ᠪᠦᠬᠦ ᠣᠯᠣᠰ ᠤᠨ ᠴᠦᠬᠡᠨ ᠳᠣᠭᠠᠳᠣ ᠦᠨᠳᠦᠰᠦᠳᠡᠨ ᠤ ᠤᠯᠠᠮᠵᠢᠯᠠᠯᠳᠣ ᠪᠡᠶ᠎ᠡ ᠶᠢᠨ ᠳᠠᠮᠢᠷ ᠤᠨ ᠴᠣᠭᠯᠠᠭᠠᠨ ᠤ ᠵᠣᠬᠢᠶᠠᠨ ᠪᠠᠶᠢᠭᠤᠯᠣᠯᠳᠠ ᠬᠠᠮᠢᠶᠠᠷᠣᠯᠳᠠ ᠶᠢᠨ ᠠᠷᠭ᠎ᠠ
ᠨᠡᠶᠢᠲᠡᠯᠡᠭᠰᠡᠨ ᠴᠠᠭ᠄
2019/2/18
ᠣᠯᠣᠰ ᠤᠨ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠶᠢᠨ ︽ᠪᠦᠬᠦ ᠣᠯᠣᠰ ᠤᠨ ᠴᠦᠬᠡᠨ ᠳᠣᠭᠠᠳᠣ ᠦᠨᠳᠦᠰᠦᠳᠡᠨ ᠤ ᠤᠯᠠᠮᠵᠢᠯᠠᠯᠳᠣ ᠪᠡᠶ᠎ᠡ ᠶᠢᠨ ᠳᠠᠮᠢᠷ ᠤᠨ ᠴᠣᠭᠯᠠᠭᠠᠨ ᠤ ᠵᠣᠬᠢᠶᠠᠨ ᠪᠠᠶᠢᠭᠤᠯᠣᠯᠳᠠ  ᠬᠠᠮᠢᠶᠠᠷᠣᠯᠳᠠ ᠶᠢᠨ ᠠᠷᠭ᠎ᠠ︾ ᠶᠢ ᠳᠠᠷᠣᠮᠯᠠᠨ ᠳᠠᠷᠬᠠᠭᠠᠬᠤ ᠳᠣᠬᠠᠢ ᠮᠡᠳᠡᠭᠳᠡᠯᠡᠯ᠎ᠡ ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠡ ᠬᠤᠳᠠ ᠪᠣᠯᠣᠨ ᠰᠢᠨᠵᠢᠶᠠᠩ ᠤᠨ ᠦᠢᠯᠡᠳᠪᠦᠷᠢᠯᠠᠯ  ᠪᠦᠳᠦᠭᠡᠨ  ᠪᠦᠳᠦᠬᠡᠨ  ᠪᠠᠶᠢᠭᠤᠯᠣᠯᠳᠠ ᠶᠢᠨ  ᠪᠢᠩᠲ᠋ᠣᠸᠠᠨ  ᠤ  ᠬᠡᠷᠡᠭ  ᠡᠷᠬᠢᠯᠡᠬᠦ  ᠵᠦᠪᠯᠡᠯ  ︵ ᠳᠢᠩᠬᠢᠮ᠂ ᠳᠣᠪᠴᠢᠶ᠎ᠠ︶᠂ ᠪᠡᠶ᠎ᠡ ᠶᠢᠨ ᠳᠠᠮᠢᠷ ᠤᠨ ᠲᠣᠪᠴᠢᠶ᠎ᠠ᠄     ᠡᠳᠦᠬᠡ  ︽ᠪᠦᠬᠦ ᠣᠯᠣᠰ ᠤᠨ ᠴᠦᠬᠡᠨ ᠳᠣᠭᠠᠳᠣ ᠦᠨᠳᠦᠰᠦᠳᠡᠨ ᠤ ᠤᠯᠠᠮᠵᠢᠯᠠᠯᠳᠣ ᠪᠡᠶ᠎ᠡ ᠶᠢᠨ ᠳᠠᠮᠢᠷ ᠤᠨ ᠴᠣᠭᠯᠠᠭᠠᠨ ᠤ ᠵᠣᠬᠢᠶᠠᠨ ᠪᠠᠶᠢᠭᠤᠯᠣᠯᠳᠠ  ᠬᠠᠮᠢᠶᠠᠷᠣᠯᠳᠠ ᠶᠢᠨ ᠠᠷᠭ᠎ᠠ︾ ᠶᠢ  ᠲᠠ ᠨᠠᠷ ᠲᠤ ᠳᠠᠷᠣᠮᠠᠯᠯᠠᠨ ᠳᠠᠷᠬᠠᠭᠠᠪᠠ᠃ ᠵᠢᠷᠣᠮᠯᠠᠨ ᠬᠡᠷᠡᠭᠵᠢᠬᠦᠯᠬᠦ ᠪᠣᠯᠪᠠᠤ︕                                                                  ᠣᠯᠣᠰ ᠤᠨ ᠬᠡᠷᠡᠭ ᠡᠷᠬᠢᠯᠡᠬᠦ ᠵᠦᠪᠯᠡᠯ                                  ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ                                         2018 ᠣᠨ ᠤ 5 ᠰᠠᠷ᠎ᠠ ᠶᠢᠨ 29 ᠤ ᠡᠳᠦᠷᠳᠠᠭᠠᠯᠳᠣᠭᠤᠯᠣᠯ᠄ ︽ᠪᠦᠬᠦ ᠣᠯᠣᠰ ᠤᠨ ᠴᠦᠬᠡᠨ ᠳᠣᠭᠠᠳᠣ ᠦᠨᠳᠦᠰᠦᠳᠡᠨ ᠤ ᠤᠯᠠᠮᠵᠢᠯᠠᠯᠳᠣ ᠪᠡᠶ᠎ᠡ ᠶᠢᠨ ᠳᠠᠮᠢᠷ ᠤᠨ ᠴᠣᠭᠯᠠᠭᠠᠨ ᠤ ᠵᠣᠬᠢᠶᠠᠨ ᠪᠠᠶᠢᠭᠤᠯᠣᠯᠳᠠ  ᠬᠠᠮᠢᠶᠠᠷᠣᠯᠳᠠ ᠶᠢᠨ ᠠᠷᠭ᠎ᠠ︾         ᠪᠦᠬᠦ ᠣᠯᠣᠰ ᠤᠨ ᠴᠦᠬᠡᠨ ᠳᠣᠭᠠᠳᠣ ᠦᠨᠳᠦᠰᠦᠳᠡᠨ ᠤ ᠤᠯᠠᠮᠵᠢᠯᠠᠯᠳᠣ ᠪᠡᠶ᠎ᠡ ᠶᠢᠨ         ᠳᠠᠮᠢᠷ ᠤᠨ ᠴᠣᠭᠯᠠᠭᠠᠨ ᠤ ᠵᠣᠬᠢᠶᠠᠨ ᠪᠠᠶᠢᠭᠤᠯᠣᠯᠳᠠ ᠬᠠᠮᠢᠶᠠᠷᠣᠯᠳᠠ ᠶᠢᠨ ᠠᠷᠭ᠎ᠠ          ᠨᠢᠬᠡᠳᠦᠬᠡᠷ ᠪᠦᠯᠦᠭ   ᠶᠡᠷᠦᠩᠬᠡᠢ ᠳᠦᠷᠢᠮ     ᠨᠢᠬᠡᠳᠦᠬᠡᠷ ᠵᠣᠷᠪᠣᠰ  ᠪᠦᠬᠦ ᠣᠯᠣᠰ ᠤᠨ ᠴᠦᠬᠡᠨ ᠳᠣᠭᠠᠳᠣ ᠦᠨᠳᠦᠰᠦᠳᠡᠨ ᠤ ᠤᠯᠠᠮᠵᠢᠯᠠᠯᠳᠣ ᠪᠡᠶ᠎ᠡ ᠶᠢᠨ ᠳᠠᠮᠢᠷ ᠤᠨ  ᠴᠣᠭᠯᠠᠭᠠᠨ ᠤ ᠵᠣᠬᠢᠶᠠᠨ ᠪᠠᠶᠢᠭᠤᠯᠣᠯᠳᠠ ᠶᠢᠨ  ᠠᠵᠢᠯ ᠢ ᠤᠯᠠᠮ ᠨᠢᠬᠡ ᠠᠯᠬᠤᠮ ᠳᠦᠷᠢᠮᠵᠢᠬᠦᠯᠵᠣ᠂ ᠬᠠᠮᠢᠶᠠᠷᠣᠯᠳᠠ ᠶᠢᠨ ᠳᠦᠪᠰᠢᠨ ᠢᠶᠠᠨ ᠳᠡᠬᠡᠭᠰᠢᠯᠡᠬᠦᠯᠬᠦ  ᠶᠢᠨ ᠳᠣᠯᠠᠳᠠ᠂ ︽ᠪᠦᠬᠦᠳᠠ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠪᠡᠶ᠎ᠡ ᠶᠢᠨ ᠳᠠᠮᠢᠷ ᠤᠨ ᠬᠠᠤᠯᠢ︾ ᠪᠠ ︽ᠳᠦᠷᠦ ᠶᠢᠨ ᠶᠠᠪᠣᠳᠠᠯ ᠤᠨ ᠬᠤᠷᠢᠶᠠᠠ ᠤ ᠬᠡᠷᠡᠭᠵᠢᠬᠦᠯᠦᠭᠰᠡᠨ ︿ᠪᠦᠬᠦᠳᠠ ᠨᠠᠶᠢᠷᠠᠮᠳᠠᠬᠤ ᠳᠣᠮᠳᠠᠳᠣ ᠠᠷᠠᠳ ᠣᠯᠣᠰ ᠤᠨ  ᠦᠨᠳᠦᠰᠦᠳᠡᠨ ᠤ ᠣᠷᠣᠨ ᠨᠣᠳᠤᠭ ᠤᠨ ᠦᠪᠡᠷᠳᠡᠬᠡᠨ ᠵᠠᠰᠠᠬᠤ ᠬᠠᠤᠯᠢ﹀ ᠶᠢᠨ ᠳᠣᠭᠳᠠᠭᠠᠯ︾ ᠢ ᠦᠨᠳᠦᠰᠦᠯᠡᠨ᠂ ᠳᠣᠰ ᠠᠷᠭ᠎ᠠ ᠶᠢ ᠳᠣᠭᠳᠠᠭᠠᠭᠰᠠᠨ ᠪᠠᠶᠢᠨ᠎ᠠ᠃     ᠬᠤᠶᠠᠳᠣᠭᠠᠷ ᠵᠣᠷᠪᠣᠰ᠂  ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠢ ᠣᠯᠣᠰ ᠤᠨ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠠᠴᠠ ᠭᠤᠣᠯᠯᠠᠨ ᠡᠷᠬᠢᠯᠡᠵᠣ᠂ ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠡ ᠬᠤᠳᠠ ᠶᠢᠨ ᠠᠷᠠᠳ ᠤᠨ ᠵᠠᠰᠠᠭ ᠤᠨ ᠣᠷᠳᠣᠨ ᠳᠠᠭᠠᠭᠠᠴᠢᠯᠠᠨ ᠡᠷᠬᠢᠯᠡᠵᠣ᠂ ᠳᠦᠷᠪᠡᠨ ᠵᠢᠯ ᠪᠣᠯᠭᠠᠨ ᠳᠤ ᠨᠢᠬᠡ ᠣᠳᠠᠭ᠎ᠠ ᠵᠣᠬᠢᠶᠠᠨ ᠪᠠᠶᠢᠭᠤᠯᠣᠨ᠎ᠠ᠃     ᠭᠤᠷᠪᠠᠳᠣᠭᠠᠷ ᠵᠣᠷᠪᠣᠰ᠂ ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ  ᠨᠢ ︽ᠡᠷᠬᠡ ᠳᠡᠭᠰᠢ᠂  ᠪᠦᠯᠬᠦᠮᠳᠡᠯ᠂ ᠮᠠᠷᠡᠶᠢᠨ ᠳᠡᠮᠡᠴᠡᠬᠦ᠂ ᠡᠷᠡᠯᠬᠡᠭᠯᠡᠨ ᠣᠷᠣᠭᠰᠢᠯᠠᠬᠤ︾ ᠵᠣᠷᠢᠯᠭ᠎ᠠ ᠪᠠᠷ ᠪᠦᠬᠦᠳᠠ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠦᠨᠳᠦᠰᠦᠳᠡᠨ ᠤ ᠬᠠᠮᠳᠣ ᠶᠢᠨ ᠴᠣᠭᠴᠠ ᠶᠢᠨ ᠣᠬᠠᠮᠰᠠᠷ ᠢ ᠪᠠᠬᠢᠵᠢᠬᠦᠯᠬᠦ ᠶᠢ  ᠬᠦᠷᠢᠶᠡᠯᠡᠨ᠂ ᠡᠯ᠎ᠡ ᠦᠨᠳᠦᠰᠦᠳᠡᠨ ᠤ ᠶᠠᠪᠣᠯᠴᠠᠭ᠎ᠠ ᠰᠣᠯᠢᠯᠴᠠᠭ᠎ᠠ ᠠᠭᠤᠰᠣᠯᠴᠠᠯ ᠢ ᠴᠢᠩᠭᠠᠳᠬᠠᠨ᠂ ᠦᠨᠳᠦᠰᠦᠳᠡᠨ ᠤ ᠪᠦᠯᠬᠦᠮᠳᠡᠯ ᠳᠡᠪᠰᠢᠯᠳᠠ ᠪᠣᠯᠣᠨ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠦᠢᠯᠡᠰ ᠤᠨ ᠬᠦᠭᠵᠢᠯᠳᠡ ᠶᠢ ᠠᠬᠢᠭᠤᠯᠬᠤ ᠪᠠᠷ ᠬᠠᠷᠠᠯᠳᠠ ᠪᠣᠯᠭᠠᠵᠣ᠂ ︽ᠦᠪᠡᠷᠮᠢᠴᠠ ᠳᠣᠳᠣ ᠣᠨᠴᠠᠯᠢᠭ᠂ ᠪᠣᠳᠠᠳᠠᠢ ᠶᠢ ᠡᠷᠬᠢᠮᠯᠡᠨ ᠠᠷᠪᠢᠯᠠᠨ ᠭᠠᠮᠨᠠᠬᠤ︾ ᠴᠣᠭᠯᠠᠭᠠᠨ  ᠵᠣᠬᠢᠶᠠᠨ ᠪᠠᠶᠢᠭᠤᠯᠬᠤ ᠵᠠᠷᠴᠢᠮ ᠢ ᠪᠠᠷᠢᠮᠳᠠᠯᠠᠨ᠎ᠠ᠃     ᠳᠦᠷᠪᠡᠳᠦᠬᠡᠷ ᠵᠣᠷᠪᠣᠰ᠂ ᠭᠤᠣᠯᠯᠠᠨ ᠡᠷᠬᠢᠯᠡᠭᠰᠡᠨ  ᠪᠠᠶᠢᠭᠤᠯᠣᠯᠭ᠎ᠠ ᠪᠠ ᠳᠠᠭᠠᠭᠠᠴᠢᠯᠠᠨ ᠡᠷᠬᠢᠯᠡᠭᠰᠡᠨ ᠪᠠᠶᠢᠭᠤᠯᠣᠯᠭ᠎ᠠ ᠡᠷᠬᠡᠪᠰᠢ ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠵᠣᠬᠢᠶᠠᠨ ᠪᠠᠶᠢᠭᠤᠯᠣᠯᠳᠠ ᠬᠠᠮᠢᠶᠠᠷᠣᠯᠳᠠ ᠶᠢᠨ ᠠᠵᠢᠯ ᠤᠨ ᠭᠤᠣᠯ ᠴᠣᠭᠴᠠ ᠶᠢᠨ ᠡᠬᠦᠷᠬᠡ ᠬᠠᠷᠢᠭᠤᠴᠠᠯᠭ᠎ᠠ ᠶᠢ ᠪᠦᠬᠦ ᠲᠠᠯ᠎ᠠ ᠪᠠᠷ  ᠬᠡᠷᠡᠭᠵᠢᠬᠦᠯᠦᠨ᠂ ᠨᠠᠮ ᠤᠨ ᠰᠣᠷᠳᠠᠯ ᠴᠢᠬᠡᠴᠢ ᠵᠠᠰᠠᠭ ᠤᠨ ᠪᠠᠶᠢᠭᠤᠯᠣᠯᠳᠠ ᠪᠠ ᠢᠯᠵᠢᠷᠠᠯ ᠢ ᠡᠰᠡᠷᠬᠦᠴᠡᠬᠦ ᠠᠵᠢᠯ ᠢ ᠴᠢᠩᠭᠠᠳᠬᠠᠨ᠂ ᠠᠷᠢᠭᠤᠨ ᠴᠢᠬᠡᠴᠢ ᠪᠠᠷ ᠣᠷᠣᠯᠳᠣᠭᠠᠨ ᠬᠢᠬᠦ ᠳᠦᠷᠢᠮ ᠪᠣᠯᠣᠨ ᠳᠣᠭᠳᠠᠯᠴᠠᠭ᠎ᠠ ᠶᠢ ᠪᠠᠶᠢᠭᠤᠯᠣᠨ ᠳᠡᠬᠦᠯᠳᠡᠷᠵᠢᠬᠦᠯᠵᠣ᠂ ᠨᠠᠮ ᠤᠨ ᠰᠠᠬᠢᠯᠭ᠎ᠠ ᠨᠠᠮ ᠤᠨ ᠳᠦᠷᠢᠮ ᠪᠣᠯᠣᠨ ᠣᠯᠣᠰ ᠤᠨ ᠡᠯ᠎ᠡ ᠲᠦᠷᠦᠯ ᠤᠨ ᠬᠠᠤᠯᠢ ᠴᠠᠭᠠᠵᠠ  ᠳᠦᠷᠢᠮ ᠳᠣᠭᠳᠠᠭᠠᠯ ᠢ ᠳᠦᠪ ᠴᠢᠩᠭ᠎ᠠ ᠪᠠᠷ ᠬᠡᠷᠡᠭᠵᠢᠬᠦᠯᠦᠨ᠂ ᠪᠡᠯᠡᠳᠬᠡᠯ ᠠᠵᠢᠯ ᠤᠨ ᠠᠷᠢᠭᠤᠨ ᠴᠢᠬᠡᠴᠢ ᠦᠷ᠎ᠡ ᠪᠦᠳᠦᠮᠵᠢ ᠲᠠᠢ ᠪᠠᠶᠢᠬᠤ ᠶᠢ ᠪᠠᠳᠣᠯᠠᠨ᠎ᠠ᠃      ᠬᠤᠶᠠᠳᠣᠭᠠᠷ ᠪᠦᠯᠦᠭ   ᠵᠣᠬᠢᠶᠠᠨ ᠪᠠᠶᠢᠭᠤᠯᠣᠯᠳᠠ ᠶᠢᠨ ᠪᠠᠶᠢᠭᠤᠯᠣᠮᠵᠢ      ᠳᠠᠪᠣᠳᠣᠭᠠᠷ ᠵᠣᠷᠪᠣᠰ   ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠨᠢ ᠵᠣᠬᠢᠶᠠᠨ  ᠪᠠᠶᠢᠭᠤᠯᠬᠤ ᠺᠣᠮᠢᠰ ᠭᠠᠷᠭᠠᠨ᠎ᠠ᠃ ᠵᠣᠬᠢᠶᠠᠨ  ᠪᠠᠶᠢᠭᠤᠯᠬᠤ ᠺᠣᠮᠢᠰ ᠤᠨ ᠠᠵᠢᠯ ᠤᠨ ᠪᠠᠶᠢᠭᠤᠯᠣᠮᠵᠢ ᠨᠢ ᠡᠷᠬᠡᠪᠰᠢ ᠣᠷᠣᠯᠳᠣᠭᠠᠨ ᠦᠵᠡᠬᠦᠯᠦᠯᠬᠡ ᠶᠢᠨ ᠬᠡᠯᠳᠡᠰ᠂ ᠬᠦᠯᠢᠶᠡᠨ ᠠᠪᠣᠯᠳᠠ ᠪᠠᠳᠣᠯᠠᠭ᠎ᠠ ᠶᠢᠨ ᠬᠡᠯᠳᠡᠰ᠂ ᠰᠣᠨᠢᠨ ᠮᠡᠳᠡᠬᠡᠨ ᠤ ᠣᠬᠠᠭᠤᠯᠭ᠎ᠠ ᠶᠢᠨ ᠬᠡᠯᠳᠡᠰ᠂ ᠲᠣᠮᠣ  ᠬᠡᠯᠪᠡᠷᠢ ᠶᠢᠨ  ᠠᠵᠢᠯᠯᠠᠭ᠎ᠠ ᠶᠢᠨ ᠬᠡᠯᠳᠡᠰ ᠪᠠ ᠰᠠᠬᠢᠯᠭ᠎ᠠ ᠪᠠᠳᠣ ᠪᠠᠶᠢᠴᠠᠭᠠᠬᠤ ᠬᠡᠯᠳᠡᠰ ᠳᠣᠬᠢᠷᠠᠭᠤᠯᠤᠨ᠎ᠠ᠂ ᠪᠣᠰᠣᠳ ᠠᠵᠢᠯ ᠤᠨ ᠪᠠᠶᠢᠭᠤᠯᠣᠮᠵᠢ  ᠶᠢ ᠪᠣᠳᠠᠳᠣ ᠱᠠᠭᠠᠷᠳᠠᠯᠭ᠎ᠠ ᠪᠠᠨ ᠦᠨᠳᠦᠰᠦᠯᠡᠨ ᠭᠠᠷᠭᠠᠵᠣ᠂ ᠪᠡᠶ᠎ᠡ ᠶᠢᠨ ᠳᠠᠮᠢᠷ ᠤᠨ ᠴᠣᠭᠯᠠᠭᠠᠨ  ᠤ ᠪᠡᠯᠡᠳᠬᠡᠯ ᠠᠵᠢᠯ ᠤᠨ  ᠪᠠᠶᠢᠭᠤᠯᠣᠮᠵᠢ ᠲᠠᠢ ᠦᠨᠳᠦᠰᠦᠨ ᠳᠡᠭᠡᠨ ᠠᠮᠠ ᠰᠡᠬᠡᠷ ᠢ ᠨᠢ ᠵᠣᠯᠭᠠᠯᠴᠠᠭᠤᠯᠣᠨ᠎ᠠ᠃      ᠵᠢᠷᠭᠤᠳᠣᠭᠠᠷ ᠵᠣᠷᠪᠣᠰ  ᠵᠣᠬᠢᠶᠠᠨ ᠪᠠᠶᠢᠭᠤᠯᠬᠤ ᠺᠣᠮᠢᠰ ᠪᠣᠯᠣᠨ ᠪᠣᠰᠣᠳ ᠠᠵᠢᠯ ᠤᠨ ᠪᠠᠶᠢᠭᠤᠯᠣᠮᠵᠢ ᠶᠢ ᠭᠤᠣᠯᠯᠠᠨ‌ᠡᠷᠬᠢᠯᠡᠬᠦ ᠪᠠᠶᠢᠭᠤᠯᠣᠯᠭ᠎ᠠ ᠪᠠ ᠳᠠᠭᠠᠭᠠᠴᠢᠯᠠᠨ ᠡᠷᠬᠢᠯᠡᠬᠦ ᠪᠠᠶᠢᠭᠤᠯᠣᠯᠭ᠎ᠠ ᠶᠢᠨ ᠠᠵᠢᠯᠳᠠᠨ ᠠᠴᠠ ᠬᠠᠮᠳᠣᠷᠠᠨ  ᠪᠦᠷᠢᠯᠳᠦᠬᠦᠯᠦᠨ᠎ᠠ᠃      ᠳᠣᠯᠣᠳᠣᠭᠠᠷ ᠵᠣᠷᠪᠣᠰ   ᠡᠯ᠎ᠡ  ᠣᠷᠣᠯᠳᠣᠭᠠᠨ ᠤ ᠳᠦᠷᠦᠯ ᠵᠦᠢᠯ ᠳᠤ ᠬᠦᠨᠳᠡᠯᠡᠨ ᠠᠴᠠ ᠳᠠᠰᠣᠯᠬᠤ ᠵᠦᠪᠯᠡᠯ ᠢ ᠪᠠᠶᠢᠭᠤᠯᠣᠨ᠎ᠠ᠃      ᠭᠤᠷᠪᠠᠳᠣᠭᠠᠷ ᠪᠦᠯᠦᠭ  ᠭᠤᠣᠯᠯᠠᠨ‌ᠡᠷᠬᠢᠯᠡᠬᠦ ᠪᠠᠶᠢᠭᠤᠯᠣᠯᠭ᠎ᠠ ᠶᠢᠨ ᠡᠷᠬᠡ  ᠠᠰᠢᠭ ᠪᠠ ᠡᠬᠦᠷᠬᠡ ᠳᠣᠰᠢᠶᠡᠯ      ᠨᠠᠢᠮᠠᠳᠣᠭᠠᠷ ᠵᠣᠷᠪᠣᠰ    ᠣᠯᠣᠰ ᠤᠨ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠪᠣᠯ ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ  ᠤ ᠡᠷᠬᠡ ᠠᠰᠢᠭ ᠢ ᠡᠳ᠋ᠯᠡᠨ᠎ᠡ᠂ ᠪᠡᠶ᠎ᠡ ᠶᠢᠨ ᠳᠠᠮᠢᠷ ᠤᠨ ᠴᠣᠭᠯᠠᠭᠠᠨ  ᠲᠠᠢ ᠬᠤᠯᠪᠣᠭᠠᠳᠠᠢ ᠠᠯᠢᠪᠠ ᠡᠷᠬᠡ ᠠᠰᠢᠭ ᠢ ᠡᠳ᠋ᠯᠡᠨ᠎ᠡ᠂ ᠡᠬᠦᠨ ᠳᠤ ᠪᠡᠶ᠎ᠡ ᠶᠢᠨ ᠳᠠᠮᠢᠷ ᠤᠨ ᠴᠣᠭᠯᠠᠭᠠᠨ  ᠢ ᠵᠣᠬᠢᠶᠠᠨ ᠪᠠᠶᠢᠭᠤᠯᠬᠤ᠂ ᠠᠰᠢᠭᠯᠠᠬᠤ᠂ ᠳᠠᠮᠵᠢᠭᠤᠯᠬᠤ᠂ ᠰᠢᠩᠬᠡᠬᠡᠨ ᠦᠢᠯᠡᠳᠬᠦ᠂ ᠳᠣᠭᠠᠴᠢᠬᠤ᠂ ᠳᠠᠬᠢᠨ ᠦᠢᠯᠡᠳᠬᠦ᠂ ᠬᠦᠷᠳᠡᠬᠦ᠂ ᠳᠠᠷᠬᠠᠭᠠᠬᠤ ᠪᠦᠬᠦ ᠡᠷᠬᠡ ᠳᠤ ᠬᠢᠵᠠᠭᠠᠷᠯᠠᠭᠳᠠᠬᠤ ᠦᠬᠡᠢ ᠪᠠᠷ ᠦᠯᠦ ᠪᠠᠷᠠᠮ᠂  ᠶᠠᠮᠠᠷᠪᠠ ᠬᠡᠯᠪᠡᠷᠢ ᠶᠢᠨ᠂ ᠣᠳᠣ ᠶᠢᠨ ᠪᠠᠶᠢᠬᠤ ᠡᠰᠡᠬᠦᠯ᠎ᠡ ᠢᠷᠡᠬᠡᠳᠦᠢ ᠳᠤ ᠪᠣᠢ ᠪᠣᠯᠬᠤ ᠪᠦᠬᠦᠶᠢᠯᠡ ᠡᠷᠬᠡ ᠠᠰᠢᠭ ᠪᠠᠭᠳᠠᠨ᠎ᠠ᠃      ᠶᠢᠰᠦᠳᠦᠬᠡᠷ ᠵᠣᠷᠪᠣᠰ  ᠣᠷᠣᠯᠳᠣᠭᠠᠨ ᠤ ᠵᠣᠬᠢᠶᠠᠨ ᠪᠠᠶᠢᠭᠤᠯᠣᠯᠳᠠ ᠬᠠᠮᠢᠶᠠᠷᠣᠯᠳᠠ      ︵ᠨᠢᠬᠡ︶ ᠶᠡᠷᠦᠩᠬᠡᠢ ᠳᠦᠷᠢᠮ ᠪᠠ ᠳᠠᠩ ᠲᠦᠷᠦᠯ ᠤᠨ ᠳᠦᠷᠢᠮ ᠢ ᠭᠠᠷᠭᠠᠨ᠎ᠠ᠃      ︵ᠬᠤᠶᠠᠷ︶ ᠣᠷᠣᠯᠳᠣᠭᠠᠨ ᠤ ᠳᠦᠷᠦᠯ ᠵᠦᠢᠯ ᠤᠨ ᠳᠦᠷᠢᠮ ᠪᠠ ᠳᠠᠰᠣᠯᠣᠨ ᠳᠣᠭᠳᠠᠭᠠᠬᠤ ᠠᠷᠭ᠎ᠠ ᠶᠢ ᠳᠣᠭᠳᠠᠭᠠᠨ᠎ᠠ᠃      ︵ᠭᠤᠷᠪᠠ︶ᠣᠷᠣᠯᠳᠣᠭᠠᠨ ᠤ  ᠬᠡᠷᠡᠭᠰᠡᠯ ᠳᠦᠬᠦᠬᠡᠷᠦᠮᠵᠢ ᠶᠢᠨ ᠵᠢᠭᠰᠠᠭᠠᠯᠳᠠ ᠶᠢ  ᠭᠠᠷᠭᠠᠨ᠎ᠠ᠃      ︵ᠳᠦᠷᠪᠡ︶ ᠪᠡᠶ᠎ᠡ ᠶᠢᠨ ᠳᠠᠮᠢᠷ ᠤᠨ ᠮᠣᠷᠠᠯ ᠰᠣᠷᠳᠠᠬᠤᠨ ᠤ ᠱᠠᠩᠨᠠᠯ ᠢ ᠰᠣᠩᠭᠤᠨ ᠰᠢᠯᠭᠠᠷᠠᠭᠤᠯᠬᠤ ᠠᠷᠭ᠎ᠠ ᠪᠠ ᠣᠷᠣᠯᠳᠣᠭᠠᠨ᠂ ᠦᠵᠡᠬᠦᠯᠦᠯᠬᠡ ᠶᠢᠨ ᠰᠠᠬᠢᠯᠭ᠎ᠠ ᠪᠠᠳᠣ ᠳᠦᠷᠢᠮ ᠳᠣᠭᠳᠠᠭᠠᠯ ᠵᠢᠴᠢ ᠬᠡᠷᠡᠭᠵᠢᠬᠦᠯᠦᠯᠳᠠ ᠶᠢ ᠳᠣᠭᠳᠠᠭᠠᠬᠤ      ︵ᠳᠠᠪᠤ︶  ᠣᠷᠣᠯᠳᠣᠭᠠᠨ ᠤ ᠳᠦᠷᠦᠯ ᠵᠦᠢᠯ ᠤᠨ ᠬᠢᠨᠠᠭᠴᠢᠳ ᠤᠨ ᠳᠠᠷᠤᠭ᠎ᠠ᠂ ᠳᠡᠳ᠋  ᠳᠠᠷᠤᠭ᠎ᠠ ᠶᠢ ᠳᠣᠭᠳᠠᠭᠠᠨ᠂ ᠬᠢᠨᠠᠨ ᠰᠢᠬᠦᠬᠦ  ᠬᠢᠨᠠᠭᠴᠢᠳ ᠢᠶᠠᠨ ᠭᠠᠷᠭᠠᠵᠣ᠂ ᠳᠠᠭᠠᠭᠠᠴᠢᠯᠠᠨ ᠡᠷᠬᠢᠯᠡᠭᠰᠡᠨ ᠪᠠᠶᠢᠭᠤᠯᠣᠯᠭ᠎ᠠ ᠶᠢ ᠵᠢᠭᠠᠨ ᠵᠢᠯᠣᠭᠤᠳᠴᠣ  ᠬᠢᠨᠠᠭᠴᠢᠳ ᠲᠠᠭᠠᠨ ᠪᠣᠯᠪᠠᠰᠣᠷᠠᠯ  ᠬᠦᠷᠳᠡᠭᠡᠨ᠎ᠠ᠃      ︵ᠵᠢᠷᠭᠤᠭ᠎ᠠ︶ ᠣᠷᠣᠯᠳᠣᠭᠠᠨ ᠤ ᠳᠦᠷᠦᠯ ᠵᠦᠢᠯ ᠤᠨ ᠬᠦᠨᠳᠡᠯᠡᠨ ᠠᠴᠠ ᠳᠠᠰᠣᠯᠬᠤ ᠵᠦᠪᠯᠡᠯ ᠤᠨ ᠬᠡᠰᠢᠬᠦᠨ ᠢ ᠳᠣᠭᠳᠠᠭᠠᠨ᠎ᠠ᠃      ︵ᠳᠣᠯᠤᠭ᠎ᠠ︶ ᠳᠠᠮᠢᠷᠴᠢᠨ ᠢ  ᠪᠦᠷᠢᠳᠭᠡᠨ ᠨᠡᠷ᠎ᠡ ᠮᠡᠳᠡᠬᠦᠯᠬᠦ᠂ ᠰᠣᠯᠢᠯᠴᠠᠬᠤ ᠠᠵᠢᠯ  ᠢ ᠵᠣᠬᠢᠶᠠᠨ ᠪᠠᠶᠢᠭᠤᠯᠵᠣ ᠂ ᠳᠠᠮᠢᠷᠴᠢᠨ  ᠤ ᠣᠷᠣᠯᠳᠣᠭᠠᠨ ᠳᠤ ᠣᠷᠣᠬᠤ ᠬᠢᠷᠢ ᠬᠡᠮ  ᠢ ᠬᠢᠨᠠᠨ᠎ᠠ᠃      ︵ᠨᠠᠢᠮᠠ︶ ᠣᠷᠣᠯᠳᠣᠭᠠᠨ ᠤ ᠳᠦᠷᠦᠯ ᠵᠦᠢᠯ ᠤᠨ  ᠰᠢᠪᠠᠭ᠎ᠠ ᠳᠠᠳᠠᠬᠤ ᠠᠵᠢᠯ ᠢ ᠵᠣᠬᠢᠶᠠᠨ ᠪᠠᠶᠢᠭᠤᠯᠣᠨ᠎ᠠ᠃      ︵ᠶᠢᠰᠦ︶ᠣᠷᠣᠯᠳᠣᠭᠠᠨ ᠤ  ᠳᠠᠯᠠᠪᠣᠷ᠂  ᠬᠡᠷᠡᠭᠰᠡᠯ ᠳᠦᠬᠦᠬᠡᠷᠦᠮᠵᠢ  ᠶᠢ ᠰᠢᠯᠭᠠᠬᠤ ᠠᠵᠢᠯ ᠢ ᠵᠣᠬᠢᠶᠠᠨ ᠪᠠᠶᠢᠭᠤᠯᠣᠨ᠎ᠠ᠃      ︵ᠠᠷᠪᠠ︶ ᠱᠠᠩᠨᠠᠯ  ᠤᠨ ᠬᠤᠨᠳᠠᠭ᠎ᠠ᠂ ᠱᠠᠩᠨᠠᠯ  ᠤᠨ ᠮᠧᠳᠠᠯ᠂ ᠦᠨᠡᠮᠯᠠᠯ ᠤᠨ ᠪᠢᠴᠢᠭ ᠤᠨ ᠵᠢᠷᠣᠵᠤ ᠲᠦᠯᠦᠪᠯᠡᠬᠦ ᠳᠦᠰᠦᠯ ᠢ ᠬᠢᠨᠠᠨ ᠳᠣᠭᠳᠠᠭᠠᠨ᠎ᠠ᠃      ︵ᠠᠷᠪᠠᠨ ᠨᠢᠬᠡ︶ ᠬᠢᠨᠠᠭᠴᠢ᠂ ᠬᠦᠨᠳᠡᠯᠡᠨ  ᠠᠴᠠ ᠳᠠᠰᠣᠯᠬᠤ  ᠬᠢᠨᠠᠭᠴᠢ ᠶᠢᠨ ᠬᠤᠪᠴᠠᠰᠣ ᠶᠢ ᠵᠢᠷᠣᠵᠣ ᠳᠦᠯᠦᠪᠯᠡᠬᠦ ᠳᠦᠰᠦᠯ ᠢ ᠬᠢᠨᠠᠨ ᠳᠣᠭᠳᠠᠭᠠᠨ᠎ᠠ᠃      ︵ᠠᠷᠪᠠᠨ ᠬᠤᠶᠠᠷ︶ ᠣᠷᠣᠯᠳᠣᠭᠠᠨ ᠤ ᠳᠡᠰ ᠳᠠᠷᠠᠭᠠᠯᠠᠯ ᠤᠨ ᠳᠡᠪᠳᠡᠷ ᠢ ᠬᠢᠨᠠᠨ ᠳᠣᠭᠳᠠᠭᠠᠨ᠎ᠠ᠃      ᠠᠷᠪᠠᠳᠣᠭᠠᠷ ᠵᠣᠷᠪᠣᠰ   ᠣᠷᠣᠯᠳᠣᠭᠠᠨ  ᠤ ᠪᠣᠰᠣ ᠠᠵᠢᠯ  ᠤᠨ ᠵᠣᠬᠢᠶᠠᠨ ᠪᠠᠶᠢᠭᠤᠯᠣᠯᠳᠠ ᠬᠠᠮᠢᠶᠠᠷᠣᠯᠳᠠ᠃      ︵ᠨᠢᠬᠡ︶ ᠨᠠᠮ  ᠳᠦᠷᠦ ᠶᠢᠨ ᠣᠳᠣᠷᠢᠳᠣᠯᠭ᠎ᠠ ᠶᠢ ᠣᠷᠢᠨ᠎ᠠ᠃      ︵ᠬᠤᠶᠠᠷ︶ ᠪᠡᠶ᠎ᠡ ᠳᠠᠮᠢᠷ ᠤᠨ ᠴᠣᠭᠯᠠᠭᠠᠨ ᠤ ᠡᠳᠦᠷ ᠬᠤᠭᠤᠴᠠᠭ᠎ᠠ᠂  ᠡᠬᠢᠯᠡᠯᠳᠡ ᠪᠠ  ᠬᠠᠭᠠᠯᠲᠠ ᠶᠢᠨ ᠶᠤᠰᠤᠯᠠᠯ ᠤᠨ ᠴᠠᠭ ᠢ ᠳᠣᠭᠳᠠᠭᠠᠨ᠎ᠠ᠃      ︵ᠭᠤᠷᠪᠠ︶   ᠪᠦᠬᠦ ᠣᠯᠣᠰ ᠤᠨ ᠪᠡᠯᠡᠳᠬᠡᠯ ᠠᠵᠢᠯ ᠤᠨ ᠬᠤᠷᠠᠯ ᠢ ᠬᠢᠨ᠎ᠡ᠃ ᠨᠢᠬᠡᠳᠦᠬᠡᠷ ᠣᠳᠠᠭᠠᠨ ᠤ ᠪᠡᠯᠡᠳᠬᠡᠯ ᠠᠵᠢᠯ ᠤᠨ ᠬᠤᠷᠠᠯ ᠢ ᠪᠡᠶ᠎ᠡ ᠳᠠᠮᠢᠷ ᠤᠨ ᠴᠣᠭᠯᠠᠭᠠᠨ ᠤ ᠡᠬᠢᠯᠡᠯᠳᠠ ᠶᠢᠨ ᠶᠣᠰᠣᠯᠠᠯ ᠠᠴᠠ 20 ᠰᠠᠷ᠎ᠠ ᠶᠢᠨ ᠡᠮᠣᠨ᠎ᠠ ᠬᠢᠨ᠎ᠡ᠃  ᠬᠤᠶᠠᠳᠣᠭᠠᠷ ᠣᠳᠠᠭᠠᠨ ᠤ ᠪᠡᠯᠡᠳᠬᠡᠯ ᠠᠵᠢᠯ ᠤᠨ ᠬᠤᠷᠠᠯ ᠢ ᠡᠬᠢᠯᠡᠯᠳᠠ ᠶᠢᠨ ᠶᠣᠰᠣᠯᠠᠯ ᠠᠴᠠ 8  ᠰᠠᠷ᠎ᠠ ᠶᠢᠨ ᠡᠮᠣᠨ᠎ᠠ ᠬᠢᠨ᠎ᠡ᠃ ᠭᠤᠷᠪᠠᠳᠣᠭᠠᠷ ᠣᠳᠠᠭᠠᠨ ᠤ ᠪᠡᠯᠡᠳᠬᠡᠯ ᠠᠵᠢᠯ ᠤᠨ ᠬᠤᠷᠠᠯ ᠢ ᠡᠬᠢᠯᠡᠯᠳᠠ ᠶᠢᠨ ᠶᠣᠰᠣᠯᠠᠯ ᠠᠴᠠ 2 ᠰᠠᠷ᠎ᠠ ᠶᠢᠨ ᠡᠮᠣᠨ᠎ᠠ ᠬᠢᠨ᠎ᠡ᠃      ︵ᠳᠦᠷᠪᠡ︶  ᠵᠣᠬᠢᠶᠠᠨ ᠪᠠᠶᠢᠭᠤᠯᠬᠤ ᠺᠣᠮᠢᠰ ᠪᠠᠶᠢᠭᠤᠯᠣᠭᠳᠠᠭᠰᠠᠨ ᠶᠡᠭᠡ ᠬᠤᠷᠠᠯ  ᠬᠤᠷᠠᠯᠳᠣᠭᠤᠯᠣᠨ᠎ᠠ᠃      ︵ᠳᠠᠪᠤ︶  ᠴᠣᠭᠯᠠᠭᠠᠨ ᠤ ᠰᠦᠯᠳᠠ᠂ ᠪᠡᠯᠬᠡᠳᠡᠯ ᠪᠣᠳᠠᠰ᠂ ᠭᠤᠣᠯ ᠰᠡᠳᠦᠪᠳᠣ ᠳᠠᠭᠤᠣ᠂ ᠰᠣᠷᠳᠠᠯᠴᠢᠯᠠᠭᠠᠨ ᠤ ᠵᠢᠷᠤᠭ ᠳᠦᠯᠦᠪᠯᠡᠬᠡᠨ ᠤ ᠳᠦᠰᠦᠯ ᠢ ᠬᠢᠨ᠎ᠠ ᠳᠣᠭᠳᠠᠭᠠᠨ᠎ᠠ᠃      ︵ᠵᠢᠷᠭᠤᠭ᠎ᠠ︶  ᠡᠬᠢᠯᠡᠯᠳᠠ ᠶᠢᠨ ᠶᠣᠰᠣᠯᠠᠯ᠂ ᠬᠠᠭᠠᠯᠳᠠ ᠶᠢᠨ ᠶᠣᠰᠣᠯᠠᠯ᠂ ᠦᠨᠳᠦᠰᠦᠳᠡᠨ ᠤ ᠶᠡᠭᠡ ᠨᠠᠶᠢᠷ ᠨᠠᠭᠠᠳᠣᠮ᠂ ᠭᠠᠯ ᠪᠠᠮᠪᠠᠷ ᠳᠠᠮᠵᠢᠭᠤᠯᠬᠤ ᠵᠡᠷᠬᠡ ᠳᠣᠮᠣ  ᠬᠡᠯᠪᠡᠷᠢ ᠶᠢᠨ ᠠᠵᠢᠯᠯᠠᠭ᠎ᠠ ᠶᠢᠨ ᠳᠦᠰᠦᠯ ᠢ ᠬᠢᠨᠠᠨ ᠳᠣᠭᠳᠠᠭᠠᠨ᠎ᠠ᠃      ︵ᠳᠣᠯᠤᠭ᠎ᠠ︶  ᠬᠦᠯᠢᠶᠡᠨ  ᠠᠪᠣᠯᠳᠠ  ᠪᠠᠳᠣᠯᠠᠭ᠎ᠠ  ᠂  ᠵᠠᠮ  ᠳᠡᠬᠡᠬᠡᠪᠣᠷᠢ᠂  ᠠᠮᠣᠷ  ᠢ  ᠬᠠᠮᠠᠭᠠᠯᠠᠬᠤ  ᠠᠵᠢᠯᠳᠠᠳ ᠤᠨ  ᠵᠡᠬᠦᠬᠦ ᠳᠡᠮᠳᠡᠭ  ᠢ ᠬᠢᠯᠬᠡᠬᠦ ᠵᠡᠷᠬᠡ ᠳᠦᠰᠦᠯ ᠢ ᠬᠢᠨᠠᠨ ᠳᠣᠭᠳᠠᠭᠠᠨ᠎ᠠ᠃      ︵ᠨᠠᠢᠮᠠ︶  ᠰᠣᠨᠢᠨ ᠮᠡᠳᠡᠭᠡ  ᠶᠢᠨ ᠣᠬᠠᠭᠤᠯᠭ᠎ᠠ ᠶᠢᠨ ᠳᠦᠰᠦᠯ ᠢ ᠬᠢᠨᠠᠨ ᠳᠣᠭᠳᠠᠭᠠᠵᠣ᠂ ᠣᠬᠠᠭᠤᠯᠬᠤ ᠠᠵᠢᠯ ᠢ ᠨᠢᠬᠡᠳᠣᠯᠳᠠᠢ  ᠳᠦᠯᠦᠪᠯᠡᠨ᠂ ᠳᠦᠪ  ᠤᠨ ᠬᠡᠪᠯᠡᠯ ᠮᠡᠳᠡᠬᠡᠯᠡᠯ ᠤᠨ ᠵᠠᠭᠤᠴᠢᠯᠠᠭᠤᠷ ᠢ ᠵᠣᠬᠢᠶᠠᠨ ᠪᠠᠶᠢᠭᠤᠯᠵᠣ ᠰᠣᠷᠳᠠᠯᠴᠢᠯᠠᠨ ᠣᠬᠠᠭᠤᠯᠣᠨ᠎ᠠ᠃      ︵ᠶᠢᠰᠦ︶  ᠰᠣᠨᠢᠨ ᠮᠡᠳᠡᠭᠡ ᠨᠡᠶᠢᠳᠡᠯᠡᠬᠦ ᠬᠤᠷᠠᠯ ᠬᠢᠵᠣ᠂ ᠶᠡᠷᠦᠩᠬᠡᠢ ᠳᠦᠷᠢᠮ᠂ ᠳᠠᠩ ᠲᠦᠷᠦᠯ ᠤᠨ ᠳᠦᠷᠢᠮ᠂  ᠴᠣᠭᠯᠠᠭᠠᠨ ᠤ ᠰᠦᠯᠳᠠ᠂ ᠪᠡᠯᠬᠡᠳᠡᠯ ᠪᠣᠳᠠᠰ᠂ ᠭᠤᠣᠯ ᠰᠡᠳᠦᠪᠳᠣ ᠳᠠᠭᠤᠣ᠂ ᠰᠣᠷᠳᠠᠯᠴᠢᠯᠠᠭᠠᠨ ᠤ ᠵᠢᠷᠤᠭ ᠵᠡᠷᠬᠡ ᠪᠡᠶ᠎ᠡ ᠳᠠᠮᠢᠷ ᠤᠨ ᠴᠣᠭᠯᠠᠭᠠᠨ ᠤ ᠪᠡᠯᠡᠳᠬᠡᠯ ᠠᠵᠢᠯ ᠳᠣᠮᠳᠠᠬᠢ ᠴᠢᠬᠤᠯᠠ ᠳᠣᠮᠣ ᠬᠡᠷᠡᠭ ᠣᠴᠢᠷ ᠢ ᠨᠡᠶᠢᠳᠡᠯᠡᠨ᠎ᠡ᠃      ︵ᠠᠷᠪᠠ︶ ᠬᠠᠮᠢᠶ᠎ᠠ ᠪᠦᠬᠦᠢ ᠰᠣᠶᠣᠯ ᠤᠨ  ᠠᠵᠢᠯᠯᠠᠭ᠎ᠠ ᠶᠢ ᠳᠦᠯᠦᠪᠯᠡᠨ ᠵᠣᠬᠢᠶᠠᠨ ᠪᠠᠶᠢᠭᠤᠯᠣᠨ᠎ᠠ᠃      ︵ᠠᠷᠪᠠᠨ ᠨᠢᠬᠡ︶  ᠳᠠᠭᠠᠭᠠᠴᠢᠯᠠᠨ ᠡᠷᠬᠢᠯᠡᠬᠦ ᠪᠠᠶᠢᠭᠤᠯᠣᠯᠭ᠎ᠠ ᠶᠢ ᠵᠢᠭᠠᠨ ᠵᠢᠯᠣᠭᠤᠳᠴᠤ᠂ ᠱᠠᠯᠠᠪᠳᠠᠭᠤᠯᠤᠨa ᠱᠠᠭᠠᠷᠳᠠᠵᠦ᠂ ᠬᠢᠨᠠᠨ ᠰᠢᠯᠭᠠᠵᠣ᠂ ᠬᠠᠮᠵᠢᠨ  ᠲᠤᠰᠠᠯᠠᠵᠦ ᠡᠯ᠎ᠠ ᠳᠦᠷᠦᠯ ᠤᠨ ᠪᠡᠯᠡᠳᠬᠡᠯ ᠠᠵᠢᠯ ᠤᠨ ᠡᠬᠦᠷᠬᠡ ᠶᠢ ᠨᠠᠶᠢᠳᠠᠪᠣᠷᠢᠵᠢᠭᠤᠯᠣᠨ᠎ᠠ᠃      ︵ᠠᠷᠪᠠᠨ ᠬᠤᠶᠠᠷ︶ ᠡᠯ᠎ᠡ ᠳᠦᠯᠦᠬᠡᠯᠡᠭᠴᠢᠳ ᠤᠨ  ᠪᠦᠯᠬᠦᠮ  ᠢ ᠵᠣᠬᠢᠶᠠᠨ ᠪᠠᠶᠢᠭᠤᠯᠣᠨ ᠵᠣᠬᠢᠴᠠᠭᠤᠯᠵᠣ᠂ ᠬᠠᠮᠢᠶ᠎ᠠ ᠪᠦᠬᠦᠢ ᠡᠬᠦᠷᠬᠡ ᠶᠢ ᠨᠠᠶᠢᠳᠠᠪᠣᠷᠢᠵᠢᠭᠤᠯᠣᠨ᠎ᠠ᠃      ᠳᠦᠷᠪᠡᠳᠦᠬᠡᠷ ᠪᠦᠯᠦᠭ   ᠳᠠᠭᠠᠭᠠᠴᠢᠯᠠᠨ ᠡᠷᠬᠢᠯᠡᠬᠦ ᠪᠠᠶᠢᠭᠤᠯᠣᠯᠭ᠎ᠠ ᠨᠢᠬᠡᠴᠠ ᠶᠢᠨ ᠡᠷᠬᠡ ᠠᠰᠢᠭ ᠪᠠ ᠡᠬᠦᠷᠬᠡ ᠳᠣᠰᠢᠶᠠᠯ      ᠠᠷᠪᠠᠨ ᠨᠢᠬᠡᠳᠦᠬᠡᠷ ᠵᠣᠷᠪᠣᠰ   ᠳᠠᠭᠠᠭᠠᠴᠢᠯᠠᠨ ᠡᠷᠬᠢᠯᠡᠬᠦ ᠪᠠᠶᠢᠭᠤᠯᠣᠯᠭ᠎ᠠ ᠨᠢ ᠭᠤᠣᠯᠯᠠᠨ ᠡᠷᠬᠢᠯᠡᠬᠦ ᠪᠠᠶᠢᠭᠤᠯᠣᠯᠭ᠎ᠠ ᠠᠴᠠ ᠣᠯᠭᠤᠭᠰᠠᠨ ᠳᠣᠰ ᠬᠤᠭᠤᠴᠠᠭᠠᠨ ᠤ ᠪᠡᠶ᠎ᠡ ᠳᠠᠮᠢᠷ ᠤᠨ ᠴᠣᠭᠯᠠᠭᠠᠨ  ᠢ ᠳᠠᠭᠠᠭᠠᠴᠢᠯᠠᠨ ᠡᠷᠬᠢᠯᠡᠬᠦ ᠠᠷᠠᠯᠵᠢᠶ᠎ᠠ ᠬᠤᠳᠠᠯᠳᠣᠭᠠᠨ ᠤ ᠨᠡᠬᠡᠬᠡᠯᠳᠠ ᠶᠢᠨ ᠡᠷᠬᠡ ᠶᠢ ᠡᠳ᠋ᠯᠡᠨ᠎ᠡ᠃      ᠠᠷᠪᠠᠨ ᠬᠤᠶᠠᠳᠣᠭᠠᠷ ᠵᠣᠷᠪᠣᠰ  ᠳᠠᠭᠠᠭᠠᠴᠢᠯᠠᠨ ᠡᠷᠬᠢᠯᠡᠬᠦ ᠪᠠᠶᠢᠭᠤᠯᠣᠯᠭ᠎ᠠ ᠨᠢ ᠣᠳᠣ ᠪᠠᠶᠢᠭ᠎ᠠ ᠣᠷᠣᠯᠳᠣᠭᠠᠨ  ᠤ ᠳᠠᠯᠠᠪᠣᠷ ᠢᠶᠠᠨ ᠬᠦᠢᠴᠡᠳ  ᠠᠰᠢᠭᠯᠠᠵᠣ᠂ ᠵᠠᠰᠠᠬᠤ᠂ ᠦᠬᠡᠷᠡᠴᠢᠯᠡᠬᠦ᠂ ᠦᠷᠬᠡᠳᠬᠡᠨ ᠪᠠᠶᠢᠭᠤᠯᠬᠤ᠂ ᠠᠳᠠᠯᠢ ᠪᠣᠰᠣ ᠳᠦᠷᠦᠯ ᠵᠦᠢᠯ ᠳᠤ ᠨᠡᠶᠢᠳᠡᠮ ᠬᠡᠷᠡᠭᠯᠡᠬᠦ ᠵᠡᠷᠬᠡ ᠬᠡᠯᠪᠡᠷᠢ ᠪᠠᠷ ᠳᠠᠮᠵᠢᠨ᠂ ᠣᠷᠣᠯᠳᠣᠭᠠᠨ ᠤ ᠳᠠᠯᠠᠪᠣᠷ ᠢ ᠠᠰᠢᠭᠯᠠᠬᠤ ᠦᠷ᠎ᠡ ᠠᠰᠢᠭ  ᠢᠶᠠᠨ ᠳᠡᠬᠡᠭᠰᠢᠯᠡᠬᠦᠯᠦᠨ᠎ᠠ᠃      ᠳᠦᠷ ᠴᠠᠭ ᠤᠨ ᠳᠠᠯᠠᠪᠠᠢ ᠣᠷᠳᠣᠨ ᠪᠠ ᠳᠦᠬᠦᠬᠡᠷᠦᠮᠵᠢ ᠪᠠᠶᠢᠭᠤᠯᠬᠤ ᠶᠢ ᠰᠠᠨᠠᠭᠠᠴᠢᠯᠠᠨ᠎ᠠ᠃ ᠭᠤᠣᠯᠯᠠᠨ ᠡᠷᠬᠢᠯᠡᠬᠦ ᠪᠠᠶᠢᠭᠤᠯᠣᠯᠭ᠎ᠠ ᠨᠢᠬᠡᠴᠠ ᠪᠠᠷ ᠵᠦᠪᠰᠢᠶᠡᠷᠡᠬᠦᠯᠦᠭᠰᠡᠨ ᠤ ᠳᠠᠷᠠᠭ᠎ᠠ᠂ ᠳᠠᠭᠠᠭᠠᠴᠢᠯᠠᠨ ᠡᠷᠬᠢᠯᠡᠬᠦ ᠪᠠᠶᠢᠭᠤᠯᠣᠯᠭ᠎ᠠ ᠨᠢᠬᠡᠴᠠ ᠨᠢ ᠬᠢᠬᠦ ᠨᠦᠬᠦᠴᠡᠯ ᠦᠬᠡᠢ ᠣᠷᠣᠯᠳᠣᠭᠠᠨ ᠤ ᠳᠦᠷᠦᠯ ᠵᠦᠢᠯ ᠢᠶᠠᠨ ᠦᠬᠡᠷ᠎ᠡ ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠳᠤ ᠶᠠᠪᠣᠭᠳᠠᠭᠤᠯᠵᠣ ᠪᠣᠯᠣᠨ᠎ᠠ᠃      ᠠᠷᠪᠠᠨ ᠭᠤᠷᠪᠠᠳᠣᠭᠠᠷ ᠵᠣᠷᠪᠣᠰ  ᠣᠷᠣᠯᠳᠣᠭᠠᠨ ᠢ ᠳᠠᠭᠠᠭᠠᠴᠢᠯᠠᠨ ᠡᠷᠬᠢᠯᠡᠬᠦ      ︵ ᠨᠢᠬᠡ︶ ᠣᠷᠣᠯᠳᠣᠭᠠᠨ ᠤ ᠳᠦᠷᠦᠯ ᠵᠦᠢᠯ ᠤᠨ ᠳᠠᠯᠠᠪᠠᠢ ᠣᠷᠳᠣᠨ ᠢ ᠳᠣᠬᠢᠷᠠᠭᠤᠯᠣᠭᠰᠠᠨ ᠳᠦᠰᠦᠯ ᠢ ᠭᠠᠷᠭᠠᠵᠣ᠂ ᠪᠡᠶ᠎ᠡ ᠶᠢᠨ ᠳᠠᠮᠢᠷ ᠤᠨ ᠴᠣᠭᠯᠠᠭᠠᠨ   ᠤ ᠨᠡᠬᠡᠬᠡᠯᠳᠠ  ᠶᠢᠨ ᠶᠣᠰᠣᠯᠠᠯ  ᠠᠴᠠ ᠡᠮᠣᠨ᠎ᠠ 12 ᠰᠠᠷ᠎ᠠ ᠳᠤ ᠭᠤᠣᠯᠯᠠᠨ ᠡᠷᠬᠢᠯᠡᠬᠦ ᠪᠠᠶᠢᠭᠤᠯᠣᠯᠭ᠎ᠠ ᠳᠤ ᠮᠡᠳᠡᠬᠦᠯᠵᠣ ᠬᠢᠨᠡᠨ ᠵᠦᠪᠰᠢᠶᠡᠷᠡᠬᠦᠯᠦᠨ᠎ᠠ᠃     ︵ᠬᠤᠶᠠᠷ︶ ᠵᠦᠪᠰᠢᠶᠡᠷᠡᠬᠦᠯᠦᠭᠰᠡᠨ ᠣᠷᠣᠯᠳᠣᠭᠠᠨ ᠤ ᠳᠦᠷᠦᠯ ᠵᠦᠢᠯ ᠤᠨ ᠳᠠᠯᠠᠪᠠᠢ ᠣᠷᠳᠣᠨ ᠢ ᠳᠣᠬᠢᠷᠠᠭᠤᠯᠣᠭᠰᠠᠨ ᠳᠦᠰᠦᠯ ᠢ ᠦᠨᠳᠦᠰᠦᠯᠡᠨ᠂ ᠣᠷᠣᠯᠳᠣᠭᠠᠨ  ᠤ ᠳᠦᠷᠢᠮ ᠳᠣᠭᠳᠠᠭᠠᠯ ᠳᠤ ᠨᠡᠶᠢᠴᠡᠭᠰᠡᠨ ᠣᠷᠣᠯᠳᠣᠭᠠᠨ ᠤ ᠳᠠᠯᠠᠪᠠᠢ ᠣᠷᠳᠣᠨ ᠪᠣᠯᠣᠨ ᠣᠷᠣᠯᠳᠣᠭᠠᠨ  ᠳᠤ ᠬᠡᠷᠡᠭᠰᠡᠬᠦ ᠬᠠᠮᠢᠶ᠎ᠠ ᠪᠦᠬᠦᠢ ᠬᠡᠷᠡᠭᠰᠡᠯ ᠳᠦᠬᠦᠬᠡᠷᠦᠮᠵᠢ ᠶᠢ ᠬᠠᠩᠭᠠᠵᠣ᠂ ᠪᠡᠶ᠎ᠡ ᠳᠠᠮᠢᠷ ᠤᠨ ᠴᠣᠭᠯᠠᠭᠠᠨ  ᠤ ᠨᠡᠬᠡᠬᠡᠯᠳᠠ ᠶᠢᠨ ᠶᠣᠰᠣᠯᠠᠯ ᠠᠴᠠ ᠡᠮᠣᠨ᠎ᠠ 3 ᠰᠠᠷ᠎ᠠ ᠳᠤ ᠭᠤᠣᠯᠯᠠᠨ ᠡᠷᠬᠢᠯᠡᠬᠦ ᠪᠠᠶᠢᠭᠤᠯᠣᠯᠭ᠎ᠠ ᠪᠠᠷ ᠰᠢᠯᠭᠠᠭᠤᠯᠣᠨ᠎ᠠ᠃     ︵ᠭᠤᠷᠪᠠ︶ ᠭᠤᠣᠯᠯᠠᠨ ᠡᠷᠬᠢᠯᠡᠬᠦ ᠪᠠᠶᠢᠭᠤᠯᠣᠯᠭ᠎ᠠ ᠠᠴᠠ ᠭᠠᠷᠭᠠᠭᠰᠠᠨ ᠣᠷᠣᠯᠳᠣᠭᠠᠨ ᠤ ᠬᠡᠷᠡᠭᠰᠡᠯ ᠳᠦᠬᠦᠬᠡᠷᠦᠮᠵᠢ ᠶᠢᠨ ᠵᠢᠭᠰᠠᠭᠠᠯᠳᠠ ᠶᠢ ᠦᠨᠳᠦᠰᠦᠯᠡᠨ᠂ ᠣᠷᠣᠯᠳᠣᠭᠠᠨ  ᠤ ᠳᠦᠷᠢᠮ ᠳᠣᠭᠳᠠᠭᠠᠯ ᠳᠤ ᠨᠡᠶᠢᠴᠡᠭᠰᠡᠨ ᠣᠷᠣᠯᠳᠣᠭᠠᠨ ᠤ ᠬᠡᠷᠡᠭᠰᠡᠯ ᠤᠳ ᠢ ᠬᠠᠩᠭᠠᠵᠣ᠂ ᠪᠡᠶ᠎ᠡ ᠶᠢᠨ ᠳᠠᠮᠢᠷ ᠤᠨ ᠴᠣᠭᠯᠠᠭᠠᠨ ᠤ ᠨᠡᠬᠡᠬᠡᠯᠳᠠ  ᠶᠢᠨ ᠶᠣᠰᠣᠯᠠᠯ  ᠠᠴᠠ ᠡᠮᠣᠨ᠎ᠠ 2 ᠰᠠᠷ᠎ᠠ ᠳᠤ  ᠪᠡᠯᠡᠬᠡᠨ ᠪᠣᠯᠭᠠᠵᠣ᠂ ᠭᠤᠣᠯᠯᠠᠨ ᠡᠷᠬᠢᠯᠡᠬᠦ ᠪᠠᠶᠢᠭᠤᠯᠣᠯᠭ᠎ᠠ  ᠪᠠᠷ ᠰᠢᠯᠭᠠᠭᠤᠯᠣᠨ᠎ᠠ᠃ ᠳᠣᠭᠳᠠᠭᠰᠠᠨ ᠦᠢᠯᠡᠳᠪᠦᠷᠢ ᠦᠬᠡᠢ ᠣᠷᠣᠯᠳᠣᠭᠠᠨ ᠤ ᠬᠡᠷᠡᠭᠰᠡᠯ ᠢ ᠵᠣᠬᠢᠶᠠᠨ ᠪᠠᠶᠢᠭᠤᠯᠣᠨ ᠦᠢᠯᠡᠳᠪᠦᠷᠢᠯᠡᠬᠦᠯᠬᠦ ᠶᠢ ᠬᠠᠷᠢᠭᠤᠴᠠᠵᠣ ᠣᠷᠣᠯᠳᠣᠭᠠᠨ ᠳᠤ ᠬᠡᠷᠡᠭᠯᠡᠬᠦ  ᠶᠢ ᠪᠠᠳᠣᠯᠠᠨ᠎ᠠ᠃     ︵ᠳᠦᠷᠪᠡ︶ ᠱᠠᠩᠨᠠᠯ ᠤᠨ ᠬᠤᠨᠳᠠᠭ᠎ᠠ᠂ ᠱᠠᠩᠨᠠᠯ ᠤᠨ ᠮᠧᠲᠠᠯ᠂ ᠦᠨᠡᠮᠯᠠᠯ ᠤᠨ ᠪᠢᠴᠢᠭ ᠤᠨ ᠵᠢᠷᠤᠭ ᠢ ᠵᠢᠷᠤᠵᠤ ᠲᠦᠯᠦᠪᠯᠡᠬᠦ ᠳᠦᠰᠦᠯ ᠢ ᠭᠠᠷᠭᠠᠵᠣ᠂ ᠭᠤᠣᠯᠯᠠᠨ ᠡᠷᠬᠢᠯᠡᠬᠦ ᠪᠠᠶᠢᠭᠤᠯᠣᠯᠭ᠎ᠠ ᠳᠤ ᠮᠡᠳᠡᠬᠦᠯᠵᠣ ᠬᠢᠨᠠᠨ ᠵᠦᠪᠰᠢᠶᠡᠷᠡᠬᠦᠯᠦᠨ᠎ᠠ᠃ ᠱᠠᠩᠨᠠᠯ ᠤᠨ ᠬᠤᠨᠳᠠᠭ᠎ᠠ᠂ ᠱᠠᠩᠨᠠᠯ ᠤᠨ ᠮᠧᠲᠠᠯ᠂ ᠦᠨᠡᠮᠯᠠᠯ ᠤᠨ ᠪᠢᠴᠢᠭ ᠢ ᠪᠡᠶ᠎ᠡ ᠶᠢᠨ ᠳᠠᠮᠢᠷ ᠤᠨ ᠴᠣᠭᠯᠠᠭᠠᠨ  ᠤ ᠨᠡᠬᠡᠬᠡᠯᠳᠠ ᠶᠢᠨ ᠶᠣᠰᠣᠯᠠᠯ ᠠᠴᠠ ᠡᠮᠣᠨ᠎ᠠ 1 ᠰᠠᠷ᠎ᠠ ᠳᠤ  ᠪᠡᠯᠡᠨ ᠪᠣᠯᠭᠠᠨ᠎ᠠ᠃     ︵ᠳᠠᠪᠤ︶ ᠬᠢᠨᠠᠭᠴᠢ ᠪᠣᠯᠣᠨ ᠬᠦᠨᠳᠡᠯᠡᠨ ᠠᠴᠠ ᠳᠠᠰᠣᠯᠬᠤ ᠬᠢᠨᠠᠭᠴᠢ ᠶᠢᠨ ᠬᠤᠪᠴᠠᠰᠣ ᠶᠢ ᠵᠢᠷᠣᠵᠣ ᠳᠦᠯᠦᠪᠯᠡᠬᠦ ᠳᠦᠰᠦᠯ ᠢ ᠭᠠᠷᠭᠠᠵᠣ᠂ ᠭᠤᠣᠯᠯᠠᠨ ᠡᠷᠬᠢᠯᠡᠬᠦ ᠪᠠᠶᠢᠭᠤᠯᠣᠯᠭ᠎ᠠ ᠳᠤ ᠮᠡᠳᠡᠬᠦᠯᠵᠣ ᠬᠢᠨᠠᠨ ᠵᠦᠪᠰᠢᠶᠡᠷᠡᠬᠦᠯᠦᠨ᠎ᠠ᠃ ᠬᠢᠨᠠᠭᠴᠢ ᠪᠣᠯᠣᠨ ᠬᠦᠨᠳᠡᠯᠡᠨ ᠠᠴᠠ ᠳᠠᠰᠣᠯᠬᠤ ᠬᠢᠨᠠᠭᠴᠢ ᠶᠢᠨ ᠬᠤᠪᠴᠠᠰᠣ  ᠶᠢ ᠪᠡᠶ᠎ᠡ ᠶᠢᠨ ᠳᠠᠮᠢᠷ ᠤᠨ ᠴᠣᠭᠯᠠᠭᠠᠨ   ᠤ ᠨᠡᠬᠡᠬᠡᠯᠳᠠ ᠶᠢᠨ ᠶᠣᠰᠣᠯᠠᠯ ᠠᠴᠠ ᠡᠮᠣᠨ᠎ᠠ 1 ᠰᠠᠷ᠎ᠠ ᠳᠤ  ᠪᠡᠯᠡᠨ ᠪᠣᠯᠭᠠᠨ᠎ᠠ᠃      ︵ᠵᠢᠷᠭᠤᠭ᠎ᠠ︶ᠭᠤᠣᠯᠯᠠᠨ ᠡᠷᠬᠢᠯᠡᠬᠦ ᠪᠠᠶᠢᠭᠤᠯᠣᠯᠭ᠎ᠠ ᠶᠢᠨ ᠵᠢᠭᠠᠨ ᠵᠢᠯᠣᠭᠤᠳᠣᠯᠭ᠎ᠠ ᠳᠣᠣᠷ᠎ᠠ᠂ ᠣᠷᠣᠯᠳᠣᠭᠠᠨ ᠤ ᠵᠣᠬᠢᠶᠠᠨ ᠪᠠᠶᠢᠭᠤᠯᠣᠯᠳᠠ ᠬᠠᠮᠢᠶᠠᠷᠣᠯᠳᠠ  ᠶᠢᠨ ᠰᠣᠷᠠᠭ ᠵᠠᠩᠬᠢ ᠶᠢᠨ ᠰᠢᠰᠲ᠋ᠧᠮ  ᠤᠨ ᠵᠦᠬᠡᠯᠡᠨ ᠪᠠ ᠬᠠᠳᠠᠭᠤ ᠳᠣᠨᠤᠭ ᠢ ᠬᠠᠩᠭᠠᠵᠣ᠂ ᠡᠷᠬᠡᠪᠰᠢ ᠳᠠᠮᠢᠷᠴᠢᠨ ᠤ ᠳᠠᠩᠰᠠᠯᠠᠭᠤᠯᠬᠤ᠂ ᠨᠡᠷ᠎ᠡ ᠮᠡᠳᠡᠬᠦᠯᠬᠦ᠂ ᠰᠣᠯᠢᠯᠴᠠᠭ᠎ᠠ ᠬᠢᠬᠦ᠂ ᠬᠢᠨᠠᠭᠴᠢ᠂ ᠬᠦᠨᠳᠡᠯᠠᠨ  ᠠᠴᠠ ᠳᠠᠰᠣᠯᠬᠤ  ᠬᠢᠨᠠᠭᠴᠢ᠂ ᠠᠩᠬᠢ ᠳᠠᠭᠠᠭᠤᠯᠣᠭᠴᠢ ᠨᠡᠷ᠎ᠡ ᠮᠡᠳᠡᠬᠦᠯᠬᠦ  ᠦᠢᠯᠡᠳᠦᠯ ᠴᠢᠳᠠᠪᠬᠢ   ᠲᠠᠢ ᠪᠠᠶᠢᠬᠤ ᠪᠠᠷ ᠦᠯᠦ ᠪᠠᠷᠠᠮ᠂ ᠣᠷᠣᠯᠳᠣᠭᠠᠨ ᠤ ᠳᠠᠷᠠᠭᠠᠯᠠᠯ ᠢ ᠨᠠᠶᠢᠷᠠᠭᠤᠯᠵᠣ ᠪᠠᠶᠢᠷᠢᠯᠠᠭᠤᠯᠬᠤ᠂ ᠣᠷᠣᠯᠳᠣᠭᠠᠨ ᠤ ᠬᠢᠷᠢ ᠪᠦᠳᠦᠮᠵᠢ ᠶᠢ ᠪᠦᠷᠢᠳᠬᠡᠬᠦ᠂ ᠨᠡᠶᠢᠳᠡᠯᠡᠬᠦ ᠵᠡᠷᠬᠡ  ᠦᠢᠯᠡᠳᠦᠯ ᠴᠢᠳᠠᠪᠬᠢ ᠶᠢ ᠴᠣ᠋ ᠪᠠᠭᠳᠠᠭᠠᠭᠰᠠᠨ ᠪᠠᠶᠢᠬᠤ ᠬᠡᠷᠡᠭᠳᠡᠢ  ᠃ ᠰᠣᠷᠠᠭ ᠵᠠᠩᠬᠢ ᠶᠢᠨ ᠰᠢᠰᠲ᠋ᠧᠮ  ᠤᠨ ᠵᠦᠬᠡᠯᠡᠨ ᠪᠠ ᠬᠠᠳᠠᠭᠤ ᠳᠣᠨᠤᠭ ᠢ ᠪᠡᠶ᠎ᠡ ᠶᠢᠨ ᠳᠠᠮᠢᠷ ᠤᠨ ᠴᠣᠭᠯᠠᠭᠠᠨ  ᠤ ᠨᠡᠬᠡᠬᠡᠯᠳᠠ ᠶᠢᠨ ᠶᠣᠰᠣᠯᠠᠯ ᠠᠴᠠ ᠡᠮᠣᠨ᠎ᠠ 12 ᠰᠠᠷ᠎ᠠ ᠳᠤ ᠭᠤᠣᠯᠯᠠᠨ ᠡᠷᠬᠢᠯᠡᠬᠦ ᠪᠠᠶᠢᠭᠤᠯᠣᠯᠭ᠎ᠠ  ᠪᠠᠷ ᠰᠢᠯᠭᠠᠭᠤᠯᠣᠨ᠎ᠠ᠃ ᠰᠣᠷᠠᠭ ᠵᠠᠩᠬᠢ ᠶᠢᠨ ᠰᠢᠰᠲ᠋ᠧᠮ ᠤᠨ  ᠬᠠᠮᠢᠶᠠᠷᠣᠭᠴᠢ᠂ ᠠᠵᠢᠯᠯᠠᠭᠴᠢ ᠳᠤ  ᠳᠣᠬᠠᠶᠢᠯᠠᠭᠰᠠᠨ ᠠᠵᠢᠯ ᠤᠨ ᠪᠣᠯᠪᠠᠰᠣᠷᠠᠯ ᠢ ᠵᠣᠬᠢᠶᠠᠨ ᠪᠠᠶᠢᠭᠤᠯᠣᠨ ᠦᠷᠨᠢᠬᠦᠯᠦᠨ᠎ᠠ᠃      ︵ᠳᠣᠯᠤᠭ᠎ᠠ︶ ᠣᠷᠣᠯᠳᠣᠭᠠᠨ ᠤ ᠳᠠᠷᠠᠭᠠᠯᠠᠯ ᠪᠣᠯᠣᠨ ᠡᠳᠦᠷ ᠬᠤᠭᠤᠴᠠᠭ᠎ᠠ  ᠶᠢ ᠡᠮᠬᠢᠯᠠᠨ ᠳᠣᠬᠢᠷᠠᠭᠤᠯᠵᠣ᠂ ᠶᠡᠷᠦᠩᠬᠡᠢ ᠳᠡᠰ ᠳᠠᠷᠠᠭᠠᠯᠠᠯ ᠤᠨ ᠳᠡᠪᠳᠡᠷ ᠪᠠ ᠳᠠᠩ ᠳᠦᠷᠦᠯ ᠤᠨ  ᠳᠡᠰ ᠳᠠᠷᠠᠭᠠᠯᠠᠯ ᠤᠨ ᠳᠡᠪᠳᠡᠷ ᠢ ᠭᠠᠷᠭᠠᠵᠣ᠂ ᠭᠤᠣᠯᠯᠠᠨ ᠡᠷᠬᠢᠯᠡᠬᠦ ᠪᠠᠶᠢᠭᠤᠯᠣᠯᠭ᠎ᠠ ᠪᠠᠷ ᠬᠢᠨᠠᠨ ᠵᠦᠪᠰᠢᠶᠡᠷᠡᠬᠦᠯᠦᠭᠰᠡᠨ ᠤ ᠳᠠᠷᠠᠭ᠎ᠠ ᠳᠠᠷᠣᠮᠠᠯᠯᠠᠨ ᠳᠠᠷᠬᠠᠭᠠᠨ᠎ᠠ᠃ ᠶᠡᠷᠦᠩᠬᠡᠢ ᠡᠮᠬᠢ ᠳᠠᠷᠠᠭᠠᠯᠠᠯ ᠤᠨ ᠳᠡᠪᠳᠡᠷ ᠪᠠ ᠳᠠᠩ ᠳᠦᠷᠦᠯ ᠤᠨ ᠡᠮᠬᠢ ᠳᠠᠷᠠᠭᠠᠯᠠᠯ ᠤᠨ ᠳᠡᠪᠳᠡᠷ ᠢ ᠡᠯ᠎ᠡ ᠲᠦᠯᠦᠬᠡᠯᠡᠭᠴᠢᠳ ᠤᠨ  ᠪᠦᠯᠬᠦᠮ ᠨᠡᠷ᠎ᠡ ᠮᠡᠳᠡᠬᠦᠯᠬᠦ  ᠠᠴᠠ ᠨᠢᠬᠡ ᠭᠠᠷᠠᠭ ᠤᠨ ᠡᠮᠣᠨ᠎ᠠ ᠪᠡᠯᠡᠬᠡᠨ ᠪᠣᠯᠭᠠᠨ᠎ᠠ᠃ ᠶᠡᠷᠦᠩᠬᠡᠢ ᠬᠢᠷᠢ ᠪᠦᠳᠦᠮᠵᠢ ᠶᠢᠨ ᠳᠡᠪᠳᠡᠷ ᠢ  ᠪᠡᠶ᠎ᠡ ᠳᠠᠮᠢᠷ ᠤᠨ ᠴᠣᠭᠯᠠᠭᠠᠨ ᠤ ᠳᠦᠷᠢᠮ ᠳᠤ  ᠳᠣᠭᠳᠠᠭᠠᠭᠰᠠᠨ ᠴᠣᠭᠯᠠᠭᠠᠨ ᠳᠠᠷᠠᠬᠤ ᠬᠠᠮᠤᠭ ᠰᠡᠬᠦᠯ ᠤᠨ  ᠡᠳᠦᠷ ᠠᠴᠠ ᠡᠮᠣᠨ᠎ᠠ ᠬᠤᠷᠢᠶᠠᠩᠭᠤᠶᠢᠯᠠᠨ ᠭᠠᠷᠭᠠᠵᠤ ᠳᠠᠭᠤᠰᠬᠠᠨ᠎ᠠ᠃      ︵ᠨᠠᠢᠮᠠ︶ ᠱᠠᠩᠨᠠᠯ ᠣᠯᠭᠤᠬᠤ ᠳᠦᠰᠦᠯ ᠢ ᠭᠠᠷᠭᠠᠵᠣ᠂ ᠱᠠᠩᠨᠠᠯ ᠣᠯᠭᠤᠬᠤ ᠠᠵᠢᠯ  ᠢ ᠵᠣᠬᠢᠶᠠᠨ ᠪᠠᠶᠢᠭᠤᠯᠣᠨ ᠶᠠᠪᠣᠭᠳᠠᠭᠤᠯᠣᠨ᠎ᠠ᠃      ︵ᠶᠢᠰᠦ︶ ᠪᠣᠢ ᠪᠦᠬᠦᠢ ᠣᠷᠣᠯᠳᠣᠭᠠᠨ ᠤ ᠪᠦᠬᠦ ᠶᠠᠪᠣᠴᠠ ᠳᠤ ᠳᠦᠷᠰᠦ ᠰᠢᠩᠬᠡᠬᠡᠯᠳᠡ ᠬᠢᠵᠣ᠂ ᠬᠢᠨᠠᠭᠴᠢ᠂ ᠬᠦᠨᠳᠡᠯᠡᠨ‌ᠡᠴᠠ ᠳᠠᠰᠣᠯᠬᠤ ᠬᠢᠨᠠᠭᠴᠢ ᠳᠤ ᠵᠦᠪ ᠣᠨᠣᠪᠴᠢᠳᠠᠢ᠂ ᠪᠦᠷᠢᠨ ᠪᠦᠳᠦᠨ ᠬᠡᠷᠡᠴᠢ ᠬᠠᠩᠭᠠᠨ᠎ᠠ  ᠃ ᠪᠡᠶ᠎ᠡ ᠳᠠᠮᠢᠷ ᠤᠨ  ᠴᠣᠭᠯᠠᠭᠠᠨ ᠢ ᠦᠨᠳᠦᠷᠯᠡᠭᠰᠡᠨ ᠤ ᠳᠠᠷᠠᠭ᠎ᠠ᠂ ᠭᠤᠣᠯᠯᠠᠨ ᠡᠷᠬᠢᠯᠡᠭᠰᠡᠨ ᠪᠠᠶᠢᠭᠤᠯᠣᠯᠭ᠎ᠠ ᠳᠤ ᠪᠦᠬᠦ ᠰᠢᠢᠳᠪᠦᠷᠢᠳᠣ ᠣᠷᠣᠯᠳᠣᠭᠠᠨ ᠤ ᠳᠦᠷᠰᠦ ᠰᠢᠩᠬᠡᠬᠡᠯᠳᠡ ᠶᠢᠨ ᠮᠠᠲ᠋ᠧᠷᠢᠶᠠᠯ ᠢ ᠳᠣᠰᠢᠶᠠᠨ᠎ᠠ᠃      ︵ᠠᠷᠪᠠ︶ ᠪᠡᠶ᠎ᠡ ᠶᠢᠨ ᠳᠠᠮᠢᠷ ᠤᠨ ᠴᠣᠭᠯᠠᠭᠠᠨ  ᠤ ᠨᠡᠬᠡᠬᠡᠯᠳᠠ ᠶᠢᠨ ᠶᠣᠰᠣᠯᠠᠯ ᠠᠴᠠ ᠡᠮᠣᠨ᠎ᠠ᠂ ᠳᠠᠩ ᠳᠦᠷᠦᠯ ᠤᠨ ᠣᠷᠣᠯᠳᠣᠭᠠᠨ ᠪᠠ ᠬᠢᠨᠠᠭᠴᠢ᠂ ᠳᠠᠰᠬᠠᠯᠵᠢᠭᠤᠯᠣᠭᠴᠢ  ᠶᠢᠨ ᠪᠣᠯᠪᠠᠰᠣᠷᠠᠯ  ᠤᠨ ᠠᠩᠬᠢ  ᠶᠢ ᠵᠣᠬᠢᠶᠠᠨ ᠪᠠᠶᠢᠭᠤᠯᠣᠨ᠎ᠠ᠃      ︵ᠠᠷᠪᠠᠨ ᠨᠢᠬᠡ︶ ᠪᠣᠰᠣᠳ ᠬᠠᠮᠢᠶ᠎ᠠ ᠪᠦᠬᠦᠢ ᠡᠬᠦᠷᠬᠡ ᠶᠢ  ᠨᠠᠶᠢᠳᠠᠪᠣᠷᠢᠵᠢᠭᠤᠯᠣᠨ᠎ᠠ᠃      ᠠᠷᠪᠠᠨ ᠳᠦᠷᠪᠡᠳᠦᠬᠡᠷ ᠵᠣᠷᠪᠣᠰ   ᠣᠷᠣᠯᠳᠣᠭᠠᠨ ᠤ ᠪᠣᠰᠣ ᠠᠵᠢᠯ ᠢ ᠬᠦᠢᠴᠡᠳᠬᠡᠬᠦ      ︵ᠨᠢᠬᠡ︶   ᠴᠤᠭᠯᠠᠭᠠᠨ ᠡᠷᠭᠢᠯᠡᠬᠦ  ᠭᠠᠵᠠᠷ ᠤᠷᠤᠨ ᠤ ᠴᠠᠭ ᠠᠭᠤᠷ᠂ ᠵᠠᠮ ᠬᠠᠷᠢᠯᠴᠠᠭ᠎ᠠ  ᠪᠣᠯᠣᠨ ᠪᠡᠯᠳᠬᠡᠯ ᠠᠵᠢᠯ ᠤᠨ ᠪᠣᠳᠠᠳᠣ ᠪᠠᠶᠢᠳᠠᠯ ᠵᠡᠷᠬᠡ ᠡᠯᠧᠮᠧᠨ᠋ᠲ ᠢ ᠶᠡᠷᠦᠩᠬᠡᠶᠢᠯᠡᠨ᠂ ᠭᠤᠣᠯᠯᠠᠨ ᠡᠷᠬᠢᠯᠡᠬᠦ ᠪᠠᠶᠢᠭᠤᠯᠣᠯᠭ᠎ᠠ  ᠳᠤ ᠪᠡᠶ᠎ᠡ ᠶᠢᠨ ᠳᠠᠮᠢᠷ ᠤᠨ ᠴᠣᠭᠯᠠᠭᠠᠨ  ᠢ ᠵᠣᠬᠢᠶᠠᠨ ᠪᠠᠶᠢᠭᠤᠯᠬᠤ ᠴᠠᠭ ᠡᠳᠦᠷ ᠪᠣᠯᠣᠨ  ᠡᠬᠢᠯᠡᠯᠳᠡ᠂ ᠬᠠᠭᠠᠯᠳᠠ  ᠶᠢᠨ ᠶᠣᠰᠣᠯᠠᠯ ᠤᠨ ᠴᠠᠭ ᠤᠨ ᠰᠠᠨᠠᠭᠤᠯᠭ᠎ᠠ ᠪᠠᠨ ᠳᠡᠪᠰᠢᠬᠦᠯᠦᠨ᠎ᠠ᠃      ︵ᠬᠤᠶᠠᠷ︶ ᠪᠡᠶ᠎ᠡ ᠶᠢᠨ ᠳᠠᠮᠢᠷ ᠤᠨ ᠴᠣᠭᠯᠠᠭᠠᠨ  ᠤ ᠰᠣᠨᠢᠨ ᠮᠡᠳᠡᠭᠡ ᠣᠬᠠᠭᠤᠯᠭ᠎ᠠ᠂ ᠳᠣᠮᠣ  ᠬᠡᠯᠪᠡᠷᠢ ᠶᠢᠨ  ᠠᠵᠢᠯᠯᠠᠭ᠎ᠠ ᠂ ᠬᠦᠯᠢᠶᠡᠨ ᠠᠪᠣᠯᠳᠠ ᠪᠠᠳᠣᠯᠠᠭ᠎ᠠ᠂ ᠵᠠᠮ ᠳᠡᠬᠡᠬᠡᠪᠦᠷᠢ᠂ ᠠᠮᠣᠷ  ᠢ ᠬᠠᠮᠠᠭᠠᠯᠠᠬᠤ ᠠᠵᠢᠯᠳᠠᠨ ᠤ ᠵᠡᠬᠦᠬᠦ ᠳᠡᠮᠳᠡᠭ ᠤᠨ ᠲᠦᠰᠦᠯ ᠢ ᠳᠣᠭᠳᠠᠭᠠᠵᠣ᠂ ᠭᠤᠣᠯᠯᠠᠨ ᠡᠷᠬᠢᠯᠡᠬᠦ ᠪᠠᠶᠢᠭᠤᠯᠣᠯᠭ᠎ᠠ ᠳᠤ ᠮᠡᠳᠡᠬᠦᠯᠵᠣ  ᠬᠢᠨᠠᠭᠤᠯᠣᠭᠰᠠᠨ ᠤ ᠳᠠᠷᠠᠭ᠎ᠠ ᠵᠣᠬᠢᠶᠠᠨ ᠪᠠᠶᠢᠭᠤᠯᠣᠨ ᠬᠡᠷᠡᠭᠵᠢᠬᠦᠯᠦᠨ᠎ᠠ᠃      ︵ᠭᠤᠷᠪᠠ︶ ᠴᠣᠭᠯᠠᠭᠠᠨ ᠤ ᠰᠦᠯᠳᠡ᠂ ᠪᠡᠯᠬᠡᠳᠡᠯ ᠪᠣᠳᠠᠰ᠂ ᠭᠤᠣᠯ ᠰᠡᠳᠦᠪᠳᠣ ᠳᠠᠭᠤᠣ᠂ ᠣᠬᠠᠭᠤᠯᠭ᠎ᠠ ᠶᠢᠨ ᠵᠢᠷᠤᠭ ᠳᠦᠰᠦᠪ  ᠢᠶᠠᠨ ᠭᠠᠷᠭᠠᠵᠣ᠂ ᠭᠤᠣᠯᠯᠠᠨ ᠡᠷᠬᠢᠯᠡᠬᠦ ᠪᠠᠶᠢᠭᠤᠯᠣᠯᠭ᠎ᠠ ᠳᠤ ᠮᠡᠳᠡᠬᠦᠯᠵᠣ  ᠬᠢᠨᠠᠨ ᠵᠦᠪᠰᠢᠶᠡᠷᠡᠬᠦᠯᠦᠨ᠎ᠡ᠃      ︵ ᠳᠦᠷᠪᠠ︶ ᠪᠦᠬᠦ ᠣᠯᠣᠰ ᠤᠨ ᠪᠡᠯᠡᠳᠬᠡᠯ ᠠᠵᠢᠯ  ᠤᠨ ᠬᠤᠷᠠᠯ ᠬᠢᠨ᠎ᠠ᠃      ︵ᠳᠠᠪᠤ︶ ᠵᠣᠬᠢᠶᠠᠨ ᠪᠠᠶᠢᠭᠤᠯᠬᠤ  ᠺᠣᠮᠢᠰ ᠪᠠᠶᠢᠭᠤᠯᠣᠭᠳᠠᠭᠰᠠᠨ ᠶᠡᠭᠡ ᠬᠤᠷᠠᠯ ᠬᠢᠨ᠎ᠠ᠃      ︵ᠵᠢᠷᠭᠤᠭ᠎ᠠ︶ ᠭᠤᠣᠯᠯᠠᠨ ᠡᠷᠬᠢᠯᠡᠬᠦ ᠪᠠᠶᠢᠭᠤᠯᠣᠯᠭ᠎ᠠ ᠲᠠᠢ ᠬᠠᠮᠵᠢᠯᠴᠠᠨ ᠰᠣᠨᠢᠨ ᠮᠡᠳᠡᠭᠡ ᠨᠡᠶᠢᠳᠡᠯᠡᠬᠦ ᠬᠤᠷᠠᠯ ᠢ ᠬᠢᠨ᠎ᠠ᠃      ︵ᠳᠣᠯᠤᠭ᠎ᠠ︶ ᠭᠤᠣᠯᠯᠠᠨ ᠡᠷᠬᠢᠯᠡᠬᠦ ᠪᠠᠶᠢᠭᠤᠯᠣᠯᠭ᠎ᠠ ᠶᠢᠨ ᠵᠢᠯᠣᠭᠤᠳᠣᠯᠭ᠎ᠠ ᠳᠣᠣᠷ᠎ᠠ᠂ ᠡᠯ᠎ᠡ ᠲᠦᠯᠦᠬᠡᠯᠡᠭᠴᠢᠳ ᠤᠨ ᠪᠦᠯᠬᠦᠮ ᠤᠨ ᠬᠡᠰᠢᠬᠦᠨ᠂ ᠠᠵᠢᠯᠳᠠᠨ᠂ ᠵᠠᠭᠤᠴᠢᠯᠠᠭᠤᠷ ᠤᠨ ᠰᠣᠷᠪᠣᠯᠵᠢᠯᠠᠭᠴᠢ᠂ ᠣᠨᠴᠠ ᠣᠷᠢᠭᠰᠠᠨ ᠵᠣᠴᠢᠨ᠂  ᠳᠣᠭᠤᠷᠢᠨ ᠦᠵᠡᠬᠦ ᠬᠦᠮᠦᠰ ᠤᠨ ᠨᠡᠷ᠎ᠡ ᠮᠡᠳᠡᠬᠦᠯᠬᠦ ᠠᠵᠢᠯ ᠢ ᠬᠠᠷᠢᠭᠤᠴᠠᠨ᠎ᠠ᠃      ︵ᠨᠠᠢᠮᠠ︶ᠪᠡᠶ᠎ᠡ ᠶᠢᠨ ᠳᠠᠮᠢᠷ ᠤᠨ ᠴᠣᠭᠯᠠᠭᠠᠨ  ᠤ  ᠭᠠᠷ ᠠᠪᠣᠯᠭ᠎ᠠ ᠶᠢᠨ ᠳᠡᠪᠳᠡᠷ ᠢ ᠨᠠᠶᠢᠷᠠᠭᠤᠯᠣᠨ ᠳᠠᠷᠬᠠᠭᠠᠨ᠎ᠠ᠃      ︵ᠶᠢᠰᠦ︶ᠬᠠᠮᠢᠶ᠎ᠠ ᠪᠦᠬᠦᠢ ᠰᠣᠶᠣᠯ ᠤᠨ ᠠᠵᠢᠯᠯᠠᠭ᠎ᠠ ᠶᠢ ᠳᠦᠰᠦᠪᠯᠡᠨ ᠵᠣᠬᠢᠶᠠᠨ ᠪᠠᠶᠢᠭᠤᠯᠣᠨ᠎ᠠ᠃      ︵ᠠᠷᠪᠠ︶ᠭᠤᠣᠯᠯᠠᠨ ᠡᠷᠬᠢᠯᠡᠬᠦ ᠪᠠᠶᠢᠭᠤᠯᠣᠯᠭ᠎ᠠ ᠠᠴᠠ ᠣᠷᠣᠯᠳᠣᠭᠠᠨ ᠬᠢᠬᠦ ᠵᠠᠷᠣᠳᠠᠯ ᠨᠦᠬᠦᠪᠦᠷᠢ ᠶᠢ ᠭᠤᠶᠣᠴᠢᠯᠠᠨ᠎ᠠ᠃      ︵ᠠᠷᠪᠠᠨ ᠨᠢᠬᠡ︶ᠪᠡᠶ᠎ᠡ ᠶᠢᠨ ᠳᠠᠮᠢᠷ ᠤᠨ ᠴᠣᠭᠯᠠᠭᠠᠨ ᠢ ᠡᠷᠬᠢᠯᠡᠬᠦ ᠬᠤᠭᠤᠴᠠᠭᠠᠨ ᠳᠠᠬᠢ ᠳᠠᠩᠰᠠ ᠡᠪᠬᠡᠮᠡᠯ ᠤᠨ ᠠᠵᠢᠯ ᠢ ᠰᠠᠶᠢᠳᠣᠷ ᠬᠢᠨ᠎ᠡ᠃ ᠪᠡᠶ᠎ᠡ ᠶᠢᠨ ᠳᠠᠮᠢᠷ ᠤᠨ ᠴᠣᠭᠯᠠᠭᠠᠨ  ᠢ ᠳᠠᠭᠤᠰᠣᠭᠰᠠᠨ ᠤ ᠳᠠᠷᠠᠭ᠎ᠠ 6 ᠰᠠᠷ᠎ᠠ ᠶᠢᠨ ᠳᠣᠳᠣᠷ᠎ᠠ᠂ ᠭᠤᠣᠯᠯᠠᠨ ᠡᠷᠬᠢᠯᠡᠭᠰᠡᠨ ᠪᠠᠶᠢᠭᠤᠯᠣᠯᠭ᠎ᠠ ᠳᠤ ᠪᠦᠬᠦ ᠪᠢᠴᠢᠭ ᠮᠠᠲ᠋ᠧᠷᠢᠶᠠᠯ᠂ ᠳᠦᠰᠦᠪ  ᠳᠦᠰᠦᠯ᠂ ᠣᠳᠣᠷᠢᠳᠣᠯᠭ᠎ᠠ  ᠶᠢᠨ ᠶᠠᠷᠢᠶ᠎ᠠ ᠵᠡᠷᠬᠡ ᠠᠯᠪᠠᠨ ᠶᠣᠰᠣᠨ ᠤ ᠡᠮᠬᠢᠳᠬᠡᠯ  ᠢ ᠳᠣᠰᠢᠶᠠᠨ᠎ᠠ᠃      ︵ᠠᠷᠪᠠᠨ ᠬᠤᠶᠠᠷ︶ ᠪᠡᠶ᠎ᠡ ᠶᠢᠨ ᠳᠠᠮᠢᠷ ᠤᠨ ᠴᠣᠭᠯᠠᠭᠠᠨ  ᠤ ᠪᠡᠯᠳᠬᠡᠯ ᠬᠤᠭᠤᠴᠠᠭᠠᠨ ᠳᠠᠬᠢ ᠣᠯᠠᠨ ᠵᠠᠭᠤᠴᠢᠳᠣ ᠮᠠᠲ᠋ᠧᠷᠢᠶᠠᠯ ᠢ ᠴᠣᠭᠯᠠᠭᠤᠯᠣᠨ ᠳᠢᠭᠯᠡᠬᠦ ᠠᠵᠢᠯ ᠢ ᠰᠠᠶᠢᠳᠣᠷ ᠬᠢᠨ᠎ᠡ᠃ ᠪᠡᠶ᠎ᠡ ᠶᠢᠨ ᠳᠠᠮᠢᠷ ᠤᠨ ᠴᠣᠭᠯᠠᠭᠠᠨ  ᠢ ᠳᠠᠭᠤᠰᠣᠭᠰᠠᠨ ᠤ ᠳᠠᠷᠠᠭ᠎ᠠ 6 ᠰᠠᠷ᠎ᠠ ᠶᠢᠨ ᠳᠣᠳᠣᠷ᠎ᠠ᠂ ᠭᠤᠣᠯᠯᠠᠨ ᠡᠷᠬᠢᠯᠡᠭᠰᠡᠨ ᠪᠠᠶᠢᠭᠤᠯᠣᠯᠭ᠎ᠠ ᠳᠤ ᠲᠣᠮᠣ ᠬᠡᠯᠪᠡᠷᠢ ᠶᠢᠨ ᠠᠵᠢᠯᠯᠠᠭ᠎ᠠ ᠂ ᠴᠢᠬᠤᠯᠠ ᠬᠤᠷᠠᠯ᠂ ᠣᠬᠠᠭᠤᠯᠭ᠎ᠠ ᠰᠣᠨᠢᠨ ᠮᠡᠳᠡᠬᠡᠨ ᠤ ᠳᠦᠷᠰᠦ ᠪᠢᠴᠢᠯᠬᠡ᠂ ᠵᠢᠷᠤᠭ ᠰᠡᠬᠦᠳᠡᠷ ᠵᠡᠷᠬᠡ ᠣᠯᠠᠨ ᠵᠠᠭᠤᠴᠢᠳᠣ ᠮᠠᠲ᠋ᠧᠷᠢᠶᠠᠯ ᠤᠨ ᠡᠮᠬᠢᠳᠬᠡᠯ ᠢᠶᠠᠨ ᠬᠠᠩᠭᠠᠨ᠎ᠠ᠃ ᠡᠬᠦᠨ ᠳᠤ᠂ ᠪᠡᠶ᠎ᠡ ᠶᠢᠨ ᠳᠠᠮᠢᠷ ᠤᠨ ᠴᠣᠭᠯᠠᠭᠠᠨ  ᠤ  ᠡᠬᠢᠯᠡᠯᠳᠡ ᠬᠠᠭᠠᠯᠳᠠ ᠶᠢᠨ ᠶᠣᠰᠣᠯᠠᠯ  ᠢ ᠡᠷᠬᠡᠪᠰᠢ ᠳᠦᠷᠰᠦ ᠰᠢᠩᠬᠡᠬᠡᠯᠳᠡ ᠶᠢᠨ ᠬᠡᠷᠡᠯᠯᠢᠭ ᠳᠠᠪᠠᠭ ᠪᠠ ᠵᠢᠷᠣᠭᠳᠣ ᠳᠡᠪᠳᠡᠷ ᠤᠨ  ᠬᠡᠯᠪᠡᠷᠢ ᠪᠠᠷ ᠭᠠᠷᠭᠠᠨ᠎ᠠ᠃      ︵ᠠᠷᠪᠠᠨ ᠭᠤᠷᠪᠠ︶ ᠪᠡᠶ᠎ᠡ ᠶᠢᠨ ᠳᠠᠮᠢᠷ ᠤᠨ ᠴᠣᠭᠯᠠᠭᠠᠨ ᠳᠠᠭᠤᠰᠣᠭᠰᠠᠨ ᠤ ᠳᠠᠷᠠᠭ᠎ᠠ 15 ᠬᠤᠨᠤᠭ ᠤᠨ ᠳᠣᠳᠣᠷ᠎ᠠ᠂ ᠭᠤᠣᠯᠯᠠᠨ ᠡᠷᠬᠢᠯᠡᠭᠰᠡᠨ ᠪᠠᠶᠢᠭᠤᠯᠣᠯᠭ᠎ᠠ ᠳᠤ ᠪᠡᠶ᠎ᠡ ᠶᠢᠨ ᠳᠠᠮᠢᠷ ᠤᠨ ᠴᠣᠭᠯᠠᠭᠠᠨ  ᠤ ᠶᠡᠷᠦᠩᠬᠡᠢ  ᠳ᠋ᠦᠩᠨᠡᠯᠳᠡ ᠶᠢᠨ ᠮᠡᠳᠡᠬᠦᠯᠦᠯᠳᠠ ᠶᠢ ᠬᠦᠷᠬᠡᠨ᠎ᠠ᠃      ︵ᠠᠷᠪᠠᠨ ᠳᠦᠷᠪᠡ︶ ᠪᠣᠰᠣᠳ ᠬᠠᠮᠢᠶ᠎ᠠ ᠪᠦᠬᠦᠢ ᠡᠬᠦᠷᠬᠡ ᠶᠢ ᠬᠦᠢᠴᠡᠳᠬᠡᠨ᠎ᠡ᠃       ᠳᠠᠪᠣᠳᠣᠭᠠᠷ ᠪᠦᠯᠦᠭ    ᠪᠡᠶ᠎ᠡ ᠶᠢᠨ ᠳᠠᠮᠢᠷ ᠤᠨ ᠴᠣᠭᠯᠠᠭᠠᠨ ᠭᠤᠶᠣᠴᠢᠯᠠᠨ ᠡᠷᠬᠢᠯᠡᠬᠦ      ᠠᠷᠪᠠᠨ ᠳᠠᠪᠣᠳᠣᠭᠠᠷ ᠵᠣᠷᠪᠣᠰ   ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ  ᠢ ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠶᠣᠴᠢᠯᠠᠨ ᠡᠷᠬᠢᠯᠡᠨ᠎ᠠ᠃      ᠠᠷᠪᠠᠨ ᠵᠢᠷᠭᠤᠳᠣᠭᠠᠷ ᠵᠣᠷᠪᠣᠰ    ᠭᠤᠶᠣᠴᠢᠯᠠᠨ ᠡᠷᠬᠢᠯᠡᠬᠦ ᠨᠦᠬᠦᠴᠡᠯ      ︵ᠨᠢᠬᠡ︶  ᠵᠠᠷᠣᠳᠠᠯ ᠤᠨ ᠪᠠᠳᠣᠯᠠᠭ᠎ᠠ ᠶᠢ ᠬᠠᠩᠭᠠᠨ᠎ᠠ      ︵ᠬᠤᠶᠠᠷ︶ ᠣᠷᠣᠯᠳᠣᠭᠠᠨ ᠤ ᠳᠠᠯᠠᠪᠠᠢ ᠣᠷᠳᠣᠨ ᠪᠣᠯᠣᠨ ᠳᠦᠬᠦᠬᠡᠷᠦᠮᠵᠢ ᠨᠢ ᠣᠷᠣᠯᠳᠣᠭᠠᠨ ᠤ ᠵᠣᠬᠢᠶᠠᠨ ᠪᠠᠶᠢᠭᠤᠯᠣᠯᠳᠠ ᠶᠢᠨ ᠱᠠᠭᠠᠷᠳᠠᠯᠭ᠎ᠠ ᠶᠢ ᠬᠠᠩᠭᠠᠨ᠎ᠠ᠃      ︵ᠭᠤᠷᠪᠠ︶ ᠬᠦᠯᠢᠶᠡᠨ ᠠᠪᠣᠯᠳᠠ᠂ ᠵᠠᠮ ᠬᠠᠷᠢᠯᠴᠠᠭ᠎ᠠ᠂  ᠠᠮᠣᠷ ᠢ ᠬᠠᠮᠠᠭᠠᠯᠠᠬᠤ᠂ ᠣᠬᠠᠭᠤᠯᠭ᠎ᠠ ᠵᠡᠷᠬᠡ ᠳᠠᠯ᠎ᠠ ᠪᠠᠷ ᠪᠦᠬᠦ ᠣᠯᠣᠰ ᠤᠨ ᠴᠢᠨᠠᠷᠳᠠᠢ ᠣᠷᠣᠯᠳᠣᠭᠠᠨ  ᠬᠢᠬᠦ ᠵᠦᠬᠡᠯᠡᠨ ᠪᠠ ᠬᠠᠳᠠᠭᠤ ᠳᠣᠨᠤᠭ  ᠤᠨ ᠨᠦᠬᠦᠴᠡᠯ ᠢ  ᠪᠦᠷᠢᠯᠳᠦᠬᠦᠯᠦᠨ᠎ᠠ᠃      ︵ᠳᠦᠷᠪᠡ︶ ᠣᠯᠠᠨ ᠳᠦᠮᠡᠨᠴᠢ ᠴᠢᠨᠠᠷᠳᠠᠢ ᠴᠦᠬᠡᠨ ᠳᠣᠭᠠᠳᠣ ᠦᠨᠳᠦᠰᠦᠳᠡᠨ ᠤ ᠣᠯᠠᠮᠵᠢᠯᠠᠯᠳᠣ ᠪᠡᠶ᠎ᠡ ᠶᠢᠨ ᠳᠠᠮᠢᠷ ᠤᠨ ᠴᠣᠭᠯᠠᠭᠠᠨ  ᠢ ᠬᠦᠨᠳᠦᠳᠬᠡᠨ ᠡᠷᠬᠢᠯᠡᠨ᠎ᠡ᠃      ᠠᠷᠪᠠᠨ ᠳᠣᠯᠣᠳᠣᠭᠠᠷ ᠵᠣᠷᠪᠣᠰ    ᠭᠤᠶᠣᠴᠢᠯᠠᠨ ᠡᠷᠬᠢᠯᠡᠬᠦ ᠠᠯᠬᠤᠮ ᠲᠠᠷᠠᠭᠠᠯᠠᠯ      ︵ᠨᠢᠬᠡ︶  ᠡᠷᠡᠮᠡᠯᠵᠠᠨ ᠭᠤᠶᠣᠴᠢᠯᠠᠨ᠎ᠠ᠃  ᠭᠤᠶᠣᠴᠢᠯᠠᠨ ᠡᠷᠬᠢᠯᠡᠬᠦ  ᠪᠠᠶᠢᠭᠤᠯᠣᠯᠭ᠎ᠠ ᠨᠢ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ  ᠢ ᠶᠠᠪᠣᠭᠳᠠᠬᠤ ᠠᠴᠠ 5 ᠵᠢᠯ ᠤᠨ  ᠡᠮᠣᠨ᠎ᠠ᠂ ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠳᠤ ᠭᠤᠶᠣᠴᠢᠯᠠᠯ ᠤᠨ ᠪᠢᠴᠢᠭ ᠢᠶᠠᠨ ᠳᠣᠰᠢᠶᠠᠨ᠎ᠠ᠃ ᠭᠤᠶᠣᠴᠢᠯᠠᠯ ᠤᠨ ᠪᠢᠴᠢᠭ ᠲᠤ ᠡᠷᠬᠡᠪᠰᠢ ᠭᠤᠶᠣᠴᠢᠯᠠᠨ ᠡᠷᠬᠢᠯᠡᠬᠦ ᠨᠦᠬᠦᠴᠡᠯ ᠳᠤ ᠬᠠᠮᠣᠷᠣᠭᠳᠠᠭᠰᠠᠨ ᠪᠦᠬᠦ ᠠᠰᠠᠭᠤᠳᠠᠯ ᠪᠣᠯᠣᠨ ᠬᠠᠮᠢᠶ᠎ᠠ ᠪᠦᠬᠦᠢ ᠠᠭᠤᠯᠭ᠎ᠠ ᠪᠠᠭᠳᠠᠨ᠎ᠠ᠃      ︵ᠬᠤᠶᠠᠷ︶ ᠰᠢᠨᠵᠢᠯᠡᠨ ᠪᠠᠶᠢᠴᠠᠭᠠᠨ᠎ᠠ᠃ ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ  ᠭᠤᠶᠣᠴᠢᠯᠠᠯᠳᠠ ᠶᠢ ᠦᠨᠳᠦᠰᠦᠯᠡᠨ᠂ ᠪᠠᠶᠢᠴᠠᠭᠠᠯᠳᠠ ᠶᠢᠨ ᠳᠣᠭᠤᠶᠢᠯᠠᠩ ᠵᠣᠬᠢᠶᠠᠨ ᠪᠠᠶᠢᠭᠤᠯᠵᠣ᠂ ᠭᠤᠶᠣᠴᠢᠯᠠᠨ ᠡᠷᠬᠢᠯᠡᠬᠦ ᠪᠠᠶᠢᠭᠤᠯᠣᠯᠭ᠎ᠠ ᠳᠤ ᠬᠦᠷᠴᠦ ᠶᠡᠷᠦᠩᠬᠡᠢ ᠪᠠᠶᠢᠴᠠᠭᠠᠯᠳᠠ ᠬᠢᠨ᠎ᠡ᠃      ︵ᠭᠤᠷᠪᠠ︶ ᠬᠢᠨᠠᠨ  ᠵᠦᠪᠯᠡᠵᠣ ᠴᠣᠬᠤᠯᠠᠪᠣᠷᠢᠯᠠᠨ ᠬᠠᠷᠢᠭᠤᠯᠣᠨ᠎ᠠ᠃ ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ  ᠪᠠᠶᠢᠴᠠᠭᠠᠯᠳᠠ ᠶᠢᠨ ᠪᠠᠶᠢᠳᠠᠯ ᠢᠶᠠᠨ ᠦᠨᠳᠦᠰᠦᠯᠡᠨ᠂  ᠶᠡᠷᠦᠩᠬᠡᠢ ᠦᠨᠡᠯᠡᠯᠳᠠ ᠭᠠᠷᠭᠠᠨ ᠬᠢᠨᠠᠨ ᠵᠦᠪᠯᠡᠵᠣ᠂ ᠬᠢᠨᠠᠨ ᠵᠦᠪᠯᠡᠭᠰᠡᠨ ᠦᠷ᠎ᠡ ᠳ᠋ᠦᠩ ᠢ ᠳᠦᠷᠦ ᠶᠢᠨ ᠶᠠᠪᠣᠳᠠᠯ ᠤᠨ ᠬᠤᠷᠢᠶᠠᠨ ᠳᠤ ᠮᠡᠳᠡᠬᠦᠯᠵᠣ ᠵᠦᠪᠰᠢᠶᠡᠷᠡᠬᠦᠯᠦᠭᠰᠡᠨ ᠤ ᠳᠠᠷᠠᠭ᠎ᠠ᠂ ᠳᠠᠭᠠᠭᠠᠴᠢᠯᠠᠨ ᠡᠷᠬᠢᠯᠡᠬᠦ ᠪᠠᠶᠢᠭᠤᠯᠣᠯᠭ᠎ᠠ ᠳᠤ ᠴᠣᠬᠤᠯᠠᠪᠣᠷᠢᠯᠠᠨ ᠬᠠᠷᠢᠭᠤᠯᠣᠨ᠎ᠠ᠃      ᠵᠢᠷᠭᠤᠳᠣᠭᠠᠷ ᠪᠦᠯᠦᠭ    ᠣᠷᠣᠯᠳᠣᠭᠠᠨ ᠤ ᠳᠦᠷᠦᠯ ᠵᠦᠢᠯ ᠤᠨ ᠳᠣᠬᠢᠷᠠᠭᠤᠯᠣᠯᠳᠠ     ᠠᠷᠪᠠᠨ ᠨᠠᠢᠮᠠᠳᠣᠭᠠᠷ ᠵᠣᠷᠪᠣᠰ  ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ  ᠨᠢ ᠣᠷᠣᠯᠳᠣᠭᠠᠨ ᠤ ᠳᠦᠷᠦᠯ ᠵᠦᠢᠯ ᠪᠠ ᠦᠵᠡᠬᠦᠯᠦᠯᠬᠡ ᠶᠢᠨ ᠳᠣᠭᠯᠠᠯᠳᠠ ᠶᠢᠨ ᠳᠦᠷᠦᠯ ᠵᠦᠢᠯ ᠬᠡᠵᠣ ᠬᠤᠶᠠᠷ ᠳᠦᠷᠦᠯ ᠬᠤᠪᠢᠶᠠᠨ᠎ᠠ᠃ ᠣᠷᠣᠯᠳᠣᠭᠠᠨ ᠤ ᠳᠦᠷᠦᠯ ᠵᠦᠢᠯ ᠢ ᠰᠡᠳᠣᠪ ᠳᠣᠭᠳᠠᠭᠠᠯᠳᠠ ᠶᠢᠨ ᠰᠢᠨᠵᠢ ᠴᠢᠨᠠᠷ  ᠢᠶᠠᠷ ᠨᠢ  ᠨᠡᠮᠡᠭᠳᠡᠭᠰᠡᠨ ᠳᠦᠷᠦᠯ ᠵᠦᠢᠯ᠂  ᠪᠠᠶᠢᠩᠭᠤ ᠶᠢᠨ ᠪᠣᠰᠣ ᠳᠦᠷᠦᠯ ᠵᠦᠢᠯ ᠪᠣᠯᠣᠨ ᠪᠠᠶᠢᠩᠭᠤ ᠵᠢᠨ‌‍ᠲ᠋ᠦ᠋ᠷᠦᠯ ᠵᠦᠢᠯ ᠬᠡᠵᠣ ᠬᠤᠪᠢᠶᠠᠨ᠎ᠠ᠂     ᠠᠷᠪᠠ ᠶᠢᠰᠦᠳᠦᠬᠡᠷ ᠵᠣᠷᠪᠣᠰ   ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ  ᠤ ᠣᠷᠣᠯᠳᠣᠭᠠᠨ ᠤ ᠳᠦᠷᠦᠯ ᠵᠦᠢᠯ ᠤᠨ ᠳᠤᠭ᠎ᠠ ᠶᠢ ᠵᠠᠷᠴᠢᠮ ᠳᠡᠬᠡᠷ᠎ᠡ ᠪᠠᠨ ᠳᠣᠭᠳᠠᠪᠣᠷᠢᠳᠠᠢ ᠪᠠᠶᠢᠯᠭᠠᠵᠣ᠂  ᠭᠤᠣᠯᠯᠠᠨ ᠡᠷᠬᠢᠯᠡᠬᠦ ᠪᠠᠶᠢᠭᠤᠯᠣᠯᠭ᠎ᠠ ᠨᠢ ᠴᠦᠬᠡᠨ ᠳᠣᠭᠠᠳᠣ ᠦᠨᠳᠦᠰᠦᠳᠡᠨ ᠤ ᠤᠯᠠᠮᠵᠢᠯᠠᠯᠳᠣ ᠪᠡᠶ᠎ᠡ ᠶᠢᠨ ᠳᠠᠮᠢᠷ ᠤᠨ ᠴᠣᠭᠯᠠᠭᠠᠨ  ᠤ ᠳᠦᠷᠦᠯ ᠵᠦᠢᠯ ᠤᠨ ᠬᠦᠭᠵᠢᠯᠳᠠ ᠶᠢᠨ ᠪᠣᠳᠠᠳᠣ ᠪᠠᠶᠢᠳᠠᠯ᠂ ᠳᠠᠭᠠᠭᠠᠴᠢᠯᠠᠨ ᠡᠷᠬᠢᠯᠡᠬᠦ ᠪᠠᠶᠢᠭᠤᠯᠣᠯᠭ᠎ᠠ ᠶᠢᠨ ᠴᠣᠭᠯᠠᠭᠠᠨ  ᠢ ᠡᠷᠬᠢᠯᠡᠬᠦ ᠨᠦᠬᠦᠴᠡᠯ ᠪᠣᠯᠣᠨ  ᠣᠷᠣᠯᠳᠣᠭᠠᠨ ᠤ ᠳᠦᠷᠦᠯ ᠵᠦᠢᠯ ᠤᠨ ᠰᠡᠳᠦᠪ ᠳᠣᠭᠳᠠᠭᠠᠯᠳᠠ ᠵᠡᠷᠬᠡ ᠡᠯᠧᠮᠧᠨ᠋ᠲ ᠢ ᠶᠡᠷᠦᠩᠬᠡᠶᠢᠯᠡᠨ᠂ ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ  ᠤ ᠣᠷᠣᠯᠳᠣᠭᠠᠨ ᠤ ᠳᠦᠷᠦᠯ ᠵᠦᠢᠯ ᠢ ᠳᠣᠬᠢᠷᠠᠭᠤᠯᠣᠨ᠎ᠠ᠃ ᠪᠣᠳᠠᠳᠠᠢ ᠳᠦᠷᠦᠯ ᠵᠦᠢᠯ ᠤᠨ ᠳᠣᠬᠢᠷᠠᠭᠤᠯᠣᠯᠳᠠ ᠶᠢ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ  ᠤ ᠳᠦᠷᠢᠮ ᠢᠶᠠᠷ ᠪᠠᠷᠢᠮᠵᠢᠶ᠎ᠠ ᠪᠣᠯᠭᠠᠨ᠎ᠠ᠃      ᠳᠣᠯᠣᠳᠣᠭᠠᠷ ᠪᠦᠯᠦᠭ    ᠣᠷᠣᠯᠳᠣᠭᠠᠨ ᠤ ᠳᠦᠷᠦᠯ ᠵᠦᠢᠯ ᠤᠨ  ᠰᠡᠳᠦᠪ ᠳᠣᠭᠳᠠᠭᠠᠯᠳᠠ      ᠬᠤᠷᠢᠳᠣᠭᠠᠷ ᠵᠣᠷᠪᠣᠰ  ᠫᠣᠣᠵᠢᠩ᠂  ᠮᠣᠳᠣᠨ ᠪᠦᠮᠪᠦᠭᠡ  ᠂ ᠳᠡᠪᠡᠭ᠂ ᠯᠣᠣᠳᠣ ᠣᠩᠭᠤᠴᠠ᠂ ᠳᠡᠬᠦᠵᠢᠩ᠂  ᠭᠠᠭᠴᠠ ᠬᠤᠯᠣᠰᠣᠨ  ᠤ ᠬᠦᠪᠪᠣᠯᠳᠠ  ᠶᠢᠨ ᠣᠷᠣᠯᠳᠣᠭᠠᠨ᠂ ᠬᠤᠯᠬᠤᠪᠴᠢ ᠨᠣᠮᠣ᠂  ᠳᠣᠭᠤᠷᠢᠭᠤᠯ᠂ ᠵᠢᠳᠬᠦᠯᠬᠡ  ᠶᠢᠨ ᠣᠷᠣᠯᠳᠣᠭᠠᠨ᠂ ᠮᠣᠳᠣᠨ ᠬᠦᠯ ᠬᠢᠰᠬᠢᠬᠦ ᠣᠷᠣᠯᠳᠣᠭᠠᠨ᠂ ᠬᠠᠪᠳᠠᠰᠣᠨ ᠱᠠᠬᠠᠢ  ᠶᠢᠨ ᠣᠷᠣᠯᠳᠣᠭᠠᠨ᠂ ᠦᠨᠳᠦᠰᠦᠳᠡᠨ ᠤ ᠦᠱᠦ᠂ ᠦᠨᠳᠦᠰᠦᠳᠡᠨ ᠤ ᠪᠦᠬᠡ  ᠂ ᠦᠨᠳᠦᠰᠦᠳᠡᠨ ᠤ ᠮᠣᠷᠢᠨ ᠮᠡᠷᠬᠡᠵᠢᠯ᠂ ᠦᠨᠳᠦᠰᠦᠳᠡᠨ ᠤ ᠪᠡᠶ᠎ᠡ ᠴᠢᠬᠢᠷᠠᠭᠵᠢᠭᠤᠯᠬᠤ ᠳᠠᠮᠢᠷ ᠵᠡᠷᠬᠡ 17 ᠳᠦᠷᠦᠯ ᠵᠦᠢᠯ ᠢ ᠨᠢᠬᠡᠨᠳᠠ ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ  ᠤ ᠣᠷᠣᠯᠳᠣᠭᠠᠨ ᠤ ᠳᠦᠷᠦᠯ ᠵᠦᠢᠯ ᠤᠨ ᠪᠠᠶᠢᠩᠭᠤ ᠶᠢᠨ ᠳᠦᠷᠦᠯ ᠵᠦᠢᠯ ᠢᠶᠠᠷ ᠳᠣᠭᠳᠠᠭᠠᠭᠰᠠᠨ ᠪᠠᠶᠢᠨ᠎ᠠ᠃ ᠰᠡᠳᠦᠪ ᠳᠣᠭᠳᠠᠭᠠᠬᠤ ᠳᠣᠭᠳᠠᠭᠠᠯ ᠳᠤ ᠨᠡᠶᠢᠴᠡᠭᠰᠡᠨ ᠪᠣᠰᠣᠳ ᠴᠦᠬᠡᠨ ᠳᠣᠭᠠᠳᠣ ᠦᠨᠳᠦᠰᠦᠳᠡᠨ ᠤ ᠤᠯᠠᠮᠵᠢᠯᠠᠯᠳᠣ ᠪᠡᠶ᠎ᠡ ᠶᠢᠨ ᠳᠠᠮᠢᠷ ᠤᠨ ᠴᠣᠭᠯᠠᠭᠠᠨ  ᠤ ᠳᠦᠷᠦᠯ ᠵᠦᠢᠯ ᠢ ᠭᠤᠶᠣᠴᠢᠯᠠᠬᠤ ᠪᠠᠷ ᠳᠠᠮᠵᠢᠨ᠂ ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ  ᠤ ᠣᠷᠣᠯᠳᠣᠭᠠᠨ ᠤ ᠳᠦᠷᠦᠯ ᠵᠦᠢᠯ ᠤᠨ ᠨᠡᠮᠡᠭᠳᠡᠭᠰᠡᠨ ᠳᠦᠷᠦᠯ ᠵᠦᠢᠯ᠂ ᠪᠠᠶᠢᠩᠭᠤ ᠶᠢᠨ ᠪᠣᠰᠣ ᠳᠦᠷᠦᠯ ᠵᠦᠢᠯ ᠪᠣᠯᠣᠨ ᠪᠠᠶᠢᠩᠭᠤ ᠶᠢᠨ ᠳᠦᠷᠦᠯ ᠵᠦᠢᠯ ᠪᠣᠯᠭᠠᠨ᠎ᠠ᠃ ᠪᠠᠶᠢᠩᠭᠤ ᠵᠢᠨ‌‍ᠲ᠋ᠦ᠋ᠷᠦᠯ ᠵᠦᠢᠯ ᠢ ᠳᠡᠰ ᠪᠠᠭᠤᠷᠠᠭᠤᠯᠤᠨ ᠪᠠᠶᠢᠩᠭᠤ ᠶᠢᠨ ᠪᠣᠰᠣ ᠳᠦᠷᠦᠯ ᠵᠦᠢᠯ ᠪᠣᠯᠭᠠᠵᠣ ᠪᠣᠯᠣᠨ᠎ᠠ᠃       ᠬᠤᠷᠢᠨ ᠨᠢᠬᠡᠳᠦᠬᠡᠷ ᠵᠣᠷᠪᠣᠰ   ᠨᠡᠮᠡᠭᠳᠡᠭᠰᠡᠨ ᠳᠦᠷᠦᠯ ᠵᠦᠢᠯ ᠤᠨ ᠰᠡᠳᠤᠪ ᠳᠣᠭᠳᠠᠭᠠᠯᠳᠠ      ︵ᠨᠢᠬᠡ︶  ᠵᠦᠪᠬᠡᠨ ᠪᠦᠬᠦ ᠣᠯᠣᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ  ᠢ ᠳᠠᠭᠠᠭᠠᠴᠢᠯᠠᠨ ᠡᠷᠬᠢᠯᠡᠬᠦ ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠳᠠᠭᠠᠭᠠᠴᠢᠯᠠᠨ ᠡᠷᠬᠢᠯᠡᠬᠦ ᠬᠡᠵᠣ ᠪᠠᠶᠢᠭ᠎ᠠ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠳᠠᠭᠠᠨ ᠨᠡᠮᠡᠭᠳᠡᠭᠰᠡᠨ ᠳᠦᠷᠦᠯ ᠵᠦᠢᠯ  ᠢ ᠭᠤᠶᠣᠴᠢᠯᠠᠬᠤ ᠬᠢᠷᠢ ᠬᠡᠮ ᠲᠠᠢ᠃ ᠨᠡᠮᠡᠭᠳᠡᠭᠰᠡᠨ ᠳᠦᠷᠦᠯ ᠵᠦᠢᠯ  ᠨᠢ ᠵᠦᠪᠬᠡᠨ ᠳᠠᠭᠠᠭᠠᠴᠢᠯᠠᠨ ᠡᠷᠬᠢᠯᠡᠬᠦ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠲᠡᠭᠡᠷ᠎ᠠ ᠬᠦᠴᠦᠨ ᠲᠠᠢ᠂ ᠳᠤᠭ᠎ᠠ ᠬᠡᠮᠵᠢᠶ᠎ᠡ ᠨᠢ 1ᠳᠦᠷᠦᠯ ᠠᠴᠠ ᠬᠡᠳᠦᠷᠡᠬᠦ ᠦᠬᠡᠢ᠃      ︵ᠬᠤᠶᠠᠷ︶ ᠭᠤᠶᠣᠴᠢᠯᠠᠭᠰᠠᠨ ᠳᠦᠷᠦᠯ ᠵᠦᠢᠯ ᠨᠢ ᠡᠷᠬᠡᠪᠰᠢ ᠳᠣᠣᠷᠠᠬᠢ ᠨᠦᠬᠦᠴᠡᠯ ᠤᠳ ᠢ ᠬᠠᠩᠭᠠᠭᠰᠠᠨ ᠪᠠᠶᠢᠬᠤ ᠬᠡᠷᠡᠭᠳᠡᠢ᠄      1.ᠴᠦᠬᠡᠨ ᠳᠣᠭᠠᠳᠣ ᠦᠨᠳᠦᠰᠦᠳᠡᠨ ᠤ ᠰᠣᠶᠣᠯ ᠤᠨ ᠢᠯᠡ ᠲᠤᠳᠤ ᠣᠨᠴᠠᠯᠢᠭ ᠲᠠᠢ᠂ ᠦᠷᠬᠡᠨ ᠳᠡᠯᠬᠡᠷ ᠣᠯᠠᠨ ᠳᠦᠮᠡᠨᠴᠢ ᠰᠠᠭᠤᠷᠢ   ᠲᠠᠢ᠂ ᠦᠷᠢᠰᠦᠯᠳᠦᠬᠦ  ᠴᠢᠨᠠᠷ᠂ ᠰᠣᠨᠢᠷᠬᠠᠯᠳᠣ  ᠴᠢᠨᠠᠷ᠂ ᠠᠮᠣᠷ ᠳᠦᠪᠰᠢᠨ ᠴᠢᠨᠠᠷ ᠦᠨᠳᠦᠷ ᠪᠠᠶᠢᠬᠤ      2. ᠮᠣᠵᠢ ᠶᠢᠨ ᠳᠡᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ  ᠤ ᠣᠷᠣᠯᠳᠣᠭᠠᠨ ᠤ ᠳᠦᠷᠦᠯ ᠵᠦᠢᠯ ᠪᠠᠶᠢᠬᠤ      3. 3 ᠣᠳᠠᠭᠠᠨ ᠤ ᠪᠦᠬᠦ ᠤᠯᠤᠰ ᠤᠨ ᠣᠷᠣᠯᠳᠣᠭᠠᠨ ᠪᠠ ᠬᠢᠨᠠᠭᠴᠢ᠂ ᠳᠠᠰᠬᠠᠯᠵᠢᠭᠤᠯᠣᠭᠴᠢ ᠶᠢᠨ ᠪᠣᠯᠪᠠᠰᠣᠷᠠᠯ ᠤᠨ ᠠᠩᠬᠢ ᠡᠷᠬᠢᠯᠡᠭᠰᠡᠨ ᠪᠠᠶᠢᠬᠤ ᠪᠥᠭᠡᠳ ᠣᠳᠠᠭ᠎ᠠ ᠪᠣᠯᠭᠠᠨ ᠤ ᠪᠦᠬᠦ ᠤᠯᠤᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ  ᠳᠤᠨᠢ ᠡᠷᠬᠡᠪᠰᠢ ᠨᠠᠭᠠᠳᠤ ᠵᠠᠬ᠎ᠠ ᠳᠠᠭᠠᠨ 4 ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠠᠴᠠ ᠠᠩᠬᠢ ᠵᠤᠬᠢᠶᠠᠨ ᠪᠠᠶᠢᠭᠤᠯᠵᠤ ᠬᠦᠮᠦᠨ ᠳᠣᠮᠢᠯᠠᠨ ᠣᠷᠣᠯᠴᠠᠭᠤᠯᠣᠭᠰᠠᠨ ᠪᠠᠶᠢᠬᠤ ᠬᠡᠷᠡᠭᠳᠡᠢ᠃      4. ᠪᠦᠷᠢᠨ ᠳᠡᠬᠦᠯᠳᠡᠷ ᠣᠷᠣᠯᠳᠣᠭᠠᠨ ᠤ ᠳᠦᠷᠢᠮ᠂ ᠬᠢᠨᠠᠬᠤ ᠠᠷᠭ᠎ᠠ ᠶᠢ ᠪᠦᠷᠢᠯᠳᠦᠬᠦᠯᠦᠭᠰᠡᠨ᠃      5. ᠣᠷᠣᠯᠳᠣᠭᠠᠨ ᠤ ᠬᠡᠷᠡᠭᠰᠡᠯ ᠨᠢ ᠪᠠᠷᠢᠮᠵᠢᠶᠠᠵᠢᠭᠤᠯᠣᠭᠰᠠᠨ ᠦᠢᠯᠡᠳᠪᠦᠷᠢᠯᠡᠯ ᠳᠤ ᠬᠦᠷᠦᠭᠰᠡᠨ ᠪᠠᠶᠢᠬᠤ᠃      ︵ᠭᠤᠷᠪᠠ︶ ᠰᠡᠳᠤᠪ ᠳᠣᠭᠳᠠᠭᠠᠯᠳᠠ ᠶᠢᠨ ᠠᠯᠬᠤᠮ  ᠲᠠᠷᠠᠭᠠᠯᠠᠯ      1.ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ  ᠢ ᠳᠠᠭᠠᠭᠠᠴᠢᠯᠠᠨ ᠡᠷᠬᠢᠯᠡᠬᠦ ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠶᠢᠨ ᠦᠨᠳᠦᠰᠦᠳᠡᠨ᠂ ᠪᠡᠶ᠎ᠡ ᠶᠢᠨ ᠳᠠᠮᠢᠷ ᠤᠨ ᠠᠵᠢᠯ ᠤᠨ ᠰᠠᠯᠠᠭ᠎ᠠ ᠮᠦᠴᠢᠷ ᠬᠤᠯᠪᠣᠭᠠᠯᠠᠨ᠂ ᠳᠠᠭᠠᠭᠠᠴᠢᠯᠠᠨ ᠡᠷᠬᠢᠯᠡᠬᠦ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠶᠠᠪᠤᠭᠳᠠᠬᠤ ᠠᠴᠠ  3 ᠵᠢᠯ ᠤᠨ ᠡᠮᠣᠨ᠎ᠠ᠂ ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠳᠤ ᠰᠡᠳᠣᠪ ᠳᠣᠭᠳᠠᠭᠠᠯᠳᠠ ᠶᠢᠨ ᠭᠤᠶᠣᠴᠢᠯᠠᠯᠳᠠ ᠶᠢᠨ ᠪᠢᠴᠢᠭ ᠢᠶᠠᠨ ᠬᠦᠷᠬᠡᠨ᠎ᠡ᠃ ᠰᠡᠳᠣᠪ ᠳᠣᠭᠳᠠᠭᠠᠯᠳᠠ ᠶᠢᠨ ᠭᠤᠶᠣᠴᠢᠯᠠᠯᠳᠠ ᠶᠢᠨ ᠪᠢᠴᠢᠭ ᠲᠤ ᠰᠡᠳᠣᠪ ᠳᠣᠭᠳᠠᠭᠠᠯᠳᠠ ᠶᠢᠨ ᠨᠦᠬᠦᠴᠡᠯ ᠳᠤ ᠬᠤᠯᠪᠤᠭᠳᠠᠭᠰᠠᠨ ᠠᠰᠠᠭᠤᠳᠠᠯ ᠤᠨ ᠬᠠᠮᠢᠶ᠎ᠠ  ᠪᠦᠬᠦᠢ ᠠᠭᠤᠯᠭ᠎ᠠ ᠪᠠ ᠬᠡᠷᠡᠴᠢ ᠮᠠᠲ᠋ᠧᠷᠢᠶᠠᠯ ᠢ ᠪᠠᠭᠲᠠᠭᠠᠵᠦ᠂ ᠠᠷᠤ ᠳᠤᠨᠢ ᠣᠷᠣᠯᠳᠣᠭᠠᠨ ᠤ ᠳᠠᠯᠠᠪᠣᠷ᠂ ᠬᠡᠷᠡᠭᠰᠡᠯ ᠤᠨ ᠨᠠᠷᠢᠨ ᠳᠠᠨᠢᠯᠴᠠᠭᠤᠯᠭ᠎ᠠ ᠪᠠ ᠣᠷᠣᠯᠳᠣᠭᠠᠨ ᠤ ᠳᠦᠷᠰᠣ ᠰᠢᠩᠬᠡᠬᠡᠯᠳᠡ ᠶᠢᠨ ᠮᠠᠲ᠋ᠧᠷᠢᠶᠠᠯ  ᠢ ᠲᠠᠭᠠᠯᠳᠤᠭᠤᠯᠤᠨ᠎ᠠ᠃      2.ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠠᠴᠠ ᠳᠦᠷᠦᠯ ᠵᠦᠢᠯ ᠢ ᠬᠢᠨᠠᠨ ᠦᠨᠡᠯᠡᠨ᠎ᠡ᠃ ᠬᠢᠨᠠᠨ ᠦᠨᠡᠯᠡᠯᠳᠡ ᠳᠤ ᠬᠢᠷᠢ ᠳᠡᠩᠴᠡᠭᠰᠡᠨ ᠳᠦᠷᠦᠯ ᠵᠦᠢᠯ ᠢ ᠪᠢᠴᠢᠭ ᠤᠨ ᠬᠡᠯᠪᠡᠷᠢ ᠪᠠᠷ ᠭᠤᠶᠣᠴᠢᠯᠠᠭᠰᠠᠨ ᠪᠠᠶᠢᠭᠤᠯᠣᠯᠭ᠎ᠠ ᠳᠤ ᠮᠡᠳᠡᠭᠳᠡᠨ᠎ᠡ᠃     3. ᠪᠢᠴᠢᠭ ᠤᠨ ᠬᠡᠯᠪᠡᠷᠢ ᠶᠢᠨ ᠮᠡᠳᠡᠭᠳᠡᠯ ᠢ ᠳᠠᠷᠣᠮᠠᠯᠯᠠᠨ ᠳᠠᠷᠬᠠᠭᠠᠭᠰᠠᠨ ᠡᠳᠦᠷ ᠠᠴᠠ ᠡᠬᠢᠯᠡᠨ 6 ᠰᠠᠷ᠎ᠠ ᠶᠢᠨ ᠳᠣᠳᠣᠷ᠎ᠠ᠂ ᠭᠤᠶᠣᠴᠢᠯᠠᠭᠰᠠᠨ ᠪᠠᠶᠢᠭᠤᠯᠣᠯᠭ᠎ᠠ ᠨᠢ ᠡᠷᠬᠡᠪᠰᠢ ᠳᠣᠰ ᠳᠦᠷᠦᠯ ᠵᠦᠢᠯ ᠤᠨ ᠪᠦᠬᠦ ᠣᠯᠣᠰ ᠤᠨ ᠣᠷᠣᠯᠳᠣᠭᠠᠨ ᠪᠠ ᠬᠢᠨᠠᠭᠴᠢ᠂ ᠳᠠᠰᠬᠠᠯᠵᠢᠭᠤᠯᠣᠭᠴᠢ ᠶᠢᠨ ᠪᠣᠯᠪᠠᠰᠣᠷᠠᠯ ᠤᠨ ᠠᠩᠬᠢ ᠶᠢ ᠵᠣᠬᠢᠶᠠᠨ ᠪᠠᠶᠢᠭᠤᠯᠣᠨ᠎ᠠ᠃ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ ᠳᠤᠨᠢ ᠡᠷᠬᠡᠪᠰᠢ  ᠨᠠᠭᠠᠳᠤ  ᠵᠠᠬ᠎ᠠ ᠳᠠᠭᠠᠨ 6 ᠮᠣᠵᠢ ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠠᠴᠠ ᠠᠩᠬᠢ ᠵᠤᠬᠢᠶᠠᠨ ᠪᠠᠶᠢᠭᠤᠯᠵᠤ ᠬᠦᠮᠦᠨ ᠳᠣᠮᠢᠯᠠᠨ ᠣᠷᠣᠯᠴᠠᠭᠤᠯᠣᠭᠰᠠᠨ ᠪᠠᠶᠢᠬᠤ ᠬᠡᠷᠡᠭᠳᠡᠢ᠃ ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠠᠴᠠ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ   ᠳᠤ ᠠᠬᠤᠢ ᠳᠠᠯᠠᠪᠠᠢ ᠳᠤ  ᠬᠢᠨᠠᠨ ᠰᠢᠯᠭᠠᠯᠳᠠ ᠬᠢᠨ᠎ᠡ᠃     4.ᠠᠬᠤᠢ ᠳᠠᠯᠠᠪᠠᠢ  ᠶᠢᠨ ᠬᠢᠨᠠᠨ ᠰᠢᠯᠭᠠᠯᠲᠠ ᠳᠤ ᠬᠢᠷᠢ ᠲᠠᠩᠴᠡᠭᠰᠡᠨ ᠳᠦᠷᠦᠯ ᠵᠦᠢᠯ ᠨᠢ ᠳᠠᠭᠠᠭᠠᠴᠢᠯᠠᠨ ᠡᠷᠬᠢᠯᠡᠬᠦ ᠳᠣᠰ  ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ  ᠤ ᠨᠡᠮᠡᠯᠳᠡ ᠳᠦᠷᠦᠯ ᠵᠦᠢᠯ ᠪᠣᠯᠵᠣ᠂ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ  ᠤ ᠶᠡᠷᠦᠩᠬᠡᠢ ᠳᠦᠷᠢᠮ ᠳᠤ ᠣᠷᠣᠨ᠎ᠠ᠃      ᠬᠤᠷᠢᠨ ᠬᠤᠶᠠᠳᠣᠭᠠᠷ ᠵᠣᠷᠪᠣᠰ   ᠪᠠᠶᠢᠩᠭᠤ ᠶᠢᠨ ᠪᠤᠰᠤ  ᠳᠦᠷᠦᠯ ᠵᠦᠢᠯ ᠤᠨ ᠰᠡᠳᠦᠪ ᠳᠣᠭᠳᠠᠭᠠᠯᠳᠠ       ︵ᠨᠢᠬᠡ︶ ᠡᠯ᠎ᠡ ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ  ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠪᠠᠶᠢᠩᠭᠤ ᠶᠢᠨ ᠪᠤᠰᠤ ᠳᠦᠷᠦᠯ ᠵᠦᠢᠯ ᠢ ᠲᠤᠬᠢᠷᠠᠭᠤᠯᠬᠤ ᠶᠢ ᠭᠤᠶᠣᠴᠢᠯᠠᠬᠤ ᠬᠢᠷᠢ ᠬᠡᠮ ᠲᠠᠢ᠃ ᠪᠠᠶᠢᠩᠭᠤ ᠶᠢᠨ ᠪᠤᠰᠤ ᠳᠦᠷᠦᠯ ᠵᠦᠢᠯ ᠵᠦᠪᠬᠡᠨ ᠭᠤᠶᠣᠴᠢᠯᠠᠭᠰᠠᠨ ᠳᠣᠰ ᠬᠤᠭᠤᠴᠠᠭᠠᠨ ᠤ   ᠪᠠᠨ ᠪᠡᠶ᠎ᠡ ᠶᠢᠨ ᠳᠠᠮᠢᠷ ᠤᠨ ᠴᠣᠭᠯᠠᠭᠠᠨ ᠲᠡᠭᠡᠷ᠎ᠠ ᠬᠦᠴᠦᠨ ᠲᠠᠢ᠃      ︵ᠬᠤᠶᠠᠷ︶ ᠭᠤᠶᠣᠴᠢᠯᠠᠬᠤ ᠳᠦᠷᠦᠯ ᠵᠦᠢᠯ ᠨᠢ ᠡᠷᠬᠡᠪᠰᠢ ᠳᠣᠣᠷᠠᠬᠢ ᠨᠦᠬᠦᠴᠡᠯ ᠤᠳ ᠢ ᠴᠦᠮ ᠪᠦᠷᠢᠯᠳᠦᠬᠦᠯᠬᠦ ᠬᠡᠷᠡᠭᠳᠡᠢ᠄     1.ᠴᠦᠬᠡᠨ ᠳᠣᠭᠠᠳᠣ ᠦᠨᠳᠦᠰᠦᠳᠡᠨ ᠤ ᠰᠣᠶᠣᠯ ᠤᠨ ᠢᠯᠡ ᠲᠤᠳᠤ ᠣᠨᠴᠠᠯᠢᠭ ᠲᠠᠢ  ᠂ ᠦᠷᠬᠡᠨ  ᠲᠠᠯᠭᠡᠷ ᠣᠯᠠᠨ ᠲᠦᠮᠡᠨᠴᠢ ᠰᠠᠭᠤᠷᠢ ᠲᠠᠢ  ᠂ ᠦᠷᠢᠰᠦᠯᠳᠦᠬᠦ  ᠴᠢᠨᠠᠷ᠂ ᠰᠣᠨᠢᠷᠬᠠᠯᠳᠣ  ᠴᠢᠨᠠᠷ᠂ ᠠᠮᠣᠷ ᠳᠦᠪᠰᠢᠨ ᠴᠢᠨᠠᠷ ᠦᠨᠳᠦᠷ ᠪᠠᠶᠢᠬᠤ     2.ᠳᠠᠷᠠᠭᠠᠯᠠᠨ ᠬᠤᠶᠠᠷ ᠬᠤᠭᠤᠴᠠᠭ᠎ᠠ ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ  ᠤ  ᠤᠷᠤᠯᠳᠤᠭᠠᠨ ᠤ  ᠴᠢᠨᠠᠷ ᠲᠠᠢ ᠦᠵᠡᠬᠦᠯᠦᠯᠬᠡ ᠶᠢᠨ ᠳᠦᠷᠦᠯ ᠵᠦᠢᠯ ᠪᠣᠯᠤᠭᠰᠠᠨ ᠪᠦᠭᠡᠳ ᠣᠯᠣᠭᠰᠠᠨ ᠬᠢᠷᠢ ᠪᠦᠳᠤᠮᠵᠢ ᠨᠢ ᠳᠣᠰ ᠳᠦᠷᠦᠯ ᠤᠨ ᠡᠮᠣᠨ᠎ᠠ 40% ︵40% ᠢ ᠪᠠᠭᠲᠠᠭᠠᠨ᠎ᠠ︶   ᠲᠤ ᠵᠢᠭᠰᠠᠭᠠᠭᠳᠠᠵᠣ ᠪᠠᠶᠢᠬᠤ ᠬᠡᠷᠡᠭᠳᠡᠢ᠃     3..ᠳᠠᠷᠠᠭᠠᠯᠠᠨ ᠬᠤᠶᠠᠷ ᠬᠤᠭᠤᠴᠠᠭ᠎ᠠ ᠮᠣᠵᠢ ᠶᠢᠨ ᠳᠡᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ  ᠤ ᠤᠷᠤᠯᠳᠤᠭᠠᠨ ᠤ ᠳᠦᠷᠦᠯ ᠵᠦᠢᠯ  ᠪᠣᠯᠣᠭᠰᠠᠨ     4. ᠵᠢᠯ ᠪᠣᠯᠭᠠᠨ ᠨᠢᠬᠡ ᠣᠳᠠᠭ᠎ᠠ᠂ ᠳᠠᠷᠠᠭᠠᠯᠠᠨ 4  ᠤᠳᠠᠭ᠎ᠠ  ᠪᠦᠬᠦ ᠣᠯᠣᠰ ᠤᠨ ᠣᠷᠣᠯᠳᠣᠭᠠᠨ ᠪᠠ ᠬᠢᠨᠠᠭᠴᠢ᠂ ᠳᠠᠰᠬᠠᠯᠵᠢᠭᠤᠯᠣᠭᠴᠢ ᠶᠢᠨ ᠪᠣᠯᠪᠠᠰᠣᠷᠠᠯ ᠤᠨ ᠠᠩᠬᠢ ᠶᠢ ᠵᠣᠬᠢᠶᠠᠨ ᠪᠠᠶᠢᠭᠤᠯᠣᠭᠰᠠᠨ ᠪᠠᠶᠢᠬᠤ ᠪᠦᠭᠡᠳ ᠣᠳᠠᠭ᠎ᠠ ᠪᠣᠯᠭᠠᠨ ᠤ ᠬᠢᠨᠢ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ   ᠳᠤᠨᠢ ᠨᠠᠭᠠᠳᠤ ᠵᠠᠬ᠎ᠠ  ᠳᠠᠭᠠᠨ 6 ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠠᠴᠠ ᠠᠩᠬᠢ ᠵᠤᠬᠢᠶᠠᠨ ᠪᠠᠶᠢᠭᠤᠯᠵᠤ ᠬᠦᠮᠦᠨ ᠳᠣᠮᠢᠯᠠᠨ ᠣᠷᠣᠯᠴᠠᠭᠤᠯᠣᠭᠰᠠᠨ ᠪᠠᠶᠢᠬᠤ ᠬᠡᠷᠡᠭᠳᠡᠢ᠃     5. ᠪᠦᠷᠢᠨ ᠳᠡᠬᠦᠯᠳᠡᠷ ᠣᠷᠣᠯᠳᠣᠭᠠᠨ ᠤ ᠳᠦᠷᠢᠮ᠂ ᠬᠢᠨᠠᠬᠤ ᠠᠷᠭ᠎ᠠ ᠶᠢ ᠪᠦᠷᠢᠯᠳᠦᠬᠦᠯᠦᠭᠰᠡᠨ᠃     6.ᠣᠷᠣᠯᠳᠣᠭᠠᠨ ᠤ ᠳᠠᠯᠠᠪᠣᠷ ᠨᠢ ᠣᠯᠠᠷᠢᠯ ᠪᠣᠯᠣᠨ ᠭᠠᠵᠠᠷ ᠣᠷᠣᠨ ᠤ ᠨᠦᠬᠦᠴᠡᠯ  ᠳᠤ ᠬᠢᠵᠠᠭᠠᠷᠯᠠᠬᠳᠠᠬᠤ ᠦᠬᠡᠢ  ᠃     7. ᠣᠷᠣᠯᠳᠣᠭᠠᠨ ᠤ ᠬᠡᠷᠡᠭᠰᠡᠯ ᠢ ᠨᠢ ᠪᠠᠷᠢᠮᠵᠢᠶᠠᠵᠢᠭᠤᠯᠣᠭᠰᠠᠨ ᠦᠢᠯᠡᠳᠪᠦᠷᠢᠯᠡᠵᠤ ᠪᠤᠯᠠᠬᠤ ᠪᠦᠭᠡᠳ ᠣᠯᠠᠷᠢᠯ ᠪᠣᠯᠣᠨ ᠭᠠᠵᠠᠷ ᠣᠷᠣᠨ ᠤ ᠨᠦᠬᠦᠴᠡᠯ ᠳᠤ  ᠬᠢᠵᠠᠭᠠᠷᠠᠯᠭᠳᠠᠬᠤ ᠦᠬᠡᠢ ᠪᠠᠶᠢᠬᠤ  ᠃     ︵ᠭᠤᠷᠪᠠ︶ ᠰᠡᠳᠦᠪ ᠳᠣᠭᠳᠠᠭᠠᠯᠳᠠ ᠶᠢᠨ ᠠᠯᠬᠤᠮ ᠲᠠᠷᠠᠭᠠᠯᠠᠯ     1.ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ  ᠢ ᠳᠠᠭᠠᠭᠠᠴᠢᠯᠠᠨ ᠡᠷᠬᠢᠯᠡᠬᠦ ᠬᠡᠵᠦ ᠪᠠᠶᠢᠭ᠎ᠠ ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠶᠢᠨ ᠦᠨᠳᠦᠰᠦᠳᠡᠨ᠂ ᠪᠡᠶ᠎ᠡ ᠶᠢᠨ ᠳᠠᠮᠢᠷ ᠤᠨ ᠠᠵᠢᠯ ᠤᠨ ᠰᠠᠯᠠᠭ᠎ᠠ ᠮᠦᠴᠢᠷ ᠬᠤᠯᠪᠣᠭᠠᠯᠠᠨ᠂ ᠳᠠᠭᠠᠭᠠᠴᠢᠯᠠᠨ ᠡᠷᠬᠢᠯᠡᠬᠦ  ᠬᠡᠵᠦ  ᠪᠠᠶᠢᠭ᠎ᠠ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ ᠠᠴᠠ ᠡᠮᠣᠨᠠᠬᠢ ᠬᠤᠭᠤᠴᠠᠭᠠᠨ ᠤ ᠬᠢᠨᠢ ᠪᠡᠶ᠎ᠡ ᠶᠢᠨ ᠳᠠᠮᠢᠷ ᠤᠨ ᠴᠣᠭᠯᠠᠭᠠᠨ ᠢ ᠦᠨᠳᠦᠷᠯᠡᠭᠰᠡᠨ ᠤ ᠲᠠᠷᠠᠭᠠᠬᠢ 6 ᠰᠠᠷ᠎ᠠ ᠶᠢᠨ ᠳᠣᠳᠣᠷ᠎ᠠ᠂ ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠳᠤ ᠰᠡᠳᠣᠪ ᠳᠣᠭᠳᠠᠭᠠᠯᠳᠠ ᠶᠢᠨ ᠭᠤᠶᠣᠴᠢᠯᠠᠯᠳᠠ ᠶᠢᠨ ᠪᠢᠴᠢᠭ ᠢᠶᠠᠨ ᠲᠤᠰᠢᠶᠠᠨ᠎ᠠ᠃ ᠰᠡᠳᠣᠪ ᠳᠣᠭᠳᠠᠭᠠᠯᠳᠠ ᠶᠢᠨ ᠭᠤᠶᠣᠴᠢᠯᠠᠯᠳᠠ ᠶᠢᠨ ᠪᠢᠴᠢᠭ ᠲᠤ ᠰᠡᠳᠣᠪ ᠳᠣᠭᠳᠠᠭᠠᠯᠳᠠ ᠶᠢᠨ ᠨᠦᠬᠦᠴᠡᠯ  ᠲᠠᠢ ᠬᠤᠯᠪᠤᠭᠳᠠᠭᠰᠠᠨ ᠠᠰᠠᠭᠤᠳᠠᠯ ᠤᠨ  ᠬᠠᠮᠢᠶ᠎ᠠ ᠪᠦᠬᠦᠢ ᠠᠭᠤᠯᠭ᠎ᠠ ᠪᠠ ᠬᠡᠷᠡᠴᠢ ᠮᠠᠲ᠋ᠧᠷᠢᠶᠠᠯ ᠢ  ᠪᠠᠭᠲᠠᠭᠠᠵᠦ᠂ ᠠᠷᠤ ᠳᠤᠨᠢ ᠣᠷᠣᠯᠳᠣᠭᠠᠨ ᠤ ᠳᠠᠯᠠᠪᠣᠷ᠂ ᠬᠡᠷᠡᠭᠰᠡᠯ ᠤᠨ ᠨᠠᠷᠢᠨ ᠳᠠᠨᠢᠯᠴᠠᠭᠤᠯᠭ᠎ᠠ ᠪᠠ ᠣᠷᠣᠯᠳᠣᠭᠠᠨ ᠤ ᠳᠦᠷᠰᠣ ᠰᠢᠩᠬᠡᠬᠡᠯᠳᠡ ᠵᠢᠨ‌ᠮᠠᠲ᠋ᠧᠷᠢᠶᠠᠯ  ᠲᠠᠭᠠᠯᠳᠤᠭᠤᠯᠤᠨ᠎ᠠ  ᠃     2.ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠠᠴᠠ ᠳᠦᠷᠦᠯ ᠵᠦᠢᠯ ᠢ ᠬᠢᠨᠠᠨ ᠦᠨᠡᠯᠡᠨ᠎ᠡ᠃ ᠬᠢᠨᠠᠨ ᠦᠨᠡᠯᠡᠯᠳᠡ ᠳᠤ ᠬᠢᠷᠢ ᠳᠡᠩᠴᠡᠭᠰᠡᠨ‌‍ᠲ᠋ᠦ᠋ᠷᠦᠯ  ᠵᠦᠢᠯ ᠢ ᠪᠢᠴᠢᠭ ᠤᠨ ᠬᠡᠯᠪᠡᠷᠢ ᠪᠠᠷ ᠭᠤᠶᠣᠴᠢᠯᠠᠭᠰᠠᠨ ᠪᠠᠶᠢᠭᠤᠯᠣᠯᠭ᠎ᠠ ᠳᠤ ᠮᠡᠳᠡᠭᠳᠡᠨ᠎ᠡ᠃     3. ᠪᠢᠴᠢᠭ ᠤᠨ ᠬᠡᠯᠪᠡᠷᠢ ᠶᠢᠨ ᠮᠡᠳᠡᠭᠳᠡᠯ ᠢ ᠳᠠᠷᠣᠮᠠᠯᠯᠠᠨ ᠳᠠᠷᠬᠠᠭᠠᠭᠰᠠᠨ ᠡᠳᠦᠷ ᠠᠴᠠ ᠡᠬᠢᠯᠡᠨ 6 ᠰᠠᠷ᠎ᠠ ᠶᠢᠨ ᠳᠣᠳᠣᠷ᠎ᠠ᠂ ᠭᠤᠶᠣᠴᠢᠯᠠᠭᠰᠠᠨ ᠪᠠᠶᠢᠭᠤᠯᠣᠯᠭ᠎ᠠ ᠨᠢ ᠡᠷᠬᠡᠪᠰᠢ ᠳᠣᠰ ᠳᠦᠷᠦᠯ  ᠵᠦᠢᠯ ᠤᠨ ᠪᠦᠬᠦ ᠣᠯᠣᠰ ᠤᠨ ᠣᠷᠣᠯᠳᠣᠭᠠᠨ ᠪᠠ ᠬᠢᠨᠠᠭᠴᠢ᠂ ᠳᠠᠰᠬᠠᠯᠵᠢᠭᠤᠯᠣᠭᠴᠢ ᠶᠢᠨ ᠪᠣᠯᠪᠠᠰᠣᠷᠠᠯ ᠤᠨ ᠠᠩᠬᠢ ᠶᠢ ᠵᠣᠬᠢᠶᠠᠨ ᠪᠠᠶᠢᠭᠤᠯᠣᠨ᠎ᠠ᠃ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ ᠳᠤᠨᠢ ᠡᠷᠬᠡᠪᠰᠢ  ᠨᠠᠭᠠᠳᠤ  ᠵᠠᠬ᠎ᠠ ᠳᠠᠭᠠᠨ 6 ᠮᠣᠵᠢ ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠠᠴᠠ ᠠᠩᠬᠢ ᠵᠤᠬᠢᠶᠠᠨ ᠪᠠᠶᠢᠭᠤᠯᠵᠤ ᠬᠦᠮᠦᠨ ᠳᠣᠮᠢᠯᠠᠨ ᠣᠷᠣᠯᠴᠠᠭᠤᠯᠣᠭᠰᠠᠨ ᠪᠠᠶᠢᠬᠤ ᠬᠡᠷᠡᠭᠳᠡᠢ᠃ ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠠᠴᠠ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ   ᠳᠤ ᠠᠬᠤᠢ ᠳᠠᠯᠠᠪᠠᠢ ᠳᠤ  ᠬᠢᠨᠠᠨ ᠰᠢᠯᠭᠠᠯᠳᠠ ᠬᠢᠨ᠎ᠡ᠃     4.ᠠᠬᠤᠢ ᠳᠠᠯᠠᠪᠠᠢ  ᠶᠢᠨ ᠬᠢᠨᠠᠨ ᠰᠢᠯᠭᠠᠯᠲᠠ ᠳᠤ ᠬᠢᠷᠢ ᠲᠠᠩᠴᠡᠭᠰᠡᠨ ᠳᠦᠷᠦᠯ ᠵᠦᠢᠯ ᠨᠢ ᠳᠠᠭᠠᠭᠠᠴᠢᠯᠠᠨ ᠡᠷᠬᠢᠯᠡᠬᠦ ᠳᠣᠰ  ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ  ᠤ ᠪᠠᠶᠢᠩᠭᠤ ᠶᠢᠨ ᠪᠤᠰᠤ ᠳᠦᠷᠦᠯ ᠵᠦᠢᠯ ᠪᠣᠯᠵᠣ᠂ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ  ᠤ ᠶᠡᠷᠦᠩᠬᠡᠢ ᠳᠦᠷᠢᠮ ᠳᠤ ᠣᠷᠣᠨ᠎ᠠ᠃      ︵ᠳᠦᠷᠪᠡ︶  ᠨᠡᠮᠡᠭᠳᠡᠭᠰᠡᠨ ᠳᠦᠷᠦᠯ ᠵᠦᠢᠯ ᠪᠠ ᠪᠠᠶᠢᠩᠭᠤ ᠶᠢᠨ ᠪᠤᠰᠤ ᠳᠦᠷᠦᠯ ᠵᠦᠢᠯ ᠨᠢ ᠬᠡᠷᠪᠡ ᠲᠠᠷᠠᠭ᠎ᠠ ᠬᠤᠭᠤᠴᠠᠭᠠᠨ ᠤ ᠬᠢᠨᠢ  ᠪᠡᠶ᠎ᠡ ᠶᠢᠨ ᠳᠠᠮᠢᠷ ᠤᠨ ᠴᠣᠭᠯᠠᠭᠠᠨ ᠳᠤ  ᠪᠠᠰᠠ ᠪᠠᠶᠢᠩᠭᠤ ᠶᠢᠨ ᠳᠦᠷᠦᠯ ᠵᠦᠢᠯ  ᠢᠶᠠᠷ ᠭᠤᠶᠣᠴᠢᠯᠠᠭᠰᠠᠨ ᠪᠣᠯ ᠭᠤᠶᠣᠴᠢᠯᠠᠬᠤ ᠨᠦᠬᠦᠴᠡᠯ ᠨᠢ ᠵᠦᠪᠬᠡᠨ ᠳᠣᠰ ᠵᠣᠷᠪᠣᠰ ᠤᠨ ᠬᠤᠶᠠᠳᠣᠭᠠᠷ ᠵᠦᠢᠯ ᠤᠨ ᠳᠦᠷᠪᠡᠳᠦᠬᠡᠷ  ᠨᠦᠬᠦᠴᠡᠯ ᠢ ᠪᠦᠷᠢᠯᠳᠦᠬᠦᠯᠪᠠᠯ ᠪᠤᠯᠴᠢᠬᠠᠨ᠎ᠠ᠂ ᠬᠡᠪᠡᠴᠣ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ  ᠡᠷᠬᠢᠯᠡᠭᠰᠡᠨ ᠤᠳᠠᠭ᠎ᠠ ᠶᠢᠨ ᠳᠤᠭ᠎ᠠ ᠶᠢ ᠠᠩᠬ᠎ᠠ ᠤᠳᠠᠭᠠᠨ ᠤ ᠰᠡᠳᠦᠪ ᠳᠣᠭᠳᠠᠭᠠᠯᠳᠠ ᠶᠢᠨ ᠦᠶ᠎ᠡ ᠶᠢᠨ ᠡᠷᠬᠢᠯᠡᠭᠰᠡᠨ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ  ᠶᠢᠨ  ᠳᠤᠭ᠎ᠠ ᠲᠠᠢ ᠳᠠᠪᠬᠤᠷᠳᠠᠭᠤᠯᠣᠨ ᠳᠣᠭᠠᠴᠠᠵᠣ ᠪᠣᠯᠬᠤ ᠦᠬᠡᠢ᠃  ᠰᠡᠳᠦᠪ ᠳᠣᠭᠳᠠᠭᠠᠯᠳᠠ ᠶᠢᠨ ᠠᠯᠬᠤᠮ  ᠲᠠᠷᠠᠭᠠᠯᠠᠯ ᠨᠢ ᠪᠠᠶᠢᠩᠭᠤ ᠶᠢᠨ ᠪᠤᠰᠤ ᠳᠦᠷᠦᠯ ᠵᠦᠢᠯ ᠠᠩᠬ᠎ᠠ ᠤᠳᠠᠭ᠎ᠠ ᠶᠢᠨ ᠰᠡᠳᠦᠪ ᠳᠣᠭᠳᠠᠭᠠᠯᠳᠠ ᠤᠨ ᠬᠢ  ᠲᠠᠢ ᠠᠳᠠᠯᠢ᠃ ᠬᠡᠷᠪᠡ ᠳᠠᠷᠠᠭᠠᠯᠠᠭᠰᠠᠨ ᠪᠣᠰᠣ ᠪᠡᠶ᠎ᠡ ᠶᠢᠨ ᠳᠠᠮᠢᠷ ᠤᠨ ᠴᠣᠭᠯᠠᠭᠠᠨ  ᠳᠤ ᠳᠠᠬᠢᠨᠳᠠ  ᠪᠠᠶᠢᠩᠭᠤ ᠶᠢᠨ ᠳᠦᠷᠦᠯ ᠵᠦᠢᠯ ᠢᠶᠠᠷ ᠭᠤᠶᠣᠴᠢᠯᠠᠭᠰᠠᠨ ᠪᠣᠯ ᠪᠠᠶᠢᠩᠭᠤ ᠶᠢᠨ ᠪᠤᠰᠤ ᠳᠦᠷᠦᠯ ᠵᠦᠢᠯ  ᠢᠶᠠᠷ ᠠᠩᠬ᠎ᠠ  ᠣᠳᠠᠭ᠎ᠠ ᠰᠡᠳᠣᠪ ᠳᠣᠭᠳᠠᠭᠠᠵᠤ ᠪᠠᠶᠢᠭ᠎ᠠ ᠲᠠᠢ ᠠᠳᠠᠯᠢ᠃      ᠬᠤᠷᠢᠨ ᠭᠤᠷᠪᠠᠳᠣᠭᠠᠷ ᠵᠣᠷᠪᠣᠰ  ᠪᠠᠶᠢᠩᠭᠤ ᠶᠢᠨ ᠳᠦᠷᠦᠯ ᠵᠦᠢᠯ ᠤᠨ ᠰᠡᠳᠤᠪ ᠳᠣᠭᠳᠠᠭᠠᠯᠳᠠ      ︵ᠨᠢᠬᠡ︶ ᠡᠯ᠎ᠡ ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠪᠦᠷ ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠤ ᠪᠠᠶᠢᠩᠭᠤ ᠶᠢᠨ ᠳᠦᠷᠦᠯ ᠵᠦᠢᠯ ᠢ ᠲᠤᠬᠢᠷᠠᠭᠤᠯᠬᠤ ᠶᠢ ᠭᠤᠶᠣᠴᠢᠯᠠᠬᠤ ᠬᠢᠷᠢ ᠬᠡᠮ ᠲᠠᠢ᠃ ᠪᠠᠶᠢᠩᠭᠤ ᠶᠢᠨ ᠳᠦᠷᠦᠯ ᠵᠦᠢᠯ   ᠨᠢ ᠪᠦᠬᠦ ᠣᠯᠣᠰ ᠤᠨ ᠪᠡᠶ᠎ᠡ ᠶᠢᠨ ᠳᠠᠮᠢᠷ ᠤᠨ ᠴᠣᠭᠯᠠᠭᠠᠨ ᠳᠤ ᠣᠷᠳᠣ ᠬᠤᠭᠤᠴᠠᠭᠠᠨ ᠤ ᠬᠦᠴᠦᠨ ᠲᠠᠢ᠃      ︵ᠬᠤᠶᠠᠷ︶ ᠭᠤᠶᠣᠴᠢᠯᠠᠬᠤ ᠳᠦᠷᠦᠯ ᠵᠦᠢᠯ ᠨᠢ ᠡᠷᠬᠡᠪᠰᠢ ᠳᠣᠣᠷᠠᠬᠢ ᠨᠦᠬᠦᠴᠡᠯ  ᠤᠳ ᠢ ᠴᠦᠮ ᠪᠦᠷᠢᠯᠳᠦᠬᠦᠯᠬᠦ ᠬᠡᠷᠡᠭᠳᠡᠢ᠄     1.ᠬᠤᠶᠠᠷ ᠬᠤᠭᠤᠴᠠᠭ᠎ᠠ ᠳᠠᠷᠠᠭᠠᠯᠠᠨ ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ  ᠤ ᠪᠠᠶᠢᠩᠭᠤ ᠶᠢᠨ ᠪᠤᠰᠤ ᠳᠦᠷᠦᠯ ᠵᠦᠢᠯ ᠪᠣᠯᠣᠭᠰᠠᠨ  ᠃     2.ᠪᠠᠶᠢᠩᠭᠤ ᠶᠢᠨ ᠪᠤᠰᠤ ᠳᠦᠷᠦᠯ ᠵᠦᠢᠯ ᠢᠶᠠᠷ ᠬᠤᠶᠠᠷ ᠬᠤᠭᠤᠴᠠᠭᠠᠨ ᠤ ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ   ᠳᠤ  ᠤᠷᠤᠬᠤ ᠳᠤᠨᠢ ᠣᠷᠣᠯᠴᠠᠭᠰᠠᠨ ᠣᠷᠣᠯᠳᠣᠭᠠᠨ ᠤ  ᠠᠩᠬᠢ ᠨᠢ ᠵᠢᠷᠭᠤᠭ᠎ᠠ ᠠᠴᠠ   ᠴᠦᠭᠡᠨ ᠪᠠᠶᠢᠬᠰᠠᠨ ᠦᠭᠡᠢ᠃     3. ᠵᠢᠯ ᠪᠣᠯᠭᠠᠨ ᠨᠢᠬᠡ ᠣᠳᠠᠭ᠎ᠠ᠂ ᠳᠠᠷᠠᠭᠠᠯᠠᠨ 4 ᠤᠳᠠᠭ᠎ᠠ  ᠪᠦᠬᠦ ᠣᠯᠣᠰ ᠤᠨ ᠣᠷᠣᠯᠳᠣᠭᠠᠨ ᠪᠠ ᠬᠢᠨᠠᠭᠴᠢ ᠂ ᠳᠠᠰᠬᠠᠯᠵᠢᠭᠤᠯᠣᠭᠴᠢ ᠶᠢᠨ ᠪᠣᠯᠪᠠᠰᠣᠷᠠᠯ ᠤᠨ ᠠᠩᠬᠢ ᠶᠢ ᠵᠣᠬᠢᠶᠠᠨ ᠪᠠᠶᠢᠭᠤᠯᠣᠭᠰᠠᠨ ᠪᠠᠶᠢᠬᠤ ᠪᠦᠭᠡᠳ ᠣᠳᠠᠭ᠎ᠠ ᠪᠣᠯᠭᠠᠨ ᠤ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ   ᠳᠤᠨᠢ ᠨᠠᠭᠠᠳᠤ ᠵᠠᠬ᠎ᠠ ᠳᠠᠭᠠᠨ 6 ᠮᠣᠵᠢ ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠠᠴᠠ ᠠᠩᠬᠢ ᠵᠤᠬᠢᠶᠠᠨ ᠪᠠᠶᠢᠭᠤᠯᠵᠤ ᠬᠦᠮᠦᠨ ᠳᠣᠮᠢᠯᠠᠨ ᠣᠷᠣᠯᠴᠠᠭᠤᠯᠣᠭᠰᠠᠨ ᠪᠠᠶᠢᠬᠤ ᠬᠡᠷᠡᠭᠳᠡᠢ︔ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ ᠡᠷᠬᠢᠯᠡᠭᠰᠡᠨ ᠤᠳᠠᠭ᠎ᠠ ᠶᠢᠨ ᠳᠤᠭ᠎ᠠ ᠶᠢ ᠬᠤᠶᠠᠳᠣᠭᠠᠷ ᠣᠳᠠᠭ᠎ᠠ ᠪᠠᠶᠢᠩᠭᠤ ᠶᠢᠨ ᠪᠤᠰᠤ ᠳᠦᠷᠦᠯ ᠵᠦᠢᠯ ᠪᠣᠯᠭᠠᠬᠤ   ᠪᠠᠷ ᠭᠤᠶᠤᠴᠢᠯᠠᠬᠤ ᠦᠶ᠎ᠡ ᠶᠢᠨ ᠡᠷᠬᠢᠯᠡᠭᠰᠡᠨ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ ᠶᠢᠨ ᠳᠤᠭ᠎ᠠ ᠲᠠᠢ ᠳᠠᠪᠬᠤᠷᠳᠠᠭᠤᠯᠣᠨ ᠳᠣᠭᠠᠴᠠᠵᠣ ᠪᠣᠯᠬᠤ ᠦᠬᠡᠢ᠃     ︵ᠭᠤᠷᠪᠠ︶ ᠰᠡᠳᠦᠪ ᠳᠣᠭᠳᠠᠭᠠᠯᠳᠠ ᠶᠢᠨ ᠠᠯᠬᠤᠮ ᠲᠠᠷᠠᠭᠠᠯᠠᠯ     1.ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ  ᠢ ᠳᠠᠭᠠᠭᠠᠴᠢᠯᠠᠨ ᠡᠷᠬᠢᠯᠡᠬᠦ ᠮᠣᠵᠢ ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠶᠢᠨ ᠦᠨᠳᠦᠰᠦᠳᠡᠨ᠂ ᠪᠡᠶ᠎ᠡ ᠶᠢᠨ ᠳᠠᠮᠢᠷ ᠤᠨ ᠠᠵᠢᠯ ᠤᠨ ᠰᠠᠯᠠᠭ᠎ᠠ ᠮᠦᠴᠢᠷ ᠬᠤᠯᠪᠣᠭᠠᠯᠠᠨ᠂  ᠬᠤᠶᠠᠳᠣᠭᠠᠷ ᠣᠳᠠᠭ᠎ᠠ ᠪᠠᠶᠢᠩᠭᠤ ᠶᠢᠨ ᠪᠤᠰᠤ ᠳᠦᠷᠦᠯ ᠵᠦᠢᠯ ᠪᠣᠯᠣᠭᠰᠠᠨ ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ ᠢ ᠦᠨᠳᠦᠷᠯᠡᠭᠰᠡᠨ ᠤ ᠲᠠᠷᠠᠭᠠᠬᠢ 6 ᠰᠠᠷ᠎ᠠ ᠶᠢᠨ ᠳᠣᠳᠣᠷ᠎ᠠ᠂ ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠳᠤ ᠰᠡᠳᠣᠪ ᠳᠣᠭᠳᠠᠭᠠᠯᠳᠠ ᠶᠢᠨ ᠭᠤᠶᠣᠴᠢᠯᠠᠯᠳᠠ ᠶᠢᠨ ᠪᠢᠴᠢᠭ ᠢᠶᠠᠨ  ᠲᠤᠰᠢᠶᠠᠨ᠎ᠠ᠃ ᠰᠡᠳᠣᠪ ᠳᠣᠭᠳᠠᠭᠠᠯᠳᠠ ᠶᠢᠨ ᠭᠤᠶᠣᠴᠢᠯᠠᠯᠳᠠ ᠶᠢᠨ ᠪᠢᠴᠢᠭ ᠲᠤ ᠰᠡᠳᠣᠪ ᠳᠣᠭᠳᠠᠭᠠᠯᠳᠠ ᠶᠢᠨ ᠨᠦᠬᠦᠴᠡᠯ ᠲᠠᠢ ᠬᠤᠯᠪᠤᠭᠳᠠᠭᠰᠠᠨ ᠠᠰᠠᠭᠤᠳᠠᠯ ᠤᠨ  ᠬᠠᠮᠢᠶ᠎ᠠ ᠪᠦᠬᠦᠢ ᠠᠭᠤᠯᠭ᠎ᠠ ᠪᠠ ᠬᠡᠷᠡᠴᠢ ᠮᠠᠲ᠋ᠧᠷᠢᠶᠠᠯ ᠢ ᠪᠠᠭᠳᠠᠭᠠᠨ᠎ᠠ᠃     2.ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠠᠴᠠ ᠳᠦᠷᠦᠯ ᠵᠦᠢᠯ ᠢ ᠬᠢᠨᠠᠨ ᠦᠨᠡᠯᠡᠨ᠎ᠡ᠃ ᠬᠢᠨᠠᠨ ᠦᠨᠡᠯᠡᠯᠳᠡ ᠳᠤ ᠬᠢᠷᠢ ᠳᠡᠩᠴᠡᠭᠰᠡᠨ‌‍ᠲ᠋ᠦ᠋ᠷᠦᠯ ᠵᠦᠢᠯ ᠢ ᠪᠢᠴᠢᠭ ᠤᠨ ᠬᠡᠯᠪᠡᠷᠢ ᠪᠠᠷ ᠭᠤᠶᠣᠴᠢᠯᠠᠭᠰᠠᠨ ᠪᠠᠶᠢᠭᠤᠯᠣᠯᠭ᠎ᠠ ᠳᠤ ᠮᠡᠳᠡᠭᠳᠡᠨ᠎ᠡ᠃     3. ᠪᠢᠴᠢᠭ ᠤᠨ ᠬᠡᠯᠪᠡᠷᠢ ᠶᠢᠨ ᠮᠡᠳᠡᠭᠳᠡᠯ ᠢ ᠳᠠᠷᠣᠮᠠᠯᠯᠠᠨ ᠳᠠᠷᠬᠠᠭᠠᠭᠰᠠᠨ ᠡᠳᠦᠷ ᠠᠴᠠ ᠡᠬᠢᠯᠡᠨ 6 ᠰᠠᠷ᠎ᠠ ᠶᠢᠨ ᠳᠣᠳᠣᠷ᠎ᠠ᠂ ᠭᠤᠶᠣᠴᠢᠯᠠᠭᠰᠠᠨ ᠪᠠᠶᠢᠭᠤᠯᠣᠯᠭ᠎ᠠ ᠨᠢ ᠡᠷᠬᠡᠪᠰᠢ ᠳᠣᠰ ᠳᠦᠷᠦᠯ  ᠵᠦᠢᠯ ᠤᠨ ᠪᠦᠬᠦ ᠣᠯᠣᠰ ᠤᠨ ᠣᠷᠣᠯᠳᠣᠭᠠᠨ ᠪᠠ ᠬᠢᠨᠠᠭᠴᠢ᠂ ᠳᠠᠰᠬᠠᠯᠵᠢᠭᠤᠯᠣᠭᠴᠢ ᠶᠢᠨ ᠪᠣᠯᠪᠠᠰᠣᠷᠠᠯ ᠤᠨ ᠠᠩᠬᠢ ᠶᠢ ᠵᠣᠬᠢᠶᠠᠨ ᠪᠠᠶᠢᠭᠤᠯᠣᠨ᠎ᠠ᠃ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ ᠳᠤᠨᠢ ᠡᠷᠬᠡᠪᠰᠢ  ᠨᠠᠭᠠᠳᠤ ᠵᠠᠬ᠎ᠠ ᠳᠠᠭᠠᠨ 6 ᠮᠣᠵᠢ᠂ ᠦᠪᠡᠷᠳᠡᠬᠡᠨ ᠵᠠᠰᠠᠬᠤ ᠣᠷᠣᠨ᠂ ᠰᠢᠭᠤᠳ ᠬᠠᠷᠢᠶ᠎ᠠ ᠬᠤᠳᠠ ᠠᠴᠠ ᠠᠩᠬᠢ ᠵᠤᠬᠢᠶᠠᠨ ᠪᠠᠶᠢᠭᠤᠯᠵᠤ ᠬᠦᠮᠦᠨ ᠳᠣᠮᠢᠯᠠᠨ ᠣᠷᠣᠯᠴᠠᠭᠤᠯᠣᠭᠰᠠᠨ ᠪᠠᠶᠢᠬᠤ ᠬᠡᠷᠡᠭᠳᠡᠢ᠃ ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ ᠠᠴᠠ ᠪᠦᠬᠦ ᠣᠯᠣᠰ ᠤᠨ ᠣᠷᠣᠯᠳᠣᠭᠠᠨ ᠪᠠ ᠪᠣᠯᠪᠠᠰᠣᠷᠠᠯ ᠤᠨ ᠠᠩᠬᠢ   ᠳᠤ ᠠᠬᠤᠢ ᠳᠠᠯᠠᠪᠠᠢ ᠳᠤ  ᠬᠢᠨᠠᠨ ᠰᠢᠯᠭᠠᠯᠳᠠ ᠬᠢᠨ᠎ᠡ᠃     4.ᠠᠬᠤᠢ ᠳᠠᠯᠠᠪᠠᠢ  ᠶᠢᠨ ᠬᠢᠨᠠᠨ ᠰᠢᠯᠭᠠᠯᠲᠠ ᠳᠤ ᠬᠢᠷᠢ ᠲᠠᠩᠴᠡᠭᠰᠡᠨ ᠳᠦᠷᠦᠯ ᠵᠦᠢᠯ ᠨᠢ ᠳᠠᠭᠠᠭᠠᠴᠢᠯᠠᠨ ᠡᠷᠬᠢᠯᠡᠬᠦ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ  ᠤ ᠪᠠᠶᠢᠩᠭᠤ ᠶᠢᠨ ᠳᠦᠷᠦᠯ ᠵᠦᠢᠯ ᠪᠣᠯᠵᠣ᠂ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ  ᠤ ᠶᠡᠷᠦᠩᠬᠡᠢ ᠳᠦᠷᠢᠮ ᠳᠤ ᠣᠷᠣᠭᠤᠯᠤᠨ᠎ᠠ᠃       ᠬᠤᠷᠢᠨ ᠳᠦᠷᠪᠡᠳᠦᠬᠡᠷ ᠵᠣᠷᠪᠣᠰ   ᠪᠠᠶᠢᠩᠭᠤ ᠶᠢᠨ ᠳᠦᠷᠦᠯ ᠵᠦᠢᠯ ᠳᠤ ᠤᠯᠭᠤᠭᠰᠠᠨ ᠬᠠᠮᠤᠭ ᠤᠨ ᠳᠡᠬᠡᠳᠣ ᠱᠠᠩᠨᠠᠯ ᠤᠨ ᠮᠧᠲᠠᠯ ᠤᠨ  ᠳᠤᠭ᠎ᠠ   ᠨᠢ ᠳᠣᠰ ᠬᠤᠭᠤᠴᠠᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ  ᠤ  ᠳᠦᠷᠢᠮ ᠳᠣᠭᠳᠠᠭᠠᠯ ᠳᠤ ᠳᠣᠭᠳᠠᠭᠠᠭᠰᠠᠨ ᠳᠤᠭ᠎ᠠ ᠶᠢᠨ 50%   ᠲᠤ ᠬᠦᠷᠬᠦ ᠦᠬᠡᠢ ᠪᠣᠯ ᠳᠣᠰ ᠳᠦᠷᠦᠯ ᠵᠦᠢᠯ ᠢ ᠳᠠᠷᠠᠭ᠎ᠠ ᠬᠤᠭᠤᠴᠠᠭᠠᠨ ᠤ  ᠬᠢᠨᠢ ᠪᠡᠶ᠎ᠡ ᠶᠢᠨ ᠳᠠᠮᠢᠷ ᠤᠨ ᠴᠣᠭᠯᠠᠭᠠᠨ  ᠳᠤ ᠳᠡᠰ ᠪᠠᠭᠤᠷᠠᠭᠤᠯᠣᠨ ᠪᠠᠶᠢᠩᠭᠤ ᠶᠢᠨ  ᠪᠤᠰᠤ ᠳᠦᠷᠦᠯ ᠵᠦᠢᠯ ᠪᠣᠯᠭᠠᠨ᠎ᠠ᠃‍ᠠᠢᠮᠠᠳᠣᠭᠠᠷ ᠪᠦᠯᠦᠭ   ᠳᠠᠮᠢᠷᠴᠢᠳ  ᠢ ᠨᠡᠷ᠎ᠡ ᠪᠦᠷᠢᠳᠬᠡᠬᠦ ᠪᠣᠯᠣᠨ ᠰᠣᠯᠢᠯᠴᠠᠬᠤ       ᠬᠤᠷᠢᠨ ᠳᠠᠪᠣᠳᠣᠭᠠᠷ ᠵᠣᠷᠪᠣᠰ      ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ  ᠤ ᠣᠷᠣᠯᠳᠣᠭᠠᠨ ᠤ ᠳᠦᠷᠦᠯ ᠵᠦᠢᠯ ᠳᠤ ᠣᠷᠣᠯᠴᠠᠬᠤ  ᠳᠠᠮᠢᠷᠴᠢᠳ ᠡᠷᠬᠡᠪᠰᠢ ᠨᠡᠷ᠎ᠡ ᠪᠠᠨ ᠳᠠᠩᠰᠠᠯᠠᠭᠤᠯᠬᠤ ᠬᠡᠷᠡᠭᠳᠡᠢ᠃ ᠵᠦᠪᠬᠡᠨ ᠦᠵᠡᠬᠦᠯᠦᠯᠬᠡ ᠶᠢᠨ ᠳᠦᠷᠦᠯ ᠵᠦᠢᠯ ᠳᠤ ᠣᠷᠣᠯᠴᠠᠬᠤ ᠳᠠᠮᠢᠷᠴᠢᠳ ᠨᠡᠷ᠎ᠡ ᠪᠠᠨ ᠳᠠᠩᠰᠠᠯᠠᠭᠤᠯᠬᠤ ᠦᠬᠡᠢ᠃ ᠳᠠᠩᠰᠠᠯᠠᠭᠤᠯᠬᠤ ᠳᠠᠮᠢᠷᠴᠢᠳ ᠤᠨ ᠬᠢᠷᠢ ᠬᠡᠮ ᠡᠷᠬᠡᠪᠰᠢ ᠪᠡᠶ᠎ᠡ ᠶᠢᠨ ᠳᠠᠮᠢᠷ ᠤᠨ ᠴᠣᠭᠯᠠᠭᠠᠨ  ᠤ ᠶᠡᠷᠦᠩᠬᠡᠢ ᠳᠦᠷᠢᠮ  ᠪᠣᠯᠣᠨ ᠡᠯ᠎ᠡ ᠳᠠᠩ ᠳᠦᠷᠦᠯ ᠤᠨ ᠳᠦᠷᠢᠮ ᠤᠨ ᠬᠤᠯᠪᠣᠭᠳᠠᠬᠤ ᠳᠦᠷᠢᠮ ᠳᠤ ᠨᠡᠶᠢᠴᠡᠭᠰᠡᠨ ᠪᠠᠶᠢᠬᠤ ᠬᠡᠷᠡᠭᠳᠡᠢ᠃       ᠬᠤᠷᠢᠨ‌ᠵᠢᠷᠭᠤᠳᠣᠭᠠᠷ ᠵᠣᠷᠪᠣᠰ   ᠳᠠᠩᠰᠠᠯᠠᠭᠤᠯᠣᠭᠰᠠᠨ ᠳᠠᠮᠢᠷᠴᠢᠳ ᠤᠨ ᠳᠤᠭ᠎ᠠ ᠶᠢ ᠳᠣᠰ ᠳᠦᠷᠦᠯ ᠵᠦᠢᠯ ᠤᠨ ᠳᠠᠩ ᠳᠦᠷᠦᠯ ᠤᠨ ᠳᠦᠷᠢᠮ ᠳᠤ ᠳᠣᠭᠳᠠᠭᠠᠭᠰᠠᠨ ᠣᠷᠣᠯᠴᠠᠬᠤ ᠬᠦᠮᠦᠨ ᠤ ᠳᠤᠭ᠎ᠠ ᠶᠢᠨ ᠬᠤᠶᠠᠷ ᠳᠠᠬᠢᠨ  ᠠᠴᠠ ᠭᠡᠳᠦᠷᠡᠬᠦᠯᠬᠦ ᠦᠭᠡᠢ᠃       ᠬᠤᠷᠢᠨ ᠳᠣᠯᠣᠳᠣᠭᠠᠷ ᠵᠣᠷᠪᠣᠰ  ᠨᠢᠬᠡ ᠳᠠᠮᠢᠷᠴᠢᠨ ᠵᠦᠪᠬᠡᠨ ᠨᠢᠬᠡ ᠲᠦᠯᠦᠬᠡᠯᠡᠭᠴᠢᠳ ᠤᠨ ᠪᠦᠯᠬᠦᠮ ᠢ ᠲᠦᠯᠦᠬᠡᠯᠡᠨ ᠳᠠᠩᠰᠠᠯᠠᠭᠤᠯᠣᠨ᠎ᠠ᠃ ᠨᠢᠭᠡ ᠳᠠᠮᠢᠷᠴᠢᠨ ᠢ ᠬᠤᠶᠠᠷ ᠪᠣᠶᠣ ᠬᠤᠶᠠᠷ ᠠᠴᠠ ᠳᠡᠭᠡᠭᠰᠢ ᠲᠦᠯᠦᠬᠡᠯᠡᠭᠴᠢᠳ ᠤᠨ  ᠪᠦᠯᠬᠦᠮ  ᠳᠠᠪᠬᠤᠷᠳᠠᠭᠤᠯᠣᠨ ᠳᠠᠩᠰᠠᠯᠠᠭᠤᠯᠣᠭᠰᠠᠨ ᠪᠣᠯ  ᠬᠤᠯᠪᠤᠭᠳᠠᠭᠰᠠᠨ ᠲᠦᠯᠦᠬᠡᠯᠡᠭᠴᠢᠳ ᠤᠨ ᠪᠦᠯᠬᠦᠮ ᠨᠢ ᠡᠷᠬᠡᠪᠰᠢ ᠭᠤᠣᠯᠯᠠᠨ ᠡᠷᠬᠢᠯᠡᠬᠦ ᠪᠠᠶᠢᠭᠤᠯᠣᠯᠭ᠎ᠠ ᠳᠤ ᠳᠠᠮᠢᠷᠴᠢᠨ ᠤ ᠡᠷᠦᠬᠡ ᠠᠮᠠ ᠶᠢᠨ ᠳᠡᠪᠳᠡᠷ ᠤᠨ ᠬᠠᠭᠤᠯᠪᠣᠷᠢ ᠪᠣᠶᠣ ᠰᠣᠷᠭᠠᠭᠤᠯᠢ ︵ᠤᠯᠤᠰ ᠠᠴᠠ ᠵᠦᠪᠰᠢᠶᠡᠷᠡᠭᠰᠡᠨ ᠰᠣᠷᠣᠯᠭ᠎ᠠ ᠤᠨ ᠨᠠᠮᠳᠠᠷ ᠲᠠᠢ ᠰᠤᠷᠭᠠᠨ ᠬᠦᠮᠦᠵᠢᠯ ᠤᠨ ᠪᠠᠶᠢᠭᠤᠯᠤᠮᠵᠢ︶ ᠶᠢᠨ ᠪᠦᠬᠦᠯᠢ ᠡᠳᠦᠷ ᠤᠨ ᠲᠦᠷᠢᠮᠳᠤ ᠰᠣᠷᠭᠠᠭᠤᠯᠢ ᠶᠢᠨ ᠬᠠᠷᠢᠶᠠᠯᠠᠯ ᠤᠨ ᠬᠡᠷᠡᠴᠢ ᠵᠢᠴᠢ ᠳᠠᠮᠢᠷᠴᠢᠨ ᠤ ᠦᠪᠡᠷ ᠤᠨ ᠬᠢᠨᠢ ᠰᠠᠨᠠᠯ ᠢ ᠳᠣᠰᠢᠶᠠᠨ᠎ᠠ᠃ ᠭᠤᠣᠯᠯᠠᠨ ᠡᠷᠬᠢᠯᠡᠬᠦ ᠪᠠᠶᠢᠭᠤᠯᠣᠯᠭ᠎ᠠ ᠠᠴᠠ ᠰᠣᠷᠭᠠᠭᠤᠯᠢ ᠶᠢᠨ ᠬᠠᠷᠢᠶᠠᠯᠠᠯ᠂ ᠡᠷᠦᠬᠡ ᠠᠮᠠ ᠶᠢᠨ ᠳᠡᠪᠳᠡᠷ᠂ ᠳᠣᠰ ᠬᠦᠮᠦᠨ ᠤ ᠰᠠᠨᠠᠯ ᠢ ᠦᠨᠳᠦᠰᠦᠯᠡᠨ ᠳᠠᠮᠢᠷᠴᠢᠨ ᠤ  ᠬᠠᠷᠢᠶᠠᠯᠠᠯ ᠢ ᠲᠤᠭᠳᠠᠭᠠᠵᠤ ᠳᠠᠩᠰᠠᠯᠠᠨ᠎ᠠ᠃      ᠬᠤᠷᠢᠨ ᠨᠠᠢᠮᠠᠳᠣᠭᠠᠷ ᠵᠣᠷᠪᠣᠰ    ᠭᠤᠣᠯᠯᠠᠨ ᠡᠷᠬᠢᠯᠡᠬᠦ ᠪᠠᠶᠢᠭᠤᠯᠣᠯᠭ᠎ᠠ ᠠᠴᠠ ᠪᠡᠶ᠎ᠡ ᠶᠢᠨ ᠳᠠᠮᠢᠷ ᠤᠨ ᠴᠣᠭᠯᠠᠭᠠᠨ  ᠤ ᠳᠦᠷᠢᠮ  ᠢ ᠦᠨᠳᠦᠰᠦᠯᠡᠨ᠂ ᠳᠠᠮᠢᠷᠴᠢᠨ ᠤ ᠳᠠᠩᠰᠠᠯᠠᠭᠤᠯᠣᠭᠰᠠᠨ ᠰᠣᠷᠠᠭ ᠵᠠᠩᠬᠢ ᠶᠢ ᠬᠢᠨᠠᠨ ᠰᠢᠯᠭᠠᠨ᠎ᠠ᠃ ᠬᠢᠨᠠᠨ ᠰᠢᠯᠭᠠᠯᠳᠠ ᠳᠤ ᠬᠢᠷᠢ ᠳᠡᠩᠴᠡᠭᠰᠡᠨ ᠦᠬᠡᠢ ᠳᠠᠮᠢᠷᠴᠢᠨ ᠨᠡᠷ᠎ᠡ ᠮᠡᠳᠡᠬᠦᠯᠵᠣ  ᠣᠷᠣᠯᠳᠣᠭᠠᠨ ᠳᠤ  ᠤᠷᠤᠯᠴᠠᠵᠦ ᠪᠣᠯᠬᠤ ᠦᠬᠡᠢ᠃      ᠬᠤᠷᠢᠨ ᠶᠢᠰᠦᠳᠦᠬᠡᠷ ᠵᠣᠷᠪᠣᠰ   ᠬᠢᠨᠠᠨ ᠰᠢᠯᠭᠠᠯᠳᠠ ᠳᠤ ᠬᠢᠷᠢ ᠳᠡᠩᠴᠡᠭᠰᠡᠨ ᠳᠠᠮᠢᠷᠴᠢᠨ ᠢ ᠡᠯ᠎ᠡ ᠲᠦᠯᠦᠬᠡᠯᠡᠭᠴᠢᠳ ᠤᠨ ᠪᠦᠯᠬᠦᠮ  ᠰᠤᠯᠢᠯᠴᠠᠵᠦ ᠪᠣᠯᠣᠨ᠎ᠠ᠃ᠭᠤᠴᠢᠳᠣᠭᠠᠷ ᠵᠣᠷᠪᠣᠰ   ᠳᠠᠮᠢᠷᠴᠢᠨ ᠢ ᠳᠠᠩᠰᠠᠯᠠᠭᠤᠯᠬᠤ ᠪᠣᠯᠣᠨ ᠰᠣᠯᠢᠯᠴᠠᠬᠤ ᠬᠡᠯᠪᠡᠷᠢ᠂ ᠠᠯᠬᠤᠮ  ᠲᠠᠷᠠᠭᠠᠯᠠᠯ ᠵᠡᠷᠬᠡ ᠪᠣᠳᠠᠳᠠᠢ ᠳᠦᠷᠢᠮ ᠢ ᠭᠤᠣᠯᠯᠠᠨ ᠡᠷᠬᠢᠯᠡᠬᠦ ᠪᠠᠶᠢᠭᠤᠯᠣᠯᠭ᠎ᠠ ᠠᠴᠠ ᠬᠤᠭᠤᠴᠠᠭ᠎ᠠ ᠪᠣᠯᠭᠠᠨ ᠤ ᠪᠡᠶ᠎ᠡ ᠶᠢᠨ ᠳᠠᠮᠢᠷ ᠤᠨ ᠴᠣᠭᠯᠠᠭᠠᠨ  ᠤ ᠳᠠᠮᠢᠷᠴᠢᠳ ᠤᠨ ᠨᠡᠷ᠎ᠡ ᠮᠡᠳᠡᠬᠦᠯᠬᠦ ᠠᠵᠢᠯ ᠡᠬᠢᠯᠡᠬᠦ ᠠᠴᠠ ᠡᠮᠣᠨ᠎ᠠ ᠳᠣᠰ ᠳᠤᠨᠢ ᠮᠡᠳᠡᠭᠳᠡᠨ᠎ᠡ᠃      ᠶᠢᠰᠦᠳᠦᠬᠡᠷ ᠪᠦᠯᠦᠭ     ᠪᠡᠶ᠎ᠡ ᠶᠢᠨ ᠳᠠᠮᠢᠷ ᠤᠨ ᠰᠣᠶᠣᠯ ᠤᠨ ᠠᠵᠢᠯᠯᠠᠭ᠎ᠠ      ᠭᠤᠴᠢᠨ ᠨᠢᠬᠡᠳᠦᠬᠡᠷ ᠵᠣᠷᠪᠣᠰ   ᠪᠦᠬᠦ ᠤᠯᠤᠰ ᠤᠨ ᠦᠨᠳᠦᠰᠦᠳᠡᠨ ᠤ ᠪᠡᠶ᠎ᠡ ᠶᠢᠨ ᠳᠠᠮᠢᠷ ᠤᠨ ᠴᠣᠭᠯᠠᠭᠠᠨ   ᠨᠢ  ᠡᠬᠢᠯᠠᠯᠳᠠ ᠶᠢᠨ ᠶᠣᠰᠣᠯᠠᠯ᠂ ᠬᠠᠭᠠᠯᠳᠠ ᠶᠢᠨ ᠶᠣᠰᠣᠯᠠᠯ᠂ ᠦᠨᠳᠦᠰᠦᠳᠡᠨ ᠤ ᠶᠡᠭᠡ ᠨᠠᠶᠢᠷ ᠨᠠᠭᠠᠳᠣᠮ ᠪᠠ ᠭᠠᠯ ᠪᠠᠮᠪᠠᠷ ᠳᠠᠮᠵᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠣᠨ᠎ᠠ᠃ ᠭᠤᠴᠢᠨ‌ᠬᠤᠶᠠᠳᠣᠭᠠᠷ ᠵᠣᠷᠪᠣᠰ   ᠡᠬᠢᠯᠡᠯᠳᠡ ᠶᠢᠨ ᠶᠣᠰᠣᠯᠠᠯ᠂ ᠬᠠᠭᠠᠯᠳᠠ ᠶᠢᠨ ᠶᠣᠰᠣᠯᠠᠯ ᠤᠨ ᠬᠡᠯᠪᠡᠷᠢ ᠨᠢ ᠵᠠᠪᠠᠯ ᠦᠨᠳᠦᠰᠦᠳᠡᠨ ᠤ ᠪᠦᠯᠬᠦᠮᠳᠠᠯ ᠲᠠᠪᠰᠢᠯᠲᠠ ᠪᠣᠯᠣᠨ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ ᠭᠤᠣᠯ ᠰᠡᠳᠦᠪ ᠢ ᠲᠤᠪᠤᠶᠢᠯᠭᠠᠵᠦ᠂ ᠢᠯᠡ ᠲᠤᠳᠤ ᠦᠪᠡᠷᠮᠢᠴᠡ ᠣᠨᠴᠠᠯᠢᠭ   ᠲᠠᠢ᠂  ᠨᠢᠵᠢᠬᠢᠷ ᠶᠡᠭᠡ  ᠂  ᠠᠷᠪᠢᠯᠠᠵᠦ ᠭᠠᠮᠨᠠᠭᠰᠠᠨ ᠪᠠᠶᠢᠬᠤ ᠬᠡᠷᠡᠭᠳᠡᠢ᠃      ᠭᠤᠴᠢᠨ‌ᠭᠤᠷᠪᠠᠳᠣᠭᠠᠷ ᠵᠣᠷᠪᠣᠰ  ᠦᠨᠳᠦᠰᠦᠳᠡᠨ ᠤ ᠶᠡᠭᠡ ᠨᠠᠶᠢᠷ ᠨᠠᠭᠠᠳᠣᠮ ᠨᠢ ᠴᠣᠭᠯᠠᠭᠠᠨ  ᠢ ᠵᠣᠬᠢᠶᠠᠨ ᠪᠠᠶᠢᠭᠤᠯᠣᠭᠰᠠᠨ ᠳᠣᠬᠠᠢ ᠶᠢᠨ ᠭᠠᠵᠠᠷ ᠣᠷᠣᠨ ᠤ ᠠᠷᠠᠳ ᠲᠦᠮᠡᠨ ᠤ ᠢᠳᠡᠪᠬᠢᠳᠠᠢ ᠣᠷᠣᠯᠴᠠᠬᠤ ᠶᠢ ᠵᠣᠷᠢᠭᠵᠢᠭᠤᠯᠣᠨ᠎ᠠ᠃      ᠭᠤᠴᠢᠨ  ᠳᠦᠷᠪᠡᠳᠦᠬᠡᠷ ᠵᠣᠷᠪᠣᠰ ᠭᠠᠯ ᠪᠠᠮᠪᠠᠷ ᠳᠠᠮᠵᠢᠭᠤᠯᠬᠤ ᠬᠡᠪᠴᠢᠶ᠎ᠡ᠂ ᠴᠠᠭ ᠪᠠ ᠵᠠᠮ ᠱᠣᠭᠤᠮ ᠢ ᠴᠢᠩᠭ᠎ᠠ ᠡᠵᠡᠮᠳᠡᠨ᠎ᠠ᠃ ᠭᠠᠯ ᠠᠰᠠᠭᠠᠬᠤ ᠶᠣᠰᠣᠯᠠᠯ ᠪᠠ ᠭᠠᠯ ᠪᠠᠮᠪᠠᠷ ᠳᠠᠮᠵᠢᠭᠤᠯᠬᠤ  ᠶᠢ ᠳᠠᠭᠠᠭᠠᠴᠢᠯᠠᠨ ᠡᠷᠬᠢᠯᠡᠭᠰᠡᠨ ᠪᠠᠶᠢᠭᠤᠯᠣᠯᠭ᠎ᠠ ᠶᠢᠨ ᠬᠠᠷᠢᠶ᠎ᠠ ᠪᠦᠰᠡ ᠶᠢᠨ ᠬᠡᠪᠴᠢᠶᠠᠨ ᠳᠤ ᠶᠠᠪᠣᠭᠳᠠᠭᠤᠯᠣᠨ᠎ᠠ᠃ ᠭᠠᠯ ᠪᠠᠮᠪᠠᠷ ᠳᠠᠮᠵᠢᠭᠤᠯᠬᠤ ᠠᠵᠢᠯᠯᠠᠭ᠎ᠠ ᠨᠢ ᠪᠤᠳᠠᠳᠤ ᠤᠷᠴᠢᠨ ᠪᠣᠯᠣᠨ ᠰᠦᠯᠵᠢᠶᠡᠨ ᠤ ᠣᠶᠠᠯᠳᠤᠭ᠎ᠠ  ᠶᠢ ᠠᠪᠴᠠᠯᠳᠣᠭᠤᠯᠵᠣ᠂ ᠳᠠᠮᠵᠢᠭᠤᠯᠬᠤ  ᠠᠵᠢᠯᠯᠠᠭ᠎ᠠ ᠶᠢ ᠳᠦᠬᠦᠮ ᠠᠪᠰᠠᠷ ᠶᠠᠪᠤᠭᠳᠠᠭᠤᠯᠤᠨ᠎ᠠ᠃ ᠢᠯᠡ ᠲᠤᠳᠤ᠂ ᠡᠷᠬᠡ ᠳᠡᠭᠰᠢ᠂ ᠳᠦᠪ ᠭᠤᠣᠯᠴᠢ ᠵᠠᠷᠴᠢᠮ  ᠢᠶᠠᠷ ᠭᠠᠯ ᠪᠠᠮᠪᠠᠷᠴᠢᠨ ᠢ ᠰᠣᠩᠭᠤᠨ ᠰᠢᠯᠭᠠᠷᠠᠭᠤᠯᠬᠤ ᠠᠵᠢᠯ ᠢ ᠦᠷᠨᠢᠬᠦᠯᠦᠨ᠎ᠡ᠃      ᠭᠤᠴᠢᠨ  ᠳᠠᠪᠣᠳᠣᠭᠠᠷ ᠵᠣᠷᠪᠣᠰ  ᠭᠤᠣᠯᠯᠠᠨ ᠡᠷᠬᠢᠯᠡᠬᠦ ᠪᠠᠶᠢᠭᠤᠯᠣᠯᠭ᠎ᠠ᠂ ᠳᠠᠭᠠᠭᠠᠴᠢᠯᠠᠨ‌ᠡᠷᠬᠢᠯᠡᠬᠦ ᠪᠠᠶᠢᠭᠤᠯᠣᠯᠭ᠎ᠠ ᠨᠢ ᠪᠡᠶ᠎ᠡ ᠶᠢᠨ ᠳᠠᠮᠢᠷ ᠤᠨ ᠴᠣᠭᠯᠠᠭᠠᠨ  ᠢ ᠵᠣᠬᠢᠶᠠᠨ ᠪᠠᠶᠢᠭᠤᠯᠬᠤ ᠶᠠᠪᠣᠴᠠ ᠳᠣᠮᠳᠠ ᠭᠤᠣᠯ ᠰᠡᠳᠤᠪ ᠢᠶᠠᠨ ᠲᠤᠪᠤᠶᠢᠯᠭᠠᠭᠰᠠᠨ᠂ ᠡᠯᠪᠡᠭ ᠪᠠᠶᠠᠯᠢᠭ ᠬᠡᠯᠪᠡᠷᠢ ᠪᠦᠬᠦᠢ ᠦᠨᠳᠦᠰᠦᠳᠡᠨ ᠤ ᠪᠦᠯᠬᠦᠮᠳᠠᠯ ᠲᠠᠪᠰᠢᠯᠳᠠ ᠶᠢᠨ ᠣᠬᠠᠭᠤᠯᠭ᠎ᠠ ᠬᠦᠮᠦᠵᠢᠯ ᠪᠠ ᠪᠦᠬᠦ ᠠᠷᠠᠳ ᠤᠨ ᠪᠡᠶ᠎ᠡ ᠴᠢᠬᠢᠷᠠᠭᠵᠢᠭᠤᠯᠬᠤ  ᠠᠵᠢᠯᠯᠠᠭ᠎ᠠ ᠶᠢ ᠦᠷᠨᠢᠬᠦᠯᠵᠦ᠂ ᠡᠶ᠎ᠡ ᠨᠠᠶᠢᠷᠠᠮᠳᠠᠭᠤ ᠪᠦᠯᠬᠦᠮᠳᠡᠯ ᠨᠢᠬᠳᠠᠷᠠᠯ ᠪᠣᠯᠣᠨ‌‍ᠪᠦ᠋ᠬᠦ ᠠᠷᠠᠳ ᠤᠨ ᠪᠡᠶ᠎ᠡ ᠴᠢᠬᠢᠷᠠᠭᠵᠢᠭᠤᠯᠬᠤ ᠰᠠᠶᠢᠨ ᠰᠠᠶᠢᠬᠠᠨ ᠠᠭᠤᠷ ᠠᠮᠢᠰᠬᠤᠯ ᠢ ᠢᠳᠡᠪᠬᠢᠳᠡᠢ ᠪᠣᠢ  ᠪᠣᠯᠭᠠᠨ᠎ᠠ᠃       ᠠᠷᠪᠠᠳᠣᠭᠠᠷ ᠪᠦᠯᠦᠭ   ᠳᠠᠭᠠᠯᠳᠣᠭᠤᠯᠣᠯ  ᠲᠥᠷᠢᠮ      ᠭᠤᠴᠢᠨ ᠵᠢᠷᠭᠤᠳᠣᠭᠠᠷ ᠵᠣᠷᠪᠣᠰ    ᠳᠣᠰ ᠠᠷᠭ᠎ᠠ ᠶᠢ ᠳᠠᠶᠢᠯᠪᠣᠷᠢᠯᠠᠬᠤ ᠡᠷᠬᠡ  ᠨᠢ ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ   ᠳᠤ ᠬᠠᠷᠢᠶᠠᠯᠠᠭᠳᠠᠨ᠎ᠠ  ᠃      ᠭᠤᠴᠢᠨ  ᠳᠣᠯᠣᠳᠣᠭᠠᠷ ᠵᠣᠷᠪᠣᠰ       ᠳᠣᠰ ᠠᠷᠭ᠎ᠠ ᠶᠢ ᠳᠠᠷᠣᠮᠠᠯᠠᠨ ᠳᠠᠷᠬᠠᠭᠠᠭᠰᠠᠨ ᠡᠳᠦᠷ ᠠᠴᠠ ᠡᠬᠢᠯᠡᠨ ᠬᠡᠷᠡᠭᠵᠢᠬᠦᠯᠦᠨ᠎ᠡ᠃   ᠡᠭᠦᠨ ᠤ ᠵᠡᠷᠭᠡᠪᠡᠷ᠂ ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ  ︽ ︿ᠪᠦᠬᠦ ᠣᠯᠣᠰ ᠤᠨ ᠴᠦᠬᠡᠨ ᠳᠣᠭᠠᠳᠣ ᠦᠨᠳᠦᠰᠦᠳᠡᠨ ᠤ ᠣᠯᠠᠮᠵᠢᠯᠠᠯᠳᠣ ᠪᠡᠶ᠎ᠡ ᠶᠢᠨ ᠳᠠᠮᠢᠷ ᠤᠨ ᠴᠣᠭᠯᠠᠭᠠᠨ  ᠤ ᠣᠷᠣᠯᠳᠣᠭᠠᠨ  ᠤ ᠳᠦᠷᠦᠯ ᠵᠦᠢᠯ ᠤᠨ ᠰᠡᠳᠤᠪ ᠳᠣᠭᠳᠠᠭᠠᠯᠳᠠ ᠶᠢᠨ ᠳᠦᠷ ᠬᠡᠷᠡᠭᠵᠢᠬᠦᠯᠬᠦ ᠲᠣᠭᠲᠠᠭᠠᠯ  ﹀  ᠢ ᠳᠠᠷᠤᠮᠠᠯᠯᠠᠨ ᠳᠠᠷᠬᠠᠭᠠᠬᠤ ᠳᠣᠬᠠᠢ ᠮᠡᠳᠡᠭᠳᠡᠯ︾ ︵ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠠᠴᠠ ᠳᠠᠷᠬᠠᠭᠠᠭᠰᠠᠠ 【2004】174 ᠳ᠋ᠤᠭᠠᠷ ᠳᠣᠭᠠᠳᠣ ᠪᠢᠴᠢᠭ ᠮᠠᠲ᠋ᠧᠷᠢᠶᠠᠯ︶ ︽ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ  ᠠᠴᠠ  ︿ᠪᠦᠬᠦᠳᠠ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠴᠦᠬᠡᠨ ᠳᠣᠭᠠᠳᠣ ᠦᠨᠳᠦᠰᠦᠳᠡᠨ ᠤ ᠣᠯᠠᠮᠵᠢᠯᠠᠯᠳᠣ ᠪᠡᠶ᠎ᠡ ᠶᠢᠨ ᠳᠠᠮᠢᠷ ᠤᠨ ᠴᠣᠭᠯᠠᠭᠠᠨ  ᠢ ᠭᠤᠶᠣᠴᠢᠯᠠᠨ ᠡᠷᠬᠢᠯᠡᠬᠦ ᠠᠷᠭ᠎ᠠ  ﹀ ︵ᠳᠣᠷᠰᠢᠨ ᠬᠡᠷᠡᠭᠯᠡᠬᠦ︶ ᠶᠢ  ᠲᠠᠷᠤᠮᠠᠯᠯᠠᠨ ᠳᠠᠷᠬᠠᠭᠠᠬᠤ ᠳᠣᠬᠠᠢ ᠮᠡᠳᠡᠭᠳᠡᠯ︾ ︵ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ  ᠠᠴᠠ ᠳᠠᠷᠬᠠᠭᠠᠭᠰᠠᠠ【2010】14 ᠳ᠋ᠤᠭᠠᠷ ᠳᠣᠭᠠᠳᠣ ᠪᠢᠴᠢᠭ ᠮᠠᠲ᠋ᠧᠷᠢᠶᠠᠯ︶᠂ ︽ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ᠂ ᠣᠯᠣᠰ ᠤᠨ ᠪᠡᠶ᠎ᠡ ᠶᠢᠨ ᠳᠠᠮᠢᠷ ᠤᠨ ᠶᠡᠷᠦᠩᠬᠡᠢ ᠳᠣᠪᠴᠢᠶ᠎ᠠ  ᠠᠴᠠ ︿ᠪᠦᠬᠦᠳᠠ ᠨᠠᠶᠢᠷᠠᠮᠳᠠᠬᠤ ᠳᠣᠮᠳᠠᠳᠣ ᠠᠷᠠᠳ ᠣᠯᠣᠰ ᠤᠨ ᠴᠦᠬᠡᠨ ᠳᠣᠭᠠᠳᠣ ᠦᠨᠳᠦᠰᠦᠳᠡᠨ ᠤ ᠣᠯᠠᠮᠵᠢᠯᠠᠯᠳᠣ ᠪᠡᠶ᠎ᠡ ᠶᠢᠨ ᠳᠠᠮᠢᠷ ᠤᠨ ᠴᠣᠭᠯᠠᠭᠠᠨ  ᠤ ᠳᠠᠮᠢᠷᠴᠢᠨ ᠳᠠᠩᠰᠠᠯᠠᠯᠳᠠ ᠪᠣᠯᠣᠨ ᠰᠣᠯᠢᠯᠴᠠᠭᠠᠨ ᠤ ᠬᠠᠮᠢᠶᠠᠷᠣᠯᠳᠠ ᠶᠢᠨ ᠠᠷᠭ᠎ᠠ  ﹀ ︵ᠳᠣᠷᠰᠢᠨ ᠬᠡᠷᠡᠭᠯᠡᠬᠦ︶ ᠶᠢ ᠳᠠᠷᠣᠮᠠᠯᠯᠠᠨ ᠳᠠᠷᠬᠠᠭᠠᠬᠤ ᠳᠣᠬᠠᠢ ᠮᠡᠳᠡᠭᠳᠡᠯ︾ ︵ᠣᠯᠣᠰ ᠤᠨ ᠦᠨᠳᠦᠰᠦᠳᠡᠨ ᠤ ᠬᠡᠷᠡᠭ ᠡᠷᠬᠢᠯᠡᠬᠦ ᠵᠦᠪᠯᠡᠯ ᠠᠴᠠ ᠳᠠᠷᠬᠠᠭᠠᠭᠰᠠᠠ【2010】199 ᠳ᠋ᠤᠭᠠᠷ ᠳᠣᠭᠠᠳᠣ ᠪᠢᠴᠢᠭ ᠮᠠᠲ᠋ᠧᠷᠢᠶᠠᠯ︶   ᠢ ᠬᠦᠴᠦᠨ ᠦᠬᠡᠢ ᠪᠣᠯᠭᠠᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号