ᠠᠷᠪᠠᠨ ᠬᠣᠶᠠᠳᠤᠭ᠋ᠠᠷ ᠬᠤᠭᠤᠴᠠᠭ᠋ᠠᠨ᠎ᠤ ᠪᠦᠭᠦ ᠤᠯᠤᠰ᠎ᠤᠨ ᠴᠥᠭᠡᠨ ᠲᠣᠭ᠋ᠠᠲᠤ ᠦᠨᠳᠦᠰᠦᠲᠡᠨ᠎ᠤ ᠤᠯᠠᠮᠵᠢᠯᠠᠯᠲᠤ ᠪᠡᠶ᠎ᠡ ᠵᠢᠨ ᠲᠠᠮᠢᠷ᠎ᠤᠨ ᠴᠤᠭᠯᠠᠭ᠋ᠠᠨ 11 ᠰᠠᠷ᠎ᠠ ᠵᠢᠨ 22᠎ᠤᠨ ᠣᠷᠣᠢ ᠬᠠᠢ᠌ᠨᠠᠨ ᠮᠤᠵᠢ ᠵᠢᠨ ᠰᠠᠨᠶᠠ ᠬᠣᠲᠠ᠎ᠳᠤ ᠦᠪᠡᠳᠡᠭᠰᠢ ᠶᠡᠬᠡ᠎ᠪᠠᠷ ᠡᠬᠢᠯᠡᠪᠡ᠃
ᠡᠭᠢᠯᠡᠯᠲᠡ ᠵᠢᠨ ᠶᠣᠰᠣᠯᠠᠯ ᠳᠡᠭᠡᠷ᠎ᠡ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠭᠦᠮ ᠵᠢᠪᠬᠤᠭ᠎ᠠ ᠲᠡᠭᠦᠯᠳᠡᠷ ᠵᠶ᠋ᠡᠷ ᠴᠤᠭᠯᠠᠭ᠋ᠠᠨ᠎ᠤ ᠲᠠᠯᠠᠪᠠᠢ᠎ᠳᠤ ᠠᠯᠬᠤᠨ ᠣᠷᠣᠵᠤ᠂ ᠳᠠᠯᠠᠪᠠᠢ᠎ᠳᠤ ᠣᠷᠣᠬᠤ ᠭᠣᠴᠣ ᠰᠠᠢ᠌ᠬᠠᠨ ᠲᠣᠬᠯᠠᠯᠲᠠ᠎ᠨᠢ ᠣᠨᠴᠠᠯᠢᠭ ᠲᠡᠭᠦᠰ᠂ ᠣᠮᠣᠭ ᠲᠡᠭᠦᠯᠳᠡᠷ ᠪᠠᠢ᠌ᠵᠤ᠂ ᠥᠪᠥᠷ ᠮᠣᠩᠭᠣᠯ᠎ᠤᠨ ᠲᠠᠮᠢᠷᠴᠢᠳ᠎ᠤᠨ ᠢᠳᠡᠪᠬᠢᠲᠡᠢ ᠤᠷᠤᠭᠰᠢᠯᠠᠨ᠂ ᠡᠷᠡᠮᠡᠬᠡᠢ᠌ᠯᠡᠨ ᠲᠠᠪᠰᠢᠬᠤ ᠰᠠᠢ᠌ᠨ ᠰᠠᠢ᠌ᠬᠠᠨ ᠤᠶᠤᠨ ᠰᠠᠨᠠᠭ᠋ᠠᠨ᠎ᠤ ᠳᠦᠷᠰᠦ ᠪᠠᠢ᠌ᠳᠠᠯ᠎ᠢ ᠭᠦᠢ᠍ᠴᠡᠳ ᠢᠯᠡᠷᠡᠭᠦᠯᠪᠡ᠃
ᠲᠣᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠭᠦᠮ ᠨᠡᠢ᠌ᠲᠡ 181 ᠲᠠᠮᠢᠷᠴᠢᠨ ᠲᠣᠮᠢᠯᠠᠵᠤ᠂ ᠲᠡᠪᠡᠭ᠂ ᠳᠡᠭᠦᠵᠢᠩ᠂ ᠬᠣᠯᠬᠣᠪᠴᠢ ᠨᠤᠮᠤ ᠬᠠᠷᠪᠤᠬᠤ᠂ ᠲᠥᠪᠡᠳ ᠮᠠᠶᠢᠭ᠎ᠤᠨ ᠳᠡᠭᠡᠰᠦ ᠲᠠᠲᠠᠬᠤ᠂ ᠦᠨᠳᠦᠰᠦᠲᠡᠨ᠎ᠤ ᠵᠡᠪᠰᠡᠭ᠎ᠤᠨ ᠡᠷᠳᠡᠮ᠂ ᠦᠨᠳᠦᠰᠦᠲᠡᠨ᠎ᠤ ᠪᠦᠭᠡ ᠵᠢᠨ ᠪᠠᠷᠢᠯᠳᠤᠭ᠋ᠠᠨ᠂ ᠦᠨᠳᠦᠰᠦᠲᠡᠨ᠎ᠤ ᠮᠣᠷᠢᠨ ᠮᠡᠷᠭᠡᠵᠢᠯ᠂ ᠦᠨᠳᠦᠰᠦᠲᠡᠨ᠎ᠤ ᠪᠡᠶ᠎ᠡ ᠴᠢᠭᠢᠷᠠᠭᠵᠢᠭᠤᠯᠬᠤ ᠲᠠᠮᠢᠷ ᠵᠡᠷᠭᠡ 8 ᠤᠷᠤᠯᠳᠤᠭ᠋ᠠᠨ᠎ᠤ ᠲᠥᠷᠥᠯ ᠵᠦᠢ᠍ᠯ ᠵᠢᠴᠢ ᠤᠭᠯᠠᠭᠤᠷᠭ᠎ᠠ ᠪᠤᠯᠢᠶᠠᠬᠤ᠂ ᠪᠤᠢ᠌ᠺᠤ ᠪᠥᠮᠪᠥᠭᠡ᠂ ᠲᠡᠮᠡᠭᠡᠨ ᠪᠥᠮᠪᠥᠭᠡ᠂ ᠮᠣᠷᠢᠨ ᠮᠡᠷᠭᠡᠵᠢᠯ ᠵᠡᠷᠭᠡ 4 ᠲᠣᠬᠯᠠᠯᠲᠠ ᠵᠢᠨ ᠲᠥᠷᠥᠯ ᠵᠦᠢ᠍ᠯ᠎ᠳᠤ ᠣᠷᠣᠯᠴᠠᠪᠠ᠃ ᠡᠭᠦᠨ᠎ᠳᠤ ᠦᠨᠳᠦᠰᠦᠲᠡᠨ᠎ᠤ ᠮᠣᠷᠢᠨ ᠮᠡᠷᠭᠡᠵᠢᠯ᠂ ᠲᠡᠮᠡᠭᠡᠨ ᠪᠥᠮᠪᠥᠭᠡ᠂ ᠮᠣᠷᠢᠨ ᠮᠡᠷᠭᠡᠵᠢᠯ ᠵᠡᠷᠭᠡ 3 ᠲᠥᠷᠥᠯ ᠵᠦᠢ᠍ᠯ᠎ᠢ ᠡᠨᠡ ᠵᠢᠯ᠎ᠤᠨ 7 ᠰᠠᠷ᠎ᠠ᠎ᠳᠤ ᠰᠢᠨᠵᠢᠶᠠᠩ᠎ᠤᠨ ᠢᠯᠢ ᠵᠢᠨ ᠮᠤᠩᠭᠤᠯᠭᠦ᠋ᠷᠢᠶᠡ ᠰᠢᠶᠠᠨ᠎ᠳᠤ ᠤᠷᠤᠯᠳᠤᠵᠤ ᠳᠠᠭᠤᠰᠬᠠᠪᠠ᠃
ᠤᠷᠤᠯᠳᠤᠭ᠋ᠠᠨ᠎ᠤ ᠲᠠᠯᠠᠪᠠᠢ᠎ᠳᠤ ᠬᠠᠮᠤᠭ᠎ᠤᠨ ᠰᠠᠢ᠌ᠨ ᠬᠢᠷᠢ ᠪᠦᠳᠦᠮᠵᠢ᠎ᠪᠠᠨ ᠪᠠᠳᠠᠷᠠᠭᠤᠯᠵᠤ᠂ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠭᠦᠮ᠎ᠳᠤ ᠢᠷᠠᠭᠤ ᠠᠯᠳᠠᠷ ᠣᠯᠭᠣᠬᠤ᠎ᠪᠠᠷ ᠴᠢᠷᠮᠠᠢ᠌ᠨ᠎ᠠ᠃ ᠡᠭᠦᠨ᠎ᠤ ᠬᠠᠮᠲᠤ ᠪᠤᠰᠤᠳ ᠮᠤᠵᠢ ᠣᠷᠣᠨ ᠬᠣᠲᠠ ᠵᠢᠨ ᠡᠯ᠎ᠡ ᠦᠨᠳᠦᠰᠦᠲᠡᠨ᠎ᠤ ᠲᠠᠮᠢᠷᠴᠢᠳ᠎ᠠᠴᠠ ᠰᠤᠷᠤᠯᠴᠠᠵᠤ᠂ ᠬᠠᠮᠲᠤ᠎ᠪᠠᠷ ᠳᠠᠪᠰᠢᠨ᠎ᠠ ᠭᠡᠵᠦ ᠲᠠᠮᠢᠷᠴᠢᠳ ᠢᠯᠡᠳᠬᠡᠵᠡᠭᠡᠨ᠎ᠡ᠃
