ᠬᠦᠬᠡᠬᠤᠳᠠ ᠠᠩᠬᠠᠨ ᠤ ᠰᠢᠤᠳᠠᠨ ᠢᠶᠠᠷ ᠲᠠᠮᠵᠢᠨ ᠵᠠᠮ ᠬᠠᠷᠢᠯᠴᠠᠭᠠᠨ ᠤ ᠲᠤᠬᠠᠶᠢᠯᠠᠭᠰᠠᠨ ᠠᠵᠢᠯ ᠢ ᠤᠷᠤᠯᠠᠨ ᠭᠦᠢᠴᠡᠳᠬᠡᠬᠦ ᠠᠷᠠᠳ ᠲᠤ ᠦᠢᠯᠡᠴᠢᠯᠡᠬᠦ ᠴᠡᠭ ᠪᠠᠶᠢᠭᠤᠯᠪᠠ
ᠨᠡᠶᠢᠲᠡᠯᠡᠭᠰᠡᠨ ᠴᠠᠭ᠄
2018/12/29
    ᠠᠷᠠᠳ ᠲᠤ ᠤᠯᠠᠮ ᠨᠢᠭᠡ ᠠᠯᠬᠤᠮ ᠳᠦᠬᠦᠮ ᠦᠵᠡᠭᠦᠯᠬᠦ᠂ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠦᠢᠯᠡᠴᠢᠯᠡᠭᠡ ᠶᠢᠨ ᠬᠡᠪᠴᠢᠶ᠎ᠡ ᠶᠢ ᠥᠷᠭᠡᠳᠬᠡᠬᠦ ᠶᠢᠨ ᠲᠥᠯᠥᠭᠡ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶ᠎ᠠ ᠶᠢᠨ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠪᠤᠷᠢ ᠠᠩᠭᠢ ᠶᠢᠨ ᠲᠡᠷᠬᠡ ᠬᠦᠰᠬᠡ ᠶᠢᠨ ᠬᠠᠮᠢᠶᠠᠷᠤᠯᠲᠠ ᠶᠢᠨ ᠭᠠᠵᠠᠷ ᠨᠢ ᠬᠥᠬᠡᠬᠤᠲᠠ ᠶᠢᠨ ᠰᠢᠤᠳᠠᠨ ᠲᠣᠪᠴᠢᠶ᠎ᠠ ᠲᠠᠢ ᠢᠳᠡᠪᠬᠢᠳᠠᠢ ᠬᠠᠷᠢᠯᠴᠠᠵᠤ ᠵᠣᠬᠢᠴᠠᠭᠤᠯᠤᠭᠰᠠᠨ ᠢᠶᠠᠷ᠂ 7 ᠰᠠᠷ᠎ᠠ ᠶᠢᠨ 30 ᠤ ᠡᠳᠦᠷ᠂ ᠬᠥᠬᠡᠬᠤᠲᠠ ᠶᠢᠨ ᠠᠩᠬᠠᠨ ᠤ ᠰᠢᠤᠳᠠᠨ ᠢᠶᠠᠷ ᠵᠠᠮ ᠬᠠᠷᠢᠯᠴᠠᠭᠠᠨ ᠤ ᠲᠤᠬᠠᠶᠢᠯᠠᠭᠰᠠᠨ ᠠᠵᠢᠯ ᠢ ᠭᠦᠢᠴᠡᠳᠭᠡᠨ ᠰᠢᠢᠳᠪᠦᠷᠢᠯᠡᠬᠦ ᠠᠷᠠᠳ ᠲᠤ ᠦᠢᠯᠡᠴᠢᠯᠡᠬᠦ ᠴᠡᠭ ᠢ ᠪᠠᠶᠢᠭᠤᠯᠪᠠ᠃ ᠡᠨᠡ ᠨᠢ᠂ ᠲᠤᠰ ᠡᠳᠦᠷ ᠠᠴᠠ ᠡᠬᠢᠯᠡᠨ᠂ ᠰᠢᠤᠳᠠᠨ ᠤ ᠦᠢᠯᠡᠴᠢᠯᠡᠭᠡᠨ ᠤ ᠲᠢᠩᠬᠢᠮ ᠳᠤ ᠵᠠᠮ ᠬᠠᠷᠢᠯᠴᠠᠭᠠᠨ ᠤ ᠲᠤᠬᠠᠶᠢᠯᠠᠭᠰᠠᠨ ᠠᠵᠢᠯ ᠢ ᠣᠷᠣᠯᠠᠨ ᠭᠦᠢᠴᠡᠳᠬᠡᠵᠦ ᠪᠣᠯᠬᠤ ᠶᠢ ᠬᠠᠷᠠᠭᠤᠯᠵᠤ ᠪᠠᠶᠢᠨ᠎ᠠ᠃      ᠬᠥᠬᠡᠬᠤᠲᠠ ᠶᠢᠨ ᠠᠩᠬᠠᠨ ᠤ ᠰᠢᠤᠳᠠᠨ ᠢᠶᠠᠷ ᠳᠠᠮᠵᠢᠨ᠂ ᠵᠠᠮ ᠬᠠᠷᠢᠯᠴᠠᠭᠠᠨ ᠤ ᠲᠤᠬᠠᠶᠢᠯᠠᠭᠰᠠᠨ ᠠᠵᠢᠯ ᠢ ᠣᠷᠣᠯᠠᠨ ᠭᠦᠢᠴᠡᠳᠬᠡᠬᠦ ᠠᠷᠠᠳ ᠲᠤ ᠦᠢᠯᠡᠴᠢᠯᠡᠬᠦ ᠴᠡᠭ ᠨᠢ ᠬᠥᠬᠡᠬᠤᠲᠠ ᠶᠢᠨ ᠰᠢᠨ᠎ᠡ ᠬᠤᠲᠠ ᠲᠣᠭᠤᠷᠢᠭ ᠤᠨ ᠲᠡᠷᠭᠡᠨ ᠥᠷᠳᠡᠭᠡᠨ ᠤ ᠵᠡᠭᠦᠨ ᠵᠡᠭᠡᠯᠢ ᠶᠢᠨ ᠳᠤᠮᠳᠠᠳᠤ ᠤᠯᠤᠰ ᠤᠨ ᠰᠢᠣᠳᠠᠨ ᠤ ᠦᠢᠯᠡᠴᠢᠯᠡᠭᠡᠨ ᠤ ᠲᠢᠩᠬᠢᠮ ᠳᠤ ᠪᠠᠶᠢᠷᠢᠯᠠᠨ᠎ᠠ᠃ ᠲᠣᠰ ᠠᠷᠠᠳ ᠲᠤ ᠦᠢᠯᠡᠴᠢᠯᠡᠬᠦ ᠴᠡᠭ ᠲᠤ ᠣᠷᠣᠯᠠᠨ ᠭᠦᠢᠴᠡᠳᠬᠡᠵᠦ ᠴᠢᠳᠠᠬᠤ ᠵᠠᠮ ᠬᠠᠷᠢᠯᠴᠠᠭᠠᠨ ᠤ ᠲᠤᠬᠠᠶᠢᠯᠠᠭᠰᠠᠨ ᠠᠵᠢᠯ ᠤᠨ ᠬᠡᠪᠴᠢᠶ᠎ᠡ ᠨᠢ ᠳᠣᠣᠷᠠᠬᠢ ᠮᠡᠲᠦ᠄     ᠨᠢᠭᠡ᠂ ᠰᠦᠯᠵᠢᠶᠡᠨ ᠤ ᠲᠤᠬᠠᠶᠢᠯᠠᠭᠰᠠᠨ ᠠᠵᠢᠯ     ᠰᠦᠯᠵᠢᠶᠡᠨ ᠳᠡᠭᠡᠷ᠎ᠡ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠲᠠᠪᠴᠠᠩ ᠤᠨ ᠬᠡᠷᠡᠭᠯᠡᠭᠴᠢ ᠶᠢ ᠳᠠᠩᠰᠠᠯᠠᠬᠤ ᠪᠠ ᠬᠤᠪᠢᠷᠠᠭᠤᠯᠬᠤ᠃     ᠬᠤᠶᠠᠷ᠂ ᠮᠠᠰᠢᠨ ᠲᠡᠷᠭᠡᠨ ᠤ ᠲᠤᠬᠠᠶᠢᠯᠠᠭᠰᠠᠨ ᠠᠵᠢᠯ     ᠮᠠᠰᠢᠨ ᠲᠡᠷᠭᠡᠨ ᠤ ᠨᠣᠮᠧᠷ ᠤᠨ ᠫᠠᠶᠢᠰᠠ ᠂ ᠮᠠᠰᠢᠨ ᠲᠡᠷᠭᠡ ᠶᠢᠨ ᠠᠶᠠᠯᠠᠯ ᠤᠨ ᠦᠨᠡᠮᠯᠡᠯ᠂ ᠮᠠᠰᠢᠨ ᠲᠡᠷᠭᠡ ᠶᠢ ᠰᠢᠯᠭᠠᠨ ᠪᠠᠶᠢᠴᠠᠭᠠᠭᠠᠳ ᠬᠢᠷᠢ ᠲᠡᠩᠴᠡᠭᠰᠡᠨ ᠲᠡᠮᠳᠡᠭ ᠵᠡᠷᠭᠡ ᠶᠢ ᠨᠥᠬᠦᠬᠦ᠂ ᠰᠣᠯᠢᠬᠤ ᠪᠤᠶᠤ ᠠᠪᠬᠤ᠃ ᠮᠠᠰᠢᠨ ᠲᠡᠷᠭᠡᠨ ᠤ ᠥᠮᠴᠢᠯᠡᠭᠴᠢ ᠶᠢᠨ ᠬᠠᠷᠢᠯᠴᠠᠬᠤ ᠠᠷᠭ᠎ᠠ ᠮᠠᠶ᠋ᠢᠭ ᠢ ᠬᠤᠪᠢᠷᠠᠭᠤᠯᠵᠦ ᠳᠠᠩᠰᠠᠯᠠᠭᠤᠯᠬᠤ᠃     ᠭᠤᠷᠪᠠ᠂ ᠵᠢᠯᠣᠭᠤᠴᠢ ᠶᠢᠨ ᠦᠨᠡᠮᠯᠡᠯ ᠤᠨ ᠲᠤᠬᠠᠶᠢᠯᠠᠭᠰᠠᠨ ᠠᠵᠢᠯ     ᠵᠢᠯᠣᠭᠤᠴᠢ ᠶᠢᠨ ︵ᠮᠠᠰᠢᠨ ᠲᠡᠷᠭᠡ ᠵᠢᠯᠣᠭᠤᠳᠬᠤ︶ ᠦᠨᠡᠮᠯᠡᠯ ᠢ ᠨᠥᠬᠦᠪᠥᠷᠢᠯᠡᠬᠦ᠂ ᠰᠣᠯᠢᠬᠤ ᠪᠠ ᠭᠠᠷᠭᠠᠨ ᠠᠪᠬᠤ᠂ ᠮᠠᠰᠢᠨ ᠲᠡᠷᠭᠡᠨ ᠤ ᠵᠢᠯᠣᠭᠤᠴᠢ ᠶᠢᠨ ᠬᠠᠷᠢᠯᠴᠠᠬᠤ ᠠᠷᠭ᠎ᠠ ᠮᠠᠶ᠋ᠢᠭ ᠢ ᠬᠤᠪᠢᠷᠠᠭᠤᠯᠬᠤ ᠶᠢ ᠮᠡᠳᠡᠭᠦᠯᠵᠦ ᠳᠠᠩᠰᠠᠯᠠᠭᠤᠯᠬᠤ᠃     ᠲ᠊‍ᠡᠷᠠᠭ᠎ᠠ ᠠᠯᠬᠤᠮ ᠳᠤ᠂ ᠬᠥᠬᠡᠬᠤᠲᠠ ᠶᠢᠨ ᠳᠣᠲᠣᠭᠠᠳᠤ ᠶᠢ ᠬᠠᠮᠠᠭᠠᠯᠠᠬᠤ ᠲᠣᠪᠴᠢᠶᠠᠨ ᠤ ᠵᠠᠮ ᠬᠠᠷᠢᠯᠴᠠᠭᠠᠨ ᠤ ᠬᠠᠮᠢᠶᠠᠷᠤᠯᠲᠠ ᠶᠢᠨ ᠰᠠᠯᠠᠭ᠎ᠠ ᠮᠥᠴᠢᠷ ᠨᠢ ᠰᠢᠦᠳᠠᠨ ᠤ ᠰᠠᠯᠠᠭ᠎ᠠ ᠮᠥᠴᠢᠷ ᠲᠠᠢ ᠬᠠᠮᠲᠤᠷᠠᠯᠴᠠᠭ᠎ᠠ ᠪᠠᠨ ᠦᠷᠭᠦᠯᠵᠢᠯᠡᠨ ᠭᠦᠨᠵᠡᠭᠡᠶᠢᠷᠡᠭᠦᠯᠵᠦ᠂ ᠰᠢᠦᠳᠠᠨ ᠤ ᠰᠠᠯᠠᠭ᠎ᠠ ᠮᠥᠴᠢᠷ ᠤᠨ ᠮᠠᠰᠢ ᠪᠣᠯᠪᠠᠰᠤᠷᠠᠩᠭᠤᠶ ᠴᠢᠯᠦᠭᠡᠳᠡᠢ ᠦᠢᠯᠡᠴᠢᠯᠡᠬᠦ ᠪᠠ ᠰᠦᠯᠵᠢᠶᠡᠨ ᠴᠡᠭ ᠤᠨ ᠪᠠᠶᠢᠭᠤᠯᠤᠯᠲᠠ ᠶᠢᠨ ᠰᠠᠭᠤᠷᠢ ᠲᠥᠬᠦᠭᠡᠷᠦᠮᠵᠢ ᠵᠡᠷᠭᠡ ᠳᠤ ᠭᠦᠢᠴᠡᠳ ᠲᠦᠰᠢᠭᠯᠡᠵᠦ᠂ ᠨᠡᠩ ᠤᠯᠠᠨ ᠣᠷᠣᠯᠠᠨ ᠭᠦᠢᠴᠡᠳᠬᠡᠬᠦ ᠦᠢᠯᠡᠴᠢᠯᠡᠭᠡᠨ ᠤ ᠴᠡᠭ ᠢ ᠪᠠᠶᠢᠭᠤᠯᠬᠤ ᠪᠠᠷ ᠳᠠᠮᠵᠢᠨ᠂ ᠲᠡᠷᠭᠡ ᠬᠦᠰᠬᠡ ᠶᠢ ᠬᠠᠮᠢᠶᠠᠷᠬᠤ ᠦᠢᠯᠡᠴᠢᠯᠡᠭᠡᠨ ᠤ ᠬᠠᠮᠤᠷᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠤᠯᠠᠨ ᠲᠦᠮᠡᠨ ᠤ ᠰᠠᠨᠠᠭᠠᠨ ᠲᠠᠪᠠ ᠪᠠᠷ ᠢᠶᠠᠨ ᠰᠣᠩᠭᠤᠵᠤ ᠲᠡᠷᠭᠡ ᠬᠦᠰᠬᠡ ᠶᠢᠨ ᠲᠤᠬᠠᠶᠢᠯᠠᠭᠰᠠᠨ ᠠᠵᠢᠯ ᠢ ᠭᠦᠢᠴᠡᠳᠬᠡᠬᠦ ᠳᠤ ᠳᠦᠭᠦᠮ ᠦᠵᠡᠭᠦᠯᠦᠨ᠎ᠡ᠃
 
ᠢᠷᠡᠯᠲᠡ᠄ ᠲᠣᠲᠣᠷᠬᠠᠢ ᠦᠭᠡᠢ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号