ᠬᠡᠤᠬᠡᠳ ᠪᠠᠭᠠᠴᠤᠤᠨ ᠲᠠᠮᠢᠷ ᠤᠨ ᠬᠦᠳᠡᠯᠭᠡᠭᠡᠨ ᠳᠤ ᠢᠯᠡᠬᠦᠤ ᠤᠷᠤᠯᠴᠠᠪᠠᠯ ᠵᠤᠭᠢᠨ᠎ᠠ
ᠨᠡᠶᠢᠲᠡᠯᠡᠭᠰᠡᠨ ᠴᠠᠭ᠄
2018/12/28
     ᠲᠡᠯᠡᠭᠡᠢ ᠶᠢᠨ ᠡᠷᠡᠭᠦᠯ ᠬᠠᠮᠠᠭᠠᠯᠠᠯ ᠤᠨ ᠵᠤᠬᠢᠶᠠᠨ ᠪᠠᠶᠢᠭᠤᠯᠤᠯᠲᠠ ᠠᠴᠠ ︽ᠪᠦᠬᠦ ᠲᠡᠯᠡᠭᠡᠢ ᠶᠢᠨ ᠵᠠᠯᠠᠭᠤ ᠪᠠᠭᠠᠴᠤᠳ ᠤᠨ ᠡᠷᠡᠭᠦᠯ ᠮᠡᠨᠳᠦ ᠶᠢᠨ ᠠᠰᠠᠭᠤᠳᠠᠯ︾ ᠤᠨ ᠮᠡᠳᠡᠭᠦᠯᠦᠯᠲᠡ ᠶᠢ ᠨᠡᠶᠢᠳᠡᠯᠡᠵᠠᠢ᠂ ᠲᠤᠰ ᠮᠡᠳᠡᠭᠦᠯᠦᠯᠲᠡ ᠨᠢ ᠪᠦᠬᠦ ᠲᠡᠯᠡᠭᠡᠢ ᠶᠢᠨ 10 — 19 ᠨᠠᠰᠤᠨ ᠤ ᠬᠤᠭᠤᠷᠣᠨᠳᠣᠬᠢ ᠵᠠᠯᠠᠭᠤ ᠪᠠᠭᠠᠴᠤᠳ ᠲᠠᠢ ᠬᠠᠮᠢᠶ᠎ᠠ ᠪᠦᠬᠦᠢ ᠶᠡᠭᠡ ᠬᠡᠮᠵᠢᠶᠡᠨ ᠤ ᠪᠠᠶᠢᠴᠠᠭᠠᠯᠲᠠ ᠶᠢᠨ ᠲᠤᠭ᠎ᠠ ᠪᠠᠷᠢᠮᠲᠠ ᠶᠢ ᠦᠨᠳᠦᠰᠦᠯᠡᠵᠤ᠂ ᠲᠤᠰ ᠪᠠᠶᠢᠴᠠᠭᠠᠯᠲᠠ ᠶᠢ ᠬᠢᠭᠰᠡᠨ ᠤ ᠭᠤᠤᠯ ᠵᠤᠷᠢᠯᠭ᠎ᠠ ᠨᠢ ᠡᠯ᠎ᠡ ᠤᠯᠤᠰ ᠵᠠᠯᠠᠭᠤ ᠪᠠᠭᠠᠴᠤᠳ ᠤᠨ ᠡᠷᠡᠭᠦᠯ ᠮᠡᠨᠳᠦ ᠶᠢᠨ ᠱᠠᠭᠠᠷᠳᠠᠯᠭ᠎ᠠ ᠶᠢ ᠬᠦᠨᠳᠦᠳᠭᠡᠨ ᠦᠵᠡᠵᠦ᠂ ᠵᠠᠯᠠᠭᠤ ᠪᠠᠭᠠᠴᠤᠳ ᠤᠨ ᠬᠦᠳᠡᠯᠭᠡᠭᠡᠨ ᠬᠢᠬᠦ ᠴᠠᠭ ᠢ ᠨᠡᠮᠡᠭᠳᠡᠭᠦᠯᠬᠦ ᠵᠤᠷᠢᠯᠭ᠎ᠠ ᠳᠠᠭᠠᠨ ᠬᠦᠷᠬᠦ ᠶᠢᠨ ᠲᠦᠯᠦᠭᠡ ᠶᠤᠮ᠃ ᠪᠠᠶᠢᠴᠠᠭᠠᠯᠲᠠ ᠶᠢᠨ ᠦᠷ᠎ᠡ ᠳ᠋ᠦᠩ ᠠᠴᠠ ᠤᠯᠵᠦ ᠮᠡᠳᠡᠭᠰᠡᠨ ᠨᠢ᠂ ᠭᠦᠢᠴᠡᠳ ᠬᠡᠮᠵᠢᠶᠡᠨ ᠤ ᠬᠦᠳᠡᠯᠭᠡᠭᠡᠨ ᠬᠢᠵᠦ ᠪᠠᠶᠢᠭ᠎ᠠ ᠵᠠᠯᠠᠭᠤ ᠪᠠᠭᠠᠴᠤᠳ ᠨᠢ 1/4 ᠳᠤ ᠴᠤ ᠬᠦᠷᠬᠦ ᠦᠭᠡᠢ ᠪᠠᠶᠢᠬᠤ ᠪᠠᠷ ᠪᠠᠷᠠᠬᠤ ᠦᠭᠡᠢ᠂ ᠵᠠᠷᠢᠮ ᠤᠯᠤᠰ ᠤᠨ ᠮᠠᠷᠢᠶᠠᠯᠢᠭ ᠵᠠᠯᠠᠭᠤ ᠪᠠᠭᠠᠴᠤᠳ ᠤᠨ ᠬᠠᠷᠢᠴᠠᠯ ᠨᠢ 1/3 ᠶᠢ ᠡᠵᠡᠯᠡᠵᠦ ᠪᠠᠶᠢᠨ᠎ᠠ᠃          ᠡ᠊‍ᠨᠡᠬᠦ ᠠᠰᠠᠭᠤᠳᠠᠯ ᠳᠤ ᠬᠠᠨᠳᠤᠭᠤᠯᠤᠨ ᠲᠤᠰᠬᠠᠢ ᠮᠡᠷᠭᠡᠵᠢᠯᠲᠡᠨ ᠵᠢᠭᠠᠨ ᠭᠠᠷᠭᠠᠭᠰᠠᠨ ᠨᠢ᠂ ᠮᠠᠷᠢᠶᠠᠯᠢᠭ ᠵᠡᠷᠭᠡ ᠤᠳᠠᠭᠠᠨ ᠴᠢᠨᠠᠷᠲᠠᠢ ᠡᠪᠡᠳᠴᠢᠨ ᠨᠢ ᠵᠠᠯᠠᠭᠤ ᠪᠠᠭᠠᠴᠤᠳ ᠤᠨ ᠬᠦᠳᠡᠯᠭᠡᠭᠡᠨ ᠲᠤᠳᠠᠭᠳᠠᠵᠦ ᠪᠠᠶᠢᠭ᠎ᠠ ᠲᠠᠢ ᠨᠢᠭᠲᠠ ᠬᠤᠯᠪᠤᠭᠳᠠᠯ ᠲᠠᠢ᠃ ᠰᠤᠷᠭᠠᠭᠤᠯᠢ ᠳᠤ ᠰᠠᠭᠤᠭ᠎ᠠ ᠬᠡᠤᠬᠡᠳ ᠤᠳ ᠨᠡᠯᠢᠶᠡᠳ ᠶᠡᠭᠡ ᠰᠤᠷᠤᠯᠭ᠎ᠠ ᠶᠢᠨ ᠲᠠᠷᠤᠭᠠᠰᠦ ᠶᠢ ᠡᠭᠦᠷᠭᠡᠯᠡᠵᠦ᠂ ᠤᠯᠠᠩᠭᠢ ᠴᠠᠭ ᠢᠶᠠᠨ ᠰᠤᠶᠤᠯ ᠤᠨ ᠬᠢᠴᠢᠶᠡᠯ ᠰᠤᠷᠤᠯᠴᠠᠬᠤ ᠲᠡᠭᠡᠷ᠎ᠡ ᠵᠠᠷᠤᠴᠠᠭᠤᠯᠵᠦ᠂ ᠦᠨᠡᠨᠬᠦ ᠲᠠᠮᠢᠷ ᠤᠨ ᠲᠠᠪᠲᠠᠨ ᠪᠤᠯᠪᠠᠰᠤᠷᠠᠭᠤᠯᠤᠯᠲᠠ ᠳᠤ ᠵᠠᠷᠤᠴᠠᠭᠤᠯᠵᠦ ᠪᠠᠶᠢᠭ᠎ᠠ ᠴᠠᠭ ᠨᠢ ᠮᠠᠰᠢ ᠪᠠᠭ᠎ᠠ᠃ ᠲᠡᠭᠡᠬᠦ ᠮᠦᠷᠳᠡᠭᠡᠨ ᠤᠳᠤᠬᠠᠨ ᠤ ᠭᠡᠷ ᠪᠦᠯᠢ ᠳᠤ ᠬᠡᠤᠬᠡᠳ ᠨᠢ ᠡᠵᠢ ᠠᠪᠤ ᠶᠢᠨ ᠢᠶᠠᠨ ᠠᠮᠢᠨ ᠡᠷᠳᠡᠨᠢ ᠪᠠᠶᠢᠵᠦ᠂ ᠭᠡᠷ ᠤᠨ ᠠᠬᠠᠮᠠᠳ ᠠᠴᠠ ᠬᠡᠤᠬᠡᠳ ᠢᠶᠠᠨ ᠰᠤᠷᠭᠠᠭᠤᠯᠢ ᠠᠴᠠ ᠨᠢ ᠲᠤᠰᠤᠨ ᠬᠦᠷᠭᠡᠵᠦ᠂ ᠭᠡᠷ ᠵᠠᠭᠤᠷ᠎ᠠ ᠶᠢᠨ ᠠᠷᠰᠠᠷ ᠠᠵᠢᠯ ᠢ ᠤᠭᠳᠤᠬᠠᠨ ᠴᠤ ᠬᠢᠯᠭᠡᠬᠦ ᠦᠭᠡᠢ᠂ ᠬᠡᠤᠬᠡᠳ ᠨᠢ ᠰᠤᠯᠠ ᠰᠡᠯᠡᠭᠦᠦ ᠴᠠᠭ ᠢᠶᠠᠷ ᠢᠶᠠᠨ ᠡᠯᠧᠺᠳ᠋ᠷᠣᠨ ᠲᠤᠭᠯᠠᠭᠠᠮ ᠨᠠᠭᠠᠳᠴᠦ᠂ ᠤᠳᠠᠭᠠᠨ ᠴᠠᠭ ᠢᠶᠠᠷ ᠰᠠᠭᠤᠵᠦ ᠪᠠᠶᠢᠳᠠᠭ ᠠᠴᠠ ᠬᠦᠳᠡᠯᠭᠡᠭᠡᠨ ᠬᠢᠬᠦ ᠴᠠᠭ ᠨᠢ ᠶᠡᠭᠡᠪᠡᠷ ᠪᠤᠭᠤᠨᠢᠰᠴᠤ ᠪᠤᠢ᠃ ᠡᠭᠦᠨ ᠠᠴᠠ ᠭᠠᠳᠠᠨ᠎ᠠ᠂ ᠭᠡᠷ ᠤᠨ ᠠᠬᠠᠮᠠᠳ ᠬᠡᠤᠬᠡᠳ ᠤᠨ ᠢᠶᠠᠨ ᠦᠰᠦᠨ ᠪᠤᠶᠢᠵᠢᠯᠲᠠ ᠠᠨᠠᠢ ᠪᠠᠶᠢᠬᠤ ᠠᠴᠠ ᠡᠮᠢᠶᠡᠵᠦ᠂ ᠭᠤᠷᠪᠠᠨ ᠡᠷᠡᠨ ᠤ ᠬᠤᠭᠤᠯᠠᠨ ᠳᠤ ᠦᠨᠳᠦᠷ ᠤᠭᠤᠷᠠᠭ᠂ ᠦᠨᠳᠦᠷ ᠡᠨᠧᠷᠬᠢ ᠲᠠᠢ ᠢᠳᠡᠭᠡᠨ ᠲᠤᠬᠢᠷᠠᠭᠤᠯᠵᠦ᠂ ᠰᠢᠮ᠎ᠡ ᠲᠡᠵᠢᠭᠡᠯ ᠬᠡᠳᠦ ᠢᠯᠡᠭᠦᠳᠡᠭᠰᠡᠨ ᠠᠴᠠ ᠮᠠᠷᠢᠶᠠᠯᠠᠬᠤ ᠨᠤᠷᠮ᠎ᠠ ᠶᠢ ᠨᠡᠩ ᠬᠤᠷᠳᠤᠰᠬᠠᠵᠦ ᠪᠤᠢ᠃          ᠲᠤᠰᠬᠠᠢ ᠮᠡᠷᠭᠡᠵᠢᠯᠲᠡᠨ ᠠᠴᠠ ᠰᠠᠨᠠᠭᠤᠯᠤᠭᠰᠠᠨ ᠨᠢ᠂ ᠭᠡᠷ ᠤᠨ ᠠᠬᠠᠮᠠᠳ ᠪᠤᠯᠤᠭᠰᠠᠳ ᠠᠴᠠ ᠬᠡᠤᠬᠡᠳ ᠢᠶᠠᠨ ᠡᠳᠦᠷ ᠪᠤᠯᠭᠠᠨ ᠠᠳᠠᠭ ᠲᠠᠭᠠᠨ 1 ᠴᠠᠭ ᠤᠨ ᠬᠦᠳᠡᠯᠭᠡᠭᠡᠨ ᠬᠢᠬᠦ ᠶᠢ ᠵᠤᠷᠢᠭᠵᠢᠭᠤᠯᠤᠨ᠎ᠠ᠂ ᠵᠢᠱᠢᠶᠡᠯᠡᠪᠡᠯ ᠬᠤᠷᠳᠤᠨ ᠠᠯᠬᠤᠬᠤ᠂ ᠤᠳᠠᠭᠠᠨ ᠬᠦᠶᠦᠬᠦ᠂ ᠤᠮᠪᠠᠭ᠋ᠤ᠂ ᠲᠤᠭᠤᠢ ᠲᠡᠷᠭᠡ ᠤᠨᠤᠬᠤ ᠵᠡᠷᠭᠡ ᠬᠦᠳᠡᠯᠭᠡᠭᠡᠨ ᠬᠢᠯᠭᠡᠵᠦ᠂ ᠢᠯᠡᠭᠦᠴᠡ ᠡᠨᠧᠷᠬᠢ ᠪᠠᠨ ᠵᠠᠷᠤᠴᠠᠭᠤᠯᠤᠨ᠎ᠠ᠃ ᠡᠭᠦᠨ ᠠᠴᠠ ᠭᠠᠳᠠᠨ᠎ᠠ ᠪᠠᠰᠠ ᠰᠤᠷᠭᠠᠭᠤᠯᠢ ᠠᠴᠠ ᠬᠢᠴᠢᠶᠡᠯ ᠤᠨ ᠭᠠᠳᠠᠨᠠᠬᠢ ᠬᠦᠳᠡᠯᠭᠡᠭᠡᠨ ᠢᠶᠠᠨ ᠵᠤᠬᠢᠰᠲᠠᠢ ᠲᠤᠬᠢᠷᠠᠭᠤᠯᠵᠦ᠂ ᠲᠤᠭᠳᠠᠭᠰᠠᠨ ᠬᠤᠭᠤᠴᠠᠭ᠎ᠠ ᠲᠠᠢ ᠲᠠᠮᠢᠷ ᠤᠨ ᠤᠷᠤᠯᠳᠤᠭᠠᠨ ᠵᠤᠬᠢᠶᠠᠨ ᠪᠠᠶᠢᠭᠤᠯᠵᠦ᠂ ᠵᠠᠯᠠᠭᠤ ᠪᠠᠭᠠᠴᠤᠳ ᠢ ᠡᠭᠡ ᠪᠠᠶᠢᠭᠠᠯᠢ ᠲᠠᠢ ᠤᠢᠢᠷᠠᠲᠤᠭᠤᠯᠵᠦ᠂ ᠲᠠᠮᠢᠷ ᠤᠨ ᠬᠦᠳᠡᠯᠭᠡᠭᠡᠨ ᠳᠤ ᠢᠳᠡᠪᠬᠢᠲᠠᠢ ᠤᠷᠤᠯᠴᠠᠭᠤᠯᠤᠨ᠎ᠠ᠃ ᠢᠳᠡᠭᠡᠨ ᠤᠮᠳᠠᠭᠠᠨ ᠤ ᠲᠠᠯ᠎ᠠ ᠳᠤ᠂ ᠭᠡᠷ ᠤᠨ ᠠᠬᠠᠮᠠᠳ ᠪᠤᠯᠤᠭᠰᠠᠳ ᠠᠴᠠ ᠬᠡᠤᠬᠡᠳ ᠤᠨ ᠢᠶᠠᠨ ᠡᠷᠡᠭᠦᠯ ᠪᠤᠰᠤ ᠢᠳᠡᠭᠡᠨ ᠤᠮᠳᠠᠭᠠᠨ ᠤ ᠲᠠᠳᠬᠠᠯ ᠢ ᠵᠠᠰᠠᠨ ᠵᠠᠯᠠᠷᠠᠭᠤᠯᠵᠦ᠂ ᠬᠡᠤᠬᠡᠳ ᠪᠠᠭᠠᠴᠤᠳ ᠵᠤᠬᠢᠰᠲᠠᠢ ᠬᠡᠮᠵᠢᠶᠡᠨ ᠤ ᠤᠭᠤᠷᠠᠭ ᠨᠦᠬᠦᠪᠦᠷᠢᠯᠡᠵᠦ᠂ ᠲᠤᠤᠷ᠎ᠠ ᠰᠢᠬᠢᠷ ᠪᠠ ᠲᠤᠤᠷ᠎ᠠ ᠦᠭᠡᠬᠦ ᠠᠭᠤᠯᠬᠤ ᠢᠳᠡᠭᠡᠨ ᠢᠳᠡᠬᠦ ᠶᠢ ᠪᠠᠷᠢᠮᠳᠠᠯᠠᠵᠦ᠂ ᠰᠢᠨ᠎ᠡ ᠵᠢᠮᠢᠰ ᠨᠤᠭᠤᠭ᠎ᠠ ᠢᠳᠡᠬᠦ ᠶᠢ ᠠᠩᠬᠠᠷᠪᠠᠯ ᠵᠤᠬᠢᠨ᠎ᠠ᠃
 
ᠢᠷᠡᠯᠲᠡ᠄ ᠤᠯᠠᠭᠠᠨᠬᠠᠳᠠ ᠮᠤᠩᠭᠤᠯ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号