ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭ ᠪᠢᠴᠢᠭ᠎ᠤᠨ ᠲᠡᠢ᠌ᠯᠦᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠫᠤᠤᠳᠠᠯᠭ᠎ᠠ ᠵᠢᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠨᠢᠭᠡᠴᠢ ᠵᠢᠨ ᠫᠤᠤ ᠵᠡᠪᠰᠡᠭ᠎ᠤᠨ ᠬᠠᠮᠢᠶᠠᠷᠤᠯᠳᠠ ᠵᠢᠨ ᠨᠠᠷᠢᠨ ᠲᠦᠷᠢᠮ》᠎ᠤᠨ ᠦᠰᠦᠭ ᠪᠢᠴᠢᠭ᠎ᠤᠨ ᠲᠡᠢ᠌ᠯᠦᠮᠵᠢ
ᠨᠡᠶ᠋ᠢᠲᠡᠯᠡᠭᠰᠡᠨ ᠴᠠᠭ᠄ 2024-05-21

    2024 ᠣᠨ᠎ᠤ 5 ᠰᠠᠷ᠎ᠠ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠫᠤᠤᠳᠠᠯᠭ᠎ᠠ ᠵᠢᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ   ᠨᠢᠭᠡᠴᠢ ᠵᠢᠨ ᠫᠤᠤ ᠵᠡᠪᠰᠡᠭ᠎ᠤᠨ ᠬᠠᠮᠢᠶᠠᠷᠤᠯᠲᠠ ᠵᠢᠨ ᠨᠠᠷᠢᠨ ᠳᠦᠷᠢᠮ》 (  ᠦᠪᠦᠷ ᠲᠠᠮᠢᠷ ᠥᠰᠥᠭ [2024] 18 ᠳ᠋ᠤᠭ᠋ᠠᠷ ᠲᠣᠭ᠋ᠠᠲᠤ᠂ ᠳᠣᠷᠣᠭᠰᠢ 《ᠬᠠᠮᠢᠶᠠᠷᠤᠯᠲᠠ ᠵᠢᠨ ᠨᠠᠷᠢᠨ ᠳᠦᠷᠢᠮ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ ᠬᠠᠮᠢᠶ᠎ᠠ ᠪᠦᠬᠦᠢ ᠨᠢᠭᠡᠴᠢ᠂ ᠨᠡᠢ᠌ᠭᠡᠮ ᠨᠡᠶ᠋ᠢᠲᠡ ᠵᠢᠨ 《ᠬᠠᠮᠢᠶᠠᠷᠤᠯᠲᠠ ᠵᠢᠨ ᠨᠠᠷᠢᠨ ᠳᠦᠷᠢᠮ》᠎ᠤᠨ ᠠᠭᠤᠯᠭ᠎ᠠ ᠵᠢ ᠪᠥᠬᠥ ᠲᠠᠯ᠎ᠠ᠎ᠪᠠᠷ ᠣᠢ᠌ᠯᠠᠭ᠋ᠠᠬᠤ᠎ᠳᠤ ᠲᠥᠬᠥᠮ ᠦᠵᠡᠭᠦᠯᠬᠦ ᠵᠢᠨ ᠲᠤᠰᠠᠳᠠ᠂ ᠡᠳᠦᠭᠡ ᠳᠣᠣᠷᠠᠬᠢ ᠮᠡᠲᠦ ᠲᠠᠢ᠌ᠯᠤᠮᠵᠢ ᠬᠢᠪᠡ᠃
    ᠨᠢᠭᠡ᠂ 《ᠬᠠᠮᠢᠶᠠᠷᠤᠯᠲᠠ ᠵᠢᠨ ᠨᠠᠷᠢᠨ ᠳᠦᠷᠢᠮ》᠎ᠢ ᠲᠣᠭᠲᠠᠭ᠋ᠠᠭᠰᠠᠨ ᠵᠣᠷᠢᠯᠭ᠎ᠠ ᠵᠢᠴᠢ ᠦᠨᠳᠦᠰᠦᠯᠡᠯ
    《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠫᠤᠤ ᠵᠡᠪᠰᠡᠭ᠎ᠤᠨ ᠬᠠᠮᠢᠶᠠᠷᠤᠯᠲᠠ ᠵᠢᠨ ᠬᠠᠤᠯᠢ》 《ᠫᠤᠤᠳᠠᠯᠭ᠎ᠠ ᠵᠢᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠫᠤᠤ ᠵᠡᠪᠰᠡᠭ᠎ᠤᠨ ᠬᠠᠮᠢᠶᠠᠷᠤᠯᠲᠠ ᠵᠢᠨ ᠠᠷᠭ᠎ᠠ》 ᠵᠢᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠫᠤᠤ ᠵᠡᠪᠰᠡᠭ ᠰᠤᠮᠤ ᠳᠠᠷᠢ ᠵᠢᠨ ᠲᠤᠬᠠᠢ ᠬᠠᠮᠢᠶ᠎ᠡ ᠪᠦᠬᠦᠢ ᠱᠠᠭ᠋ᠠᠷᠳᠠᠯᠭ᠎ᠠ ᠵᠢ ᠯᠠᠪᠳᠠᠭᠤᠨ ᠵᠶ᠋ᠠᠷ ᠠᠬᠢᠭᠤᠯᠵᠦ᠂ ᠥᠪᠡᠷᠲᠡᠭᠡᠨ ᠵᠠᠰᠠᠬᠤ ᠣᠷᠣᠨ᠎ᠤ ᠫᠤᠤᠳᠠᠯᠭ᠎ᠠ ᠵᠢᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠨᠢᠭᠡᠴᠢ ᠵᠢᠨ ᠪᠡᠶ᠎ᠡ ᠵᠢᠨ ᠲᠠᠮᠢᠷ᠎ᠤᠨ ᠫᠤᠤ ᠵᠡᠪᠰᠡᠭ ᠰᠤᠮᠤ ᠳᠠᠷᠢ ᠵᠢᠴᠢ ᠫᠤᠤ ᠰᠤᠮᠤ ᠵᠢᠨ ᠬᠥᠮᠥᠷᠭᠡ ᠵᠢᠨ ᠬᠠᠮᠢᠶᠠᠷᠤᠯᠲᠠ ᠵᠢ ᠨᠠᠩ ᠰᠠᠢ᠌ᠲᠤᠷ ᠵᠢᠷᠤᠮᠵᠢᠭᠤᠯᠵᠤ᠂ ᠥᠪᠡᠷᠲᠡᠭᠡᠨ ᠵᠠᠰᠠᠬᠤ ᠣᠷᠣᠨ᠎ᠤ ᠫᠤᠤᠳᠠᠯᠭ᠎ᠠ ᠵᠢᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠳᠤ ᠠᠮᠤᠷ ᠲᠦᠪᠰᠢᠨ᠂ ᠰᠢᠨᠵᠢᠯᠡᠬᠦ ᠤᠬᠠᠭ᠋ᠠᠨᠴᠢ᠂ ᠵᠦᠢ ᠵᠣᠬᠢᠰᠲᠠᠢ ᠲᠦᠷᠢᠮ᠎ᠤᠨ ᠪᠠᠳᠤᠯᠠᠭ᠎ᠠ ᠬᠠᠩᠭ᠋ᠠᠬᠤ ᠵᠢᠨ ᠲᠦᠯᠦᠭᠡ᠂ ᠥᠪᠡᠷᠲᠡᠭᠡᠨ ᠵᠠᠰᠠᠬᠤ ᠣᠷᠣᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠭᠠᠵᠠᠷ ᠲᠦᠷᠦᠭᠦᠯᠡᠵᠦ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠫᠤᠤᠳᠠᠯᠭ᠎ᠠ ᠵᠢᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠨᠢᠭᠡᠴᠢ ᠵᠢᠨ ᠫᠤᠤ ᠵᠡᠪᠰᠡᠭ᠎ᠤᠨ ᠬᠠᠮᠢᠶᠠᠷᠤᠯᠳᠠ ᠵᠢᠨ ᠨᠠᠷᠢᠨ ᠲᠦᠷᠢᠮ》᠎ᠢ ᠨᠤᠤᠷᠠᠭᠯᠠᠪᠠ᠃ ᠡᠭᠦᠨ᠎ᠤ ᠵᠣᠷᠢᠯᠭ᠎ᠠ᠎ᠨᠢ ᠲᠥᠷᠥ ᠵᠢᠨ ᠪᠣᠳᠣᠯᠭ᠎ᠠ᠎ᠪᠠᠷ ᠬᠥᠲᠥᠯᠥᠨ ᠳᠠᠭ᠋ᠠᠭᠤᠯᠬᠤ᠎ᠪᠠᠷ ᠳᠡᠮᠵᠢᠨ᠂ ᠥᠪᠡᠷᠲᠡᠭᠡᠨ ᠵᠠᠰᠠᠬᠤ ᠣᠷᠣᠨ᠎ᠤ ᠫᠤᠤᠳᠠᠯᠭ᠎ᠠ ᠵᠢᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠰᠢᠨ᠎ᠡ ᠨᠢᠭᠡ ᠲᠡᠭᠳᠡᠷ᠎ᠲᠤ ᠭᠠᠷᠭ᠋ᠠᠬᠤ ᠵᠢᠨ ᠲᠦᠯᠦᠭᠡ ᠶᠤᠮ᠃
    ᠬᠣᠶᠠᠷ᠂ 《ᠬᠠᠮᠢᠶᠠᠷᠤᠯᠲᠠ ᠵᠢᠨ ᠨᠠᠷᠢᠨ ᠳᠦᠷᠢᠮ》᠎ᠢ ᠲᠣᠭᠲᠠᠭ᠋ᠠᠭᠰᠠᠨ ᠶᠠᠪᠤᠴᠠ
    《ᠫᠤᠤᠳᠠᠯᠭ᠎ᠠ ᠵᠢᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠫᠤᠤ ᠵᠡᠪᠰᠡᠭ᠎ᠤᠨ ᠬᠠᠮᠢᠶᠠᠷᠤᠯᠲᠠ ᠵᠢᠨ ᠠᠷᠭ᠎ᠠ》 ᠵᠢ ᠭᠦᠨᠵᠡᠭᠡᠢ ᠰᠤᠷᠤᠯᠴᠠᠵᠤ᠂ ᠥᠪᠡᠷᠲᠡᠭᠡᠨ ᠵᠠᠰᠠᠬᠤ ᠣᠷᠣᠨ᠎ᠤ ᠳᠣᠲᠣᠷᠠᠬᠢ ᠫᠤᠤᠳᠠᠯᠭ᠎ᠠ ᠵᠢᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠨᠢᠭᠡᠴᠢ ᠵᠢᠨ ᠳᠦᠷᠢᠮ᠎ᠤᠨ ᠪᠠᠢ᠌ᠭᠤᠯᠤᠯᠲᠠ ᠵᠢᠨ ᠪᠠᠢ᠌ᠳᠠᠯ᠎ᠢ ᠣᠢ᠌ᠯᠠᠭ᠋ᠠᠭᠰᠠᠨ ᠰᠠᠭᠤᠷᠢᠨ ᠳᠡᠭᠡᠷ᠎ᠡ᠂ 2024 ᠣᠨ᠎ᠤ 1   ᠰᠠᠷ᠎ᠠ᠎ᠠᠴᠠ ᠡᠬᠢᠯᠡᠨ 《ᠬᠠᠮᠢᠶᠠᠷᠤᠯᠲᠠ ᠵᠢᠨ ᠨᠠᠷᠢᠨ ᠳᠦᠷᠢᠮ》᠎ᠢ ᠲᠤᠭᠤᠷᠪᠢᠨ ᠪᠢᠴᠢᠬᠦ ᠠᠵᠢᠯ᠎ᠢ ᠶᠠᠪᠤᠭᠳᠠᠭᠤᠯᠪᠠ᠃ 2 ᠰᠠᠷ᠎ᠠ᠎ᠳᠤ ᠡᠬᠡ ᠪᠢᠴᠢᠭ ᠭᠠᠷᠭ᠋ᠠᠬᠤ ᠵᠢᠨ ᠬᠠᠮᠲᠤ᠂ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ 12 ᠠᠢ᠌ᠮᠠᠭ ᠬᠣᠲᠠ ᠵᠢᠨ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠣᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠬᠠᠮᠢᠶ᠎ᠠ ᠪᠦᠬᠦᠢ ᠭᠠᠵᠠᠷ ᠭᠡᠷ᠂ ᠰᠢᠭᠤᠳ ᠬᠠᠷᠢᠶ᠎ᠠ ᠨᠢᠭᠡᠴᠢ᠎ᠠᠴᠠ ᠨᠢᠭᠡᠳᠦᠭᠡᠷ ᠡᠭᠡᠯᠵᠢ ᠵᠢᠨ ᠰᠠᠨᠠᠯ ᠬᠤᠷᠢᠶᠠᠪᠠ᠃
    2 ᠰᠠᠷ᠎ᠠ ᠵᠢᠨ 6᠎ᠤ ᠡᠳᠦᠷ ᠲᠤᠰᠬᠠᠢ᠌ᠯᠠᠨ ᠮᠣᠷᠢᠨ ᠮᠡᠷᠭᠡᠵᠢᠯ᠎ᠤᠨ ᠲᠥᠪ᠎ᠤᠨ ᠲᠤᠰᠬᠠᠢ ᠮᠡᠷᠭᠡᠵᠢᠯ᠎ᠤᠨ ᠠᠩᠭᠢ ᠵᠢᠨ ᠫᠤᠤᠳᠠᠯᠭ᠎ᠠ ᠵᠢᠨ ᠰᠤᠷᠭ᠋ᠠᠭᠴᠢ᠂ ᠫᠤᠤᠳᠠᠯᠭ᠎ᠠ ᠵᠢᠨ ᠬᠥᠮᠥᠷᠭᠡ ᠵᠢᠨ ᠬᠠᠮᠢᠶᠠᠷᠤᠭᠴᠢ ᠵᠢ ᠤᠷᠢᠵᠤ᠂ ᠬᠥᠬᠡᠬᠣᠲᠠ ᠵᠢᠨ ᠪᠡᠶ᠎ᠡ ᠵᠢᠨ ᠲᠠᠮᠢᠷ᠎ᠤᠨ ᠲᠣᠪᠴᠢᠶ᠎ᠠ᠂ ᠪᠡᠶ᠎ᠡ ᠵᠢᠨ ᠲᠠᠮᠢᠷ᠎ᠤᠨ ᠰᠤᠷᠭ᠋ᠠᠭᠤᠯᠢ ᠵᠢᠨ ᠫᠤᠤᠳᠠᠯᠭ᠎ᠠ ᠵᠢᠨ ᠰᠤᠷᠭ᠋ᠠᠭᠴᠢ᠂ ᠫᠤᠤᠳᠠᠯᠭ᠎ᠠ ᠵᠢᠨ ᠬᠥᠮᠥᠷᠭᠡ ᠵᠢᠨ ᠬᠠᠮᠢᠶᠠᠷᠤᠯᠲᠠ ᠵᠢᠨ ᠠᠵᠢᠯᠲᠠᠨ᠂ ᠥᠪᠥᠷ ᠮᠣᠩᠭᠣᠯ᠎ᠤᠨ ᠫᠤᠤᠳᠠᠯᠭ᠎ᠠ ᠵᠢᠨ ᠨᠡᠢ᠌ᠭᠡᠮᠯᠢᠭ᠎ᠤᠨ ᠬᠠᠮᠢᠶ᠎ᠠ ᠪᠦᠬᠦᠢ ᠲᠤᠰᠬᠠᠢ ᠮᠡᠷᠭᠡᠵᠢᠯᠲᠡᠨ ᠨᠡᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠫᠤᠤᠳᠠᠯᠭ᠎ᠠ ᠵᠢᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠨᠢᠭᠡᠴᠢ ᠵᠢᠨ ᠫᠤᠤ ᠵᠡᠪᠰᠡᠭ᠎ᠤᠨ ᠬᠠᠮᠢᠶᠠᠷᠤᠯᠲᠠ ᠵᠢᠨ ᠨᠠᠷᠢᠨ ᠳᠦᠷᠢᠮ (ᠰᠠᠨᠠᠯ ᠬᠤᠷᠢᠶᠠᠬᠤ ᠨᠣᠣᠷᠠᠭ)》᠎ᠤᠨ ᠲᠤᠰᠬᠠᠢ ᠮᠡᠷᠭᠡᠵᠢᠯᠲᠡᠨ᠎ᠤ ᠨᠤᠲᠠᠯᠠᠯᠲᠠ ᠵᠢᠨ ᠬᠤᠷᠠᠯ ᠬᠤᠷᠠᠯᠳᠤᠭᠤᠯᠵᠤ᠂ ᠬᠤᠷᠠᠯ᠎ᠳᠤ ᠣᠷᠣᠯᠴᠠᠭᠰᠠᠳ᠎ᠤᠨ ᠰᠠᠨᠠᠯ ᠰᠠᠨᠠᠭᠤᠯᠭ᠎ᠠ ᠵᠢ ᠭᠦᠢ᠍ᠴᠡᠳ ᠰᠣᠨᠣᠰᠬᠤ ᠵᠢᠨ ᠬᠠᠮᠲᠤ ᠰᠠᠨᠠᠯ ᠬᠤᠷᠢᠶᠠᠭᠰᠠᠨ ᠪᠠᠢ᠌ᠳᠠᠯ ᠵᠶ᠋ᠠᠨ ᠦᠨᠳᠦᠰᠦᠯᠡᠨ ᠡᠬᠡ ᠨᠣᠣᠷᠠᠭ᠎ᠲᠤ ᠵᠠᠰᠠᠪᠤᠷᠢ ᠣᠷᠣᠭᠤᠯᠪᠠ᠃
    3 ᠰᠠᠷ᠎ᠠ᠎ᠳᠤ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠂ 12 ᠠᠢ᠌ᠮᠠᠭ ᠬᠣᠲᠠ ᠵᠢᠨ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ ᠪᠣᠯᠣᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠬᠠᠮᠢᠶ᠎ᠠ ᠪᠦᠬᠦᠢ ᠭᠠᠵᠠᠷ ᠭᠡᠷ᠂ ᠰᠢᠭᠤᠳ ᠬᠠᠷᠢᠶ᠎ᠠ ᠨᠢᠭᠡᠴᠢ᠎ᠠᠴᠠ ᠬᠣᠶᠠᠳᠠᠭᠢ ᠡᠭᠡᠯᠵᠢ ᠵᠢᠨ ᠰᠠᠨᠠᠯ ᠬᠤᠷᠢᠶᠠᠬᠤ ᠵᠢᠨ ᠬᠠᠮᠲᠤ ᠬᠠᠮᠢᠶ᠎ᠠ ᠪᠦᠬᠦᠢ ᠰᠠᠨᠠᠯ ᠰᠠᠨᠠᠭᠤᠯᠭ᠎ᠠ ᠵᠢ ᠭᠥᠯᠢᠶᠡᠨ ᠠᠪᠤᠪᠠ᠃
    2024 ᠣᠨ᠎ᠤ 4 ᠰᠠᠷ᠎ᠠ᠎ᠳᠤ᠂ 《ᠬᠠᠮᠢᠶᠠᠷᠤᠯᠲᠠ ᠵᠢᠨ ᠨᠠᠷᠢᠨ ᠳᠦᠷᠢᠮ》᠎ᠢ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠢ᠌ᠯᠠᠩ᠎ᠤᠨ ᠬᠤᠷᠠᠯ᠎ᠳᠤ ᠵᠢᠩᠬᠢᠨᠢ᠎ᠪᠠᠷ ᠳᠡᠪᠰᠢᠭᠦᠯᠵᠦ ᠰᠤᠳᠤᠯᠤᠨ ᠪᠠᠲᠤᠯᠠᠭᠤᠯᠪᠠ᠂ ᠪᠢᠴᠢᠭ ᠮᠠᠲ᠋ᠧᠷᠢᠶᠠᠯ᠎ᠢ 2024 ᠣᠨ᠎ᠤ 5 ᠰᠠᠷ᠎ᠠ ᠵᠢᠨ 6᠎ᠤ   ᠡᠳᠦᠷ ᠎ᠠᠴᠠ   ᠳᠠᠷᠤᠮᠠᠯᠯᠠᠨ   ᠲᠠᠷᠬᠠᠭ᠋ᠠᠵᠤ᠂ ᠳᠠᠷᠤᠮᠠᠯᠯᠠᠨ   ᠲᠠᠷᠬᠠᠭ᠋ᠠᠭᠰᠠᠨ   ᠡᠳᠦᠷ ᠎ᠠᠴᠠ   ᠡᠬᠢᠯᠡᠵᠦ ᠬᠡᠷᠡᠭᠵᠢᠭᠦᠯᠦᠨ᠎ᠡ᠃
    ᠭᠤᠷᠪᠠ᠂ 《ᠬᠠᠮᠢᠶᠠᠷᠤᠯᠲᠠ ᠵᠢᠨ ᠨᠠᠷᠢᠨ ᠳᠦᠷᠢᠮ》  ᠎ᠤᠨ ᠦᠨᠳᠦᠰᠦᠨ ᠪᠣᠷᠣ ᠲᠥᠯᠥᠪ ᠪᠣᠯᠣᠨ ᠭᠣᠣᠯ ᠠᠭᠤᠯᠭ᠎ᠠ
    《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠫᠤᠤᠳᠠᠯᠭ᠎ᠠ ᠵᠢᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ   ᠨᠢᠭᠡᠴᠢ ᠵᠢᠨ ᠫᠤᠤ ᠵᠡᠪᠰᠡᠭ᠎ᠤᠨ ᠬᠠᠮᠢᠶᠠᠷᠤᠯᠲᠠ ᠵᠢᠨ ᠨᠠᠷᠢᠨ ᠳᠦᠷᠢᠮ》᠎ᠨᠢ ᠨᠡᠶ᠋ᠢᠲᠡ ᠨᠠᠢ᠍ᠮᠠᠨ ᠪᠦᠯᠦᠭ 48 ᠵᠦᠢ᠍ᠯ ᠪᠠᠢ᠌ᠵᠤ᠂ ᠭᠣᠣᠯᠳᠠᠭᠤ ᠫᠤᠤᠳᠠᠯᠭ᠎ᠠ ᠵᠢᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠨᠢᠭᠡᠴᠢ ᠵᠢ ᠬᠢᠨᠠᠨ ᠵᠥᠪᠰᠢᠶᠡᠷᠡᠬᠦ᠂ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠫᠤᠤ ᠵᠡᠪᠰᠡᠭ᠎ᠢ ᠲᠣᠬᠢᠷᠠᠭᠤᠯᠬᠤ ᠪᠠ ᠬᠤᠳᠠᠯᠳᠤᠨ ᠠᠪᠬᠤ᠂ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠫᠤᠤ ᠵᠡᠪᠰᠡᠭ ᠰᠤᠮᠤ ᠳᠠᠷᠢ ᠵᠢᠨ ᠬᠠᠮᠢᠶᠠᠷᠤᠯᠲᠠ᠂ ᠪᠡᠶ᠎ᠡ ᠵᠢᠨ ᠲᠠᠮᠢᠷ᠎ᠤᠨ ᠫᠤᠤ ᠵᠡᠪᠰᠡᠭ ᠰᠤᠮᠤ ᠳᠠᠷᠢ ᠵᠢᠨ ᠬᠥᠮᠥᠷᠭᠡ (ᠲᠠᠰᠤᠭ) ᠵᠢᠨ ᠬᠠᠮᠢᠶᠠᠷᠤᠯᠲᠠ᠂ ᠫᠤᠤᠳᠠᠯᠭ᠎ᠠ ᠵᠢᠨ ᠲᠠᠯᠠᠪᠤᠷ (ᠣᠷᠳᠣᠨ)᠎ᠤᠨ ᠬᠠᠮᠢᠶᠠᠷᠤᠯᠲᠠ᠂ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠫᠤᠤ ᠵᠡᠪᠰᠡᠭ (ᠰᠤᠮᠤ ᠳᠠᠷᠢ)᠎ᠤᠨ ᠲᠡᠭᠡᠭᠡᠪᠦᠷᠢ ᠵᠡᠷᠭᠡ ᠠᠭᠤᠯᠭ᠎ᠠ ᠵᠢ ᠲᠣᠭᠲᠠᠭ᠋ᠠᠵᠠᠢ᠃ ᠲᠣᠰ ᠬᠠᠮᠢᠶᠠᠷᠤᠯᠲᠠ ᠵᠢᠨ ᠨᠠᠷᠢᠨ ᠳᠦᠷᠢᠮ᠎ᠢ ᠨᠡᠢ᠌ᠲᠡᠯᠡᠬᠦ᠎ᠪᠠᠷ ᠳᠠᠮᠵᠢᠭᠤᠯᠤᠨ᠂ ᠫᠤᠤᠳᠠᠯᠭ᠎ᠠ ᠵᠢᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠫᠤᠤ ᠵᠡᠪᠰᠡᠭ ᠰᠤᠮᠤ ᠳᠠᠷᠢ ᠵᠢᠨ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠦᠷᠢᠮ᠎ᠤᠨ ᠪᠠᠳᠤᠯᠠᠭ᠎ᠠ ᠵᠢ ᠴᠢᠩᠭ᠋ᠠᠳᠬᠠᠪᠠ᠃
