ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠣᠯᠢ ᠶᠢ ᠬᠡᠷᠡᠭᠵᠢᠭᠦᠯᠬᠦ ᠳᠦᠷᠢᠮ
ᠨᠡᠶᠢᠲᠡᠯᠡᠭᠰᠡᠨ ᠴᠠᠭ᠄
2019/1/10
     ᠨᠢᠭᠡᠳᠦᠭᠡᠷ ᠪᠦᠯᠦᠭ    ᠶᠡᠷᠦᠩᠬᠡᠶ ᠲᠦᠷᠢᠮ      ᠨᠢᠭᠡᠳᠦᠭᠡᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠲᠦᠷᠢᠮ ᠨᠢ ᠵᠠᠰᠠᠭ ᠵᠠᠬᠢᠷᠭᠠᠨ ᠤ ᠮᠠᠷᠭᠤᠯᠳᠤᠭᠠᠨ ᠢ ᠰᠢᠢᠳᠪᠦᠷᠢᠯᠡᠬᠦ᠂ ᠬᠠᠤᠯᠢ ᠪᠠᠷ ᠵᠠᠰᠠᠬᠤ ᠵᠠᠰᠠᠭ ᠤᠨ ᠣᠷᠳᠣᠨ ᠢ ᠪᠠᠶᠢᠭᠤᠯᠬᠤ᠂ ᠨᠡᠶᠢᠭᠡᠮ ᠵᠢᠷᠤᠮ ᠤᠨ ᠡᠶ᠎ᠡ ᠵᠣᠬᠢᠴᠠᠯ ᠲᠠᠢ ᠨᠡᠶᠢᠭᠡᠮ ᠢ ᠪᠠᠶᠢᠭᠤᠯᠬᠤ ᠳᠤᠮᠳᠠᠬᠢ ᠦᠢᠯᠡᠳᠦᠯ ᠢ ᠤᠯᠠᠮ ᠨᠢᠭᠡ ᠠᠯᠬᠤᠮ ᠪᠠᠳᠠᠷᠠᠭᠤᠯᠬᠤ ᠶᠢᠨ ᠲᠦᠯᠦᠭᠡ᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ︾ ︵ᠳᠣᠷᠣᠭᠰᠢ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠭᠡᠵᠦ ᠲᠣᠪᠴᠢᠯᠠᠨ᠎ᠠ︶ ᠶᠢ ᠦᠨᠳᠦᠰᠦᠯᠡᠨ ᠲᠤᠰ ᠲᠥᠷᠢᠮ ᠢ ᠲᠣᠭᠲᠠᠭᠠᠪᠠ᠃      ᠬᠤᠶᠠᠳᠤᠭᠠᠷ ᠵᠣᠷᠪᠣᠰ᠂ ᠡᠯ᠎ᠡ ᠱᠠᠲᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠡᠭᠦᠷᠭᠡ ᠬᠠᠷᠢᠭᠤᠴᠠᠯᠭ᠎ᠠ ᠪᠠᠨ ᠨᠠᠷᠢᠨ ᠬᠢᠨᠠᠮᠠᠭᠠᠢ ᠭᠦᠢᠴᠡᠳᠬᠡᠵᠦ᠂ ᠲᠤᠰ ᠪᠠᠶᠢᠭᠤᠯᠤᠯᠭ᠎ᠠ ᠶᠢᠨ ᠬᠠᠤᠯᠢ ᠲᠦᠷᠢᠮ ᠤᠨ ᠠᠵᠢᠯ ᠢ ᠬᠠᠮᠢᠶᠠᠷᠴᠤ ᠪᠦᠬᠦᠢ ᠪᠠᠶᠢᠭᠤᠯᠤᠮᠵᠢ ︵ᠳᠣᠷᠣᠭᠰᠢ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ︶ ᠠᠴᠠ ᠬᠠᠤᠯᠢ ᠶᠣᠰᠣᠭᠠᠷ ᠵᠠᠰᠠᠭ ᠵᠠᠬᠢᠷᠭᠠᠨ ᠤ ᠳᠠᠬᠢᠨ ᠵᠥᠪᠯᠡᠬᠦ ᠵᠦᠢᠯᠡᠰ ᠢ ᠬᠦᠢᠴᠡᠳᠭᠡᠬᠦ ᠶᠢ ᠤᠳᠤᠷᠢᠳᠤᠨ ᠳᠡᠮᠵᠢᠵᠦ᠂ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠳᠣᠰᠬᠠᠢ ᠲᠤᠰᠢᠶᠠᠯ ᠲᠠᠢ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠨ ᠢ ᠲᠣᠬᠢᠷᠠᠭᠤᠯᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠶᠢᠨ ᠬᠡᠷᠡᠭ ᠰᠢᠢᠳᠪᠦᠷᠢᠯᠡᠬᠦ ᠴᠢᠳᠠᠪᠤᠷᠢ ᠪᠣᠯᠤᠨ ᠠᠵᠢᠯ ᠤᠨ ᠡᠭᠦᠷᠭᠡ ᠲᠠᠢ ᠬᠠᠷᠢᠯᠴᠠᠨ ᠵᠣᠬᠢᠴᠠᠭᠤᠯᠬᠤ ᠶᠢ ᠪᠠᠳᠣᠯᠠᠬᠤ ᠬᠡᠷᠡᠭᠲᠡᠶ᠃      ᠭᠤᠷᠪᠠᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢᠨ ᠭᠤᠷᠪᠠᠳᠤᠭᠠᠷ ᠵᠣᠷᠪᠣᠰ ᠤᠨ ᠲᠣᠭᠲᠠᠭᠠᠯ ᠶᠣᠰᠣᠭᠠᠷ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠠᠴᠠ ᠭᠠᠳᠠᠨ᠎ᠠ᠂ ᠪᠠᠰᠠ ᠳᠣᠣᠷ᠎ᠠ ᠵᠢᠭᠰᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠬᠡᠬᠦ ᠬᠡᠷᠡᠭᠲᠡᠶ᠄      ︵ᠨᠢᠭᠡ︶ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢᠨ ᠠᠷᠪᠠᠨ ᠨᠠᠢᠮᠠᠳᠤᠭᠠᠷ ᠵᠣᠷᠪᠣᠰ ᠤᠨ ᠲᠣᠭᠲᠠᠭᠠᠯ ᠶᠣᠰᠣᠭᠠᠷ ᠰᠢᠯᠵᠢᠭᠦᠯᠦᠨ ᠬᠦᠷᠭᠡᠭᠰᠡᠨ ᠬᠠᠮᠢᠶ᠎ᠠ ᠪᠦᠬᠦᠢ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠭᠤᠶᠤᠴᠢᠯᠠᠯ  ︔      ︵ᠬᠤᠶᠠᠷ︶ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢᠨ ᠬᠤᠷᠢ ᠶᠢᠰᠦᠳᠦᠭᠡᠷ ᠵᠣᠷᠪᠣᠰ  ᠲᠤ ᠲᠣᠭᠲᠠᠭᠠᠭᠰᠠᠨ ᠵᠠᠰᠠᠭ ᠵᠠᠬᠢᠷᠭᠠᠨ ᠤ ᠲᠥᠯᠥᠪᠦᠷᠢ  ᠵᠡᠷᠭᠡ ᠵᠦᠢᠯᠡᠰ︔      ︵ᠭᠤᠷᠪᠠ︶ ᠲᠤᠰᠢᠶᠠᠯ ᠬᠠᠷᠢᠭᠤᠴᠠᠯᠭ᠎ᠠ ᠶᠢᠨ ᠢᠶᠠᠨ ᠡᠷᠬᠡ ᠶᠢᠨ ᠬᠡᠪᠴᠢᠶ᠎ᠡ ᠶᠣᠰᠣᠭᠠᠷ᠂ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠭᠤᠶᠤᠴᠢᠯᠠᠯ ᠢ ᠬᠦᠯᠢᠶᠡᠨ  ᠠᠪᠬᠤ ᠪᠠ ᠵᠠᠰᠠᠭ ᠵᠠᠬᠢᠷᠭᠠᠨ ᠤ ᠳᠠᠬᠢᠨ ᠵᠥᠪᠯᠡᠬᠦ ᠰᠢᠢᠳᠪᠦᠷᠢ ᠶᠢ ᠭᠦᠢᠴᠡᠳᠬᠡᠬᠦ ᠶᠢ ᠰᠢᠪᠠᠳᠠᠨ ᠱᠠᠭᠠᠷᠳᠠᠬᠤ︔      ︵ᠲᠦᠷᠪᠡ︶ ᠵᠠᠰᠠᠭ ᠵᠠᠬᠢᠷᠭᠠᠨ ᠤ ᠳᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠭᠰᠡᠨ ᠬᠡᠷᠡᠭ ᠤᠨ ᠲᠤᠭ᠎ᠠ ᠪᠦᠷᠢᠳᠬᠡᠯ ᠪᠠ ᠴᠢᠬᠤᠯᠠ ᠶᠡᠭᠡ ᠵᠠᠰᠠᠭ ᠵᠠᠬᠢᠷᠭᠠᠨ ᠤ ᠳᠠᠬᠢᠨ ᠵᠥᠪᠯᠡᠬᠦ ᠰᠢᠢᠳᠪᠦᠷᠢ ᠶᠢᠨ ᠪᠦᠷᠢᠳᠬᠡᠨ ᠳᠠᠩᠰᠠᠯᠠᠬᠤ ᠵᠦᠢᠯᠡᠰ ᠢ ᠰᠢᠢᠳᠪᠦᠷᠢᠯᠡᠬᠦ︔      ︵ᠲᠠᠪᠤ︶ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠷ ᠳᠠᠮᠵᠢᠬᠦ ᠦᠭᠡᠢ ᠰᠢᠭᠤᠳ ᠵᠠᠰᠠᠭ ᠵᠠᠬᠢᠷᠭᠠᠨ ᠤ ᠵᠠᠷᠭᠤ ᠬᠢᠭᠰᠡᠨ ᠵᠠᠰᠠᠭ ᠵᠠᠬᠢᠷᠭᠠᠨ ᠤ ᠵᠠᠷᠭᠤ ᠬᠦᠯᠢᠶᠡᠬᠦ  ᠵᠦᠢᠯᠡᠰ ᠢ ᠰᠢᠢᠳᠪᠦᠷᠢᠯᠡᠬᠦ ᠪᠤᠶᠤ ᠵᠣᠬᠢᠶᠠᠨ ᠪᠠᠶᠢᠭᠤᠯᠤᠨ ᠰᠢᠢᠳᠪᠦᠷᠢᠯᠡᠨ᠎ᠡ᠃      ︵ᠵᠢᠷᠭᠤᠭ᠎ᠠ︶ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠠᠵᠢᠯ ᠤᠨ ᠳᠤᠮᠳᠠ ᠣᠯᠵᠤ ᠮᠡᠳᠡᠭᠰᠡᠨ ᠠᠰᠠᠭᠤᠳᠠᠯ ᠢ ᠰᠤᠳᠤᠯᠵᠤ᠂ ᠬᠤᠯᠪᠣᠭᠳᠠᠯ ᠪᠦᠬᠦᠢ ᠪᠠᠶᠢᠭᠤᠯᠭ᠎ᠠ ᠳᠤ ᠴᠠᠭ ᠲᠤᠬᠠᠶ ᠳᠤᠨᠢ ᠥᠭᠡᠷᠡᠴᠢᠯᠡᠨ ᠰᠠᠶᠢᠵᠢᠷᠠᠭᠤᠯᠬᠤ ᠰᠠᠨᠠᠭᠤᠯᠭ᠎ᠠ ᠳᠤᠷᠠᠳᠬᠤ ᠬᠡᠷᠡᠭᠲᠡᠶ᠂ ᠴᠢᠬᠤᠯᠠ ᠶᠡᠭᠡ ᠠᠰᠠᠭᠤᠳᠠᠯ ᠢ ᠴᠠᠭ ᠲᠤᠬᠠᠶ ᠳᠤᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠳᠤ ᠮᠡᠳᠡᠭᠦᠯᠬᠦ ᠬᠡᠷᠡᠭᠲᠡᠶ᠃      ᠳᠥᠷᠪᠡᠳᠦᠭᠡᠷ ᠵᠣᠷᠪᠣᠰ᠂ ᠳᠣᠰᠬᠠᠢ ᠳᠣᠰᠢᠶᠠᠯ ᠲᠠᠢ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠨ ᠨᠢ ᠡᠷᠬᠡᠪᠰᠢ ᠵᠠᠰᠠᠭ ᠵᠠᠬᠢᠷᠭᠠᠨ ᠤ ᠳᠠᠬᠢᠨ ᠵᠥᠪᠯᠡᠬᠦ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠳᠤ ᠳᠣᠭᠢᠷᠠᠭᠰᠠᠨ ᠬᠡᠪ ᠰᠤᠷᠲᠠᠯ᠂ ᠲᠤᠰᠬᠠᠶ ᠮᠡᠷᠭᠡᠵᠢᠯ ᠤᠨ ᠮᠡᠳᠡᠯᠭᠡ ᠪᠠ ᠲᠤᠬᠠᠶᠢᠯᠠᠭᠰᠠᠨ ᠠᠵᠢᠯ ᠤᠨ ᠴᠢᠳᠠᠪᠤᠷᠢ ᠲᠠᠢ ᠪᠠᠶᠢᠬᠤ ᠪᠥᠭᠡᠳ ᠵᠣᠬᠢᠴᠠᠩᠭᠤᠢ ᠬᠢᠷᠢ ᠬᠡᠮ ᠣᠯᠤᠭᠰᠠᠨ ᠪᠠᠶᠢᠬᠤ ᠬᠡᠷᠡᠭᠲᠡᠢ᠃ ᠪᠣᠳᠠᠲᠠᠶ ᠠᠷᠭ᠎ᠠ ᠶᠢ ᠲᠦᠷᠦ ᠶᠢᠨ ᠶᠠᠪᠤᠳᠠᠯ ᠤᠨ ᠬᠤᠷᠢᠶᠠᠨ ᠤ ᠬᠠᠤᠯᠢ ᠲᠦᠷᠢᠮ ᠤᠨ ᠪᠠᠶᠢᠭᠤᠯᠤᠮᠵᠢ ᠪᠣᠯᠤᠨ ᠲᠦᠷᠦ ᠶᠢᠨ ᠶᠠᠪᠤᠳᠠᠯ ᠤᠨ ᠬᠤᠷᠢᠶᠠᠨ ᠤ ᠬᠤᠯᠪᠣᠭᠳᠠᠯ ᠪᠦᠬᠦᠢ ᠰᠠᠯᠠᠭ᠎ᠠ ᠮᠥᠴᠢᠷ ᠠᠴᠠ ᠲᠣᠭᠲᠠᠭᠠᠨ᠎ᠠ᠃       ᠬᠤᠶᠠᠳᠤᠭᠠᠷ ᠪᠦᠯᠦᠭ       ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ      ᠨᠢᠭᠡᠳᠦᠭᠡᠷ ᠬᠡᠰᠡᠭ      ᠭᠤᠶᠤᠴᠢᠯᠠᠭᠴᠢ      ᠲᠠᠪᠤᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠪᠠ ᠲᠤᠰ ᠳᠦᠷᠢᠮ ᠤᠨ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠭᠠᠷᠭᠠᠭᠰᠠᠨ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠭᠤᠶᠤᠴᠢᠯᠠᠭᠴᠢ ᠪᠣᠯᠤᠨ᠎ᠠ᠃      ᠵᠢᠷᠭᠤᠳᠤᠭᠠᠷ ᠵᠣᠷᠪᠣᠰ᠂ ᠬᠤᠷᠰᠢᠬᠰᠡᠠ ᠠᠵᠤ ᠠᠬᠤᠶᠢᠯᠠᠯ ᠠᠴᠠ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠶᠢ ᠭᠤᠶᠤᠴᠢᠯᠠᠬᠤ ᠳᠤ ᠬᠢᠨᠠᠨ ᠵᠥᠪᠰᠢᠶᠡᠷᠡᠭᠦᠯᠵᠦ ᠳᠠᠩᠰᠠᠯᠠᠭᠤᠯᠤᠭᠰᠠᠨ ᠠᠵᠤ ᠠᠬᠤᠶᠢᠯᠠᠯ ᠨᠢ ᠭᠤᠶᠤᠴᠢᠯᠠᠭᠴᠢ ᠪᠠᠶᠢᠵᠦ᠂ ᠬᠤᠷᠰᠢᠬᠰᠠᠨ ᠠᠵᠢᠯ ᠶᠠᠪᠤᠳᠠᠯ ᠢ ᠭᠦᠢᠴᠡᠳᠬᠡᠵᠦ ᠪᠠᠶᠢᠭ᠎ᠠ ᠬᠤᠷᠰᠢᠬᠴᠢ ᠨᠢ ᠲᠤᠰ ᠠᠵᠤ ᠠᠬᠤᠶᠢᠯᠠᠯ ᠢ ᠲᠦᠯᠦᠭᠡᠯᠡᠨ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ ᠣᠷᠣᠯᠴᠠᠨ᠎ᠠ︔ ᠪᠤᠰᠤᠳ ᠬᠤᠷᠰᠢᠭᠰᠠᠨ ᠵᠣᠬᠢᠶᠠᠨ ᠪᠠᠶᠢᠭᠤᠯᠤᠯᠲᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠭᠰᠠᠨ ᠪᠠᠶᠢᠪᠠᠯ᠂ ᠬᠤᠷᠰᠢᠬᠴᠢᠳ ᠬᠠᠮᠲᠤ ᠪᠠᠷ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠭᠤᠶᠤᠴᠢᠯᠠᠯ ᠭᠠᠷᠭᠠᠨ᠎ᠠ᠃      ᠡᠮᠦᠨᠡᠬᠢ ᠲᠤᠭᠲᠠᠭᠠᠯ  ᠳᠤ ᠲᠣᠭᠲᠠᠭᠠᠭᠰᠠᠨ ᠠᠴᠠ ᠭᠠᠳᠠᠨᠠᠬᠢ ᠬᠠᠤᠯᠢ ᠶᠢᠨ ᠬᠥᠮᠦᠨ ᠤ ᠬᠢᠷᠢ ᠬᠡᠮ ᠦᠭᠡᠢ ᠪᠤᠰᠤᠳ ᠵᠣᠬᠢᠶᠠᠨ ᠪᠠᠶᠢᠭᠤᠯᠤᠯᠲᠠ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠶᠢ ᠭᠤᠶᠤᠴᠢᠯᠠᠬᠤ ᠳᠤ᠂ ᠲᠤᠰ ᠵᠣᠬᠢᠶᠠᠨ ᠪᠠᠶᠢᠭᠤᠯᠤᠯᠲᠠ ᠶᠢᠨ ᠭᠤᠣᠯ ᠬᠠᠷᠢᠭᠤᠴᠠᠯᠭᠠᠲᠠᠨ ᠤ ᠲᠥᠯᠥᠭᠡᠯᠡᠭᠴᠢ ᠠᠴᠠ ᠲᠤᠰ ᠵᠣᠬᠢᠶᠠᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ ᠤᠷᠤᠯᠴᠠᠨ᠎ᠠ︔ ᠭᠤᠣᠯ ᠬᠠᠷᠢᠭᠤᠴᠠᠯᠭᠠᠲᠠᠨ ᠪᠠᠶᠢᠬᠤ ᠦᠭᠡᠢ ᠪᠣᠯ ᠬᠠᠮᠲᠤ ᠪᠠᠷ ᠰᠣᠩᠭᠤᠨ ᠭᠠᠷᠭᠠᠭᠰᠠᠨ ᠪᠤᠰᠤᠳ ᠪᠦᠷᠢᠯᠳᠦᠬᠦᠨ ᠠᠴᠠ ᠲᠦᠯᠦᠭᠡᠯᠡᠨ ᠲᠤᠰ ᠵᠣᠬᠢᠶᠠᠨ ᠪᠠᠶᠢᠭᠤᠯᠤᠯᠲᠠ ᠶᠢᠨ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ ᠤᠷᠤᠯᠴᠠᠨ᠎ᠠ᠃      ᠳᠣᠯᠣᠳᠤᠭᠠᠷ ᠵᠣᠷᠪᠣᠰ᠂ ᠬᠤᠪᠢ ᠣᠷᠣᠭᠤᠯᠬᠤ ᠳᠦᠷᠢᠮᠲᠦ ᠠᠵᠤ ᠠᠬᠤᠶᠢᠯᠠᠯ ᠤᠨ ᠬᠤᠪᠢ ᠣᠷᠣᠭᠤᠯᠤᠭᠴᠢᠳ ᠤᠨ ᠶᠡᠭᠡ ᠬᠤᠷᠠᠯ᠂ ᠬᠤᠪᠢ ᠣᠷᠣᠭᠤᠯᠤᠭᠴᠢᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠬᠡᠷᠡᠭ ᠮᠡᠳᠡᠭᠴᠢᠳ ᠤᠨ ᠵᠥᠪᠯᠡᠯ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠭᠠᠷᠭᠠᠭᠰᠠᠨ ᠪᠣᠳᠠᠲᠠᠶ ᠵᠠᠰᠠᠭ ᠵᠠᠬᠢᠷᠭᠠᠨ ᠤ ᠤᠢᠢᠯᠠ ᠠᠵᠢᠯᠯᠠᠭ᠎ᠠ ᠨᠢ ᠠᠵᠤ ᠠᠬᠤᠶᠢᠯᠠᠯ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ ᠦᠵᠡᠪᠡᠯ᠂ ᠠᠵᠤ ᠠᠬᠤᠶᠢᠯᠠᠯ ᠤᠨ ᠨᠡᠷ᠎ᠡ ᠪᠠᠷ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠭᠤᠶᠤᠴᠢᠯᠠᠯ ᠭᠠᠷᠭᠠᠵᠦ ᠪᠣᠯᠤᠨ᠎ᠠ᠃      ᠨᠠᠢᠮᠠᠳᠤᠭᠠᠷ ᠵᠣᠷᠪᠣᠰ᠂ ᠠᠳᠠᠯᠢ ᠨᠢᠭᠡ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠭᠤᠶᠤᠴᠢᠯᠠᠭᠴᠢ  ᠨᠢ 5 ᠬᠥᠮᠦᠨ ᠠᠴᠠ ᠬᠡᠲᠦᠷᠡᠵᠦ ᠪᠠᠶᠢᠪᠠᠯ᠂ 1 ᠠᠴᠠ 5 ᠲᠦᠯᠦᠭᠡᠯᠡᠴᠢ ᠰᠤᠩᠭᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ ᠤᠷᠤᠯᠴᠠᠭᠤᠯᠤᠨ᠎ᠠ᠃      ᠶᠢᠰᠦᠳᠦᠭᠡᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠤᠭᠤᠴᠠᠭᠠᠨ ᠳᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠭᠤᠶᠤᠴᠢᠯᠠᠭᠴᠢ ᠠᠴᠠ ᠭᠠᠳᠠᠨᠠᠬᠢ ᠠᠷᠠᠳ ᠢᠷᠭᠡᠳ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠬᠢᠨᠠᠨ ᠪᠠᠶᠢᠴᠠᠭᠠᠭᠰᠠᠨ ᠪᠣᠳᠠᠲᠠᠶ ᠵᠠᠰᠠᠭ ᠵᠠᠬᠢᠷᠭᠠᠨ ᠤ ᠠᠵᠢᠯᠯᠠᠭ᠎ᠠ ᠯᠤᠭ᠎ᠠ ᠠᠰᠢᠭ ᠬᠤᠣᠷ ᠤᠨ ᠬᠠᠷᠢᠴᠠᠭ᠎ᠠ ᠲᠠᠢ ᠪᠠᠶᠢᠨ᠎ᠠ ᠭᠡᠵᠦ ᠦᠵᠡᠪᠡᠯ᠂ ᠲᠡᠳᠡᠭᠡᠷ ᠢ ᠭᠤᠷᠪᠠᠳᠠᠬᠢ ᠬᠥᠮᠦᠨ ᠤ ᠬᠤᠪᠢ ᠪᠠᠷ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ ᠣᠷᠣᠯᠴᠠᠭᠤᠯᠬᠤ ᠪᠣᠯᠤᠨ᠎ᠠ᠃      ᠵᠠᠰᠠᠭ ᠵᠠᠬᠢᠷᠭᠠᠨ ᠤ ᠳᠠᠬᠢᠨ ᠵᠥᠪᠯᠡᠬᠦ ᠬᠤᠭᠤᠴᠠᠭᠠᠨ ᠳᠤ᠂ ᠭᠤᠶᠤᠴᠢᠯᠠᠭᠴᠢ ᠠᠴᠠ ᠪᠤᠰᠤᠳ ᠠᠷᠠᠳ ᠢᠷᠭᠡᠳ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠬᠢᠨᠠᠨ ᠪᠠᠶᠢᠴᠠᠭᠠᠭᠰᠠᠨ ᠪᠣᠳᠠᠲᠠᠶ ᠵᠠᠰᠠᠭ ᠵᠠᠬᠢᠷᠭᠠᠨ ᠤ ᠠᠵᠢᠯᠯᠠᠭ᠎ᠠ ᠯᠤᠭ᠎ᠠ ᠠᠰᠢᠭ ᠬᠤᠣᠷ ᠤᠨ ᠬᠠᠷᠢᠴᠠᠭ᠎ᠠ ᠲᠠᠢ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠳᠤ ᠭᠤᠷᠪᠠᠳᠠᠬᠢ ᠬᠥᠮᠦᠨ ᠤ ᠬᠤᠪᠢ ᠪᠠᠷ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ ᠤᠷᠤᠯᠴᠠᠬᠤ ᠭᠤᠶᠤᠴᠢᠯᠠᠯ ᠭᠠᠷᠭᠠᠵᠤ ᠪᠣᠯᠤᠨ᠎ᠠ᠃      ᠭᠤᠷᠪᠠᠳᠠᠬᠢ ᠬᠥᠮᠦᠨ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ ᠤᠷᠤᠯᠴᠠᠬᠤ ᠦᠭᠡᠢ ᠴᠦ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠰᠢᠭᠦᠨ ᠰᠢᠢᠳᠪᠦᠷᠢᠯᠡᠬᠦ ᠶᠢ ᠨᠥᠯᠥᠭᠡᠯᠡᠬᠦ ᠳᠡᠶᠢᠯᠬᠦ ᠦᠭᠡᠢ᠃      ᠠᠷᠪᠠᠳᠤᠭᠠᠷ ᠵᠣᠷᠪᠣᠰ᠂ ᠭᠤᠶᠤᠴᠢᠯᠠᠭᠴᠢ᠂ ᠭᠤᠷᠪᠠᠳᠠᠬᠢ ᠬᠥᠮᠦᠨ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ ᠣᠷᠣᠯᠴᠠᠭᠤᠯᠬᠤ ᠪᠠᠷ 1 ᠠᠴᠠ 2 ᠨᠡᠷᠡᠰ ᠣᠷᠣᠯᠠᠭᠴᠢ ᠨᠠᠶᠢᠳᠠᠵᠤ ᠪᠣᠯᠤᠨ᠎ᠠ᠃ ᠭᠤᠶᠤᠴᠢᠯᠠᠭᠴᠢ᠂ ᠭᠤᠷᠪᠠᠳᠠᠬᠢ ᠬᠥᠮᠦᠨ ᠤ ᠨᠠᠶᠢᠳᠠᠭᠰᠠᠨ ᠣᠷᠣᠯᠠᠭᠴᠢ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠳᠤ ᠡᠷᠬᠡ ᠣᠯᠭᠤᠵᠤ ᠨᠠᠶᠢᠳᠠᠭᠰᠠᠨ ᠪᠢᠴᠢᠭ ᠢᠶᠠᠨ ᠲᠤᠰᠢᠶᠠᠬᠤ ᠬᠡᠷᠡᠭᠲᠡᠶ᠃ ᠡᠷᠬᠡ ᠣᠯᠭᠤᠭᠰᠠᠨ ᠨᠠᠶᠢᠳᠠᠯᠭ᠎ᠠ ᠶᠢᠨ ᠪᠢᠴᠢᠭ ᠲᠤ ᠨᠠᠶᠢᠳᠠᠭᠰᠠᠨ ᠤᠴᠢᠷ ᠶᠠᠪᠤᠳᠠᠯ᠂ ᠡᠷᠬᠡ ᠶᠢᠨ ᠬᠡᠪᠴᠢᠶ᠎ᠡ ᠪᠣᠯᠤᠨ ᠬᠤᠭᠤᠴᠠᠭ᠎ᠠ ᠶᠢ ᠲᠣᠳᠣᠷᠬᠠᠶᠢᠯᠠᠨ᠎ᠠ᠃ ᠠᠷᠠᠳ ᠢᠷᠭᠡᠨ ᠣᠨᠴᠠᠭᠠᠶ ᠪᠠᠶᠢᠳᠠᠯ ᠤᠨ ᠳᠣᠣᠷ᠎ᠠ ᠪᠢᠴᠢᠭ ᠢᠶᠠᠷ ᠨᠠᠶᠢᠳᠠᠵᠤ ᠳᠡᠶᠢᠯᠬᠦ ᠦᠭᠡᠢ ᠪᠠᠶᠢᠪᠠᠯ᠂ ᠠᠮᠠ ᠪᠠᠷ ᠨᠠᠶᠢᠳᠠᠭᠰᠠᠨ ᠴᠦ ᠪᠣᠯᠤᠨ᠎ᠠ᠃ ᠠᠮᠠ ᠪᠠᠷ ᠨᠠᠶᠢᠳᠠᠭᠰᠠᠨ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠬᠢᠨᠠᠨ ᠬᠠᠷᠭᠤᠭᠤᠯᠬᠤ ᠪᠥᠭᠡᠳ ᠬᠡᠷᠡᠭ ᠤᠨ ᠡᠪᠬᠡᠮᠡᠯ ᠳᠤ ᠲᠡᠮᠳᠡᠭᠯᠡᠨ᠎ᠡ᠃ ᠭᠤᠶᠤᠴᠢᠯᠠᠭᠴᠢ᠂ ᠭᠤᠷᠪᠠᠳᠠᠬᠢ ᠬᠥᠮᠦᠨ ᠠᠴᠠ ᠨᠠᠶᠢᠳᠠᠯᠭ᠎ᠠ ᠪᠠᠨ ᠬᠦᠴᠦᠨ ᠦᠭᠡᠢ ᠪᠣᠯᠭᠠᠭᠰᠠᠨ ᠪᠤᠶᠤ ᠬᠤᠪᠢᠷᠠᠭᠤᠯᠤᠭᠰᠠᠨ ᠪᠠᠶᠢᠪᠠᠯ ᠪᠢᠴᠢᠭ ᠢᠶᠠᠷ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠳᠤ ᠮᠡᠳᠡᠭᠦᠯᠬᠦ ᠬᠡᠷᠡᠭᠲᠡᠶ᠃      ᠬᠤᠶᠠᠳᠤᠭᠠᠷ ᠬᠡᠰᠡᠭ   ᠭᠤᠶᠤᠴᠢᠯᠠᠭᠳᠠᠭᠴᠢ      ᠠᠷᠪᠠᠨ ᠨᠢᠭᠡᠳᠦᠭᠡᠷ ᠵᠣᠷᠪᠣᠰ᠂ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠪᠣᠳᠠᠲᠠᠶ ᠵᠠᠰᠠᠭ ᠵᠠᠬᠢᠷᠭᠠᠨ ᠤ ᠤᠢᠢᠯᠠ ᠠᠵᠢᠯᠯᠠᠭ᠎ᠠ ᠶᠢ ᠵᠥᠪᠰᠢᠶᠡᠷᠡᠬᠦ ᠤᠢᠭᠡᠢ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠪᠠ ᠲᠤᠰ ᠳᠦᠷᠢᠮ ᠤᠨ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠭᠠᠷᠭᠠᠪᠠᠯ᠂ ᠲᠤᠰ ᠪᠣᠳᠠᠲᠠᠶ ᠵᠠᠰᠠᠭ ᠵᠠᠬᠢᠷᠭᠠᠨ ᠤ ᠠᠵᠢᠯᠯᠠᠭ᠎ᠠ ᠶᠢ ᠬᠢᠭᠰᠡᠨ ᠵᠠᠰᠠᠭ ᠵᠠᠬᠢᠷᠭᠠᠨ ᠤ ᠪᠠᠶᠢᠭᠤᠯᠭ᠎ᠠ ᠨᠢ ᠭᠤᠶᠤᠴᠢᠯᠠᠭᠳᠠᠭᠴᠢ ᠪᠣᠯᠤᠨ᠎ᠠ᠃      ᠠᠷᠪᠠᠨ ᠬᠤᠶᠠᠳᠤᠭᠠᠷ ᠵᠣᠷᠪᠣᠰ᠂ ᠵᠠᠰᠠᠭ ᠵᠠᠬᠢᠷᠭᠠᠨ ᠤ ᠪᠠᠶᠢᠭᠤᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠶᠢᠨ ᠬᠠᠮᠲᠤᠷᠠᠭᠰᠠᠨ ᠨᠡᠷᠡᠶᠢᠳᠦᠯ ᠢᠶᠠᠷ ᠪᠣᠳᠠᠲᠠᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠢᠭᠰᠡᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠪᠠ ᠬᠠᠤᠯᠢ ᠴᠠᠭᠠᠵᠠ᠂ ᠬᠠᠤᠯᠢ ᠲᠣᠭᠲᠠᠭᠠᠯ ᠤᠨ ᠡᠷᠬᠡ ᠣᠯᠭᠤᠭᠰᠠᠨ ᠵᠣᠬᠢᠶᠠᠨ ᠪᠠᠶᠢᠭᠤᠯᠤᠯᠲᠠ ᠨᠢ ᠬᠠᠮᠲᠤ ᠳᠠᠭᠠᠨ ᠭᠤᠶᠤᠴᠢᠯᠠᠭᠳᠠᠭᠴᠢ ᠪᠣᠯᠤᠨ᠎ᠠ᠃      ᠵᠠᠰᠠᠭ ᠵᠠᠬᠢᠷᠭᠠᠨ ᠤ ᠪᠠᠶᠢᠭᠤᠯᠭ᠎ᠠ ᠬᠢᠭᠡᠳ ᠪᠤᠰᠤᠳ ᠵᠣᠬᠢᠶᠠᠨ ᠪᠠᠶᠢᠭᠤᠯᠤᠯᠲᠠ ᠨᠢ ᠬᠠᠮᠲᠤ ᠶᠢᠨ ᠨᠡᠷ᠎ᠡ ᠪᠠᠷ ᠪᠣᠳᠠᠲᠠᠶ ᠵᠠᠰᠠᠭ ᠵᠠᠬᠢᠷᠭᠠᠨ ᠤ ᠠᠵᠢᠯᠯᠠᠭ᠎ᠠ ᠶᠢ ᠬᠢᠭᠰᠡᠨ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠨᠢ ᠭᠤᠶᠤᠴᠢᠯᠠᠭᠳᠠᠭᠴᠢ ᠪᠣᠯᠤᠨ᠎ᠠ᠃      ᠠᠷᠪᠠᠨ ᠭᠤᠷᠪᠠᠳᠤᠭᠠᠷ ᠵᠣᠷᠪᠣᠰ᠂ ᠳᠣᠣᠷ᠎ᠠ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠬᠠᠤᠯᠢ ᠴᠠᠭᠠᠵᠠ᠂ ᠬᠠᠣᠯᠢ ᠳᠦᠷᠢᠮ᠂ ᠲᠦᠷᠢᠮ ᠲᠣᠭᠲᠠᠭᠠᠯ ᠢ ᠦᠨᠳᠦᠰᠦᠯᠡᠨ᠂ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠪᠠᠷ ᠵᠦᠪᠰᠢᠶᠡᠷᠡᠭᠦᠯᠦᠭᠰᠡᠨ ᠪᠣᠳᠠᠲᠠᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠬᠢᠪᠡᠯ᠂ ᠵᠥᠪᠰᠢᠶᠡᠷᠡᠭᠰᠡᠨ ᠪᠠᠶᠢᠭᠤᠯᠭ᠎ᠠ ᠨᠢ ᠭᠤᠶᠤᠴᠢᠯᠠᠭᠳᠠᠭᠴᠢ ᠪᠣᠯᠤᠨ᠎ᠠ᠃      ᠠᠷᠪᠠᠨ ᠳᠥᠷᠪᠡᠳᠦᠭᠡᠷ ᠵᠣᠷᠪᠣᠰ᠂ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠪᠠᠶᠢᠭᠤᠯᠣᠬᠰᠡᠨ ᠳᠣᠮᠢᠯᠠᠬᠰᠡᠨ ᠪᠠᠶᠢᠭᠤᠯᠤᠮᠵᠢ᠂ ᠳᠣᠲᠣᠭᠠᠳᠤ ᠪᠠᠶᠢᠭᠤᠯᠤᠮᠵᠢ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠬᠠᠤᠯᠢ ᠴᠠᠭᠠᠵᠠ᠂ ᠬᠠᠤᠯᠢ ᠲᠣᠭᠲᠠᠭᠠᠯ ᠠᠴᠠ ᠡᠷᠬᠡ ᠣᠯᠭᠤᠭᠰᠠᠨ ᠦᠭᠡᠢ ᠪᠠᠷ ᠭᠠᠳᠠᠨ᠎ᠠ ᠥᠪᠡᠷ ᠤᠨ ᠨᠡᠷ᠎ᠡ ᠪᠠᠷ ᠢᠶᠠᠨ ᠪᠣᠳᠠᠲᠠᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠢᠭᠰᠡᠨ ᠪᠠᠶᠢᠪᠠᠯ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠨᠢ ᠭᠤᠶᠤᠴᠢᠯᠠᠭᠳᠠᠭᠴᠢ ᠪᠣᠯᠤᠨ᠎ᠠ᠃      ᠭᠤᠷᠪᠠᠳᠤᠭᠠᠷ ᠬᠡᠰᠡᠭ   ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠭᠤᠶᠤᠴᠢᠯᠠᠯ ᠭᠠᠷᠭᠠᠬᠤ ᠬᠤᠭᠤᠴᠠᠭ᠎ᠠ      ᠠᠷᠪᠠᠨ ᠲᠠᠪᠤᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢᠨ ᠶᠢᠰᠦᠳᠦᠭᠡᠷ ᠵᠣᠷᠪᠣᠰ ᠤᠨ ᠨᠢᠭᠡᠳᠦᠭᠡᠷ ᠪᠠᠳᠠᠭ ᠲᠤ ᠲᠣᠭᠲᠠᠭᠠᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠭᠤᠶᠤᠴᠢᠯᠠᠯ ᠭᠠᠷᠭᠠᠬᠤ ᠬᠤᠭᠤᠴᠠᠭ᠎ᠠ ᠶᠢ ᠪᠤᠳᠤᠬᠤ ᠳᠤ᠂ ᠳᠣᠣᠷ᠎ᠠ ᠵᠢᠭᠰᠠᠭᠠᠭᠰᠠᠨ ᠲᠣᠭᠲᠠᠭᠠᠯ ᠶᠣᠰᠣᠭᠠᠷ ᠰᠢᠢᠳᠪᠦᠷᠢᠯᠡᠨ᠎ᠡ᠄      ︵ᠨᠢᠭᠡ︶ ᠲᠤᠬᠠᠶ ᠶᠢᠨ ᠭᠠᠵᠠᠷ ᠲᠤᠨᠢ ᠪᠣᠳᠠᠲᠠᠶ ᠵᠠᠰᠠᠭ ᠵᠠᠬᠢᠷᠭᠠᠨ ᠤ ᠠᠵᠢᠯᠯᠠᠭ᠎ᠠ ᠶᠢ ᠬᠢᠭᠰᠡᠨ ᠪᠠᠶᠢᠪᠠᠯ᠂ ᠪᠣᠳᠠᠲᠠᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠢᠭᠰᠡᠨ ᠡᠳᠦᠷ ᠠᠴᠠ ᠡᠬᠢᠯᠡᠵᠦ ᠪᠤᠳᠦᠨ᠎ᠡ︔      ︵ᠬᠤᠶᠠᠷ︶ ᠪᠣᠳᠠᠲᠠᠶ ᠵᠠᠰᠠᠭ ᠵᠠᠬᠢᠷᠭᠠᠨ ᠤ ᠤᠢᠢᠯᠠ ᠠᠵᠢᠯᠯᠠᠭ᠎ᠠ ᠶᠢ ᠳᠣᠳᠣᠷᠬᠠᠢ ᠲᠡᠮᠳᠡᠭᠯᠡᠭᠰᠡᠨ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠰᠢᠭᠤᠳ ᠬᠦᠷᠭᠡᠵᠦ ᠥᠭᠭᠦᠭᠰᠡᠨ ᠪᠠᠶᠢᠪᠠᠯ᠂ ᠬᠦᠯᠢᠶᠡᠠ ᠠᠪᠤᠭᠴᠢ ᠨᠢ ᠭᠠᠷ ᠤᠨ ᠦᠰᠦᠭ ᠵᠢᠷᠤᠵᠤ ᠬᠤᠷᠢᠶᠠᠨ ᠠᠪᠤᠭᠰᠠᠨ ᠡᠳᠦᠷ ᠠᠴᠠ ᠡᠬᠢᠯᠡᠵᠦ ᠪᠤᠳᠦᠨ᠎ᠡ︔      ︵ᠭᠤᠷᠪᠠ︶ ᠪᠣᠳᠠᠲᠠᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠲᠣᠳᠣᠷᠬᠠᠶ ᠲᠡᠮᠳᠡᠭᠯᠡᠭᠰᠡᠨ ᠬᠠᠤᠯᠢ ᠴᠠᠭᠠᠵᠠ ᠶᠢᠨ ᠪᠢᠴᠢᠭ ᠬᠠᠷ᠎ᠠ ᠶᠢ ᠰᠢᠦᠳᠠᠨ ᠢᠶᠠᠷ ᠬᠦᠷᠭᠡᠭᠰᠡᠨ ᠪᠠᠶᠢᠪᠠᠯ᠂ ᠬᠦᠯᠢᠶᠡᠠ ᠠᠪᠤᠭᠴᠢ ᠨᠢ ᠰᠢᠦᠳᠠᠨ ᠵᠦᠢᠯ ᠢ ᠭᠠᠷ ᠤᠨ ᠦᠰᠦᠭ ᠵᠢᠷᠤᠵᠤ ᠬᠤᠷᠢᠶᠠᠨ ᠠᠪᠬᠤ ᠬᠠᠭᠤᠳᠠᠰᠤᠨ ᠳᠡᠭᠡᠷ᠎ᠡ ᠭᠠᠷ ᠤᠨ ᠦᠰᠦᠭ ᠵᠢᠷᠤᠵᠤ ᠬᠤᠷᠢᠶᠠᠨ ᠠᠪᠤᠭᠰᠠᠨ ᠡᠳᠦᠷ ᠠᠴᠠ ᠡᠬᠢᠯᠡᠵᠦ ᠪᠤᠳᠦᠨ᠎ᠡ︔ ᠰᠢᠦᠳᠠᠨ ᠵᠦᠢᠯ ᠤᠨ ᠭᠠᠷ ᠤᠨ ᠦᠰᠦᠭ ᠵᠢᠷᠤᠵᠤ ᠬᠤᠷᠢᠶᠠᠨ ᠠᠪᠬᠤ ᠬᠠᠭᠤᠳᠠᠰᠤ ᠦᠭᠡᠢ ᠪᠣᠯ᠂ ᠬᠦᠯᠢᠶᠡᠠ ᠠᠪᠤᠭᠴᠢ ᠨᠢ ᠬᠦᠷᠭᠡᠭᠰᠡᠨ ᠬᠠᠷᠢᠭᠤ ᠪᠠᠷᠢᠮᠲᠠ ᠳᠡᠭᠡᠷ᠎ᠡ ᠭᠠᠷ ᠤᠨ ᠦᠰᠦᠭ ᠵᠢᠷᠣᠬᠰᠡᠨ ᠡᠳᠦᠷ ᠠᠴᠠ ᠡᠬᠢᠯᠡᠵᠦ ᠪᠤᠳᠦᠨ᠎ᠡ︔      ︵ᠲᠥᠷᠪᠡ︶ ᠪᠣᠳᠠᠲᠠᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢ ᠬᠠᠤᠯᠢ ᠶᠣᠰᠣᠭᠠᠷ ᠠᠯᠪᠠᠨ ᠵᠠᠷ ᠤᠨ ᠬᠡᠯᠪᠡᠷᠢ ᠪᠠᠷ ᠬᠦᠷᠭᠡᠯᠲᠡ ᠬᠦᠯᠢᠶᠡᠭᠴᠢ ᠳᠤ ᠳᠠᠮᠵᠢᠭᠤᠯᠤᠨ ᠬᠡᠯᠡᠵᠦ ᠥᠭᠬᠦ ᠲᠤ ᠠᠯᠪᠠᠨ ᠵᠠᠷ ᠤᠨ ᠲᠣᠭᠲᠠᠭᠠᠭᠰᠠᠨ ᠬᠤᠭᠤᠴᠠᠭ᠎ᠠ ᠳᠦᠭᠦᠷᠦᠭᠰᠡᠨ ᠡᠳᠦᠷ ᠠᠴᠠ ᠡᠬᠢᠯᠡᠵᠦ ᠪᠣᠳᠣᠨ᠎ᠠ︔      ︵ᠲᠠᠪᠤ︶ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠪᠣᠳᠠᠲᠠᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠬᠢᠬᠦ ᠦᠶ᠎ᠡ ᠳᠡᠭᠡᠨ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠳᠤ ᠮᠡᠳᠡᠭᠳᠡᠭᠰᠡᠨ ᠦᠭᠡᠢ ᠬᠡᠷᠡᠭ ᠤᠨ ᠲᠠᠷᠠᠭ᠎ᠠ ᠨᠥᠬᠦᠪᠥᠷᠢᠯᠡᠨ ᠮᠡᠳᠡᠭᠳᠡᠬᠦ ᠳᠤ᠂ ᠲᠤᠰ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠨᠥᠬᠦᠪᠥᠷᠢᠯᠡᠨ ᠬᠡᠯᠡᠵᠦ ᠥᠭᠬᠦ ᠮᠡᠳᠡᠭᠳᠡᠯ ᠢ ᠣᠯᠤᠭᠰᠠᠨ ᠡᠳᠦᠷ ᠠᠴᠠ ᠡᠬᠢᠯᠡᠵᠦ ᠪᠤᠳᠤᠨ᠎ᠠ︔      ︵ᠵᠢᠷᠭᠤᠭ᠎ᠠ︶ ᠭᠤᠶᠤᠴᠢᠯᠠᠭᠳᠠᠭᠴᠢ ᠠᠴᠠ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠪᠣᠳᠠᠲᠠᠶ ᠵᠠᠰᠠᠭ ᠵᠠᠬᠢᠷᠭᠠᠨ ᠤ ᠠᠵᠢᠯᠯᠠᠭ᠎ᠠ ᠶᠢ ᠬᠢᠭᠰᠡᠨ ᠢ ᠮᠡᠳᠡᠨ᠎ᠡ ᠭᠡᠵᠦ ᠳᠣᠳᠣᠷᠬᠠᠢ ᠭᠡᠷᠡᠴᠢᠯᠡᠵᠦ ᠳᠡᠶᠢᠯᠬᠦ ᠪᠠᠶᠢᠳᠠᠯ ᠳᠤ᠂ ᠭᠡᠷᠡᠴᠢ ᠮᠠᠲ᠋ᠧᠷᠢᠶᠠᠯ ᠢᠶᠠᠷ ᠪᠣᠳᠠᠲᠠᠶ ᠵᠠᠰᠠᠭ ᠵᠠᠬᠢᠷᠭᠠᠨ ᠤ ᠤᠢᠢᠯᠠ ᠠᠵᠢᠯᠯᠠᠭ᠎ᠠ ᠶᠢ ᠮᠡᠳᠡᠭᠰᠡᠨ ᠢ ᠭᠡᠷᠡᠴᠢᠯᠡᠬᠦ ᠡᠳᠦᠷ ᠠᠴᠠ ᠡᠬᠢᠯᠡᠵᠦ ᠪᠤᠳᠤᠨ᠎ᠠ᠃ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠪᠣᠳᠠᠲᠠᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠭᠠᠷᠭᠠᠪᠠᠯ᠂ ᠬᠠᠤᠯᠢ ᠶᠣᠰᠣᠭᠠᠷ ᠬᠤᠯᠪᠣᠭᠳᠠᠯ ᠪᠥᠬᠦᠢ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠳᠤ ᠬᠠᠤᠯᠢ ᠴᠠᠭᠠᠵᠠ ᠶᠢᠨ ᠪᠢᠴᠢᠭ ᠬᠠᠷ᠎ᠠ ᠬᠦᠷᠭᠡᠬᠦ ᠶᠣᠰᠣᠲᠠᠢ ᠪᠠᠶᠢᠲᠠᠯ᠎ᠠ ᠬᠦᠷᠭᠡᠵᠦ ᠥᠭᠭᠦᠭᠰᠡᠨ ᠦᠭᠡᠢ ᠪᠠᠶᠢᠪᠠᠯ᠂ ᠲᠤᠰ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢ ᠲᠤᠰ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠶᠢ ᠮᠡᠳᠡᠬᠦ ᠦᠭᠡᠢ ᠭᠡᠵᠦ ᠦᠵᠡᠨ᠎ᠡ᠃     ᠠᠷᠪᠠᠨ ᠵᠢᠷᠭᠤᠳᠤᠭᠠᠷ ᠵᠣᠷᠪᠣᠰ᠂ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠣᠯᠢ ᠶᠢᠨ ᠵᠢᠷᠭᠤᠳᠤᠭᠠᠷ ᠵᠣᠷᠪᠣᠰ ᠤᠨ ︵ᠨᠠᠢᠮᠠ︶ ᠳ᠋ᠤᠭᠠᠷ ᠵᠦᠢᠯ᠂ ︵ᠶᠢᠰᠦ︶ ᠳ᠋ᠦᠭᠡᠷ ᠵᠦᠢᠯ᠂ ︵ᠠᠷᠪᠠ︶ ᠳ᠋ᠤᠭᠠᠷ ᠵᠦᠢᠯ ᠤᠨ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠪᠠᠶᠢᠭᠤᠯᠭ᠎ᠠ ᠶᠢ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠭᠡᠬᠦ ᠪᠠᠷ ᠭᠤᠶᠤᠴᠢᠯᠠᠭᠰᠠᠨ ᠳᠤ᠂ ᠵᠠᠰᠠᠭ ᠵᠠᠬᠢᠷᠭᠠᠨ ᠤ ᠪᠠᠶᠢᠭᠤᠯᠭ᠎ᠠ ᠭᠦᠢᠴᠡᠳᠬᠡᠭᠰᠡᠨ ᠦᠭᠡᠢ ᠪᠠᠶᠢᠪᠠᠯ᠂ ᠵᠠᠰᠠᠭ ᠵᠠᠬᠢᠷᠭᠠᠨ ᠢᠶᠠᠷ ᠳᠠᠬᠢᠨ ᠵᠦᠪᠯᠡᠬᠦᠯᠬᠦ ᠭᠤᠶᠤᠴᠢᠯᠠᠯ ᠭᠠᠷᠭᠠᠬᠤ ᠬᠤᠭᠤᠴᠠᠭ᠎ᠠ  ᠶᠢ ᠳᠣᠣᠷ᠎ᠠ ᠵᠢᠭᠰᠠᠭᠠᠭᠰᠠᠨ ᠲᠣᠭᠲᠠᠭᠠᠯ ᠶᠣᠰᠣᠭᠠᠷ ᠪᠤᠳᠦᠨ᠎ᠡ᠄      ︵ᠨᠢᠭᠡ︶ ᠭᠦᠢᠴᠡᠳᠬᠡᠬᠦ ᠬᠤᠭᠤᠴᠠᠭ᠎ᠠ ᠲᠣᠭᠲᠠᠭᠠᠭᠰᠠᠨ ᠪᠠᠶᠢᠪᠠᠯ᠂ ᠭᠦᠢᠴᠡᠳᠬᠡᠬᠦ ᠬᠤᠭᠤᠴᠠᠭ᠎ᠠ ᠳᠦᠭᠦᠷᠦᠭᠰᠡᠨ ᠡᠳᠦᠷ ᠠᠴᠠ ᠡᠬᠢᠯᠡᠵᠦ ᠪᠣᠳᠣᠨ᠎ᠠ︔      ︵ᠬᠤᠶᠠᠷ︶ ᠭᠦᠢᠴᠡᠳᠬᠡᠬᠦ ᠬᠤᠭᠤᠴᠠᠭ᠎ᠠ ᠶᠢ ᠲᠣᠭᠲᠠᠭᠠᠭᠰᠠᠨ ᠦᠭᠡᠢ ᠪᠠᠶᠢᠪᠠᠯ᠂ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠭᠤᠶᠤᠴᠢᠯᠠᠯ ᠢ ᠣᠯᠤᠭᠰᠠᠨ ᠤ ᠪᠦᠬᠦᠯᠢ 60 ᠡᠳᠦᠷ ᠠᠴᠠ ᠡᠬᠢᠯᠡᠵᠦ ᠪᠤᠳᠤᠨ᠎ᠠ᠃      ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠪᠠᠴᠢᠮ ᠪᠠᠶᠢᠳᠠᠯ ᠤᠨ ᠳᠣᠣᠷ᠎ᠠ ᠵᠠᠰᠠᠭ ᠵᠠᠬᠢᠷᠭᠠᠨ ᠤ ᠪᠠᠶᠢᠭᠤᠯᠭ᠎ᠠ ᠳᠤ ᠬᠥᠮᠦᠨ ᠤ ᠪᠡᠶ᠎ᠡ ᠶᠢᠨ ᠡᠷᠬᠡ ᠂ ᠡᠳ᠋ ᠬᠦᠷᠦᠩᠭᠡ ᠶᠢᠨ ᠡᠷᠬᠡ ᠶᠢ ᠬᠠᠮᠠᠭᠠᠯᠠᠬᠤ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠶᠢ ᠭᠦᠢᠴᠡᠳᠭᠡᠬᠦ ᠪᠠᠷ ᠭᠤᠶᠤᠴᠢᠯᠠᠭᠰᠠᠨ ᠪᠠᠶᠢᠳᠠᠯ᠎ᠠ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠭᠦᠢᠴᠡᠳᠬᠡᠭᠰᠡᠨ ᠦᠭᠡᠢ ᠪᠠᠶᠢᠪᠠᠯ᠂ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠭᠤᠶᠤᠴᠢᠯᠠᠯ ᠭᠠᠷᠭᠠᠬᠤ ᠬᠤᠭᠤᠴᠠᠭ᠎ᠠ ᠨᠢ ᠡᠮᠦᠨᠡᠬᠢ ᠪᠠᠳᠠᠭ ᠤᠨ ᠲᠣᠭᠲᠠᠭᠠᠯ ᠳᠤ ᠬᠢᠵᠠᠭᠠᠷᠯᠠᠭᠳᠠᠬᠤ ᠦᠭᠡᠢ᠃      ᠠᠷᠪᠠᠨ ᠳᠣᠯᠣᠳᠤᠭᠠᠷ ᠵᠣᠷᠪᠣᠰ᠂ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠢᠭᠰᠡᠨ ᠪᠣᠳᠠᠲᠠᠶ ᠵᠠᠰᠠᠭ ᠵᠠᠬᠢᠷᠭᠠᠨ ᠤ ᠠᠵᠢᠯᠯᠠᠭ᠎ᠠ ᠨᠢ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠡᠷᠬᠡ ᠠᠰᠢᠭ᠂ ᠡᠭᠦᠷᠭᠡ ᠳᠤ ᠠᠰᠢᠭ ᠦᠭᠡᠢ ᠨᠥᠯᠥᠭᠡ ᠦᠵᠡᠭᠦᠯᠵᠦ ᠮᠡᠳᠡᠬᠦ ᠪᠠᠶᠢᠳᠠᠯ ᠲᠠᠢ ᠪᠣᠯ ᠵᠠᠰᠠᠭ ᠵᠠᠬᠢᠷᠭᠠᠨ ᠢᠶᠠᠷ ᠲᠡᠬᠢᠠ ᠵᠦᠪᠯᠡᠭᠦᠯᠬᠦ ᠪᠠᠷ ᠭᠤᠶᠤᠴᠢᠯᠠᠬᠤ ᠡᠷᠬᠡ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠪᠠ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠭᠤᠶᠤᠴᠢᠯᠠᠯ ᠭᠠᠷᠭᠠᠬᠤ ᠬᠤᠭᠤᠴᠠᠭ᠎ᠠ ᠶᠢ ᠮᠡᠳᠡᠭᠦᠯᠬᠦ ᠬᠡᠷᠡᠭᠲᠡᠶ᠃      ᠳᠥᠷᠪᠡᠳᠦᠭᠡᠷ ᠬᠡᠰᠡᠭ          ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠭᠤᠶᠤᠴᠢᠯᠠᠯ ᠭᠠᠷᠭᠠᠬᠤ ᠶᠢ ᠳᠤᠷᠠᠳᠬᠤ      ᠠᠷᠪᠠᠨ ᠨᠠᠢᠮᠠᠳᠤᠭᠠᠷ ᠵᠣᠷᠪᠣᠰ᠂ ᠭᠤᠶᠤᠴᠢᠯᠠᠭᠴᠢ ᠨᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠪᠢᠴᠢᠭ ᠤᠨ ᠭᠤᠶᠤᠴᠢᠯᠠᠯ ᠭᠠᠷᠭᠠᠬᠤ ᠳᠤ ᠪᠢᠴᠢᠭ ᠢᠶᠠᠨ ᠨᠢᠭᠤᠷᠳᠠᠨ ᠳᠣᠰᠢᠶᠠᠬᠤ᠂ ᠰᠢᠦᠳᠠᠨ ᠢᠶᠠᠷ ᠢᠯᠡᠭᠡᠬᠦ ᠪᠤᠶᠤ ᠹᠠᠺᠰ ᠢᠶᠠᠷ ᠢᠯᠡᠭᠡᠬᠦ ᠵᠡᠷᠭᠡ ᠠᠷᠭ᠎ᠠ ᠮᠠᠶ᠋ᠢᠭ ᠢᠶᠠᠷ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠭᠤᠶᠤᠴᠢᠯᠠᠯ ᠭᠠᠷᠭᠠᠵᠤ ᠪᠣᠯᠤᠨ᠎ᠠ᠃      ᠨᠥᠬᠦᠴᠡᠯ ᠲᠠᠢ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠡᠯᠧᠺᠲᠷᠣᠨ ᠵᠠᠬᠢᠳᠠᠯ ᠤᠨ ᠬᠡᠯᠪᠡᠷᠢ ᠪᠠᠷ ᠳᠤᠷᠠᠳᠤᠨ ᠭᠠᠷᠭᠠᠭᠰᠠᠨ ᠵᠠᠰᠠᠭ ᠵᠠᠬᠢᠷᠭᠠᠨ ᠢᠶᠠᠷ ᠳᠠᠬᠢᠨ ᠵᠦᠪᠯᠡᠬᠦᠯᠬᠦ ᠭᠤᠶᠤᠴᠢᠯᠠᠯ ᠢ ᠬᠦᠯᠢᠶᠡᠨ ᠠᠪᠴᠤ ᠪᠣᠯᠤᠨ᠎ᠠ᠃      ᠠᠷᠪᠠ ᠶᠢᠰᠦᠳᠦᠭᠡᠷ ᠵᠣᠷᠪᠣᠰ᠂ ᠭᠤᠶᠤᠴᠢᠯᠠᠭᠴᠢ ᠨᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠪᠢᠴᠢᠭ ᠤᠨ ᠭᠤᠶᠤᠴᠢᠯᠠᠯ ᠭᠠᠷᠭᠠᠬᠤ ᠳᠤ ᠡᠷᠬᠡᠪᠰᠢ ᠳᠣᠣᠷ᠎ᠠ ᠵᠢᠭᠰᠠᠭᠠᠭᠰᠠᠨ ᠵᠦᠢᠯ ᠢ ᠲᠣᠳᠣᠷᠬᠠᠶ ᠪᠢᠴᠢᠬᠦ ᠬᠡᠷᠡᠭᠲᠡᠶ      ︵ᠨᠢᠭᠡ︶ ᠭᠤᠶᠤᠴᠢᠯᠠᠭᠴᠢ ᠶᠢᠨ ᠦᠨᠳᠦᠰᠦᠨ ᠪᠠᠶᠢᠳᠠᠯ᠂ ᠡᠭᠦᠨ ᠳᠤ᠄ ᠠᠷᠠᠳ ᠢᠷᠭᠡᠨ ᠤ ᠤᠪᠤᠭ ᠨᠡᠷ᠎ᠡ᠂ ᠬᠦᠢᠰᠦ᠂ ᠨᠠᠰᠤ᠂ ᠪᠡᠶ᠎ᠡ ᠶᠢᠨ ᠦᠨᠡᠮᠯᠡᠯ ᠤᠨ ᠨᠣᠮᠧᠷ᠂ ᠠᠵᠢᠯ ᠤᠨ ᠨᠢᠭᠡᠴᠡ᠂ ᠣᠷᠣᠨ ᠰᠠᠭᠤᠴᠠ᠂ ᠰᠢᠦᠳᠠᠨ ᠳ᠋ᠤᠭᠠᠷ  ᠢ ᠪᠠᠭᠳᠠᠭᠠᠨ᠎ᠠ︔ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠨᠡᠷᠡᠶᠢᠳᠦᠯ᠂ ᠣᠷᠣᠨ ᠰᠠᠭᠤᠴᠠ᠂ ᠰᠢᠦᠳᠠᠨ ᠳ᠋ᠤᠭᠠᠷ ᠪᠠ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠪᠤᠶᠤ ᠭᠤᠣᠯ ᠬᠠᠷᠢᠭᠤᠴᠠᠯᠭᠠᠲᠠᠨ ᠤ ᠤᠪᠦᠬ ᠨᠡᠷ᠎ᠡ᠂ ᠲᠤᠰᠢᠶᠠᠯ︔      ︵ᠬᠤᠶᠠᠷ︶ ᠭᠤᠶᠤᠴᠢᠯᠠᠭᠳᠠᠭᠴᠢ ᠶᠢᠨ ᠨᠡᠷᠡᠶᠢᠳᠦᠯ︔      ︵ᠭᠤᠷᠪᠠ︶ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠭᠰᠠᠨ ᠪᠣᠳᠠᠲᠤ ᠪᠠᠶᠢᠳᠠᠯ ᠪᠠ ᠤᠴᠢᠷ ᠰᠢᠯᠲᠠᠭᠠᠨ︔      ︵ᠳᠥᠷᠪᠡ︶ ᠭᠤᠶᠤᠴᠢᠯᠠᠭᠴᠢ ᠨᠢ ᠭᠠᠷ ᠤᠨ ᠦᠰᠦᠭ ᠵᠢᠷᠤᠬᠤ ᠪᠤᠶᠤ ᠲᠠᠮᠠᠭ᠎ᠠ ᠳᠠᠷᠤᠭᠰᠠᠨ ᠪᠠᠶᠢᠬᠤ ᠬᠡᠷᠡᠭᠲᠡᠶ︔      ︵ᠲᠠᠪᠤ︶ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠭᠰᠠᠨ ᠡᠳᠦᠷ ᠬᠤᠭᠤᠴᠠᠭ᠎ᠠ᠃      ᠬᠤᠷᠢᠳᠤᠭᠠᠷ ᠵᠣᠷᠪᠣᠰ᠂ ᠭᠤᠶᠤᠴᠢᠯᠠᠭᠴᠢ ᠠᠴᠠ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠶᠢ ᠠᠮᠠ ᠪᠠᠷ ᠭᠤᠶᠤᠴᠢᠯᠠᠬᠤ ᠳᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠲᠤᠰ ᠳᠦᠷᠢᠮ ᠤᠨ ᠠᠷᠪᠠ ᠶᠢᠰᠦᠳᠦᠭᠡᠷ  ᠵᠣᠷᠪᠤ ‍ᠰ ᠤᠨ ᠲᠣᠭᠲᠠᠭᠠᠯ  ᠶᠣᠰᠣᠭᠠᠷ ᠲᠤᠬᠠᠶ ᠶᠢᠨ  ᠭᠠᠵᠠᠷ ᠲᠤᠨᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ  ᠪᠠᠷ ᠭᠤᠶᠤᠴᠢᠯᠠᠭᠰᠠᠨ ᠪᠢᠷ  ᠤᠨ  ᠲᠡᠮᠳᠡᠭᠯᠡᠯ ᠢ  ᠵᠣᠬᠢᠶᠠᠵᠤ ᠭᠤᠶᠣᠴᠢᠯᠠᠭᠴᠢ ᠲᠤᠰᠢᠶᠠᠨ  ᠬᠢᠨᠠᠨ  ᠬᠠᠷᠭᠤᠭᠤᠯᠬᠤ  ᠪᠤᠶᠤ  ᠭᠤᠶᠤᠴᠢᠯᠠᠭᠴᠢ ᠳᠤ ᠤᠩᠰᠢᠨ ᠥᠭᠬᠦ ᠶᠢᠨ  ᠬᠠᠮᠲᠤ  ᠭᠤᠶᠤᠴᠢᠯᠠᠭᠴᠢ  ᠪᠠᠷ  ᠭᠠᠷ ᠤᠨ  ᠦᠰᠦᠭ  ᠵᠢᠷᠤᠭᠤᠯᠬᠤ  ᠬᠡᠷᠡᠭᠲᠡᠶ᠃      ᠬᠤᠷᠢᠨ ᠨᠢᠭᠡᠳᠦᠭᠡᠷ ᠵᠣᠷᠪᠣᠰ᠂ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠭᠤᠶᠤᠴᠢᠯᠠᠭᠴᠢ  ᠨᠢ ᠭᠡᠷᠡᠴᠢ ᠮᠠᠲ᠋ᠧᠷᠢᠶᠠᠯ ᠬᠠᠩᠭᠠᠬᠤ ᠬᠡᠷᠡᠭᠲᠡᠶ᠄      ︵ᠨᠢᠭᠡ︶ ᠭᠤᠶᠤᠴᠢᠯᠠᠭᠳᠠᠭᠴᠢ ᠨᠢ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠭᠡᠵᠦ ᠦᠵᠡᠬᠦ ᠪᠠᠶᠢᠳᠠᠯ ᠳᠤ᠂ ᠭᠤᠶᠤᠴᠢᠯᠠᠭᠴᠢ ᠠᠴᠠ ᠳᠣᠬᠠᠢ ᠶᠢᠨ ᠦᠶ᠎ᠡ ᠳᠤ ᠭᠤᠶᠤᠴᠢᠯᠠᠭᠳᠠᠭᠴᠢ ᠶᠢ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠶᠢ ᠱᠠᠭᠠᠷᠳᠠᠵᠤ ᠪᠠᠶᠢᠭᠰᠠᠨ ᠴᠦ ᠭᠤᠶᠤᠴᠢᠯᠠᠭᠳᠠᠭᠴᠢ ᠭᠦᠢᠴᠡᠳᠬᠡᠭᠰᠡᠨ ᠦᠭᠡᠢ ᠶᠢ ᠭᠡᠷᠡᠴᠢᠯᠡᠬᠦ ᠮᠠᠲ᠋ᠧᠷᠢᠶᠠᠯ ᠢ ᠬᠠᠩᠭᠠᠬᠤ ᠬᠡᠷᠡᠭᠲᠡᠶ︔      ︵ᠬᠤᠶᠠᠷ︶ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠦᠶ᠎ᠡ ᠳᠤ ᠬᠠᠮᠲᠤ ᠳᠤᠨᠢ ᠵᠠᠰᠠᠭ ᠵᠠᠬᠢᠷᠭᠠᠨ ᠤ ᠲᠥᠯᠥᠪᠦᠷᠢ ᠶᠢᠨ ᠭᠤᠶᠤᠴᠢᠯᠠᠯ ᠭᠠᠷᠭᠠᠭᠰᠠᠨ ᠪᠠᠶᠢᠪᠠᠯ᠂  ᠭᠤᠶᠣᠴᠢᠯᠠᠭᠴᠢ ᠠᠴᠠ ᠪᠣᠳᠠᠲᠠᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠶᠢᠨ ᠬᠥᠨᠥᠭᠡᠯ ᠢ ᠬᠦᠷᠲᠡᠭᠰᠡᠨ ᠠᠴᠠ ᠪᠣᠯᠤᠭᠰᠠᠨ ᠬᠤᠬᠢᠷᠠᠯ ᠤᠨ ᠭᠡᠷᠡᠴᠢ ᠮᠠᠲ᠋ᠧᠷᠢᠶᠠᠯ ᠢ ᠬᠠᠩᠭᠠᠬᠤ ᠬᠡᠷᠡᠭᠲᠡᠢ︔      ︵ᠭᠤᠷᠪᠠ︶ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠭᠤᠶᠤᠴᠢᠯᠠᠭᠴᠢ ᠠᠴᠠ ᠭᠡᠷᠡᠴᠢ ᠮᠠᠲ᠋ᠧᠷᠢᠶᠠᠯ ᠬᠠᠩᠭᠠᠬᠤ ᠴᠢᠬᠤᠯᠠᠲᠠᠶ ᠪᠤᠰᠤᠳ ᠪᠠᠶᠢᠳᠠᠯ᠃      ᠬᠤᠷᠢᠨ ᠬᠤᠶᠠᠳᠤᠭᠠᠷ ᠵᠣᠷᠪᠣᠰ᠂ ᠭᠤᠶᠤᠴᠢᠯᠠᠭᠴᠢ ᠨᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠭᠠᠷᠭᠠᠬᠤ ᠦᠶ᠎ᠡ ᠳᠤ ᠭᠤᠶᠣᠴᠢᠯᠠᠬᠳᠠᠬᠴᠢ ᠶᠢ ᠪᠤᠷᠤᠭᠤ ᠵᠢᠭᠰᠠᠭᠠᠬᠤ ᠪᠠᠶᠢᠳᠠᠯ  ᠳᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠭᠤᠶᠤᠴᠢᠯᠠᠭᠴᠢ ᠳᠤ ᠭᠤᠶᠤᠴᠢᠯᠠᠭᠳᠠᠭᠴᠢ ᠶᠢ ᠬᠤᠪᠢᠷᠠᠭᠤᠯᠬᠤ ᠶᠢ ᠮᠡᠳᠡᠭᠳᠡᠬᠦ ᠬᠡᠷᠡᠭᠲᠡᠶ᠃      ᠬᠤᠷᠢᠨ ᠭᠤᠷᠪᠠᠳᠤᠭᠠᠷ ᠵᠣᠷᠪᠣᠰ᠂ ᠭᠤᠶᠤᠴᠢᠯᠠᠭᠴᠢ ᠨᠢ ᠲᠦᠷᠦ ᠶᠢᠨ ᠶᠠᠪᠤᠳᠠᠯ ᠤᠨ ᠬᠤᠷᠢᠶᠠᠨ ᠤ ᠬᠤᠶᠠᠷ ᠠᠴᠠ ᠳᠡᠭᠡᠭᠰᠢᠬᠢ ᠰᠠᠯᠠᠭ᠎ᠠ ᠮᠥᠴᠢᠷ ᠬᠠᠮᠲᠤ ᠪᠠᠷ ᠬᠢᠭᠰᠡᠨ ᠪᠣᠳᠠᠲᠠᠶ ᠵᠠᠰᠠᠭ ᠵᠠᠬᠢᠷᠭᠠᠨ ᠤ ᠤᠢᠢᠯᠠ ᠠᠵᠢᠯᠯᠠᠭ᠎ᠠ ᠶᠢ ᠵᠥᠪᠰᠢᠶᠡᠷᠡᠬᠦ ᠤᠢᠭᠡᠢ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢᠨ ᠠᠷᠪᠠᠨ ᠳᠥᠷᠪᠡᠳᠦᠭᠡᠷ ᠵᠣᠷᠪᠣᠰ ᠤᠨ ᠲᠣᠭᠲᠠᠭᠠᠯ ᠶᠣᠰᠣᠭᠠᠷ᠂ ᠲᠡᠭᠦᠨ ᠤ ᠳᠣᠲᠣᠷᠠᠬᠢ ᠠᠯᠢ ᠴᠤ ᠨᠢᠭᠡ ᠲᠦᠷᠦ ᠶᠢᠨ ᠶᠠᠪᠤᠳᠠᠯ ᠤᠨ ᠬᠤᠷᠢᠶᠠᠨ ᠤ ᠰᠠᠯᠠᠭ᠎ᠠ ᠮᠥᠴᠢᠷ ᠲᠤ ᠵᠠᠰᠠᠭ ᠵᠠᠬᠢᠷᠭᠠᠨ ᠢᠶᠠᠷ ᠳᠠᠬᠢᠨ ᠵᠦᠪᠯᠡᠬᠦᠯᠬᠦ ᠭᠤᠶᠤᠴᠢᠯᠠᠯ ᠢ ᠭᠠᠷᠭᠠᠵᠤ ᠪᠣᠯᠤᠨ᠎ᠠ᠂ ᠪᠣᠳᠠᠲᠠᠶ ᠵᠠᠰᠠᠭ ᠵᠠᠬᠢᠷᠭᠠᠨ ᠤ ᠠᠵᠢᠯᠯᠠᠭ᠎ᠠ ᠬᠢᠭᠰᠡᠨ ᠲᠥᠷᠦ ᠶᠢᠨ ᠶᠠᠪᠤᠳᠠᠯ ᠤᠨ ᠬᠤᠷᠢᠶ᠎ᠠ ᠶᠢᠨ ᠰᠠᠯᠠᠭ᠎ᠠ ᠮᠥᠴᠢᠷ ᠠᠴᠠ ᠬᠠᠮᠲᠤᠷᠠᠨ ᠵᠠᠰᠠᠭ ᠵᠠᠬᠢᠷᠭᠠᠨ ᠤ ᠳᠠᠬᠢᠨ ᠵᠦᠪᠯᠡᠭᠰᠡᠨ ᠰᠢᠢᠳᠪᠦᠷᠢ ᠭᠠᠷᠭᠠᠨ᠎ᠠ᠃      ᠬᠤᠷᠢᠨ ᠳᠥᠷᠪᠡᠳᠦᠭᠡᠷ ᠵᠣᠷᠪᠣᠰ᠂ ᠭᠤᠶᠤᠴᠢᠯᠠᠭᠴᠢ ᠨᠢ ᠲᠥᠷᠥ ᠶᠢᠨ ᠶᠠᠪᠤᠳᠠᠯ ᠤᠨ ᠬᠤᠷᠢᠶ᠎ᠠ ᠪᠠᠷ ᠵᠥᠪᠰᠢᠶᠡᠷᠡᠭᠦᠯᠦᠭᠡᠳ ᠮᠤᠵᠢ ᠶᠢᠨ ᠱᠠᠲᠤᠨ ᠠᠴᠠ ᠳᠣᠷᠣᠭᠰᠢᠬᠢ ᠰᠢᠭᠤᠳ ᠤᠳᠤᠷᠢᠳᠤᠯᠭ᠎ᠠ ᠶᠢ ᠬᠡᠷᠡᠭᠵᠢᠭᠦᠯᠵᠦ ᠪᠠᠶᠢᠭ᠎ᠠ ᠰᠠᠯᠠᠭ᠎ᠠ ᠮᠥᠴᠢᠷ ᠠᠴᠠ ᠭᠠᠷᠭᠠᠭᠰᠠᠨ ᠵᠠᠰᠠᠭ ᠵᠠᠬᠢᠷᠭᠠᠨ ᠤ ᠪᠣᠳᠠᠲᠠᠶ ᠤᠢᠢᠯᠠ ᠠᠵᠢᠯᠯᠠᠭ᠎ᠠ ᠶᠢ ᠵᠥᠪᠰᠢᠶᠡᠷᠡᠬᠦ ᠤᠢᠭᠡᠢ ᠪᠠᠶᠢᠪᠠᠯ᠂ ᠲᠤᠰ ᠰᠠᠯᠠᠭ᠎ᠠ ᠮᠥᠴᠢᠷ ᠤᠨ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠪᠤᠶᠤ ᠳᠡᠭᠡᠷ᠎ᠡ ᠨᠢᠭᠡ ᠱᠠᠲᠤᠨ ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠲᠤ ᠵᠠᠰᠠᠭ ᠵᠠᠬᠢᠷᠭᠠᠨ ᠢᠶᠠᠷ ᠳᠠᠬᠢᠨ ᠵᠦᠪᠯᠡᠬᠦᠯᠬᠦ ᠭᠤᠶᠤᠴᠢᠯᠠᠯ ᠭᠠᠷᠭᠠᠨ᠎ᠠ︔ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠠᠴᠠ ᠠᠰᠲᠠᠭᠠᠨ ᠲᠣᠭᠲᠠᠭᠠᠯ ᠲᠠᠢ ᠪᠠᠶᠢᠪᠠᠯ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠶ᠃ ᠬᠤᠷᠢᠨ ᠲᠠᠪᠤᠳᠤᠭᠠᠷ ᠵᠣᠷᠪᠣᠰ᠂ ᠭᠤᠶᠤᠴᠢᠯᠠᠭᠴᠢ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢᠨ ᠭᠤᠴᠢᠳᠤᠭᠠᠷ ᠵᠣᠷᠪᠣᠰ ᠤᠨ ᠬᠤᠶᠠᠳᠤᠭᠠᠷ ᠪᠠᠳᠠᠭ ᠤᠨ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠢᠶᠠᠷ ᠲᠠᠬᠢᠨ ᠵᠥᠪᠯᠡᠭᠦᠯᠬᠦ ᠪᠠᠷ ᠭᠤᠶᠤᠴᠢᠯᠠᠬᠤ ᠳᠤ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠲᠠ ᠶᠢᠨ ᠠᠷᠠᠳ ᠤᠨ ᠵᠠᠰᠠᠭ ᠤᠨ ᠣᠷᠳᠣᠨ ᠳᠤ ᠵᠠᠰᠠᠭ ᠵᠠᠬᠢᠷᠭᠠᠨ ᠢᠶᠠᠷ ᠳᠠᠪᠲᠠᠨ ᠶᠠᠷᠢᠯᠴᠠᠭᠤᠯᠬᠤ ᠭᠤᠶᠤᠴᠢᠯᠠᠯ ᠭᠠᠷᠭᠠᠵᠤ ᠪᠣᠯᠤᠨ᠎ᠠ᠃      ᠬᠤᠷᠢᠨ ᠵᠢᠷᠭᠤᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢᠨ ᠳᠣᠯᠣᠳᠤᠭᠠᠷ ᠵᠣᠷᠪᠣᠰ ᠤᠨ ᠲᠣᠭᠲᠠᠭᠠᠯ ᠶᠣᠰᠣᠭᠠᠷ᠂ ᠭᠤᠶᠤᠴᠢᠯᠠᠭᠴᠢ ᠠᠴᠠ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠶᠢᠨ ᠦᠨᠳᠦᠰᠦ ᠪᠠᠷᠢᠮᠲᠠ ᠪᠣᠯᠭᠠᠭᠰᠠᠨ ᠲᠣᠭᠲᠠᠭᠠᠯ ᠨᠢ ᠬᠠᠤᠯᠢ ᠶᠣᠰᠣᠨ ᠤ ᠪᠤᠰᠤ ᠭᠡᠵᠦ ᠦᠵᠡᠪᠡᠯ᠂ ᠲᠣᠰ ᠵᠠᠰᠠᠭ ᠵᠠᠬᠢᠷᠭᠠᠨ ᠤ ᠪᠣᠳᠠᠲᠠᠶ ᠤᠢᠢᠯᠠ ᠠᠵᠢᠯᠯᠠᠭ᠎ᠠ ᠶᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠦᠶ᠎ᠡ ᠳᠤ ᠬᠠᠮᠲᠤ ᠳᠤᠨᠢ ᠳᠣᠷᠠᠳᠣᠵᠦ᠂ ᠲᠤᠰ ᠲᠣᠭᠲᠠᠭᠠᠯ ᠢ ᠬᠢᠨᠠᠨ ᠪᠠᠶᠢᠴᠠᠭᠠᠬᠤ ᠭᠤᠶᠤᠴᠢᠯᠠᠯ ᠭᠠᠷᠭᠠᠵᠤ ᠪᠣᠯᠤᠨ᠎ᠠ︔ ᠭᠤᠶᠤᠴᠢᠯᠠᠭᠴᠢ ᠨᠢ ᠵᠠᠰᠠᠭ ᠵᠠᠬᠢᠷᠭᠠᠨ ᠤ ᠪᠣᠳᠠᠲᠠᠶ ᠤᠢᠢᠯᠠ ᠠᠵᠢᠯᠯᠠᠭ᠎ᠠ ᠶᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠭᠠᠷᠭᠠᠬᠤ ᠦᠶ᠎ᠡ ᠳᠤ ᠬᠠᠷᠠᠬᠠᠨ ᠲᠤᠰ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠶᠢᠨ ᠦᠨᠳᠦᠰᠦᠯᠡᠭᠰᠡᠨ ᠲᠣᠭᠲᠠᠭᠠᠯ ᠢ ᠮᠡᠳᠡᠬᠦ ᠦᠭᠡᠢ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠭᠠᠷᠭᠠᠬᠤ ᠠᠴᠠ ᠡᠮᠦᠨ᠎ᠡ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠳᠤ ᠲᠤᠰ ᠲᠣᠭᠲᠠᠭᠠᠯ ᠢ ᠬᠢᠨᠠᠨ ᠪᠠᠶᠢᠴᠠᠭᠠᠬᠤ ᠭᠤᠶᠤᠴᠢᠯᠠᠯ ᠭᠠᠷᠭᠠᠵᠤ ᠪᠣᠯᠤᠨ᠎ᠠ᠃         ᠭᠤᠷᠪᠠᠳᠤᠭᠠᠷ ᠪᠦᠯᠦᠭ      ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠶᠢ ᠭᠥᠯᠢᠶᠡᠨ ᠠᠪᠴᠤ ᠰᠢᠢᠳᠪᠦᠷᠢᠯᠡᠬᠦ      ᠬᠤᠷᠢᠨ ᠳᠣᠯᠣᠳᠤᠭᠠᠷ ᠵᠣᠷᠪᠣᠰ᠂ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠨᠢ ᠲᠡᠭᠦᠨ ᠤ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ ᠦᠵᠡᠪᠡᠯ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢᠶᠠᠨ ᠳᠤᠷᠠᠳᠴᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠪᠠ ᠲᠣᠰ ᠲᠥᠷᠢᠮ ᠳᠤ ᠲᠣᠭᠲᠠᠭᠠᠭᠰᠠᠨ ᠭᠤᠶᠤᠴᠢᠯᠠᠬᠤ ᠨᠥᠬᠦᠴᠡᠯ ᠳᠤ ᠨᠡᠶᠢᠴᠡᠬᠦ ᠦᠭᠡᠢ ᠪᠠᠶᠢᠳᠠᠯ ᠠᠴᠠ ᠪᠣᠰᠣᠳ ᠢ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠠᠴᠠ ᠡᠷᠬᠡᠪᠰᠢ ᠬᠦᠯᠢᠶᠡᠨ ᠠᠪᠬᠤ ᠬᠡᠷᠡᠭᠲᠡᠶ᠃      ᠬᠤᠷᠢᠨ ᠨᠠᠢᠮᠠᠳᠤᠭᠠᠷ ᠵᠣᠷᠪᠣᠰ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠨᠢ ᠳᠣᠣᠷ᠎ᠠ ᠵᠢᠭᠰᠠᠭᠠᠭᠰᠠᠨ ᠲᠣᠭᠲᠠᠭᠠᠯ ᠤᠳ ᠲᠤ ᠨᠡᠶᠢᠴᠡᠭᠰᠡᠨ ᠪᠠᠶᠢᠪᠠᠯ ᠬᠦᠯᠢᠶᠡᠨ ᠠᠪᠬᠤ ᠬᠡᠷᠡᠭᠲᠡᠶ᠄      ︵ᠨᠢᠭᠡ︶ ᠲᠣᠳᠣᠷᠬᠠᠶ ᠭᠤᠶᠤᠴᠢᠯᠠᠭᠴᠢ ᠲᠠᠢ ᠪᠠᠶᠢᠬᠤ ᠪᠥᠭᠡᠳ ᠲᠣᠭᠲᠠᠭᠠᠯ ᠳᠤ ᠨᠡᠶᠢᠴᠡᠭᠰᠡᠨ ᠭᠤᠶᠤᠴᠢᠯᠠᠭᠳᠠᠭᠴᠢ ᠲᠠᠢ ᠪᠠᠶᠢᠬᠤ︔      ︵ᠬᠤᠶᠠᠷ︶ ᠭᠤᠶᠤᠴᠢᠯᠠᠭᠴᠢ ᠨᠢ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠯᠤᠭ᠎ᠠ ᠠᠰᠢᠭ ᠬᠤᠣᠷ ᠤᠨ ᠬᠠᠷᠢᠴᠠᠭ᠎ᠠ ᠲᠠᠢ ᠪᠠᠶᠢᠬᠤ︔      ︵ᠭᠤᠷᠪᠠ︶ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠣᠳᠠᠲᠠᠶ ᠭᠤᠶᠤᠴᠢᠯᠠᠯ ᠪᠠ ᠤᠴᠢᠷ ᠰᠢᠯᠲᠠᠭᠠᠨ ᠲᠠᠢ ᠪᠠᠶᠢᠬᠤ︔      ︵ᠳᠥᠷᠪᠡ︶ ᠬᠠᠣᠯᠢ ᠪᠠᠷ ᠲᠣᠭᠲᠠᠭᠠᠭᠰᠠᠨ ᠭᠤᠶᠤᠴᠢᠯᠠᠯ ᠤᠨ ᠴᠠᠭ ᠬᠤᠭᠤᠴᠠᠭ᠎ᠠ ᠶᠢᠨ ᠳᠣᠲᠣᠷ᠎ᠠ ᠳᠤᠷᠠᠳᠤᠭᠰᠠᠨ ᠪᠠᠶᠢᠬᠤ︔      ︵ᠲᠠᠪᠤ︶ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠣᠯᠢ ᠪᠠᠷ ᠲᠣᠭᠲᠠᠭᠠᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠬᠦᠷᠢᠶ᠎ᠡ ᠬᠡᠪᠴᠢᠶ᠎ᠡ ᠳᠤ ᠬᠠᠷᠢᠶᠠᠯᠠᠭᠳᠠᠭᠰᠠᠨ ᠪᠠᠶᠢᠬᠤ︔      ︵ᠵᠢᠷᠭᠤᠭ᠎ᠠ︶ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠣᠯᠤᠭᠰᠠᠨ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠶᠢᠨ ᠲᠤᠰᠢᠶᠠᠯ ᠬᠠᠷᠢᠭᠤᠴᠠᠯᠭ᠎ᠠ ᠶᠢᠨ ᠬᠡᠪᠴᠢᠶ᠎ᠡ ᠳᠤ ᠪᠠᠶᠢᠬᠤ︔      ︵ᠲᠤᠯᠤᠭ᠎ᠠ︶ ᠪᠤᠰᠤᠳ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠶᠢᠭᠤᠯᠭ᠎ᠠ ᠠᠴᠠ ᠠᠳᠠᠯᠢ ᠨᠢᠭᠡᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠬᠠᠷᠠᠬᠠᠨ ᠬᠦᠯᠢᠶᠡᠨ ᠠᠪᠣᠬᠰᠡᠨ ᠦᠭᠡᠢ᠂ ᠠᠷᠠᠳ ᠤᠨ ᠰᠢᠭᠦᠬᠦ ᠬᠤᠷᠢᠶ᠎ᠠ ᠠᠳᠠᠯᠢ ᠨᠢᠭᠡᠨ ᠭᠤᠣᠯ ᠴᠣᠭᠴᠠ ᠶᠢ ᠬᠠᠷᠠᠬᠠᠨ ᠬᠦᠯᠢᠶᠡᠨ ᠠᠪᠣᠬᠰᠡᠨ ᠦᠭᠡᠢ ᠪᠣᠯ ᠠᠳᠠᠯᠢ ᠨᠢᠭᠡᠨ ᠶᠠᠪᠤᠳᠠᠯ ᠳᠤ ᠵᠠᠰᠠᠭ ᠵᠠᠬᠢᠷᠭᠠᠨ ᠤ ᠵᠠᠷᠭᠤ ᠬᠢᠨ᠎ᠡ᠃      ᠬᠤᠷᠢ ᠶᠢᠰᠦᠳᠦᠭᠡᠷ ᠵᠣᠷᠪᠣᠰ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠤᠨ ᠮᠠᠲ᠋ᠧᠷᠢᠶᠠᠯ  ᠨᠢ ᠪᠦᠷᠢᠨ ᠭᠦᠢᠴᠡᠳ ᠦᠭᠡᠢ ᠪᠤᠶᠤ ᠲᠣᠭᠠᠴᠢᠭᠰᠠᠨ ᠨᠢ ᠨᠠᠷᠢᠨ ᠲᠣᠳᠣᠷᠬᠠᠶ ᠥᠬᠡᠶ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠣᠯᠵᠤ ᠠᠪᠤᠭᠰᠠᠨ ᠡᠳᠦᠷ ᠠᠴᠠ ᠡᠬᠢᠯᠡᠨ 5 ᠡᠳᠦᠷ ᠤᠨ ᠳᠣᠲᠣᠷ᠎ᠠ ᠨᠥᠬᠦᠵᠦ ᠵᠠᠯᠠᠷᠠᠭᠤᠯᠬᠤ ᠶᠢ ᠭᠤᠶᠤᠴᠢᠯᠠᠭᠴᠢ ᠳᠤ ᠪᠢᠴᠢᠭ ᠢᠶᠠᠷ ᠮᠡᠳᠡᠭᠳᠡᠬᠦ ᠬᠡᠷᠡᠭᠲᠡᠶ᠃ ᠨᠥᠬᠦᠪᠥᠷᠢᠯᠡᠵᠦ ᠵᠠᠯᠠᠷᠠᠭᠤᠯᠬᠤ ᠮᠡᠳᠡᠭᠳᠡᠯ ᠨᠢ ᠨᠥᠬᠦᠪᠥᠷᠢᠯᠡᠵᠦ ᠵᠠᠯᠠᠷᠠᠭᠤᠯᠬᠤ ᠴᠢᠬᠤᠯᠠᠲᠠᠶ ᠵᠦᠢᠯᠡᠰ ᠢ ᠪᠠ ᠵᠦᠢ ᠵᠣᠬᠢᠰᠲᠠᠶ ᠨᠥᠬᠦᠪᠥᠷᠢᠯᠡᠵᠦ ᠵᠠᠯᠠᠷᠠᠭᠤᠯᠬᠤ ᠴᠠᠭ ᠬᠤᠭᠤᠴᠠᠭ᠎ᠠ ᠶᠢ ᠲᠣᠳᠣᠷᠬᠠᠶᠢᠯᠠᠨ᠎ᠠ᠃ ᠵᠦᠢ ᠶᠣᠰᠣᠨ ᠤ ᠤᠴᠢᠷ ᠰᠢᠯᠲᠠᠭᠠᠨ ᠦᠭᠡᠢ ᠪᠠᠷ ᠬᠤᠭᠤᠴᠠᠭ᠎ᠠ ᠬᠡᠲᠦᠷᠡᠲᠡᠯ᠎ᠡ ᠨᠥᠬᠦᠪᠥᠷᠢᠯᠡᠨ ᠵᠠᠯᠠᠷᠠᠭᠤᠯᠬᠤ ᠦᠭᠡᠢ ᠪᠠᠶᠢᠪᠠᠯ᠂ ᠭᠤᠶᠤᠴᠢᠯᠠᠭᠴᠢ ᠠᠴᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠭᠠᠷᠭᠠᠬᠤ ᠪᠠᠨ ᠳᠠᠶᠠᠬᠳᠠᠬᠰᠡᠨ ᠭᠡᠵᠦ ᠦᠵᠡᠨ᠎ᠡ᠃ ᠭᠤᠶᠤᠴᠢᠯᠠᠯ ᠤᠨ ᠮᠠᠲ᠋ᠧᠷᠢᠶᠠᠯ ᠢᠶᠠᠨ ᠨᠥᠬᠦᠪᠥᠷᠢᠯᠡᠵᠦ ᠵᠠᠯᠠᠷᠠᠭᠤᠯᠬᠤ ᠳᠤ ᠬᠡᠷᠡᠭᠯᠡᠭᠰᠡᠨ ᠴᠠᠭ ᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠶᠢᠨ ᠰᠢᠭᠦᠬᠦ ᠬᠤᠭᠤᠴᠠᠭ᠎ᠠ ᠶᠢ ᠪᠤᠳᠤᠵᠤ ᠣᠷᠣᠭᠤᠯᠬᠤ ᠥᠬᠡᠶ᠃      ᠭᠤᠴᠢᠳᠤᠭᠠᠷ ᠵᠣᠷᠪᠣᠰ᠂ ᠭᠤᠶᠤᠴᠢᠯᠠᠭᠴᠢ ᠨᠢ ᠠᠳᠠᠯᠢ ᠨᠢᠭᠡᠨ ᠬᠡᠷᠡᠭ ᠶᠠᠪᠤᠳᠠᠯ ᠤᠨ ᠲᠤᠬᠠᠶ ᠬᠤᠶᠠᠷ ᠪᠤᠶᠤ ᠬᠤᠶᠠᠷ ᠠᠴᠠ ᠳᠡᠭᠡᠭᠰᠢᠬᠢ ᠬᠦᠯᠢᠶᠡᠨ ᠠᠪᠬᠤ ᠡᠷᠬᠡ ᠪᠦᠬᠦᠢ ᠵᠠᠰᠠᠭ ᠵᠠᠬᠢᠷᠭᠠᠨ ᠤ ᠪᠠᠶᠢᠭᠤᠯᠭ᠎ᠠ ᠳᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠶᠢ ᠭᠤᠶᠤᠴᠢᠯᠠᠬᠤ ᠳᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠤᠨ ᠪᠢᠴᠢᠭ ᠢ ᠬᠠᠮᠤᠭ ᠤᠨ ᠲᠦᠷᠦᠭᠦᠨ ᠳᠤ ᠣᠯᠵᠤ ᠠᠪᠤᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠬᠦᠯᠢᠶᠡᠨ ᠠᠪᠴᠤ ᠰᠢᠢᠳᠪᠦᠷᠢᠯᠡᠨ᠎ᠡ︔ ᠬᠠᠮᠲᠤ ᠳᠠᠭᠠᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠣᠯᠵᠤ ᠠᠪᠤᠭᠰᠠᠨ ᠪᠠᠶᠢᠪᠠᠯ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠣᠯᠤᠭᠰᠠᠨ ᠵᠠᠰᠠᠭ ᠵᠠᠬᠢᠷᠭᠠᠨ ᠤ ᠪᠠᠶᠢᠭᠤᠯᠭ᠎ᠠ ᠨᠢ 10 ᠡᠳᠦᠷ ᠤᠨ ᠳᠣᠲᠣᠷ᠎ᠠ ᠵᠥᠪᠳᠡᠯᠴᠡᠵᠦ ᠲᠣᠭᠲᠠᠭᠠᠨ᠎ᠠ︔ ᠵᠥᠪᠳᠡᠯᠴᠡᠭᠡᠳ ᠪᠦᠲᠦᠭᠰᠡᠨ ᠦᠭᠡᠢ ᠪᠠᠶᠢᠪᠠᠯ᠂ ᠲᠡᠳᠡᠨ ᠤ ᠬᠠᠮᠲᠤ ᠶᠢᠨ ᠳᠡᠭᠡᠷ᠎ᠡ ᠨᠢᠭᠡ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠨᠢ 10 ᠡᠳᠦᠷ ᠤᠨ ᠳᠣᠲᠣᠷ᠎ᠠ  ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠭ᠎ᠠ  ᠶᠢ ᠵᠢᠭᠠᠨ ᠲᠤᠭᠲᠠᠭᠠᠨ᠎ᠠ᠃ ᠵᠥᠪᠳᠡᠯᠴᠡᠨ ᠲᠣᠭᠲᠠᠭᠠᠬᠤ ᠪᠤᠶᠤ ᠬᠦᠯᠢᠶᠡᠨ ᠠᠪᠴᠤ ᠰᠢᠢᠳᠪᠦᠷᠢᠯᠡᠬᠦ ᠪᠠᠶᠢᠭᠤᠯᠭ᠎ᠠ  ᠶᠢ  ᠵᠢᠭᠠᠵᠤ  ᠲᠤᠭᠲᠠᠭᠠᠬᠤ  ᠳᠤ ᠬᠡᠷᠡᠭᠯᠡᠭᠰᠡᠨ ᠴᠠᠭ ᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠶᠢᠨ ᠰᠢᠭᠦᠬᠦ ᠬᠤᠭᠤᠴᠠᠭ᠎ᠠ  ᠳᠤ ᠣᠷᠣᠭᠤᠯᠵᠤ ᠪᠤᠳᠤᠬᠤ ᠦᠭᠡᠢ᠃      ᠭᠤᠴᠢᠨ ᠨᠢᠭᠡᠳᠦᠭᠡᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠬᠠᠤᠯᠢ ᠶᠢᠨ ᠬᠤᠷᠢᠳᠤᠭᠠᠷ ᠵᠣᠷᠪᠣᠰ ᠤᠨ ᠲᠣᠭᠲᠠᠭᠠᠯ ᠶᠣᠰᠣᠭᠠᠷ᠂ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠶᠢᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠬᠦᠯᠢᠶᠡᠨ ᠠᠪᠬᠤ ᠦᠭᠡᠢ ᠤᠴᠢᠷ ᠰᠢᠯᠲᠠᠭᠠᠨ ᠨᠢ ᠲᠣᠭᠲᠠᠵᠤ ᠴᠢᠳᠠᠬᠤ ᠦᠭᠡᠢ ᠭᠡᠵᠦ ᠦᠵᠡᠪᠡᠯ᠂ ᠤᠷᠢᠳᠠᠪᠠᠷ ᠲᠡᠭᠦᠨ ᠢ ᠰᠢᠪᠠᠳᠠᠵᠤ ᠪᠠᠶᠢᠭᠠᠳ ᠬᠦᠯᠢᠶᠡᠨ ᠠᠪᠣᠭᠤᠯᠬᠤ ᠬᠡᠷᠡᠭᠲᠡᠶ︔ ᠰᠢᠪᠠᠳᠠᠭᠰᠠᠨ ᠪᠠᠶᠢᠲᠠᠯ᠎ᠠ ᠮᠥᠨ ᠬᠦ ᠬᠦᠯᠢᠶᠡᠨ ᠠᠪᠬᠤ ᠦᠭᠡᠢ ᠪᠠᠶᠢᠪᠠᠯ᠂ ᠵᠠᠷᠯᠢᠭᠳᠠᠵᠤ ᠪᠠᠶᠢᠭᠠᠳ ᠬᠤᠭᠤᠴᠠᠭ᠎ᠠ ᠲᠣᠭᠲᠠᠭᠠᠨ ᠬᠦᠯᠢᠶᠡᠨ ᠠᠪᠣᠭᠤᠯᠬᠤ ᠬᠡᠷᠡᠭᠲᠡᠶ᠂ ᠴᠢᠬᠤᠯᠠ ᠲᠠᠢ ᠦᠶ᠎ᠡ ᠳᠤ  ᠰᠢᠭᠤᠳ ᠬᠦᠯᠢᠶᠡᠨ ᠠᠪᠴᠤ ᠪᠣᠯᠤᠨ᠎ᠠ︔ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠨᠢ ᠬᠠᠤᠯᠢ ᠳᠤ ᠲᠣᠭᠲᠠᠭᠠᠭᠰᠠᠨ ᠬᠦᠯᠢᠶᠡᠨ ᠠᠪᠬᠤ ᠨᠥᠬᠦᠴᠡᠯ ᠳᠤ ᠨᠡᠶᠢᠴᠡᠬᠦ ᠦᠭᠡᠢ ᠭᠡᠵᠦ ᠦᠵᠡᠪᠡᠯ ᠭᠤᠶᠤᠴᠢᠯᠠᠭᠴᠢ ᠳᠤ ᠮᠡᠳᠡᠭᠳᠡᠬᠦ ᠬᠡᠷᠡᠭᠲᠡᠶ᠃      ᠳᠥᠷᠪᠡᠳᠦᠭᠡᠷ ᠪᠦᠯᠦᠭ   ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ      ᠭᠤᠴᠢᠨ ᠬᠤᠶᠠᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠵᠠᠰᠠᠭ ᠵᠠᠬᠢᠷᠭᠠᠨ ᠠᠴᠠ ᠳᠠᠬᠢᠨ ᠵᠥᠪᠯᠡᠭᠦᠯᠬᠦ ᠬᠡᠷᠡᠭ ᠢ ᠬᠢᠨᠠᠨ ᠰᠢᠭᠦᠬᠦ ᠳᠤ 2 ᠠᠴᠠ ᠳᠡᠭᠡᠭᠰᠢ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠨ ᠣᠷᠣᠯᠴᠠᠬᠤ ᠬᠡᠷᠡᠭᠲᠡᠶ᠃      ᠭᠤᠴᠢᠨ ᠭᠤᠷᠪᠠᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠴᠢᠬᠤᠯᠠ ᠲᠠᠢ ᠭᠡᠵᠦ ᠦᠵᠡᠭᠰᠡᠨ ᠦᠶ᠎ᠡ ᠳᠤ ᠲᠤᠬᠠᠶ ᠶᠢᠨ ᠭᠠᠵᠠᠷ ᠲᠤᠨᠢ ᠬᠦᠷᠴᠦ ᠪᠠᠶᠢᠴᠠᠭᠠᠨ ᠭᠡᠷᠡᠴᠢ ᠪᠠᠷᠢᠮᠲᠠ ᠶᠢ ᠬᠢᠨᠠᠨ ᠮᠠᠭᠠᠳᠯᠠᠬᠤ ᠬᠡᠷᠡᠭᠲᠡᠶ︔ ᠴᠢᠬᠤᠯᠠ ᠶᠡᠭᠡ᠂ ᠨᠠᠷᠢᠨ ᠪᠤᠳᠤᠯᠢᠶᠠᠨᠲᠠᠶ ᠬᠡᠷᠡᠭ ᠢ ᠭᠤᠶᠤᠴᠢᠯᠠᠭᠴᠢ ᠱᠠᠭᠠᠷᠳᠠᠯᠭ᠎ᠠ ᠳᠤᠷᠠᠳᠤᠭᠰᠠᠨ ᠪᠤᠶᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠴᠢᠬᠤᠯᠠ ᠲᠠᠢ ᠭᠡᠵᠦ ᠦᠵᠡᠭᠰᠡᠨ ᠦᠶ᠎ᠡ ᠳᠤ ᠭᠡᠷᠡᠴᠢᠯᠡᠭᠡ ᠰᠣᠨᠣᠰᠬᠤ ᠠᠷᠭ᠎ᠠ ᠮᠠᠶ᠋ᠢᠭ ᠢ ᠠᠪᠴᠤ ᠰᠢᠭᠦᠨ ᠰᠢᠢᠳᠪᠦᠷᠢᠯᠡᠬᠦ ᠬᠡᠷᠡᠭᠲᠡᠶ᠃      ᠭᠤᠴᠢᠨ ᠳᠥᠷᠪᠡᠳᠦᠭᠡᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠨ ᠨᠢ ᠬᠤᠯᠪᠣᠭᠳᠠᠯ ᠪᠦᠬᠦᠢ ᠵᠣᠬᠢᠶᠠᠨ ᠪᠠᠶᠢᠭᠤᠯᠤᠯᠲᠠ ᠪᠠ ᠬᠥᠮᠦᠰ ᠠᠴᠠ ᠪᠠᠶᠢᠴᠠᠭᠠᠵᠤ ᠭᠡᠷᠡᠴᠢ ᠠᠪᠠᠨ᠋ᠥ ᠦᠶᠡᠰ ᠲᠤ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠠ ᠮᠠᠲ᠋ᠧᠷᠢᠶᠠᠯ ᠢ ᠪᠠᠶᠢᠴᠠᠭᠠᠨ ᠦᠵᠡᠬᠦ᠂ ᠺᠣᠫᠢᠳᠠᠬᠤ᠂ ᠰᠢᠯᠵᠢᠭᠦᠯᠦᠨ ᠠᠪᠠᠴᠢᠵᠤ᠂ ᠬᠤᠯᠪᠣᠭᠳᠠᠯ ᠪᠦᠬᠦᠢ ᠬᠥᠮᠦᠰ ᠠᠴᠠ ᠠᠰᠠᠭᠤᠨ ᠯᠠᠪᠯᠠᠵᠤ ᠪᠣᠯᠤᠨ᠎ᠠ᠃      ᠪᠠᠶᠢᠴᠠᠭᠠᠵᠤ ᠭᠡᠷᠡᠴᠢ ᠠᠪᠠᠨ᠋ᠥ ᠦᠶᠡᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠨ ᠨᠢ 2 ᠬᠥᠮᠦᠨ ᠠᠴᠠ ᠳᠤᠲᠠᠭᠤ ᠪᠠᠶᠢᠵᠤ ᠪᠣᠯᠬᠤ ᠦᠭᠡᠢ᠂ ᠲᠡᠭᠦᠨᠴᠢᠯᠡᠨ ᠲᠤᠬᠠᠶ ᠶᠢᠨ ᠬᠥᠮᠦᠨ ᠪᠤᠶᠤ ᠬᠤᠯᠪᠣᠭᠳᠠᠯ ᠪᠦᠬᠦᠢ ᠬᠥᠮᠦᠰ ᠲᠤ ᠭᠡᠷᠡᠴᠢ ᠲᠡᠮᠳᠡᠭ ᠢᠶᠠᠨ ᠭᠠᠷᠭᠠᠵᠤ ᠦᠵᠡᠭᠦᠯᠬᠦ ᠬᠡᠷᠡᠭᠲᠡᠶ᠃ ᠪᠠᠶᠢᠴᠠᠭᠠᠭᠳᠠᠬᠤ ᠨᠢᠭᠡᠴᠡ ᠪᠠ ᠬᠥᠮᠦᠰ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠨ ᠤ ᠠᠵᠢᠯ ᠢ ᠬᠠᠮᠵᠢᠯᠴᠠᠬᠤ ᠬᠡᠷᠡᠭᠲᠡᠶ᠂ ᠥᠯᠥ ᠬᠦᠯᠢᠶᠡᠬᠦ ᠪᠤᠶᠤ ᠬᠠᠷᠰᠢᠯᠠᠵᠤ ᠪᠣᠯᠬᠤ ᠥᠬᠡᠶ᠃      ᠬᠡᠷᠡᠭ ᠤᠨ ᠲᠠᠯᠠᠪᠠᠢ ᠶᠢ ᠬᠠᠶᠢᠨ ᠰᠢᠯᠭᠠᠬᠤ ᠴᠢᠬᠤᠯᠠᠲᠠᠶ ᠪᠠᠶᠢᠪᠠᠯ᠂ ᠲᠤᠬᠠᠶ ᠶᠢᠨ ᠭᠠᠵᠠᠷ ᠲᠤᠨᠢ ᠬᠠᠶᠢᠨ ᠰᠢᠨᠵᠢᠬᠦ ᠳᠤ ᠬᠡᠷᠡᠭᠯᠡᠭᠰᠡᠨ ᠴᠠᠭ ᠢ ᠵᠠᠰᠠᠭ ᠵᠠᠬᠢᠷᠭᠠᠨ ᠤ ᠳᠠᠬᠢᠨ ᠵᠦᠪᠯᠡᠬᠦ ᠶᠢᠨ ᠬᠢᠨᠠᠨ ᠰᠢᠭᠦᠬᠦ ᠴᠠᠭ ᠬᠤᠭᠤᠴᠠᠭ᠎ᠠ ᠳᠤ ᠪᠤᠳᠤᠵᠤ ᠣᠷᠣᠭᠤᠯᠬᠤ ᠦᠭᠡᠢ᠃      ᠭᠤᠴᠢᠨ ᠲᠠᠪᠤᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠶᠢᠭᠤᠯᠭ᠎ᠠ ᠨᠢ ᠭᠤᠶᠤᠴᠢᠯᠠᠭᠴᠢ᠂ ᠭᠤᠷᠪᠠᠳᠠᠬᠢ ᠬᠥᠮᠦᠨ ᠠᠴᠠ ᠬᠤᠯᠪᠣᠭᠳᠠᠯ ᠪᠦᠬᠦᠢ ᠮᠠᠲ᠋ᠧᠷᠢᠶᠠᠯ ᠢ ᠪᠠᠶᠢᠴᠠᠭᠠᠨ ᠦᠵᠡᠬᠦ ᠳᠤ ᠴᠢᠬᠤᠯᠠ ᠪᠦᠬᠦᠢ ᠨᠥᠬᠦᠴᠡᠯ ᠢ ᠬᠠᠩᠭᠠᠨ᠎ᠠ᠃      ᠭᠤᠴᠢᠨ ᠵᠢᠷᠭᠤᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠬᠠᠤᠯᠢ ᠶᠢᠨ ᠠᠷᠪᠠᠨ ᠳᠥᠷᠪᠡᠳᠦᠭᠡᠷ ᠵᠣᠷᠪᠣᠰ ᠤᠨ ᠲᠣᠭᠲᠠᠭᠠᠯ ᠶᠣᠰᠣᠭᠠᠷ ᠣᠣᠯ ᠤᠨ ᠳᠡᠰ ᠤᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠭᠤᠶᠤᠴᠢᠯᠠᠬᠤ ᠳᠤ ᠤᠤᠯ ᠤᠨ ᠵᠠᠰᠠᠭ ᠵᠠᠬᠢᠷᠭᠠᠨ ᠤ ᠪᠣᠳᠠᠲᠠᠶ ᠤᠢᠢᠯᠠ ᠠᠵᠢᠯᠯᠠᠭ᠎ᠠ ᠶᠢᠨ ᠬᠤᠯᠪᠣᠭᠳᠠᠯ ᠪᠦᠬᠦᠢ ᠵᠦᠢᠯᠡᠰ ᠢ ᠳᠠᠭᠠᠭᠠᠨ ᠠᠪᠴᠤ ᠰᠢᠢᠳᠪᠦᠷᠢᠯᠡᠬᠦ ᠰᠠᠯᠠᠭ᠎ᠠ ᠮᠥᠴᠢᠷ ᠪᠤᠶᠤ ᠪᠠᠶᠢᠭᠤᠯᠤᠮᠵᠢ ᠠᠴᠠ ᠪᠢᠴᠢᠭ ᠤᠨ ᠬᠠᠷᠢᠭᠤᠯᠲᠠ ᠥᠭᠴᠦ᠂ ᠵᠠᠰᠠᠭ ᠵᠠᠬᠢᠷᠭᠠᠨ ᠤ ᠪᠣᠳᠠᠲᠠᠶ ᠤᠢᠢᠯᠠ ᠠᠵᠢᠯᠯᠠᠭ᠎ᠠ ᠬᠢᠭᠰᠡᠨ ᠭᠡᠷᠡᠴᠢ᠂ ᠦᠨᠳᠦᠰᠦ ᠪᠠᠷᠢᠮᠲᠠ ᠪᠣᠯᠤᠨ ᠬᠤᠯᠪᠣᠭᠳᠠᠯ ᠪᠦᠬᠦᠢ ᠪᠤᠰᠤᠳ ᠮᠠᠲ᠋ᠧᠷᠢᠶᠠᠯ ᠢ ᠬᠠᠮᠲᠤᠪᠠᠷ ᠳᠣᠰᠢᠶᠠᠨ᠎ᠠ᠃      ᠭᠤᠴᠢᠨ ᠳᠣᠯᠣᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠬᠤᠭᠤᠴᠠᠭᠠᠨ ᠳᠤ ᠲᠤᠰᠬᠠᠶ ᠬᠡᠷᠡᠭ ᠶᠠᠪᠤᠳᠠᠯ ᠳᠤ ᠬᠤᠯᠪᠣᠭᠳᠠᠬᠤ ᠠᠴᠠ ᠬᠢᠨᠠᠨ ᠲᠣᠭᠲᠠᠭᠠᠬᠤ ᠴᠢᠬᠤᠯᠠᠲᠠᠶ ᠪᠣᠯ ᠲᠤᠬᠠᠶ ᠶᠢᠨ ᠬᠥᠮᠦᠨ ᠦᠪᠡᠷᠳᠡᠭᠡᠨ ᠰᠢᠯᠭᠠᠨ ᠲᠣᠭᠲᠠᠭᠠᠬᠤ ᠪᠠᠶᠢᠭᠤᠯᠤᠮᠵᠢ ᠳᠤ ᠨᠠᠶᠢᠳᠠᠵᠤ ᠰᠢᠯᠭᠠᠨ ᠲᠣᠭᠲᠠᠭᠠᠬᠤ ᠪᠠᠷ ᠭᠤᠶᠤᠴᠢᠯᠠᠵᠤ ᠪᠣᠯᠤᠨ᠎ᠠ᠂ ᠮᠦᠨ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠠᠴᠠ ᠰᠢᠯᠭᠠᠨ ᠲᠣᠭᠲᠠᠭᠠᠬᠤ ᠪᠠᠶᠢᠭᠤᠯᠤᠮᠵᠢ ᠳᠤ ᠨᠠᠶᠢᠳᠠᠨ ᠰᠢᠯᠭᠠᠨ ᠲᠣᠭᠲᠠᠭᠠᠯᠲᠠ ᠬᠢᠵᠦ ᠪᠠᠰᠠ ᠪᠣᠯᠣᠨ᠎ᠠ᠃ ᠰᠢᠯᠭᠠᠨ ᠲᠣᠭᠲᠠᠭᠠᠬᠤ ᠵᠠᠷᠤᠳᠠᠯ ᠢ ᠨᠢ ᠲᠤᠬᠠᠶ ᠶᠢᠨ ᠬᠥᠮᠦᠨ ᠠᠴᠠ ᠡᠭᠦᠷᠭᠡᠯᠡᠨ᠎ᠡ᠃ ᠬᠢᠨᠠᠨ ᠲᠣᠭᠲᠠᠭᠠᠬᠤ ᠬᠡᠷᠡᠭᠯᠡᠭᠰᠡᠨ ᠴᠠᠭ ᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ  ᠰᠢᠭᠦᠬᠦ ᠬᠤᠭᠤᠴᠠᠭ᠎ᠠ ᠳᠤ ᠪᠤᠳᠤᠵᠤ ᠣᠷᠣᠭᠤᠯᠬᠤ ᠥᠬᠡᠶ᠃      ᠭᠤᠴᠢᠨ ᠨᠠᠢᠮᠠᠳᠤᠭᠠᠷ ᠵᠣᠷᠪᠣᠰ᠂ ᠭᠤᠶᠤᠴᠢᠯᠠᠭᠴᠢ ᠨᠢ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠭᠠᠷᠬᠤ ᠠᠴᠠ ᠡᠮᠦᠨ᠎ᠡ ᠰᠠᠶᠢᠨ ᠳᠤᠷ᠎ᠠ ᠠᠴᠠ ᠪᠠᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠪᠤᠴᠠᠭᠠᠬᠤ ᠭᠡᠪᠡᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠪᠠᠷ ᠵᠥᠪᠰᠢᠶᠡᠷᠡᠭᠦᠯᠦᠭᠡᠳ ᠪᠤᠴᠠᠭᠠᠨ ᠠᠪᠴᠤ ᠪᠣᠯᠤᠨ᠎ᠠ᠃      ᠭᠤᠶᠤᠴᠢᠯᠠᠭᠴᠢ ᠠᠴᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢᠶᠠᠨ ᠪᠤᠴᠠᠭᠠᠭᠰᠠᠨ ᠪᠠᠶᠢᠪᠠᠯ᠂ ᠳᠠᠭᠢᠵᠤ ᠠᠳᠠᠯᠢ ᠨᠢᠭᠡᠨ ᠪᠣᠳᠠᠲᠤ ᠶᠠᠪᠤᠳᠠᠯ ᠪᠠ ᠤᠴᠢᠷ ᠰᠢᠯᠲᠠᠭᠠᠨ ᠢᠶᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠭᠠᠷᠭᠠᠵᠤ ᠪᠣᠯᠬᠤ ᠥᠬᠡᠶ᠃ ᠭᠡᠪᠡᠴᠦ ᠭᠤᠶᠤᠴᠢᠯᠠᠭᠴᠢ ᠠᠴᠠ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠪᠤᠴᠠᠭᠠᠨ ᠠᠪᠴᠤ ᠨᠢ ᠲᠡᠭᠦᠨ ᠤ ᠦᠨᠡᠨ ᠪᠣᠳᠠᠲᠠᠶ ᠰᠠᠨᠠᠭ᠎ᠠ ᠠᠴᠠ ᠵᠥᠷᠢᠴᠡᠭᠰᠡᠨ ᠭᠡᠳᠡᠭ ᠢ ᠭᠡᠷᠡᠴᠢᠯᠡᠵᠦ ᠴᠢᠳᠠᠪᠠᠯ᠂ ᠡᠭᠦᠨ ᠳᠤ ᠪᠠᠭᠲᠠᠬᠤ ᠦᠭᠡᠢ᠃      ᠭᠤᠴᠢ ᠶᠢᠰᠦᠳᠦᠭᠡᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠤᠭᠤᠴᠠᠭᠠᠨ ᠳᠤ ᠭᠤᠶᠤᠴᠢᠯᠠᠭᠴᠢ  ᠨᠢ ᠤᠭ ᠤᠨ ᠪᠣᠳᠠᠲᠠᠶ ᠵᠠᠰᠠᠭ ᠵᠠᠬᠢᠷᠭᠠᠨ ᠤ ᠠᠵᠢᠯᠯᠠᠭ᠎ᠠ ᠶᠢ ᠬᠤᠪᠢᠷᠠᠭᠤᠯᠬᠤ ᠳᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠰᠢᠭᠦᠨ ᠰᠢᠢᠳᠪᠦᠷᠢᠯᠡᠬᠦ ᠶᠢ ᠨᠥᠯᠥᠭᠡᠯᠡᠬᠦ ᠦᠭᠡᠶ᠃ ᠭᠡᠪᠡᠴᠦ ᠭᠤᠶᠤᠴᠢᠯᠠᠭᠴᠢ ᠨᠢ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠪᠤᠴᠠᠭᠠᠨ ᠠᠪᠬᠤ ᠨᠢ ᠡᠭᠦᠨ ᠳᠤ ᠪᠠᠭᠲᠠᠬᠤ ᠦᠭᠡᠢ᠃      ᠳᠥᠴᠢᠳᠦᠭᠡᠷ ᠵᠣᠷᠪᠣᠰ᠂ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠤᠯᠢ ᠴᠠᠭᠠᠵᠠ᠂ ᠬᠠᠤᠯᠢ ᠲᠣᠭᠲᠠᠭᠠᠯ ᠳᠤ ᠲᠣᠭᠲᠠᠭᠠᠭᠰᠠᠨ ᠴᠢᠯᠥᠭᠡᠲᠦ ᠲᠠᠰᠤᠯᠤᠯᠲᠠ ᠶᠢᠨ ᠡᠷᠬᠡ ᠶᠢ ᠬᠡᠷᠡᠭᠵᠢᠭᠦᠯᠵᠦ ᠬᠢᠭᠰᠡᠨ ᠵᠠᠰᠠᠭ ᠵᠠᠬᠢᠷᠭᠠᠨ ᠤ ᠪᠣᠳᠠᠲᠠᠶ ᠤᠢᠢᠯᠠ ᠠᠵᠢᠯᠯᠠᠭ᠎ᠠ ᠶᠢ ᠵᠥᠪᠰᠢᠶᠡᠷᠡᠬᠦ ᠤᠢᠭᠡᠢ ᠪᠠᠶᠢᠵᠦ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠭᠠᠷᠭᠠᠭᠰᠠᠨ ᠪᠣᠯ᠂ ᠭᠤᠶᠤᠴᠢᠯᠠᠭᠴᠢ ᠬᠢᠭᠡᠳ ᠭᠤᠶᠤᠴᠢᠯᠠᠭᠳᠠᠭᠴᠢ ᠨᠢ ᠵᠠᠰᠠᠭ ᠵᠠᠬᠢᠷᠭᠠᠨ ᠤ ᠳᠠᠬᠢᠨ ᠵᠥᠪᠯᠡᠭᠰᠡᠨ ᠰᠢᠢᠳᠪᠦᠷᠢ ᠭᠠᠷᠭᠠᠬᠤ ᠠᠴᠠ ᠡᠮᠦᠨ᠎ᠡ ᠰᠠᠶᠢᠨ ᠳᠤᠷ᠎ᠠ ᠠᠴᠠ ᠪᠠᠨ ᠡᠶᠡᠳᠡᠪᠡᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠳᠤ ᠡᠶᠡᠳᠡᠬᠦ ᠪᠠᠷ ᠳᠣᠭᠢᠷᠠᠯᠴᠠᠭᠰᠠᠨ ᠪᠢᠴᠢᠭ ᠤᠨ ᠬᠡᠯᠡᠯᠴᠡᠭᠡᠷ ᠢᠶᠠᠷ ᠲᠤᠰᠢᠶᠠᠬᠤ ᠬᠡᠷᠡᠭᠲᠡᠶ︔ ᠡᠶᠡᠳᠡᠬᠦ ᠪᠠᠷ ᠳᠣᠭᠢᠷᠠᠯᠴᠠᠭᠰᠠᠨ ᠠᠭᠤᠯᠭ᠎ᠠ ᠨᠢ ᠨᠡᠶᠢᠭᠡᠮ ᠨᠡᠶᠢᠲᠡ ᠶᠢᠨ ᠠᠰᠢᠭ ᠲᠤᠰᠠ ᠪᠠ ᠪᠤᠰᠤᠳ ᠬᠥᠮᠦᠨ ᠤ ᠬᠠᠤᠯᠢ ᠶᠣᠰᠣᠨ ᠤ ᠡᠷᠬᠡ ᠠᠰᠢᠭ ᠢ ᠬᠤᠬᠢᠷᠠᠭᠤᠯᠬᠤ ᠦᠭᠡᠢ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠵᠥᠪᠰᠢᠶᠡᠷᠡᠬᠦ ᠬᠡᠷᠡᠭᠲᠡᠶ᠃      ᠳᠥᠴᠢᠨ ᠨᠢᠭᠡᠳᠦᠭᠡᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠬᠤᠭᠤᠴᠠᠭ᠎ᠠ ᠳᠤ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠵᠤ᠂  ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠰᠢᠭᠦᠬᠦ ᠳᠤ ᠨᠥᠯᠥᠭᠡᠯᠡᠬᠦ ᠪᠠᠶᠢᠳᠠᠯ ᠪᠠᠶᠢᠪᠠᠯ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠵᠣᠭᠰᠣᠭᠠᠬᠤ ᠬᠡᠷᠡᠭᠲᠡᠶ᠄     ︵ᠨᠢᠭᠡ︶ ᠭᠤᠶᠤᠴᠢᠯᠠᠭᠴᠢ ᠪᠠᠶᠢᠬᠰᠡᠨ ᠬᠥᠮᠦᠨ ᠨᠢ ᠦᠬᠦᠭᠡᠳ ᠲᠡᠭᠦᠨ ᠤ ᠣᠶᠢᠷ᠎ᠠ ᠲᠥᠷᠥᠯ ᠰᠠᠳᠤᠨ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ ᠣᠷᠣᠯᠴᠠᠭᠤᠯᠬᠤ ᠡᠰᠡᠬᠦ ᠶᠢ ᠬᠠᠷᠠᠬᠠᠨ ᠲᠣᠭᠲᠠᠭᠠᠭᠠᠳᠤᠶ ᠪᠠᠶᠢᠬᠤ︔     ︵ᠬᠤᠶᠠᠷ︶ ᠭᠤᠶᠤᠴᠢᠯᠠᠭᠴᠢ ᠪᠠᠶᠢᠬᠰᠡᠨ ᠬᠥᠮᠦᠨ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ ᠣᠷᠣᠯᠴᠠᠬᠤ ᠴᠢᠳᠠᠪᠤᠷᠢ ᠪᠠᠨ ᠠᠯᠳᠠᠭᠰᠠᠨ ᠪᠠᠶᠢᠵᠦ᠂  ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠳᠤ ᠣᠷᠣᠯᠴᠠᠬᠤ ᠬᠠᠤᠯᠢ ᠪᠠᠷ ᠲᠣᠭᠲᠠᠭᠠᠭᠰᠠᠨ ᠣᠷᠣᠯᠠᠭᠴᠢ ᠶᠢ ᠬᠠᠷᠠᠬᠠᠨ ᠲᠣᠭᠲᠠᠭᠠᠭᠠᠳᠤᠶ ᠪᠠᠶᠢᠬᠤ︔      ︵ᠭᠤᠷᠪᠠ︶ ᠭᠤᠶᠤᠴᠢᠯᠠᠭᠴᠢ ᠪᠠᠶᠢᠬᠰᠡᠨ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ  ᠨᠢ ᠳᠠᠭᠤᠰᠤᠭᠠᠳ᠂ ᠡᠷᠬᠡ ᠡᠭᠦᠷᠭᠡ ᠶᠢ ᠨᠢ ᠳᠠᠭᠠᠭᠠᠨ ᠠᠪᠬᠤ ᠬᠥᠮᠦᠨ ᠢ ᠬᠠᠷᠠᠬᠠᠨ ᠲᠣᠭᠲᠠᠭᠠᠭᠠᠳᠤᠶ ᠪᠠᠶᠢᠬᠤ︔      ︵ᠲᠦᠷᠪᠡ︶ ᠭᠤᠶᠤᠴᠢᠯᠠᠭᠴᠢ ᠪᠠᠶᠢᠬᠰᠡᠨ ᠬᠥᠮᠦᠨ ᠨᠢ ᠪᠠᠷ᠎ᠠ ᠰᠤᠷᠠᠭ ᠦᠭᠡᠢ ᠪᠣᠯᠤᠭᠰᠠᠨ ᠪᠤᠶᠤ ᠠᠯᠠᠭ᠎ᠠ ᠪᠣᠯᠤᠭᠰᠠᠨ ᠢᠶᠠᠷ ᠵᠠᠷᠯᠠᠭᠳᠠᠭᠰᠠᠨ︔      ︵ᠲᠠᠪᠤ︶ ᠭᠤᠶᠤᠴᠢᠯᠠᠭᠴᠢ᠂ ᠭᠤᠶᠤᠴᠢᠯᠠᠭᠳᠠᠭᠴᠢ ᠨᠢ ᠬᠤᠷᠢᠭᠯᠠᠵᠤ ᠴᠢᠳᠠᠰᠢ ᠦᠭᠡᠢ ᠬᠦᠴᠦᠨ ᠠᠴᠠ ᠪᠣᠯᠵᠦ ᠵᠠᠰᠠᠭ ᠵᠠᠬᠢᠷᠭᠠᠨ ᠤ ᠳᠠᠬᠢᠨ ᠵᠥᠪᠯᠡᠬᠦ ᠳᠤ ᠣᠷᠣᠯᠴᠠᠵᠦ ᠳᠡᠶᠢᠯᠬᠦ ᠦᠭᠡᠢ ᠪᠣᠯᠣᠬᠰᠡᠨ︔      ︵ᠵᠢᠷᠭᠤᠭ᠎ᠠ︶ ᠬᠡᠷᠡᠭ ᠤᠨ ᠬᠠᠤᠯᠢ ᠴᠠᠭᠠᠵᠠ ᠶᠢ ᠬᠡᠷᠡᠭᠯᠡᠬᠦ ᠳᠤ ᠳᠣᠬᠢᠷᠠᠯᠴᠠᠬᠤ ᠠᠰᠠᠭᠤᠳᠠᠯ ᠳᠤ ᠬᠤᠯᠪᠣᠭᠳᠠᠵᠤ᠂ ᠡᠷᠬᠡᠲᠦ ᠪᠠᠶᠢᠭᠤᠯᠭ᠎ᠠ ᠳᠤ ᠮᠡᠳᠡᠭᠦᠯᠵᠦ ᠲᠠᠶᠢᠯᠪᠤᠷᠢᠯᠠᠯᠲᠠ ᠪᠤᠶᠤ ᠨᠤᠲᠠᠯᠠᠯᠲᠠ ᠬᠢᠯᠭᠡᠬᠦ ᠴᠢᠬᠤᠯᠲᠠᠢ ᠪᠣᠯᠣᠬᠰᠡᠨ︔      ︵ᠲᠤᠯᠤᠭ᠎ᠠ︶ ᠬᠡᠷᠡᠭ ᠰᠢᠭᠦᠬᠦ ᠳᠤ ᠪᠤᠰᠤᠳ ᠬᠡᠷᠡᠭ ᠤᠨ ᠰᠢᠭᠦᠯᠲᠡ ᠶᠢᠨ ᠳ᠋ᠦᠩ ᠢᠶᠠᠷ ᠦᠨᠳᠦᠰᠦᠯᠡᠯ ᠪᠣᠯᠭᠠᠬᠤ ᠴᠢᠬᠤᠯᠠ ᠲᠠᠢ ᠪᠠᠶᠢᠵᠦ᠂ ᠪᠤᠰᠤᠳ ᠬᠡᠷᠡᠭ ᠨᠢ ᠬᠠᠷᠢᠨ ᠰᠢᠭᠦᠵᠦ ᠳᠠᠭᠤᠰᠤᠭᠠᠳᠤᠶ ᠪᠠᠶᠢᠬᠤ︔      ︵ᠨᠠᠢᠮᠠ︶ ᠪᠣᠰᠣᠳ ᠲᠤᠷᠭᠤᠨ ᠵᠣᠬᠰᠣᠭᠠᠬᠤ ᠴᠢᠬᠤᠯᠲᠠᠢ ᠵᠠᠰᠠᠭ ᠵᠠᠬᠢᠷᠭᠠᠨ ᠢᠶᠠᠷ ᠳᠠᠬᠢᠨ ᠵᠦᠪᠯᠡᠬᠦᠯᠬᠦ ᠴᠢᠬᠤᠯᠠᠲᠠᠶ ᠪᠠᠶᠢᠳᠠᠯ᠃      ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠵᠣᠭᠰᠣᠭᠠᠭᠰᠠᠨ ᠤᠴᠢᠷ ᠰᠢᠯᠲᠠᠭᠠᠨ ᠨᠢ ᠠᠷᠢᠯᠤᠭᠰᠠᠨ ᠤ ᠳᠠᠷᠠᠭ᠎ᠠ᠂ ᠴᠠᠭ ᠲᠤᠬᠠᠶ ᠳᠤᠨᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ  ᠰᠢᠭᠦᠬᠦ ᠪᠠᠨ ᠰᠡᠷᠭᠦᠭᠡᠬᠦ ᠬᠡᠷᠡᠭᠲᠡᠶ᠃      ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠵᠣᠭᠰᠣᠭᠠᠬᠤ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠬᠡᠷᠡᠭ ᠢ ᠰᠢᠭᠦᠨ ᠰᠢᠢᠳᠪᠦᠷᠢᠯᠡᠬᠦ ᠬᠡᠷᠡᠭᠲᠡᠶ᠂ ᠬᠤᠯᠪᠣᠭᠳᠠᠯ ᠪᠦᠬᠦᠢ ᠲᠤᠬᠠᠶ ᠶᠢᠨ ᠬᠥᠮᠦᠨ ᠳᠤ ᠮᠡᠳᠡᠭᠳᠡᠬᠦ ᠬᠡᠷᠡᠭᠲᠡᠶ᠃      ᠳᠥᠴᠢᠨ ᠬᠤᠶᠠᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠤᠭᠤᠴᠠᠭᠠᠨ ᠳᠤ ᠳᠣᠣᠷ᠎ᠠ ᠵᠢᠭᠰᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠳᠠᠭᠤᠰᠬᠠᠬᠤ ᠬᠡᠷᠡᠭᠲᠡᠶ᠄      ︵ᠨᠢᠭᠡ︶ ᠭᠤᠶᠤᠴᠢᠯᠠᠭᠴᠢ ᠨᠢ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠭᠤᠶᠤᠴᠢᠯᠠᠯ ᠢ ᠪᠠᠨ ᠪᠤᠴᠠᠭᠠᠵᠤ ᠠᠪᠬᠤ ᠪᠠᠷ ᠱᠠᠭᠠᠷᠳᠠᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠠᠴᠠ ᠪᠤᠴᠠᠭᠠᠬᠤ ᠶᠢ ᠨᠢ ᠵᠥᠪᠰᠢᠶᠡᠷᠡᠬᠦ︔      ︵ᠬᠤᠶᠠᠷ︶ ᠭᠤᠶᠤᠴᠢᠯᠠᠭᠴᠢ ᠪᠠᠶᠢᠬᠰᠡᠨ ᠬᠥᠮᠦᠨ ᠨᠢ ᠦᠬᠦᠭᠰᠡᠨ᠂ ᠣᠶᠢᠷ᠎ᠠ ᠲᠥᠷᠥᠯ ᠰᠠᠳᠤᠨ ᠦᠭᠡᠢ ᠪᠤᠶᠤ ᠲᠡᠭᠦᠨ ᠤ ᠤᠢᠢᠷ᠎ᠠ ᠲᠦᠷᠦᠯ ᠰᠠᠳᠤᠨ ᠨᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠡᠷᠬᠡ ᠶᠢ ᠲᠠᠶᠠᠬᠳᠠᠬᠰᠡᠨ︔      ︵ᠭᠤᠷᠪᠠ︶ ᠭᠤᠶᠤᠴᠢᠯᠠᠭᠴᠢ ᠨᠢ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠳᠠᠭᠤᠰᠤᠭᠰᠠᠨ ᠪᠠᠶᠢᠵᠦ᠂ ᠲᠡᠭᠦᠨ ᠤ ᠡᠷᠬᠡ ᠡᠭᠦᠷᠭᠡ ᠶᠢ ᠳᠠᠭᠠᠭᠠᠨ ᠠᠪᠤᠭᠴᠢ ᠨᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠡᠷᠬᠡ ᠢ ᠲᠠᠶᠠᠬᠳᠠᠬᠰᠡᠨ︔      ︵ᠳᠥᠷᠪᠡ︶ ᠭᠤᠶᠤᠴᠢᠯᠠᠭᠴᠢ ᠪᠠ ᠭᠤᠶᠤᠴᠢᠯᠠᠭᠳᠠᠭᠴᠢ ᠲᠤᠰ ᠲᠥᠷᠢᠮ ᠤᠨ ᠳᠥᠴᠢᠳᠦᠭᠡᠷ ᠵᠣᠷᠪᠣᠰ ᠤᠨ ᠲᠣᠭᠲᠠᠭᠠᠯ ᠶᠣᠰᠣᠭᠠᠷ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠠᠴᠠ ᠬᠤᠭᠤᠷᠣᠨᠳᠣ ᠪᠠᠨ ᠡᠶᠡᠳᠡᠭᠦᠯᠭᠡ ᠲᠣᠬᠢᠷᠠᠯᠴᠠᠭᠰᠠᠨ ᠢ ᠵᠥᠪᠰᠢᠶᠡᠷᠡᠬᠦ︔      ︵ᠲᠠᠪᠤ︶ ᠭᠤᠶᠤᠴᠢᠯᠠᠭᠴᠢ ᠨᠢ ᠵᠠᠰᠠᠭ ᠵᠠᠬᠢᠷᠭᠠᠨ ᠢᠶᠠᠷ ᠲᠦᠷ ᠬᠤᠷᠢᠬᠤ ᠪᠤᠶᠤ ᠪᠡᠶ᠎ᠡ ᠶᠢᠨ ᠡᠷᠬᠡ ᠴᠢᠯᠥᠭᠡ ᠶᠢ ᠬᠢᠵᠠᠭᠠᠷᠯᠠᠬᠤ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠶᠢ ᠵᠥᠪᠰᠢᠶᠡᠷᠡᠬᠦ ᠦᠭᠡᠢ ᠪᠣᠯ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠭᠤᠶᠤᠴᠢᠯᠠᠯ ᠭᠠᠷᠭᠠᠬᠰᠡᠨ ᠤ ᠳᠠᠷᠠᠭ᠎ᠠ᠂ ᠭᠤᠶᠤᠴᠢᠯᠠᠭᠴᠢ ᠶᠢᠨ ᠠᠳᠠᠯᠢ ᠨᠢᠭᠡᠨ ᠠᠵᠢᠯᠯᠠᠭ᠎ᠠ ᠨᠢ ᠬᠠᠤᠯᠢ ᠠᠴᠠ ᠵᠦᠷᠢᠴᠡᠵᠦ ᠶᠠᠯ᠎ᠠ ᠬᠢᠭᠰᠡᠨ ᠢᠶᠠᠷ ᠰᠡᠵᠢᠭᠯᠡᠭᠳᠡᠵᠦ᠂ ᠲᠤᠰ ᠵᠠᠰᠠᠭ ᠵᠠᠬᠢᠷᠭᠠᠨ ᠢᠶᠠᠷ ᠲᠦᠷ ᠬᠤᠷᠢᠬᠤ ᠪᠤᠶᠤ ᠪᠡᠶ᠎ᠡ ᠶᠢᠨ ᠡᠷᠬᠡ ᠴᠢᠯᠥᠭᠡ ᠶᠢ ᠬᠢᠵᠠᠭᠠᠷᠯᠠᠬᠤ ᠵᠠᠰᠠᠭ ᠵᠠᠬᠢᠷᠭᠠᠨ ᠤ ᠠᠯᠪᠠᠳᠠᠯᠭ᠎ᠠ ᠶᠢᠨ ᠠᠷᠭ᠎ᠠ ᠬᠡᠮᠵᠢᠶ᠎ᠡ ᠨᠢ ᠡᠷᠡᠭᠦᠦ ᠶᠢᠨ ᠬᠡᠷᠡᠭ ᠢᠶᠠᠷ ᠲᠦᠷ ᠬᠤᠷᠢᠭᠳᠠᠬᠤ ᠪᠣᠯᠵᠦ ᠬᠤᠪᠢᠷᠠᠬᠰᠡᠨ ᠪᠠᠶᠢᠳᠠᠯ᠃      ᠲᠤᠰ ᠲᠥᠷᠢᠮ ᠤᠨ ᠳᠥᠴᠢᠨ ᠨᠢᠭᠡᠳᠦᠭᠡᠷ ᠵᠣᠷᠪᠣᠰ ᠤᠨ ᠨᠢᠭᠡᠳᠦᠭᠡᠷ ᠪᠠᠳᠠᠭ ᠤᠨ ︵ᠨᠢᠭᠡ︶ ᠳ᠋ᠦᠭᠡᠷ ᠵᠦᠢᠯ᠂ ︵ᠬᠤᠶᠠᠷ︶ ᠳ᠋ᠤᠭᠠᠷ ᠵᠦᠢᠯ᠂ ︵ᠭᠤᠷᠪᠠ︶ ᠳ᠋ᠤᠭᠠᠷ  ᠵᠦᠢᠯ ᠤᠨ ᠲᠣᠭᠲᠠᠭᠠᠯ ᠢ ᠦᠨᠳᠦᠰᠦᠯᠡᠵᠦ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠵᠣᠬᠰᠣᠭᠠᠬᠤ᠂ ᠪᠦᠬᠦᠯᠢ 60 ᠡᠳᠦᠷ ᠤᠨ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ ᠵᠣᠭᠰᠣᠭᠠᠭᠰᠠᠨ ᠤᠴᠢᠷ ᠰᠢᠯᠲᠠᠭᠠᠨ ᠢ ᠨᠢ ᠮᠥᠨ ᠠᠷᠢᠯᠭᠠᠵᠤ ᠳᠡᠶᠢᠯᠦᠭᠡᠳᠦᠶ ᠪᠠᠶᠢᠪᠠᠯ ᠵᠠᠰᠠᠭ ᠵᠠᠬᠢᠷᠭᠠᠨ ᠤ ᠳᠠᠬᠢᠨ ᠵᠥᠪᠯᠡᠬᠦ ᠶᠢ  ᠳᠠᠭᠤᠰᠬᠠᠬᠤ ᠬᠡᠷᠡᠭᠲᠡᠶ᠃      ᠳᠥᠴᠢᠨ ᠭᠤᠷᠪᠠᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠣᠯᠢ ᠶᠢᠨ ᠬᠤᠷᠢᠨ ᠨᠠᠢᠮᠠᠳᠤᠭᠠᠷ ᠵᠣᠷᠪᠣᠰ ᠤᠨ ᠨᠢᠭᠡᠳᠦᠭᠡᠷ ᠪᠠᠳᠠᠭ ᠤᠨ ︵ᠨᠢᠭᠡ︶ ᠳ᠋ᠦᠭᠡᠷ ᠵᠦᠢᠯ ᠤᠨ ᠲᠣᠭᠲᠠᠭᠠᠯ ᠶᠣᠰᠣᠭᠠᠷ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠶᠢᠨ ᠨᠤᠲᠠᠯᠠᠭᠰᠠᠨ ᠪᠣᠳᠠᠲᠤ ᠶᠠᠪᠤᠳᠠᠯ ᠨᠢ ᠲᠣᠳᠣᠷᠬᠠᠶ᠂ ᠭᠡᠷᠡᠴᠢ ᠪᠠᠷᠢᠮᠲᠠ ᠦᠨᠡᠨ᠂ ᠬᠡᠷᠡᠭᠯᠡᠭᠰᠡᠨ ᠦᠨᠳᠦᠰᠦ ᠪᠠᠷᠢᠮᠲᠠ ᠨᠢ ᠵᠥᠪ᠂ ᠠᠯᠬᠤᠮ ᠳᠠᠷᠠᠭ᠎ᠠ ᠨᠢ ᠬᠠᠤᠯᠢ ᠳᠤ ᠨᠡᠶᠢᠴᠡᠬᠦ᠂ ᠠᠭᠤᠯᠭ᠎ᠠ ᠨᠢ ᠵᠦᠢ ᠵᠣᠬᠢᠰᠲᠠᠶ ᠪᠠᠶᠢᠪᠠᠯ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠶᠢᠭᠤᠯᠭ᠎ᠠ ᠪᠠᠷᠢᠮᠲᠠᠯᠠᠬᠤ ᠶᠣᠰᠣᠲᠠᠢ᠃      ᠳᠥᠴᠢᠨ ᠳᠥᠷᠪᠡᠳᠦᠭᠡᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠣᠯᠢ ᠶᠢᠨ ᠬᠤᠷᠢᠨ ᠨᠠᠢᠮᠠᠳᠤᠭᠠᠷ ᠵᠣᠷᠪᠣᠰ ᠤᠨ ᠨᠢᠭᠡᠳᠦᠭᠡᠷ ᠪᠠᠳᠠᠭ ᠤᠨ ︵ᠬᠤᠶᠠᠷ︶ ᠳ᠋ᠤᠭᠠᠷ ᠵᠦᠢᠯ ᠤᠨ ᠲᠣᠭᠲᠠᠭᠠᠯ ᠶᠣᠰᠣᠭᠠᠷ ᠭᠤᠶᠤᠴᠢᠯᠠᠭᠳᠠᠭᠴᠢ  ᠨᠢ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠦᠭᠡᠢ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ ᠲᠡᠭᠦᠨ ᠢ ᠲᠣᠭᠲᠠᠭᠰᠠᠨ ᠬᠤᠭᠤᠴᠠᠭᠠᠨ ᠤ ᠳᠣᠲᠣᠷ᠎ᠠ ᠬᠠᠤᠯᠢ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠦᠯᠬᠦ ᠬᠡᠷᠡᠭᠲᠡᠢ᠃      ᠳᠥᠴᠢᠨ ᠲᠠᠪᠤᠳᠤᠭᠠᠷ ᠵᠣᠷᠪᠣᠰ᠂ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠣᠯᠢ ᠶᠢᠨ ᠬᠤᠷᠢᠨ  ᠨᠠᠢᠮᠠᠳᠤᠭᠠᠷ ᠵᠣᠷᠪᠣᠰ ᠤᠨ ᠨᠢᠭᠡᠳᠦᠭᠡᠷ ᠪᠠᠳᠠᠭ ᠤᠨ ︵ᠭᠤᠷᠪᠠ︶ ᠳ᠋ᠤᠭᠠᠷ ᠵᠦᠢᠯ ᠲᠤ ᠲᠣᠭᠲᠠᠭᠠᠭᠰᠠᠨ ᠪᠠᠶᠢᠳᠠᠯ ᠤᠳ ᠤᠨ ᠨᠢᠭᠡ ᠨᠢ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠶᠢᠭᠤᠯᠭ᠎ᠠ ᠠᠴᠠ ᠲᠤᠰ ᠪᠣᠳᠠᠲᠠᠶ ᠵᠠᠰᠠᠭ ᠵᠠᠬᠢᠷᠭᠠᠨ ᠤ ᠠᠵᠢᠯᠯᠠᠭ᠎ᠠ ᠶᠢ ᠬᠦᠴᠦᠨ ᠦᠭᠡᠢ ᠪᠣᠯᠭᠠᠬᠤ᠂ ᠬᠤᠪᠢᠷᠠᠭᠤᠯᠬᠤ ᠪᠤᠶᠤ ᠳᠤᠰ ᠪᠣᠳᠠᠲᠠᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠨᠢ ᠬᠠᠤᠯᠢ ᠠᠴᠠ ᠵᠥᠷᠢᠴᠡᠭᠰᠡᠨ ᠢ ᠨᠣᠳᠠᠯᠠᠬᠤ︔ ᠲᠣᠰ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠶᠢ ᠬᠦᠴᠦᠨ ᠥᠬᠡᠶ ᠪᠣᠯᠭᠠᠬᠤ ᠪᠤᠶᠤ ᠲᠣᠰ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠶᠢᠨ ᠬᠠᠣᠯᠢ ᠠᠴᠠ ᠵᠥᠷᠢᠴᠡᠭᠰᠡᠨ ᠢ ᠨᠤᠲᠠᠯᠠᠬᠤ ᠪᠠᠷ ᠲᠣᠭᠲᠠᠭᠠᠭᠰᠠᠨ ᠪᠠᠶᠢᠪᠠᠯ᠂ ᠭᠤᠶᠤᠴᠢᠯᠠᠭᠳᠠᠭᠴᠢ ᠶᠢ ᠵᠣᠬᠢᠬᠤ ᠴᠠᠭ ᠬᠤᠭᠤᠴᠠᠭ᠎ᠠ ᠶᠢᠨ ᠳᠣᠲᠣᠷ᠎ᠠ ᠳᠠᠭᠢᠵᠤ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠬᠢᠯᠭᠡᠬᠦ ᠪᠠᠷ ᠵᠠᠷᠯᠢᠭᠳᠠᠵᠤ ᠪᠣᠯᠤᠨ᠎ᠠ᠃      ᠳᠥᠴᠢᠨ ᠵᠢᠷᠭᠤᠳᠤᠭᠠᠷ ᠵᠣᠷᠪᠣᠰ᠂ ᠭᠤᠶᠤᠴᠢᠯᠠᠭᠳᠠᠭᠴᠢ ᠠᠴᠠ ᠵᠠᠰᠠᠭ ᠵᠠᠬᠢᠷᠭᠠᠨ ᠤ ᠳᠠᠬᠢᠨ ᠵᠦᠪᠯᠡᠬᠦ ᠬᠠᠤᠯᠢ ᠶᠢᠨ ᠬᠤᠷᠢᠨ ᠭᠤᠷᠪᠠᠳᠤᠭᠠᠷ ᠵᠣᠷᠪᠣᠰ ᠤᠨ ᠲᠣᠭᠲᠠᠭᠠᠯ ᠢ ᠵᠥᠷᠢᠴᠡᠨ ᠪᠢᠴᠢᠭ ᠢᠶᠠᠷ ᠬᠠᠷᠢᠭᠤᠯᠲᠠ᠂ ᠲᠤᠬᠠᠶ ᠶᠢᠨ ᠦᠶ᠎ᠡ ᠳᠤ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠶᠢᠨ ᠭᠡᠷᠡᠴᠢ ᠪᠠᠷᠢᠮᠲᠠ᠂ ᠦᠨᠳᠦᠰᠦ ᠪᠠᠷᠢᠮᠲᠠ ᠪᠠ ᠪᠤᠰᠤᠳ ᠬᠤᠯᠪᠣᠭᠳᠠᠯ ᠪᠥᠬᠦᠶ ᠮᠠᠲ᠋ᠧᠷᠢᠶᠠᠯ ᠢ ᠳᠣᠰᠢᠶᠠᠬᠰᠡᠨ ᠦᠭᠡᠢ ᠪᠠᠶᠢᠪᠠᠯ᠂ ᠲᠤᠰ ᠪᠣᠳᠠᠲᠠᠶ ᠵᠠᠰᠠᠭ ᠵᠠᠬᠢᠷᠭᠠᠨ ᠤ ᠠᠵᠢᠯᠯᠠᠭ᠎ᠠ ᠶᠢ ᠭᠡᠷᠡᠴᠢ ᠪᠠᠷᠢᠮᠲᠠ ᠦᠭᠡᠢ᠂ ᠦᠨᠳᠦᠰᠦᠯᠡᠯ ᠦᠭᠡᠢ ᠭᠡᠵᠦ ᠦᠵᠡᠵᠦ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠶᠢᠭᠤᠯᠭ᠎ᠠ ᠲᠤᠰ ᠪᠣᠳᠠᠲᠠᠶ ᠵᠠᠰᠠᠭ ᠵᠠᠬᠢᠷᠭᠠᠨ ᠤ ᠠᠵᠢᠯᠯᠠᠭ᠎ᠠ ᠶᠢ ᠬᠦᠴᠦᠨ ᠦᠭᠡᠢ ᠪᠣᠯᠭᠠᠬᠤ ᠬᠡᠷᠡᠭᠲᠡᠢ᠃     ᠳᠥᠴᠢᠨ ᠳᠣᠯᠣᠳᠤᠭᠠᠷ ᠵᠣᠷᠪᠣᠰ᠂ ᠪᠣᠳᠠᠲᠠᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠳᠤ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠵᠤ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠬᠤᠪᠢᠷᠠᠭᠤᠯᠬᠤ ᠰᠢᠢᠳᠪᠦᠷᠢ ᠭᠠᠷᠭᠠᠵᠤ ᠪᠣᠯᠤᠨ᠎ᠠ᠄      ︵ᠨᠢᠭᠡ︶ ᠪᠣᠳᠠᠲᠤ ᠶᠠᠪᠤᠳᠠᠯ ᠢ ᠮᠠᠭᠠᠳᠯᠠᠭᠰᠠᠨ ᠨᠢ ᠲᠣᠳᠣᠷᠬᠠᠶ᠂ ᠭᠡᠷᠡᠴᠢ ᠪᠠᠷᠢᠮᠲᠠ ᠦᠨᠡᠨ᠂ ᠵᠢᠷᠤᠮ ᠨᠢ ᠬᠠᠤᠯᠢ ᠳᠤ ᠨᠡᠶᠢᠴᠡᠬᠦ᠂ ᠭᠡᠪᠡᠴᠦ ᠢᠯᠡᠷᠬᠡᠶ ᠵᠤᠬᠢᠰ ᠥᠭᠡᠢ ᠪᠤᠶᠤ ᠬᠡᠷᠡᠭᠯᠡᠭᠰᠡᠨ ᠦᠨᠳᠦᠰᠦ ᠪᠠᠷᠢᠮᠲᠠ ᠨᠢ ᠪᠤᠷᠤᠭᠤ︔     ︵ᠬᠤᠶᠠᠷ︶ ᠪᠣᠳᠠᠲᠤ ᠶᠠᠪᠤᠳᠠᠯ ᠢ ᠮᠠᠭᠠᠳᠯᠠᠭᠰᠠᠨ ᠨᠢ ᠲᠣᠳᠣᠷᠬᠠᠶ ᠦᠭᠡᠢ᠂ ᠭᠡᠷᠡᠴᠢ ᠪᠠᠷᠢᠮᠲᠠ ᠨᠢ ᠪᠦᠷᠢᠨ ᠪᠤᠰᠤ᠂ ᠭᠡᠪᠡᠴᠦ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠶᠢᠭᠤᠯᠭ᠎ᠠ ᠶᠢᠨ ᠰᠢᠭᠦᠬᠦ ᠪᠠᠷ ᠳᠡᠮᠵᠢᠨ ᠪᠠᠶᠢᠴᠠᠭᠠᠨ ᠳᠣᠲᠣᠯᠠᠭᠰᠠᠨ ᠪᠣᠳᠠᠲᠤ ᠶᠠᠪᠤᠳᠠᠯ ᠨᠢ ᠲᠣᠳᠣᠷᠬᠠᠶ᠂ ᠭᠡᠷᠡᠴᠢ ᠪᠠᠷᠢᠮᠲᠠ ᠨᠢ ᠪᠠᠲᠤ ᠨᠤᠲᠠᠲᠠᠶ ᠪᠠᠶᠢᠳᠠᠯ᠃      ᠳᠥᠴᠢᠨ ᠨᠠᠢᠮᠠᠳᠤᠭᠠᠷ ᠵᠣᠷᠪᠣᠰ᠂ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠭᠤᠶᠤᠴᠢᠯᠠᠯ ᠢ ᠨᠢᠴᠤᠭᠠᠬᠤ ᠪᠠᠷ ᠲᠣᠭᠲᠠᠪᠠ᠄      ︵ᠨᠢᠭᠡ︶ ᠭᠤᠶᠤᠴᠢᠯᠠᠭᠴᠢ ᠨᠢ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠬᠦ ᠦᠭᠡᠢ ᠭᠡᠵᠦ ᠦᠵᠡᠵᠦ ᠵᠠᠰᠠᠭ ᠵᠠᠬᠢᠷᠭᠠᠨ ᠢᠶᠠᠷ ᠲᠠᠬᠢᠨ ᠵᠥᠪᠯᠡᠭᠦᠯᠬᠦ ᠪᠠᠷ ᠭᠤᠶᠤᠴᠢᠯᠠᠬᠤ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠶᠢᠭᠤᠯᠭ᠎ᠠ ᠬᠦᠯᠢᠶᠡᠨ ᠠᠪᠣᠬᠰᠡᠨ ᠤ ᠳᠠᠷᠠᠭ᠎ᠠ ᠲᠤᠰ ᠵᠠᠰᠠᠭ ᠵᠠᠬᠢᠷᠭᠠᠨ ᠤ ᠪᠠᠶᠢᠭᠤᠯᠭ᠎ᠠ ᠨᠢ ᠬᠠᠷᠠᠭᠠᠯᠵᠠᠭᠰᠠᠨ ᠬᠠᠤᠯᠢ ᠳᠤ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠶᠢᠬᠤ ᠦᠭᠡᠢ ᠪᠤᠶᠤ ᠬᠦᠯᠢᠶᠡᠨ ᠠᠪᠬᠤ ᠠᠴᠠ ᠪᠠᠨ ᠡᠮᠦᠨ᠎ᠡ ᠨᠢᠭᠡᠨᠲᠡ ᠬᠠᠤᠯᠢ ᠪᠠᠷ ᠲᠣᠭᠲᠠᠭᠠᠭᠰᠠᠨ ᠲᠤᠰᠢᠶᠠᠯ ᠬᠠᠷᠢᠭᠤᠴᠠᠯᠭ᠎ᠠ ᠪᠠᠨ ᠭᠦᠢᠴᠡᠳᠬᠡᠭᠰᠡᠨ ᠪᠠᠶᠢᠬᠤ ᠶᠢ ᠣᠯᠵᠤ ᠮᠡᠳᠡᠬᠦ︔      ︵ᠬᠤᠶᠠᠷ︶ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠭᠤᠶᠤᠴᠢᠯᠠᠯ ᠢ ᠬᠦᠯᠢᠶᠡᠨ ᠠᠪᠣᠬᠰᠡᠨ ᠤ ᠳᠠᠷᠠᠭ᠎ᠠ᠂ ᠲᠤᠰ ᠵᠠᠰᠠᠭ ᠵᠠᠬᠢᠷᠭᠠᠨ ᠢᠶᠠᠷ ᠳᠠᠬᠢᠨ ᠵᠦᠪᠯᠡᠭᠦᠯᠬᠦ ᠭᠤᠶᠤᠴᠢᠯᠠᠯ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠣᠯᠢ ᠳᠤ ᠨᠡᠶᠢᠴᠡᠬᠦ ᠦᠭᠡᠢ ᠪᠠ ᠲᠣᠰ ᠲᠥᠷᠢᠮ ᠳᠤ ᠲᠣᠭᠲᠠᠭᠠᠭᠰᠠᠨ ᠬᠦᠯᠢᠶᠡᠨ ᠠᠪᠬᠤ ᠳᠣᠬᠳᠠᠭᠠᠯ ᠲᠤ ᠨᠡᠶᠢᠴᠡᠬᠦ ᠦᠭᠡᠢ ᠶᠢ ᠣᠯᠵᠦ ᠮᠡᠳᠡᠬᠦ᠃ ᠳᠡᠭᠡᠳᠦ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠢ ᠨᠢᠴᠤᠭᠠᠬᠤ ᠰᠢᠯᠲᠠᠭᠠᠨ ᠨᠢ ᠲᠣᠭᠲᠠᠵᠤ ᠴᠢᠳᠠᠬᠤ ᠦᠭᠡᠢ ᠭᠡᠵᠦ ᠦᠵᠡᠪᠡᠯ᠂ ᠲᠡᠭᠦᠨ ᠢ ᠵᠠᠷᠯᠢᠭᠳᠠᠵᠤ ᠪᠠᠶᠢᠭᠠᠳ ᠰᠢᠭᠦᠯᠲᠡ ᠶᠢ ᠰᠡᠷᠭᠦᠭᠡᠨ᠎ᠡ᠃      ᠳᠥᠴᠢ ᠶᠢᠰᠦᠳᠦᠭᠡᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠣᠯᠢ ᠶᠢᠨ ᠬᠤᠷᠢᠨ  ᠨᠠᠢᠮᠠᠳᠤᠭᠠᠷ ᠵᠣᠷᠪᠣᠰ ᠤᠨ ᠲᠣᠭᠲᠠᠭᠠᠯ ᠶᠣᠰᠣᠭᠠᠷ ᠭᠤᠶᠤᠴᠢᠯᠠᠭᠳᠠᠭᠴᠢ ᠶᠢ ᠵᠠᠷᠯᠢᠭᠳᠠᠵᠤ ᠪᠠᠶᠢᠭᠠᠳ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠶᠢ ᠰᠢᠨ᠎ᠡ ᠪᠠᠷ ᠬᠢᠯᠭᠡᠪᠡᠯ᠂ ᠭᠤᠶᠤᠴᠢᠯᠠᠭᠳᠠᠭᠴᠢ ᠨᠢ ᠬᠠᠣᠯᠢ ᠴᠠᠭᠠᠵᠠ᠂ ᠬᠠᠣᠯᠢ ᠴᠠᠭᠠᠵᠠ᠂ ᠲᠦᠷᠢᠮ ᠲᠣᠭᠲᠠᠭᠠᠯ ᠳᠤ ᠲᠣᠭᠲᠠᠭᠠᠭᠰᠠᠨ ᠴᠠᠭ ᠬᠤᠭᠤᠴᠠᠭ᠎ᠠ ᠶᠢᠨ ᠳᠣᠲᠣᠷ᠎ᠠ ᠳᠠᠭᠢᠵᠤ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠶᠢ ᠬᠢᠬᠦ ᠬᠡᠷᠡᠭᠲᠡᠢ︔ ᠬᠠᠣᠯᠢ ᠴᠠᠭᠠᠵᠠ᠂ ᠬᠠᠣᠯᠢ ᠲᠣᠭᠲᠠᠭᠠᠯ᠂ ᠲᠦᠷᠢᠮ ᠲᠣᠭᠲᠠᠭᠠᠯ ᠳᠤ ᠴᠠᠭ ᠬᠤᠭᠤᠴᠠᠭ᠎ᠠ ᠲᠣᠭᠲᠠᠭᠠᠭᠰᠠᠨ ᠥᠬᠡᠶ ᠪᠠᠶᠢᠪᠠᠯ᠂ ᠳᠠᠭᠢᠵᠤ ᠵᠠᠰᠠᠭ ᠵᠠᠬᠢᠷᠭᠠᠨ ᠤ ᠪᠣᠳᠠᠲᠠᠶ ᠦᠢᠯᠡ ᠠᠵᠢᠯᠯᠠᠭ᠎ᠠ ᠬᠢᠯᠭᠡᠬᠦ ᠴᠠᠭ ᠬᠤᠭᠤᠴᠠᠭ᠎ᠠ ᠨᠢ 60 ᠡᠳᠦᠷ ᠪᠣᠯᠤᠨ᠎ᠠ᠃      ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠭᠤᠶᠤᠴᠢᠯᠠᠭᠳᠠᠭᠴᠢ ᠶᠢᠨ ᠳᠠᠭᠢᠵᠤ ᠵᠠᠰᠠᠭ ᠵᠠᠬᠢᠷᠭᠠᠨ ᠤ ᠪᠣᠳᠠᠲᠠᠶ ᠤᠢᠢᠯᠠ ᠠᠵᠢᠯᠯᠠᠭ᠎ᠠ ᠬᠢᠬᠦ ᠶᠢ ᠵᠥᠪᠰᠢᠶᠡᠷᠡᠬᠦ ᠤᠢᠭᠡᠢ ᠪᠠᠶᠢᠪᠠᠯ᠂ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ᠃      ᠲᠠᠪᠢᠳᠤᠭᠠᠷ ᠵᠣᠷᠪᠣᠰ᠂ ᠳᠣᠣᠷ᠎ᠠ ᠵᠢᠭᠰᠠᠭᠠᠭᠰᠠᠨ ᠪᠠᠶᠢᠳᠠᠯ ᠤᠨ ᠨᠢᠭᠡ ᠨᠢ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ ᠰᠠᠶᠢᠨ ᠳᠤᠷ᠎ᠠ ᠶᠢᠨ᠂ ᠬᠠᠤᠯᠢ ᠶᠣᠰᠣᠨ ᠤ ᠪᠠᠶᠢᠬᠤ ᠵᠠᠷᠴᠢᠮ ᠤᠨ ᠳᠣᠣᠷ᠎ᠠ ᠡᠶᠡᠳᠡᠭᠦᠯᠬᠦ ᠬᠡᠷᠡᠭᠲᠡᠶ᠄      ︵ᠨᠢᠭᠡ︶ ᠠᠷᠠᠳ ᠢᠷᠭᠡᠳ᠂ ᠬᠠᠣᠯᠢ ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠨᠢ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠣᠯᠢ ᠴᠠᠭᠠᠵᠠ᠂ ᠬᠠᠣᠯᠢ ᠲᠣᠭᠲᠠᠭᠠᠯ ᠳᠤ ᠲᠣᠭᠲᠠᠭᠠᠭᠰᠠᠨ ᠴᠢᠯᠥᠭᠡᠲᠦ ᠲᠠᠰᠤᠯᠤᠯᠲᠠ ᠶᠢᠨ ᠡᠷᠬᠡ ᠪᠠᠨ ᠬᠡᠷᠡᠭᠵᠢᠭᠦᠯᠵᠦ ᠪᠠᠶᠢᠭᠠᠳ ᠭᠠᠷᠭᠠᠭᠰᠠᠨ ᠵᠠᠰᠠᠭ ᠵᠠᠬᠢᠷᠭᠠᠨ ᠤ ᠪᠣᠳᠠᠲᠠᠶ ᠠᠵᠢᠯᠯᠠᠭ᠎ᠠ ᠶᠢ ᠵᠥᠪᠰᠢᠶᠡᠷᠡᠬᠦ ᠥᠬᠡᠶ ᠪᠠᠶᠢᠵᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠭᠰᠠᠨ ᠪᠠᠶᠢᠳᠠᠯ︔      ︵ᠬᠤᠶᠠᠷ︶ ᠳᠣᠬᠠᠢ ᠶᠢᠨ ᠬᠥᠮᠦᠨ ᠤ ᠬᠤᠭᠤᠷᠣᠨᠳᠣᠬᠢ ᠵᠠᠰᠠᠭ ᠵᠠᠬᠢᠷᠭᠠᠨ ᠤ ᠲᠥᠯᠥᠪᠦᠷᠢ ᠪᠤᠶᠤ ᠵᠠᠰᠠᠭ ᠵᠠᠬᠢᠷᠭᠠᠨ ᠤ ᠨᠦᠬᠦᠪᠦᠷᠢ ᠶᠢᠨ ᠵᠢᠭᠤᠷᠠᠯᠳᠤᠭᠠᠨ᠃      ᠲᠤᠬᠠᠶ ᠶᠢᠨ ᠬᠥᠮᠦᠨ ᠨᠢ ᠡᠶᠡᠳᠡᠭᠦᠯᠭᠡ ᠪᠠᠷ ᠲᠠᠮᠵᠢᠨ ᠬᠡᠯᠡᠯᠴᠡᠭᠡᠷ ᠳᠣᠭᠢᠷᠬᠠᠰᠠᠨ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠡᠶᠡᠳᠡᠭᠦᠯᠭᠡ ᠶᠢᠨ ᠪᠢᠴᠢᠭ ᠢ ᠵᠣᠬᠢᠶᠠᠬᠤ ᠬᠡᠷᠡᠭᠲᠡᠶ᠃ ᠡᠶᠡᠳᠡᠭᠦᠯᠭᠡ ᠶᠢᠨ ᠪᠢᠴᠢᠭ ᠲᠤ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ᠂ ᠪᠣᠳᠠᠲᠤ ᠤᠴᠢᠷ᠂ ᠰᠢᠯᠲᠠᠭᠠᠨ ᠪᠣᠯᠤᠨ ᠡᠶᠡᠳᠡᠭᠦᠯᠭᠡ ᠶᠢᠨ ᠦᠷ᠎ᠡ ᠳ᠋ᠦᠩ ᠢ ᠲᠣᠳᠣᠷᠬᠠᠶ ᠪᠢᠴᠢᠬᠦ ᠪᠥᠭᠡᠳ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠶᠢᠨ ᠲᠠᠮᠠᠭ᠎ᠠ ᠶᠢ ᠳᠠᠷᠤᠬᠤ ᠬᠡᠷᠡᠭᠲᠡᠶ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠡᠶᠡᠳᠡᠭᠦᠯᠭᠡ ᠶᠢᠨ ᠪᠢᠴᠢᠭ ᠢ ᠬᠤᠶᠠᠷ ᠡᠲᠡᠭᠡᠳ ᠤᠨ ᠲᠤᠬᠠᠶ ᠶᠢᠨ ᠬᠥᠮᠦᠨ ᠭᠠᠷ ᠤᠨ ᠦᠰᠦᠭ ᠵᠢᠷᠣᠬᠰᠡᠨ ᠤ ᠳᠠᠷᠠᠭ᠎ᠠ ᠬᠠᠤᠯᠢ ᠴᠠᠭᠠᠵᠠ ᠶᠢᠨ ᠬᠦᠴᠦᠨ ᠲᠠᠢ ᠪᠣᠯᠤᠨ᠎ᠠ᠃      ᠡᠶᠡᠳᠡᠭᠦᠯᠦᠭᠡᠳ ᠬᠡᠯᠡᠯᠴᠡᠭᠡᠷ ᠲᠣᠭᠲᠠᠵᠤ ᠴᠢᠳᠠᠭᠰᠠᠨ ᠤᠢᠭᠡᠢ ᠪᠤᠶᠤ ᠡᠶᠡᠳᠡᠭᠦᠯᠭᠡ ᠶᠢᠨ ᠪᠢᠴᠢᠭ ᠨᠢ ᠬᠦᠴᠦᠨ ᠲᠠᠢ ᠪᠣᠯᠬᠤ ᠠᠴᠠ ᠡᠮᠦᠨ᠎ᠡ ᠨᠢᠭᠡ ᠡᠲᠡᠭᠡᠳ ᠨᠢ ᠪᠤᠴᠠᠭᠰᠠᠨ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠠᠴᠠ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠴᠠᠭ ᠲᠤᠬᠠᠶ ᠳᠤᠨᠢ ᠭᠠᠷᠭᠠᠬᠤ ᠬᠡᠷᠡᠭᠲᠡᠶ᠃      ᠲᠠᠪᠢᠨ ᠨᠢᠭᠡᠳᠦᠭᠡᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ ᠭᠤᠶᠤᠴᠢᠯᠠᠭᠴᠢ ᠶᠢᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠭᠤᠶᠤᠴᠢᠯᠠᠯ ᠤᠨ ᠬᠡᠪᠴᠢᠶᠡᠨ ᠳᠣᠲᠣᠷ᠎ᠠ ᠭᠤᠶᠤᠴᠢᠯᠠᠭᠴᠢ ᠳᠤ ᠨᠡᠩ ᠠᠰᠢᠭ ᠦᠭᠡᠢ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠭᠠᠷᠭᠠᠵᠤ ᠪᠣᠯᠬᠤ ᠦᠭᠡᠶ᠃      ᠲᠠᠪᠢᠨ ᠬᠤᠶᠠᠳᠤᠭᠠᠷ ᠵᠣᠷᠪᠣᠰ᠂ ᠭᠤᠷᠪᠠᠳᠠᠬᠢ ᠬᠥᠮᠦᠨ ᠬᠤᠭᠤᠴᠠᠭ᠎ᠠ ᠬᠡᠲᠦᠷᠡᠲᠡᠯ᠎ᠡ ᠵᠠᠭᠠᠯᠳᠤᠭᠰᠠᠨ ᠦᠭᠡᠢ ᠮᠥᠷᠲᠡᠭᠡᠨ ᠵᠠᠰᠠᠭ ᠵᠠᠬᠢᠷᠭᠠᠨ ᠤ ᠳᠠᠬᠢᠨ ᠵᠦᠪᠯᠡᠭᠰᠡᠨ ᠰᠢᠢᠳᠪᠦᠷᠢ ᠶᠢ ᠭᠦᠢᠴᠡᠳᠬᠡᠬᠦ ᠦᠭᠡᠢ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢᠨ ᠭᠤᠴᠢᠨ ᠭᠤᠷᠪᠠᠳᠤᠭᠠᠷ ᠵᠣᠷᠪᠣᠰ ᠤᠨ ᠲᠣᠭᠲᠠᠭᠠᠯ ᠶᠣᠰᠣᠭᠠᠷ ᠰᠢᠢᠳᠪᠦᠷᠢᠯᠡᠬᠦ ᠬᠡᠷᠡᠭᠲᠡᠶ᠃       ᠲᠠᠪᠤᠳᠤᠭᠠᠷ ᠪᠦᠯᠦᠭ  ᠵᠠᠰᠠᠭ  ᠵᠠᠬᠢᠷᠭᠠᠨ  ᠤ  ᠳᠠᠬᠢᠨ  ᠵᠦᠪᠯᠡᠬᠦ  ᠶᠢ  ᠵᠢᠯᠣᠭᠤᠳᠬᠤ  ᠪᠠ  ᠬᠢᠨᠠᠯᠲᠠ  ᠲᠠᠯᠪᠢᠬᠤ     ᠲᠠᠪᠢᠨ ᠭᠤᠷᠪᠠᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠲᠤᠬᠠᠶ ᠤᠳᠤᠷᠢᠳᠤᠯᠭ᠎ᠠ ᠪᠠᠨ ᠴᠢᠩᠭᠠᠳᠬᠠᠬᠤ ᠬᠡᠷᠡᠭᠲᠡᠶ᠃ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠲᠣᠰ ᠱᠠᠲᠤᠨ ᠤ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠶᠢᠭᠤᠯᠭ᠎ᠠ ᠶᠢᠨ ᠤᠳᠤᠷᠢᠳᠤᠯᠭ᠎ᠠ ᠳᠣᠣᠷ᠎ᠠ᠂ ᠲᠤᠰᠢᠶᠠᠯ ᠬᠠᠷᠢᠭᠤᠴᠠᠯᠭ᠎ᠠ ᠶᠢᠨ ᠡᠷᠬᠡ ᠶᠢᠨ ᠬᠢᠵᠠᠭᠠᠷ ᠶᠣᠰᠣᠭᠠᠷ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠠᠬᠢᠴᠠ ᠶᠢ ᠱᠠᠯᠠᠪᠳᠠᠭᠤᠯᠬᠤ ᠪᠠ ᠵᠢᠯᠤᠭᠤᠳᠤᠨ᠎ᠠ᠃      ᠲᠠᠪᠢᠨ ᠳᠥᠷᠪᠡᠳᠦᠭᠡᠷ ᠵᠣᠷᠪᠣᠰ᠂ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠠᠴᠠ ᠲᠡᠲᠡᠡ ᠤ ᠬᠠᠷᠢᠶᠠᠨ ᠳᠠᠬᠢ ᠠᠵᠢᠯ ᠤᠨ ᠰᠠᠯᠠᠭ᠎ᠠ ᠮᠥᠴᠢᠷ ᠤᠳ ᠪᠠ ᠲᠤᠤᠷᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠬᠦ ᠳᠤ ᠬᠢᠨᠠᠯᠲᠠ ᠳᠠᠯᠪᠢᠬᠤ ᠬᠡᠷᠡᠭᠲᠡᠢ᠃ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ ᠡᠷᠬᠡᠪᠰᠢ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠶᠢᠨ ᠵᠠᠰᠠᠭ ᠵᠠᠬᠢᠷᠭᠠᠨ ᠢᠶᠠᠷ ᠳᠠᠬᠢᠨ ᠵᠥᠪᠯᠡᠬᠦ ᠡᠭᠦᠷᠭᠡ ᠬᠠᠷᠢᠭᠤᠴᠠᠯᠭ᠎ᠠ ᠪᠠᠨ ᠬᠦᠢᠴᠡᠳᠭᠡᠬᠦ ᠳᠤ ᠬᠢᠨᠠᠯᠲᠠ ᠲᠠᠯᠪᠢᠬᠤ ᠪᠠᠨ ᠴᠢᠩᠭᠠᠳᠬᠠᠬᠤ ᠬᠡᠷᠡᠭᠲᠡᠢ᠃      ᠲᠡᠪᠢᠠ ᠲᠠᠪᠤᠳᠤᠭᠠᠷ ᠵᠣᠷᠪᠣᠰ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠤᠭᠤᠳ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠬᠠᠷᠢᠭᠤᠴᠠᠯᠭ᠎ᠠ ᠶᠢᠨ ᠳᠦᠷᠢᠮ ᠢ ᠪᠠᠶᠢᠭᠤᠯᠤᠨ ᠲᠡᠭᠦᠯᠳᠡᠷᠵᠢᠭᠦᠯᠵᠦ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠠᠵᠢᠯ ᠢ ᠲᠤᠰ ᠱᠠᠲᠤᠨ ᠤ ᠵᠠᠰᠠᠭ ᠤᠨ ᠣᠷᠳᠣᠨ ᠤ ᠬᠠᠷᠠᠯᠲᠠᠲᠤ ᠬᠠᠷᠢᠭᠤᠴᠠᠯᠭ᠎ᠠ ᠶᠢᠨ ᠲᠦᠷᠢᠮ ᠳᠤ ᠣᠷᠣᠭᠤᠯᠬᠤ ᠬᠡᠷᠡᠭᠲᠡᠶ᠃      ᠲᠠᠪᠢᠨ ᠵᠢᠷᠭᠤᠳᠤᠭᠠᠷ ᠵᠣᠷᠪᠣᠰ᠂ ᠰᠢᠶᠠᠨ ᠤ ᠱᠠᠲᠤᠨ ᠠᠴᠠ ᠳᠡᠭᠡᠭᠰᠢᠬᠢ ᠣᠷᠣᠨ ᠨᠤᠲᠤᠭ ᠤᠨ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠨᠢ ᠲᠤᠰᠢᠶᠠᠯ ᠬᠠᠷᠢᠭᠤᠴᠠᠯᠭ᠎ᠠ ᠶᠢᠨ ᠢᠶᠠᠨ ᠡᠷᠬᠡ ᠶᠢᠨ ᠬᠡᠪᠴᠢᠶ᠎ᠡ ᠶᠣᠰᠣᠭᠠᠷ ᠲᠣᠭᠲᠠᠭᠰᠠᠨ ᠬᠤᠭᠤᠴᠠᠭ᠎ᠠ ᠲᠠᠢ ᠪᠠᠷ ᠵᠣᠬᠢᠶᠠᠨ ᠪᠠᠶᠢᠭᠤᠯᠤᠨ ᠪᠠᠶᠢᠴᠠᠭᠠᠬᠤ᠂ ᠰᠤᠭᠤᠯᠤᠨ ᠪᠠᠶᠢᠴᠠᠭᠠᠬᠤ ᠵᠡᠷᠭᠡ ᠠᠷᠭ᠎ᠠ ᠮᠠᠶ᠋ᠢᠭ ᠢᠶᠠᠷ ᠲᠡᠲᠡᠡ ᠤ ᠬᠠᠷᠢᠶᠠᠨ ᠳᠠᠬᠢ ᠠᠵᠢᠯ ᠤᠨ ᠰᠠᠯᠠᠭ᠎ᠠ ᠮᠥᠴᠢᠷ ᠤᠳ ᠪᠠ ᠲᠤᠤᠷᠡᠳᠦ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠪᠠᠶᠢᠴᠠᠭᠠᠨ᠂ ᠴᠠᠭ ᠲᠤᠬᠠᠶ ᠳᠤᠨᠢ ᠬᠤᠯᠪᠣᠭᠳᠠᠯ ᠪᠦᠬᠦᠢ ᠲᠠᠯ᠎ᠠ ᠶᠢᠨ ᠬᠢᠨ ᠳᠤ ᠪᠠᠶᠢᠳᠠᠯ ᠢ ᠪᠠᠶᠢᠴᠠᠭᠠᠭᠰᠠᠨ ᠦᠷ᠎ᠡ ᠳ᠋ᠦᠩ ᠢᠶᠠᠨ ᠬᠠᠷᠢᠭᠤ ᠲᠤᠰᠬᠠᠬᠤ ᠬᠡᠷᠡᠭᠲᠡᠶ᠃      ᠲᠠᠪᠢᠨ ᠳᠣᠯᠣᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠤᠭᠤᠴᠠᠭᠠᠨ ᠳᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ ᠭᠤᠶᠤᠴᠢᠯᠠᠭᠳᠠᠭᠴᠢ ᠪᠤᠶᠤ ᠪᠤᠰᠤᠳ ᠳᠣᠣᠷᠠᠳᠤ ᠱᠠᠲᠤᠨ ᠤ ᠵᠠᠰᠠᠭ ᠵᠠᠬᠢᠷᠭᠠᠨ ᠤ ᠪᠠᠶᠢᠭᠤᠯᠭ᠎ᠠ ᠶᠢᠨ ᠬᠠᠮᠢᠶ᠎ᠠ ᠪᠥᠬᠦᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠨᠢ ᠬᠠᠤᠯᠢ ᠠᠴᠠ ᠵᠥᠷᠢᠴᠡᠭᠰᠡᠨ ᠪᠤᠶᠤ ᠰᠢᠢᠳᠪᠦᠷᠢᠯᠡᠬᠦ ᠴᠢᠬᠤᠯᠠᠲᠠᠶ ᠬᠤᠶᠢᠴᠢ ᠠᠰᠠᠭᠤᠳᠠᠯ ᠪᠠᠶᠢᠪᠠᠯ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠰᠠᠨᠠᠯ ᠤᠨ ᠪᠢᠴᠢᠭ ᠢ ᠵᠣᠬᠢᠶᠠᠵᠤ ᠪᠣᠯᠤᠨ᠎ᠠ᠃ ᠬᠤᠯᠪᠣᠭᠳᠠᠯ ᠪᠦᠬᠦᠢ ᠪᠠᠶᠢᠭᠤᠯᠭ᠎ᠠ ᠨᠢ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠰᠠᠨᠠᠯ ᠤᠨ ᠪᠢᠴᠢᠭ ᠢ ᠣᠯᠤᠭᠰᠠᠨ ᠡᠳᠦᠷ ᠠᠴᠠ ᠡᠬᠢᠯᠡᠨ 60 ᠡᠳᠦᠷ ᠤᠨ ᠳᠣᠲᠣᠷ᠎ᠠ ᠬᠠᠮᠢᠶ᠎ᠠ ᠪᠥᠬᠦᠶ ᠵᠠᠰᠠᠭ ᠵᠠᠬᠢᠷᠭᠠᠨ ᠤ ᠬᠠᠤᠯᠢ ᠶᠢ ᠵᠥᠷᠢᠴᠡᠭᠰᠡᠨ ᠦᠢᠯᠡ ᠠᠵᠢᠯᠯᠠᠭ᠎ᠠ ᠶᠢ ᠵᠠᠯᠠᠷᠠᠭᠤᠯᠤᠭᠰᠠᠨ ᠪᠤᠶᠤ ᠬᠤᠶᠢᠴᠢ ᠠᠵᠢᠯ ᠤᠨ ᠪᠠᠶᠢᠳᠠᠯ ᠢ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠶᠢᠭᠤᠯᠣᠮᠵᠢ ᠳᠤ ᠮᠡᠳᠡᠭᠦᠯᠦᠨ᠎ᠡ᠃      ᠵᠠᠰᠠᠭ ᠵᠠᠬᠢᠷᠭᠠᠨ ᠤ ᠳᠠᠬᠢᠨ ᠵᠥᠪᠯᠡᠬᠦ ᠬᠤᠭᠤᠴᠠᠭᠠᠨ ᠳᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠬᠠᠤᠯᠢ ᠴᠠᠭᠠᠵᠠ᠂ ᠬᠠᠣᠯᠢ ᠳᠦᠷᠢᠮ᠂ ᠲᠦᠷᠢᠮ ᠲᠣᠭᠲᠠᠭᠠᠯ ᠢ ᠬᠡᠷᠡᠭᠵᠢᠭᠦᠯᠬᠦ ᠳᠤᠮᠳᠠᠬᠢ ᠨᠡᠶᠢᠳᠡᠮ ᠤᠨ ᠴᠢᠨᠠᠷᠲᠠᠶ ᠠᠰᠠᠭᠤᠳᠠᠯ ᠢ ᠮᠡᠳᠡᠪᠡᠯ᠂ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠰᠠᠨᠠᠯ ᠤᠨ ᠪᠢᠴᠢᠭ ᠢ ᠵᠣᠬᠢᠶᠠᠨ ᠬᠤᠯᠪᠣᠭᠳᠠᠯ ᠪᠦᠬᠦᠢ ᠪᠠᠶᠢᠭᠤᠯᠭ᠎ᠠ ᠳᠤ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠲᠦᠷᠢᠮ ᠢ ᠲᠡᠭᠦᠯᠳᠡᠷᠵᠢᠭᠦᠯᠬᠦ ᠪᠠ ᠰᠠᠶᠢᠵᠢᠷᠠᠭᠤᠯᠬᠤ ᠰᠠᠨᠠᠭᠤᠯᠭ᠎ᠠ ᠳᠤᠷᠠᠳᠴᠤ ᠪᠣᠯᠤᠨ᠎ᠠ᠃      ᠲᠠᠪᠢᠨ ᠨᠠᠢᠮᠠᠳᠤᠭᠠᠷ ᠵᠣᠷᠪᠣᠰ᠂ ᠰᠢᠶᠠᠨ ᠤ ᠱᠠᠲᠤᠨ ᠠᠴᠠ ᠳᠡᠭᠡᠭᠰᠢᠬᠢ ᠡᠯ᠎ᠡ ᠱᠠᠲᠤᠨ ᠤ ᠠᠷᠠᠳ ᠤᠨ ᠵᠠᠰᠠᠭ ᠤᠨ ᠣᠷᠳᠣᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠲᠣᠭᠲᠠᠮᠠᠯ ᠬᠤᠭᠤᠴᠠᠭ᠎ᠠ ᠲᠠᠢ ᠪᠠᠷ ᠲᠤᠰ ᠱᠠᠲᠤᠨ ᠤ ᠠᠷᠠᠳ ᠤᠨ ᠵᠠᠰᠠᠭ ᠤᠨ ᠣᠷᠳᠣᠨ ᠳᠤ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠪᠠᠶᠢᠳᠠᠯ ᠢ ᠵᠠᠳᠠᠯᠵᠤ᠂ ᠳᠡᠪᠰᠢᠭᠦᠯᠦᠨ ᠮᠡᠳᠡᠭᠦᠯᠬᠦ ᠬᠡᠷᠡᠭᠲᠡᠶ᠃      ᠲᠠᠪᠢ ᠶᠢᠰᠦᠳᠦᠭᠡᠷ ᠵᠣᠷᠪᠣᠰ᠂ ᠳᠣᠣᠷ᠎ᠠ ᠱᠠᠲᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ ᠴᠠᠭ ᠲᠤᠬᠠᠶ ᠳᠤᠨᠢ ᠴᠢᠬᠤᠯᠠ ᠶᠡᠭᠡ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢ ᠳᠡᠭᠡᠳᠦ ᠱᠠᠲᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠳᠤ ᠮᠡᠳᠡᠭᠦᠯᠵᠦ ᠳᠠᠩᠰᠠᠯᠠᠭᠤᠯᠬᠤ ᠬᠡᠷᠡᠭᠲᠡᠶ᠃      ᠵᠢᠷᠠᠳᠤᠭᠠᠷ ᠵᠣᠷᠪᠣᠰ᠂ ᠡᠯ᠎ᠡ ᠱᠠᠲᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠲᠣᠭᠲᠠᠮᠠᠯ ᠬᠤᠭᠤᠴᠠᠭ᠎ᠠ ᠲᠠᠢ ᠪᠠᠷ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠳ ᠲᠤ ᠲᠤᠬᠠᠶᠢᠯᠠᠭᠰᠠᠨ ᠠᠵᠢᠯ ᠤᠨ ᠪᠣᠯᠪᠠᠰᠤᠷᠠᠯ ᠬᠢᠵᠦ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯᠲᠠᠨ ᠤ ᠲᠤᠰᠬᠠᠶ ᠮᠡᠷᠭᠡᠵᠢᠯ ᠤᠨ ᠬᠡᠪ ᠴᠢᠨᠠᠷ ᠢ ᠳᠡᠭᠡᠭᠰᠢᠯᠡᠭᠦᠯᠬᠦ ᠬᠡᠷᠡᠭᠲᠡᠶ᠃      ᠵᠢᠷᠠᠨ ᠨᠢᠭᠡᠳᠦᠭᠡᠷ ᠵᠣᠷᠪᠣᠰ᠂ ᠡᠯ᠎ᠡ ᠱᠠᠲᠤᠨ ᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠭ᠎ᠠ ᠨᠢ ᠲᠣᠭᠲᠠᠭᠰᠠᠨ ᠬᠤᠭᠤᠴᠠᠭ᠎ᠠ ᠲᠠᠢ ᠪᠠᠷ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠢ ᠳ᠋ᠦᠩᠨᠡᠨ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠠᠵᠢᠯ ᠤᠨ ᠳᠤᠮᠳᠠ ᠢᠯᠡᠳᠲᠡ ᠠᠮᠵᠢᠯᠲᠠ ᠪᠦᠲᠦᠮᠵᠢ ᠭᠠᠷᠭᠠᠭᠰᠠᠨ ᠨᠢᠭᠡᠴᠢ ᠪᠠ ᠬᠤᠪᠢ ᠬᠥᠮᠦᠨ ᠢ ᠬᠤᠯᠪᠣᠭᠳᠠᠯ ᠪᠦᠬᠦᠢ ᠲᠣᠭᠲᠠᠭᠠᠯ ᠶᠣᠰᠣᠭᠠᠷ ᠬᠥᠬᠢᠭᠦᠯᠦᠨ ᠱᠠᠩᠨᠠᠨ᠎ᠠ᠃       ᠵᠢᠷᠭᠤᠳᠤᠭᠠᠷ ᠪᠦᠯᠦᠭ   ᠬᠠᠤᠯᠢ ᠴᠠᠭᠠᠵᠠ ᠶᠢᠨ ᠬᠠᠷᠢᠭᠤᠴᠠᠯᠭ᠎ᠠ      ᠵᠢᠷᠠᠨ ᠬᠤᠶᠠᠳᠤᠭᠠᠷ ᠵᠣᠷᠪᠣᠰ᠂ ᠭᠤᠶᠤᠴᠢᠯᠠᠭᠳᠠᠭᠴᠢ ᠨᠢ ᠲᠣᠭᠲᠠᠭᠠᠭᠰᠠᠨ ᠴᠠᠭ ᠬᠤᠭᠤᠴᠠᠭᠠᠨ ᠤ ᠳᠣᠲᠣᠷ᠎ᠠ ᠵᠠᠰᠠᠭ ᠵᠠᠬᠢᠷᠭᠠᠨ ᠤ ᠳᠠᠬᠢᠨ ᠵᠦᠪᠯᠡᠬᠦ ᠰᠢᠢᠳᠪᠦᠷᠢ ᠶᠢᠨ ᠱᠠᠭᠠᠷᠳᠠᠯᠭ᠎ᠠ ᠶᠤᠰᠤᠭᠠᠷ ᠳᠠᠬᠢᠨ ᠰᠢᠨ᠎ᠡ ᠪᠠᠷ ᠪᠣᠳᠠᠲᠠᠶ ᠵᠠᠰᠠᠭ ᠵᠠᠬᠢᠷᠭᠠᠨ ᠤ ᠦᠢᠯᠡ ᠠᠵᠢᠯᠯᠠᠭ᠎ᠠ ᠬᠢᠭᠰᠡᠨ ᠦᠭᠡᠢ ᠪᠣᠶᠣ ᠲᠣᠭᠲᠠᠭᠠᠯ ᠢ ᠵᠥᠷᠢᠴᠡᠨ ᠳᠠᠬᠢᠨ ᠰᠢᠨ᠎ᠡ ᠪᠠᠷ ᠪᠣᠳᠠᠲᠠᠶ ᠵᠠᠰᠠᠭ ᠵᠠᠬᠢᠷᠭᠠᠨ ᠤ ᠠᠵᠢᠯᠯᠠᠭ᠎ᠠ ᠶᠢ ᠬᠢᠭᠰᠡᠨ ᠪᠠᠶᠢᠪᠠᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠶᠢᠨ ᠭᠤᠴᠢᠨ ᠳᠣᠯᠣᠳᠤᠭᠠᠷ ᠵᠣᠷᠪᠣᠰ ᠤᠨ ᠲᠣᠭᠲᠠᠭᠠᠯ ᠶᠣᠰᠣᠭᠠᠷ ᠬᠠᠤᠯᠢ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠵᠢᠷᠠᠨ ᠭᠤᠷᠪᠠᠳᠤᠭᠠᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠠᠵᠢᠯᠲᠠᠳ ᠤᠨ ᠪᠠᠶᠢᠴᠠᠭᠠᠨ ᠭᠡᠷᠡᠴᠢ ᠠᠪᠴᠤ᠂ ᠪᠠᠶᠢᠴᠠᠭᠠᠨ ᠤᠩᠰᠢᠬᠤ᠂ ᠺᠣᠫᠢᠳᠠᠬᠤ᠂ ᠬᠤᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠣᠯᠤᠨ ᠮᠠᠲ᠋ᠧᠷᠢᠶᠠᠯ ᠢ ᠰᠢᠯᠵᠢᠭᠦᠯᠦᠨ ᠠᠪᠠᠴᠢᠬᠤ ᠶᠢ ᠡᠰᠡᠷᠭᠦᠴᠡᠭᠰᠡᠨ ᠪᠤᠶᠤ ᠬᠠᠷᠰᠢᠯᠠᠭᠰᠠᠨ ᠪᠠᠶᠢᠳᠠᠯ ᠪᠠᠶᠢᠪᠠᠯ᠂ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠦᠰ ᠲᠤ ᠬᠠᠤᠯᠢ ᠶᠣᠰᠣᠭᠠᠷ ᠰᠢᠳᠬᠡᠯ ᠥᠭᠬᠦ ᠪᠤᠶᠤ ᠠᠮᠤᠷ ᠢ ᠬᠠᠮᠠᠭᠠᠯᠠᠬᠤ ᠬᠠᠮᠢᠶᠠᠷᠤᠯᠲᠠ ᠶᠢᠨ ᠰᠢᠳᠬᠡᠯ ᠥᠭᠭᠦᠨ᠎ᠡ︔ ᠶᠠᠯ᠎ᠠ ᠪᠤᠯᠵᠦ ᠪᠦᠷᠢᠯᠳᠦᠭᠰᠡᠨ ᠪᠠᠶᠢᠪᠠᠯ ᠡᠷᠡᠭᠦᠦ ᠶᠢᠨ ᠬᠠᠷᠢᠭᠤᠴᠠᠯᠭ᠎ᠠ ᠨᠡᠬᠡᠮᠵᠢᠯᠡᠨ᠎ᠡ᠃      ᠵᠢᠷᠠᠨ ᠳᠥᠷᠪᠡᠳᠦᠭᠡᠷ ᠵᠣᠷᠪᠣᠰ᠂ ᠵᠠᠰᠠᠭ ᠵᠠᠬᠢᠷᠭᠠᠨ ᠤ ᠳᠠᠬᠢᠨ ᠵᠦᠪᠯᠡᠬᠦ ᠪᠠᠶᠢᠭᠤᠯᠭ᠎ᠠ ᠪᠤᠶᠤ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠨᠢ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠪᠠ ᠲᠣᠰ ᠲᠥᠷᠢᠮ ᠳᠤ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ ᠶᠢ ᠭᠦᠢᠴᠡᠳᠬᠡᠬᠦ ᠦᠭᠡᠢ ᠪᠠᠶᠢᠵᠦ᠂ ᠬᠢᠨᠠᠯᠲᠠ ᠲᠠᠯᠪᠢᠬᠤ ᠡᠷᠬᠡ ᠲᠠᠢ ᠵᠠᠰᠠᠭ ᠵᠠᠬᠢᠷᠭᠠᠨ ᠤ ᠪᠠᠶᠢᠭᠤᠯᠭ᠎ᠠ ᠠᠴᠠ ᠰᠢᠮᠳᠠᠭᠤᠯᠬᠤ ᠳᠤ ᠮᠥᠨ ᠴᠦ ᠵᠠᠯᠠᠷᠠᠭᠤᠯᠤᠭᠰᠠᠨ ᠦᠭᠡᠢ ᠪᠣᠯ᠂ ᠰᠢᠭᠤᠳ ᠬᠠᠷᠢᠭᠤᠴᠠᠵᠤ ᠪᠠᠶᠢᠭ᠎ᠠ ᠡᠷᠬᠢᠯᠡᠠ ᠬᠠᠮᠢᠶᠠᠷᠬᠤ ᠬᠥᠮᠦᠨ ᠪᠣᠯᠤᠨ ᠪᠤᠰᠤᠳ ᠰᠢᠭᠤᠳ ᠬᠠᠷᠢᠭᠤᠴᠠᠯᠭ᠎ᠠ ᠲᠠᠢ ᠠᠵᠢᠯᠳᠡᠠ ᠳᠤᠨᠢ ᠬᠠᠤᠯᠢ ᠶᠣᠰᠣᠭᠠᠷ ᠰᠡᠷᠡᠮᠵᠢ ᠥᠭᠬᠦ᠂ ᠠᠯᠳᠠᠭ᠎ᠠ ᠲᠡᠮᠳᠡᠭᠯᠡᠬᠦ᠂ ᠶᠡᠭᠡ ᠤᠰᠤᠯ ᠲᠡᠮᠳᠡᠭᠯᠡᠬᠦ ᠰᠢᠳᠬᠡᠯ ᠥᠭᠭᠦᠨ᠎ᠡ︔ ᠬᠦᠨᠳᠦ ᠨᠣᠴᠢᠲᠠᠶ ᠤᠷᠰᠢᠭ ᠲᠠᠲᠠᠭᠰᠠᠨ ᠪᠣᠯ ᠬᠠᠤᠯᠢ ᠶᠣᠰᠣᠭᠠᠷ ᠵᠡᠷᠭᠡ ᠳᠡᠰ ᠢ ᠨᠢ ᠪᠠᠭᠤᠷᠠᠭᠤᠯᠬᠤ᠂ ᠲᠤᠰᠢᠶᠠᠯ ᠠᠴᠠ ᠤᠭᠴᠠᠷᠠᠭᠤᠯᠬᠤ᠂ ᠠᠵᠢᠯ ᠠᠴᠠ ᠨᠢ ᠬᠥᠭᠡᠭᠡᠬᠦ ᠰᠢᠳᠬᠡᠯ ᠥᠭᠭᠦᠨ᠎ᠡ᠃      ᠵᠢᠷᠠᠨ ᠲᠠᠪᠤᠳᠤᠭᠠᠷ ᠵᠣᠷᠪᠣᠰ᠂ ᠵᠠᠰᠠᠭ ᠵᠠᠬᠢᠷᠭᠠᠨ ᠤ ᠪᠠᠶᠢᠭᠤᠯᠭ᠎ᠠ ᠵᠢᠴᠢ ᠲᠡᠭᠦᠨ ᠤ ᠠᠵᠢᠯᠲᠠᠨ ᠠᠴᠠ ᠵᠠᠰᠠᠭ ᠵᠠᠬᠢᠷᠭᠠᠨ ᠤ ᠳᠠᠬᠢᠨ ᠵᠥᠪᠯᠡᠬᠦ ᠬᠠᠤᠯᠢ ᠪᠠ ᠲᠤᠰ ᠳᠦᠷᠢᠮ ᠤᠨ ᠲᠣᠭᠲᠠᠭᠠᠯ ᠢ ᠵᠦᠷᠢᠴᠡᠭᠰᠡᠨ ᠪᠣᠯ᠂ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠠᠴᠠ ᠠᠵᠢᠯᠲᠠᠨ ᠤ ᠶᠠᠪᠤᠳᠠᠯ᠂ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠬᠤᠯᠪᠣᠭᠳᠠᠯ ᠪᠦᠬᠦᠢ ᠬᠠᠷᠢᠭᠤᠴᠠᠯᠭ᠎ᠠ ᠲᠠᠢ ᠬᠥᠮᠦᠰ ᠲᠤ ᠰᠢᠳᠬᠡᠯ ᠥᠭᠬᠦ ᠰᠠᠨᠠᠭᠤᠯᠭ᠎ᠠ ᠳᠤᠷᠠᠳᠴᠤ᠂ ᠬᠤᠯᠪᠣᠭᠳᠠᠯ ᠪᠦᠬᠦᠢ ᠬᠥᠮᠦᠨ ᠤ ᠬᠠᠤᠯᠢ ᠶᠢ ᠵᠥᠷᠢᠴᠡᠵᠦ ᠪᠠᠶᠢᠭ᠎ᠠ ᠪᠣᠳᠠᠲᠤ ᠶᠠᠪᠤᠳᠠᠯ ᠤᠨ ᠮᠠᠲ᠋ᠧᠷᠢᠶᠠᠯ ᠢ ᠰᠢᠭᠤᠳ ᠠᠵᠢᠯᠲᠠᠨ ᠤ ᠶᠠᠪᠤᠳᠠᠯ᠂ ᠬᠢᠨᠠᠨ ᠪᠠᠶᠢᠴᠠᠭᠠᠬᠤ ᠰᠠᠯᠠᠭ᠎ᠠ ᠮᠥᠴᠢᠷ ᠲᠤ ᠰᠢᠯᠵᠢᠭᠦᠯᠦᠨ ᠥᠭᠴᠦ ᠰᠢᠢᠳᠪᠦᠷᠢᠯᠡᠨ᠎ᠡ︔  ᠰᠢᠯᠵᠢᠭᠦᠯᠦᠨ ᠬᠦᠷᠭᠡᠭᠰᠡᠨ ᠢ ᠬᠦᠯᠢᠶᠡᠠ ᠠᠪᠤᠭᠰᠠᠨ ᠠᠵᠢᠯᠳᠠᠨ ᠤ ᠶᠠᠪᠤᠳᠠᠯ᠂ ᠬᠢᠨᠠᠨ ᠪᠠᠶᠢᠴᠠᠭᠠᠬᠤ ᠰᠠᠯᠠᠭ᠎ᠠ ᠮᠥᠴᠢᠷ  ᠨᠢ ᠬᠠᠤᠯᠢ ᠶᠣᠰᠣᠭᠠᠷ ᠰᠢᠢᠳᠪᠦᠷᠢᠯᠡᠵᠦ᠂  ᠰᠢᠢᠳᠪᠦᠷᠢᠯᠡᠭᠰᠡᠨ ᠦᠷ᠎ᠡ ᠳ᠋ᠦᠩ ᠢ ᠰᠢᠯᠵᠢᠭᠦᠯᠦᠨ ᠬᠦᠷᠭᠡᠭᠰᠡᠨ ᠵᠠᠰᠠᠭ ᠵᠠᠬᠢᠷᠭᠠᠨ ᠤ ᠳᠠᠬᠢᠨ ᠵᠥᠪᠯᠡᠬᠦ ᠪᠠᠶᠢᠭᠤᠯᠤᠮᠵᠢ ᠳᠤ ᠮᠡᠳᠡᠭᠳᠡᠬᠦ ᠬᠡᠷᠡᠭᠲᠡᠶ᠃      ᠳᠣᠯᠣᠳᠤᠭᠠᠷ ᠪᠦᠯᠦᠭ   ᠳᠠᠭᠠᠯᠳᠤᠭᠤᠯᠤᠭᠰᠠᠨ ᠳᠦᠷᠢᠮ      ᠵᠢᠷᠠᠨ ᠵᠢᠷᠭᠤᠳᠤᠭᠠᠷ ᠵᠣᠷᠪᠣᠰ᠂ ᠲᠤᠰ ᠲᠦᠷᠢᠮ ᠢ 2007 ᠣᠨ ᠤ 8 ᠰᠠᠷ᠎ᠠ ᠶᠢᠨ 1 ᠤ ᠡᠳᠦᠷ ᠠᠴᠠ ᠡᠬᠢᠯᠡᠵᠦ ᠬᠡᠷᠡᠭᠵᠢᠭᠦᠯᠦᠨ᠎ᠡ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号