ᠪᠡᠶ᠎ᠡ ᠲᠠᠮᠢᠷ ᠤᠨ ᠵᠠᠰᠠᠭ ᠵᠠᠬᠢᠷᠭᠠᠨ ᠤ ᠵᠦᠪᠰᠢᠶᠠᠷᠡᠯ ᠤᠨ ᠬᠦᠯᠢᠶᠡᠨ ᠠᠪᠴᠦ ᠰᠢᠢᠳᠪᠦᠷᠢᠯᠡᠬᠦ ᠪᠠ ᠬᠦᠷᠭᠡᠬᠦ ᠳᠦᠷᠢᠮ
ᠨᠡᠶᠢᠲᠡᠯᠡᠭᠰᠡᠨ ᠴᠠᠭ᠄
2019/2/18
     ᠪᠡᠶ᠎ᠡ ᠲᠠᠮᠢᠷ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠭᠥᠯᠢᠶᠡᠨ ᠠᠪᠴᠦ ᠰᠢᠢᠳᠪᠦᠷᠢᠯᠡᠬᠦ ᠪᠠ ᠰᠢᠢᠳᠪᠦᠷᠢ ᠶᠢ ᠬᠦᠷᠭᠡᠬᠦ ᠠᠵᠢᠯ ᠢ ᠳᠦᠷᠢᠮᠵᠢᠭᠦᠯᠵᠦ᠂  ᠭᠤᠶᠣᠴᠢᠯᠠᠭᠴᠢ ᠶᠢᠨ ᠬᠠᠤᠯᠢ ᠶᠣᠰᠣᠨ ᠤ ᠡᠷᠬᠡ ᠠᠰᠢᠭ ᠢ ᠬᠠᠤᠯᠢ ᠶᠣᠰᠣᠭᠠᠷ ᠬᠠᠮᠠᠭᠠᠯᠠᠬᠤ  ᠶᠢᠨ ᠲᠦᠯᠦᠭᠡ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠵᠠᠰᠠᠭ ᠵᠠᠬᠢᠷᠭᠠᠨ ᠤ ᠵᠥᠪᠰᠢᠶᠡᠷᠡᠯ ᠤᠨ ᠬᠠᠤᠯᠢ︾᠂ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ  ᠪᠡᠶ᠎ᠡ ᠲᠠᠮᠢᠷ  ᠤᠨ  ᠬᠠᠤᠯᠢ︾ ᠶᠢᠨ  ᠬᠤᠯᠪᠣᠭᠳᠠᠯ  ᠪᠦᠬᠦᠢ  ᠲᠣᠭᠲᠠᠭᠠᠯ  ᠢ  ᠦᠨᠳᠦᠰᠦᠯᠡᠨ  ᠲᠣᠰ  ᠲᠦᠷᠢᠮ  ᠢ  ᠲᠣᠭᠲᠠᠭᠠᠪᠠ᠃     ᠨᠢᠭᠡ᠂ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠶᠢᠨ ᠪᠡᠶ᠎ᠡ ᠲᠠᠮᠢᠷ ᠤᠨ ᠠᠵᠢᠯᠯᠠᠭ᠎ᠠ ᠨᠢ ᠬᠠᠤᠯᠢ ᠶᠣᠰᠣᠭᠠᠷ ᠵᠠᠰᠠᠭ ᠵᠠᠬᠢᠷᠭᠠᠨ ᠤ ᠵᠥᠪᠰᠢᠶᠡᠷᠡᠯ ᠠᠪᠬᠤ ᠴᠢᠬᠤᠯᠠ ᠲᠠᠢ ᠪᠣᠯ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠭᠤᠣᠯᠯᠠᠨ ᠬᠠᠮᠢᠶᠠᠷᠬᠤ ᠰᠠᠯᠠᠭ᠎ᠠ ᠮᠥᠴᠢᠷ ᠲᠤ ᠭᠤᠶᠤᠴᠢᠯᠠᠯ ᠭᠠᠷᠭᠠᠬᠤ ᠬᠡᠷᠡᠭᠲᠡᠶ᠃     ᠬᠤᠶᠠᠷ᠂ ᠡᠯ᠎ᠡ ᠱᠠᠳᠣᠨ ᠤ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠠᠯᠪᠠᠨ ᠭᠡᠷ ᠠᠴᠠ ᠨᠢᠭᠡᠳᠦᠯᠲᠠᠢ ᠬᠦᠯᠢᠶᠡᠨ ᠠᠪᠬᠤ ︽ᠴᠤᠩᠬᠤ︾ ᠭᠠᠷᠭᠠᠨ᠂ ᠴᠢᠮᠡᠭᠡ ᠨᠡᠪᠲᠡᠷᠡᠬᠦ  ᠬᠠᠶ᠋ᠢᠭ᠂ ᠰᠢᠣᠳᠠᠨ ᠬᠠᠶ᠋ᠢᠭ ᠪᠠ ᠬᠠᠷᠢᠯᠴᠠᠬᠤ ᠣᠳᠠᠰᠣ ᠶᠢ ᠨᠡᠶᠢᠳᠡᠯᠡᠨ᠂ ᠬᠦᠯᠢᠶᠡᠨ ᠠᠪᠴᠦ ᠰᠢᠢᠳᠪᠦᠷᠢᠯᠡᠬᠦ ᠭᠠᠵᠠᠷ ᠲᠤ ᠶᠠᠪᠤᠳᠠᠯ ᠰᠢᠢᠳᠪᠦᠷᠢᠯᠡᠬᠦ ᠵᠠᠮ ᠮᠥᠷ ᠢ ᠳᠣᠳᠣᠷᠠᠭᠤᠯᠣᠨ᠂ ᠳᠣᠰᠬᠠᠢ ᠬᠦᠮᠦᠨ ᠠᠴᠠ ᠵᠠᠰᠠᠭ ᠵᠠᠬᠢᠷᠭᠠᠨ ᠤ ᠵᠦᠪᠰᠢᠶᠠᠷᠡᠯ ᠤᠨ ᠭᠤᠶᠣᠴᠢᠯᠠᠯ ᠬᠦᠯᠢᠶᠡᠨ ᠠᠪᠴᠦ ᠰᠢᠢᠳᠪᠦᠷᠢᠯᠡᠬᠦ ᠠᠵᠢᠯ ᠢ  ᠬᠠᠷᠢᠭᠤᠴᠠᠨ᠎ᠠ᠃ ᠬᠦᠯᠢᠶᠡᠨ ᠠᠪᠤᠭᠰᠠᠨ ᠤ ᠳᠠᠷᠠᠭ᠎ᠠ ︽ᠴᠤᠩᠬᠤ︾ ᠠᠴᠠ ᠬᠠᠮᠢᠶ᠎ᠠ ᠪᠦᠬᠦᠢ ᠵᠠᠰᠠᠭ ᠵᠠᠬᠢᠷᠭᠠᠨ ᠤ ᠬᠠᠣᠯᠢ ᠬᠡᠷᠡᠭᠵᠢᠭᠦᠯᠬᠦ ᠪᠠᠶᠢᠭᠤᠯᠣᠮᠵᠢ ᠳᠤ ᠬᠤᠪᠢᠶᠠᠨ ᠬᠦᠷᠭᠡᠵᠦ ᠪᠣᠳᠠᠲᠠᠢ ᠬᠠᠷᠢᠭᠤᠴᠠᠵᠦ ᠰᠢᠢᠳᠪᠦᠷᠢᠯᠡᠬᠦ ᠶᠢᠨ ᠬᠠᠮᠲᠦ ᠬᠠᠣᠯᠢ ᠴᠠᠭᠠᠵᠠ ᠶᠢᠨ ᠬᠢᠨᠠᠯᠲᠠ ᠶᠢᠨ ᠪᠠᠶᠢᠭᠤᠯᠣᠮᠵᠢ ᠳᠤ ᠬᠦᠯᠢᠶᠡᠨ ᠠᠪᠴᠦ ᠰᠢᠢᠳᠪᠦᠷᠢᠯᠡᠬᠦ ᠮᠡᠳᠡᠭᠳᠡᠯ ᠢ ᠬᠦᠷᠭᠡᠨ᠎ᠡ᠃     ᠭᠤᠷᠪᠠ᠂ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠵᠦᠪᠰᠢᠶᠠᠷᠡᠯ ᠢ ᠭᠤᠶᠣᠴᠢᠯᠠᠬᠤ ᠠᠷᠭ᠎ᠠ     ︵ᠨᠢᠭᠡ︶ ᠠᠷᠠᠳ ᠢᠷᠭᠡᠨ᠂ ᠬᠠᠣᠯᠢ ᠶᠢᠨ ᠬᠦᠮᠦᠨ ᠪᠣᠶᠣ ᠪᠣᠰᠣᠳ ᠵᠣᠬᠢᠶᠠᠨ ᠪᠠᠶᠢᠭᠤᠯᠣᠯᠲᠠ ᠠᠴᠠ ᠰᠢᠭᠤᠳ ᠬᠠᠷᠢᠶ᠎ᠠ ᠡᠷᠬᠡᠳᠦ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠤᠨ ᠭᠠᠷᠭᠠᠭᠰᠠᠨ ᠵᠠᠰᠠᠭ ᠵᠠᠬᠢᠷᠭᠠᠨ ᠤ ᠵᠦᠪᠰᠢᠶᠠᠷᠡᠯ ᠤᠨ ᠬᠦᠯᠢᠶᠡᠨ ᠠᠪᠴᠦ ᠰᠢᠢᠳᠪᠦᠷᠢᠯᠡᠬᠦ ︽ᠴᠣᠩᠬᠤ︾ ᠳᠤ ᠬᠦᠷᠴᠦ ᠭᠤᠶᠣᠴᠢᠯᠠᠯ ᠢᠶᠠᠨ ᠳᠡᠪᠰᠢᠭᠦᠯᠦᠨ᠎ᠡ᠃     ︵ᠬᠤᠶᠠᠷ︶ ᠠᠷᠠᠳ ᠢᠷᠭᠡᠨ᠂ ᠬᠠᠤᠯᠢ ᠶᠢᠨ ᠬᠥᠮᠦᠨ ᠪᠤᠶᠤ ᠪᠤᠰᠤᠳ ᠵᠣᠬᠢᠶᠠᠨ ᠪᠠᠶᠢᠭᠤᠯᠤᠯᠲᠠ ᠠᠴᠠ ᠵᠠᠬᠢᠳᠠᠯ᠂ ᠴᠠᠬᠢᠯᠭᠠᠨ ᠮᠡᠳᠡᠭᠡ᠂ ᠹᠠᠺᠰ᠂ ᠡᠯᠧᠺᠲᠷᠣᠨ ᠳ᠋ᠠᠶᠢᠲ᠋ᠠ ᠰᠣᠯᠢᠯᠴᠠᠭ᠎ᠠ ᠪᠣᠯᠤᠨ ᠡᠯᠧᠺᠲᠷᠣᠨ ᠰᠢᠦᠳᠠᠨ ᠵᠠᠬᠢᠳᠠᠯ ᠢ  ᠠᠰᠢᠭᠯᠠᠨ ᠪᠡᠶ᠎ᠡ  ᠲᠠᠮᠢᠷ  ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠤᠨ ᠪᠠᠶᠢᠭᠤᠯᠣᠬᠰᠡᠨ  ᠵᠠᠰᠠᠭ  ᠵᠠᠬᠢᠷᠭᠠᠨ  ᠤ  ᠵᠥᠪᠰᠢᠶᠡᠷᠡᠯ ᠢ  ᠬᠦᠯᠢᠶᠡᠨ  ᠠᠪᠴᠦ  ᠰᠢᠢᠳᠪᠦᠷᠢᠯᠡᠬᠦ  ︽ᠴᠣᠩᠬᠤ︾ ᠳᠤ  ᠭᠤᠶᠤᠴᠢᠯᠠᠯ  ᠢᠶᠠᠨ  ᠭᠠᠷᠭᠠᠨ᠎ᠠ᠃     ᠳᠦᠷᠪᠠ᠂ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠵᠦᠪᠰᠢᠶᠠᠷᠡᠯ ᠤᠨ ᠭᠤᠶᠣᠴᠢᠯᠠᠯ ᠤᠨ ᠪᠢᠴᠢᠭ ᠲᠤ ᠵᠢᠱᠢᠶ᠎ᠡ ᠲᠧᠺᠰᠲ ᠬᠡᠷᠡᠭᠲᠡᠢ ᠪᠣᠯ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠭᠤᠶᠣᠴᠢᠯᠠᠭᠴᠢ ᠳᠤ ᠦᠨ᠎ᠡ ᠲᠦᠯᠦᠪᠦᠷᠢ ᠦᠭᠡᠢ  ᠬᠠᠨᠭ᠍ᠭᠠᠨ᠎ᠠ᠃     ᠲᠠᠪᠤ᠂ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠳᠣᠣᠷᠠᠬᠢ ᠠᠭᠤᠯᠭ᠎ᠠ ᠶᠢ ᠨᠢᠭᠡᠳᠦᠯᠲᠠᠢ ᠬᠦᠯᠢᠶᠡᠨ ᠠᠪᠴᠦ ᠰᠢᠢᠳᠪᠦᠷᠢᠯᠡᠬᠦ ︽ᠴᠤᠩᠬᠤ︾ ᠪᠠᠷ ᠨᠡᠶᠢᠲᠡᠯᠡᠨ᠎ᠡ᠄     ︵ᠨᠢᠭᠡ︶ ᠲᠤᠰ ᠰᠠᠯᠠᠭ᠎ᠠ ᠮᠦᠴᠢᠷ ᠤᠨ ᠬᠡᠷᠡᠭᠵᠢᠭᠦᠯᠦᠭᠰᠡᠨ ᠵᠠᠰᠠᠭ ᠵᠠᠬᠢᠷᠭᠠᠨ ᠤ ᠵᠦᠪᠰᠢᠶᠠᠷᠡᠯ ᠤᠨ ᠶᠠᠪᠣᠳᠠᠯ ᠤᠨ ᠭᠠᠷᠴᠠᠭ᠃     ︵ᠬᠤᠶᠠᠷ︶ ᠬᠠᠣᠯᠢ ᠴᠠᠭᠠᠵᠠ᠂ ᠬᠠᠣᠯᠢ ᠳᠦᠷᠢᠮ᠂ ᠳᠦᠷᠢᠮ ᠲᠣᠭᠳᠠᠭᠠᠯ  ᠳᠤ ᠳᠣᠬᠳᠠᠬᠰᠡᠨ ᠵᠠᠰᠠᠭ ᠵᠠᠬᠢᠷᠭᠠᠨ ᠤ ᠵᠦᠪᠰᠢᠶᠠᠷᠡᠯ ᠤᠨ ᠡᠰᠢ ᠪᠠᠷᠢᠮᠲᠠ᠃     ︵ᠭᠤᠷᠪᠠ︶  ᠪᠡᠶ᠎ᠡ ᠲᠠᠮᠢᠷ ᠤᠨ ᠵᠠᠰᠠᠭ ᠵᠠᠬᠢᠷᠭᠠᠨ ᠤ ᠵᠦᠪᠰᠢᠶᠠᠷᠡᠯ ᠢ ᠭᠤᠶᠣᠴᠢᠯᠠᠬᠤ ᠨᠦᠭᠦᠴᠡᠯ᠂ ᠶᠠᠪᠣᠴᠠ᠂ ᠬᠤᠭᠤᠴᠠᠭ᠎ᠠ᠂ ᠰᠦᠢᠳᠭᠡᠯ ᠬᠤᠷᠢᠶᠠᠬᠤ ᠪᠠᠷᠢᠮᠵᠢᠶ᠎ᠠ᠃     ︵ᠳᠦᠷᠪᠠ︶ ᠳᠤᠰᠢᠶᠠᠬᠤ ᠴᠢᠬᠤᠯᠠ ᠲᠠᠢ ᠪᠦᠬᠦ ᠮᠠᠲ᠋ᠧᠷᠢᠶᠠᠯ ᠤᠨ ᠭᠠᠷᠴᠠᠭ᠃     ︵ᠲᠠᠪᠤ︶  ᠭᠤᠶᠣᠴᠢᠯᠠᠯ ᠤᠨ ᠪᠢᠴᠢᠭ ᠤᠨ ᠵᠢᠱᠢᠶ᠎ᠡ ᠲᠧᠺᠰᠲ᠃     ᠵᠢᠷᠭᠤᠭ᠎ᠠ᠂ ᠭᠤᠶᠣᠴᠢᠯᠠᠭᠴᠢ ᠠᠴᠠ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠢ  ᠨᠡᠶᠢᠲᠡᠯᠡᠭᠰᠡᠨ ᠠᠭᠤᠯᠭ᠎ᠠ ᠳᠤ ᠳᠣᠲᠣᠷᠬᠠᠶᠢᠯᠠᠯ ᠬᠢᠬᠦ ᠶᠢ ᠱᠠᠭᠠᠷᠳᠠᠪᠠᠯ᠂ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠳᠣᠳᠣᠷᠬᠠᠶᠢᠯᠠᠯ ᠬᠢᠬᠦ ᠬᠡᠷᠡᠭᠲᠡᠢ᠃     ᠳᠣᠯᠤᠭ᠎ᠠ᠂ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠨᠢ ᠭᠤᠶᠣᠴᠢᠯᠠᠭᠴᠢ  ᠶᠢᠨ ᠳᠤᠷᠠᠳᠤᠭᠰᠠᠨ ᠭᠤᠶᠣᠴᠢᠯᠠᠯ ᠳᠤ ᠳᠣᠣᠷᠠᠬᠢ ᠪᠠᠶᠢᠳᠠᠯ ᠢ ᠦᠨᠳᠦᠰᠦᠯᠡᠨ ᠰᠢᠢᠳᠪᠦᠷᠢᠯᠡᠬᠦ ᠬᠡᠷᠡᠭᠲᠡᠢ᠄     ︵ᠨᠢᠭᠡ︶ ᠭᠤᠶᠣᠴᠢᠯᠠᠬᠤ ᠶᠠᠪᠣᠳᠠᠯ ᠨᠢ ᠬᠠᠣᠯᠢ ᠳᠤ ᠳᠣᠬᠳᠠᠬᠰᠡᠨ ᠢᠶᠠᠷ ᠵᠠᠰᠠᠭ ᠵᠠᠬᠢᠷᠭᠠᠨ ᠤ ᠵᠦᠪᠰᠢᠶᠠᠷᠡᠯ ᠬᠡᠷᠡᠭᠰᠡᠬᠦ ᠦᠭᠡᠢ ᠪᠣᠯ ᠴᠠᠭ ᠲᠣᠬᠠᠢ ᠳᠤᠨᠢ ᠭᠤᠶᠣᠴᠢᠯᠠᠭᠴᠢ ᠳᠤ ᠮᠡᠳᠡᠭᠳᠡᠨ᠎ᠡ᠃     ︵ᠬᠤᠶᠠᠷ︶ ᠭᠤᠶᠣᠴᠢᠯᠠᠬᠰᠡᠨ ᠶᠠᠪᠣᠳᠠᠯ ᠨᠢ ᠬᠠᠣᠯᠢ ᠳᠤ ᠳᠣᠬᠳᠠᠬᠰᠡᠨ ᠢᠶᠠᠷ ᠲᠣᠰ ᠵᠠᠰᠠᠭ ᠵᠠᠬᠢᠷᠭᠠᠨ ᠤ ᠪᠠᠶᠢᠭᠤᠯᠣᠮᠵᠢ ᠶᠢᠨ ᠡᠷᠬᠡ ᠲᠣᠰᠢᠶᠠᠯ ᠤᠨ ᠬᠦᠷᠢᠶ᠎ᠡ ᠬᠡᠪᠴᠢᠶ᠎ᠡ ᠳᠤ ᠬᠠᠷᠢᠶᠠᠯᠠᠭᠳᠠᠬᠤ ᠦᠭᠡᠢ ᠪᠣᠯ ᠴᠠᠭ ᠲᠣᠬᠠᠢ ᠳᠤᠨᠢ ᠬᠦᠯᠢᠶᠡᠨ ᠠᠪᠴᠦ ᠰᠢᠢᠳᠪᠦᠷᠢᠯᠡᠬᠦ ᠦᠭᠡᠢ ᠰᠢᠢᠳᠪᠦᠷᠢ ᠭᠠᠷᠭᠠᠨ᠂ ᠭᠤᠶᠣᠴᠢᠯᠠᠭᠴᠢ ᠳᠤ ᠬᠠᠮᠢᠶ᠎ᠠ ᠪᠦᠬᠦᠢ ᠵᠠᠰᠠᠭ ᠵᠠᠬᠢᠷᠭᠠᠨ ᠤ ᠪᠠᠶᠢᠭᠤᠯᠣᠮᠵᠢ ᠳᠤ ᠣᠴᠢᠵᠦ ᠭᠤᠶᠣᠴᠢᠯᠠᠬᠤ ᠶᠢ ᠮᠡᠳᠡᠭᠳᠡᠨ᠎ᠡ᠃     ︵ᠭᠤᠷᠪᠠ︶ ᠭᠤᠶᠣᠴᠢᠯᠠᠯ ᠤᠨ ᠮᠠᠲ᠋ᠧᠷᠢᠶᠠᠯ ᠤᠨ ᠪᠣᠷᠣᠭᠤ ᠶᠢ ᠳᠣᠬᠠᠢ ᠶᠢᠨ ᠲᠠᠯᠠᠪᠠᠢ ᠳᠤ ᠵᠠᠯᠠᠷᠠᠭᠤᠯᠵᠤ ᠴᠢᠳᠠᠪᠠᠯ᠂ ᠭᠤᠶᠣᠴᠢᠯᠠᠭᠴᠢ ᠶᠢᠨ ᠲᠤᠬᠠᠢ  ᠶᠢᠨ ᠲᠠᠯᠠᠪᠠᠢ  ᠳᠤ ᠵᠠᠯᠠᠷᠠᠭᠤᠯᠬᠤ ᠶᠢ ᠵᠦᠪᠰᠢᠶᠡᠷᠡᠨ᠎ᠡ᠃     ︵ᠳᠦᠷᠪᠠ︶ ᠭᠤᠶᠣᠴᠢᠯᠠᠯ ᠤᠨ ᠮᠠᠲ᠋ᠧᠷᠢᠶᠠᠯ ᠨᠢ ᠭᠦᠢᠴᠡᠳ ᠦᠭᠡᠢ ᠪᠤᠶᠤ ᠬᠠᠣᠯᠢ ᠳᠤ ᠳᠣᠬᠳᠠᠬᠰᠡᠨ ᠬᠡᠯᠪᠡᠷᠢ ᠳᠤ ᠨᠡᠶᠢᠴᠡᠬᠦ ᠦᠭᠡᠢ ᠪᠣᠯ ᠳᠣᠬᠠᠢ ᠶᠢᠨ ᠲᠠᠯᠠᠪᠠᠢ ᠳᠤ ᠪᠣᠶᠣ 5 ᠡᠳᠦᠷ ᠤᠨ ᠳᠣᠲᠣᠷ᠎ᠠ ᠨᠢᠭᠡ ᠯᠡ ᠤᠳᠠᠭ᠎ᠠ  ᠳᠤ ᠨᠦᠬᠦᠪᠦᠷᠢᠯᠡᠬᠦ ᠴᠢᠬᠤᠯᠠ ᠲᠠᠢ ᠪᠦᠬᠦ ᠠᠭᠤᠯᠭ᠎ᠠ ᠶᠢ ᠭᠤᠶᠣᠴᠢᠯᠠᠭᠴᠢ ᠳᠤ ᠮᠡᠳᠡᠭᠳᠡᠨ᠎ᠡ᠃ ᠳᠣᠬᠳᠠᠬᠰᠡᠨ ᠴᠠᠭ ᠲᠤ ᠮᠡᠳᠡᠭᠳᠡᠭᠰᠡᠨ ᠦᠭᠡᠢ ᠪᠣᠯ ᠭᠤᠶᠣᠴᠢᠯᠠᠯ ᠤᠨ ᠮᠠᠲ᠋ᠧᠷᠢᠶᠠᠯ ᠢ ᠳᠣᠰᠢᠶᠠᠬᠰᠡᠨ ᠡᠳᠦᠷ ᠠᠴᠠ ᠡᠬᠢᠯᠡᠵᠦ ᠬᠦᠯᠢᠶᠡᠨ ᠠᠪᠴᠦ ᠰᠢᠢᠳᠪᠦᠷᠢᠯᠡᠨ᠎ᠡ᠃     ᠪᠡᠶ᠎ᠡ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠭᠤᠶᠣᠴᠢᠯᠠᠭᠴᠢ ᠶᠢ ᠱᠠᠭᠠᠷᠳᠠᠨ ᠵᠠᠰᠠᠭ ᠵᠠᠬᠢᠷᠭᠠᠨ ᠤ ᠵᠦᠪᠰᠢᠶᠡᠷᠡᠯ ᠤᠨ ᠭᠤᠶᠣᠴᠢᠯᠠᠯ ᠤᠨ ᠶᠠᠪᠣᠳᠠᠯ ᠲᠠᠢ ᠬᠠᠮᠢᠶ᠎ᠠ ᠦᠭᠡᠢ ᠮᠡᠷᠭᠡᠵᠢᠯ ᠤᠨ ᠮᠠᠲ᠋ᠧᠷᠢᠶᠠᠯ ᠪᠠ ᠪᠤᠰᠣᠳ ᠮᠠᠲ᠋ᠧᠷᠢᠶᠠᠯ ᠢ ᠳᠣᠰᠢᠶᠠᠯᠭᠠᠵᠦ ᠪᠣᠯᠬᠤ ᠦᠭᠡᠢ᠃     ︵ᠲᠠᠪᠦ︶ ᠭᠤᠶᠣᠴᠢᠯᠠᠬᠤ ᠶᠠᠪᠣᠳᠠᠯ ᠨᠢ ᠲᠣᠰ ᠵᠠᠰᠠᠭ ᠵᠠᠬᠢᠷᠭᠠᠨ ᠤ ᠡᠷᠬᠡ ᠲᠣᠰᠢᠶᠠᠯ ᠤᠨ ᠬᠦᠷᠢᠶ᠎ᠡ ᠬᠡᠪᠴᠢᠶᠡᠨ  ᠳᠤ ᠬᠠᠷᠢᠶᠠᠯᠠᠬᠳᠠᠵᠦ᠂ ᠭᠤᠶᠣᠴᠢᠯᠠᠯ ᠤᠨ ᠮᠠᠲ᠋ᠧᠷᠢᠶᠠᠯ ᠨᠢ ᠪᠦᠷᠢᠨ ᠭᠦᠢᠴᠡᠳ᠂ ᠬᠠᠣᠯᠢ ᠳᠤ ᠳᠣᠬᠳᠠᠬᠰᠡᠨ ᠬᠡᠯᠪᠡᠷᠢ ᠳᠤ ᠨᠡᠶᠢᠴᠡᠬᠦ ᠪᠣᠶᠣ ᠭᠤᠶᠣᠴᠢᠯᠠᠭᠴᠢ ᠨᠢ ᠱᠠᠭᠠᠷᠳᠠᠯᠭ᠎ᠠ ᠶᠤᠰᠤᠭᠠᠷ ᠪᠦᠬᠦ ᠭᠤᠶᠣᠴᠢᠯᠠᠯ ᠤᠨ ᠮᠠᠲ᠋ᠧᠷᠢᠶᠠᠯ ᠢ ᠨᠦᠬᠦᠪᠦᠷᠢᠯᠡᠨ ᠳᠣᠰᠢᠶᠠᠬᠰᠡᠨ ᠪᠠᠶᠢᠪᠠᠯ ᠵᠠᠰᠠᠭ ᠵᠠᠬᠢᠷᠭᠠᠨ ᠤ ᠵᠦᠪᠰᠢᠶᠠᠷᠡᠯ ᠤᠨ ᠭᠤᠶᠣᠴᠢᠯᠠᠯ ᠢ ᠬᠦᠯᠢᠶᠡᠨ ᠠᠪᠴᠦ ᠰᠢᠢᠳᠪᠦᠷᠢᠯᠡᠬᠦ ᠬᠡᠷᠡᠭᠲᠡᠢ᠃     ︵ᠵᠢᠷᠭᠤᠭ᠎ᠠ︶ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠰᠠᠭ ᠵᠠᠬᠢᠷᠭᠠᠨ ᠤ ᠵᠦᠪᠰᠢᠶᠠᠷᠡᠯ ᠤᠨ ᠭᠤᠶᠣᠴᠢᠯᠠᠯ ᠢ ᠬᠦᠯᠢᠶᠡᠨ ᠠᠪᠴᠦ ᠰᠢᠢᠳᠪᠦᠷᠢᠯᠡᠬᠦ ᠡᠰᠡᠬᠦ ᠰᠢᠢᠳᠪᠦᠷᠢ ᠭᠠᠷᠭᠠᠬᠤ ᠳᠤ ᠪᠦᠷ ᠲᠤᠰ ᠵᠠᠰᠠᠭ ᠵᠠᠬᠢᠷᠭᠠᠨ ᠤ ᠪᠠᠶᠢᠭᠤᠯᠣᠮᠵᠢ ᠶᠢᠨ ᠳᠣᠰᠬᠠᠢ ᠲᠠᠮᠠᠭ᠎ᠠ ᠳᠠᠷᠣᠬᠰᠡᠨ᠂ ᠳᠣᠳᠣᠷᠬᠠᠢ ᠡᠳᠦᠷ ᠰᠠᠷ᠎ᠠ ᠲᠠᠢ ᠪᠢᠴᠢᠭ ᠤᠨ ᠬᠡᠯᠪᠡᠷᠢ ᠶᠢᠨ ᠭᠡᠷᠡᠴᠢ ᠶᠢ ᠭᠠᠷᠭᠠᠨ᠎ᠠ᠃ᠨᠠᠢᠮᠠ᠂ ᠪᠡᠶ᠎ᠡ ᠲᠠᠮᠢᠷ ᠤᠨ ᠵᠠᠰᠠᠭ ᠵᠠᠬᠢᠷᠭᠠᠨ ᠤ ᠰᠠᠯᠠᠭ᠎ᠠ ᠮᠦᠴᠢᠷ ᠠᠴᠠ ᠵᠠᠰᠠᠭ ᠵᠠᠬᠢᠷᠭᠠᠨ ᠤ ᠵᠦᠪᠰᠢᠶᠠᠷᠡᠯ ᠤᠨ ᠰᠢᠢᠳᠪᠦᠷᠢ ᠭᠠᠷᠭᠠᠬᠤ ᠦᠶᠡᠰ ᠨᠢᠭᠡᠳᠦᠯᠲᠠᠢ ᠬᠦᠯᠢᠶᠡᠨ ᠠᠪᠴᠦ ᠰᠢᠢᠳᠪᠦᠷᠢᠯᠡᠬᠦ ︽ᠴᠤᠩᠬᠤ︾ ᠪᠠᠷ ᠨᠡᠶᠢᠳᠡᠯᠡᠨ᠂ ᠤᠯᠠᠨ ᠲᠦᠮᠡᠨ ᠤ ᠪᠠᠶᠢᠴᠠᠭᠠᠨ ᠦᠵᠡᠬᠦ ᠳᠤ ᠲᠦᠭᠦᠮ ᠦᠵᠡᠭᠦᠯᠦᠨ᠎ᠡ᠃     ᠶᠢᠰᠦ᠂ ᠵᠠᠰᠠᠭ ᠵᠠᠬᠢᠷᠭᠠᠨ ᠤ ᠵᠦᠪᠰᠢᠶᠠᠷᠡᠯ ᠤᠨ ᠰᠢᠢᠳᠪᠦᠷᠢ ᠭᠠᠷᠭᠠᠬᠰᠡᠨ ᠤ ᠳᠠᠷᠠᠭ᠎ᠠ᠂ ᠬᠠᠮᠢᠶ᠎ᠠ ᠪᠦᠬᠦᠢ ᠬᠠᠣᠯᠢ ᠬᠡᠷᠡᠭᠵᠢᠭᠦᠯᠬᠦ ᠪᠠᠶᠢᠭᠤᠯᠣᠮᠵᠢ ᠨᠢ ︽ᠴᠤᠩᠬᠤ︾ ᠪᠠᠷ ᠳᠠᠮᠵᠢᠭᠤᠯᠣᠨ ᠨᠢᠭᠡᠳᠦᠯᠲᠠᠢ ᠳᠠᠮᠵᠢᠭᠤᠯᠤᠨ᠎ᠠ᠃
 
ᠢᠷᠡᠯᠲᠡ᠄ ᠲᠤᠰ ᠰᠦᠯᠵᠢᠶ᠎ᠡ
 
 
ᠬᠠᠮᠢᠶ᠎ᠡ ᠪᠦᠬᠦᠢ ᠰᠣᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备18004690号