ᠪᠦᠯᠭᠦᠮᠳᠠᠯ ᠨᠦᠭᠦᠷᠯᠠᠯ ᠤᠷᠤᠭᠰᠢᠯᠠᠯᠳᠠ ᠳᠠᠪᠰᠢᠯᠳᠠ ᠢᠶᠠᠷ ᠠᠶᠢᠵᠢᠮᠯᠠᠭᠰᠠᠨ ᠳᠠᠯ᠎ᠠ ᠨᠤᠳᠤᠭ ᠤᠨ ᠦᠨᠳᠦᠰᠦᠳᠠᠨ ᠤ ᠶᠡᠭᠡ ᠨᠠᠶᠢᠷ
ᠨᠡᠶᠢᠲᠡᠯᠡᠭᠰᠡᠨ ᠴᠠᠭ᠄
2019/11/6
    ᠭᠦᠭᠡ ᠬᠠᠳᠠᠭ ᠤᠨ ᠨᠠᠮᠢᠷᠠᠭ᠎ᠠ ᠲᠠᠢ ᠪᠤᠶᠢᠷ ᠭᠦᠯᠦᠨ ᠤ ᠨᠤᠳᠤᠭ ᠲᠤ ᠳᠦᠷᠪᠡᠨ ᠵᠦᠭ ᠨᠠᠢᠮᠠᠨ ᠵᠤᠪᠭᠢᠰ ᠤᠨ ᠦᠨᠳᠦᠰᠦᠳᠠᠨ ᠶᠠᠰᠤᠳᠠᠨ ᠬᠤᠷᠠᠨ ᠴᠤᠭᠯᠠᠷᠠᠵᠤ᠂ ᠳᠦᠷᠪᠡᠨ ᠵᠢᠯ ᠳᠤ ᠨᠢᠭᠡ ᠪᠤᠯᠳᠠᠭ ᠦᠪᠡᠷᠳᠡᠭᠡᠨ ᠵᠠᠰᠠᠬᠤ ᠤᠷᠤᠨ ᠤ ᠦᠨᠳᠦᠰᠦᠳᠠᠨ ᠤ ᠤᠯᠠᠮᠵᠢᠯᠠᠯᠳᠦ ᠪᠠᠶ᠎ᠠ ᠶᠢᠨ ᠳᠠᠮᠢᠷ ᠤᠨ ᠴᠤᠭᠯᠠᠭᠠᠨ ᠤ ᠶᠢᠰᠦᠳᠦᠬᠡᠷ ᠬᠤᠭᠤᠴᠠᠭ᠎ᠠ ᠪᠠᠨ ᠤᠭᠳᠤᠨ ᠠᠪᠴᠠᠢ᠃ ᠳᠦᠷᠪᠡᠨ ᠡᠳᠦᠷ ᠤᠨ ᠬᠤᠭᠤᠴᠠᠭᠠᠨ ᠳᠤ᠂ ᠦᠨᠳᠦᠰᠦᠳᠠᠨ ᠤ ᠳᠠᠮᠢᠷ ᠤᠨ ᠴᠤᠭᠯᠠᠭᠠᠨ ᠤ 14 ᠶᠡᠭᠡ ᠳᠦᠷᠦᠯ ᠤᠨ ᠦᠷᠢᠰᠦᠯᠳᠦᠭᠡᠨ ᠤ ᠳᠦᠷᠦᠯ ᠵᠦᠢᠯ ᠪᠠ 3 ᠳᠦᠷᠦᠯ ᠤᠨ ᠦᠵᠡᠭᠦᠯᠦᠯᠭᠡ ᠶᠢᠨ ᠳᠤᠭᠯᠠᠯᠳᠠ ᠠᠮᠵᠢᠯᠳᠠᠳᠠᠢ ᠰᠠᠶᠢᠬᠠᠨ ᠶᠠᠪᠤᠭᠳᠠᠵᠤ᠂ ᠪᠦᠭᠦ ᠤᠷᠤᠨ ᠤ 2500 ᠭᠠᠷᠤᠢ ᠳᠠᠮᠢᠷᠴᠢᠨ᠂ ᠳᠠᠰᠬᠠᠯᠵᠢᠭᠤᠯᠤᠭᠴᠢ᠂ ᠭᠢᠨᠠᠭᠴᠢ ᠪᠠ ᠠᠵᠢᠯᠳᠠᠨ ᠤᠷᠤᠯᠴᠠᠭᠰᠠᠨ ᠢᠶᠠᠷ ᠢᠶᠠᠨ ᠦᠪᠡᠷᠳᠡᠭᠡᠨ ᠵᠠᠰᠠᠬᠤ ᠤᠷᠤᠨ ᠤ ᠳᠠᠤᠭᠡᠨ ᠳᠡᠭᠡᠷᠡᠭᠢ ᠭᠡᠪᠴᠢᠶ᠎ᠠ ᠪᠠᠷ ᠬᠠᠮᠤᠭ ᠤᠨ ᠶᠡᠭᠡ᠂ ᠤᠷᠤᠯᠳᠤᠭᠠᠨ ᠳᠤ ᠤᠷᠤᠯᠴᠠᠭᠰᠠᠠ ᠭᠦᠮᠦᠨ ᠤ ᠳᠤᠭ᠎ᠠ ᠬᠠᠮᠤᠭ ᠤᠨ ᠤᠯᠠᠨ ᠨᠢᠭᠡ ᠬᠤᠭᠤᠴᠠᠭᠠᠨ ᠤ ᠪᠠᠶ᠎ᠠ ᠶᠢᠨ ᠳᠠᠮᠢᠷ ᠤᠨ ᠦᠪᠡᠳᠡᠭᠰᠢ ᠨᠠᠶᠢᠷ ᠪᠤᠯᠵᠠᠢ᠃
            ᠡᠬᠢᠯᠡᠯᠳᠡ ᠶᠢᠨ ᠶᠤᠰᠤᠯᠠᠯ     ︽ᠦᠵᠡᠰᠭᠦᠯᠡᠩᠳᠦ ᠰᠠᠶᠢᠬᠠᠨ ᠳᠠᠯ᠎ᠠ ᠨᠤᠳᠤᠭ ᠲᠤ ᠴᠤᠭᠯᠠᠷᠠᠨ᠂ ᠦᠨᠳᠦᠰᠦᠳᠠᠨ ᠤ ᠦᠪᠡᠳᠡᠭᠰᠢ ᠨᠠᠶᠢᠷ ᠢᠶᠠᠨ ᠬᠠᠮᠳᠤᠪᠡᠷ ᠪᠡᠯᠭᠡᠯᠡᠨ᠎ᠠ︾ ᠭᠡᠭᠦ ᠲᠤᠰ ᠬᠤᠭᠤᠴᠠᠭᠠᠨ ᠤ ᠴᠤᠭᠯᠠᠭᠠᠨ ᠤ ᠭᠤᠤᠯ ᠰᠠᠳᠦᠪ ᠢᠶᠠᠷ ᠴᠦᠭᠡᠨ ᠳᠤᠭᠠᠳᠦ ᠦᠨᠳᠦᠰᠦᠳᠠᠨ ᠤ ᠤᠯᠠᠮᠵᠢᠯᠠᠯᠳᠦ ᠪᠡᠶ᠎ᠠ ᠶᠢᠨ ᠳᠠᠮᠢᠷ ᠤᠨ ᠴᠤᠭᠯᠠᠭᠠᠨ ᠤ ᠰᠤᠶᠤᠯ ᠤᠨ ᠠᠭᠤᠯᠤᠬᠳᠠᠬᠤᠨ ᠢ ᠦᠯᠡᠮᠵᠢ ᠴᠢᠬᠤᠯᠠᠴᠢᠯᠠᠬᠤ ᠶᠢ ᠰᠠᠨᠠᠭᠠᠴᠢᠯᠠᠭᠰᠠᠨ ᠪᠠᠶᠢᠳᠠᠭ᠃
            ᠮᠤᠩᠭᠤᠯ ᠬᠤᠪᠴᠠᠰᠦ ᠵᠠᠰᠠᠯ ᠤᠨ ᠦᠵᠡᠭᠦᠯᠦᠯᠭᠡ ᠶᠢᠨ ᠤᠷᠤᠯᠳᠤᠭᠠᠨ     ᠡᠷ᠎ᠠ ᠶᠢᠨ ᠭᠤᠷᠪᠠᠨ ᠨᠠᠭᠠᠳᠤᠮ᠂ ᠳᠤᠮᠳᠠᠳᠤ ᠮᠠᠶᠢᠭ ᠤᠨ ᠪᠦᠭᠡ᠂ ᠮᠤᠷᠢᠨ ᠮᠡᠷᠭᠡᠵᠢᠯ᠂ ᠳᠡᠮᠡᠭᠡ ᠤᠷᠤᠯᠳᠤᠬᠤ ᠵᠡᠷᠭᠡ ᠤᠷᠤᠯᠳᠤᠭᠠᠨ ᠤ ᠲᠦᠷᠦᠯ ᠤᠨ ᠳᠠᠯᠠᠪᠠᠢ ᠳᠡᠭᠡᠷ᠎ᠠ ᠦᠨᠳᠦᠰᠦᠳᠠᠨ ᠤ ᠤᠯᠠᠮᠵᠢᠯᠠᠯᠳᠦ ᠪᠡᠶ᠎ᠠ ᠶᠢᠨ ᠳᠠᠮᠢᠷ ᠤᠨ ᠤᠷ᠎ᠠ ᠮᠡᠷᠭᠡᠵᠢᠯ ᠢ ᠭᠠᠶᠢᠬᠠᠭᠤᠯᠤᠨ ᠰᠤᠶᠤᠯ ᠤᠨ ᠦᠨᠡᠳᠦ ᠦᠪ ᠢ ᠳᠡᠯᠭᠡᠷᠡᠭᠦᠯᠦᠨ ᠭᠦᠭᠵᠢᠭᠦᠯᠬᠦ ᠶᠢ ᠵᠤᠷᠢᠭᠰᠠᠨ ᠪᠤᠯ ᠴᠦ᠋ ᠪᠤᠯᠢᠶᠠᠯᠳᠤᠬᠤ᠂ ᠪᠦᠯᠦᠩ ᠵᠡᠷᠭᠡ ᠳᠤᠰ ᠬᠤᠭᠤᠴᠠᠭᠠᠨ ᠤ ᠦᠨᠳᠦᠰᠦᠳᠠᠨ ᠤ ᠤᠯᠠᠮᠵᠢᠯᠠᠯᠳᠦ ᠪᠠᠶ᠎ᠠ ᠶᠢᠨ ᠳᠠᠮᠢᠷ ᠤᠨ ᠴᠤᠭᠯᠠᠭᠠᠨ ᠳᠤ ᠰᠢᠨ᠎ᠠ ᠨᠡᠮᠡᠭᠳᠡᠭᠰᠡᠨ ᠳᠦᠷᠦᠯ ᠵᠦᠢᠯ ᠤᠳ ᠨᠢ ᠤᠷᠭᠢᠭᠳᠠᠵᠤ ᠬᠠᠶᠠᠭᠳᠠᠮᠠᠷ ᠪᠤᠯᠤᠭᠰᠠᠨ ᠦᠨᠳᠦᠰᠦᠳᠠᠨ ᠤ ᠰᠤᠶᠤᠯ ᠳᠠᠮᠢᠷ ᠤᠨ ᠦᠪ ᠤᠯᠠᠮᠵᠢᠯᠠᠯ ᠢ ᠨᠡᠬᠡᠨ ᠰᠡᠷᠬᠦᠬᠡᠬᠦ ᠪᠠᠷ ᠬᠦᠴᠦᠯᠡᠵᠤ᠂ ᠦᠵᠡᠭᠴᠢ ᠳᠦᠮᠠᠨ ᠤ ᠬᠠᠷᠠᠭ᠎ᠠ ᠶᠢ ᠪᠠᠶᠠᠰᠬᠠᠵᠤ᠂ ᠰᠤᠨᠢᠷᠬᠠᠯ ᠢ ᠳᠠᠳᠠᠵᠠᠢ᠃ ᠡᠭᠦᠨ ᠠᠴᠠ ᠭᠠᠳᠠᠨ᠎ᠠ᠂ ᠪᠤᠶᠢᠺᠤ ᠪᠦᠮᠪᠦᠭᠡ᠂ ᠳᠠᠮᠠᠭᠡᠨ ᠪᠦᠮᠪᠦᠭᠡ᠂ ᠮᠢᠷᠭᠠᠨ ᠳᠡᠷᠭᠡ ᠵᠡᠷᠭᠡ ᠦᠵᠡᠭᠦᠯᠦᠯᠭᠡ ᠶᠢᠨ ᠳᠦᠷᠦᠯ ᠵᠦᠢᠯ ᠨᠢ ᠦᠨᠳᠦᠰᠦᠳᠠᠨ ᠤ ᠤᠨᠴᠠᠯᠢᠭ ᠢ ᠨᠡᠩ ᠢᠯᠡᠭᠦᠤ ᠳᠤᠪᠤᠶᠢᠯᠠᠭᠠᠵᠤ᠂ ᠦᠨᠳᠦᠰᠦᠳᠠᠨ ᠤ ᠰᠤᠶᠤᠯ ᠳᠠᠮᠢᠷ ᠤᠨ ᠦᠪ ᠤᠯᠠᠮᠵᠢᠯᠠᠯ ᠢ ᠰᠡᠷᠭᠦᠭᠡᠨ ᠳᠡᠯᠭᠡᠷᠡᠭᠦᠯᠭᠦ ᠶᠢ ᠵᠤᠷᠢᠭᠰᠠᠨ ᠪᠠᠶᠢᠯ᠎ᠠ᠃ 3 ᠡᠳᠦᠷ ᠤᠨ ᠤᠷᠤᠯᠳᠤᠭᠠᠨ ᠳᠤ᠂ ᠡᠯ᠎ᠠ ᠦᠨᠳᠦᠰᠦᠳᠠᠨ ᠤ ᠳᠠᠮᠢᠷᠴᠢᠳ ᠦᠪᠡᠷᠰᠡᠳ ᠤᠨ ᠦᠨᠳᠦᠷ ᠮᠡᠷᠭᠡᠵᠢᠯ ᠤᠨ ᠦᠷᠢᠰᠦᠯᠳᠦᠭᠡᠨ᠂ ᠭᠤᠶᠢᠳᠠ ᠰᠠᠶᠢᠬᠠᠨ ᠳᠤᠭᠯᠠᠯᠳᠠ ᠪᠠᠷ ᠢᠶᠠᠨ ᠦᠨᠳᠦᠰᠦᠳᠠᠨ ᠤ ᠪᠡᠶ᠎ᠠ ᠶᠢᠨ ᠳᠠᠮᠢᠷ ᠤᠨ ᠦᠪᠡᠷᠮᠢᠴᠠ ᠤᠨᠴᠠᠯᠢᠭ ᠢ ᠭᠦᠢᠴᠠᠳ ᠪᠠᠳᠠᠷᠠᠭᠤᠯᠤᠨ᠂ ᠦᠨᠳᠦᠰᠦᠳᠠᠨ ᠤ ᠳᠠᠮᠢᠷ ᠤᠷᠠᠯᠢᠭ ᠤᠨ ᠰᠤᠳᠤᠨ ᠰᠠᠶᠢᠬᠠᠨ ᠢ ᠳᠠᠯᠭᠡᠨ ᠦᠵᠡᠭᠦᠯᠵᠤ᠂ ᠤᠷᠤᠯᠳᠤᠭᠠᠨ ᠤ ᠳᠠᠯᠠᠪᠠᠢ ᠳᠡᠭᠡᠷ᠎ᠠ ᠪᠦᠯᠭᠦᠮᠳᠠᠯ ᠨᠢᠭᠳᠠᠷᠠᠯ᠂ ᠨᠦᠭᠦᠷᠯᠡᠯ ᠬᠠᠶᠢᠷ᠎ᠠ ᠶᠢᠨ ᠤᠴᠢᠷᠳᠠᠢ ᠰᠠᠶᠢᠬᠠᠨ ᠦᠯᠢᠭᠡᠷ ᠢᠶᠠᠷ ᠳᠤᠷᠠᠳᠬᠠᠯ ᠭᠡᠯᠭᠢᠵᠤ᠂ ᠪᠦᠭᠦ ᠤᠷᠤᠨ ᠤ ᠤᠯᠠᠨ ᠳᠦᠮᠠᠨᠴᠢ ᠪᠠᠶ᠎ᠠ ᠴᠢᠭᠢᠷᠠᠭᠵᠢᠯ ᠤᠨ ᠭᠤ ᠤᠠ᠋ ᠳᠦᠷᠭᠦ ᠶᠢ ᠤᠬᠠᠭᠤᠯᠤᠨ ᠳᠡᠯᠭᠡᠷᠡᠭᠦᠯᠦᠭᠰᠡᠨ ᠪᠠᠶᠢᠨ᠎ᠠ᠃
          7 ᠠᠯᠳᠠᠨ ᠮᠧᠳᠠᠯ ᠤᠨ ᠡᠵᠡᠨ ᠴᠤᠯᠮᠤᠨᠴᠡᠴᠡᠭ     ᠁ 7 ᠠᠯᠳᠠ ᠪᠠᠷ ᠡᠩᠭᠡᠷ ᠢᠶᠠᠨ ᠮᠢᠯᠢᠶᠠᠯᠭᠠᠭᠰᠠᠨ ᠮᠠᠯᠴᠢᠨ ᠪᠦᠰᠡᠭᠦᠢ ᠴᠤᠯᠮᠤᠨᠴᠢᠮᠡᠭ᠂ ᠳᠠᠪᠢᠨ ᠨᠠᠰᠤᠨ ᠤ ᠳᠠᠪᠠᠭ᠎ᠠ ᠳᠠᠭᠠᠨ ᠦᠨᠳᠦᠰᠦᠳᠠᠨ ᠤ ᠪᠠᠶ᠎ᠠ ᠶᠢᠨ ᠳᠠᠮᠢᠷ ᠤᠨ ᠴᠤᠭᠯᠠᠭᠠᠨ ᠤ ᠠᠩᠬᠠᠨ ᠤ ᠠᠯᠳᠠ ᠶᠢ ᠡᠪᠤᠷᠳᠦᠯᠡᠭᠰᠡᠨ ᠴᠤᠯᠮᠤᠨ᠂ ᠬᠤᠪᠢ ᠬᠦᠮᠦᠨ ᠤ ᠡᠮᠦᠨ᠎ᠠ ᠭᠤᠷᠪᠠᠨ ᠨᠡᠷ᠎ᠠ ᠪᠠ ᠨᠢᠭᠡᠴᠡ ᠶᠢᠨ ᠮᠠᠩᠯᠠᠢ ᠶᠢ ᠬᠠᠮᠤᠷᠤᠭᠰᠠᠨ ᠰᠢᠯᠢ ᠶᠢᠨ ᠭᠤᠤᠯ ᠠᠶᠢᠮᠠᠭ ᠤᠨ ᠪᠦᠭᠡ ᠶᠢᠨ ᠠᠩᠭᠢ ᠁ ᠭᠡᠳ ᠦᠨᠳᠦᠰᠦᠳᠠᠨ ᠤ ᠪᠠᠶ᠎ᠠ ᠶᠢᠨ ᠳᠠᠮᠢᠷ ᠤᠨ ᠴᠤᠭᠯᠠᠭᠠᠨ ᠢᠶᠠᠷ ᠭᠦᠰᠡᠯ ᠵᠡᠭᠦᠳᠦ ᠪᠠᠨ ᠪᠡᠶᠡᠯᠡᠭᠦᠯᠦᠭᠰᠡᠨ ᠭᠦᠴᠦᠷᠭᠡᠭᠴᠤᠤᠯ ᠨᠢ ᠦᠨᠳᠦᠰᠦᠳᠠᠨ ᠤ ᠳᠠᠮᠢᠷ ᠤᠨ ᠴᠤᠭᠯᠠᠭᠠᠨ ᠤ ᠠᠯᠳᠠᠨ ᠬᠠᠭᠤᠳᠠᠰᠤᠨ ᠳᠤ ᠠᠯᠳᠠᠷ ᠨᠡᠷ᠎ᠠ ᠪᠠᠨ ᠲᠤᠷᠠᠶᠢᠯᠭᠠᠵᠤ᠂ ᠪᠢᠳᠠ ᠪᠦᠭᠦᠨ ᠳᠤ ᠠᠯᠢ ᠤᠯᠠᠨ ᠰᠠᠭᠤᠭᠳᠠᠯ ᠲᠠᠢ ᠰᠠᠶᠢᠬᠠᠨ ᠮᠦᠴᠠ ᠶᠢ ᠦᠯᠡᠳᠡᠬᠡᠵᠤ ᠦᠭᠭᠦᠭᠰᠡᠨ ᠶᠤᠮ᠃
            ᠮᠤᠩᠭᠤᠯ ᠪᠦᠬᠡ ᠶᠢᠨ ᠪᠠᠷᠢᠯᠳᠤᠭᠠᠨ     ᠤᠷᠤᠰᠢᠨ ᠰᠠᠭᠤᠬᠤ ᠳᠤ ᠳᠠᠭᠠᠯᠠᠮᠵᠢᠳᠠᠢ᠂ ᠠᠮᠢᠳᠤᠷᠠᠨ ᠰᠠᠭᠤᠭᠠᠳ ᠪᠠᠶᠢᠮᠠᠷ ᠰᠠᠶᠢᠬᠠᠨ ᠭᠦᠯᠦᠨ ᠪᠤᠶᠢᠷ ᠤᠨ ᠳᠠᠯ᠎ᠠ ᠨᠤᠳᠤᠭ ᠨᠢ ᠲᠤᠰ ᠴᠤᠭᠯᠠᠭᠠᠨ ᠢᠶᠠᠷ ᠬᠦᠷᠦᠯᠴᠡᠨ ᠢᠷᠡᠭᠰᠡᠨ ᠭᠡᠶᠢᠴᠢᠨ ᠵᠤᠴᠢᠳ ᠲᠠᠭᠠᠨ ᠮᠠᠷᠳᠠᠭᠳᠠᠰᠢ ᠦᠭᠡᠢ ᠰᠠᠭᠤᠭᠳᠠᠯ ᠦᠯᠡᠳᠡᠭᠡᠵᠠᠢ᠃ ᠠᠭᠤᠵᠢᠭᠤ ᠰᠠᠶᠢᠬᠠᠨ ᠬᠤᠳᠠ ᠶᠢᠨ ᠤᠷᠴᠢᠨ᠂ ᠰᠠᠷᠢᠭᠦᠨ ᠳᠤᠩᠭᠠᠯᠠᠭ ᠠᠭᠤᠷ ᠠᠮᠢᠰᠬᠤᠯ᠂ ᠬᠠᠯᠠᠭᠤᠮᠰᠤᠭ ᠳᠤᠯᠠᠭᠠᠬᠠᠨ ᠤᠪᠤᠷ ᠦᠢᠯᠡᠴᠢᠯᠡᠭᠡ ᠁ ᠠᠯᠢ ᠰᠠᠶᠢᠨ ᠰᠠᠶᠢᠬᠠᠨ ᠪᠦᠭᠦᠨ ᠢᠶᠠᠨ ᠳᠠᠯᠭᠡᠭᠰᠡᠨ ᠬᠠᠶᠢᠯᠠᠷ ᠬᠤᠳᠠ ᠨᠢ ᠦᠨᠳᠦᠰᠦᠳᠠᠨ ᠤ ᠪᠠᠶ᠎ᠠ ᠶᠢᠨ ᠳᠠᠮᠢᠷ ᠤᠨ ᠴᠤᠭᠯᠠᠭᠠᠨ ᠢᠶᠠᠷ ᠦᠪᠡᠷ ᠢ ᠪᠠᠨ ᠭᠦᠢᠴᠡᠳ ᠰᠠᠶᠢᠬᠠᠨ ᠤᠬᠠᠭᠤᠯᠤᠨ ᠰᠤᠷᠳᠠᠯᠴᠢᠯᠠᠵᠤ᠂ ᠦᠨᠳᠦᠰᠦᠳᠠᠨ ᠤ ᠪᠠᠶ᠎ᠠ ᠶᠢᠨ ᠳᠠᠮᠢᠷ ᠤᠨ ᠴᠤᠭᠯᠠᠭᠠᠨ ᠢᠶᠠᠷ ᠨᠡᠩ ᠤᠯᠠᠨ ᠭᠦᠮᠦᠨ ᠵᠤᠨ ᠳᠤ ᠳᠠᠨᠢᠭᠳᠠᠨ ᠱᠠᠭᠰᠢᠭᠳᠠᠵᠠᠢ᠃ ᠦᠨᠳᠦᠰᠦᠳᠠᠨ ᠤ ᠪᠠᠶ᠎ᠠ ᠶᠢᠨ ᠳᠠᠮᠢᠷ ᠤᠨ ᠴᠤᠭᠯᠠᠭᠠᠨ ᠴᠤ ᠬᠠᠶᠢᠯᠠᠷ ᠬᠤᠳᠠ ᠶᠢᠨ ᠭᠦᠮᠦᠨ ᠵᠤᠨ ᠤ ᠳᠡᠨᠢᠭᠦᠨ ᠳᠠᠪᠠᠳᠠᠢ᠂ ᠦᠶᠦᠭᠰᠢᠭᠦᠨ ᠰᠡᠳᠭᠢᠯ ᠳᠤᠨᠢ ᠦᠪᠡᠳᠡᠭᠰᠢ ᠶᠡᠭᠡ ᠂ ᠦᠵᠡᠮᠤᠷᠢ ᠭᠤᠶᠢᠳᠠ ᠦᠨᠳᠦᠷᠯᠡᠵᠤ᠂ ᠠᠷᠪᠠᠳᠤᠭᠠᠷ ᠬᠤᠭᠤᠴᠠᠭᠠᠨ ᠤ ᠡᠷᠭᠢᠯᠡᠨ ᠭᠢᠭᠦ ᠭᠠᠵᠠᠷ ᠤᠯᠠᠭᠠᠨᠴᠠᠪ ᠬᠤᠳᠠ ᠳᠤ ᠠᠮᠵᠢᠯᠳᠠᠳᠠᠢ ᠪᠠᠷ ᠪᠤᠤᠭᠢᠶ᠎ᠠ ᠳᠠᠮᠵᠢᠭᠤᠯᠤᠭᠰᠠᠨ ᠶᠤᠮ᠃
            ᠪᠢᠯᠠᠭᠤ ᠶᠢᠨ ᠤᠷᠤᠯᠳᠤᠭᠠᠨ
           ᠪᠤᠶᠢᠺᠦ ᠪᠦᠮᠪᠦᠭᠡ ᠶᠢᠨ ᠦᠵᠡᠭᠦᠯᠦᠯᠭᠡ ᠶᠢᠨ ᠤᠷᠤᠯᠳᠤᠭᠠᠨ
           ᠮᠤᠷᠢᠨ ᠮᠡᠷᠭᠡᠵᠢᠯ ᠤᠨ ᠤᠷᠤᠯᠳᠤᠭᠠᠨ
            ᠲᠡᠮᠡᠭᠡᠨ ᠤ ᠤᠷᠤᠯᠳᠤᠭᠠᠨ
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号