ᠲᠡᠷᠢᠭᠦᠨ ᠬᠠᠭᠤᠳᠠᠰᠤ
ᠰᠣᠨᠢᠨ ᠮᠡᠳᠡᠭᠡ
ᠢᠯᠡ ᠵᠠᠰᠠᠭ
ᠦᠢᠯᠡᠴᠢᠯᠡᠭᠡ
ᠦᠨᠳᠦᠰᠦᠲᠡᠨ᠎ᠤ ᠪᠡᠶ᠎ᠡ ᠲᠠᠮᠢᠷ
ᠦᠢᠯᠡᠴᠢᠯᠡᠭᠡ   -   ᠲᠠᠨ᠎ᠳᠤ ᠦᠢᠯᠡᠴᠢᠯᠡᠬᠦ᠌
ᠲᠠᠮᠢᠷ᠎ᠤᠨ ᠬᠦᠳᠡᠯᠭᠡᠭᠡᠨ᠎ᠤ ᠲᠤᠬᠠᠢ ᠪᠠᠢ᠌ᠩᠭᠤ ᠲᠣᠬᠢᠶᠠᠯᠳᠤᠬᠤ ᠲᠠᠰᠢᠶᠠᠷᠠᠯ᠎ᠤᠳ
ᠨᠡᠶ᠋ᠢᠲᠡᠯᠡᠭᠰᠡᠨ ᠴᠠᠭ᠄ 2022-09-21

   1. ᠬᠥᠳᠡᠯᠭᠡᠭᠡᠨ ᠬᠢᠬᠦ ᠦᠶ᠎ᠡ᠎ᠳᠤ ᠤᠮᠳᠠᠭ᠋ᠠᠰᠪᠠᠯ᠂ ᠬᠤᠷᠳᠤᠨ ᠤᠰᠤ ᠤᠤᠭᠤᠬᠤ ᠪᠤᠶᠤ ᠲᠡᠰᠪᠦᠷᠢᠯᠡᠭᠡᠳ ᠤᠰᠤ ᠤᠤᠭᠤᠬᠤ ᠦᠭᠡᠢ
    ᠣᠨᠴᠠ ᠤᠮᠳᠠᠭ᠋ᠠᠰᠬᠤ ᠦᠶ᠎ᠡ᠎ᠳᠤ ᠪᠡᠶ᠎ᠡ ᠴᠢᠨᠢ ᠤᠰᠤ ᠳᠤᠲᠠᠬᠤ ᠪᠠᠢ᠌ᠳᠠᠯ᠎ᠳᠤ ᠣᠷᠣᠭᠰᠠᠨ᠎ᠢ ᠬᠠᠷᠠᠭᠤᠯᠵᠤ ᠪᠠᠢ᠌ᠨ᠎ᠠ᠃ ᠬᠥᠳᠡᠯᠭᠡᠭᠡᠨ᠎ᠤ ᠶᠠᠪᠤᠴᠠ᠎ᠳᠤ ᠵᠣᠬᠢᠬᠤ ᠬᠡᠮᠵᠢᠶᠡᠨ᠎ᠤ ᠤᠰᠤ ᠨᠥᠬᠥᠪᠦᠷᠢᠯᠡᠵᠦ᠂ ᠲᠠᠮᠢᠷ ᠲᠡᠩᠬᠡᠭᠡ ᠬᠦᠷᠦᠯᠴᠡᠬᠦ ᠦᠭᠡᠢ ᠪᠣᠯᠬᠤ᠎ᠠᠴᠠ ᠰᠡᠷᠭᠡᠢ᠌ᠯᠡᠨ᠎ᠡ᠃ ᠤᠰᠤ ᠤᠤᠭᠤᠬᠤ᠎ᠳᠠᠭᠠᠨ ᠪᠠᠭ᠎ᠠ ᠠᠮᠠ᠎ᠪᠠᠷ ᠵᠠᠯᠭᠢᠵᠤ᠂ ᠤᠳᠠᠭ᠎ᠠ ᠪᠦᠷᠢ ᠳᠡᠩᠳᠡᠭᠦᠦ ᠠᠷᠪᠢᠨ ᠤᠤᠭᠤᠵᠤ ᠪᠣᠯᠬᠤ ᠦᠭᠡᠢ ᠮᠥᠷᠲᠡᠭᠡᠨ ᠳᠡᠩᠳᠡᠭᠦᠦ ᠬᠦᠢ᠍ᠲᠡᠨ ᠤᠰᠤ ᠤᠤᠭᠤᠵᠤ ᠪᠣᠯᠬᠤ ᠦᠭᠡᠢ᠃ ᠬᠥᠳᠡᠯᠭᠡᠭᠡᠨ ᠬᠢᠬᠦ᠎ᠠᠴᠠ ᠡᠮᠦᠨ᠎ᠡ᠂ ᠬᠥᠳᠡᠯᠭᠡᠭᠡᠨ᠎ᠤ ᠳᠤᠮᠳᠠ ᠪᠠ ᠬᠥᠳᠡᠯᠭᠡᠭᠡᠨ ᠬᠢᠭᠰᠡᠨ᠎ᠤ ᠳᠠᠷᠠᠭ᠎ᠠ ᠪᠦᠷ ᠤᠰᠤ ᠨᠥᠬᠥᠪᠦᠷᠢᠯᠡᠬᠦ ᠵᠢ ᠠᠩᠬᠠᠷᠬᠤ ᠬᠡᠷᠡᠭᠲᠡᠢ᠃
    2. ᠰᠢᠷᠦᠭᠦᠨ ᠬᠥᠳᠡᠯᠭᠡᠭᠡᠨ ᠬᠢᠭᠰᠡᠨ᠎ᠤ ᠳᠠᠷᠠᠭ᠎ᠠ ᠳᠣᠣᠷ᠎ᠠ᠎ᠪᠠᠨ ᠪᠡᠶ᠎ᠡ᠎ᠪᠠᠨ ᠤᠬᠢᠶᠠᠬᠤ
    ᠰᠢᠷᠦᠭᠦᠨ ᠬᠥᠳᠡᠯᠭᠡᠭᠡᠨ ᠬᠢᠭᠰᠡᠨ᠎ᠤ ᠳᠠᠷᠠᠭ᠎ᠠ᠂ ᠪᠡᠶ᠎ᠡ ᠵᠢᠨ ᠳᠤᠯᠠᠭ᠋ᠠᠨ᠎ᠤ ᠲᠣᠭᠲᠠᠮᠠᠯ ᠪᠠᠢ᠌ᠬᠤ ᠵᠢ ᠪᠠᠲᠤᠯᠠᠬᠤ ᠵᠢᠨ ᠲᠥᠯᠥᠭᠡ᠂ ᠠᠷᠠᠰᠤᠨ᠎ᠤ ᠥᠩᠭᠡᠨ ᠲᠠᠯ᠎ᠠ ᠵᠢᠨ ᠴᠢᠰᠤᠨ ᠰᠤᠳᠠᠯ ᠲᠡᠯᠡᠭᠳᠡᠵᠦ᠂ ᠬᠥᠯᠥᠰᠦᠨ᠎ᠤ ᠰᠦᠪᠡ ᠲᠡᠯᠡᠭᠳᠡᠨ᠂ ᠬᠥᠯᠥᠰᠦ ᠠᠷᠪᠢᠳᠴᠤ᠂ ᠬᠠᠯᠠᠭᠤᠨ᠎ᠢ ᠰᠠᠷᠨᠢᠭᠤᠯᠬᠤ᠎ᠳᠤ ᠳᠥᠭᠥᠮ   ᠪᠤᠯᠭ᠋ᠠᠳᠠᠭ᠃ᠡᠨᠡ ᠦᠶ᠎ᠡ᠎ᠳᠤ ᠬᠡᠷᠪᠡ ᠬᠦᠢ᠍ᠲᠡᠨ ᠤᠰᠤ᠎ᠪᠠᠷ ᠤᠬᠢᠶᠠᠪᠠᠯ᠂ ᠴᠢᠰᠤᠨ ᠰᠤᠳᠠᠯ᠎ᠳᠤ ᠰᠡᠳᠦᠯᠲᠡ ᠥᠭᠴᠦ ᠳᠣᠣᠷ᠎ᠠ᠎ᠪᠠᠨ ᠠᠪᠴᠢᠭᠤᠯᠵᠤ᠂ ᠴᠢᠰᠤᠨ᠎ᠤ ᠡᠷᠭᠢᠯᠲᠡ ᠵᠢᠨ ᠰᠠᠭ᠋ᠠᠲᠠᠭᠤᠯᠬᠤ ᠬᠦᠴᠦ ᠵᠢ ᠨᠡᠮᠡᠭᠳᠡᠭᠦᠯᠬᠦ ᠵᠢᠨ ᠬᠠᠮᠲᠤ ᠪᠡᠶ᠎ᠡ ᠮᠠᠬᠠᠪᠤᠳ᠎ᠤᠨ ᠡᠪᠡᠳᠴᠢᠨ᠎ᠢ ᠡᠰᠡᠷᠭᠦᠴᠡᠬᠦ ᠴᠢᠳᠠᠪᠤᠷᠢ ᠵᠢ ᠪᠠᠭᠤᠷᠠᠭᠤᠯᠤᠨ᠂ ᠬᠥᠮᠥᠨ ᠠᠮᠠᠷᠬᠠᠨ ᠡᠪᠡᠳᠴᠢᠯᠡᠨ᠎ᠡ᠃ ᠬᠡᠷᠪᠡ ᠬᠠᠯᠠᠭᠤᠨ ᠤᠰᠤ᠎ᠪᠠᠷ ᠪᠡᠶ᠎ᠡ᠎ᠪᠠᠨ ᠤᠬᠢᠶᠠᠪᠠᠯ᠂ ᠴᠢᠰᠤ᠎ᠨᠢ ᠪᠤᠯᠴᠢᠩ ᠮᠢᠬ᠎ᠠ ᠪᠠ ᠠᠷᠠᠰᠤᠨ᠎ᠳᠤ ᠬᠡᠲᠦᠷᠬᠡᠢ ᠤᠷᠤᠰᠤᠨ ᠣᠷᠣᠵᠤ᠂ ᠵᠢᠷᠦᠬᠡ ᠪᠠ ᠶᠡᠬᠡ ᠲᠠᠷᠢᠬᠢᠨ᠎ᠤ ᠴᠢᠰᠤᠨ᠎ᠤ ᠬᠠᠩᠭ᠋ᠠᠯᠲᠠ ᠬᠦᠷᠦᠯᠴᠡᠬᠦ ᠦᠭᠡᠢ ᠪᠣᠯᠵᠤ᠂ ᠬᠥᠩᠭᠡᠨ ᠦᠶᠡᠰ ᠲᠣᠯᠣᠭ᠋ᠠᠢ ᠡᠷᠭᠢᠵᠦ ᠨᠢᠳᠦ ᠡᠷᠢᠶᠡᠯᠵᠡᠨ᠂ ᠬᠦᠨᠳᠦ ᠦᠶᠡᠰ ᠮᠠᠨᠠᠷᠠᠬᠤ ᠪᠥᠭᠡᠳ ᠪᠠᠰᠠ ᠪᠤᠰᠤᠳ ᠤᠳᠠᠭ᠋ᠠᠨ ᠴᠢᠨᠠᠷᠲᠠᠢ ᠡᠪᠡᠳᠴᠢᠨ᠎ᠢ ᠠᠮᠠᠷᠬᠠᠨ ᠡᠭᠦᠰᠬᠡᠨ᠎ᠡ᠃ ᠡᠢ᠌ᠮᠦ᠎ᠠᠴᠠ ᠬᠥᠳᠡᠯᠭᠡᠭᠡᠨ ᠳᠠᠭᠤᠰᠤᠭᠰᠠᠨ᠎ᠤ ᠳᠠᠷᠠᠭ᠎ᠠ᠂ ᠨᠠᠮᠳᠠᠭᠤᠯᠬᠤ ᠴᠠᠭ   ᠵᠠᠢ᠌ᠴᠢᠯᠠᠨ᠂ ᠳᠠᠷᠠᠭ᠎ᠠ᠎ᠨᠢ ᠳᠠᠬᠢᠨ ᠪᠡᠶ᠎ᠡ᠎ᠪᠠᠨ ᠤᠬᠢᠶᠠᠬᠤ ᠵᠢ ᠰᠠᠨᠠᠭᠤᠯᠤᠶ᠎ᠠ᠃