ᠡᠮᠦᠨᠡᠬᠢ ᠬᠤᠭᠤᠴᠠᠭ᠋ᠠᠨ᠎ᠤ ᠭᠦᠢ᠍ᠴᠡᠳ ᠪᠡᠯᠡᠳᠬᠡᠯ ᠪᠠ ᠬᠠᠲᠠᠭᠤᠵᠢᠯᠲᠠᠢ ᠪᠣᠯᠪᠠᠰᠤᠷᠠᠯ ᠵᠶ᠋ᠠᠷ ᠣᠯᠠᠨ ᠵᠶ᠋ᠠᠷ ᠵᠶ᠋ᠠᠨ ᠢᠲᠡᠭᠡᠯ ᠲᠡᠭᠦᠯᠳᠡᠷ ᠪᠣᠯᠵᠤ᠂ ᠴᠥᠮ ᠲᠣᠰ ᠬᠤᠭᠤᠴᠠᠭ᠋ᠠᠨ᠎ᠤ ᠪᠡᠶ᠎ᠡ ᠵᠢᠨ ᠲᠠᠮᠢᠷ᠎ᠤᠨ ᠴᠤᠭᠯᠠᠭ᠋ᠠᠨ᠎ᠳᠤ ᠣᠷᠤᠯᠴᠠᠬᠤ᠎ᠪᠠᠷ ᠳᠡᠮᠵᠢᠨ ᠳᠣᠷᠪᠢᠯᠢᠭ ᠮᠡᠷᠭᠡᠵᠢᠯ ᠪᠠ ᠰᠠᠢ᠌ᠨ ᠰᠠᠢ᠌ᠬᠠᠨ ᠣᠶᠤᠨ ᠰᠠᠨᠠᠭ᠋ᠠᠨ᠎ᠤ ᠳᠦᠷᠰᠦ ᠪᠠᠢ᠌ᠳᠠᠯ᠎ᠢ ᠭᠦᠢ᠍ᠴᠡᠳ ᠢᠯᠡᠷᠡᠭᠦᠯᠵᠦ᠂ ᠥᠪᠥᠷ ᠮᠣᠩᠭᠣᠯ᠎ᠤᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠰᠢᠨ᠎ᠡ ᠳᠦᠷᠰᠦ ᠪᠠᠢ᠌ᠳᠠᠯ᠎ᠢ ᠭᠦᠢ᠍ᠴᠡᠳ ᠢᠯᠡᠷᠡᠭᠦᠯᠵᠦ᠂ ᠦᠨᠳᠦᠰᠦᠲᠡᠨ᠎ᠨᠦᠭᠦᠳ᠎ᠤᠨ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠢ ᠤᠯᠠᠮ ᠨᠢᠭᠡ ᠠᠯᠬᠤᠮ ᠠᠬᠢᠭᠤᠯᠬᠤ ᠵᠢ ᠬᠦᠰᠡᠵᠦ ᠪᠠᠢ᠌ᠨ᠎ᠠ ᠭᠡᠵᠦ ᠥᠪᠥᠷ ᠮᠣᠩᠭᠣᠯ᠎ᠤᠨ ᠲᠥᠯᠥᠭᠡᠯᠡᠭᠴᠢᠳ᠎ᠤᠨ ᠪᠦᠯᠭᠦᠮ᠎ᠤᠨ ᠬᠠᠮᠢᠶ᠎ᠠ ᠪᠦᠬᠦᠢ ᠬᠠᠷᠢᠭᠤᠴᠠᠯᠭ᠋ᠠᠲᠠᠨ ᠢᠯᠡᠳᠬᠡᠪᠡ᠃