11 ᠰᠠᠷ᠎ᠠ ᠵᠢᠨ 18᠎ᠤ ᠡᠳᠦᠷ᠂ ᠠᠩᠬᠠᠳᠤᠭ᠋ᠠᠷ ᠬᠤᠭᠤᠴᠠᠭ᠋ᠠᠨ᠎ᠤ 《ᠮᠣᠩᠭᠣᠯ ᠮᠣᠷᠢᠨ᠎ᠤ ᠵᠣᠷᠢᠭ ᠰᠠᠨᠠᠭ᠎ᠠ ᠬᠤᠨᠳᠠᠭ᠋ᠠᠲᠤ》 ᠰᠢᠯᠢ ᠵᠢᠨ ᠭᠣᠣᠯ᠎ᠤᠨ ᠮᠣᠩᠭᠣᠯ ᠮᠣᠷᠢᠨ᠎ᠤ ᠲᠡᠰ᠎ᠠᠴᠠ ᠲᠠᠪᠠᠭᠰᠠᠨ ᠬᠣᠯᠪᠣᠭ᠋ᠠᠲᠤ ᠤᠷᠤᠯᠳᠤᠭ᠋ᠠᠨ᠎ᠤ ᠲᠤᠬᠠᠢ ᠵᠢᠨ ᠲᠠᠯᠠᠪᠤᠷ᠎ᠲᠤ᠂ ᠰᠤᠷᠪᠤᠯᠵᠢᠯᠠᠭᠴᠢ ᠮᠠᠰᠢ ᠣᠯᠠᠨ ᠪᠢᠴᠢᠬᠠᠨ ᠤᠨᠤᠭ᠋ᠠᠴᠢ᠎ᠲᠠᠢ ᠲᠠᠭ᠋ᠠᠷᠠᠯᠳᠤᠯᠠ᠃


ᠤᠯᠠᠭ᠋ᠠᠨᠬᠠᠯᠠᠭᠠ ᠰᠤᠮᠤ ᠵᠢᠨ ᠪᠠᠶᠠᠨᠴᠠᠢ᠍ᠢ᠍ᠳᠠᠮ ᠭᠠᠴᠠᠭ᠎ᠠ ᠵᠢᠨ ᠪᠢᠴᠢᠬᠠᠨ ᠤᠨᠤᠭ᠋ᠠᠴᠢ ᠪᠠᠳᠤᠠᠤᠷᠬᠢᠯ ᠪᠤᠯ ᠲᠡᠳᠡᠨᠤᠰ᠎ᠤᠨ ᠳᠣᠲᠣᠷᠠᠬᠢ ᠨᠢᠭᠡ᠎ᠨᠢ ᠪᠣᠯᠣᠨ᠎ᠠ᠂ 15 ᠨᠠᠰᠤᠲᠠᠢ ᠤᠨᠤᠭ᠋ᠠᠴᠢ ᠬᠦᠦ ᠪᠠᠳᠤᠠᠤᠷᠬᠢᠯ ᠰᠤᠷᠪᠤᠯᠵᠢᠯᠠᠭᠴᠢ᠎ᠳᠤ᠄ 《ᠪᠢ ᠮᠣᠷᠢ ᠤᠷᠤᠯᠳᠤᠬᠤ ᠮᠠᠰᠢ ᠳᠤᠷᠠᠲᠠᠢ᠂ 11 ᠨᠠᠰᠤᠨ᠎ᠠᠴᠠ᠎ᠪᠠᠨ ᠮᠤᠷᠢᠨ ᠤᠷᠤᠯᠳᠤᠭ᠋ᠠᠨ᠎ᠳᠤ ᠣᠷᠣᠯᠴᠠᠵᠤ᠂ 50 ᠭᠠᠷᠤᠢ ᠤᠳᠠᠭ᠎ᠠ ᠤᠷᠤᠯᠳᠤᠭ᠋ᠠᠨ᠎ᠳᠤ ᠣᠷᠣᠯᠴᠠᠵᠤ ᠪᠠᠢ᠌ᠨ᠎ᠡ᠂ ᠣᠯᠠᠨ ᠤᠳᠠᠭ᠎ᠠ ᠰᠠᠢ᠌ᠨ ᠬᠢᠷᠢ ᠪᠦᠲᠦᠮᠵᠢ ᠣᠯᠣᠭᠰᠠᠨ᠂ ᠮᠣᠷᠢ ᠤᠷᠤᠯᠳᠤᠬᠤ ᠮᠠᠰᠢ ᠰᠣᠨᠢᠷᠬᠠᠯᠲᠠᠢ᠂ ᠪᠢ ᠲᠡᠷᠡ ᠬᠦ᠌ ᠡᠷᠬᠡ ᠴᠢᠯᠦᠭᠡᠲᠠᠢ ᠲᠥᠷᠥᠭᠳᠡᠯ᠎ᠳᠤ ᠳᠤᠷᠠᠲᠠᠢ》 ᠭᠡᠵᠦ ᠪᠠᠢ᠌ᠪᠡ᠃ ᠲᠡᠷᠡ ᠬᠠᠷᠠᠬᠠᠨ ᠪᠠᠭ᠎ᠠ᠎ᠠᠴᠠ᠎ᠪᠠᠨ ᠮᠤᠷᠢ ᠤᠨᠤᠭ᠎ᠠ᠎ᠲᠠᠢ ᠤᠢ᠌ᠷᠠᠳᠤᠵᠦ᠂ ᠮᠤᠷᠢ ᠤᠨᠤᠬᠤ ᠠᠵᠠ ᠲᠤᠬᠢᠶᠠᠯ ᠬᠠᠢ᠌ᠳᠠᠭ ᠪᠠᠢ᠌ᠪᠠ᠃ ᠠᠩᠬ᠎ᠠ ᠵᠡᠷᠭᠡ ᠵᠢᠨ ᠲᠤᠮᠳᠠᠳᠦ ᠰᠤᠷᠭ᠋ᠠᠭᠤᠯᠢ ᠵᠢᠨ ᠰᠤᠷᠤᠭᠴᠢ ᠪᠤᠯᠤᠭᠰᠠᠨ ᠲᠠᠷᠠ ᠤᠳᠤ ᠤᠨᠤᠭ᠋ᠠᠴᠢ ᠪᠤᠯᠵᠠᠢ᠃ ᠲᠤᠰ ᠤᠳᠠᠭ᠋ᠠᠨ᠎ᠤ ᠭᠤᠴᠢᠨ ᠭᠠᠵᠠᠷ᠎ᠤᠨ ᠰᠢᠨᠳᠠᠰᠦ ᠰᠢᠯᠭ᠋ᠠᠬᠤ ᠤᠷᠤᠯᠳᠤᠭ᠋ᠠᠨ᠎ᠳᠤ᠂ ᠪᠠᠳᠤᠠᠤᠷᠬᠢᠯ ᠥᠪᠡᠷ᠎ᠤᠨ ᠬᠠᠢ᠌ᠷ᠎ᠠ᠎ᠲᠤ ᠮᠣᠷᠢ᠎ᠲᠠᠢ᠎ᠪᠠᠨ ᠴᠠᠰᠤᠳᠤ ᠲᠠᠯ᠎ᠠ ᠵᠢᠨ ᠲᠤᠮᠳᠠᠭᠤᠷ ᠬᠦᠢ᠍ᠳᠡᠨ ᠰᠠᠯᠬᠢ ᠰᠦᠷᠦᠨ᠂ ᠬᠦᠴᠢᠷ᠎ᠠᠴᠠ ᠠᠶᠤᠬᠤ ᠦᠭᠡᠢ ᠡᠷᠡᠯᠬᠡᠭᠯᠡᠨ ᠤᠷᠤᠭᠰᠢᠯᠠᠬᠤ ᠮᠣᠩᠭᠣᠯ ᠮᠣᠷᠢᠨ᠎ᠤ ᠵᠣᠷᠢᠭ ᠰᠠᠨᠠᠭ᠎ᠠ ᠪᠣᠯᠣᠨ ᠠᠳᠤᠭᠤᠨ ᠰᠣᠶᠣᠯ᠎ᠤᠨ ᠤᠯᠠᠮᠵᠢᠯᠠᠯ᠎ᠢ ᠳᠡᠯᠭᠡᠨ ᠦᠵᠡᠭᠦᠯᠵᠦ ᠪᠠᠢ᠌ᠯ᠎ᠠ᠃


ᠤᠷᠤᠯᠳᠤᠭ᠋ᠠᠨ ᠳᠠᠭᠤᠰᠤᠭᠰᠠᠨ᠎ᠤ ᠳᠠᠷᠠᠭ᠎ᠠ᠂ ᠪᠠᠳᠤᠠᠤᠷᠬᠢᠯ ᠮᠥᠨ ᠯᠡ ᠴᠢᠷᠠᠢ ᠳᠦᠭᠦᠷᠡᠩ ᠢᠨᠢᠶᠡᠮᠰᠦᠭᠯᠡᠭᠰᠡᠭᠡᠷ ᠪᠠᠢ᠌ᠯ᠎ᠠ᠂ ᠲᠡᠭᠦᠨ᠎ᠳᠤ ᠠᠪᠴᠤ ᠬᠡᠯᠡᠪᠡᠯ᠂ ᠮᠣᠷᠢ ᠤᠷᠤᠯᠳᠤᠬᠤ ᠪᠣᠯ ᠥᠪᠡᠷ᠎ᠤᠨ ᠬᠢᠨᠢ ᠬᠠᠮᠤᠭ᠎ᠤᠨ ᠪᠠᠶᠠᠷ ᠬᠥᠷ᠎ᠲᠠᠢ ᠲᠠᠮᠢᠷ᠎ᠤᠨ ᠬᠥᠳᠡᠯᠭᠡᠭᠡᠨ ᠪᠤᠯᠬᠤ ᠶᠤᠮ᠃
