ᠰᠢᠯᠤᠭᠤᠨ ᠱᠤᠭᠤᠮ ᠢᠶᠠᠷ ᠠᠯᠬᠤᠪᠠᠯ ᠲᠠᠷᠢᠬᠢᠨ ᠠᠪᠴᠢᠯᠳᠠ ᠶᠢ ᠰᠡᠷᠭᠡᠶᠢᠯᠡᠳᠡᠭ
ᠨᠡᠶᠢᠲᠡᠯᠡᠭᠰᠡᠨ ᠴᠠᠭ᠄
2018/12/28
      ᠬᠦᠮᠦᠰ 50 ᠨᠠᠰᠤ ᠬᠦᠷᠪᠡᠯ ᠴᠡᠭᠡᠵᠢᠯᠡᠬᠦ ᠴᠢᠳᠠᠪᠤᠷᠢ ᠮᠠᠭᠤᠳᠠᠨ᠂ ᠭᠠᠷ ᠬᠦᠯ ᠵᠦᠪ ᠵᠠᠷᠤᠬᠳᠠᠬᠤ ᠪᠠᠨ ᠪᠠᠶᠢᠳᠠᠬ ᠭᠡᠵᠤ ᠶᠠᠷᠢᠳᠠᠬ ᠮᠦᠷᠳᠡᠭᠡᠨ ᠴᠢᠬᠢ ᠱᠤᠤᠭᠢᠬᠤ᠂ ᠨᠦᠢᠷ ᠬᠤᠯᠵᠢᠬᠤ ᠵᠡᠷᠭᠡ ᠢᠯᠡᠷᠡᠯ ᠨᠢ ᠲᠠᠷᠢᠬᠢ ᠠᠪᠴᠢᠵᠤ ᠪᠠᠶᠢᠬᠤ ᠲᠠᠢ ᠬᠤᠯᠪᠤᠭ᠎ᠠ ᠲᠠᠢ ᠪᠠᠶᠢᠵᠤ ᠮᠡᠳᠡᠨ᠎ᠠ᠃ ᠲᠠᠷᠢᠬᠢ ᠠᠪᠴᠢᠬᠤ ᠡᠪᠡᠳᠴᠢᠨ ᠲᠠᠢ ᠭᠡᠷ ᠪᠦᠯᠢ ᠶᠢᠨ ᠲᠡᠤᠭᠡ ᠲᠠᠢ ᠬᠦᠮᠦᠰ ᠪᠠ ᠲᠠᠷᠢᠬᠢ ᠪᠠᠭ᠎ᠠ ᠠᠪᠴᠢᠵᠤ ᠪᠠᠶᠢᠭ᠎ᠠ ᠬᠦᠮᠦᠰ ᠲᠤ ᠠᠪᠴᠤ ᠭᠡᠯᠡᠪᠡᠯ᠂ ᠰᠢᠯᠤᠭᠤᠨ ᠱᠤᠭᠤᠮ ᠢᠶᠠᠷ ᠠᠯᠬᠤᠬᠤ ᠪᠤᠯ ᠨᠢᠭᠡ ᠵᠦᠢᠯ ᠤᠨ ᠴᠢᠭᠯᠡᠬᠦᠯᠦᠯᠳᠦ ᠴᠢᠨᠠᠷᠳᠠᠢ ᠪᠤᠯᠪᠠᠰᠤᠷᠠᠯ ᠤᠨ ᠠᠷᠭ᠎ᠠ ᠪᠠᠶᠢᠵᠤ᠂ ᠲᠡᠷᠡ ᠨᠢ ᠲᠠᠷᠢᠬᠢᠨ ᠤ ᠡᠰ ᠰᠢᠨ᠎ᠠ ᠨᠡᠮᠡᠭᠳᠡᠬᠦ ᠶᠢ ᠠᠬᠢᠭᠤᠯᠤᠨ᠂ ᠴᠡᠭᠡᠵᠢᠯᠡᠬᠦ ᠴᠢᠳᠠᠪᠤᠷᠢ ᠶᠢ ᠪᠠᠳᠤᠯᠠᠬᠤ ᠳᠤ ᠲᠤᠰᠠᠳᠠᠢ ᠶᠤᠮ᠃ ᠪᠠᠭ᠎ᠠ ᠲᠠᠷᠢᠬᠢ ᠠᠪᠴᠢᠵᠤ ᠪᠠᠶᠢᠭ᠎ᠠ ᠶᠢᠨ ᠶᠡᠷᠦᠳᠡ ᠶᠢᠨ ᠢᠯᠡᠷᠡᠯ ᠳᠤ ᠦᠷᠬᠦᠯᠵᠢ ᠲᠤᠯᠤᠭᠠᠢ ᠡᠷᠬᠢᠬᠦ᠂ ᠠᠯᠬᠤᠬᠤ ᠮᠠᠶᠢᠵᠢᠬᠢᠨᠠᠬᠤ᠂ ᠶᠠᠭᠤᠮ᠎ᠠ ᠠᠪᠬᠤ ᠳᠠᠭᠠᠨ ᠯᠠᠪᠳᠠᠭᠤᠨ ᠦᠭᠡᠢ᠂ ᠭᠠᠳᠠᠭᠠᠯᠠᠬᠤ ᠳᠤ ᠬᠦᠴᠢᠷᠳᠡᠬᠦ᠂ ᠲᠤᠰᠬᠠᠯ ᠤᠳᠠᠭᠠᠰᠢᠷᠠᠬᠤ ᠵᠡᠷᠭᠡ ᠢᠯᠡᠷᠡᠯ ᠲᠠᠢ ᠪᠠᠶᠢᠳᠠᠬ᠃ ᠬᠦᠮᠦᠨ ᠤ ᠶᠡᠭᠡ ᠲᠠᠷᠢᠬᠢ ᠮᠠᠰᠢ ᠰᠠᠶᠢᠨ ᠲᠠᠬᠢᠨ ᠱᠤᠭᠤᠬᠤ ᠴᠢᠨᠠᠷᠳᠠᠢ ᠪᠠᠶᠢᠳᠠᠬ᠂ ᠡᠨᠡ ᠨᠢ ᠶᠡᠭᠡ ᠲᠠᠷᠢᠬᠢᠨ ᠤ ᠪᠦᠳᠦᠴᠡ ᠪᠠ ᠴᠢᠳᠠᠪᠬᠢ ᠲᠤᠳᠤᠷ ᠭᠠᠳᠠᠨᠠᠬᠢ ᠤᠷᠴᠢᠨ ᠲᠤᠭᠤᠷᠢᠨ ᠤ ᠬᠤᠪᠢᠷᠠᠯᠳᠠ ᠶᠢ ᠲᠠᠭᠠᠯᠳᠤᠨ ᠲᠠᠰᠤᠷᠠᠯᠳᠠ ᠦᠭᠡᠢ ᠵᠠᠰᠠᠪᠤᠷᠢᠯᠠᠬᠤ ᠪᠠ ᠲᠠᠬᠢᠨ ᠪᠠᠶᠢᠭᠤᠯᠵᠤ ᠯᠡ ᠪᠠᠶᠢᠳᠠᠬ ᠭᠡᠰᠡᠨ ᠦᠭᠡ᠃ ᠤᠳᠤ ᠦᠶ᠎ᠠ ᠶᠢᠨ ᠠᠨᠠᠭᠠᠬᠤ ᠤᠬᠠᠭᠠᠨ ᠤ ᠰᠠᠨᠠᠭᠠᠴᠢᠯᠠᠵᠤ ᠪᠠᠶᠢᠭ᠎ᠠ ᠬᠦᠴᠢᠯᠳᠦ᠋ᠷᠦᠭᠴᠢᠳᠦ ᠲᠠᠮᠢᠷ ᠤᠨ ᠬᠦᠳᠡᠯᠭᠡᠭᠡᠨ ᠶᠡᠭᠡ ᠲᠠᠷᠢᠬᠢᠨ ᠳᠤ ᠲᠤᠰᠠᠳᠠᠢ ᠪᠠᠶᠢᠳᠠᠬ ᠨᠢ ᠶᠡᠭᠡ ᠲᠠᠷᠢᠬᠢᠨ ᠤ ᠴᠢᠰᠤᠨ ᠤ ᠡᠷᠬᠢᠯᠳᠡ ᠶᠢ ᠲᠦᠷᠭᠡᠳᠭᠡᠨ᠂ ᠲᠦᠷᠭᠡᠳᠦᠭᠰᠡᠨ ᠴᠢᠰᠤ ᠨᠢ ᠲᠠᠬᠢᠭᠠᠳ ᠨᠡᠩ ᠤᠯᠠᠨ ᠬᠦᠴᠢᠯᠳᠦ᠋ᠷᠦᠭᠴᠢ ᠪᠠ ᠡᠨᠧᠷᠬᠢᠳᠦ ᠪᠤᠳᠠᠰ ᠢ ᠶᠡᠭᠡ ᠲᠠᠷᠢᠬᠢᠨ ᠳᠤ ᠬᠦᠷᠭᠡᠳᠡᠭ ᠲᠤ ᠪᠤᠢ᠃ ᠲᠠᠷᠢᠬᠢ ᠠᠪᠴᠢᠬᠰᠠᠨ ᠡᠪᠡᠳᠴᠢᠳᠡᠨ ᠲᠡᠩᠴᠡᠬᠦᠷᠢ ᠶᠢᠨ ᠬᠠᠷᠰᠢ᠂ ᠤᠨᠴᠠᠭᠠᠢᠢᠯᠠᠨ ᠠᠯᠬᠤᠬᠤ ᠳᠠᠭᠠᠨ ᠲᠡᠩᠴᠡᠬᠦᠷᠢ ᠦᠭᠡᠢ ᠪᠤᠯᠳᠠᠬ ᠠᠴᠠ ᠡᠳᠦᠷ ᠲᠤᠳᠤᠮ ᠤᠨ ᠠᠮᠢᠳᠤᠷᠠᠯ ᠤᠨ ᠴᠢᠳᠠᠪᠬᠢ ᠶᠢ ᠨᠢ ᠬᠦᠨᠳᠦ ᠨᠤᠴᠢᠳᠠᠢ ᠨᠦᠯᠦᠭᠡᠯᠡᠳᠡᠭ᠃ ᠡᠶᠢᠮᠦ ᠠᠴᠠ ᠲᠡᠩᠴᠡᠬᠦᠷᠢ ᠪᠠᠨ ᠰᠡᠷᠬᠦᠭᠡᠬᠦ ᠪᠤᠯᠪᠠᠰᠤᠷᠠᠯ ᠮᠠᠰᠢ ᠴᠢᠬᠤᠯᠠᠳᠠᠢ᠃ ᠰᠢᠯᠤᠭᠤᠨ ᠱᠤᠭᠤᠮ ᠢᠶᠠᠷ ᠠᠯᠬᠤᠬᠤ ᠪᠤᠳᠠᠳᠠᠢ ᠠᠷᠭ᠎ᠠ ᠨᠢ ᠡᠬᠢᠨ ᠳᠡᠭᠡᠨ ᠲᠡᠩᠴᠡᠬᠦᠷᠢᠰᠢᠬᠦᠯᠬᠦ ᠪᠠᠭᠠᠨ᠎ᠠ ᠶᠢᠨ ᠲᠤᠳᠤᠷ᠎ᠠ ᠤᠷᠤᠬᠰᠢ ᠬᠤᠶᠢᠰᠢ ᠠᠯᠬᠤᠬᠤ ᠪᠤᠶᠤ ᠬᠠᠨ᠎ᠠ ᠶᠢ ᠲᠦᠰᠢᠨ ᠡᠮᠦᠨᠡᠰᠢ ᠬᠤᠶᠢᠰᠢ ᠠᠯᠬᠤᠵᠤ᠂ ᠵᠠᠯᠭᠠᠭᠠᠳ ᠰᠢᠯᠤᠭᠤᠨ ᠱᠤᠭᠤᠮ ᠲᠠᠭᠠᠨ ᠠᠯᠬᠤᠨ᠎ᠠ᠃ ᠰᠢᠯᠤᠭᠤᠨ ᠱᠤᠭᠤᠮ ᠢᠶᠠᠷ ᠠᠯᠬᠤᠬᠤ ᠪᠤᠯᠪᠠᠰᠤᠷᠠᠯ ᠢᠶᠠᠨ ᠠᠯᠬᠤᠮ ᠠᠯᠬᠤᠮ ᠢᠶᠠᠷ ᠪᠡᠶᠡᠯᠡᠬᠦᠯᠬᠦ ᠶᠢ ᠲᠠᠭᠠᠯᠳᠤᠨ ᠠᠯᠬᠤᠬᠤ ᠲᠤᠮᠳᠠ ᠪᠠᠨ ᠭᠡᠨᠡᠳᠳᠡ ᠵᠤᠬᠰᠤᠬᠤ᠂ ᠪᠡᠶ᠎ᠠ ᠡᠷᠬᠢᠬᠦ᠂ ᠮᠤᠷᠦ᠋ᠢᠬᠤ ᠵᠢᠴᠢ ᠬᠠᠷᠰᠢ ᠲᠠᠪᠠᠭ᠋ᠤ ᠵᠡᠷᠭᠡ ᠪᠤᠯᠪᠠᠰᠤᠷᠠᠯ ᠢ ᠦᠷᠬᠦᠯᠵᠢᠯᠡᠨ ᠬᠢᠵᠤ᠂ ᠴᠢᠨᠠᠬᠰᠢᠯᠠᠪᠠᠯ ᠠᠯᠬᠤᠬᠤ ᠬᠤᠷᠳᠤᠴᠠ ᠪᠠᠨ ᠲᠡᠭᠡᠭᠰᠢᠯᠡᠬᠦᠯᠵᠤ ᠪᠤᠯᠤᠨ᠎ᠠ᠃ ᠠᠩᠬᠠᠷᠤᠭᠤᠰᠢᠳᠠᠢ ᠨᠢ ᠲᠠᠮᠢᠷ ᠤᠨ ᠬᠦᠳᠡᠯᠭᠡᠭᠡᠨ ᠬᠢᠬᠦ ᠭᠡᠮᠵᠢᠶ᠎ᠠ ᠶᠢ ᠭᠡᠳᠦᠷᠡᠬᠦᠯᠵᠤ ᠪᠤᠯᠬᠤ ᠦᠭᠡᠢ᠃ ᠪᠡᠶ᠎ᠠ ᠶᠢᠨ ᠪᠠᠶᠢᠳᠠᠯ ᠢᠶᠠᠨ ᠦᠨᠳᠦᠰᠦᠯᠡᠵᠤ᠂ ᠤᠳᠠᠭ᠎ᠠ ᠪᠦᠷᠢ 30 — 60 ᠮᠢᠨᠦ᠋ᠲ ᠬᠢᠪᠡᠯ ᠪᠤᠯᠴᠢᠬᠠᠨ᠎ᠠ᠃ ᠭᠡᠬᠦ ᠳᠡᠭᠡᠨ ᠲᠠᠷᠢᠬᠢ ᠠᠪᠴᠢᠵᠤ ᠪᠠᠶᠢᠭ᠎ᠠ ᠪᠠᠨ ᠮᠡᠳᠡᠭᠰᠡᠭᠡᠷ ᠴᠠᠬ ᠲᠠᠷᠤᠢ ᠳᠤᠨᠢ ᠡᠮᠨᠡᠬᠦᠯᠦᠭᠡᠷᠡᠢ᠃
 
ᠢᠷᠡᠯᠲᠡ᠄ ᠦᠪᠦᠷ ᠮᠤᠩᠭᠤᠯ ᠤᠨ ᠦᠪᠡᠷᠳᠡᠭᠡᠨ ᠵᠠᠰᠠᠬᠤ ᠤᠷᠤᠨ ᠤ ᠪᠡᠶ᠎ᠡ ᠶᠢᠨ ᠲᠠᠮᠢᠷ ᠤᠨ ᠲᠤᠪᠴᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号