ᠬᠠᠪᠤᠷ᠎ᠤᠨ ᠤᠷᠢᠨ ᠲᠤᠯᠠᠭ᠋ᠠᠨ ᠴᠠᠭ ᠪᠤᠯᠵᠦ ᠴᠠᠭ᠋ᠠᠰᠤᠨ ᠰᠢᠪᠠᠭᠤ ᠨᠢᠰᠬᠡᠬᠦ ᠬᠦᠮᠦᠰ ᠤᠯᠠᠰᠢᠷᠠᠵᠦ ᠡᠬᠢᠯᠡᠪᠡ᠃ ᠣᠢ᠌ᠷ᠎ᠠ ᠵᠢᠨ ᠵᠢᠯ᠎ᠤᠳ᠎ᠲᠤ ᠴᠠᠭ᠋ᠠᠰᠤᠨ ᠰᠢᠪᠠᠭᠤᠨ ᠨᠢᠰᠬᠡᠭᠰᠡᠨ᠎ᠠᠴᠠ ᠪᠤᠯᠵᠦ᠂ ᠬᠥᠮᠥᠨ ᠰᠢᠷᠠᠭᠳᠤᠭᠰᠠᠨ ᠶᠠᠪᠤᠳᠠᠯ ᠦᠷᠭᠦᠯᠵᠢ ᠭᠠᠷᠴᠤ ᠪᠠᠢ᠌ᠭ᠎ᠠ᠎ᠨᠢ ᠠᠩᠬᠠᠷᠬᠤ ᠴᠢᠬᠤᠯᠠᠳᠠᠢ ᠠᠰᠠᠭᠤᠳᠠᠯ ᠪᠤᠯᠵᠦ ᠪᠠᠢ᠌ᠨ᠎ᠡ᠃
ᠣᠳᠣᠬᠠᠨ᠎ᠳᠤ ᠵᠠᠬ᠎ᠠ ᠳᠡᠯᠭᠡᠭᠦᠷ ᠲᠡᠭᠡᠷ᠎ᠡ ᠬᠤᠳᠠᠯᠳᠤᠵᠦ ᠪᠠᠢ᠌ᠭ᠎ᠠ ᠴᠠᠭ᠋ᠠᠰᠤᠨ ᠰᠢᠪᠠᠭᠤᠨ᠎ᠤ ᠤᠲᠠᠰᠤ ᠵᠢ ᠨᠠᠷᠢᠨ ᠨᠢᠯᠦᠨ᠂ ᠰᠢᠯ ᠤᠲᠠᠰᠤ᠂ ᠰᠦᠯᠢᠶᠥᠦ ᠤᠲᠠᠰᠤ ᠵᠡᠷᠭᠡ ᠮᠠᠲ᠋ᠧᠷᠢᠶᠠᠯ ᠵᠶ᠋ᠠᠷ ᠬᠢᠵᠦ᠂ ᠤᠶᠠᠨ ᠬᠠᠲᠠᠨ ᠴᠢᠨᠠᠷ ᠵᠶ᠋ᠠᠷ ᠰᠠᠢ᠌ᠨ᠂ ᠠᠮᠠᠷᠬᠠᠨ ᠲᠠᠰᠤᠷᠠᠬᠤ ᠦᠭᠡᠢ ᠪᠠᠢ᠌ᠳᠠᠭ᠃ ᠴᠠᠭ᠋ᠠᠰᠤᠨ ᠰᠢᠪᠠᠭᠤ ᠨᠢᠰᠭᠡᠭᠰᠡᠨᠤ ᠲᠠᠷᠠᠭ᠎ᠠ ᠤᠲᠠᠰᠤ᠎ᠨᠢ ᠴᠢᠩᠭ᠋ᠠᠷᠠᠬᠤ ᠦᠶ᠎ᠡ᠎ᠳᠤ ᠣᠨᠴᠠᠭ᠋ᠠᠶ ᠬᠤᠷᠴᠠ ᠪᠣᠯᠳᠠᠭ ᠲᠤᠯᠠ ᠬᠡᠷᠪᠡ ᠶᠡᠬᠡ ᠰᠠᠯᠬᠢᠨ᠎ᠲᠠᠢ ᠡᠳᠦᠷ ᠲᠣᠬᠢᠶᠠᠯᠳᠤᠪᠠᠯ᠂ ᠴᠢᠩᠭ᠋ᠠᠯᠠᠭᠰᠠᠨ ᠴᠠᠭ᠋ᠠᠰᠤᠨ ᠰᠢᠪᠠᠭᠤᠨ᠎ᠤ ᠤᠲᠠᠰᠤ᠎ᠨᠢ ᠬᠢᠴᠢᠶᠡᠮᠵᠢ ᠦᠭᠡᠢ᠎ᠪᠠᠷ ᠬᠥᠮᠥᠨ᠎ᠤ ᠬᠤᠷᠤᠭᠤ᠂ ᠭᠡᠳᠡᠰᠦ᠂ ᠬᠦᠵᠦᠬᠦᠦ ᠵᠢ ᠰᠢᠷᠬᠠᠲᠤᠭᠤᠯᠳᠠᠭ ᠶᠤᠮ᠃ ᠰᠢᠷᠬ᠎ᠠ᠎ᠨᠢ ᠶᠡᠷᠦ᠎ᠳᠡᠭᠡᠨ ᠨᠠᠷᠢᠨ ᠮᠥᠷᠲᠡᠭᠡᠨ ᠭᠦᠨ ᠲᠤᠯᠠ ᠴᠠᠭ ᠲᠤᠬᠠᠢᠳᠤᠨᠢ ᠴᠢᠰᠤ ᠵᠢ᠎ᠨᠢ ᠵᠣᠭᠰᠣᠭ᠋ᠠᠵᠤ ᠪᠣᠭᠣᠵᠤ᠂ ᠬᠠᠯᠳᠠᠪᠤᠷᠢᠯᠠᠯ ᠡᠭᠦᠰᠬᠦ᠎ᠠᠴᠠ ᠰᠡᠷᠭᠡᠢ᠌ᠯᠡᠬᠦ ᠬᠡᠷᠡᠭᠲᠡᠢ᠃ ᠬᠡᠷᠪᠡ ᠪᠣᠭᠣᠮᠢᠯᠠᠬᠤ᠎ᠳᠤ ᠬᠦᠷᠪᠡᠯ ᠤᠷᠢᠳᠡᠪᠡᠷ ᠬᠦᠵᠦᠭᠦᠦ ᠵᠢ ᠤᠷᠢᠶᠠᠭᠰᠠᠨ ᠨᠠᠷᠢᠨ ᠤᠲᠠᠰᠤ ᠵᠢ ᠲᠠᠢ᠌ᠯᠠᠬᠤ ᠬᠡᠷᠡᠭᠳᠡᠢ᠃
ᠡᠭᠦᠨ᠎ᠠᠴᠠ ᠭᠠᠳᠠᠨ᠎ᠠ᠂ 《ᠴᠠᠬᠢᠯᠭ᠋ᠠᠨ ᠬᠦᠴᠦᠨ᠎ᠤ ᠬᠠᠤᠯᠢ》 ᠵᠡᠷᠭᠡ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ᠂ ᠥᠨᠳᠥᠷ ᠬᠦᠴᠦᠳᠡᠯᠲᠦ ᠴᠠᠬᠢᠯᠭ᠋ᠠᠨ ᠤᠲᠠᠰᠤᠨ᠎ᠤ ᠬᠣᠶᠠᠷ ᠲᠠᠯ᠎ᠠ ᠵᠢᠨ 300 ᠮᠧᠲᠷ᠎ᠤᠨ ᠣᠷᠣᠨ᠎ᠳᠤ ᠴᠠᠭ᠋ᠠᠰᠤᠨ ᠰᠢᠪᠠᠭᠤ ᠨᠢᠰᠬᠡᠬᠦ ᠵᠢ ᠴᠢᠩᠭ᠎ᠠ ᠴᠠᠭ᠋ᠠᠵᠠᠯᠠᠨ᠎ᠠ᠂ ᠦᠢᠯᠡ ᠠᠵᠢᠯᠯᠠᠭ᠎ᠠ᠎ᠨᠢ ᠬᠦᠨᠳᠦ ᠨᠣᠴᠢᠲᠠᠢ ᠪᠣᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ ᠭᠡᠵᠦ ᠲᠣᠳᠣᠷᠬᠠᠢ ᠲᠣᠭᠲᠠᠭ᠋ᠠᠵᠠᠢ᠃
