ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠢᠯᠡ ᠵᠠᠰᠠᠭ   -   ᠲᠥᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠦᠰᠦᠭ ᠪᠢᠴᠢᠭ᠎ᠤᠨ ᠲᠡᠢ᠌ᠯᠦᠮᠵᠢ᠄ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠵᠤᠷᠭ᠋ᠠᠨ᠎ᠤ ᠬᠠᠷᠢᠭᠤᠴᠠᠯᠭ᠋ᠠᠲᠠᠨ᠎ᠠᠴᠠ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠬᠠᠮᠢᠶᠠᠷᠤᠯᠲᠠ ᠵᠢᠨ ᠠᠷᠭ᠎ᠠ》 ᠵᠢᠨ ᠲᠤᠬᠠᠢ ᠲᠠᠢ᠌ᠯᠦᠮᠵᠢ ᠬᠢᠪᠡ
ᠨᠡᠶ᠋ᠢᠲᠡᠯᠡᠭᠰᠡᠨ ᠴᠠᠭ᠄ 2024-09-02

    ᠣᠢ᠌ᠷ᠎ᠠ᠎ᠳᠤ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠬᠠᠮᠢᠶᠠᠷᠤᠯᠲᠠ ᠵᠢᠨ ᠠᠷᠭ᠎ᠠ》 (ᠳᠣᠷᠣᠭᠰᠢ 《ᠠᠷᠭ᠎ᠠ》 ᠭᠡᠵᠦ ᠲᠣᠪᠴᠢᠯᠠᠨ᠎ᠠ) ᠵᠢ ᠵᠢᠩᠬᠢᠨᠢ᠎ᠪᠠᠷ ᠨᠡᠢ᠌ᠲᠡᠯᠡᠪᠡ᠃ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠵᠤᠷᠭ᠋ᠠᠨ᠎ᠤ ᠬᠠᠷᠢᠭᠤᠴᠠᠯᠭ᠋ᠠᠲᠠᠨ ᠢᠯᠡᠷᠬᠡᠢ᠌ᠯᠡᠬᠦ᠎ᠳᠡᠭᠡᠨ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ ᠪᠣᠯ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠵᠦᠢ᠍ᠯᠡᠰ ᠮᠥᠨ᠂ ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ᠎ᠤᠨ ᠪᠦᠷᠢᠯᠳᠦᠭᠦᠨ ᠬᠡᠰᠡᠭ ᠮᠥᠨ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠ ᠣᠯᠠᠨ ᠤᠯᠤᠰ᠎ᠤᠨ ᠰᠣᠯᠢᠯᠴᠠᠭ᠎ᠠ ᠵᠢ ᠲᠦᠯᠬᠢᠨ ᠠᠬᠢᠭᠤᠯᠬᠤ ᠴᠢᠬᠤᠯᠠ ᠠᠴᠢᠶᠠᠯᠠᠪᠤᠷᠢ ᠮᠥᠨ᠃ 《ᠠᠷᠭ᠎ᠠ》᠎ᠳᠤ ᠵᠠᠰᠠᠪᠤᠷᠢ ᠣᠷᠣᠭᠤᠯᠵᠤ᠂ ᠬᠢᠨᠠᠨ ᠬᠠᠮᠢᠶᠠᠷᠬᠤ᠂ ᠪᠠᠲᠤᠯᠠᠬᠤ ᠵᠢᠨ ᠬᠠᠤᠯᠢ ᠲᠣᠭᠲᠠᠭ᠋ᠠᠬᠤ ᠦᠨᠳᠦᠰᠦᠯᠡᠯ᠎ᠢ ᠲᠡᠭᠦᠯᠳᠡᠷᠵᠢᠭᠦᠯᠦᠨ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠰᠢᠨ᠎ᠡ ᠴᠠᠭ ᠦᠶ᠎ᠡ ᠰᠢᠨ᠎ᠡ ᠠᠶᠠᠨ ᠵᠠᠮ᠎ᠳᠤ ᠴᠢᠨᠠᠷ ᠰᠠᠢ᠌ᠲᠠᠢ ᠬᠥᠭᠵᠢᠯᠲᠡ ᠵᠢ ᠪᠡᠶᠡᠯᠡᠭᠦᠯᠬᠦ ᠵᠢ ᠠᠬᠢᠭᠤᠯᠬᠤ᠎ᠳᠤ ᠠᠰᠢᠭᠲᠠᠢ ᠶᠤᠮ ᠭᠡᠪᠡ᠃
    ᠲᠣᠰ ᠬᠠᠷᠢᠭᠤᠴᠠᠯᠭ᠋ᠠᠲᠠᠨ ᠢᠯᠡᠷᠬᠡᠢ᠌ᠯᠡᠬᠦ᠎ᠳᠡᠭᠡᠨ᠂ ᠤᠤᠯ᠎ᠤᠨ 《ᠠᠷᠭ᠎ᠠ》 ᠵᠢ 2006 ᠣᠨ᠎ᠤ 11 ᠰᠠᠷ᠎ᠠ ᠵᠢᠨ 17᠎ᠤ ᠡᠳᠦᠷ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ ᠵᠠᠷᠯᠢᠭ᠎ᠤᠨ ᠬᠡᠯᠪᠡᠷᠢ᠎ᠪᠠᠷ ᠳᠠᠷᠤᠮᠠᠯᠯᠠᠨ ᠲᠠᠷᠬᠠᠭ᠋ᠠᠵᠤ ᠨᠡᠢ᠌ᠲᠡᠯᠡᠪᠡ᠂ ᠡᠨᠡ᠎ᠨᠢ ᠨᠡᠯᠢᠶᠡᠳ ᠣᠷᠳᠣ ᠬᠤᠭᠤᠴᠠᠭ᠋ᠠᠨ᠎ᠳᠤ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠵᠢᠷᠤᠮᠵᠢᠭᠰᠠᠨ ᠬᠠᠮᠢᠶᠠᠷᠤᠯᠲᠠ ᠵᠢ ᠴᠢᠩᠭ᠋ᠠᠳᠬᠠᠬᠤ᠂ ᠳᠡᠯᠭᠡᠷᠡᠭᠦᠯᠦᠨ ᠲᠦᠭᠡᠮᠡᠯᠵᠢᠭᠦᠯᠬᠦ ᠵᠢ ᠠᠬᠢᠭᠤᠯᠬᠤ᠎ᠳᠤ ᠢᠳᠡᠪᠬᠢᠲᠡᠢ ᠦᠢ᠍ᠯᠡᠳᠦᠯ ᠦᠵᠡᠭᠦᠯᠦᠭᠰᠡᠨ ᠪᠠᠢ᠌ᠨ᠎ᠠ ᠭᠡᠵᠡᠢ᠃ ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠰᠢ ᠵᠢᠨ ᠫᠢᠩ ᠨᠥᠬᠥᠷ ᠵᠶ᠋ᠡᠷ ᠭᠣᠣᠯ ᠪᠣᠯᠭ᠋ᠠᠭᠰᠠᠨ ᠨᠠᠮ᠎ᠤᠨ ᠲᠥᠪ ᠬᠣᠷᠢᠶ᠎ᠠ ᠪᠡᠶ᠎ᠡ ᠵᠢᠨ ᠲᠠᠮᠢᠷ᠎ᠤᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠵᠢ ᠤᠯᠤᠰ᠎ᠤᠨ ᠪᠠᠢ᠌ᠯᠳᠤᠬᠤ ᠪᠣᠳᠣᠯᠭ᠎ᠠ ᠪᠣᠯᠭ᠋ᠠᠨ ᠳᠡᠭᠡᠭᠰᠢᠯᠡᠭᠦᠯᠵᠦ᠂ ᠪᠥᠬᠥ ᠠᠷᠠᠳ᠎ᠤᠨ ᠪᠡᠶ᠎ᠡ ᠴᠢᠭᠢᠷᠠᠭᠵᠢᠭᠤᠯᠬᠤ ᠪᠠ ᠪᠥᠬᠥ ᠠᠷᠠᠳ᠎ᠤᠨ ᠡᠷᠡᠭᠦᠯ ᠮᠡᠨᠳᠦ ᠵᠢᠨ ᠭᠦᠨᠵᠡᠭᠡᠢ ᠠᠭᠤᠰᠤᠯᠴᠠᠯ᠎ᠢ ᠲᠦᠯᠬᠢᠨ ᠠᠬᠢᠭᠤᠯᠵᠤ᠂ ᠢᠯᠠᠩᠭᠤᠶ᠎ᠠ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠎ᠤᠨ ᠪᠦᠲᠦᠭᠡᠨ ᠪᠠᠢ᠌ᠭᠤᠯᠤᠯᠲᠠ ᠵᠢ ᠲᠦᠷᠭᠡᠳᠬᠡᠨ ᠠᠬᠢᠭᠤᠯᠬᠤ ᠲᠤᠬᠠᠢ ᠴᠢᠬᠤᠯᠠ ᠶᠡᠬᠡ ᠪᠠᠢ᠌ᠷᠢᠯᠠᠭᠤᠯᠤᠯᠲᠠ᠎ᠨᠢ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠢ ᠪᠠᠭᠲᠠᠭ᠋ᠠᠭᠰᠠᠨ ᠰᠢᠨ᠎ᠡ ᠴᠠᠭ ᠦᠶ᠎ᠡ ᠵᠢᠨ ᠰᠢᠨ᠎ᠡ ᠠᠶᠠᠨ ᠵᠠᠮ᠎ᠤᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠬᠥᠭᠵᠢᠯᠲᠡ᠎ᠳᠤ ᠰᠢᠨ᠎ᠡ ᠱᠠᠭ᠋ᠠᠷᠳᠠᠯᠭ᠎ᠠ ᠳᠤᠷᠠᠳᠤᠭᠰᠠᠨ ᠪᠠᠢ᠌ᠨ᠎ᠠ᠃ 2022 ᠣᠨ᠎ᠤ 6 ᠰᠠᠷ᠎ᠠ ᠵᠢᠨ 24᠎ᠤ ᠡᠳᠦᠷ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠪᠥᠬᠥᠳᠡ ᠨᠠᠢ᠌ᠷᠠᠮᠳᠠᠬᠤ ᠳᠤᠮᠳᠠᠳᠤ ᠠᠷᠠᠳ ᠤᠯᠤᠰ᠎ᠤᠨ ᠪᠡᠶ᠎ᠡ ᠵᠢᠨ ᠲᠠᠮᠢᠷ᠎ᠤᠨ ᠬᠠᠤᠯᠢ》᠎ᠳᠤ 《ᠤᠯᠠᠮᠵᠢᠯᠠᠯᠲᠤ ᠪᠡᠶ᠎ᠡ ᠵᠢᠨ ᠲᠠᠮᠢᠷ》᠎ᠤᠨ ᠵᠦᠢ᠍ᠯ ᠵᠤᠷᠪᠤᠰ᠎ᠢ ᠤᠤᠯ᠎ᠤᠨ 《ᠨᠡᠢ᠌ᠭᠡᠮ᠎ᠤᠨ ᠪᠡᠶ᠎ᠡ ᠵᠢᠨ ᠲᠠᠮᠢᠷ》 ᠭᠡᠬᠦ ᠪᠦᠯᠦᠭ᠎ᠠᠴᠠ ᠶᠡᠷᠦᠩᠬᠡᠢ ᠳᠦᠷᠢᠮ᠎ᠳᠤ ᠰᠢᠯᠵᠢᠭᠦᠯᠦᠭᠰᠡᠨ᠎ᠨᠢ ᠳᠤᠮᠳᠠᠳᠤ ᠵᠢᠨ ᠤᠯᠠᠮᠵᠢᠯᠠᠯᠲᠤ ᠪᠡᠶ᠎ᠡ ᠵᠢᠨ ᠲᠠᠮᠢᠷ᠎ᠢ ᠴᠢᠬᠤᠯᠠᠴᠢᠯᠠᠵᠤ ᠪᠠᠢ᠌ᠬᠤ ᠵᠢ ᠳᠣᠪᠣᠶ᠋ᠢᠯᠭ᠋ᠠᠭᠰᠠᠨ ᠪᠠᠢ᠌ᠨ᠎ᠠ᠃ 2006 ᠣᠨ᠎ᠤ᠎ᠬᠢ᠎ᠲᠠᠢ ᠬᠠᠷᠢᠴᠠᠭᠤᠯᠪᠠᠯ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠲᠥᠷᠥᠯ ᠵᠦᠢ᠍ᠯ᠎ᠤᠨ ᠬᠡᠯᠪᠡᠷᠢ᠂ ᠬᠥᠭᠵᠢᠯᠲᠡ ᠵᠢᠨ ᠬᠡᠪᠴᠢᠶ᠎ᠡ᠂ ᠨᠥᠯᠥᠭᠡᠯᠡᠬᠦ ᠬᠡᠪᠴᠢᠶ᠎ᠡ ᠵᠢᠴᠢ ᠨᠡᠢ᠌ᠭᠡᠮᠴᠢᠯᠡᠭᠰᠡᠨ ᠬᠡᠮᠵᠢᠶ᠎ᠡ ᠵᠡᠷᠭᠡ ᠲᠠᠯ᠎ᠠ᠎ᠪᠠᠷ ᠴᠥᠮ ᠰᠢᠨ᠎ᠡ ᠣᠨᠴᠠᠯᠢᠭ ᠢᠯᠡᠷᠡᠵᠦ᠂ ᠤᠤᠯ᠎ᠤᠨ 《ᠠᠷᠭ᠎ᠠ》᠎ᠨᠢ ᠨᠢᠭᠡᠨᠲᠡ ᠬᠠᠷᠢᠴᠠᠩᠭᠤᠢ᠎ᠪᠠᠷ ᠬᠣᠴᠤᠷᠤᠩᠭᠤᠢ ᠪᠣᠯᠵᠤ᠂ ᠰᠢᠨ᠎ᠡ ᠴᠠᠭ ᠦᠶ᠎ᠡ ᠵᠢᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠴᠢᠨᠠᠷ ᠰᠠᠢ᠌ᠲᠠᠢ ᠬᠥᠭᠵᠢᠯᠲᠡ ᠵᠢᠨ ᠬᠡᠷᠡᠭᠴᠡᠭᠡ᠎ᠳᠤ ᠵᠣᠬᠢᠴᠠᠬᠤ᠎ᠳᠤ ᠪᠡᠷᠬᠡ ᠪᠣᠯᠵᠠᠢ᠃
    ᠲᠤᠰ ᠬᠠᠷᠢᠭᠤᠴᠠᠯᠭ᠋ᠠᠲᠠᠨ ᠬᠡᠯᠡᠬᠦ᠎ᠳᠡᠭᠡᠨ᠂ 《ᠠᠷᠭ᠎ᠠ》᠎ᠳᠤ ᠵᠠᠰᠠᠪᠤᠷᠢ ᠣᠷᠣᠭᠤᠯᠬᠤ ᠠᠵᠢᠯ᠎ᠢ 2022 ᠣᠨ᠎ᠤ ᠳᠣᠣᠷ᠎ᠠ ᠬᠠᠭ᠋ᠠᠰ ᠵᠢᠯ᠎ᠠᠴᠠ ᠵᠢᠩᠬᠢᠨᠢ᠎ᠪᠠᠷ ᠡᠬᠢᠯᠡᠭᠦᠯᠪᠡ᠂ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠵᠤᠷᠭ᠋ᠠᠨ᠎ᠤ᠎ᠬᠢᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠲᠥᠪ᠎ᠲᠠᠢ ᠬᠠᠮᠲᠤᠷᠠᠨ ᠣᠢ᠌ᠷ᠎ᠠ ᠵᠢᠨ ᠵᠢᠯ᠎ᠤᠨ ᠲᠤᠷᠰᠢᠬᠢ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯᠯᠠᠭ᠎ᠠ ᠵᠢᠨ ᠪᠠᠢ᠌ᠳᠠᠯ᠂ ᠬᠠᠮᠢᠶᠠᠷᠤᠯᠲᠠ ᠵᠢᠨ ᠠᠷᠭ᠎ᠠ ᠮᠠᠶᠢᠭ᠎ᠤᠨ ᠥᠭᠡᠷᠡᠴᠢᠯᠡᠯᠲᠡ ᠵᠢᠨ ᠲᠤᠷᠰᠢᠯᠲᠠ ᠵᠢᠨ ᠡᠯ᠎ᠡ ᠱᠠᠲᠤᠨ᠎ᠤ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠲᠤᠬᠠᠢ᠌ᠯᠠᠭᠰᠠᠨ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠣᠯᠠᠨ ᠲᠦᠮᠡᠨ᠎ᠤ 《ᠠᠷᠭ᠎ᠠ》᠎ᠳᠤ ᠵᠠᠰᠠᠪᠤᠷᠢ ᠣᠷᠣᠭᠤᠯᠬᠤ ᠲᠤᠬᠠᠢ ᠰᠠᠨᠠᠯ ᠰᠠᠨᠠᠭᠤᠯᠭ᠎ᠠ ᠵᠢ ᠬᠢᠨᠠᠮᠠᠭ᠋ᠠᠢ ᠡᠮᠬᠢᠯᠡᠵᠦ᠂ ᠣᠳᠣᠬᠠᠨ᠎ᠤ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯ᠎ᠳᠤ ᠲᠤᠯᠭ᠋ᠠᠷᠠᠵᠤ ᠪᠠᠢ᠌ᠭ᠎ᠠ ᠰᠢᠨ᠎ᠡ ᠪᠠᠢ᠌ᠳᠠᠯ᠂ ᠰᠢᠨ᠎ᠡ ᠠᠰᠠᠭᠤᠳᠠᠯ᠎ᠲᠠᠢ ᠤᠶᠠᠯᠳᠤᠭᠤᠯᠤᠨ᠂ 《ᠠᠷᠭ᠎ᠠ》᠎ᠳᠤ ᠵᠠᠰᠠᠪᠤᠷᠢ ᠣᠷᠣᠭᠤᠯᠬᠤ ᠠᠵᠢᠯ᠎ᠢ ᠵᠣᠬᠢᠶᠠᠨ ᠪᠠᠢ᠌ᠭᠤᠯᠤᠨ ᠥᠷᠨᠢᠭᠦᠯᠪᠡ᠃ ᠲᠤᠰᠬᠠᠢ ᠮᠡᠷᠭᠡᠵᠢᠯᠲᠡᠨ᠎ᠤ ᠰᠤᠳᠤᠯᠤᠨ ᠶᠠᠷᠢᠯᠴᠠᠬᠤ ᠬᠤᠷᠠᠯ᠂ ᠶᠠᠷᠢᠯᠴᠠᠬᠤ ᠬᠤᠷᠠᠯ᠎ᠢ ᠣᠯᠠᠨ ᠤᠳᠠᠭ᠎ᠠ ᠬᠤᠷᠠᠯᠳᠤᠭᠤᠯᠬᠤ᠎ᠪᠠᠷ ᠳᠠᠮᠵᠢᠭᠤᠯᠤᠨ᠂ ᠨᠡᠢ᠌ᠭᠡᠮ ᠨᠡᠶ᠋ᠢᠲᠡ᠎ᠠᠴᠠ ᠢᠯᠡ᠎ᠪᠠᠷ ᠰᠠᠨᠠᠯ ᠬᠤᠷᠢᠶᠠᠭᠰᠠᠨ ᠪᠥᠭᠡᠳ 《ᠠᠷᠭ᠎ᠠ》 ᠵᠢᠨ ᠲᠤᠬᠠᠢ ᠬᠣᠯᠪᠣᠭᠳᠠᠯ ᠪᠦᠬᠦᠢ ᠶᠠᠮᠤᠨ ᠬᠣᠷᠢᠶ᠎ᠠ ᠪᠣᠯᠣᠨ ᠪᠦᠬᠦ ᠤᠯᠤᠰ᠎ᠤᠨ ᠪᠡᠶ᠎ᠡ ᠵᠢᠨ ᠲᠠᠮᠢᠷ᠎ᠤᠨ ᠰᠢᠰᠲ᠋ᠧᠮ᠎ᠤᠨ ᠰᠠᠨᠠᠯ᠎ᠢ ᠬᠣᠶᠠᠷ ᠤᠳᠠᠭ᠎ᠠ ᠬᠤᠷᠢᠶᠠᠵᠤ᠂ ᠤᠯᠤᠰ ᠲᠥᠷᠥ ᠬᠠᠤᠯᠢ ᠴᠠᠭ᠋ᠠᠵᠠ ᠵᠢᠨ ᠵᠤᠷᠭ᠋ᠠᠨ᠎ᠠᠴᠠ ᠴᠤᠭᠯᠠᠭᠤᠯᠤᠭᠰᠠᠨ ᠰᠠᠨᠠᠯ ᠰᠠᠨᠠᠭᠤᠯᠭ᠎ᠠ ᠵᠢ ᠵᠤᠷᠪᠤᠰ ᠳᠠᠷᠠᠭ᠋ᠠᠯᠠᠨ ᠰᠤᠳᠤᠯᠵᠤ᠂ ᠵᠦᠢ᠍ᠯ ᠵᠤᠷᠪᠤᠰ᠎ᠤᠨ ᠠᠭᠤᠯᠭ᠎ᠠ ᠵᠢ ᠲᠠᠰᠤᠷᠠᠯᠲᠠ ᠦᠭᠡᠢ ᠲᠡᠭᠦᠯᠳᠡᠷᠵᠢᠭᠦᠯᠦᠨ᠂ ᠡᠴᠦᠰ᠎ᠲᠡᠭᠡᠨ 《ᠠᠷᠭ᠎ᠠ》 ᠵᠢ 2024 ᠣᠨ᠎ᠤ 7 ᠰᠠᠷ᠎ᠠ ᠵᠢᠨ 10᠎ᠤ ᠡᠳᠦᠷ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ ᠲᠣᠪᠴᠢᠶ᠎ᠠ ᠵᠢᠨ ᠶᠠᠪᠤᠳᠠᠯ᠎ᠤᠨ ᠬᠤᠷᠠᠯᠳᠤᠭ᠋ᠠᠨ ᠵᠶ᠋ᠠᠷ ᠬᠢᠨᠠᠨ ᠶᠠᠷᠢᠯᠴᠠᠭᠤᠯᠵᠤ ᠪᠠᠲᠤᠯᠠᠭᠤᠯᠵᠠᠢ᠃
