
11 ᠰᠠᠷ᠎ᠠ ᠵᠢᠨ 4᠎ᠤ ᠡᠳᠦᠷ᠎ᠠᠴᠠ 5᠎ᠤ ᠡᠳᠦᠷ ᠪᠣᠯᠲᠠᠯ᠎ᠠ᠂ 2023 ᠣᠨ᠎ᠤ ᠪᠥᠬᠥ ᠣᠷᠣᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ U25 ᠵᠠᠯᠠᠭᠤᠴᠤᠳ᠎ᠤᠨ ᠪᠥᠬᠡ ᠵᠢᠨ ᠤᠷᠤᠯᠳᠤᠭ᠋ᠠᠨ ᠬᠥᠯᠥᠨ ᠪᠣᠶ᠋ᠢᠷ ᠬᠣᠲᠠ ᠵᠢᠨ ᠰᠢᠨ᠎ᠡ ᠪᠠᠷᠭᠤ ᠵᠡᠭᠦᠨ ᠬᠣᠰᠢᠭᠤᠨ᠎ᠳᠤ ᠶᠠᠪᠤᠭᠳᠠᠪᠠ᠃
ᠲᠤᠰ ᠤᠳᠠᠭ᠋ᠠᠨ᠎ᠤ ᠤᠷᠤᠯᠳᠤᠭ᠋ᠠᠨ᠎ᠳᠤ ᠬᠤᠪᠢ ᠬᠥᠮᠥᠨ᠎ᠤ ᠤᠷᠤᠯᠳᠤᠭ᠋ᠠᠨ ᠪᠠ ᠪᠦᠯᠬᠦᠮ᠎ᠤᠨ ᠤᠷᠤᠯᠳᠤᠭ᠋ᠠᠨ ᠭᠡᠵᠦ ᠲᠤᠬᠢᠷᠠᠭᠤᠯᠵᠦ᠂ ᠬᠥᠯᠥᠨ ᠪᠣᠶ᠋ᠢᠷ ᠬᠣᠲᠠ᠂ ᠣᠷᠳᠣᠰ ᠬᠣᠲᠠ᠂ ᠰᠢᠯᠢ ᠵᠢᠨ ᠭᠣᠣᠯ ᠠᠢ᠌ᠮᠠᠭ᠂ ᠤᠯᠠᠭ᠋ᠠᠨᠬᠠᠳᠠ ᠬᠣᠲᠠ ᠵᠢᠨ 16 ᠲᠥᠯᠥᠭᠡᠯᠡᠭᠴᠢᠳ᠎ᠤᠨ ᠠᠩᠭᠢ ᠵᠢᠨ 128 ᠵᠠᠯᠠᠭᠤ ᠪᠥᠬᠡᠴᠢᠳ ᠤᠷᠤᠯᠳᠤᠭ᠋ᠠᠨ᠎ᠳᠤ ᠣᠷᠣᠯᠴᠠᠵᠠᠢ᠃ ᠲᠣᠰ ᠤᠷᠤᠯᠳᠤᠭ᠋ᠠᠨ᠎ᠨᠢ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠢᠬᠤᠯᠠ ᠬᠥᠳᠡᠯᠭᠡᠭᠡᠨ ᠪᠣᠯᠤᠭᠰᠠᠨ᠎ᠤ ᠬᠤᠪᠢ᠎ᠳᠤ᠂ ᠦᠨᠳᠦᠰᠦᠲᠡᠨ᠎ᠤ ᠪᠦᠯᠬᠦᠮᠳᠡᠯ᠎ᠢ ᠠᠬᠢᠭᠤᠯᠬᠤ᠂ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠰᠣᠶᠣᠯ᠎ᠢ ᠪᠠᠳᠠᠷᠠᠭᠤᠯᠬᠤ ᠵᠢᠴᠢ ᠪᠡᠶ᠎ᠡ ᠵᠢᠨ ᠲᠠᠮᠢᠷ᠎ᠤᠨ ᠦᠢ᠍ᠯᠡᠰ᠎ᠤᠨ ᠬᠥᠭᠵᠢᠯᠲᠡ ᠵᠢ ᠳᠠᠢ᠌ᠴᠢᠯᠠᠬᠤ᠎ᠳᠤ ᠲᠤᠢ᠌ᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠃
ᠬᠣᠶᠠᠷ ᠡᠳᠦᠷ᠎ᠤᠨ ᠰᠢᠷᠦᠭᠦᠨ ᠥᠷᠢᠰᠦᠯᠳᠦᠭᠡᠨ ᠵᠶ᠋ᠡᠷ ᠳᠠᠮᠵᠢᠭ᠋ᠠᠳ᠂ ᠰᠢᠯᠢ ᠵᠢᠨ ᠭᠣᠣᠯ ᠠᠢ᠌ᠮᠠᠭ᠎ᠤᠨ ᠵᠡᠭᠦᠨ ᠦᠵᠦᠮᠦᠴᠢᠨ ᠬᠣᠰᠢᠭᠤ᠂ ᠰᠢᠯᠢ ᠵᠢᠨ ᠬᠣᠲᠠ᠂ ᠤᠯᠠᠭ᠋ᠠᠨᠬᠠᠳᠠ ᠬᠣᠲᠠ ᠵᠢᠨ ᠠᠷᠤ ᠬᠣᠷᠴᠢᠨ ᠬᠣᠰᠢᠭᠤ ᠲᠣᠰ ᠲᠣᠰ ᠪᠦᠯᠬᠦᠮ᠎ᠤᠨ ᠤᠷᠤᠯᠳᠤᠭ᠋ᠠᠨ᠎ᠤ ᠡᠮᠦᠨ᠎ᠡ ᠭᠤᠷᠪᠠ᠎ᠳᠤ ᠣᠷᠣᠵᠤ᠂ ᠬᠤᠪᠢ ᠬᠥᠮᠥᠨ᠎ᠤ ᠤᠷᠤᠯᠳᠤᠭ᠋ᠠᠨ᠎ᠳᠤ ᠪᠠᠷᠠᠭᠤᠨ ᠦᠵᠦᠮᠦᠴᠢᠨ ᠬᠣᠰᠢᠭᠤᠨ᠎ᠤ ᠪᠥᠬᠡᠴᠢᠨ ᠨᠠᠮᠰᠠᠷᠠᠢ ᠮᠠᠩᠯᠠᠢ᠎ᠳᠤ ᠰᠢᠯᠭ᠋ᠠᠷᠠᠵᠤ᠂ ᠰᠢᠯᠢ ᠵᠢᠨ ᠭᠣᠣᠯ ᠠᠢ᠌ᠮᠠᠭ᠎ᠤᠨ ᠬᠥᠪᠡᠭᠡᠲᠦ ᠰᠢᠷ᠎ᠠ ᠬᠣᠰᠢᠭᠤᠨ᠎ᠤ ᠪᠥᠬᠡᠴᠢᠨ ᠨᠠᠢ᠌ᠷᠠᠭ ᠳᠡᠳ᠋ᠯᠡᠵᠦ᠂ ᠰᠢᠯᠢ ᠵᠢᠨ ᠬᠣᠲᠠ ᠵᠢᠨ ᠪᠥᠬᠡᠴᠢᠨ ᠨᠠᠩᠵᠢᠳ ᠭᠤᠲᠠᠭ᠋ᠠᠷ ᠮᠠᠩᠯᠠᠢ᠎ᠳᠤ ᠰᠢᠯᠭ᠋ᠠᠷᠠᠵᠠᠢ᠃
