ᠮᠠᠨ᠎ᠤ ᠣᠷᠣᠨ᠎ᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠡᠷᠡᠭᠦᠯ ᠪᠥᠭᠡᠳ ᠡᠮᠬᠢ ᠵᠢᠷᠤᠮ᠎ᠲᠠᠢ ᠥᠷᠨᠢᠬᠦ ᠵᠢ ᠠᠬᠢᠭᠤᠯᠬᠤ ᠵᠢᠨ ᠲᠦᠯᠦᠭᠡ᠂ 《ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠠᠷᠭ᠎ᠠ》 (ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠵᠢᠨ ᠵᠠᠷᠯᠢᠭ 33 ᠳ᠋ᠤᠭ᠋ᠠᠷ ᠲᠣᠭ᠋ᠠᠲᠤ) ᠵᠢᠨ ᠬᠠᠮᠢᠶ᠎ᠠ ᠪᠦᠬᠦᠢ ᠠᠵᠢᠯ᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢ ᠬᠡᠷᠡᠭᠵᠢᠭᠦᠯᠬᠦ ᠨᠠᠷᠢᠨ ᠳᠦᠷᠢᠮ》 (ᠳᠣᠷᠣᠭᠰᠢ 《ᠬᠡᠷᠡᠭᠵᠢᠭᠦᠯᠬᠦ ᠨᠠᠷᠢᠨ ᠳᠦᠷᠢᠮ》 ᠭᠡᠵᠦ ᠲᠣᠪᠴᠢᠯᠠᠨ᠎ᠠ)᠎ᠢ ᠰᠣᠳᠤᠯᠤᠨ ᠲᠣᠭᠲᠠᠭ᠋ᠠᠪᠠ᠃
ᠨᠢᠭᠡ᠂ ᠲᠣᠭᠲᠠᠭ᠋ᠠᠭᠰᠠᠨ ᠠᠬᠤᠢ ᠪᠠᠢ᠌ᠳᠠᠯ
ᠨᠠᠮ᠎ᠢ ᠪᠥᠬᠥ ᠲᠠᠯ᠎ᠠ᠎ᠪᠠᠷ ᠴᠢᠩᠭ᠎ᠠ ᠵᠠᠰᠠᠬᠤ ᠱᠠᠭ᠋ᠠᠷᠳᠠᠯᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢ ᠴᠢᠩᠭ᠋ᠠᠳᠬᠠᠨ᠂ ᠪᠡᠶ᠎ᠡ ᠵᠢᠨ ᠲᠠᠮᠢᠷ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠢ᠌ᠷᠡᠭᠦᠯᠵᠦ᠂ ᠠᠵᠢᠯ ᠲᠥᠷᠥᠯ᠎ᠤᠨ ᠰᠤᠷᠲᠠᠯ ᠠᠵᠢᠯ ᠲᠥᠷᠥᠯ᠎ᠤᠨ ᠰᠠᠬᠢᠯᠭ᠎ᠠ ᠵᠢ ᠴᠡᠭᠴᠡᠯᠡᠨ ᠵᠠᠰᠠᠬᠤ ᠵᠢ ᠴᠢᠩᠭ᠋ᠠᠳᠬᠠᠨ᠂ ᠠᠷᠢᠭᠤᠨ ᠴᠢᠬᠡᠴᠢ ᠪᠡᠶ᠎ᠡ ᠵᠢᠨ ᠲᠠᠮᠢᠷ᠎ᠤᠨ ᠪᠠᠢ᠌ᠭᠤᠯᠤᠯᠲᠠ ᠵᠢ ᠲᠠᠰᠤᠷᠠᠯᠲᠠ ᠦᠭᠡᠢ ᠠᠬᠢᠭᠤᠯᠬᠤ ᠵᠢᠨ ᠲᠥᠯᠥᠭᠡ᠂ 2024 ᠣᠨ᠎ᠤ 4 ᠰᠠᠷ᠎ᠠ᠎ᠳᠤ᠂ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ᠎ᠠᠴᠠ 《ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠠᠷᠭ᠎ᠠ》 (ᠳᠣᠷᠣᠭᠰᠢ 《ᠠᠷᠭ᠎ᠠ》 ᠭᠡᠵᠦ ᠲᠤᠪᠴᠢᠯᠠᠨ᠎ᠠ) ᠵᠢ ᠵᠢᠩᠭᠢᠨᠢ᠎ᠪᠠᠷ ᠨᠡᠢ᠌ᠳᠡᠯᠡᠵᠦ᠂ 2024 ᠣᠨ᠎ᠤ 7 ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠪᠡ᠃
《ᠠᠷᠭ᠎ᠠ》 ᠵᠢ ᠵᠢᠩᠬᠢᠨᠢ᠎ᠪᠠᠷ ᠬᠡᠷᠡᠭᠵᠢᠭᠦᠯᠦᠭᠰᠡᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠲᠣᠪᠴᠢᠶ᠎ᠠ 《ᠬᠡᠷᠡᠭᠵᠢᠭᠦᠯᠬᠦ ᠨᠠᠷᠢᠨ ᠳᠦᠷᠢᠮ》᠎ᠢ ᠲᠤᠭᠤᠷᠪᠢᠬᠤ ᠠᠵᠢᠯ᠎ᠢ ᠡᠬᠢᠯᠡᠭᠦᠯᠵᠦ᠂ ᠭᠦᠨᠵᠡᠭᠡᠢ ᠰᠤᠳᠤᠯᠤᠨ ᠭᠦᠢ᠍ᠴᠡᠳ ᠨᠤᠲᠠᠯᠠᠭᠰᠠᠨ᠎ᠤ ᠳᠠᠷᠠᠭ᠎ᠠ ᠠᠩᠬᠠᠨ᠎ᠤ ᠡᠬᠡ ᠨᠣᠣᠷᠠᠭ᠎ᠢ ᠪᠦᠷᠢᠯᠳᠦᠭᠦᠯᠵᠦ᠂ ᠡᠯ᠎ᠡ ᠠᠢ᠌ᠮᠠᠭ ᠬᠣᠲᠠ᠂ ᠡᠯ᠎ᠡ ᠬᠠᠮᠢᠶ᠎ᠠ ᠪᠦᠬᠦᠢ ᠨᠢᠭᠡᠴᠡ ᠪᠠ ᠨᠡᠢ᠌ᠭᠡᠮ᠎ᠠᠴᠠ ᠢᠯᠡ᠎ᠪᠠᠷ ᠰᠠᠨᠠᠯ ᠬᠤᠷᠢᠶᠠᠭᠰᠠᠨ᠎ᠤ ᠳᠠᠷᠠᠭ᠎ᠠ᠂ ᠡᠯ᠎ᠡ ᠲᠠᠯ᠎ᠠ ᠵᠢᠨ᠎ᠬᠢᠨ᠎ᠤ ᠰᠠᠨᠠᠯ᠎ᠢ ᠶᠡᠷᠦᠩᠬᠡᠢ᠌ᠯᠡᠨ ᠪᠣᠳᠣᠯᠬᠢᠯᠠᠵᠤ᠂ ᠡᠴᠦᠰ᠎ᠲᠡᠭᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ》᠎ᠢ ᠪᠦᠷᠢᠯᠳᠦᠭᠦᠯᠪᠡ᠃
ᠬᠣᠶᠠᠷ᠂ ᠲᠣᠭᠲᠠᠭ᠋ᠠᠭᠰᠠᠨ ᠦᠨᠳᠦᠰᠦᠯᠡᠯ
《ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠠᠷᠭ᠎ᠠ》 (ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠭᠡᠢ ᠲᠣᠪᠴᠢᠶ᠎ᠡ ᠵᠢᠨ ᠵᠠᠷᠯᠢᠭ 33 ᠳ᠋ᠤᠭ᠋ᠠᠷ ᠲᠣᠭ᠋ᠠᠲᠤ) ᠵᠢᠨ ᠲᠦᠴᠢᠨ ᠬᠣᠶᠠᠳᠤᠭ᠋ᠠᠷ ᠵᠣᠷᠪᠤᠰ᠎ᠢ ᠦᠨᠳᠦᠰᠦᠯᠡᠪᠡᠯ᠄ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠬᠠᠮᠢᠶᠠᠷᠤᠯᠲᠠ ᠵᠢᠨ ᠨᠢᠭᠡᠴᠡ᠎ᠨᠢ ᠲᠣᠰ ᠠᠷᠭ᠎ᠠ ᠵᠢ ᠦᠨᠳᠦᠰᠦᠯᠡᠨ᠂ ᠲᠣᠰ ᠲᠥᠷᠥᠯ ᠵᠦᠢ᠍ᠯ ᠲᠣᠰ ᠨᠢᠭᠡᠴᠡ ᠵᠢᠨ ᠵᠶ᠋ᠡᠨ ᠪᠣᠳᠠᠲᠠᠢ᠎ᠲᠠᠢ ᠤᠶᠠᠯᠳᠤᠭᠤᠯᠵᠤ᠂ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠨ᠎ᠠ᠃ ᠵᠢᠷᠭᠤᠳᠤᠭ᠋ᠠᠷ ᠵᠦᠢ᠍ᠯ᠄ ᠲᠣᠰ ᠠᠷᠭ᠎ᠠ᠎ᠳᠤ ᠬᠡᠯᠡᠵᠦ ᠪᠠᠢ᠌ᠭ᠎ᠠ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠬᠠᠮᠢᠶᠠᠷᠤᠯᠲᠠ ᠵᠢᠨ ᠨᠢᠭᠡᠴᠡ᠎ᠳᠤ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ (ᠳᠣᠷᠣᠭᠰᠢ ᠪᠡᠶ᠎ᠡ ᠵᠢᠨ ᠲᠠᠮᠢᠷ᠎ᠤᠨ ᠶᠡᠷᠦᠩᠬᠡᠢ ᠲᠣᠪᠴᠢᠶ᠎ᠠ ᠭᠡᠵᠦ ᠲᠣᠪᠴᠢᠯᠠᠨ᠎ᠠ)᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠪᠡᠶ᠎ᠡ ᠵᠢᠨ ᠲᠠᠮᠢᠷ᠎ᠤᠨ ᠵᠠᠰᠠᠭ ᠵᠠᠬᠢᠷᠭ᠋ᠠᠨ᠎ᠤ ᠰᠠᠯᠠᠭ᠎ᠠ ᠮᠥᠴᠢᠷ᠂ ᠳᠤᠮᠳᠠᠳᠤ ᠵᠢᠨ ᠪᠥᠬᠥ ᠤᠯᠤᠰ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠡᠪᠯᠡᠯ᠂ ᠳᠤᠮᠳᠠᠳᠤ ᠤᠯᠤᠰ᠎ᠤᠨ ᠣᠯᠢᠮᠫᠢᠺ᠎ᠤᠨ ᠵᠥᠪᠯᠡᠯ᠂ ᠣᠷᠣᠨ ᠨᠤᠲᠤᠭ᠎ᠤᠨ ᠪᠡᠶ᠎ᠡ ᠵᠢᠨ ᠲᠠᠮᠢᠷ᠎ᠤᠨ ᠶᠡᠷᠦᠩᠬᠡᠢ ᠡᠪᠯᠡᠯ᠂ ᠪᠡᠶ᠎ᠡ ᠵᠢᠨ ᠲᠠᠮᠢᠷ᠎ᠤᠨ ᠲᠦᠷᠦᠯ ᠵᠦᠢ᠍ᠯ᠎ᠤᠨ ᠬᠠᠮᠢᠶᠠᠷᠤᠯᠲᠠ ᠵᠢᠨ ᠲᠦᠪ᠂ ᠭᠠᠭᠴᠠ ᠵᠦᠢ᠍ᠯ᠎ᠤᠨ ᠪᠡᠶ᠎ᠡ ᠵᠢᠨ ᠲᠠᠮᠢᠷ᠎ᠤᠨ ᠨᠡᠢ᠌ᠭᠡᠮᠯᠢᠭ ᠵᠡᠷᠭᠡ ᠵᠢ ᠪᠠᠭᠲᠠᠭ᠋ᠠᠨ᠎ᠠ᠃
ᠭᠤᠷᠪᠠ᠂ ᠲᠣᠭᠲᠠᠭ᠋ᠠᠭᠰᠠᠨ ᠰᠡᠳᠬᠢᠴᠡ
《ᠬᠡᠷᠡᠭᠵᠢᠭᠦᠯᠬᠦ ᠨᠠᠷᠢᠨ ᠳᠦᠷᠢᠮ》᠎ᠨᠢ ᠣᠳᠣᠬᠠᠨ᠎ᠤ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠠᠰᠠᠭᠤᠳᠠᠯ᠎ᠤᠨ ᠵᠠᠰᠠᠯᠲᠠ ᠵᠢᠨ ᠬᠦᠨᠳᠦ ᠨᠣᠴᠢᠲᠠᠢ ᠪᠠᠢ᠌ᠳᠠᠯ᠎ᠳᠤ ᠰᠠᠭᠤᠷᠢᠯᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠪᠠ ᠬᠠᠷᠠᠯᠲᠠ᠎ᠪᠠᠷ ᠬᠥᠲᠥᠯᠥᠨ ᠳᠠᠭ᠋ᠠᠭᠤᠯᠬᠤ ᠵᠢ ᠪᠠᠷᠢᠮᠲᠠᠯᠠᠨ᠂ ᠭᠣᠣᠯᠳᠠᠯᠭ᠎ᠠ᠎ᠲᠠᠢ ᠬᠦᠷᠢᠶ᠎ᠡ ᠴᠠᠷᠠᠭ᠎ᠠ ᠪᠠ ᠵᠠᠩᠭᠢᠯᠠᠭ᠎ᠠ ᠵᠢᠨ ᠭᠣᠭᠴᠣᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠵᠢᠯ ᠲᠥᠷᠥᠯ᠎ᠤᠨ ᠵᠠᠰᠠᠯᠲᠠ ᠵᠢᠨ ᠳᠡᠭᠡᠳᠦ ᠬᠡᠮᠵᠢᠶᠡᠨ᠎ᠠᠴᠠ ᠪᠥᠬᠥ ᠶᠠᠪᠤᠴᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃
ᠨᠢᠭᠡ᠎ᠳᠤ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠢ᠌ᠯᠠᠵᠤ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠬᠠᠮᠢᠶᠠᠷᠤᠯᠲᠠ ᠵᠢᠨ ᠨᠢᠭᠡᠴᠡ ᠪᠠ ᠤᠷᠤᠯᠳᠤᠭ᠋ᠠᠨ᠎ᠤ ᠠᠵᠢᠯᠯᠠᠭ᠎ᠠ ᠵᠢ ᠵᠣᠬᠢᠶᠠᠨ ᠪᠠᠢ᠌ᠭᠤᠯᠤᠭᠴᠢ ᠵᠢᠨ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ ᠵᠢ ᠲᠣᠳᠣᠷᠬᠠᠢ᠌ᠯᠠᠵᠤ᠂ ᠤᠷᠢᠳᠴᠢᠯᠠᠨ ᠰᠡᠷᠭᠡᠢ᠌ᠯᠡᠬᠦ ᠪᠠ ᠵᠠᠯᠬᠠᠭ᠋ᠠᠨ ᠰᠢᠳᠬᠡᠬᠦ ᠵᠢ ᠬᠠᠷᠢᠯᠴᠠᠨ ᠤᠶᠠᠯᠳᠤᠭᠤᠯᠬᠤ᠂ ᠶᠡᠷᠦᠩᠬᠡᠢ᠌ᠯᠡᠨ ᠵᠠᠰᠠᠬᠤ᠂ ᠰᠢᠰᠲ᠋ᠧᠮ᠎ᠲᠠᠢ᠎ᠪᠠᠷ ᠵᠠᠰᠠᠬᠤ ᠵᠢ ᠪᠠᠷᠢᠮᠲᠠᠯᠠᠬᠤ ᠠᠵᠢᠯ᠎ᠤᠨ ᠰᠡᠳᠬᠢᠮᠵᠢ ᠵᠢ ᠳᠣᠪᠣᠶ᠋ᠢᠯᠭ᠋ᠠᠵᠤ᠂ ᠰᠢᠰᠲᠸᠮᠵᠢ ᠲᠣᠭᠲᠠᠴᠠ᠂ ᠳᠦᠷᠢᠮ ᠠᠷᠭ᠎ᠠ ᠬᠡᠮᠵᠢᠶ᠎ᠡ᠂ ᠬᠠᠷᠢᠭᠤᠴᠠᠯᠭ᠎ᠠ ᠵᠢ ᠨᠠᠢ᠌ᠳᠠᠪᠤᠷᠢᠵᠢᠭᠤᠯᠬᠤ ᠵᠡᠷᠭᠡ ᠲᠠᠯ᠎ᠠ᠎ᠪᠠᠷ ᠣᠯᠠᠨ ᠲᠠᠯ᠎ᠠ ᠵᠢᠨ ᠠᠷᠭ᠎ᠠ ᠬᠡᠮᠵᠢᠶ᠎ᠡ ᠵᠢ ᠵᠡᠷᠭᠡ᠎ᠪᠡᠷ ᠬᠡᠷᠡᠭᠵᠢᠭᠦᠯᠵᠦ᠂ ᠬᠠᠤᠯᠢ᠎ᠪᠠᠷ ᠵᠠᠰᠠᠬᠤ ᠰᠡᠳᠬᠢᠬᠦᠢ ᠪᠠ ᠠᠷᠭ᠎ᠠ ᠪᠠᠷᠢᠯ ᠵᠶ᠋ᠠᠷ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠠᠰᠠᠭᠤᠳᠠᠯ᠎ᠢ ᠵᠠᠰᠠᠨ᠎ᠠ᠃
ᠬᠣᠶᠠᠷ᠎ᠲᠤ ᠤᠬᠠᠭᠤᠯᠭ᠎ᠠ ᠬᠥᠮᠦᠵᠢᠯ᠎ᠢ ᠴᠢᠩᠭ᠋ᠠᠳᠬᠠᠨ᠎ᠠ᠃ ᠪᠠᠢ᠌ᠩᠭᠤᠵᠢᠭᠤᠯᠤᠭᠰᠠᠨ ᠤᠬᠠᠭᠤᠯᠭ᠎ᠠ ᠬᠥᠮᠦᠵᠢᠯ᠂ ᠤᠷᠤᠯᠳᠤᠭ᠋ᠠᠨ᠎ᠠᠴᠠ ᠡᠮᠦᠨᠡᠬᠢ ᠰᠡᠷᠭᠡᠢ᠌ᠯᠡᠯᠲᠡ ᠵᠢ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠠᠰᠠᠭᠤᠳᠠᠯ᠎ᠢ ᠰᠡᠷᠭᠡᠢ᠌ᠯᠡᠬᠦ ᠭᠣᠣᠯ ᠠᠷᠭ᠎ᠠ ᠬᠡᠮᠵᠢᠶ᠎ᠡ ᠪᠣᠯᠭ᠋ᠠᠵᠤ᠂ ᠬᠠᠮᠢᠶᠠᠷᠤᠯᠲᠠ ᠵᠢᠨ ᠨᠢᠭᠡᠴᠡ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠵᠣᠬᠢᠶᠠᠨ ᠪᠠᠢ᠌ᠭᠤᠯᠤᠭᠴᠢ ᠵᠡᠷᠭᠡ ᠭᠣᠣᠯ ᠴᠣᠭᠴᠠ ᠵᠢᠨ ᠬᠠᠷᠢᠭᠤᠴᠠᠯᠭ᠎ᠠ ᠵᠢ ᠤᠯᠠᠮ ᠨᠢᠭᠡ ᠠᠯᠬᠤᠮ ᠪᠣᠳᠠᠲᠠᠢ᠌ᠵᠢᠭᠤᠯᠵᠤ᠂ ᠬᠥᠮᠥᠵᠢᠭᠦᠯᠵᠦ ᠬᠥᠲᠥᠯᠥᠨ ᠵᠢᠯᠤᠭᠣᠳᠬᠤ ᠵᠢ ᠴᠢᠩᠭ᠋ᠠᠳᠬᠠᠬᠤ᠎ᠪᠠᠷ ᠳᠠᠮᠵᠢᠭᠤᠯᠤᠨ᠂ ᠣᠷᠣᠯᠴᠠᠭᠰᠠᠳ᠎ᠤᠨ ᠬᠠᠤᠯᠢ ᠰᠠᠬᠢᠯᠭ᠎ᠠ ᠵᠢᠨ ᠦᠵᠡᠯ ᠤᠬᠠᠮᠰᠠᠷ᠂ ᠦᠨᠡᠨᠴᠢ ᠢᠲᠡᠭᠡᠮᠵᠢ ᠵᠢᠨ ᠦᠵᠡᠯ ᠤᠬᠠᠮᠰᠠᠷ᠂ ᠳᠦᠷᠢᠮ᠎ᠤᠨ ᠦᠵᠡᠯ ᠤᠬᠠᠮᠰᠠᠷ᠎ᠢ ᠳᠡᠭᠡᠭᠰᠢᠯᠡᠭᠦᠯᠵᠦ᠂ ᠦᠵᠡᠯ ᠰᠠᠨᠠᠭ᠋ᠠᠨ᠎ᠤ ᠡᠬᠢ ᠰᠤᠷᠪᠤᠯᠵᠢ ᠵᠢᠨ ᠲᠠᠯ᠎ᠠ᠎ᠠᠴᠠ ᠠᠰᠠᠭᠤᠳᠠᠯ᠎ᠤᠨ ᠳᠠᠯᠳᠠ ᠬᠡᠮ᠎ᠢ ᠰᠡᠷᠭᠡᠢ᠌ᠯᠡᠨ᠎ᠡ᠃
ᠭᠤᠷᠪᠠ᠎ᠳᠤ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠪᠠᠷᠢᠮᠵᠢᠶ᠎ᠠ ᠵᠢ ᠲᠣᠭᠲᠠᠭ᠋ᠠᠵᠤ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠬᠠᠮᠢᠶᠠᠷᠤᠯᠲᠠ ᠵᠢᠨ ᠨᠢᠭᠡᠴᠡ᠂ ᠲᠠᠮᠢᠷᠴᠢᠨ᠂ ᠰᠤᠷᠭ᠋ᠠᠭᠴᠢ᠂ ᠬᠢᠨᠠᠭᠴᠢ ᠵᠢᠴᠢ ᠠᠵᠢᠯᠲᠠᠨ ᠵᠡᠷᠭᠡ ᠬᠠᠮᠢᠶ᠎ᠠ ᠪᠦᠬᠦᠢ ᠨᠢᠭᠡᠴᠡ ᠪᠠ ᠬᠥᠮᠥᠰ᠎ᠤᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠦᠢᠯᠡ ᠠᠵᠢᠯᠯᠠᠭ᠎ᠠ ᠵᠢᠨ ᠵᠢᠷᠤᠮᠵᠢᠯ᠎ᠢ ᠲᠣᠳᠣᠷᠬᠠᠢ᠌ᠯᠠᠨ᠎ᠠ᠃
ᠳᠥᠷᠪᠡ᠎ᠳᠤ ᠵᠠᠯᠬᠠᠭ᠋ᠠᠨ ᠰᠢᠳᠬᠡᠬᠦ ᠡᠷᠴᠢᠮ ᠵᠶ᠋ᠡᠨ ᠴᠢᠩᠭ᠋ᠠᠷᠠᠭᠤᠯᠤᠨ᠎ᠠ᠃ ᠲᠣᠭᠲᠠᠭ᠋ᠠᠯ᠎ᠠᠴᠠ ᠵᠦᠷᠢᠴᠡᠬᠦ ᠲᠥᠷᠥᠯ ᠵᠦᠢ᠍ᠯ᠎ᠢ ᠲᠣᠳᠣᠷᠬᠠᠢ ᠪᠥᠭᠡᠳ ᠨᠠᠷᠢᠯᠢᠭᠵᠢᠭᠤᠯᠵᠤ᠂ ᠲᠣᠭᠲᠠᠭ᠋ᠠᠯ᠎ᠠᠴᠠ ᠵᠥᠷᠢᠴᠡᠭᠰᠡᠨ ᠢ ᠪᠠᠢ᠌ᠴᠠᠭ᠋ᠠᠨ ᠰᠢᠢ᠍ᠳᠪᠦᠷᠢᠯᠡᠬᠦ ᠵᠢᠷᠤᠮ᠎ᠢ ᠵᠢᠷᠤᠮᠵᠢᠭᠤᠯᠤᠨ᠂ ᠬᠠᠮᠤᠭ᠎ᠤᠨ ᠴᠢᠩᠭ᠎ᠠ ᠵᠠᠯᠬᠠᠭ᠋ᠠᠨ ᠰᠢᠳᠬᠡᠬᠦ ᠠᠷᠭ᠎ᠠ ᠬᠡᠮᠵᠢᠶ᠎ᠡ ᠵᠢ ᠬᠡᠷᠡᠭᠵᠢᠭᠦᠯᠵᠦ᠂ ᠲᠣᠭᠲᠠᠭ᠋ᠠᠯ᠎ᠠᠴᠠ ᠵᠥᠷᠢᠴᠡᠭᠰᠡᠨ ᠲᠠᠮᠢᠷᠴᠢᠨ᠂ ᠰᠤᠷᠭ᠋ᠠᠭᠴᠢ ᠵᠢ ᠵᠠᠯᠬᠠᠭ᠋ᠠᠨ ᠰᠢᠳᠬᠡᠬᠦ᠎ᠪᠠᠷ ᠪᠠᠷᠠᠬᠤ ᠦᠭᠡᠢ ᠪᠠᠰᠠ ᠲᠡᠭᠦᠨ᠎ᠤ ᠠᠷᠤ᠎ᠳᠠᠬᠢ ᠬᠠᠮᠢᠶᠠᠷᠤᠯᠲᠠ ᠵᠢᠨ ᠨᠢᠭᠡᠴᠡ ᠪᠠ ᠬᠠᠮᠢᠶᠠᠷᠤᠭᠴᠢ ᠵᠢ ᠵᠠᠯᠬᠠᠭ᠋ᠠᠨ ᠰᠢᠳᠭᠡᠵᠦ᠂ ᠠᠵᠢᠯ ᠲᠥᠷᠥᠯ᠎ᠤᠨ ᠬᠡᠪ ᠰᠤᠷᠲᠠᠯ᠎ᠢ ᠦᠨᠳᠦᠰᠦᠨ᠎ᠠᠴᠠ᠎ᠨᠢ ᠬᠤᠪᠢᠷᠠᠭᠤᠯᠬᠤ᠎ᠪᠠᠷ ᠴᠢᠷᠮᠠᠢ᠌ᠨ᠎ᠠ᠃
ᠳᠥᠷᠪᠡ᠂ ᠬᠡᠷᠡᠭᠯᠡᠬᠦ ᠬᠡᠪᠴᠢᠶ᠎ᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ᠎ᠳᠤ ᠡᠷᠭᠢᠯᠡᠭᠰᠡᠨ ᠡᠯ᠎ᠡ ᠱᠠᠲᠤᠨ᠎ᠤ ᠡᠯ᠎ᠡ ᠲᠥᠷᠥᠯ᠎ᠤᠨ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠴᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠪᠤᠶᠤ ᠤᠯᠤᠰ᠎ᠤᠨ ᠠᠩᠭᠢ ᠵᠢ ᠲᠥᠯᠥᠭᠡᠯᠡᠨ ᠣᠯᠠᠨ ᠤᠯᠤᠰ᠎ᠤᠨ ᠪᠠ ᠤᠯᠤᠰ᠎ᠤᠨ ᠳᠣᠲᠣᠭ᠋ᠠᠳᠤ ᠵᠢᠨ ᠤᠷᠤᠯᠳᠤᠭ᠋ᠠᠨ᠎ᠤ ᠠᠵᠢᠯᠯᠠᠭ᠎ᠠ᠎ᠳᠤ ᠣᠷᠣᠯᠴᠠᠭᠰᠠᠨ ᠲᠠᠮᠢᠷᠴᠢᠳ᠎ᠤᠨ ᠨᠢᠭᠡᠴᠡ ᠪᠣᠯᠤᠨ ᠲᠠᠮᠢᠷᠴᠢᠳ᠃
ᠲᠠᠪᠤ᠂ ᠭᠣᠣᠯ ᠠᠭᠤᠯᠭ᠎ᠠ
《ᠬᠡᠷᠡᠭᠵᠢᠭᠦᠯᠬᠦ ᠨᠠᠷᠢᠨ ᠳᠦᠷᠢᠮ》᠎ᠨᠢ ᠨᠡᠶ᠋ᠢᠲᠡ ᠲᠤᠯᠤᠭ᠋ᠠᠨ ᠪᠦᠯᠦᠭ ᠳᠥᠴᠢ ᠶᠢᠰᠦᠨ ᠵᠤᠷᠪᠤᠰ᠎ᠲᠠᠢ᠂ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠪᠥᠬᠥ ᠦᠶᠡᠯᠡᠯ᠎ᠤᠨ ᠬᠤᠭᠤᠴᠠᠭ᠎ᠠ᠂ ᠪᠥᠬᠥ ᠶᠠᠪᠤᠴᠠ ᠵᠢᠨ ᠵᠠᠰᠠᠯᠲᠠ᠎ᠳᠤ ᠰᠠᠭᠤᠷᠢᠯᠠᠵᠤ᠂ ᠲᠣᠭᠲᠠᠴᠠ ᠳᠦᠷᠢᠮ᠂ ᠠᠵᠢᠯ᠎ᠤᠨ ᠰᠢᠰᠲᠸᠮᠵᠢ ᠪᠠ ᠭᠣᠣᠯ ᠠᠷᠭ᠎ᠠ ᠬᠡᠮᠵᠢᠶ᠎ᠡ ᠵᠢ ᠲᠣᠳᠣᠷᠬᠠᠢ ᠲᠣᠭᠲᠠᠭ᠋ᠠᠪᠠ᠂ ᠪᠣᠳᠠᠲᠠᠢ ᠠᠭᠤᠯᠭ᠎ᠠ᠎ᠨᠢ ᠳᠣᠣᠷᠠᠬᠢ ᠮᠡᠲᠦ᠄
