
11 ᠰᠠᠷ᠎ᠠ ᠵᠢᠨ 22᠎ᠤᠨ ᠤᠷᠤᠢ᠂ ᠠᠷᠪᠡᠨ ᠬᠤᠶᠠᠲᠤᠭ᠋ᠠᠷ ᠬᠤᠭᠤᠴᠠᠭ᠋ᠠᠨ᠎ᠤ ᠪᠦᠭᠦ ᠤᠯᠤᠰ᠎ᠤᠨ ᠴᠦᠭᠡᠨ ᠲᠤᠭ᠋ᠠᠲᠤ ᠦᠨᠲᠦᠰᠦᠲᠡᠨ᠎ᠤ ᠤᠯᠠᠮᠵᠢᠯᠠᠯᠲᠦ ᠪᠡᠶ᠎ᠡ ᠵᠢᠨ ᠲᠠᠮᠢᠷ᠎ᠤᠨ ᠴᠤᠭᠯᠠᠭ᠋ᠠᠨ ᠬᠠᠶ᠋ᠢᠨᠠᠨ᠎ᠤ ᠰᠠᠨᠶᠠ ᠬᠤᠲᠠ ᠵᠢᠨ ᠪᠡᠶ᠎ᠡ ᠵᠢᠨ ᠲᠠᠮᠢᠷ᠎ᠤᠨ ᠳᠦᠪ᠎ᠲᠤ ᠡᠭᠢᠯᠡᠪᠡ᠃
ᠲᠦᠷᠪᠡᠨ ᠵᠢᠯ᠎ᠳᠤ ᠨᠢᠭᠡ ᠬᠤᠭᠤᠴᠠᠭ᠎ᠠ ᠶᠠᠪᠤᠭᠳᠠᠳᠠᠭ ᠪᠦᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠪᠣᠯ ᠮᠠᠨ᠎ᠤ ᠤᠯᠤᠰ᠎ᠤᠨ ᠬᠡᠪ ᠪᠠᠷᠢᠮᠵᠢᠶ᠎ᠠ᠎ᠪᠠᠷ ᠬᠠᠮᠤᠭ᠎ᠤᠨ ᠥᠨᠳᠥᠷ᠂ ᠬᠡᠪᠴᠢᠶ᠎ᠡ᠎ᠪᠠᠷ ᠬᠠᠮᠤᠭ᠎ᠤᠨ ᠶᠡᠭᠡ ᠶᠡᠷᠦᠩᠬᠡᠶ᠋ᠢᠯᠡᠭᠰᠡᠨ ᠴᠢᠨᠠᠷᠲᠠᠶ ᠦᠨᠳᠦᠰᠦᠲᠡᠨ᠎ᠤ ᠪᠡᠶ᠎ᠡ ᠵᠢᠨ ᠲᠠᠮᠢᠷ᠎ᠤᠨ ᠦᠪᠡᠳᠡᠭᠰᠢ ᠴᠤᠭᠯᠠᠭ᠋ᠠᠨ ᠪᠠᠶ᠋ᠢᠵᠤ᠂ ᠦᠨᠳᠦᠰᠦᠲᠡᠨ᠎ᠨᠦᠭᠦᠳ᠎ᠤᠨ ᠬᠠᠮᠲᠤ᠎ᠪᠠᠷ ᠪᠡᠯᠭᠡᠯᠡᠵᠦ ᠬᠠᠮᠲᠤ᠎ᠪᠠᠷ ᠡᠳ᠋ᠯᠡᠬᠦ ᠦᠪᠡᠳᠡᠭᠰᠢ ᠶᠡᠭᠡ ᠪᠠᠶᠠᠷ᠎ᠤᠨ ᠡᠳᠦᠷ ᠪᠠ ᠦᠨᠳᠦᠰᠦᠲᠡᠨ᠎ᠤ ᠪᠦᠯᠬᠦᠮᠳᠡᠯ ᠳᠠᠪᠰᠢᠯᠲᠠ᠂ ᠴᠡᠴᠡᠭᠯᠡᠨ ᠬᠥᠭᠵᠢᠬᠦ ᠵᠢ ᠠᠬᠢᠭᠤᠯᠬᠤ ᠴᠢᠬᠤᠯᠠ ᠲᠠᠪᠴᠠᠩ ᠪᠣᠯᠤᠭᠰᠠᠨ ᠪᠠᠶ᠋ᠢᠨ᠎ᠠ᠃ ᠲᠤᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠪᠣᠯ ᠮᠥᠨ ᠴᠦ᠍ ᠨᠠᠮ᠎ᠤᠨ ᠬᠤᠷᠢᠳᠤᠭ᠋ᠠᠷ ᠶᠡᠭᠡ ᠬᠤᠷᠠᠯ᠎ᠤᠨ ᠳᠠᠷᠠᠭ᠎ᠠ ᠶᠠᠪᠤᠭᠳᠠᠭᠰᠠᠨ ᠠᠩᠬᠠᠳᠤᠭ᠋ᠠᠷ ᠤᠳᠠᠭ᠋ᠠᠨ᠎ᠤ ᠪᠥᠬᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ ᠪᠠᠢ᠌ᠵᠦ᠂ ᠪᠥᠬᠦ ᠤᠯᠤᠰ᠎ᠤᠨ ᠲᠦᠮᠡ ᠰᠢᠬᠠᠮ ᠲᠠᠮᠢᠷᠴᠢᠳ ᠪᠠ ᠬᠦᠨᠳᠦᠲᠦ ᠵᠣᠴᠢᠳ ᠬᠠᠢ᠌ᠨᠠᠨ᠎ᠳᠤ ᠴᠤᠭᠯᠠᠷᠠᠵᠦ᠂ ᠦᠨᠳᠦᠰᠦᠲᠡᠨ᠎ᠤ ᠪᠦᠯᠬᠦᠮᠳᠡᠯ᠎ᠤᠨ ᠶᠡᠭᠡ ᠨᠠᠶ᠋ᠢᠷ᠎ᠢ ᠪᠢᠴᠢᠭᠯᠡᠭᠰᠡᠨ ᠪᠠᠢ᠌ᠨ᠎ᠡ᠃
