ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠦᠢᠴᠡᠳᠬᠡᠵᠦ ᠪᠠᠶᠢᠭ᠎ᠠ ᠪᠠᠶᠢᠳᠠᠯ ᠢ ᠰᠢᠪᠠᠳᠠᠨ ᠪᠠᠶᠢᠴᠠᠭᠠᠬᠤ ᠲᠣᠭᠲᠠᠭᠠᠯ
ᠨᠡᠶᠢᠲᠡᠯᠡᠭᠰᠡᠨ ᠴᠠᠭ᠄
2019/1/10
     ᠨᠢᠭᠡᠳᠦᠭᠡᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠴᠠᠭ ᠲᠤᠬᠠᠶ ᠳᠤᠨᠢ ᠪᠥᠬᠦ ᠲᠠᠯ᠎ᠠ ᠪᠠᠷ ᠬᠦᠢᠴᠡᠳᠭᠡᠵᠦ᠂ ᠭᠤᠶᠤᠴᠢᠯᠠᠭᠴᠢ᠂ ᠭᠤᠷᠪᠠᠳᠠᠬᠢ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾ ᠶᠢ ᠦᠨᠳᠦᠰᠦᠯᠡᠨ ᠲᠤᠰ ᠲᠣᠭᠲᠠᠭᠠᠯ ᠢ ᠲᠤᠰᠬᠠᠶᠢᠯᠠᠨ ᠲᠣᠭᠲᠠᠭᠠᠪᠠ᠃      ᠬᠤᠶᠠᠳᠤᠭᠠᠷ ᠵᠣᠷᠪᠣᠰ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠰᠢᠰᠲ᠋ᠧᠮ ᠤᠨ ᠳᠣᠲᠣᠷ᠎ᠠ᠂ ᠭᠤᠶᠤᠴᠢᠯᠠᠭᠳᠠᠭᠴᠢ ᠨᠢ ᠭᠦᠢᠴᠡᠳᠬᠡᠬᠦ ᠠᠭᠤᠯᠭ᠎ᠠ ᠪᠦᠬᠦᠢ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠦᠢᠴᠡᠳᠬᠡᠬᠦ ᠵᠢᠴᠢ ᠲᠡᠭᠦᠨ ᠢ ᠬᠤᠭᠤᠴᠠᠭ᠎ᠠ ᠬᠡᠲᠦᠷᠡᠲᠡᠯ᠎ᠡ ᠭᠦᠢᠴᠡᠳᠬᠡᠬᠦ ᠤᠢᠭᠡᠢ ᠪᠤᠶᠤ ᠪᠦᠬᠦ ᠲᠠᠯ᠎ᠠ ᠪᠠᠷ ᠭᠦᠢᠴᠡᠳᠬᠡᠬᠦ ᠤᠢᠭᠡᠢ ᠪᠠᠶᠢᠳᠠᠯ ᠢ ᠬᠢᠨᠠᠨ ᠪᠠᠶᠢᠴᠠᠭᠠᠬᠤ ᠳᠤ ᠲᠤᠰ ᠲᠣᠭᠲᠠᠭᠠᠯ ᠢ ᠬᠡᠷᠡᠭᠯᠡᠨ᠎ᠡ᠃      ᠭᠤᠷᠪᠠᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠦᠢᠴᠡᠳᠬᠡᠭᠰᠡᠨ ᠪᠠᠶᠢᠳᠠᠯ ᠢ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠬᠡᠷ ᠠᠴᠠ ᠬᠠᠷᠢᠭᠤᠴᠠᠨ ᠬᠢᠨᠠᠨ ᠪᠠᠶᠢᠴᠠᠭᠠᠯᠲᠠ ᠬᠢᠨ᠎ᠡ᠃      ᠳᠥᠷᠪᠡᠳᠦᠭᠡᠷ ᠵᠣᠷᠪᠣᠰ᠂ ᠬᠢᠨᠠᠨ ᠪᠠᠶᠢᠴᠠᠭᠠᠬᠤ ᠠᠵᠢᠯ ᠤᠨ ᠬᠦᠷᠢᠶ᠎ᠡ ᠬᠡᠪᠴᠢᠶ᠎ᠡ᠄      ︵ᠨᠢᠭᠡ︶ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠦᠢᠴᠡᠳᠬᠡᠬᠦ ᠦᠭᠡᠢ ᠪᠤᠶᠤ ᠪᠦᠬᠦ ᠲᠠᠯ᠎ᠠ ᠪᠠᠷ ᠭᠦᠢᠴᠡᠳᠬᠡᠬᠦ ᠦᠭᠡᠢ ᠪᠣᠳᠠᠲᠤ ᠬᠡᠷᠡᠭ᠂ ᠤᠴᠢᠷ ᠰᠢᠯᠲᠠᠭᠠᠨ ᠤ ᠲᠤᠬᠠᠶ ᠪᠠᠶᠢᠴᠠᠭᠠᠯᠲᠠ ᠪᠤᠶᠤ ᠬᠢᠨᠠᠨ ᠮᠠᠭᠠᠳᠯᠠᠬᠤ ᠬᠢᠬᠦ︔      ︵ᠬᠤᠶᠠᠷ︶ ᠭᠤᠶᠤᠴᠢᠯᠠᠭᠳᠠᠭᠴᠢ ᠳᠤ ᠵᠠᠷᠯᠢᠭᠳᠠᠵᠤ ᠪᠠᠶᠢᠭᠠᠳ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠦᠢᠴᠡᠳᠬᠡᠬᠦ ᠮᠡᠳᠡᠭᠳᠡᠯ ᠤᠨ ᠪᠢᠴᠢᠭ ᠢ ᠬᠦᠷᠭᠡᠬᠦ︔      ︵ᠭᠤᠷᠪᠠ︶ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠦᠢᠴᠡᠳᠬᠡᠬᠦ ᠶᠢ ᠲᠤᠷᠭᠤᠨ ᠵᠣᠭᠰᠣᠭᠠᠬᠤ ᠪᠤᠶᠤ ᠳᠠᠭᠤᠰᠬᠠᠬᠤ ᠡᠰᠡᠬᠦ ᠶᠢ ᠬᠢᠨᠠᠨ ᠪᠠᠶᠢᠴᠠᠭᠠᠬᠤ ᠶᠢᠨ ᠬᠠᠮᠲᠤ ᠬᠠᠤᠯᠢ ᠶᠣᠰᠣᠭᠠᠷ ᠰᠢᠢᠳᠪᠦᠷᠢ ᠭᠠᠷᠭᠠᠬᠤ︔      ︵ᠲᠦᠷᠪᠡ︶ ᠭᠤᠶᠤᠴᠢᠯᠠᠭᠳᠠᠭᠴᠢ ᠳᠤ ᠠᠵᠢᠯ ᠢᠶᠠᠨ ᠥᠭᠡᠷᠡᠴᠢᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠬᠤ︔      ︵ᠲᠠᠪᠤ︶ ᠭᠤᠶᠤᠴᠢᠯᠠᠭᠳᠠᠭᠴᠢ ᠨᠢ ᠲᠤᠰ ᠲᠣᠭᠲᠠᠭᠠᠯ ᠢ ᠵᠥᠷᠢᠴᠡᠭᠰᠡᠨ ᠠᠵᠢᠯᠯᠠᠭ᠎ᠠ ᠳᠤ ᠵᠠᠷᠯᠠᠨ ᠰᠢᠭᠦᠮᠵᠢᠯᠡᠯ ᠬᠢᠬᠦ︔      ︵ᠵᠢᠷᠭᠤᠭ᠎ᠠ︶ ᠬᠢᠨᠠᠨ ᠪᠠᠶᠢᠴᠠᠭᠠᠬᠤ ᠪᠠᠶᠢᠭᠤᠯᠭ᠎ᠠ ᠳᠤ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠦᠰ ᠲᠤ ᠰᠢᠳᠬᠡᠯ ᠥᠭᠬᠦ ᠰᠠᠨᠠᠭᠤᠯᠭ᠎ᠠ ᠳᠤᠷᠠᠳᠬᠤ︔      ︵ᠲᠤᠯᠤᠭ᠎ᠠ︶ ᠭᠤᠶᠤᠴᠢᠯᠠᠭᠳᠠᠭᠴᠢ ᠪᠤᠶᠤ ᠪᠤᠰᠤᠳ ᠳᠣᠣᠷᠠᠳᠤ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠮᠢᠶ᠎ᠠ ᠪᠥᠬᠦᠶ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ  ᠶᠢᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠤᠨ ᠬᠤᠵᠢᠮ ᠤᠨ ᠠᠵᠢᠯ ᠢ ᠰᠠᠶᠢᠲᠤᠷ ᠬᠢᠬᠦ ᠬᠡᠷᠡᠭᠲᠡᠶ᠃      ᠲᠠᠪᠤᠳᠤᠭᠠᠷ ᠵᠣᠷᠪᠣᠰ᠂ ᠭᠤᠶᠤᠴᠢᠯᠠᠭᠳᠠᠭᠴᠢ ᠨᠢ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢᠨ ᠪᠢᠴᠢᠭ ᠢ ᠣᠯᠤᠭᠰᠠᠨ ᠤ ᠳᠠᠷᠠᠭ᠎ᠠ ᠴᠠᠭ ᠲᠤᠬᠠᠶ  ᠳᠤ ᠨᠢ ᠪᠦᠬᠦ ᠲᠠᠯ᠎ᠠ ᠪᠠᠷ ᠬᠦᠢᠴᠡᠳᠭᠡᠵᠦ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠦᠢᠴᠡᠳᠬᠡᠬᠦ ᠬᠤᠭᠤᠴᠠᠭ᠎ᠠ ᠨᠢ ᠳᠦᠭᠦᠷᠦᠭᠰᠡᠨ ᠤ ᠳᠠᠷᠠᠭ᠎ᠠ 30 ᠡᠳᠦᠷ ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠵᠠᠰᠠᠭ ᠵᠠᠬᠢᠷᠭᠠᠨ ᠤ ᠳᠠᠬᠢᠨ ᠵᠦᠪᠯᠡᠬᠦ ᠤᠳᠤᠷᠢᠳᠬᠤ ᠳᠤᠭᠤᠶᠢᠯᠠᠩ  ᠳᠤ ᠪᠢᠴᠢᠭ ᠢᠶᠠᠷ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠬᠦᠢᠴᠡᠳᠭᠡᠭᠰᠡᠨ ᠦᠷ᠎ᠡ ᠳ᠋ᠦᠩ ᠢᠶᠠᠨ ᠮᠡᠳᠡᠭᠦᠯᠦᠨ᠎ᠡ᠃      ᠬᠠᠤᠯᠢ ᠴᠠᠭᠠᠵᠠ᠂ ᠬᠠᠤᠯᠢ ᠲᠣᠭᠲᠠᠭᠠᠯ ᠳᠤ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠦᠢᠴᠡᠳᠬᠡᠬᠦ ᠬᠤᠭᠤᠴᠠᠭ᠎ᠠ ᠨᠢ ᠲᠣᠭᠲᠠᠭᠠᠯ ᠲᠠᠢ ᠪᠠᠶᠢᠪᠠᠯ᠂ ᠭᠤᠶᠤᠴᠢᠯᠠᠭᠳᠠᠭᠴᠢ ᠨᠢ ᠲᠣᠭᠲᠠᠭᠠᠭᠰᠠᠨ ᠬᠤᠭᠤᠴᠠᠭᠠᠨ ᠳᠣᠲᠣᠷ᠎ᠠ ᠪᠦᠬᠦ ᠲᠠᠯ᠎ᠠ ᠪᠠᠷ ᠵᠠᠰᠠᠭ ᠵᠠᠬᠢᠷᠭᠠᠨ ᠢᠶᠠᠷ ᠳᠠᠬᠢᠨ ᠵᠦᠪᠯᠡᠬᠦ ᠰᠢᠢᠳᠪᠦᠷᠢ ᠶᠢ ᠬᠦᠢᠴᠡᠳᠭᠡᠬᠦ ᠬᠡᠷᠡᠭᠲᠡᠶ︔ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠦᠢᠴᠡᠳᠬᠡᠬᠦ ᠬᠤᠭᠤᠴᠠᠭ᠎ᠠ ᠳᠤ ᠲᠣᠭᠲᠠᠭᠠᠯ ᠭᠠᠷᠭᠠᠭᠰᠠᠨ ᠦᠭᠡᠢ ᠪᠠᠶᠢᠪᠠᠯ᠂ ᠭᠤᠶᠤᠴᠢᠯᠠᠭᠳᠠᠭᠴᠢ ᠨᠢ ᠳᠣᠣᠷ᠎ᠠ ᠳᠤᠷᠠᠳᠤᠭᠰᠠᠨ ᠬᠤᠭᠤᠴᠠᠭᠠᠨ ᠤ ᠳᠣᠲᠣᠷ᠎ᠠ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠪᠦᠬᠦ ᠲᠠᠯ᠎ᠠ ᠪᠠᠷ  ᠬᠦᠢᠴᠡᠳᠭᠡᠬᠦ ᠬᠡᠷᠡᠭᠲᠡᠢ᠄      ︵ᠨᠢᠭᠡ︶ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠦᠢᠴᠡᠳᠬᠡᠬᠦ ᠬᠤᠭᠤᠴᠠᠭ᠎ᠠ ᠶᠢᠨ ᠲᠤᠬᠠᠶ ᠲᠣᠭᠲᠠᠭᠠᠯ ᠭᠠᠷᠭᠠᠬᠰᠡᠨ ᠪᠣᠯ ᠲᠣᠭᠲᠠᠭᠠᠯ ᠢ ᠵᠢᠷᠤᠮᠯᠠᠨ᠎ᠠ︔      ︵ᠬᠤᠶᠠᠷ︶ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠨᠢ ᠭᠦᠢᠴᠡᠳᠬᠡᠬᠦ ᠬᠤᠭᠤᠴᠠᠭ᠎ᠠ ᠳᠤ ᠦᠯᠦ ᠲᠣᠭᠲᠠᠭᠠᠯ ᠭᠠᠷᠭᠠᠵᠤ᠂ ᠠᠭᠤᠯᠭ᠎ᠠ ᠨᠢ ᠭᠤᠶᠤᠴᠢᠯᠠᠭᠴᠢ ᠳᠤ ᠠᠰᠠᠷᠠᠮᠵᠢ ᠶᠢᠨ ᠮᠥᠩᠭᠦ᠂ ᠨᠡᠶᠢᠭᠡᠮ ᠤᠨ ᠳᠠᠭᠠᠳᠬᠠᠯ ᠤᠨ ᠮᠥᠩᠭᠦ ᠪᠤᠶᠤ ᠠᠮᠢᠳᠤᠷᠠᠯ ᠤᠨ ᠬᠠᠮᠤᠭ ᠳᠣᠣᠷ᠎ᠠ ᠪᠠᠲᠤᠯᠠᠭ᠎ᠠ ᠶᠢᠨ ᠵᠠᠷᠤᠳᠠᠯ  ᠢ ᠬᠠᠩᠭᠠᠭ᠍ᠰᠡᠨ ᠪᠠᠶᠢᠪᠠᠯ᠂ ᠭᠤᠶᠤᠴᠢᠯᠠᠭᠳᠠᠭᠴᠢ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠰᠢᠢᠳᠪᠦᠷᠢ ᠶᠢᠨ ᠪᠢᠴᠢᠭ ᠢ ᠣᠯᠤᠭᠰᠠᠨ ᠡᠳᠦᠷ ᠠᠴᠠ ᠡᠬᠢᠯᠡᠨ 25 ᠡᠳᠦᠷ ᠤᠨ ᠳᠣᠲᠣᠷ᠎ᠠ ᠪᠦᠬᠦ ᠲᠠᠯ᠎ᠠ ᠪᠠᠷ ᠭᠦᠢᠴᠡᠳᠬᠡᠬᠦ ᠬᠡᠷᠡᠭᠲᠡᠶ︔ ᠪᠤᠰᠤᠳ ᠲᠠᠯ᠎ᠠ ᠶᠢᠨ ᠠᠭᠤᠯᠭ᠎ᠠ ᠪᠠᠶᠢᠪᠠᠯ᠂ ᠭᠤᠶᠤᠴᠢᠯᠠᠭᠳᠠᠭᠴᠢ ᠵᠠᠰᠠᠭ ᠵᠠᠬᠢᠷᠭᠠᠨ ᠤ ᠳᠠᠬᠢᠨ ᠵᠥᠪᠯᠡᠬᠦ ᠰᠢᠢᠳᠪᠦᠷᠢ ᠶᠢᠨ ᠪᠢᠴᠢᠭ ᠢ ᠣᠯᠤᠭᠰᠠᠨ ᠡᠳᠦᠷ ᠠᠴᠠ ᠡᠬᠢᠯᠡᠨ 45 ᠡᠳᠦᠷ ᠤᠨ ᠳᠣᠲᠣᠷ᠎ᠠ ᠪᠦᠬᠦ ᠲᠠᠯ᠎ᠠ ᠪᠠᠷ ᠭᠦᠢᠴᠡᠳᠬᠡᠬᠦ ᠬᠡᠷᠡᠭᠲᠡᠶ᠃      ᠵᠢᠷᠭᠤᠳᠤᠭᠠᠷ ᠵᠣᠷᠪᠣᠰ᠂ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ  ᠶᠢᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠠᠵᠢᠯ ᠤᠨ ᠤᠳᠤᠷᠢᠳᠬᠤ ᠳᠤᠭᠤᠶᠢᠯᠠᠩ ᠠᠴᠠ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠢ ᠭᠦᠢᠴᠡᠳᠬᠡᠬᠦ ᠶᠢ  ᠵᠣᠬᠰᠣᠭᠠᠵᠦ᠂ ᠪᠠᠰᠠ ᠭᠤᠶᠤᠴᠢᠯᠠᠭᠳᠠᠭᠴᠢ ᠪᠤᠶᠤ ᠭᠤᠷᠪᠠᠳᠤᠭᠠᠷ ᠬᠥᠮᠦᠨ ᠤ ᠪᠢᠴᠢᠭ ᠢᠶᠠᠷ ᠳᠠᠬᠢᠨ ᠵᠦᠪᠯᠡᠬᠦ ᠰᠢᠢᠳᠪᠦᠷᠢ ᠶᠢ ᠬᠦᠢᠴᠡᠳᠭᠡᠬᠦ ᠶᠢ ᠵᠣᠬᠰᠣᠭᠠᠬᠤ ᠪᠢᠴᠢᠭ ᠤᠨ ᠭᠤᠶᠣᠴᠢᠯᠠᠯ ᠭᠠᠷᠭᠠᠬᠰᠡᠨ ᠪᠠᠶᠢᠳᠠᠯ ᠳᠤ ᠬᠦᠢᠴᠡᠳᠭᠡᠬᠦ ᠪᠠᠨ ᠵᠣᠭᠰᠣᠨ᠎ᠠ᠄      ︵ᠨᠢᠭᠡ︶ ᠭᠤᠶᠤᠴᠢᠯᠠᠭᠴᠢ ᠪᠤᠶᠤ ᠭᠤᠷᠪᠠᠳᠠᠬᠢ ᠬᠥᠮᠦᠨ ᠠᠴᠠ ᠵᠠᠰᠠᠭ ᠵᠠᠬᠢᠷᠭᠠᠨ ᠤ ᠳᠠᠬᠢᠨ ᠵᠥᠪᠯᠡᠬᠦ ᠰᠢᠢᠳᠪᠦᠷᠢ ᠶᠢᠨ ᠪᠢᠴᠢᠭ ᠢ ᠣᠯᠤᠭᠰᠠᠨ ᠤ ᠳᠠᠷᠠᠭ᠎ᠠ᠂ ᠬᠠᠤᠯᠢ ᠳᠤ ᠲᠣᠭᠲᠠᠭᠠᠭᠰᠠᠨ ᠬᠤᠭᠤᠴᠠᠭᠠᠨ ᠳᠣᠲᠣᠷ᠎ᠠ ᠬᠠᠤᠯᠢ ᠶᠣᠰᠣᠭᠠᠷ ᠵᠠᠰᠠᠭ ᠵᠠᠬᠢᠷᠭᠠᠨ ᠤ ᠵᠠᠷᠭᠤ ᠬᠢᠬᠦ︔      ︵ᠬᠤᠶᠠᠷ︶ ᠭᠤᠶᠤᠴᠢᠯᠠᠭᠳᠠᠭᠴᠢ   ᠨᠢ  ᠭᠤᠶᠤᠴᠢᠯᠠᠭᠴᠢ᠂ ᠭᠤᠷᠪᠠᠳᠠᠬᠢ  ᠬᠥᠮᠦᠨ   ᠲᠠᠢ ᠵᠠᠰᠠᠭ  ᠵᠠᠬᠢᠷᠭᠠᠨ  ᠤ  ᠳᠠᠬᠢᠨ  ᠵᠦᠪᠯᠡᠬᠦ  ᠰᠢᠢᠳᠪᠦᠷᠢ  ᠶᠢ  ᠭᠦᠢᠴᠡᠳᠬᠡᠬᠦ  ᠶᠢ  ᠵᠣᠭᠰᠣᠭᠠᠬᠤ  ᠳᠣᠬᠠᠢ  ᠪᠢᠴᠢᠭ  ᠤᠨ ᠬᠡᠯᠡᠯᠴᠡᠭᠡᠷ ᠲᠣᠭᠲᠠᠭᠠᠭᠰᠠᠨ︔      ︵ᠭᠤᠷᠪᠠ︶ ᠡᠰᠡᠷᠭᠦᠴᠡᠰᠢ ᠦᠭᠡᠢ ᠤᠴᠢᠷ ᠰᠢᠯᠲᠠᠭᠠᠨ᠃      ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠦᠢᠴᠡᠳᠬᠡᠬᠦ ᠶᠢ ᠵᠣᠭᠰᠣᠭᠠᠬᠤ ᠬᠤᠭᠤᠴᠠᠭᠠᠨ ᠳᠤ ᠲᠤᠰ ᠲᠣᠭᠲᠠᠭᠠᠯ ᠤᠨ ᠲᠠᠪᠤᠳᠤᠭᠠᠷ ᠵᠣᠷᠪᠣᠰ ᠲᠤ ᠲᠣᠭᠲᠠᠭᠠᠭᠰᠠᠨ ᠬᠤᠭᠤᠴᠠᠭ᠎ᠠ ᠶᠢ ᠣᠷᠣᠭᠤᠯᠵᠤ ᠪᠤᠳᠤᠬᠤ ᠦᠭᠡᠢ ᠃ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠦᠢᠴᠡᠳᠬᠡᠬᠦ ᠶᠢ ᠵᠣᠭᠰᠣᠭᠠᠬᠤ ᠤᠴᠢᠷ ᠰᠢᠯᠲᠠᠭᠠᠨ ᠨᠢ ᠠᠷᠢᠯᠤᠭᠰᠠᠨ ᠤ ᠲᠡᠷᠠᠭ᠎ᠠ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠰᠡᠷᠭᠦᠭᠡᠨ ᠭᠦᠢᠴᠡᠳᠭᠡᠨ᠎ᠡ᠃      ᠳᠣᠯᠣᠳᠤᠭᠠᠷ ᠵᠣᠷᠪᠣᠰ᠂ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ  ᠶᠢᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠠᠵᠢᠯ ᠤᠨ ᠤᠳᠤᠷᠢᠳᠬᠤ ᠳᠤᠭᠤᠶᠢᠯᠠᠩ ᠨᠢ ᠰᠢᠭᠤᠳ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠦᠢᠴᠡᠳᠬᠡᠬᠦ ᠶᠢ ᠵᠣᠭᠰᠤᠭᠠᠨ᠎ᠠ︔ ᠪᠠᠰᠠ ᠭᠤᠶᠤᠴᠢᠯᠠᠭᠳᠠᠭᠴᠢ ᠪᠤᠶᠤ ᠭᠤᠷᠪᠠᠳᠤᠭᠠᠷ ᠬᠥᠮᠦᠨ ᠤ ᠪᠢᠴᠢᠭ ᠤᠨ ᠭᠤᠶᠣᠴᠢᠯᠠᠯ ᠢᠶᠠᠷ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠦᠢᠴᠡᠳᠬᠡᠬᠦ ᠶᠢ ᠵᠤᠭᠰᠤᠭᠠᠨ᠎ᠠ᠄      ︵ᠨᠢᠭᠡ︶ ᠭᠤᠶᠤᠴᠢᠯᠠᠭᠳᠠᠭᠴᠢ ᠨᠢ ᠭᠤᠶᠤᠴᠢᠯᠠᠭᠴᠢ᠂ ᠭᠤᠷᠪᠠᠳᠠᠬᠢ ᠬᠥᠮᠦᠨ ᠲᠠᠢ ᠵᠠᠰᠠᠭ ᠵᠠᠬᠢᠷᠭᠠᠨ ᠤ ᠮᠠᠷᠭᠤᠯᠳᠤᠭᠠᠨ ᠤ ᠤᠴᠢᠷ ᠶᠠᠪᠤᠳᠠᠯ ᠤᠨ ᠲᠤᠬᠠᠶ ᠡᠶᠡᠳᠡᠬᠦ ᠬᠡᠯᠡᠯᠴᠡᠭᠡᠷ ᠳᠣᠬᠳᠠᠬᠰᠡᠨ︔      ︵ᠬᠤᠶᠠᠷ︶ ᠭᠤᠶᠤᠴᠢᠯᠠᠭᠴᠢ᠂ ᠭᠤᠷᠪᠠᠳᠠᠬᠢ ᠬᠥᠮᠦᠨ ᠨᠢ ᠦᠬᠦᠭᠰᠡᠨ ᠪᠤᠶᠤ ᠵᠤᠭᠰᠤᠭᠠᠭᠰᠠᠨ ᠪᠠᠶᠢᠪᠠᠯ᠂ ᠲᠡᠭᠦᠨ ᠤ ᠡᠷᠬᠡ ᠶᠢ ᠳᠠᠭᠠᠭᠠᠨ ᠬᠦᠯᠢᠶᠡᠭᠰᠡᠨ ᠬᠥᠮᠦᠨ ᠠᠴᠠ ᠡᠷᠬᠡ ᠪᠠᠨ ᠲᠠᠶᠠᠭᠳᠠᠭᠰᠠᠨ︔      ︵ᠭᠤᠷᠪᠠ︶ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠰᠢᠢᠳᠪᠦᠷᠢ ᠢ ᠬᠠᠤᠯᠢ ᠶᠣᠰᠣᠭᠠᠷ ᠬᠦᠴᠦᠨ ᠦᠭᠡᠢ ᠪᠣᠯᠭᠠᠭᠰᠠᠨ᠃      ᠨᠠᠢᠮᠠᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠦᠢᠴᠡᠳᠬᠡᠬᠦ ᠶᠢ ᠵᠣᠭᠰᠣᠭᠠᠬᠤ ᠪᠤᠶᠤ ᠳᠠᠭᠤᠰᠬᠠᠬᠤ ᠪᠠᠷ ᠰᠢᠢᠳᠪᠦᠷᠢ ᠭᠠᠷᠭᠠᠬᠰᠡᠨ ᠢ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ︽ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠦᠢᠴᠡᠳᠬᠡᠬᠦ ᠶᠢ ᠵᠣᠭᠰᠣᠭᠠᠬᠤ ᠮᠡᠳᠡᠭᠳᠡᠯ ᠤᠨ ᠪᠢᠴᠢᠭ︾᠂ ︽ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠦᠢᠴᠡᠳᠬᠡᠬᠦ ᠶᠢ ᠵᠤᠭᠰᠤᠭᠠᠬᠤ ᠮᠡᠳᠡᠭᠳᠡᠯ ᠤᠨ ᠪᠢᠴᠢᠭ︾ ᠢ ᠵᠣᠬᠢᠶᠠᠬᠤ ᠬᠡᠷᠡᠭᠲᠡᠶ᠃      ︽ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠦᠢᠴᠡᠳᠬᠡᠬᠦ ᠶᠢ ᠵᠣᠭᠰᠣᠭᠠᠬᠤ ᠮᠡᠳᠡᠭᠳᠡᠯ ᠤᠨ ᠪᠢᠴᠢᠭ︾᠂ ︽ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠦᠢᠴᠡᠳᠬᠡᠬᠦ ᠶᠢ ᠵᠣᠭᠰᠣᠭᠠᠬᠤ ᠮᠡᠳᠡᠭᠳᠡᠯ ᠤᠨ ᠪᠢᠴᠢᠭ︾ ᠲᠤ ᠲᠠᠰᠤᠯᠬᠤ ᠪᠣᠶᠣ ᠵᠣᠭᠰᠤᠭᠠᠬᠤ ᠤᠴᠢᠷ ᠰᠢᠯᠲᠠᠭᠠᠨ᠂ ᠦᠨᠳᠦᠰᠦᠯᠡᠯ ᠢ ᠲᠣᠳᠣᠷᠬᠠᠶ ᠪᠢᠴᠢᠭᠰᠡᠨ ᠪᠠᠶᠢᠵᠦ᠂ ᠬᠠᠤᠯᠢ ᠶᠣᠰᠣᠭᠠᠷ ᠭᠤᠶᠤᠴᠢᠯᠠᠭᠴᠢ᠂ ᠭᠤᠷᠪᠠᠳᠠᠬᠢ ᠬᠥᠮᠦᠨ ᠪᠠ ᠭᠤᠶᠤᠴᠢᠯᠠᠭᠳᠠᠭᠴᠢ ᠳᠤ ᠬᠦᠷᠭᠡᠵᠦ ᠥᠭᠬᠦ ᠬᠡᠷᠡᠭᠲᠡᠶ᠃      ᠶᠢᠰᠦᠳᠦᠭᠡᠷ ᠵᠣᠷᠪᠣᠰ᠂ ᠭᠤᠶᠤᠴᠢᠯᠠᠭᠳᠠᠭᠴᠢ ᠨᠢ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠦᠢᠴᠡᠳᠬᠡᠬᠦ ᠦᠭᠡᠢ ᠪᠤᠶᠤ ᠪᠦᠬᠦ ᠲᠠᠯ᠎ᠠ ᠪᠠᠷ ᠭᠦᠢᠴᠡᠳᠬᠡᠬᠦ ᠤᠢᠭᠡᠢ ᠪᠣᠯ᠂ ᠭᠤᠶᠤᠴᠢᠯᠠᠭᠴᠢ᠂ ᠭᠤᠷᠪᠠᠳᠠᠬᠢ ᠬᠥᠮᠦᠨ ᠨᠢ ᠭᠤᠶᠤᠴᠢᠯᠠᠭᠳᠠᠭᠴᠢ ᠶᠢᠨ ᠲᠠᠪᠤᠳᠤᠭᠠᠷ ᠵᠦᠢᠯ ᠳᠤ ᠲᠣᠭᠲᠠᠭᠠᠭᠰᠠᠨ ᠬᠠᠮᠤᠭ ᠰᠡᠭᠦᠯᠴᠢ ᠶᠢᠨ ᠬᠤᠭᠤᠴᠠᠭ᠎ᠠ ᠠᠴᠠ ᠬᠡᠲᠦᠷᠡᠭᠰᠡᠨ ᠡᠳᠦᠷ ᠠᠴᠠ ᠡᠬᠢᠯᠡᠨ 90 ᠡᠳᠦᠷ ᠤᠨ ᠳᠣᠲᠣᠷ᠎ᠠ ᠬᠠᠤᠯᠢ ᠶᠣᠰᠣᠭᠠᠷ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠤᠳᠤᠷᠢᠳᠬᠤ ᠳᠤᠭᠤᠶᠢᠯᠠᠩ  ᠳᠤ ᠵᠠᠷᠯᠢᠭᠳᠠᠵᠤ ᠪᠠᠶᠢᠭᠠᠳ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠦᠢᠴᠡᠳᠬᠡᠬᠦ ᠪᠢᠴᠢᠭ ᠤᠨ ᠭᠤᠶᠤᠴᠢᠯᠠᠯ ᠭᠠᠷᠭᠠᠵᠤ ᠪᠣᠯᠣᠨ᠎ᠠ᠂ ᠬᠢᠨᠠᠨ ᠬᠠᠷᠭᠤᠭᠤᠯᠤᠭᠠᠳ ᠭᠤᠶᠤᠴᠢᠯᠠᠭᠳᠠᠭᠴᠢ ᠨᠢ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠬᠤᠭᠤᠴᠠᠭ᠎ᠠ ᠬᠡᠲᠦᠷᠡᠲᠡᠯ᠎ᠡ ᠭᠦᠢᠴᠡᠳᠬᠡᠬᠦ ᠦᠭᠡᠢ ᠪᠤᠶᠤ ᠪᠦᠬᠦ ᠲᠠᠯ᠎ᠠ ᠪᠠᠷ ᠭᠦᠢᠴᠡᠳᠬᠡᠬᠦ ᠦᠭᠡᠢ ᠪᠠᠶᠢᠪᠠᠯ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠤᠳᠤᠷᠢᠳᠬᠤ ᠳᠤᠭᠤᠶᠢᠯᠠᠩ ᠠᠴᠠ ᠭᠤᠶᠤᠴᠢᠯᠠᠭᠳᠠᠭᠴᠢ ᠳᠤ ︽ᠵᠠᠷᠯᠢᠭᠳᠠᠵᠤ ᠪᠠᠶᠢᠭᠠᠳ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠬᠦᠢᠴᠡᠳᠭᠡᠬᠦ ᠮᠡᠳᠡᠭᠳᠡᠯ ᠤᠨ ᠪᠢᠴᠢᠭ︾  ᠢ ᠬᠦᠷᠭᠡᠵᠦ᠂ ᠮᠦᠨ ᠠᠳᠠᠯᠢ ᠴᠠᠭ ᠲᠤ ᠭᠤᠶᠤᠴᠢᠯᠠᠭᠰᠠᠨ ᠬᠥᠮᠦᠨ ᠪᠠ ᠭᠤᠷᠪᠠᠳᠠᠬᠢ ᠬᠥᠮᠦᠨ  ᠳᠤ ᠬᠠᠭᠤᠯᠣᠨ ᠬᠦᠷᠭᠡᠨ᠎ᠡ᠃      ︽ᠵᠠᠷᠯᠢᠭᠳᠠᠵᠤ ᠪᠠᠶᠢᠭᠠᠳ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠦᠢᠴᠡᠳᠬᠡᠬᠦ ᠮᠡᠳᠡᠭᠳᠡᠯ ᠤᠨ ᠪᠢᠴᠢᠭ︾ ᠲᠤ ᠲᠣᠳᠣᠷᠬᠠᠶ ᠪᠢᠴᠢᠭᠰᠡᠨ ᠪᠠᠶᠢᠬᠤ ᠬᠡᠷᠡᠭᠲᠡᠶ ᠠᠭᠤᠯᠭ᠎ᠠ ᠨᠢ᠄      ︵ᠨᠢᠭᠡ︶ ᠵᠠᠷᠯᠢᠭᠳᠠᠵᠤ ᠪᠠᠶᠢᠭᠠᠳ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠦᠢᠴᠡᠳᠬᠡᠬᠦ ᠭᠤᠣᠯ ᠴᠣᠭᠴᠠ᠂ ᠠᠭᠤᠯᠭ᠎ᠠ᠂ ᠵᠠᠷᠯᠢᠭᠳᠠᠵᠤ ᠪᠠᠶᠢᠭᠠᠳ ᠭᠦᠢᠴᠡᠳᠬᠡᠬᠦ ᠬᠠᠮᠤᠭ ᠰᠡᠭᠦᠯᠴᠢ ᠶᠢᠨ ᠬᠤᠭᠤᠴᠠᠭ᠎ᠠ︔      ︵ᠬᠤᠶᠠᠷ︶ ︽ᠵᠠᠷᠯᠢᠭᠳᠠᠵᠤ ᠪᠠᠶᠢᠭᠠᠳ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠦᠢᠴᠡᠳᠬᠡᠬᠦ ᠮᠡᠳᠡᠭᠳᠡᠯ ᠤᠨ ᠪᠢᠴᠢᠭ︾ ᠢ ᠭᠦᠢᠴᠡᠳᠬᠡᠬᠦ ᠦᠭᠡᠢ ᠪᠣᠯ ᠬᠠᠤᠯᠢ ᠶᠢᠨ ᠬᠠᠷᠢᠭᠤᠴᠠᠯᠭ᠎ᠠ ᠡᠭᠦᠷᠭᠡᠯᠡᠬᠦ ᠶᠣᠰᠣᠲᠠᠶ᠃      ᠠᠷᠪᠠᠳᠤᠭᠠᠷ ᠵᠣᠷᠪᠣᠰ᠂ ᠭᠤᠶᠤᠴᠢᠯᠠᠭᠳᠠᠭᠴᠢ ᠨᠢ ᠲᠣᠭᠲᠠᠭᠠᠭᠰᠠᠨ ᠬᠤᠭᠤᠴᠠᠭᠠᠨ ᠳᠣᠲᠣᠷ᠎ᠠ ᠵᠦᠢ ᠶᠣᠰᠣᠨ ᠤ ᠰᠢᠯᠲᠠᠭᠠᠨ ᠦᠭᠡᠢ ᠪᠠᠷ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠦᠢᠴᠡᠳᠬᠡᠬᠦ ᠦᠭᠡᠢ ᠪᠤᠶᠤ ᠪᠦᠬᠦ ᠲᠠᠯ᠎ᠠ ᠪᠠᠷ ᠭᠦᠢᠴᠡᠳᠬᠡᠬᠦ ᠦᠭᠡᠢ ᠪᠠᠶᠢᠳᠠᠯ  ᠳᠤ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠵᠠᠷᠯᠠᠨ ᠰᠢᠭᠦᠮᠵᠢᠯᠡᠵᠦ᠂ ᠬᠠᠷᠢᠭᠤᠴᠠᠯᠭ᠎ᠠ ᠶᠢᠨ ᠶᠡᠭᠡ ᠪᠠᠭ᠎ᠠ ᠶᠢ ᠦᠵᠡᠵᠦ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠦᠨ ᠪᠣᠯᠤᠨ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠦᠨ ᠢ ᠳᠣᠩᠭᠤᠳᠴᠤ᠂ ᠠᠯᠳᠠᠭ᠎ᠠ ᠲᠡᠮᠳᠡᠭᠯᠡᠬᠦ᠂ ᠶᠡᠭᠡ ᠤᠰᠦᠯ ᠲᠡᠮᠳᠡᠭᠯᠡᠬᠦ ᠵᠡᠷᠭᠡ ᠵᠠᠰᠠᠭ ᠵᠠᠬᠢᠷᠭᠠᠨ ᠤ ᠰᠢᠳᠬᠡᠯ ᠥᠭᠭᠦᠨ᠎ᠡ︔ ᠬᠦᠨᠳᠦ ᠨᠣᠴᠢᠲᠠᠶ ᠦᠷ᠎ᠡ ᠳ᠋ᠦᠩ ᠢ ᠪᠤᠢ ᠪᠣᠯᠭᠠᠬᠤ᠂ ᠡᠰᠡᠬᠦᠯ᠎ᠡ ᠵᠠᠷᠯᠢᠭᠳᠠᠵᠤ ᠪᠠᠶᠢᠭᠠᠳ ᠭᠦᠢᠴᠡᠳᠬᠡᠬᠦ ᠰᠢᠢᠳᠪᠦᠷᠢ ᠶᠢ ᠭᠦᠢᠴᠡᠳᠬᠡᠬᠦ ᠦᠭᠡᠢ ᠪᠤᠶᠤ ᠪᠦᠬᠦ ᠲᠠᠯ᠎ᠠ ᠪᠠᠷ ᠭᠦᠢᠴᠡᠳᠬᠡᠬᠦ ᠤᠢᠭᠡᠢ ᠪᠠᠶᠢᠪᠠᠯ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠨ ᠬᠠᠮᠢᠶᠠᠷᠬᠤ ᠬᠥᠮᠦᠨ ᠪᠣᠯᠤᠨ ᠪᠤᠰᠤᠳ ᠰᠢᠭᠤᠳ ᠬᠠᠷᠢᠭᠤᠴᠠᠯᠭ᠎ᠠ ᠲᠠᠢ ᠬᠥᠮᠦᠨ ᠳᠤ ᠵᠡᠷᠭᠡ ᠳᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠤᠭᠴᠠᠷᠠᠭᠤᠯᠬᠤ᠂ ᠠᠵᠢᠯ ᠠᠴᠠ ᠨᠢ ᠬᠥᠭᠡᠭᠡᠬᠦ ᠵᠡᠷᠭᠡ ᠵᠠᠰᠠᠭ ᠵᠠᠬᠢᠷᠭᠠᠨ ᠤ ᠰᠢᠳᠬᠡᠯ ᠥᠭᠭᠦᠨ᠎ᠡ︔ ᠶᠠᠯ᠎ᠠ ᠬᠢᠭᠰᠡᠨ ᠰᠡᠵᠢᠭᠯᠡᠯᠲᠡᠶ ᠪᠠᠶᠢᠪᠠᠯ᠂ ᠬᠠᠤᠯᠢ ᠴᠠᠭᠠᠵᠠ ᠶᠢᠨ ᠪᠠᠶᠢᠭᠤᠯᠭ᠎ᠠ ᠳᠤ ᠰᠢᠯᠵᠢᠭᠦᠯᠦᠨ ᠬᠦᠷᠭᠡᠵᠦ  ᠰᠢᠢᠳᠪᠦᠷᠢᠯᠡᠬᠦᠯᠬᠦ ᠬᠡᠷᠡᠭᠲᠡᠶ᠃      ᠠᠷᠪᠠᠨ ᠨᠢᠭᠡᠳᠦᠭᠡᠷ ᠵᠣᠷᠪᠣᠰ᠂ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠤᠳᠤᠷᠢᠳᠬᠤ ᠳᠤᠭᠤᠶᠢᠯᠠᠩ ᠤᠨ ᠠᠯᠪᠠᠨ ᠭᠡᠷ ᠠᠴᠠ ᠬᠢᠨᠠᠨ ᠪᠠᠶᠢᠴᠠᠭᠠᠬᠤ ᠪᠠᠶᠢᠭᠤᠯᠭ᠎ᠠ ᠳᠤ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠦᠰ ᠲᠤ ᠰᠢᠳᠬᠡᠯ ᠥᠭᠬᠦ ᠰᠠᠨᠠᠭᠤᠯᠭ᠎ᠠ ᠶᠢ ᠳᠤᠷᠠᠳᠴᠤ᠂ ᠪᠠᠰᠠ ᠰᠢᠭᠤᠳ ᠪᠠᠶᠢᠴᠠᠭᠠᠯᠲᠠ ᠬᠢᠵᠦ᠂ ᠬᠤᠯᠪᠣᠭᠳᠠᠯ ᠪᠦᠬᠦᠢ ᠠᠵᠢᠯᠳᠠᠨ ᠤ ᠬᠠᠤᠯᠢ ᠶᠢ ᠵᠥᠷᠢᠴᠡᠵᠦ ᠪᠠᠶᠢᠭ᠎ᠠ ᠪᠣᠳᠠᠲᠤ ᠶᠠᠪᠤᠳᠠᠯ ᠤᠨ ᠮᠠᠲ᠋ᠧᠷᠢᠶᠠᠯ ᠢ ᠪᠡᠶ᠎ᠡ ᠶᠢᠨ ᠲᠠᠮᠢᠷ ᠤᠨ ᠲᠣᠪᠴᠢᠶ᠎ᠠ ᠤ ᠬᠢᠨᠠᠨ ᠪᠠᠶᠢᠴᠠᠭᠠᠬᠤ ᠪᠠᠶᠢᠭᠤᠯᠤᠯᠭ᠎ᠠ ᠳᠤ ᠰᠢᠭᠤᠳ ᠰᠢᠯᠵᠢᠭᠦᠯᠦᠨ ᠬᠦᠷᠭᠡᠵᠦ  ᠰᠢᠢᠳᠪᠦᠷᠢᠯᠡᠨ᠎ᠡ᠃     ᠠᠷᠪᠠᠨ ᠬᠤᠶᠠᠳᠤᠭᠠᠷ ᠵᠣᠷᠪᠣᠰ᠂ ᠭᠤᠶᠤᠴᠢᠯᠠᠭᠳᠠᠭᠴᠢ ᠨᠢ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠦᠢᠴᠡᠳᠬᠡᠬᠦ ᠶᠠᠪᠤᠴᠠ ᠳᠤ ᠬᠤᠯᠪᠣᠭᠳᠠᠯ ᠪᠦᠬᠦᠢ ᠨᠢᠭᠡᠴᠢ ᠲᠠᠢ ᠬᠤᠷᠰᠢᠨ ᠬᠠᠮᠵᠢᠯᠴᠠᠬᠤ ᠪᠠ ᠳᠡᠮᠵᠢᠯᠭᠡ ᠬᠦᠰᠡᠪᠡᠯ ᠬᠤᠯᠪᠣᠭᠳᠠᠯ ᠪᠦᠬᠦᠢ ᠨᠢᠭᠡᠴᠢ ᠠᠴᠠ ᠬᠠᠮᠵᠢᠨ ᠲᠤᠰᠠᠯᠠᠬᠤ ᠡᠭᠦᠷᠭᠡ ᠲᠠᠢ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号