
7 ᠰᠠᠷ᠎ᠠ ᠵᠢᠨ 5᠎ᠤ ᠡᠳᠦᠷ᠂ ᠠᠷᠪᠠᠳᠤᠭ᠋ᠠᠷ ᠬᠤᠭᠤᠴᠠᠭ᠋ᠠᠨ᠎ᠤ ᠪᠥᠬᠥ ᠣᠷᠣᠨ᠎ᠤ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ ᠮᠣᠷᠢ ᠤᠷᠤᠯᠳᠤᠬᠤ᠂ ᠲᠡᠮᠡᠭᠡ ᠤᠷᠤᠯᠳᠤᠬᠤ᠂ ᠡᠷ᠎ᠡ ᠵᠢᠨ ᠭᠤᠷᠪᠠᠨ ᠨᠠᠭ᠋ᠠᠳᠤᠮ᠂ ᠲᠡᠮᠡᠭᠡᠨ ᠪᠥᠮᠪᠥᠭᠡ ᠵᠢᠨ ᠤᠷᠤᠯᠳᠤᠭ᠋ᠠᠨ ᠤᠯᠠᠭ᠋ᠠᠨᠴᠠᠪ ᠬᠣᠲᠠ ᠵᠢᠨ ᠳᠥᠷᠪᠡᠳ ᠬᠣᠰᠢᠭᠤᠨ᠎ᠤ ᠬᠤᠪᠢᠶᠠᠷᠢ ᠲᠠᠯᠠᠪᠠᠢ᠎ᠳᠤ ᠡᠬᠢᠯᠡᠪᠡ᠃ ᠳᠥᠷᠪᠡᠳ ᠬᠣᠰᠢᠭᠤᠨ᠎ᠤ ᠬᠤᠪᠢᠶᠠᠷᠢ ᠲᠠᠯᠠᠪᠠᠢ᠎ᠳᠤ ᠲᠣᠰ ᠬᠤᠭᠤᠴᠠᠭ᠋ᠠᠨ᠎ᠤ ᠴᠥᠭᠡᠨ ᠲᠣᠭ᠋ᠠᠲᠤ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠤ 3 ᠤᠷᠤᠯᠳᠤᠭ᠋ᠠᠨ᠎ᠤ 14 ᠵᠦᠢ᠍ᠯ᠂ 1 ᠲᠣᠭᠯᠠᠯᠲᠠ ᠵᠢᠨ ᠵᠦᠢ᠍ᠯ᠎ᠤᠨ ᠤᠷᠤᠯᠳᠤᠭ᠋ᠠᠨ ᠶᠠᠪᠤᠭᠳᠠᠬᠤ ᠪᠤᠯᠤᠨ᠎ᠡ᠃
ᠮᠤᠷᠢᠨ ᠤᠷᠤᠯᠳᠤᠭ᠋ᠠᠨ᠎ᠳᠤ ᠬᠤᠷᠳᠤᠨ ᠮᠤᠷᠢᠨ᠎ᠤ 1000 ᠮᠧᠲᠷ᠂ 1700 ᠮᠧᠲᠷ᠂ 3000 ᠮᠧᠲᠷ᠂ 5000 ᠮᠧᠲᠷ᠂ 7750 ᠮᠧᠲᠷ᠎ᠤᠨ ᠤᠷᠤᠯᠳᠤᠭ᠋ᠠᠨ᠂ ᠵᠢᠷᠣᠭ᠎ᠠ ᠮᠣᠷᠢᠤ 1000 ᠮᠧᠲᠷ᠂ 2600 ᠮᠧᠲᠷ᠎ᠤᠨ ᠤᠷᠤᠯᠳᠤᠭ᠋ᠠᠨ᠂ ᠦᠨᠳᠦᠰᠦᠲᠡᠨ᠎ᠤ ᠤᠯᠠᠮᠵᠢᠯᠠᠯᠲᠤ ᠵᠢᠷᠣᠭ᠎ᠠ ᠮᠤᠷᠢᠨ᠎ᠤ 3000 ᠮᠧᠲᠷ᠂ 5000 ᠮᠧᠲᠷ᠎ᠤᠨ ᠤᠷᠤᠯᠳᠤᠭ᠋ᠠᠨ ᠭᠡᠬᠦ 9 ᠪᠠᠭ᠎ᠠ ᠲᠦᠷᠦᠯ᠎ᠤᠨ ᠤᠷᠤᠯᠳᠤᠭ᠋ᠠᠨ ᠲᠤᠬᠢᠷᠠᠭᠤᠯᠪᠠ᠃ 9 ᠠᠢ᠌ᠮᠠᠭ ᠬᠣᠲᠠ ᠵᠢᠨ ᠲᠥᠯᠥᠭᠡᠯᠡᠭᠴᠢᠳ᠎ᠤᠨ ᠪᠦᠯᠬᠦᠮ ᠣᠷᠣᠯᠴᠠᠵᠠᠢ᠃

