8 ᠰᠠᠷ᠎ᠠ ᠵᠢᠨ 26᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠢᠷᠭᠤᠳᠤᠭ᠋ᠠᠷ ᠬᠤᠭᠤᠴᠠᠭ᠋ᠠᠨ᠎ᠤ ᠵᠡᠮᠳᠡᠭᠴᠦᠳ᠎ᠤᠨ ᠪᠡᠶ᠎ᠡ ᠵᠢᠨ ᠲᠠᠮᠢᠷ᠎ᠤᠨ ᠴᠤᠭᠯᠠᠭ᠋ᠠᠨ ᠵᠢᠴᠢ ᠣᠨᠴᠠᠭ᠋ᠠᠶ ᠣᠯᠢᠮᠫᠢᠺ᠎ᠤᠨ ᠲᠠᠮᠢᠷ᠎ᠤᠨ ᠴᠤᠭᠯᠠᠭ᠋ᠠᠨ᠎ᠤ ᠥᠳᠥᠨ ᠪᠥᠮᠪᠥᠭᠡ ᠵᠢᠨ ᠤᠷᠤᠯᠳᠤᠭ᠋ᠠᠨ᠎ᠳᠤ ᠣᠷᠣᠯᠴᠠᠭᠰᠠᠨ ᠲᠠᠮᠢᠷᠴᠢᠨ ᠪᠦ᠋ ᠵᠢᠩ ᠰᠢᠨ ᠰᠤᠷᠪᠤᠯᠵᠢᠯᠠᠭᠴᠢ ᠵᠢᠨ ᠰᠣᠷᠪᠤᠯᠵᠢᠯᠠᠭ᠎ᠠ ᠵᠢ ᠬᠦᠯᠢᠶᠡᠬᠦ᠎ᠳᠡᠭᠡᠨ᠄ 《ᠤᠷᠤᠯᠳᠤᠭ᠋ᠠᠨ᠎ᠳᠤ ᠣᠷᠣᠯᠴᠠᠭᠰᠠᠨ᠎ᠠᠴᠠ ᠪᠢ ᠤᠯᠠᠮ ᠢᠲᠡᠭᠡᠯ᠎ᠲᠠᠢ ᠪᠤᠯᠤᠯ᠎ᠠ!》 ᠭᠡᠵᠦ ᠪᠠᠢ᠌ᠪᠠ᠃
ᠪᠦ᠋ ᠵᠢᠩ ᠰᠢᠨ ᠪᠣᠯ ᠬᠥᠯᠥᠨ ᠪᠤᠢ᠍ᠢ᠍ᠷ᠎ᠤᠨ ᠲᠥᠯᠥᠭᠡᠯᠡᠭᠴᠢᠳ᠎ᠤᠨ ᠠᠩᠭᠢ ᠵᠢᠨ ᠲᠠᠮᠢᠷᠴᠢᠨ ᠪᠤᠯᠤᠨ᠎ᠡ᠂ ᠲᠡᠷᠡ ᠪᠤᠰᠤᠳ ᠲᠠᠮᠢᠷᠴᠢᠳ᠎ᠲᠠᠢ ᠠᠳᠠᠯᠢ᠎ᠪᠠᠷ ᠱᠠᠲᠤ ᠱᠠᠲᠤ᠎ᠪᠠᠷ ᠰᠢᠯᠭ᠋ᠠᠷᠠᠭᠤᠯᠬᠤ᠎ᠪᠠᠷ ᠲᠠᠮᠵᠢᠨ᠂ ᠤᠯᠠᠨ᠎ᠠᠴᠠ ᠴᠣᠯᠭᠣᠷᠠᠵᠤ᠂ ᠬᠠᠲᠠᠭᠤᠵᠢᠯᠲᠠᠢ ᠪᠣᠯᠪᠠᠰᠤᠷᠠᠯ ᠬᠢᠭᠰᠡᠨ᠎ᠤ ᠲᠠᠷᠠᠭ᠎ᠠ᠂ ᠲᠠᠮᠢᠷ᠎ᠤᠨ ᠤᠷᠤᠯᠳᠤᠭ᠋ᠠᠨ᠎ᠳᠤ ᠤᠷᠤᠯᠴᠠᠵᠦ᠂ ᠥᠳᠥᠨ ᠪᠥᠮᠪᠥᠭᠡ ᠵᠢᠨ ᠤᠷ᠎ᠠ ᠮᠡᠷᠭᠡᠵᠢᠯ ᠵᠶ᠋ᠡᠨ ᠭᠠᠢ᠌ᠬᠠᠭᠤᠯᠤᠭᠰᠠᠨ ᠪᠠᠢ᠌ᠨ᠎ᠠ᠃