ᠨᠢᠭᠡᠳᠦᠭᠡᠷ ᠪᠦᠯᠦᠭ ᠶᠡᠷᠦᠩᠬᠡᠢ ᠳᠦᠷᠢᠮ᠎ᠳᠤ ᠤᠬᠠᠭᠳᠠᠬᠤᠨ᠎ᠤ ᠲᠣᠮᠢᠶᠠᠯᠠᠯ᠂ ᠬᠡᠷᠡᠭᠯᠡᠬᠦ ᠬᠡᠪᠴᠢᠶ᠎ᠡ᠂ ᠦᠨᠳᠦᠰᠦᠨ ᠵᠠᠷᠴᠢᠮ ᠵᠡᠷᠭᠡ ᠵᠢ ᠲᠣᠭᠲᠠᠭ᠋ᠠᠵᠠᠢ᠃
ᠬᠣᠶᠠᠳᠤᠭ᠋ᠠᠷ ᠪᠦᠯᠦᠭ ᠬᠠᠮᠢᠶᠠᠷᠤᠯᠲᠠ ᠵᠢᠨ ᠡᠭᠦᠷᠭᠡ ᠬᠠᠷᠢᠭᠤᠴᠠᠯᠭ᠎ᠠ᠃ ᠡᠯ᠎ᠡ ᠱᠠᠲᠤᠨ᠎ᠤ ᠡᠯ᠎ᠡ ᠲᠥᠷᠥᠯ᠎ᠤᠨ ᠭᠣᠣᠯ ᠴᠣᠭᠴᠠ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠬᠢᠨᠠᠯᠲᠠ ᠵᠢᠨ ᠠᠵᠢᠯ᠎ᠳᠠᠬᠢ ᠡᠭᠦᠷᠭᠡ ᠬᠠᠷᠢᠭᠤᠴᠠᠯᠭ᠎ᠠ ᠪᠠ ᠡᠭᠦᠷᠭᠡ ᠵᠢ ᠲᠣᠳᠣᠷᠬᠠᠢ᠌ᠯᠠᠵᠤ᠂ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠬᠠᠮᠢᠶᠠᠷᠤᠯᠲᠠ ᠵᠢᠨ ᠪᠣᠳᠠᠲᠠᠢ ᠠᠷᠭ᠎ᠠ ᠬᠡᠮᠵᠢᠶ᠎ᠡ ᠵᠢ ᠲᠣᠭᠲᠠᠭ᠋ᠠᠵᠤ᠂ ᠵᠠᠰᠠᠭ᠎ᠤᠨ ᠣᠷᠳᠣᠨ ᠬᠢᠭᠡᠳ ᠨᠡᠢ᠌ᠭᠡᠮ᠎ᠤᠨ ᠭᠣᠣᠯ ᠴᠣᠭᠴᠠ ᠵᠢᠨ ᠲᠣᠰ ᠲᠣᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠭᠰᠡᠨ᠂ ᠬᠠᠮᠵᠢᠯᠴᠠᠨ ᠬᠥᠳᠡᠯᠦᠯᠴᠡᠭᠰᠡᠨ᠂ ᠰᠢᠰᠲ᠋ᠧᠮ᠎ᠨᠢ ᠪᠦᠷᠢᠨ ᠲᠡᠭᠦᠯᠳᠡᠷ ᠬᠠᠮᠢᠶᠠᠷᠤᠯᠲᠠ ᠵᠢᠨ ᠰᠢᠰᠲ᠋ᠧᠮᠵᠢ ᠵᠢ ᠪᠠᠢ᠌ᠭᠤᠯᠤᠨ᠎ᠠ᠃
ᠭᠤᠷᠪᠠᠳᠤᠭ᠋ᠠᠷ ᠪᠦᠯᠦᠭ ᠤᠬᠠᠭᠤᠯᠭ᠎ᠠ ᠬᠥᠮᠦᠵᠢᠯ᠃ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ᠎ᠪᠠᠷ ᠠᠵᠢᠯ᠎ᠤᠨ ᠭᠣᠣᠯ ᠰᠢᠵᠢᠮ ᠪᠣᠯᠭ᠋ᠠᠵᠤ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠤᠬᠠᠭᠤᠯᠭ᠎ᠠ ᠬᠥᠮᠦᠵᠢᠯ᠎ᠤᠨ ᠡᠷᠴᠢᠮ᠎ᠢ ᠴᠢᠩᠭ᠋ᠠᠳᠬᠠᠵᠤ᠂ ᠤᠷᠤᠯᠳᠤᠭ᠋ᠠᠨ᠎ᠤ ᠠᠵᠢᠯᠯᠠᠭ᠎ᠠ ᠵᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠭᠣᠣᠯᠳᠠᠯᠭ᠎ᠠ᠎ᠲᠠᠢ ᠣᠷᠣᠯᠴᠠᠭᠰᠠᠳ᠎ᠲᠤ ᠨᠡᠢ᠌ᠳᠡᠮ ᠬᠡᠷᠡᠭᠵᠢᠭᠦᠯᠦᠨ᠎ᠡ᠃
ᠳᠥᠷᠪᠡᠳᠦᠭᠡᠷ ᠪᠦᠯᠦᠭ ᠦᠢᠯᠡ ᠠᠵᠢᠯᠯᠠᠭ᠎ᠠ ᠵᠢᠨ ᠵᠢᠷᠤᠮᠵᠢᠯ᠎ᠤᠨ ᠪᠠᠷᠢᠮᠵᠢᠶ᠎ᠠ᠃ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢᠨ ᠬᠠᠮᠢᠶᠠᠷᠤᠯᠲᠠ ᠵᠢᠨ ᠨᠢᠭᠡᠴᠡ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠠᠵᠢᠯᠯᠠᠭ᠎ᠠ ᠵᠢ ᠵᠣᠬᠢᠶᠠᠨ ᠪᠠᠢ᠌ᠭᠤᠯᠤᠭᠴᠢ᠂ ᠣᠷᠣᠯᠴᠠᠭᠴᠢ᠂ ᠰᠤᠷᠭ᠋ᠠᠭᠴᠢ᠂ ᠲᠠᠮᠢᠷᠴᠢᠨ ᠵᠢᠴᠢ ᠠᠵᠢᠯᠲᠠᠨ᠂ ᠬᠢᠨᠠᠭᠴᠢ ᠵᠢᠴᠢ ᠤᠷᠤᠯᠳᠤᠭ᠋ᠠᠨ᠎ᠤ ᠲᠤᠰᠠᠯᠠᠭᠴᠢ ᠵᠡᠷᠭᠡ ᠬᠥᠮᠥᠰ᠎ᠤᠨ ᠦᠢᠯᠡ ᠠᠵᠢᠯᠯᠠᠭ᠎ᠠ ᠵᠢᠨ ᠵᠢᠷᠤᠮᠵᠢᠯ᠎ᠢ ᠲᠣᠳᠤᠷᠬᠠᠢ᠌ᠯᠠᠪᠠ᠃
ᠲᠠᠪᠤᠳᠤᠭ᠋ᠠᠷ ᠪᠦᠯᠦᠭ ᠲᠣᠭᠲᠠᠭ᠋ᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠃ ᠤᠷᠤᠯᠳᠤᠭ᠋ᠠᠨ᠎ᠤ ᠰᠤᠷᠲᠠᠯ ᠤᠷᠤᠯᠳᠤᠭ᠋ᠠᠨ᠎ᠤ ᠰᠠᠬᠢᠯᠭ᠎ᠠ ᠪᠠᠲᠤ ᠵᠢᠨ ᠲᠣᠭᠲᠠᠭ᠋ᠠᠯ᠎ᠠᠴᠠ ᠵᠥᠷᠢᠴᠡᠭᠰᠡᠨ ᠲᠥᠷᠥᠯ ᠬᠡᠯᠪᠡᠷᠢ᠂ ᠬᠠᠷᠢᠭᠤᠴᠠᠯᠭ᠎ᠠ ᠵᠢ ᠮᠠᠭ᠋ᠠᠳᠯᠠᠨ ᠲᠣᠭᠲᠠᠭ᠋ᠠᠬᠤ᠂ ᠬᠢᠨᠠᠯᠲᠠ ᠲᠠᠯᠪᠢᠵᠤ ᠢᠯᠡᠴᠢᠯᠡᠨ ᠮᠡᠳᠡᠭᠦᠯᠬᠦ᠂ ᠬᠠᠷᠭᠤᠭᠤᠯᠤᠨ ᠪᠠᠢ᠌ᠴᠠᠭ᠋ᠠᠬᠤ ᠲᠠᠰ ᠳᠠᠷᠠᠭ᠋ᠠᠯᠠᠯ ᠵᠡᠷᠭᠡ ᠵᠢ ᠲᠣᠳᠣᠷᠬᠠᠢ᠌ᠯᠠᠪᠠ᠃
ᠵᠢᠷᠭᠤᠳᠤᠭ᠋ᠠᠷ ᠪᠦᠯᠦᠭ ᠲᠣᠭᠲᠠᠭ᠋ᠠᠯ᠎ᠠᠴᠠ ᠵᠦᠷᠢᠴᠡᠭᠰᠡᠳ᠎ᠢ ᠰᠢᠢ᠍ᠳᠪᠦᠷᠢᠯᠡᠬᠦ᠃ ᠡᠯ᠎ᠡ ᠱᠠᠲᠤᠨ᠎ᠤ ᠡᠯ᠎ᠡ ᠲᠥᠷᠥᠯ᠎ᠤᠨ ᠪᠡᠶᠡᠴᠢ ᠴᠣᠭᠴᠠ ᠵᠢ ᠵᠠᠯᠬᠠᠭ᠋ᠠᠨ ᠰᠢᠳᠬᠡᠬᠦ ᠠᠷᠭ᠎ᠠ ᠮᠠᠶᠢᠭ ᠪᠠ ᠪᠣᠳᠠᠲᠠᠢ ᠠᠷᠭ᠎ᠠ ᠬᠡᠮᠵᠢᠶ᠎ᠡ ᠵᠢ ᠲᠣᠳᠣᠷᠬᠠᠢ ᠲᠣᠭᠲᠠᠭ᠋ᠠᠵᠤ᠂ ᠬᠠᠮᠢᠶᠠᠷᠤᠯᠲᠠ ᠵᠢᠨ ᠠᠵᠢᠯ᠎ᠢ ᠵᠢᠷᠤᠮᠯᠠᠬᠤ ᠳᠦᠷᠢᠮ᠎ᠲᠠᠢ ᠪᠣᠯᠭ᠋ᠠᠵᠤ᠂ ᠵᠠᠯᠬᠠᠭ᠋ᠠᠨ ᠰᠢᠳᠬᠡᠬᠦ ᠡᠲᠡᠭᠡᠳ᠎ᠢ ᠨᠠᠩ ᠨᠠᠷᠢᠯᠢᠭ ᠣᠨᠣᠴᠠᠲᠠᠢ ᠪᠣᠯᠭ᠋ᠠᠪᠠ᠃
ᠳᠣᠯᠣᠳᠤᠭ᠋ᠠᠷ ᠪᠦᠯᠦᠭ ᠳᠠᠭ᠋ᠠᠯᠳᠤᠭᠤᠯᠤᠭᠰᠠᠨ ᠳᠦᠷᠢᠮ᠃ ᠪᠤᠰᠤᠳ ᠵᠦᠢ᠍ᠯ ᠵᠣᠷᠪᠤᠰ ᠪᠠ ᠬᠡᠷᠡᠭᠵᠢᠭᠦᠯᠬᠦ ᠡᠳᠦᠷ ᠬᠤᠭᠤᠴᠠᠭ᠎ᠠ ᠵᠢ ᠲᠣᠳᠣᠷᠬᠠᠢ ᠲᠣᠭᠲᠠᠭ᠋ᠠᠵᠠᠢ᠃