ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ  ᠶᠢᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠶᠢ ᠬᠦᠯᠢᠶᠡᠨ ᠠᠪᠴᠤ ᠳᠠᠩᠰᠠᠯᠠᠭᠤᠯᠬᠤ ᠳᠦᠷᠢᠮ
ᠨᠡᠶᠢᠲᠡᠯᠡᠭᠰᠡᠨ ᠴᠠᠭ᠄
2019/1/10
     ᠨᠢᠭᠡᠳᠦᠭᠡᠷ ᠵᠣᠷᠪᠣᠰ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ  ᠶᠢᠨ ᠪᠠᠶᠢᠭᠤᠯᠭ᠎ᠠ ᠶᠢᠨ ᠠᠯᠪᠠᠨ ᠠᠰᠠᠷ ᠲᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠶᠢ ᠬᠦᠯᠢᠶᠡᠨ ᠠᠪᠬᠤ ᠠᠯᠪᠠᠨ ᠭᠡᠷ ᠪᠠᠶᠢᠭᠤᠯᠵᠦ᠂ ᠮᠠᠨ ᠤ ᠲᠣᠪᠴᠢᠶ᠎ᠠ  ᠶᠢᠨ ᠳᠠᠬᠢᠨ ᠵᠥᠪᠯᠡᠬᠦ ᠠᠵᠢᠯ ᠢ ᠡᠭᠦᠷᠭᠡᠯᠡᠬᠦ ᠬᠥᠮᠦᠰ ᠲᠣᠭᠲᠠᠭᠰᠠᠨ ᠴᠠᠭ ᠬᠤᠭᠤᠴᠠᠭᠠᠨ ᠤ ᠳᠣᠲᠣᠷ᠎ᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠶᠢ ᠬᠦᠯᠢᠶᠡᠨ ᠠᠪᠬᠤ ᠠᠵᠢᠯ ᠢ ᠬᠠᠷᠢᠭᠤᠴᠠᠨ᠎ᠠ᠃      ᠬᠤᠶᠠᠳᠤᠭᠠᠷ ᠵᠣᠷᠪᠣᠰ᠂ ᠬᠦᠯᠢᠶᠡᠨ ᠠᠪᠬᠤ ᠠᠵᠢᠯᠳᠠᠨ ᠡᠷᠬᠡᠪᠰᠢ ᠪᠦᠬᠦ ᠰᠡᠳᠬᠢᠯ ᠪᠦᠬᠦ ᠵᠣᠷᠢᠭ ᠢᠶᠠᠷ ᠢᠶᠠᠨ ᠠᠷᠠᠳ ᠲᠦᠮᠡᠨ ᠳᠤ ᠦᠢᠯᠡᠴᠢᠯᠡᠬᠦ ᠦᠵᠡᠯ ᠰᠠᠨᠠᠭ᠎ᠠ ᠶᠢ ᠪᠠᠲᠤ ᠪᠠᠬᠢ ᠪᠤᠢ ᠪᠣᠯᠭᠠᠵᠤ᠂ ᠨᠠᠮ ᠪᠠ ᠤᠯᠤᠰ ᠤᠨ ᠴᠢᠭᠯᠡᠯᠲᠡ᠂ ᠲᠦᠷᠦ ᠶᠢᠨ ᠪᠤᠳᠤᠯᠭ᠎ᠠ᠂ ᠬᠠᠤᠯᠢ ᠴᠠᠭᠠᠵᠠ᠂ ᠬᠠᠤᠯᠢ ᠵᠠᠷᠯᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠴᠠᠭᠠᠵᠠ ᠶᠢᠨ ᠲᠦᠷᠢᠮ ᠢ ᠰᠠᠶᠢᠲᠤᠷ ᠰᠣᠷᠣᠯᠴᠠᠵᠦ᠂ ᠬᠦᠯᠢᠶᠡᠨ ᠠᠪᠬᠤ ᠳᠤᠮᠳᠠ ᠳᠤᠷᠠᠳᠤᠭᠰᠠᠨ ᠠᠰᠠᠭᠤᠳᠠᠯ ᠪᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠭᠴᠢ ᠶᠢᠨ ᠳᠣᠷᠠᠳᠣᠬᠰᠡᠨ ᠠᠰᠠᠭᠤᠯᠲᠠ ᠶᠢ ᠵᠥᠪ ᠬᠠᠷᠢᠭᠤᠯᠬᠤ ᠬᠡᠷᠡᠭᠲᠡᠢ᠂ ᠭᠤᠶᠤᠴᠢᠯᠠᠭᠴᠢ ᠶᠢᠨ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ  ᠭᠤᠶᠤᠴᠢᠯᠠᠯ ᠬᠢᠬᠦ ᠶᠠᠪᠤᠴᠠ ᠳᠠᠬᠢ ᠠᠰᠠᠭᠤᠳᠠᠯ ᠢ ᠢᠳᠡᠪᠬᠢᠲᠡᠶ ᠪᠠᠷ ᠬᠠᠪᠰᠤᠷᠴᠤ ᠰᠢᠢᠳᠪᠦᠷᠢᠯᠡᠬᠦ ᠬᠡᠷᠡᠭᠲᠡᠶ  ᠃      ᠭᠤᠷᠪᠠᠳᠤᠭᠠᠷ ᠵᠣᠷᠪᠣᠰ᠂ ᠬᠦᠯᠢᠶᠡᠨ ᠠᠪᠬᠤ ᠠᠵᠢᠯᠲᠠᠨ ᠠᠴᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠭᠴᠢ ᠶᠢ ᠬᠦᠯᠢᠶᠡᠨ ᠠᠪᠬᠤ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠤᠨ ᠮᠠᠲ᠋ᠧᠷᠢᠶᠠᠯ ᠢ ᠬᠦᠯᠢᠶᠡᠨ ᠠᠪᠤᠭᠰᠠᠨ ᠤ ᠳᠠᠷᠠᠭ᠎ᠠ ᠳᠠᠩᠰᠠᠯᠠᠬᠤ ᠬᠡᠷᠡᠭᠲᠡᠶ᠂ ︽ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠳᠠᠩᠰᠠᠯᠠᠬᠤ ᠬᠦᠰᠦᠨᠦᠭᠲᠦ︾᠂ ︽ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠬᠦᠯᠢᠶᠡᠠ ᠠᠪᠤᠭᠰᠠᠨ ᠲᠣᠳᠣᠷᠬᠠᠶ ᠬᠠᠭᠤᠳᠠᠰᠤ︾᠂ ︽ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠳᠠᠭᠠᠯᠳᠤᠭᠤᠯᠤᠭᠰᠠᠨ ᠵᠦᠢᠯ ᠤᠨ ᠭᠠᠷᠴᠠᠭ︾ ᠢ ᠲᠠᠬᠠᠯᠠᠨ᠂ ᠭᠤᠶᠤᠴᠢᠯᠠᠭᠴᠢ ᠪᠠᠷ ᠬᠢᠨᠠᠨ ᠮᠠᠭᠠᠳᠯᠠᠭᠤᠯᠤᠭᠰᠠᠨ ᠤ ᠲᠠᠷᠠᠭ᠎ᠠ ᠭᠠᠷ ᠤᠨ ᠦᠰᠦᠭ ᠵᠢᠷᠤᠭᠤᠯᠬᠤ ᠬᠡᠷᠡᠭᠲᠡᠶ᠃      ᠳᠥᠷᠪᠡᠳᠦᠭᠡᠷ ᠵᠣᠷᠪᠣᠰ᠂ ᠭᠤᠶᠤᠴᠢᠯᠠᠭᠴᠢ ᠠᠴᠠ ᠠᠮᠠ ᠪᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠶᠢ ᠭᠤᠶᠤᠴᠢᠯᠠᠵᠤ᠂ ᠬᠦᠯᠢᠶᠡᠨ ᠠᠪᠤᠭᠰᠠᠨ ᠠᠵᠢᠯᠲᠠᠨ ᠲᠤᠬᠠᠶ ᠶᠢᠨ ᠭᠠᠵᠠᠷ ᠲᠤᠨᠢ ᠭᠤᠶᠤᠴᠢᠯᠠᠭᠴᠢ ᠶᠢᠨ ᠦᠨᠳᠦᠰᠦᠨ ᠪᠠᠶᠢᠳᠠᠯ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠭᠰᠠᠨ ᠤᠴᠢᠷ ᠰᠢᠯᠲᠠᠭᠠᠨ ᠪᠠ ᠴᠠᠭ ᠬᠤᠭᠤᠴᠠᠭ᠎ᠠ ᠵᠢᠴᠢ ᠭᠤᠣᠯ ᠪᠣᠯᠬᠤ ᠪᠣᠳᠠᠲᠤ ᠶᠠᠪᠤᠳᠠᠯ ᠢ ᠳᠠᠩᠰᠠᠯᠠᠯᠲᠠ ᠬᠢᠬᠦ ᠪᠥᠭᠡᠳ ᠭᠤᠶᠤᠴᠢᠯᠠᠭᠴᠢ ᠳᠤ ᠲᠤᠰᠢᠶᠠᠨ ᠬᠢᠨᠠᠨ ᠬᠠᠷᠭᠤᠭᠤᠯᠬᠤ ᠶᠢᠨ ᠬᠠᠮᠲᠤ ᠭᠤᠶᠤᠴᠢᠯᠠᠭᠴᠢ ᠪᠠᠷ ᠭᠠᠷ ᠤᠨ ᠦᠰᠦᠭ ᠵᠢᠷᠤᠭᠤᠯᠬᠤ ᠬᠡᠷᠡᠭᠲᠡᠶ᠃      ᠲᠠᠪᠤᠳᠤᠭᠠᠷ ᠵᠣᠷᠪᠣᠰ  ᠂ ᠭᠤᠶᠤᠴᠢᠯᠠᠭᠴᠢ ᠠᠴᠠ ᠰᠢᠦᠳᠠᠨ᠂  ᠹᠠᠺᠰ᠂  ᠢᠮᠧᠯ ᠢᠯᠡᠬᠡᠬᠦ ᠵᠡᠷᠭᠡ ᠠᠷᠭ᠎ᠠ  ᠮᠠᠶ᠋ᠢᠭ ᠢᠶᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ  ᠪᠠᠷ ᠭᠤᠶᠤᠴᠢᠯᠠᠭᠰᠠᠨ ᠪᠠᠶᠢᠪᠠᠯ᠂ ᠬᠦᠯᠢᠶᠡᠨ ᠠᠪᠬᠤ  ᠠᠵᠢᠯᠲᠠᠨ ᠤ ᠣᠯᠵᠤ ᠠᠪᠤᠭᠰᠠᠨ ᠡᠳᠦᠷ ᠠᠴᠠ  ᠡᠬᠢᠯᠡᠨ 3 ᠡᠳᠦᠷ ᠤᠨ ᠳᠣᠲᠣᠷ᠎ᠠ ᠭᠤᠶᠤᠴᠢᠯᠠᠭᠴᠢ ᠳᠤ ᠮᠡᠳᠡᠭᠳᠡᠨ  ᠲᠠᠯᠠᠪᠤᠷ ᠲᠤ ᠢᠷᠡᠵᠦ  ᠨᠤᠲᠠᠯᠠᠨ ᠳᠣᠬᠳᠠᠭᠠᠬᠤ  ᠬᠡᠷᠡᠭᠲᠡᠢ  ᠂ ᠭᠤᠶᠤᠴᠢᠯᠠᠭᠴᠢ ᠨᠢ ᠵᠦᠢ ᠶᠣᠰᠣᠨ ᠤ ᠤᠴᠢᠷ  ᠰᠢᠯᠲᠠᠭᠠᠨ ᠦᠭᠡᠢ  ᠪᠠᠷ ᠪᠣᠯᠵᠣᠨ  ᠲᠣᠭᠲᠠᠭᠰᠠᠨ  ᠴᠠᠭ ᠤᠨ ᠳᠣᠲᠣᠷ᠎ᠠ ᠢᠷᠡᠵᠦ ᠨᠤᠲᠠᠯᠠᠭᠰᠠᠨ ᠦᠭᠡᠢ ᠪᠠᠶᠢᠪᠠᠯ  ᠂  ᠭᠤᠶᠤᠴᠢᠯᠠᠬᠤ ᠠᠵᠢᠯᠠᠯᠭ᠎ᠠ   ᠪᠠᠨ ᠬᠠᠶᠠᠭᠰᠠᠨ  ᠢᠶᠠᠷ  ᠦᠵᠡᠨ᠎ᠡ  ᠃ ᠭᠤᠶᠤᠴᠢᠯᠠᠭᠴᠢ   ᠨᠢ  ᠦᠨᠡᠬᠡᠷ ᠬᠦᠴᠢᠷᠳᠡᠯ ᠲᠠᠢ   ᠠᠴᠠ  ᠪᠣᠯᠵᠤ ᠲᠤᠬᠠᠶ ᠶᠢᠨ ᠭᠠᠵᠠᠷ ᠲᠤ ᠬᠦᠷᠴᠦ ᠨᠤᠲᠠᠯᠠᠭᠰᠠᠨ ᠦᠭᠡᠶ ᠪᠣᠯ  ᠂  ᠬᠦᠯᠢᠶᠡᠨ ᠠᠪᠬᠤ ᠠᠵᠢᠯᠲᠠᠨ ᠠᠴᠠ  ᠢᠳᠡᠪᠬᠢᠲᠡᠶ ᠬᠠᠮᠵᠢᠯᠴᠠᠵᠤ᠂ ᠭᠤᠶᠤᠴᠢᠯᠠᠭᠴᠢ ᠳᠤ  ᠪᠤᠰᠤᠳ ᠠᠷᠭ᠎ᠠ ᠵᠠᠮ ᠢᠶᠠᠷ ᠳᠠᠮᠵᠢᠭᠤᠯᠤᠨ ᠨᠤᠲᠠᠯᠠᠬᠤ ᠬᠡᠷᠡᠭᠳᠡᠢ᠃      ᠵᠷᠭᠤᠳᠤᠭᠠᠷ ᠵᠣᠷᠪᠣᠰ᠂ ᠬᠦᠯᠢᠶᠡᠨ ᠠᠪᠬᠤ ᠠᠵᠢᠯᠲᠠᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ  ᠭᠤᠶᠤᠴᠢᠯᠠᠯ ᠢ ᠣᠯᠤᠭᠰᠠᠨ ᠤ ᠲᠠᠷᠠᠭ᠎ᠠ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠬᠡᠷᠡᠭ ᠢ ᠬᠦᠯᠢᠶᠡᠨ ᠠᠪᠬᠤ  ᠨᠥᠬᠦᠴᠡᠯ ᠳᠤ ᠨᠡᠶᠢᠴᠡᠬᠦ ᠡᠰᠡᠬᠦ ᠲᠤᠬᠠᠶ ᠠᠩᠬ᠎ᠠ ᠠᠯᠬᠤᠮ ᠬᠢᠨᠠᠨ ᠪᠠᠶᠢᠴᠠᠭᠠᠬᠤ ᠬᠡᠷᠡᠭᠲᠡᠢ᠃      ᠳᠣᠯᠣᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠬᠡᠪᠴᠢᠶ᠎ᠡ ᠳᠤ ᠪᠠᠭᠲᠠᠬᠤ ᠦᠭᠡᠶ ᠪᠣᠶᠣ ᠲᠤᠰ ᠱᠠᠲᠤᠨ ᠤ ᠵᠠᠰᠠᠭ ᠤᠨ ᠣᠷᠳᠣᠨ ᠠᠴᠠ ᠰᠢᠢᠳᠪᠦᠷᠢᠯᠡᠬᠦ ᠪᠣᠯᠬᠤ ᠦᠭᠡᠢ ᠵᠠᠰᠠᠭ ᠵᠠᠬᠢᠷᠭᠠᠨ ᠤ ᠳᠠᠪᠲᠠᠨ ᠵᠦᠪᠳᠡᠬᠦ ᠵᠦᠢᠯᠡᠰ ᠢ ᠬᠦᠯᠢᠶᠡᠨ ᠠᠪᠬᠤ ᠠᠵᠢᠯᠲᠠᠨ ᠠᠴᠠ ᠭᠤᠶᠤᠴᠢᠯᠠᠭᠴᠢ ᠳᠤ ᠴᠠᠭ ᠲᠤᠬᠠᠶ ᠳᠤᠨᠢ ᠮᠡᠳᠡᠭᠳᠡᠬᠦ ᠬᠡᠷᠡᠭᠲᠡᠶ ᠪᠥᠭᠡᠳ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ ᠪᠤᠰᠤᠳ ᠠᠪᠤᠷᠠᠨ ᠲᠤᠰᠠᠯᠠᠬᠤ ᠠᠷᠭ᠎ᠠ ᠵᠠᠮ ᠢ ᠵᠢᠭᠠᠵᠤ ᠥᠭᠬᠦ ᠬᠡᠷᠡᠭᠲᠡᠢ᠃      ᠵᠠᠰᠠᠭ ᠵᠠᠬᠢᠷᠭᠠᠨ ᠢᠶᠠᠷ ᠳᠠᠬᠢᠨ ᠵᠦᠪᠯᠡᠬᠦᠯᠬᠦ ᠭᠤᠶᠤᠴᠢᠯᠠᠯ ᠨᠢ ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ ᠳᠤ ᠨᠡᠶᠢᠴᠡᠬᠦ ᠡᠰᠡᠬᠦ ᠶᠢ ᠲᠣᠭᠲᠠᠭᠠᠬᠤ ᠶᠢᠨ ᠠᠷᠭ᠎ᠠ ᠦᠭᠡᠢ ᠪᠠᠶᠢᠪᠠᠯ᠂ ᠤᠷᠢᠳᠠᠪᠠᠷ ᠬᠦᠯᠢᠶᠡᠨ ᠠᠪᠴᠤ ᠪᠣᠯᠣᠨ᠎ᠠ᠂ ᠬᠦᠯᠢᠶᠡᠨ ᠠᠪᠤᠭᠰᠠᠨ ᠤ ᠳᠠᠷᠠᠭ᠎ᠠ ᠬᠢᠨᠠᠨ ᠪᠠᠶᠢᠴᠠᠭᠠᠭᠠᠳ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠵᠢᠴᠢ ᠲᠡᠭᠦᠨ ᠤ ᠬᠡᠷᠡᠭᠵᠢᠭᠦᠯᠬᠦ ᠲᠦᠷᠢᠮ ᠳᠤ ᠲᠣᠭᠲᠠᠭᠠᠭᠰᠠᠨ ᠬᠦᠯᠢᠶᠡᠨ ᠠᠪᠴᠤ ᠰᠢᠢᠳᠪᠦᠷᠢᠯᠡᠬᠦ ᠨᠥᠬᠦᠴᠡᠯ ᠳᠤ ᠨᠡᠶᠢᠴᠡᠬᠦ ᠦᠭᠡᠢ ᠪᠠᠶᠢᠬᠤ ᠶᠢ ᠣᠯᠵᠤ ᠮᠡᠳᠡᠪᠡᠯ ᠪᠣᠴᠠᠭᠠᠬᠤ ᠬᠡᠷᠡᠭᠲᠡᠢ᠃      ᠨᠠᠢᠮᠠᠳᠤᠭᠠᠷ ᠵᠣᠷᠪᠣᠰ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ ᠦᠭᠡᠢ ᠪᠤᠶᠤ ᠲᠣᠭᠠᠴᠢᠭᠰᠠᠨ ᠨᠢ ᠨᠠᠷᠢᠨ ᠲᠣᠳᠣᠷᠬᠠᠶ ᠥᠬᠡᠶ ᠪᠠᠶᠢᠪᠠᠯ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠬᠡᠷᠡᠭ ᠰᠢᠳᠬᠡᠭᠴᠢ ᠠᠴᠠ ᠭᠤᠶᠤᠴᠢᠯᠠᠭᠴᠢ ᠳᠤ ᠱᠠᠭᠠᠷᠳᠠᠵᠤ ᠨᠥᠬᠦᠵᠦ ᠵᠠᠯᠠᠷᠠᠭᠤᠯᠣᠨ᠎ᠠ᠃      ᠶᠢᠰᠦᠳᠦᠭᠡᠷ ᠵᠣᠷᠪᠣᠰ᠂ ᠭᠦᠯᠢᠶᠡᠨ ᠠᠪᠬᠤ ᠶᠠᠪᠤᠴᠠ ᠳᠤᠮᠳᠠ ᠲᠤᠯᠭᠠᠷᠠᠭᠰᠠᠨ ᠠᠰᠠᠭᠤᠳᠠᠯ ᠵᠢᠴᠢ ᠰᠢᠢᠳᠪᠦᠷᠢᠯᠡᠭᠰᠡᠨ ᠳ᠋ᠦᠩ ᠢ ᠴᠠᠭ ᠲᠤᠬᠠᠶ ᠳᠤᠨᠢ ᠰᠠᠯᠠᠭ᠎ᠠ ᠮᠥᠴᠢᠷ ᠤᠨ ᠬᠠᠷᠢᠭᠤᠴᠠᠯᠭᠠᠲᠠᠨ ᠪᠤᠶᠤ ᠬᠤᠪᠢᠶᠠᠨ ᠬᠠᠮᠢᠶᠠᠷᠴᠤ ᠪᠠᠶᠢᠭ᠎ᠠ ᠳᠡᠳ᠋ ᠲᠣᠪᠴᠢᠶᠠᠨ ᠳᠠᠷᠤᠭ᠎ᠠ ᠳᠤ ᠬᠠᠷᠢᠭᠤ ᠮᠡᠳᠡᠭᠦᠯᠦᠯᠲᠡ ᠬᠢᠬᠦ ᠬᠡᠷᠡᠭᠲᠡᠢ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号