ᠴᠠᠭ᠋ᠠᠰᠤᠨ ᠰᠢᠪᠠᠭᠤ ᠨᠢᠰᠬᠡᠬᠦ᠎ᠳᠡᠭᠡᠨ ᠠᠯᠢ ᠴᠢᠳᠠᠬᠤ᠎ᠪᠠᠷ ᠲᠡᠭᠰᠢᠬᠡᠨ᠂ ᠥᠷᠭᠡᠨ ᠠᠭᠤᠳᠠᠮ ᠭᠠᠵᠠᠷ᠎ᠢ ᠰᠣᠩᠭᠣᠵᠤ᠂ ᠬᠥᠮᠥᠨ ᠣᠯᠠᠨ ᠭᠠᠵᠠᠷ᠎ᠲᠤ ᠲᠠᠯᠪᠢᠵᠤ ᠪᠣᠯᠬᠤ ᠦᠭᠡᠢ᠂ ᠨᠠᠩ ᠴᠤ᠌ ᠴᠠᠭ᠋ᠠᠰᠤᠨ ᠰᠢᠪᠠᠭᠤ ᠵᠢ ᠵᠠᠮ ᠬᠥᠨᠳᠡᠯᠡᠨ ᠭᠡᠳᠦᠯᠭᠡᠵᠦ ᠪᠣᠯᠬᠤ ᠦᠭᠡᠢ;
ᠪᠠᠭ᠋ᠠᠴᠤᠳ ᠬᠡᠦᠬᠡᠳ ᠴᠠᠭ᠋ᠠᠰᠤᠨ ᠰᠢᠪᠠᠭᠤ ᠨᠢᠰᠬᠡᠬᠦ᠎ᠳᠡᠭᠡᠨ ᠪᠢᠴᠢᠬᠠᠨ ᠴᠠᠭ᠋ᠠᠰᠤᠨ ᠰᠢᠪᠠᠭᠤ ᠵᠢ ᠰᠣᠩᠭᠣᠬᠤ ᠪᠠ ᠬᠦᠪᠦᠩ ᠤᠳᠠᠰᠦ᠎ᠲᠠᠢ ᠴᠠᠭ᠋ᠠᠰᠤᠨ ᠰᠢᠪᠠᠭᠤᠨ ᠨᠢᠰᠭᠡᠪᠡᠯ ᠵᠤᠬᠢᠨ᠎ᠡ᠃ ᠴᠠᠭ᠋ᠠᠰᠤᠨ ᠰᠢᠪᠠᠭᠤ ᠨᠢᠰᠬᠡᠬᠦ᠎ᠳᠡᠭᠡᠨ ᠪᠡᠭᠡᠯᠡᠢ᠎ᠪᠠᠨ ᠵᠡᠭᠦᠪᠡᠯ ᠬᠠᠮᠤᠭ ᠰᠠᠢ᠌ᠨ᠂ ᠶᠡᠬᠡ ᠰᠠᠯᠬᠢ ᠪᠤᠶᠤ ᠴᠠᠭ᠋ᠠᠰᠤᠨ ᠰᠢᠪᠠᠭᠤ ᠣᠷᠢᠶᠠᠭᠳᠠᠬᠤ ᠦᠶ᠎ᠡ᠎ᠳᠤ ᠡᠷᠲᠡᠬᠡᠨ ᠭᠠᠷ ᠵᠶ᠋ᠠᠨ ᠲᠠᠯᠪᠢᠵᠤ᠂ ᠭᠠᠷ ᠵᠶ᠋ᠠᠨ ᠰᠢᠷᠬᠠᠲᠤᠭᠤᠯᠬᠤ᠎ᠠᠴᠠ ᠰᠡᠷᠭᠡᠢ᠌ᠯᠡᠨ᠎ᠡ᠃