ᠲᠤᠰ ᠤᠳᠠᠭ᠋ᠠᠨ᠎ᠤ ᠡᠬᠢᠯᠡᠯᠲᠡ ᠵᠢᠨ ᠶᠣᠰᠣᠯᠠᠯ᠎ᠳᠤ ᠡᠬᠢᠯᠡᠯᠲᠡ ᠵᠢᠨ ᠶᠣᠰᠣᠯᠠᠯ ᠪᠠ ᠰᠣᠶᠣᠯ ᠲᠠᠮᠢᠷ᠎ᠤᠨ ᠦᠵᠡᠭᠦᠯᠦᠯᠭᠡ ᠵᠢᠨ ᠲᠣᠭᠯᠠᠯᠲᠠ ᠭᠡᠬᠦ ᠬᠤᠶᠠᠷ ᠭᠤᠭᠴᠤᠭ᠎ᠠ ᠵᠢ ᠪᠠᠭᠳᠠᠭ᠋ᠠᠵᠤ᠂ ᠬᠤᠶᠠᠷ ᠴᠠᠭ ᠰᠢᠬᠠᠮ ᠦᠷᠭᠦᠯᠵᠢᠯᠡᠪᠡ᠃ ᠲᠠᠯᠠᠪᠠᠢ᠎ᠳᠤ ᠣᠷᠣᠬᠤ ᠶᠣᠰᠣᠯᠠᠯ ᠳᠡᠭᠡᠷ᠎ᠡ᠂ ᠡᠯ᠎ᠡ ᠲᠥᠯᠥᠭᠡᠯᠡᠭᠴᠢᠳ᠎ᠤᠨ ᠪᠦᠯᠬᠦᠮ ᠵᠢᠴᠢ ᠲᠣᠭᠯᠠᠯᠲᠠ ᠵᠢᠨ ᠡᠩᠨᠡᠭᠡ ᠡᠯ᠎ᠡ ᠭᠠᠵᠠᠷ᠎ᠤᠨ ᠬᠠᠮᠤᠭ᠎ᠤᠨ ᠭᠤᠶ᠋ᠢᠳᠠ ᠰᠠᠶ᠋ᠢᠬᠠᠨ ᠦᠨᠳᠦᠰᠦᠲᠡᠨ᠎ᠤ ᠤᠷᠠᠨ ᠰᠠᠶ᠋ᠢᠬᠠᠨ᠎ᠤ ᠲᠣᠭᠯᠠᠯᠲᠠ ᠵᠢ ᠲᠤᠭᠯᠠᠭᠰᠠᠨ ᠪᠠᠶ᠋ᠢᠨ᠎ᠠ᠃
ᠣᠶ᠋ᠢᠯᠠᠭ᠋ᠠᠭᠰᠠᠨ ᠵᠶ᠋ᠠᠷ᠂ ᠲᠣᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ 18 ᠲᠦᠷᠦᠯ᠎ᠤᠨ ᠤᠷᠤᠯᠳᠤᠭ᠋ᠠᠨ ᠪᠠ ᠤᠷᠤᠯᠳᠤᠭ᠋ᠠᠨ᠎ᠤ ᠲᠥᠷᠥᠯ᠂ ᠤᠷ᠎ᠠ ᠮᠡᠷᠭᠡᠵᠢᠯ᠎ᠤᠨ ᠲᠥᠷᠥᠯ᠂ ᠶᠡᠷᠦᠩᠬᠡᠶ᠋ᠢᠯᠡᠭᠰᠡᠨ ᠲᠥᠷᠥᠯ᠎ᠤᠨ ᠭᠡᠬᠦ ᠭᠤᠷᠪᠠᠨ ᠲᠥᠷᠥᠯ᠎ᠤᠨ ᠲᠣᠭᠯᠠᠯᠲᠠ ᠵᠢᠨ ᠲᠦᠷᠦᠯ᠎ᠢ ᠳᠣᠭᠢᠷᠠᠭᠤᠯᠵᠤ᠂ ᠦᠨᠳᠦᠰᠦᠲᠡᠨ᠎ᠨᠦᠭᠦᠳ᠎ᠤᠨ ᠤᠯᠠᠮᠵᠢᠯᠠᠯᠲᠤ ᠵᠠᠩ ᠵᠠᠩᠰᠢᠯ᠎ᠢ ᠢᠯᠡᠷᠡᠭᠦᠯᠵᠦ᠂ ᠳᠤᠮᠳᠠᠳᠤ ᠵᠢᠨ ᠪᠡᠶ᠎ᠡ ᠵᠢᠨ ᠲᠠᠮᠢᠷ᠎ᠤᠨ ᠵᠣᠷᠢᠭ ᠰᠠᠨᠠᠭ᠎ᠠ ᠵᠢ ᠪᠠᠳᠠᠷᠠᠭᠤᠯᠤᠨ᠂ ᠳᠤᠮᠳᠠᠳᠤ ᠵᠢᠨ ᠰᠣᠶᠣᠯ᠎ᠤᠨ ᠮᠡᠳᠡᠷᠡᠮᠵᠢ ᠵᠢ ᠨᠡᠮᠡᠭᠳᠡᠭᠦᠯᠬᠦ ᠪᠣᠯᠤᠨ᠎ᠠ᠃