    ᠲᠣᠰ ᠬᠠᠷᠢᠭᠤᠴᠠᠯᠭ᠋ᠠᠲᠠᠨ ᠴᠢᠬᠤᠯᠠᠴᠢᠯᠠᠬᠤ᠎ᠳᠠᠭᠠᠨ᠂ 《ᠠᠷᠭ᠎ᠠ》᠎ᠳᠤ ᠵᠠᠰᠠᠪᠤᠷᠢ ᠣᠷᠣᠭᠤᠯᠤᠭᠰᠠᠨ ᠶᠡᠷᠦᠩᠬᠡᠢ ᠰᠡᠳᠬᠢᠮᠵᠢ ᠪᠣᠯ᠄ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠨ᠂ ᠠᠷᠠᠳ ᠲᠦᠮᠡᠨ ᠵᠶ᠋ᠡᠷ ᠭᠣᠣᠯ ᠪᠣᠯᠭ᠋ᠠᠬᠤ ᠵᠢ ᠪᠠᠷᠢᠮᠲᠠᠯᠠᠵᠤ᠂ ᠰᠢ ᠵᠢᠨ ᠫᠢᠩ ᠶᠡᠷᠦᠩᠬᠡᠢ ᠱᠦᠵᠢ ᠵᠢᠨ ᠪᠡᠶ᠎ᠡ ᠵᠢᠨ ᠲᠠᠮᠢᠷ᠎ᠤᠨ ᠲᠤᠬᠠᠢ ᠴᠢᠬᠤᠯᠠ ᠥᠭᠦᠯᠡᠯᠲᠡ ᠪᠠ ᠪᠡᠶ᠎ᠡ ᠵᠢᠨ ᠲᠠᠮᠢᠷ᠎ᠤᠨ ᠬᠦᠴᠦᠷᠬᠡᠭ ᠤᠯᠤᠰ᠂ ᠡᠷᠡᠭᠦᠯ ᠡᠩᠬᠡ ᠳᠤᠮᠳᠠᠳᠤ ᠤᠯᠤᠰ᠎ᠤᠨ ᠪᠠᠢ᠌ᠭᠤᠯᠤᠯᠲᠠ ᠵᠢᠨ ᠲᠤᠬᠠᠢ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠬᠤ ᠵᠢ ᠪᠠᠷᠢᠮᠲᠠᠯᠠᠵᠤ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠬᠥᠭᠵᠢᠯᠲᠡ ᠵᠢᠨ ᠵᠥᠪ ᠣᠨᠣᠪᠴᠢᠲᠠᠶ ᠤᠯᠤᠰ ᠲᠥᠷᠥ ᠵᠢᠨ ᠴᠢᠭᠯᠡᠯ᠎ᠢ ᠦᠨᠡᠨ ᠬᠦ᠌ ᠪᠠᠲᠤᠯᠠᠨ᠎ᠠ; ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯ᠎ᠤᠨ ᠣᠯᠠᠨ ᠵᠢᠯ᠎ᠤᠨ ᠲᠤᠷᠰᠢᠬᠢ ᠪᠦᠲᠦᠮᠵᠢᠲᠡᠶ ᠲᠤᠷᠰᠢᠯᠭ᠎ᠠ ᠪᠠ ᠠᠷᠭ᠎ᠠ ᠬᠢᠳᠡᠯ᠎ᠢ ᠰᠢᠨᠵᠢᠯᠡᠬᠦ ᠤᠬᠠᠭ᠋ᠠᠨᠴᠢ᠎ᠪᠠᠷ ᠳ᠋ᠦᠩᠨᠡᠵᠦ᠂ ᠤᠤᠯ᠎ᠤᠨ ᠶᠡᠷᠦᠩᠬᠡᠢ ᠪᠣᠷᠣ ᠲᠥᠯᠥᠪ᠎ᠢ ᠬᠤᠪᠢᠷᠠᠭᠤᠯᠬᠤ ᠦᠭᠡᠢ ᠪᠠᠢ᠌ᠬᠤ ᠵᠢ ᠪᠠᠲᠤᠯᠠᠵᠤ᠂ 《ᠠᠷᠭ᠎ᠠ》᠎ᠳᠤ ᠰᠢᠯᠢᠳᠡᠭᠵᠢᠭᠦᠯᠦᠨ ᠲᠣᠬᠢᠷᠠᠭᠤᠯᠤᠯᠲᠠ ᠬᠢᠵᠦ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠵᠥᠪᠰᠢᠶᠡᠷᠡᠯ᠎ᠤᠨ ᠳᠦᠷᠢᠮ᠎ᠢ ᠲᠡᠭᠦᠯᠳᠡᠷᠵᠢᠭᠦᠯᠦᠨ᠂ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢᠨ ᠵᠦᠢ᠍ᠯ ᠵᠤᠷᠪᠤᠰ᠎ᠢ ᠨᠠᠷᠢᠯᠢᠭᠵᠢᠭᠤᠯᠵᠤ᠂ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠵᠢᠷᠤᠮᠵᠢᠯ᠎ᠢ ᠪᠠᠢ᠌ᠭᠤᠯᠤᠨ ᠪᠦᠷᠢᠨᠰᠢᠭᠦᠯᠵᠦ᠂ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠂ ᠲᠡᠭᠦᠨ᠎ᠢ ᠰᠢᠨ᠎ᠡ ᠴᠠᠭ ᠦᠶ᠎ᠡ ᠵᠢᠨ ᠪᠡᠶ᠎ᠡ ᠵᠢᠨ ᠲᠠᠮᠢᠷ᠎ᠤᠨ ᠠᠵᠢᠯ᠎ᠤᠨ ᠪᠣᠳᠠᠲᠠᠢ᠎ᠳᠤ ᠨᠠᠩ ᠢᠯᠡᠭᠦᠦ ᠨᠡᠢ᠌ᠴᠡᠭᠦᠯᠵᠦ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯ᠎ᠤᠨ ᠪᠣᠳᠠᠲᠠᠢ᠎ᠳᠤ ᠨᠠᠩ ᠢᠯᠡᠭᠦᠦ ᠨᠡᠢ᠌ᠴᠡᠭᠦᠯᠵᠦ᠂ ᠠᠷᠠᠳ ᠣᠯᠠᠨ᠎ᠤ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠰᠢᠨ᠎ᠡ ᠱᠠᠭ᠋ᠠᠷᠳᠠᠯᠭ᠎ᠠ᠎ᠳᠤ ᠨᠠᠩ ᠢᠯᠡᠭᠦᠦ ᠨᠡᠢ᠌ᠴᠡᠭᠦᠯᠬᠦ ᠬᠡᠷᠡᠭᠲᠡᠢ; ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠪᠠ ᠬᠥᠭᠵᠢᠯᠲᠡ ᠵᠢ ᠠᠬᠢᠭᠤᠯᠬᠤ ᠵᠢ ᠵᠡᠷᠭᠡᠪᠡᠷ ᠴᠢᠬᠤᠯᠠᠴᠢᠯᠠᠬᠤ ᠵᠢ ᠪᠠᠷᠢᠮᠲᠠᠯᠠᠵᠤ᠂ ᠣᠷᠣᠨ ᠨᠤᠲᠤᠭ᠎ᠤᠨ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠡᠭᠦᠷᠭᠡ ᠲᠤᠰᠢᠶᠠᠯ ᠵᠶ᠋ᠠᠨ ᠢᠳᠡᠪᠬᠢᠲᠡᠢ᠎ᠪᠠᠷ ᠭᠦᠢ᠍ᠴᠡᠳᠬᠡᠬᠦ ᠵᠢ ᠠᠬᠢᠭᠤᠯᠵᠤ᠂ ᠬᠠᠷᠢᠶ᠎ᠠ ᠭᠠᠵᠠᠷ᠎ᠤᠨ ᠵᠶ᠋ᠠᠨ ᠬᠠᠷᠢᠭᠤᠴᠠᠯᠭ᠎ᠠ᠂ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠨᠠᠢ᠌ᠳᠠᠪᠤᠷᠢᠵᠢᠭᠤᠯᠤᠨ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠲᠥᠷᠥᠯ ᠵᠦᠢ᠍ᠯ᠎ᠤᠨ ᠲᠦᠭᠡᠮᠡᠯᠵᠢᠯᠲᠡ ᠪᠠ ᠳᠡᠭᠡᠭᠰᠢᠯᠡᠯᠲᠡ ᠵᠢ ᠠᠬᠢᠭᠤᠯᠵᠤ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠨᠡᠢ᠌ᠭᠡᠮᠴᠢᠯᠡᠭᠰᠡᠨ ᠬᠥᠭᠵᠢᠯᠲᠡ ᠵᠢ ᠳᠡᠮᠵᠢᠵᠦ᠂ ᠨᠠᠩ ᠣᠯᠠᠨ ᠨᠡᠢ᠌ᠭᠡᠮ᠎ᠤᠨ ᠬᠦᠴᠦᠨ᠎ᠤ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠡᠷᠭᠢᠯᠡᠬᠦ᠎ᠳᠤ ᠣᠷᠣᠯᠴᠠᠬᠤ ᠵᠢ ᠵᠣᠷᠢᠭᠵᠢᠭᠤᠯᠵᠤ᠂ ᠡᠭᠦᠨ᠎ᠤ ᠤᠯᠠᠮ ᠵᠶ᠋ᠠᠷ ᠡᠭᠦᠷᠭᠡ ᠴᠢᠳᠠᠪᠤᠷᠢ᠎ᠪᠠᠨ ᠲᠦᠷᠭᠡᠳᠬᠡᠨ ᠬᠤᠪᠢᠷᠠᠭᠤᠯᠵᠤ᠂ ᠬᠦᠴᠦᠨ ᠴᠢᠳᠠᠪᠤᠷᠢ᠎ᠪᠠᠨ ᠳᠡᠭᠡᠭᠰᠢᠯᠡᠭᠦᠯᠦᠨ᠂ ᠰᠢᠨ᠎ᠡ ᠵᠢ ᠡᠭᠦᠳᠦᠨ ᠬᠥᠭᠵᠢᠬᠦ ᠵᠢ ᠪᠡᠶᠡᠯᠡᠭᠦᠯᠦᠨ᠎ᠡ᠃
    ᠲᠣᠰ ᠬᠠᠷᠢᠭᠤᠴᠠᠯᠭ᠋ᠠᠲᠠᠨ ᠵᠢᠭ᠋ᠠᠵᠤ ᠭᠠᠷᠭ᠋ᠠᠭᠰᠠᠨ᠎ᠨᠢ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠠᠷᠭ᠎ᠠ》᠎ᠨᠢ ᠨᠡᠶ᠋ᠢᠲᠡ ᠲᠤᠯᠤᠭ᠋ᠠᠨ ᠪᠦᠯᠦᠭ ᠳᠥᠴᠢᠨ ᠬᠣᠶᠠᠷ ᠵᠦᠢ᠍ᠯ᠎ᠲᠠᠢ᠂ ᠡᠭᠦᠨ᠎ᠳᠤ ᠶᠡᠷᠦᠩᠬᠡᠢ ᠳᠦᠷᠢᠮ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠷᠭ᠎ᠠ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠵᠣᠬᠢᠶᠠᠨ ᠪᠠᠢ᠌ᠭᠤᠯᠤᠯᠲᠠ᠂ ᠬᠢᠨᠠᠯᠲᠠ ᠬᠠᠮᠢᠶᠠᠷᠤᠯᠲᠠ᠂ ᠪᠠᠲᠤᠯᠠᠭ᠎ᠠ ᠵᠢᠨ ᠨᠥᠬᠥᠴᠡᠯ᠂ ᠬᠠᠤᠯᠢ ᠵᠢᠨ ᠬᠠᠷᠢᠭᠤᠴᠠᠯᠭ᠎ᠠ ᠪᠠ ᠳᠠᠭ᠋ᠠᠯᠳᠤᠭᠤᠯᠤᠭᠰᠠᠨ ᠳᠦᠷᠢᠮ ᠪᠠᠭᠲᠠᠨ᠎ᠠ᠃ ᠶᠡᠷᠦᠩᠬᠡᠢ ᠪᠣᠷᠣ ᠲᠥᠯᠥᠪ᠎ᠤᠨ ᠲᠠᠯ᠎ᠠ᠎ᠪᠠᠷ᠂ ᠤᠤᠯ᠎ᠤᠨ ᠲᠠᠪᠤᠳᠤᠭ᠋ᠠᠷ ᠪᠦᠯᠦᠭ 《ᠨᠡᠢ᠌ᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠣᠳᠤᠭᠴᠢ》 ᠵᠢ ᠬᠠᠰᠤᠬᠤ᠎ᠳᠤ᠂ ᠭᠣᠣᠯᠳᠠᠭᠤ 2007 ᠣᠨ᠎ᠠᠴᠠ ᠨᠠᠭ᠋ᠠᠰᠢ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠵᠦᠢ᠍ᠯᠡᠰ᠎ᠲᠤ 〈ᠨᠡᠢ᠌ᠭᠡᠮ᠎ᠤᠨ ᠪᠡᠶ᠎ᠡ ᠵᠢᠨ ᠲᠠᠮᠢᠷ᠎ᠤᠨ ᠵᠢᠭ᠋ᠠᠨ ᠵᠢᠯᠣᠭᠣᠳᠤᠭᠴᠢ ᠵᠢᠨ ᠮᠡᠷᠭᠡᠵᠢᠯ᠎ᠤᠨ ᠵᠡᠷᠭᠡ ᠳᠡᠰ᠎ᠤᠨ ᠳᠦᠷᠢᠮ〉᠎ᠢ ᠬᠡᠷᠡᠭᠵᠢᠭᠦᠯᠬᠦ ᠲᠦᠷ ᠬᠡᠷᠡᠭᠵᠢᠭᠦᠯᠬᠦ ᠠᠷᠭ᠎ᠠ》 (ᠪᠡᠶ᠎ᠡ ᠲᠠᠮᠢᠷ᠎ᠤᠨ ᠤᠯᠠᠨ ᠲᠦᠮᠡᠨᠴᠢ ᠦᠰᠦᠭ [2007] 18 ᠳ᠋ᠤᠭ᠋ᠠᠷ ᠲᠣᠭ᠋ᠠᠲᠤ) ᠵᠢᠴᠢ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠲᠥᠪ᠎ᠤᠨ ᠳᠠᠷᠤᠮᠠᠯᠯᠠᠨ ᠲᠠᠷᠬᠠᠭ᠋ᠠᠭᠰᠠᠨ ᠠᠯᠢ ᠤᠯᠠᠨ ᠵᠦᠢ᠍ᠯᠡᠰ᠎ᠤᠨ ᠳᠦᠷᠢᠮ᠎ᠤᠨ ᠪᠠᠷᠢᠮᠵᠢᠶ᠎ᠠ ᠵᠢᠨ ᠵᠢᠷᠤᠮᠵᠢᠯ᠎ᠤᠨ ᠪᠢᠴᠢᠭ ᠮᠠᠲ᠋ᠧᠷᠢᠶᠠᠯ᠎ᠳᠤ ᠨᠢᠭᠡᠨᠲᠡ ᠨᠡᠩ ᠨᠠᠷᠢᠨ ᠪᠣᠳᠠᠲᠠᠢ ᠠᠭᠤᠯᠭ᠎ᠠ ᠵᠢᠨ ᠲᠣᠭᠲᠠᠭ᠋ᠠᠯ᠎ᠲᠠᠢ ᠪᠣᠯᠤᠭᠰᠠᠨ᠎ᠢ ᠪᠣᠳᠣᠯᠬᠢᠯᠠᠪᠠ; 《ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠵᠣᠬᠢᠶᠠᠨ ᠪᠠᠢ᠌ᠭᠤᠯᠤᠯᠲᠠ》 ᠵᠢᠨ ᠪᠦᠯᠦᠭ ᠬᠡᠰᠡᠭ᠎ᠢ ᠰᠢᠨ᠎ᠡ᠎ᠪᠠᠷ ᠨᠡᠮᠡᠵᠦ᠂ ᠨᠠᠮ᠎ᠤᠨ ᠤᠳᠤᠷᠢᠳᠤᠯᠭ᠎ᠠ ᠵᠢᠨ ᠱᠠᠭ᠋ᠠᠷᠳᠠᠯᠭ᠎ᠠ ᠵᠢ ᠲᠣᠪᠣᠢ᠌ᠮ᠎ᠠ ᠪᠠᠷᠢᠮᠲᠠᠯᠠᠨ᠂ ᠨᠥᠬᠥᠴᠡᠯ᠎ᠳᠤ ᠨᠡᠢ᠌ᠴᠡᠬᠦ ᠡᠯ᠎ᠡ ᠲᠥᠷᠥᠯ᠎ᠤᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠵᠣᠬᠢᠶᠠᠨ ᠪᠠᠢ᠌ᠭᠤᠯᠤᠯᠲᠠ ᠪᠦᠬᠦᠨ᠎ᠳᠤ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠨᠠᠮ᠎ᠤᠨ ᠵᠣᠬᠢᠶᠠᠨ ᠪᠠᠢ᠌ᠭᠤᠯᠤᠯᠲᠠ ᠪᠠᠶ᠋ᠢᠭᠤᠯᠬᠤ ᠵᠢ ᠲᠣᠳᠣᠷᠬᠠᠢ᠌ᠯᠠᠵᠤ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠵᠣᠬᠢᠶᠠᠨ ᠪᠠᠢ᠌ᠭᠤᠯᠤᠯᠲᠠ ᠵᠢᠨ ᠬᠦᠷᠢᠶ᠎ᠡ ᠬᠡᠪᠴᠢᠶ᠎ᠡ᠂ ᠳᠤᠮᠳᠠᠳᠤ ᠤᠯᠤᠰ᠎ᠤᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠨᠡᠢ᠌ᠭᠡᠮᠯᠢᠭ᠎ᠤᠨ ᠡᠭᠦᠷᠭᠡ ᠴᠢᠳᠠᠪᠤᠷᠢ ᠵᠢᠨ ᠪᠠᠢ᠌ᠷᠢ ᠲᠣᠭᠲᠠᠭ᠋ᠠᠯᠲᠠ ᠵᠢᠴᠢ ᠣᠷᠣᠨ ᠨᠤᠲᠤᠭ᠎ᠤᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠨᠡᠢ᠌ᠭᠡᠮᠯᠢᠭ ᠬᠢᠭᠡᠳ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠬᠠᠷᠢᠴᠠᠭ᠎ᠠ ᠵᠢ ᠲᠤᠳᠤᠷᠬᠠᠢ᠌ᠯᠠᠪᠠ; 《ᠬᠢᠨᠠᠯᠲᠠ ᠬᠠᠮᠢᠶᠠᠷᠤᠯᠲᠠ》 ᠵᠢᠨ ᠪᠦᠯᠦᠭ ᠬᠡᠰᠡᠭ᠎ᠢ ᠰᠢᠨ᠎ᠡ᠎ᠪᠠᠷ ᠨᠡᠮᠡᠵᠦ᠂ ᠤᠤᠯ᠎ᠤᠨ ᠭᠤᠷᠪᠠᠳᠤᠭ᠋ᠠᠷ ᠪᠦᠯᠦᠭ᠎ᠤᠨ 《ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯᠯᠠᠭ᠎ᠠ》 ᠵᠢᠨ ᠭᠣᠣᠯ ᠵᠦᠢ᠍ᠯ ᠵᠤᠷᠪᠤᠰ ᠪᠣᠯᠣᠨ ᠤᠤᠯ᠎ᠤᠨ ᠳᠥᠷᠪᠡᠳᠦᠭᠡᠷ ᠪᠦᠯᠦᠭ᠎ᠤᠨ 《ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠥᠷᠲᠡᠭᠡ》 ᠵᠢᠨ ᠪᠦᠬᠦ ᠵᠦᠢ᠍ᠯ ᠵᠤᠷᠪᠤᠰ᠎ᠢ ᠲᠤᠰ ᠪᠦᠯᠦᠭ᠎ᠲᠤ ᠨᠡᠢ᠌ᠯᠡᠭᠦᠯᠦᠨ ᠣᠷᠣᠭᠤᠯᠵᠠᠢ᠃ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯᠯᠠᠭ᠎ᠠ ᠥᠷᠨᠢᠭᠦᠯᠬᠦ ᠪᠠ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠥᠷᠲᠡᠭᠡ ᠴᠢᠭ᠋ ᠪᠠᠶ᠋ᠢᠭᠤᠯᠬᠤ ᠬᠣᠶᠠᠷ ᠵᠦᠢ᠍ᠯ᠎ᠤᠨ ᠵᠠᠰᠠᠭ ᠵᠠᠬᠢᠷᠭ᠋ᠠᠨ᠎ᠤ ᠵᠥᠪᠰᠢᠶᠡᠷᠡᠯ᠎ᠤᠨ ᠵᠦᠢ᠍ᠯᠡᠰ᠎ᠤᠨ ᠬᠠᠮᠢᠶᠠᠷᠤᠯᠲᠠ ᠵᠢᠨ ᠡᠷᠬᠡ ᠮᠡᠳᠡᠯ᠂ ᠵᠥᠪᠰᠢᠶᠡᠷᠡᠬᠦ ᠨᠥᠬᠥᠴᠡᠯ᠂ ᠭᠤᠶᠤᠴᠢᠯᠠᠬᠤ ᠮᠠᠲ᠋ᠧᠷᠢᠶᠠᠯ ᠪᠠ ᠬᠢᠨᠠᠨ ᠵᠥᠪᠰᠢᠶᠡᠷᠡᠬᠦ ᠴᠠᠭ᠎ᠤᠨ ᠬᠢᠵᠠᠭ᠋ᠠᠷ ᠵᠡᠷᠭᠡ ᠵᠢᠴᠢ ᠭᠠᠳᠠᠭ᠋ᠠᠳᠤ᠎ᠳᠤ ᠬᠣᠯᠪᠣᠭᠳᠠᠬᠤ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠂ ᠰᠢᠶᠠᠩᠭ᠋ᠠᠩ ᠣᠣᠮᠧᠨ ᠲᠠᠢ᠌ᠸᠠᠨ᠎ᠳᠤ ᠬᠣᠯᠪᠣᠭᠳᠠᠬᠤ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯᠯᠠᠭ᠎ᠠ ᠥᠷᠨᠢᠭᠦᠯᠬᠦ ᠱᠠᠭ᠋ᠠᠷᠳᠠᠯᠭ᠎ᠠ ᠵᠢ ᠲᠤᠳᠤᠷᠬᠠᠢ᠌ᠯᠠᠪᠠ; 《ᠪᠠᠲᠤᠯᠠᠭ᠎ᠠ ᠵᠢᠨ ᠨᠥᠬᠥᠴᠡᠯ》᠎ᠤᠨ ᠪᠦᠯᠦᠭ ᠬᠡᠰᠡᠭ᠎ᠢ ᠨᠡᠮᠡᠵᠦ᠂ ᠡᠯ᠎ᠡ ᠱᠠᠲᠤᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠳ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯᠯᠠᠭ᠎ᠠ ᠵᠢ ᠳᠡᠮᠵᠢᠨ ᠠᠬᠢᠭᠤᠯᠵᠤ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠵᠣᠬᠢᠶᠠᠨ ᠪᠠᠢ᠌ᠭᠤᠯᠤᠯᠲᠠ᠎ᠨᠢ ᠠᠵᠤ ᠠᠬᠤᠢ᠌ᠯᠠᠯ ᠠᠵᠢᠯ ᠦᠢ᠍ᠯᠡᠰ᠎ᠤᠨ ᠨᠢᠭᠡᠴᠢ᠂ ᠨᠡᠢ᠌ᠭᠡᠮ᠎ᠤᠨ ᠵᠣᠬᠢᠶᠠᠨ ᠪᠠᠢ᠌ᠭᠤᠯᠤᠯᠲᠠ ᠵᠢᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯᠯᠠᠭ᠎ᠠ ᠥᠷᠨᠢᠭᠦᠯᠬᠦ᠎ᠳᠤ ᠵᠢᠯᠣᠭᠣᠳᠤᠯᠭ᠎ᠠ ᠪᠠ ᠬᠠᠪᠰᠤᠷᠤᠯᠭ᠎ᠠ ᠬᠠᠩᠭ᠋ᠠᠬᠤ ᠵᠢ ᠵᠣᠷᠢᠭᠵᠢᠭᠤᠯᠤᠨ ᠳᠡᠮᠵᠢᠵᠦ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯᠯᠠᠭ᠎ᠠ ᠵᠢᠨ ᠲᠠᠯᠠᠪᠤᠷ ᠭᠠᠵᠠᠷ᠎ᠤᠨ ᠪᠡᠯᠡᠳᠬᠡᠮᠵᠢ᠂ ᠥᠷᠲᠡᠭᠡ ᠴᠢᠭ᠋ ᠪᠠᠶ᠋ᠢᠭᠤᠯᠬᠤ᠂ ᠵᠢᠷᠤᠮᠵᠢᠭᠤᠯᠤᠨ ᠪᠣᠯᠪᠠᠰᠤᠷᠠᠭᠤᠯᠬᠤ᠂ ᠴᠢᠳᠠᠪᠤᠷᠢᠲᠠᠨ ᠬᠥᠮᠥᠵᠢᠭᠦᠯᠬᠦ ᠵᠡᠷᠭᠡ ᠲᠠᠯ᠎ᠠ᠎ᠪᠠᠷ ᠳᠡᠮᠵᠢᠨ ᠵᠣᠷᠢᠭᠵᠢᠭᠤᠯᠬᠤ ᠵᠢ ᠲᠣᠳᠣᠷᠬᠠᠢ᠌ᠯᠠᠵᠤ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠢ ᠠᠭᠤᠳᠠᠯᠬᠤ᠂ ᠡᠮᠬᠢᠯᠡᠬᠦ᠂ ᠬᠠᠮᠠᠭ᠋ᠠᠯᠠᠬᠤ᠂ ᠳᠡᠯᠭᠡᠷᠡᠭᠦᠯᠬᠦ ᠪᠠ ᠰᠢᠨ᠎ᠡ ᠵᠢ ᠡᠭᠦᠳᠬᠦ᠎ᠳᠤ ᠴᠢᠬᠤᠯᠠ ᠪᠦᠬᠦᠢ ᠳᠡᠮᠵᠢᠯᠭᠡ ᠬᠠᠩᠭ᠋ᠠᠬᠤ ᠵᠢ ᠲᠤᠳᠤᠷᠬᠠᠢ᠌ᠯᠠᠪᠠ᠃ ᠡᠭᠦᠨ᠎ᠠᠴᠠ ᠭᠠᠳᠠᠨ᠎ᠠ᠂ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠠᠷᠭ᠎ᠠ》᠎ᠳᠤ ᠪᠠᠰᠠ ᠶᠡᠷᠦᠩᠬᠡᠢ ᠳᠦᠷᠢᠮ ᠪᠠ ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠡᠷᠭᠡ ᠪᠦᠯᠦᠭ ᠬᠡᠰᠡᠭ᠎ᠲᠤ ᠵᠠᠰᠠᠪᠤᠷᠢ ᠣᠷᠣᠭᠤᠯᠪᠠ᠂ ᠵᠢᠱ᠌ᠢᠶᠡᠯᠡᠪᠡᠯ ᠶᠡᠷᠦᠩᠬᠡᠢ ᠳᠦᠷᠢᠮ᠎ᠳᠤ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯ᠎ᠳᠤ ᠨᠠᠮ᠎ᠤᠨ ᠤᠳᠤᠷᠢᠳᠤᠯᠭ᠎ᠠ ᠵᠢ ᠪᠠᠷᠢᠮᠲᠠᠯᠠᠬᠤ ᠬᠠᠮᠢᠶ᠎ᠠ ᠪᠦᠬᠦᠢ ᠲᠣᠭᠲᠠᠭ᠋ᠠᠯ᠎ᠢ ᠨᠡᠮᠡᠵᠦ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠎ᠤᠨ ᠲᠣᠰ ᠵᠠᠰᠠᠭ ᠵᠠᠬᠢᠷᠭ᠋ᠠᠨ᠎ᠤ ᠣᠷᠣᠨ᠎ᠤ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯ᠎ᠢ ᠭᠣᠣᠯᠯᠠᠨ ᠬᠠᠮᠢᠶᠠᠷᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠲᠣᠳᠣᠷᠬᠠᠢ ᠲᠣᠭᠲᠠᠭ᠋ᠠᠪᠠ; ᠬᠠᠤᠯᠢ ᠴᠠᠭ᠋ᠠᠵᠠ ᠵᠢᠨ ᠬᠠᠷᠢᠭᠤᠴᠠᠯᠭ᠎ᠠ ᠵᠢᠨ ᠪᠦᠯᠦᠭ ᠬᠡᠰᠡᠭ᠎ᠲᠤ᠂ ᠵᠥᠪᠰᠢᠶᠡᠷᠡᠯ ᠣᠯᠣᠭᠰᠠᠨ ᠦᠭᠡᠢ᠎ᠪᠠᠷ ᠳᠤᠷ᠎ᠠ᠎ᠪᠠᠷ ᠵᠶ᠋ᠠᠨ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠠᠵᠢᠯᠯᠠᠭ᠎ᠠ ᠡᠷᠭᠢᠯᠡᠬᠦ᠂ ᠪᠡᠶ᠎ᠡ ᠴᠢᠭᠢᠷᠠᠭᠵᠢᠭᠤᠯᠬᠤ ᠠᠮᠢᠰᠬᠤᠯ᠎ᠤᠨ ᠲᠠᠮᠢᠷ᠎ᠤᠨ ᠥᠷᠲᠡᠭᠡ ᠴᠡᠭ ᠭᠠᠷᠭ᠋ᠠᠬᠤ ᠵᠢ ᠰᠢᠳᠬᠡᠬᠦ ᠠᠷᠭ᠎ᠠ ᠬᠡᠮᠵᠢᠶ᠎ᠡ ᠵᠡᠷᠭᠡ ᠵᠢ ᠨᠠᠷᠢᠯᠢᠭᠵᠢᠭᠤᠯᠤᠨ ᠲᠡᠭᠦᠯᠳᠡᠷᠵᠢᠭᠦᠯᠪᠡ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠦᠰᠦᠭ ᠪᠢᠴᠢᠭ᠎ᠤᠨ ᠲᠡᠢ᠌ᠯᠦᠮᠵᠢ᠄ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠤᠨ ᠵᠤᠷᠭ᠋ᠠᠨ᠎ᠤ ᠬᠠᠷᠢᠭᠤᠴᠠᠯᠭ᠋ᠠᠲᠠᠨ᠎ᠠᠴᠠ ᠰᠢᠨ᠎ᠡ᠎ᠪᠠᠷ ᠵᠠᠰᠠᠪᠤᠷᠢ ᠣᠷᠣᠭᠤᠯᠤᠭᠰᠠᠨ 《ᠠᠭ᠋ᠠᠷ᠎ᠤᠨ ᠠᠶᠠᠯᠠᠯ᠎ᠤᠨ ᠪᠡᠶ᠎ᠡ ᠵᠢᠨ ᠲᠠᠮᠢᠷ᠎ᠤᠨ ᠬᠦᠳᠡᠯᠭᠡᠭᠡᠨ᠎ᠤ ᠬᠠᠮᠢᠶᠠᠷᠤᠯᠳᠠ ᠵᠢᠨ ᠠᠷᠭ᠎ᠠ》 ᠵᠢᠨ ᠲᠤᠬᠠᠢ ᠲᠠᠢ᠌ᠯᠤᠮᠵᠢ ᠬᠢᠪᠠ
ᠦᠰᠦᠭ ᠪᠢᠴᠢᠭ᠎ᠤᠨ ᠲᠡᠢ᠌ᠯᠦᠮᠵᠢ᠄ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠫᠤᠤᠳᠠᠯᠭ᠎ᠠ ᠵᠢᠨ ᠤᠷᠤᠯᠳᠤᠭ᠋ᠠᠨ᠎ᠤ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠤ ᠨᠢᠭᠡᠴᠢ ᠵᠢᠨ ᠫᠤᠤ ᠵᠡᠪᠰᠡᠭ᠎ᠤᠨ ᠬᠠᠮᠢᠶᠠᠷᠤᠯᠳᠠ ᠵᠢᠨ ᠨᠠᠷᠢᠨ ᠲᠦᠷᠢᠮ》᠎ᠤᠨ ᠦᠰᠦᠭ ᠪᠢᠴᠢᠭ᠎ᠤᠨ ᠲᠡᠢ᠌ᠯᠦᠮᠵᠢ
ᠦᠰᠦᠭ ᠪᠢᠴᠢᠭ᠎ᠤᠨ ᠲᠡᠢ᠌ᠯᠦᠮᠵᠢ᠄ ᠪᠦᠬᠦ ᠠᠷᠠᠳ᠎ᠤᠨ ᠪᠡᠶ᠎ᠡ ᠴᠢᠬᠢᠷᠠᠭᠵᠢᠭᠤᠯᠬᠤ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠢ ᠲᠡᠭᠦᠯᠳᠡᠷᠵᠢᠭᠦᠯᠵᠦ᠂ ᠬᠦᠴᠦᠷᠬᠡᠭ ᠤᠯᠤᠰ᠎ᠤᠨ ᠪᠦᠲᠦᠭᠡᠨ ᠪᠠᠶ᠋ᠢᠭᠤᠯᠤᠯᠲᠠ᠂ ᠦᠨᠳᠦᠰᠦᠲᠡᠨ᠎ᠤ ᠰᠡᠷᠭᠦᠨ ᠮᠠᠨᠳᠤᠯᠲᠠ᠎ᠳᠤ ᠡᠷᠡᠭᠦᠯ ᠮᠡᠨᠳᠦ ᠵᠢᠨ ᠰᠠᠭᠤᠷᠢ ᠵᠢ ᠪᠠᠲᠤᠳᠬᠠᠨ᠎ᠠ
ᠦᠰᠦᠭ ᠪᠢᠴᠢᠭ᠎ᠤᠨ ᠲᠠᠢ᠌ᠯᠤᠮᠵᠢ᠄ 《ᠳᠤᠮᠳᠠᠳᠤ ᠤᠯᠤᠰ᠎ᠤᠨ ᠵᠠᠯᠠᠭᠤᠴᠤᠳ ᠪᠠᠭ᠋ᠠᠴᠤᠳ᠎ᠤᠨ ᠬᠥᠯ ᠪᠥᠮᠪᠦᠭᠡ ᠵᠢᠨ ᠥᠭᠡᠷᠡᠴᠢᠯᠡᠯᠲᠡ ᠬᠥᠭᠵᠢᠯᠲᠡ ᠵᠢᠨ ᠬᠡᠷᠡᠭᠵᠢᠭᠦᠯᠬᠦ ᠰᠠᠨᠠᠯ》᠎ᠤᠨ ᠲᠤᠬᠠᠢ ᠲᠠᠢ᠌ᠯᠤᠮᠵᠢ
ᠵᠢᠷᠤᠭᠳᠦ ᠲᠡᠢ᠌ᠯᠦᠮᠵᠢ᠄ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠲᠠᠮᠢᠷᠴᠢᠳ᠎ᠤᠨ ᠮᠡᠷᠭᠡᠵᠢᠯ᠎ᠤᠨ ᠲᠠᠰ᠎ᠤᠨ ᠬᠠᠮᠢᠶᠠᠷᠤᠯᠲᠠ ᠵᠢ ᠬᠡᠷᠡᠭᠵᠢᠭᠦᠯᠬᠦ ᠨᠠᠷᠢᠨ ᠲᠦᠷᠢᠮ᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
 
            