ᠢᠯᠡ ᠲᠣᠳᠣ ᠥᠩᠭᠡ᠎ᠲᠠᠢ ᠴᠠᠭ᠋ᠠᠰᠤᠨ ᠰᠢᠪᠠᠭᠤᠨ᠎ᠤ ᠤᠳᠠᠰᠤ ᠪᠤᠶᠤ ᠤᠳᠠᠰᠤᠨ ᠲᠡᠭᠡᠷ᠎ᠡ᠎ᠪᠠᠨ ᠲᠡᠮᠳᠡᠭ ᠤᠶᠠᠵᠦ᠂ ᠪᠤᠰᠤᠳ᠎ᠤᠨ ᠠᠩᠬᠠᠷᠤᠯ᠎ᠢ ᠢᠯᠡᠭᠦᠬᠡᠨ ᠲᠠᠲᠠᠬᠤ ᠵᠢ ᠰᠠᠨᠠᠭᠤᠯᠤᠨ᠎ᠠ᠃
ᠶᠠᠪᠠᠭ᠋ᠠᠨ ᠬᠦᠮᠦᠨ ᠪᠠ ᠲᠤᠭᠤᠢ ᠤᠨᠤᠵᠦ ᠪᠠᠢ᠌ᠭ᠎ᠠ ᠬᠦᠮᠦᠨ᠂ ᠣᠢ᠌ᠷ᠎ᠠ ᠬᠠᠪᠢ᠎ᠳᠤ ᠴᠠᠭ᠋ᠠᠰᠤᠨ ᠰᠢᠪᠠᠭᠤ ᠨᠢᠰᠬᠡᠵᠦ ᠪᠠᠢ᠌ᠬᠤ ᠵᠢ ᠣᠯᠵᠤ ᠬᠠᠷᠠᠪᠠᠯ᠂ ᠠᠯᠢ ᠴᠢᠳᠠᠬᠤ᠎ᠪᠠᠷ ᠠᠯᠭᠤᠷ ᠠᠭ᠋ᠠᠵᠢᠮ ᠵᠶ᠋ᠠᠷ ᠶᠠᠪᠤᠵᠤ᠂ ᠣᠷᠴᠢᠨ ᠲᠣᠭᠣᠷᠢᠨ᠎ᠢ᠎ᠨᠢ ᠠᠩᠬᠠᠷᠤᠨ ᠠᠵᠢᠭᠯᠠᠬᠤ ᠬᠡᠷᠡᠭᠲᠡᠢ᠃
ᠴᠠᠬᠢᠯᠭ᠋ᠠᠨ ᠤᠲᠠᠰᠤᠨ᠎ᠤ ᠣᠶ᠋ᠢᠷᠠᠯᠴᠠᠭ᠎ᠠ ᠴᠠᠭ᠋ᠠᠰᠤᠨ ᠰᠢᠪᠠᠭᠤ ᠨᠢᠰᠭᠡᠵᠦ ᠪᠤᠯᠬᠤ ᠦᠭᠡᠢ᠂ ᠬᠡᠷᠪᠡ ᠴᠠᠬᠢᠯᠭ᠋ᠠᠨ ᠤᠲᠠᠰᠤ ᠵᠢ ᠣᠷᠢᠶᠠᠪᠠᠯ᠂ ᠴᠠᠬᠢᠯᠭ᠋ᠠᠨ ᠤᠲᠠᠰᠤᠨ᠎ᠤ ᠪᠠᠭ᠋ᠠᠨ᠎ᠠ᠎ᠳᠤ ᠠᠪᠠᠷᠢᠨ ᠠᠪᠴᠤ ᠪᠣᠯᠬᠤ ᠦᠭᠡᠢ᠂ ᠴᠠᠭ ᠲᠤᠬᠠᠢᠳᠤᠨᠢ ᠴᠠᠭᠳᠠᠭ᠎ᠠ᠎ᠳᠤ ᠮᠡᠳᠡᠭᠦᠯᠵᠦ᠂ ᠲᠤᠰᠬᠠᠢ ᠮᠡᠷᠭᠡᠵᠢᠯ᠎ᠤᠨ ᠠᠵᠢᠯᠲᠠᠨ ᠵᠶ᠋ᠠᠷ ᠣᠭᠲᠣᠯᠣᠭᠤᠯᠵᠤ᠂ ᠠᠮᠤᠷ ᠲᠦᠪᠰᠢᠨ᠎ᠢ ᠪᠠᠲᠤᠯᠠᠬᠤ ᠬᠡᠷᠡᠭᠲᠡᠢ᠃