ᠲᠡᠮᠡᠭᠡᠨ ᠤᠷᠤᠯᠳᠤᠭ᠋ᠠᠨ᠎ᠳᠤ 1000 ᠮᠧᠲᠷ᠂ 3600 ᠮᠧᠲᠷ᠂ 5400 ᠮᠧᠲᠷ᠂ 10000 ᠮᠧᠲᠷ ᠭᠡᠬᠦ 4 ᠤᠷᠤᠯᠳᠤᠭ᠋ᠠᠨ᠎ᠤ ᠵᠦᠢ᠍ᠯ᠎ᠢ ᠲᠣᠬᠢᠷᠠᠭᠤᠯᠵᠤ᠂ 9 ᠠᠢ᠌ᠮᠠᠭ ᠬᠣᠲᠠ ᠵᠢᠨ ᠲᠥᠯᠥᠭᠡᠯᠡᠭᠴᠢᠳ᠎ᠤᠨ ᠪᠦᠯᠬᠦᠮ ᠣᠷᠣᠯᠴᠠᠵᠠᠢ᠃

ᠡᠷ᠎ᠡ` ᠵᠢᠨ ᠭᠤᠷᠪᠠᠨ ᠨᠠᠭ᠋ᠠᠳᠤᠮ᠎ᠳᠤ ᠶᠡᠷᠦᠩᠬᠡᠢ ᠬᠢᠷᠢ ᠪᠦᠲᠦᠮᠵᠢ ᠵᠢ ᠦᠨᠳᠦᠰᠦᠯᠡᠨ ᠤᠷᠤᠯᠳᠤᠭ᠋ᠠᠨ᠎ᠤ ᠬᠢᠷᠢ ᠪᠦᠲᠦᠮᠵᠢ ᠵᠢ ᠲᠣᠭᠲᠠᠭ᠋ᠠᠵᠤ᠂ ᠨᠡᠶ᠋ᠢᠲᠡ 8 ᠠᠢ᠌ᠮᠠᠭ ᠬᠣᠲᠠ ᠵᠢᠨ ᠲᠥᠯᠥᠭᠡᠯᠡᠭᠴᠢᠳ᠎ᠤᠨ ᠪᠦᠯᠬᠦᠮ᠎ᠤᠨ 79 ᠳᠠᠭ᠋ᠠᠭᠤᠯᠤᠭᠴᠢ᠂ ᠳᠠᠰᠬᠠᠯᠵᠢᠭᠤᠯᠤᠭᠴᠢ ᠲᠠᠮᠢᠷᠴᠢᠨ ᠤᠷᠤᠯᠴᠠᠪᠠ᠃

ᠲᠡᠮᠡᠭᠡᠨ ᠪᠥᠮᠪᠥᠭᠡ ᠵᠢᠨ ᠲᠣᠭᠯᠠᠯᠲᠠ ᠵᠢᠨ ᠵᠦᠢ᠍ᠯ᠎ᠳᠤ 5 ᠠᠢ᠌ᠮᠠᠭ ᠬᠣᠲᠠ ᠵᠢᠨ ᠲᠥᠯᠥᠭᠡᠯᠡᠭᠴᠢᠳ᠎ᠤᠨ ᠪᠦᠯᠬᠦᠮ ᠣᠷᠣᠯᠴᠠᠵᠠᠢ᠃