1. ᠬᠤᠭᠤᠯᠠ ᠢᠳᠡᠭᠰᠡᠨ᠎ᠤ ᠳᠠᠷᠠᠭ᠎ᠠ ᠬᠡᠷᠡᠮ᠎ᠲᠠᠢ ᠨᠠᠭ᠋ᠠᠯᠳᠣᠵᠦ ᠵᠤᠬᠰᠣᠬᠤ᠎ᠨᠢ᠂ ᠮᠠᠷᠢᠶ᠎ᠠ ᠰᠢᠭᠤᠷᠠᠭᠤᠯᠵᠤ ᠰᠢᠩᠭᠡᠭᠡᠯᠲᠡ ᠵᠢ ᠰᠠᠶ᠋ᠢᠵᠢᠷᠠᠭᠤᠯᠤᠨ᠎ᠠ᠃ ᠡᠬᠢᠯᠡᠬᠡᠳ 5 ᠮᠢᠨᠦ᠋ᠲ᠂ ᠤᠳᠠᠭ᠋ᠠᠨ᠎ᠳᠠᠭᠠᠨ 10᠎ᠠᠴᠠ 15 ᠮᠢᠨᠦ᠋ᠲ ᠵᠤᠬᠰᠣᠨ᠎ᠠ᠃ ᠵᠣᠭᠰᠣᠬᠤ᠎ᠳᠠᠭᠠᠨ ᠲᠡᠭᠰᠢ ᠤᠯᠠ᠎ᠲᠠᠢ ᠱᠠᠬᠠᠢ ᠡᠮᠦᠰᠬᠦ ᠵᠢ ᠠᠩᠬᠠᠷᠬᠤ ᠬᠡᠷᠡᠭᠲᠡᠢ᠃
2. ᠬᠡᠷᠡᠮ᠎ᠲᠠᠢ ᠨᠠᠭ᠋ᠠᠯᠳᠣᠵᠦ ᠵᠤᠬᠰᠣᠬᠤ᠎ᠨᠢ ᠨᠢᠷᠣᠭᠤ ᠰᠡᠭᠡᠷᠢ ᠠᠮᠠᠷᠠᠭᠤᠯᠳᠠᠭ᠃ ᠪᠡᠭᠡᠵᠢᠩ᠎ᠤᠨ ᠰᠢᠶᠧ ᠾᠧ ᠡᠮᠨᠡᠯᠭᠡ ᠵᠢᠨ ᠬᠤᠷᠢᠶᠠᠨ᠎ᠤ ᠰᠢᠮ᠎ᠡ ᠲᠡᠵᠢᠭᠡᠯ᠎ᠤᠨ ᠰᠠᠯᠠᠭ᠋ᠠᠨ᠎ᠤ ᠡᠷᠬᠢᠯᠡᠭᠴᠢ ᠡᠮᠴᠢ ᠴᠧᠨ ᠸᠧᠢ ᠵᠢᠨ ᠲᠠᠨᠢᠯᠴᠠᠭᠤᠯᠤᠭᠰᠠᠨ ᠵᠶ᠋ᠠᠷ᠂ ᠬᠡᠷᠡᠮ᠎ᠲᠠᠢ ᠨᠠᠭ᠋ᠠᠯᠳᠣᠵᠦ ᠵᠣᠭᠰᠣᠪᠠᠯ ᠬᠦᠵᠦᠭᠦᠦ ᠰᠡᠭᠡᠷ ᠪᠣᠯᠣᠨ ᠪᠦᠰᠡᠯᠡᠭᠦᠷ ᠨᠢᠷᠤᠭᠤ ᠵᠢ ᠭᠦᠢ᠍ᠴᠡᠳ ᠠᠮᠠᠷᠠᠭᠤᠯᠵᠦ ᠴᠢᠳᠠᠳᠠᠭ ᠶᠤᠮ ᠪᠠᠶ᠋ᠢᠨ᠎ᠠ᠃
3. ᠬᠡᠷᠡᠮ᠎ᠲᠠᠢ ᠨᠠᠭ᠋ᠠᠯᠳᠣᠵᠦ ᠵᠤᠬᠰᠣᠬᠤ᠎ᠳᠠᠭᠠᠨ᠂ ᠨᠢᠷᠤᠭᠤ᠎ᠪᠠᠨ ᠰᠠᠨᠠᠭ᠋ᠠᠴᠢᠯᠠᠭ᠎ᠠ᠎ᠠᠴᠠ᠎ᠪᠠᠨ ᠳᠡᠭᠰᠢᠯᠡᠬᠦ ᠭᠡᠷᠡᠭᠳᠡᠢ᠃ ᠡᠮᠴᠢ ᠵᠢᠨ ᠲᠠᠨᠢᠯᠴᠠᠭᠤᠯᠤᠭᠰᠠᠨ ᠵᠶ᠋ᠠᠷ᠂ ᠬᠡᠷᠡᠮ᠎ᠲᠠᠢ ᠨᠠᠭ᠋ᠠᠯᠳᠣᠵᠦ ᠵᠣᠭᠰᠣᠬᠤ ᠦᠶ᠎ᠡ ᠰᠠᠨᠠᠭ᠋ᠠᠴᠢᠯᠠᠭ᠎ᠠ᠎ᠠᠴᠠ᠎ᠪᠠᠨ ᠰᠡᠭᠡᠷ ᠵᠶ᠋ᠠᠨ ᠵᠠᠰᠠᠵᠤ ᠪᠤᠯᠳᠠᠭ᠂ ᠤᠴᠢᠷ᠎ᠨᠢ ᠬᠦᠮᠦᠰ ᠰᠡᠭᠡᠷ ᠨᠢᠷᠤᠭᠤ᠎ᠪᠠᠨ ᠬᠠᠵᠠᠶ᠋ᠢᠯᠭ᠋ᠠᠵᠦ ᠵᠤᠬᠰᠣᠬᠤ ᠳᠣᠷᠠᠳᠠᠢ ᠪᠠᠶ᠋ᠢᠵᠤ᠂ ᠬᠡᠷᠡᠮ᠎ᠲᠠᠢ ᠨᠠᠭ᠋ᠠᠯᠳᠣᠵᠦ ᠵᠣᠭᠰᠣᠬᠤ᠎ᠨᠢ ᠰᠡᠭᠡᠷ ᠨᠢᠷᠤᠭᠤ ᠵᠢ ᠵᠣᠬᠢᠬᠤ ᠬᠡᠮᠵᠢᠶ᠎ᠡ᠎ᠪᠠᠷ ᠳᠡᠭᠰᠢᠯᠡᠬᠦ ᠪᠠ ᠵᠠᠰᠠᠬᠤ ᠦᠢ᠍ᠯᠡᠳᠦᠯ᠎ᠲᠠᠢ ᠪᠠᠶ᠋ᠢᠳᠠᠭ ᠶᠤᠮ ᠪᠠᠶ᠋ᠢᠨ᠎ᠠ᠃
4. ᠬᠡᠷᠡᠮ᠎ᠲᠠᠢ ᠨᠠᠭ᠋ᠠᠯᠳᠣᠵᠦ ᠵᠤᠬᠰᠣᠬᠤ᠎ᠨᠢ ᠪᠥᠭᠲᠥᠷ ᠪᠥᠭᠴᠥᠭᠡᠷᠢ ᠵᠠᠰᠠᠨ᠎ᠠ᠃ ᠪᠠᠭ᠎ᠠ ᠰᠠᠭ᠎ᠠ ᠪᠥᠭᠲᠥᠷᠢ ᠬᠡᠷᠡᠮ ᠲᠠᠢ ᠨᠠᠭ᠋ᠠᠯᠳᠣᠵᠦ ᠵᠤᠬᠰᠣᠭ᠋ᠠᠳ ᠵᠠᠰᠠᠵᠦ ᠪᠤᠯᠳᠠᠭ ᠮᠦᠷᠳᠡᠬᠡᠨ ᠦᠷ᠎ᠡ ᠳ᠋ᠦᠩ᠎ᠨᠢ ᠨᠡᠯᠢᠶᠡᠳ ᠵᠦᠭᠡᠷ ᠪᠠᠶ᠋ᠢᠳᠠᠭ ᠶᠤᠮ᠃
5. ᠬᠡᠷᠡᠮ᠎ᠲᠠᠢ ᠨᠠᠭ᠋ᠠᠯᠳᠣᠵᠦ ᠵᠣᠭᠰᠣᠪᠠᠯ ᠠᠯᠬᠤᠭ᠎ᠠ ᠭᠢᠰᠬᠢᠭᠡ᠎ᠪᠠᠨ ᠵᠠᠰᠠᠵᠦ ᠪᠤᠯᠳᠠᠭ᠃ ᠣᠳᠣᠬᠠᠨ᠎ᠳᠤ ᠣᠯᠠᠨ ᠬᠦᠮᠦᠰ᠎ᠤᠨ ᠠᠯᠬᠤᠵᠦ ᠬᠢᠰᠬᠢᠬᠦ᠎ᠨᠢ ᠡᠪ ᠦᠬᠡᠢ ᠪᠠᠶ᠋ᠢᠵᠦ᠂ ᠦᠷᠭᠦᠯᠵᠢ ᠬᠡᠷᠡᠮ᠎ᠲᠠᠢ ᠨᠠᠭ᠋ᠠᠯᠳᠣᠵᠦ ᠵᠤᠬᠰᠣᠪᠠᠯ ᠲᠡᠭᠦᠨ᠎ᠢ ᠵᠠᠰᠠᠵᠦ ᠪᠤᠯᠳᠠᠭ ᠶᠤᠮ ᠪᠠᠶ᠋ᠢᠨ᠎ᠠ᠃