    ᠳᠥᠷᠪᠡ᠂ 《ᠬᠠᠮᠢᠶᠠᠷᠤᠯᠲᠠ ᠵᠢᠨ ᠨᠠᠷᠢᠨ ᠳᠦᠷᠢᠮ》᠎ᠤᠨ ᠭᠣᠣᠯ ᠣᠨᠴᠠᠯᠢᠭ
    (ᠨᠢᠭᠡ) ᠫᠤᠤᠳᠠᠯᠭ᠎ᠠ ᠵᠢᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠨᠢᠭᠡᠴᠢ ᠵᠢᠨ ᠬᠢᠷᠢ ᠬᠡᠮ᠎ᠢ ᠬᠢᠨᠠᠨ ᠪᠠᠢ᠌ᠴᠠᠭ᠋ᠠᠬᠤ ᠠᠵᠢᠯ᠎ᠢ ᠴᠢᠩᠭ᠋ᠠᠳᠬᠠᠪᠠ
    ᠫᠤᠤᠳᠠᠯᠭ᠎ᠠ ᠵᠢᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠨᠢᠭᠡᠴᠢ ᠵᠢᠨ ᠬᠢᠨᠠᠨ ᠵᠥᠪᠰᠢᠶᠡᠷᠡᠬᠦ ᠨᠥᠬᠥᠴᠡᠯ ᠪᠣᠯᠣᠨ ᠬᠢᠨᠠᠨ ᠵᠥᠪᠰᠢᠶᠡᠷᠡᠬᠦ ᠠᠯᠬᠤᠮ ᠳᠠᠷᠠᠭ᠎ᠠ ᠵᠢ ᠲᠣᠳᠣᠷᠬᠠᠢ᠌ᠯᠠᠵᠤ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠪᠥᠬᠥ ᠣᠷᠣᠨ᠎ᠤ ᠫᠤᠤᠳᠠᠯᠭ᠎ᠠ ᠵᠢᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ ᠡᠷᠭᠢᠯᠡᠬᠦ ᠨᠢᠭᠡᠴᠢ ᠵᠢᠨ ᠵᠠᠰᠠᠭ ᠵᠠᠬᠢᠷᠭ᠋ᠠᠨ᠎ᠤ ᠬᠢᠨᠠᠨ ᠵᠥᠪᠰᠢᠶᠡᠷᠡᠬᠦ ᠪᠠ ᠬᠢᠷᠢ ᠬᠡᠮ᠎ᠢ ᠳᠠᠬᠢᠨ ᠬᠢᠨᠠᠬᠤ ᠠᠵᠢᠯ᠎ᠢ ᠬᠠᠷᠢᠭᠤᠴᠠᠵᠤ᠂ ᠫᠤᠤᠳᠠᠯᠭ᠎ᠠ ᠵᠢᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ ᠡᠷᠭᠢᠯᠡᠬᠦ ᠨᠢᠭᠡᠴᠢ ᠵᠢᠨ ᠳᠤᠷᠠᠳᠤᠭᠰᠠᠨ ᠭᠤᠶᠤᠴᠢᠯᠠᠯ᠎ᠢ ᠬᠢᠨᠠᠨ ᠵᠥᠪᠰᠢᠶᠡᠷᠡᠵᠦ᠂ ᠫᠤᠤᠳᠠᠯᠭ᠎ᠠ ᠵᠢᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠨᠢᠭᠡᠴᠢ᠎ᠳᠤ ᠬᠣᠶᠠᠷ ᠵᠢᠯ᠎ᠳᠤ ᠳᠠᠬᠢᠨ ᠬᠢᠨᠠᠭᠰᠠᠨ ᠦᠷ᠎ᠡ ᠳ᠋ᠦᠩ᠎ᠢ ᠴᠠᠭ ᠲᠤᠬᠠᠢ᠎ᠳᠤᠨᠢ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ᠎ᠳᠤ ᠮᠡᠳᠡᠭᠦᠯᠵᠦ ᠳᠠᠩᠰᠠᠯᠠᠭᠤᠯᠬᠤ ᠵᠢᠨ ᠬᠠᠮᠲᠤ ᠥᠪᠡᠷᠲᠡᠭᠡᠨ ᠵᠠᠰᠠᠬᠤ ᠣᠷᠣᠨ᠎ᠤ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠳᠤ ᠬᠠᠭᠤᠯᠤᠨ ᠬᠦᠷᠭᠡᠨ᠎ᠡ᠃
    (ᠬᠣᠶᠠᠷ) ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠫᠤᠤ ᠵᠡᠪᠰᠡᠭ᠎ᠤᠨ ᠬᠠᠮᠢᠶᠠᠷᠤᠯᠲᠠ ᠵᠢᠨ ᠬᠠᠷᠢᠭᠤᠴᠠᠯᠭ᠎ᠠ ᠵᠢ ᠨᠠᠢ᠌ᠳᠡᠪᠤᠷᠢᠵᠢᠭᠤᠯᠪᠠ
    ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠨᠢ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠠᠬᠢ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠫᠤᠤ ᠵᠡᠪᠰᠡᠭ᠎ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠬᠠᠷᠢᠭᠤᠴᠠᠨ᠎ᠠ; ᠬᠣᠰᠢᠭᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠡᠯ᠎ᠡ ᠱᠠᠲᠤᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠫᠤᠤ ᠵᠡᠪᠰᠡᠭ᠎ᠲᠤ ᠬᠢᠨᠠᠯᠲᠠ ᠲᠠᠯᠪᠢᠵᠤ ᠬᠠᠮᠢᠶᠠᠷᠬᠤ ᠠᠵᠢᠯ᠎ᠢ ᠵᠣᠬᠢᠶᠠᠨ ᠪᠠᠢ᠌ᠭᠤᠯᠤᠨ ᠵᠣᠬᠢᠴᠠᠭᠤᠯᠤᠨ᠎ᠠ᠃ ᠫᠤᠤᠳᠠᠯᠭ᠎ᠠ ᠵᠢᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠨᠢᠭᠡᠴᠢ᠎ᠨᠢ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠫᠤᠤ ᠵᠡᠪᠰᠡᠭ᠎ᠤᠨ ᠡᠳᠦᠷ ᠲᠤᠳᠤᠮ᠎ᠤᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠵᠤ᠂ ᠲᠡᠭᠦᠨ᠎ᠤ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠭᠣᠣᠯ ᠬᠠᠷᠢᠭᠤᠴᠠᠯᠭ᠋ᠠᠲᠠᠨ᠎ᠨᠢ ᠲᠤᠰ ᠨᠢᠭᠡᠴᠢ ᠵᠢᠨ ᠵᠶ᠋ᠡᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠫᠤᠤ ᠵᠡᠪᠰᠡᠭ᠎ᠤᠨ ᠨᠢᠭᠡᠳᠦᠭᠡᠷ ᠬᠠᠷᠢᠭᠤᠴᠠᠯᠭ᠋ᠠᠳᠠᠨ ᠪᠤᠯᠤᠨ᠎ᠡ᠃
    (ᠭᠤᠷᠪᠠ) ᠫᠤᠤ ᠰᠤᠮᠤᠨ᠎ᠤ ᠬᠥᠮᠥᠷᠭᠡ᠂ ᠫᠤᠤᠳᠠᠯᠭ᠎ᠠ ᠵᠢᠨ ᠲᠡᠯᠡᠪᠡᠢ ᠵᠢᠨ ᠪᠦᠲᠦᠭᠡᠨ ᠪᠠᠢ᠌ᠭᠤᠯᠤᠯᠲᠠ ᠪᠠ ᠬᠠᠮᠢᠶᠠᠷᠤᠯᠲᠠ ᠵᠢᠨ ᠠᠵᠢᠯ᠎ᠢ ᠴᠢᠩᠭ᠋ᠠᠳᠬᠠᠪᠠ
    1. 《ᠫᠤᠤ ᠵᠡᠪᠰᠡᠭ (ᠰᠤᠮᠤ ᠳᠠᠷᠢ)᠎ᠤᠨ ᠬᠥᠮᠥᠷᠭᠡ ᠵᠢᠨ ᠲᠠᠰᠤᠭ᠎ᠤᠨ ᠲᠦᠭᠰᠢᠭᠦᠷᠢ ᠵᠢᠨ ᠲᠠᠰ᠎ᠤᠨ ᠬᠤᠪᠢᠶᠠᠷᠢᠯᠠᠯ ᠬᠢᠭᠡᠳ ᠠᠮᠤᠷ ᠲᠦᠪᠰᠢᠨ᠎ᠤ ᠰᠡᠷᠭᠡᠢ᠌ᠯᠡᠯᠲᠡ ᠵᠢᠨ ᠱᠠᠭ᠋ᠠᠷᠳᠠᠯᠭ᠎ᠠ》 (GA1016) ᠵᠢᠴᠢ ᠬᠠᠮᠢᠶ᠎ᠠ ᠪᠦᠬᠦᠢ ᠪᠠᠷᠢᠮᠵᠢᠶ᠎ᠠ ᠵᠢ ᠴᠢᠩᠭ᠎ᠠ ᠵᠢᠷᠤᠮᠯᠠᠨ ᠫᠤᠤ ᠵᠢᠨ ᠬᠥᠮᠥᠷᠭᠡ ᠵᠢᠨ ᠪᠦᠲᠦᠭᠡᠨ ᠪᠠᠢ᠌ᠭᠤᠯᠤᠯᠲᠠ ᠵᠢ ᠬᠢᠨ᠎ᠡ᠃ ᠬᠣᠶᠠᠷ ᠬᠥᠮᠥᠨ ᠬᠣᠶᠠᠷ᠎ᠢ ᠣᠨᠢᠰᠤᠯᠠᠬᠤ ᠪᠠ 24 ᠴᠠᠭ ᠵᠶ᠋ᠠᠷ ᠵᠢᠵᠢᠭᠦᠷᠯᠡᠬᠦ ᠳᠦᠷᠢᠮ᠎ᠢ ᠨᠠᠢ᠌ᠳᠠᠪᠤᠷᠢᠵᠢᠭᠤᠯᠵᠤ᠂ ᠫᠤᠤ ᠰᠤᠮᠤᠨ᠎ᠤ ᠬᠥᠮᠥᠷᠭᠡ ᠵᠢᠨ ᠬᠢᠨᠠᠨ ᠡᠵᠡᠮᠳᠡᠬᠦ ᠳᠦᠷᠰᠦ ᠰᠢᠩᠭᠡᠭᠡᠯᠲᠡ ᠵᠢ ᠨᠠᠭ᠋ᠠᠲᠤ ᠵᠠᠬ᠎ᠠ᠎ᠳᠠᠭᠠᠨ 90 ᠡᠳᠦᠷ᠎ᠠᠴᠠ ᠳᠡᠭᠡᠭᠰᠢ ᠬᠠᠳᠠᠭ᠋ᠠᠯᠠᠬᠤ ᠬᠡᠷᠡᠭᠲᠡᠢ᠃
