ ᠲᠥᠯᠥᠪᠯᠡᠭᠡ ᠳᠤᠲᠠᠭᠳᠠᠵᠤ᠂ ᠬᠥᠯ ᠪᠥᠮᠪᠦᠭᠡ ᠵᠢᠨ ᠲᠤᠰᠬᠠᠶ ᠮᠡᠷᠭᠡᠵᠢᠯ᠎ᠤᠨ ᠴᠢᠳᠠᠪᠤᠷᠢᠲᠠᠨ᠎ᠤ ᠬᠡᠪᠴᠢᠶ᠎ᠡ ᠪᠠᠭ᠎ᠠ᠂ ᠶᠠᠰᠤ ᠴᠢᠨᠠᠷ ᠳᠣᠤᠷ᠎ᠠ᠂ ᠦᠰᠦᠨ ᠪᠤᠶ᠋ᠢᠵᠢᠬᠤ ᠵᠠᠮ ᠲᠦᠭᠵᠢᠷᠡᠯ᠎ᠲᠠᠢ ᠪᠠᠶ᠋ᠢᠬᠤ ᠵᠢ ᠣᠯᠵᠤ ᠬᠠᠷᠠᠬᠤ ᠬᠡᠷᠡᠭᠲᠡᠶ᠃ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠪᠣᠯᠪᠠᠰᠤᠷᠠᠯ᠎ᠤᠨ ᠤᠷᠤᠯᠳᠤᠭ᠋ᠠᠨ᠎ᠤ ᠰᠢᠰᠲ᠋ᠧᠮ ᠪᠦᠷᠢᠨ ᠲᠡᠭᠦᠯᠳᠡᠷ ᠪᠤᠰᠤ᠂ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ᠎ᠳᠤ ᠳᠤᠲᠠᠭᠤᠳᠠᠯ ᠣᠷᠣᠰᠢᠵᠤ᠂ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠬᠦᠷᠢᠶᠡᠨ᠎ᠳᠠᠬᠢ ᠪᠡᠶ᠎ᠡ ᠵᠢᠨ ᠲᠠᠮᠢᠷ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠭᠦᠨᠵᠡᠭᠡᠶ᠋ᠢᠷᠡᠭᠦᠯᠬᠦ ᠪᠠ ᠰᠢᠪᠲᠤᠯᠤᠯᠲᠠ ᠭᠠᠷᠭ᠋ᠠᠬᠤ ᠴᠢᠬᠤᠯᠠᠲᠠᠶ ᠪᠠᠶ᠋ᠢᠵᠤ᠂ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠴᠢᠨᠠᠷ ᠰᠠᠶ᠋ᠢᠲᠠᠶ ᠬᠥᠭᠵᠢᠯᠲᠡ ᠵᠢᠨ ᠰᠢᠨ᠎ᠡ ᠰᠢᠰᠲ᠋ᠧᠮ᠎ᠢ ᠲᠦᠷᠭᠡᠪᠴᠢᠯᠡᠨ ᠪᠠᠶ᠋ᠢᠭᠤᠯᠬᠤ ᠵᠢ ᠱᠠᠭ᠋ᠠᠷᠳᠠᠵᠤ ᠪᠠᠶ᠋ᠢᠨ᠎ᠠ᠃ ᠶᠡᠷᠦᠩᠬᠡᠶ ᠱᠦᠵᠢ ᠰᠢ ᠵᠢᠨ ᠫᠢᠩ᠎ᠤᠨ ᠬᠥᠯ ᠪᠥᠮᠪᠦᠭᠡ ᠵᠢᠨ ᠠᠵᠢᠯ᠎ᠤᠨ ᠲᠤᠬᠠᠶ ᠴᠢᠬᠤᠯᠠ ᠵᠢᠭ᠋ᠠᠪᠤᠷᠢ ᠴᠣᠬᠤᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠳᠤᠮᠳᠠᠳᠤ ᠤᠯᠤᠰ᠎ᠤᠨ ᠬᠥᠯ ᠪᠥᠮᠪᠦᠭᠡ ᠵᠢᠨ ᠥᠭᠡᠷᠡᠴᠢᠯᠡᠯᠲᠡ ᠬᠥᠭᠵᠢᠯᠲᠡ ᠵᠢᠨ ᠶᠡᠷᠦᠩᠬᠡᠶ ᠲᠥᠰᠦᠯ》᠂ 《ᠪᠡᠶ᠎ᠡ ᠵᠢᠨ ᠲᠠᠮᠢᠷ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠭᠦᠨᠵᠡᠭᠡᠶ᠋ᠢᠷᠡᠭᠦᠯᠵᠦ ᠵᠠᠯᠠᠭᠤᠴᠤᠳ ᠪᠠᠭ᠋ᠠᠴᠤᠳ᠎ᠤᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠲᠤᠬᠠᠶ ᠰᠠᠨᠠᠯ》᠎ᠢ ᠪᠥᠬᠦ ᠲᠠᠯ᠎ᠠ᠎ᠪᠠᠷ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠤᠷᠢᠶᠠᠨ᠎ᠤ ᠰᠢᠢ᠍ᠳᠪᠦᠷᠢᠲᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠶᠣᠰᠣᠭ᠋ᠠᠷ᠂ ᠪᠡᠶ᠎ᠡ ᠵᠢᠨ ᠲᠠᠮᠢᠷ᠎ᠤᠨ ᠶᠡᠷᠦᠩᠬᠡᠶ ᠲᠣᠪᠴᠢᠶ᠎ᠠ ᠭᠦᠨᠵᠡᠭᠡᠶ ᠪᠠᠶ᠋ᠢᠴᠠᠭ᠋ᠠᠨ ᠰᠤᠳᠤᠯᠤᠯᠲᠠ ᠬᠢᠭᠰᠡᠨ ᠰᠠᠭᠤᠷᠢᠨ ᠳᠡᠭᠡᠷ᠎ᠡ᠂ ᠲᠦᠷᠦᠭᠦᠯᠡᠨ 《ᠳᠤᠮᠳᠠᠳᠤ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠥᠭᠡᠷᠡᠴᠢᠯᠡᠯᠲᠡ ᠬᠥᠭᠵᠢᠯᠲᠡ ᠵᠢᠨ ᠬᠡᠷᠡᠭᠵᠢᠭᠦᠯᠬᠦ ᠰᠠᠨᠠᠯ》᠎ᠢ ᠲᠤᠭᠤᠷᠪᠢᠵᠤ᠂ 12 ᠰᠠᠯᠠᠭ᠎ᠠ ᠮᠥᠴᠢᠷ ᠬᠠᠮᠲᠤᠷᠠᠨ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠪᠡ᠃ 《ᠬᠡᠷᠡᠭᠵᠢᠭᠦᠯᠬᠦ ᠰᠠᠨᠠᠯ》᠎ᠳᠤ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠴᠢᠨᠠᠷ ᠰᠠᠶ᠋ᠢᠲᠠᠶ ᠬᠥᠭᠵᠢᠯᠲᠡ ᠵᠢ ᠲᠦᠷᠭᠡᠳᠬᠡᠨ ᠠᠬᠢᠭᠤᠯᠬᠤ᠎ᠳᠤ ᠦᠵᠦ ᠲᠥᠯᠥᠪᠯᠡᠭᠡ ᠪᠠ ᠶᠡᠷᠦᠩᠬᠡᠶ ᠪᠠᠶ᠋ᠢᠷᠢᠯᠠᠭᠤᠯᠤᠯᠲᠠ ᠬᠢᠵᠦ᠂ ᠳᠥᠷᠪᠡᠨ ᠪᠠᠷᠢᠮᠲᠠᠯᠠᠯ᠎ᠢ ᠳᠤᠷᠠᠳᠪᠠ᠄ ᠨᠢᠭᠡ᠎ᠳᠤ ᠠᠷᠠᠳ ᠲᠦᠮᠡᠨ ᠵᠶ᠋ᠠᠷ ᠭᠤᠣᠯ ᠪᠣᠯᠭ᠋ᠠᠬᠤ ᠵᠢ ᠪᠠᠷᠢᠮᠲᠠᠯᠠᠵᠤ᠂ ᠪᠦᠬᠦ ᠵᠠᠯᠠᠭᠤᠴᠤᠳ ᠪᠠᠭ᠋ᠠᠴᠤᠳ᠎ᠲᠤ ᠬᠥᠯ ᠪᠥᠮᠪᠦᠭᠡ ᠵᠢᠨ ᠬᠥᠳᠡᠯᠭᠡᠭᠡᠨ᠎ᠢ ᠳᠡᠯᠭᠡᠷᠡᠭᠦᠯᠦᠨ ᠲᠦᠭᠡᠮᠡᠯᠵᠢᠭᠦᠯᠬᠦ ᠵᠢ ᠪᠠᠷᠢᠮᠲᠠᠯᠠᠨ᠎ᠠ; ᠬᠤᠶᠠᠷ᠎ᠲᠤ ᠪᠡᠶ᠎ᠡ ᠵᠢᠨ ᠲᠠᠮᠢᠷ ᠰᠤᠷᠭ᠋ᠠᠨ ᠬᠥᠮᠦᠵᠢᠯ᠎ᠢ ᠠᠭᠤᠰᠤᠯᠴᠠᠭᠤᠯᠬᠤ ᠵᠢ ᠪᠠᠷᠢᠮᠲᠠᠯᠠᠵᠤ᠂ ᠪᠦᠬᠦ ᠲᠠᠯ᠎ᠠ᠎ᠪᠠᠷ ᠬᠥᠭᠵᠢᠭᠰᠡᠨ ᠬᠥᠯ ᠪᠥᠮᠪᠦᠭᠡ ᠵᠢᠨ ᠴᠢᠳᠠᠪᠤᠷᠢᠲᠠᠨ᠎ᠢ ᠬᠥᠮᠦᠵᠢᠭᠦᠯᠦᠨ᠎ᠡ; ᠭᠤᠷᠪᠠ᠎ᠳᠤ᠂ ᠲᠦᠭᠡᠮᠡᠯᠵᠢᠭᠦᠯᠬᠦ ᠪᠠ ᠳᠡᠭᠡᠭᠰᠢᠯᠡᠭᠦᠯᠬᠦ ᠵᠢ ᠤᠶᠠᠯᠳᠤᠭᠤᠯᠬᠤ ᠵᠢ ᠪᠠᠷᠢᠮᠲᠠᠯᠠᠵᠤ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡ ᠵᠢ ᠳᠡᠯᠭᠡᠷᠡᠭᠦᠯᠦᠨ ᠲᠦᠭᠡᠮᠡᠯᠵᠢᠭᠦᠯᠵᠦ᠂ ᠲᠤᠰᠬᠠᠢ ᠮᠡᠷᠭᠡᠵᠢᠯ᠎ᠤᠨ ᠵᠠᠯᠠᠭᠤᠴᠤᠳ᠎ᠤᠨ ᠪᠣᠯᠪᠠᠰᠤᠷᠠᠯ᠎ᠢ ᠴᠢᠩᠭ᠋ᠠᠳᠬᠠᠨ ᠳᠡᠭᠡᠭᠰᠢᠯᠡᠭᠦᠯᠬᠦ ᠰᠢᠨᠵᠢᠯᠡᠬᠦ ᠤᠬᠠᠭ᠋ᠠᠨ᠎ᠤ ᠠᠵᠢᠯ᠎ᠤᠨ ᠰᠢᠰᠲ᠋ᠧᠮ᠎ᠢ ᠪᠦᠷᠢᠯᠳᠦᠭᠦᠯᠦᠨ᠎ᠡ; ᠲᠦᠷᠪᠡ᠎ᠳᠤ᠂ ᠤᠯᠤᠰ ᠳᠠᠶᠠᠭ᠋ᠠᠷ᠎ᠤᠨ ᠪᠠᠶ᠋ᠢᠭᠤᠯᠤᠯ ᠬᠢᠭᠡᠳ ᠵᠠᠬ᠎ᠠ ᠳᠡᠯᠭᠡᠭᠦᠷ᠎ᠤᠨ ᠲᠣᠭᠲᠠᠴᠠ ᠵᠢ ᠤᠶᠠᠯᠳᠤᠭᠤᠯᠬᠤ ᠵᠢ ᠪᠠᠷᠢᠮᠲᠠᠯᠠᠵᠤ᠂ ᠡᠯ᠎ᠡ ᠲᠠᠯ᠎ᠠ ᠵᠢᠨ ᠬᠦᠴᠦᠨ᠎ᠢ ᠳᠠᠶ᠋ᠢᠴᠢᠯᠠᠨ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠦᠢ᠍ᠯᠡᠰ᠎ᠢ ᠬᠥᠭᠵᠢᠭᠦᠯᠦᠨ᠎ᠡ᠃ 《ᠭᠡᠷᠡᠭᠵᠢᠬᠦᠯᠬᠦ ᠰᠠᠨᠠᠯ》᠎ᠤᠨ ᠭᠤᠤᠯ ᠬᠠᠷᠡᠯᠳᠡ ᠪᠣᠯ ᠪᠡᠶ᠎ᠡ ᠵᠢᠨ ᠲᠠᠮᠢᠷ ᠰᠣᠷᠭ᠋ᠠᠨ ᠬᠦᠮᠦᠵᠢᠯ᠎ᠤᠨ ᠬᠦᠨᠵᠡᠭᠡᠢ ᠠᠭᠤᠰᠣᠯᠴᠠᠯ᠂ ᠳᠥᠭᠡᠮᠡᠯᠵᠢᠬᠦᠯᠬᠦ ᠪᠠ ᠳᠡᠭᠡᠭᠰᠢᠯᠡᠬᠦᠯᠬᠦ ᠵᠢ ᠬᠠᠷᠢᠯᠴᠠᠨ ᠠᠬᠢᠭᠤᠯᠵᠦ᠂ ᠨᠢᠭᠡ ᠴᠣᠠᠠᠴᠠᠵᠢᠭᠤᠯᠥᠨ ᠵᠢᠷᠣᠠᠠᠯᠠᠨ ᠳᠥᠯᠥᠪᠯᠡᠬᠦ᠂ ᠨᠢᠭᠡ ᠴᠣᠠᠠᠴᠠᠵᠢᠭᠤᠯᠥᠨ ᠠᠬᠢᠭᠤᠯᠬᠤ ᠬᠥᠯ ᠪᠦᠮᠪᠦᠭᠡ ᠵᠢᠨ ᠪᠡᠯᠡᠳᠭᠡᠯ ᠴᠢᠳᠡᠪᠦᠷᠢᠳᠡᠨᠢ ᠬᠦᠮᠦᠵᠢᠬᠦᠯᠬᠦ ᠰᠢᠨ᠎ᠡ ᠰᠢᠰᠲᠸᠮ᠎ᠢ ᠳᠥᠷᠭᠡᠳᠭᠡᠨ ᠪᠠᠶ᠋ᠢᠭᠤᠯᠵᠦ᠂ ᠵᠠᠯᠠᠭᠤᠴᠣᠳ ᠪᠠᠭ᠋ᠠᠴᠣᠳ᠎ᠤᠨ ᠬᠥᠯ ᠪᠦᠮᠪᠦᠭᠡ ᠵᠢᠨ ᠪᠦᠬᠦ ᠳᠡᠯ᠎ᠠ᠎ᠪᠠᠷ ᠡᠷᠡᠬᠦᠯ ᠵᠶ᠋ᠠᠷ ᠬᠦᠭᠵᠢᠬᠦ ᠵᠢ ᠠᠬᠢᠭᠤᠯᠥᠨ᠎ᠠ᠃
ᠬᠤᠶᠠᠷ᠂ 《ᠬᠡᠷᠡᠭᠵᠢᠭᠦᠯᠬᠦ ᠰᠠᠨᠠᠯ》᠎ᠳᠤ ᠶᠠᠮᠠᠷ ᠶᠠᠮᠠᠷ ᠭᠤᠣᠯᠳᠠᠯᠭ᠎ᠠ᠎ᠲᠠᠢ ᠡᠭᠦᠷᠭᠡ ᠪᠠ ᠰᠢᠨ᠎ᠡ ᠵᠢ ᠡᠭᠦᠳᠬᠦ ᠠᠷᠭ᠎ᠠ ᠬᠡᠮᠵᠢᠶ᠎ᠡ ᠪᠠᠶ᠋ᠢᠬᠤ ᠪᠣᠢ?
《ᠬᠡᠷᠡᠭᠵᠢᠭᠦᠯᠬᠦ ᠰᠠᠨᠠᠯ》᠎ᠳᠤ 6 ᠲᠠᠯ᠎ᠠ ᠵᠢᠨ ᠭᠤᠣᠯᠳᠠᠯᠭ᠎ᠠ᠎ᠲᠠᠢ ᠡᠭᠦᠷᠭᠡ ᠪᠠ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠵᠢ ᠳᠤᠷᠠᠳᠪᠠ᠄ ᠨᠢᠭᠡ᠎ᠳᠤ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠲᠦᠭᠡᠮᠡᠯᠵᠢᠯᠲᠡ ᠵᠢ ᠦᠷᠭᠦᠯᠵᠢᠯᠡᠨ ᠴᠢᠩᠭ᠋ᠠᠳᠬᠠᠵᠤ᠂ ᠣᠯᠠᠨ ᠰᠠᠯᠠᠭ᠎ᠠ ᠮᠥᠴᠢᠷ ᠬᠠᠮᠵᠢᠯᠴᠠᠨ᠂ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ᠂ ᠬᠥᠯ ᠪᠥᠮᠪᠦᠭᠡ ᠵᠢᠨ ᠬᠥᠮᠥᠨ ᠠᠮᠠ ᠵᠢ ᠲᠣᠭᠲᠠᠭᠤᠨ ᠵᠶ᠋ᠠᠷ ᠥᠷᠭᠡᠳᠬᠡᠵᠦ᠂ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠰᠣᠶᠣᠯ᠎ᠢ ᠴᠡᠴᠡᠭᠯᠡᠭᠦᠯᠦᠨ ᠬᠥᠭᠵᠢᠭᠦᠯᠦᠨ᠎ᠡ᠃ ᠬᠤᠶᠠᠷ᠎ᠲᠤ᠂ ᠬᠥᠯ ᠪᠥᠮᠪᠦᠭᠡ ᠵᠢᠨ ᠪᠡᠯᠡᠳᠬᠡᠯ ᠴᠢᠳᠠᠪᠤᠷᠢᠲᠠᠨ᠎ᠢ ᠬᠥᠮᠦᠵᠢᠭᠦᠯᠬᠦ ᠰᠢᠰᠲ᠋ᠧᠮ᠎ᠤᠨ ᠰᠢᠨ᠎ᠡ ᠵᠢ ᠡᠭᠦᠳᠴᠦ᠂ ᠰᠤᠷᠭ᠋ᠠᠭᠤᠯᠢ ᠵᠢᠨ ᠬᠦᠷᠢᠶ᠎ᠡ᠂ ᠪᠡᠶ᠎ᠡ ᠵᠢᠨ ᠲᠠᠮᠢᠷ᠎ᠤᠨ ᠰᠤᠷᠭ᠋ᠠᠭᠤᠯᠢ᠂ ᠠᠵᠢᠯ ᠮᠡᠷᠭᠡᠵᠢᠯ ᠪᠠ ᠨᠡᠶ᠋ᠢᠭᠡᠮ᠎ᠤᠨ 《ᠲᠦᠷᠪᠡ ᠵᠢ ᠨᠢᠭᠡ ᠴᠤᠬ᠍ᠴᠠᠵᠢᠭᠤᠯᠬᠤ》 ᠵᠠᠯᠠᠭᠤᠴᠤᠳ᠎ᠤᠨ ᠪᠣᠯᠪᠠᠰᠤᠷᠠᠯ᠎ᠤᠨ ᠬᠥᠭᠵᠢᠯᠲᠡ ᠵᠢᠨ ᠲᠦᠪᠰᠢᠨ᠎ᠢ ᠲᠦᠷᠭᠡᠨ ᠳᠡᠭᠡᠭᠰᠢᠯᠡᠭᠦᠯᠬᠦ ᠵᠢᠨ ᠬᠠᠮᠲᠤ ᠬᠥᠯ ᠪᠥᠮᠪᠦᠭᠡ ᠵᠢᠨ ᠭᠤᠣᠯᠳᠠᠯᠭ᠎ᠠ᠎ᠲᠠᠢ ᠬᠤᠳᠠ ᠵᠢᠨ ᠪᠦᠳᠦᠭᠡᠨ ᠪᠠᠶ᠋ᠢᠭᠤᠯᠤᠯᠲᠠ ᠪᠠ ᠪᠠᠷᠠᠭᠤᠨ ᠣᠷᠣᠨ᠎ᠤ ᠵᠠᠯᠠᠭᠤᠴᠤᠳ᠎ᠤᠨ ᠪᠣᠯᠪᠠᠰᠤᠷᠠᠯ᠎ᠤᠨ ᠲᠤᠷᠰᠢᠯᠲᠠ᠎ᠪᠠᠷ ᠭᠠᠷᠳᠠᠴᠠ ᠪᠣᠯᠭ᠋ᠠᠨ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠪᠦᠬᠦ ᠲᠠᠯ᠎ᠠ ᠵᠢᠨ ᠵᠣᠬᠢᠴᠠᠩᠭᠤᠢ ᠬᠥᠭᠵᠢᠯᠲᠡ ᠵᠢ ᠠᠬᠢᠭᠤᠯᠤᠨ᠎ᠠ᠃ ᠭᠤᠷᠪᠠ᠎ᠳᠤ᠂ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠪᠣᠯᠪᠠᠰᠤᠷᠠᠯ᠎ᠤᠨ ᠠᠵᠢᠯ᠎ᠢ ᠴᠢᠩᠭ᠋ᠠᠳᠬᠠᠵᠤ᠂ ᠮᠠᠲ᠋ᠧᠷᠢᠶᠠᠯ ᠰᠣᠩᠭᠤᠬᠤ ᠶᠠᠰᠤ ᠴᠢᠨᠠᠷ᠎ᠢ ᠪᠦᠬᠦ ᠲᠠᠯ᠎ᠠ᠎ᠪᠠᠷ ᠳᠡᠭᠡᠭᠰᠢᠯᠡᠭᠦᠯᠵᠦ᠂ 《ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠯᠪᠠᠰᠤᠷᠠᠯ᠎ᠳᠤ ᠲᠤᠰᠠᠯᠠᠬᠤ》 ᠵᠢ ᠴᠢᠩᠭ᠋ᠠᠳᠬᠠᠵᠤ ᠬᠥᠮᠦᠵᠢᠭᠦᠯᠬᠦ ᠦᠷ᠎ᠡ ᠪᠦᠲᠦᠮᠵᠢ ᠵᠢ ᠣᠨᠣᠪᠴᠢᠲᠠᠢ ᠳᠡᠭᠡᠭᠰᠢᠯᠡᠭᠦᠯᠬᠦ ᠬᠡᠷᠡᠭᠲᠡᠢ᠃ ᠲᠦᠷᠪᠡ᠎ᠳᠤ᠂ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠤᠷᠤᠯᠳᠤᠭ᠋ᠠᠨ᠎ᠤ ᠰᠢᠰᠲ᠋ᠧᠮ᠎ᠢ ᠲᠡᠭᠦᠯᠳᠡᠷᠵᠢᠭᠦᠯᠵᠦ᠂ ᠳᠤᠮᠳᠠᠳᠤ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠬᠤᠯᠪᠣᠭ᠋ᠠᠲᠤ ᠤᠷᠤᠯᠳᠤᠭ᠋ᠠᠨ ᠵᠶ᠋ᠠᠷ ᠭᠤᠣᠯ ᠪᠣᠯᠭ᠋ᠠᠵᠤ᠂ ᠣᠷᠣᠨ ᠨᠤᠲᠤᠭ᠎ᠤᠨ ᠤᠷᠤᠯᠳᠤᠭ᠋ᠠᠨ᠎ᠢ ᠪᠤᠵᠠᠭ᠋ᠠᠶ᠋ᠢᠷᠠᠭᠤᠯᠤᠨ ᠪᠣᠳᠠᠲᠠᠶ᠋ᠢᠵᠢᠭᠤᠯᠵᠤ᠂ ᠤᠯᠠᠨ ᠡᠰᠢᠴᠢᠯᠡᠭᠰᠡᠨ ᠶᠡᠷᠦᠩᠬᠡᠶ᠋ᠢᠯᠡᠭᠰᠡᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠤᠷᠤᠯᠳᠤᠭ᠋ᠠᠨ᠎ᠤ ᠰᠢᠰᠲ᠋ᠧᠮ᠎ᠤᠨ ᠵᠢᠷᠤᠭ ᠲᠥᠯᠥᠪᠯᠡᠭᠡ ᠵᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ᠃ ᠲᠠᠪᠤ᠎ᠳᠤ᠂ ᠬᠦᠯ ᠪᠦᠮᠪᠦᠭᠡ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠬᠦᠮᠦᠵᠢᠭᠦᠯᠬᠦ ᠵᠢ ᠴᠢᠩᠭ᠋ᠠᠳᠬᠠᠵᠤ᠂ 《ᠵᠠᠭᠤ ᠮᠢᠩᠭ᠎ᠠ ᠲᠦᠮᠡᠨ ᠴᠢᠳᠠᠪᠤᠷᠢᠲᠠᠨ᠎ᠤ ᠢᠨᠵᠧᠨᠧᠷᠢᠩ》᠎ᠢ ᠬᠡᠷᠡᠭᠵᠢᠭᠦᠯᠦᠨ᠂ ᠬᠦᠯ ᠪᠦᠮᠪᠦᠭᠡ ᠵᠢᠨ ᠲᠤᠰᠬᠠᠢ ᠮᠡᠷᠭᠡᠵᠢᠯ᠎ᠤᠨ ᠴᠢᠳᠠᠪᠤᠷᠢᠲᠠᠨ᠎ᠢ ᠬᠦᠮᠦᠵᠢᠭᠦᠯᠵᠦ᠂ ᠰᠤᠷᠭ᠋ᠠᠭᠴᠢ ᠵᠢᠨ ᠡᠩᠨᠡᠭᠡ ᠵᠢᠨ ᠪᠠᠢ᠌ᠭᠤᠯᠤᠯᠳᠠ ᠪᠠ ᠦᠢ᠍ᠯᠡᠴᠢᠯᠡᠭᠡ ᠵᠢᠨ ᠬᠠᠮᠢᠶᠠᠷᠤᠯᠳᠠ ᠵᠢ ᠴᠢᠩᠭ᠋ᠠᠳᠬᠠᠨ᠎ᠠ᠃ ᠵᠢᠷᠭᠤᠭ᠎ᠠ᠎ᠳᠤ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠪᠠᠲᠤᠯᠠᠭ᠎ᠠ ᠵᠢᠨ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠵᠤ᠂ ᠬᠥᠯ ᠪᠥᠮᠪᠦᠭᠡ ᠵᠢᠨ ᠪᠡᠯᠡᠳᠬᠡᠯ ᠴᠢᠳᠠᠪᠤᠷᠢᠲᠠᠨ᠎ᠢ ᠬᠥᠮᠦᠵᠢᠭᠦᠯᠬᠦ ᠨᠡᠪᠲᠡᠷᠡᠬᠦ ᠵᠠᠮ᠎ᠢ ᠰᠠᠭ᠋ᠠᠳ ᠥᠬᠡᠶ ᠨᠡᠪᠲᠡᠷᠡᠭᠦᠯᠵᠦ᠂ ᠵᠠᠯᠠᠭᠤᠴᠤᠳ ᠪᠠᠭ᠋ᠠᠴᠤᠳ᠎ᠤᠨ ᠬᠦᠯ ᠪᠥᠮᠪᠥᠭᠡᠴᠢᠨᠢ ᠪᠣᠯᠪᠠᠰᠤᠷᠠᠭᠤᠯᠬᠤ ᠨᠥᠬᠦᠪᠥᠷᠢ ᠵᠢᠨ ᠲᠥᠷᠥ ᠵᠢᠨ ᠪᠣᠳᠣᠯᠭ᠎ᠠ ᠵᠢ ᠲᠡᠭᠦᠯᠳᠡᠷᠵᠢᠭᠦᠯᠦᠨ᠂ ᠬᠥᠯ ᠪᠥᠮᠪᠦᠭᠡ ᠵᠢᠨ ᠲᠠᠯᠠᠪᠤᠷ᠎ᠤᠨ ᠪᠡᠯᠡᠳᠬᠡᠮᠵᠢ ᠪᠠ ᠨᠡᠭᠡᠭᠡᠯᠲᠡ ᠬᠢᠵᠦ ᠠᠰᠢᠭᠯᠠᠬᠤ ᠵᠢ ᠴᠢᠩᠭ᠋ᠠᠳᠬᠠᠵᠤ᠂ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠪᠣᠯᠪᠠᠰᠤᠷᠠᠯ ᠪᠠ ᠤᠷᠤᠯᠳᠤᠭ᠋ᠠᠨ᠎ᠤ ᠶᠠᠪᠤᠳᠠᠯ᠎ᠤᠨ ᠠᠮᠤᠷ ᠲᠦᠪᠰᠢᠨ᠎ᠤ ᠬᠠᠮᠢᠶᠠᠷᠤᠯᠲᠠ ᠵᠢ ᠲᠡᠭᠦᠯᠳᠡᠷᠵᠢᠭᠦᠯᠦᠨ᠎ᠡ᠃
ᠭᠤᠷᠪᠠ᠂ ᠵᠠᠯᠠᠭᠤᠴᠤᠳ ᠪᠠᠭ᠋ᠠᠴᠤᠳ᠎ᠤᠨ ᠬᠦᠯ ᠪᠥᠮᠪᠦᠭᠡ ᠵᠢᠨ ᠬᠦᠷᠢᠶᠡᠨ᠎ᠳᠤ ᠬᠡᠷᠬᠢᠨ ᠪᠡᠶ᠎ᠡ ᠵᠢᠨ ᠲᠠᠮᠢᠷ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠭᠦᠨᠵᠡᠭᠡᠶ᠋ᠢᠷᠡᠭᠦᠯᠬᠦ ᠪᠣᠶ?
《ᠬᠡᠷᠡᠭᠵᠢᠭᠦᠯᠬᠦ ᠰᠠᠨᠠᠯ》᠎ᠳᠤ ᠠᠭᠤᠰᠤᠯᠴᠠᠬᠤ ᠵᠢ ᠭᠦᠨᠵᠡᠭᠡᠶ᠋ᠢᠷᠡᠭᠦᠯᠬᠦ᠂ ᠨᠡᠭᠡᠭᠡᠯᠲᠡ ᠬᠢᠬᠦ ᠵᠢ ᠬᠠᠮᠵᠢᠯᠴᠠᠬᠤ ᠳᠡᠭᠡᠷ᠎ᠡ ᠬᠦᠴᠦ ᠲᠠᠯᠪᠢᠵᠤ᠂ ᠠᠭᠤᠰᠤᠯᠴᠠᠯ ᠤᠨ ᠦᠷᠡᠵᠢᠭᠦᠯᠬᠦ ᠲᠣᠭ᠋ᠠᠨ᠎ᠤ ᠦᠢ᠍ᠯᠡᠳᠦᠯ᠎ᠢ ᠪᠠᠳᠠᠷᠠᠭᠤᠯᠪᠠ᠃ 《ᠭᠡᠷᠡᠭᠵᠢᠬᠦᠯᠬᠦ ᠰᠠᠨᠠᠯ》᠎ᠳᠤ ᠡᠬᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠡᠷᠢᠯᠡᠯᠢ ᠲᠣᠳᠣᠷᠬᠠᠶ᠋ᠢᠯᠠᠵᠦ᠂ ᠪᠡᠶ᠎ᠡ ᠵᠢᠨ ᠲᠠᠮᠢᠷ᠎ᠤᠨ ᠰᠠᠯᠠᠭ᠎ᠠ ᠮᠦᠴᠢᠷ᠎ᠨᠢ ᠪᠦᠬᠦ ᠣᠯᠥᠰ᠎ᠤᠨ ᠵᠠᠯᠠᠭᠤᠴᠣᠳ ᠪᠠᠭ᠋ᠠᠴᠣᠳ᠎ᠤᠨ ᠬᠥᠯ ᠪᠦᠮᠪᠦᠭᠡ ᠵᠢᠨ ᠠᠵᠢᠯ᠎ᠢ ᠳᠦᠷᠦᠬᠦᠯᠡᠵᠦ᠂ ᠶᠡᠷᠦᠩᠭᠡᠢ ᠳᠥᠯᠥᠪᠵᠢᠬᠦᠯᠭᠡ᠂ ᠬᠤᠷᠸ᠎ᠠ ᠵᠢᠯᠥᠭᠤᠳᠣᠯᠭ᠎ᠠ᠂ ᠨᠢᠭᠡᠳᠦᠯᠳᠡᠢ ᠳᠥᠯᠥᠪᠯᠡᠨ ᠵᠤᠬᠢᠴᠠᠭᠤᠯᠬᠤ ᠪᠠ ᠰᠢᠮᠳᠠᠭᠤᠯᠥᠨ ᠪᠠᠶ᠋ᠢᠴᠠᠭ᠋ᠠᠵᠦ ᠬᠢᠨᠡᠨ ᠵᠢᠯᠥᠭᠤᠳᠬᠤ ᠵᠢ ᠬᠠᠷᠢᠭᠤᠴᠠᠵᠦ᠂ ᠳᠡᠭᠡᠭᠰᠢᠯᠡᠬᠦᠯᠬᠦ ᠵᠢ ᠭᠤᠤᠯᠳᠡᠯᠭ᠎ᠠ᠎ᠲᠠᠢ ᠰᠠᠶ᠋ᠢᠳᠣᠷ ᠠᠳᠬᠤᠨ᠎ᠠ᠃ ᠰᠣᠷᠭ᠋ᠠᠨ ᠬᠦᠮᠦᠵᠢᠯ᠎ᠤᠨ ᠰᠠᠯᠠᠭ᠎ᠠ ᠮᠦᠴᠢᠷ᠎ᠨᠢ ᠰᠣᠷᠭ᠋ᠠᠭᠤᠯᠢ ᠵᠢᠨ ᠬᠦᠷᠢᠶᠡᠯᠡᠩ᠎ᠤᠨ ᠬᠥᠯ ᠪᠦᠮᠪᠦᠭᠡ ᠵᠢᠨ ᠪᠠᠶ᠋ᠢᠭᠤᠯᠥᠯᠳᠡ ᠵᠢᠨ ᠬᠦᠭᠵᠢᠯᠳᠡ ᠵᠢ ᠬᠠᠷᠢᠭᠤᠴᠠᠵᠦ᠂ ᠳᠥᠭᠡᠮᠡᠯᠵᠢᠬᠦᠯᠬᠦ ᠠᠵᠢᠯ᠎ᠢ ᠭᠤᠤᠯᠳᠡᠯᠭ᠎ᠠ᠎ᠲᠠᠢ ᠰᠠᠶ᠋ᠢᠳᠣᠷ ᠠᠳᠬᠤᠵᠦ᠂ ᠵᠠᠯᠠᠭᠤᠴᠣᠳ ᠪᠠᠭ᠋ᠠᠴᠣᠳ᠎ᠤᠨ ᠬᠥᠯ ᠪᠦᠮᠪᠦᠭᠡ ᠵᠢᠨ ᠴᠢᠬᠢ ᠮᠣᠳᠣᠨ᠎ᠳᠤ ᠰᠣᠷᠭ᠋ᠠᠭᠤᠯᠢ ᠳᠡᠪᠰᠢᠬᠤ ᠪᠠᠳᠣᠯᠠᠭ᠎ᠠ ᠵᠢᠨ ᠳᠥᠷᠥ ᠵᠢᠨ ᠪᠤᠳᠣᠯᠭ᠎ᠠ ᠵᠢ ᠲᠣᠠᠠᠳᠠᠭ᠋ᠠᠬᠤ ᠪᠠ ᠨᠡᠶ᠋ᠢᠳᠡᠪᠦᠷᠢᠵᠢᠭᠤᠯᠥᠨᠠ᠃ ᠳᠤᠮᠳᠠᠳᠤ ᠤᠯᠤᠰ᠎ᠤᠨ ᠬᠥᠯ ᠪᠥᠮᠪᠥᠭᠡ ᠵᠢᠨ ᠨᠡᠢ᠌ᠭᠡᠮᠯᠢᠭ ᠵᠢᠴᠢ ᠭᠡᠰᠢᠭᠦᠳ᠎ᠤᠨ ᠨᠡᠢ᠌ᠭᠡᠮᠯᠢᠭ ᠴᠢᠳᠠᠪᠤᠷᠢᠲᠠᠨ ᠪᠠ ᠡᠬᠢ ᠪᠠᠶᠠᠯᠢᠭ᠎ᠤᠨ ᠳᠠᠪᠠᠭᠤᠯᠢᠭ ᠵᠶ᠋ᠠᠨ ᠪᠠᠳᠠᠷᠠᠭᠤᠯᠵᠤ ᠠᠵᠢᠯ ᠲᠥᠷᠥᠯ᠎ᠤᠨ ᠵᠢᠯᠣᠭᠣᠳᠤᠯᠭ᠎ᠠ ᠪᠠ ᠮᠡᠷᠭᠡᠵᠢᠯ᠎ᠤᠨ ᠦᠢ᠍ᠯᠡᠴᠢᠯᠡᠭᠡ᠎ᠪᠠᠨ ᠴᠢᠩᠭ᠋ᠠᠳᠬᠠᠨ᠎ᠠ᠃ 《ᠬᠡᠷᠡᠭᠵᠢᠭᠦᠯᠬᠦ ᠰᠠᠨᠠᠯ》᠎ᠨᠢ ᠪᠣᠯᠪᠠᠰᠤᠷᠠᠯ᠎ᠢ ᠨᠢᠭᠡ ᠴᠣᠭᠴᠠᠵᠢᠭᠤᠯᠬᠤ ᠲᠠᠯ᠎ᠠ᠎ᠪᠠᠷ ᠵᠠᠯᠠᠭᠤᠴᠤᠳ᠎ᠤᠨ ᠪᠣᠯᠪᠠᠰᠤᠷᠠᠯ᠎ᠤᠨ ᠲᠥᠪ ᠪᠠ 《ᠪᠦᠬᠦᠯᠢ ᠣᠳᠣᠨ》᠎ᠤ ᠪᠣᠯᠪᠠᠰᠤᠷᠠᠯ᠎ᠤᠨ ᠡᠵᠡᠩᠨᠡᠯᠲᠡ ᠵᠢ ᠠᠭᠤᠰᠤᠯᠴᠠᠭᠤᠯᠤᠨ ᠬᠠᠮᠲᠤ᠎ᠪᠠᠷ ᠪᠠᠶ᠋ᠢᠭᠤᠯᠬᠤ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠲᠣᠳᠣᠷᠬᠠᠶ᠋ᠢᠯᠠᠵᠤ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡ ᠵᠢᠨ ᠤᠷᠤᠯᠳᠤᠭ᠋ᠠᠨ᠎ᠢ ᠳᠤᠮᠳᠠᠳᠤ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠬᠤᠯᠪᠣᠭ᠋ᠠᠲᠤ ᠤᠷᠤᠯᠳᠣᠭ᠋ᠠᠨᠲᠠᠢ ᠰᠠᠭ᠋ᠠᠳ ᠥᠬᠡᠶ ᠵᠣᠯᠭ᠋ᠠᠭᠤᠯᠵᠤ᠂ ᠤᠷᠤᠯᠳᠤᠭ᠋ᠠᠨ᠎ᠤ ᠥᠩᠭᠡᠷᠡᠯᠲᠡ ᠵᠢ ᠬᠠᠮᠲᠤᠷᠠᠨ ᠨᠡᠶ᠋ᠢᠲᠡᠯᠡᠵᠦ᠂ ᠲᠠᠮᠢᠷᠴᠢᠳ ᠨᠢᠭᠡ ᠴᠣᠭᠴᠠᠵᠢᠭᠤᠯᠤᠨ ᠨᠡᠷ᠎ᠡ ᠮᠡᠳᠡᠭᠦᠯᠵᠦ ᠤᠷᠤᠯᠳᠤᠭ᠋ᠠᠨ᠎ᠳᠤ ᠣᠷᠣᠯᠴᠠᠬᠤ ᠵᠢ ᠲᠣᠳᠣᠷᠬᠠᠶ᠋ᠢᠯᠠᠪᠠ᠃ ᠡᠬᠦᠨ᠎ᠤ ᠬᠠᠮᠳᠣ ᠬᠥᠯ ᠪᠦᠮᠪᠦᠭᠡ ᠵᠢᠨ ᠲᠣᠰᠬᠠᠢ ᠮᠡᠷᠭᠡᠵᠢᠯ᠎ᠤᠨ ᠴᠢᠳᠡᠪᠦᠷᠢᠳᠡᠨᠢ ᠬᠦᠮᠦᠵᠢᠬᠦᠯᠬᠦ ᠪᠠ ᠰᠣᠷᠭ᠋ᠠᠭᠴᠢ ᠵᠢᠨ ᠡᠩᠨᠡᠭᠡ ᠵᠢᠨ ᠪᠠᠶ᠋ᠢᠭᠤᠯᠥᠯᠳᠡ ᠵᠢᠨ ᠳᠡᠯ᠎ᠠ᠎ᠪᠠᠷ ᠨᠡᠶ᠋ᠢᠯᠡᠮᠡᠯ ᠬᠦᠴᠣᠨ᠎ᠢ ᠪᠦᠷᠢᠯᠳᠦᠬᠦᠯᠵᠦ᠂ 《ᠰᠣᠷᠭ᠋ᠠᠭᠤᠯᠢ᠎ᠳᠤ ᠰᠣᠷᠭ᠋ᠠᠭᠴᠢ ᠵᠢᠨ ᠠᠵᠢᠯ᠎ᠤᠨ ᠪᠠᠶ᠋ᠢᠷᠢ ᠪᠠᠶ᠋ᠢᠷᠢᠯᠡᠭᠤᠯᠬᠤ ᠲᠣᠬᠠᠢ ᠭᠡᠷᠡᠭᠵᠢᠬᠦᠯᠬᠦ ᠰᠠᠨᠠᠯ》᠎ᠢ ᠨᠡᠶ᠋ᠢᠳᠡᠪᠦᠷᠢᠵᠢᠭᠤᠯᠬᠤᠪᠠᠷ ᠠᠵᠠ ᠲᠤᠬᠢᠶᠠᠯ ᠪᠤᠯᠭ᠋ᠠᠵᠦ᠂ ᠲᠣᠰᠬᠠᠢ ᠪᠠ ᠲᠣᠰᠢᠶᠡᠯ ᠬᠠᠪᠰᠣᠷᠭ᠋ᠠᠴᠢ ᠵᠢᠨ ᠠᠵᠢᠯ᠎ᠤᠨ ᠪᠠᠶ᠋ᠢᠷᠢ ᠲᠣᠬᠢᠷᠡᠭᠤᠯᠵᠦ᠂ ᠰᠣᠷᠭ᠋ᠠᠭᠴᠢ ᠵᠢᠨ ᠬᠠᠮᠳᠣᠪᠡᠷ ᠬᠦᠷᠲᠡᠬᠦ ᠲᠣᠠᠠᠳᠡᠴᠠ ᠵᠢ ᠰᠦᠪᠡᠭᠴᠢᠯᠡᠨ ᠪᠠᠶ᠋ᠢᠭᠤᠯᠬᠤ ᠵᠡᠷᠭᠡ ᠵᠢ ᠰᠦᠪᠡᠭᠴᠢᠯᠡᠨ᠎ᠠ᠃
ᠲᠦᠷᠪᠡ᠂ ᠤᠯᠤᠰ ᠳᠠᠶᠠᠭ᠋ᠠᠷ᠎ᠤᠨ ᠪᠠᠶ᠋ᠢᠭᠤᠯᠤᠮᠵᠢ ᠵᠢᠨ ᠳᠠᠪᠠᠭᠤᠯᠢᠭ᠎ᠢ ᠬᠡᠷᠬᠢᠨ ᠪᠠᠳᠠᠷᠠᠭᠤᠯᠵᠤ ᠬᠥᠯ ᠪᠥᠮᠪᠥᠭᠡᠨ᠎ᠤ ᠪᠡᠯᠡᠳᠬᠡᠯ ᠴᠢᠳᠠᠪᠤᠷᠢᠲᠠᠨ᠎ᠢ ᠬᠥᠮᠦᠵᠢᠭᠦᠯᠬᠦ ᠪᠤᠢ?
《ᠬᠡᠷᠡᠭᠵᠢᠭᠦᠯᠬᠦ ᠰᠠᠨᠠᠯ》᠎ᠳᠤ ᠤᠯᠤᠰ ᠳᠠᠶᠠᠭ᠋ᠠᠷ᠎ᠤᠨ ᠪᠠᠶ᠋ᠢᠭᠤᠯᠤᠯ ᠬᠢᠭᠡᠳ ᠵᠠᠬ᠎ᠠ ᠳᠡᠯᠭᠡᠭᠦᠷ᠎ᠤᠨ ᠲᠣᠭᠲᠠᠴᠠ ᠵᠢ ᠤᠶᠠᠯᠳᠤᠭᠤᠯᠬᠤ ᠵᠢ ᠪᠠᠷᠢᠮᠲᠠᠯᠠᠵᠤ᠂ ᠡᠯ᠎ᠡ ᠲᠠᠯ᠎ᠠ ᠵᠢᠨ ᠬᠦᠴᠦᠨ᠎ᠢ ᠳᠠᠶ᠋ᠢᠴᠢᠯᠠᠨ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠦᠢ᠍ᠯᠡᠰ᠎ᠢ ᠬᠥᠭᠵᠢᠭᠦᠯᠦᠨ᠎ᠡ᠃ ᠢᠯᠠᠩᠭᠤᠶ᠎ᠠ ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠡᠭᠦᠷᠭᠡ ᠴᠢᠳᠠᠪᠤᠷᠢᠲᠤ ᠰᠠᠯᠠᠭ᠎ᠠ ᠮᠥᠴᠢᠷ᠎ᠢ ᠳᠠᠶ᠋ᠢᠴᠢᠯᠠᠨ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠣᠷᠣᠭᠤᠯᠤᠯᠲᠠ ᠵᠢ ᠨᠡᠮᠡᠭᠳᠡᠭᠦᠯᠵᠦ᠂ ᠰᠤᠷᠭ᠋ᠠᠭᠤᠯᠢ ᠵᠢᠨ ᠬᠦᠷᠢᠶᠡᠨ᠎ᠤ ᠬᠥᠯ ᠪᠥᠮᠪᠦᠭᠡ ᠵᠢᠨ ᠬᠢᠴᠢᠶᠡᠯ᠎ᠤᠨ ᠭᠠᠳᠠᠨᠠᠬᠢ ᠪᠣᠯᠪᠠᠰᠤᠷᠠᠯ᠎ᠤᠨ ᠬᠡᠪᠴᠢᠶ᠎ᠡ ᠪᠠ ᠶᠠᠰᠤ ᠴᠢᠨᠠᠷ᠎ᠢ ᠳᠡᠭᠡᠭᠰᠢᠯᠡᠭᠦᠯᠬᠦ᠎ᠪᠠᠷ ᠰᠠᠭᠤᠷᠢ ᠪᠣᠯᠭ᠋ᠠᠨ᠂ ᠪᠡᠶ᠎ᠡ ᠵᠢᠨ ᠲᠠᠮᠢᠷ᠎ᠤᠨ ᠰᠤᠷᠭ᠋ᠠᠭᠤᠯᠢ ᠵᠢᠨ ᠬᠥᠯ ᠪᠥᠮᠪᠦᠭᠡ ᠵᠢᠨ ᠡᠩᠨᠡᠭᠡ ᠵᠢ ᠪᠠᠶ᠋ᠢᠭᠤᠯᠤᠨ ᠬᠦᠴᠦᠷᠬᠡᠭᠵᠢᠭᠦᠯᠬᠦ᠎ᠪᠠᠷ ᠭᠠᠷᠳᠠᠴᠠ ᠪᠣᠯᠭ᠋ᠠᠵᠤ᠂ ᠪᠡᠶ᠎ᠡ ᠵᠢᠨ ᠲᠠᠮᠢᠷ ᠰᠤᠷᠭ᠋ᠠᠨ ᠬᠥᠮᠦᠵᠢᠯ᠎ᠢ ᠠᠭᠤᠰᠤᠯᠴᠠᠭᠤᠯᠤᠨ ᠪᠠᠶ᠋ᠢᠭᠤᠯᠤᠮᠵᠢ ᠵᠢᠨ ᠬᠥᠯ ᠪᠥᠮᠪᠦᠭᠡ ᠵᠢᠨ ᠪᠡᠯᠡᠳᠬᠡᠯ ᠴᠢᠳᠠᠪᠤᠷᠢᠲᠠᠨ᠎ᠤ ᠡᠩᠨᠡᠭᠡ ᠵᠢ ᠪᠠᠶ᠋ᠢᠭᠤᠯᠬᠤ ᠵᠢ ᠪᠠᠷᠢᠮᠲᠠᠯᠠᠨ᠎ᠠ᠃ ᠰᠢᠯᠢᠳᠡᠭ ᠰᠤᠷᠭ᠋ᠠᠨ ᠬᠥᠮᠦᠵᠢᠯ᠎ᠤᠨ ᠡᠬᠢ ᠪᠠᠶᠠᠯᠢᠭ᠎ᠯᠤᠭ᠎ᠠ ᠬᠠᠷᠢᠯᠴᠠᠨ ᠨᠥᠬᠦᠪᠥᠷᠢᠯᠡᠵᠦ ᠬᠠᠮᠲᠤ᠎ᠳᠤ᠎ᠪᠠᠨ ᠬᠦᠷᠲᠡᠬᠦ᠎ᠪᠠᠷ ᠳᠠᠮᠵᠢᠭᠤᠯᠤᠨ᠂ ᠪᠡᠶ᠎ᠡ ᠵᠢᠨ ᠲᠠᠮᠢᠷ᠎ᠤᠨ ᠰᠤᠷᠭ᠋ᠠᠭᠤᠯᠢ ᠵᠢᠨ ᠲᠤᠷᠰᠢᠯᠲᠠ ᠵᠢᠨ ᠴᠢᠭ᠎ᠲᠤ ᠲᠦᠰᠢᠭᠯᠡᠨ ᠨᠢᠭᠡ ᠪᠦᠯᠦᠭ ᠬᠥᠯ ᠪᠥᠮᠪᠦᠭᠡ ᠵᠢᠨ ᠵᠠᠯᠠᠭᠤᠴᠤᠳ᠎ᠤᠨ ᠪᠣᠯᠪᠠᠰᠤᠷᠠᠯ᠎ᠤᠨ ᠲᠥᠪ᠎ᠢ ᠪᠠᠶ᠋ᠢᠭᠤᠯᠵᠤ᠂ ᠡᠯ᠎ᠡ ᠱᠠᠲᠤᠨ᠎ᠤ ᠪᠡᠶ᠎ᠡ ᠵᠢᠨ ᠲᠠᠮᠢᠷ᠎ᠤᠨ ᠰᠤᠷᠭ᠋ᠠᠭᠤᠯᠢ ᠵᠢᠨ ᠪᠡᠶ᠎ᠡ ᠵᠢᠨ ᠲᠠᠮᠢᠷ᠎ᠤᠨ ᠪᠡᠯᠡᠳᠬᠡᠯ ᠴᠢᠳᠠᠪᠤᠷᠢᠲᠠᠨ᠎ᠢ ᠬᠥᠮᠦᠵᠢᠭᠦᠯᠬᠦ ᠭᠤᠣᠯ ᠵᠢᠭᠰᠠᠭ᠋ᠠᠯ᠎ᠤᠨ ᠭᠠᠵᠠᠷ ᠪᠣᠯᠬᠤ ᠦᠢ᠍ᠯᠡᠳᠦᠯ᠎ᠢ ᠦᠨᠡᠨ ᠬᠦ᠌ ᠪᠠᠳᠠᠷᠠᠭᠤᠯᠤᠨ᠂ ᠪᠠᠭ᠋ᠠᠴᠤᠳ ᠬᠡᠦᠬᠡᠳ᠎ᠤᠨ ᠪᠡᠶ᠎ᠡ ᠵᠢᠨ ᠲᠠᠮᠢᠷ᠎ᠤᠨ ᠰᠤᠷᠭ᠋ᠠᠭᠤᠯᠢ ᠵᠢᠨ ᠠᠩᠬ᠎ᠠ ᠵᠡᠷᠭᠡ ᠵᠢᠨ ᠬᠥᠯ ᠪᠥᠮᠪᠦᠭᠡ ᠵᠢᠨ ᠪᠣᠯᠪᠠᠰᠤᠷᠠᠯ᠎ᠤᠨ ᠬᠡᠪᠴᠢᠶ᠎ᠡ ᠵᠢ ᠦᠷᠭᠦᠯᠵᠢᠯᠡᠨ ᠥᠷᠭᠡᠳᠬᠡᠵᠦ᠂ ᠳᠤᠷ᠎ᠠ ᠰᠣᠨᠢᠷᠬᠠᠯ᠎ᠢ ᠬᠥᠮᠥᠵᠢᠭᠦᠯᠬᠦ᠂ ᠪᠡᠶ᠎ᠡ ᠮᠠᠬᠠᠪᠣᠳ᠎ᠢ ᠴᠢᠭᠢᠷᠠᠭᠵᠢᠭᠤᠯᠤᠭᠰᠠᠨ ᠰᠠᠭᠤᠷᠢᠨ ᠳᠡᠭᠡᠷ᠎ᠡ ᠨᠠᠩ ᠣᠯᠠᠨ ᠰᠢᠯᠢᠳᠡᠭ ᠬᠥᠯ ᠪᠥᠮᠪᠦᠭᠡ ᠵᠢᠨ ᠰᠢᠯᠢᠳᠡᠭ ᠴᠢᠬᠢ ᠵᠢ ᠰᠣᠩᠭᠤᠨ ᠪᠤᠶ᠋ᠢᠵᠢᠭᠤᠯᠤᠨ᠎ᠠ᠃
ᠲᠠᠪᠤ᠂ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢ ᠬᠡᠷᠬᠢᠨ ᠴᠢᠩᠭ᠋ᠠᠳᠬᠠᠵᠤ᠂ 《12 ᠨᠠᠰᠤᠨ᠎ᠳᠤ ᠬᠠᠯᠠᠭᠳᠠᠬᠤ》 ᠠᠰᠠᠭᠤᠳᠠᠯ᠎ᠢ ᠰᠢᠢ᠍ᠳᠪᠦᠷᠢᠯᠡᠬᠦ ᠪᠣᠶ?
《ᠬᠡᠷᠡᠭᠵᠢᠭᠦᠯᠬᠦ ᠰᠠᠨᠠᠯ》᠎ᠨᠢ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠵᠢ ᠣᠯᠠᠨ ᠲᠠᠯ᠎ᠠ᠎ᠠᠴᠠ ᠴᠢᠩᠭ᠋ᠠᠳᠬᠠᠵᠤ᠂ ᠬᠥᠯ ᠪᠥᠮᠪᠦᠭᠡ ᠵᠢᠨ ᠴᠢᠳᠠᠪᠤᠷᠢᠲᠠᠨ᠎ᠳᠤ ᠪᠥᠬᠦ ᠲᠠᠯ᠎ᠠ ᠵᠢᠨ᠂ ᠪᠥᠬᠦ ᠶᠠᠪᠤᠴᠠ ᠵᠢᠨ᠂ ᠬᠠᠯᠠᠮᠵᠢ ᠪᠦᠬᠦᠢ ᠰᠤᠷᠭ᠋ᠠᠭᠤᠯᠢ ᠳᠡᠪᠰᠢᠬᠦ ᠪᠠ ᠲᠤᠰᠬᠠᠶ ᠮᠡᠷᠭᠡᠵᠢᠯ᠎ᠤᠨ ᠬᠥᠭᠵᠢᠯᠲᠡ ᠵᠢᠨ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠬᠠᠩᠭ᠋ᠠᠬᠤ ᠵᠢ ᠴᠢᠬᠤᠯᠠᠴᠢᠯᠠᠪᠠ᠃ ᠠᠳᠠᠯᠢ ᠪᠤᠰᠤ ᠪᠣᠯᠪᠠᠰᠤᠷᠠᠯ᠎ᠤᠨ ᠬᠥᠭᠵᠢᠯᠲᠡ ᠵᠢᠨ ᠱᠠᠲᠤᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠵᠠᠯᠠᠭᠤᠴᠤᠳ ᠪᠠᠭ᠋ᠠᠴᠤᠳ᠎ᠲᠤ ᠦᠷᠭᠦᠯᠵᠢᠯᠡᠨ ᠰᠢᠯᠢᠳᠡᠭ ᠪᠣᠯᠪᠠᠰᠤᠷᠠᠯ᠎ᠤᠨ ᠤᠷᠤᠯᠳᠤᠭ᠋ᠠᠨ ᠪᠠ ᠰᠣᠶᠣᠯ᠎ᠤᠨ ᠰᠤᠷᠤᠯᠴᠠᠯᠭ᠎ᠠ ᠵᠢᠨ ᠦᠢ᠍ᠯᠡᠴᠢᠯᠡᠭᠡ ᠬᠠᠩᠭ᠋ᠠᠵᠤ᠂ ᠬᠥᠯ ᠪᠥᠮᠪᠦᠭᠡ ᠵᠢᠨ ᠪᠡᠯᠡᠳᠬᠡᠯ ᠴᠢᠳᠠᠪᠤᠷᠢᠲᠠᠨ᠎ᠤ ᠰᠤᠷᠭ᠋ᠠᠭᠤᠯᠢ ᠳᠠᠪᠰᠢᠬᠤ ᠵᠠᠮ᠎ᠢ ᠰᠠᠭ᠋ᠠᠳ ᠦᠭᠡᠢ ᠨᠡᠪᠲᠡᠷᠡᠭᠦᠯᠵᠦ᠂ ᠤᠷᠢᠳᠠᠪᠠᠷ ᠲᠤᠷᠰᠢᠯᠲᠠ ᠬᠢᠵᠦ᠂ ᠳ᠋ᠦᠩᠨᠡᠬᠦ ᠵᠢᠨ ᠳᠠᠭ᠋ᠠᠤ ᠳᠡᠯᠭᠡᠷᠡᠭᠦᠯᠵᠦ᠂ ᠳᠡᠭᠡᠷ᠎ᠡ ᠳᠤᠷᠠᠳᠤᠭᠰᠠᠨ ᠬᠦᠴᠢᠷ ᠠᠰᠠᠭᠤᠳᠠᠯ᠎ᠢ ᠠᠯᠬᠤᠮ ᠠᠯᠬᠤᠮ ᠵᠶ᠋ᠠᠷ ᠰᠢᠢ᠍ᠳᠪᠦᠷᠢᠯᠡᠬᠦ ᠬᠡᠷᠡᠭᠲᠡᠢ ᠭᠡᠵᠦ ᠱᠠᠭ᠋ᠠᠷᠳᠠᠪᠠ᠃ 《ᠬᠡᠷᠡᠭᠵᠢᠭᠦᠯᠬᠦ ᠰᠠᠨᠠᠯ》᠎ᠳᠤ ᠲᠤᠷᠰᠢᠯᠲᠠ ᠵᠢᠨ ᠭᠠᠵᠠᠷ ᠣᠷᠣᠨ᠎ᠠᠴᠠ ᠪᠠᠭ᠎ᠠ ᠰᠤᠷᠭ᠋ᠠᠭᠤᠯᠢ ᠵᠢᠨ ᠰᠤᠷᠤᠭᠴᠢ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ ᠵᠢᠨ ᠰᠤᠷᠭ᠋ᠠᠭᠤᠯᠢ ᠳᠡᠪᠰᠢᠬᠦ ᠦᠶ᠎ᠡ᠎ᠳᠤ ᠰᠤᠷᠭ᠋ᠠᠭᠤᠯᠢ ᠵᠢᠨ ᠠᠩᠭᠢ ᠵᠢ ᠳᠠᠭ᠋ᠠᠵᠤ ᠪᠠᠶ᠋ᠢᠭᠤᠯᠤᠮᠵᠢ ᠵᠢᠨ ᠳᠦᠷᠢᠮ᠎ᠤᠨ ᠰᠢᠯᠵᠢᠯᠲᠡ ᠵᠢ ᠬᠠᠶ᠋ᠢᠨ ᠰᠦᠪᠡᠭᠴᠢᠯᠡᠨ᠎ᠡ ᠭᠡᠵᠦ ᠲᠣᠳᠣᠷᠬᠠᠶ ᠳᠤᠷᠠᠳᠤᠨ ᠭᠠᠷᠭ᠋ᠠᠪᠠ᠃ ᠬᠡᠰᠡᠭ ᠭᠠᠵᠠᠷ ᠣᠷᠣᠨ᠎ᠤ ᠳᠤᠮᠳᠠᠳᠤ ᠰᠤᠷᠭ᠋ᠠᠭᠤᠯᠢ᠎ᠳᠤ ᠬᠥᠯ ᠪᠥᠮᠪᠦᠭᠡ ᠵᠢᠨ ᠣᠨᠴᠠᠯᠢᠭᠲᠤ ᠠᠩᠭᠢ ᠵᠢ ᠲᠤᠷᠰᠢᠨ ᠪᠠᠶ᠋ᠢᠭᠤᠯᠵᠤ᠂ ᠲᠤᠷᠰᠢᠯᠲᠠ ᠵᠢᠨ ᠰᠤᠷᠭ᠋ᠠᠭᠤᠯᠢ ᠮᠤᠵᠢ ᠵᠢᠨ ᠬᠡᠪᠴᠢᠶᠡᠨ ᠳᠣᠲᠣᠷ᠎ᠠ ᠰᠢᠯᠢᠳᠡᠭ ᠬᠥᠯ ᠪᠥᠮᠪᠦᠭᠡ ᠵᠢᠨ ᠪᠡᠯᠡᠳᠬᠡᠯ ᠴᠢᠳᠠᠪᠤᠷᠢᠲᠠᠨ ᠡᠯᠰᠡᠬᠦ ᠵᠢ ᠵᠥᠪᠰᠢᠶᠡᠷᠡᠨ᠎ᠡ᠃ ᠠᠵᠢᠯ ᠮᠡᠷᠭᠡᠵᠢᠯ᠎ᠤᠨ ᠺᠯᠦ᠋ᠪ᠎ᠤᠨ ᠱᠠᠲᠤᠯᠵᠢᠨ ᠠᠩᠭᠢ ᠪᠣᠯᠤᠨ ᠨᠢᠭᠡᠳᠦᠭᠡᠷ ᠹᠷᠣᠨᠲ᠎ᠤᠨ ᠠᠩᠭᠢ᠎ᠳᠤ ᠣᠷᠣᠬᠤ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠤᠭᠴᠢ᠂ ᠤᠶᠤᠲᠠᠳ᠎ᠤᠨ ᠰᠤᠷᠭ᠋ᠠᠭᠤᠯᠢ ᠵᠢᠨ ᠬᠠᠷᠢᠶ᠎ᠠ ᠵᠢ ᠦᠯᠡᠳᠡᠭᠡᠵᠦ ᠪᠣᠯᠤᠨ᠎ᠠ᠃ ᠶᠡᠭᠡ ᠳᠡᠭᠡᠳᠦ ᠰᠤᠷᠭ᠋ᠠᠭᠤᠯᠢ ᠢᠯᠠᠩᠭᠤᠶ᠎ᠠ 《ᠬᠤᠶᠠᠷ᠎ᠢ ᠲᠡᠷᠢᠭᠦᠨ ᠪᠠᠶ᠋ᠢᠷᠢᠨ᠎ᠳᠤ ᠣᠷᠣᠭᠤᠯᠬᠤ》 ᠶᠡᠭᠡ ᠳᠡᠭᠡᠳᠦ ᠰᠤᠷᠭ᠋ᠠᠭᠤᠯᠢ ᠵᠢᠨ ᠬᠥᠯ ᠪᠥᠮᠪᠦᠭᠡ ᠵᠢᠨ ᠥᠨᠳᠥᠷ ᠬᠢᠷᠢ ᠲᠦᠪᠰᠢᠨ ᠪᠦᠬᠦᠢ ᠲᠠᠮᠢᠷ᠎ᠤᠨ ᠠᠩᠭᠢ ᠵᠢᠨ ᠰᠣᠷᠣᠭᠴᠢ ᠡᠯᠰᠡᠬᠦ ᠬᠡᠪᠴᠢᠶ᠎ᠡ ᠵᠢ ᠡᠮᠬᠢ ᠵᠢᠷᠤᠮ᠎ᠲᠠᠢ᠎ᠪᠠᠷ ᠥᠷᠭᠡᠳᠬᠡᠵᠦ᠂ ᠪᠠᠭ᠎ᠠ ᠰᠤᠷᠭ᠋ᠠᠭᠤᠯᠢ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ᠂ ᠶᠡᠭᠡ ᠰᠤᠷᠭ᠋ᠠᠭᠤᠯᠢ ᠵᠢ ᠬᠠᠷᠢᠯᠴᠠᠨ ᠵᠣᠯᠭ᠋ᠠᠭᠤᠯᠤᠭᠰᠠᠨ 《ᠬᠡᠯᠬᠢᠶ᠎ᠡ》 ᠰᠤᠷᠭ᠋ᠠᠭᠤᠯᠢ ᠳᠠᠪᠰᠢᠬᠤ ᠰᠢᠰᠲᠸᠮ᠎ᠢ ᠪᠠᠶ᠋ᠢᠭᠤᠯᠤᠨ᠎ᠠ᠃ ᠡᠭᠦᠨ᠎ᠤ ᠬᠠᠮᠲᠤ᠂ 《ᠬᠡᠷᠡᠭᠵᠢᠭᠦᠯᠬᠦ ᠰᠠᠨᠠᠯ》᠎ᠳᠤ ᠶᠡᠭᠡ ᠳᠡᠭᠡᠳᠦ ᠰᠤᠷᠭ᠋ᠠᠭᠤᠯᠢ ᠵᠢᠨ ᠬᠥᠯ ᠪᠥᠮᠪᠦᠭᠡ ᠵᠢᠨ ᠳᠡᠭᠡᠳᠦ ᠰᠤᠷᠭ᠋ᠠᠭᠤᠯᠢ ᠵᠢᠨ ᠪᠦᠲᠦᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠳᠤᠷᠠᠳᠪᠠ᠃ ᠬᠥᠯ ᠪᠥᠮᠪᠥᠭᠡ ᠵᠢᠨ ᠬᠥᠳᠡᠯᠭᠡᠭᠡᠨ᠎ᠤ ᠲᠤᠰᠬᠠᠶ ᠮᠡᠷᠭᠡᠵᠢᠯ ᠲᠣᠬᠢᠷᠠᠭᠤᠯᠬᠤ ᠵᠢᠨ ᠬᠠᠮᠲᠤ ᠳᠡᠭᠡᠳᠦ ᠰᠤᠷᠭ᠋ᠠᠭᠤᠯᠢ ᠵᠢᠨ ᠵᠢᠩᠬᠢᠨᠢ ᠠᠩᠭᠢ (ᠲᠤᠰᠬᠠᠶ ᠮᠡᠷᠭᠡᠵᠢᠯ᠎ᠤᠨ ᠠᠩᠭᠢ) ᠵᠢᠨ ᠭᠠᠷᠴᠠᠭ᠎ᠲᠤ ᠣᠷᠣᠭᠤᠯᠬᠤ ᠬᠡᠷᠡᠭᠲᠡᠶ᠃ ᠨᠡᠶ᠋ᠢᠭᠡᠮ᠎ᠤᠨ ᠭᠡᠷᠡᠭᠴᠡᠭᠡ ᠱᠠᠭ᠋ᠠᠷᠳᠡᠯᠭ᠎ᠠ᠎ᠳᠤ ᠰᠠᠭᠤᠷᠢᠯᠡᠨ᠂ ᠰᠣᠷᠣᠠᠠᠴᠢ ᠡᠯᠰᠡᠬᠦ ᠬᠦᠢ᠍ᠴᠡᠳᠭᠡᠯ ᠲᠤᠭ᠎ᠠ ᠵᠢ ᠯᠠᠪᠳᠠᠭᠤᠨ ᠵᠶ᠋ᠠᠷ ᠨᠡᠮᠡᠭᠳᠡᠬᠦᠯᠵᠦ᠂ ᠬᠥᠯ ᠪᠦᠮᠪᠦᠭᠡ ᠵᠢᠨ ᠲᠣᠰᠬᠠᠢ ᠮᠡᠷᠭᠡᠵᠢᠯ᠎ᠤᠨ ᠴᠢᠳᠡᠪᠦᠷᠢᠳᠡᠨᠢ ᠶᠡᠭᠡᠪᠡᠷ ᠬᠦᠮᠦᠵᠢᠬᠦᠯᠥᠨᠠ᠃ ᠪᠡᠶ᠎ᠡ ᠵᠢᠨ ᠲᠠᠮᠢᠷ᠎ᠤᠨ ᠰᠤᠷᠭ᠋ᠠᠭᠤᠯᠢ ᠪᠠ ᠡᠩ᠎ᠤᠨ ᠵᠢᠩᠬᠢᠨᠢ ᠠᠩᠭᠢ ᠵᠢᠨ 《3 +4》᠎ᠢ ᠨᠡᠪᠲᠡᠷᠡᠭᠦᠯᠦᠨ ᠬᠥᠮᠦᠵᠢᠭᠦᠯᠬᠦ ᠲᠣᠭᠲᠠᠴᠠ ᠵᠢ ᠰᠤᠳᠤᠯᠤᠨ ᠨᠤᠲᠠᠯᠠᠪᠠ᠃ ᠳᠡᠭᠡᠷᠡᠬᠢ ᠲᠥᠷᠥ ᠵᠢᠨ ᠪᠣᠳᠣᠯᠭ᠎ᠠ ᠵᠢᠨ ᠨᠡᠶ᠋ᠢᠯᠡᠯ ᠬᠦᠴᠦᠨ᠎ᠢ ᠪᠦᠷᠢᠯᠳᠦᠭᠦᠯᠬᠦ᠎ᠪᠠᠷ ᠳᠠᠮᠵᠢᠭᠤᠯᠤᠨ ᠨᠡᠶ᠋ᠢᠯᠡᠮᠡᠯ ᠬᠦᠴᠦᠨ᠎ᠢ ᠪᠦᠷᠢᠯᠳᠦᠭᠦᠯᠵᠦ᠂ ᠬᠥᠯ ᠪᠥᠮᠪᠦᠭᠡ ᠵᠢᠨ ᠴᠢᠳᠠᠪᠤᠷᠢᠲᠠᠨ᠎ᠤ ᠦᠰᠦᠨ ᠪᠤᠶ᠋ᠢᠵᠢᠬᠤ ᠵᠠᠮ᠎ᠢ ᠰᠠᠭ᠋ᠠᠳ ᠦᠭᠡᠢ ᠨᠡᠪᠲᠡᠷᠡᠭᠦᠯᠵᠦ᠂ ᠵᠠᠯᠠᠭᠤᠴᠤᠳ᠎ᠤᠨ ᠪᠣᠯᠪᠠᠰᠤᠷᠠᠯ᠎ᠤᠨ ᠰᠢᠰᠲ᠋ᠧᠮ᠎ᠤᠨ ᠳᠠᠭ᠋ᠠᠭᠤᠯᠤᠭᠴᠢ ᠵᠢ ᠪᠠᠶ᠋ᠢᠭᠤᠯᠤᠨ ᠬᠦᠴᠦᠷᠬᠡᠭᠵᠢᠭᠦᠯᠵᠦ᠂ ᠵᠠᠯᠠᠭᠤᠴᠤᠳ᠎ᠤᠨ ᠪᠣᠯᠪᠠᠰᠤᠷᠠᠯ᠎ᠤᠨ ᠬᠡᠯᠬᠢᠶ᠎ᠡ ᠵᠢᠨ ᠳᠤᠲᠠᠭᠤᠳᠠᠯ᠎ᠢ ᠨᠥᠬᠦᠪᠦᠷᠢᠯᠡᠵᠦ᠂ ᠵᠠᠯᠠᠭᠤᠴᠤᠳ᠎ᠤᠨ ᠪᠣᠯᠪᠠᠰᠤᠷᠠᠯ᠎ᠤᠨ ᠣᠯᠠᠨ ᠡᠰᠢᠲᠦ ᠡᠵᠡᠩᠨᠡᠯᠲᠡ ᠵᠢᠨ ᠬᠡᠯᠪᠡᠷᠢ ᠵᠢ ᠴᠡᠴᠡᠭᠯᠡᠭᠦᠯᠦᠨ ᠬᠥᠭᠵᠢᠭᠦᠯᠵᠦ᠂ ᠵᠠᠯᠠᠭᠤᠴᠤᠳ᠎ᠤᠨ ᠪᠣᠯᠪᠠᠰᠤᠷᠠᠯ᠎ᠤᠨ ᠨᠠᠷᠠᠲᠤ ᠲᠡᠮᠳᠡᠭ᠎ᠤᠨ ᠵᠢᠱ᠌ᠢᠶ᠎ᠡ ᠦᠵᠡᠭᠦᠯᠬᠦ ᠵᠢ ᠪᠣᠶ ᠪᠣᠯᠭ᠋ᠠᠵᠤ᠂ ᠪᠡᠶ᠎ᠡ ᠵᠢᠨ ᠲᠠᠮᠢᠷ ᠰᠤᠷᠭ᠋ᠠᠨ ᠬᠥᠮᠦᠵᠢᠯ᠎ᠤᠨ ᠠᠭᠤᠰᠤᠯᠴᠠᠯ᠎ᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠴᠢᠳᠠᠪᠤᠷᠢᠲᠠᠨ᠎ᠢ ᠬᠥᠮᠦᠵᠢᠭᠦᠯᠬᠦ ᠶᠠᠰᠤ ᠴᠢᠨᠠᠷ᠎ᠢ ᠳᠡᠭᠡᠭᠰᠢᠯᠡᠭᠦᠯᠦᠨ᠂ ᠬᠡᠷ᠎ᠤᠨ ᠠᠬᠠᠮᠠᠳ ᠪᠠ ᠰᠤᠷᠤᠭᠴᠢᠳ᠎ᠤᠨ ᠡᠷᠡᠭᠡᠯᠵᠡᠭᠡ ᠵᠢᠨ ᠵᠣᠪᠠᠨᠢᠯ᠎ᠢ ᠦᠨᠡᠨ ᠬᠦ᠌ ᠰᠢᠢ᠍ᠳᠪᠦᠷᠢᠯᠡᠵᠦ᠂ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠬᠥᠯ ᠪᠥᠮᠪᠦᠭᠡ ᠵᠢᠨ ᠪᠡᠯᠡᠳᠬᠡᠯ ᠴᠢᠳᠠᠪᠤᠷᠢᠲᠠᠨ᠎ᠤ 《ᠠᠰᠬ᠎ᠠ ᠬᠠᠳᠠ ᠵᠢᠨ ᠬᠡᠯᠪᠡᠷᠢ》 ᠵᠢᠨ ᠪᠠᠭᠤᠷᠠᠯᠲᠠ ᠵᠢᠨ ᠬᠦᠴᠢᠷᠳᠡᠯ᠎ᠢ ᠠᠯᠬᠤᠮ ᠠᠯᠬᠤᠮ ᠵᠶ᠋ᠠᠷ ᠰᠢᠢ᠍ᠳᠪᠦᠷᠢᠯᠡᠨ᠎ᠡ᠃
ᠵᠢᠷᠭᠤᠭ᠎ᠠ᠂ ᠲᠠᠷᠠᠭ᠋ᠠᠴᠢ ᠵᠢᠨ ᠠᠯᠬᠤᠮ᠎ᠳᠤ 《ᠬᠡᠷᠡᠭᠵᠢᠭᠦᠯᠬᠦ ᠰᠠᠨᠠᠯ》᠎ᠢ ᠨᠠᠶ᠋ᠢᠳᠠᠪᠤᠷᠢᠵᠢᠭᠤᠯᠬᠤ ᠵᠢ ᠬᠡᠷᠬᠢᠨ ᠠᠬᠢᠭᠤᠯᠬᠤ ᠪᠣᠶ?
《ᠬᠡᠷᠡᠭᠵᠢᠭᠦᠯᠬᠦ ᠰᠠᠨᠠᠯ》᠎ᠢ 12 ᠰᠠᠯᠠᠭ᠎ᠠ ᠮᠥᠴᠢᠷ ᠬᠠᠮᠲᠤᠷᠠᠨ ᠳᠠᠷᠤᠮᠠᠯᠯᠠᠨ ᠲᠠᠷᠬᠠᠭ᠋ᠠᠵᠤ ᠬᠡᠷᠡᠭᠵᠢᠭᠦᠯᠦᠨ᠂ ᠤᠷᠲᠤ ᠬᠤᠭᠤᠴᠠᠭ᠎ᠠ᠎ᠪᠠᠷ ᠪᠠᠷᠢᠮᠲᠠᠯᠠᠬᠤ ᠪᠠ ᠨᠠᠶ᠋ᠢᠳᠠᠪᠤᠷᠢᠵᠢᠭᠤᠯᠤᠯᠲᠠ ᠵᠢ ᠴᠢᠩᠭ᠎ᠠ ᠠᠳᠬᠤᠬᠤ ᠳᠡᠭᠡᠷ᠎ᠡ ᠬᠦᠴᠦ ᠲᠠᠯᠪᠢᠵᠤ᠂ ᠠᠵᠢᠯ᠎ᠤᠨ ᠪᠠᠶ᠋ᠢᠷᠢᠯᠠᠭᠤᠯᠤᠯᠲᠠ ᠵᠢᠨ ᠵᠢᠯᠣᠭᠤᠳᠬᠤ ᠴᠢᠨᠠᠷ᠂ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢᠨ ᠬᠠᠨᠳᠤᠯᠭ᠋ᠠᠲᠤ ᠴᠢᠨᠠᠷ᠎ᠢ ᠲᠤᠪᠤᠢ᠌ᠯᠭ᠋ᠠᠪᠠ᠂ ᠡᠨᠡ᠎ᠨᠢ ᠠᠵᠢᠯ᠎ᠤᠨ ᠭᠤᠤᠯᠳᠠᠯᠭ᠎ᠠ ᠵᠢ ᠲᠣᠳᠣᠷᠬᠠᠶ᠋ᠢᠯᠠᠬᠤ ᠡᠭᠦᠷᠭᠡ ᠵᠢᠨ ᠨᠠᠷᠢᠨ ᠬᠠᠭᠤᠳᠠᠰᠤ ᠪᠣᠯᠬᠤ ᠮᠥᠷᠲᠡᠭᠡᠨ ᠪᠠᠰᠠ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢ ᠪᠥᠬᠦ ᠲᠠᠯ᠎ᠠ᠎ᠪᠠᠷ ᠠᠬᠢᠭᠤᠯᠬᠤ ᠵᠢ ᠵᠢᠯᠣᠭᠤᠳᠬᠤ ᠠᠵᠢᠯᠯᠠᠭ᠋ᠠᠨ᠎ᠤ ᠭᠠᠷ ᠳᠡᠪᠲᠡᠷ ᠪᠣᠯᠤᠨ᠎ᠠ᠃ ᠲᠠᠷᠠᠭ᠋ᠠᠴᠢ ᠵᠢᠨ ᠠᠯᠬᠤᠮ᠎ᠳᠤ ᠪᠡᠶ᠎ᠡ ᠵᠢᠨ ᠲᠠᠮᠢᠷ᠎ᠤᠨ ᠶᠡᠷᠦᠩᠭᠡᠢ ᠲᠣᠪᠴᠢᠶ᠎ᠠ᠎ᠠᠴᠠ ᠬᠤᠯᠪᠤᠠᠠᠳᠡᠯ ᠪᠦᠬᠦᠢ ᠰᠠᠯᠠᠭ᠎ᠠ ᠮᠦᠴᠢᠷ ᠪᠤᠯᠥᠨ ᠣᠷᠣᠨ ᠨᠣᠳᠤᠭ᠎ᠲᠠᠢ ᠬᠠᠮᠵᠢᠯᠴᠠᠨ᠂ 《ᠭᠡᠷᠡᠭᠵᠢᠬᠦᠯᠬᠦ ᠰᠠᠨᠠᠯ》᠎ᠳᠤ ᠲᠣᠳᠣᠷᠬᠠᠶ᠋ᠢᠯᠬᠠᠰᠠᠨ ᠡᠬᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠡᠷᠢᠯᠡᠯ ᠶᠣᠰᠣᠭ᠋ᠠᠷ᠂ ᠵᠠᠰᠠᠭ᠎ᠤᠨ ᠣᠷᠳᠣᠨ ᠬᠦᠳᠦᠯᠥᠨ ᠵᠢᠯᠥᠭᠤᠳᠬᠤ᠂ ᠨᠡᠶ᠋ᠢᠭᠡᠮ᠎ᠠᠴᠠ ᠳᠡᠮᠵᠢᠬᠦ᠂ ᠤᠯᠠᠨ ᠵᠠᠮ ᠮᠦᠷ᠎ᠲᠠᠢ ᠵᠠᠯᠠᠭᠤᠴᠣᠳ ᠪᠠᠭ᠋ᠠᠴᠣᠳ᠎ᠤᠨ ᠬᠥᠯ ᠪᠦᠮᠪᠦᠭᠡ ᠵᠢᠨ ᠵᠠᠷᠣᠳᠡᠯ᠎ᠤᠨ ᠣᠷᠣᠭᠤᠯᠥᠯᠳᠡ ᠵᠢᠨ ᠲᠣᠠᠠᠳᠡᠴᠠ ᠵᠢ ᠪᠠᠶ᠋ᠢᠭᠤᠯᠥᠨ᠎ᠠ᠃ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠵᠠᠰᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠭᠤᠣᠯᠳᠠᠯᠭ᠎ᠠ ᠵᠢ ᠳᠣᠷᠣᠭᠰᠢ ᠰᠢᠯᠵᠢᠭᠦᠯᠬᠦ ᠵᠢ ᠦᠷᠭᠦᠯᠵᠢᠯᠡᠨ ᠠᠬᠢᠭᠤᠯᠵᠤ᠂ ᠣᠷᠣᠨ ᠨᠤᠲᠤᠭ᠎ᠤᠨ ᠪᠡᠶ᠎ᠡ ᠵᠢᠨ ᠲᠠᠮᠢᠷ᠎ᠤᠨ ᠰᠠᠯᠠᠭ᠎ᠠ ᠮᠥᠴᠢᠷ᠎ᠤᠨ ᠭᠤᠣᠯ ᠴᠣᠭᠴᠠ ᠵᠢᠨ ᠬᠠᠷᠢᠭᠤᠴᠠᠯᠭ᠎ᠠ ᠵᠢ ᠡᠭᠦᠷᠭᠡᠯᠡᠬᠦ ᠵᠢ ᠳᠠᠶ᠋ᠢᠴᠢᠯᠠᠨ᠎ᠠ᠃ ᠵᠠᠰᠠᠭ᠎ᠤᠨ ᠣᠷᠳᠣᠨ ᠦᠢ᠍ᠯᠡᠴᠢᠯᠡᠭᠡ ᠬᠤᠳᠠᠯᠳᠤᠨ ᠠᠪᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ ᠰᠢᠨ᠎ᠡ ᠵᠢ ᠡᠭᠦᠳᠴᠦ᠂ ᠡᠯ᠎ᠡ ᠱᠠᠲᠤᠨ᠎ᠤ ᠬᠥᠯ ᠪᠥᠮᠪᠦᠭᠡ ᠵᠢᠨ ᠨᠡᠶ᠋ᠢᠭᠡᠮᠯᠢᠭ᠎ᠤᠨ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠠᠵᠢᠯ᠎ᠢ ᠳᠡᠮᠵᠢᠬᠦ ᠠᠷᠭ᠎ᠠ ᠮᠠᠶᠢᠭ᠎ᠤᠨ ᠲᠠᠯ᠎ᠠ᠎ᠪᠠᠷ ᠰᠢᠨ᠎ᠡ ᠵᠢ ᠡᠭᠦᠳᠴᠦ᠂ ᠳᠡᠮᠵᠢᠬᠦ ᠡᠷᠴᠢᠮ ᠵᠶ᠋ᠠᠨ ᠴᠢᠩᠭ᠋ᠠᠷᠠᠭᠤᠯᠤᠨ᠂ ᠣᠷᠣᠨ ᠨᠤᠲᠤᠭ᠎ᠤᠨ ᠬᠥᠯ ᠪᠥᠮᠪᠦᠭᠡ ᠵᠢᠨ ᠨᠡᠶ᠋ᠢᠭᠡᠮᠯᠢᠭ᠎ᠢ ᠪᠠᠶ᠋ᠢᠭᠤᠯᠤᠨ ᠬᠦᠴᠦᠷᠬᠡᠭᠵᠢᠭᠦᠯᠦᠨ᠎ᠡ᠃ ᠪᠢᠴᠢᠭ ᠮᠠᠲ᠋ᠧᠷᠢᠶᠠᠯ᠎ᠤᠨ ᠨᠠᠶ᠋ᠢᠳᠠᠪᠤᠷᠢᠵᠢᠭᠤᠯᠤᠯᠲᠠ ᠪᠠ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠵᠢ ᠭᠤᠤᠯᠳᠠᠯᠭ᠎ᠠ᠎ᠲᠠᠢ ᠰᠠᠶ᠋ᠢᠲᠤᠷ ᠠᠳᠬᠤᠵᠤ᠂ ᠬᠢᠨᠠᠨ ᠰᠢᠯᠭ᠋ᠠᠵᠤ ᠦᠨᠡᠯᠡᠨ ᠵᠢᠱ᠌ᠢᠬᠦ ᠲᠣᠭᠲᠠᠴᠠ ᠵᠢ ᠪᠦᠷᠢᠨᠰᠢᠬᠦᠯᠦᠨ᠂ ᠰᠢᠮᠳᠠᠭᠤᠯᠤᠨ ᠨᠠᠶ᠋ᠢᠳᠠᠪᠤᠷᠢᠵᠢᠭᠤᠯᠬᠤ ᠵᠢ ᠴᠢᠩᠭ᠋ᠠᠳᠬᠠᠵᠤ᠂ ᠵᠠᠰᠠᠭ᠎ᠤᠨ ᠶᠠᠪᠤᠳᠠᠯ᠎ᠢ ᠬᠢᠨᠠᠬᠤ᠂ ᠰᠤᠷᠤᠯᠭ᠎ᠠ ᠵᠢ ᠬᠢᠨᠠᠬᠤ᠂ ᠪᠣᠯᠪᠠᠰᠤᠷᠠᠯ᠎ᠢ ᠬᠢᠨᠠᠬᠤ᠂ ᠤᠷᠤᠯᠳᠤᠭ᠋ᠠᠨ᠎ᠢ ᠱᠠᠯᠠᠪᠳᠠᠭᠤᠯᠬᠤ ᠵᠢ ᠬᠠᠷᠢᠯᠴᠠᠨ ᠤᠶᠠᠯᠳᠤᠭᠤᠯᠬᠤ ᠵᠢ ᠬᠡᠷᠡᠭᠵᠢᠭᠦᠯᠵᠦ᠂ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠰᠠᠶ᠋ᠢᠨ ᠰᠠᠶ᠋ᠢᠬᠠᠨ ᠬᠥᠭᠵᠢᠯᠲᠡ ᠵᠢᠨ ᠣᠷᠴᠢᠨ ᠲᠣᠭᠤᠷᠢᠨ᠎ᠢ ᠢᠳᠡᠪᠬᠢᠲᠡᠶ ᠪᠣᠶ ᠪᠣᠯᠭ᠋ᠠᠵᠤ᠂ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠬᠡᠷᠡᠭᠲᠡᠶ᠃