    3. ᠤᠷᠲᠤ ᠬᠤᠭᠤᠴᠠᠭ᠎ᠠ᠎ᠪᠠᠷ ᠪᠣᠯᠪᠠᠰᠤᠷᠠᠬᠤ ᠦᠭᠡᠢ ᠪᠠᠢ᠌ᠵᠦ ᠪᠠᠢ᠌ᠭ᠋ᠠᠳ ᠭᠡᠨᠡᠳᠲᠡ ᠰᠢᠷᠦᠬᠦᠨ ᠪᠤᠯᠪᠠᠰᠤᠷᠠᠯ ᠬᠢᠬᠦ
    ᠭᠡᠨᠡᠳᠲᠡ᠎ᠪᠠᠷ ᠶᠡᠬᠡ ᠬᠡᠮᠵᠢᠶ᠎ᠡ᠎ᠪᠠᠷ ᠥᠨᠳᠥᠷ ᠬᠦᠴᠦᠯᠡᠴᠡ᠎ᠲᠠᠢ ᠬᠥᠳᠡᠯᠭᠡᠭᠡᠨ ᠬᠢᠪᠡᠯ ᠪᠡᠶ᠎ᠡ ᠮᠠᠬᠠᠪᠤᠳ ᠵᠣᠬᠢᠴᠠᠬᠤ ᠵᠢᠨ ᠠᠷᠭ᠎ᠠ ᠦᠭᠡᠢ ᠪᠣᠯᠵᠤ᠂ ᠬᠦᠨᠳᠦ ᠰᠦᠷᠡᠬᠡᠢ ᠶᠠᠳᠠᠷᠠᠬᠤ ᠪᠠᠢ᠌ᠳᠠᠯ ᠢᠯᠡᠷᠡᠵᠦ᠂ ᠪᠦᠬᠦ ᠪᠡᠶ᠎ᠡ ᠱᠠᠷᠬᠢᠷᠠᠨ ᠡᠪᠡᠳᠴᠦ᠂ ᠪᠤᠯᠴᠢᠩ ᠲᠠᠲᠠᠭᠳᠠᠨ ᠰᠢᠷᠬᠠᠲᠤᠵᠤ᠂ ᠴᠢᠨᠠᠭᠰᠢᠯᠠᠭ᠋ᠠᠳ ᠬᠥᠳᠡᠯᠭᠡᠭᠡᠨ ᠬᠢᠵᠦ ᠭᠡᠨᠡᠳᠲᠡ ᠦᠬᠦᠬᠦ ᠪᠠᠢ᠌ᠳᠠᠯ ᠭᠠᠷᠳᠠᠭ᠃ ᠵᠥᠪ ᠣᠨᠣᠪᠴᠢᠲᠠᠶ ᠪᠣᠯᠪᠠᠰᠤᠷᠠᠬᠤ ᠠᠷᠭ᠎ᠠ ᠪᠣᠯ ᠪᠠᠭ᠎ᠠ ᠬᠡᠮᠵᠢᠶᠡᠨ᠎ᠤ ᠬᠥᠳᠡᠯᠭᠡᠭᠡᠨ᠎ᠠᠴᠠ ᠡᠬᠢᠯᠡᠵᠦ᠂ ᠪᠡᠶ᠎ᠡ ᠮᠠᠬᠠᠪᠤᠳ᠎ᠢ ᠵᠣᠬᠢᠴᠠᠬᠤ ᠶᠠᠪᠤᠴᠠ᠎ᠲᠠᠢ ᠪᠣᠯᠭ᠋ᠠᠨ᠎ᠠ᠂ ᠪᠠᠷᠤᠭ ᠬᠠᠭ᠋ᠠᠰ ᠰᠠᠷ᠎ᠠ ᠵᠢᠨ ᠳᠠᠷᠠᠭ᠎ᠠ ᠬᠥᠳᠡᠯᠭᠡᠭᠡᠨ᠎ᠤ ᠬᠡᠮᠵᠢᠶ᠎ᠡ ᠵᠢ ᠠᠭ᠋ᠠᠵᠢᠮ ᠵᠶ᠋ᠠᠷ ᠨᠡᠮᠡᠭᠳᠡᠭᠦᠯᠦᠨ᠂ ᠬᠥᠳᠡᠯᠭᠡᠭᠡᠨ᠎ᠤ ᠬᠦᠴᠦᠯᠡᠴᠡ ᠵᠢ ᠨᠡᠮᠡᠭᠳᠡᠭᠦᠯᠦᠨ᠎ᠡ᠂ ᠬᠥᠳᠡᠯᠭᠡᠭᠡᠨ᠎ᠢ ᠪᠠᠰᠠ ᠬᠢᠯᠪᠠᠷ᠎ᠠᠴᠠ ᠬᠦᠴᠢᠷ᠎ᠲᠤ ᠬᠦᠷᠭᠡᠵᠦ᠂ ᠠᠯᠬᠤᠮ ᠳᠠᠷᠠᠭ᠎ᠠ᠎ᠲᠠᠢ᠎ᠪᠠᠷ ᠶᠠᠪᠤᠭᠳᠠᠭᠤᠯᠤᠨ᠎ᠠ᠃

ᠢᠷᠡᠯᠲᠡ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠪᠡᠶ᠎ᠡ ᠵᠢᠨ ᠲᠠᠮᠢᠷ᠎ᠤᠨ ᠲᠤᠪᠴᠢᠶ᠎ᠡ
          
ᠬᠠᠮᠢᠶ᠎ᠡ ᠪᠦᠬᠦᠢ ᠰᠣᠨᠢᠨ
ᠡᠪ ᠦᠭᠡᠢ ᠲᠡᠭᠡᠰᠦ ᠦᠰᠦᠷᠪᠠᠯ ᠡᠪᠦᠳᠦᠭ᠎ᠪᠠᠨ ᠭᠡᠮᠳᠦᠭᠡᠨ᠎ᠡ
ᠬᠠᠪᠤᠷ᠎ᠤᠨ ᠤᠯᠠᠷᠢᠯ᠎ᠳᠤ ᠲᠤᠬᠢᠷᠠᠬᠤ ᠪᠡᠶ᠎ᠡ ᠵᠢᠨ ᠲᠠᠮᠷᠢ᠎ᠤᠨ ᠬᠦᠳᠡᠯᠭᠡᠭᠡᠨ
ᠴᠠᠭ᠋ᠠᠰᠤᠨ ᠰᠢᠪᠠᠭᠤ ᠨᠢᠰᠬᠡᠬᠦ᠎ᠳᠤ ᠶᠠᠭᠤ ᠵᠢ ᠠᠩᠬᠠᠷᠬᠤ ᠬᠡᠷᠡᠭᠳᠡᠢ ᠪᠣᠶ?
ᠮᠠᠷᠢᠶ᠎ᠡ ᠰᠢᠭᠤᠷᠠᠭᠤᠯᠬᠤ ᠪᠠ ᠲᠠᠮᠢᠷ᠎ᠤᠨ ᠬᠦᠳᠡᠯᠭᠡᠭᠡᠨ
ᠬᠥᠩᠭᠡᠨ ᠪᠡᠶ᠎ᠡ ᠵᠢᠨ ᠲᠠᠮᠢᠷ᠎ᠤᠨ ᠬᠥᠳᠡᠯᠭᠡᠭᠡᠨ᠎ᠨᠢ ᠶᠡᠬᠡ ᠲᠡᠭᠡᠳᠦ ᠰᠤᠷᠭ᠋ᠠᠭᠤᠯᠢ᠎ᠳᠤ ᠰᠢᠯᠭ᠋ᠠᠭᠤᠯᠬᠤ ᠰᠢᠯᠭ᠋ᠠᠯᠳᠠ ᠵᠢᠨ ᠲᠠᠷᠤᠭ᠋ᠠᠰᠦ ᠵᠢ ᠬᠦᠩᠭᠡᠷᠡᠭᠦᠯᠦᠨ᠎ᠡ
 
            