    2. ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠫᠤᠤ ᠵᠡᠪᠰᠡᠭ ᠰᠤᠮᠤ ᠳᠠᠷᠢ ᠵᠢ ᠬᠠᠳᠠᠭ᠋ᠠᠯᠠᠵᠤ ᠭᠠᠷᠭ᠋ᠠᠨ ᠠᠪᠴᠤ ᠬᠡᠷᠡᠭᠯᠡᠬᠦ ᠪᠦᠷᠢᠳᠬᠡᠯ᠎ᠤᠨ ᠬᠦᠰᠦᠨᠦᠭᠲᠦ ᠵᠢ ᠪᠠᠢ᠌ᠭᠤᠯᠤᠨ ᠪᠦᠷᠢᠨᠰᠢᠭᠦᠯᠦᠨ᠎ᠡ᠃ ᠬᠠᠮᠢᠶᠠᠷᠤᠯᠲᠠ ᠵᠢᠨ ᠨᠠᠷᠢᠨ ᠳᠦᠷᠢᠮ᠎ᠤᠨ ᠠᠷᠤ᠎ᠳᠤ ᠨᠢᠭᠡᠳᠦᠯᠲᠡᠢ 《2024 ᠣᠨ᠎ᠤ ᠫᠤᠤᠳᠠᠯᠭ᠎ᠠ ᠵᠢᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠨᠢᠭᠡᠴᠢ ᠵᠢᠨ ᠡᠳᠦᠷ ᠲᠤᠲᠤᠮ᠎ᠤᠨ ᠪᠣᠯᠪᠠᠰᠤᠷᠠᠯ᠎ᠤᠨ ᠰᠤᠮᠤ ᠬᠠᠳᠠᠭ᠋ᠠᠯᠠᠵᠤ ᠭᠠᠷᠭ᠋ᠠᠬᠤ ᠪᠦᠷᠢᠳᠬᠡᠯ᠎ᠤᠨ ᠬᠦᠰᠦᠨᠦᠭᠲᠦ》 《2024 ᠣᠨ᠎ᠤ ᠫᠤᠤᠳᠠᠯᠭ᠎ᠠ ᠵᠢᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ   ᠨᠢᠭᠡᠴᠢ ᠵᠢᠨ ᠡᠳᠦᠷ ᠲᠤᠲᠤᠮ᠎ᠤᠨ ᠪᠣᠯᠪᠠᠰᠤᠷᠠᠯ᠎ᠤᠨ ᠰᠤᠮᠤ ᠬᠠᠳᠠᠭ᠋ᠠᠯᠠᠵᠤ ᠭᠠᠷᠭ᠋ᠠᠬᠤ ᠪᠦᠷᠢᠳᠬᠡᠯ᠎ᠤᠨ ᠬᠦᠰᠦᠨᠦᠭᠲᠦ》 《ᠫᠤᠤᠳᠠᠯᠭ᠎ᠠ ᠵᠢᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠨᠢᠭᠡᠴᠢ ᠵᠢᠨ ᠫᠤᠤ ᠬᠠᠳᠠᠭ᠋ᠠᠯᠠᠵᠤ ᠭᠠᠷᠭ᠋ᠠᠬᠤ ᠪᠦᠷᠢᠳᠬᠡᠯ᠎ᠤᠨ ᠬᠦᠰᠦᠨᠦᠭᠲᠦ》 ᠵᠢ ᠳᠠᠭ᠋ᠠᠯᠳᠤᠭᠤᠯᠪᠠ᠃ ᠫᠤᠤ ᠵᠡᠪᠰᠡᠭ (ᠰᠤᠮᠤ)᠎ᠢ ᠬᠥᠮᠥᠷᠭᠡ᠎ᠠᠴᠠ ᠣᠷᠣᠭᠤᠯᠵᠤ ᠭᠠᠷᠭ᠋ᠠᠭᠰᠠᠨ ᠪᠠᠢ᠌ᠳᠠᠯ᠎ᠢ ᠨᠠᠷᠢᠨ ᠲᠣᠳᠣᠷᠬᠠᠢ᠂ ᠣᠨᠣᠪᠴᠢᠲᠠᠶ ᠲᠡᠮᠳᠡᠭᠯᠡᠬᠦ ᠵᠢ ᠦᠨᠡᠨᠬᠦ ᠪᠠᠲᠤᠯᠠᠬᠤ ᠬᠡᠷᠡᠭᠲᠡᠢ᠃
    3. ᠡᠯ᠎ᠡ ᠵᠦᠢ᠍ᠯ᠎ᠤᠨ ᠳᠦᠷᠢᠮ᠎ᠢ ᠴᠢᠩᠭ᠎ᠠ ᠬᠡᠷᠡᠭᠵᠢᠭᠦᠯᠬᠦ ᠬᠡᠷᠡᠭᠲᠡᠢ᠃ ᠫᠤᠤ ᠰᠤᠮᠤ ᠵᠢᠨ ᠬᠥᠮᠥᠷᠭᠡ᠎ᠨᠢ ᠫᠤᠤ ᠵᠡᠪᠰᠡᠭ ᠰᠤᠮᠤ ᠳᠠᠷᠢ ᠵᠢ ᠠᠪᠴᠤ ᠬᠡᠷᠡᠭᠯᠡᠬᠦ᠂ ᠬᠠᠳᠠᠭ᠋ᠠᠯᠠᠨ ᠲᠠᠯᠪᠢᠬᠤ ᠳᠠᠩᠰᠠᠯᠠᠯᠲᠠ ᠵᠢᠨ ᠭᠠᠷᠳᠠᠮ᠎ᠢ ᠴᠢᠩᠭ᠎ᠠ ᠬᠡᠷᠡᠭᠵᠢᠭᠦᠯᠵᠦ᠂ ᠫᠤᠤ ᠵᠡᠪᠰᠡᠭ᠂ ᠰᠤᠮᠤ ᠵᠢ ᠬᠥᠮᠥᠷᠭᠡ᠎ᠠᠴᠠ ᠭᠠᠷᠭ᠋ᠠᠵᠦ ᠣᠷᠣᠭᠤᠯᠬᠤ ᠡᠬᠡ ᠲᠠᠩᠰᠠᠨ᠎ᠳᠤ ᠲᠡᠮᠳᠡᠭᠯᠡᠬᠦ ᠠᠵᠢᠯ᠎ᠢ ᠰᠠᠢ᠌ᠲᠤᠷ ᠬᠢᠬᠦ ᠬᠡᠷᠡᠭᠲᠡᠢ; ᠫᠤᠤᠳᠠᠯᠭ᠎ᠠ ᠵᠢᠨ ᠲᠡᠯᠡᠪᠡᠢ  (ᠣᠷᠳᠣᠨ) ᠪᠠ ᠫᠤᠤ ᠵᠢᠨ ᠰᠤᠮᠤᠨ᠎ᠤ ᠬᠥᠮᠥᠷᠭᠡ᠎ᠳᠤ ᠪᠦᠬᠦᠠ᠎ᠢ ᠪᠢᠲᠡᠭᠦᠮᠵᠢᠯᠡᠭᠰᠡᠨ ᠬᠠᠮᠢᠶᠠᠷᠤᠯᠲᠠ ᠵᠢᠨ ᠲᠦᠷᠢᠮ᠎ᠢ ᠬᠡᠷᠡᠭᠵᠢᠭᠦᠯᠦᠨ᠎ᠡ᠂ ᠬᠠᠮᠢᠶ᠎ᠠ ᠦᠭᠡᠢ ᠬᠥᠮᠥᠨ ᠳᠤᠷ᠎ᠠ᠎ᠪᠠᠷ ᠵᠶ᠋ᠠᠨ ᠣᠷᠣᠵᠤ ᠪᠣᠯᠬᠤ ᠦᠭᠡᠢ; ᠫᠤᠤ ᠵᠡᠪᠰᠡᠭ᠎ᠢ ᠯᠠᠩᠭᠦᠢ ᠵᠢᠨ ᠦᠢ᠍ᠯᠡᠴᠢᠯᠡᠭᠡᠨ᠎ᠤ ᠠᠷᠭ᠎ᠠ ᠮᠠᠶᠢᠭ ᠵᠶ᠋ᠠᠷ ᠲᠠᠷᠬᠠᠭ᠋ᠠᠬᠤ᠂ ᠬᠤᠷᠢᠶᠠᠬᠤ ᠵᠢ ᠬᠡᠷᠡᠭᠵᠢᠭᠦᠯᠦᠨ᠎ᠡ᠃ ᠰᠤᠮᠤ᠎ᠳᠤ ᠬᠣᠶᠠᠷ ᠱᠠᠲᠤᠨ᠎ᠤ ᠲᠠᠷᠬᠠᠭ᠋ᠠᠯᠲᠠ ᠵᠢᠨ ᠠᠷᠭ᠎ᠠ ᠬᠡᠯᠪᠡᠷᠢ ᠵᠢ ᠠᠪᠴᠤ ᠪᠣᠯᠣᠨ᠎ᠠ; ᠮᠡᠳᠡᠭᠡ ᠵᠠᠩᠭᠢᠵᠢᠯᠲᠠ ᠵᠢᠨ ᠬᠠᠮᠢᠶᠠᠷᠤᠯᠲᠠ ᠵᠢᠨ ᠳᠦᠷᠢᠮ᠎ᠢ ᠪᠠᠢ᠌ᠭᠤᠯᠤᠨ ᠲᠡᠭᠦᠯᠳᠡᠷᠵᠢᠭᠦᠯᠵᠦ᠂ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠫᠤᠤ ᠵᠡᠪᠰᠡᠭ᠎ᠤᠨ ᠮᠡᠳᠡᠭᠡ ᠵᠠᠩᠭᠢ ᠵᠢᠨ ᠬᠥᠳᠡᠯᠦᠩᠭᠦᠢ ᠬᠠᠮᠢᠶᠠᠷᠤᠯᠲᠠ ᠵᠢ ᠪᠡᠶᠡᠯᠡᠭᠦᠯᠬᠦ ᠵᠡᠷᠭᠡ ᠪᠣᠯᠣᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠦᠰᠦᠭ ᠪᠢᠴᠢᠭ᠎ᠤᠨ ᠲᠡᠢ᠌ᠯᠦᠮᠵᠢ᠄ ᠪᠦᠬᠦ ᠠᠷᠠᠳ᠎ᠤᠨ ᠪᠡᠶ᠎ᠡ ᠴᠢᠬᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠵᠦ᠂ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠳᠤ ᠡᠷᠡᠭᠦᠯ ᠮᠡᠨᠳᠦ ᠵᠢᠨ ᠰᠠᠭᠤᠷᠢ ᠵᠢ ᠪᠠᠲᠤᠳᠬᠠᠨ᠎ᠠ
ᠦᠰᠦᠭ ᠪᠢᠴᠢᠭ᠎ᠤᠨ ᠲᠠᠢ᠌ᠯᠤᠮᠵᠢ᠄ 《ᠳᠤᠮᠳᠠᠳᠤ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠥᠭᠡᠷᠡᠴᠢᠯᠡᠯᠲᠡ ᠬᠥᠭᠵᠢᠯᠲᠡ ᠵᠢᠨ ᠬᠡᠷᠡᠭᠵᠢᠭᠦᠯᠬᠦ ᠰᠠᠨᠠᠯ》᠎ᠤᠨ ᠲᠤᠬᠠᠢ ᠲᠠᠢ᠌ᠯᠤᠮᠵᠢ
ᠵᠢᠷᠤᠭᠳᠦ ᠲᠡᠢ᠌ᠯᠦᠮᠵᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠮᠢᠷᠴᠢᠳ᠎ᠤᠨ ᠮᠡᠷᠭᠡᠵᠢᠯ᠎ᠤᠨ ᠲᠠᠰ᠎ᠤᠨ ᠬᠠᠮᠢᠶᠠᠷᠤᠯᠲᠠ ᠵᠢ ᠬᠡᠷᠡᠭᠵᠢᠭᠦᠯᠬᠦ ᠨᠠᠷᠢᠨ ᠲᠦᠷᠢᠮ᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠵᠢᠷᠤᠭᠳᠦ ᠲᠡᠢ᠌ᠯᠤᠮᠵᠢ᠄ 《ᠳᠤᠮᠳᠠᠳᠤ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠬᠦᠯ ᠪᠥᠮᠪᠦᠭᠡ ᠵᠢᠨ ᠥᠭᠡᠷᠡᠴᠢᠯᠡᠯᠲᠡ ᠬᠥᠭᠵᠢᠯᠲᠡ ᠵᠢᠨ ᠬᠡᠷᠡᠭᠵᠢᠭᠦᠯᠬᠦ ᠰᠠᠨᠠᠯ》᠎ᠤᠨ ᠲᠤᠬᠠᠢ ᠲᠠᠢ᠌ᠯᠤᠮᠵᠢ
ᠵᠢᠷᠤᠭᠳᠦ ᠲᠡᠢ᠌ᠯᠤᠮᠵᠢ᠄ 《ᠳᠤᠮᠳᠠᠳᠤ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠥᠭᠡᠷᠡᠴᠢᠯᠡᠯᠲᠡ ᠬᠥᠭᠵᠢᠯᠲᠡ ᠵᠢᠨ ᠬᠡᠷᠡᠭᠵᠢᠭᠦᠯᠬᠦ ᠰᠠᠨᠠᠯ》᠎ᠤᠨ ᠲᠤᠬᠠᠢ ᠲᠠᠢ᠌ᠯᠤᠮᠵᠢ
 
            