ᠪᠡᠶ᠎ᠡ ᠶᠢᠨ ᠲᠠᠮᠢᠷ ᠤᠨ ᠦᠢᠯᠡᠰ ᠪᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠳᠤᠮᠳᠠ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠬᠥᠬᠢᠭᠦᠯᠦᠨ ᠱᠠᠩᠨᠠᠬᠤ ᠦᠢᠯᠡᠴᠢᠯᠡᠬᠡᠨ ᠤ ᠵᠦᠭᠯᠡᠭᠦᠷ
ᠨᠡᠶᠢᠲᠡᠯᠡᠭᠰᠡᠨ ᠴᠠᠭ᠄
2019/1/8
    ᠲᠣᠬᠢᠷᠠᠬᠤ ᠬᠡᠪᠴᠢᠶ᠎ᠡ᠄ ᠲᠤᠰ ᠵᠦᠭᠯᠡᠭᠦᠷ  ᠢ ᠪᠡᠶ᠎ᠡ ᠶᠢᠨ ᠲᠠᠮᠢᠷ ᠤᠨ ᠦᠢᠯᠡᠰ ᠪᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠳᠤᠮᠳᠠ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠬᠥᠬᠢᠭᠦᠯᠦᠨ ᠱᠠᠩᠨᠠᠬᠤ ᠲᠤᠬᠠᠶ ᠭᠤᠶᠤᠴᠢᠯᠠᠯ ᠪᠠ ᠭᠦᠢᠴᠡᠳᠭᠡᠬᠦ ᠳᠤ ᠲᠣᠬᠢᠷᠠᠨ᠎ᠠ᠃     ᠱᠠᠩᠨᠠᠯ ᠤᠨ ᠲᠥᠷᠥᠯ ᠵᠦᠢᠯ ᠤᠨ ᠨᠡᠷᠡᠶᠢᠳᠦᠯ᠄ ᠪᠡᠶ᠎ᠡ ᠶᠢᠨ ᠲᠠᠮᠢᠷ ᠤᠨ ᠦᠢᠯᠡᠰ ᠪᠠ ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠠᠵᠢᠯ ᠤᠨ ᠳᠤᠮᠳᠠ ᠬᠤᠪᠢ ᠨᠡᠮᠡᠷᠢ ᠦᠵᠡᠭᠦᠯᠦᠭᠰᠡᠨ ᠵᠣᠬᠢᠶᠠᠨ ᠪᠠᠶᠢᠭᠤᠯᠤᠯᠲᠠ ᠪᠠ ᠬᠤᠪᠢ ᠬᠥᠮᠦᠨ ᠢ ᠬᠥᠬᠢᠭᠦᠯᠦᠨ ᠱᠠᠩᠨᠠᠬᠤ     ᠰᠠᠶᠢᠰᠢᠶᠠᠨ ᠱᠠᠩᠨᠠᠬᠤ ᠡᠰᠢ ᠪᠠᠷᠢᠮᠲᠠ᠄ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠪᠡᠶ᠎ᠡ ᠶᠢᠨ ᠲᠠᠮᠢᠷ ᠤᠨ ᠬᠠᠤᠯᠢ︾ ᠶᠢᠨ ᠨᠢᠭᠡᠳᠦᠭᠡᠷ ᠪᠦᠯᠦᠭ ᠤᠨ ᠨᠠᠢᠮᠠᠳᠤᠭᠠᠷ ᠵᠣᠷᠪᠣᠰ᠂ ︽ᠪᠥᠬᠦ ᠠᠷᠠᠳ ᠤᠨ ᠪᠡᠶ᠎ᠡ ᠴᠢᠭᠢᠷᠠᠭᠵᠢᠭᠤᠯᠬᠤ ᠲᠦᠷᠢᠮ︾ ᠶᠢᠨ ᠳᠣᠯᠣᠳᠤᠭᠠᠷ ᠵᠣᠷᠪᠣᠰ     ᠭᠤᠶᠣᠴᠢᠯᠠᠯ ᠤᠨ ᠬᠦᠰᠦᠨᠦᠭ ᠤᠨ ᠨᠡᠷᠡᠶᠢᠳᠦᠯ ᠵᠢᠴᠢ ᠤᠯᠬᠤ ᠠᠷᠭ᠎ᠠ ᠮᠠᠶ᠋ᠢᠭ᠄ ᠬᠡᠯᠪᠡᠷᠢᠵᠢᠭᠰᠡᠨ ᠭᠤᠶᠤᠴᠢᠯᠠᠯ ᠤᠨ ᠬᠦᠰᠦᠨᠦᠭᠲᠦ᠂ ᠲᠠᠨᠢᠯᠴᠠᠭᠤᠯᠬᠤ ᠬᠦᠰᠦᠨᠦᠭᠲᠦ ᠵᠡᠷᠭᠡ ᠶᠢ ᠲᠤᠬᠠᠢ ᠶᠢᠨ ᠦᠶ᠎ᠡ ᠳᠤ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠠᠴᠠ ᠨᠢᠭᠡᠳᠦᠯᠲᠡᠶ ᠬᠤᠪᠢᠶᠠᠨ᠎ᠠ᠃ ᠭᠦᠢᠴᠡᠳᠬᠡᠬᠦ ᠪᠠᠶᠢᠭᠤᠯᠤᠮᠵᠢ᠄ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ     ᠠᠰᠠᠭᠤᠨ ᠯᠠᠪᠯᠠᠬᠤ ᠤᠲᠠᠰᠤ᠄ 0471-6397449     ᠠᠵᠢᠯᠯᠠᠬᠤ ᠬᠠᠶ᠋ᠢᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 86 ᠳ᠋ᠤᠭᠠᠷ ᠲᠣᠭᠠᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ      ᠭᠦᠢᠴᠡᠳᠭᠡᠬᠦ ᠴᠠᠭ᠄  ᠭᠠᠷᠠᠭ ᠤᠨ ᠨᠢᠭᠡᠨ ᠠᠴᠠ ᠭᠠᠷᠠᠭ ᠤᠨ ᠲᠠᠪᠣᠨ ︵ᠬᠠᠣᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠤᠨ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ︶ 9᠄ 00 ︱ 12᠄ 00᠂ 14᠄ 00 ︱ 17᠄ 30     ᠭᠦᠢᠴᠡᠳᠬᠡᠬᠦ ᠴᠠᠭ ᠤᠨ ᠬᠢᠵᠠᠭᠠᠷ᠄ 20 ᠠᠵᠢᠯ ᠤᠨ ᠡᠳᠦᠷ     ᠭᠦᠢᠴᠡᠳᠭᠡᠬᠦ ᠶᠠᠪᠣᠴᠠ᠄     ᠨᠢᠭᠡ᠂ ᠬᠦᠯᠢᠶᠡᠨ ᠠᠪᠴᠦ ᠰᠢᠢᠳᠪᠦᠷᠢᠯᠡᠬᠦ     ︵ᠨᠢᠭᠡ︶ ᠬᠦᠯᠢᠶᠡᠨ ᠠᠪᠬᠤ ᠨᠥᠬᠦᠴᠡᠯ᠄     ᠳᠣᠬᠠᠢ ᠶᠢᠨ ᠦᠶ᠎ᠡ ᠳᠤ ᠪᠢᠴᠢᠭ ᠮᠠᠲ᠋ᠧᠷᠢᠶᠠᠯ ᠦᠢᠯᠡᠳᠦᠨ ᠲᠠᠷᠬᠠᠭᠠᠨ᠂ ᠣᠯᠤᠭᠰᠠᠨ ᠱᠠᠩᠨᠠᠯ ᠵᠢᠴᠢ ᠬᠤᠯᠪᠣᠭᠳᠠᠯ ᠪᠦᠬᠦᠢ ᠬᠢᠷᠢ ᠬᠡᠮ ᠤᠨ ᠨᠥᠬᠦᠴᠡᠯ ᠤᠨ ᠮᠡᠳᠡᠭᠦᠯᠦᠯᠲᠡ ᠶᠢᠨ ᠨᠡᠶᠢᠲᠡᠯᠡᠬᠦ᠃     ︵ᠬᠤᠶᠠᠷ︶ ᠮᠠᠲ᠋ᠧᠷᠢᠶᠠᠯ ᠢ ᠲᠤᠰᠢᠶᠠᠬᠤ᠄     1᠂ ᠨᠢᠭᠡᠴᠢ ᠪᠠ ᠬᠤᠪᠢ ᠬᠥᠮᠦᠨ ᠤ ᠦᠢᠯᠡ ᠬᠡᠷᠡᠭ ᠤᠨ ᠮᠠᠲ᠋ᠧᠷᠢᠶᠠᠯ︔     2᠂ ᠲᠤᠰᠢᠶᠠᠬᠤ ᠴᠢᠬᠤᠯᠠᠲᠠᠶ ᠭᠤᠶᠤᠴᠢᠯᠠᠯ ᠤᠨ ᠬᠦᠰᠦᠨᠦᠭᠲᠦ᠂ ᠲᠠᠨᠢᠯᠴᠠᠭᠤᠯᠬᠤ ᠬᠦᠰᠦᠨᠦᠭᠲᠦ︔     3᠂ ᠪᠤᠰᠤᠳ ᠳᠣᠰᠢᠶᠠᠬᠤ ᠴᠢᠬᠤᠯᠲᠠᠢ ᠮᠠᠲ᠋ᠧᠷᠢᠶᠠᠯ᠃     ︵ᠭᠤᠷᠪᠠ︶ ᠬᠦᠯᠢᠶᠡᠨ ᠠᠪᠴᠦ ᠰᠢᠢᠳᠪᠦᠷᠢᠯᠡᠬᠦ ᠪᠠᠷᠢᠮᠵᠢᠶ᠎ᠠ᠄ ᠬᠠᠩᠭᠠᠭᠰᠠᠨ ᠮᠠᠲ᠋ᠧᠷᠢᠶᠠᠯ ᠨᠢ ᠦᠨᠡᠨ ᠪᠣᠳᠠᠲᠠᠶ᠂ ᠪᠦᠷᠢᠨ ᠲᠡᠭᠦᠯᠳᠡᠷ᠂ ᠳᠦᠷᠢᠮᠵᠢᠯ ᠲᠠᠢ᠂ ᠪᠦᠲᠦᠮᠵᠢᠲᠡᠶ᠃     ᠠᠵᠢᠯ ᠤᠨ ᠪᠠᠶᠢᠷᠢ ᠶᠢᠨ ᠬᠠᠷᠢᠭᠤᠴᠠᠯᠭᠠᠲᠠᠨ᠄ ᠬᠠᠮᠢᠶ᠎ᠠ ᠪᠦᠬᠦᠢ ᠭᠠᠵᠠᠷ ᠠᠯᠪᠠᠨ ᠭᠡᠷ ᠤᠨ ᠠᠵᠢᠯᠲᠠᠨ ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠪᠠ ᠡᠷᠬᠡ ᠶᠢᠨ ᠬᠡᠪᠴᠢᠶ᠎ᠡ᠄ ᠭᠤᠶᠤᠴᠢᠯᠠᠯ ᠤᠨ ᠮᠠᠲ᠋ᠧᠷᠢᠶᠠᠯ ᠨᠢ ᠬᠦᠯᠢᠶᠡᠨ ᠠᠪᠬᠤ ᠪᠠᠷᠢᠮᠵᠢᠶ᠎ᠠ ᠳᠤ ᠨᠡᠶᠢᠴᠡᠪᠡᠯ᠂ ᠳᠠᠷᠤᠶ ᠲᠦᠷᠭᠡᠨ ᠭᠦᠢᠴᠡᠳᠭᠡᠬᠦ ᠬᠡᠷᠡᠭᠲᠡᠶ︔ ᠭᠤᠶᠤᠴᠢᠯᠠᠯ ᠤᠨ ᠮᠠᠲ᠋ᠧᠷᠢᠶᠠᠯ ᠨᠢ ᠬᠦᠯᠢᠶᠡᠨ ᠠᠪᠬᠤ ᠪᠠᠷᠢᠮᠵᠢᠶ᠎ᠠ ᠳᠤ ᠥᠯᠦ ᠨᠡᠶᠢᠴᠡᠪᠡᠯ ᠭᠦᠯᠢᠶᠡᠨ ᠠᠪᠬᠤ ᠦᠭᠡᠢ᠃       ᠬᠤᠶᠠᠷ᠂ ᠰᠢᠭᠦᠨ ᠲᠣᠭᠲᠠᠭᠠᠬᠤ      ᠬᠦᠬᠢᠬᠦᠯᠦᠯ ᠤᠨ ᠭᠤᠶᠣᠴᠢᠯᠠᠨ ᠮᠡᠳᠡᠭᠦᠯᠬᠦ ᠨᠦᠭᠦᠴᠡᠯ ᠪᠠ ᠤᠯᠤᠰ ᠤᠨ ᠪᠡᠶ᠎ᠡ ᠶᠢᠨ ᠲᠠᠮᠢᠷ ᠤᠨ ᠶᠡᠷᠦᠩᠬᠡᠶ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ ᠤ ᠬᠠᠮᠢᠶ᠎ᠠ ᠪᠥᠬᠦᠶ ᠲᠣᠭᠲᠠᠭᠠᠯ ᠢ ᠡᠰᠢᠯᠡᠨ᠂ ᠭᠤᠶᠣᠴᠢᠯᠠᠨ ᠮᠡᠳᠡᠭᠦᠯᠬᠦ ᠮᠠᠲ᠋ᠧᠷᠢᠶᠠᠯ ᠳᠤ ᠬᠢᠨᠠᠨ ᠳᠣᠬᠳᠠᠭᠠᠯᠲᠠ ᠬᠢᠨ᠎ᠡ᠃      ᠭᠤᠷᠪᠠ᠂ ᠵᠠᠷᠯᠠᠬᠤ      ᠬᠥᠬᠢᠭᠦᠯᠦᠨ ᠱᠠᠩᠨᠠᠬᠤ ᠵᠢᠱᠢᠭᠳᠡᠭᠰᠡᠳ ᠤᠨ ᠨᠡᠷᠡᠰ ᠢ ᠢᠯᠡ ᠨᠡᠶᠢᠲᠡᠯᠡᠨ᠎ᠡ᠃      ᠳᠦᠷᠪᠠ᠂ ᠮᠡᠳᠡᠭᠳᠡᠬᠦ      ᠠᠵᠢᠯ ᠤᠨ ᠪᠠᠶᠢᠷᠢ ᠶᠢᠨ ᠬᠠᠷᠢᠭᠤᠴᠠᠯᠭᠠᠲᠠᠨ᠄ ᠬᠠᠮᠢᠶ᠎ᠠ ᠪᠦᠬᠦᠢ ᠭᠠᠵᠠᠷ  ᠤᠨ ᠠᠯᠪᠠᠨ ᠭᠡᠷ ᠤᠨ ᠠᠵᠢᠯᠲᠠᠨ      ᠠᠵᠢᠯ ᠤᠨ ᠪᠠᠶᠢᠷᠢ ᠶᠢᠨ ᠲᠤᠰᠢᠶᠠᠯ ᠬᠠᠷᠢᠭᠤᠴᠠᠯᠭ᠎ᠠ ᠪᠠ ᠡᠷᠬᠡ ᠶᠢᠨ ᠬᠡᠪᠴᠢᠶ᠎ᠡ᠄ ᠬᠥᠬᠢᠭᠦᠯᠬᠦ ᠨᠥᠬᠦᠴᠡᠯ ᠵᠢᠴᠢ ᠪᠠᠷᠢᠮᠵᠢᠶ᠎ᠠ ᠶᠣᠰᠣᠭᠠᠷ ᠮᠡᠳᠡᠭᠳᠡᠬᠦ ᠪᠥᠭᠡᠳ ᠠᠯᠪᠠᠨ ᠰᠦᠯᠵᠢᠶ᠎ᠡ ᠶᠢᠨ ᠨᠡᠶᠢᠭᠡᠮ ᠳᠤ ᠨᠡᠶᠢᠲᠡᠯᠡᠬᠦ ᠬᠡᠷᠡᠭᠲᠡᠶ︔ ᠬᠢᠨᠠᠨ ᠳᠣᠬᠳᠠᠭᠠᠯᠲᠠ ᠨᠢ ᠵᠦᠪᠰᠢᠶᠡᠷᠡᠭᠳᠡᠭᠰᠡᠨ ᠪᠣᠯ ᠬᠤᠯᠪᠣᠭᠳᠠᠯ ᠪᠦᠬᠦᠢ ᠬᠥᠬᠢᠭᠦᠯᠦᠨ ᠰᠠᠶᠢᠰᠢᠶᠠᠬᠤ ᠪᠢᠴᠢᠭ ᠢ ᠪᠠᠭᠤᠯᠭᠠᠨ᠎ᠠ᠃      ᠬᠢᠨᠠᠯᠲᠠ ᠲᠠᠯᠪᠢᠬᠤ ᠪᠠ ᠵᠠᠭᠠᠯᠳᠤᠬᠤ᠄      ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ ᠪᠠᠶᠢᠭᠤᠯᠭ᠎ᠠ ᠶᠢᠨ ᠠᠵᠢᠯ ᠳᠤ ᠵᠦᠢ ᠵᠤᠬᠢᠰ ᠦᠭᠡᠢ᠂ ᠬᠠᠤᠯᠢ ᠳᠤ ᠦᠯᠦ ᠨᠡᠶᠢᠴᠡᠬᠦ ᠦᠢᠯᠡ ᠠᠵᠢᠯᠯᠠᠭ᠎ᠠ ᠤᠷᠤᠰᠢᠨ᠎ᠠ ᠭᠡᠵᠦ ᠦᠵᠡᠪᠡᠯ᠂ ᠲᠤᠰ ᠪᠠᠶᠢᠭᠤᠯᠭ᠎ᠠ ᠶᠢᠨ ᠵᠠᠰᠠᠭ ᠵᠠᠬᠢᠷᠭᠠᠨ ᠤ ᠬᠠᠤᠯᠢ ᠬᠡᠷᠡᠭᠵᠢᠭᠦᠯᠬᠦ ᠳᠤ ᠬᠢᠨᠠᠯᠲᠠ ᠲᠠᠯᠪᠢᠬᠤ ᠰᠠᠯᠠᠭ᠎ᠠ ᠮᠥᠴᠢᠷ ᠲᠤ ᠢᠯᠡᠴᠢᠯᠡᠨ ᠵᠠᠭᠠᠯᠳᠤᠵᠤ ᠪᠣᠯᠤᠨ᠎ᠠ᠃ ᠵᠠᠭᠠᠯᠳᠣᠬᠤ ᠤᠲᠠᠰᠤ᠄ 0471-6397442᠂ ᠬᠠᠷᠢᠯᠴᠠᠬᠤ ᠬᠠᠶ᠋ᠢᠭ᠄ ᠬᠥᠬᠡᠬᠤᠲᠠ ᠶᠢᠨ ᠬᠤᠲᠣᠩ ᠠᠷᠠᠳ ᠤᠨ ᠲᠣᠭᠤᠷᠢᠭ ᠤᠨ ᠰᠢᠨᠬᠤᠸᠠ ᠶᠡᠭᠡ ᠵᠡᠭᠡᠯᠢ ᠶᠢᠨ 86 ᠳ᠋ᠤᠭᠠᠷ ᠲᠣᠭᠠᠲᠤ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠪᠡᠶ᠎ᠡ ᠶᠢᠨ ᠲᠠᠮᠢᠷ ᠤᠨ ᠲᠣᠪᠴᠢᠶ᠎ᠠ ᠶᠢᠨ ᠲᠦᠷᠦ ᠶᠢᠨ ᠪᠤᠳᠤᠯᠭ᠎ᠠ ᠬᠠᠤᠯᠢ ᠲᠣᠭᠲᠠᠭᠠᠯ ᠤᠨ ᠭᠠᠵᠠᠷ᠂ ᠰᠢᠦᠳᠠᠨ ᠳ᠋ᠤᠭᠠᠷ᠄ 010030᠃ ᠵᠠᠭᠠᠯᠳᠤᠯᠭ᠎ᠠ ᠬᠦᠯᠢᠶᠡᠨ ᠠᠪᠬᠤ ᠴᠠᠭ᠄  ᠭᠠᠷᠠᠭ ᠤᠨ ᠨᠢᠭᠡᠨ ᠠᠴᠠ ᠭᠠᠷᠠᠭ ᠤᠨ ᠲᠠᠪᠣᠨ ᠤ ᠠᠵᠢᠯᠯᠠᠬᠤ ᠴᠠᠭ᠂ ᠬᠠᠤᠯᠢ ᠪᠠᠷ ᠲᠣᠭᠲᠠᠭᠠᠭᠰᠠᠨ ᠪᠠᠶᠠᠷ ᠤᠨ ᠡᠳᠦᠷ ᠠᠮᠠᠷᠠᠯᠲᠠ ᠶᠢᠨ ᠡᠳᠦᠷ ᠡᠭᠦᠨ ᠳᠤ ᠪᠠᠭᠲᠠᠬᠤ ᠦᠭᠡᠢ᠃      ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠲᠤᠰ ᠪᠠᠶᠢᠭᠤᠯᠭ᠎ᠠ  ᠨᠢ ᠬᠤᠯᠪᠣᠭᠳᠠᠯ ᠪᠦᠬᠦᠢ ᠲᠣᠭᠲᠠᠭᠠᠯ ᠢ ᠵᠥᠷᠢᠴᠡᠵᠦ᠂ ᠬᠠᠤᠯᠢ ᠶᠣᠰᠣᠨ ᠤ ᠡᠷᠬᠡ ᠠᠰᠢᠭ ᠲᠤ ᠬᠠᠯᠳᠠᠭᠰᠠᠨ ᠭᠡᠵᠦ ᠦᠵᠡᠪᠡᠯ᠂ ᠬᠠᠤᠯᠢ ᠶᠣᠰᠣᠭᠠᠷ ᠵᠠᠰᠠᠭ ᠵᠠᠬᠢᠷᠭᠠᠨ ᠢᠶᠠᠷ ᠳᠠᠬᠢᠨ ᠵᠥᠪᠯᠡᠭᠦᠯᠬᠦ ᠪᠠᠷ ᠭᠤᠶᠤᠴᠢᠯᠠᠬᠤ ᠪᠤᠶᠤ ᠵᠠᠰᠠᠭ ᠵᠠᠬᠢᠷᠭᠠᠨ ᠤ ᠵᠠᠷᠭᠤ ᠬᠢᠵᠦ ᠪᠣᠯᠤᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号