︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ | ᠬᠠᠤᠯᠢ ᠶᠢ ᠬᠡᠷᠡᠭᠵᠢᠭᠦᠯᠬᠦ ᠲᠥᠷᠢᠮ︾ ᠨᠢ 2014 ᠣᠨ ᠤ 12 ᠰᠠᠷ᠎ᠠ ᠶᠢᠨ 31 ᠡᠳᠦᠷ ᠲᠥᠷᠥ ᠶᠢᠨ | ᠶᠠᠪᠤᠳᠠᠯ ᠤᠨ ᠬᠤᠷᠢᠶᠠᠨ ᠤ 75 ᠳ᠋ᠣᠭᠠᠷ ᠣᠳᠠᠭᠠᠨ ᠤ ᠪᠠᠶᠢᠩᠭᠤ ᠶᠢᠨ ᠬᠤᠷᠠᠯ ᠢᠶᠠᠷ ᠪᠠᠳᠣᠯᠠᠵᠦ᠂ ᠤᠳᠤ ᠨᠡᠶᠢᠲᠡᠯᠡᠵᠦ | ᠂ 2015 ᠣᠨ ᠤ 3 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃ | ᠶᠡᠷᠦᠩᠬᠡᠢ ᠰᠠᠶᠢᠳ ᠯᠢ ᠺᠧ ᠴᠢᠶᠠᠩ | 2015ᠣᠨ ᠤ 1 ᠰᠠᠷ᠎ᠠ ᠶᠢᠨ 30 ᠤ ᠡᠳᠦᠷ | ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢ | ᠬᠡᠷᠡᠭᠵᠢᠭᠦᠯᠬᠦ ᠳᠦᠷᠢᠮ | ᠨᠢᠭᠡᠳᠦᠭᠡᠷ ᠪᠦᠯᠦᠭ ᠶᠡᠷᠦᠩᠬᠡᠶ ᠲᠦᠷᠢᠮ | ᠨᠢᠭᠡᠳᠦᠭᠡᠷ ᠵᠦᠢᠯ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠤᠨ ᠣᠷᠳᠣᠨ ᠤ | ᠬᠤᠳᠠᠯᠳᠤᠨ ᠠᠪᠬᠤ ᠬᠠᠤᠯᠢ︾ ︵ᠳᠣᠷᠣᠭᠰᠢ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠭᠡᠵᠦ | ᠲᠣᠪᠴᠢᠯᠠᠨ᠎ᠠ︶ ᠶᠢ ᠦᠨᠳᠦᠰᠦᠯᠡᠨ ᠲᠤᠰ ᠲᠥᠷᠢᠮ ᠢ ᠲᠣᠭᠲᠠᠭᠠᠪᠠ᠃ | ᠬᠤᠶᠠᠳᠤᠭᠠᠷ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠬᠤᠶᠠᠳᠤᠭᠠᠷ ᠵᠦᠢᠯ ᠳᠤ ᠬᠡᠯᠡᠵᠦ | ᠪᠠᠶᠢᠭ᠎ᠠ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠭᠡᠳᠡᠭ ᠨᠢ ᠲᠥᠰᠦᠪ ᠤᠨ ᠬᠠᠮᠢᠶᠠᠷᠤᠯᠲᠠ ᠳᠤ | ᠣᠷᠣᠭᠤᠯᠥᠬᠠᠰᠠᠨ ᠪᠠᠯᠠ ᠮᠥᠩᠭᠦ ᠶᠢ ᠵᠢᠭᠠᠵᠤ ᠪᠠᠶᠢᠨ᠎ᠠ᠃ | ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠪᠠᠷ ᠵᠣᠭᠤᠰ ᠪᠤᠴᠠᠭᠠᠬᠤ ᠢᠷᠡᠯᠳᠡ ᠪᠣᠯᠭᠠᠬᠰᠡᠨ ᠵᠢᠭᠡᠯᠡᠯᠭᠡ ᠶᠢᠨ | ᠪᠡᠯᠡ ᠮᠥᠩᠭᠦ ᠶᠢ ᠠᠳᠠᠯᠢ ᠪᠠᠷ ᠡᠳ᠋ ᠤᠨ ᠵᠠᠰᠠᠭ ᠤᠨ ᠴᠢᠨᠠᠷᠲᠠᠶ ᠪᠡᠯᠡ ᠮᠦᠩᠭᠦ ᠭᠡᠵᠦ ᠦᠵᠡᠨ᠎ᠡ᠃ | ᠲᠦᠷᠦ ᠶᠢᠨ ᠪᠠᠶᠢᠭᠤᠯᠭ᠎ᠠ᠂ ᠠᠵᠢᠯ ᠦᠢᠯᠡᠰ ᠤᠨ ᠨᠢᠭᠡᠴᠢ ᠪᠠ ᠪᠦᠯᠬᠦᠮ ᠵᠣᠬᠢᠶᠠᠨ ᠪᠠᠶᠢᠭᠤᠯᠤᠯᠲᠠ ᠶᠢᠨ ᠬᠤᠳᠠᠯᠳᠤᠨ | ᠠᠪᠠᠨ᠋ᠥ ᠲᠥᠷᠥᠯ ᠵᠦᠢᠯ ᠳᠤ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠬᠡᠷᠡᠭᠯᠡᠬᠦ ᠮᠥᠷᠲᠡᠭᠡᠨ ᠪᠠᠰᠠ ᠡᠳ᠋ ᠤᠨ | ᠵᠠᠰᠠᠭ ᠤᠨ ᠪᠣᠰᠤ ᠴᠢᠨᠠᠷᠲᠠᠶ ᠪᠠᠯᠠ ᠮᠥᠩᠭᠦ ᠶᠢ ᠬᠡᠷᠡᠭᠯᠡᠬᠦ ᠦᠶᠡᠰ ᠲᠤ ᠡᠳ᠋ ᠤᠨ ᠵᠠᠰᠠᠭ ᠤᠨ ᠴᠢᠨᠠᠷᠲᠠᠶ ᠪᠡᠯᠡ | ᠮᠥᠩᠭᠦ ᠪᠠᠷ ᠬᠤᠳᠠᠯᠳᠤᠨ ᠠᠪᠬᠤ ᠬᠡᠰᠡᠭ ᠨᠢ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠵᠢᠴᠢ ᠲᠤᠰ | ᠳᠦᠷᠢᠮ ᠢ ᠬᠡᠷᠡᠭᠯᠡᠬᠦ ᠳᠤ ᠳᠣᠬᠢᠷᠠᠨ᠎ᠠ︔ ᠡᠳ᠋ ᠤᠨ ᠵᠠᠰᠠᠭ ᠤᠨ ᠴᠢᠨᠠᠷᠲᠠᠶ ᠪᠡᠯᠡ ᠮᠥᠩᠭᠦ ᠪᠣᠯᠤᠨ ᠡᠳ᠋ ᠤᠨ ᠵᠠᠰᠠᠭ ᠤᠨ | ᠪᠣᠰᠤ ᠴᠢᠨᠠᠷᠲᠠᠶ ᠪᠡᠯᠡ ᠮᠥᠩᠭᠦ ᠶᠢ ᠬᠤᠪᠢᠶᠠᠨ ᠬᠤᠳᠠᠯᠳᠤᠨ ᠠᠪᠴᠦ ᠳᠡᠶᠢᠯᠬᠦ ᠦᠭᠡᠢ ᠪᠣᠯ ᠨᠢᠭᠡᠳᠦᠯᠲᠡᠶ ᠪᠠᠷ | ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠪᠠ ᠲᠤᠰ ᠲᠦᠷᠢᠮ ᠤᠨ ᠬᠡᠷᠡᠭᠯᠡᠬᠦ ᠳᠤ ᠳᠣᠬᠢᠷᠠᠨ᠎ᠠ᠃ | ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠬᠤᠶᠠᠳᠤᠭᠠᠷ ᠵᠦᠢᠯ ᠳᠤ ᠬᠡᠯᠡᠵᠦ ᠪᠠᠶᠢᠭ᠎ᠠ | ᠦᠢᠯᠡᠴᠢᠯᠡᠭᠡ ᠳᠤ ᠵᠠᠰᠠᠭ ᠤᠨ ᠣᠷᠳᠣᠨ ᠤ ᠥᠪᠡᠷ ᠤᠨ ᠬᠡᠷᠡᠭᠴᠡᠭᠡ ᠶᠢ ᠬᠠᠩᠭᠠᠬᠤ ᠦᠢᠯᠡᠴᠢᠯᠡᠭᠡ ᠪᠠ ᠵᠠᠰᠠᠭ ᠤᠨ | ᠣᠷᠳᠣᠨ ᠠᠴᠠ ᠨᠡᠶᠢᠭᠡᠮ ᠨᠡᠶᠢᠲᠡ ᠳᠤ ᠬᠠᠩᠭᠠᠬᠤ ᠣᠯᠠᠨ ᠨᠡᠶᠢᠲᠡ ᠶᠢᠨ ᠦᠢᠯᠡᠴᠢᠯᠡᠭᠡ ᠶᠢ ᠪᠠᠭᠳᠠᠭᠠᠨ᠎ᠠ᠃ | ᠭᠤᠷᠪᠠᠳᠤᠭᠠᠷ ᠵᠦᠢᠯ᠂ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠲᠤ ᠲᠦᠪᠯᠡᠷᠡᠭᠦᠯᠦᠨ ᠬᠤᠳᠠᠯᠳᠣᠨ ᠠᠪᠬᠤ | ᠪᠠᠶᠢᠭᠤᠯᠤᠮᠵᠢ ᠶᠢᠨ ᠬᠤᠳᠠᠯᠳᠤᠨ ᠠᠪᠬᠤ ᠵᠦᠢᠯᠡᠰ ᠪᠠ ᠰᠠᠯᠠᠭ᠎ᠠ ᠮᠦᠴᠢᠷ ᠤᠨ ᠲᠥᠪᠯᠡᠷᠡᠭᠦᠯᠦᠨ ᠬᠤᠳᠠᠯᠳᠤᠨ | ᠵᠦᠢᠯᠡᠰ ᠢ ᠪᠠᠭᠳᠠᠭᠠᠨ᠎ᠠ᠃ | ᠮᠡᠷᠭᠡᠵᠢᠯ᠂ ᠦᠢᠯᠡᠴᠢᠯᠡᠭᠡ ᠵᠡᠷᠭᠡ ᠶᠢᠨ ᠪᠠᠷᠢᠮᠵᠢᠶ᠎ᠠ ᠨᠢ ᠨᠢᠭᠡᠳᠦᠯᠲᠡᠶ᠂ ᠬᠤᠳᠠᠯᠳᠤᠨ ᠠᠪᠤᠭᠴᠢ ᠶᠢᠨ ᠨᠡᠶᠢᠳᠡᠮ | ᠬᠡᠷᠡᠭᠯᠡᠬᠦ ᠲᠦᠷᠦᠯ ᠵᠦᠢᠯ ᠢ ᠲᠥᠪᠯᠡᠷᠡᠭᠦᠯᠦᠨ ᠬᠤᠳᠠᠯᠳᠤᠨ ᠠᠪᠬᠤ ᠪᠠᠶᠢᠭᠤᠯᠤᠮᠵᠢ ᠶᠢᠨ ᠬᠤᠳᠠᠯᠳᠤᠨ ᠠᠪᠬᠤ | ᠵᠦᠢᠯᠡᠰ ᠲᠤ ᠣᠷᠣᠭᠤᠯᠣᠨ᠎ᠠ︔ ᠬᠤᠳᠠᠯᠳᠤᠨ ᠠᠪᠤᠭᠴᠢ ᠶᠢᠨ ᠲᠤᠰ ᠰᠠᠯᠠᠭ᠎ᠠ ᠮᠥᠴᠢᠷ᠂ ᠲᠤᠰ ᠰᠢᠰᠲ᠋ᠧᠮ ᠨᠢ | ᠲᠤᠬᠠᠶᠢᠯᠠᠭᠰᠠᠨ ᠠᠵᠢᠯ ᠤᠨ ᠬᠡᠷᠡᠭᠰᠡᠬᠦ ᠣᠨᠴᠠᠭᠠᠶ ᠱᠠᠭᠠᠷᠳᠠᠯᠭ᠎ᠠ ᠶᠢ ᠦᠨᠳᠦᠰᠦᠯᠡᠨ ᠬᠤᠳᠠᠯᠳᠤᠨ ᠠᠪᠬᠤ ᠲᠥᠷᠥᠯ | ᠵᠦᠢᠯ ᠢ ᠨᠢᠭᠡᠳᠦᠯᠲᠡᠶ ᠪᠣᠯᠭᠠᠵᠦ᠂ ᠰᠠᠯᠠᠭ᠎ᠠ ᠮᠥᠴᠢᠷ ᠤᠨ ᠲᠥᠪᠯᠡᠷᠡᠭᠦᠯᠦᠨ ᠬᠤᠳᠠᠯᠳᠤᠨ ᠠᠪᠠᠨ᠋ᠥ ᠲᠥᠷᠥᠯ ᠵᠦᠢᠯ ᠳᠤ | ᠣᠷᠣᠭᠤᠯᠣᠨ᠎ᠠ᠃ | ᠳᠥᠷᠪᠡᠳᠦᠭᠡᠷ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠳᠤ ᠬᠡᠯᠡᠵᠦ ᠪᠠᠶᠢᠭ᠎ᠠ | ᠲᠥᠪᠯᠡᠷᠡᠭᠦᠯᠦᠨ ᠬᠤᠳᠠᠯᠳᠤᠨ ᠠᠪᠬᠤ ᠭᠡᠳᠡᠭ ᠪᠣᠯ ᠬᠤᠳᠠᠯᠳᠤᠨ ᠠᠪᠤᠭᠴᠢ ᠠᠴᠠ ᠲᠥᠪᠯᠡᠷᠡᠭᠦᠯᠦᠨ ᠬᠤᠳᠠᠯᠳᠤᠨ | ᠠᠪᠬᠤ ᠭᠠᠷᠴᠠᠭ ᠲᠤ ᠣᠷᠣᠭᠤᠯᠤᠭᠰᠠᠨ ᠵᠦᠢᠯᠡᠰ ᠢ ᠲᠥᠪᠯᠡᠷᠡᠭᠦᠯᠦᠨ ᠬᠤᠳᠠᠯᠳᠤᠨ ᠠᠪᠬᠤ ᠪᠠᠶᠢᠭᠤᠯᠤᠮᠵᠢ ᠳᠤ | ᠨᠠᠶᠢᠳᠠᠵᠤ ᠣᠷᠣᠯᠠᠭᠤᠯᠤᠨ ᠬᠤᠳᠠᠯᠳᠤᠨ ᠠᠪᠬᠤ ᠪᠤᠶᠤ ᠰᠠᠯᠠᠭ᠎ᠠ ᠮᠥᠴᠢᠷ ᠲᠥᠪᠯᠡᠷᠡᠭᠦᠯᠦᠨ ᠬᠤᠳᠠᠯᠳᠤᠨ ᠠᠪᠬᠤ | ᠦᠢᠯᠡ ᠠᠵᠢᠯᠯᠠᠭ᠎ᠠ ᠶᠢ ᠵᠢᠭᠠᠵᠤ ᠪᠠᠶᠢᠨ᠎ᠠ︔ ᠬᠡᠯᠡᠵᠦ ᠪᠠᠶᠢᠭ᠎ᠠ ᠲᠠᠷᠠᠬᠠᠶ ᠪᠤᠲᠠᠷᠬᠠᠶ ᠪᠠᠷ ᠬᠤᠳᠠᠯᠳᠤᠨ ᠠᠪᠬᠤ ᠭᠡᠳᠡᠭ | ᠨᠢ ᠬᠤᠳᠠᠯᠳᠤᠨ ᠠᠪᠬᠤ ᠬᠥᠮᠦᠨ ᠠᠴᠠ ᠬᠤᠳᠠᠯᠳᠤᠨ ᠠᠪᠬᠤ ᠶᠢ ᠬᠢᠵᠠᠭᠠᠷᠯᠠᠭᠰᠠᠨ ᠲᠤᠭ᠎ᠠ ᠪᠠᠷᠢᠮᠵᠢᠶᠠᠨ ᠠᠴᠠ | ᠳᠡᠭᠡᠭᠰᠢᠬᠢ ᠶᠢ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠤᠨ ᠵᠦᠢᠯᠡᠰ ᠲᠤ ᠣᠷᠣᠭᠤᠯᠤᠭᠰᠠᠨ ᠦᠭᠡᠢ᠂ | ᠥᠪᠡᠰᠦᠪᠡᠨ ᠬᠤᠳᠠᠯᠳᠤᠨ ᠠᠪᠬᠤ ᠪᠤᠶᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠳᠤ | ᠨᠠᠶᠢᠳᠠᠵᠤ ᠣᠷᠣᠯᠠᠭᠤᠯᠤᠨ ᠬᠤᠳᠠᠯᠳᠤᠨ ᠠᠪᠬᠤ ᠦᠢᠯᠡ ᠠᠵᠢᠯᠯᠠᠭ᠎ᠠ ᠶᠢ ᠵᠢᠭᠠᠵᠤ ᠪᠠᠶᠢᠨ᠎ᠠ᠃ | ᠲᠠᠪᠤᠳᠤᠭᠠᠷ ᠵᠦᠢᠯ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ | ᠵᠠᠰᠠᠭ ᠤᠨ ᠣᠷᠳᠣᠨ ᠪᠤᠶᠤ ᠲᠡᠭᠦᠨ ᠤ ᠡᠷᠬᠡ ᠣᠯᠭᠤᠭᠰᠠᠨ ᠪᠠᠶᠢᠭᠤᠯᠤᠮᠵᠢ ᠠᠴᠠ ᠪᠣᠳᠠᠲᠤ ᠪᠠᠶᠢᠳᠠᠯ ᠢ ᠦᠨᠳᠦᠰᠦᠯᠡᠨ | ᠂ ᠲᠤᠰ ᠵᠠᠰᠠᠭ ᠵᠠᠬᠢᠷᠭᠠᠨ ᠤ ᠬᠡᠪᠴᠢᠶᠡᠨ ᠤ ᠮᠤᠵᠢ ᠶᠢᠨ ᠱᠠᠲᠤ᠂ ᠲᠣᠭᠤᠷᠢᠭ ᠪᠦᠬᠦᠢ ᠬᠤᠲᠠ ᠶᠢᠨ ᠱᠠᠲᠤ᠂ | ᠰᠢᠶᠠᠨ ᠤ ᠱᠠᠲᠤᠨ ᠳᠤ ᠲᠣᠰ ᠪᠦᠷᠢ ᠲᠣᠬᠢᠷᠠᠯᠴᠠᠬᠤ ᠲᠥᠪᠯᠡᠷᠡᠭᠦᠯᠦᠨ ᠬᠤᠳᠠᠯᠳᠤᠨ ᠠᠪᠬᠤ ᠭᠠᠷᠴᠠᠭ ᠪᠣᠯᠤᠨ | ᠬᠤᠳᠠᠯᠳᠤᠨ ᠠᠪᠬᠤ ᠶᠢᠨ ᠬᠢᠵᠠᠭᠠᠷᠯᠠᠭᠰᠠᠨ ᠲᠣᠭᠠᠨ ᠤ ᠪᠠᠷᠢᠮᠵᠢᠶ᠎ᠠ ᠶᠢ ᠲᠣᠭᠲᠠᠭᠠᠵᠤ ᠪᠣᠯᠤᠨ᠎ᠠ᠃ | ᠵᠢᠷᠭᠤᠳᠤᠭᠠᠷ ᠵᠦᠢᠯ᠂ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ | ᠤᠯᠤᠰ ᠤᠨ ᠠᠵᠤ ᠠᠬᠤᠶ ᠪᠠ ᠨᠡᠶᠢᠭᠡᠮ ᠤᠨ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠦᠨᠳᠦᠰᠦᠯᠡᠨ᠂ | ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠦᠨᠬᠠᠮᠲᠤ ᠵᠠᠰᠠᠭ ᠤᠨ ᠣᠷᠳᠣᠨ ᠤ | ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠶᠢ ᠲᠣᠭᠲᠠᠭᠠᠵᠤ᠂ ᠬᠤᠳᠠᠯᠳᠤᠨ ᠠᠪᠠᠨ᠋ᠥ ᠬᠡᠷᠡᠭᠴᠡᠭᠡ | ᠱᠠᠭᠠᠷᠳᠠᠯᠭ᠎ᠠ ᠶᠢᠨ ᠪᠠᠷᠢᠮᠵᠢᠶ᠎ᠠ᠂ ᠬᠤᠳᠠᠯᠳᠤᠨ ᠠᠪᠠᠨ᠋ᠥ ᠬᠤᠪᠢ ᠶᠢ ᠤᠷᠢᠳᠴᠢᠯᠠᠨ ᠦᠯᠡᠳᠡᠭᠡᠬᠦ᠂ ᠦᠨ᠎ᠡ ᠬᠠᠩᠰᠢ ᠶᠢ | ᠬᠢᠨᠠᠨ ᠲᠣᠭᠲᠠᠭᠠᠬᠤ ᠬᠠᠷᠠᠭᠠᠯᠵᠠᠯ᠂ ᠤᠷᠢᠳᠠᠪᠠᠷ ᠬᠤᠳᠠᠯᠳᠤᠨ ᠠᠪᠠᠨ᠋ᠥ ᠵᠡᠷᠭᠡ ᠠᠷᠭ᠎ᠠ ᠬᠡᠮᠵᠢᠶ᠎ᠡ᠂ ᠡᠨᠧᠷᠭᠢ ᠶᠢᠨ | ᠰᠤᠷᠪᠤᠯᠵᠢ ᠶᠢ ᠠᠷᠪᠢᠯᠠᠬᠤ᠂ ᠣᠷᠴᠢᠨ ᠠᠬᠤᠶ ᠶᠢ ᠬᠠᠮᠠᠭᠠᠯᠠᠬᠤ᠂ ᠬᠥᠭᠵᠢᠭᠡᠳᠦᠶ ᠭᠠᠵᠠᠷ ᠣᠷᠣᠨ ᠪᠠ ᠴᠥᠭᠡᠨ | ᠲᠣᠭᠠᠲᠤ ᠦᠨᠳᠦᠰᠦᠲᠡᠨ ᠤ ᠭᠠᠵᠠᠷ ᠣᠷᠣᠨ ᠢ ᠲᠡᠳᠬᠦᠨ ᠳᠡᠮᠵᠢᠬᠦ᠂ ᠳᠤᠮᠳᠠ ᠵᠢᠵᠢᠭ ᠠᠵᠤ ᠠᠬᠤᠶᠢᠯᠠᠯ ᠤᠨ | ᠬᠥᠭᠵᠢᠯᠲᠡ ᠶᠢ ᠠᠬᠢᠭᠤᠯᠬᠤ ᠵᠡᠷᠭᠡ ᠬᠠᠷᠠᠯᠲᠠ ᠶᠢ ᠳᠣᠬᠳᠠᠭᠠᠨᠠ᠃ | ᠳᠣᠯᠣᠳᠤᠭᠠᠷ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷᠢᠯᠭ᠎ᠠ ᠵᠢᠴᠢ ᠪᠠᠷᠢᠯᠭ᠎ᠠ ᠶᠢᠨ ᠪᠥᠲᠥᠭᠡᠨ | ᠪᠠᠶᠢᠭᠤᠯᠤᠯᠲᠠ ᠯᠤᠭ᠎ᠠ ᠬᠠᠮᠢᠶᠠᠲᠠᠶ ᠪᠠᠷᠠᠭ᠎ᠠ᠂ ᠦᠢᠯᠡᠴᠢᠯᠡᠭᠡ᠂ ᠳᠠᠭᠠᠭᠠᠴᠢᠯᠠᠯᠲᠠ ᠵᠠᠷᠯᠠᠬᠤ ᠬᠡᠯᠪᠡᠷᠢ ᠪᠠᠷ ᠬᠤᠳᠠᠯᠳᠤᠨ | ᠠᠪᠬᠤ ᠳᠤ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠳᠠᠭᠠᠭᠠᠴᠢᠯᠠᠯᠲᠠ ᠵᠠᠷᠯᠠᠬᠤ ᠳᠠᠭᠠᠭᠠᠴᠢᠯᠠᠯᠲᠠ | ᠬᠦᠯᠢᠶᠡᠬᠦ ᠬᠠᠤᠯᠢ︾ ᠪᠣᠯᠤᠨ ᠲᠡᠭᠦᠨ ᠢ ᠬᠡᠷᠡᠭᠵᠢᠭᠦᠯᠬᠦ ᠳᠦᠷᠢᠮ ᠢ ᠬᠡᠷᠡᠭᠯᠡᠨ᠎ᠡ︔ ᠪᠤᠰᠤᠳ ᠬᠡᠯᠪᠡᠷᠢ ᠪᠠᠷ | ᠬᠤᠳᠠᠯᠳᠤᠨ ᠠᠪᠤᠭᠰᠠᠨ ᠪᠠᠶᠢᠪᠠᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠵᠢᠴᠢ ᠲᠤᠰ ᠲᠦᠷᠢᠮ ᠢ | ᠬᠡᠷᠡᠭᠯᠡᠨ᠎ᠡ᠃ | ᠡᠮᠦᠨᠡᠬᠢ ᠪᠠᠳᠠᠭ ᠲᠤ ᠬᠡᠯᠡᠵᠦ ᠪᠠᠶᠢᠭ᠎ᠠ ᠪᠠᠷᠢᠯᠭ᠎ᠠ ᠶᠢᠨ ᠠᠵᠢᠯ ᠠᠵᠢᠯ ᠭᠡᠳᠡᠭ ᠪᠣᠯ ᠪᠦᠳᠦᠭᠡᠨ ᠪᠠᠶᠢᠭᠤᠯᠤᠯᠲᠠ ᠶᠢᠨ | ᠪᠠᠷᠢᠯᠭ᠎ᠠ᠂ ᠡᠭᠦᠨ ᠳᠤ ᠪᠠᠷᠢᠯᠭ᠎ᠠ ᠪᠠ ᠪᠠᠷᠢᠯᠭ᠎ᠠ ᠶᠢ ᠰᠢᠨ᠎ᠡ ᠪᠠᠷ ᠪᠠᠶᠢᠭᠤᠯᠬᠤ᠂ ᠥᠭᠡᠷᠡᠴᠢᠯᠡᠨ ᠪᠠᠶᠢᠭᠤᠯᠬᠤ᠂ | ᠥᠷᠭᠡᠳᠬᠡᠨ ᠪᠠᠶᠢᠭᠤᠯᠬᠤ ᠵᠢᠴᠢ ᠲᠡᠭᠦᠨ ᠤ ᠬᠤᠯᠪᠣᠭᠳᠠᠯ ᠪᠦᠬᠦᠢ ᠵᠠᠰᠠᠯ ᠴᠢᠮᠡᠭᠯᠡᠯ᠂ ᠠᠷᠢᠯᠭᠠᠬᠤ᠂ ᠵᠠᠰᠠᠨ ᠰᠡᠯᠪᠢᠬᠦ | ᠵᠡᠷᠭᠡ ᠶᠢ ᠪᠠᠭᠲᠠᠨ᠎ᠠ︔ ᠬᠡᠯᠡᠵᠦ ᠪᠠᠶᠢᠭ᠎ᠠ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠯᠤᠭ᠎ᠠ ᠬᠠᠮᠢᠶᠠᠲᠠᠶ ᠪᠠᠷᠠᠭ᠎ᠠ | ᠭᠡᠳᠡᠭ ᠨᠢ ᠪᠠᠷᠢᠯᠭ᠎ᠠ ᠶᠢᠨ ᠳᠤᠲᠠᠭᠳᠠᠵᠤ ᠪᠣᠯᠤᠰᠢ ᠦᠭᠡᠶ ᠪᠦᠷᠢᠯᠳᠦᠬᠦᠨ ᠬᠡᠰᠡᠭ ᠪᠠᠶᠢᠬᠤ ᠮᠥᠷᠲᠡᠭᠡᠨ ᠪᠠᠷᠢᠯᠭ᠎ᠠ ᠶᠢ | ᠦᠨᠳᠦᠰᠦᠨ ᠳᠡᠭᠡᠨ ᠪᠡᠶᠡᠯᠡᠭᠦᠯᠬᠦ ᠴᠢᠳᠠᠪᠤᠷᠢ ᠶᠢᠨ ᠱᠠᠭᠠᠷᠳᠠᠭᠳᠠᠬᠤ ᠳᠤᠨᠤᠭ ᠲᠥᠬᠦᠭᠡᠷᠦᠮᠵᠢ᠂ ᠮᠠᠲ᠋ᠧᠷᠢᠶᠠᠯ ᠵᠡᠷᠭᠡ ᠶᠢ | ᠵᠢᠭᠠᠨ᠎ᠠ︔ ᠬᠡᠯᠡᠵᠦ ᠪᠠᠶᠢᠭ᠎ᠠ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠯᠤᠭ᠎ᠠ ᠬᠠᠮᠢᠶᠠᠲᠠᠶ ᠦᠢᠯᠡᠴᠢᠯᠡᠭᠡ ᠭᠡᠳᠡᠭ ᠨᠢ | ᠪᠠᠷᠢᠯᠭ᠎ᠠ ᠶᠢ ᠪᠡᠶᠡᠯᠡᠭᠦᠯᠬᠦ ᠶᠢᠨ ᠲᠥᠯᠥᠭᠡ ᠢᠨᠵᠧᠨᠧᠷᠢᠩ ᠳᠤ ᠬᠡᠷᠡᠭᠰᠡᠬᠦ ᠬᠠᠶᠢᠨ ᠪᠠᠶᠢᠴᠠᠭᠠᠬᠤ᠂ ᠵᠢᠷᠤᠵᠤ ᠲᠥᠯᠥᠪᠯᠡᠬᠦ | ᠂ ᠬᠢᠨᠠᠵᠤ ᠬᠠᠮᠢᠶᠠᠷᠬᠤ ᠵᠡᠷᠭᠡ ᠦᠢᠯᠡᠴᠢᠯᠡᠭᠡ ᠶᠢ ᠬᠠᠩᠭᠠᠬᠤ ᠶᠢ ᠵᠢᠭᠠᠨ᠎ᠠ᠃ | ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷᠢᠯᠭ᠎ᠠ ᠵᠢᠴᠢ ᠪᠠᠷᠢᠯᠭ᠎ᠠ ᠶᠢᠨ ᠪᠥᠲᠥᠭᠡᠨ ᠪᠠᠶᠢᠭᠤᠯᠤᠯᠲᠠ ᠯᠤᠭ᠎ᠠ | ᠬᠠᠮᠢᠶᠠᠲᠠᠶ ᠪᠠᠷᠠᠭ᠎ᠠ᠂ ᠦᠢᠯᠡᠴᠢᠯᠡᠭᠡ ᠳᠤ ᠵᠠᠰᠠᠭ ᠤᠨ ᠣᠷᠳᠣᠨ ᠤ ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠶᠢ | ᠬᠡᠷᠡᠭᠵᠢᠭᠦᠯᠬᠦ ᠬᠡᠷᠡᠭᠲᠡᠶ᠃ | ᠨᠠᠢᠮᠠᠳᠤᠭᠠᠷ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠢᠯ ᠤᠨ ᠮᠡᠳᠡᠭᠡ ᠵᠠᠩᠭᠢ ᠶᠢ | ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠤᠨ ᠵᠢᠭᠠᠨ ᠲᠣᠭᠲᠠᠭᠠᠭᠰᠠᠨ ᠵᠠᠭᠤᠴᠢᠯᠠᠭᠤᠷ ᠳᠡᠭᠡᠷ᠎ᠡ ᠨᠡᠶᠢᠲᠡᠯᠡᠬᠦ ᠬᠡᠷᠡᠭᠲᠡᠶ᠃ ᠬᠤᠳᠠᠯᠳᠤᠨ ᠠᠪᠬᠤ ᠲᠥᠷᠥᠯ | ᠵᠦᠢᠯ ᠤᠨ ᠲᠥᠰᠦᠪ ᠤᠨ ᠮᠥᠩᠭᠦ ᠶᠢᠨ ᠲᠤᠭ᠎ᠠ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠤᠨ ᠲᠣᠭᠲᠠᠭᠠᠭᠰᠠᠨ ᠪᠠᠷᠢᠮᠵᠢᠶ᠎ᠠ ᠳᠤ ᠬᠦᠷᠪᠡᠯ᠂ ᠵᠠᠰᠠᠭ ᠤᠨ ᠣᠷᠳᠣᠨ ᠤ ᠬᠤᠳᠠᠯᠳᠤᠨ ᠠᠪᠬᠤ | ᠲᠥᠷᠥᠯ ᠵᠦᠢᠯ ᠤᠨ ᠮᠡᠳᠡᠭᠡ ᠵᠠᠩᠭᠢ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠤᠨ ᠵᠢᠭᠠᠨ ᠲᠣᠭᠲᠠᠭᠠᠭᠰᠠᠨ ᠵᠠᠭᠤᠴᠢᠯᠠᠭᠤᠷ ᠳᠡᠭᠡᠷ᠎ᠡ ᠨᠡᠶᠢᠲᠡᠯᠡᠬᠦ ᠬᠡᠷᠡᠭᠲᠡᠶ᠃ | ᠶᠢᠰᠦᠳᠦᠭᠡᠷ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢᠨ ᠳᠤᠮᠳᠠ ᠬᠤᠳᠠᠯᠳᠤᠨ ᠠᠪᠬᠤ | ᠠᠵᠢᠯᠳᠠᠨ ᠵᠢᠴᠢ ᠬᠤᠯᠪᠣᠭᠳᠠᠯ ᠪᠦᠬᠦᠢ ᠠᠵᠢᠯᠲᠠᠳ ᠨᠢ ᠬᠠᠩᠭᠠᠭᠴᠢ ᠬᠤᠳᠠᠯᠳᠤᠭᠠᠴᠢᠨ ᠲᠠᠢ ᠳᠣᠣᠷ᠎ᠠ ᠵᠢᠭᠰᠠᠭᠠᠭᠰᠠᠨ | ᠠᠰᠢᠭ ᠬᠤᠣᠷ ᠤᠨ ᠬᠠᠷᠢᠴᠠᠭ᠎ᠠ ᠤ ᠨᠢᠭᠡ ᠨᠢ ᠪᠠᠶᠢᠪᠠᠯ ᠵᠠᠶᠢᠯᠠᠬᠤ ᠬᠡᠷᠡᠭᠲᠡᠶ᠄ | ︵ᠨᠢᠭᠡ︶ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠶᠢᠨ ᠡᠮᠦᠨᠡᠬᠢ 3 ᠵᠢᠯ ᠤᠨ ᠳᠣᠲᠣᠷ᠎ᠠ ᠨᠢ | ᠬᠠᠩᠭᠠᠭᠴᠢ ᠬᠤᠳᠠᠯᠳᠤᠭᠠᠴᠢᠨ ᠲᠠᠢ ᠬᠥᠳᠡᠯᠮᠦᠷᠢ ᠶᠢᠨ ᠬᠠᠷᠢᠴᠠᠭ᠎ᠠ ᠣᠷᠣᠰᠢᠵᠤ ᠪᠠᠶᠢᠬᠤ︔ | ︵ᠬᠤᠶᠠᠷ︶ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠶᠢᠨ ᠡᠮᠦᠨᠡᠬᠢ 3 ᠵᠢᠯ ᠤᠨ ᠳᠣᠲᠣᠷ᠎ᠠ ᠨᠢ | ᠬᠠᠩᠭᠠᠭᠴᠢ ᠬᠤᠳᠠᠯᠳᠣᠭᠴᠢ ᠶᠢᠨ ᠬᠡᠷᠡᠭ ᠮᠡᠳᠡᠭᠴᠢ᠂ ᠬᠡᠷᠡᠭ ᠬᠢᠨᠠᠭᠴᠢ ᠪᠠᠶᠢᠬᠰᠡᠨ︔ | ︵ᠭᠤᠷᠪᠠ︶ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠶᠢᠨ ᠡᠮᠦᠨᠡᠬᠢ 3 ᠵᠢᠯ ᠤᠨ ᠳᠣᠲᠣᠷ᠎ᠠ ᠨᠢ | ᠬᠠᠩᠭᠠᠭᠴᠢ ᠬᠤᠳᠠᠯᠳᠣᠭᠴᠢ ᠶᠢᠨ ᠬᠤᠪᠢ ᠡᠵᠡᠮᠳᠡᠬᠦ ᠬᠤᠪᠢ ᠣᠷᠣᠭᠤᠯᠤᠭᠴᠢ ᠪᠤᠶᠤ ᠪᠣᠳᠠᠲᠠᠶ ᠡᠵᠡᠮᠳᠡᠭᠴᠢ | ᠪᠠᠶᠢᠬᠰᠡᠨ︔ | ︵ᠳᠥᠷᠪᠡ︶ ᠬᠠᠩᠭᠠᠭᠴᠢ ᠬᠤᠳᠠᠯᠳᠤᠭᠠᠴᠢᠨ ᠤ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ | ᠬᠠᠷᠢᠭᠤᠴᠠᠯᠭᠠᠲᠠᠨ ᠲᠠᠢ ᠡᠷ᠎ᠡ ᠡᠮ᠎ᠡ᠂ ᠰᠢᠭᠤᠳ ᠴᠢᠰᠤᠨ ᠲᠦᠷᠦᠯ᠂ ᠭᠤᠷᠪᠠᠨ ᠦᠶ᠎ᠡ ᠶᠢᠨ ᠳᠣᠲᠣᠷᠠᠬᠢ ᠦᠶᠡᠯᠢᠳ | ᠴᠢᠰᠤᠨ ᠲᠥᠷᠦᠯ ᠪᠤᠶᠤ ᠣᠶᠢᠷ᠎ᠠ ᠣᠷᠤᠭ ᠰᠠᠳᠤᠨ ᠤ ᠬᠠᠷᠢᠴᠠᠭ᠎ᠠ ᠲᠠᠢ ᠪᠠᠶᠢᠬᠤ︔ | ︵ᠲᠠᠪᠤ︶ ᠬᠠᠩᠭᠠᠭᠴᠢ ᠬᠤᠳᠠᠯᠳᠤᠭᠠᠴᠢᠨ ᠲᠠᠢ ᠪᠤᠰᠤᠳ ᠵᠠᠰᠠᠭ ᠤᠨ ᠣᠷᠳᠣᠨ ᠤ ᠬᠤᠳᠠᠯᠳᠤᠨ ᠠᠪᠬᠤ | ᠠᠵᠢᠯᠯᠠᠭ᠎ᠠ ᠶᠢᠨ ᠲᠥᠪ ᠭᠤᠣᠯᠴᠢ᠂ ᠡᠷᠬᠡ ᠲᠡᠭᠰᠢ ᠪᠠᠶᠢᠬᠤ ᠶᠢ ᠨᠥᠯᠥᠭᠡᠯᠡᠵᠦ ᠮᠡᠳᠡᠬᠦ ᠬᠠᠷᠢᠴᠠᠭ᠎ᠠ ᠪᠠᠶᠢᠬᠤ᠃ | ᠬᠠᠩᠭᠠᠭᠴᠢ ᠬᠤᠳᠠᠯᠳᠤᠭᠠᠴᠢᠨ ᠨᠢ ᠬᠤᠳᠠᠯᠳᠤᠨ ᠠᠪᠬᠤ ᠠᠵᠢᠯᠳᠠᠨ ᠵᠢᠴᠢ ᠬᠤᠯᠪᠣᠭᠳᠠᠯ ᠪᠦᠬᠦᠢ ᠠᠵᠢᠯᠲᠠᠳ ᠢ | ᠪᠤᠰᠤᠳ ᠬᠠᠩᠭᠠᠭᠴᠢ ᠬᠤᠳᠠᠯᠳᠤᠭᠠᠴᠢᠨ ᠯᠤᠭ᠎ᠠ ᠠᠰᠢᠭ ᠬᠤᠣᠷ ᠤᠨ ᠬᠠᠷᠢᠴᠠᠭ᠎ᠠ ᠲᠠᠢ ᠭᠡᠵᠦ ᠦᠵᠡᠵᠦ᠂ | ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠳᠤ ᠪᠢᠴᠢᠭ ᠢᠶᠠᠷ | ᠵᠠᠶᠢᠯᠠᠭᠤᠯᠬᠤ ᠭᠤᠶᠤᠴᠢᠯᠠᠯ ᠳᠤᠷᠠᠳᠴᠤ ᠪᠣᠯᠤᠨ᠎ᠠ᠂ ᠤᠴᠢᠷ ᠰᠢᠯᠲᠠᠭᠠᠨ ᠢᠶᠠᠨ ᠲᠣᠳᠣᠷᠬᠠᠶᠢᠯᠠᠬᠤ ᠬᠡᠷᠡᠭᠲᠡᠶ᠃ | ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠴᠠᠭ | ᠲᠤᠬᠠᠶ ᠳᠤᠨᠢ ᠵᠠᠶᠢᠯᠠᠭᠤᠯᠬᠤ ᠪᠠᠷ ᠭᠤᠶᠤᠴᠢᠯᠠᠭᠳᠠᠭᠰᠠᠨ ᠬᠥᠮᠦᠨ ᠠᠴᠠ ᠯᠠᠪᠯᠠᠨ ᠠᠰᠠᠭᠤᠵᠤ᠂ ᠠᠰᠢᠭ ᠬᠤᠣᠷ ᠤᠨ | ᠬᠠᠷᠢᠴᠠᠭ᠎ᠠ ᠲᠠᠢ ᠪᠠᠶᠢᠪᠠᠯ᠂ ᠵᠠᠶᠢᠯᠠᠭᠤᠯᠬᠤ ᠪᠠᠷ ᠭᠤᠶᠤᠴᠢᠯᠠᠭᠳᠠᠭᠰᠠᠨ ᠠᠵᠢᠯᠲᠠᠨ ᠵᠠᠶᠢᠯᠠᠬᠤ ᠬᠡᠷᠡᠭᠲᠡᠶ᠃ | ᠠᠷᠪᠠᠳᠤᠭᠠᠷ ᠵᠦᠢᠯ᠂ ᠤᠯᠤᠰ ᠠᠴᠠ ᠨᠢᠭᠡᠳᠦᠯᠲᠡᠶ ᠵᠠᠰᠠᠭ ᠤᠨ ᠣᠷᠳᠣᠨ ᠤ ᠬᠤᠳᠠᠯᠳᠤᠨ ᠠᠪᠬᠤ ᠡᠯᠧᠺᠲᠷᠣᠨ | ᠠᠷᠠᠯᠵᠢᠶᠠᠨ ᠤ ᠲᠠᠪᠴᠠᠩ ᠢ ᠪᠥᠲᠥᠭᠡᠨ ᠪᠠᠶᠢᠭᠤᠯᠤᠯᠲᠠ ᠶᠢᠨ ᠪᠠᠷᠢᠮᠵᠢᠶ᠎ᠠ ᠶᠢ ᠬᠡᠷᠡᠭᠵᠢᠭᠦᠯᠵᠦ᠂ ᠮᠡᠳᠡᠭᠡ ᠵᠠᠩᠭᠢ ᠶᠢᠨ | ᠲᠣᠣᠷ ᠰᠦᠯᠵᠢᠶ᠎ᠡ ᠶᠢ ᠠᠰᠢᠭᠯᠠᠨ ᠡᠯᠧᠺᠲᠷᠣᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠬᠢᠬᠦ ᠶᠢ | ᠲᠦᠯᠬᠢᠨ ᠠᠬᠢᠭᠤᠯᠣᠨ᠎ᠠ᠃ | ᠬᠤᠶᠠᠳᠤᠭᠠᠷ ᠪᠦᠯᠦᠭ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢᠨ ᠲᠤᠬᠠᠶ ᠶᠢᠨ | ᠬᠥᠮᠦᠨ | ᠠᠷᠪᠠᠨ ᠨᠢᠭᠡᠳᠦᠭᠡᠷ ᠵᠦᠢᠯ᠂ ᠬᠤᠳᠠᠯᠳᠤᠨ ᠠᠪᠤᠭᠴᠢ ᠨᠢ ᠵᠠᠰᠠᠭ ᠤᠨ ᠣᠷᠳᠣᠨ ᠤ ᠬᠤᠳᠠᠯᠳᠤᠨ ᠠᠪᠬᠤ | ᠠᠵᠢᠯᠯᠠᠭ᠎ᠠ ᠶᠢᠨ ᠳᠤᠮᠳᠠ ᠡᠷᠬᠡᠪᠰᠢ ᠤᠯᠤᠰ ᠣᠷᠣᠨ ᠤ ᠠᠰᠢᠭ ᠲᠤᠰᠠ ᠪᠠ ᠨᠡᠶᠢᠭᠡᠮ ᠨᠡᠶᠢᠲᠡ ᠶᠢᠨ ᠠᠰᠢᠭ | ᠲᠤᠰᠠ ᠶᠢ ᠬᠠᠮᠠᠭᠠᠯᠠᠬᠤ ᠬᠡᠷᠡᠭᠲᠡᠶ᠂ ᠴᠡᠪᠡᠷ ᠭᠤᠣᠯᠴᠢ ᠦᠨᠡᠨᠴᠢ ᠰᠢᠳᠤᠷᠭᠤ ᠪᠠᠶᠢᠵᠦ᠂ ᠵᠠᠰᠠᠭ ᠤᠨ ᠣᠷᠳᠣᠨ ᠤ | ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ | ᠳᠣᠲᠣᠭᠠᠳᠤ ᠶᠢᠨ ᠬᠠᠮᠢᠶᠠᠷᠤᠯᠲᠠ ᠶᠢᠨ ᠲᠦᠷᠢᠮ ᠢ ᠪᠠᠶᠢᠭᠤᠯᠤᠨ᠂ ᠰᠠᠶᠢᠲᠤᠷ ᠭᠠᠮᠨᠠᠨ ᠠᠷᠪᠢᠯᠠᠵᠦ᠂ ᠰᠢᠨᠵᠢᠯᠡᠬᠦ | ᠤᠬᠠᠭᠠᠨᠴᠢ ᠵᠦᠢ ᠵᠣᠬᠢᠰᠲᠠᠢ ᠪᠠᠷ ᠬᠤᠳᠠᠯᠳᠤᠨ ᠠᠪᠬᠤ ᠬᠡᠷᠡᠭᠴᠡᠭᠡ ᠶᠢ ᠳᠣᠬᠳᠠᠭᠠᠨᠠ᠃ | ᠬᠤᠳᠠᠯᠳᠤᠨ ᠠᠪᠤᠭᠴᠢ ᠨᠢ ᠬᠠᠩᠭᠠᠯᠭ᠎ᠠ ᠶᠢᠨ ᠬᠤᠳᠠᠯᠳᠤᠭᠠᠴᠢᠨ ᠠᠴᠠ ᠬᠦᠷᠭᠡᠭᠰᠡᠨ ᠪᠡᠯᠡᠭ ᠤᠨ ᠡᠳ᠋᠂ ᠬᠠᠷᠢᠭᠤ | ᠬᠠᠷᠠᠮᠵᠢ ᠪᠤᠶᠤ ᠬᠤᠳᠠᠯᠳᠤᠨ ᠠᠪᠬᠤᠵᠦ᠋ᠢᠯᠡᠰ ᠲᠠᠢ ᠬᠠᠮᠢᠶ᠎ᠠ ᠥᠬᠡᠶ ᠪᠤᠰᠤᠳ ᠲᠠᠸᠠᠷ᠂ ᠦᠢᠯᠡᠴᠢᠯᠡᠭᠡ ᠶᠢ ᠨᠡᠬᠡᠨ | ᠠᠪᠬᠤ ᠪᠤᠶᠤ ᠬᠦᠯᠢᠶᠡᠨ ᠠᠪᠴᠤ ᠪᠣᠯᠬᠤ ᠦᠭᠡᠢ᠃ | ᠠᠷᠪᠠᠨ ᠬᠤᠶᠠᠳᠤᠭᠠᠷ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠳᠤ ᠬᠡᠯᠡᠵᠦ ᠪᠠᠶᠢᠭ᠎ᠠ | ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠭᠡᠳᠡᠭ ᠨᠢ ᠲᠥᠪᠯᠡᠷᠡᠭᠦᠯᠦᠨ ᠬᠤᠳᠠᠯᠳᠤᠨ ᠠᠪᠬᠤ | ᠪᠠᠶᠢᠭᠤᠯᠤᠮᠵᠢ ᠪᠣᠯᠤᠨ ᠲᠥᠪᠯᠡᠷᠡᠭᠦᠯᠦᠨ ᠬᠤᠳᠠᠯᠳᠤᠨ ᠠᠪᠬᠤ ᠪᠠᠶᠢᠭᠤᠯᠤᠮᠵᠢ ᠠᠴᠠ ᠭᠠᠳᠠᠨᠠᠬᠢ ᠣᠷᠣᠯᠠᠨ ᠬᠤᠳᠠᠯᠳᠤᠨ | ᠠᠪᠬᠤ ᠪᠠᠶᠢᠭᠤᠯᠤᠮᠵᠢ ᠶᠢ ᠵᠢᠭᠠᠨ᠎ᠠ᠃ | ᠲᠥᠪᠯᠡᠷᠡᠭᠦᠯᠦᠨ ᠬᠤᠳᠠᠯᠳᠤᠨ ᠠᠪᠠᠨ᠋ᠥ ᠪᠠᠶᠢᠭᠤᠯᠤᠮᠵᠢ ᠪᠣᠯ ᠲᠣᠭᠤᠷᠢᠭ ᠪᠠᠶᠢᠭᠤᠯᠤᠭᠰᠠᠨ ᠬᠤᠲᠠ ᠶᠢᠨ ᠲᠠᠰ ᠠᠴᠠ | ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠬᠠᠣᠯᠢ ᠶᠣᠰᠣᠭᠠᠷ ᠪᠠᠶᠢᠭᠤᠯᠤᠭᠰᠠᠨ ᠠᠰᠢᠭ ᠬᠤᠨᠵᠢᠪᠣᠷᠢ ᠶᠢᠨ | ᠪᠤᠰᠤ ᠠᠵᠢᠯ ᠦᠢᠯᠡᠰ ᠤᠨ ᠬᠠᠣᠯᠢ ᠶᠢᠨ ᠡᠷᠬᠡᠲᠡᠨ ᠪᠣᠯᠤᠨ᠎ᠠ᠂ ᠲᠥᠪᠯᠡᠷᠡᠭᠦᠯᠦᠨ ᠬᠤᠳᠠᠯᠳᠤᠨ ᠠᠪᠠᠨ᠋ᠥ ᠲᠥᠷᠥᠯ | ᠵᠦᠢᠯ ᠢ ᠣᠷᠣᠯᠠᠨ ᠬᠦᠢᠴᠡᠳᠬᠡᠬᠦ ᠶᠢ ᠬᠡᠷᠡᠭᠵᠢᠭᠦᠯᠬᠦ ᠪᠠᠶᠢᠭᠤᠯᠤᠮᠵᠢ ᠪᠣᠯᠤᠨ᠎ᠠ᠃ ᠲᠥᠪᠯᠡᠷᠡᠭᠦᠯᠦᠨ ᠬᠤᠳᠠᠯᠳᠤᠨ | ᠠᠪᠬᠤ ᠪᠠᠶᠢᠭᠤᠯᠤᠮᠵᠢ ᠨᠢ ᠬᠤᠳᠠᠯᠳᠤᠨ ᠠᠪᠤᠭᠴᠢ ᠶᠢᠨ ᠨᠠᠶᠢᠳᠠᠯᠭ᠎ᠠ ᠶᠢ ᠦᠨᠳᠦᠰᠦᠯᠡᠨ ᠲᠥᠪᠯᠡᠷᠡᠭᠦᠯᠦᠨ ᠬᠤᠳᠠᠯᠳᠤᠨ | ᠠᠪᠠᠨ᠋ᠥ ᠲᠥᠷᠥᠯ ᠵᠦᠢᠯ ᠤᠨ ᠬᠡᠷᠡᠭᠵᠢᠭᠦᠯᠬᠦ ᠲᠥᠰᠦᠯ ᠢ ᠲᠣᠭᠲᠠᠭᠠᠵᠤ᠂ ᠬᠤᠳᠠᠯᠳᠤᠨ ᠠᠪᠬᠤ ᠳᠦᠷᠢᠮ ᠶᠠᠪᠣᠴᠠ ᠶᠢ | ᠲᠣᠳᠣᠷᠬᠠᠶᠢᠯᠠᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠵᠣᠬᠢᠶᠠᠨ ᠪᠠᠶᠢᠭᠤᠯᠣᠨ᠎ᠠ᠂ | ᠲᠥᠪᠯᠡᠷᠡᠭᠦᠯᠦᠨ ᠬᠤᠳᠠᠯᠳᠤᠨ ᠠᠪᠠᠨ᠋ᠥ ᠲᠥᠷᠥᠯ ᠵᠦᠢᠯ ᠢ ᠰᠢᠯᠵᠢᠭᠦᠯᠦᠨ ᠨᠠᠶᠢᠳᠠᠵᠤ ᠪᠣᠯᠬᠤ ᠦᠭᠡᠢ᠃ | ᠲᠥᠪᠯᠡᠷᠡᠭᠦᠯᠦᠨ ᠬᠤᠳᠠᠯᠳᠤᠨ ᠠᠪᠬᠤ ᠪᠠᠶᠢᠭᠤᠯᠤᠮᠵᠢ ᠠᠴᠠ ᠭᠠᠳᠠᠨᠠᠬᠢ ᠣᠷᠣᠯᠠᠨ ᠬᠤᠳᠠᠯᠳᠤᠨ ᠠᠪᠬᠤ ᠪᠠᠶᠢᠭᠤᠯᠤᠮᠵᠢ | ᠪᠣᠯ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ ᠬᠢᠵᠦ ᠪᠠᠶᠢᠭ᠎ᠠ ᠨᠡᠶᠢᠭᠡᠮ ᠤᠨ | ᠵᠠᠭᠤᠴᠢ ᠪᠠᠶᠢᠭᠤᠯᠤᠮᠵᠢ ᠮᠦᠨ᠃ | ᠠᠷᠪᠠᠨ ᠭᠤᠷᠪᠠᠳᠤᠭᠠᠷ ᠵᠦᠢᠯ᠂ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠵᠠᠰᠠᠭ ᠤᠨ | ᠣᠷᠳᠣᠨ ᠤ ᠬᠤᠳᠠᠯᠳᠤᠨ ᠠᠪᠬᠤ ᠳᠣᠲᠣᠭᠠᠳᠤ ᠶᠢᠨ ᠬᠢᠨᠠᠵᠤ ᠬᠠᠮᠢᠶᠠᠷᠬᠤ ᠳᠦᠷᠢᠮ ᠢ ᠪᠠᠶᠢᠭᠤᠯᠤᠨ | ᠲᠡᠭᠦᠯᠳᠡᠷᠵᠢᠭᠦᠯᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠲᠤᠬᠠᠶᠢᠯᠠᠭᠰᠠᠨ ᠠᠵᠢᠯ ᠥᠷᠨᠢᠭᠦᠯᠬᠦ ᠳᠤ | ᠬᠡᠷᠡᠭᠰᠡᠬᠦ ᠪᠥᠬᠦᠶ ᠬᠢᠨᠠᠨ ᠲᠣᠭᠲᠠᠭᠠᠬᠤ ᠨᠥᠬᠦᠴᠡᠯ ᠪᠠ ᠲᠥᠬᠦᠭᠡᠷᠦᠮᠵᠢ ᠶᠢ ᠪᠡᠯᠡᠳᠭᠡᠨ᠎ᠡ᠃ | ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠬᠤᠳᠠᠯᠳᠤᠨ ᠠᠪᠠᠨ᠋ᠥ ᠬᠡᠷᠡᠭᠴᠡᠭᠡ ᠶᠢ | ᠳᠡᠭᠡᠭᠰᠢᠯᠡᠭᠦᠯᠦᠨ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠂ ᠬᠡᠯᠡᠯᠴᠡᠭᠡ ᠬᠢᠬᠦ ᠪᠢᠴᠢᠭ ᠮᠠᠲ᠋ᠧᠷᠢᠶᠠᠯ᠂ | ᠦᠨ᠎ᠡ ᠯᠠᠪᠯᠠᠬᠤ ᠮᠡᠳᠡᠭᠳᠡᠯ ᠤᠨ ᠪᠢᠴᠢᠭ ᠢ ᠨᠠᠶᠢᠷᠠᠭᠤᠯᠣᠨ ᠳᠣᠬᠳᠠᠭᠠᠵᠦ᠂ ᠭᠡᠷ᠎ᠡ ᠶᠢᠨ ᠪᠢᠴᠢᠭ ᠲᠣᠭᠤᠷᠪᠢᠨ | ᠳᠣᠬᠳᠠᠭᠠᠬᠤ ᠪᠠ ᠬᠤᠳᠠᠯᠳᠤᠨ ᠠᠪᠬᠤ ᠶᠠᠪᠣᠴᠠ ᠶᠢᠨ ᠲᠤᠰᠬᠠᠶᠢᠵᠢᠭᠰᠠᠨ ᠦᠢᠯᠡᠴᠢᠯᠡᠬᠡᠨ ᠤ ᠬᠢᠷᠢ ᠬᠡᠮᠵᠢᠶ᠎ᠡ ᠶᠢ | ᠰᠢᠯᠢᠳᠡᠭᠵᠢᠭᠦᠯᠦᠨ᠂ ᠬᠤᠳᠠᠯᠳᠤᠨ ᠠᠪᠤᠭᠴᠢ ᠶᠢᠨ ᠨᠠᠶᠢᠳᠠᠵᠤ ᠲᠣᠭᠲᠠᠭᠠᠭᠰᠠᠨ ᠬᠤᠭᠤᠴᠠᠭᠠᠨ ᠤ ᠳᠣᠲᠣᠷ᠎ᠠ ᠴᠠᠭ | ᠲᠤᠬᠠᠶ ᠳᠤᠨᠢ ᠬᠤᠳᠠᠯᠳᠤᠨ ᠠᠪᠤᠭᠴᠢ ᠬᠢᠭᠡᠳ ᠳᠠᠭᠠᠭᠠᠴᠢᠯᠠᠯᠲᠠ ᠣᠯᠤᠭᠰᠠᠨ ᠪᠤᠶᠤ ᠠᠷᠠᠯᠵᠢᠶ᠎ᠠ ᠪᠦᠲᠦᠭᠰᠡᠨ | ᠬᠠᠩᠭᠠᠯᠭ᠎ᠠ ᠶᠢᠨ ᠬᠤᠳᠠᠯᠳᠤᠭᠠᠴᠢᠨ ᠶᠢ ᠵᠣᠬᠢᠶᠠᠨ ᠪᠠᠶᠢᠭᠤᠯᠵᠤ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ | ᠳᠣᠬᠳᠠᠵᠦ᠂ ᠴᠠᠭ ᠲᠤᠬᠠᠶ ᠳᠤᠨᠢ ᠬᠤᠳᠠᠯᠳᠤᠨ ᠠᠪᠤᠭᠴᠢ ᠶᠢ ᠬᠠᠪᠰᠤᠷᠤᠨ ᠬᠤᠳᠠᠯᠳᠤᠨ ᠠᠪᠬᠤ ᠵᠦᠢᠯᠡᠰ ᠢ ᠰᠢᠯᠭᠠᠨ | ᠠᠪᠣᠨ᠎ᠠ᠃᠂ | ᠠᠷᠪᠠᠨ ᠳᠥᠷᠪᠡᠳᠦᠭᠡᠷ ᠵᠦᠢᠯ᠂ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠲᠥᠪ ᠪᠤᠰᠤ | ᠠᠷᠭ᠎ᠠ ᠪᠠᠷ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠲᠤᠬᠠᠶᠢᠯᠠᠭᠰᠠᠨ ᠠᠵᠢᠯ ᠢ | ᠠᠪᠴᠦ ᠪᠣᠯᠬᠤ ᠥᠬᠡᠶ᠂ ᠬᠤᠳᠠᠯᠳᠤᠨ ᠠᠪᠤᠭᠴᠢ᠂ ᠪᠠᠷᠠᠭ᠎ᠠ ᠬᠠᠩᠭᠠᠬᠤ ᠬᠤᠳᠠᠯᠳᠤᠭᠠᠴᠢᠨ ᠲᠠᠢ ᠮᠠᠭᠤ ᠰᠠᠨᠠᠭ᠎ᠠ ᠪᠠᠷ | ᠰᠥᠯᠪᠡᠭᠡᠯᠳᠦᠨ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠠᠵᠢᠯᠯᠠᠭ᠎ᠠ ᠶᠢ ᠡᠵᠡᠮᠳᠡᠵᠦ ᠪᠣᠯᠬᠤ ᠦᠭᠡᠢ᠃ | ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠠᠵᠢᠯᠳᠠᠨ ᠨᠢ ᠬᠤᠳᠠᠯᠳᠤᠨ ᠠᠪᠤᠭᠴᠢ | ᠪᠣᠶᠣ ᠬᠠᠩᠭᠠᠭᠴᠢ ᠬᠤᠳᠠᠯᠳᠤᠭᠠᠴᠢᠨ ᠤ ᠵᠣᠬᠢᠶᠠᠨ ᠪᠠᠶᠢᠭᠤᠯᠣᠬᠰᠡᠨ ᠵᠣᠴᠢᠯᠠᠭ᠎ᠠ᠂ ᠵᠢᠭᠤᠯᠴᠢᠯᠠᠬᠤ᠂ ᠨᠠᠭᠠᠳᠤᠮ ᠢ | ᠬᠦᠯᠢᠶᠡᠨ ᠠᠪᠴᠤ ᠪᠣᠯᠬᠤ ᠦᠭᠡᠢ᠂ ᠪᠡᠯᠡᠭ ᠰᠡᠯᠲᠡ᠂ ᠪᠡᠯᠡᠨ ᠵᠣᠭᠤᠰ᠂ ᠦᠨᠡᠲᠦ ᠲᠡᠮᠳᠡᠭᠲᠦ ᠵᠡᠷᠭᠡ ᠶᠢ ᠬᠦᠯᠢᠶᠡᠠ | ᠠᠪᠴᠤ ᠪᠣᠯᠬᠤ ᠤᠢᠭᠡᠢ᠂ ᠬᠤᠳᠠᠯᠳᠤᠨ ᠠᠪᠤᠭᠴᠢ ᠪᠤᠶᠤ ᠬᠠᠩᠭᠠᠭᠴᠢ ᠬᠤᠳᠠᠯᠳᠤᠭᠠᠴᠢᠨ ᠠᠴᠠ ᠬᠤᠪᠢ ᠬᠥᠮᠦᠨ | ᠡᠭᠦᠷᠭᠡᠯᠡᠬᠦ ᠬᠡᠷᠡᠭᠲᠡᠶ ᠵᠠᠷᠤᠳᠠᠯ ᠢ ᠠᠪᠴᠦ ᠪᠣᠯᠬᠤ ᠦᠭᠡᠢ᠃ | ᠠᠷᠪᠠᠨ ᠲᠠᠪᠤᠳᠤᠭᠠᠷ ᠵᠦᠢᠯ᠂ ᠬᠤᠳᠠᠯᠳᠤᠨ ᠠᠪᠤᠭᠴᠢ᠂ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ | ᠪᠠᠶᠢᠭᠤᠯᠤᠮᠵᠢ ᠨᠢ ᠵᠠᠰᠠᠭ ᠤᠨ ᠣᠷᠳᠣᠨ ᠤ ᠬᠤᠳᠠᠯᠳᠤᠨ ᠠᠪᠬᠤ ᠲᠦᠷᠦ ᠶᠢᠨ ᠪᠤᠳᠤᠯᠭ᠎ᠠ᠂ ᠬᠤᠳᠠᠯᠳᠤᠨ ᠠᠪᠬᠤ | ᠲᠥᠰᠦᠪ᠂ ᠬᠤᠳᠠᠯᠳᠤᠨ ᠠᠪᠠᠨ᠋ᠥ ᠬᠡᠷᠡᠭᠴᠡᠭᠡ ᠱᠠᠭᠠᠷᠳᠠᠯᠭ᠎ᠠ ᠶᠢ ᠦᠨᠳᠦᠰᠦᠯᠡᠨ ᠬᠤᠳᠠᠯᠳᠤᠨ ᠠᠪᠬᠤ ᠠᠵᠢᠯᠯᠠᠭ᠎ᠠ ᠶᠢᠨ | ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠬᠤ ᠬᠡᠷᠡᠭᠲᠡᠶ᠃ | ᠬᠤᠳᠠᠯᠳᠤᠨ ᠠᠪᠠᠨ᠋ᠥ ᠬᠡᠷᠡᠭᠴᠡᠭᠡ ᠱᠠᠭᠠᠷᠳᠠᠯᠭ᠎ᠠ ᠨᠢ ᠬᠠᠤᠯᠢ ᠴᠠᠭᠠᠵᠠ ᠬᠠᠤᠯᠢ ᠲᠣᠭᠲᠠᠭᠠᠯ ᠵᠢᠴᠢ ᠵᠠᠰᠠᠭ ᠤᠨ | ᠣᠷᠳᠣᠨ ᠤ ᠬᠤᠳᠠᠯᠳᠤᠨ ᠠᠪᠠᠨ᠋ᠥ ᠲᠥᠷᠥ ᠶᠢᠨ ᠪᠣᠳᠣᠯᠭ᠎ᠠ ᠳᠤ ᠲᠣᠭᠲᠠᠭᠠᠭᠰᠠᠨ ᠮᠡᠷᠭᠡᠵᠢᠯ᠂ ᠦᠢᠯᠡᠴᠢᠯᠡᠭᠡ᠂ ᠠᠮᠤᠷ | ᠲᠦᠪᠰᠢᠨ ᠵᠡᠷᠭᠡ ᠶᠢᠨ ᠱᠠᠭᠠᠷᠳᠠᠯᠭ᠎ᠠ ᠳᠤ ᠨᠡᠶᠢᠴᠡᠬᠦ ᠬᠡᠷᠡᠭᠲᠡᠢ᠃ ᠵᠠᠰᠠᠭ ᠤᠨ ᠣᠷᠳᠣᠨ ᠠᠴᠠ ᠨᠡᠶᠢᠭᠡᠮ ᠨᠡᠶᠢᠲᠡ ᠳᠤ | ᠬᠠᠩᠭᠠᠬᠤ ᠣᠯᠠᠨ ᠨᠡᠶᠢᠲᠡ ᠶᠢᠨ ᠦᠢᠯᠡᠴᠢᠯᠡᠬᠡᠨ ᠤ ᠲᠥᠷᠥᠯ ᠵᠦᠢᠯ ᠳᠤ ᠬᠤᠳᠠᠯᠳᠤᠨ ᠠᠪᠠᠨ᠋ᠥ ᠬᠡᠷᠡᠭᠴᠡᠭᠡ | ᠱᠠᠭᠠᠷᠳᠠᠯᠭ᠎ᠠ ᠶᠢ ᠲᠣᠭᠲᠠᠭᠠᠬᠤ ᠳᠠᠭᠠᠨ ᠨᠡᠶᠢᠭᠡᠮ ᠤᠨ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠬᠡᠷᠡᠭᠲᠡᠶ᠃ | ᠮᠡᠷᠭᠡᠵᠢᠯ ᠨᠢ ᠨᠠᠷᠢᠨ ᠪᠤᠳᠤᠯᠢᠶᠠᠨᠲᠠᠶ ᠪᠤᠶᠤ ᠰᠢᠨᠵᠢ ᠴᠢᠨᠠᠷ ᠨᠢ ᠣᠨᠴᠠᠭᠠᠶ ᠪᠠᠶᠢᠳᠠᠯ ᠠᠴᠠ ᠪᠣᠰᠣᠳ᠂ ᠨᠠᠷᠢᠨ ᠬᠡᠪ | ᠪᠠᠷᠢᠮᠵᠢᠶ᠎ᠠ ᠪᠤᠶᠤ ᠪᠣᠳᠠᠲᠠᠶ ᠱᠠᠭᠠᠷᠳᠠᠯᠭ᠎ᠠ ᠶᠢ ᠲᠣᠭᠲᠠᠭᠠᠵᠤ ᠳᠡᠶᠢᠯᠬᠦ ᠦᠭᠡᠢ ᠠᠴᠠ ᠭᠠᠳᠠᠨ᠎ᠠ᠂ ᠬᠤᠳᠠᠯᠳᠤᠨ ᠠᠪᠠᠨ᠋ᠥ | ᠬᠡᠷᠡᠭᠴᠡᠭᠡ ᠱᠠᠭᠠᠷᠳᠠᠯᠭ᠎ᠠ ᠨᠢ ᠪᠦᠷᠢᠨ ᠪᠦᠲᠦᠨ ᠲᠣᠳᠣᠷᠬᠠᠢ ᠪᠠᠶᠢᠬᠤ ᠬᠡᠷᠡᠭᠲᠡᠢ᠃ ᠴᠢᠬᠤᠯᠠᠲᠠᠶ ᠦᠶ᠎ᠡ ᠳᠤ | ᠬᠤᠯᠪᠣᠭᠳᠠᠯ ᠪᠦᠬᠦᠢ ᠬᠠᠩᠭᠠᠭᠴᠢ ᠬᠤᠳᠠᠯᠳᠤᠭᠠᠴᠢᠨ᠂ ᠲᠤᠰᠬᠠᠶ ᠮᠡᠷᠭᠡᠵᠢᠯᠲᠡᠨ ᠠᠴᠠ ᠬᠤᠳᠠᠯᠳᠤᠨ ᠠᠪᠠᠨ᠋ᠥ | ᠬᠡᠷᠡᠭᠴᠡᠭᠡ ᠱᠠᠭᠠᠷᠳᠠᠯᠭ᠎ᠠ ᠶᠢ ᠲᠣᠭᠲᠠᠭᠠᠬᠤ ᠳᠠᠭᠠᠨ ᠰᠠᠨᠠᠯ ᠢ ᠨᠢ ᠬᠤᠷᠢᠶᠠᠬᠤ ᠬᠡᠷᠡᠭᠲᠡᠶ᠃ | ᠠᠷᠪᠠᠨ ᠵᠢᠷᠭᠤᠳᠤᠭᠠᠷ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠬᠤᠷᠢᠳᠤᠭᠠᠷ ᠵᠦᠢᠯ ᠳᠤ | ᠲᠣᠭᠲᠠᠭᠠᠭᠰᠠᠨ ᠨᠠᠶᠢᠳᠠᠵᠤ ᠣᠷᠣᠯᠠᠨ ᠭᠦᠢᠴᠡᠳᠬᠡᠭᠦᠯᠬᠦ ᠬᠡᠯᠡᠯᠴᠡᠭᠡᠷ ᠳᠤ ᠣᠷᠣᠯᠠᠨ ᠬᠤᠳᠠᠯᠳᠤᠨ ᠠᠪᠬᠤ ᠬᠡᠪᠴᠢᠶ᠎ᠡ᠂ | ᠡᠷᠬᠡ ᠶᠢᠨ ᠬᠢᠵᠠᠭᠠᠷ ᠪᠣᠯᠤᠨ ᠬᠤᠭᠤᠴᠠᠭ᠎ᠠ ᠵᠡᠷᠭᠡ ᠶᠢᠨ ᠪᠣᠳᠠᠲᠤ ᠵᠦᠢᠯᠡᠰ ᠢ ᠲᠣᠳᠣᠷᠬᠠᠶᠢᠯᠠᠨ᠎ᠠ᠃ | ᠬᠤᠳᠠᠯᠳᠤᠨ ᠠᠪᠤᠭᠴᠢ ᠬᠢᠭᠡᠳ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠨᠠᠶᠢᠳᠠᠨ | ᠣᠷᠣᠯᠠᠭᠤᠯᠬᠤ ᠬᠡᠯᠡᠯᠴᠡᠭᠡᠷ ᠶᠣᠰᠣᠭᠠᠷ ᠥᠪᠡᠷ ᠥᠪᠡᠷ ᠤᠨ ᠡᠭᠦᠷᠭᠡ ᠪᠠᠨ ᠭᠦᠢᠴᠡᠳᠬᠡᠬᠦ ᠬᠡᠷᠡᠭᠲᠡᠶ᠂ ᠬᠤᠳᠠᠯᠳᠤᠨ | ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠣᠷᠣᠯᠠᠬᠤ ᠡᠷᠬᠡ ᠶᠢᠨ ᠬᠡᠪᠴᠢᠶᠡᠨ ᠠᠴᠠ ᠪᠠᠨ ᠳᠠᠪᠠᠵᠤ | ᠪᠣᠯᠬᠤ ᠦᠭᠡᠢ᠃ | ᠠᠷᠪᠠᠨ ᠳᠣᠯᠣᠳᠤᠭᠠᠷ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ | ᠬᠠᠩᠭᠠᠭᠴᠢ ᠬᠤᠳᠠᠯᠳᠤᠭᠠᠴᠢᠨ ᠨᠢ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠬᠤᠷᠢᠨ ᠬᠤᠶᠠᠳᠤᠭᠠᠷ | ᠵᠦᠢᠯ ᠤᠨ ᠨᠢᠭᠡᠳᠦᠭᠡᠷ ᠪᠠᠳᠠᠭ ᠲᠤ ᠲᠣᠭᠲᠠᠭᠠᠭᠰᠠᠨ ᠨᠥᠬᠦᠴᠡᠯ ᠢ ᠪᠦᠷᠢᠯᠳᠦᠭᠦᠯᠦᠭᠰᠡᠨ ᠪᠠᠶᠢᠵᠦ᠂ ᠳᠣᠣᠷ᠎ᠠ | ᠵᠢᠭᠰᠠᠭᠠᠭᠰᠠᠨ ᠮᠠᠲ᠋ᠧᠷᠢᠶᠠᠯ ᠢ ᠬᠠᠩᠭᠠᠬᠤ ᠬᠡᠷᠡᠭᠲᠡᠶ᠄ | ︵ᠨᠢᠭᠡ︶ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠡᠵᠡᠩᠨᠡᠯᠲᠡ ᠶᠢᠨ ᠦᠨᠡᠮᠯᠡᠯ ᠵᠡᠷᠭᠡ | ᠭᠡᠷᠡᠴᠢ ᠪᠢᠴᠢᠭ ᠮᠠᠲ᠋ᠧᠷᠢᠶᠠᠯ᠂ ᠪᠠᠶᠢᠭᠠᠯᠢ ᠬᠥᠮᠦᠨ ᠤ ᠬᠢᠷᠢ ᠬᠡᠮ ᠤᠨ ᠭᠡᠷᠡᠴᠢ︔ | ︵ᠬᠤᠶᠠᠷ︶ ᠡᠳ᠋ ᠤᠨ ᠶᠠᠪᠤᠳᠠᠯ ᠤᠨ ᠪᠠᠶᠢᠳᠠᠯ ᠤᠨ ᠮᠡᠳᠡᠭᠦᠯᠦᠯᠲᠡ᠂ ᠭᠠᠶᠢᠯᠢ ᠲᠠᠲᠠᠪᠤᠷᠢ ᠪᠣᠯᠤᠨ ᠨᠡᠶᠢᠭᠡᠮ ᠤᠨ | ᠪᠠᠲᠤᠯᠠᠭ᠎ᠠ ᠶᠢᠨ ᠪᠡᠯᠡ ᠮᠥᠩᠭᠦ ᠶᠢ ᠬᠠᠤᠯᠢ ᠶᠣᠰᠣᠭᠠᠷ ᠲᠤᠰᠢᠶᠠᠭᠰᠠᠨ ᠬᠤᠯᠪᠣᠭᠳᠠᠯ ᠪᠦᠬᠦᠢ ᠮᠠᠲ᠋ᠧᠷᠢᠶᠠᠯ︔ | ︵ᠭᠤᠷᠪᠠ︶ ᠭᠡᠷ᠎ᠡ ᠶᠢ ᠭᠦᠢᠴᠡᠳᠬᠡᠬᠦ ᠳᠤ ᠵᠠᠶᠢᠯᠠᠰᠢ ᠦᠭᠡᠢ ᠱᠠᠭᠠᠷᠳᠠᠭᠳᠠᠬᠤ ᠳᠤᠨᠤᠭ ᠲᠥᠬᠦᠭᠡᠷᠦᠮᠵᠢ ᠪᠠ ᠲᠤᠰᠬᠠᠢ | ᠮᠡᠷᠭᠡᠵᠢᠯ ᠤᠨ ᠴᠢᠳᠠᠪᠤᠷᠢ ᠶᠢᠨ ᠲᠤᠬᠠᠶ ᠭᠡᠷᠡᠴᠢᠯᠡᠬᠦ ᠮᠠᠲ᠋ᠧᠷᠢᠶᠠᠯ︔ | ︵ᠲᠦᠷᠪᠡ︶ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠠᠴᠠ ᠡᠮᠦᠨᠡᠬᠢ ᠭᠤᠷᠪᠠᠨ | ᠵᠢᠯ ᠤᠨ ᠳᠣᠲᠣᠷ᠎ᠠ ᠡᠵᠡᠩᠨᠡᠯᠲᠡ ᠶᠢᠨ ᠠᠵᠢᠯᠯᠠᠭ᠎ᠠ ᠶᠢᠨ ᠳᠤᠮᠳᠠ ᠪᠠᠨ ᠬᠠᠤᠯᠢ ᠶᠢ ᠬᠦᠨᠳᠦ ᠨᠣᠴᠢᠲᠠᠢ ᠵᠥᠷᠢᠴᠡᠭᠰᠡᠨ | ᠲᠡᠮᠳᠡᠭᠯᠡᠯ ᠪᠠᠶᠢᠬᠤ ᠦᠭᠡᠢ ᠪᠥᠭᠡᠳ ᠪᠢᠴᠢᠭ ᠢᠶᠠᠷ ᠢᠯᠡᠷᠡᠭᠦᠯᠦᠭᠰᠡᠨ ᠢᠯᠡᠷᠬᠡᠶᠢᠯᠡᠯᠲᠡ ᠪᠠᠶᠢᠬᠤ︔ | ︵ᠲᠠᠪᠤ︶ ᠬᠠᠤᠯᠢ ᠴᠠᠭᠠᠵᠠ᠂ ᠵᠠᠰᠠᠭ ᠵᠠᠬᠢᠷᠭᠠᠨ ᠤ ᠬᠠᠤᠯᠢ ᠲᠣᠭᠲᠠᠭᠠᠯ ᠳᠤ ᠲᠣᠭᠲᠠᠭᠠᠭᠰᠠᠨ ᠪᠤᠰᠤᠳ | ᠨᠥᠬᠦᠴᠡᠯ ᠤᠨ ᠭᠡᠷᠡᠴᠢ ᠮᠠᠲ᠋ᠧᠷᠢᠶᠠᠯ᠃ | ᠬᠤᠳᠠᠯᠳᠤᠨ ᠠᠪᠬᠤ ᠵᠦᠢᠯᠡᠰ ᠤᠨ ᠲᠤᠬᠠᠶ ᠣᠨᠴᠠᠭᠠᠶ ᠱᠠᠭᠠᠷᠳᠠᠯᠭ᠎ᠠ ᠲᠠᠢ ᠪᠣᠯ ᠬᠠᠩᠭᠠᠭᠴᠢ ᠬᠤᠳᠠᠯᠳᠤᠭᠠᠴᠢᠨ ᠳᠤ | ᠣᠨᠴᠠᠭᠠᠶ ᠱᠠᠭᠠᠷᠳᠠᠯᠭ᠎ᠠ ᠲᠠᠢ ᠨᠡᠶᠢᠴᠡᠭᠰᠡᠨ ᠭᠡᠷᠡᠴᠢ ᠮᠠᠲ᠋ᠧᠷᠢᠶᠠᠯ ᠪᠤᠶᠤ ᠪᠠᠶᠢᠳᠠᠯ ᠤᠨ ᠲᠣᠳᠣᠷᠬᠠᠶᠢᠯᠠᠯ ᠢ ᠬᠠᠩᠭᠠᠬᠤ | ᠬᠡᠷᠡᠭᠲᠡᠶ᠃ | ᠠᠷᠪᠠᠨ ᠨᠠᠢᠮᠠᠳᠤᠭᠠᠷ ᠵᠦᠢᠯ᠂ ᠨᠢᠭᠡᠴᠡ ᠶᠢᠨ ᠬᠠᠷᠢᠭᠤᠴᠠᠯᠭᠠᠲᠠᠨ ᠨᠢ ᠠᠳᠠᠯᠢ ᠨᠢᠭᠡ ᠬᠥᠮᠦᠨ ᠪᠤᠶᠤ ᠰᠢᠭᠤᠳ | ᠬᠤᠪᠢ ᠡᠵᠡᠮᠳᠡᠬᠦ᠂ ᠬᠠᠮᠢᠶᠠᠷᠬᠤ ᠬᠠᠷᠢᠴᠠᠭ᠎ᠠ ᠲᠠᠢ ᠠᠳᠠᠯᠢ ᠪᠤᠰᠤ ᠬᠠᠩᠭᠠᠭᠴᠢ ᠬᠤᠳᠠᠯᠳᠤᠭᠠᠴᠢᠳ ᠪᠠᠶᠢᠪᠠᠯ᠂ ᠠᠳᠠᠯᠢ | ᠨᠢᠭᠡᠨ ᠭᠡᠷ᠎ᠡ ᠶᠢᠨ ᠵᠦᠢᠯᠡᠰ ᠤᠨ ᠳᠣᠣᠷᠠᠬᠢ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ | ᠣᠷᠣᠯᠴᠠᠵᠤ ᠪᠣᠯᠬᠤ ᠦᠭᠡᠢ᠃ | ᠭᠠᠭᠴᠠ ᠢᠷᠡᠯᠳᠡ ᠠᠴᠠ ᠬᠤᠳᠠᠯᠳᠤᠨ ᠠᠪᠬᠤ ᠵᠦᠢᠯᠡᠰ ᠢ ᠭᠠᠷᠭᠠᠪᠠᠯ᠂ ᠬᠤᠳᠠᠯᠳᠤᠨ ᠠᠪᠬᠤ ᠲᠥᠷᠥᠯ ᠵᠦᠢᠯ ᠳᠤ | ᠪᠦᠬᠦᠯᠢ ᠴᠣᠭᠴᠠ ᠶᠢᠨ ᠲᠥᠯᠥᠪᠯᠡᠭᠡ᠂ ᠵᠢᠷᠤᠮᠵᠢᠭᠤᠯᠤᠨ ᠨᠠᠶᠢᠷᠠᠭᠤᠯᠤᠨ ᠵᠣᠬᠢᠶᠠᠵᠤ ᠪᠤᠶᠤ ᠲᠦᠷᠦᠯ ᠵᠦᠢᠯ ᠤᠨ | ᠬᠠᠮᠢᠶᠠᠷᠤᠯᠲᠠ᠂ ᠬᠢᠨᠠᠬᠤ᠂ ᠰᠢᠯᠭᠠᠨ ᠬᠡᠮᠵᠢᠬᠦ ᠵᠡᠷᠭᠡ ᠦᠢᠯᠡᠴᠢᠯᠡᠭᠡ ᠶᠢ ᠬᠠᠩᠭᠠᠵᠦ᠂ ᠲᠤᠰ ᠬᠤᠳᠠᠯᠳᠤᠨ ᠠᠪᠬᠤ | ᠵᠦᠢᠯᠡᠰ ᠤᠨ ᠪᠤᠰᠤᠳ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠵᠤ ᠪᠣᠯᠬᠤ ᠦᠭᠡᠶ᠃ | ᠠᠷᠪᠠ ᠶᠢᠰᠦᠳᠦᠭᠡᠷ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠬᠤᠷᠢᠨ ᠬᠤᠶᠠᠳᠤᠭᠠᠷ | ᠵᠦᠢᠯ ᠤᠨ ᠨᠢᠭᠡᠳᠦᠭᠡᠷ ᠪᠠᠳᠠᠭ ᠤᠨ ᠲᠠᠪᠤᠳᠤᠭᠠᠷ ᠵᠤᠷᠪᠤᠰ ᠲᠤ ᠬᠡᠯᠡᠵᠦ ᠪᠠᠶᠢᠭ᠎ᠠ ᠬᠠᠤᠯᠢ ᠶᠢ ᠬᠦᠨᠳᠦ ᠨᠣᠴᠢᠲᠠᠢ | ᠵᠥᠷᠢᠴᠡᠭᠰᠡᠨ ᠲᠡᠮᠳᠡᠭᠯᠡᠯ ᠭᠡᠳᠡᠭ ᠨᠢ ᠬᠠᠩᠭᠠᠭᠴᠢ ᠬᠤᠳᠠᠯᠳᠤᠭᠠᠴᠢᠨ ᠬᠠᠤᠯᠢ ᠶᠢ ᠵᠥᠷᠢᠴᠡᠵᠦ ᠡᠵᠡᠩᠨᠡᠭᠰᠡᠨ ᠠᠴᠠ | ᠪᠤᠯᠵᠤ ᠡᠷᠡᠭᠦᠦ ᠶᠢᠨ ᠰᠢᠳᠬᠡᠯ ᠢᠶᠠᠷ ᠰᠢᠳᠬᠡᠭᠳᠡᠭᠰᠡᠨ ᠪᠤᠶᠤ ᠵᠠᠷᠯᠢᠭᠳᠠᠵᠤ ᠪᠠᠶᠢᠭᠠᠳ ᠦᠢᠯᠡᠳᠪᠦᠷᠢᠯᠡᠯ ᠠᠵᠢᠯ ᠢ ᠨᠢ | ᠵᠣᠭᠰᠣᠭᠠᠬᠤ᠂ ᠵᠥᠪᠰᠢᠶᠡᠷᠡᠯ ᠤᠨ ᠦᠨᠡᠮᠯᠡᠯ ᠪᠤᠶᠤ ᠡᠵᠡᠩᠨᠡᠯᠲᠡ ᠶᠢᠨ ᠦᠨᠡᠮᠯᠡᠯ ᠢ ᠨᠢ ᠬᠤᠷᠢᠶᠠᠨ ᠠᠪᠴᠤ ᠬᠦᠴᠦᠨ | ᠦᠭᠡᠢ ᠪᠣᠯᠭᠠᠬᠤ᠂ ᠨᠡᠯᠢᠶᠡᠳ ᠶᠡᠭᠡ ᠲᠣᠭᠠᠨ ᠤ ᠵᠣᠭᠤᠰ ᠢᠶᠠᠷ ᠲᠣᠷᠭᠠᠬᠤ ᠵᠡᠷᠭᠡ ᠵᠠᠰᠠᠭ ᠵᠠᠬᠢᠷᠭᠠᠨ ᠤ ᠰᠢᠳᠬᠡᠯ | ᠣᠯᠣᠭᠰᠠᠨ ᠢ ᠵᠢᠭᠠᠨ᠎ᠠ᠃ | ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠬᠠᠩᠭᠠᠭᠴᠢ ᠬᠤᠳᠠᠯᠳᠤᠭᠠᠴᠢᠨ ᠨᠢ | ᠡᠮᠦᠨᠡᠬᠢ ᠭᠤᠷᠪᠠᠨ ᠵᠢᠯ ᠤᠨ ᠳᠣᠲᠣᠷ᠎ᠠ ᠬᠠᠤᠯᠢ ᠶᠢ ᠵᠥᠷᠢᠴᠡᠵᠦ ᠡᠵᠡᠩᠨᠡᠭᠰᠡᠨ ᠠᠴᠠ ᠪᠤᠯᠵᠤ ᠵᠣᠬᠢᠬᠤ | ᠬᠤᠭᠤᠴᠠᠭᠠᠨ ᠤ ᠳᠣᠲᠣᠷ᠎ᠠ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ ᠶᠢ | ᠴᠠᠭᠠᠵᠢᠯᠠᠵᠤ᠂ ᠬᠤᠭᠤᠴᠠᠭ᠎ᠠ ᠨᠢ ᠳᠦᠭᠦᠷᠦᠭᠰᠡᠨ ᠪᠠᠶᠢᠪᠠᠯ᠂ ᠵᠠᠰᠠᠭ ᠤᠨ ᠣᠷᠳᠣᠨ ᠤ ᠬᠤᠳᠠᠯᠳᠤᠨ ᠠᠪᠬᠤ | ᠠᠵᠢᠯᠯᠠᠭ᠎ᠠ ᠳᠤ ᠣᠷᠣᠯᠴᠠᠵᠤ ᠪᠣᠯᠤᠨ᠎ᠠ᠃ | ᠬᠤᠷᠢᠳᠤᠭᠠᠷ ᠵᠦᠢᠯ᠂ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ | ᠪᠠᠶᠢᠭᠤᠯᠤᠮᠵᠢ ᠳᠤ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠵᠦᠢ ᠵᠤᠬᠢᠰ ᠦᠭᠡᠢ | ᠨᠥᠬᠦᠴᠡᠯ ᠢᠶᠠᠷ ᠬᠠᠩᠭᠠᠯᠭ᠎ᠠ ᠶᠢᠨ ᠬᠤᠳᠠᠯᠳᠤᠭᠠᠴᠢᠨ ᠢ ᠢᠯᠭᠠᠨ ᠦᠵᠡᠭᠰᠡᠨ ᠪᠤᠶᠤ ᠭᠠᠳᠠᠭᠤᠷᠴᠢᠯᠠᠨ ᠦᠵᠡᠭᠰᠡᠨ | ᠪᠠᠶᠢᠳᠠᠯ ᠳᠤ ᠪᠠᠭᠳᠠᠨ᠎ᠠ᠄ | ︵ᠨᠢᠭᠡ︶ ᠠᠳᠠᠯᠢ ᠨᠢᠭᠡ ᠬᠤᠳᠠᠯᠳᠤᠨ ᠠᠪᠬᠤ ᠵᠦᠢᠯᠡᠰ ᠤᠨ ᠬᠠᠩᠭᠠᠭᠴᠢ ᠬᠤᠳᠠᠯᠳᠤᠭᠠᠴᠢᠨ ᠳᠤ ᠵᠥᠷᠢᠶᠡᠲᠦ | ᠲᠥᠷᠥᠯ ᠵᠦᠢᠯ ᠤᠨ ᠮᠡᠳᠡᠭᠡ ᠵᠠᠩᠭᠢ ᠬᠠᠩᠭᠠᠬᠤ︔ | ︵ᠬᠤᠶᠠᠷ︶ ᠲᠣᠭᠲᠠᠭᠠᠭᠰᠠᠨ ᠬᠢᠷᠢ ᠬᠡᠮ᠂ ᠮᠡᠷᠭᠡᠵᠢᠯ᠂ ᠬᠤᠳᠠᠯᠳᠤᠭᠠᠨ ᠤ ᠶᠠᠪᠤᠳᠠᠯ ᠤᠨ ᠨᠥᠬᠦᠴᠡᠯ ᠨᠢ | ᠬᠤᠳᠠᠯᠳᠤᠨ ᠠᠪᠬᠤ ᠵᠦᠢᠯᠡᠰ ᠤᠨ ᠪᠣᠳᠠᠲᠠᠶ ᠣᠨᠴᠠᠯᠢᠭ ᠪᠠ ᠪᠣᠳᠠᠲᠤ ᠬᠡᠷᠡᠭᠴᠡᠭᠡ ᠲᠠᠢ ᠲᠣᠬᠢᠷᠠᠯᠴᠠᠬᠤ ᠦᠭᠡᠢ ᠪᠤᠶᠤ | ᠭᠡᠷ᠎ᠡ ᠶᠢ ᠭᠦᠢᠴᠡᠳᠬᠡᠬᠦ ᠲᠠᠢ ᠬᠠᠮᠢᠶ᠎ᠠ ᠦᠭᠡᠢ ᠪᠠᠶᠢᠬᠤ︔ | ︵ᠭᠤᠷᠪᠠ︶ ᠬᠤᠳᠠᠯᠳᠤᠨ ᠠᠪᠠᠨ᠋ᠥ ᠬᠡᠷᠡᠭᠴᠡᠭᠡ ᠱᠠᠭᠠᠷᠳᠠᠯᠭ᠎ᠠ ᠳᠠᠬᠢ ᠮᠡᠷᠭᠡᠵᠢᠯ᠂ ᠦᠢᠯᠡᠴᠢᠯᠡᠭᠡ ᠬᠠᠩᠭᠠᠬᠤ | ᠵᠡᠷᠭᠡ ᠶᠢ ᠣᠨᠴᠠ ᠲᠣᠭᠲᠠᠭᠠᠭᠰᠠᠨ ᠪᠠᠷᠠᠭ᠎ᠠ ᠬᠠᠩᠭᠠᠬᠤ ᠬᠤᠳᠠᠯᠳᠤᠭᠠᠴᠢᠨ᠂ ᠣᠨᠴᠠ ᠦᠢᠯᠡᠳᠬᠦᠨ ᠣᠷᠣᠭᠤ ᠵᠢᠭᠠᠬᠤ | ︔ | ︵ᠲᠦᠷᠪᠡ︶ ᠣᠨᠴᠠᠭᠠᠶ ᠵᠠᠰᠠᠭ ᠵᠠᠬᠢᠷᠭᠠᠨ ᠤ ᠣᠷᠣᠨ ᠪᠤᠶᠤ ᠣᠨᠴᠠᠭᠠᠶ ᠠᠵᠢᠯ ᠲᠦᠷᠦᠯ ᠤᠨ ᠠᠮᠵᠢᠯᠲᠠ ᠪᠦᠲᠦᠮᠵᠢ | ᠂ ᠱᠠᠩᠨᠠᠯ ᠢᠶᠠᠷ ᠬᠤᠪᠢ ᠨᠡᠮᠡᠬᠦ ᠨᠥᠬᠦᠴᠡᠯ ᠪᠤᠶᠤ ᠳᠠᠭᠠᠭᠠᠴᠢᠯᠠᠯᠲᠠ ᠣᠯᠤᠭᠰᠠᠨ᠂ ᠠᠷᠠᠯᠵᠢᠶ᠎ᠠ ᠪᠦᠲᠦᠭᠰᠡᠨ ᠨᠥᠬᠦᠴᠡᠯ | ᠪᠣᠯᠭᠠᠬᠤ︔ | ︵ᠲᠠᠪᠤ︶ ᠬᠠᠩᠭᠠᠭᠴᠢ ᠬᠤᠳᠠᠯᠳᠤᠭᠠᠴᠢᠨ ᠳᠤ ᠠᠳᠠᠯᠢ ᠪᠤᠰᠤ ᠬᠢᠷᠢ ᠬᠡᠮ ᠤᠨ ᠬᠢᠨᠠᠨ ᠪᠠᠶᠢᠴᠠᠭᠠᠬᠤ ᠪᠤᠶᠤ ᠬᠢᠨᠠᠨ | ᠲᠣᠭᠲᠠᠭᠠᠬᠤ ᠪᠠᠷᠢᠮᠵᠢᠶ᠎ᠠ ᠭᠠᠷᠭᠠᠬᠤ︔ | ︵ᠵᠢᠷᠭᠤᠭ᠎ᠠ︶ ᠣᠨᠴᠠᠭᠠᠶ ᠲᠣᠭᠲᠠᠭᠠᠭᠰᠠᠨ ᠲᠤᠰᠬᠠᠶ ᠠᠰᠢᠭ᠂ ᠲᠠᠸᠠᠷ ᠤᠨ ᠲᠡᠮᠳᠡᠭ᠂ ᠲᠡᠮᠳᠡᠭᠲᠦ ᠪᠦᠬᠦᠢ ᠲᠠᠸᠠᠷ | ᠪᠤᠶᠤ ᠬᠠᠩᠭᠠᠬᠤ ᠬᠤᠳᠠᠯᠳᠤᠭᠠᠴᠢᠨ ᠢᠶᠠᠷ ᠬᠢᠵᠠᠭᠠᠷᠯᠠᠬᠤ ᠪᠤᠶᠤ ᠵᠢᠭᠠᠨ ᠲᠣᠭᠲᠠᠭᠠᠭᠰᠠᠨ ᠪᠠᠶᠢᠳᠠᠯ︔ | ︵ᠲᠤᠯᠤᠭ᠎ᠠ︶ ᠬᠠᠩᠭᠠᠭᠴᠢ ᠬᠤᠳᠠᠯᠳᠤᠭᠠᠴᠢᠨ ᠤ ᠥᠮᠴᠢᠯᠡᠯ ᠤᠨ ᠬᠡᠯᠪᠡᠷᠢ᠂ ᠵᠣᠬᠢᠶᠠᠨ ᠪᠠᠶᠢᠭᠤᠯᠤᠯᠲᠠ ᠶᠢᠨ | ᠬᠡᠯᠪᠡᠷᠢ ᠪᠤᠶᠤ ᠰᠠᠭᠤᠭ᠎ᠠ ᠭᠠᠵᠠᠷ ᠢ ᠬᠠᠤᠯᠢ ᠪᠤᠰᠤ ᠪᠠᠷ ᠬᠢᠵᠠᠭᠠᠷᠯᠠᠬᠤ︔ | ︵ᠨᠠᠢᠮᠠ︶ ᠨᠢᠭᠤᠭᠳᠠᠮᠠᠯ ᠬᠠᠩᠭᠠᠭᠴᠢ ᠬᠤᠳᠠᠯᠳᠤᠭᠠᠴᠢᠨ ᠢ ᠪᠤᠰᠤᠳ ᠵᠦᠢ ᠵᠤᠬᠢᠰ ᠤᠢᠭᠡᠢ ᠨᠥᠬᠦᠴᠡᠯ ᠢᠶᠠᠷ | ᠬᠢᠵᠠᠭᠠᠷᠯᠠᠭᠰᠠᠨ ᠪᠤᠶᠤ ᠭᠠᠳᠠᠭᠤᠷᠴᠢᠯᠠᠭᠰᠠᠨ ᠪᠠᠶᠢᠳᠠᠯ᠃ | ᠬᠤᠷᠢᠨ ᠨᠢᠭᠡᠳᠦᠭᠡᠷ ᠵᠦᠢᠯ᠂ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ | ᠪᠠᠶᠢᠭᠤᠯᠤᠮᠵᠢ ᠨᠢ ᠬᠠᠩᠭᠠᠭᠴᠢ ᠬᠤᠳᠠᠯᠳᠤᠭᠠᠴᠢᠨ ᠤ ᠬᠢᠷᠢ ᠬᠡᠮ ᠢ ᠤᠷᠢᠳᠴᠢᠯᠠᠨ ᠬᠢᠨᠠᠯᠲᠠ ᠬᠢᠬᠦ ᠳᠤ᠂ ᠬᠢᠷᠢ ᠬᠡᠮ ᠢ | ᠤᠷᠢᠳᠴᠢᠯᠠᠨ ᠬᠢᠨᠠᠬᠤ ᠠᠯᠪᠠᠨ ᠵᠠᠷ ᠢ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠵᠠᠭᠤᠴᠢᠯᠠᠭᠤᠷ ᠳᠡᠭᠡᠷ᠎ᠡ ᠨᠡᠶᠢᠲᠡᠯᠡᠬᠦ ᠬᠡᠷᠡᠭᠲᠡᠶ᠃ | ᠨᠢᠭᠡᠨᠲᠡ ᠬᠢᠷᠢ ᠬᠡᠮ ᠢ ᠤᠷᠢᠳᠴᠢᠯᠠᠨ ᠬᠢᠨᠠᠭᠰᠠᠨ ᠪᠠᠶᠢᠪᠠᠯ᠂ ᠦᠨᠡᠯᠡᠨ ᠬᠢᠨᠠᠬᠤ ᠶᠠᠪᠣᠴᠠ ᠳᠤ ᠬᠠᠩᠭᠠᠭᠴᠢ | ᠬᠤᠳᠠᠯᠳᠤᠭᠠᠴᠢᠨ ᠤ ᠬᠢᠷᠢ ᠴᠢᠳᠠᠯ ᠢ ᠨᠢ ᠳᠠᠬᠢᠨ ᠪᠠᠶᠢᠴᠠᠭᠠᠬᠤ ᠦᠭᠡᠢ᠃ ᠬᠢᠷᠢ ᠬᠡᠮ ᠬᠢᠷᠢ ᠲᠡᠩᠴᠡᠭᠰᠡᠨ | ᠬᠠᠩᠭᠠᠯᠭ᠎ᠠ ᠶᠢᠨ ᠬᠤᠳᠠᠯᠳᠤᠭᠠᠴᠢᠨ ᠦᠨᠡᠯᠡᠨ ᠬᠢᠨᠠᠬᠤ ᠳᠤ ᠬᠤᠪᠢᠷᠠᠯᠲᠠ ᠭᠠᠷᠤᠭᠰᠠᠨ ᠪᠠᠶᠢᠪᠠᠯ᠂ ᠬᠤᠳᠠᠯᠳᠤᠨ | ᠠᠪᠤᠭᠴᠢ ᠬᠢᠭᠡᠳ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠳᠤ ᠮᠡᠳᠡᠭᠳᠡᠬᠦ ᠬᠡᠷᠡᠭᠲᠡᠶ᠃ | ᠬᠢᠷᠢ ᠬᠡᠮ ᠢ ᠤᠷᠢᠳᠴᠢᠯᠠᠨ ᠬᠢᠨᠠᠬᠤ ᠠᠯᠪᠠᠨ ᠵᠠᠷ ᠳᠤ ᠬᠤᠳᠠᠯᠳᠤᠨ ᠠᠪᠤᠭᠴᠢ ᠬᠢᠭᠡᠳ ᠬᠤᠳᠠᠯᠳᠤᠨ ᠠᠪᠬᠤ | ᠵᠦᠢᠯᠡᠰ ᠤᠨ ᠨᠡᠷᠡᠶᠢᠳᠦᠯ᠂ ᠬᠤᠳᠠᠯᠳᠤᠨ ᠠᠪᠠᠨ᠋ᠥ ᠬᠡᠷᠡᠭᠴᠡᠭᠡ ᠱᠠᠭᠠᠷᠳᠠᠯᠭ᠎ᠠ᠂ ᠬᠠᠩᠭᠠᠭᠴᠢ ᠬᠤᠳᠠᠯᠳᠤᠭᠠᠴᠢᠨ ᠤ ᠬᠢᠷᠢ | ᠬᠡᠮ ᠤᠨ ᠲᠤᠬᠠᠶ ᠱᠠᠭᠠᠷᠳᠠᠯᠭ᠎ᠠ ᠵᠢᠴᠢ ᠬᠠᠩᠭᠠᠯᠲᠠ ᠶᠢᠨ ᠬᠤᠳᠠᠯᠳᠤᠭᠠᠴᠢᠨ ᠤ ᠬᠢᠷᠢ ᠬᠡᠮ ᠢ ᠤᠷᠢᠳᠴᠢᠯᠠᠨ ᠬᠢᠨᠠᠬᠤ | ᠭᠤᠶᠤᠴᠢᠯᠠᠯ ᠤᠨ ᠪᠢᠴᠢᠭ ᠮᠠᠲ᠋ᠧᠷᠢᠶᠠᠯ ᠢ ᠲᠤᠰᠢᠶᠠᠬᠤ ᠴᠠᠭ ᠬᠤᠭᠤᠴᠠᠭ᠎ᠠ ᠪᠠ ᠭᠠᠵᠠᠷ ᠣᠷᠣᠨ ᠢ ᠪᠠᠭᠳᠠᠭᠠᠬᠤ | ᠬᠡᠷᠡᠭᠲᠡᠢ᠃ ᠬᠢᠷᠢ ᠬᠡᠮ ᠢ ᠤᠷᠢᠳᠴᠢᠯᠠᠨ ᠬᠢᠨᠠᠬᠤ ᠭᠤᠶᠤᠴᠢᠯᠠᠯ ᠤᠨ ᠪᠢᠴᠢᠭ ᠮᠠᠲ᠋ᠧᠷᠢᠶᠠᠯ ᠢ ᠲᠤᠰᠢᠶᠠᠬᠤ ᠴᠠᠭ ᠨᠢ | ᠠᠯᠪᠠᠨ ᠵᠠᠷ ᠨᠡᠶᠢᠲᠡᠯᠡᠭᠰᠡᠨ ᠡᠳᠦᠷ ᠠᠴᠠ ᠡᠬᠢᠯᠡᠨ 5 ᠠᠵᠢᠯᠯᠠᠬᠤ ᠡᠳᠦᠷ ᠠᠴᠠ ᠳᠤᠲᠠᠭᠤ ᠪᠠᠶᠢᠯᠭᠠᠵᠤ ᠪᠣᠯᠬᠤ ᠦᠭᠡᠢ᠃ | | ᠬᠤᠷᠢᠨ ᠬᠤᠶᠠᠳᠤᠭᠠᠷ ᠵᠦᠢᠯ᠂ ᠬᠠᠮᠲᠤᠷᠠᠭᠰᠠᠨ ᠴᠣᠭᠴᠠ ᠶᠢᠨ ᠳᠣᠲᠣᠷ᠎ᠠ ᠠᠳᠠᠯᠢᠬᠠᠨ ᠬᠢᠷᠢ ᠭᠡᠮ ᠲᠠᠢ ᠬᠠᠩᠭᠠᠭᠴᠢ | ᠬᠤᠳᠠᠯᠳᠤᠭᠠᠴᠢᠨ ᠪᠠᠶᠢᠪᠠᠯ ᠬᠤᠯᠪᠣᠭᠠᠲᠤ ᠴᠣᠭᠴᠠ ᠶᠢᠨ ᠠᠵᠢᠯ ᠤᠨ ᠬᠤᠪᠢᠶᠠᠷᠢᠯᠠᠯ ᠶᠣᠰᠣᠭᠠᠷ ᠠᠳᠠᠯᠢ ᠠᠵᠢᠯ ᠢ | ᠬᠠᠷᠢᠭᠤᠴᠠᠪᠠᠯ᠂ ᠬᠢᠷᠢ ᠴᠢᠳᠠᠯ ᠤᠨ ᠵᠡᠷᠭᠡ ᠳᠡᠰ ᠨᠢ ᠳᠣᠣᠷ᠎ᠠ ᠰᠢᠭ᠋ ᠬᠠᠩᠭᠠᠭᠴᠢ ᠬᠤᠳᠠᠯᠳᠤᠭᠠᠴᠢᠨ ᠢ ᠦᠨᠳᠦᠰᠦᠯᠡᠨ | ᠬᠢᠷᠢ ᠴᠢᠳᠠᠯ ᠤᠨ ᠵᠡᠷᠭᠡ ᠳᠡᠰ ᠢ ᠳᠣᠬᠳᠠᠭᠠᠨᠠ᠃ | ᠬᠤᠯᠪᠣᠭᠠᠲᠤ ᠴᠣᠭᠴᠠ ᠶᠢᠨ ᠬᠡᠯᠪᠡᠷᠢ ᠪᠠᠷ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ | ᠣᠷᠣᠯᠴᠠᠬᠤ ᠳᠤ᠂ ᠬᠤᠯᠪᠣᠭᠠᠲᠤ ᠴᠣᠭᠴᠠ ᠶᠢᠨ ᠡᠯ᠎ᠡ ᠡᠲᠡᠭᠡᠳ ᠭᠠᠭᠴᠠᠭᠠᠷ ᠢᠶᠠᠷ ᠣᠷᠣᠯᠴᠠᠬᠤ ᠪᠤᠶᠤ ᠪᠤᠰᠤᠳ | ᠬᠠᠩᠭᠠᠭᠴᠢ ᠬᠤᠳᠠᠯᠳᠤᠭᠠᠴᠢᠨ ᠲᠠᠢ ᠬᠠᠮᠲᠤᠷᠠᠭᠰᠠᠨ ᠴᠣᠭᠴᠠ ᠶᠢ ᠪᠦᠷᠢᠯᠳᠦᠭᠦᠯᠵᠦ ᠠᠳᠠᠯᠢ ᠨᠢᠭᠡᠨ ᠭᠡᠷ᠎ᠡ ᠶᠢᠨ | ᠵᠦᠢᠯᠡᠰ ᠤᠨ ᠳᠣᠣᠷᠠᠬᠢ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠵᠦ ᠪᠣᠯᠬᠤ ᠦᠭᠡᠢ᠃ | | ᠭᠤᠷᠪᠠᠳᠤᠭᠠᠷ ᠪᠦᠯᠦᠭ ᠵᠠᠰᠠᠭ ᠤᠨ ᠣᠷᠳᠣᠨ ᠤ ᠬᠤᠳᠠᠯᠳᠤᠨ ᠠᠪᠬᠤ ᠬᠡᠯᠪᠡᠷᠢ | ᠬᠤᠷᠢᠨ ᠭᠤᠷᠪᠠᠳᠤᠭᠠᠷ ᠵᠦᠢᠯ᠂ ᠬᠤᠳᠠᠯᠳᠤᠨ ᠠᠪᠤᠭᠴᠢ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ | ᠨᠣᠷᠮ᠎ᠠ ᠶᠢᠨ ᠪᠠᠷᠢᠮᠵᠢᠶ᠎ᠠ ᠠᠴᠠ ᠳᠡᠭᠡᠭᠰᠢᠬᠢ ᠪᠠᠷᠠᠭ᠎ᠠ ᠪᠤᠶᠤ ᠦᠢᠯᠡᠴᠢᠯᠡᠭᠡ ᠶᠢ ᠬᠤᠳᠠᠯᠳᠤᠨ ᠠᠪᠬᠤ ᠳᠤ᠂ | ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠬᠤᠷᠢ ᠶᠢᠰᠦᠳᠦᠭᠡᠷ ᠵᠦᠢᠯ᠂ ᠭᠤᠴᠢᠳᠤᠭᠠᠷ ᠵᠦᠢᠯ᠂ | ᠭᠤᠴᠢᠨ ᠨᠢᠭᠡᠳᠦᠭᠡᠷ ᠵᠦᠢᠯ᠂ ᠭᠤᠴᠢᠨ ᠬᠤᠶᠠᠳᠤᠭᠠᠷ ᠵᠦᠢᠯ ᠳᠤ ᠲᠣᠭᠲᠠᠭᠠᠭᠰᠠᠨ ᠪᠠᠶᠢᠳᠠᠯ ᠳᠤ ᠨᠡᠶᠢᠴᠡᠬᠦ ᠪᠤᠶᠤ | ᠭᠦᠢᠴᠡᠳᠬᠡᠬᠦ ᠴᠢᠬᠤᠯᠠ ᠲᠠᠢ ᠵᠠᠰᠠᠭ ᠤᠨ ᠣᠷᠳᠣᠨ ᠤ ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠵᠡᠷᠭᠡ ᠣᠨᠴᠠᠭᠠᠢ | ᠪᠠᠶᠢᠳᠠᠯ ᠲᠠᠢ ᠪᠣᠯ᠂ ᠲᠣᠭᠤᠷᠢᠭ ᠪᠠᠶᠢᠭᠤᠯᠤᠭᠰᠠᠨ ᠬᠤᠳᠠ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ | ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠢᠶᠠᠷ ᠵᠥᠪᠰᠢᠶᠡᠷᠡᠭᠦᠯᠦᠭᠡᠳ᠂ ᠢᠯᠡ ᠪᠠᠷ ᠳᠠᠭᠠᠭᠠᠴᠢᠯᠠᠯᠲᠠ | ᠵᠠᠷᠯᠠᠬᠤ ᠠᠴᠠ ᠪᠤᠰᠤᠳ ᠬᠤᠳᠠᠯᠳᠤᠨ ᠠᠪᠠᠨ᠋ᠥ ᠠᠷᠭ᠎ᠠ ᠮᠠᠶ᠋ᠢᠭ ᠢ ᠬᠠᠣᠯᠢ ᠶᠣᠰᠣᠭᠠᠷ ᠬᠡᠷᠡᠭᠯᠡᠵᠦ ᠪᠣᠯᠤᠨ᠎ᠠ᠃ | ᠬᠤᠷᠢᠨ ᠳᠥᠷᠪᠡᠳᠦᠭᠡᠷ ᠵᠦᠢᠯ᠂ ᠲᠥᠪᠯᠡᠷᠡᠭᠦᠯᠦᠨ ᠬᠤᠳᠠᠯᠳᠤᠨ ᠠᠪᠠᠨ᠋ᠥ ᠭᠠᠷᠴᠠᠭ ᠲᠤ ᠣᠷᠣᠭᠤᠯᠥᠬᠠᠰᠠᠨ ᠲᠥᠷᠥᠯ | ᠵᠦᠢᠯ ᠨᠢ ᠪᠥᠭᠡᠮ ᠢᠶᠠᠷ ᠲᠥᠪᠯᠡᠷᠡᠭᠦᠯᠦᠨ ᠬᠤᠳᠠᠯᠳᠤᠨ ᠠᠪᠠᠨ᠋ᠥ ᠳᠤ ᠲᠤᠬᠢᠷᠠᠬᠤ ᠪᠣᠯ ᠪᠥᠭᠡᠮ ᠢᠶᠠᠷ ᠲᠥᠪᠯᠡᠷᠡᠭᠦᠯᠦᠨ | ᠬᠤᠳᠠᠯᠳᠤᠨ ᠠᠪᠠᠨ᠋ᠥ ᠶᠢ ᠬᠡᠷᠡᠭᠵᠢᠭᠦᠯᠬᠦ ᠬᠡᠷᠡᠭᠲᠡᠶ᠂ ᠭᠡᠪᠡᠴᠦ ᠪᠠᠴᠢᠮ ᠪᠠᠭ᠎ᠠ ᠲᠣᠭᠠᠨ ᠤ ᠬᠡᠰᠡᠭ ᠪᠤᠰᠠᠭ ᠡᠳ᠋ ᠪᠠᠷᠠᠭ᠎ᠠ | ᠵᠦᠢᠯᠡᠰ ᠪᠠ ᠣᠨᠴᠠᠭᠠᠶ ᠱᠠᠭᠠᠷᠳᠠᠯᠭ᠎ᠠ ᠪᠦᠬᠦᠢ ᠦᠢᠯᠡᠴᠢᠯᠡᠭᠡ᠂ ᠪᠠᠷᠢᠯᠭ᠎ᠠ ᠶᠢᠨ ᠵᠦᠢᠯ ᠨᠢ ᠡᠭᠦᠨ ᠳᠤ ᠪᠠᠭᠲᠠᠬᠤ | ᠤᠢᠭᠡᠢ᠃ | ᠬᠤᠷᠢᠨ ᠲᠠᠪᠤᠳᠤᠭᠠᠷ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠪᠠᠷᠢᠯᠭ᠎ᠠ ᠨᠢ ᠬᠠᠤᠯᠢ ᠶᠣᠰᠣᠭᠠᠷ | ᠳᠠᠭᠠᠭᠠᠴᠢᠯᠠᠯᠲᠠ ᠵᠠᠷᠯᠠᠬᠤ ᠤᠢᠭᠡᠢ ᠪᠣᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠪᠠ ᠲᠣᠰ | ᠲᠥᠷᠢᠮ ᠳᠤ ᠲᠣᠭᠲᠠᠭᠠᠭᠰᠠᠨ ᠶᠣᠰᠣᠭᠠᠷ ᠥᠷᠢᠰᠥᠯᠳᠦᠭᠡᠨ ᠤ ᠴᠢᠨᠠᠷᠲᠠᠶ ᠬᠡᠯᠡᠯᠴᠡᠭᠡ ᠬᠢᠬᠦ ᠪᠤᠶᠤ ᠭᠠᠭᠴᠠ | ᠢᠷᠡᠯᠳᠡ ᠠᠴᠠ ᠬᠤᠳᠠᠯᠳᠤᠨ ᠠᠪᠬᠤ ᠬᠡᠯᠪᠡᠷᠢ ᠪᠠᠷ ᠬᠤᠳᠠᠯᠳᠤᠨ ᠠᠪᠴᠤ ᠪᠣᠯᠤᠨ᠎ᠠ᠃ | ᠬᠤᠷᠢᠨ ᠵᠢᠷᠭᠤᠳᠤᠭᠠᠷ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠭᠤᠴᠢᠳᠤᠭᠠᠷ | ᠵᠦᠢᠯ ᠤᠨ ᠭᠤᠷᠪᠠᠳᠤᠭᠠᠷ ᠵᠤᠷᠪᠤᠰ ᠲᠤ ᠲᠣᠭᠲᠠᠭᠠᠭᠰᠠᠨ ᠪᠠᠶᠢᠳᠠᠯ ᠭᠡᠳᠡᠭ ᠨᠢ ᠬᠤᠳᠠᠯᠳᠤᠨ ᠠᠪᠤᠭᠴᠢ ᠨᠢ | ᠤᠷᠢᠳᠴᠢᠯᠠᠨ ᠮᠡᠳᠡᠵᠦ ᠪᠣᠯᠤᠰᠢ ᠥᠭᠡᠢ ᠪᠤᠶᠤ ᠬᠤᠳᠠᠯᠳᠤᠨ ᠠᠪᠤᠭᠴᠢ ᠶᠢᠨ ᠬᠤᠶᠢᠰᠢᠯᠠᠭᠤᠯᠬᠤ ᠪᠢᠰᠢ ᠠᠴᠠ | ᠪᠣᠯᠣᠬᠰᠡᠨ︔ ᠳᠥᠷᠪᠡᠳᠦᠭᠡᠷ ᠵᠤᠷᠪᠤᠰ ᠲᠤ ᠲᠣᠭᠲᠠᠭᠠᠭᠰᠠᠨ ᠪᠠᠶᠢᠳᠠᠯ ᠭᠡᠳᠡᠭ ᠨᠢ ᠤᠷᠠᠨ ᠪᠦᠲᠦᠭᠡᠯ ᠪᠤᠶᠤ ᠲᠤᠰᠬᠠᠶ | ᠠᠰᠢᠭ᠂ ᠲᠤᠰᠬᠠᠶ ᠡᠵᠡᠮᠰᠢᠬᠦ ᠮᠡᠷᠭᠡᠵᠢᠯ ᠢ ᠬᠤᠳᠠᠯᠳᠣᠨ ᠠᠪᠬᠤ ᠪᠤᠶᠤ ᠦᠢᠯᠡᠴᠢᠯᠡᠬᠦ ᠬᠤᠭᠤᠴᠠᠭ᠎ᠠ᠂ ᠲᠤᠭ᠎ᠠ | ᠬᠡᠮᠵᠢᠶ᠎ᠡ ᠶᠢ ᠤᠷᠢᠳᠠᠪᠠᠷ ᠲᠣᠭᠲᠠᠭᠠᠵᠤ ᠴᠢᠳᠠᠬᠤ ᠦᠭᠡᠢ ᠠᠴᠠ ᠪᠣᠯᠵᠦ ᠦᠨ᠎ᠡ ᠶᠢᠨ ᠶᠡᠷᠦᠩᠬᠡᠶ ᠲᠤᠭ᠎ᠠ ᠶᠢ ᠨᠢ | ᠤᠷᠢᠳᠠᠪᠠᠷ ᠪᠤᠳᠤᠵᠦ ᠭᠠᠷᠭᠠᠵᠤ ᠳᠡᠶᠢᠯᠬᠦ ᠦᠭᠡᠢ ᠪᠠᠶᠢᠳᠠᠯ ᠢ ᠵᠢᠭᠠᠨ᠎ᠠ᠃ | ᠬᠤᠷᠢᠨ ᠳᠣᠯᠣᠳᠤᠭᠠᠷ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠭᠤᠴᠢᠨ ᠨᠢᠭᠡᠳᠦᠭᠡᠷ | ᠵᠦᠢᠯ ᠤᠨ ᠨᠢᠭᠡᠳᠦᠭᠡᠷ ᠵᠤᠷᠪᠤᠰ ᠲᠤ ᠲᠣᠭᠲᠠᠭᠠᠭᠰᠠᠨ ᠪᠠᠶᠢᠳᠠᠯ ᠭᠡᠳᠡᠭ ᠨᠢ ᠪᠠᠷᠠᠭ᠎ᠠ ᠪᠤᠶᠤ ᠦᠢᠯᠡᠴᠢᠯᠡᠭᠡ ᠨᠢ | ᠣᠷᠣᠯᠠᠭᠤᠯᠵᠤ ᠪᠣᠯᠤᠰᠢ ᠦᠬᠡᠢ ᠲᠤᠰᠬᠠᠶ ᠠᠰᠢᠭ᠂ ᠲᠤᠰᠬᠠᠶ ᠡᠵᠡᠮᠰᠢᠬᠦ ᠮᠡᠷᠭᠡᠵᠢᠯ ᠢ ᠬᠡᠷᠡᠭᠯᠡᠬᠦ ᠪᠣᠶᠣ ᠣᠯᠠᠨ | ᠨᠡᠶᠢᠲᠡ ᠶᠢᠨ ᠦᠢᠯᠡᠴᠢᠯᠡᠬᠡᠨ ᠤ ᠵᠦᠶ᠋ᠯᠡᠰ ᠤᠨ ᠣᠨᠴᠠᠭᠠᠶ ᠱᠠᠭᠠᠷᠳᠠᠯᠭ᠎ᠠ ᠠᠴᠠ ᠪᠣᠯᠵᠤ ᠵᠥᠪᠬᠡᠨ ᠶᠠᠮᠠᠷ ᠨᠢᠭᠡᠨ ᠣᠨᠴᠠ | ᠲᠣᠭᠲᠠᠭᠠᠭᠰᠠᠨ ᠬᠠᠩᠭᠠᠭᠴᠢ ᠬᠤᠳᠠᠯᠳᠤᠭᠠᠴᠢᠨ ᠠᠴᠠ ᠬᠤᠳᠠᠯᠳᠤᠨ ᠠᠪᠬᠤ ᠪᠠᠶᠢᠳᠠᠯ ᠢ ᠵᠢᠭᠠᠨ᠎ᠠ᠃ | ᠬᠤᠷᠢᠨ ᠨᠠᠢᠮᠠᠳᠤᠭᠠᠷ ᠵᠦᠢᠯ᠂ ᠨᠢᠭᠡ ᠡᠳ᠋ ᠤᠨ ᠵᠠᠰᠠᠭ ᠤᠨ ᠣᠨ ᠤ ᠳᠣᠲᠣᠷ᠎ᠠ᠂ ᠬᠤᠳᠠᠯᠳᠤᠨ ᠠᠪᠬᠤ ᠬᠥᠮᠦᠨ | ᠨᠢᠭᠡ ᠲᠥᠰᠦᠪ ᠤᠨ ᠲᠥᠷᠥᠯ ᠵᠦᠢᠯ ᠳᠠᠬᠢ ᠠᠳᠠᠯᠢ ᠨᠢᠭᠡ ᠦᠶ᠋ᠯᠡᠳᠬᠦᠨ ᠤ ᠭᠠᠷᠴᠠᠭ ᠪᠤᠶᠤ ᠲᠥᠷᠥᠯ ᠢᠯᠭᠠᠯ ᠲᠠᠢ | ᠪᠠᠷᠠᠭ᠎ᠠ᠂ ᠦᠢᠯᠡᠴᠢᠯᠡᠭᠡ ᠶᠢ ᠢᠯᠡ ᠪᠠᠷ ᠳᠠᠭᠠᠭᠠᠴᠢᠯᠠᠯᠲᠠ ᠵᠠᠷᠯᠠᠬᠤ ᠠᠴᠠ ᠪᠤᠰᠤᠳ ᠠᠷᠭ᠎ᠠ ᠮᠠᠶ᠋ᠢᠭ ᠢᠶᠠᠷ ᠣᠯᠠᠨ | ᠤᠳᠠᠭ᠎ᠠ ᠬᠤᠳᠠᠯᠳᠤᠨ ᠠᠪᠴᠦ᠂ ᠪᠠᠯᠠ ᠮᠥᠩᠭᠦ ᠶᠢᠨ ᠲᠤᠭ᠎ᠠ ᠨᠣᠷᠮ᠎ᠠ ᠨᠢ ᠨᠡᠶᠢᠯᠡᠭᠡᠳ ᠢᠯᠡ ᠪᠠᠷ ᠳᠠᠭᠠᠭᠠᠴᠢᠯᠠᠯᠲᠠ | ᠵᠠᠷᠯᠠᠬᠤ ᠲᠤᠭ᠎ᠠ ᠨᠣᠷᠮ᠎ᠠ ᠶᠢᠨ ᠪᠠᠷᠢᠮᠵᠢᠶ᠎ᠠ ᠠᠴᠠ ᠬᠡᠲᠦᠷᠡᠭᠰᠡᠨ ᠪᠠᠶᠢᠪᠠᠯ᠂ ᠪᠦᠬᠦᠯᠢ ᠶᠢ ᠬᠡᠰᠡᠭᠯᠡᠬᠦ ᠠᠷᠭ᠎ᠠ ᠮᠠᠶ᠋ᠢᠭ ᠢᠶᠠᠷ | ᠢᠯᠡ ᠪᠠᠷ ᠳᠠᠭᠠᠭᠠᠴᠢᠯᠠᠯᠲᠠ ᠵᠠᠷᠯᠠᠬᠤ ᠠᠴᠠ ᠵᠠᠶᠢᠯᠠᠭᠰᠠᠨ ᠳᠤ ᠬᠠᠷᠢᠶᠠᠯᠠᠬᠳᠠᠨ᠎ᠠ᠂ ᠭᠡᠪᠡᠴᠦ ᠵᠦᠢᠯ ᠤᠨ ᠲᠥᠰᠦᠪ ᠢ | ᠲᠣᠬᠢᠷᠠᠭᠤᠯᠤᠭᠰᠠᠨ ᠪᠤᠶᠤ ᠵᠥᠪᠰᠢᠶᠡᠷᠡᠯ ᠢᠶᠠᠷ ᠳᠠᠮᠵᠢᠭᠠᠳ ᠢᠯᠡ ᠪᠠᠷ ᠳᠠᠭᠠᠭᠠᠴᠢᠯᠠᠯᠲᠠ ᠵᠠᠷᠯᠠᠬᠤ ᠠᠴᠠ ᠪᠤᠰᠤᠳ | ᠠᠷᠭ᠎ᠠ ᠮᠠᠶ᠋ᠢᠭ ᠢᠶᠠᠷ ᠬᠤᠳᠠᠯᠳᠤᠨ ᠠᠪᠬᠤ ᠨᠢ ᠡᠭᠦᠨ ᠳᠤ ᠪᠠᠭᠲᠠᠬᠤ ᠦᠭᠡᠢ᠃ | ᠳᠥᠷᠪᠡᠳᠦᠭᠡᠷ ᠪᠦᠯᠦᠭ ᠵᠠᠰᠠᠭ ᠤᠨ ᠣᠷᠳᠣᠨ ᠤ ᠬᠤᠳᠠᠯᠳᠤᠨ ᠠᠪᠬᠤ ᠶᠠᠪᠣᠴᠠ | ᠬᠤᠷᠢ ᠶᠢᠰᠦᠳᠦᠭᠡᠷ ᠵᠦᠢᠯ᠂ ᠬᠤᠳᠠᠯᠳᠤᠨ ᠠᠪᠤᠭᠴᠢ ᠨᠢ ᠲᠥᠪᠯᠡᠷᠡᠭᠦᠯᠦᠨ ᠬᠤᠳᠠᠯᠳᠤᠨ ᠠᠪᠠᠨ᠋ᠥ ᠭᠠᠷᠴᠠᠭ᠂ | ᠬᠤᠳᠠᠯᠳᠤᠨ ᠠᠪᠠᠨ᠋ᠥ ᠬᠢᠵᠠᠭᠠᠷ ᠲᠤᠭ᠎ᠠ ᠶᠢᠨ ᠪᠠᠷᠢᠮᠵᠢᠶ᠎ᠠ ᠪᠠ ᠨᠢᠭᠡᠨᠲᠡ ᠴᠣᠬᠤᠯᠠᠪᠦᠷᠢᠯᠬᠠᠰᠠᠨ ᠰᠠᠯᠠᠭ᠎ᠠ ᠮᠥᠴᠢᠷ ᠤᠨ | ᠲᠥᠰᠦᠪ ᠢ ᠨᠠᠶᠢᠷᠠᠭᠤᠯᠤᠨ ᠵᠣᠬᠢᠶᠠᠬᠤ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠶᠢᠨ ᠬᠡᠷᠡᠭᠵᠢᠭᠦᠯᠬᠦ | ᠲᠥᠯᠥᠪᠯᠡᠭᠡ ᠶᠢ ᠦᠨᠳᠦᠰᠦᠯᠡᠨ᠂ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃ | ᠭᠤᠴᠢᠳᠤᠭᠠᠷ ᠵᠦᠢᠯ᠂ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ | ᠪᠠᠶᠢᠭᠤᠯᠤᠮᠵᠢ ᠨᠢ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠂ ᠬᠡᠯᠡᠯᠴᠡᠭᠡ ᠬᠢᠬᠦ ᠪᠢᠴᠢᠭ ᠮᠠᠲ᠋ᠧᠷᠢᠶᠠᠯ᠂ ᠦᠨ᠎ᠡ | ᠯᠠᠪᠯᠠᠬᠤ ᠮᠡᠳᠡᠭᠳᠡᠯ ᠤᠨ ᠪᠢᠴᠢᠭ ᠲᠡᠭᠡᠨ ᠬᠤᠳᠠᠯᠳᠤᠨ ᠠᠪᠬᠤ ᠲᠥᠷᠥᠯ ᠵᠦᠢᠯ ᠤᠨ ᠲᠥᠰᠦᠪ ᠤᠨ ᠮᠥᠩᠭᠦ ᠶᠢᠨ | ᠲᠤᠭ᠎ᠠ ᠶᠢ ᠢᠯᠡ ᠵᠠᠷᠯᠠᠨ᠎ᠠ᠃ | ᠭᠤᠴᠢᠨ ᠨᠢᠭᠡᠳᠦᠭᠡᠷ ᠵᠦᠢᠯ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠬᠠᠩᠭᠠᠬᠤ ᠬᠤᠭᠤᠴᠠᠭ᠎ᠠ ᠨᠢ | ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠲᠠᠷᠬᠠᠭᠠᠭᠰᠠᠨ ᠡᠳᠦᠷ ᠠᠴᠠ ᠡᠬᠢᠯᠡᠨ 5 ᠠᠵᠢᠯᠯᠠᠬᠤ ᠡᠳᠦᠷ | ᠳᠤᠲᠠᠭᠤ ᠪᠠᠶᠢᠯᠭᠠᠵᠤ ᠪᠣᠯᠬᠤ ᠦᠭᠡᠢ᠃ | ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠨᠢᠭᠡᠨᠲᠡ | ᠲᠠᠷᠬᠠᠭᠠᠨ ᠥᠭᠭᠦᠭᠰᠡᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠠᠭᠠᠨ ᠴᠢᠬᠤᠯᠠ ᠪᠦᠬᠦᠢ | ᠲᠣᠳᠣᠷᠬᠠᠶᠢᠯᠠᠯᠲᠠ ᠬᠢᠬᠦ ᠪᠤᠶᠤ ᠵᠠᠰᠠᠪᠤᠷᠢ ᠣᠷᠣᠭᠤᠯᠵᠦ ᠪᠣᠯᠣᠨ᠎ᠠ᠃ ᠲᠣᠳᠣᠷᠬᠠᠶᠢᠯᠠᠯᠲᠠ ᠬᠢᠬᠦ ᠪᠤᠶᠤ ᠵᠠᠰᠠᠪᠤᠷᠢ | ᠣᠷᠣᠭᠤᠯᠤᠭᠰᠠᠨ ᠠᠭᠤᠯᠭ᠎ᠠ ᠨᠢ ᠳᠠᠭᠠᠭᠠᠴᠢᠯᠠᠯᠲᠠ ᠳᠤ ᠣᠷᠣᠬᠤ ᠪᠢᠴᠢᠭ ᠮᠠᠲ᠋ᠧᠷᠢᠶᠠᠯ ᠤᠨ ᠨᠠᠶᠢᠷᠠᠭᠤᠯᠤᠨ | ᠵᠣᠬᠢᠶᠠᠬᠤ ᠶᠢ ᠨᠥᠯᠥᠭᠡᠯᠡᠵᠦ ᠮᠡᠳᠡᠬᠦ ᠪᠠᠶᠢᠪᠠᠯ᠂ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠶᠢ ᠣᠷᠣᠯᠠᠨ | ᠭᠦᠢᠴᠡᠳᠬᠡᠬᠦ ᠪᠠᠶᠢᠭᠤᠯᠤᠮᠵᠢ ᠨᠢ ᠳᠠᠭᠠᠭᠠᠴᠢᠯᠠᠯᠲᠠ ᠬᠦᠯᠢᠶᠡᠬᠦ ᠬᠤᠭᠤᠴᠠᠭ᠎ᠠ ᠳᠠᠭᠤᠰᠬᠤ ᠴᠠᠭ ᠠᠴᠠ ᠨᠠᠭᠠᠳᠤ | ᠵᠠᠬ᠎ᠠ ᠳᠠᠭᠠᠨ 15 ᠡᠳᠦᠷ ᠤᠨ ᠡᠮᠦᠨ᠎ᠡ᠂ ᠪᠢᠴᠢᠭ ᠮᠠᠲ᠋ᠧᠷᠢᠶᠠᠯ ᠤᠨ ᠬᠡᠯᠪᠡᠷᠢ ᠪᠠᠷ ᠪᠦᠬᠦ ᠳᠠᠭᠠᠭᠠᠴᠢᠯᠠᠯᠲᠠ ᠵᠠᠷᠯᠠᠬᠤ | ᠪᠢᠴᠢᠭ ᠮᠠᠲ᠋ᠧᠷᠢᠶᠠᠯ ᠢ ᠣᠯᠣᠬᠰᠡᠨ ᠪᠣᠯᠣᠮᠵᠢ ᠪᠦᠬᠦᠢ ᠳᠠᠭᠠᠴᠢᠯᠠᠯ ᠬᠢᠬᠦ ᠬᠦᠮᠦᠨ ᠳᠤ ᠮᠡᠳᠡᠭᠳᠡᠨ᠎ᠡ︔ 15 ᠤ ᠡᠳᠦᠷ | ᠬᠦᠷᠬᠦ ᠦᠭᠡᠢ ᠪᠠᠶᠢᠪᠠᠯ᠂ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ | ᠪᠠᠶᠢᠭᠤᠯᠤᠮᠵᠢ ᠨᠢ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠤᠨ ᠲᠤᠰᠢᠶᠠᠬᠤ ᠴᠠᠭ ᠢ ᠣᠷᠲᠣᠳᠬᠠᠵᠦ ᠪᠣᠯᠤᠨ᠎ᠠ | ᠃ | ᠭᠤᠴᠢᠨ ᠬᠤᠶᠠᠳᠤᠭᠠᠷ ᠵᠦᠢᠯ᠂ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ | ᠪᠠᠶᠢᠭᠤᠯᠤᠮᠵᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ | ᠲᠣᠭᠲᠠᠭᠠᠭᠰᠠᠨ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠤᠨ ᠪᠠᠷᠢᠮᠵᠢᠶᠠᠲᠤ ᠪᠢᠴᠢᠭ ᠤᠨ ᠶᠤᠰᠤᠭᠠᠷ | ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠢ ᠨᠠᠶᠢᠷᠠᠭᠤᠯᠤᠨ ᠵᠣᠬᠢᠶᠠᠨ᠎ᠠ᠃ | ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠬᠤᠳᠠᠯᠳᠤᠨ ᠠᠪᠬᠤ ᠵᠦᠢᠯᠡᠰ ᠤᠨ ᠤ ᠬᠤᠳᠠᠯᠳᠤᠭᠠᠨ ᠤ | ᠶᠠᠪᠤᠳᠠᠯ ᠤᠨ ᠨᠥᠬᠦᠴᠡᠯ᠂ ᠬᠤᠳᠠᠯᠳᠤᠨ ᠠᠪᠠᠨ᠋ᠥ ᠬᠡᠷᠡᠭᠴᠡᠭᠡ ᠱᠠᠭᠠᠷᠳᠠᠯᠭ᠎ᠠ᠂ ᠳᠠᠭᠠᠭᠠᠴᠢᠯᠠᠯᠲᠠ ᠳᠤ ᠣᠷᠣᠭᠴᠢ ᠶᠢᠨ | ᠬᠢᠷᠢ ᠬᠡᠮ ᠤᠨ ᠨᠥᠬᠦᠴᠡᠯ᠂ ᠳᠠᠭᠠᠭᠠᠴᠢᠯᠠᠯᠲᠠ ᠳᠤ ᠣᠷᠣᠬᠤ ᠦᠨ᠎ᠡ ᠮᠡᠳᠡᠭᠦᠯᠬᠦ ᠱᠠᠭᠠᠷᠳᠠᠯᠭ᠎ᠠ᠂ ᠳᠠᠭᠠᠭᠠᠴᠢᠯᠠᠯᠲᠠ | ᠦᠨᠡᠯᠡᠬᠦ ᠠᠷᠭ᠎ᠠ᠂ ᠳᠠᠭᠠᠭᠠᠴᠢᠯᠠᠯᠲᠠ ᠦᠨᠡᠯᠡᠬᠦ ᠪᠠᠷᠢᠮᠵᠢᠶ᠎ᠠ ᠵᠢᠴᠢ ᠲᠤᠭᠤᠷᠪᠢᠵᠤ ᠪᠡᠯᠡᠳᠭᠡᠭᠰᠡᠨ ᠭᠡᠷ᠎ᠡ ᠶᠢᠨ ᠪᠢᠴᠢᠭ | ᠵᠡᠷᠭᠡ᠃ | ᠭᠤᠴᠢᠨ ᠭᠤᠷᠪᠠᠳᠤᠭᠠᠷ ᠵᠦᠢᠯ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠳᠠᠭᠠᠭᠠᠴᠢᠯᠠᠯᠲᠠ ᠳᠤ | ᠣᠷᠣᠭᠴᠢ ᠨᠢ ᠳᠠᠭᠠᠭᠠᠴᠢᠯᠠᠯᠲᠠ ᠮᠡᠳᠡᠭᠦᠯᠬᠦ ᠪᠠᠲᠤᠯᠠᠭᠠᠨ ᠤ ᠮᠥᠩᠭᠦ ᠲᠤᠰᠢᠶᠠᠬᠤ ᠪᠠᠷ ᠱᠠᠭᠠᠷᠳᠠᠬᠰᠡᠨ ᠪᠣᠯ᠂ | ᠳᠠᠭᠠᠭᠠᠴᠢᠯᠠᠯᠲᠠ ᠮᠡᠳᠡᠭᠦᠯᠬᠦ ᠪᠠᠲᠤᠯᠠᠭ᠎ᠠ ᠶᠢᠨ ᠮᠥᠩᠭᠦ ᠨᠢ ᠬᠤᠳᠠᠯᠳᠤᠨ ᠠᠪᠬᠤ ᠵᠦᠢᠯᠡᠰ ᠤᠨ ᠲᠥᠰᠦᠪ ᠤᠨ | ᠵᠣᠭᠤᠰᠣᠨ ᠲᠣᠭᠠᠨ ᠤ 2% ᠠᠴᠠ ᠬᠡᠲᠦᠷᠡᠵᠦ ᠪᠣᠯᠬᠤ ᠦᠭᠡᠢ᠃ ᠳᠠᠭᠠᠭᠠᠴᠢᠯᠠᠯᠲᠠ ᠳᠤ ᠣᠷᠣᠯᠴᠠᠬᠤ | ᠪᠠᠲᠤᠯᠠᠪᠤᠷᠢ ᠶᠢᠨ ᠮᠥᠩᠭᠦ ᠶᠢ ᠵᠣᠭᠤᠰᠣᠨ ᠤ ᠪᠠᠷᠢᠮᠲᠠ᠂ ᠭᠤᠪᠢᠭᠤᠯᠭ᠎ᠠ ᠶᠢᠨ ᠬᠠᠭᠤᠳᠠᠰᠤ᠂ ᠡᠬᠡ ᠪᠠᠷᠢᠮᠲᠠ ᠪᠤᠶᠤ | ᠮᠥᠩᠭᠦᠨ ᠭᠦᠢᠯᠭᠡᠭᠡᠨ ᠤ ᠪᠠᠶᠢᠭᠤᠯᠤᠮᠵᠢ᠂ ᠳᠠᠭᠠᠭᠠᠯᠲᠠ ᠬᠢᠬᠦ ᠪᠠᠶᠢᠭᠤᠯᠤᠮᠵᠢ ᠶᠢᠨ ᠭᠠᠷᠭᠠᠭᠰᠠᠨ ᠪᠡᠯᠡᠨ ᠵᠣᠭᠤᠰ ᠤᠨ | ᠪᠤᠰᠤ ᠬᠡᠯᠪᠡᠷᠢ ᠪᠠᠷ ᠳᠣᠰᠢᠶᠠᠨ᠎ᠠ᠃ ᠳᠠᠭᠠᠭᠠᠴᠢᠯᠠᠯᠲᠠ ᠬᠦᠯᠢᠶᠡᠭᠴᠢ ᠨᠢ ᠳᠠᠭᠠᠭᠠᠴᠢᠯᠠᠯᠲᠠ ᠵᠠᠷᠯᠠᠬᠤ ᠪᠢᠴᠢᠭ | ᠮᠠᠲ᠋ᠧᠷᠢᠶᠠᠯ ᠳᠤ ᠱᠠᠭᠠᠷᠳᠠᠭᠰᠠᠨ ᠶᠤᠰᠤᠭᠠᠷ ᠳᠠᠭᠠᠭᠠᠴᠢᠯᠠᠯᠲᠠ ᠳᠤ ᠣᠷᠣᠯᠴᠠᠬᠤ ᠪᠠᠲᠤᠯᠠᠪᠤᠷᠢ ᠶᠢᠨ ᠮᠥᠩᠭᠦ ᠶᠢ | ᠲᠤᠰᠢᠶᠠᠬᠤ ᠤᠢᠭᠡᠢ ᠪᠠᠶᠢᠪᠠᠯ᠂ ᠳᠠᠭᠠᠭᠠᠴᠢᠯᠠᠯᠲᠠ ᠬᠦᠯᠢᠶᠡᠬᠦ ᠨᠢ ᠬᠦᠴᠦᠨ ᠦᠭᠡᠢ᠃ | ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠳᠠᠭᠠᠭᠠᠴᠢᠯᠠᠯᠲᠠ | ᠣᠯᠤᠭᠰᠠᠨ ᠮᠡᠳᠡᠭᠳᠡᠯ ᠤᠨ ᠪᠢᠴᠢᠭ ᠶᠠᠪᠤᠭᠤᠯᠤᠭᠰᠠᠨ ᠡᠳᠦᠷ ᠠᠴᠠ ᠡᠬᠢᠯᠡᠨ 5 ᠠᠵᠢᠯᠯᠠᠬᠤ ᠡᠳᠦᠷ ᠤᠨ ᠳᠣᠲᠣᠷ᠎ᠠ | ᠳᠠᠭᠠᠭᠠᠴᠢᠯᠠᠯᠲᠠ ᠣᠯᠤᠭᠰᠠᠨ ᠦᠭᠡᠢ ᠬᠠᠩᠭᠠᠭᠴᠢ ᠬᠤᠳᠠᠯᠳᠤᠭᠠᠴᠢᠨ ᠤ ᠳᠠᠭᠠᠭᠠᠴᠢᠯᠠᠯᠲᠠ ᠳᠤ ᠣᠷᠣᠯᠴᠠᠬᠤ | ᠪᠠᠲᠤᠯᠠᠪᠤᠷᠢ ᠶᠢᠨ ᠮᠥᠩᠭᠦ ᠶᠢ ᠪᠤᠴᠠᠭᠠᠵᠤ ᠥᠭᠬᠦ ᠬᠡᠷᠡᠭᠲᠡᠶ᠂ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ | ᠪᠠᠶᠢᠭᠤᠯᠤᠭᠰᠠᠨ ᠡᠳᠦᠷ ᠠᠴᠠ ᠡᠬᠢᠯᠡᠨ 5 ᠠᠵᠢᠯᠯᠠᠬᠤ ᠡᠳᠦᠷ ᠤᠨ ᠳᠣᠲᠣᠷ᠎ᠠ ᠳᠠᠭᠠᠭᠠᠴᠢᠯᠠᠯᠲᠠ ᠣᠯᠤᠭᠰᠠᠨ | ᠬᠠᠩᠭᠠᠭᠴᠢ ᠬᠤᠳᠠᠯᠳᠤᠭᠠᠴᠢᠨ ᠳᠤ ᠳᠠᠭᠠᠭᠠᠴᠢᠯᠠᠯᠲᠠ ᠳᠤ ᠣᠷᠣᠯᠴᠠᠬᠤ ᠪᠠᠲᠤᠯᠠᠪᠤᠷᠢ ᠶᠢᠨ ᠮᠥᠩᠭᠦ ᠶᠢ ᠨᠢ ᠪᠣᠴᠠᠭᠠᠬᠤ | ᠬᠡᠷᠡᠭᠲᠡᠢ᠃ | ᠥᠷᠢᠰᠥᠯᠳᠦᠭᠡᠨ ᠤ ᠴᠢᠨᠠᠷᠲᠠᠶ ᠬᠡᠯᠡᠯᠴᠡᠭᠡ ᠬᠢᠬᠦ ᠪᠤᠶᠤ ᠦᠨ᠎ᠡ ᠯᠠᠪᠯᠠᠨ ᠬᠤᠳᠠᠯᠳᠣᠨ ᠠᠪᠬᠤ ᠳᠣᠮᠳᠠ ᠬᠡᠯᠡᠯᠴᠡᠭᠡ ᠳᠤ | ᠣᠷᠣᠯᠴᠠᠬᠤ ᠪᠠᠷ ᠱᠠᠭᠠᠷᠳᠠᠬᠤ ᠪᠤᠶᠤ ᠦᠨ᠎ᠡ ᠯᠠᠪᠯᠠᠬᠤ ᠬᠠᠩᠭᠠᠭᠴᠢ ᠬᠤᠳᠠᠯᠳᠤᠭᠠᠴᠢᠨ ᠨᠢ ᠪᠠᠲᠤᠯᠭ᠎ᠠ ᠶᠢᠨ ᠮᠥᠩᠭᠦ | ᠳᠣᠰᠢᠶᠠᠬᠰᠡᠨ ᠨᠢ ᠡᠮᠦᠨᠡᠬᠢ ᠬᠤᠶᠠᠷ ᠪᠠᠳᠠᠭ ᠤᠨ ᠲᠣᠭᠲᠠᠭᠠᠯ ᠶᠣᠰᠣᠭᠠᠷ ᠬᠡᠷᠡᠭᠵᠢᠭᠦᠯᠬᠦ ᠬᠡᠷᠡᠭᠲᠡᠶ᠃ | ᠭᠤᠴᠢᠨ ᠳᠥᠷᠪᠡᠳᠦᠭᠡᠷ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠳᠠᠭᠠᠭᠠᠴᠢᠯᠠᠯᠲᠠ ᠵᠠᠷᠯᠠᠬᠤ | ᠳᠠᠭᠠᠭᠠᠴᠢᠯᠠᠯᠲᠠ ᠦᠨᠡᠯᠡᠬᠦ ᠠᠷᠭ᠎ᠠ ᠶᠢ ᠬᠠᠮᠤᠭ ᠤᠨ ᠳᠣᠣᠷ᠎ᠠ ᠦᠨᠡᠯᠡᠨ ᠦᠨ᠎ᠡ ᠬᠠᠳᠠᠬᠤ ᠠᠷᠭ᠎ᠠ ᠪᠠ ᠶᠡᠷᠦᠩᠬᠡᠶᠢᠯᠡᠨ | ᠬᠤᠪᠢ ᠦᠨᠡᠯᠡᠬᠦ ᠠᠷᠭ᠎ᠠ ᠭᠡᠵᠦ ᠬᠤᠪᠢᠶᠠᠨ᠎ᠠ᠃ | ᠬᠠᠮᠤᠭ ᠤᠨ ᠳᠣᠣᠷ᠎ᠠ ᠦᠨᠡᠯᠡᠨ ᠦᠨ᠎ᠡ ᠬᠠᠳᠠᠬᠤ ᠠᠷᠭ᠎ᠠ ᠭᠡᠳᠡᠭ ᠨᠢ ᠳᠠᠭᠠᠭᠠᠴᠢᠯᠠᠯᠲᠠ ᠳᠤ ᠣᠷᠣᠬᠤ ᠪᠢᠴᠢᠭ | ᠮᠠᠲ᠋ᠧᠷᠢᠶᠠᠯ ᠨᠢ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠤᠨ ᠪᠦᠬᠦ ᠮᠥᠨ ᠴᠢᠨᠠᠷ ᠤᠨ ᠱᠠᠭᠠᠷᠳᠠᠯᠭ᠎ᠠ ᠶᠢ | ᠬᠠᠩᠭᠠᠬᠤ ᠮᠥᠷᠲᠡᠭᠡᠨ ᠳᠠᠭᠠᠭᠠᠴᠢᠯᠠᠯᠲᠠ ᠬᠦᠯᠢᠶᠡᠬᠦ ᠮᠡᠳᠡᠭᠦᠯᠬᠦ ᠦᠨ᠎ᠡ ᠶᠢᠨ ᠬᠠᠮᠤᠭ ᠤᠨ ᠳᠣᠣᠷ᠎ᠠ ᠬᠠᠩᠭᠠᠯᠭ᠎ᠠ ᠶᠢᠨ | ᠬᠤᠳᠠᠯᠳᠤᠭᠠᠴᠢᠨ ᠢ ᠳᠠᠭᠠᠭᠠᠴᠢᠯᠠᠯᠲᠠ ᠤᠯᠬᠤ ᠵᠢᠱᠢᠭᠳᠡᠭᠰᠡᠳ ᠪᠣᠯᠭᠠᠬᠤ ᠳᠠᠭᠠᠭᠠᠴᠢᠯᠠᠯᠲᠠ ᠦᠨᠡᠯᠡᠬᠦ ᠠᠷᠭ᠎ᠠ ᠶᠢ | ᠵᠢᠭᠠᠨ᠎ᠠ᠃ ᠶᠡᠷᠦᠩᠬᠡᠶᠢᠯᠡᠨ ᠬᠤᠪᠢ ᠦᠨᠡᠯᠡᠬᠦ ᠠᠷᠭ᠎ᠠ ᠭᠡᠳᠡᠭ ᠨᠢ ᠳᠠᠭᠠᠭᠠᠴᠢᠯᠠᠯᠲᠠ ᠳᠤ ᠣᠷᠣᠬᠤ ᠪᠢᠴᠢᠭ ᠮᠠᠲ᠋ᠧᠷᠢᠶᠠᠯ | ᠨᠢ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠶᠢᠨ ᠪᠦᠬᠦ ᠮᠥᠨ ᠴᠢᠨᠠᠷ ᠤᠨ ᠱᠠᠭᠠᠷᠳᠠᠯᠭ᠎ᠠ ᠶᠢ ᠬᠠᠩᠭᠠᠬᠤ | ᠮᠥᠷᠲᠡᠭᠡᠨ ᠰᠢᠯᠭᠠᠷᠠᠭᠤᠯᠤᠨ ᠲᠣᠭᠲᠠᠭᠠᠬᠤ ᠬᠦᠴᠦᠨ ᠵᠦᠢᠯ ᠤᠨ ᠬᠡᠮᠵᠢᠶᠡᠵᠢᠭᠦᠯᠦᠭᠰᠡᠨ ᠭᠦᠢᠴᠡᠳᠬᠡᠯ ᠲᠤᠭ᠎ᠠ ᠶᠢᠨ | ᠬᠢᠨᠠᠨ ᠰᠢᠯᠭᠠᠬᠤ ᠶᠢᠨ ᠣᠯᠣᠬᠰᠡᠨ ᠬᠤᠪᠢ ᠶᠢᠨ ᠬᠠᠮᠤᠭ ᠤᠨ ᠥᠨᠳᠥᠷ ᠬᠠᠩᠭᠠᠭᠴᠢ ᠬᠤᠳᠠᠯᠳᠤᠭᠠᠴᠢᠨ ᠢ | ᠳᠠᠭᠠᠭᠠᠴᠢᠯᠠᠯᠲᠠ ᠤᠯᠬᠤ ᠵᠢᠱᠢᠭᠳᠡᠭᠰᠡᠳ ᠪᠣᠯᠭᠠᠵᠤ ᠳᠠᠭᠠᠭᠠᠴᠢᠯᠠᠯᠲᠠ ᠰᠢᠯᠭᠠᠷᠠᠭᠤᠯᠬᠤ ᠠᠷᠭ᠎ᠠ ᠶᠢ ᠵᠢᠭᠠᠨ᠎ᠠ᠃ | ᠮᠡᠷᠭᠡᠵᠢᠯ᠂ ᠦᠢᠯᠡᠴᠢᠯᠡᠭᠡ ᠵᠡᠷᠭᠡ ᠶᠢᠨ ᠪᠠᠷᠢᠮᠵᠢᠶ᠎ᠠ ᠨᠢ ᠨᠢᠭᠡᠳᠦᠯᠲᠡᠶ ᠪᠠᠷᠠᠭ᠎ᠠ ᠪᠠ ᠦᠢᠯᠡᠴᠢᠯᠡᠭᠡᠨ ᠤ ᠵᠦᠢᠯᠡᠰ ᠢ | ᠬᠠᠮᠤᠭ ᠤᠨ ᠳᠣᠣᠷ᠎ᠠ ᠦᠨᠡᠯᠡᠨ ᠦᠨ᠎ᠡ ᠬᠠᠳᠠᠬᠤ ᠠᠷᠭ᠎ᠠ ᠶᠢ ᠬᠡᠷᠡᠭᠯᠡᠬᠦ ᠬᠡᠷᠡᠭᠲᠡᠶ᠃ | ᠶᠡᠷᠦᠩᠬᠡᠶᠢᠯᠡᠨ ᠬᠤᠪᠢ ᠦᠨᠡᠯᠡᠬᠦ ᠠᠷᠭ᠎ᠠ ᠬᠡᠷᠡᠭᠯᠡᠬᠦ ᠳᠤ ᠬᠢᠨᠠᠨ ᠰᠢᠯᠭᠠᠬᠤ ᠪᠠᠷᠢᠮᠵᠢᠶ᠎ᠠ ᠳᠠᠬᠢ ᠬᠤᠪᠢ ᠳᠣᠬᠳᠠᠭᠠᠬᠤ | ᠨᠢ ᠬᠢᠨᠠᠨ ᠰᠢᠯᠭᠠᠬᠤ ᠬᠦᠴᠦᠨ ᠵᠦᠢᠯ ᠤᠨ ᠬᠡᠮᠵᠢᠶᠡᠵᠢᠭᠦᠯᠦᠭᠰᠡᠨ ᠭᠦᠢᠴᠡᠳᠬᠡᠯ ᠲᠤᠭ᠎ᠠ ᠲᠠᠢ ᠵᠣᠬᠢᠴᠠᠭᠰᠠᠨ ᠪᠠᠶᠢᠬᠤ | ᠬᠡᠷᠡᠭᠲᠡᠶ᠃ | ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠦᠭᠡᠢ ᠳᠠᠭᠠᠭᠠᠴᠢᠯᠠᠯᠲᠠ ᠦᠨᠡᠯᠡᠬᠦ | ᠪᠠᠷᠢᠮᠵᠢᠶ᠎ᠠ ᠶᠢ ᠬᠢᠨᠠᠨ ᠲᠣᠭᠲᠠᠭᠠᠬᠤ ᠦᠨᠳᠦᠰᠦᠯᠡᠯ ᠪᠣᠯᠭᠠᠵᠤ ᠪᠣᠯᠬᠤ ᠦᠭᠡᠢ᠃ | ᠭᠤᠴᠢᠨ ᠲᠠᠪᠤᠳᠤᠭᠠᠷ ᠵᠦᠢᠯ᠂ ᠬᠡᠯᠡᠯᠴᠡᠭᠡ ᠬᠢᠬᠦ ᠪᠢᠴᠢᠭ ᠮᠠᠲ᠋ᠧᠷᠢᠶᠠᠯ ᠨᠢ ᠪᠦᠷᠢᠨ ᠪᠦᠲᠦᠨ᠂ ᠲᠣᠳᠣᠷᠬᠠᠶ ᠪᠠᠷ | ᠬᠤᠳᠠᠯᠳᠤᠨ ᠠᠪᠠᠨ᠋ᠥ ᠬᠡᠷᠡᠭᠴᠡᠭᠡ ᠱᠠᠭᠠᠷᠳᠠᠯᠭ᠎ᠠ ᠶᠢ ᠵᠢᠬᠰᠠᠭᠠᠵᠦ ᠳᠡᠶᠢᠯᠬᠦ ᠦᠭᠡᠢ ᠪᠠᠶᠢᠵᠦ᠂ ᠬᠠᠩᠭᠠᠭᠴᠢ | ᠬᠤᠳᠠᠯᠳᠤᠭᠠᠴᠢᠨ ᠬᠠᠮᠤᠭ ᠡᠴᠦᠰ ᠤᠨ ᠵᠢᠷᠤᠭ ᠲᠥᠯᠥᠪᠯᠡᠭᠡ ᠶᠢᠨ ᠲᠥᠰᠦᠯ ᠪᠤᠶᠤ ᠰᠢᠢᠳᠪᠦᠷᠢᠯᠡᠬᠦ ᠲᠦᠰᠦᠪ ᠢ | ᠲᠣᠰᠢᠶᠠᠬᠤ ᠴᠢᠬᠤᠯᠲᠠᠢ ᠪᠠᠶᠢᠪᠠᠯ ᠴᠢᠬᠤᠯᠠᠲᠠᠶ ᠪᠠᠶᠢᠪᠠᠯ᠂ ᠬᠡᠯᠡᠯᠴᠡᠭᠡ ᠳᠠᠭᠤᠰᠤᠭᠰᠠᠨ ᠤ ᠳᠠᠷᠠᠭ᠎ᠠ᠂ ᠬᠡᠯᠡᠯᠴᠡᠭᠡ ᠬᠢᠬᠦ | ᠳᠤᠭᠤᠶᠢᠯᠠᠩ ᠨᠢ ᠴᠥᠭᠡᠩᠬᠢ ᠨᠢ ᠣᠯᠠᠩᠬᠢ ᠪᠠᠨ ᠳᠠᠭᠠᠬᠤ ᠵᠠᠷᠴᠢᠮ ᠶᠣᠰᠣᠭᠠᠷ ᠫᠢᠶᠣᠣ ᠥᠭᠴᠦ 3 ᠠᠴᠠ ᠳᠡᠭᠡᠭᠰᠢ | ᠬᠠᠩᠭᠠᠭᠴᠢ ᠬᠤᠳᠠᠯᠳᠤᠭᠠᠴᠢᠨ ᠤ ᠵᠢᠷᠤᠭ ᠲᠥᠯᠥᠪᠯᠡᠭᠡ ᠶᠢᠨ ᠲᠥᠰᠦᠯ ᠪᠤᠶᠤ ᠰᠢᠢᠳᠪᠦᠷᠢᠯᠡᠬᠦ ᠲᠥᠰᠦᠯ ᠢ | ᠳᠡᠪᠰᠢᠭᠦᠯᠦᠨ᠂ ᠲᠡᠭᠦᠨ ᠢ ᠱᠠᠭᠠᠷᠳᠠᠨ ᠲᠣᠭᠲᠠᠭᠠᠭᠰᠠᠨ ᠬᠤᠭᠤᠴᠠᠭᠠᠨ ᠳᠣᠲᠣᠷ᠎ᠠ ᠡᠴᠦᠰ ᠤᠨ ᠦᠨ᠎ᠡ ᠶᠢ | ᠳᠡᠪᠰᠢᠭᠦᠯᠦᠨ ᠳᠣᠰᠢᠶᠠᠯᠭᠠᠨᠠ᠃ | ᠭᠤᠴᠢᠨ ᠵᠢᠷᠭᠤᠳᠤᠭᠠᠷ ᠵᠦᠢᠯ᠂ ᠦᠨ᠎ᠡ ᠯᠠᠪᠯᠠᠬᠤ ᠮᠡᠳᠡᠭᠳᠡᠯ ᠤᠨ ᠪᠢᠴᠢᠭ ᠨᠢ ᠬᠤᠳᠠᠯᠳᠤᠨ ᠠᠪᠬᠤ ᠬᠡᠷᠡᠭᠴᠡᠭᠡ ᠪᠠᠨ | ᠦᠨᠳᠦᠰᠦᠯᠡᠨ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ ᠶᠢᠨ ᠵᠣᠷᠪᠣᠰ ᠢ ᠳᠣᠬᠳᠠᠭᠠᠨᠠ᠃ ᠦᠨ᠎ᠡ | ᠯᠠᠪᠯᠠᠬᠤ ᠶᠠᠪᠤᠴᠠ ᠳᠤ ᠦᠨ᠎ᠡ ᠯᠠᠪᠯᠠᠬᠤ ᠳᠤᠭᠤᠶᠢᠯᠠᠩ ᠨᠢ ᠦᠨ᠎ᠡ ᠯᠠᠪᠯᠠᠬᠤ ᠮᠡᠳᠡᠭᠳᠡᠯ ᠤᠨ ᠪᠢᠴᠢᠭ ᠤᠨ | ᠲᠣᠭᠲᠠᠭᠠᠭᠰᠠᠨ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ ᠶᠢᠨ ᠵᠦᠢᠯ ᠵᠤᠷᠪᠤᠰ ᠢ ᠬᠤᠪᠢᠷᠠᠭᠤᠯᠵᠤ ᠪᠣᠯᠬᠤ | ᠦᠭᠡᠢ᠃ | ᠭᠤᠴᠢᠨ ᠳᠣᠯᠣᠳᠤᠭᠠᠷ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠭᠤᠴᠢᠨ ᠨᠠᠢᠮᠠᠳᠤᠭᠠᠷ | ᠵᠦᠢᠯ ᠤᠨ ᠲᠠᠪᠤᠳᠤᠭᠠᠷ ᠵᠤᠷᠪᠤᠰ᠂ ᠳᠥᠴᠢᠳᠦᠭᠡᠷ ᠵᠦᠢᠯ ᠤᠨ ᠳᠥᠷᠪᠡᠳᠦᠭᠡᠷ ᠵᠤᠷᠪᠤᠰ ᠲᠤ ᠬᠡᠯᠡᠵᠦ ᠪᠠᠶᠢᠭ᠎ᠠ ᠶᠠᠰᠤ | ᠴᠢᠨᠠᠷ ᠪᠠ ᠦᠢᠯᠡᠴᠢᠯᠡᠭᠡ ᠨᠢ ᠬᠠᠷᠠᠭᠠᠯᠵᠠᠨ ᠠᠳᠠᠯᠢ ᠭᠡᠳᠡᠭ ᠨᠢ ᠬᠠᠩᠭᠠᠭᠴᠢ ᠬᠤᠳᠠᠯᠳᠤᠭᠠᠴᠢᠨ ᠤ ᠬᠠᠩᠭᠠᠬᠰᠠᠨ | ᠦᠢᠯᠡᠳᠬᠦᠨ ᠤ ᠶᠠᠰᠤ ᠴᠢᠨᠠᠷ ᠪᠣᠯᠤᠨ ᠦᠢᠯᠡᠴᠢᠯᠡᠭᠡ ᠨᠢ ᠴᠥᠮ ᠬᠤᠳᠠᠯᠳᠤᠨ ᠠᠪᠬᠤ ᠠᠵᠢᠯᠯᠠᠭ᠎ᠠ ᠶᠢᠨ ᠪᠢᠴᠢᠭ | ᠮᠠᠲ᠋ᠧᠷᠢᠶᠠᠯ ᠤᠨ ᠳᠣᠬᠳᠠᠬᠰᠡᠨ ᠮᠥᠨ ᠴᠢᠨᠠᠷ ᠤᠨ ᠱᠠᠭᠠᠷᠳᠠᠯᠭ᠎ᠠ ᠳᠤ ᠨᠡᠶᠢᠴᠡᠬᠦ ᠶᠢ ᠵᠢᠭᠠᠨ᠎ᠠ᠃ | ᠭᠤᠴᠢᠨ ᠨᠠᠢᠮᠠᠳᠤᠭᠠᠷ ᠵᠦᠢᠯ᠂ ᠢᠯᠡ ᠪᠠᠷ ᠳᠠᠭᠠᠭᠠᠴᠢᠯᠠᠯᠲᠠ ᠵᠠᠷᠯᠠᠬᠤ ᠲᠤᠭ᠎ᠠ ᠨᠣᠷᠮ᠎ᠠ ᠶᠢᠨ ᠪᠠᠷᠢᠮᠵᠢᠶ᠎ᠠ ᠳᠤ | ᠬᠦᠷᠴᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠭᠤᠴᠢᠨ ᠨᠢᠭᠡᠳᠦᠭᠡᠷ ᠵᠦᠢᠯ ᠤᠨ ᠨᠢᠭᠡᠳᠦᠭᠡᠷ | ᠵᠤᠷᠪᠤᠰ ᠲᠤ ᠲᠣᠭᠲᠠᠭᠠᠭᠰᠠᠨ ᠪᠠᠶᠢᠳᠠᠯ ᠲᠠᠢ ᠨᠡᠶᠢᠴᠡᠵᠦ᠂ ᠴᠤᠷ ᠤᠨ ᠭᠠᠭᠴᠠ ᠬᠠᠩᠭᠠᠯᠭ᠎ᠠ ᠶᠢᠨ | ᠬᠤᠳᠠᠯᠳᠤᠭᠠᠴᠢᠨ ᠠᠴᠠ ᠯᠠ ᠬᠤᠳᠠᠯᠳᠤᠨ ᠠᠪᠬᠤ ᠳᠤ ᠬᠦᠷᠪᠡᠯ᠂ ᠬᠤᠳᠠᠯᠳᠤᠨ ᠠᠪᠤᠭᠴᠢ ᠨᠢ ᠬᠤᠳᠠᠯᠳᠤᠨ ᠠᠪᠬᠤ | ᠲᠥᠷᠥᠯ ᠵᠦᠢᠯ ᠤᠨ ᠮᠡᠳᠡᠭᠡ ᠵᠠᠩᠭᠢ ᠪᠠ ᠴᠤᠷ ᠤᠨ ᠭᠠᠭᠴᠠ ᠬᠠᠩᠭᠠᠭᠴᠢ ᠬᠤᠳᠠᠯᠳᠤᠭᠠᠴᠢᠨ ᠤ ᠨᠡᠷᠡᠶᠢᠳᠦᠯ ᠢ | ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠤᠨ ᠵᠢᠭᠠᠨ ᠲᠣᠭᠲᠠᠭᠠᠭᠰᠠᠨ ᠵᠠᠭᠤᠴᠢᠯᠠᠭᠤᠷ ᠳᠡᠭᠡᠷ᠎ᠡ ᠵᠠᠷᠯᠠᠵᠦ᠂ ᠵᠠᠷᠯᠠᠬᠤ ᠬᠤᠭᠤᠴᠠᠭ᠎ᠠ ᠨᠢ 5 ᠠᠵᠢᠯᠯᠠᠬᠤ | ᠡᠳᠦᠷ ᠠᠴᠠ ᠳᠣᠲᠠᠭᠤ ᠪᠠᠶᠢᠯᠭᠠᠵᠤ ᠪᠣᠯᠬᠤ ᠦᠭᠡᠢ᠃ | ᠭᠤᠴᠢ ᠶᠢᠰᠦᠳᠦᠭᠡᠷ ᠵᠦᠢᠯ᠂ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ | ᠲᠣᠭᠲᠠᠭᠠᠭᠰᠠᠨ ᠪᠠᠶᠢᠳᠠᠯ ᠢ ᠭᠠᠷᠭᠠᠪᠠᠯ᠂ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠶᠢ ᠣᠷᠣᠯᠠᠨ | ᠭᠦᠢᠴᠡᠳᠬᠡᠬᠦ ᠪᠠᠶᠢᠭᠤᠯᠤᠮᠵᠢ ᠨᠢ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠶᠢ ᠬᠢᠨᠠᠨ ᠲᠣᠭᠲᠠᠭᠠᠬᠤ ᠲᠤᠰᠬᠠᠶ | ᠮᠡᠷᠭᠡᠵᠢᠯᠲᠡᠨ ᠤ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠥᠮᠥᠷᠭᠡ ᠳᠣᠲᠣᠷ᠎ᠠ ᠠᠴᠠ ᠲᠣᠬᠢᠶᠠᠯᠳᠤᠯ ᠢᠶᠠᠷ | ᠰᠣᠩᠭᠤᠵᠤ ᠠᠪᠤᠨ᠎ᠠ᠃ | ᠳᠥᠴᠢᠳᠦᠭᠡᠷ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠬᠢᠨᠠᠨ ᠲᠣᠭᠲᠠᠭᠠᠬᠤ | ᠲᠤᠰᠬᠠᠶ ᠮᠡᠷᠭᠡᠵᠢᠯᠲᠡᠨ ᠬᠢᠨᠠᠨ ᠰᠢᠯᠭᠠᠬᠤ ᠠᠵᠢᠯ ᠤᠨ ᠰᠠᠬᠢᠯᠭ᠎ᠠ ᠪᠠᠲᠤ ᠶᠢ ᠵᠢᠷᠤᠮᠯᠠᠬᠤ ᠬᠡᠷᠡᠭᠲᠡᠶ᠂ ᠬᠢᠨᠠᠨ | ᠲᠣᠭᠲᠠᠭᠠᠬᠤ ᠪᠢᠴᠢᠭ ᠮᠠᠲ᠋ᠧᠷᠢᠶᠠᠯ᠂ ᠬᠢᠨᠠᠨ ᠲᠣᠭᠲᠠᠭᠠᠬᠤ ᠪᠠᠶᠢᠳᠠᠯ ᠪᠠ ᠬᠢᠨᠠᠨ ᠰᠢᠯᠭᠠᠬᠤ ᠳᠤ ᠣᠯᠵᠤ ᠮᠡᠳᠡᠭᠰᠡᠨ | ᠬᠤᠳᠠᠯᠳᠤᠭᠠᠨ ᠤ ᠨᠢᠭᠤᠴᠠ ᠶᠢ ᠵᠠᠳᠠᠷᠠᠭᠤᠯᠵᠤ ᠪᠣᠯᠬᠤ ᠤᠢᠭᠡᠢ᠃ | ᠳᠠᠭᠠᠭᠠᠴᠢᠯᠠᠯᠲᠠ ᠦᠨᠡᠯᠡᠬᠦ ᠺᠣᠮᠢᠰ᠂ ᠥᠷᠢᠰᠥᠯᠳᠦᠭᠡᠨ ᠤ ᠴᠢᠨᠠᠷᠲᠠᠶ ᠬᠡᠯᠡᠯᠴᠡᠭᠡ ᠬᠢᠬᠦ ᠳᠤᠭᠤᠶᠢᠯᠠᠩ ᠪᠤᠶᠤ ᠦᠨ᠎ᠡ | ᠯᠠᠪᠯᠠᠬᠤ ᠳᠤᠭᠤᠶᠢᠯᠠᠩ ᠨᠢ ᠬᠢᠨᠠᠨ ᠲᠣᠭᠲᠠᠭᠠᠬᠤ ᠶᠠᠪᠤᠴᠠ ᠳᠤ ᠬᠠᠭ᠋ᠤᠤᠯᠢ ᠲᠦᠯᠬᠢᠬᠦ᠂ ᠬᠤᠳᠠᠯ ᠬᠠᠭᠤᠷᠮᠠᠭ | ᠮᠠᠲ᠋ᠧᠷᠢᠶᠠᠯ ᠬᠠᠩᠭᠠᠭᠰᠠᠨ ᠪᠤᠶᠤ ᠰᠥᠯᠪᠡᠭᠡᠯᠳᠦᠬᠦ ᠵᠡᠷᠭᠡ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢ ᠣᠯᠵᠤ ᠮᠡᠳᠡᠭᠰᠡᠨ | ᠪᠠᠶᠢᠪᠠᠯ᠂ ᠴᠠᠭ ᠲᠤᠬᠠᠶ ᠳᠤᠨᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ | ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠠᠴᠠ ᠬᠢᠨᠠᠨ | ᠲᠣᠭᠲᠠᠭᠠᠬᠤ ᠶᠠᠪᠤᠴᠠ ᠳᠤ ᠬᠠᠤᠯᠢ ᠪᠤᠰᠤ ᠪᠠᠷ ᠭᠠᠷ ᠲᠦᠷᠦᠭᠦ ᠶᠠᠪᠤᠳᠠᠯ ᠢ ᠣᠯᠵᠤ ᠮᠡᠳᠡᠭᠰᠡᠨ ᠪᠠᠶᠢᠪᠠᠯ᠂ ᠴᠠᠭ | ᠲᠤᠬᠠᠶ ᠳᠤᠨᠢ ᠡᠳ᠋ ᠤᠨ ᠵᠠᠰᠠᠭ᠂ ᠬᠢᠨᠠᠨ ᠪᠠᠶᠢᠴᠠᠭᠠᠬᠤ ᠵᠡᠷᠭᠡ ᠰᠠᠯᠠᠭ᠎ᠠ ᠮᠥᠴᠢᠷ ᠲᠤ ᠢᠯᠡᠴᠢᠯᠡᠨ ᠮᠡᠳᠡᠭᠦᠯᠦᠨ᠎ᠡ᠃ | ᠳᠥᠴᠢᠨ ᠨᠢᠭᠡᠳᠦᠭᠡᠷ ᠵᠦᠢᠯ᠂ ᠳᠠᠭᠠᠭᠠᠴᠢᠯᠠᠯᠲᠠ ᠦᠨᠡᠯᠡᠬᠦ ᠺᠣᠮᠢᠰ᠂ ᠥᠷᠢᠰᠥᠯᠳᠦᠭᠡᠨ ᠤ ᠴᠢᠨᠠᠷᠲᠠᠶ ᠬᠡᠯᠡᠯᠴᠡᠭᠡ ᠬᠢᠬᠦ | ᠳᠤᠭᠤᠶᠢᠯᠠᠩ ᠪᠤᠶᠤ ᠦᠨ᠎ᠡ ᠯᠠᠪᠯᠠᠬᠤ ᠳᠤᠭᠤᠶᠢᠯᠠᠩ ᠤᠨ ᠪᠦᠷᠢᠯᠳᠦᠬᠦᠨ ᠨᠢ ᠪᠣᠰᠣᠳᠴᠢ᠂ ᠭᠤᠣᠯᠴᠢ᠂ | ᠪᠣᠯᠭᠤᠮᠵᠢᠲᠠᠶ ᠵᠠᠷᠴᠢᠮ ᠢ ᠦᠨᠳᠦᠰᠦᠯᠡᠨ᠂ ᠬᠤᠳᠠᠯᠳᠤᠨ ᠠᠪᠬᠤ ᠠᠵᠢᠯᠯᠠᠭ᠎ᠠ ᠶᠢᠨ ᠪᠢᠴᠢᠭ | ᠮᠠᠲ᠋ᠧᠷᠢᠶᠠᠯ ᠤᠨ ᠲᠣᠭᠲᠠᠭᠠᠭᠰᠠᠨ ᠬᠢᠨᠠᠨ ᠲᠣᠭᠲᠠᠭᠠᠬᠤ ᠲᠡᠰ ᠳᠠᠷᠠᠭᠠᠯᠠᠯ᠂ ᠬᠢᠨᠠᠨ ᠰᠢᠯᠭᠠᠬᠤ ᠠᠷᠭ᠎ᠠ ᠪᠣᠯᠤᠨ ᠦᠨᠡᠯᠡᠨ | ᠬᠢᠨᠠᠬᠤ ᠪᠠᠷᠢᠮᠵᠢᠶ᠎ᠠ ᠶᠢ ᠦᠨᠳᠦᠰᠦᠯᠡᠨ ᠬᠢᠨᠠᠨ ᠳᠣᠬᠳᠠᠭᠠᠯᠲᠠ ᠬᠢᠨ᠎ᠡ᠃ ᠬᠤᠳᠠᠯᠳᠤᠨ ᠠᠪᠬᠤ ᠠᠵᠢᠯᠯᠠᠭ᠎ᠠ ᠶᠢᠨ | ᠪᠢᠴᠢᠭ ᠮᠠᠲ᠋ᠧᠷᠢᠶᠠᠯ ᠢ ᠠᠭᠤᠯᠭ᠎ᠠ ᠨᠢ ᠤᠯᠤᠰ ᠤᠨ ᠬᠤᠯᠪᠣᠭᠳᠠᠯ ᠪᠦᠬᠦᠢ ᠠᠯᠪᠠᠳᠠᠯᠭ᠎ᠠ ᠶᠢᠨ ᠴᠢᠨᠠᠷᠲᠠᠶ ᠲᠣᠭᠲᠠᠭᠠᠯ ᠢ | ᠵᠥᠷᠢᠴᠡᠭᠰᠡᠨ ᠪᠠᠶᠢᠪᠠᠯ᠂ ᠳᠠᠭᠠᠭᠠᠴᠢᠯᠠᠯᠲᠠ ᠦᠨᠡᠯᠡᠬᠦ ᠺᠣᠮᠢᠰ᠂ ᠥᠷᠢᠰᠥᠯᠳᠦᠭᠡᠨ ᠤ ᠴᠢᠨᠠᠷᠲᠠᠶ ᠬᠡᠯᠡᠯᠴᠡᠭᠡ ᠬᠢᠬᠦ | ᠳᠤᠭᠤᠶᠢᠯᠠᠩ ᠪᠤᠶᠤ ᠦᠨ᠎ᠡ ᠯᠠᠪᠯᠠᠬᠤ ᠳᠤᠭᠤᠶᠢᠯᠠᠩ ᠨᠢ ᠬᠢᠨᠠᠨ ᠲᠣᠭᠲᠠᠭᠠᠬᠤ ᠶᠢ ᠵᠣᠭᠰᠣᠭᠠᠵᠤ᠂ ᠬᠤᠳᠠᠯᠳᠤᠨ | ᠠᠪᠤᠭᠴᠢ ᠪᠤᠶᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠳᠤ ᠪᠠᠶᠢᠳᠠᠯ ᠢᠶᠠᠨ | ᠲᠣᠳᠣᠷᠬᠠᠶᠢᠯᠠᠬᠤ ᠬᠡᠷᠡᠭᠲᠡᠶ᠃ | ᠳᠠᠭᠠᠭᠠᠴᠢᠯᠠᠯᠲᠠ ᠦᠨᠡᠯᠡᠬᠦ ᠺᠣᠮᠢᠰ᠂ ᠥᠷᠢᠰᠥᠯᠳᠦᠭᠡᠨ ᠤ ᠴᠢᠨᠠᠷᠲᠠᠶ ᠬᠡᠯᠡᠯᠴᠡᠭᠡ ᠬᠢᠬᠦ ᠳᠤᠭᠤᠶᠢᠯᠠᠩ ᠪᠤᠶᠤ ᠦᠨ᠎ᠡ | ᠯᠠᠪᠯᠠᠬᠤ ᠳᠤᠭᠤᠶᠢᠯᠠᠩ ᠤᠨ ᠪᠦᠷᠢᠯᠳᠦᠬᠦᠨ ᠨᠢ ᠬᠢᠨᠠᠨ ᠲᠣᠭᠲᠠᠭᠠᠭᠰᠠᠨ ᠮᠡᠳᠡᠭᠦᠯᠦᠯᠲᠡ ᠳᠡᠭᠡᠷ᠎ᠡ ᠭᠠᠷ ᠤᠨ ᠦᠰᠦᠭ | ᠵᠢᠷᠣᠵᠦ᠂ ᠥᠪᠡᠷ ᠤᠨ ᠬᠢᠨᠠᠨ ᠲᠣᠭᠲᠠᠭᠠᠬᠤ ᠰᠠᠨᠠᠯ ᠳᠤ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠬᠡᠷᠡᠭᠲᠡᠶ᠃ | ᠬᠢᠨᠠᠨ ᠲᠣᠭᠲᠠᠭᠠᠬᠤ ᠮᠡᠳᠡᠭᠦᠯᠦᠯᠲᠡ ᠳᠤ ᠣᠨᠳᠣᠣ ᠰᠠᠨᠠᠯ ᠲᠠᠢ ᠪᠠᠶᠢᠪᠠᠯ᠂ ᠠᠳᠠᠯᠢ ᠪᠤᠰᠤ ᠰᠠᠨᠠᠯ ᠢ ᠨᠢ ᠬᠢᠨᠠᠨ | ᠲᠣᠭᠲᠠᠭᠠᠭᠰᠠᠨ ᠮᠡᠳᠡᠭᠦᠯᠦᠯᠲᠡ ᠳᠡᠭᠡᠷ᠎ᠡ ᠪᠢᠴᠢᠨ ᠭᠠᠷ ᠤᠨ ᠦᠰᠦᠭ ᠵᠢᠷᠤᠵᠤ᠂ ᠤᠴᠢᠷ ᠰᠢᠯᠲᠠᠭᠠᠨ ᠢᠶᠠᠨ | ᠲᠣᠳᠣᠷᠬᠠᠶᠢᠯᠠᠬᠤ ᠬᠡᠷᠡᠭᠲᠡᠶ᠂ ᠲᠡᠭᠡᠬᠦ ᠦᠭᠡᠢ ᠪᠣᠯ ᠬᠢᠨᠠᠨ ᠲᠣᠭᠲᠠᠭᠠᠭᠰᠠᠨ ᠮᠡᠳᠡᠭᠦᠯᠦᠯᠲᠡ ᠶᠢ ᠵᠥᠪᠰᠢᠶᠡᠷᠡᠭᠰᠡᠨ ᠢᠶᠠᠷ | ᠪᠤᠳᠤᠨ᠎ᠠ ᠃ | ᠳᠥᠴᠢᠨ ᠬᠤᠶᠠᠳᠤᠭᠠᠷ ᠵᠦᠢᠯ᠂ ᠬᠤᠳᠠᠯᠳᠤᠨ ᠠᠪᠤᠭᠴᠢ᠂ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ | ᠪᠠᠶᠢᠭᠤᠯᠤᠮᠵᠢ ᠠᠴᠠ ᠳᠠᠭᠠᠭᠠᠴᠢᠯᠠᠯᠲᠠ ᠦᠨᠡᠯᠡᠬᠦ ᠺᠣᠮᠢᠰ᠂ ᠥᠷᠢᠰᠥᠯᠳᠦᠭᠡᠨ ᠤ ᠴᠢᠨᠠᠷᠲᠠᠢ ᠬᠡᠯᠡᠯᠴᠡᠭᠡ ᠬᠢᠬᠦ | ᠳᠤᠭᠤᠶᠢᠯᠠᠩ ᠪᠤᠶᠤ ᠦᠨ᠎ᠡ ᠯᠠᠪᠯᠠᠬᠤ ᠳᠤᠭᠤᠶᠢᠯᠠᠩ ᠤᠨ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠥᠭᠡᠳᠡ | ᠬᠠᠨᠳᠤᠯᠭᠠᠲᠤ ᠴᠢᠨᠠᠷᠲᠠᠶ᠂ ᠪᠤᠷᠤᠭᠤ ᠵᠦᠭ ᠬᠥᠲᠥᠯᠬᠦ ᠴᠢᠨᠠᠷᠲᠠᠶ ᠲᠠᠶᠢᠯᠪᠤᠷᠢ ᠪᠤᠶᠤ ᠲᠣᠳᠣᠷᠬᠠᠶᠢᠯᠠᠯᠲᠠ ᠬᠢᠵᠦ ᠪᠣᠯᠬᠤ | ᠦᠭᠡᠢ᠃ | ᠳᠥᠴᠢᠨ ᠭᠤᠷᠪᠠᠳᠤᠭᠠᠷ ᠵᠦᠢᠯ᠂ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠬᠢᠨᠠᠨ | ᠲᠣᠭᠲᠠᠭᠠᠬᠤ ᠳᠠᠭᠤᠰᠤᠭᠰᠠᠨ ᠡᠳᠦᠷ ᠠᠴᠠ ᠡᠬᠢᠯᠡᠨ 2 ᠠᠵᠢᠯᠯᠠᠬᠤ ᠡᠳᠦᠷ ᠤᠨ ᠳᠣᠲᠣᠷ᠎ᠠ ᠬᠢᠨᠠᠨ ᠲᠣᠭᠲᠠᠭᠠᠭᠰᠠᠨ | ᠮᠡᠳᠡᠭᠦᠯᠦᠯᠲᠡ ᠶᠢ ᠬᠤᠳᠠᠯᠳᠤᠨ ᠠᠪᠤᠭᠴᠢ ᠳᠤ ᠲᠤᠰᠢᠶᠠᠨ ᠥᠭᠭᠦᠨ᠎ᠡ᠃ ᠬᠤᠳᠠᠯᠳᠤᠨ ᠠᠪᠤᠭᠴᠢ ᠨᠢ ᠬᠢᠨᠠᠨ | ᠲᠣᠭᠲᠠᠭᠠᠭᠰᠠᠨ ᠮᠡᠳᠡᠭᠦᠯᠦᠯᠲᠡ ᠶᠢ ᠣᠯᠤᠭᠰᠠᠨ ᠡᠳᠦᠷ ᠠᠴᠠ ᠡᠬᠢᠯᠡᠨ 5 ᠠᠵᠢᠯ ᠤᠨ ᠡᠳᠦᠷ ᠤᠨ ᠳᠣᠲᠣᠷ᠎ᠠ ᠬᠢᠨᠠᠨ | ᠲᠣᠭᠲᠠᠭᠠᠭᠰᠠᠨ ᠮᠡᠳᠡᠭᠦᠯᠦᠯᠲᠡ ᠤᠨ ᠲᠠᠨᠢᠯᠴᠠᠭᠤᠯᠤᠭᠰᠠᠨ ᠳᠠᠭᠠᠭᠠᠴᠢᠯᠠᠯᠲᠠ ᠤᠯᠬᠤ ᠪᠤᠶᠤ ᠮᠠᠶᠢᠮᠠᠶ ᠪᠦᠲᠦᠬᠦ | ᠵᠢᠱᠢᠭᠳᠡᠭᠰᠡᠳ ᠤᠨ ᠳᠣᠲᠣᠷ᠎ᠠ ᠠᠴᠠ ᠳᠠᠭᠠᠭᠠᠴᠢᠯᠠᠯᠲᠠ ᠤᠯᠬᠤ ᠪᠤᠶᠤ ᠮᠠᠶᠢᠮᠠᠶ ᠪᠦᠲᠦᠭᠡᠵᠦ ᠪᠣᠯᠬᠤ ᠬᠠᠩᠭᠠᠬᠤ | ᠬᠤᠳᠠᠯᠳᠤᠭᠠᠨ ᠢ ᠲᠡᠰ ᠳᠠᠷᠠᠭᠠᠯᠠᠯ ᠢᠶᠠᠷ ᠲᠣᠭᠲᠠᠭᠠᠨ᠎ᠠ᠃ | ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ | ᠳᠠᠭᠠᠭᠠᠴᠢᠯᠠᠯᠲᠠ ᠣᠯᠤᠭᠰᠠᠨ᠂ ᠠᠷᠠᠯᠵᠢᠶ᠎ᠠ ᠪᠦᠲᠦᠭᠰᠡᠨ ᠬᠠᠩᠭᠠᠯᠭ᠎ᠠ ᠶᠢᠨ ᠬᠤᠳᠠᠯᠳᠤᠭᠠᠴᠢᠨ ᠢ ᠲᠣᠭᠲᠠᠭᠠᠭᠰᠠᠨ | ᠡᠳᠦᠷ ᠠᠴᠠ ᠡᠬᠢᠯᠡᠨ 2 ᠠᠵᠢᠯᠯᠠᠬᠤ ᠡᠳᠦᠷ ᠤᠨ ᠳᠣᠲᠣᠷ᠎ᠠ ᠳᠠᠭᠠᠭᠠᠴᠢᠯᠠᠯᠲᠠ ᠣᠯᠤᠭᠰᠠᠨ᠂ ᠮᠠᠶᠢᠮᠠᠶ ᠪᠦᠲᠦᠭᠰᠡᠨ | ᠮᠡᠳᠡᠭᠳᠡᠯ ᠤᠨ ᠪᠢᠴᠢᠭ ᠢ ᠭᠠᠷᠭᠠᠨ᠂ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ | ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠵᠠᠭᠤᠴᠢᠯᠠᠭᠤᠷ ᠳᠡᠭᠡᠷ᠎ᠡ ᠳᠠᠭᠠᠭᠠᠴᠢᠯᠠᠯᠲᠠ | ᠣᠯᠤᠭᠰᠠᠨ᠂ ᠠᠷᠠᠯᠵᠢᠶ᠎ᠠ ᠪᠦᠲᠦᠭᠰᠡᠨ ᠦᠷ᠎ᠡ ᠳ᠋ᠦᠩ ᠢ ᠵᠠᠷᠯᠠᠵᠦ᠂ ᠳᠠᠭᠠᠭᠠᠴᠢᠯᠠᠯᠲᠠ ᠵᠠᠷᠯᠠᠬᠤ ᠪᠢᠴᠢᠭ ᠮᠠᠲ᠋ᠧᠷᠢᠶᠠᠯ᠂ | ᠥᠷᠢᠰᠥᠯᠳᠦᠭᠡᠨ ᠤ ᠴᠢᠨᠠᠷᠲᠠᠶ ᠬᠡᠯᠡᠯᠴᠡᠭᠡ ᠬᠢᠬᠦ ᠪᠢᠴᠢᠭ ᠮᠠᠲ᠋ᠧᠷᠢᠶᠠᠯ᠂ ᠦᠨ᠎ᠡ ᠯᠠᠪᠯᠠᠬᠤ ᠮᠡᠳᠡᠭᠳᠡᠯ ᠤᠨ ᠪᠢᠴᠢᠭ ᠢ | ᠳᠠᠭᠠᠭᠠᠴᠢᠯᠠᠯᠲᠠ ᠣᠯᠤᠭᠰᠠᠨ᠂ ᠠᠷᠠᠯᠵᠢᠶ᠎ᠠ ᠪᠦᠲᠦᠭᠰᠡᠨ ᠦᠷ᠎ᠡ ᠳ᠋ᠦᠩ ᠤᠨ ᠬᠠᠮᠲᠤ ᠵᠠᠷᠯᠠᠨ ᠨᠡᠶᠢᠲᠡᠯᠡᠬᠦ ᠬᠡᠷᠡᠭᠲᠡᠶ᠃ | ᠳᠠᠭᠠᠭᠠᠴᠢᠯᠠᠯᠲᠠ ᠤᠯᠬᠤ᠂ ᠰᠣᠯᠢᠯᠴᠠᠭ᠎ᠠ ᠳᠣᠭᠢᠷᠠᠭᠰᠠᠨ ᠦᠷ᠎ᠡ ᠳ᠋ᠦᠩ ᠤᠨ ᠨᠡᠶᠢᠲᠡ ᠳᠤ ᠵᠠᠷᠯᠠᠬᠤ ᠠᠭᠤᠯᠭ᠎ᠠ ᠳᠤ | ᠬᠤᠳᠠᠯᠳᠤᠨ ᠠᠪᠤᠭᠴᠢ ᠬᠢᠭᠡᠳ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠨᠡᠷᠡᠶᠢᠳᠦᠯ᠂ | ᠬᠠᠶ᠋ᠢᠭ᠂ ᠬᠠᠷᠢᠯᠴᠠᠬᠤ ᠬᠡᠯᠪᠡᠷᠢ᠂ ᠲᠥᠷᠥᠯ ᠵᠦᠢᠯ ᠤᠨ ᠨᠡᠷᠡᠶᠢᠳᠦᠯ ᠪᠠ ᠲᠦᠷᠦᠯ ᠵᠦᠢᠯ ᠤᠨ ᠨᠣᠮᠧᠷ᠂ | ᠳᠠᠭᠠᠭᠠᠴᠢᠯᠠᠯᠲᠠ ᠶᠢ ᠤᠯᠬᠤ ᠪᠤᠶᠤ ᠮᠠᠶᠢᠮᠠᠶ ᠪᠦᠲᠦᠭᠰᠡᠨ ᠬᠠᠩᠭᠠᠭᠴᠢ ᠬᠤᠳᠣᠯᠳᠣᠭᠠᠴᠢᠨ ᠤ ᠨᠡᠷᠡᠶᠢᠳᠦᠯ᠂ ᠬᠠᠶ᠋ᠢᠭ | ᠪᠠ ᠳᠠᠭᠠᠭᠠᠴᠢᠯᠠᠯᠲᠠ ᠤᠯᠬᠤ ᠪᠤᠶᠤ ᠠᠷᠠᠯᠵᠢᠶ᠎ᠠ ᠪᠦᠲᠦᠭᠰᠡᠨ ᠲᠤᠭ᠎ᠠ᠂ ᠭᠤᠣᠯ ᠳᠠᠭᠠᠭᠠᠴᠢᠯᠠᠯᠲᠠ ᠤᠯᠬᠤ ᠪᠤᠶᠤ | ᠮᠠᠶᠢᠮᠠᠶ ᠪᠦᠲᠦᠭᠡᠬᠦ ᠶᠢᠨ ᠨᠡᠷᠡᠶᠢᠳᠦᠯ᠂ ᠬᠡᠯᠪᠡᠷᠢ ᠮᠠᠶ᠋ᠢᠭ᠂ ᠲᠤᠭ᠎ᠠ ᠬᠡᠮᠵᠢᠶ᠎ᠡ᠂ ᠨᠢᠭᠡᠪᠦᠷᠢ ᠶᠢᠨ ᠦᠨ᠎ᠡ᠂ | ᠦᠢᠯᠡᠴᠢᠯᠡᠭᠡᠨ ᠤ ᠱᠠᠭᠠᠷᠳᠠᠯᠭ᠎ᠠ ᠵᠢᠴᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠨᠡᠷᠡᠰ᠃ | ᠳᠥᠴᠢᠨ ᠳᠥᠷᠪᠡᠳᠦᠭᠡᠷ ᠵᠦᠢᠯ᠂ ᠲᠦᠷᠤ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠤᠨ ᠲᠣᠭᠲᠠᠭᠠᠭᠰᠠᠨ ᠪᠠᠶᠢᠳᠠᠯ ᠢ ᠭᠠᠷᠭᠠᠪᠠᠯ᠂ ᠬᠤᠳᠠᠯᠳᠤᠨ ᠠᠪᠤᠭᠴᠢ᠂ ᠬᠤᠳᠠᠯᠳᠤᠨ ᠠᠪᠬᠤ ᠶᠢ ᠣᠷᠣᠯᠠᠨ | ᠭᠦᠢᠴᠡᠳᠬᠡᠬᠦ ᠪᠠᠶᠢᠭᠤᠯᠤᠮᠵᠢ ᠨᠢ ᠶᠠᠮᠠᠷᠪᠠ ᠰᠢᠯᠲᠠᠭ ᠢᠶᠠᠷ ᠵᠣᠬᠢᠶᠠᠨ ᠪᠠᠶᠢᠭᠤᠯᠣᠨ ᠳᠠᠬᠢᠵᠤ ᠬᠢᠨᠠᠨ ᠳᠣᠬᠲᠠᠭᠠᠯᠲᠠ | ᠬᠢᠵᠦ ᠪᠣᠯᠬᠤ ᠦᠭᠡᠢ᠃ ᠬᠤᠳᠠᠯᠳᠤᠨ ᠠᠪᠤᠭᠴᠢ᠂ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠣᠮᠵᠢ | ᠨᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠤᠨ ᠲᠣᠭᠲᠠᠭᠠᠯ ᠶᠣᠰᠣᠭᠠᠷ | ᠵᠣᠬᠢᠶᠠᠨ ᠪᠠᠶᠢᠭᠤᠯᠵᠤ ᠳᠠᠬᠢᠨ ᠬᠢᠨᠠᠨ ᠲᠣᠭᠲᠠᠭᠠᠬᠤ ᠳᠤ ᠪᠢᠴᠢᠭ ᠢᠶᠠᠷ ᠲᠤᠰ ᠱᠠᠲᠤᠨ ᠤ ᠠᠷᠠᠳ ᠤᠨ ᠵᠠᠰᠠᠭ ᠤᠨ | ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ | ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠠᠴᠠ ᠶᠠᠩᠵᠦ | ᠪᠦᠲᠦᠭᠡᠭᠳᠡᠬᠦᠨ ᠢ ᠪᠠᠶᠢᠴᠠᠭᠠᠨ ᠰᠢᠯᠭᠠᠬᠤ᠂ ᠬᠠᠩᠭᠠᠯᠭ᠎ᠠ ᠶᠢᠨ ᠬᠤᠳᠠᠯᠳᠤᠭᠠᠴᠢᠨ ᠢ ᠰᠢᠯᠭᠠᠨ ᠪᠠᠶᠢᠴᠠᠭᠠᠬᠤ ᠵᠡᠷᠭᠡ | ᠠᠷᠭ᠎ᠠ ᠮᠠᠶ᠋ᠢᠭ ᠢᠶᠠᠷ ᠬᠢᠨᠠᠨ ᠲᠣᠭᠲᠠᠭᠠᠭᠰᠠᠨ ᠦᠷ᠎ᠡ ᠳ᠋ᠦᠩ ᠢ ᠬᠤᠪᠢᠷᠠᠭᠤᠯᠵᠦ ᠪᠣᠯᠬᠤ ᠦᠭᠡᠢ᠃ | ᠳᠥᠴᠢᠨ ᠲᠠᠪᠤᠳᠤᠭᠠᠷ ᠵᠦᠢᠯ᠂ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ | ᠪᠠᠶᠢᠭᠤᠯᠤᠮᠵᠢ ᠨᠢ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ ᠳᠤ ᠲᠣᠭᠲᠠᠭᠰᠠᠨ ᠶᠣᠰᠣᠭᠠᠷ ᠲᠧᠭᠨᠢᠭ | ᠮᠡᠷᠭᠡᠵᠢᠯ᠂ ᠦᠢᠯᠡᠴᠢᠯᠡᠭᠡ᠂ ᠠᠶᠤᠯᠭᠦᠶ ᠶᠢᠨ ᠪᠠᠷᠢᠮᠵᠢᠶ᠎ᠠ ᠶᠤᠰᠤᠭᠠᠷ ᠵᠣᠬᠢᠶᠠᠨ ᠪᠠᠶᠢᠭᠤᠯᠣᠨ ᠬᠠᠩᠭᠠᠭᠴᠢ | ᠬᠤᠳᠠᠯᠳᠤᠭᠠᠴᠢᠨ ᠤ ᠭᠡᠷ᠎ᠡ ᠶᠢ ᠭᠦᠢᠴᠡᠳᠬᠡᠭᠰᠡᠨ ᠪᠠᠶᠢᠳᠠᠯ ᠢ ᠰᠢᠯᠭᠠᠨ ᠠᠪᠴᠦ᠂ ᠰᠢᠯᠭᠠᠨ ᠠᠪᠤᠭᠰᠠᠨ ᠪᠢᠴᠢᠭ ᠬᠢᠵᠦ | ᠥᠭᠬᠦ ᠬᠡᠷᠡᠭᠲᠡᠶ᠃ ᠰᠢᠯᠭᠠᠨ ᠠᠪᠤᠭᠰᠠᠨ ᠪᠢᠴᠢᠭ ᠲᠤ ᠲᠦᠷᠦᠯ ᠨᠢᠭᠡᠪᠦᠷᠢ ᠶᠢᠨ ᠮᠡᠷᠭᠡᠵᠢᠯ᠂ ᠦᠢᠯᠡᠴᠢᠯᠡᠭᠡ᠂ | ᠠᠶᠣᠯᠭᠦᠢ ᠶᠢᠨ ᠪᠠᠷᠢᠮᠵᠢᠶ᠎ᠠ ᠤ ᠭᠦᠢᠴᠡᠳᠬᠡᠬᠦ ᠪᠠᠶᠢᠳᠠᠯ ᠢ ᠪᠠᠭᠲᠠᠭᠠᠭᠰᠠᠨ ᠪᠠᠶᠢᠬᠤ ᠬᠡᠷᠡᠭᠲᠡᠶ᠃ | ᠵᠠᠰᠠᠭ ᠤᠨ ᠣᠷᠳᠣᠨ ᠨᠡᠶᠢᠭᠡᠮ ᠤᠨ ᠣᠯᠠᠨ ᠨᠡᠶᠢᠲᠡ ᠳᠤ ᠬᠠᠩᠭᠠᠬᠤ ᠣᠯᠠᠨ ᠨᠡᠶᠢᠲᠡ ᠶᠢᠨ ᠦᠢᠯᠡᠴᠢᠯᠡᠬᠡᠨ ᠤ | ᠲᠥᠷᠥᠯ ᠵᠦᠢᠯ ᠢ ᠰᠢᠯᠭᠠᠨ ᠠᠪᠬᠤ ᠦᠶ᠎ᠡ ᠳᠤ ᠤᠷᠢᠵᠤ ᠦᠢᠯᠡᠴᠢᠯᠡᠬᠦ ᠡᠲᠡᠭᠡᠳ ᠣᠷᠣᠯᠴᠠᠵᠤ᠂ ᠰᠠᠨᠠᠯ ᠢᠶᠠᠨ | ᠭᠠᠷᠭᠠᠵᠤ ᠪᠣᠯᠬᠤ ᠪᠥᠭᠡᠳ᠂ ᠰᠢᠯᠭᠠᠨ ᠠᠪᠤᠭᠰᠠᠨ ᠦᠷ᠎ᠡ ᠳ᠋ᠦᠩ ᠢ ᠨᠡᠶᠢᠭᠡᠮ ᠨᠡᠶᠢᠲᠡ ᠳᠤ ᠵᠠᠷᠯᠠᠬᠤ ᠬᠡᠷᠡᠭᠲᠡᠶ᠃ | ᠳᠥᠴᠢᠨ ᠵᠢᠷᠭᠤᠳᠤᠭᠠᠷ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠳᠥᠴᠢᠨ | ᠬᠤᠶᠠᠳᠤᠭᠠᠷ ᠵᠦᠢᠯ ᠳᠤ ᠲᠣᠭᠲᠠᠭᠠᠭᠰᠠᠨ ᠬᠤᠳᠠᠯᠳᠤᠨ ᠠᠪᠬᠤ ᠠᠵᠢᠯᠯᠠᠭ᠎ᠠ ᠶᠢᠨ ᠪᠢᠴᠢᠭ ᠮᠠᠲ᠋ᠧᠷᠢᠶᠠᠯ ᠢ ᠡᠯᠧᠺᠲᠷᠣᠨ | ᠳᠠᠩᠰᠠ ᠡᠪᠬᠡᠮᠡᠯ ᠤᠨ ᠠᠷᠭ᠎ᠠ ᠮᠠᠶ᠋ᠢᠭ ᠢᠶᠠᠷ ᠬᠠᠳᠠᠭᠠᠯᠠᠵᠤ ᠪᠣᠯᠤᠨ᠎ᠠ᠃ | ᠲᠠᠪᠤᠳᠤᠭᠠᠷ ᠪᠦᠯᠦᠭ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ | ᠳᠥᠴᠢᠨ ᠳᠣᠯᠣᠳᠤᠭᠠᠷ ᠵᠦᠢᠯ᠂ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠠᠴᠠ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ᠂ | ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ ᠶᠢᠨ ᠪᠠᠷᠢᠮᠵᠢᠶᠠᠲᠤ ᠪᠢᠴᠢᠭ ᠬᠠᠷ᠎ᠠ ᠶᠢ ᠳᠣᠬᠳᠠᠭᠠᠨᠠ᠃ | ᠳᠥᠴᠢᠨ ᠨᠠᠢᠮᠠᠳᠤᠭᠠᠷ ᠵᠦᠢᠯ᠂ ᠬᠤᠳᠠᠯᠳᠤᠨ ᠠᠪᠬᠤ ᠠᠵᠢᠯᠯᠠᠭ᠎ᠠ ᠶᠢᠨ ᠪᠢᠴᠢᠭ ᠮᠠᠲ᠋ᠧᠷᠢᠶᠠᠯ ᠨᠢ | ᠳᠠᠭᠠᠭᠠᠴᠢᠯᠠᠯᠲᠠ ᠶᠢ ᠣᠯᠣᠬᠰᠡᠨ ᠪᠤᠶᠤ ᠮᠠᠶᠢᠮᠠᠶ ᠪᠦᠲᠦᠭᠰᠡᠨ ᠬᠠᠩᠭᠠᠭᠴᠢ ᠬᠤᠳᠠᠯᠳᠤᠭᠠᠴᠢᠨ ᠢ ᠪᠣᠯᠵᠣᠯ | ᠭᠦᠢᠴᠡᠳᠬᠡᠬᠦ ᠪᠠᠲᠤᠯᠠᠪᠤᠷᠢ ᠶᠢᠨ ᠮᠥᠩᠭᠦ ᠲᠤᠰᠢᠶᠠᠯᠭᠠᠬᠤ ᠪᠠᠷ ᠱᠠᠭᠠᠷᠳᠠᠵᠤ᠂ ᠬᠠᠩᠭᠠᠭᠴᠢ ᠬᠤᠳᠠᠯᠳᠤᠭᠠᠴᠢᠨ | ᠵᠣᠭᠤᠰᠣᠨ ᠤ ᠪᠠᠷᠢᠮᠲᠠ᠂ ᠭᠤᠪᠢᠭᠤᠯᠭ᠎ᠠ ᠶᠢᠨ ᠬᠠᠭᠤᠳᠠᠰᠤ᠂ ᠡᠬᠡ ᠪᠠᠷᠢᠮᠲᠠ ᠪᠤᠶᠤ ᠮᠥᠩᠭᠦᠨ ᠭᠦᠢᠯᠭᠡᠭᠡᠨ ᠤ | ᠪᠠᠶᠢᠭᠤᠯᠤᠮᠵᠢ᠂ ᠳᠠᠭᠠᠭᠠᠯᠲᠠ ᠬᠢᠬᠦ ᠪᠠᠶᠢᠭᠤᠯᠣᠮᠵᠢ ᠶᠢᠨ ᠪᠠᠳᠣᠯᠭᠠᠲᠦ ᠪᠡᠯᠡᠨ ᠵᠣᠭᠤᠰ ᠤᠨ ᠪᠤᠰᠤ ᠬᠡᠯᠪᠡᠷᠢ ᠪᠠᠷ | ᠳᠣᠰᠢᠶᠠᠨ᠎ᠠ᠃ ᠪᠣᠯᠵᠣᠯ ᠭᠦᠢᠴᠡᠳᠬᠡᠬᠦ ᠪᠠᠲᠤᠯᠠᠪᠤᠷᠢ ᠶᠢᠨ ᠮᠥᠩᠭᠦ ᠲᠤᠭ᠎ᠠ ᠬᠡᠮᠵᠢᠶ᠎ᠡ ᠨᠢ ᠵᠠᠰᠠᠭ ᠤᠨ ᠣᠷᠳᠣᠨ ᠤ | ᠬᠤᠳᠠᠯᠳᠤᠨ ᠠᠪᠬᠤ ᠭᠡᠷ᠎ᠡ ᠶᠢᠨ ᠵᠣᠭᠤᠰ ᠤᠨ ᠲᠤᠭ᠎ᠠ ᠨᠢ 10 % ᠠᠴᠠ ᠬᠡᠲᠦᠷᠡᠵᠦ ᠪᠣᠯᠬᠤ ᠦᠭᠡᠢ᠃ | ᠳᠥᠴᠢ ᠶᠢᠰᠦᠳᠦᠭᠡᠷ ᠵᠦᠢᠯ᠂ ᠳᠠᠭᠠᠭᠠᠴᠢᠯᠠᠯᠲᠠ ᠶᠢ ᠤᠯᠬᠤ ᠪᠤᠶᠤ ᠮᠠᠶᠢᠮᠠᠶ ᠪᠦᠲᠦᠭᠰᠡᠨ ᠬᠠᠩᠭᠠᠭᠴᠢ | ᠬᠤᠳᠠᠯᠳᠤᠭᠠᠴᠢᠨ ᠨᠢ ᠬᠤᠳᠠᠯᠳᠤᠨ ᠠᠪᠤᠭᠴᠢ ᠲᠠᠢ ᠭᠡᠷ᠎ᠡ ᠳᠣᠬᠳᠠᠬᠤ ᠶᠢ ᠳᠡᠪᠴᠢᠭᠰᠡᠨ ᠪᠣᠯ᠂ ᠬᠤᠳᠠᠯᠳᠤᠨ | ᠠᠪᠤᠭᠴᠢ ᠨᠢ ᠬᠢᠨᠠᠨ ᠲᠣᠭᠲᠠᠭᠠᠭᠰᠠᠨ ᠮᠡᠳᠡᠭᠦᠯᠦᠯᠲᠡ ᠶᠣᠰᠣᠭᠠᠷ ᠲᠠᠨᠢᠯᠴᠠᠭᠤᠯᠤᠭᠰᠠᠨ ᠳᠠᠭᠠᠭᠠᠴᠢᠯᠠᠯᠲᠠ ᠤᠯᠬᠤ | ᠪᠤᠶᠤ ᠮᠠᠶᠢᠮᠠᠶ ᠪᠦᠲᠦᠬᠦ ᠪᠠᠷ ᠵᠢᠱᠢᠭᠳᠡᠭᠰᠡᠳ ᠤᠨ ᠨᠡᠷᠡᠰ ᠤᠨ ᠵᠢᠭᠰᠠᠭᠠᠯ ᠢ ᠦᠨᠳᠦᠰᠦᠯᠡᠨ ᠳᠠᠷᠠᠭᠠᠬᠢ ᠵᠢᠱᠢᠭᠳᠡᠭᠴᠢ ᠶᠢ | ᠳᠠᠭᠠᠭᠠᠴᠢᠯᠠᠯᠲᠠ ᠤᠯᠬᠤ ᠪᠤᠶᠤ ᠮᠠᠶᠢᠮᠠᠶ ᠪᠦᠲᠦᠭᠰᠡᠨ ᠬᠠᠩᠭᠠᠭᠴᠢ ᠬᠤᠳᠠᠯᠳᠤᠭᠠᠴᠢᠨ ᠳᠣᠬᠳᠠᠭᠠᠵᠦ᠂ ᠪᠠᠰᠠ ᠳᠠᠬᠢᠨ | ᠰᠢᠨ᠎ᠡ ᠪᠠᠷ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠠᠵᠢᠯᠯᠠᠭ᠎ᠠ ᠶᠢ ᠥᠷᠨᠢᠭᠦᠯᠵᠦ ᠴᠦ ᠪᠣᠯᠤᠨ᠎ᠠ᠃ | ᠲᠠᠪᠢᠳᠤᠭᠠᠷ ᠵᠦᠢᠯ᠂ ᠬᠤᠳᠠᠯᠳᠤᠨ ᠠᠪᠤᠭᠴᠢ ᠨᠢ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ | ᠪᠠᠶᠢᠭᠤᠯᠤᠭᠰᠠᠨ ᠡᠳᠦᠷ ᠠᠴᠠ ᠡᠬᠢᠯᠡᠨ 2 ᠠᠵᠢᠯᠯᠠᠬᠤ ᠡᠳᠦᠷ ᠤᠨ ᠳᠣᠲᠣᠷ᠎ᠠ᠂ ᠵᠠᠰᠠᠭ ᠤᠨ ᠣᠷᠳᠣᠨ ᠤ ᠬᠤᠳᠠᠯᠳᠤᠨ | ᠠᠪᠬᠤ ᠭᠡᠷ᠎ᠡ ᠶᠢ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠤᠨ ᠵᠢᠭᠠᠨ ᠲᠣᠭᠲᠠᠭᠠᠭᠰᠠᠨ ᠵᠠᠭᠤᠴᠢᠯᠠᠭᠤᠷ ᠳᠡᠭᠡᠷ᠎ᠡ ᠵᠠᠷᠯᠠᠨ᠎ᠠ᠂ ᠭᠡᠪᠡᠴᠦ ᠵᠠᠰᠠᠭ ᠤᠨ ᠣᠷᠳᠣᠨ ᠤ | ᠬᠤᠳᠠᠯᠳᠤᠨ ᠠᠪᠬᠤ ᠭᠡᠷ᠎ᠡ ᠳᠣᠮᠳᠠᠬᠢ ᠤᠯᠤᠰ ᠤᠨ ᠨᠢᠭᠤᠴᠠ᠂ ᠬᠤᠳᠠᠯᠳᠤᠭᠠᠨ ᠤ ᠨᠢᠭᠤᠴᠠ ᠶᠢ ᠠᠭᠤᠯᠭ᠎ᠠ | ᠡᠭᠦᠨ ᠳᠤ ᠪᠠᠭᠲᠠᠬᠤ ᠦᠭᠡᠢ᠃ | ᠲᠠᠪᠢᠨ ᠨᠢᠭᠡᠳᠦᠭᠡᠷ ᠵᠦᠢᠯ᠂ ᠬᠤᠳᠠᠯᠳᠤᠨ ᠠᠪᠤᠭᠴᠢ ᠨᠢ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ ᠶᠢᠨ | ᠲᠣᠭᠲᠠᠭᠠᠯ ᠶᠣᠰᠣᠭᠠᠷ ᠴᠠᠭ ᠲᠤᠬᠠᠶ ᠳᠤᠨᠢ ᠳᠠᠭᠠᠭᠠᠴᠢᠯᠠᠯᠲᠠ ᠶᠢ ᠤᠯᠬᠤ ᠪᠤᠶᠤ ᠮᠠᠶᠢᠮᠠᠶ ᠪᠦᠲᠦᠭᠰᠡᠨ ᠬᠠᠩᠭᠠᠭᠴᠢ | ᠬᠤᠳᠠᠯᠳᠤᠭᠠᠴᠢᠨ ᠳᠤ ᠬᠤᠳᠠᠯᠳᠤᠨ ᠠᠪᠬᠤ ᠪᠡᠯᠡ ᠮᠥᠩᠭᠦ ᠶᠢ ᠥᠭᠬᠦ ᠬᠡᠷᠡᠭᠲᠡᠶ᠃ | ᠵᠠᠰᠠᠭ ᠤᠨ ᠣᠷᠳᠣᠨ ᠤ ᠬᠤᠳᠠᠯᠳᠤᠨ ᠠᠪᠬᠤ ᠵᠦᠢᠯᠡᠰ ᠤᠨ ᠪᠡᠯᠡ ᠮᠥᠩᠭᠦ ᠥᠭᠬᠦ ᠶᠠᠪᠣᠴᠠ ᠨᠢ ᠤᠯᠤᠰ ᠤᠨ | ᠬᠤᠯᠪᠣᠭᠳᠠᠯ ᠪᠦᠬᠦᠢ ᠡᠳ᠋ ᠤᠨ ᠵᠠᠰᠠᠭ ᠤᠨ ᠪᠠᠯᠠ ᠮᠥᠩᠭᠦ ᠶᠢᠨ ᠲᠦᠯᠦᠪᠦᠷᠢ ᠶᠢᠨ ᠬᠠᠮᠢᠶᠠᠷᠣᠯᠲᠠ ᠶᠢᠨ ᠲᠣᠭᠲᠠᠭᠠᠯ | ᠶᠣᠰᠣᠭᠠᠷ ᠬᠡᠷᠡᠭᠵᠢᠭᠦᠯᠦᠨ᠎ᠡ᠃ | ᠵᠢᠷᠭᠤᠳᠤᠭᠠᠷ ᠪᠦᠯᠦᠭ ᠰᠡᠵᠢᠭᠯᠡᠬᠦ ᠪᠠ ᠵᠠᠭᠠᠯᠳᠤᠬᠤ | ᠲᠠᠪᠢᠨ ᠬᠤᠶᠠᠳᠤᠭᠠᠷ ᠵᠦᠢᠯ᠂ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ | ᠪᠠᠶᠢᠭᠤᠯᠤᠮᠵᠢ ᠨᠢ 3 ᠠᠵᠢᠯᠯᠠᠬᠤ ᠡᠳᠦᠷ ᠤᠨ ᠳᠣᠲᠣᠷ᠎ᠠ ᠬᠠᠩᠭᠠᠭᠴᠢ ᠬᠤᠳᠠᠯᠳᠤᠭᠠᠴᠢᠨ ᠤ ᠬᠠᠤᠯᠢ ᠶᠣᠰᠣᠭᠠᠷ | ᠳᠤᠷᠠᠳᠤᠭᠰᠠᠨ ᠠᠰᠠᠭᠤᠯᠲᠠ ᠳᠤ ᠬᠠᠷᠢᠭᠤᠯᠲᠠ ᠥᠭᠬᠦ ᠬᠡᠷᠡᠭᠲᠡᠶ᠃ | ᠬᠠᠩᠭᠠᠯᠭ᠎ᠠ ᠶᠢᠨ ᠬᠤᠳᠠᠯᠳᠤᠭᠠᠴᠢᠨ ᠤ ᠳᠤᠷᠠᠳᠤᠭᠰᠠᠨ ᠠᠰᠠᠭᠤᠯᠲᠠ ᠯᠠᠪᠯᠠᠬᠤ ᠪᠤᠶᠤ ᠰᠡᠵᠢᠭᠯᠡᠯᠲᠡ ᠨᠢ ᠬᠤᠳᠠᠯᠳᠤᠨ | ᠠᠪᠤᠭᠴᠢ ᠶᠢᠨ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠳᠤ ᠨᠠᠶᠢᠳᠠᠵᠤ ᠡᠷᠬᠡ ᠣᠯᠭᠤᠭᠰᠠᠨ | ᠬᠡᠪᠴᠢᠶᠡᠨ ᠠᠴᠠ ᠬᠡᠲᠦᠷᠡᠭᠰᠡᠨ ᠪᠠᠶᠢᠪᠠᠯ᠂ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ | ᠬᠠᠩᠭᠠᠭᠴᠢ ᠬᠤᠳᠠᠯᠳᠤᠭᠠᠴᠢᠨ ᠳᠤ ᠬᠤᠳᠠᠯᠳᠤᠨ ᠠᠪᠤᠭᠴᠢ ᠠᠴᠠ ᠠᠰᠠᠭᠤᠬᠤ ᠶᠢ ᠬᠡᠯᠡᠵᠦ ᠥᠭᠬᠦ ᠬᠡᠷᠡᠭᠲᠡᠶ᠃ | ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠠᠴᠠ | ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠶᠢ ᠬᠠᠮᠵᠢᠯᠴᠠᠨ | ᠬᠠᠩᠭᠠᠭᠴᠢ ᠬᠤᠳᠠᠯᠳᠤᠭᠠᠴᠢᠨ ᠤ ᠯᠠᠪᠯᠠᠨ ᠠᠰᠠᠭᠤᠬᠤ ᠪᠠ ᠰᠡᠵᠢᠭᠯᠡᠯᠲᠡ ᠳᠤ ᠬᠠᠷᠢᠭᠤ ᠥᠭᠭᠦᠨ᠎ᠡ᠃ | ᠲᠠᠪᠢᠨ ᠭᠤᠷᠪᠠᠳᠤᠭᠠᠷ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠲᠠᠪᠢᠨ ᠬᠤᠶᠠᠳᠤᠭᠠᠷ | ᠵᠦᠢᠯ ᠳᠤ ᠲᠣᠭᠲᠠᠭᠠᠭᠰᠠᠨ ᠬᠠᠩᠭᠠᠭᠴᠢ ᠬᠤᠳᠠᠯᠳᠤᠭᠠᠴᠢᠨ ᠲᠡᠭᠦᠨ ᠤ ᠡᠷᠬᠡ ᠠᠰᠢᠭ ᠨᠢ ᠬᠤᠬᠢᠷᠠᠯ ᠳᠤ ᠤᠴᠠᠷᠠᠭᠰᠠᠨ | ᠡᠳᠦᠷ ᠢ ᠮᠡᠳᠡᠬᠦ ᠬᠡᠷᠡᠭᠲᠡᠢ ᠭᠡᠳᠡᠭ ᠪᠣᠯ᠄ | ︵ᠨᠢᠭᠡ︶ ᠰᠡᠵᠢᠭᠯᠡᠵᠦ ᠪᠣᠯᠬᠤ ᠬᠤᠳᠠᠯᠳᠤᠨ ᠠᠪᠬᠤ ᠠᠵᠢᠯᠯᠠᠭ᠎ᠠ ᠶᠢᠨ ᠪᠢᠴᠢᠭ ᠮᠠᠲ᠋ᠧᠷᠢᠶᠠᠯ ᠳᠤ ᠰᠡᠵᠢᠭ ᠲᠠᠢ | ᠠᠰᠠᠭᠤᠯᠲᠠ ᠭᠠᠷᠭᠠᠬᠤ ᠳᠤ ᠬᠤᠳᠠᠯᠳᠤᠨ ᠠᠪᠬᠤ ᠠᠵᠢᠯᠯᠠᠭ᠎ᠠ ᠶᠢᠨ ᠪᠢᠴᠢᠭ ᠮᠠᠲ᠋ᠧᠷᠢᠶᠠᠯ ᠢ ᠣᠯᠵᠤ ᠠᠪᠤᠭᠰᠠᠨ | ᠡᠳᠦᠷ ᠪᠤᠶᠤ ᠬᠤᠳᠠᠯᠳᠤᠨ ᠠᠪᠬᠤ ᠠᠵᠢᠯᠯᠠᠭ᠎ᠠ ᠶᠢᠨ ᠪᠢᠴᠢᠭ ᠮᠠᠲ᠋ᠧᠷᠢᠶᠠᠯ ᠤᠨ ᠠᠯᠪᠠᠨ ᠵᠠᠷ ᠤᠨ ᠬᠤᠭᠤᠴᠠᠭ᠎ᠠ | ᠳᠦᠭᠦᠷᠦᠭᠰᠡᠨ ᠡᠳᠦᠷ ︔ | ︵ᠬᠤᠶᠠᠷ︶ ᠬᠤᠳᠠᠯᠳᠤᠨ ᠠᠪᠬᠤ ᠶᠠᠪᠤᠴᠠ ᠳᠤ ᠰᠡᠵᠢᠭ ᠲᠠᠢ ᠠᠰᠠᠭᠤᠳᠠᠯ ᠳᠤᠷᠠᠳᠴᠤ ᠡᠯ᠎ᠡ ᠬᠤᠳᠠᠯᠳᠤᠨ ᠠᠪᠬᠤ | ᠶᠠᠪᠣᠴᠠ ᠶᠢᠨ ᠭᠤᠭᠴᠤᠭ᠎ᠠ ᠳᠠᠭᠤᠰᠤᠭᠰᠠᠨ ᠡᠳᠦᠷ ︔ | ︵ᠭᠤᠷᠪᠠ︶ ᠳᠠᠭᠠᠭᠠᠴᠢᠯᠠᠯᠲᠠ ᠶᠢ ᠤᠯᠬᠤ ᠪᠤᠶᠤ ᠮᠠᠶᠢᠮᠠᠶ ᠪᠦᠲᠦᠭᠰᠡᠨ ᠦᠷ᠎ᠡ ᠳ᠋ᠦᠩ ᠳᠤ ᠰᠡᠵᠢᠭ ᠲᠠᠢ | ᠪᠠᠶᠢᠭ᠎ᠠ ᠳᠤ ᠳᠠᠭᠠᠭᠠᠴᠢᠯᠠᠯᠲᠠ ᠶᠢ ᠤᠯᠬᠤ ᠪᠤᠶᠤ ᠮᠠᠶᠢᠮᠠᠶ ᠪᠦᠲᠦᠭᠰᠡᠨ ᠦᠷ᠎ᠡ ᠳ᠋ᠦᠩ ᠢ ᠨᠡᠶᠢᠲᠡᠯᠡᠨ ᠵᠠᠷᠯᠠᠬᠤ | ᠬᠤᠭᠤᠴᠠᠭ᠎ᠠ ᠳᠦᠭᠦᠷᠦᠭᠰᠡᠨ ᠡᠳᠦᠷ ᠠᠴᠠ᠃ | ᠲᠠᠪᠢᠨ ᠳᠥᠷᠪᠡᠳᠦᠭᠡᠷ ᠵᠦᠢᠯ᠂ ᠯᠠᠪᠯᠠᠨ ᠠᠰᠠᠭᠤᠭᠰᠠᠨ ᠪᠤᠶᠤ ᠰᠡᠵᠢᠭᠯᠡᠬᠦ ᠵᠦᠢᠯᠡᠰ ᠨᠢ ᠳᠠᠭᠠᠭᠠᠴᠢᠯᠠᠯᠲᠠ ᠣᠯᠤᠭᠰᠠᠨ | ᠂ ᠮᠠᠶᠢᠮᠠᠶ ᠪᠦᠲᠦᠭᠰᠡᠨ ᠦᠷ᠎ᠡ ᠳ᠋ᠦᠩ ᠢ ᠨᠦᠯᠦᠭᠡᠯᠡᠵᠦ ᠮᠡᠳᠡᠬᠦ ᠪᠠᠶᠢᠪᠠᠯ᠂ ᠬᠤᠳᠠᠯᠳᠤᠨ ᠠᠪᠤᠭᠴᠢ ᠭᠡᠷ᠎ᠡ | ᠲᠣᠭᠲᠠᠭᠠᠬᠤ ᠶᠢ ᠲᠦᠷ ᠵᠣᠭᠰᠣᠭᠠᠬᠤ ᠬᠡᠷᠡᠭᠲᠡᠶ᠂ ᠨᠢᠭᠡᠨᠲᠡ ᠭᠡᠷ᠎ᠡ ᠳᠣᠬᠳᠠᠬᠰᠡᠨ ᠪᠣᠯ ᠭᠡᠷ᠎ᠡ ᠭᠦᠢᠴᠡᠳᠭᠡᠬᠦ ᠶᠢ | ᠵᠣᠬᠰᠣᠭᠠᠬᠤ ᠬᠡᠷᠡᠭᠲᠡᠢ᠃ | ᠲᠠᠪᠢᠨ ᠲᠠᠪᠤᠳᠤᠭᠠᠷ ᠵᠦᠢᠯ᠂ ᠬᠠᠩᠭᠠᠯᠭ᠎ᠠ ᠶᠢᠨ ᠬᠤᠳᠠᠯᠳᠤᠭᠠᠴᠢᠨ ᠰᠡᠵᠢᠭᠯᠡᠬᠦ᠂ ᠵᠠᠭᠠᠯᠳᠤᠬᠤ ᠳᠤ ᠲᠣᠳᠣᠷᠬᠠᠢ | ᠭᠤᠶᠤᠴᠢᠯᠠᠯ ᠪᠠ ᠴᠢᠬᠤᠯᠠ ᠪᠦᠬᠦᠢ ᠭᠡᠷᠡᠴᠢ ᠮᠠᠲ᠋ᠧᠷᠢᠶᠠᠯ ᠪᠠᠶᠢᠬᠤ ᠬᠡᠷᠡᠭᠲᠡᠶ᠃ ᠪᠠᠷᠠᠭ᠎ᠠ ᠬᠠᠩᠭᠠᠬᠤ | ᠬᠤᠳᠠᠯᠳᠤᠭᠠᠴᠢᠨ ᠤ ᠵᠠᠭᠠᠯᠳᠤᠯᠭ᠎ᠠ ᠶᠢ ᠤᠴᠢᠷ ᠶᠠᠪᠤᠳᠠᠯ ᠨᠢ ᠰᠡᠵᠢᠭᠯᠡᠬᠦ ᠵᠦᠢᠯᠡᠰ ᠤᠨ ᠬᠦᠷᠢᠶ᠎ᠡ ᠬᠡᠪᠴᠢᠶ᠎ᠡ ᠠᠴᠠ | ᠳᠠᠪᠠᠵᠦ ᠪᠣᠯᠬᠤ ᠦᠭᠡᠢ᠃ | ᠲᠠᠪᠢᠨ ᠵᠢᠷᠭᠤᠳᠤᠭᠠᠷ ᠵᠦᠢᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠵᠠᠭᠠᠯᠳᠤᠭᠰᠠᠨ ᠤᠴᠢᠷ ᠶᠠᠪᠤᠳᠠᠯ ᠢ | ᠰᠢᠢᠳᠪᠦᠷᠢᠯᠡᠬᠦ ᠳᠤ ᠪᠢᠴᠢᠭ ᠢᠶᠠᠷ ᠬᠢᠨᠠᠨ ᠪᠠᠶᠢᠴᠠᠭᠠᠬᠤ ᠠᠷᠭ᠎ᠠ ᠮᠠᠶ᠋ᠢᠭ ᠠᠪᠴᠤ᠂ ᠴᠢᠬᠤᠯᠠ ᠲᠠᠢ ᠦᠶ᠎ᠡ ᠳᠤ | ᠪᠠᠶᠢᠴᠠᠭᠠᠯᠲᠠ ᠬᠢᠵᠦ ᠭᠡᠷᠡᠴᠢ ᠠᠪᠬᠤ ᠪᠤᠶᠤ ᠵᠣᠬᠢᠶᠠᠨ ᠪᠠᠶᠢᠭᠤᠯᠵᠤ ᠲᠤᠯᠭᠠᠨ ᠭᠡᠷᠡᠴᠢᠯᠡᠭᠦᠯᠬᠦ ᠬᠡᠷᠡᠭᠲᠡᠶ᠃ | ᠡᠳ᠋ ᠤᠨ ᠵᠠᠰᠠᠭ ᠤᠨ ᠰᠠᠯᠠᠭ᠎ᠠ ᠮᠥᠴᠢᠷ ᠬᠠᠤᠯᠢ ᠶᠣᠰᠣᠭᠠᠷ ᠪᠠᠶᠢᠴᠠᠭᠠᠨ ᠭᠡᠷᠡᠴᠢ ᠠᠪᠬᠤ ᠳᠤ ᠵᠠᠭᠠᠯᠳᠤᠭᠰᠠᠨ ᠬᠥᠮᠦᠨ | ᠬᠢᠭᠡᠳ ᠵᠠᠭᠠᠯᠳᠤᠭᠰᠠᠨ ᠤᠴᠢᠷ ᠶᠠᠪᠤᠳᠠᠯ ᠳᠤ ᠬᠤᠯᠪᠣᠭᠳᠠᠬᠤ ᠲᠤᠬᠠᠶ ᠶᠢᠨ ᠬᠥᠮᠦᠨ ᠪᠠᠶᠢᠳᠠᠯ ᠢᠶᠠᠨ ᠦᠨᠡᠨ | ᠮᠥᠨ ᠢᠶᠠᠷ ᠨᠢ ᠳᠣᠰᠬᠠᠬᠤ ᠶᠢᠨ ᠬᠠᠮᠲᠤ ᠬᠤᠯᠪᠣᠭᠳᠠᠯ ᠪᠦᠬᠦᠢ ᠮᠠᠲ᠋ᠧᠷᠢᠶᠠᠯ ᠢ ᠬᠠᠩᠭᠠᠬᠤ ᠬᠡᠷᠡᠭᠲᠡᠶ᠃ | ᠲᠠᠪᠢᠨ ᠳᠣᠯᠣᠳᠤᠭᠠᠷ ᠵᠦᠢᠯ᠂ ᠵᠠᠭᠠᠯᠳᠤᠭᠴᠢ ᠨᠢ ᠪᠣᠳᠠᠲᠤ ᠬᠡᠷᠡᠭ ᠢ ᠬᠤᠳᠠᠯ ᠢᠶᠠᠷ ᠵᠣᠬᠢᠶᠠᠵᠤ᠂ ᠬᠤᠳᠠᠯ ᠬᠠᠭᠤᠷᠮᠠᠭ | ᠮᠠᠲ᠋ᠧᠷᠢᠶᠠᠯ ᠬᠠᠩᠭᠠᠭᠰᠠᠨ ᠪᠤᠶᠤ ᠬᠠᠤᠯᠢ ᠪᠤᠰᠤ ᠠᠷᠭ᠎ᠠ ᠪᠠᠷᠢᠯ ᠢᠶᠠᠷ ᠭᠡᠷᠡᠴᠢ ᠮᠠᠲ᠋ᠧᠷᠢᠶᠠᠯ ᠢ ᠣᠯᠵᠦ ᠵᠠᠭᠠᠯᠳᠤᠯᠭ᠎ᠠ | ᠭᠠᠷᠭᠠᠭᠰᠠᠨ ᠪᠠᠶᠢᠪᠠᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠨᠢᠴᠤᠭᠠᠬᠤ ᠬᠡᠷᠡᠭᠲᠡᠶ᠃ | ᠡᠳ᠋ ᠤᠨ ᠵᠠᠰᠠᠭ ᠤᠨ ᠰᠠᠯᠠᠭ᠎ᠠ ᠮᠥᠴᠢᠷ ᠵᠠᠭᠠᠯᠳᠤᠯᠭ᠎ᠠ ᠶᠢ ᠬᠦᠯᠢᠶᠡᠨ ᠠᠪᠴᠤ ᠰᠢᠢᠳᠪᠦᠷᠢᠯᠡᠬᠦ ᠦᠶᠡᠰ᠂ | ᠵᠠᠭᠠᠯᠳᠤᠭᠴᠢ ᠠᠴᠠ ᠪᠢᠴᠢᠭ ᠢᠶᠠᠷ ᠵᠠᠭᠠᠯᠳᠤᠯᠭ᠎ᠠ ᠶᠢ ᠪᠤᠴᠠᠭᠠᠬᠤ ᠪᠠᠷ ᠭᠤᠶᠤᠴᠢᠯᠠᠭᠰᠠᠨ ᠪᠠᠶᠢᠪᠠᠯ᠂ ᠡᠳ᠋ ᠤᠨ | ᠵᠠᠰᠠᠭ ᠤᠨ ᠰᠠᠯᠠᠭ᠎ᠠ ᠮᠥᠴᠢᠷ ᠨᠢ ᠵᠠᠭᠠᠯᠳᠤᠯᠭ᠎ᠠ ᠶᠢ ᠰᠢᠢᠳᠪᠦᠷᠢᠯᠡᠬᠦ ᠶᠠᠪᠣᠴᠠ ᠶᠢ ᠳᠠᠭᠤᠰᠬᠠᠬᠤ ᠬᠡᠷᠡᠭᠲᠡᠶ᠃ | ᠲᠠᠪᠢᠨ ᠨᠠᠢᠮᠠᠳᠤᠭᠠᠷ ᠵᠦᠢᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠠᠭᠠᠯᠳᠤᠭᠰᠠᠨ ᠤᠴᠢᠷ ᠶᠠᠪᠤᠳᠠᠯ ᠢ | ᠰᠢᠢᠳᠪᠦᠷᠢᠯᠡᠬᠦ ᠳᠤ ᠰᠢᠯᠭᠠᠨ ᠪᠠᠶᠢᠴᠠᠭᠠᠬᠤ᠂ ᠳᠣᠷᠰᠢᠨ ᠪᠠᠶᠢᠴᠠᠭᠠᠬᠤ᠂ ᠢᠯᠭᠠᠨ ᠲᠣᠭᠲᠠᠭᠠᠬᠤ᠂ ᠲᠤᠰᠬᠠᠶ | ᠮᠡᠷᠭᠡᠵᠢᠯᠲᠡᠨ ᠤ ᠦᠨᠡᠯᠡᠨ ᠬᠢᠨᠠᠬᠤ ᠵᠢᠴᠢ ᠵᠠᠭᠠᠯᠳᠣᠬᠴᠢ ᠠᠴᠠ ᠮᠠᠲ᠋ᠧᠷᠢᠶᠠᠯ ᠢ ᠨᠥᠬᠦᠪᠥᠷᠢᠯᠡᠨ ᠵᠠᠯᠠᠷᠠᠭᠤᠯᠤᠭᠰᠠᠨ | ᠴᠢᠬᠤᠯᠠᠲᠠᠶ ᠪᠠᠶᠢᠪᠠᠯ᠂ ᠬᠡᠷᠡᠭᠰᠡᠬᠦ ᠴᠠᠭ ᠢ ᠵᠠᠷᠭᠤ ᠶᠢᠨ ᠰᠢᠢᠳᠪᠦᠷᠢᠯᠡᠬᠦ ᠬᠤᠭᠤᠴᠠᠭᠠᠨ ᠳᠤ ᠣᠷᠣᠭᠤᠯᠵᠤ ᠪᠤᠳᠦᠬᠤ | ᠤᠢᠭᠡᠢ᠃ | ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠠᠭᠠᠯᠳᠤᠭᠰᠠᠨ ᠤᠴᠢᠷ ᠶᠠᠪᠤᠳᠠᠯ ᠢ ᠰᠢᠢᠳᠪᠦᠷᠢᠯᠡᠬᠦ ᠰᠢᠢᠳᠪᠦᠷᠢ ᠨᠢ | ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠤᠨ ᠵᠢᠭᠠᠨ ᠲᠣᠭᠲᠠᠭᠠᠭᠰᠠᠨ ᠵᠠᠭᠤᠴᠢᠯᠠᠭᠤᠷ ᠳᠡᠭᠡᠷ᠎ᠡ ᠵᠠᠷᠯᠠᠬᠤ ᠬᠡᠷᠡᠭᠲᠡᠶ᠃ | ᠳᠣᠯᠣᠳᠤᠭᠠᠷ ᠪᠦᠯᠦᠭ ᠬᠢᠨᠠᠯᠲᠠ ᠪᠠᠶᠢᠴᠠᠭᠠᠯᠲᠠ | ᠲᠠᠪᠢ ᠶᠢᠰᠦᠳᠦᠭᠡᠷ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠵᠢᠷᠠᠨ ᠭᠤᠷᠪᠠᠳᠤᠭᠠᠷ | ᠵᠦᠢᠯ ᠳᠤ ᠬᠡᠯᠡᠵᠦ ᠪᠠᠶᠢᠭ᠎ᠠ ᠵᠠᠰᠠᠭ ᠤᠨ ᠣᠷᠳᠣᠨ ᠤ ᠬᠤᠳᠠᠯᠳᠤᠨ ᠠᠪᠬᠤ ᠵᠦᠢᠯᠡᠰ ᠤᠨ ᠬᠤᠳᠠᠯᠳᠤᠨ ᠠᠪᠬᠤ | ᠪᠠᠷᠢᠮᠵᠢᠶ᠎ᠠ ᠭᠡᠳᠡᠭ ᠨᠢ ᠵᠦᠢᠯᠡᠰ ᠤᠨ ᠬᠤᠳᠠᠯᠳᠤᠨ ᠠᠪᠬᠤ ᠦᠨᠳᠦᠰᠦᠯᠡᠯ ᠪᠣᠯᠭᠠᠭᠰᠠᠨ ᠵᠠᠷᠤᠳᠠᠯ ᠤᠨ ᠲᠥᠰᠦᠪ ᠤᠨ | ᠪᠠᠷᠢᠮᠵᠢᠶ᠎ᠠ᠂ ᠡᠳ᠋ ᠬᠥᠷᠥᠩᠭᠡ ᠶᠢᠨ ᠲᠣᠬᠢᠷᠠᠭᠤᠯᠤᠯᠲᠠ ᠶᠢᠨ ᠪᠠᠷᠢᠮᠵᠢᠶ᠎ᠠ ᠪᠠ ᠮᠡᠷᠭᠡᠵᠢᠯ᠂ ᠦᠢᠯᠡᠴᠢᠯᠡᠭᠡ ᠶᠢᠨ | ᠪᠠᠷᠢᠮᠵᠢᠶ᠎ᠠ ᠵᠡᠷᠭᠡ ᠶᠢ ᠵᠢᠭᠠᠨ᠎ᠠ᠃ | ᠵᠢᠷᠠᠳᠤᠭᠠᠷ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠵᠢᠷᠠᠨ ᠵᠢᠷᠭᠤᠳᠤᠭᠠᠷ ᠵᠦᠢᠯ ᠳᠤ | ᠲᠣᠭᠲᠠᠭᠠᠭᠰᠠᠨ ᠬᠢᠨᠠᠨ ᠰᠢᠯᠭᠠᠬᠤ ᠵᠦᠢᠯ ᠠᠴᠠ ᠭᠠᠳᠠᠨ᠎ᠠ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ | ᠲᠥᠪᠯᠡᠷᠡᠭᠦᠯᠦᠨ ᠬᠤᠳᠠᠯᠳᠤᠨ ᠠᠪᠬᠤ ᠪᠠᠶᠢᠭᠤᠯᠤᠮᠵᠢ ᠶᠢᠨ ᠰᠢᠯᠭᠠᠨ ᠬᠢᠨᠠᠬᠤ ᠵᠦᠢᠯᠡᠰ ᠲᠤ ᠪᠠᠭᠳᠠᠬᠤ ᠨᠢ᠄ | ︵ᠨᠢᠭᠡ︶ ᠵᠠᠰᠠᠭ ᠤᠨ ᠣᠷᠳᠣᠨ ᠤ ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠶᠢ ᠬᠡᠷᠡᠭᠵᠢᠭᠦᠯᠵᠦ ᠪᠠᠶᠢᠭ᠎ᠠ | ᠪᠠᠶᠢᠳᠠᠯ︔ | ︵ᠬᠤᠶᠠᠷ︶ ᠬᠤᠳᠠᠯᠳᠤᠨ ᠠᠪᠬᠤ ᠪᠢᠴᠢᠭ ᠮᠠᠲ᠋ᠧᠷᠢᠶᠠᠯ ᠤᠨ ᠨᠠᠶᠢᠷᠠᠭᠤᠯᠤᠨ ᠵᠣᠬᠢᠶᠠᠬᠤ ᠬᠢᠷᠢ ᠬᠡᠮᠵᠢᠶ᠎ᠡ︔ | ︵ᠭᠤᠷᠪᠠ︶ ᠬᠤᠳᠠᠯᠳᠤᠨ ᠠᠪᠬᠤ ᠬᠡᠯᠪᠡᠷᠢ ᠪᠣᠯᠤᠨ ᠬᠤᠳᠠᠯᠳᠤᠨ ᠠᠪᠬᠤ ᠶᠠᠪᠣᠴᠠ ᠶᠢᠨ ᠬᠡᠷᠡᠭᠵᠢᠭᠦᠯᠵᠦ ᠪᠠᠶᠢᠭ᠎ᠠ | ᠪᠠᠶᠢᠳᠠᠯ︔ | ︵ᠲᠦᠷᠪᠡ︶ ᠯᠠᠪᠯᠠᠨ ᠠᠰᠠᠭᠤᠬᠤ᠂ ᠠᠰᠠᠭᠤᠯᠲᠠ ᠳᠤ ᠥᠭᠭᠦᠭᠰᠡᠨ ᠬᠠᠷᠢᠭᠤᠯᠲᠠ ᠶᠢᠨ ᠪᠠᠶᠢᠳᠠᠯ︔ | ︵ᠲᠠᠪᠤ︶ ᠳᠣᠲᠣᠭᠠᠳᠤ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠤᠨ ᠪᠠᠶᠢᠭᠤᠯᠤᠯᠲᠠ ᠵᠢᠴᠢ ᠭᠦᠢᠴᠡᠳᠬᠡᠭᠰᠡᠨ | ᠪᠠᠶᠢᠳᠠᠯ︔ | ︵ᠵᠢᠷᠭᠤᠭ᠎ᠠ︶ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ | ᠰᠠᠯᠠᠭ᠎ᠠ ᠮᠥᠴᠢᠷ ᠤᠨ ᠲᠣᠭᠲᠠᠭᠠᠭᠰᠠᠨ ᠪᠤᠰᠤᠳ ᠤᠴᠢᠷ ᠶᠠᠪᠤᠳᠠᠯ ᠤᠳ᠃ | ᠡᠳ᠋ ᠤᠨ ᠵᠠᠰᠠᠭ ᠤᠨ ᠰᠠᠯᠠᠭ᠎ᠠ ᠮᠥᠴᠢᠷ ᠬᠢᠨᠠᠨ ᠰᠢᠯᠭᠠᠬᠤ ᠲᠥᠯᠥᠪᠯᠡᠭᠡ ᠶᠢ ᠲᠣᠭᠲᠠᠭᠠᠵᠤ᠂ ᠲᠣᠭᠲᠠᠮᠠᠯ | ᠬᠤᠭᠤᠴᠠᠭ᠎ᠠ ᠲᠠᠢ ᠪᠠᠷ ᠲᠥᠪᠯᠡᠷᠡᠭᠦᠯᠦᠨ ᠬᠤᠳᠠᠯᠳᠤᠨ ᠠᠪᠬᠤ ᠪᠠᠶᠢᠭᠤᠯᠤᠮᠵᠢ ᠶᠢ ᠬᠢᠨᠠᠨ ᠰᠢᠯᠭᠠᠵᠤ᠂ ᠬᠢᠨᠠᠨ | ᠰᠢᠯᠭᠠᠭᠰᠠᠨ ᠦᠷ᠎ᠡ ᠳ᠋ᠦᠩ ᠶᠢᠨ ᠴᠢᠬᠤᠯᠠ ᠪᠠᠶᠢᠳᠠᠯ ᠢ ᠲᠤᠰ ᠱᠠᠲᠤᠨ ᠤ ᠪᠠᠨ ᠠᠷᠠᠳ ᠤᠨ ᠵᠠᠰᠠᠭ ᠤᠨ ᠣᠷᠳᠣᠨ ᠳᠤ | ᠮᠡᠳᠡᠭᠦᠯᠬᠦ ᠬᠡᠷᠡᠭᠲᠡᠶ᠃ | ᠵᠢᠷᠠᠨ ᠨᠢᠭᠡᠳᠦᠭᠡᠷ ᠵᠦᠢᠯ᠂ ᠬᠤᠳᠠᠯᠳᠤᠨ ᠠᠪᠤᠭᠴᠢ ᠨᠢ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ | ᠪᠠᠶᠢᠭᠤᠯᠤᠮᠵᠢ ᠶᠢᠨ ᠬᠠᠤᠯᠢ ᠶᠢ ᠵᠥᠷᠢᠴᠡᠭᠰᠡᠨ ᠠᠵᠢᠯᠯᠠᠭ᠎ᠠ ᠲᠠᠢ ᠪᠠᠶᠢᠬᠤ ᠶᠢ ᠣᠯᠵᠤ ᠮᠡᠳᠡᠪᠡᠯ ᠵᠠᠯᠠᠷᠠᠭᠤᠯᠤᠭᠤᠯᠬᠤ ᠪᠠᠷ | ᠱᠠᠭᠠᠷᠳᠠᠬᠤ ᠬᠡᠷᠡᠭᠲᠡᠶ᠃ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠵᠠᠯᠠᠷᠠᠭᠤᠯᠬᠤ ᠶᠢ | ᠲᠡᠪᠴᠢᠭᠰᠡᠨ ᠪᠠᠶᠢᠪᠠᠯ᠂ ᠬᠤᠳᠠᠯᠳᠤᠨ ᠠᠪᠤᠭᠴᠢ ᠨᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠬᠠᠤᠯᠢ | ᠶᠣᠰᠣᠭᠠᠷ ᠰᠢᠢᠳᠪᠦᠷᠢᠯᠡᠬᠦ ᠬᠡᠷᠡᠭᠲᠡᠶ᠃ | ᠬᠤᠳᠠᠯᠳᠤᠨ ᠠᠪᠠᠨ᠋ᠥ ᠶᠢᠨ ᠣᠷᠣᠯᠠᠨ ᠬᠦᠢᠴᠡᠳᠬᠡᠬᠦ ᠪᠠᠶᠢᠭᠤᠯᠤᠮᠵᠢ ᠨᠢ ᠬᠤᠳᠠᠯᠳᠤᠨ ᠠᠪᠤᠭᠴᠢ ᠶᠢᠨ ᠬᠤᠳᠠᠯᠳᠤᠨ | ᠠᠪᠠᠨ᠋ᠥ ᠬᠡᠷᠡᠭᠴᠡᠭᠡ ᠱᠠᠭᠠᠷᠳᠠᠯᠭ᠎ᠠ ᠳᠤ ᠬᠠᠩᠭᠠᠯᠭ᠎ᠠ ᠶᠢᠨ ᠬᠤᠳᠠᠯᠳᠤᠭᠠᠴᠢᠨ ᠢ ᠢᠯᠭᠠᠨ ᠦᠵᠡᠭᠰᠡᠨ᠂ | ᠭᠠᠳᠠᠭᠤᠷᠴᠢᠯᠠᠬᠤ ᠬᠠᠷᠠᠭᠠᠯᠵᠠᠯ ᠪᠤᠶᠤ ᠪᠤᠰᠤᠳ ᠬᠠᠣᠯᠢ ᠴᠠᠭᠠᠵᠠ᠂ ᠬᠠᠤᠯᠢ ᠲᠣᠭᠲᠠᠭᠠᠯ ᠪᠠ ᠵᠠᠰᠠᠭ ᠤᠨ ᠣᠷᠳᠣᠨ ᠤ | ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠲᠣᠭᠲᠠᠭᠠᠭᠰᠠᠨ ᠠᠭᠤᠯᠭ᠎ᠠ ᠳᠤ ᠨᠡᠶᠢᠴᠡᠬᠦ ᠦᠭᠡᠢ ᠵᠦᠢ ᠵᠣᠬᠢᠰ ᠦᠭᠡᠢ | ᠨᠦᠭᠦᠴᠡᠯ ᠢᠶᠠᠷ ᠬᠠᠨᠳᠣᠬᠰᠡᠨ ᠪᠤᠶᠤ ᠬᠤᠳᠠᠯᠳᠤᠨ ᠠᠪᠤᠭᠴᠢ ᠶᠢᠨ ᠬᠠᠤᠯᠢ ᠠᠴᠠ ᠵᠥᠷᠢᠴᠡᠭᠰᠡᠨ ᠪᠤᠰᠤᠳ ᠦᠢᠯᠡ | ᠠᠵᠢᠯᠯᠠᠭ᠎ᠠ ᠶᠢ ᠮᠡᠳᠡᠪᠡᠯ᠂ ᠲᠡᠳᠡᠨ ᠢ ᠵᠠᠯᠠᠷᠠᠭᠤᠯᠬᠤ ᠪᠠᠷ ᠰᠠᠨᠠᠭᠤᠯᠬᠤ ᠬᠡᠷᠡᠭᠲᠡᠶ᠃ ᠬᠤᠳᠠᠯᠳᠤᠨ ᠠᠪᠤᠭᠴᠢ ᠨᠢ | ᠵᠠᠯᠠᠷᠠᠭᠤᠯᠬᠤ ᠥᠬᠡᠶ ᠪᠠᠶᠢᠪᠠᠯ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠠᠴᠠ ᠬᠤᠳᠠᠯᠳᠤᠨ | ᠠᠪᠤᠭᠴᠢ ᠶᠢᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ | ᠮᠡᠳᠡᠭᠦᠯᠬᠦ ᠬᠡᠷᠡᠭᠲᠡᠶ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠬᠠᠤᠯᠢ ᠶᠣᠰᠣᠭᠠᠷ ᠰᠢᠢᠳᠪᠦᠷᠢᠯᠡᠬᠦ ᠬᠡᠷᠡᠭᠲᠡᠶ᠃ | ᠵᠢᠷᠠᠨ ᠬᠤᠶᠠᠳᠤᠭᠠᠷ ᠵᠦᠢᠯ᠂ ᠮᠤᠵᠢ ᠶᠢᠨ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠡᠳ᠋ ᠤᠨ | ᠵᠠᠰᠠᠭ ᠤᠨ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠶᠢ ᠬᠢᠨᠠᠨ ᠲᠣᠭᠲᠠᠭᠠᠬᠤ ᠲᠤᠰᠬᠠᠶ | ᠮᠡᠷᠭᠡᠵᠢᠯᠲᠡᠨ ᠤ ᠬᠥᠮᠥᠷᠭᠡ ᠳᠤ ᠬᠥᠳᠡᠯᠦᠩᠭᠦᠶ ᠬᠠᠮᠢᠶᠠᠷᠤᠯᠲᠠ ᠶᠢ ᠬᠡᠷᠡᠭᠵᠢᠭᠦᠯᠵᠦ᠂ ᠪᠣᠳᠠᠲᠠᠶ ᠬᠠᠮᠢᠶᠠᠷᠤᠯᠲᠠ ᠶᠢᠨ | ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠲᠣᠭᠲᠠᠭᠠᠨ᠎ᠠ᠃ | ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠨᠢ ᠵᠠᠰᠠᠭ ᠤᠨ | ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠠᠬᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠡᠭᠦᠷᠭᠡ | ᠬᠠᠷᠢᠭᠤᠴᠠᠯᠭ᠎ᠠ ᠪᠠᠨ ᠬᠦᠢᠴᠡᠳᠭᠡᠭᠰᠡᠨ ᠪᠠᠶᠢᠳᠠᠯ ᠢ ᠲᠡᠮᠳᠡᠭᠯᠡᠬᠦ ᠶᠢᠨ ᠬᠠᠮᠲᠤ᠂ ᠴᠠᠭ ᠲᠤᠬᠠᠶ ᠳᠤᠨᠢ ᠡᠳ᠋ ᠤᠨ | ᠵᠠᠰᠠᠭ ᠤᠨ ᠰᠠᠯᠠᠭ᠎ᠠ ᠮᠥᠴᠢᠷ ᠲᠤ ᠮᠡᠳᠡᠭᠦᠯᠬᠦ ᠬᠡᠷᠡᠭᠲᠡᠶ᠃ | ᠵᠢᠷᠠᠨ ᠭᠤᠷᠪᠠᠳᠤᠭᠠᠷ ᠵᠦᠢᠯ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠪᠣᠯᠤᠨ ᠪᠤᠰᠤᠳ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠵᠠᠰᠠᠭ ᠤᠨ ᠣᠷᠳᠣᠨ ᠤ ᠬᠤᠳᠠᠯᠳᠤᠨ | ᠠᠪᠬᠤ ᠠᠵᠢᠯᠯᠠᠭ᠎ᠠ ᠳᠤ ᠣᠷᠣᠯᠴᠠᠬᠤ ᠬᠠᠩᠭᠠᠭᠴᠢ ᠬᠤᠳᠠᠯᠳᠤᠭᠠᠴᠢᠨ᠂ ᠬᠤᠳᠠᠯᠳᠤᠨ ᠠᠪᠬᠤ ᠶᠢ ᠣᠷᠣᠯᠠᠨ | ᠭᠦᠢᠴᠡᠳᠬᠡᠬᠦ ᠪᠠᠶᠢᠭᠤᠯᠤᠮᠵᠢ᠂ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠤ ᠬᠢᠨᠠᠯᠲᠠ ᠬᠠᠮᠢᠶᠠᠷᠤᠯᠲᠠ ᠶᠢ | ᠴᠢᠩᠭᠠᠳᠬᠠᠨ᠂ ᠲᠡᠭᠦᠨ ᠤ ᠡᠷᠡᠭᠦᠯ ᠪᠤᠰᠤ ᠦᠢᠯᠡ ᠠᠵᠢᠯᠯᠠᠭ᠎ᠠ ᠶᠢ ᠲᠡᠮᠳᠡᠭᠯᠡᠵᠦ᠂ ᠨᠢᠭᠡᠳᠦᠯᠲᠡᠶ ᠢᠲᠡᠭᠡᠮᠵᠢ ᠶᠢᠨ | ᠮᠡᠳᠡᠭᠡ ᠵᠠᠩᠭᠢ ᠶᠢᠨ ᠲᠠᠪᠴᠠᠩ ᠳᠤ ᠣᠷᠣᠭᠤᠯᠣᠨ᠎ᠠ᠃ | ᠵᠢᠷᠠᠨ ᠳᠥᠷᠪᠡᠳᠦᠭᠡᠷ ᠵᠦᠢᠯ᠂ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠨᠢ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠬᠢᠨᠠᠯᠲᠠ ᠪᠠᠶᠢᠴᠠᠭᠠᠯᠲᠠ ᠶᠠᠪᠤᠭᠤᠯᠵᠤ᠂ | ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠢ ᠪᠠᠶᠢᠴᠠᠭᠠᠨ ᠦᠵᠡᠬᠦ᠂ ᠪᠠᠭᠤᠯᠭᠠᠨ ᠠᠪᠬᠤ ᠡᠷᠬᠡ ᠲᠠᠢ᠂ ᠬᠤᠯᠪᠣᠭᠳᠠᠯ | ᠪᠦᠬᠦᠢ ᠨᠢᠭᠡᠴᠢ ᠪᠠ ᠠᠵᠢᠯᠳᠠᠨ ᠬᠠᠷᠢᠯᠴᠠᠨ ᠬᠠᠮᠵᠢᠯᠴᠠᠬᠤ ᠬᠡᠷᠡᠭᠲᠡᠶ᠃ | ᠵᠢᠷᠠᠨ ᠲᠠᠪᠤᠳᠤᠭᠠᠷ ᠵᠦᠢᠯ᠂ ᠬᠢᠨᠠᠨ ᠪᠤᠳᠤᠬᠤ ᠪᠠᠶᠢᠭᠤᠯᠭ᠎ᠠ᠂ ᠬᠢᠨᠠᠨ ᠪᠠᠶᠢᠴᠠᠭᠠᠬᠤ ᠪᠠᠶᠢᠭᠤᠯᠭ᠎ᠠ ᠵᠢᠴᠢ ᠪᠤᠰᠤᠳ | ᠬᠤᠯᠪᠣᠭᠳᠠᠯ ᠪᠦᠬᠦᠢ ᠰᠠᠯᠠᠭ᠎ᠠ ᠮᠥᠴᠢᠷ ᠬᠠᠤᠯᠢ ᠶᠣᠰᠣᠭᠠᠷ ᠵᠠᠰᠠᠭ ᠤᠨ ᠣᠷᠳᠣᠨ ᠤ ᠬᠤᠳᠠᠯᠳᠤᠨ ᠠᠪᠬᠤ | ᠠᠵᠢᠯᠯᠠᠭ᠎ᠠ ᠳᠤ ᠬᠢᠨᠠᠯᠲᠠ ᠲᠠᠯᠪᠢᠵᠤ᠂ ᠬᠤᠳᠠᠯᠳᠣᠨ ᠠᠪᠬᠤ ᠲᠤᠬᠠᠶ ᠶᠢᠨ ᠬᠥᠮᠦᠨ ᠤ ᠬᠠᠤᠯᠢ ᠶᠢ ᠵᠥᠷᠢᠴᠡᠭᠰᠡᠨ | ᠦᠢᠯᠡ ᠠᠵᠢᠯᠯᠠᠭ᠎ᠠ ᠪᠠᠶᠢᠬᠤ ᠶᠢ ᠣᠯᠵᠤ ᠮᠡᠳᠡᠪᠡᠯ᠂ ᠴᠠᠭ ᠲᠤᠬᠠᠶ ᠳᠤᠨᠢ ᠡᠳ᠋ ᠤᠨ ᠵᠠᠰᠠᠭ ᠤᠨ ᠰᠠᠯᠠᠭ᠎ᠠ ᠮᠥᠴᠢᠷ ᠲᠤ | ᠮᠡᠳᠡᠭᠦᠯᠦᠨ᠎ᠡ᠃ | ᠨᠠᠢᠮᠠᠳᠤᠭᠠᠷ ᠪᠦᠯᠦᠭ ᠬᠠᠤᠯᠢ ᠶᠢᠨ ᠬᠠᠷᠢᠭᠤᠴᠠᠯᠭ᠎ᠠ | ᠵᠢᠷᠠᠨ ᠵᠢᠷᠭᠤᠳᠤᠭᠠᠷ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠲᠡᠯᠡᠠ ᠨᠢᠭᠡᠳᠦᠭᠡᠷ | ᠵᠦᠢᠯ ᠤᠨ ᠳᠣᠬᠳᠠᠭᠠᠯ ᠳᠤ ᠵᠣᠭᠤᠰ ᠢᠶᠠᠷ ᠲᠣᠷᠭᠠᠬᠤ ᠳᠤ᠂ ᠵᠣᠭᠤᠰ ᠤᠨ ᠲᠤᠭ᠎ᠠ ᠨᠢ 10 ᠲᠦᠮᠡᠨ | ᠲᠥᠭᠦᠷᠢᠭ ᠠᠴᠠ ᠳᠣᠭᠤᠭᠰᠢ᠃ | ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠲᠡᠯᠡᠠ ᠬᠤᠶᠠᠳᠤᠭᠠᠷ ᠵᠦᠢᠯ ᠳᠤ ᠲᠣᠭᠲᠠᠭᠠᠭᠰᠠᠨ | ᠵᠣᠭᠤᠰ ᠢᠶᠠᠷ ᠲᠣᠷᠭᠠᠬᠤ ᠳᠤ᠂ ᠵᠣᠭᠤᠰ ᠤᠨ ᠲᠤᠭ᠎ᠠ ᠨᠢ 5 ᠲᠦᠮᠡᠨ ᠲᠥᠭᠦᠷᠢᠭ ᠠᠴᠠ ᠳᠡᠭᠡᠭᠰᠢ 25 ᠲᠦᠮᠡᠨ | ᠲᠥᠭᠦᠷᠢᠭ ᠠᠴᠠ ᠳᠣᠭᠤᠭᠰᠢ᠃ | ᠵᠢᠷᠠᠨ ᠳᠣᠯᠣᠳᠤᠭᠠᠷ ᠵᠦᠢᠯ᠂ ᠬᠤᠳᠠᠯᠳᠤᠨ ᠠᠪᠬᠤ ᠬᠥᠮᠦᠨ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ | ᠪᠠᠶᠢᠪᠠᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ | ᠵᠠᠯᠠᠷᠠᠭᠤᠯᠤᠭᠤᠯᠵᠤ᠂ ᠰᠡᠷᠡᠮᠵᠢ ᠥᠭᠬᠦ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠦᠨ ᠪᠣᠯᠤᠨ | ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠢ ᠨᠢ ᠬᠠᠤᠯᠢ ᠶᠣᠰᠣᠭᠠᠷ ᠰᠢᠳᠬᠡᠯ ᠥᠭᠬᠦ ᠶᠢᠨ ᠬᠠᠮᠲᠤ | ᠨᠡᠶᠢᠲᠡ ᠳᠤ ᠵᠠᠷᠯᠠᠨ᠎ᠠ᠄ | ︵ᠨᠢᠭᠡ︶ ᠲᠣᠭᠲᠠᠭᠠᠯ ᠶᠣᠰᠣᠭᠠᠷ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠶᠢ ᠬᠡᠷᠡᠭᠵᠢᠭᠦᠯᠬᠦ ᠲᠥᠯᠥᠪᠯᠡᠭᠡ ᠶᠢ | ᠨᠠᠶᠢᠷᠠᠭᠤᠯᠤᠨ ᠵᠣᠬᠢᠶᠠᠬᠰᠡᠨ ᠦᠭᠡᠢ ᠪᠤᠶᠤ ᠲᠣᠭᠲᠠᠭᠠᠯ ᠶᠣᠰᠣᠭᠠᠷ ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠶᠢᠨ | ᠬᠡᠷᠡᠭᠵᠢᠭᠦᠯᠬᠦ ᠲᠥᠯᠥᠪᠯᠡᠭᠡ ᠶᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠲᠤ ᠮᠡᠳᠡᠭᠦᠯᠵᠦ ᠳᠠᠩᠰᠠᠯᠠᠭᠤᠯᠬᠤ ᠦᠭᠡᠢ︔ | ︵ᠬᠤᠶᠠᠷ︶ ᠢᠯᠡ ᠪᠠᠷ ᠳᠠᠭᠠᠭᠠᠴᠢᠯᠠᠯᠲᠠ ᠵᠠᠷᠯᠠᠬᠤ ᠶᠣᠰᠣᠲᠠᠶ ᠵᠦᠢᠯᠡᠰ ᠢ ᠬᠡᠰᠡᠭᠯᠡᠵᠦ ᠰᠠᠯᠭᠠᠬᠤ ᠡᠰᠡᠬᠦᠯ᠎ᠡ ᠪᠤᠰᠤᠳ | ᠶᠠᠮᠠᠷᠪᠠ ᠬᠡᠯᠪᠡᠷᠢ ᠶᠢ ᠬᠡᠷᠡᠭᠯᠡᠵᠦ ᠪᠠᠶᠢᠭᠠᠳ ᠢᠯᠡ ᠪᠠᠷ ᠳᠠᠭᠠᠭᠠᠴᠢᠯᠠᠯᠲᠠ ᠵᠠᠷᠯᠠᠬᠤ ᠠᠴᠠ ᠵᠠᠶᠢᠯᠠᠰᠬᠢᠬᠦ︔ | ︵ᠭᠤᠷᠪᠠ︶ ᠲᠣᠭᠲᠠᠭᠠᠯ ᠶᠣᠰᠣᠭᠠᠷ ᠳᠠᠭᠠᠭᠠᠴᠢᠯᠠᠯᠲᠠ ᠦᠨᠡᠯᠡᠬᠦ ᠺᠣᠮᠢᠰ᠂ ᠥᠷᠢᠰᠥᠯᠳᠦᠭᠡᠨ ᠤ ᠴᠢᠨᠠᠷᠲᠠᠢ | ᠬᠡᠯᠡᠯᠴᠡᠭᠡ ᠬᠢᠬᠦ ᠳᠤᠭᠤᠶᠢᠯᠠᠩ ᠪᠤᠶᠤ ᠦᠨ᠎ᠡ ᠯᠠᠪᠯᠠᠬᠤ ᠳᠤᠭᠤᠶᠢᠯᠠᠩ ᠶᠢᠨ ᠲᠠᠨᠢᠯᠴᠠᠭᠤᠯᠤᠭᠰᠠᠨ ᠳᠠᠭᠠᠭᠠᠴᠢᠯᠠᠯᠲᠠ | ᠤᠯᠬᠤ ᠪᠤᠶᠤ ᠮᠠᠶᠢᠮᠠᠶ ᠪᠦᠲᠦᠬᠦ ᠵᠢᠱᠢᠭᠳᠡᠭᠰᠡᠳ ᠤᠨ ᠳᠣᠲᠣᠷ᠎ᠠ ᠠᠴᠠ ᠳᠠᠭᠠᠭᠠᠴᠢᠯᠠᠯᠲᠠ ᠣᠯᠤᠭᠰᠠᠨ ᠪᠤᠶᠤ ᠠᠷᠠᠯᠵᠢᠶ᠎ᠠ | ᠪᠦᠲᠦᠭᠰᠡᠨ ᠬᠠᠩᠭᠠᠯᠭ᠎ᠠ ᠶᠢᠨ ᠬᠤᠳᠠᠯᠳᠤᠭᠠᠴᠢᠨ ᠢ ᠳᠣᠬᠳᠠᠭᠠᠬᠰᠡᠨ ᠦᠭᠡᠢ︔ | ︵ᠳᠥᠷᠪᠡ︶ ᠬᠤᠳᠠᠯᠳᠤᠨ ᠠᠪᠬᠤ ᠠᠵᠢᠯᠯᠠᠭ᠎ᠠ ᠶᠢᠨ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠤᠴᠢᠷ | ᠶᠠᠪᠤᠳᠠᠯ ᠤᠨ ᠶᠣᠰᠣᠭᠠᠷ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ ᠶᠢ ᠳᠣᠬᠳᠠᠭᠠᠭᠰᠠᠨ ᠦᠭᠡᠢ︔ | ︵ᠲᠠᠪᠤ︶ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ ᠶᠢ ᠭᠦᠢᠴᠡᠳᠬᠡᠬᠦ ᠶᠠᠪᠤᠴᠠ ᠳᠤ ᠭᠡᠷ᠎ᠡ ᠶᠢᠨ | ᠬᠠᠷᠠᠯᠲᠠ ᠯᠤᠭ᠎ᠠ ᠠᠳᠠᠯᠢ ᠪᠠᠷᠠᠭ᠎ᠠ᠂ ᠪᠠᠷᠢᠯᠭ᠎ᠠ ᠶᠢᠨ ᠠᠵᠢᠯ ᠪᠤᠶᠤ ᠦᠢᠯᠡᠴᠢᠯᠡᠭᠡ ᠶᠢ ᠬᠤᠳᠠᠯᠳᠤᠨ ᠠᠪᠬᠤ | ᠵᠣᠭᠤᠰ ᠤᠨ ᠲᠤᠭ᠎ᠠ ᠨᠢ ᠤᠤᠯ ᠭᠡᠷ᠎ᠡ ᠳᠠᠬᠢ ᠬᠤᠳᠠᠯᠳᠤᠨ ᠠᠪᠬᠤ ᠮᠥᠩᠭᠦ ᠶᠢᠨ ᠬᠢᠨᠢ ᠲᠣᠭᠠᠨ ᠤ ᠵᠠᠭᠤᠨ ᠤ | ᠠᠷᠪᠠ ᠠᠴᠠ ᠬᠡᠲᠦᠷᠡᠭᠰᠡᠨ︔ | ︵ᠵᠢᠷᠭᠤᠭ᠎ᠠ︶ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ ᠶᠢ ᠳᠤᠷ᠎ᠠ ᠪᠠᠷ ᠢᠶᠠᠨ ᠬᠤᠪᠢᠷᠠᠭᠤᠯᠬᠤ᠂ | ᠲᠤᠷᠭᠤᠨ ᠵᠣᠭᠰᠣᠭᠠᠬᠤ ᠪᠤᠶᠤ ᠳᠠᠭᠤᠰᠬᠠᠬᠤ︔ | ︵ᠲᠤᠯᠤᠭ᠎ᠠ︶ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ ᠶᠢ ᠲᠣᠭᠲᠠᠭᠠᠯ ᠶᠣᠰᠣᠭᠠᠷ ᠵᠠᠷᠯᠠᠨ ᠨᠡᠶᠢᠲᠡᠯᠡᠬᠦ | ᠦᠭᠡᠢ︔ | ︵ᠨᠠᠢᠮᠠ︶ ᠲᠣᠭᠲᠠᠭᠠᠯ ᠤᠨ ᠬᠤᠭᠤᠴᠠᠭ᠎ᠠ ᠶᠣᠰᠣᠭᠠᠷ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ ᠶᠢᠨ | ᠬᠠᠭᠤᠯᠪᠤᠷᠢ ᠳᠡᠪᠲᠡᠷ ᠢ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠤ ᠡᠳ᠋ ᠤᠨ ᠵᠠᠰᠠᠭ ᠤᠨ ᠰᠠᠯᠠᠭ᠎ᠠ | ᠮᠥᠴᠢᠷ ᠪᠠ ᠬᠤᠯᠪᠣᠭᠳᠠᠯ ᠪᠦᠬᠦᠢ ᠰᠠᠯᠠᠭ᠎ᠠ ᠮᠥᠴᠢᠷ ᠲᠤ ᠮᠡᠳᠡᠭᠦᠯᠵᠦ ᠳᠠᠩᠰᠠᠯᠠᠭᠤᠯᠬᠤ ᠦᠭᠡᠢ᠃ | ᠵᠢᠷᠠᠨ ᠨᠠᠢᠮᠠᠳᠤᠭᠠᠷ ᠵᠦᠢᠯ᠂ ᠬᠤᠳᠠᠯᠳᠤᠨ ᠠᠪᠤᠭᠴᠢ᠂ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ | ᠪᠠᠶᠢᠭᠤᠯᠤᠮᠵᠢ ᠳᠤ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠵᠠᠰᠠᠭ ᠤᠨ ᠣᠷᠳᠣᠨ ᠤ | ᠬᠤᠳᠠᠯᠳᠤᠨ ᠠᠪᠬᠤ ᠬᠠᠤᠯᠢ ᠶᠢᠨ ᠳᠠᠯᠠᠨ ᠨᠢᠭᠡᠳᠦᠭᠡᠷ ᠵᠦᠢᠯ᠂ ᠳᠠᠯᠠᠨ ᠨᠠᠢᠮᠠᠳᠤᠭᠠᠷ ᠵᠦᠢᠯ ᠤᠨ ᠲᠣᠭᠲᠠᠭᠠᠯ | ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠄ | ︵ᠨᠢᠭᠡ︶ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠪᠠ ᠲᠣᠰ ᠲᠥᠷᠢᠮ ᠳᠤ ᠲᠣᠭᠲᠠᠭᠠᠭᠰᠠᠨ | ᠬᠤᠳᠠᠯᠳᠤᠨ ᠠᠪᠬᠤ ᠠᠷᠭ᠎ᠠ ᠮᠠᠶ᠋ᠢᠭ ᠤᠨ ᠶᠣᠰᠣᠭᠠᠷ ᠬᠡᠷᠡᠭᠵᠢᠭᠦᠯᠦᠭᠰᠡᠨ ᠦᠭᠡᠢ︔ | ︵ᠬᠤᠶᠠᠷ︶ ᠵᠠᠰᠠᠭ ᠤᠨ ᠣᠷᠳᠣᠨ ᠤ ᠬᠤᠳᠠᠯᠳᠤᠨ ᠠᠪᠬᠤ ᠲᠥᠷᠥᠯ ᠵᠦᠢᠯ ᠤᠨ ᠮᠡᠳᠡᠭᠡ ᠵᠠᠩᠭᠢ ᠶᠢ ᠬᠠᠤᠯᠢ | ᠶᠣᠰᠣᠭᠠᠷ ᠵᠢᠭᠠᠨ ᠲᠣᠭᠲᠠᠭᠠᠭᠰᠠᠨ ᠵᠠᠭᠤᠴᠢᠯᠠᠭᠤᠷ ᠳᠡᠭᠡᠷ᠎ᠡ ᠨᠡᠶᠢᠲᠡᠯᠡᠬᠦ ᠦᠭᠡᠢ︔ | ︵ᠭᠤᠷᠪᠠ︶ ᠲᠣᠭᠲᠠᠭᠠᠯ ᠶᠣᠰᠣᠭᠠᠷ ᠵᠠᠰᠠᠭ ᠤᠨ ᠣᠷᠳᠣᠨ ᠤ ᠬᠤᠳᠠᠯᠳᠤᠨ ᠠᠪᠬᠤ ᠲᠦᠷᠦ ᠶᠢᠨ ᠪᠤᠳᠤᠯᠭ᠎ᠠ ᠶᠢ | ᠬᠡᠷᠡᠭᠵᠢᠭᠦᠯᠬᠦ ᠦᠭᠡᠢ︔ | ︵ᠲᠦᠷᠪᠡ︶ ᠲᠤᠰ ᠳᠦᠷᠢᠮ ᠤᠨ ᠠᠷᠪᠠᠨ ᠲᠠᠪᠤᠳᠤᠭᠠᠷ ᠵᠦᠢᠯ ᠤᠨ ᠲᠣᠭᠲᠠᠭᠠᠯ ᠢ ᠵᠦᠷᠢᠴᠡᠭᠰᠡᠨ ᠠᠴᠠ | ᠬᠠᠩᠭᠠᠭᠴᠢ ᠬᠤᠳᠠᠯᠳᠤᠭᠠᠴᠢᠨ ᠤ ᠭᠡᠷ᠎ᠡ ᠶᠢ ᠭᠦᠢᠴᠡᠳᠬᠡᠭᠰᠡᠨ ᠪᠠᠶᠢᠳᠠᠯ ᠳᠤ ᠵᠣᠬᠢᠶᠠᠨ ᠪᠠᠶᠢᠭᠤᠯᠣᠨ ᠰᠢᠯᠭᠠᠨ | ᠠᠪᠬᠤ ᠶᠢᠨ ᠠᠷᠭ᠎ᠠ ᠦᠭᠡᠢ ᠪᠣᠯᠣᠬᠰᠡᠨ ᠪᠤᠶᠤ ᠤᠯᠤᠰ ᠤᠨ ᠡᠳ᠋ ᠬᠦᠷᠦᠩᠭᠡ ᠳᠤ ᠬᠤᠬᠢᠷᠠᠯ ᠤᠴᠠᠷᠠᠭᠤᠯᠤᠭᠰᠠᠨ︔ | ︵ᠲᠠᠪᠤ︶ ᠬᠠᠤᠯᠢ ᠶᠣᠰᠣᠭᠠᠷ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠬᠢᠨᠠᠨ ᠲᠣᠭᠲᠠᠭᠠᠬᠤ ᠲᠤᠰᠬᠠᠶ | ᠮᠡᠷᠭᠡᠵᠢᠯᠲᠡᠨ ᠤ ᠬᠥᠮᠥᠷᠭᠡ ᠠᠴᠠ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠢ ᠲᠠᠲᠠᠨ ᠠᠪᠣᠬᠰᠡᠨ ᠦᠭᠡᠢ︔ | ︵ᠵᠢᠷᠭᠤᠭ᠎ᠠ︶ ᠬᠤᠳᠠᠯᠳᠤᠨ ᠠᠪᠬᠤ ᠶᠢ ᠬᠢᠨᠠᠨ ᠲᠣᠭᠲᠠᠭᠠᠬᠤ ᠠᠵᠢᠯᠯᠠᠭ᠎ᠠ ᠳᠤ ᠬᠠᠤᠯᠢ ᠪᠤᠰᠤ ᠪᠠᠷ ᠭᠠᠷ ᠲᠦᠷᠦᠭᠦ︔ | | ︵ᠲᠤᠯᠤᠭ᠎ᠠ︶ ᠶᠡᠷᠦᠩᠬᠡᠶᠢᠯᠡᠨ ᠬᠤᠪᠢ ᠦᠨᠡᠯᠡᠬᠦ ᠠᠷᠭ᠎ᠠ ᠶᠢ ᠬᠡᠷᠡᠭᠯᠡᠬᠦ ᠦᠶ᠎ᠡ ᠳᠤ ᠬᠢᠨᠠᠨ ᠳᠣᠬᠳᠠᠭᠠᠬᠤ | ᠪᠠᠷᠢᠮᠵᠢᠶ᠎ᠠ ᠳᠠᠬᠢ ᠬᠤᠪᠢ ᠶᠢᠨ ᠳᠣᠬᠢᠷᠠᠭᠤᠯᠭ᠎ᠠ ᠪᠠ ᠬᠢᠨᠠᠨ ᠲᠣᠭᠲᠠᠭᠠᠬᠤ ᠬᠦᠴᠦᠨ ᠵᠦᠢᠯ ᠤᠨ ᠬᠡᠮᠵᠢᠶᠡᠵᠢᠭᠦᠯᠦᠭᠰᠡᠨ | ᠭᠦᠢᠴᠡᠳᠬᠡᠯ ᠲᠤᠭ᠎ᠠ ᠲᠠᠢ ᠬᠠᠷᠢᠴᠠᠩᠭᠤᠶ ᠪᠢᠰᠢ︔ | ︵ᠨᠠᠢᠮᠠ︶ ᠬᠠᠩᠭᠠᠭᠴᠢ ᠬᠤᠳᠠᠯᠳᠤᠭᠠᠴᠢᠨ ᠤ ᠯᠠᠪᠯᠠᠨ ᠠᠰᠠᠭᠤᠬᠤ᠂ ᠰᠡᠵᠢᠭᠯᠡᠯᠲᠡ ᠶᠢ ᠬᠤᠭᠤᠴᠠᠭ᠎ᠠ ᠬᠡᠲᠦᠷᠡᠭᠰᠡᠨ | ᠪᠠᠶᠢᠲᠠᠯ᠎ᠠ ᠰᠢᠢᠳᠪᠦᠷᠢᠯᠡᠭᠰᠡᠨ ᠦᠭᠡᠢ︔ | ︵ᠶᠢᠰᠦ︶ ᠶᠠᠩᠵᠦ ᠪᠦᠲᠦᠭᠡᠭᠳᠡᠬᠦᠨ ᠢ ᠪᠠᠶᠢᠴᠠᠭᠠᠨ ᠰᠢᠯᠭᠠᠬᠤ᠂ ᠬᠠᠩᠭᠠᠯᠭ᠎ᠠ ᠶᠢᠨ ᠬᠤᠳᠠᠯᠳᠤᠭᠠᠴᠢᠨ ᠢ ᠰᠢᠯᠭᠠᠨ | ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠦᠨᠡᠯᠡᠨ ᠬᠢᠨᠠᠭᠰᠠᠨ ᠦᠷ᠎ᠡ ᠳ᠋ᠦᠩ ᠢ ᠬᠤᠪᠢᠷᠠᠭᠤᠯᠬᠤ︔ | ︵ᠠᠷᠪᠠ︶ ᠲᠣᠭᠲᠠᠭᠠᠯ ᠶᠣᠰᠣᠭᠠᠷ ᠵᠣᠬᠢᠶᠠᠨ ᠪᠠᠶᠢᠭᠤᠯᠵᠤ ᠬᠠᠩᠭᠠᠭᠴᠢ ᠬᠤᠳᠠᠯᠳᠤᠭᠠᠴᠢᠨ ᠤ ᠭᠡᠷ᠎ᠡ ᠶᠢ | ᠭᠦᠢᠴᠡᠳᠬᠡᠭᠰᠡᠨ ᠪᠠᠶᠢᠳᠠᠯ ᠢ ᠰᠢᠯᠭᠠᠨ ᠠᠪᠣᠬᠰᠡᠨ ᠦᠭᠡᠢ᠃ | ᠵᠢᠷᠠ ᠶᠢᠰᠦᠳᠦᠭᠡᠷ ᠵᠦᠢᠯ᠂ ᠲᠥᠪᠯᠡᠷᠡᠭᠦᠯᠦᠨ ᠬᠤᠳᠠᠯᠳᠤᠨ ᠠᠪᠬᠤ ᠪᠠᠶᠢᠭᠤᠯᠤᠮᠵᠢ ᠳᠣᠣᠷ᠎ᠠ ᠵᠢᠭᠰᠠᠭᠠᠭᠰᠠᠨ | ᠪᠠᠶᠢᠳᠠᠯ ᠤᠳ ᠤᠨ ᠨᠢᠭᠡ ᠨᠢ ᠪᠠᠶᠢᠪᠠᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠵᠠᠷᠯᠢᠭᠳᠠᠵᠤ ᠪᠠᠶᠢᠭᠠᠳ | ᠬᠤᠭᠤᠴᠠᠭ᠎ᠠ ᠲᠣᠭᠲᠠᠭᠠᠨ ᠵᠠᠯᠠᠷᠠᠭᠤᠯᠤᠭᠤᠯᠵᠤ᠂ ᠰᠡᠷᠡᠮᠵᠢ ᠥᠭᠭᠦᠨ᠎ᠡ᠂ ᠬᠠᠤᠯᠢ ᠶᠢ ᠵᠥᠷᠢᠴᠡᠵᠦ ᠣᠯᠵᠠ ᠠᠰᠢᠭ | ᠣᠯᠤᠭᠰᠠᠨ ᠪᠠᠶᠢᠪᠠᠯ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠠᠵᠤ ᠠᠪᠴᠦ᠂ ᠰᠢᠭᠤᠳ | ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠦᠨ ᠪᠤᠶᠤ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ | ᠬᠠᠤᠯᠢ ᠶᠣᠰᠣᠭᠠᠷ ᠰᠢᠳᠬᠡᠯ ᠥᠭᠬᠦ ᠪᠠᠷ ᠨᠡᠶᠢᠯᠡᠭᠦᠯᠦᠨ ᠰᠢᠳᠬᠡᠵᠦ᠂ ᠪᠠᠶᠢᠳᠠᠯ ᠢ ᠮᠡᠳᠡᠭᠳᠡᠨ᠎ᠡ᠄ | ︵ᠨᠢᠭᠡ︶ ᠳᠣᠲᠣᠭᠠᠳᠤ ᠶᠢᠨ ᠬᠢᠨᠠᠯᠲᠠ ᠬᠠᠮᠢᠶᠠᠷᠤᠯᠲᠠ ᠶᠢᠨ ᠲᠦᠷᠢᠮ ᠨᠢ ᠲᠡᠭᠦᠯᠳᠡᠷ ᠪᠤᠰᠤ᠂ ᠬᠠᠤᠯᠢ ᠶᠣᠰᠣᠭᠠᠷ | ᠲᠤᠰ ᠲᠤᠰ ᠲᠤᠨᠢ ᠬᠤᠪᠢᠶᠠᠨ ᠪᠠᠶᠢᠭᠤᠯᠬᠤ᠂ ᠰᠠᠯᠭᠠᠬᠤ ᠠᠵᠢᠯ ᠤᠨ ᠪᠠᠶᠢᠷᠢ᠂ ᠬᠥᠮᠦᠰ ᠢ ᠲᠤᠰ ᠲᠤᠰ ᠲᠤᠨᠢ | ᠬᠤᠪᠢᠶᠠᠨ ᠪᠠᠶᠢᠭᠤᠯᠣᠨ ᠰᠠᠯᠭᠠᠬᠰᠡᠨ ᠦᠭᠡᠢ︔ | ︵ᠬᠤᠶᠠᠷ︶ ᠲᠥᠪᠯᠡᠷᠡᠭᠦᠯᠦᠨ ᠬᠤᠳᠠᠯᠳᠤᠨ ᠠᠪᠠᠨ᠋ᠥ ᠲᠥᠷᠥᠯ ᠵᠦᠢᠯ ᠢ ᠪᠤᠰᠤᠳ ᠬᠤᠳᠠᠯᠳᠤᠨ ᠠᠪᠬᠤ ᠶᠢ ᠣᠷᠣᠯᠠᠨ | ᠭᠦᠢᠴᠡᠳᠬᠡᠬᠦ ᠪᠠᠶᠢᠭᠤᠯᠤᠮᠵᠢ ᠳᠤ ᠨᠠᠶᠢᠳᠠᠵᠦ ᠬᠤᠳᠠᠯᠳᠤᠨ ᠠᠪᠬᠤ︔ | ︵ᠭᠤᠷᠪᠠ︶ ᠠᠰᠢᠭ ᠬᠤᠨᠵᠢᠪᠣᠷᠢ ᠤᠯᠬᠤ ᠠᠵᠢᠯᠯᠠᠭ᠎ᠠ ᠬᠢᠬᠦ᠃ | ᠳᠠᠯᠠᠳᠤᠭᠠᠷ ᠵᠦᠢᠯ᠂ ᠬᠤᠳᠠᠯᠳᠤᠨ ᠠᠪᠬᠤ ᠠᠵᠢᠯᠲᠠᠳ ᠪᠣᠯᠣᠨ ᠬᠠᠩᠭᠠᠭᠴᠢ ᠬᠤᠳᠠᠯᠳᠤᠭᠠᠴᠢᠨ ᠠᠰᠢᠭ ᠬᠤᠣᠷ ᠤᠨ | ᠬᠠᠷᠢᠴᠠᠭ᠎ᠠ ᠲᠠᠢ ᠪᠠᠶᠢᠬᠤ ᠶᠢᠨ ᠤᠯᠠᠮ ᠠᠴᠠ ᠬᠠᠤᠯᠢ ᠶᠣᠰᠣᠭᠠᠷ ᠵᠠᠶᠢᠯᠠᠬᠤ ᠦᠭᠡᠢ ᠪᠠᠶᠢᠪᠠᠯ᠂ ᠡᠳ᠋ ᠤᠨ ᠵᠠᠰᠠᠭ ᠤᠨ | ᠰᠠᠯᠠᠭ᠎ᠠ ᠮᠥᠴᠢᠷ ᠠᠴᠠ ᠰᠡᠷᠡᠮᠵᠢ ᠥᠭᠴᠦ᠂ 2000 ᠲᠥᠭᠦᠷᠢᠭ ᠠᠴᠠ ᠳᠡᠭᠡᠭᠰᠢ 2 ᠲᠦᠮᠡᠨ ᠲᠥᠭᠦᠷᠢᠭ ᠠᠴᠠ | ᠳᠣᠭᠤᠭᠰᠢ ᠵᠣᠭᠤᠰ ᠢᠶᠠᠷ ᠲᠣᠷᠭᠠᠬᠤ ᠪᠠᠷ ᠰᠢᠳᠬᠡᠨ᠎ᠡ᠃ | ᠲᠡᠯᠡᠠ ᠨᠢᠭᠡᠳᠦᠭᠡᠷ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠳᠠᠯᠠᠨ ᠨᠢᠭᠡᠳᠦᠭᠡᠷ ᠵᠦᠢᠯ᠂ | ᠳᠠᠯᠠᠨ ᠬᠤᠶᠠᠳᠤᠭᠠᠷ ᠵᠦᠢᠯ ᠳᠤ ᠲᠣᠭᠲᠠᠭᠠᠭᠰᠠᠨ ᠬᠠᠤᠯᠢ ᠶᠢ ᠵᠥᠷᠢᠴᠡᠭᠰᠡᠨ ᠠᠵᠢᠯᠯᠠᠭ᠎ᠠ ᠶᠢᠨ ᠨᠢᠭᠡ ᠨᠢ ᠪᠠᠶᠢᠵᠤ᠂ | ᠳᠠᠭᠠᠭᠠᠴᠢᠯᠠᠯᠲᠠ ᠣᠯᠬᠤ᠂ ᠮᠠᠶᠢᠮᠠᠶ ᠪᠦᠲᠦᠬᠦ ᠦᠷ᠎ᠡ ᠳ᠋ᠦᠩ ᠢ ᠨᠥᠯᠥᠭᠡᠯᠡᠬᠦ ᠪᠤᠶᠤ ᠨᠥᠯᠥᠭᠡᠯᠡᠵᠦ ᠮᠡᠳᠡᠬᠦ ᠪᠠᠶᠢᠪᠠᠯ | ᠳᠣᠣᠷ᠎ᠠ ᠵᠢᠭᠰᠠᠭᠠᠭᠰᠠᠨ ᠲᠣᠭᠲᠠᠭᠠᠯ ᠶᠣᠰᠣᠭᠠᠷ ᠰᠢᠢᠳᠪᠦᠷᠢᠯᠡᠵᠦ ᠪᠣᠯᠤᠨ᠎ᠠ᠄ | ︵ᠨᠢᠭᠡ︶ ᠳᠠᠭᠠᠭᠠᠴᠢᠯᠠᠯᠲᠠ ᠣᠯᠤᠭᠰᠠᠨ ᠪᠤᠶᠤ ᠠᠷᠠᠯᠵᠢᠶ᠎ᠠ ᠪᠦᠲᠦᠭᠰᠡᠨ ᠬᠠᠩᠭᠠᠯᠭ᠎ᠠ ᠶᠢᠨ ᠬᠤᠳᠠᠯᠳᠤᠭᠠᠴᠢᠨ ᠢ | ᠲᠣᠭᠲᠠᠭᠠᠭᠠᠳᠤᠢ ᠪᠠᠶᠢᠪᠠᠯ᠂ ᠲᠣᠰ ᠤᠳᠠᠭᠠᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ | ᠳᠠᠭᠤᠰᠬᠠᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠳᠠᠬᠢᠨ ᠰᠢᠨ᠎ᠡ ᠪᠠᠷ ᠦᠷᠨᠢᠭᠦᠯᠦᠨ᠎ᠡ᠃ | | ︵ᠬᠤᠶᠠᠷ︶ ᠳᠠᠭᠠᠭᠠᠴᠢᠯᠠᠯᠲᠠ ᠶᠢ ᠤᠯᠬᠤ ᠪᠤᠶᠤ ᠮᠠᠶᠢᠮᠠᠶ ᠪᠦᠲᠦᠭᠰᠡᠨ ᠬᠠᠩᠭᠠᠭᠴᠢ ᠬᠤᠳᠠᠯᠳᠤᠭᠠᠴᠢᠨ ᠢ ᠨᠢᠭᠡᠨᠲᠡ | ᠲᠣᠭᠲᠠᠭᠠᠭᠰᠠᠨ ᠪᠣᠯᠪᠠᠴᠤ ᠬᠠᠷᠠᠬᠠᠨ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ ᠵᠢᠷᠣᠬᠰᠡᠨ ᠦᠭᠡᠢ | ᠪᠠᠶᠢᠪᠠᠯ᠂ ᠳᠠᠭᠠᠭᠠᠴᠢᠯᠠᠯᠲᠠ ᠶᠢ ᠤᠯᠬᠤ ᠪᠤᠶᠤ ᠮᠠᠶᠢᠮᠠᠶ ᠪᠦᠲᠦᠭᠰᠡᠨ ᠦᠷ᠎ᠡ ᠳ᠋ᠦᠩ ᠨᠢ ᠬᠦᠴᠦᠨ ᠦᠭᠡᠢ᠂ ᠬᠢᠷᠢ | ᠲᠡᠩᠴᠡᠭᠰᠡᠨ ᠳᠠᠭᠠᠭᠠᠴᠢᠯᠠᠯᠲᠠ ᠤᠯᠬᠤ ᠪᠤᠶᠤ ᠮᠠᠶᠢᠮᠠᠶ ᠪᠦᠲᠦᠬᠦ ᠵᠢᠱᠢᠭᠳᠡᠭᠰᠡᠳ ᠤᠨ ᠳᠣᠲᠣᠷ᠎ᠠ ᠠᠴᠠ ᠥᠭᠡᠷ᠎ᠡ | ᠳᠠᠭᠠᠭᠠᠴᠢᠯᠠᠯᠲᠠ ᠶᠢ ᠤᠯᠬᠤ ᠪᠤᠶᠤ ᠮᠠᠶᠢᠮᠠᠶ ᠪᠦᠲᠦᠭᠰᠡᠨ ᠬᠠᠩᠭᠠᠭᠴᠢ ᠬᠤᠳᠠᠯᠳᠤᠭᠠᠴᠢᠨ ᠢ ᠲᠣᠭᠲᠠᠭᠠᠵᠤ ᠪᠣᠯᠤᠨ᠎ᠠ︔ | ᠬᠢᠷᠢ ᠲᠡᠩᠴᠡᠭᠰᠡᠨ ᠳᠠᠭᠠᠭᠠᠴᠢᠯᠠᠯᠲᠠ ᠤᠯᠬᠤ ᠪᠤᠶᠤ ᠮᠠᠶᠢᠮᠠᠶ ᠪᠦᠲᠦᠭᠡᠬᠦ ᠵᠢᠱᠢᠭᠳᠡᠭᠰᠡᠳ ᠦᠭᠡᠢ ᠪᠣᠯ᠂ ᠵᠠᠰᠠᠭ ᠤᠨ | ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠳᠠᠬᠢᠨ ᠰᠢᠨ᠎ᠡ ᠪᠠᠷ ᠦᠷᠨᠢᠭᠦᠯᠦᠨ᠎ᠡ᠃ | ︵ᠭᠤᠷᠪᠠ︶ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ ᠶᠢ ᠨᠢᠭᠡᠨᠲᠡ ᠲᠣᠭᠲᠠᠭᠠᠭᠰᠠᠨ ᠪᠣᠯᠪᠠᠴᠤ | ᠭᠦᠢᠴᠡᠳᠭᠡᠭᠰᠡᠨ ᠦᠭᠡᠢ ᠪᠠᠶᠢᠪᠠᠯ᠂ ᠭᠡᠷ᠎ᠡ ᠶᠢ ᠪᠣᠴᠠᠭᠠᠵᠦ᠂ ᠬᠢᠷᠢ ᠲᠡᠩᠴᠡᠭᠰᠡᠨ ᠳᠠᠭᠠᠭᠠᠴᠢᠯᠠᠯᠲᠠ ᠤᠯᠬᠤ ᠪᠤᠶᠤ | ᠮᠠᠶᠢᠮᠠᠶ ᠪᠦᠲᠦᠬᠦ ᠵᠢᠱᠢᠭᠳᠡᠭᠰᠡᠳ ᠤᠨ ᠳᠣᠲᠣᠷ᠎ᠠ ᠠᠴᠠ ᠳᠠᠭᠠᠭᠠᠴᠢᠯᠠᠯᠲᠠ ᠶᠢ ᠤᠯᠬᠤ ᠪᠤᠶᠤ ᠮᠠᠶᠢᠮᠠᠶ ᠪᠦᠲᠦᠭᠰᠡᠨ | ᠬᠠᠩᠭᠠᠭᠴᠢ ᠬᠤᠳᠠᠯᠳᠤᠭᠠᠴᠢᠨ ᠢ ᠠᠰ ᠲᠤᠨᠢ ᠲᠣᠭᠲᠠᠭᠠᠨ᠎ᠠ︔ ᠬᠢᠷᠢ ᠲᠡᠩᠴᠡᠭᠰᠡᠨ ᠳᠠᠭᠠᠭᠠᠴᠢᠯᠠᠯᠲᠠ ᠤᠯᠬᠤ ᠪᠤᠶᠤ | ᠮᠠᠶᠢᠮᠠᠶ ᠪᠦᠲᠦᠬᠦ ᠵᠢᠱᠢᠭᠳᠡᠭᠰᠡᠳ ᠦᠭᠡᠢ ᠪᠣᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠳᠠᠬᠢᠨ | ᠰᠢᠨ᠎ᠡ ᠪᠠᠷ ᠦᠷᠨᠢᠭᠦᠯᠦᠨ᠎ᠡ᠃ | ︵ᠲᠦᠷᠪᠡ︶ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ ᠶᠢ ᠨᠢᠭᠡᠨᠲᠡ ᠭᠦᠢᠴᠡᠳᠬᠡᠭᠡᠳ᠂ ᠬᠤᠳᠠᠯᠳᠤᠨ | ᠠᠪᠤᠭᠴᠢ᠂ ᠬᠠᠩᠭᠠᠭᠴᠢ ᠬᠤᠳᠠᠯᠳᠤᠭᠠᠴᠢᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠷᠢᠭᠤᠴᠠᠯᠭ᠎ᠠ ᠲᠠᠢ | ᠬᠥᠮᠦᠨ ᠳᠦᠯᠦᠬᠦ ᠬᠠᠷᠢᠭᠤᠴᠠᠯᠭ᠎ᠠ ᠡᠭᠦᠷᠭᠡᠯᠡᠨ᠎ᠡ᠃ | ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢᠨ ᠲᠤᠬᠠᠶ ᠶᠢᠨ ᠬᠥᠮᠦᠨ ᠨᠢ ᠵᠠᠰᠠᠭ ᠤᠨ ᠣᠷᠳᠣᠨ ᠤ | ᠬᠤᠳᠠᠯᠳᠤᠨ ᠠᠪᠬᠤ ᠬᠠᠤᠯᠢ ᠪᠤᠶᠤ ᠲᠤᠰ ᠳᠦᠷᠢᠮ ᠤᠨ ᠲᠣᠭᠲᠠᠭᠠᠯ ᠢ ᠵᠥᠷᠢᠴᠡᠭᠰᠡᠨ ᠪᠤᠰᠤᠳ ᠦᠢᠯᠡ ᠠᠵᠢᠯᠯᠠᠭ᠎ᠠ | ᠪᠠᠶᠢᠵᠦ᠂ ᠵᠠᠯᠠᠷᠠᠭᠤᠯᠵᠦ ᠬᠠᠯᠠᠭᠰᠠᠨ ᠤ ᠰᠡᠭᠦᠯᠡᠷ ᠳᠠᠭᠠᠭᠠᠴᠢᠯᠠᠯᠲᠠ ᠣᠯᠤᠭᠰᠠᠨ᠂ ᠠᠷᠠᠯᠵᠢᠶ᠎ᠠ ᠪᠦᠲᠦᠭᠰᠡᠨ ᠦᠷ᠎ᠡ | ᠳ᠋ᠦᠩ ᠢ ᠮᠥᠨ ᠯᠡ ᠨᠥᠯᠥᠭᠡᠯᠡᠬᠦ ᠪᠤᠶᠤ ᠨᠥᠯᠥᠭᠡᠯᠡᠵᠦ ᠮᠡᠳᠡᠬᠦ ᠪᠤᠶᠤ ᠬᠠᠤᠯᠢ ᠶᠣᠰᠣᠭᠠᠷ ᠳᠠᠭᠠᠭᠠᠴᠢᠯᠠᠯᠲᠠ | ᠣᠯᠤᠭᠰᠠᠨ᠂ ᠠᠷᠠᠯᠵᠢᠶ᠎ᠠ ᠪᠦᠲᠦᠭᠰᠡᠨ ᠶᠠᠪᠤᠳᠠᠯ ᠢ ᠬᠦᠴᠦᠨ ᠦᠭᠡᠢ ᠭᠡᠵᠦ ᠮᠠᠭᠠᠳᠯᠠᠨ ᠳᠣᠬᠳᠠᠭᠠᠪᠠᠯ᠂ ᠪᠠᠶᠢᠪᠠᠯ᠂ | ᠡᠮᠦᠨᠡᠬᠢ ᠪᠠᠳᠠᠭ ᠤᠨ ᠲᠣᠭᠲᠠᠭᠠᠯ ᠶᠣᠰᠣᠭᠠᠷ ᠰᠢᠢᠳᠪᠦᠷᠢᠯᠡᠨ᠎ᠡ᠃ | ᠲᠡᠯᠡᠠ ᠬᠤᠶᠠᠳᠤᠭᠠᠷ ᠵᠦᠢᠯ᠂ ᠬᠠᠩᠭᠠᠯᠭ᠎ᠠ ᠶᠢᠨ ᠬᠤᠳᠠᠯᠳᠤᠭᠠᠴᠢᠨ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ | ᠨᠢ ᠪᠠᠶᠢᠪᠠᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠶᠢᠨ ᠲᠠᠯᠠᠨ ᠳᠣᠯᠣᠳᠤᠭᠠᠷ ᠵᠦᠢᠯ ᠤᠨ | ᠨᠢᠭᠡᠳᠦᠭᠡᠷ ᠪᠠᠳᠠᠭ ᠤᠨ ᠲᠣᠭᠲᠠᠭᠠᠯ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠄ | ︵ᠨᠢᠭᠡ︶ ᠳᠠᠭᠠᠭᠠᠴᠢᠯᠠᠯᠲᠠ ᠦᠨᠡᠯᠡᠬᠦ ᠺᠣᠮᠢᠰ᠂ ᠥᠷᠢᠰᠥᠯᠳᠦᠭᠡᠨ ᠤ ᠴᠢᠨᠠᠷᠲᠠᠢ ᠬᠡᠯᠡᠯᠴᠡᠭᠡ ᠬᠢᠬᠦ ᠳᠤᠭᠤᠶᠢᠯᠠᠩ | ᠪᠤᠶᠤ ᠦᠨ᠎ᠡ ᠯᠠᠪᠯᠠᠬᠤ ᠳᠤᠭᠤᠶᠢᠯᠠᠩ ᠤᠨ ᠪᠦᠷᠢᠯᠳᠦᠬᠦᠨ ᠳᠤ ᠬᠡᠭᠡᠯᠢ ᠲᠦᠯᠬᠢᠬᠦ ᠪᠤᠶᠤ ᠪᠤᠰᠤᠳ ᠵᠦᠢ ᠪᠤᠰᠤ ᠠᠰᠢᠭ | ᠲᠤᠰᠠ ᠬᠠᠩᠭᠠᠬᠤ︔ | ︵ᠬᠤᠶᠠᠷ︶ ᠳᠠᠭᠠᠭᠠᠴᠢᠯᠠᠯᠲᠠ ᠶᠢ ᠤᠯᠬᠤ ᠪᠤᠶᠤ ᠮᠠᠶᠢᠮᠠᠶ ᠪᠦᠲᠦᠭᠰᠡᠨ ᠤ ᠳᠠᠷᠠᠭ᠎ᠠ ᠵᠦᠢ ᠶᠣᠰᠣᠨ ᠤ ᠤᠴᠢᠷ | ᠰᠢᠯᠲᠠᠭᠠᠨ ᠦᠭᠡᠢ ᠪᠠᠷ ᠬᠤᠳᠠᠯᠳᠤᠨ ᠠᠪᠤᠭᠴᠢ ᠲᠠᠢ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ | ᠳᠣᠬᠳᠠᠬᠤ ᠶᠢ ᠳᠡᠪᠴᠢᠬᠦ︔ | ︵ᠭᠤᠷᠪᠠ︶ ᠬᠤᠳᠠᠯᠳᠤᠨ ᠠᠪᠬᠤ ᠠᠵᠢᠯᠯᠠᠭ᠎ᠠ ᠶᠢᠨ ᠪᠢᠴᠢᠭ ᠮᠠᠲ᠋ᠧᠷᠢᠶᠠᠯ ᠳᠤ ᠲᠣᠭᠲᠠᠭᠠᠭᠰᠠᠨ ᠤᠴᠢᠷ | ᠶᠠᠪᠤᠳᠠᠯ ᠤᠨ ᠶᠣᠰᠣᠭᠠᠷ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ ᠳᠣᠬᠳᠠᠬᠰᠡᠨ ᠦᠭᠡᠢ︔ | ︵ᠳᠦᠷᠪᠡ︶ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ ᠶᠢ ᠰᠢᠯᠵᠢᠭᠦᠯᠦᠨ ᠳᠠᠭᠠᠭᠠᠴᠢᠯᠠᠭᠤᠯᠤᠭᠰᠠᠨ︔ | ︵ᠲᠠᠪᠤ︶ ᠬᠤᠳᠠᠯ ᠬᠠᠭᠤᠷᠮᠠᠭ ᠴᠢᠨᠠᠷ ᠮᠠᠭᠤ ᠦᠢᠯᠡᠳᠬᠦᠨ ᠬᠠᠩᠭᠠᠬᠤ︔ | ︵ᠵᠢᠷᠭᠤᠭ᠎ᠠ︶ ᠵᠠᠰᠠᠭ ᠤᠨ ᠣᠷᠳᠣᠨ ᠤ ᠬᠤᠳᠠᠯᠳᠤᠨ ᠠᠪᠬᠤ ᠭᠡᠷ᠎ᠡ ᠶᠢ ᠳᠤᠷ᠎ᠠ ᠪᠠᠷ ᠢᠶᠠᠨ ᠬᠤᠪᠢᠷᠠᠭᠤᠯᠬᠤ᠂ | ᠳᠤᠷᠭᠤᠨ ᠵᠣᠭᠰᠣᠭᠠᠬᠤ ᠪᠤᠶᠤ ᠳᠠᠭᠤᠰᠬᠠᠬᠤ᠃ | ᠬᠠᠩᠭᠠᠯᠭ᠎ᠠ ᠶᠢᠨ ᠬᠤᠳᠠᠯᠳᠤᠭᠠᠴᠢᠨ ᠳᠤ ᠡᠮᠦᠨᠡᠬᠢ ᠪᠠᠳᠠᠭ ᠤᠨ ᠨᠢᠭᠡᠳᠦᠭᠡᠷ ᠵᠤᠷᠪᠤᠰ ᠲᠤ ᠲᠣᠭᠲᠠᠭᠠᠭᠰᠠᠨ | ᠪᠠᠶᠢᠳᠠᠯ ᠲᠠᠢ ᠪᠠᠶᠢᠪᠠᠯ᠂ ᠳᠠᠭᠠᠭᠠᠴᠢᠯᠠᠯᠲᠠ ᠤᠯᠬᠤ ᠂ ᠠᠷᠠᠯᠵᠢᠶ᠎ᠠ ᠪᠦᠲᠦᠭᠰᠡᠨ ᠶᠠᠪᠤᠳᠠᠯ ᠨᠢ ᠬᠦᠴᠦᠨ ᠦᠭᠡᠢ᠃ | ᠬᠢᠨᠠᠨ ᠳᠣᠬᠳᠠᠭᠠᠬᠤ ᠦᠶᠡᠰ ᠲᠤ ᠬᠢᠷᠢ ᠬᠡᠮ ᠳᠤ ᠬᠤᠪᠢᠷᠠᠯᠲᠠ ᠭᠠᠷᠴᠦ᠂ ᠬᠠᠩᠭᠠᠯᠭ᠎ᠠ ᠶᠢᠨ | ᠬᠤᠳᠠᠯᠳᠤᠭᠠᠴᠢᠨ ᠠᠴᠠ ᠳᠤᠰ ᠳᠦᠷᠢᠮ ᠤᠨ ᠬᠤᠷᠢᠨ ᠨᠢᠭᠡᠳᠦᠭᠡᠷ ᠵᠦᠢᠯ ᠤᠨ ᠲᠣᠭᠲᠠᠭᠠᠯ ᠶᠣᠰᠣᠭᠠᠷ ᠬᠤᠳᠠᠯᠳᠤᠨ | ᠠᠪᠬᠤ ᠪᠠ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠳᠤ ᠮᠡᠳᠡᠭᠳᠡᠭᠰᠡᠨ ᠦᠭᠡᠢ ᠪᠠᠶᠢᠪᠠᠯ᠂ | ᠬᠤᠳᠠᠯᠳᠤᠨ ᠠᠪᠬᠤ ᠵᠣᠭᠤᠰ ᠤᠨ ᠲᠤᠭ᠎ᠠ ᠶᠢᠨ 5 ‰ ᠶᠢᠨ ᠵᠣᠭᠤᠰ ᠢᠶᠠᠷ ᠳᠣᠷᠭᠠᠵᠦ᠂ ᠮᠠᠭᠤ ᠤᠢᠢᠯᠡ | ᠠᠵᠢᠯᠯᠠᠭ᠎ᠠ ᠶᠢ ᠲᠡᠮᠳᠡᠭᠯᠡᠬᠦ ᠨᠡᠷᠡᠰ ᠲᠤ ᠵᠢᠭᠰᠠᠭᠠᠵᠤ ᠲᠡᠮᠳᠡᠭᠯᠡᠭᠡᠳ᠂ ᠳᠠᠭᠠᠭᠠᠴᠢᠯᠠᠯᠲᠠ ᠤᠯᠬᠤ᠂ ᠠᠷᠠᠯᠵᠢᠶ᠎ᠠ | ᠪᠦᠲᠦᠭᠰᠡᠨ ᠶᠠᠪᠤᠳᠠᠯ ᠢ ᠬᠦᠴᠦᠨ ᠦᠭᠡᠢ ᠪᠣᠯᠭᠠᠨ᠎ᠠ᠃ | ᠲᠡᠯᠡᠠ ᠭᠤᠷᠪᠠᠳᠤᠭᠠᠷ ᠵᠦᠢᠯ᠂ ᠬᠠᠩᠭᠠᠯᠭ᠎ᠠ ᠶᠢᠨ ᠬᠤᠳᠠᠯᠳᠤᠭᠠᠴᠢᠨ ᠪᠣᠳᠠᠲᠤ ᠬᠡᠷᠡᠭ ᠢ ᠬᠤᠳᠠᠯ ᠢᠶᠠᠷ ᠵᠣᠬᠢᠶᠠᠵᠤ᠂ | ᠬᠤᠳᠠᠯ ᠬᠠᠭᠤᠷᠮᠠᠭ ᠮᠠᠲ᠋ᠧᠷᠢᠶᠠᠯ ᠬᠠᠩᠭᠠᠭᠰᠠᠨ ᠪᠤᠶᠤ ᠬᠠᠤᠯᠢ ᠪᠤᠰᠤ ᠠᠷᠭ᠎ᠠ ᠪᠠᠷᠢᠯ ᠢᠶᠠᠷ ᠭᠡᠷᠡᠴᠢ ᠮᠠᠲ᠋ᠧᠷᠢᠶᠠᠯ ᠣᠯᠵᠦ | ᠵᠠᠭᠠᠯᠳᠤᠯᠭ᠎ᠠ ᠭᠠᠷᠭᠠᠭᠰᠠᠨ ᠪᠠᠶᠢᠪᠠᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠮᠠᠭᠤ ᠤᠢᠢᠯᠡ ᠠᠵᠢᠯᠯᠠᠭ᠎ᠠ ᠶᠢ | ᠲᠡᠮᠳᠡᠭᠯᠡᠬᠦ ᠨᠡᠷᠡᠰ ᠲᠤ ᠵᠢᠭᠰᠠᠭᠠᠵᠤ᠂ 1 ᠠᠴᠠ 3 ᠵᠢᠯ ᠤᠨ ᠳᠣᠲᠣᠷ᠎ᠠ ᠵᠠᠰᠠᠭ ᠤᠨ ᠣᠷᠳᠣᠨ ᠤ ᠬᠤᠳᠠᠯᠳᠤᠨ ᠠᠪᠬᠤ | ᠠᠵᠢᠯᠯᠠᠭ᠎ᠠ ᠳᠤ ᠣᠷᠣᠯᠴᠠᠬᠤ ᠶᠢ ᠴᠠᠭᠠᠵᠠᠯᠠᠨ᠎ᠠ᠃ | ᠳᠠᠯᠠᠨ ᠳᠥᠷᠪᠡᠳᠦᠭᠡᠷ ᠵᠦᠢᠯ᠂ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠵᠦ᠂ ᠮᠠᠭᠤ ᠰᠠᠨᠠᠭ᠎ᠠ ᠲᠠᠢ ᠪᠠᠷ | ᠬᠤᠤᠪᠢᠯᠳᠤᠨ ᠰᠥᠯᠪᠡᠭᠡᠯᠳᠦᠬᠦ ᠳᠤ ᠬᠠᠷᠢᠶᠠᠯᠠᠬᠳᠠᠪᠠᠯ᠂ ᠬᠠᠩᠭᠠᠭᠴᠢ ᠬᠤᠳᠠᠯᠳᠤᠭᠠᠴᠢᠨ ᠳᠤ ᠵᠠᠰᠠᠭ ᠤᠨ ᠣᠷᠳᠣᠨ ᠤ | ᠬᠤᠳᠠᠯᠳᠤᠨ ᠠᠪᠬᠤ ᠬᠠᠤᠯᠢ ᠶᠢᠨ ᠲᠠᠯᠠᠨ ᠳᠣᠯᠣᠳᠤᠭᠠᠷ ᠵᠦᠢᠯ ᠤᠨ ᠨᠢᠭᠡᠳᠦᠭᠡᠷ ᠪᠠᠳᠠᠭ ᠤᠨ ᠲᠣᠭᠲᠠᠭᠠᠯ ᠶᠣᠰᠣᠭᠠᠷ | ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠶ᠂ ᠬᠤᠳᠠᠯᠳᠤᠨ ᠠᠪᠬᠤ ᠬᠥᠮᠦᠨ᠂ ᠬᠤᠳᠠᠯᠳᠤᠨ ᠠᠪᠬᠤ ᠶᠢ | ᠣᠷᠣᠯᠠᠨ ᠭᠦᠢᠴᠡᠳᠬᠡᠬᠦ ᠪᠠᠶᠢᠭᠤᠯᠤᠮᠵᠢ ᠵᠢᠴᠢ ᠲᠡᠭᠦᠨ ᠤ ᠠᠵᠢᠯᠳᠠᠨ ᠳᠤ ᠵᠠᠰᠠᠭ ᠤᠨ ᠣᠷᠳᠣᠨ ᠤ ᠬᠤᠳᠠᠯᠳᠤᠨ | ᠠᠪᠬᠤ ᠬᠠᠤᠯᠢ ᠶᠢᠨ ᠲᠠᠯᠠᠨ ᠬᠤᠶᠠᠳᠤᠭᠠᠷ ᠵᠦᠢᠯ ᠤᠨ ᠲᠣᠭᠲᠠᠭᠠᠯ ᠶᠣᠰᠣᠭᠠᠷ ᠬᠠᠤᠯᠢ ᠶᠢᠨ ᠬᠠᠷᠢᠭᠤᠴᠠᠯᠭ᠎ᠠ | ᠨᠡᠬᠡᠮᠵᠢᠯᠡᠬᠦ ᠬᠡᠷᠡᠭᠲᠡᠶ᠄ | ︵ᠨᠢᠭᠡ︶ ᠬᠠᠩᠭᠠᠭᠴᠢ ᠬᠤᠳᠠᠯᠳᠤᠭᠠᠴᠢᠨ ᠰᠢᠭᠤᠳ ᠪᠤᠶᠤ ᠳᠠᠮ ᠢᠶᠠᠷ ᠬᠤᠳᠠᠯᠳᠤᠨ ᠠᠪᠤᠭᠴᠢ ᠪᠤᠶᠤ ᠬᠤᠳᠠᠯᠳᠤᠨ | ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ ᠠᠴᠠ ᠪᠤᠰᠤᠳ ᠬᠠᠩᠭᠠᠭᠴᠢ ᠬᠤᠳᠠᠯᠳᠤᠭᠠᠴᠢᠨ ᠤ ᠬᠠᠮᠢᠶ᠎ᠠ | ᠪᠦᠬᠦᠢ ᠪᠠᠶᠢᠳᠠᠯ ᠢ ᠮᠡᠳᠡᠵᠦ᠂ ᠲᠡᠭᠦᠨ ᠤ ᠳᠠᠭᠠᠭᠠᠴᠢᠯᠠᠯᠲᠠ ᠳᠤ ᠣᠷᠣᠬᠤ ᠪᠢᠴᠢᠭ ᠮᠠᠲ᠋ᠧᠷᠢᠶᠠᠯ ᠳᠤᠨᠢ ᠵᠠᠰᠠᠪᠤᠷᠢ | ᠣᠷᠣᠭᠤᠯᠬᠤ ᠪᠤᠶᠤ ᠪᠢᠴᠢᠭ ᠮᠠᠲ᠋ᠧᠷᠢᠶᠠᠯ ᠢ ᠨᠦᠯᠦᠭᠡᠯᠡᠬᠦ︔ | ︵ᠬᠤᠶᠠᠷ︶ ᠬᠠᠩᠭᠠᠯᠭ᠎ᠠ ᠶᠢᠨ ᠬᠤᠳᠠᠯᠳᠤᠭᠠᠴᠢᠨ ᠨᠢ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠶᠢ | ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠵᠢᠭᠠᠨ ᠳᠣᠬᠢᠬᠤ ᠪᠠᠷ ᠳᠠᠮᠵᠢᠨ ᠳᠠᠭᠠᠭᠠᠴᠢᠯᠠᠯᠲᠠ ᠳᠤ ᠣᠷᠣᠬᠤ ᠪᠢᠴᠢᠭ | ᠮᠠᠲ᠋ᠧᠷᠢᠶᠠᠯ ᠢ ᠤᠭᠴᠠᠷᠠᠭᠤᠯᠤᠨ ᠰᠣᠯᠢᠵᠤ᠂ ᠵᠠᠰᠠᠪᠤᠷᠢ ᠣᠷᠣᠭᠤᠯᠬᠤ ᠪᠤᠶᠤ ᠪᠢᠴᠢᠭ ᠮᠠᠲ᠋ᠧᠷᠢᠶᠠᠯ ᠢ ᠨᠦᠯᠦᠭᠡᠯᠡᠬᠦ︔ | ︵ᠭᠤᠷᠪᠠ︶ ᠬᠠᠩᠭᠠᠭᠴᠢ ᠬᠤᠳᠠᠯᠳᠤᠭᠠᠴᠢᠨ ᠤ ᠬᠤᠭᠤᠷᠣᠨᠳᠣ ᠪᠠᠨ ᠵᠥᠪᠳᠡᠯᠴᠡᠵᠦ ᠪᠠᠶᠢᠭᠠᠳ ᠦᠨ᠎ᠡ᠂ | ᠮᠡᠷᠭᠡᠵᠢᠯ ᠤᠨ ᠲᠥᠰᠦᠯ ᠵᠡᠷᠭᠡ ᠳᠠᠭᠠᠭᠠᠴᠢᠯᠠᠯᠲᠠ ᠳᠤ ᠣᠷᠣᠬᠤ ᠪᠢᠴᠢᠭ ᠮᠠᠲ᠋ᠧᠷᠢᠶᠠᠯ ᠪᠤᠶᠤ ᠪᠢᠴᠢᠭ ᠮᠠᠲ᠋ᠧᠷᠢᠶᠠᠯ ᠤᠨ | ᠮᠥᠨ ᠴᠢᠨᠠᠷ ᠤᠨ ᠠᠭᠤᠯᠭ᠎ᠠ ᠶᠢ ᠨᠦᠯᠦᠭᠡᠯᠡᠬᠦ︔ | ︵ᠲᠦᠷᠪᠡ︶ ᠠᠳᠠᠯᠢ ᠨᠢᠭᠡᠨ ᠪᠦᠯᠦᠭᠯᠡᠯ᠂ ᠨᠡᠶᠢᠭᠡᠮᠯᠢᠭ᠂ ᠬᠤᠳᠠᠯᠳᠤᠭᠠᠨ ᠤ ᠡᠪᠯᠡᠯ ᠵᠡᠷᠭᠡ ᠵᠣᠬᠢᠶᠠᠨ | ᠪᠠᠶᠢᠭᠤᠯᠤᠯᠲᠠ ᠶᠢᠨ ᠪᠦᠷᠢᠯᠳᠦᠬᠦᠨ ᠤ ᠬᠠᠩᠭᠠᠭᠴᠢ ᠬᠤᠳᠠᠯᠳᠤᠭᠠᠴᠢᠨ ᠨᠢ ᠲᠤᠰ ᠵᠣᠬᠢᠶᠠᠨ ᠪᠠᠶᠢᠭᠤᠯᠤᠯᠲᠠ ᠶᠢᠨ | ᠱᠠᠭᠠᠷᠳᠠᠯᠭ᠎ᠠ ᠪᠠᠷ ᠬᠠᠮᠲᠤᠷᠠᠨ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ ᠣᠷᠣᠯᠴᠠᠬᠤ︔ | ︵ᠲᠠᠪᠤ︶ ᠬᠠᠩᠭᠠᠭᠴᠢ ᠬᠤᠳᠠᠯᠳᠤᠭᠠᠴᠢᠨ ᠤ ᠬᠤᠭᠤᠷᠣᠨᠳᠣ ᠤᠷᠢᠳᠠᠪᠠᠷ ᠶᠠᠮᠠᠷ ᠨᠢᠭᠡᠨ ᠣᠨᠴᠠ ᠲᠣᠭᠲᠠᠭᠰᠠᠨ | ᠬᠠᠩᠭᠠᠭᠴᠢ ᠬᠤᠳᠠᠯᠳᠤᠭᠠᠴᠢᠨ ᠳᠠᠭᠠᠭᠠᠴᠢᠯᠠᠯᠲᠠ ᠣᠯᠬᠤ᠂ ᠮᠠᠶᠢᠮᠠᠢ ᠪᠦᠲᠦᠬᠦ ᠪᠠᠷ ᠪᠣᠯᠵᠣᠨ ᠲᠣᠭᠲᠠᠭᠰᠠᠨ︔ | ︵ᠵᠢᠷᠭᠤᠭ᠎ᠠ︶ ᠬᠠᠩᠭᠠᠭᠴᠢ ᠬᠤᠳᠠᠯᠳᠤᠭᠠᠴᠢᠨ ᠤ ᠬᠤᠭᠤᠷᠣᠨᠳᠣ ᠵᠥᠪᠳᠡᠯᠴᠡᠨ ᠲᠣᠭᠲᠠᠵᠤ᠂ ᠬᠡᠰᠡᠭ | ᠬᠠᠩᠭᠠᠯᠭ᠎ᠠ ᠶᠢᠨ ᠬᠤᠳᠠᠯᠳᠤᠭᠠᠴᠢᠨ ᠨᠢ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠳᠤ | ᠣᠷᠣᠯᠴᠠᠬᠤ ᠶᠢ ᠪᠤᠯᠢᠬᠤ ᠪᠤᠶᠤ ᠳᠠᠭᠠᠭᠠᠴᠢᠯᠠᠯᠲᠠ ᠣᠯᠤᠭᠰᠠᠨ᠂ ᠮᠠᠶᠢᠮᠠᠢ ᠪᠦᠲᠦᠬᠦ ᠶᠢ ᠲᠠᠶᠠᠭᠳᠠᠬᠤ︔ | ︵ᠲᠤᠯᠤᠭ᠎ᠠ︶ ᠬᠠᠩᠭᠠᠯᠭ᠎ᠠ ᠶᠢᠨ ᠬᠤᠳᠠᠯᠳᠤᠭᠠᠴᠢᠨ ᠪᠣᠯᠤᠨ ᠬᠤᠳᠠᠯᠳᠤᠨ ᠠᠪᠤᠭᠴᠢ ᠪᠤᠶᠤ ᠬᠤᠳᠠᠯᠳᠤᠨ ᠠᠪᠬᠤ ᠶᠢ | ᠣᠷᠣᠯᠠᠨ ᠭᠦᠢᠴᠡᠳᠬᠡᠬᠦ ᠪᠠᠶᠢᠭᠤᠯᠤᠮᠵᠢ ᠶᠢᠨ ᠬᠤᠭᠤᠷᠣᠨᠳᠣ᠂ ᠪᠠᠷᠠᠭ᠎ᠠ ᠬᠠᠩᠭᠠᠬᠤ ᠬᠤᠳᠠᠯᠳᠤᠭᠠᠴᠢᠨ ᠨᠢ | ᠬᠤᠭᠤᠷᠣᠨᠳᠣ ᠪᠠᠨ᠂ ᠣᠨᠴᠠ ᠨᠢᠭᠡ ᠬᠠᠩᠭᠠᠭᠴᠢ ᠬᠤᠳᠠᠯᠳᠤᠭᠠᠴᠢᠨ ᠢ ᠳᠠᠭᠠᠭᠠᠴᠢᠯᠠᠯᠲᠠ ᠣᠯᠬᠤ᠂ ᠠᠷᠠᠯᠵᠢᠶ᠎ᠠ | ᠪᠦᠲᠦᠬᠦ ᠶᠢᠨ ᠲᠦᠯᠦᠭᠡ ᠪᠤᠶᠤ ᠪᠤᠰᠤᠳ ᠬᠠᠩᠭᠠᠯᠭ᠎ᠠ ᠶᠢᠨ ᠬᠤᠳᠠᠯᠳᠤᠭᠠᠴᠢᠨ ᠢ ᠭᠦᠳᠬᠡᠨ ᠭᠠᠳᠠᠭᠤᠷᠴᠢᠯᠠᠬᠤ | ᠪᠤᠰᠤᠳ ᠰᠥᠯᠪᠡᠭᠡᠯᠳᠦᠬᠦ ᠦᠢᠯᠡ ᠠᠵᠢᠯᠯᠠᠭ᠎ᠠ᠃ | ᠲᠡᠯᠡᠠ ᠲᠠᠪᠤᠳᠤᠭᠠᠷ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠬᠢᠨᠠᠨ ᠲᠣᠭᠲᠠᠭᠠᠬᠤ | ᠲᠤᠰᠬᠠᠶ ᠮᠡᠷᠭᠡᠵᠢᠯᠲᠡᠨ ᠨᠢ ᠬᠤᠳᠠᠯᠳᠤᠨ ᠠᠪᠬᠤ ᠠᠵᠢᠯᠯᠠᠭ᠎ᠠ ᠶᠢᠨ ᠪᠢᠴᠢᠭ ᠮᠠᠲ᠋ᠧᠷᠢᠶᠠᠯ ᠳᠣᠬᠳᠠᠭᠠᠬᠰᠡᠨ ᠶᠣᠰᠣᠭᠠᠷ | ᠬᠢᠨᠠᠨ ᠲᠣᠭᠲᠠᠭᠠᠬᠤ ᠲᠡᠰ ᠳᠠᠷᠠᠭᠠᠯᠠᠯ᠂ ᠬᠢᠨᠠᠨ ᠳᠣᠬᠳᠠᠭᠠᠬᠤ ᠠᠷᠭ᠎ᠠ ᠪᠣᠯᠤᠨ ᠬᠢᠨᠠᠨ ᠳᠣᠬᠳᠠᠭᠠᠬᠤ ᠪᠠᠷᠢᠮᠵᠢᠶ᠎ᠠ | ᠶᠣᠰᠣᠭᠠᠷ ᠪᠡᠶ᠎ᠡ ᠪᠠᠨ ᠳᠠᠭᠠᠭᠠᠵᠤ ᠬᠢᠨᠠᠨ ᠲᠣᠭᠲᠠᠭᠠᠬᠤ ᠦᠭᠡᠢ ᠪᠤᠶᠤ ᠬᠢᠨᠠᠨ ᠲᠣᠭᠲᠠᠭᠠᠬᠤ ᠪᠠᠶᠢᠳᠠᠯ ᠪᠠ ᠪᠢᠴᠢᠭ | ᠮᠠᠲ᠋ᠧᠷᠢᠶᠠᠯ ᠢ ᠵᠠᠳᠠᠷᠠᠭᠤᠯᠤᠭᠰᠠᠨ ᠪᠠᠶᠢᠪᠠᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠠᠴᠠ ᠰᠡᠷᠡᠮᠵᠢ ᠥᠭᠴᠦ᠂ | 2000 ᠲᠥᠭᠦᠷᠢᠭ ᠠᠴᠠ ᠳᠡᠭᠡᠭᠰᠢ 2 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠨᠡᠶᠢᠯᠡᠭᠦᠯᠦᠨ ᠰᠢᠳᠬᠡᠨ᠎ᠡ︔ ᠳᠠᠭᠠᠭᠠᠴᠢᠯᠠᠯᠲᠠ ᠣᠯᠤᠭᠰᠠᠨ᠂ ᠠᠷᠠᠯᠵᠢᠶ᠎ᠠ ᠪᠦᠲᠦᠭᠰᠡᠨ ᠦᠷ᠎ᠡ ᠳ᠋ᠦᠩ ᠢ | ᠨᠦᠯᠦᠭᠡᠯᠡᠭᠰᠡᠨ ᠪᠠᠶᠢᠪᠠᠯ 2 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠭᠤᠭᠰᠢ | ᠵᠣᠭᠤᠰ ᠢᠶᠠᠷ ᠲᠣᠷᠭᠠᠬᠤ ᠪᠠᠷ ᠰᠢᠳᠭᠡᠵᠦ᠂ ᠲᠡᠭᠦᠨ ᠤ ᠵᠠᠰᠠᠭ ᠤᠨ ᠣᠷᠳᠣᠨ ᠤ ᠬᠤᠳᠠᠯᠳᠤᠨ ᠠᠪᠬᠤ ᠶᠢ ᠬᠢᠨᠠᠨ | ᠲᠣᠭᠲᠠᠭᠠᠬᠤ ᠠᠵᠢᠯᠯᠠᠭ᠎ᠠ ᠳᠤ ᠣᠷᠣᠯᠴᠠᠬᠤ ᠶᠢ ᠬᠢᠵᠠᠭᠠᠷᠯᠠᠨ᠎ᠠ᠃ | ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠶᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠨᠢ ᠬᠠᠩᠭᠠᠯᠭ᠎ᠠ ᠶᠢᠨ | ᠬᠤᠳᠠᠯᠳᠤᠭᠠᠴᠢᠨ ᠲᠠᠢ ᠠᠰᠢᠭ ᠬᠤᠣᠷ ᠤᠨ ᠬᠠᠷᠢᠴᠠᠭ᠎ᠠ ᠣᠷᠣᠰᠢᠵᠤ ᠪᠠᠶᠢᠲᠠᠯ᠎ᠠ ᠵᠠᠶᠢᠯᠠᠭᠰᠠᠨ ᠦᠭᠡᠢ ᠪᠠᠶᠢᠪᠠᠯ᠂ 2 | ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠲᠣᠷᠭᠠᠬᠤ ᠪᠠᠷ | ᠰᠢᠳᠭᠡᠵᠦ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠬᠢᠨᠠᠨ ᠲᠣᠭᠲᠠᠭᠠᠬᠤ ᠠᠵᠢᠯᠯᠠᠭ᠎ᠠ ᠳᠤ | ᠣᠷᠣᠯᠴᠠᠬᠤ ᠶᠢ ᠨᠢ ᠴᠠᠭᠠᠵᠠᠯᠠᠨ᠎ᠠ᠃ | ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠶᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠨᠢ ᠬᠤᠳᠠᠯᠳᠤᠨ | ᠠᠪᠤᠭᠴᠢ᠂ ᠬᠤᠳᠠᠯᠳᠤᠨ ᠠᠪᠬᠤ ᠶᠢ ᠣᠷᠣᠯᠠᠨ ᠭᠦᠢᠴᠡᠳᠬᠡᠬᠦ ᠪᠠᠶᠢᠭᠤᠯᠤᠮᠵᠢ᠂ ᠬᠠᠩᠭᠠᠭᠴᠢ ᠬᠤᠳᠠᠯᠳᠤᠭᠠᠴᠢᠨ ᠠᠴᠠ | ᠬᠡᠭᠡᠯᠢ ᠢᠳᠡᠭᠰᠡᠨ ᠪᠤᠶᠤ ᠪᠤᠰᠤᠳ ᠵᠦᠢ ᠪᠤᠰᠤ ᠠᠰᠢᠭ ᠲᠤᠰᠠ ᠣᠯᠵᠦ᠂ ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ | ᠬᠠᠤᠯᠢ ᠶᠣᠰᠣ ᠪᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ︔ ᠶᠠᠯ᠎ᠠ ᠪᠤᠯᠵᠦ ᠪᠦᠷᠢᠯᠳᠦᠭᠰᠡᠨ ᠤᠢᠭᠡᠢ ᠪᠠᠶᠢᠪᠠᠯ | 2 ᠲᠦᠮᠡᠨ ᠲᠥᠭᠦᠷᠢᠭ ᠠᠴᠠ ᠳᠡᠭᠡᠭᠰᠢ 5 ᠲᠦᠮᠡᠨ ᠲᠥᠭᠦᠷᠢᠭ ᠠᠴᠠ ᠳᠣᠭᠤᠭᠰᠢ ᠵᠣᠭᠤᠰ ᠢᠶᠠᠷ ᠳᠣᠷᠭᠠᠵᠦ᠂ | ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢ ᠬᠢᠨᠠᠨ ᠲᠣᠭᠲᠠᠭᠠᠬᠤ ᠠᠵᠢᠯᠯᠠᠭ᠎ᠠ ᠳᠤ ᠣᠷᠣᠯᠴᠠᠬᠤ ᠶᠢ | ᠨᠢ ᠴᠠᠭᠠᠵᠠᠯᠠᠨ᠎ᠠ᠃ | ᠵᠠᠰᠠᠭ ᠤᠨ ᠣᠷᠳᠣᠨ ᠤ ᠬᠤᠳᠠᠯᠳᠤᠨ ᠠᠪᠠᠨ᠋ᠥ ᠶᠢ ᠬᠢᠨᠠᠨ ᠲᠣᠭᠲᠠᠭᠠᠬᠤ ᠲᠤᠰᠬᠠᠶ ᠮᠡᠷᠭᠡᠵᠢᠯᠲᠡᠨ ᠳᠡᠭᠡᠷ᠎ᠡ | ᠳᠤᠷᠠᠳᠤᠭᠰᠠᠨ ᠬᠠᠤᠯᠢ ᠶᠢ ᠵᠥᠷᠢᠴᠡᠭᠰᠡᠨ ᠠᠵᠢᠯᠯᠠᠭ᠎ᠠ ᠲᠠᠢ ᠪᠠᠶᠢᠪᠠᠯ᠂ ᠲᠡᠭᠦᠨ ᠤ ᠬᠢᠨᠠᠨ ᠲᠣᠭᠲᠠᠭᠠᠬᠤ ᠰᠠᠨᠠᠯ ᠨᠢ | ᠬᠦᠴᠦᠨ ᠦᠭᠡᠢ᠂ ᠬᠢᠨᠠᠨ ᠲᠣᠭᠲᠠᠭᠠᠬᠤ ᠰᠦᠢᠳᠭᠡᠯ ᠭᠦᠷᠳᠡᠵᠤ ᠪᠣᠯᠬᠤ ᠦᠭᠡᠢ︔ ᠬᠠᠤᠯᠢ ᠶᠢ ᠵᠥᠷᠢᠴᠡᠵᠦ | ᠣᠯᠤᠭᠰᠠᠨ ᠣᠯᠵᠠ ᠠᠰᠢᠭ ᠲᠠᠢ ᠪᠠᠶᠢᠪᠠᠯ᠂ ᠬᠠᠤᠯᠢ ᠶᠢ ᠵᠥᠷᠢᠴᠡᠵᠦ ᠣᠯᠤᠭᠰᠠᠨ ᠣᠯᠵᠠ ᠠᠰᠢᠭ ᠢ ᠨᠢ ᠬᠤᠷᠢᠶᠡᠨ | ᠠᠪᠤᠨ᠎ᠠ︔ ᠪᠤᠰᠤᠳ ᠬᠥᠮᠦᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠢᠷᠭᠡᠨ ᠤ | ᠬᠡᠷᠡᠭ ᠤᠨ ᠬᠠᠷᠢᠭᠤᠴᠠᠯᠭ᠎ᠠ ᠡᠭᠦᠷᠭᠡᠯᠡᠨ᠎ᠡ᠃ | ᠲᠡᠯᠡᠠ ᠵᠢᠷᠭᠤᠳᠤᠭᠠᠷ ᠵᠦᠢᠯ᠂ ᠵᠠᠰᠠᠭ ᠤᠨ ᠣᠷᠳᠣᠨ ᠤ ᠬᠤᠳᠠᠯᠳᠤᠨ ᠠᠪᠬᠤ ᠠᠵᠢᠯᠯᠠᠭ᠎ᠠ ᠶᠢᠨ ᠲᠤᠬᠠᠶ ᠶᠢᠨ | ᠬᠥᠮᠦᠨ ᠨᠢ ᠵᠠᠰᠠᠭ ᠤᠨ ᠣᠷᠳᠣᠨ ᠤ ᠬᠤᠳᠠᠯᠳᠤᠨ ᠠᠪᠬᠤ ᠬᠠᠤᠯᠢ ᠪᠠ ᠲᠤᠰ ᠳᠦᠷᠢᠮ ᠤᠨ ᠲᠣᠭᠲᠠᠭᠠᠯ ᠢ | ᠵᠥᠷᠢᠴᠡᠵᠦ᠂ ᠪᠤᠰᠤᠳ ᠬᠥᠮᠦᠨ ᠳᠤ ᠬᠤᠬᠢᠷᠠᠯ ᠤᠴᠠᠷᠠᠭᠤᠯᠤᠭᠰᠠᠨ ᠪᠠᠶᠢᠪᠠᠯ᠂ ᠬᠠᠤᠯᠢ ᠶᠣᠰᠣᠭᠠᠷ ᠢᠷᠭᠡᠨ ᠤ | ᠬᠡᠷᠡᠭ ᠤᠨ ᠬᠠᠷᠢᠭᠤᠴᠠᠯᠭ᠎ᠠ ᠡᠭᠦᠷᠭᠡᠯᠡᠨ᠎ᠡ᠃ | ᠲᠡᠯᠡᠠ ᠳᠣᠯᠣᠳᠤᠭᠠᠷ ᠵᠦᠢᠯ᠂ ᠡᠳ᠋ ᠤᠨ ᠵᠠᠰᠠᠭ ᠤᠨ ᠰᠠᠯᠠᠭ᠎ᠠ ᠮᠥᠴᠢᠷ ᠨᠢ ᠵᠠᠰᠠᠭ ᠤᠨ ᠣᠷᠳᠣᠨ ᠤ ᠬᠤᠳᠠᠯᠳᠤᠨ | ᠠᠪᠬᠤ ᠶᠢ ᠬᠢᠨᠠᠵᠤ ᠬᠠᠮᠢᠶᠠᠷᠬᠤ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠳᠤᠮᠳᠠ ᠵᠠᠰᠠᠭ ᠤᠨ ᠣᠷᠳᠣᠨ ᠤ | ᠬᠤᠳᠠᠯᠳᠤᠨ ᠠᠪᠬᠤ ᠬᠠᠤᠯᠢ ᠪᠠ ᠲᠤᠰ ᠳᠦᠷᠢᠮ ᠤᠨ ᠲᠣᠭᠲᠠᠭᠠᠯ ᠢ ᠵᠥᠷᠢᠴᠡᠵᠦ᠂ ᠡᠷᠬᠡ ᠲᠤᠰᠢᠶᠠᠯ ᠢᠶᠠᠨ | ᠳᠤᠷ᠎ᠠ ᠪᠠᠷ ᠢᠶᠠᠨ ᠬᠡᠷᠡᠭᠯᠡᠬᠦ᠂ ᠲᠤᠰᠢᠶᠠᠯ ᠬᠠᠷᠢᠭᠤᠴᠠᠯᠭ᠎ᠠ ᠪᠠᠨ ᠣᠮᠲᠣᠭᠠᠶᠢᠯᠠᠬᠤ᠂ ᠬᠤᠪᠢ ᠶᠢᠨ ᠨᠠᠶᠢᠷ ᠢᠶᠠᠷ ᠬᠠᠤᠯᠢ | ᠶᠣᠰᠣ ᠶᠢ ᠵᠥᠷᠢᠴᠡᠭᠰᠡᠨ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠦᠨ ᠪᠤᠶᠤ | ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠳᠤ ᠬᠠᠤᠯᠢ ᠶᠣᠰᠣᠭᠠᠷ ᠰᠢᠳᠬᠡᠯ ᠥᠭᠭᠦᠨ᠎ᠡ︔ ᠰᠢᠭᠤᠳ | ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ ᠲᠠᠢ ᠪᠤᠰᠤᠳ ᠬᠥᠮᠦᠨ ᠨᠢ | ᠶᠠᠯ᠎ᠠ ᠪᠤᠯᠵᠦ ᠪᠦᠷᠢᠯᠳᠦᠭᠰᠡᠨ ᠪᠠᠶᠢᠪᠠᠯ᠂ ᠬᠠᠤᠯᠢ ᠶᠣᠰᠣᠭᠠᠷ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠬᠦ ᠬᠡᠷᠡᠭᠲᠡᠢ᠃ | ᠶᠢᠰᠦᠳᠦᠭᠡᠷ ᠪᠦᠯᠦᠭ ᠳᠠᠭᠠᠯᠳᠤᠭᠤᠯᠤᠭᠰᠠᠨ ᠳᠥᠷᠢᠮ | ᠲᠡᠯᠡᠠ ᠨᠠᠢᠮᠠᠳᠤᠭᠠᠷ ᠵᠦᠢᠯ᠂ ᠡᠳ᠋ ᠤᠨ ᠵᠠᠰᠠᠭ ᠤᠨ ᠬᠠᠮᠢᠶᠠᠷᠤᠯᠲᠠ ᠨᠢ ᠮᠤᠵᠢ ᠠᠴᠠ ᠰᠢᠭᠤᠳ ᠬᠠᠮᠢᠶᠠᠷᠬᠤ | ᠰᠢᠶᠠᠨ ᠤ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠬᠡᠷᠡᠭᠴᠡᠭᠡ ᠪᠠᠨ ᠦᠨᠳᠦᠰᠦᠯᠡᠨ ᠮᠤᠵᠢ ᠶᠢᠨ | ᠱᠠᠲᠤᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠬᠦ ᠬᠡᠷᠡᠭᠲᠡᠶ᠂ ᠵᠠᠰᠠᠭ ᠤᠨ ᠣᠷᠳᠣᠨ ᠤ | ᠬᠤᠳᠠᠯᠳᠤᠨ ᠠᠪᠬᠤ ᠬᠠᠤᠯᠢ ᠪᠠ ᠲᠤᠰ ᠳᠦᠷᠢᠮ ᠤᠨ ᠲᠣᠭᠲᠠᠭᠠᠯ ᠶᠢ ᠬᠡᠷᠡᠭᠵᠢᠭᠦᠯᠬᠦ ᠲᠣᠭᠤᠷᠢᠭ ᠪᠠᠶᠢᠭᠤᠯᠤᠭᠰᠠᠨ | ᠬᠤᠳᠠ ᠶᠢᠨ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠥᠪᠰᠢᠶᠡᠷᠡᠭᠰᠡᠨ ᠬᠤᠳᠠᠯᠳᠤᠨ ᠠᠪᠠᠨ᠋ᠥ ᠠᠷᠭ᠎ᠠ | ᠮᠠᠶ᠋ᠢᠭ ᠢ ᠬᠤᠪᠢᠷᠠᠭᠤᠯᠬᠤ ᠡᠷᠬᠡ ᠲᠤᠰᠢᠶᠠᠯ ᠢ ᠭᠦᠢᠴᠡᠳᠬᠡᠨ᠎ᠡ᠃ | ᠳᠠᠯ᠎ᠠ ᠶᠢᠰᠦᠳᠦᠭᠡᠷ ᠵᠦᠢᠯ᠂ ᠲᠤᠰ ᠲᠦᠷᠢᠮ ᠢ 2015 ᠣᠨ ᠤ 3 ᠰᠠᠷ᠎ᠠ ᠶᠢᠨ1 ᠤ ᠡᠳᠦᠷ ᠠᠴᠠ ᠡᠬᠢᠯᠡᠵᠦ | ᠬᠡᠷᠡᠭᠵᠢᠭᠦᠯᠦᠨ᠎ᠡ᠃ |