ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ  ᠶᠢᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠶᠢ ᠬᠦᠯᠢᠶᠡᠨ‌ᠠᠪᠴᠦ ᠰᠢᠢᠳᠪᠦᠷᠢᠯᠡᠬᠦ ᠳᠦᠷᠢᠮ
ᠨᠡᠶᠢᠲᠡᠯᠡᠭᠰᠡᠨ ᠴᠠᠭ᠄
2019/1/10
     ᠨᠢᠭᠡᠳᠦᠭᠡᠷ ᠵᠣᠷᠪᠣᠰ᠂ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ  ᠤᠨ ᠤᠳᠤᠷᠢᠳᠬᠤ ᠳᠤᠭᠤᠶᠢᠯᠠᠩ ᠤᠨ ᠳᠣᠣᠷ᠎ᠠ ᠪᠠᠶᠢᠭᠤᠯᠣᠬᠰᠡᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠠᠯᠪᠠᠨ ᠭᠡᠷ ᠠᠴᠠ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠭᠤᠶᠣᠴᠢᠯᠠᠬᠳᠠᠬᠴᠢ ᠪᠣᠯᠣᠬᠰᠡᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠬᠦᠯᠢᠶᠡᠨ ᠠᠪᠴᠦ ᠰᠢᠢᠳᠪᠦᠷᠢᠯᠡᠬᠦ ᠠᠵᠢᠯ ᠢ ᠬᠠᠷᠢᠭᠤᠴᠠᠨ᠎ᠠ᠃      ᠬᠤᠶᠠᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠯᠪᠠᠨ ᠭᠡᠷ ᠤᠨ ᠠᠵᠢᠯᠲᠠᠳ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠣᠯᠤᠭᠰᠠᠨ ᠤ ᠲᠠᠷᠠᠭ᠎ᠠ᠂ ᠭᠤᠷᠪᠠᠨ ᠡᠳᠦᠷ ᠤᠨ ᠳᠣᠲᠣᠷ᠎ᠠ ᠳᠠᠬᠢᠨ ᠵᠥᠪᠯᠡᠭᠦᠯᠬᠦ ᠭᠤᠶᠤᠴᠢᠯᠠᠯ ᠤᠨ ᠳᠣᠣᠷ᠎ᠠ ᠵᠢᠭᠰᠠᠭᠠᠭᠰᠠᠨ ᠠᠭᠤᠯᠭ᠎ᠠ ᠨᠤᠭᠤᠳ ᠢ ᠬᠢᠨᠠᠨ ᠪᠠᠶᠢᠴᠠᠭᠠᠬᠤ ᠬᠡᠷᠡᠭᠲᠡᠶ᠄      ︵ᠨᠢᠭᠡ︶ ᠭᠤᠶᠤᠴᠢᠯᠠᠭᠴᠢ ᠨᠢ ᠳᠠᠬᠢᠨ ᠵᠥᠪᠯᠡᠭᠦᠯᠬᠦ ᠪᠠᠷ ᠭᠤᠶᠤᠴᠢᠯᠠᠭᠰᠠᠨ ᠪᠣᠳᠠᠲᠠᠶ ᠵᠠᠰᠠᠭ ᠵᠠᠬᠢᠷᠭᠠᠨ ᠤ ᠤᠢᠢᠯᠠ ᠠᠵᠢᠯᠯᠠᠭ᠎ᠠ ᠯᠤᠭ᠎ᠠ ᠰᠢᠭᠤᠳ ᠠᠰᠢᠭ ᠬᠤᠣᠷ ᠤᠨ ᠬᠠᠷᠢᠴᠠᠭ᠎ᠠ ᠲᠠᠢ ᠪᠠᠶᠢᠬᠤ ᠡᠰᠡᠬᠦ︔      ︵ᠬᠤᠶᠠᠷ︶ ᠲᠣᠳᠣᠷᠬᠠᠢ ᠭᠤᠶᠤᠴᠢᠯᠠᠭᠳᠠᠭᠴᠢ ᠪᠠᠶᠢᠬᠤ ᠡᠰᠡᠬᠦ︔      ︵ᠭᠤᠷᠪᠠ︶ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠣᠳᠠᠲᠠᠶ ᠭᠤᠶᠤᠴᠢᠯᠠᠯ ᠪᠠ ᠪᠣᠳᠠᠲᠤ ᠤᠴᠢᠷ ᠰᠢᠯᠲᠠᠭᠠᠨ︔      ︵ᠳᠦᠷᠪᠡ︶ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾ ᠶᠢᠨ ᠳᠠᠬᠢᠨ ᠵᠥᠪᠯᠡᠬᠦ ᠬᠦᠷᠢᠶ᠎ᠡ ᠬᠡᠪᠴᠢᠶ᠎ᠡ ᠳᠤ ᠲᠣᠭᠠᠴᠠᠭᠳᠠᠬᠤ ᠡᠰᠡᠬᠦ  ︔      ︵ᠲᠠᠪᠤ︶ ᠲᠤᠰ ᠪᠠᠶᠢᠭᠤᠯᠭ᠎ᠠ ᠳᠤ ᠬᠠᠷᠢᠶᠠᠯᠠᠭᠳᠠᠬᠤ ᠡᠰᠡᠬᠦ︔      ︵ᠵᠢᠷᠭᠤᠭ᠎ᠠ︶ ᠬᠠᠤᠯᠢ ᠳᠤ ᠲᠣᠭᠲᠠᠭᠠᠭᠰᠠᠨ ᠭᠤᠶᠤᠴᠢᠯᠠᠯ ᠤᠨ ᠴᠠᠭ ᠬᠤᠭᠤᠴᠠᠭ᠎ᠠ ᠶᠢᠨ ᠳᠣᠲᠣᠷ᠎ᠠ ᠳᠤᠷᠠᠳᠤᠭᠰᠠᠨ ᠪᠠᠶᠢᠬᠤ ᠡᠰᠡᠬᠦ᠂ ᠲᠡᠷᠡ ᠮᠥᠷᠲᠡᠭᠡᠨ ᠠᠷᠠᠳ ᠤᠨ ᠰᠢᠭᠦᠬᠦ ᠬᠤᠷᠢᠶᠠᠨ ᠳᠤ ᠵᠠᠭᠠᠯᠳᠣᠯᠭ᠎ᠠ ᠬᠢᠭᠡ ᠦᠭᠡᠢ᠃ᠭᠤᠶᠤᠴᠢᠯᠠᠭᠴᠢ ᠨᠢ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠪᠠᠶᠢᠬᠤ ᠡᠰᠡᠬᠦ᠂ ᠬᠠᠤᠯᠢ ᠳᠤ ᠲᠣᠭᠲᠠᠭᠠᠭᠰᠠᠨ ᠬᠤᠭᠤᠴᠠᠭᠠᠨ ᠳᠣᠲᠣᠷ᠎ᠠ ᠳᠠᠬᠢᠨ ᠵᠥᠪᠯᠡᠭᠦᠯᠬᠦ ᠪᠠᠷ ᠭᠤᠶᠤᠴᠢᠯᠠᠭᠰᠠᠨ ᠳᠣᠬᠠᠢ ᠭᠡᠷᠡᠴᠢ ᠬᠠᠨᠭ᠍ᠭᠠᠭᠰᠠᠨ ᠡᠰᠡᠬᠦ᠃      ᠭᠤᠷᠪᠠᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠯᠪᠠᠨ ᠭᠡᠷ ᠤᠨ ᠠᠵᠢᠯᠲᠠᠨ ᠬᠢᠨᠠᠨ ᠪᠠᠶᠢᠴᠠᠭᠠᠭᠰᠠᠨ ᠤ ᠳᠠᠷᠠᠭ᠎ᠠ ᠬᠡᠷᠡᠭ ᠪᠣᠯᠭᠠᠨ ᠳᠠᠩᠰᠠᠯᠠᠬᠤ ᠨᠥᠬᠦᠴᠡᠯ ᠳᠤ ᠨᠡᠶᠢᠴᠡᠭᠰᠡᠨ ᠪᠠᠶᠢᠪᠠᠯ ︽ᠵᠠᠰᠠᠭ ᠵᠠᠬᠢᠷᠭᠠᠨ ᠤ ᠳᠠᠬᠢᠨ ᠵᠥᠪᠯᠡᠬᠦ ᠬᠡᠷᠡᠭ ᠪᠣᠯᠭᠠᠨ ᠳᠠᠩᠰᠠᠯᠠᠬᠤ ᠶᠢ ᠬᠢᠨᠠᠨ ᠵᠥᠪᠰᠢᠶᠡᠷᠡᠭᠰᠡᠨ ᠬᠦᠰᠦᠨᠦᠭᠲᠦ︾ ᠶᠢ ᠲᠠᠭᠯᠠᠨ᠂ ᠨᠥᠬᠦᠴᠡᠯ ᠳᠤ ᠨᠡᠶᠢᠴᠡᠬᠦ ᠥᠭᠡᠢ ᠶᠢ ︽ᠬᠦᠯᠢᠶᠡᠨ ᠠᠪᠴᠦ ᠰᠢᠢᠳᠪᠦᠷᠢᠯᠡᠬᠦ ᠦᠭᠡᠢ ᠰᠢᠢᠳᠪᠦᠷᠢ ᠶᠢᠨ ᠪᠢᠴᠢᠭ︾  ᠢ ᠵᠣᠬᠢᠶᠠᠨ ᠲᠠᠬᠢᠨ ᠵᠥᠪᠯᠡᠭᠦᠯᠬᠦ ᠭᠤᠶᠤᠴᠢᠯᠠᠯ ᠢ ᠣᠯᠤᠭᠰᠠᠨ ᠡᠳᠦᠷ ᠠᠴᠠ ᠡᠬᠢᠯᠡᠨ  4 ᠠᠵᠢᠯᠯᠠᠬᠤ ᠡᠳᠦᠷ ᠤᠨ ᠳᠣᠲᠣᠷ᠎ᠠ ᠡᠷᠬᠢᠯᠡᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠᠷ ᠭᠠᠷ ᠤᠨ ᠥᠰᠥᠭ ᠵᠢᠷᠤᠵᠤ ᠵᠦᠪᠰᠢᠶᠡᠷᠡᠬᠦᠯᠦᠨ᠎ᠡ᠃     ᠳᠥᠷᠪᠡᠳᠦᠭᠡᠷ ᠵᠣᠷᠪᠣᠰ᠂ ᠤᠳᠤᠷᠢᠳᠤᠯᠭ᠎ᠠ ᠠᠴᠠ ᠬᠡᠷᠡᠭ ᠪᠣᠯᠭᠠᠨ ᠳᠠᠩᠰᠠᠯᠠᠬᠤ ᠶᠢ ᠵᠦᠪᠰᠢᠶᠡᠷᠡᠭᠰᠡᠨ ᠪᠠᠶᠢᠪᠠᠯ᠂ ᠬᠡᠷᠡᠭ ᠢ ᠬᠠᠷᠢᠭᠤᠴᠠᠨ ᠬᠢᠭᠴᠢ ᠠᠴᠠ ︽ᠵᠠᠰᠠᠭ ᠵᠠᠬᠢᠷᠭᠠᠨ ᠤ ᠳᠠᠬᠢᠨ ᠵᠦᠪᠯᠡᠭᠦᠯᠬᠦ ᠶᠢ ᠬᠦᠯᠢᠶᠡᠨ‌ᠠᠪᠴᠦ ᠰᠢᠢᠳᠪᠦᠷᠢᠯᠡᠬᠦ ᠮᠡᠳᠡᠭᠳᠡᠯ ᠤᠨ ᠪᠢᠴᠢᠭ︾᠂ ︽ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠶᠢᠨ ᠬᠠᠷᠢᠭᠤ ᠥᠭᠬᠦ ᠶᠢ ᠳᠤᠷᠠᠳᠤᠭᠰᠠᠨ ᠮᠡᠳᠡᠭᠳᠡᠯ ᠤᠨ ᠪᠢᠴᠢᠭ︾ ᠪᠠ ︽ᠭᠤᠷᠪᠠᠳᠠᠬᠢ ᠬᠥᠮᠦᠨ ᠠᠴᠠ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ ᠣᠷᠣᠯᠴᠠᠬᠤ ᠮᠡᠳᠡᠭᠳᠡᠯ ᠤᠨ ᠪᠢᠴᠢᠭ︾ ᠢ ᠭᠤᠶᠤᠴᠢᠯᠠᠭᠴᠢ᠂ ᠭᠤᠶᠤᠴᠢᠯᠠᠭᠳᠠᠭᠴᠢ ᠪᠣᠯᠤᠨ ᠭᠤᠷᠪᠠᠳᠠᠬᠢ ᠬᠥᠮᠦᠨ ᠳᠤ ᠪᠦᠷ ᠬᠦᠷᠭᠡᠵᠦ ᠥᠭᠬᠦ ᠬᠡᠷᠡᠭᠲᠡᠶ︔ ᠬᠦᠯᠢᠶᠡᠨ ᠠᠪᠴᠦ ᠰᠢᠢᠳᠪᠦᠷᠢᠯᠡᠬᠦ ᠦᠭᠡᠢ ᠪᠠᠶᠢᠳᠠᠯ  ᠳᠤ ᠬᠡᠷᠡᠭ ᠢ ᠬᠠᠷᠢᠭᠤᠴᠠᠨ ᠬᠢᠭᠴᠢ ᠠᠴᠠ  ︽ᠬᠦᠯᠢᠶᠡᠨ ᠠᠪᠴᠦ ᠰᠢᠢᠳᠪᠦᠷᠢᠯᠡᠬᠦ ᠦᠭᠡᠢ ᠰᠢᠢᠳᠪᠦᠷᠢ ᠶᠢᠨ ᠪᠢᠴᠢᠭ︾ ᠢ ᠲᠤᠭᠤᠷᠪᠢᠨ ᠳᠣᠬᠳᠠᠭᠠᠨ ᠡᠷᠬᠢᠯᠡᠨ ᠬᠠᠮᠢᠶᠠᠷᠴᠤ ᠪᠠᠶᠢᠭ᠎ᠠ ᠤᠳᠤᠷᠢᠳᠤᠯᠭ᠎ᠠ ᠪᠠᠷ ᠭᠠᠷ ᠤᠨ ᠥᠰᠥᠭ ᠵᠢᠷᠤᠵᠤ ᠲᠠᠷᠬᠠᠭᠠᠨ᠂ ᠬᠠᠤᠯᠢ ᠳᠤ ᠲᠣᠭᠲᠠᠭᠠᠭᠰᠠᠨ ᠴᠠᠭ ᠤᠨ ᠬᠢᠵᠠᠭᠠᠷ ᠳᠣᠲᠣᠷ᠎ᠠ ᠭᠤᠶᠤᠴᠢᠯᠠᠭᠴᠢ ᠳᠤ ᠬᠦᠷᠭᠡᠵᠦ ᠥᠭᠬᠦ ᠬᠡᠷᠡᠭᠲᠡᠶ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号